ᠥᠪᠥᠷ ᠰᠤᠷᠭ᠋ᠠᠨ ᠲᠠᠷᠬᠠᠭ᠋ᠠᠭᠰᠠᠨ [2024] 2 ᠳ᠋ᠤᠭ᠋ᠠᠷ ᠲᠣᠭ᠋ᠠᠲᠤ
ᠡᠯ᠎ᠡ ᠡᠩ᠎ᠤᠨ ᠵᠢᠩᠬᠢᠨᠢ ᠠᠩᠭᠢᠲᠤ ᠳᠡᠭᠡᠳᠦ ᠰᠤᠷᠭ᠋ᠠᠭᠤᠯᠢ᠎ᠳᠤ᠄
《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠡᠷᠢᠭᠦᠨ᠎ᠤ ᠰᠢᠨᠵᠢᠯᠡᠭᠡᠨ᠎ᠤ ᠰᠠᠯᠠᠭ᠋ᠠᠨ᠎ᠤ ᠪᠠᠶ᠋ᠢᠭᠤᠯᠤᠯᠲᠠ ᠵᠢ ᠠᠬᠢᠭᠤᠯᠬᠤ ᠠᠵᠢᠯᠯᠠᠭ᠋ᠠᠨ᠎ᠤ ᠲᠥᠯᠥᠪᠯᠡᠭᠡ (2024 - 2027 ᠣᠨ)》 ᠵᠢ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ ᠵᠶ᠋ᠠᠷ ᠵᠦᠪᠰᠢᠶᠡᠷᠡᠭᠦᠯᠵᠦ᠂ ᠡᠳᠦᠭᠡ ᠲᠠᠨᠠᠷ᠎ᠲᠤ ᠳᠠᠷᠤᠮᠠᠯᠯᠠᠨ ᠶᠠᠪᠤᠭᠤᠯᠪᠠ᠂ ᠨᠠᠷᠢᠨ ᠬᠢᠨᠠᠮᠠᠭ᠋ᠠᠢ ᠲᠤᠭᠤᠰᠢᠯᠠᠭᠤᠯᠤᠨ ᠬᠡᠷᠡᠭᠵᠢᠭᠦᠯᠬᠦ ᠬᠡᠷᠡᠭᠲᠡᠢ᠃
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ
ᠵᠣᠬᠢᠶᠠᠨ ᠪᠠᠶ᠋ᠢᠭᠤᠯᠬᠤ ᠬᠡᠯᠲᠡᠰ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ
ᠣᠷᠣᠨ ᠲᠣᠭ᠋ᠠᠨ᠎ᠤ ᠠᠯᠪᠠᠨ ᠭᠡᠷ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠪᠠ
ᠥᠭᠡᠷᠡᠴᠢᠯᠡᠯᠲᠡ ᠵᠢᠨ ᠵᠥᠪᠯᠡᠯ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ
ᠲᠧᠭᠨᠢᠭ ᠮᠡᠷᠭᠡᠵᠢᠯ᠎ᠤᠨ ᠲᠢᠩᠬᠢᠮ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ ᠲᠢᠩᠬᠢᠮ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠮᠦᠨ᠎ᠤ ᠬᠦᠴᠦᠨ᠎ᠤ
ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠡᠶ᠋ᠢᠭᠡᠮ᠎ᠤᠨ ᠰᠢᠨᠵᠢᠯᠡᠬᠦ
ᠤᠬᠠᠭ᠋ᠠᠨ᠎ᠤ ᠡᠲᠡᠭᠡᠳ᠎ᠤᠨ ᠬᠣᠯᠪᠣᠭ᠋ᠠᠲᠤ ᠬᠤᠷᠠᠯ
2024 ᠣᠨ᠎ᠤ 5 ᠰᠠᠷ᠎ᠠ ᠵᠢᠨ 7᠎ᠤ ᠡᠳᠦᠷ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠡᠷᠢᠭᠦᠨ᠎ᠤ ᠰᠢᠨᠵᠢᠯᠡᠭᠡᠨ᠎ᠤ
ᠰᠠᠯᠠᠭ᠋ᠠᠨ᠎ᠤ ᠪᠠᠶ᠋ᠢᠭᠤᠯᠤᠯᠲᠠ ᠵᠢ ᠠᠬᠢᠭᠤᠯᠬᠤ ᠠᠵᠢᠯᠯᠠᠭ᠋ᠠᠨ᠎ᠤ ᠲᠥᠯᠥᠪᠯᠡᠭᠡ
(2024 - 2027 ᠣᠨ)
ᠶᠡᠷᠦᠩᠬᠡᠢ ᠱᠦᠵᠢ ᠰᠢ ᠵᠢᠨ ᠫᠢᠩ᠎ᠤᠨ ᠰᠤᠷᠭ᠋ᠠᠨ ᠬᠥᠮᠦᠵᠢᠯ᠎ᠤᠨ ᠲᠤᠬᠠᠢ ᠴᠢᠬᠤᠯᠠ ᠥᠭᠦᠯᠡᠯᠲᠡ ᠪᠠ ᠥᠪᠥᠷ ᠮᠣᠩᠭᠣᠯ᠎ᠤᠨ ᠲᠤᠬᠠᠢ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠨᠠᠮ᠎ᠤᠨ ᠰᠤᠷᠭ᠋ᠠᠨ ᠬᠥᠮᠦᠵᠢᠯ᠎ᠤᠨ ᠴᠢᠭᠯᠡᠯᠲᠡ ᠵᠢ ᠪᠦᠬᠦ ᠲᠠᠯ᠎ᠠ᠎ᠪᠠᠷ ᠲᠤᠭᠤᠰᠢᠯᠠᠭᠤᠯᠤᠨ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ᠎ᠪᠠᠷ ᠠᠵᠢᠯ᠎ᠤᠨ ᠭᠣᠣᠯ ᠰᠢᠵᠢᠮ ᠪᠣᠯᠭ᠋ᠠᠬᠤ ᠵᠢ ᠪᠠᠷᠢᠮᠲᠠᠯᠠᠵᠤ᠂ ᠥᠪᠡᠷᠲᠡᠭᠡᠨ ᠵᠠᠰᠠᠬᠤ ᠣᠷᠣᠨ᠎ᠤ ᠠᠵᠤ ᠠᠬᠤᠢ ᠨᠡᠶ᠋ᠢᠭᠡᠮ᠎ᠤᠨ ᠬᠥᠭᠵᠢᠯᠲᠡ ᠵᠢᠨ ᠬᠢᠷᠢ ᠲᠦᠪᠰᠢᠨ᠎ᠲᠠᠢ ᠵᠣᠬᠢᠴᠠᠭᠰᠠᠨ ᠴᠢᠨᠠᠷᠯᠢᠭ ᠳᠡᠭᠡᠳᠦ ᠵᠡᠷᠭᠡ ᠵᠢᠨ ᠰᠤᠷᠭ᠋ᠠᠨ ᠬᠥᠮᠦᠵᠢᠯ᠎ᠤᠨ ᠳᠣᠭᠲᠠᠯᠴᠠᠭ᠎ᠠ ᠵᠢ ᠪᠠᠢ᠌ᠭᠤᠯᠤᠨ᠂ 2027 ᠣᠨ ᠪᠣᠯᠬᠤ᠎ᠳᠤ᠂ ᠲᠡᠷᠢᠭᠦᠨ᠎ᠤ ᠰᠢᠨᠵᠢᠯᠡᠭᠡᠨ᠎ᠤ ᠰᠠᠯᠠᠭ᠋ᠠᠨ᠎ᠤ ᠪᠠᠶ᠋ᠢᠭᠤᠯᠤᠯᠲᠠ ᠵᠢ ᠰᠢᠪᠲᠤᠯᠤᠯᠲᠠ ᠵᠢᠨ ᠴᠢᠨᠠᠷᠲᠠᠢ ᠠᠬᠢᠴᠠ᠎ᠲᠠᠢ ᠪᠣᠯᠭ᠋ᠠᠵᠤ᠂ ᠡᠪᠡᠰᠦᠨ ᠰᠤᠳᠤᠯᠤᠯ᠂ ᠠᠮᠢ ᠠᠬᠤᠢ ᠵᠢᠨ ᠤᠬᠠᠭ᠋ᠠᠨ᠂ ᠢᠳᠡᠭᠡᠨ᠎ᠤ ᠵᠦᠢ᠍ᠯ᠎ᠤᠨ ᠰᠢᠨᠵᠢᠯᠡᠬᠦ ᠤᠬᠠᠭ᠋ᠠᠨ ᠪᠣᠯᠤᠨ ᠢᠨᠵᠧᠨᠧᠷᠢᠩ᠂ ᠦᠨᠳᠦᠰᠦᠲᠡᠨ᠎ᠤ ᠤᠬᠠᠭ᠋ᠠᠨ ᠵᠡᠷᠭᠡ ᠳᠠᠪᠠᠭᠤᠯᠢᠭ ᠣᠨᠴᠠᠯᠢᠭᠲᠤ ᠰᠢᠨᠵᠢᠯᠡᠭᠡᠨ᠎ᠤ ᠰᠠᠯᠠᠭ᠎ᠠ ᠵᠢ ᠤᠯᠤᠰ᠎ᠤᠨ ᠲᠡᠷᠢᠭᠦᠨ᠎ᠤ ᠰᠢᠨᠵᠢᠯᠡᠭᠡᠨ᠎ᠤ ᠰᠠᠯᠠᠭ᠋ᠠᠨ᠎ᠤ ᠪᠠᠶ᠋ᠢᠭᠤᠯᠤᠯᠲᠠ ᠵᠢᠨ ᠡᠩᠨᠡᠭᠡᠨ᠎ᠳᠤ ᠣᠷᠣᠭᠤᠯᠬᠤ᠎ᠪᠠᠷ ᠴᠢᠷᠮᠠᠢ᠌ᠨ᠂ ᠮᠠᠯ ᠠᠵᠤ ᠠᠬᠤᠢ ᠵᠢᠨ ᠤᠬᠠᠭ᠋ᠠᠨ᠂ ᠲᠠᠷᠢᠶᠠᠯᠠᠩ᠎ᠤᠨ ᠢᠨᠵᠧᠨᠧᠷᠢᠩ᠂ ᠬᠥᠳᠡᠯᠭᠡᠬᠦ ᠬᠦᠴᠦᠨ᠎ᠤ ᠢᠨᠵᠧᠨᠧᠷᠢᠩ ᠵᠢᠴᠢ ᠢᠨᠵᠧᠨᠧᠷᠢᠩ᠎ᠤᠨ ᠢᠯᠴᠢ ᠵᠢᠨ ᠹᠢᠽᠢᠺ᠂ ᠲᠡᠮᠦᠷᠯᠢᠭ ᠬᠠᠶ᠋ᠢᠯᠤᠭᠤᠯᠬᠤ ᠢᠨᠵᠧᠨᠧᠷᠢᠩ ᠵᠡᠷᠭᠡ᠎ᠯᠦᠭᠡ ᠵᠣᠬᠢᠴᠠᠬᠤ ᠬᠡᠮᠵᠢᠶ᠎ᠡ ᠪᠠᠷ ᠨᠡᠯᠢᠶᠡᠳ ᠥᠨᠳᠥᠷ ᠰᠢᠨᠵᠢᠯᠡᠭᠡᠨ᠎ᠤ ᠰᠠᠯᠠᠭ᠎ᠠ ᠵᠢ ᠠᠩᠬ᠎ᠠ ᠠᠯᠬᠤᠮ ᠪᠦᠷᠢᠯᠳᠦᠭᠦᠯᠦᠨ᠂ ᠥᠪᠡᠷᠲᠡᠭᠡᠨ ᠵᠠᠰᠠᠬᠤ ᠣᠷᠣᠨ᠎ᠤ ᠳ᠋ᠣᠺᠲ᠋ᠣᠷ᠎ᠤᠨ ᠡᠷᠳᠡᠮ᠎ᠤᠨ ᠴᠣᠯᠠ ᠵᠢᠨ ᠡᠷᠬᠡ ᠣᠯᠭᠣᠬᠤ ᠴᠡᠭ᠎ᠤᠨ ᠶᠡᠷᠦᠩᠬᠡᠢ ᠲᠣᠭ᠎ᠠ ᠵᠢ 70 ᠣᠷᠴᠢᠮ ᠪᠣᠯᠭ᠋ᠠᠵᠤ᠂ ᠣᠨᠴᠠᠯᠢᠭ ᠢᠯᠡ ᠲᠣᠳᠣ᠂ ᠪᠠᠢ᠌ᠷᠢᠰᠢᠯᠠᠭᠤᠯᠤᠯᠲᠠ ᠵᠦᠢ ᠵᠣᠬᠢᠰᠲᠠᠢ᠂ ᠵᠣᠬᠢᠰᠲᠠᠢ ᠬᠥᠭᠵᠢᠭᠰᠡᠨ ᠰᠢᠨᠵᠢᠯᠡᠭᠡᠨ᠎ᠤ ᠰᠠᠯᠠᠭ᠋ᠠᠨ᠎ᠤ ᠳᠣᠭᠲᠠᠯᠴᠠᠭ᠎ᠠ ᠵᠢ ᠠᠩᠬ᠎ᠠ ᠠᠯᠬᠤᠮ ᠪᠦᠷᠢᠯᠳᠦᠭᠦᠯᠦᠨ᠂ ᠥᠪᠡᠷᠲᠡᠭᠡᠨ ᠵᠠᠰᠠᠬᠤ ᠣᠷᠣᠨ᠎ᠤ ᠲᠡᠷᠢᠭᠦᠨ ᠤ ᠰᠢᠨᠵᠢᠯᠡᠭᠡᠨ᠎ᠤ ᠰᠠᠯᠠᠭ᠋ᠠᠨ᠎ᠤ ᠪᠠᠶ᠋ᠢᠭᠤᠯᠤᠯᠲᠠ ᠵᠢᠨ ᠶᠡᠬᠡ ᠳᠡᠭᠡᠳᠦ ᠰᠤᠷᠭ᠋ᠠᠭᠤᠯᠢ ᠵᠢᠨ ᠪᠠᠶ᠋ᠢᠷᠢ ᠳᠡᠪᠰᠢᠵᠦ ᠳᠡᠰ ᠳᠡᠪᠰᠢᠬᠦ᠂ ᠲᠠᠪᠠᠯᠳᠠᠳᠤ ᠬᠥᠭᠵᠢᠯᠲᠡ ᠵᠢ ᠪᠡᠶᠡᠯᠡᠭᠦᠯᠬᠦ ᠵᠢᠨ ᠲᠥᠯᠥᠭᠡ᠂ ᠳᠡᠭᠡᠳᠦ ᠵᠡᠷᠭᠡ ᠵᠢᠨ ᠰᠤᠷᠭ᠋ᠠᠨ ᠬᠥᠮᠦᠵᠢᠯ᠎ᠤᠨ ᠶᠡᠷᠦᠩᠬᠡᠶ᠋ᠢᠯᠡᠭᠰᠡᠨ ᠪᠣᠳᠠᠲᠤ ᠬᠦᠴᠦᠨ᠂ ᠣᠷᠣᠨ ᠪᠦᠰᠡ ᠵᠢᠨ ᠥᠷᠢᠰᠥᠯᠳᠦᠬᠦ ᠬᠦᠴᠦᠨ ᠪᠠ ᠳᠡᠯᠡᠬᠡᠢ ᠵᠢᠨ ᠨᠥᠯᠥᠭᠡᠯᠡᠬᠦ ᠬᠦᠴᠦᠨ᠎ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠶᠡᠷᠦᠩᠬᠡᠶ᠋ᠢᠯᠡᠭᠰᠡᠨ ᠬᠢᠷᠢ ᠲᠦᠪᠰᠢᠨ ᠪᠦᠬᠦ ᠤᠯᠤᠰ᠎ᠤᠨ ᠬᠣᠶᠠᠳᠤᠭ᠋ᠠᠷ ᠱᠠᠲᠤᠯᠵᠢᠨ ᠡᠩᠨᠡᠭᠡᠨ᠎ᠳᠤ ᠣᠷᠣᠬᠤ ᠵᠢ ᠬᠦᠴᠦᠲᠡᠢ ᠲᠤᠯᠭ᠋ᠠᠭᠤᠷᠢᠯᠠᠨ᠂ ᠥᠪᠡᠷᠲᠡᠭᠡᠨ ᠵᠠᠰᠠᠬᠤ ᠣᠷᠣᠨ᠎ᠤ ᠪᠣᠳᠠᠲᠠᠢ᠎ᠲᠠᠢ ᠤᠶᠠᠯᠳᠤᠭᠤᠯᠤᠨ᠂ ᠲᠤᠰ ᠠᠵᠢᠯᠯᠠᠭ᠋ᠠᠨ᠎ᠤ ᠲᠥᠯᠥᠪᠯᠡᠭᠡ ᠵᠢ ᠲᠣᠭᠲᠠᠭ᠋ᠠᠪᠠ᠃
ᠨᠢᠭᠡ᠂ ᠭᠣᠣᠯᠳᠠᠯᠭ᠎ᠠ᠎ᠲᠠᠢ ᠡᠭᠦᠷᠭᠡ
(ᠨᠢᠭᠡ) ᠰᠢᠨᠵᠢᠯᠡᠭᠡᠨ᠎ᠤ ᠰᠠᠯᠠᠭ᠋ᠠᠨ᠎ᠤ ᠪᠠᠢ᠌ᠭᠤᠯᠤᠯᠲᠠ ᠵᠢᠨ ᠬᠢᠷᠢ ᠲᠦᠪᠰᠢᠨ᠎ᠢ ᠳᠡᠭᠡᠭᠰᠢᠯᠡᠭᠦᠯᠦᠨ᠎ᠡ᠃ ᠲᠡᠷᠢᠭᠦᠨ᠎ᠤ ᠣᠷᠣᠶ᠋ᠢᠯᠠᠭᠰᠠᠨ ᠰᠢᠨᠵᠢᠯᠡᠭᠡᠨ᠎ᠤ ᠰᠠᠯᠠᠭ᠎ᠠ 《ᠤᠯᠤᠰ᠎ᠤᠨ ᠲᠡᠷᠢᠭᠦᠨ᠎ᠤ》ᠬᠢ ᠵᠢ ᠵᠣᠷᠢᠵᠤ᠂ ᠲᠡᠷᠢᠭᠦᠨ᠎ᠤ ᠣᠷᠣᠶ᠋ᠢᠯᠠᠭᠰᠠᠨ ᠪᠣᠢ᠌ᠵᠢᠭᠤᠯᠬᠤ ᠰᠢᠨᠵᠢᠯᠡᠭᠡᠨ᠎ᠤ ᠰᠠᠯᠠᠭ᠎ᠠ 《ᠤᠯᠤᠰ᠎ᠤᠨ ᠲᠡᠷᠢᠭᠦᠨ᠎ᠤ》ᠬᠢ ᠵᠢ ᠪᠣᠢ᠌ᠵᠢᠭᠤᠯᠬᠤ ᠪᠠ ᠥᠪᠡᠷᠲᠡᠭᠡᠨ ᠵᠠᠰᠠᠬᠤ ᠣᠷᠣᠨ᠎ᠤ ᠲᠤᠯᠭ᠋ᠠᠭᠤᠷᠢ ᠠᠵᠤ ᠦᠢ᠍ᠯᠡᠰ᠎ᠤᠨ ᠴᠢᠬᠤᠯᠠ ᠶᠡᠬᠡ ᠬᠡᠷᠡᠭᠴᠡᠭᠡ ᠱᠠᠭ᠋ᠠᠷᠳᠠᠯᠭ᠎ᠠ᠎ᠳᠤ ᠦᠢ᠍ᠯᠡᠴᠢᠯᠡᠨ᠂ ᠲᠡᠷᠢᠭᠦᠨ᠎ᠤ ᠰᠢᠨᠵᠢᠯᠡᠭᠡᠨ᠎ᠤ ᠰᠠᠯᠠᠭ᠋ᠠᠨ᠎ᠤ ᠪᠠᠶ᠋ᠢᠭᠤᠯᠤᠯᠲᠠ ᠵᠢ ᠳᠡᠰ ᠳᠡᠪᠰᠢᠭᠦᠯᠬᠦ ᠪᠠ ᠥᠪᠡᠷᠲᠡᠭᠡᠨ ᠵᠠᠰᠠᠬᠤ ᠣᠷᠣᠨ᠎ᠤ ᠭᠣᠣᠯᠳᠠᠯᠭ᠎ᠠ᠎ᠲᠠᠢ ᠠᠵᠤ ᠦᠢ᠍ᠯᠡᠰ᠎ᠤᠨ ᠬᠥᠭᠵᠢᠯᠲᠡ᠎ᠳᠤ ᠦᠢ᠍ᠯᠡᠴᠢᠯᠡᠬᠦ ᠬᠡᠷᠡᠭᠴᠡᠭᠡ ᠱᠠᠭ᠋ᠠᠷᠳᠠᠯᠭ᠎ᠠ ᠵᠢ ᠪᠡᠶᠡᠯᠡᠭᠦᠯᠦᠨ᠎ᠡ᠃ ᠪᠦᠯᠬᠦᠮ ᠨᠡᠶ᠋ᠢᠲᠡ ᠵᠢᠨ ᠪᠠᠶ᠋ᠢᠭᠤᠯᠤᠯᠲᠠ ᠵᠢ ᠬᠡᠷᠡᠭᠵᠢᠭᠦᠯᠵᠦ᠂ ᠡᠷᠳᠡᠮ ᠰᠢᠨᠵᠢᠯᠡᠭᠡᠨ᠎ᠤ ᠭᠣᠣᠯᠳᠠᠯᠭ᠎ᠠ ᠵᠢ ᠲᠣᠳᠣᠷᠬᠠᠶ᠋ᠢᠯᠠᠨ᠂ ᠪᠠᠴᠢᠮ ᠬᠡᠷᠡᠭᠰᠡᠬᠦ ᠡᠬᠢ ᠪᠠᠶᠠᠯᠢᠭ᠎ᠲᠤ ᠪᠡᠯᠡ ᠣᠷᠣᠭᠤᠯᠵᠤ᠂ 《ᠰᠢᠨᠵᠢᠯᠡᠭᠡᠨ᠎ᠤ ᠰᠠᠯᠠᠭ᠎ᠠ - ᠪᠦᠯᠬᠦᠮ ᠨᠡᠢ᠌ᠲᠡ - ᠡᠷᠳᠡᠮ ᠰᠢᠨᠵᠢᠯᠡᠭᠡᠨ - ᠡᠬᠢ ᠪᠠᠶᠠᠯᠢᠭ》᠎ᠤᠨ ᠬᠣᠯᠪᠤᠯᠳᠤᠨ ᠬᠥᠳᠡᠯᠦᠯᠴᠡᠬᠦ ᠬᠥᠭᠵᠢᠯᠲᠡ ᠵᠢᠨ ᠬᠠᠨᠳᠤᠰᠢ ᠵᠢ ᠪᠣᠢ ᠪᠣᠯᠭ᠋ᠠᠵᠤ᠂ ᠬᠠᠷᠠᠯᠲᠠ᠎ᠪᠠᠷ ᠤᠳᠤᠷᠢᠳᠤᠮᠵᠢ ᠪᠣᠯᠭ᠋ᠠᠬᠤ᠂ ᠰᠢᠨᠵᠢᠯᠡᠬᠦ ᠤᠬᠠᠭ᠋ᠠᠨᠴᠢ᠎ᠪᠠᠷ ᠲᠥᠯᠥᠪᠵᠢᠭᠦᠯᠬᠦ ᠰᠢᠨᠵᠢᠯᠡᠭᠡᠨ᠎ᠤ ᠰᠠᠯᠠᠭ᠋ᠠᠨ᠎ᠤ ᠪᠠᠶ᠋ᠢᠭᠤᠯᠤᠯᠲᠠ ᠵᠢᠨ ᠳᠣᠭᠲᠠᠯᠴᠠᠭ᠎ᠠ ᠵᠢ ᠪᠠᠶ᠋ᠢᠭᠤᠯᠤᠨ ᠲᠡᠭᠦᠯᠳᠡᠷᠵᠢᠭᠦᠯᠦᠨ᠎ᠡ᠃ ᠥᠪᠥᠷ ᠮᠣᠩᠭᠣᠯ᠎ᠤᠨ ᠳᠡᠭᠡᠳᠦ ᠳᠡᠰ᠎ᠤᠨ ᠰᠤᠳᠤᠯᠭ᠋ᠠᠨ᠎ᠤ ᠬᠦᠷᠢᠶᠡᠯᠡᠩ᠎ᠢ ᠪᠠᠶ᠋ᠢᠭᠤᠯᠵᠤ᠂ ᠰᠦᠨ᠎ᠤ ᠦᠢ᠍ᠯᠡᠰ᠂ ᠬᠣᠪᠣᠷ ᠰᠢᠷᠣᠢ᠂ ᠡᠨᠧᠷᠭᠢ᠂ ᠲᠡᠷᠢᠭᠦᠨ᠎ᠤ ᠦᠢ᠍ᠯᠡᠳᠬᠦ ᠵᠡᠷᠭᠡ ᠬᠦᠷᠢᠶᠡᠨ᠎ᠳᠠᠬᠢ ᠲᠡᠷᠢᠭᠦᠨ᠎ᠤ ᠰᠢᠨᠵᠢᠯᠡᠭᠡᠨ᠎ᠤ ᠰᠠᠯᠠᠭ᠎ᠠ ᠪᠣᠯᠤᠨ ᠭᠣᠣᠯᠳᠠᠯᠭ᠎ᠠ᠎ᠲᠠᠢ ᠠᠵᠤ ᠠᠬᠤᠶ᠋ᠢᠯᠠᠯ᠎ᠤᠨ ᠵᠠᠩᠭᠢᠯᠠᠭ᠎ᠠ ᠵᠢᠨ ᠭᠣᠣᠯᠯᠠᠬᠤ ᠮᠡᠷᠭᠡᠵᠢᠯ᠎ᠤᠨ ᠬᠠᠮᠲᠤᠷᠠᠨ ᠪᠣᠭᠣᠮᠲᠠ ᠰᠢᠪᠲᠤᠯᠬᠤ ᠪᠠ ᠳᠤᠲᠠᠭᠳᠠᠵᠤ ᠪᠠᠶ᠋ᠢᠭ᠎ᠠ ᠬᠡᠷᠡᠭᠯᠡᠭᠡᠨ᠎ᠤ ᠬᠡᠯᠪᠡᠷᠢᠲᠦ ᠳᠡᠭᠡᠳᠦ ᠳᠡᠰ᠎ᠤᠨ ᠴᠢᠳᠠᠪᠤᠷᠢᠲᠠᠨ᠎ᠢ ᠬᠠᠮᠲᠤᠷᠠᠨ ᠬᠥᠮᠦᠵᠢᠭᠦᠯᠬᠦ ᠵᠢ ᠠᠬᠢᠭᠤᠯᠤᠨ᠂ ᠲᠡᠷᠢᠭᠦᠨ᠎ᠤ ᠰᠢᠨᠵᠢᠯᠡᠭᠡᠨ᠎ᠤ ᠰᠠᠯᠠᠭ᠋ᠠᠨ᠎ᠤ ᠪᠠᠶ᠋ᠢᠭᠤᠯᠤᠯᠲᠠ ᠵᠢᠨ ᠴᠢᠳᠠᠪᠤᠷᠢ ᠪᠣᠯᠤᠨ ᠦᠷ᠎ᠡ ᠪᠦᠲᠦᠮᠵᠢ ᠵᠢ ᠲᠦᠷᠭᠡᠳᠬᠡᠨ ᠳᠡᠭᠡᠭᠰᠢᠯᠡᠭᠦᠯᠦᠨ᠎ᠡ᠃
(ᠬᠣᠶᠠᠷ) ᠰᠢᠨᠵᠢᠯᠡᠭᠡᠨ᠎ᠤ ᠰᠠᠯᠠᠭ᠋ᠠᠨ᠎ᠤ ᠲᠤᠰᠬᠠᠢ ᠮᠡᠷᠭᠡᠵᠢᠯ᠎ᠤᠨ ᠪᠠᠢ᠌ᠷᠢᠰᠢᠯᠠᠭᠤᠯᠤᠯᠲᠠ ᠵᠢ ᠰᠢᠯᠢᠳᠡᠭᠵᠢᠭᠦᠯᠦᠨ᠎ᠡ᠃ ᠤᠯᠤᠰ᠎ᠤᠨ ᠪᠠᠴᠢᠮ ᠱᠠᠭ᠋ᠠᠷᠳᠠᠭᠳᠠᠵᠤ ᠪᠠᠢ᠌ᠭ᠎ᠠ ᠰᠢᠨᠵᠢᠯᠡᠭᠡᠨ᠎ᠤ ᠰᠠᠯᠠᠭ᠋ᠠᠨ᠎ᠤ ᠲᠤᠰᠬᠠᠢ ᠮᠡᠷᠭᠡᠵᠢᠯ᠎ᠤᠨ ᠬᠥᠲᠥᠯᠥᠨ ᠵᠢᠯᠣᠭᠣᠳᠬᠤ ᠬᠥᠭᠵᠢᠯᠲᠡ ᠵᠢᠨ ᠨᠠᠷᠢᠨ ᠳᠠᠩᠰᠠ ᠶᠣᠰᠣᠭ᠋ᠠᠷ᠂ ᠥᠪᠡᠷᠲᠡᠭᠡᠨ ᠵᠠᠰᠠᠬᠤ ᠣᠷᠣᠨ᠎ᠤ ᠭᠣᠣᠯᠳᠠᠯᠭ᠎ᠠ᠎ᠲᠠᠢ ᠠᠵᠤ ᠦᠢ᠍ᠯᠡᠰ᠎ᠤᠨ ᠪᠦᠯᠦᠭᠵᠢᠯ᠎ᠳᠤ ᠠᠩᠬᠠᠷᠤᠯ ᠵᠶ᠋ᠠᠨ ᠬᠠᠨᠳᠤᠭᠤᠯᠵᠤ᠂ ᠰᠢᠨ᠎ᠡ ᠡᠨᠧᠷᠭᠢ᠂ ᠰᠢᠨ᠎ᠡ ᠮᠠᠲ᠋ᠧᠷᠢᠶᠠᠯ᠂ ᠲᠡᠷᠢᠭᠦᠨ᠎ᠤ ᠦᠢ᠍ᠯᠡᠳᠬᠦ᠂ ᠨᠡᠭᠦᠷᠡᠰᠦ ᠬᠢᠮᠢ ᠵᠢᠨ ᠠᠵᠤ ᠦᠢ᠍ᠯᠡᠳᠪᠦᠷᠢ᠂ ᠣᠳᠣ ᠦᠶ᠎ᠡ ᠵᠢᠨ ᠲᠠᠷᠢᠶᠠᠯᠠᠩ᠂ ᠠᠮᠢ ᠠᠬᠤᠢ ᠵᠢᠨ ᠣᠷᠴᠢᠨ᠂ ᠡᠯᠧᠺᠲᠷᠣᠨ ᠮᠡᠳᠡᠭᠡ ᠵᠠᠩᠭᠢ᠂ ᠡᠮᠴᠢᠯᠡᠭᠡ ᠡᠷᠡᠭᠦᠯ ᠬᠠᠮᠠᠭ᠋ᠠᠯᠠᠯ ᠵᠡᠷᠭᠡ ᠬᠦᠷᠢᠶᠡᠨ᠎ᠳᠤ ᠳ᠋ᠣᠺᠲ᠋ᠣᠷ᠎ᠤᠨ ᠲᠤᠰᠬᠠᠢ ᠮᠡᠷᠭᠡᠵᠢᠯ᠎ᠤᠨ ᠡᠷᠳᠡᠮ᠎ᠤᠨ ᠴᠣᠯᠠ ᠵᠢᠨ ᠡᠷᠬᠡ ᠣᠯᠭᠣᠬᠤ ᠴᠡᠭ᠎ᠢ 10 ᠣᠷᠴᠢᠮ ᠪᠠᠶ᠋ᠢᠷᠢᠰᠢᠭᠤᠯᠤᠨ ᠪᠠᠶ᠋ᠢᠭᠤᠯᠵᠤ᠂ ᠬᠥᠷᠥᠰᠥ ᠰᠢᠷᠣᠢ ᠵᠢ ᠬᠠᠮᠠᠭ᠋ᠠᠯᠠᠬᠤ ᠪᠠ ᠴᠦᠯᠯᠡᠷᠭᠡᠭᠵᠢᠯ᠎ᠢ ᠰᠡᠷᠭᠡᠶ᠋ᠢᠯᠡᠨ ᠵᠠᠰᠠᠬᠤ ᠤᠬᠠᠭ᠋ᠠᠨ᠂ ᠡᠮᠴᠢᠯᠡᠭᠡᠨ᠎ᠤ ᠠᠨᠠᠭ᠋ᠠᠬᠤ ᠤᠬᠠᠭ᠋ᠠᠨ᠂ ᠣᠯᠠᠨ ᠨᠡᠶ᠋ᠢᠲᠡ ᠵᠢᠨ ᠡᠷᠡᠭᠦᠯ ᠬᠠᠮᠠᠭ᠋ᠠᠯᠠᠯ ᠪᠣᠯᠤᠨ ᠤᠷᠢᠳᠴᠢᠯᠠᠨ ᠰᠡᠷᠭᠡᠶ᠋ᠢᠯᠡᠬᠦ ᠠᠨᠠᠭ᠋ᠠᠬᠤ ᠤᠬᠠᠭ᠋ᠠᠨ᠂ ᠰᠤᠷᠭ᠋ᠠᠨ ᠬᠥᠮᠥᠵᠢᠭᠦᠯᠬᠦ ᠤᠬᠠᠭ᠋ᠠᠨ᠂ ᠬᠡᠷᠡᠭᠯᠡᠭᠡᠨ᠎ᠤ ᠠᠵᠤ ᠠᠬᠤᠢ ᠵᠢᠨ ᠤᠬᠠᠭ᠋ᠠᠨ ᠵᠡᠷᠭᠡ ᠳ᠋ᠣᠺᠲ᠋ᠣᠷ᠎ᠤᠨ ᠨᠢᠭᠡᠳᠦᠭᠡᠷ ᠳᠡᠰ᠎ᠤᠨ ᠰᠢᠨᠵᠢᠯᠡᠭᠡᠨ᠎ᠤ ᠰᠠᠯᠠᠭ᠋ᠠᠨ᠎ᠤ ᠡᠷᠳᠡᠮ᠎ᠤᠨ ᠴᠣᠯᠠ ᠵᠢᠨ ᠡᠷᠬᠡ ᠣᠯᠭᠣᠬᠤ ᠴᠡᠭ᠎ᠢ ᠭᠣᠣᠯᠳᠠᠯᠭ᠎ᠠ᠎ᠲᠠᠢ ᠪᠠᠶ᠋ᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠠᠵᠤ ᠠᠬᠤᠢ ᠨᠡᠶ᠋ᠢᠭᠡᠮ᠎ᠤᠨ ᠬᠥᠭᠵᠢᠯᠲᠡ ᠵᠢᠨ ᠬᠡᠷᠡᠭᠴᠡᠭᠡ ᠱᠠᠭ᠋ᠠᠷᠳᠠᠯᠭ᠎ᠠ᠎ᠳᠤ ᠨᠡᠶ᠋ᠢᠴᠡᠭᠰᠡᠨ ᠪᠥᠭᠡᠳ ᠬᠣᠭᠣᠰᠣᠨ᠎ᠢ ᠨᠥᠬᠥᠪᠥᠷᠢᠯᠡᠬᠦ ᠡᠷᠳᠡᠮ᠎ᠤᠨ ᠴᠣᠯᠠ ᠵᠢᠨ ᠡᠷᠬᠡ ᠣᠯᠭᠣᠬᠤ ᠴᠡᠭ᠎ᠢ ᠮᠡᠳᠡᠭᠦᠯᠬᠦ ᠵᠢ ᠵᠣᠷᠢᠭᠵᠢᠭᠤᠯᠤᠨ᠎ᠠ᠃ ᠲᠡᠷᠢᠭᠦᠨ᠎ᠤ ᠵᠢᠩᠬᠢᠨᠢ ᠠᠩᠭᠢ ᠵᠢᠨ ᠰᠤᠷᠭ᠋ᠠᠨ ᠬᠥᠮᠦᠵᠢᠯ᠎ᠢ ᠭᠦᠨᠵᠡᠭᠡᠢ ᠠᠬᠢᠭᠤᠯᠵᠤ᠂ ᠰᠢᠨ᠎ᠡ ᠲᠧᠭᠨᠢᠭ᠎ᠤᠨ ᠤᠬᠠᠭ᠋ᠠᠨ᠂ ᠰᠢᠨ᠎ᠡ ᠠᠨᠠᠭ᠋ᠠᠬᠤ ᠤᠬᠠᠭ᠋ᠠᠨ᠂ ᠰᠢᠨ᠎ᠡ ᠲᠠᠷᠢᠶᠠᠯᠠᠩ᠎ᠤᠨ ᠤᠬᠠᠭ᠋ᠠᠨ᠂ ᠰᠢᠨ᠎ᠡ ᠨᠡᠶ᠋ᠢᠭᠡᠮ᠎ᠤᠨ ᠰᠢᠨᠵᠢᠯᠡᠬᠦ ᠤᠬᠠᠭ᠋ᠠᠨ᠎ᠤ ᠪᠠᠶ᠋ᠢᠭᠤᠯᠤᠯᠲᠠ ᠵᠢ ᠭᠦᠨᠵᠡᠭᠡᠶ᠋ᠢᠷᠡᠭᠦᠯᠦᠨ᠂ ᠤᠯᠤᠰ᠎ᠤᠨ ᠳᠡᠰ᠎ᠤᠨ ᠪᠠ ᠥᠪᠡᠷᠲᠡᠭᠡᠨ ᠵᠠᠰᠠᠬᠤ ᠣᠷᠣᠨ᠎ᠤ ᠳᠡᠰ᠎ᠤᠨ ᠲᠡᠷᠢᠭᠦᠨ᠎ᠤ ᠵᠢᠩᠬᠢᠨᠢ ᠠᠩᠭᠢ ᠵᠢᠨ ᠲᠤᠰᠬᠠᠢ ᠮᠡᠷᠭᠡᠵᠢᠯ᠎ᠤᠨ ᠪᠠᠶ᠋ᠢᠭᠤᠯᠤᠯᠲᠠ ᠵᠢᠨ ᠴᠡᠭ ᠪᠠ ᠲᠡᠷᠢᠭᠦᠨ᠎ᠤ ᠬᠢᠴᠢᠶᠡᠯ᠎ᠢ ᠰᠠᠶ᠋ᠢᠲᠤᠷ ᠪᠠᠶ᠋ᠢᠭᠤᠯᠤᠨ ᠬᠦᠴᠦᠷᠬᠡᠭᠵᠢᠭᠦᠯᠵᠦ᠂ ᠰᠢᠨ᠎ᠡ ᠵᠢ ᠡᠭᠦᠳᠬᠦ ᠬᠡᠯᠪᠡᠷᠢ ᠵᠢᠨ᠂ ᠬᠡᠷᠡᠭᠯᠡᠭᠡᠨ᠎ᠤ ᠬᠡᠯᠪᠡᠷᠢ ᠵᠢᠨ᠂ ᠬᠠᠮ ᠴᠢᠳᠠᠪᠤᠷᠢᠲᠠᠨ᠎ᠢ ᠬᠥᠮᠦᠵᠢᠭᠦᠯᠬᠦ ᠴᠢᠳᠠᠪᠤᠷᠢ ᠵᠢ ᠪᠦᠬᠦ ᠲᠠᠯ᠎ᠠ᠎ᠪᠠᠷ ᠳᠡᠭᠡᠭᠰᠢᠯᠡᠭᠦᠯᠦᠨ᠎ᠡ᠃
(ᠭᠤᠷᠪᠠ) ᠰᠢᠨᠵᠢᠯᠡᠭᠡᠨ᠎ᠤ ᠰᠠᠯᠠᠭ᠋ᠠᠨ᠎ᠤ ᠡᠬᠢ ᠪᠠᠶᠠᠯᠢᠭ᠎ᠢ ᠲᠣᠬᠢᠷᠠᠭᠤᠯᠬᠤ ᠲᠣᠭᠲᠠᠴᠠ ᠵᠢ ᠲᠡᠭᠦᠯᠳᠡᠷᠵᠢᠭᠦᠯᠦᠨ᠎ᠡ᠃ ᠳᠠᠪᠠᠭᠤᠯᠢᠭ ᠡᠬᠢ ᠪᠠᠶᠠᠯᠢᠭ᠎ᠢ ᠲᠥᠪᠯᠡᠷᠡᠭᠦᠯᠦᠨ ᠭᠣᠣᠯᠳᠠᠯᠭ᠎ᠠ᠎ᠲᠠᠢ ᠪᠦᠲᠦᠭᠡᠨ ᠪᠠᠶ᠋ᠢᠭᠤᠯᠬᠤ ᠵᠢ ᠳᠡᠮᠵᠢᠵᠦ᠂ ᠲᠡᠷᠢᠭᠦᠨ᠎ᠤ ᠴᠢᠨᠠᠷ ᠴᠢᠨᠰᠠᠭ᠎ᠠ ᠪᠠ ᠲᠡᠷᠢᠭᠦᠨ᠎ᠤ ᠬᠤᠪᠢ ᠨᠡᠮᠡᠷᠢ᠎ᠪᠠᠷ ᠵᠢᠯᠣᠭᠣᠳᠤᠭᠤᠯᠵᠤ᠂ ᠥᠪᠡᠷᠲᠡᠭᠡᠨ ᠵᠠᠰᠠᠬᠤ ᠣᠷᠣᠨ᠎ᠤ ᠲᠡᠷᠢᠭᠦᠨ᠎ᠤ ᠡᠷᠳᠡᠮ ᠰᠢᠨᠵᠢᠯᠡᠭᠡᠨ᠎ᠤ ᠣᠨᠴᠠᠭ᠋ᠠᠢ ᠣᠷᠣᠨ᠎ᠤ ᠲᠥᠷᠥ ᠵᠢᠨ ᠪᠣᠳᠣᠯᠭ᠎ᠠ ᠵᠢ ᠬᠡᠷᠡᠭᠵᠢᠭᠦᠯᠦᠨ᠎ᠡ᠃ ᠥᠪᠡᠷᠲᠡᠭᠡᠨ ᠵᠠᠰᠠᠬᠤ ᠣᠷᠣᠨ᠎ᠤ ᠲᠤᠯᠭ᠋ᠠᠭᠤᠷᠢ ᠠᠵᠤ ᠦᠢ᠍ᠯᠡᠰ᠎ᠲᠤ ᠦᠢ᠍ᠯᠡᠴᠢᠯᠡᠬᠦ ᠪᠠ 《ᠵᠢᠱ᠌ᠢᠶᠡᠴᠢ ᠥᠪᠡᠷᠲᠡᠭᠡᠨ ᠵᠠᠰᠠᠬᠤ ᠣᠷᠣᠨ》᠎ᠢ ᠪᠦᠬᠦ ᠲᠠᠯ᠎ᠠ᠎ᠪᠠᠷ ᠪᠦᠲᠦᠭᠡᠨ ᠪᠠᠶ᠋ᠢᠭᠤᠯᠬᠤ ᠬᠥᠭᠵᠢᠯᠲᠡ ᠵᠢᠨ ᠬᠡᠷᠡᠭᠴᠡᠭᠡ ᠱᠠᠭ᠋ᠠᠷᠳᠠᠯᠭ᠎ᠠ ᠨᠡᠯᠢᠶᠡᠳ ᠥᠨᠳᠥᠷ ᠪᠠᠶ᠋ᠢᠭ᠎ᠠ ᠡᠪᠡᠰᠦᠨ ᠰᠤᠳᠤᠯᠤᠯ᠂ ᠠᠮᠢᠳᠤ ᠪᠣᠳᠠᠰ ᠤᠨ ᠤᠬᠠᠭ᠋ᠠᠨ᠂ ᠠᠮᠢ ᠠᠬᠤᠢ ᠵᠢᠨ ᠤᠬᠠᠭ᠋ᠠᠨ᠂ ᠢᠳᠡᠭᠡᠨ᠎ᠤ ᠰᠢᠨᠵᠢᠯᠡᠬᠦ ᠤᠬᠠᠭ᠋ᠠᠨ ᠪᠣᠯᠤᠨ ᠢᠨᠵᠧᠨᠧᠷᠢᠩ᠂ ᠲᠡᠮᠦᠷᠯᠢᠭ ᠪᠣᠯᠪᠠᠰᠤᠷᠠᠭᠤᠯᠬᠤ ᠢᠨᠵᠧᠨᠧᠷᠢᠩ᠂ ᠬᠥᠳᠡᠯᠭᠡᠬᠦ ᠬᠦᠴᠦᠨ᠎ᠤ ᠢᠨᠵᠧᠨᠧᠷᠢᠩ ᠪᠣᠯᠤᠨ ᠢᠨᠵᠧᠨᠧᠷᠢᠩ᠎ᠤᠨ ᠢᠯᠴᠢ ᠵᠢᠨ ᠹᠢᠽᠢᠺ᠂ ᠦᠨᠳᠦᠰᠦᠲᠡᠨ᠎ᠤ ᠤᠬᠠᠭ᠋ᠠᠨ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠡᠦᠬᠡ ᠵᠡᠷᠭᠡ ᠰᠢᠨᠵᠢᠯᠡᠭᠡᠨ᠎ᠤ ᠰᠠᠯᠠᠭ᠎ᠠ ᠵᠢ ᠭᠣᠣᠯᠳᠠᠯᠭ᠎ᠠ᠎ᠲᠠᠢ ᠪᠠᠢ᠌ᠭᠤᠯᠵᠤ᠂ ᠪᠣᠶ᠋ᠢᠵᠢᠭᠤᠯᠤᠨ ᠰᠢᠪᠲᠤᠯᠤᠯᠲᠠ ᠬᠢᠨ᠎ᠡ᠃ ᠠᠮᠢ ᠠᠬᠤᠢ ᠵᠢᠨ ᠣᠷᠴᠢᠨ᠎ᠤ ᠤᠬᠠᠭ᠋ᠠᠨ᠎ᠤ ᠪᠥᠯᠦᠭᠵᠢᠯ᠂ ᠲᠠᠯ᠎ᠠ ᠨᠤᠲᠤᠭ᠎ᠤᠨ ᠮᠠᠯ ᠠᠵᠤ ᠠᠬᠤᠢ ᠵᠢᠨ ᠰᠢᠨᠵᠢᠯᠡᠬᠦ ᠤᠬᠠᠭ᠋ᠠᠨ᠎ᠤ ᠪᠥᠯᠦᠭᠵᠢᠯ᠂ ᠰᠢᠨ᠎ᠡ ᠡᠨᠧᠷᠭᠢ ᠵᠢᠨ ᠤᠬᠠᠭ᠋ᠠᠨ᠎ᠤ ᠰᠢᠨᠵᠢᠯᠡᠭᠡᠨ᠎ᠤ ᠰᠠᠯᠠᠭ᠋ᠠᠨ᠎ᠤ ᠪᠥᠯᠦᠭᠵᠢᠯ᠂ ᠲᠡᠮᠦᠷᠯᠢᠭ ᠬᠠᠶ᠋ᠢᠯᠤᠭᠤᠯᠬᠤ ᠰᠢᠨ᠎ᠡ ᠮᠠᠲ᠋ᠧᠷᠢᠶᠠᠯ᠎ᠤᠨ ᠤᠬᠠᠭ᠋ᠠᠨ᠎ᠤ ᠰᠢᠨᠵᠢᠯᠡᠭᠡᠨ᠎ᠤ ᠰᠠᠯᠠᠭ᠋ᠠᠨ᠎ᠤ ᠪᠥᠯᠦᠭᠵᠢᠯ᠂ ᠤᠮᠠᠷᠠᠲᠤ ᠬᠢᠯᠢ ᠵᠢᠨ ᠰᠣᠶᠣᠯ᠎ᠤᠨ ᠤᠬᠠᠭ᠋ᠠᠨ᠎ᠤ ᠰᠢᠨᠵᠢᠯᠡᠭᠡᠨ᠎ᠤ ᠰᠠᠯᠠᠭ᠋ᠠᠨ᠎ᠤ ᠪᠥᠯᠦᠭᠵᠢᠯ᠎ᠤᠨ ᠪᠠᠶ᠋ᠢᠭᠤᠯᠤᠯᠲᠠ ᠵᠢ ᠦᠷᠭᠦᠯᠵᠢᠯᠡᠨ ᠠᠬᠢᠭᠤᠯᠵᠤ᠂ ᠰᠢᠨᠵᠢᠯᠡᠭᠡᠨ᠎ᠤ ᠰᠠᠯᠠᠭ᠋ᠠᠨ᠎ᠤ ᠡᠬᠢ ᠪᠠᠶᠠᠯᠢᠭ᠎ᠢ ᠨᠢᠭᠡᠳᠦᠯᠲᠡᠢ ᠲᠥᠯᠥᠪᠯᠡᠨ ᠲᠣᠬᠢᠷᠠᠭᠤᠯᠬᠤ᠂ ᠰᠢᠨᠵᠢᠯᠡᠭᠡᠨ᠎ᠤ ᠰᠠᠯᠠᠭ᠋ᠠᠨ᠎ᠤ ᠪᠥᠯᠦᠭᠵᠢᠯ᠎ᠤᠨ ᠬᠠᠮᠵᠢᠯᠴᠠᠨ ᠪᠣᠭᠣᠮᠲᠠ ᠰᠢᠪᠲᠤᠯᠬᠤ ᠪᠠ ᠰᠢᠨᠵᠢᠯᠡᠭᠡᠨ᠎ᠤ ᠰᠠᠯᠠᠭ᠎ᠠ ᠰᠣᠯᠪᠢᠴᠠᠨ ᠠᠭᠤᠰᠤᠭᠰᠠᠨ ᠰᠢᠨ᠎ᠡ ᠵᠢ ᠡᠭᠦᠳᠬᠦ ᠪᠠᠶ᠋ᠢᠭᠤᠯᠤᠯ ᠲᠣᠭᠲᠠᠴᠠ ᠵᠢ ᠪᠠᠶ᠋ᠢᠭᠤᠯᠤᠨ ᠲᠡᠭᠦᠯᠳᠡᠷᠵᠢᠭᠦᠯᠦᠨ᠎ᠡ᠃
(ᠳᠥᠷᠪᠡ) ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠬᠢᠷᠢ ᠲᠦᠪᠰᠢᠨ᠎ᠢ ᠳᠡᠭᠡᠭᠰᠢᠯᠡᠭᠦᠯᠦᠨ᠎ᠡ᠃ 《ᠬᠣᠶᠠᠷ ᠶᠡᠬᠡ ᠶᠠᠪᠤᠳᠠᠯ》᠎ᠤᠨ ᠲᠣᠭᠣᠷᠢᠨ᠎ᠳᠤ᠂ ᠤᠯᠤᠰ ᠪᠠ ᠥᠪᠡᠷᠲᠡᠭᠡᠨ ᠵᠠᠰᠠᠬᠤ ᠣᠷᠣᠨ᠎ᠤ ᠴᠢᠬᠤᠯᠠ ᠶᠡᠬᠡ ᠬᠡᠷᠡᠭᠴᠡᠭᠡ ᠱᠠᠭ᠋ᠠᠷᠳᠠᠯᠭ᠎ᠠ᠎ᠳᠤ ᠦᠢ᠍ᠯᠡᠴᠢᠯᠡᠬᠦ᠎ᠲᠠᠢ ᠨᠢᠭᠲᠠ ᠤᠶᠠᠯᠳᠤᠭᠤᠯᠤᠨ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ 《ᠪᠡᠬᠢᠯᠡᠯᠲᠡ ᠵᠢ ᠰᠢᠪᠲᠤᠯᠬᠤ》 ᠴᠡᠭ᠎ᠲᠤ ᠠᠩᠬᠠᠷᠤᠯ ᠵᠶ᠋ᠠᠨ ᠬᠠᠨᠳᠤᠭᠤᠯᠤᠨ᠂ ᠲᠡᠷᠢᠭᠦᠨ᠎ᠤ ᠰᠢᠨᠵᠢᠯᠡᠭᠡᠨ᠎ᠤ ᠰᠠᠯᠠᠭ᠋ᠠᠨ᠎ᠤ ᠬᠥᠭᠵᠢᠯᠲᠡ ᠵᠢᠨ ᠴᠢᠭᠯᠡᠯ ᠪᠠ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠭᠣᠣᠯ ᠰᠢᠪᠲᠤᠯᠤᠯᠲᠠ ᠵᠢᠨ ᠴᠢᠭᠯᠡᠯ᠎ᠢ ᠪᠣᠯᠪᠠᠰᠤᠷᠠᠭᠤᠯᠵᠤ᠂ ᠴᠢᠬᠤᠯᠠ ᠶᠡᠬᠡ ᠨᠡᠭᠡᠭᠡᠯᠲᠡᠲᠦ ᠰᠡᠳᠦᠪ᠎ᠢ ᠪᠠᠶ᠋ᠢᠭᠤᠯᠤᠨ᠂ ᠨᠢᠭᠡ ᠪᠦᠯᠦᠭ ᠥᠨᠳᠥᠷ ᠬᠢᠷᠢ ᠲᠦᠪᠰᠢᠨᠲᠦ ᠡᠷᠳᠡᠮ ᠰᠢᠨᠵᠢᠯᠡᠭᠡᠨ᠎ᠤ ᠦᠷ᠎ᠡ ᠪᠦᠲᠦᠭᠡᠯ᠎ᠢ ᠪᠣᠢ ᠪᠣᠯᠭ᠋ᠠᠨ᠎ᠠ᠃ ᠮᠤᠵᠢ ᠪᠠ ᠶᠠᠮᠤᠨ ᠬᠠᠮᠲᠤᠷᠠᠨ ᠪᠠᠢ᠌ᠭᠤᠯᠤᠭᠰᠠᠨ ᠲᠠᠯ᠎ᠠ ᠨᠤᠲᠤᠭ᠎ᠤᠨ ᠭᠡᠷ᠎ᠤᠨ ᠲᠡᠵᠢᠭᠡᠪᠦᠷᠢ ᠵᠢᠨ ᠦᠷᠡᠵᠢᠯ᠎ᠢ ᠲᠣᠬᠢᠷᠠᠭᠤᠯᠤᠨ ᠡᠵᠡᠮᠳᠡᠬᠦ ᠪᠠ ᠦᠷᠡᠵᠢᠭᠦᠯᠦᠨ ᠪᠣᠶ᠋ᠢᠵᠢᠭᠤᠯᠬᠤ ᠤᠯᠤᠰ᠎ᠤᠨ ᠭᠣᠣᠯᠳᠠᠯᠭ᠎ᠠ᠎ᠲᠠᠢ ᠲᠤᠷᠰᠢᠯᠲᠠ ᠵᠢᠨ ᠲᠠᠰᠤᠭ᠎ᠢ ᠳᠠᠬᠢᠨ ᠵᠣᠬᠢᠶᠠᠨ ᠪᠠᠶ᠋ᠢᠭᠤᠯᠬᠤ ᠠᠵᠢᠯ᠎ᠢ ᠰᠠᠶ᠋ᠢᠲᠤᠷ ᠬᠢᠵᠦ᠂ ᠡᠨᠧᠷᠭᠢ ᠵᠢᠨ ᠡᠬᠢ ᠪᠠᠶᠠᠯᠢᠭ᠎ᠢ ᠠᠰᠢᠭᠯᠠᠬᠤ᠂ ᠴᠠᠭ᠋ᠠᠨ ᠢᠳᠡᠭᠡ ᠪᠠ ᠦᠷ᠎ᠡ ᠵᠢᠨ ᠡᠬᠢ ᠪᠠᠶᠠᠯᠢᠭ᠂ ᠠᠮᠢ ᠠᠬᠤᠢ ᠵᠢᠨ ᠣᠷᠴᠢᠨ ᠪᠠ ᠴᠦᠯᠯᠡᠷᠭᠡᠭᠵᠢᠯ᠎ᠢ ᠰᠡᠷᠭᠡᠶ᠋ᠢᠯᠡᠨ ᠵᠠᠰᠠᠬᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ᠂ ᠤᠮᠠᠷᠠᠲᠤ ᠬᠢᠯᠢ ᠵᠢᠨ ᠰᠣᠶᠣᠯ ᠵᠡᠷᠭᠡ ᠬᠠᠮᠢᠶ᠎ᠠ ᠪᠦᠬᠦᠢ ᠬᠦᠷᠢᠶᠡᠨ᠎ᠤ ᠰᠢᠨᠵᠢᠯᠡᠭᠡᠨ᠎ᠤ ᠰᠠᠯᠠᠭ᠋ᠠᠨ᠎ᠤ ᠲᠠᠪᠴᠠᠩ ᠪᠠ ᠣᠶᠤᠨ᠎ᠤ ᠬᠥᠮᠥᠷᠭᠡ ᠵᠢᠨ ᠪᠦᠲᠦᠭᠡᠨ ᠪᠠᠶ᠋ᠢᠭᠤᠯᠤᠯᠲᠠ ᠵᠢ ᠭᠣᠣᠯᠳᠠᠯᠭ᠎ᠠ᠎ᠲᠠᠢ ᠠᠬᠢᠭᠤᠯᠵᠤ᠂ ᠤᠯᠤᠰ᠎ᠤᠨ ᠳᠡᠰ᠎ᠤᠨ ᠲᠠᠪᠴᠠᠩ᠎ᠢ ᠪᠤᠢ ᠪᠣᠯᠭ᠋ᠠᠨ᠎ᠠ᠃
(ᠲᠠᠪᠤ) ᠨᠡᠶ᠋ᠢᠭᠡᠮ᠎ᠳᠤ ᠦᠢ᠍ᠯᠡᠴᠢᠯᠡᠬᠦ ᠴᠢᠳᠠᠪᠤᠷᠢ ᠵᠢ ᠳᠡᠭᠡᠭᠰᠢᠯᠡᠭᠦᠯᠦᠨ᠎ᠡ᠃ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠵᠢ ᠤᠷᠮᠠᠰᠢᠭᠤᠯᠬᠤ ᠡᠯ᠎ᠡ ᠵᠦᠢ᠍ᠯ᠎ᠤᠨ ᠲᠥᠷᠥ ᠵᠢᠨ ᠪᠣᠳᠣᠯᠭ᠎ᠠ ᠵᠢᠨ ᠠᠷᠭ᠎ᠠ ᠬᠡᠮᠵᠢᠶ᠎ᠡ ᠵᠢ ᠪᠦᠬᠦ ᠲᠠᠯ᠎ᠠ᠎ᠪᠠᠷ ᠨᠠᠶ᠋ᠢᠳᠠᠪᠤᠷᠢᠵᠢᠭᠤᠯᠵᠤ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠦᠷ᠎ᠡ ᠪᠦᠲᠦᠭᠡᠯ᠎ᠢ ᠤᠯᠠᠷᠢᠭᠤᠯᠬᠤ ᠲᠣᠭᠲᠠᠴᠠ ᠪᠠ ᠦᠢ᠍ᠯᠡᠴᠢᠯᠡᠭᠡᠨ᠎ᠤ ᠳᠣᠭᠲᠠᠯᠴᠠᠭ᠎ᠠ ᠵᠢ ᠪᠠᠶ᠋ᠢᠭᠤᠯᠤᠨ᠂ ᠡᠷᠳᠡᠮ ᠰᠢᠨᠵᠢᠯᠡᠭᠡᠨ᠎ᠤ ᠠᠵᠢᠯᠲᠠᠳ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠦᠷ᠎ᠡ ᠪᠦᠲᠦᠭᠡᠯ᠎ᠢ ᠤᠯᠠᠷᠢᠭᠤᠯᠬᠤ᠎ᠳᠤ ᠳᠦᠷᠢᠮ᠎ᠤᠨ ᠪᠠᠲᠤᠯᠠᠭ᠎ᠠ ᠬᠠᠩᠭ᠋ᠠᠨ᠎ᠠ᠃ ᠲᠤᠰᠢᠶᠠᠯ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠦᠷ᠎ᠡ ᠪᠦᠲᠦᠭᠡᠯ᠎ᠢ ᠠᠰᠲᠤᠨᠢ ᠬᠠᠮᠢᠶᠠᠷᠬᠤ ᠥᠭᠡᠷᠡᠴᠢᠯᠡᠯᠲᠡ ᠵᠢ ᠶᠡᠬᠡ᠎ᠪᠠᠷ ᠠᠬᠢᠭᠤᠯᠵᠤ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠦᠷ᠎ᠡ ᠪᠦᠲᠦᠭᠡᠯ᠎ᠢ ᠦᠨᠡᠯᠡᠬᠦ ᠲᠣᠭᠲᠠᠴᠠ᠂ ᠠᠵᠢᠯ᠎ᠤᠨ ᠬᠢᠷᠢ ᠪᠦᠲᠦᠮᠵᠢ ᠵᠢ ᠰᠢᠯᠭ᠋ᠠᠨ ᠬᠢᠨᠠᠵᠤ ᠦᠨᠡᠯᠡᠬᠦ ᠳᠣᠭᠲᠠᠯᠴᠠᠭ᠎ᠠ ᠵᠢᠴᠢ ᠡᠷᠳᠡᠮ ᠰᠢᠨᠵᠢᠯᠡᠭᠡᠨ᠎ᠤ ᠲᠥᠷᠥᠯ ᠵᠦᠢ᠍ᠯ᠎ᠤᠨ ᠬᠥᠨᠳᠡᠯᠡᠨ ᠵᠠᠷᠤᠳᠠᠯ᠎ᠢ ᠭᠠᠷᠭ᠋ᠠᠵᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠦᠷ᠎ᠡ ᠪᠦᠲᠦᠭᠡᠯ᠎ᠢ ᠤᠯᠠᠷᠢᠭᠤᠯᠬᠤ ᠵᠡᠷᠭᠡ ᠰᠢᠨ᠎ᠡ ᠵᠠᠭᠪᠤᠷ᠎ᠢ ᠰᠦᠪᠡᠭᠴᠢᠯᠡᠨ ᠪᠠᠶ᠋ᠢᠭᠤᠯᠤᠨ᠎ᠠ᠃ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠦᠷ᠎ᠡ ᠪᠦᠲᠦᠭᠡᠯ᠎ᠢ ᠤᠯᠠᠷᠢᠭᠤᠯᠬᠤ ᠬᠠᠮᠢᠶᠠᠷᠤᠯᠲᠠ ᠵᠢᠨ ᠪᠠᠶ᠋ᠢᠭᠤᠯᠤᠮᠵᠢ ᠵᠢ ᠪᠠᠶ᠋ᠢᠭᠤᠯᠵᠤ᠂ ᠮᠡᠳᠡᠯᠭᠡ ᠵᠢᠨ ᠥᠮᠴᠢᠯᠡᠯ᠎ᠤᠨ ᠡᠷᠬᠡ ᠵᠢᠨ ᠪᠦᠬᠦ ᠴᠤᠪᠤᠷᠠᠯ᠎ᠤᠨ ᠬᠠᠮᠢᠶᠠᠷᠤᠯᠲᠠ ᠵᠢᠨ ᠳᠣᠭᠲᠠᠯᠴᠠᠭ᠎ᠠ ᠵᠢ ᠪᠠᠶ᠋ᠢᠭᠤᠯᠤᠨ᠂ ᠴᠢᠳᠠᠪᠤᠷᠢᠲᠠᠨ᠎ᠢ ᠲᠥᠷᠥᠯ ᠬᠤᠪᠢᠶᠠᠨ ᠦᠨᠡᠯᠡᠬᠦ ᠳᠦᠷᠢᠮ᠎ᠢ ᠰᠢᠯᠢᠳᠡᠭᠵᠢᠭᠦᠯᠵᠦ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠦᠷ᠎ᠡ ᠪᠦᠲᠦᠭᠡᠯ᠎ᠢ ᠦᠨᠡᠯᠡᠬᠦ ᠲᠣᠭᠲᠠᠴᠠ ᠵᠢ ᠲᠡᠭᠦᠯᠳᠡᠷᠵᠢᠭᠦᠯᠦᠨ᠂ ᠡᠷᠳᠡᠮ ᠰᠢᠨᠵᠢᠯᠡᠭᠡᠨ᠎ᠤ ᠠᠵᠢᠯᠲᠠᠨ᠎ᠤ ᠲᠤᠰᠢᠶᠠᠯ ᠬᠠᠪᠰᠤᠷᠭ᠋ᠠᠬᠤ ᠪᠤᠶᠤ ᠠᠵᠢᠯ᠎ᠤᠨ ᠪᠠᠶ᠋ᠢᠷᠢ᠎ᠠᠴᠠ ᠰᠠᠯᠵᠤ ᠦᠢ᠍ᠯᠡᠰ ᠪᠣᠰᠬᠠᠬᠤ ᠠᠵᠢᠯᠲᠠᠨ᠎ᠤ ᠶᠠᠪᠤᠳᠠᠯ᠎ᠤᠨ ᠬᠠᠮᠢᠶᠠᠷᠤᠯᠲᠠ ᠵᠢᠨ ᠳᠦᠷᠢᠮ ᠵᠡᠷᠭᠡ ᠪᠠᠶ᠋ᠢᠭᠤᠯᠤᠯ ᠲᠣᠭᠲᠠᠴᠠ ᠵᠢ ᠨᠠᠶ᠋ᠢᠳᠠᠪᠤᠷᠢᠵᠢᠭᠤᠯᠵᠤ᠂ ᠡᠷᠳᠡᠮ ᠰᠢᠨᠵᠢᠯᠡᠭᠡᠨ᠎ᠤ ᠠᠵᠢᠯᠲᠠᠨ᠎ᠤ ᠵᠣᠷᠢᠭᠲᠠᠢ ᠰᠢᠨ᠎ᠡ ᠵᠢ ᠡᠭᠦᠳᠬᠦ᠂ ᠠᠮᠢᠳᠤᠯᠢᠭ ᠵᠶ᠋ᠠᠷ ᠬᠤᠪᠢᠷᠠᠭᠤᠯᠬᠤ ᠵᠢ ᠳᠡᠮᠵᠢᠨ᠎ᠡ᠃ ᠪᠠᠭᠰᠢ ᠵᠢ ᠵᠣᠬᠢᠶᠠᠨ ᠪᠠᠶ᠋ᠢᠭᠤᠯᠤᠨ 《ᠥᠪᠥᠷ ᠮᠣᠩᠭᠣᠯ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠴᠤᠭᠯᠠᠷᠠᠯ》᠎ᠤᠨ ᠰᠢᠨ᠎ᠡ ᠵᠢ ᠡᠭᠦᠳᠬᠦ᠎ᠪᠠᠷ ᠬᠥᠳᠡᠯᠭᠡᠭᠦᠷ ᠪᠣᠯᠭ᠋ᠠᠬᠤ ᠲᠠᠪᠴᠠᠩ ᠵᠶ᠋ᠠᠷ ᠳᠠᠮᠵᠢᠭᠤᠯᠤᠨ ᠬᠠᠮᠤᠭ᠎ᠤᠨ ᠰᠢᠨ᠎ᠡ ᠦᠷ᠎ᠡ ᠪᠦᠲᠦᠭᠡᠯ᠎ᠢ ᠨᠡᠶ᠋ᠢᠲᠡᠯᠡᠵᠦ᠂ ᠠᠬᠤᠢ ᠲᠠᠯᠠᠪᠠᠢ ᠵᠢᠨ ᠦᠵᠡᠭᠦᠯᠭᠡ ᠵᠢᠨ ᠠᠵᠢᠯᠯᠠᠭ᠎ᠠ᠎ᠳᠤ ᠢᠳᠡᠪᠬᠢᠲᠡᠢ ᠣᠷᠣᠯᠴᠠᠨ᠂ ᠲᠤᠰᠬᠠᠢ ᠪᠠᠶ᠋ᠢᠭᠤᠯᠤᠮᠵᠢ ᠪᠠ ᠮᠡᠷᠭᠡᠵᠢᠯ᠎ᠤᠨ ᠳᠠᠭ᠋ᠠᠭ᠋ᠠᠮᠠᠯᠯᠤᠭᠠ ᠵᠢᠨ ᠬᠠᠮᠲᠤᠷᠠᠯᠴᠠᠭ᠎ᠠ ᠵᠢ ᠴᠢᠩᠭ᠋ᠠᠳᠬᠠᠵᠤ᠂ ᠠᠵᠤ ᠠᠬᠤᠶ᠋ᠢᠯᠠᠯ᠎ᠤᠨ ᠬᠡᠷᠡᠭᠴᠡᠭᠡ ᠱᠠᠭ᠋ᠠᠷᠳᠠᠯᠭ᠎ᠠ᠎ᠪᠠᠷ ᠤᠳᠤᠷᠢᠳᠤᠮᠵᠢ ᠪᠣᠯᠭ᠋ᠠᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠦᠷ᠎ᠡ ᠪᠦᠲᠦᠭᠡᠯ᠎ᠢ ᠭᠦᠨᠵᠡᠭᠡᠢ ᠢᠯᠡᠷᠡᠭᠦᠯᠦᠨ᠂ ᠨᠠᠷᠢᠯᠢᠭ ᠣᠨᠣᠴᠠᠲᠠᠢ ᠵᠣᠯᠭ᠋ᠠᠭᠤᠯᠬᠤ ᠵᠢ ᠪᠡᠶᠡᠯᠡᠭᠦᠯᠦᠨ᠎ᠡ᠃
(ᠵᠢᠷᠭᠤᠭ᠎ᠠ) ᠰᠢᠨᠵᠢᠯᠡᠭᠡᠨ᠎ᠤ ᠰᠠᠯᠠᠭ᠋ᠠᠨ᠎ᠤ ᠡᠩᠨᠡᠭᠡᠨ᠎ᠤ ᠪᠠᠢ᠌ᠭᠤᠯᠤᠯᠲᠠ ᠵᠢ ᠴᠢᠩᠭ᠋ᠠᠳᠬᠠᠨ᠎ᠠ᠃ ᠰᠢᠨᠵᠢᠯᠡᠭᠡᠨ᠎ᠤ ᠰᠠᠯᠠᠭ᠎ᠠ ᠬᠤᠪᠢᠶᠠᠨ ᠳᠡᠭᠡᠳᠦ ᠳᠡᠰ᠎ᠤᠨ ᠴᠢᠳᠠᠪᠤᠷᠢᠲᠠᠨ᠎ᠢ ᠬᠥᠮᠦᠵᠢᠭᠦᠯᠦᠨ ᠪᠣᠶ᠋ᠢᠵᠢᠭᠤᠯᠬᠤ ᠲᠥᠯᠥᠪᠯᠡᠭᠡ ᠵᠢ ᠲᠣᠭᠲᠠᠭ᠋ᠠᠵᠤ᠂ ᠰᠢᠨᠵᠢᠯᠡᠭᠡᠨ᠎ᠤ ᠰᠠᠯᠠᠭ᠋ᠠᠨ᠎ᠤ ᠳᠠᠭ᠋ᠠᠭᠤᠯᠤᠭᠴᠢ᠂ ᠡᠷᠳᠡᠮ ᠰᠢᠨᠵᠢᠯᠡᠭᠡᠨ᠎ᠤ ᠭᠣᠣᠯᠯᠠᠭᠴᠢ᠂ ᠵᠠᠯᠠᠭᠤ ᠪᠠᠭᠰᠢ ᠵᠢᠨ ᠪᠦᠲᠦᠴᠡ ᠵᠣᠬᠢᠰᠲᠠᠢ ᠰᠢᠨᠵᠢᠯᠡᠭᠡᠨ᠎ᠤ ᠰᠠᠯᠠᠭ᠋ᠠᠨ᠎ᠤ ᠪᠠᠭᠰᠢ ᠵᠢᠨ ᠱᠠᠲᠤᠯᠵᠢᠨ ᠡᠩᠨᠡᠭᠡ ᠵᠢ ᠪᠠᠢ᠌ᠭᠤᠯᠤᠨ᠎ᠠ᠃ ᠰᠢᠨᠵᠢᠯᠡᠭᠡᠨ᠎ᠤ ᠰᠠᠯᠠᠭ᠋ᠠᠨ᠎ᠤ ᠬᠥᠭᠵᠢᠯᠲᠡ ᠵᠢᠨ ᠬᠡᠷᠡᠭᠴᠡᠭᠡ ᠱᠠᠭ᠋ᠠᠷᠳᠠᠯᠭ᠎ᠠ᠎ᠲᠠᠢ ᠤᠶᠠᠯᠳᠤᠭᠤᠯᠤᠨ᠂ ᠰᠢᠨᠵᠢᠯᠡᠭᠡᠨ᠎ᠤ ᠰᠠᠯᠠᠭ᠋ᠠᠨ᠎ᠤ ᠳᠠᠭ᠋ᠠᠭᠤᠯᠤᠭᠴᠢ ᠪᠠ ᠪᠦᠯᠬᠦᠮ ᠨᠡᠶ᠋ᠢᠲᠡ ᠵᠢ ᠨᠠᠷᠢᠯᠢᠭ ᠣᠨᠣᠴᠠᠲᠠᠢ ᠣᠷᠣᠭᠤᠯᠤᠨ ᠠᠪᠴᠢᠷᠠᠵᠤ᠂ ᠳᠠᠯᠳᠠ ᠬᠦᠴᠦᠨ ᠪᠥᠬᠦᠢ ᠵᠠᠯᠠᠭᠤ ᠪᠠᠭᠰᠢ ᠨᠠᠷ᠎ᠲᠤ ᠭᠣᠣᠯᠳᠠᠯᠭ᠎ᠠ᠎ᠲᠠᠢ ᠳᠡᠮᠵᠢᠯᠭᠡ ᠦᠵᠡᠭᠦᠯᠵᠦ᠂ ᠨᠢᠭᠡ ᠪᠦᠯᠦᠭ ᠡᠷᠳᠡᠮ ᠰᠢᠨᠵᠢᠯᠡᠭᠡᠨ᠎ᠤ ᠭᠣᠣᠯᠯᠠᠭᠴᠢ ᠬᠦᠴᠦᠨ᠎ᠢ ᠶᠡᠬᠡ᠎ᠪᠠᠷ ᠬᠥᠮᠥᠵᠢᠭᠦᠯᠦᠨ᠂ ᠰᠢᠨᠵᠢᠯᠡᠭᠡᠨ᠎ᠤ ᠰᠠᠯᠠᠭ᠋ᠠᠨ᠎ᠤ ᠡᠩᠨᠡᠭᠡᠨ᠎ᠤ ᠪᠦᠲᠦᠴᠡ ᠵᠢ ᠦᠷᠭᠦᠯᠵᠢᠯᠡᠨ ᠰᠢᠯᠢᠳᠡᠭᠵᠢᠭᠦᠯᠵᠦ᠂ ᠰᠢᠨᠵᠢᠯᠡᠭᠡᠨ᠎ᠤ ᠰᠠᠯᠠᠭ᠋ᠠᠨ᠎ᠤ ᠡᠩᠨᠡᠭᠡᠨ᠎ᠤ ᠬᠡᠪᠴᠢᠶ᠎ᠡ ᠵᠢ ᠥᠷᠭᠡᠳᠭᠡᠪᠡ᠃ ᠵᠠᠷᠤᠳᠠᠯ᠂ ᠲᠥᠷᠥᠯ ᠵᠦᠢ᠍ᠯ᠂ ᠲᠠᠪᠴᠠᠩ ᠵᠡᠷᠭᠡ ᠡᠬᠢ ᠪᠠᠶᠠᠯᠢᠭ᠎ᠢ ᠨᠢᠭᠡᠳᠦᠯᠲᠡᠢ ᠲᠥᠯᠥᠪᠯᠡᠨ᠂ ᠲᠡᠷᠢᠭᠦᠨ᠎ᠤ ᠰᠢᠨᠵᠢᠯᠡᠭᠡᠨ᠎ᠤ ᠰᠠᠯᠠᠭ᠋ᠠᠨ᠎ᠤ ᠳᠠᠭ᠋ᠠᠭᠤᠯᠤᠭᠴᠢ ᠵᠢᠴᠢ ᠪᠦᠯᠬᠦᠮ ᠨᠡᠶ᠋ᠢᠲᠡ ᠵᠢ ᠳᠡᠮᠵᠢᠬᠦ ᠡᠷᠴᠢᠮ ᠵᠶ᠋ᠠᠨ ᠴᠢᠩᠭ᠋ᠠᠷᠠᠭᠤᠯᠵᠤ᠂ ᠰᠢᠨᠵᠢᠯᠡᠭᠡᠨ᠎ᠤ ᠰᠠᠯᠠᠭ᠋ᠠᠨ᠎ᠤ ᠡᠩᠨᠡᠭᠡᠨ᠎ᠤ ᠠᠵᠢᠯ ᠬᠢᠵᠦ ᠦᠢ᠍ᠯᠡᠰ ᠪᠣᠰᠬᠠᠬᠤ ᠠᠮᠢᠵᠢᠷᠠᠯ᠎ᠤᠨ ᠬᠦᠴᠦᠨ᠎ᠢ ᠬᠥᠭᠵᠢᠭᠡᠨ᠎ᠡ᠃
ᠬᠣᠶᠠᠷ᠂ ᠳᠡᠮᠵᠢᠬᠦ ᠠᠷᠭ᠎ᠠ ᠬᠡᠮᠵᠢᠶ᠎ᠡ
(ᠨᠢᠭᠡ) ᠵᠠᠷᠤᠳᠠᠯ᠎ᠤᠨ ᠪᠡᠯᠡ ᠣᠷᠣᠭᠤᠯᠤᠯᠲᠠ ᠵᠢ ᠨᠡᠮᠡᠭᠳᠡᠭᠦᠯᠦᠨ᠎ᠡ
1. ᠰᠤᠷᠭ᠋ᠠᠨ ᠬᠥᠮᠦᠵᠢᠯ᠎ᠤᠨ ᠵᠠᠷᠤᠳᠠᠯ᠎ᠤᠨ ᠵᠠᠷᠤᠯᠭ᠎ᠠ ᠵᠢᠨ ᠪᠦᠲᠦᠴᠡ ᠵᠢ ᠰᠢᠯᠢᠳᠡᠭᠵᠢᠭᠦᠯᠵᠦ᠂ ᠥᠪᠡᠷᠲᠡᠭᠡᠨ ᠵᠠᠰᠠᠬᠤ ᠣᠷᠣᠨ᠎ᠤ 《ᠬᠣᠣᠰ ᠲᠡᠷᠢᠭᠦᠨ》᠎ᠤ ᠪᠠᠶ᠋ᠢᠭᠤᠯᠤᠯᠲᠠ ᠵᠢᠨ ᠵᠠᠷᠤᠳᠠᠯ᠎ᠢ ᠠᠯᠬᠤᠮ ᠠᠯᠬᠤᠮ ᠵᠶ᠋ᠠᠷ ᠨᠡᠮᠡᠭᠳᠡᠭᠦᠯᠬᠦ ᠲᠣᠭᠲᠠᠴᠠ ᠵᠢ ᠪᠠᠶ᠋ᠢᠭᠤᠯᠤᠨ᠂ ᠵᠢᠯ ᠪᠦᠷᠢ ᠵᠢᠨ ᠳᠤᠮᠳᠠᠴᠢ ᠨᠡᠮᠡᠭᠳᠡᠯ᠎ᠤᠨ ᠬᠠᠷᠢᠴᠠᠯ᠎ᠢ 20%᠎ᠠᠴᠠ ᠳᠣᠣᠷ᠎ᠠ ᠪᠠᠶ᠋ᠢᠯᠭ᠋ᠠᠬᠤ ᠦᠭᠡᠢ; ᠲᠡᠷᠢᠭᠦᠨ᠎ᠤ ᠰᠢᠨᠵᠢᠯᠡᠭᠡᠨ᠎ᠤ ᠰᠠᠯᠠᠭ᠋ᠠᠨ᠎ᠤ ᠪᠠᠶ᠋ᠢᠭᠤᠯᠤᠯᠲᠠ ᠵᠢᠨ ᠦᠷ᠎ᠡ ᠪᠦᠲᠦᠮᠵᠢ ᠵᠢ ᠦᠨᠡᠯᠡᠭᠰᠡᠨ ᠦᠷ᠎ᠡ ᠳ᠋ᠦᠩ᠎ᠢ ᠦᠨᠳᠦᠰᠦᠯᠡᠨ᠂ ᠬᠠᠮᠢᠶ᠎ᠠ ᠪᠦᠬᠦᠢ ᠰᠢᠨᠵᠢᠯᠡᠭᠡᠨ᠎ᠤ ᠰᠠᠯᠠᠭ᠋ᠠᠨ᠎ᠤ ᠪᠠᠶ᠋ᠢᠭᠤᠯᠤᠯᠲᠠ ᠵᠢᠨ ᠵᠠᠷᠤᠳᠠᠯ᠎ᠳᠤ ᠬᠥᠳᠡᠯᠦᠩᠭᠦᠢ ᠲᠣᠬᠢᠷᠠᠭᠤᠯᠤᠯᠲᠠ ᠬᠢᠨ᠎ᠡ᠃
2. ᠰᠢᠨᠵᠢᠯᠡᠭᠡᠨ᠎ᠤ ᠰᠠᠯᠠᠭ᠋ᠠᠨ᠎ᠤ ᠪᠠᠶ᠋ᠢᠭᠤᠯᠤᠯᠲᠠ ᠵᠢᠨ ᠱᠠᠩᠨᠠᠨ ᠬᠥᠬᠢᠭᠦᠯᠬᠦ ᠲᠣᠭᠲᠠᠴᠠ ᠵᠢ ᠪᠠᠶ᠋ᠢᠭᠤᠯᠵᠤ᠂ 《ᠬᠣᠣᠰ ᠲᠡᠷᠢᠭᠦᠨ》᠎ᠤ ᠪᠠᠶ᠋ᠢᠭᠤᠯᠤᠯᠲᠠ ᠵᠢᠨ ᠲᠤᠰᠬᠠᠢ ᠪᠡᠯᠡ ᠮᠥᠩᠭᠥ ᠵᠢ ᠨᠢᠭᠡᠳᠦᠯᠲᠡᠢ ᠲᠥᠯᠥᠪᠯᠡᠨ᠂ ᠳᠡᠰ ᠳᠡᠪᠰᠢᠭᠦᠯᠬᠦ ᠵᠢᠱ᠌ᠢᠭᠰᠡᠨ ᠬᠠᠷᠠᠯᠲᠠ᠎ᠳᠤ ᠬᠦᠷᠦᠭᠰᠡᠨ᠂ ᠬᠦᠴᠢᠷ᠎ᠢ ᠲᠤᠭᠤᠯᠵᠤ ᠰᠢᠪᠲᠤᠯᠤᠭᠰᠠᠨ ᠶᠡᠬᠡ ᠳᠡᠭᠡᠳᠦ ᠰᠤᠷᠭ᠋ᠠᠭᠤᠯᠢ᠎ᠳᠤ ᠨᠢᠭᠡ ᠯᠡ ᠤᠳᠠᠭ᠎ᠠ᠎ᠳᠤ ᠬᠠᠮᠤᠭ᠎ᠤᠨ ᠪᠠᠭ᠎ᠠ᠎ᠳᠤ᠎ᠪᠠᠨ 500 ᠲᠦᠮᠡᠨ ᠲᠥᠭᠥᠷᠢᠭ᠎ᠤᠨ ᠱᠠᠩᠨᠠᠯ ᠨᠥᠬᠥᠪᠥᠷᠢ ᠵᠢᠨ ᠳᠡᠮᠵᠢᠯᠭᠡ ᠣᠯᠭᠣᠵᠤ᠂ ᠰᠢᠨ᠎ᠡ᠎ᠪᠠᠷ ᠨᠡᠮᠡᠭᠳᠡᠭᠰᠡᠨ ᠤᠯᠤᠰ᠎ᠤᠨ ᠲᠡᠷᠢᠭᠦᠨ᠎ᠤ ᠰᠢᠨᠵᠢᠯᠡᠭᠡᠨ᠎ᠤ ᠰᠠᠯᠠᠭ᠋ᠠᠨ᠎ᠤ ᠶᠡᠬᠡ ᠳᠡᠭᠡᠳᠦ ᠰᠤᠷᠭ᠋ᠠᠭᠤᠯᠢ᠎ᠳᠤ ᠨᠢᠭᠡ ᠯᠡ ᠤᠳᠠᠭ᠎ᠠ᠎ᠳᠤ ᠬᠠᠮᠤᠭ᠎ᠤᠨ ᠪᠠᠭ᠎ᠠ᠎ᠳᠤ᠎ᠪᠠᠨ 1000 ᠲᠦᠮᠡᠨ ᠲᠥᠭᠥᠷᠢᠭ᠎ᠤᠨ ᠱᠠᠩᠨᠠᠯ ᠨᠥᠬᠥᠪᠥᠷᠢ ᠵᠢᠨ ᠳᠡᠮᠵᠢᠯᠭᠡ ᠣᠯᠭᠣᠨ᠎ᠠ᠃
3. ᠥᠪᠡᠷᠲᠡᠭᠡᠨ ᠵᠠᠰᠠᠬᠤ ᠣᠷᠣᠨ᠎ᠤ ᠰᠢᠭᠤᠳ ᠬᠠᠷᠢᠶ᠎ᠠ ᠶᠡᠬᠡ ᠳᠡᠭᠡᠳᠦ ᠰᠤᠷᠭ᠋ᠠᠭᠤᠯᠢ ᠵᠢᠨ ᠦᠨᠳᠦᠰᠦᠨ ᠡᠷᠳᠡᠮ ᠰᠢᠨᠵᠢᠯᠡᠭᠡᠨ᠎ᠤ ᠲᠤᠬᠠᠶ᠋ᠢᠯᠠᠭᠰᠠᠨ ᠠᠵᠢᠯ᠎ᠤᠨ ᠵᠠᠷᠤᠳᠠᠯ᠎ᠢ ᠭᠣᠣᠯᠳᠠᠭᠤ ᠥᠪᠡᠷᠲᠡᠭᠡᠨ ᠵᠠᠰᠠᠬᠤ ᠣᠷᠣᠨ᠎ᠤ ᠲᠡᠷᠢᠭᠦᠨ᠎ᠤ ᠰᠢᠨᠵᠢᠯᠡᠭᠡᠨ᠎ᠤ ᠰᠠᠯᠠᠭ᠋ᠠᠨ᠎ᠤ ᠰᠢᠨᠵᠢᠯᠡᠬᠦ ᠤᠬᠠᠭ᠋ᠠᠨ ᠤ ᠰᠢᠨ᠎ᠡ ᠵᠢ ᠡᠭᠦᠳᠬᠦ ᠲᠥᠷᠥᠯ ᠵᠦᠢ᠍ᠯ ᠪᠠ ᠵᠠᠯᠠᠭᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ ᠤᠨ ᠴᠢᠳᠠᠪᠤᠷᠢᠲᠠᠨ᠎ᠤ ᠡᠷᠳᠡᠮ ᠰᠢᠨᠵᠢᠯᠡᠭᠡᠨ᠎ᠢ ᠡᠬᠢᠯᠡᠭᠦᠯᠬᠦ ᠵᠠᠷᠤᠳᠠᠯ᠎ᠳᠤ ᠬᠡᠷᠡᠭᠯᠡᠵᠦ᠂ ᠪᠠᠶ᠋ᠢᠭ᠋ᠠᠯᠢ ᠵᠢᠨ ᠰᠢᠨᠵᠢᠯᠡᠬᠦ ᠤᠬᠠᠭ᠋ᠠᠨ᠎ᠤ ᠲᠥᠷᠥᠯ᠎ᠳᠤ ᠨᠢᠭᠡ ᠯᠡ ᠤᠳᠠᠭ᠎ᠠ᠎ᠳᠤ 30 ᠲᠦᠮᠡᠨ ᠲᠥᠭᠥᠷᠢᠭ᠎ᠤᠨ ᠲᠤᠰᠠᠯᠠᠮᠵᠢ ᠦᠵᠡᠭᠦᠯᠵᠦ᠂ ᠬᠥᠮᠦᠨ ᠨᠡᠶ᠋ᠢᠭᠡᠮ᠎ᠤᠨ ᠰᠢᠨᠵᠢᠯᠡᠬᠦ ᠤᠬᠠᠭ᠋ᠠᠨ᠎ᠤ ᠲᠥᠷᠥᠯ᠎ᠤᠨ ᠨᠢᠭᠡ ᠯᠡ ᠤᠳᠠᠭ᠎ᠠ᠎ᠳᠤ ᠳᠡᠳᠬᠦᠨ ᠲᠤᠰᠠᠯᠠᠬᠤ ᠵᠢ ᠵᠠᠷᠴᠢᠮ ᠳᠡᠭᠡᠷ᠎ᠡ᠎ᠪᠠᠨ 15 ᠲᠦᠮᠡᠨ ᠲᠥᠭᠥᠷᠢᠭ᠎ᠠᠴᠠ ᠳᠣᠣᠷ᠎ᠠ ᠪᠠᠶ᠋ᠢᠯᠭ᠋ᠠᠵᠤ ᠪᠣᠯᠬᠤ ᠦᠭᠡᠢ᠃
(ᠬᠣᠶᠠᠷ) ᠳᠡᠭᠡᠳᠦ ᠳᠡᠰ᠎ᠤᠨ ᠴᠢᠳᠠᠪᠤᠷᠢᠲᠠᠨ᠎ᠢ ᠣᠷᠣᠭᠤᠯᠤᠨ ᠠᠪᠴᠢᠷᠠᠵᠤ ᠬᠥᠮᠦᠵᠢᠭᠦᠯᠬᠦ ᠵᠢ ᠳᠡᠮᠵᠢᠨ᠎ᠡ
4. ᠶᠡᠬᠡ ᠳᠡᠭᠡᠳᠦ ᠰᠤᠷᠭ᠋ᠠᠭᠤᠯᠢ ᠬᠥᠮᠦᠵᠢᠭᠦᠯᠬᠦ ᠪᠤᠶᠤ ᠭᠡᠷ᠎ᠡ ᠳᠣᠭᠲᠠᠨ ᠣᠷᠣᠭᠤᠯᠤᠨ ᠠᠪᠴᠢᠷᠠᠬᠤ 《ᠬᠣᠶᠠᠷ ᠬᠦᠷᠢᠶᠡᠯᠡᠩ》᠎ᠤᠨ ᠠᠺᠠᠳᠧᠮᠢᠴᠢ᠂ 《ᠬᠣᠶᠠᠷ ᠬᠦᠷᠢᠶᠡᠯᠡᠩ》᠎ᠤᠨ ᠠᠺᠠᠳᠧᠮᠢᠴᠢ ᠵᠢᠨ ᠵᠢᠱ᠌ᠢᠭᠳᠡᠭᠴᠢ᠂ 《ᠴᠠᠩ ᠵᠢᠶᠠᠩ》᠂ 《ᠴᠢᠩ ᠵᠢᠶᠧ》 ᠵᠡᠷᠭᠡ ᠲᠡᠷᠢᠭᠦᠨ᠎ᠤ ᠰᠢᠨᠵᠢᠯᠡᠭᠡᠨ᠎ᠤ ᠰᠠᠯᠠᠭ᠋ᠠᠨ᠎ᠤ ᠳᠠᠭ᠋ᠠᠭᠤᠯᠤᠭᠴᠢ᠎ᠳᠤ 《ᠨᠢᠭᠡ ᠬᠥᠮᠦᠨ᠎ᠳᠤ ᠨᠢᠭᠡ ᠠᠷᠭ᠎ᠠ ᠪᠣᠳᠣᠯᠭ᠎ᠠ᠂ ᠨᠢᠭᠡ ᠶᠠᠪᠤᠳᠠᠯ᠎ᠢ ᠨᠢᠭᠡ ᠯᠡ ᠤᠳᠠᠭ᠎ᠠ ᠵᠥᠪᠯᠡᠬᠦ》 ᠵᠠᠷᠴᠢᠮ ᠶᠣᠰᠣᠭ᠋ᠠᠷ᠂ ᠵᠠᠷᠤᠳᠠᠯ᠎ᠤᠨ ᠪᠡᠯᠡ ᠣᠷᠣᠭᠤᠯᠤᠯᠲᠠ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠥᠷᠥᠯ ᠵᠦᠢ᠍ᠯ᠂ ᠡᠷᠳᠡᠮ ᠰᠢᠨᠵᠢᠯᠡᠭᠡᠨ᠎ᠤ ᠰᠣᠯᠢᠯᠴᠠᠭ᠋ᠠᠨ᠎ᠤ ᠲᠠᠯ᠎ᠠ᠎ᠪᠠᠷ ᠳᠡᠮᠵᠢᠯᠭᠡ ᠦᠵᠡᠭᠦᠯᠵᠦ᠂ ᠲᠡᠭᠦᠨ᠎ᠤ ᠡᠷᠳᠡᠮ ᠰᠢᠨᠵᠢᠯᠡᠭᠡᠨ᠎ᠤ ᠴᠢᠳᠠᠪᠤᠷᠢ ᠪᠠ ᠡᠷᠳᠡᠮ ᠰᠢᠨᠵᠢᠯᠡᠭᠡᠨ᠎ᠤ ᠨᠥᠯᠥᠭᠡᠯᠡᠬᠦ ᠬᠦᠴᠦᠨ᠎ᠢ ᠳᠡᠭᠡᠭᠰᠢᠯᠡᠭᠦᠯᠦᠨ᠎ᠡ᠃
5. ᠣᠳᠣ ᠵᠢᠨ ᠪᠠᠶ᠋ᠢᠭ᠎ᠠ ᠳᠡᠮᠵᠢᠬᠦ ᠲᠥᠷᠥ ᠵᠢᠨ ᠪᠣᠳᠣᠯᠭ᠎ᠠ ᠵᠢᠨ ᠰᠠᠭᠤᠷᠢᠨ ᠳᠡᠭᠡᠷ᠎ᠡ 《ᠬᠣᠣᠰ ᠲᠡᠷᠢᠭᠦᠨ》᠎ᠤ ᠪᠠᠶ᠋ᠢᠭᠤᠯᠤᠯᠲᠠ ᠵᠢᠨ ᠲᠤᠰᠬᠠᠢ ᠪᠡᠯᠡ ᠮᠥᠩᠭᠥ ᠵᠢ ᠨᠢᠭᠡᠳᠦᠯᠲᠡᠢ ᠲᠥᠯᠥᠪᠯᠡᠵᠦ᠂ ᠲᠡᠷᠢᠭᠦᠨ ᠳᠡᠰ᠎ᠤᠨ ᠰᠢᠨᠵᠢᠯᠡᠭᠡᠨ᠎ᠤ ᠰᠠᠯᠠᠭ᠎ᠠ᠎ᠳᠤ ᠲᠦᠰᠢᠭᠯᠡᠨ ᠰᠢᠨ᠎ᠡ᠎ᠪᠠᠷ ᠪᠠᠶ᠋ᠢᠭᠤᠯᠤᠭᠰᠠᠨ ᠠᠬᠠᠯᠠᠭᠴᠢ ᠳ᠋ᠣᠺᠲ᠋ᠣᠷᠠᠨᠲ᠎ᠤᠨ ᠡᠷᠳᠡᠮ ᠰᠢᠨᠵᠢᠯᠡᠭᠡᠨ᠎ᠤ ᠰᠢᠯᠵᠢᠮᠡᠯ ᠥᠷᠲᠡᠭᠡ ᠵᠢ ᠪᠠᠢ᠌ᠭᠤᠯᠬᠤ ᠳᠡᠳᠭᠦᠮᠵᠢ ᠵᠢᠨ ᠮᠥᠩᠭᠦ ᠵᠢ 30 ᠲᠦᠮᠡᠨ ᠲᠥᠭᠥᠷᠢᠭ ᠪᠠᠶ᠋ᠢᠭᠰᠠᠨ᠎ᠠᠴᠠ 50 ᠲᠦᠮᠡᠨ ᠲᠥᠭᠥᠷᠢᠭ ᠪᠣᠯᠭ᠋ᠠᠵᠤ᠂ ᠰᠢᠨ᠎ᠡ᠎ᠪᠠᠷ ᠪᠠᠶ᠋ᠢᠭᠤᠯᠤᠭᠰᠠᠨ ᠠᠬᠠᠯᠠᠭᠴᠢ ᠳ᠋ᠣᠺᠲ᠋ᠣᠷᠠᠨᠲ᠎ᠤᠨ ᠡᠷᠳᠡᠮ ᠰᠢᠨᠵᠢᠯᠡᠭᠡᠨ᠎ᠤ ᠰᠢᠯᠵᠢᠮᠡᠯ ᠥᠷᠲᠡᠭᠡᠨ᠎ᠳᠤ ᠣᠷᠣᠭᠰᠠᠨ ᠪᠦᠷᠢᠨ ᠳᠤᠰᠢᠶᠠᠯᠲᠤ ᠳ᠋ᠣᠺᠲ᠋ᠣᠷᠠᠨᠲ᠎ᠤᠨ ᠠᠮᠢᠳᠤᠷᠠᠯ᠎ᠤᠨ ᠨᠥᠬᠥᠪᠥᠷᠢ ᠵᠢ ᠬᠥᠮᠦᠨ ᠪᠦᠷᠢ ᠵᠢᠯ ᠪᠦᠷᠢ᠎ᠳᠤ 10 ᠲᠦᠮᠡᠨ ᠲᠥᠭᠥᠷᠢᠭ ᠪᠠᠶ᠋ᠢᠭᠰᠠᠨ᠎ᠢ 15 ᠲᠦᠮᠡᠨ ᠲᠥᠭᠥᠷᠢᠭ ᠪᠣᠯᠭ᠋ᠠᠨ᠂ 2 ᠵᠢᠯ ᠳᠡᠳᠬᠦᠨ ᠳᠤᠰᠠᠯᠠᠨ᠎ᠠ᠂ ᠰᠢᠨ᠎ᠡ᠎ᠪᠠᠷ ᠪᠠᠶ᠋ᠢᠭᠤᠯᠤᠭᠰᠠᠨ ᠠᠬᠠᠯᠠᠭᠴᠢ ᠳ᠋ᠣᠺᠲ᠋ᠣᠷᠠᠨᠲ᠎ᠤᠨ ᠡᠷᠳᠡᠮ ᠰᠢᠨᠵᠢᠯᠡᠭᠡᠨ᠎ᠤ ᠰᠢᠯᠵᠢᠮᠡᠯ ᠥᠷᠲᠡᠭᠡᠨ᠎ᠠᠴᠠ ᠰᠠᠯᠵᠤ ᠰᠤᠷᠭ᠋ᠠᠭᠤᠯᠢ᠎ᠳᠤ ᠦᠯᠡᠳᠡᠭᠰᠡᠨ ᠠᠬᠠᠯᠠᠭᠴᠢ ᠳ᠋ᠣᠺᠲ᠋ᠣᠷᠠᠨᠲ᠎ᠤᠨ ᠡᠷᠳᠡᠮ ᠰᠢᠨᠵᠢᠯᠡᠭᠡᠨ᠎ᠤ ᠵᠠᠷᠤᠳᠠᠯ᠎ᠤᠨ ᠲᠤᠰᠠᠯᠠᠮᠵᠢ ᠵᠢ 30 ᠲᠦᠮᠡᠨ ᠲᠥᠭᠥᠷᠢᠭ ᠪᠠᠶ᠋ᠢᠭᠰᠠᠨ᠎ᠢ 50 ᠲᠦᠮᠡᠨ ᠲᠥᠭᠥᠷᠢᠭ ᠪᠣᠯᠭ᠋ᠠᠨ᠎ᠠ᠃
6. ᠲᠡᠷᠢᠭᠦᠨ᠎ᠤ ᠰᠢᠨᠵᠢᠯᠡᠭᠡᠨ᠎ᠤ ᠰᠠᠯᠠᠭ᠋ᠠᠨ᠎ᠤ ᠪᠠᠶ᠋ᠢᠭᠤᠯᠤᠯᠲᠠ ᠵᠢᠨ ᠶᠡᠬᠡ ᠳᠡᠭᠡᠳᠦ ᠰᠤᠷᠭ᠋ᠠᠭᠤᠯᠢ ᠪᠣᠯᠤᠨ ᠪᠤᠰᠤᠳ ᠶᠡᠬᠡ ᠳᠡᠭᠡᠳᠦ ᠰᠤᠷᠭ᠋ᠠᠭᠤᠯᠢ᠂ ᠰᠢᠨᠵᠢᠯᠡᠬᠦ ᠤᠬᠠᠭ᠋ᠠᠨ᠎ᠤ ᠰᠣᠳᠤᠯᠭ᠋ᠠᠨ᠎ᠤ ᠬᠦᠷᠢᠶᠡᠯᠡᠩ ᠭᠠᠵᠠᠷ᠂ ᠠᠵᠢᠯ ᠲᠥᠷᠥᠯ᠎ᠤᠨ ᠠᠵᠤ ᠠᠬᠤᠶ᠋ᠢᠯᠠᠯ ᠬᠠᠮᠲᠤᠷᠠᠨ ᠳ᠋ᠣᠺᠲ᠋ᠣᠷᠠᠨᠲ ᠮᠠᠰᠲ᠋ᠧᠷ ᠬᠥᠮᠦᠵᠢᠭᠦᠯᠬᠦ ᠵᠢ ᠳᠡᠮᠵᠢᠵᠦ᠂ ᠳ᠋ᠣᠺᠲ᠋ᠣᠷᠠᠨᠲ ᠮᠠᠰᠲ᠋ᠧᠷ᠎ᠢ ᠬᠠᠮᠲᠤᠷᠠᠨ ᠬᠥᠮᠦᠵᠢᠭᠦᠯᠬᠦ ᠲᠤᠰᠬᠠᠢ ᠲᠥᠯᠥᠪᠯᠡᠭᠡ ᠵᠢ ᠪᠠᠶ᠋ᠢᠭᠤᠯᠤᠨ᠂ ᠬᠠᠮᠢᠶ᠎ᠠ ᠪᠦᠬᠦᠢ ᠲᠡᠷᠢᠭᠦᠨ᠎ᠤ ᠰᠢᠨᠵᠢᠯᠡᠭᠡᠨ᠎ᠤ ᠰᠠᠯᠠᠭ᠋ᠠᠨ᠎ᠤ ᠰᠣᠳᠤᠯᠬᠤ ᠰᠤᠷᠤᠭᠴᠢ ᠡᠯᠰᠡᠬᠦ ᠲᠥᠯᠥᠪᠯᠡᠭᠡ᠎ᠳᠤ ᠵᠣᠬᠢᠰᠲᠠᠢ ᠬᠠᠷᠠᠭ᠋ᠠᠯᠵᠠᠯ ᠦᠵᠡᠭᠦᠯᠦᠨ᠎ᠡ᠃
7. ᠲᠡᠷᠢᠭᠦᠨ᠎ᠤ ᠰᠢᠨᠵᠢᠯᠡᠭᠡᠨ᠎ᠤ ᠰᠠᠯᠠᠭ᠋ᠠᠨ᠎ᠤ ᠪᠠᠶ᠋ᠢᠭᠤᠯᠤᠯᠲᠠ ᠵᠢᠨ ᠶᠡᠬᠡ ᠳᠡᠭᠡᠳᠦ ᠰᠤᠷᠭ᠋ᠠᠭᠤᠯᠢ ᠵᠢ ᠠᠵᠢᠯᠲᠠᠨ᠎ᠤ ᠶᠡᠷᠦᠩᠬᠡᠢ ᠲᠣᠭ᠎ᠠ ᠵᠢ ᠬᠠᠮᠢᠶᠠᠷᠬᠤ ᠲᠤᠷᠰᠢᠯᠲᠠ ᠵᠢᠨ ᠴᠡᠭ᠎ᠤᠨ ᠬᠡᠪᠴᠢᠶᠡᠨ᠎ᠳᠤ ᠣᠷᠣᠭᠤᠯᠵᠤ᠂ ᠲᠡᠷᠢᠭᠦᠨ᠎ᠤ ᠰᠢᠨᠵᠢᠯᠡᠭᠡᠨ᠎ᠤ ᠰᠠᠯᠠᠭ᠎ᠠ᠎ᠳᠤ ᠬᠣᠯᠪᠣᠭᠳᠠᠭᠰᠠᠨ ᠳᠡᠭᠡᠳᠦ ᠰᠤᠷᠭ᠋ᠠᠭᠤᠯᠢ ᠰᠠᠯᠪᠤᠷᠢ ᠪᠤᠶᠤ ᠲᠤᠰᠬᠠᠢ ᠮᠡᠷᠭᠡᠵᠢᠯ᠎ᠤᠨ ᠲᠤᠰᠬᠠᠢ ᠬᠠᠷᠢᠭᠤᠴᠠᠬᠤ ᠪᠠᠭᠰᠢ ᠵᠢᠨ ᠶᠡᠷᠦᠩᠬᠡᠢ ᠬᠡᠮᠵᠢᠶ᠎ᠡ᠂ ᠶᠡᠬᠡ ᠳᠡᠭᠡᠳᠦ ᠰᠤᠷᠭ᠋ᠠᠭᠤᠯᠢ ᠵᠢᠨ ᠰᠢᠨᠵᠢᠯᠡᠭᠡᠨ᠎ᠤ ᠰᠠᠯᠠᠭ᠋ᠠᠨ᠎ᠤ ᠣᠨᠴᠠᠯᠢᠭ ᠪᠣᠯᠤᠨ ᠠᠳᠠᠯᠢ ᠪᠤᠰᠤ ᠲᠥᠷᠥᠯ ᠵᠦᠢ᠍ᠯ᠎ᠲᠠᠢ ᠤᠶᠠᠯᠳᠤᠭᠤᠯᠤᠨ ᠦᠨᠡᠯᠡᠨ ᠵᠢᠱ᠌ᠢᠵᠦ ᠨᠤᠲᠠᠯᠠᠭᠰᠠᠨ᠎ᠤ ᠳᠠᠷᠠᠭ᠎ᠠ᠂ ᠰᠤᠷᠤᠭᠴᠢ ᠪᠠᠭᠰᠢ ᠵᠢᠨ ᠬᠠᠷᠢᠴᠠᠯ᠎ᠤᠨ ᠬᠠᠮᠤᠭ᠎ᠤᠨ ᠳᠡᠭᠡᠳᠦ ᠬᠢᠵᠠᠭ᠋ᠠᠷ᠎ᠤᠨ ᠪᠡᠷᠢᠮᠵᠢᠶ᠎ᠠ᠎ᠪᠠᠷ ᠬᠢᠨᠠᠨ ᠳᠣᠭᠲᠠᠭ᠋ᠠᠨ᠎ᠠ; ᠳᠡᠭᠡᠳᠦ ᠰᠤᠷᠭ᠋ᠠᠭᠤᠯᠢ ᠵᠢᠨ ᠣᠳᠣ ᠵᠢᠨ ᠬᠢᠨᠠᠨ ᠲᠣᠭᠲᠠᠭ᠋ᠠᠭᠰᠠᠨ ᠣᠷᠣᠨ ᠲᠣᠭ᠋ᠠᠨ᠎ᠤ ᠶᠡᠷᠦᠩᠬᠡᠢ ᠲᠣᠭ᠎ᠠ ᠬᠦᠷᠦᠯᠴᠡᠬᠦ ᠦᠭᠡᠢ ᠦᠶ᠎ᠡ᠎ᠳᠤ᠂ ᠣᠷᠣᠨ᠎ᠤ ᠰᠢᠭᠤᠳ ᠬᠠᠷᠢᠶ᠎ᠠ ᠴᠢᠳᠠᠪᠤᠷᠢᠲᠠᠨ᠎ᠤ ᠣᠷᠣᠨ ᠲᠣᠭ᠎ᠠ ᠵᠢ ᠬᠡᠷᠡᠭᠯᠡᠨ ᠨᠥᠬᠥᠴᠡᠯ᠎ᠳᠤ ᠨᠡᠶ᠋ᠢᠴᠡᠬᠦ ᠴᠢᠳᠠᠪᠤᠷᠢᠲᠠᠨ ᠢ ᠣᠷᠣᠭᠤᠯᠤᠨ ᠠᠪᠴᠢᠷᠠᠵᠤ᠂ ᠲᠡᠷᠢᠭᠦᠨ᠎ᠤ ᠰᠢᠨᠵᠢᠯᠡᠭᠡᠨ᠎ᠤ ᠰᠠᠯᠠᠭ᠋ᠠᠨ᠎ᠤ ᠪᠠᠭᠰᠢ ᠵᠢᠨ ᠡᠩᠨᠡᠭᠡᠨ᠎ᠤ ᠪᠠᠶ᠋ᠢᠭᠤᠯᠤᠯᠲᠠ᠎ᠳᠤ ᠬᠡᠷᠡᠭᠰᠡᠬᠦ ᠣᠷᠣᠨ ᠲᠣᠭ᠎ᠠ ᠵᠢ ᠪᠦᠬᠦ ᠬᠦᠴᠦᠨ ᠵᠶ᠋ᠠᠷ ᠪᠠᠲᠤᠯᠠᠨ᠎ᠠ᠃
8. ᠲᠡᠷᠢᠭᠦᠨ᠎ᠤ ᠰᠢᠨᠵᠢᠯᠡᠭᠡᠨ᠎ᠤ ᠰᠠᠯᠠᠭ᠋ᠠᠨ᠎ᠤ ᠪᠠᠶ᠋ᠢᠭᠤᠯᠤᠯᠲᠠ ᠵᠢᠨ ᠳᠡᠭᠡᠳᠦ ᠰᠤᠷᠭ᠋ᠠᠭᠤᠯᠢ ᠤᠤᠯ᠎ᠤᠨ ᠳᠡᠭᠡᠳᠦ ᠵᠡᠷᠭᠡ ᠵᠢᠨ ᠲᠤᠰᠬᠠᠢ ᠮᠡᠷᠭᠡᠵᠢᠯ᠎ᠤᠨ ᠠᠵᠢᠯ᠎ᠤᠨ ᠪᠠᠶ᠋ᠢᠷᠢ ᠵᠢᠨ ᠪᠦᠲᠦᠴᠡ ᠵᠢᠨ ᠬᠠᠷᠢᠴᠠᠯ᠎ᠤᠨ ᠰᠠᠭᠤᠷᠢᠨ ᠳᠡᠭᠡᠷ᠎ᠡ 10% ᠵᠢᠨ ᠣᠨᠴᠠᠭ᠋ᠠᠢ ᠠᠵᠢᠯ᠎ᠤᠨ ᠪᠠᠶ᠋ᠢᠷᠢ ᠵᠢ ᠨᠡᠮᠡᠨ ᠲᠣᠬᠢᠷᠠᠭᠤᠯᠵᠤ᠂ ᠪᠠᠴᠢᠮ ᠱᠠᠭ᠋ᠠᠷᠳᠠᠭᠳᠠᠵᠤ ᠪᠠᠶ᠋ᠢᠭ᠎ᠠ ᠳᠡᠭᠡᠳᠦ ᠳᠡᠰ᠎ᠤᠨ ᠴᠢᠳᠠᠪᠤᠷᠢᠲᠠᠨ ᠪᠣᠯᠤᠨ ᠰᠢᠯᠢᠳᠡᠭ ᠵᠠᠯᠠᠭᠤ ᠴᠢᠳᠠᠪᠤᠷᠢᠲᠠᠨ᠎ᠢ ᠤᠷᠢᠬᠤ᠎ᠳᠤ ᠬᠡᠷᠡᠭᠯᠡᠨ᠎ᠡ; ᠵᠢᠩᠬᠢᠨᠢ᠂ ᠳᠡᠳ᠋ ᠳᠡᠭᠡᠳᠦ ᠵᠡᠷᠭᠡ ᠵᠢᠨ ᠠᠵᠢᠯ᠎ᠤᠨ ᠪᠠᠶ᠋ᠢᠷᠢ ᠵᠢᠨ ᠪᠦᠲᠦᠴᠡ ᠵᠢᠨ ᠬᠠᠷᠢᠴᠠᠯ᠎ᠢ ᠡᠵᠡᠨ ᠮᠡᠳᠡᠨ ᠲᠣᠭᠲᠠᠭ᠋ᠠᠵᠤ᠂ ᠠᠵᠢᠯ᠎ᠤᠨ ᠪᠠᠶ᠋ᠢᠷᠢ ᠵᠢᠨ ᠲᠤᠰᠢᠶᠠᠯ᠎ᠤᠨ ᠲᠣᠭ᠎ᠠ᠎ᠠᠴᠠ ᠬᠡᠲᠦᠷᠡᠭᠦᠯᠦᠨ ᠳᠡᠭᠡᠳᠦ ᠵᠡᠷᠭᠡ ᠵᠢᠨ ᠮᠡᠷᠭᠡᠵᠢᠯ᠎ᠤᠨ ᠴᠣᠯᠠ ᠵᠢ ᠭᠤᠶᠤᠴᠢᠯᠠᠬᠤ ᠵᠢ ᠵᠥᠪᠰᠢᠶᠡᠷᠡᠵᠦ᠂ ᠮᠡᠳᠡᠭᠦᠯᠦᠭᠰᠡᠨ ᠶᠡᠷᠦᠩᠬᠡᠢ ᠲᠣᠭ᠎ᠠ ᠵᠢ ᠨᠢᠭᠡᠨᠲᠡ ᠳᠣᠭᠲᠠᠭ᠋ᠠᠭᠰᠠᠨ ᠳᠡᠭᠡᠳᠦ ᠵᠡᠷᠭᠡ ᠵᠢᠨ ᠮᠡᠷᠭᠡᠵᠢᠯ᠎ᠤᠨ ᠴᠣᠯᠠ ᠵᠢᠨ 10% ᠵᠢᠨ ᠳᠣᠲᠣᠷ᠎ᠠ ᠬᠢᠵᠠᠭ᠋ᠠᠷᠯᠠᠨ᠎ᠠ᠃
(ᠭᠤᠷᠪᠠ) ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠵᠢᠴᠢ ᠦᠷ᠎ᠡ ᠪᠦᠲᠦᠭᠡᠯ᠎ᠢ ᠤᠯᠠᠷᠢᠭᠤᠯᠬᠤ ᠵᠢ ᠴᠢᠩᠭ᠋ᠠᠳᠬᠠᠨ᠎ᠠ
9. ᠥᠪᠡᠷᠲᠡᠭᠡᠨ ᠵᠠᠰᠠᠬᠤ ᠣᠷᠣᠨ᠎ᠤ ᠪᠠᠶ᠋ᠢᠭ᠋ᠠᠯᠢ ᠵᠢᠨ ᠰᠢᠨᠵᠢᠯᠡᠬᠦ ᠤᠬᠠᠭ᠋ᠠᠨ᠎ᠤ ᠱᠠᠩᠨᠠᠯ᠂ ᠮᠡᠷᠭᠡᠵᠢᠯ᠎ᠤᠨ ᠡᠭᠦᠳᠦᠯᠲᠡ ᠵᠢᠨ ᠱᠠᠩᠨᠠᠯ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠳᠠᠪᠰᠢᠯᠲᠠ ᠵᠢᠨ ᠱᠠᠩᠨᠠᠯ᠎ᠤᠨ ᠨᠡᠷ᠎ᠡ ᠳᠤᠷᠠᠳᠤᠭᠰᠠᠨ ᠪᠠ ᠭᠦᠨ ᠤᠬᠠᠭ᠋ᠠᠨ ᠨᠡᠶ᠋ᠢᠭᠡᠮ᠎ᠤᠨ ᠰᠢᠨᠵᠢᠯᠡᠬᠦ ᠤᠬᠠᠭ᠋ᠠᠨ᠎ᠤ ᠱᠠᠩᠨᠠᠯ᠎ᠢ ᠦᠨᠡᠯᠡᠨ ᠲᠣᠭᠲᠠᠭ᠋ᠠᠬᠤ ᠶᠠᠪᠤᠴᠠ᠎ᠳᠤ᠂ ᠥᠪᠡᠷᠲᠡᠭᠡᠨ ᠵᠠᠰᠠᠬᠤ ᠣᠷᠣᠨ ᠤ ᠲᠡᠷᠢᠭᠦᠨ᠎ᠤ ᠰᠢᠨᠵᠢᠯᠡᠭᠡᠨ᠎ᠤ ᠰᠠᠯᠠᠭ᠎ᠠ ᠲᠡᠢ᠌ᠰᠢ ᠵᠣᠬᠢᠬᠤ ᠬᠡᠮᠵᠢᠶ᠎ᠡ᠎ᠪᠠᠷ ᠬᠡᠯᠪᠡᠶ᠋ᠢᠯᠭᠡᠨ᠎ᠡ᠃
10. ᠲᠡᠷᠢᠭᠦᠨ᠎ᠤ ᠰᠢᠨᠵᠢᠯᠡᠭᠡᠨ᠎ᠤ ᠰᠠᠯᠠᠭ᠋ᠠᠨ᠎ᠤ ᠪᠠᠶ᠋ᠢᠭᠤᠯᠤᠯᠲᠠ ᠵᠢᠨ ᠶᠡᠬᠡ ᠳᠡᠭᠡᠳᠦ ᠰᠤᠷᠭ᠋ᠠᠭᠤᠯᠢ ᠰᠢᠯᠵᠢᠭᠦᠯᠦᠨ ᠥᠭᠬᠦ᠂ ᠵᠥᠪᠰᠢᠶᠡᠷᠡᠬᠦ᠂ ᠬᠠᠩᠰᠢᠯᠠᠵᠤ ᠬᠤᠪᠢ ᠣᠷᠣᠭᠤᠯᠬᠤ ᠵᠡᠷᠭᠡ ᠬᠡᠯᠪᠡᠷᠢ᠎ᠪᠠᠷ ᠥᠪᠡᠷᠲᠡᠭᠡᠨ ᠵᠠᠰᠠᠬᠤ ᠣᠷᠣᠨ᠎ᠤ ᠳᠣᠲᠣᠷ᠎ᠠ ᠨᠠᠶ᠋ᠢᠳᠠᠪᠤᠷᠢᠵᠢᠭᠤᠯᠤᠭᠰᠠᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠦᠷ᠎ᠡ ᠪᠦᠲᠦᠭᠡᠯ᠎ᠢ ᠤᠯᠠᠷᠢᠭᠤᠯᠬᠤ ᠲᠥᠷᠥᠯ ᠵᠦᠢ᠍ᠯ᠎ᠢ ᠮᠡᠷᠭᠡᠵᠢᠯ᠎ᠤᠨ ᠭᠡᠷ᠎ᠡ ᠶᠣᠰᠣᠭ᠋ᠠᠷ ᠳᠠᠩᠰᠠᠨ᠎ᠳᠤ ᠤᠷᠤᠭᠰᠠᠨ ᠵᠣᠭᠣᠰ᠎ᠤᠨ ᠲᠣᠭ᠎ᠠ ᠪᠤᠶᠤ ᠰᠲ᠋ᠣᠺ᠎ᠤᠨ ᠡᠷᠬᠡ ᠵᠢ ᠨᠤᠭᠤᠯᠤᠨ ᠪᠣᠳᠣᠭᠰᠠᠨ ᠵᠣᠭᠣᠰ᠎ᠤᠨ ᠲᠣᠭ᠎ᠠ᠎ᠨᠢ 200 ᠲᠦᠮᠡᠨ ᠲᠥᠭᠥᠷᠢᠭ᠎ᠠᠴᠠ ᠳᠡᠭᠡᠭᠰᠢ ᠪᠠᠶ᠋ᠢᠪᠠᠯ᠂ ᠠᠰᠢᠭ ᠣᠷᠣᠯᠭ᠎ᠠ ᠵᠢᠨ ᠵᠣᠭᠣᠰ᠎ᠤᠨ ᠲᠣᠭ᠎ᠠ᠎ᠨᠢ 20% ᠵᠢᠨ ᠡᠳ᠋᠎ᠤᠨ ᠵᠠᠰᠠᠭ᠎ᠤᠨ ᠪᠡᠯᠡ ᠮᠥᠩᠭᠥ ᠵᠢᠨ ᠱᠠᠩᠨᠠᠯ ᠣᠯᠭᠣᠨ᠎ᠠ᠃ ᠴᠢᠬᠤᠯᠠ ᠶᠡᠬᠡ ᠦᠷ᠎ᠡ ᠪᠦᠲᠦᠭᠡᠯ᠎ᠢ ᠤᠯᠠᠷᠢᠭᠤᠯᠬᠤ 《ᠨᠢᠭᠡ ᠬᠡᠷᠡᠭ᠎ᠢ ᠨᠢᠭᠡ ᠯᠡ ᠤᠳᠠᠭ᠎ᠠ ᠵᠥᠪᠯᠡᠬᠦ》 ᠵᠢ ᠬᠦᠨᠳᠦ ᠱᠠᠩᠨᠠᠵᠤ᠂ ᠲᠥᠷᠥᠯ ᠪᠦᠷᠢ ᠵᠢᠨ ᠬᠠᠮᠤᠭ᠎ᠤᠨ ᠥᠨᠳᠥᠷ ᠱᠠᠩᠨᠠᠯ 1000 ᠲᠦᠮᠡᠨ ᠲᠥᠭᠥᠷᠢᠭ᠂ ᠡᠭᠦᠨ᠎ᠳᠤ ᠬᠠᠮᠤᠭ᠎ᠤᠨ ᠪᠠᠭ᠎ᠠ᠎ᠳᠤ᠎ᠪᠠᠨ 50% ᠵᠢ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠦᠷ᠎ᠡ ᠪᠥᠲᠦᠭᠡᠯ᠎ᠢ ᠤᠯᠠᠷᠢᠭᠤᠯᠬᠤ᠎ᠳᠤ ᠬᠤᠪᠢ ᠨᠡᠮᠡᠷᠢ ᠦᠵᠡᠭᠦᠯᠦᠭᠰᠡᠨ ᠬᠥᠮᠦᠨ᠎ᠳᠤ ᠬᠡᠷᠡᠭᠯᠡᠨ᠎ᠡ᠃
11. ᠲᠡᠷᠢᠭᠦᠨ᠎ᠤ ᠰᠢᠨᠵᠢᠯᠡᠭᠡᠨ᠎ᠤ ᠰᠠᠯᠠᠭ᠋ᠠᠨ᠎ᠤ ᠪᠠᠶ᠋ᠢᠭᠤᠯᠤᠯᠲᠠ ᠵᠢᠨ ᠳᠡᠭᠡᠳᠦ ᠵᠡᠷᠭᠡ ᠵᠢᠨ ᠲᠤᠰᠬᠠᠢ ᠮᠡᠷᠭᠡᠵᠢᠯ᠎ᠤᠨ ᠦᠷ᠎ᠡ ᠪᠦᠲᠦᠭᠡᠯ᠎ᠢ ᠤᠯᠠᠷᠢᠭᠤᠯᠬᠤ ᠪᠠᠶ᠋ᠢᠭᠤᠯᠤᠮᠵᠢ ᠪᠠ ᠵᠠᠬ᠎ᠠ ᠳᠡᠯᠭᠡᠭᠦᠷᠴᠢᠯᠡᠭᠰᠡᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠦᠷ᠎ᠡ ᠪᠦᠲᠦᠭᠡᠯ᠎ᠢ ᠤᠯᠠᠷᠢᠭᠤᠯᠬᠤ ᠺᠣᠮᠫᠠᠨᠢ ᠪᠠᠶ᠋ᠢᠭᠤᠯᠬᠤ ᠵᠢ ᠳᠡᠮᠵᠢᠵᠦ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠦᠷ᠎ᠡ ᠪᠦᠲᠦᠭᠡᠯ᠎ᠢ ᠤᠯᠠᠷᠢᠭᠤᠯᠬᠤ ᠠᠵᠢᠯ᠎ᠢ ᠡᠷᠬᠢᠯᠡᠵᠦ ᠪᠠᠶ᠋ᠢᠭ᠎ᠠ ᠠᠵᠢᠯᠲᠠᠳ᠎ᠤᠨ ᠮᠡᠷᠭᠡᠵᠢᠯ᠎ᠤᠨ ᠴᠣᠯᠠ ᠵᠢ ᠦᠨᠡᠯᠡᠨ ᠲᠣᠭᠲᠠᠭ᠋ᠠᠬᠤ᠂ ᠠᠵᠢᠯ᠎ᠤᠨ ᠬᠢᠷᠢ ᠪᠦᠲᠦᠮᠵᠢ ᠵᠢ ᠰᠢᠯᠭ᠋ᠠᠨ ᠬᠢᠨᠠᠬᠤ ᠵᠡᠷᠭᠡ ᠲᠠᠯ᠎ᠠ᠎ᠪᠠᠷ ᠵᠢᠭ᠋ᠠᠨ ᠰᠤᠷᠭ᠋ᠠᠯᠲᠠ ᠡᠷᠳᠡᠮ ᠰᠢᠨᠵᠢᠯᠡᠭᠡᠨ᠎ᠤ ᠠᠵᠢᠯᠲᠠᠨ᠎ᠲᠠᠢ ᠠᠳᠠᠯᠢᠬᠠᠨ ᠬᠠᠷᠠᠭ᠋ᠠᠯᠵᠠᠯ ᠬᠦᠷᠲᠡᠭᠡᠨ᠎ᠡ᠃ ᠳᠡᠭᠡᠳᠦ ᠰᠤᠷᠭ᠋ᠠᠭᠤᠯᠢ ᠵᠢᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠦᠷ᠎ᠡ ᠪᠦᠲᠦᠭᠡᠯ᠎ᠢ ᠤᠯᠠᠷᠢᠭᠤᠯᠬᠤ ᠵᠢᠨ ᠠᠰᠢᠭ ᠣᠯᠵᠠᠪᠤᠷᠢ ᠵᠢ ᠰᠠᠯᠠᠭ᠎ᠠ ᠮᠥᠴᠢᠷ᠂ ᠤᠯᠠᠷᠢᠭᠤᠯᠬᠤ ᠪᠠᠶ᠋ᠢᠭᠤᠯᠤᠮᠵᠢ ᠪᠠ ᠦᠢ᠍ᠯᠡᠴᠢᠯᠡᠭᠡᠨ᠎ᠤ ᠪᠦᠯᠬᠦᠮ ᠨᠡᠶ᠋ᠢᠲᠡ ᠵᠢᠨ ᠪᠠᠶ᠋ᠢᠭᠤᠯᠤᠯᠲᠠ᠎ᠳᠤ ᠬᠡᠷᠡᠭᠯᠡᠬᠦ ᠵᠢ ᠳᠡᠮᠵᠢᠨ᠎ᠡ᠃
12. ᠲᠡᠷᠢᠭᠦᠨ᠎ᠤ ᠰᠢᠨᠵᠢᠯᠡᠭᠡᠨ᠎ᠤ ᠰᠠᠯᠠᠭ᠋ᠠᠨ᠎ᠤ ᠪᠠᠶ᠋ᠢᠭᠤᠯᠤᠯᠲᠠ ᠵᠢᠨ ᠶᠡᠬᠡ ᠳᠡᠭᠡᠳᠦ ᠰᠤᠷᠭ᠋ᠠᠭᠤᠯᠢ᠎ᠳᠤ ᠡᠷᠳᠡᠮ ᠰᠢᠨᠵᠢᠯᠡᠭᠡᠨ᠎ᠤ ᠠᠵᠢᠯᠲᠠᠨ᠎ᠳᠤ ᠣᠯᠭᠣᠭᠰᠠᠨ ᠲᠤᠰᠢᠶᠠᠯ᠎ᠤᠨ ᠡᠷᠳᠡᠮ ᠰᠢᠨᠵᠢᠯᠡᠭᠡᠨ᠎ᠤ ᠦᠷ᠎ᠡ ᠪᠦᠲᠦᠭᠡᠯ᠎ᠤᠨ ᠥᠮᠴᠢᠯᠡᠯ᠎ᠤᠨ ᠡᠷᠬᠡ ᠪᠤᠶᠤ ᠤᠷᠲᠤ ᠬᠤᠭᠤᠴᠠᠭ᠎ᠠ᠎ᠪᠠᠷ ᠬᠡᠷᠡᠭᠯᠡᠬᠦ ᠡᠷᠬᠡ ᠵᠢᠨ ᠥᠭᠡᠷᠡᠴᠢᠯᠡᠯᠲᠡ ᠵᠢ ᠪᠦᠬᠦ ᠲᠠᠯ᠎ᠠ᠎ᠪᠠᠷ ᠳᠡᠯᠭᠡᠷᠡᠭᠦᠯᠵᠦ᠂ ᠡᠷᠳᠡᠮ ᠰᠢᠨᠵᠢᠯᠡᠭᠡᠨ᠎ᠤ ᠠᠵᠢᠯᠲᠠᠨ᠎ᠤ ᠰᠢᠨ᠎ᠡ ᠵᠢ ᠡᠭᠦᠳᠬᠦ ᠢᠳᠡᠪᠬᠢᠵᠢᠯ᠎ᠢ ᠤᠯᠠᠮ ᠨᠢᠭᠡ ᠠᠯᠬᠤᠮ ᠬᠥᠭᠵᠢᠭᠡᠨ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠦᠷ᠎ᠡ ᠪᠦᠲᠦᠭᠡᠯ᠎ᠢ ᠰᠢᠯᠵᠢᠭᠦᠯᠵᠦ ᠤᠯᠠᠷᠢᠭᠤᠯᠬᠤ ᠵᠢ ᠠᠬᠢᠭᠤᠯᠤᠨ᠎ᠠ᠃
ᠭᠤᠷᠪᠠ᠂ ᠵᠣᠬᠢᠶᠠᠨ ᠪᠠᠶ᠋ᠢᠭᠤᠯᠤᠨ ᠬᠡᠷᠡᠭᠵᠢᠭᠦᠯᠬᠦ
(ᠨᠢᠭᠡ) ᠵᠣᠬᠢᠶᠠᠨ ᠪᠠᠶ᠋ᠢᠭᠤᠯᠤᠯᠲᠠ ᠵᠢᠨ ᠤᠳᠤᠷᠢᠳᠤᠯᠭ᠎ᠠ ᠵᠢ ᠴᠢᠩᠭ᠋ᠠᠳᠬᠠᠨ᠎ᠠ᠃ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ ᠲᠦᠷᠦᠭᠦᠯᠡᠨ᠂ ᠡᠯ᠎ᠡ ᠬᠣᠯᠪᠣᠭᠳᠠᠯ ᠪᠦᠬᠦᠢ ᠰᠠᠯᠠᠭ᠎ᠠ ᠮᠥᠴᠢᠷ᠎ᠲᠠᠢ ᠬᠠᠮᠲᠤᠷᠠᠨ ᠲᠢᠩᠬᠢᠮ᠎ᠤᠨ ᠬᠣᠭᠣᠷᠣᠨᠳᠣᠬᠢ ᠲᠡᠷᠢᠭᠦᠨ᠎ᠤ ᠰᠢᠨᠵᠢᠯᠡᠭᠡᠨ᠎ᠤ ᠰᠠᠯᠠᠭ᠋ᠠᠨ᠎ᠤ ᠪᠠᠶ᠋ᠢᠭᠤᠯᠤᠯᠲᠠ ᠵᠢᠨ ᠠᠵᠢᠯ᠎ᠢ ᠵᠣᠬᠢᠴᠠᠭᠤᠯᠬᠤ ᠲᠣᠭᠲᠠᠴᠠ ᠵᠢ ᠪᠠᠶ᠋ᠢᠭᠤᠯᠵᠤ᠂ ᠡᠭᠦᠷᠭᠡ ᠴᠢᠳᠠᠮᠵᠢᠲᠤ ᠠᠵᠢᠯ᠎ᠤᠨ ᠬᠤᠪᠢᠶᠠᠷᠢᠯᠠᠯ ᠶᠣᠰᠣᠭ᠋ᠠᠷ᠂ ᠲᠥᠯᠦᠪᠵᠢᠭᠦᠯᠬᠦ ᠪᠠ ᠪᠠᠢ᠌ᠷᠢᠯᠠᠭᠤᠯᠬᠤ᠂ ᠡᠭᠦᠷᠭᠡ ᠬᠡᠷᠡᠭᠵᠢᠭᠦᠯᠬᠦ᠂ ᠪᠠᠲᠤᠯᠠᠨ ᠳᠡᠮᠵᠢᠬᠦ᠂ ᠬᠢᠨᠠᠯᠲᠠ ᠲᠠᠯᠪᠢᠵᠤ ᠬᠠᠮᠢᠶᠠᠷᠬᠤ ᠵᠡᠷᠭᠡ ᠠᠵᠢᠯ᠎ᠢ ᠥᠷᠨᠢᠭᠦᠯᠵᠦ᠂ ᠪᠦᠲᠦᠭᠡᠨ ᠪᠠᠶ᠋ᠢᠭᠤᠯᠤᠯᠲᠠ ᠵᠢᠨ ᠠᠵᠢᠯ᠎ᠳᠠᠬᠢ ᠬᠦᠴᠢᠷᠳᠡᠯ ᠪᠣᠯᠤᠨ ᠠᠰᠠᠭᠤᠳᠠᠯ᠎ᠢ ᠵᠣᠬᠢᠴᠠᠭᠤᠯᠤᠨ ᠰᠢᠢ᠍ᠳᠪᠦᠷᠢᠯᠡᠨ᠎ᠡ᠃ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ ᠥᠪᠡᠷᠲᠡᠭᠡᠨ ᠵᠠᠰᠠᠬᠤ ᠣᠷᠣᠨ᠎ᠤ ᠶᠡᠬᠡ ᠳᠡᠭᠡᠳᠦ ᠰᠤᠷᠭ᠋ᠠᠭᠤᠯᠢ ᠵᠢᠨ ᠰᠢᠨᠵᠢᠯᠡᠭᠡᠨ᠎ᠤ ᠰᠠᠯᠠᠭ᠋ᠠᠨ᠎ᠤ ᠪᠠᠶ᠋ᠢᠭᠤᠯᠤᠯᠲᠠ ᠵᠢᠨ ᠵᠢᠯᠣᠭᠣᠳᠬᠤ ᠵᠥᠪᠯᠡᠯ ᠵᠡᠷᠭᠡ ᠲᠤᠰᠬᠠᠢ ᠮᠡᠷᠭᠡᠵᠢᠯᠲᠡᠨ᠎ᠤ ᠵᠣᠬᠢᠶᠠᠨ ᠪᠠᠢ᠌ᠭᠤᠯᠤᠯᠲᠠ ᠵᠢᠨ ᠦᠢ᠍ᠯᠡᠳᠦᠯ᠎ᠢ ᠭᠦᠢ᠍ᠴᠡᠳ ᠪᠠᠳᠠᠷᠠᠭᠤᠯᠵᠤ᠂ ᠲᠡᠷᠢᠭᠦᠨ᠎ᠤ ᠰᠢᠨᠵᠢᠯᠡᠭᠡᠨ᠎ᠤ ᠰᠠᠯᠠᠭ᠋ᠠᠨ᠎ᠤ ᠪᠠᠶ᠋ᠢᠭᠤᠯᠤᠯᠲᠠ ᠵᠢᠨ ᠲᠥᠯᠥᠪᠵᠢᠭᠦᠯᠭᠡ᠂ ᠠᠵᠢᠯ᠎ᠤᠨ ᠲᠥᠰᠦᠯ᠂ ᠪᠡᠯᠡ ᠮᠥᠩᠭᠥ ᠵᠢᠨ ᠲᠣᠬᠢᠷᠠᠭᠤᠯᠤᠯᠲᠠ᠂ ᠪᠠᠶ᠋ᠢᠭᠤᠯᠤᠯᠲᠠ ᠵᠢᠨ ᠦᠷ᠎ᠡ ᠪᠦᠲᠦᠮᠵᠢ ᠵᠡᠷᠭᠡ ᠵᠢ ᠬᠢᠨᠠᠨ ᠳᠣᠭᠲᠠᠭ᠋ᠠᠵᠤ ᠦᠨᠡᠯᠡᠬᠦ ᠪᠠ ᠵᠢᠯᠣᠭᠣᠳᠬᠤ ᠵᠢ ᠥᠷᠨᠢᠭᠦᠯᠦᠨ᠎ᠡ᠃
(ᠬᠣᠶᠠᠷ) ᠲᠥᠷᠥ ᠵᠢᠨ ᠪᠣᠳᠣᠯᠭ᠎ᠠ ᠵᠢᠨ ᠨᠠᠶ᠋ᠢᠳᠠᠪᠤᠷᠢᠵᠢᠭᠤᠯᠤᠯᠲᠠ ᠵᠢ ᠴᠢᠩᠭ᠋ᠠᠳᠬᠠᠨ᠎ᠠ᠃ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ ᠲᠤᠰ ᠠᠵᠢᠯᠯᠠᠭ᠋ᠠᠨ᠎ᠤ ᠲᠥᠯᠥᠪᠯᠡᠭᠡ ᠵᠢ ᠦᠨᠳᠦᠰᠦᠯᠡᠨ ᠵᠢᠯ᠎ᠤᠨ ᠠᠵᠢᠯ᠎ᠤᠨ ᠡᠭᠦᠷᠭᠡ ᠵᠢᠨ ᠨᠠᠷᠢᠨ ᠳᠠᠩᠰᠠ ᠵᠢ ᠲᠣᠭᠲᠠᠭ᠋ᠠᠵᠤ᠂ ᠡᠯ᠎ᠡ ᠬᠠᠷᠢᠭᠤᠴᠠᠯᠭ᠋ᠠᠲᠤ ᠨᠢᠭᠡᠴᠢ ᠵᠢᠨ ᠬᠠᠷᠠᠯᠲᠠᠲᠤ ᠡᠭᠦᠷᠭᠡ ᠪᠠ ᠪᠣᠳᠠᠲᠠᠢ ᠠᠷᠭ᠎ᠠ ᠬᠡᠮᠵᠢᠶ᠎ᠡ ᠵᠢ ᠲᠣᠳᠣᠷᠬᠠᠶ᠋ᠢᠯᠠᠬᠤ ᠵᠢᠨ ᠬᠠᠮᠲᠤ ᠵᠢᠯ᠎ᠤᠨ ᠠᠵᠢᠯ᠎ᠤᠨ ᠡᠭᠦᠷᠭᠡ᠎ᠪᠠᠨ ᠪᠡᠶᠡᠯᠡᠭᠦᠯᠦᠭᠰᠡᠨ ᠪᠠᠶ᠋ᠢᠳᠠᠯ᠎ᠢ ᠳ᠋ᠦᠩᠨᠡᠵᠦ ᠦᠨᠡᠯᠡᠬᠦ ᠵᠢ ᠵᠢᠯᠣᠭᠣᠳᠤᠨ᠎ᠠ; ᠬᠣᠯᠪᠣᠭᠳᠠᠯ ᠪᠦᠬᠦᠢ ᠰᠠᠯᠠᠭ᠎ᠠ ᠮᠥᠴᠢᠷ᠎ᠲᠠᠢ ᠬᠠᠮᠲᠤᠷᠠᠨ ᠳᠡᠭᠡᠳᠦ ᠰᠤᠷᠭ᠋ᠠᠭᠤᠯᠢ ᠵᠢᠨ ᠤᠯᠤᠰ ᠪᠠ ᠥᠪᠡᠷᠲᠡᠭᠡᠨ ᠵᠠᠰᠠᠬᠤ ᠣᠷᠣᠨ᠎ᠤ ᠨᠡᠶ᠋ᠢᠲᠡᠯᠡᠭᠰᠡᠨ ᠴᠢᠳᠠᠪᠤᠷᠢᠲᠠᠨ᠎ᠢ ᠣᠷᠣᠭᠤᠯᠤᠨ ᠠᠪᠴᠢᠷᠠᠵᠤ ᠬᠥᠮᠦᠵᠢᠭᠦᠯᠬᠦ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ᠂ ᠵᠠᠷᠤᠳᠠᠯ᠎ᠤᠨ ᠪᠡᠯᠡ ᠣᠷᠣᠭᠤᠯᠤᠯᠲᠠ ᠵᠡᠷᠭᠡ ᠳᠡᠮᠵᠢᠬᠦ ᠲᠥᠷᠥ ᠵᠢᠨ ᠪᠣᠳᠣᠯᠭ᠎ᠠ ᠵᠢ ᠭᠦᠢ᠍ᠴᠡᠳ ᠰᠠᠶ᠋ᠢᠲᠤᠷ ᠬᠡᠷᠡᠭᠯᠡᠬᠦ ᠵᠢ ᠵᠢᠯᠣᠭᠣᠳᠴᠤ᠂ ᠳᠠᠷᠠᠭ᠋ᠠᠴᠢ ᠵᠢᠨ ᠳᠡᠮᠵᠢᠬᠦ ᠲᠥᠷᠥ ᠵᠢᠨ ᠪᠣᠳᠣᠯᠭ᠎ᠠ᠎ᠨᠢ ᠲᠤᠰ ᠪᠢᠴᠢᠭ ᠮᠠᠲ᠋ᠧᠷᠢᠶᠠᠯ᠎ᠤᠨ ᠲᠣᠭᠲᠠᠭ᠋ᠠᠯ᠎ᠠᠴᠠ ᠥᠨᠳᠥᠷ ᠪᠠᠶ᠋ᠢᠪᠠᠯ᠂ ᠬᠠᠮᠤᠭ᠎ᠤᠨ ᠰᠢᠨ᠎ᠡ ᠲᠥᠷᠥ ᠵᠢᠨ ᠪᠣᠳᠣᠯᠭ᠎ᠠ ᠵᠢᠨ ᠶᠣᠰᠣᠭ᠋ᠠᠷ ᠬᠡᠷᠡᠭᠵᠢᠭᠦᠯᠦᠨ᠎ᠡ; ᠬᠥᠭᠵᠢᠭᠦᠯᠦᠯᠲᠡ ᠥᠭᠡᠷᠡᠴᠢᠯᠡᠯᠲᠡ ᠵᠢᠨ ᠵᠥᠪᠯᠡᠯ᠂ ᠡᠳ᠋᠎ᠤᠨ ᠵᠠᠰᠠᠭ᠎ᠤᠨ ᠲᠢᠩᠬᠢᠮ᠎ᠲᠠᠢ ᠬᠠᠮᠲᠤᠷᠠᠨ ᠬᠠᠷᠠᠯᠲᠠ᠎ᠪᠠᠨ ᠪᠡᠶᠡᠯᠡᠭᠦᠯᠦᠭᠰᠡᠨ᠂ ᠦᠷ᠎ᠡ ᠪᠦᠲᠦᠭᠡᠯ ᠭᠠᠷᠭ᠋ᠠᠭᠰᠠᠨ᠂ ᠠᠵᠢᠯ᠎ᠤᠨ ᠬᠢᠷᠢ ᠪᠦᠲᠦᠮᠵᠢ ᠬᠢᠷᠢ ᠲᠦᠪᠰᠢᠨ᠎ᠪᠠᠷ ᠭᠣᠣᠯ ᠪᠣᠯᠭ᠋ᠠᠭᠰᠠᠨ ᠦᠨᠡᠯᠡᠬᠦ ᠲᠣᠭᠲᠠᠴᠠ ᠵᠢ ᠪᠠᠶ᠋ᠢᠭᠤᠯᠵᠤ᠂ ᠲᠡᠷᠢᠭᠦᠨ᠎ᠤ ᠰᠢᠨᠵᠢᠯᠡᠭᠡᠨ᠎ᠤ ᠰᠠᠯᠠᠭ᠎ᠠ ᠵᠢᠴᠢ ᠪᠦᠲᠦᠭᠡᠨ ᠪᠠᠶ᠋ᠢᠭᠤᠯᠬᠤ ᠳᠡᠭᠡᠳᠦ ᠰᠤᠷᠭ᠋ᠠᠭᠤᠯᠢ ᠳᠤ ᠰᠢᠨᠵᠢᠯᠡᠬᠦ ᠤᠬᠠᠭ᠋ᠠᠨᠴᠢ ᠦᠨᠡᠯᠡᠯᠲᠡ ᠪᠠ ᠬᠥᠳᠡᠯᠦᠩᠭᠦᠢ ᠲᠣᠬᠢᠷᠠᠭᠤᠯᠤᠯᠲᠠ ᠬᠢᠨ᠎ᠡ᠃
(ᠭᠤᠷᠪᠠ) ᠭᠣᠣᠯ ᠴᠣᠭᠴᠠ ᠵᠢᠨ ᠬᠠᠷᠢᠭᠤᠴᠠᠯᠭ᠎ᠠ ᠵᠢ ᠪᠣᠳᠠᠲᠠᠢ᠌ᠵᠢᠭᠤᠯᠤᠨ᠎ᠠ᠃ ᠶᠡᠬᠡ ᠳᠡᠭᠡᠳᠦ ᠰᠤᠷᠭ᠋ᠠᠭᠤᠯᠢ ᠲᠡᠷᠢᠭᠦᠨ᠎ᠤ ᠰᠢᠨᠵᠢᠯᠡᠭᠡᠨ᠎ᠤ ᠰᠠᠯᠠᠭ᠋ᠠᠨ᠎ᠤ ᠪᠠᠶ᠋ᠢᠭᠤᠯᠤᠯᠲᠠ ᠵᠢ ᠲᠦᠷᠭᠡᠳᠬᠡᠨ ᠠᠬᠢᠭᠤᠯᠬᠤ ᠭᠣᠣᠯ ᠴᠣᠭᠴᠠ ᠵᠢᠨ ᠬᠠᠷᠢᠭᠤᠴᠠᠯᠭ᠎ᠠ ᠵᠢ ᠡᠷᠡᠰ ᠡᠭᠦᠷᠭᠡᠯᠡᠵᠦ᠂ ᠰᠢᠨ᠎ᠡ ᠡᠭᠡᠯᠵᠢ ᠵᠢᠨ ᠤᠯᠤᠰ᠎ᠤᠨ 《ᠬᠣᠣᠰ ᠲᠡᠷᠢᠭᠦᠨ》᠎ᠤ ᠪᠠᠶ᠋ᠢᠭᠤᠯᠤᠯᠲᠠ ᠵᠢᠨ ᠪᠠᠷᠢᠮᠵᠢᠶ᠎ᠠ ᠪᠣᠯᠤᠨ ᠲᠤᠰ ᠰᠤᠷᠭ᠋ᠠᠭᠤᠯᠢ ᠵᠢᠨ ᠲᠡᠷᠢᠭᠦᠨ᠎ᠤ ᠰᠢᠨᠵᠢᠯᠡᠭᠡᠨ᠎ᠤ ᠰᠠᠯᠠᠭ᠋ᠠᠨ᠎ᠤ ᠪᠠᠶ᠋ᠢᠭᠤᠯᠤᠯᠲᠠ ᠵᠢᠨ ᠬᠠᠷᠠᠯᠲᠠ᠎ᠯᠤᠭ᠎ᠠ ᠬᠠᠷᠢᠴᠠᠭᠤᠯᠤᠨ᠂ ᠲᠤᠰ ᠰᠤᠷᠭ᠋ᠠᠭᠤᠯᠢ ᠵᠢᠨ ᠵᠶ᠋ᠠᠨ 《ᠲᠡᠷᠢᠭᠦᠨ᠎ᠤ ᠰᠢᠨᠵᠢᠯᠡᠭᠡᠨ᠎ᠤ ᠰᠠᠯᠠᠭ᠋ᠠᠨ᠎ᠤ ᠪᠠᠶ᠋ᠢᠭᠤᠯᠤᠯᠲᠠ ᠵᠢᠨ ᠲᠥᠰᠦᠯ》᠎ᠢ ᠲᠣᠭᠲᠠᠭ᠋ᠠᠬᠤ ᠵᠢᠨ ᠬᠠᠮᠲᠤ᠂ ᠥᠪᠡᠷᠲᠡᠭᠡᠨ ᠵᠠᠰᠠᠬᠤ ᠣᠷᠣᠨ᠎ᠤ ᠲᠣᠭᠲᠠᠭ᠋ᠠᠭᠰᠠᠨ ᠠᠳᠠᠯᠢ ᠪᠤᠰᠤ ᠳᠡᠰ᠎ᠤᠨ ᠲᠡᠷᠢᠭᠦᠨ᠎ᠤ ᠰᠢᠨᠵᠢᠯᠡᠭᠡᠨ᠎ᠤ ᠰᠠᠯᠠᠭ᠋ᠠᠨ᠎ᠤ ᠪᠠᠶ᠋ᠢᠭᠤᠯᠤᠯᠲᠠ ᠵᠢᠨ ᠬᠠᠷᠠᠯᠲᠠ ᠶᠣᠰᠣᠭ᠋ᠠᠷ᠂ 《ᠨᠢᠭᠡ ᠰᠢᠨᠵᠢᠯᠡᠭᠡᠨ᠎ᠤ ᠰᠠᠯᠠᠭ᠎ᠠ ᠨᠢᠭᠡ ᠲᠥᠰᠦᠯ》᠎ᠤᠨ ᠵᠠᠷᠴᠢᠮ ᠶᠣᠰᠣᠭ᠋ᠠᠷ᠂ ᠬᠤᠪᠢᠶᠠᠷᠢ ᠰᠢᠨᠵᠢᠯᠡᠭᠡᠨ᠎ᠤ ᠰᠠᠯᠠᠭ᠋ᠠᠨ᠎ᠤ ᠪᠠᠢ᠌ᠭᠤᠯᠤᠯᠲᠠ ᠵᠢᠨ ᠲᠥᠰᠦᠯ᠎ᠢ ᠨᠠᠷᠢᠯᠢᠭᠵᠢᠭᠤᠯᠤᠨ᠎ᠠ᠃ ᠰᠤᠷᠭ᠋ᠠᠭᠤᠯᠢ ᠵᠢᠨ ᠤᠳᠤᠷᠢᠳᠬᠤ ᠪᠠᠭ᠎ᠤᠨ ᠪᠦᠷᠢᠯᠳᠦᠬᠦᠨ᠎ᠤ ᠴᠠᠯᠢᠩ ᠬᠥᠯᠥᠰᠦᠨᠤ ᠬᠠᠮᠢᠶᠠᠷᠤᠯᠲᠠ ᠵᠢᠨ ᠠᠷᠭ᠎ᠠ ᠵᠢ ᠲᠣᠭᠲᠠᠭ᠋ᠠᠨ ᠲᠡᠭᠦᠯᠳᠡᠷᠵᠢᠭᠦᠯᠵᠦ᠂ ᠠᠵᠢᠯ᠎ᠤᠨ ᠬᠢᠷᠢ ᠪᠦᠲᠦᠮᠵᠢ ᠵᠢᠨ ᠴᠠᠯᠢᠩ᠎ᠢ ᠬᠢᠨᠠᠨ ᠰᠢᠯᠭ᠋ᠠᠭᠰᠠᠨ ᠦᠷ᠎ᠡ ᠳ᠋ᠦᠩ᠎ᠯᠦᠭᠡ ᠬᠣᠯᠪᠤᠭᠳᠠᠭᠤᠯᠤᠨᠠ᠃ ᠬᠠᠷᠢᠭᠤᠴᠠᠯᠭ᠎ᠠ ᠳᠠᠮᠵᠢᠭᠤᠯᠬᠤ ᠪᠠ ᠡᠭᠦᠷᠭᠡ ᠨᠠᠶ᠋ᠢᠳᠠᠪᠤᠷᠢᠵᠢᠭᠤᠯᠬᠤ ᠲᠣᠭᠲᠠᠴᠠ ᠵᠢ ᠲᠡᠭᠦᠯᠳᠡᠷᠵᠢᠭᠦᠯᠵᠦ᠂ ᠠᠵᠢᠯ᠎ᠤᠨ ᠲᠣᠬᠢᠷᠠᠭᠤᠯᠤᠯᠲᠠ ᠵᠢ ᠴᠢᠩᠭ᠋ᠠᠳᠬᠠᠨ᠂ ᠭᠠᠳᠠᠭ᠋ᠠᠳᠤ᠎ᠯᠤᠭ᠎ᠠ ᠵᠢᠨ ᠰᠣᠯᠢᠯᠴᠠᠭ᠎ᠠ ᠬᠠᠮᠲᠤᠷᠠᠯᠴᠠᠭ᠎ᠠ ᠵᠢ ᠴᠢᠩᠭ᠋ᠠᠳᠬᠠᠵᠤ᠂ ᠪᠦᠲᠦᠭᠡᠨ ᠪᠠᠶ᠋ᠢᠭᠤᠯᠤᠯᠲᠠ ᠵᠢᠨ ᠵᠠᠷᠤᠳᠠᠯ᠎ᠢ ᠦᠨᠡᠨ ᠬᠦ᠌ ᠰᠠᠶ᠋ᠢᠲᠤᠷ ᠬᠠᠮᠢᠶᠠᠷᠴᠤ ᠰᠠᠶ᠋ᠢᠲᠤᠷ ᠬᠡᠷᠡᠭᠯᠡᠨ᠂ ᠡᠬᠢ ᠪᠠᠶᠠᠯᠢᠭ᠎ᠤᠨ ᠲᠣᠬᠢᠷᠠᠭᠤᠯᠤᠯᠲᠠ ᠵᠢᠨ ᠦᠷ᠎ᠡ ᠠᠰᠢᠭ ᠪᠠ ᠬᠠᠮᠢᠶᠠᠷᠤᠯᠲᠠ ᠵᠢᠨ ᠦᠢ᠍ᠯᠡᠴᠢᠯᠡᠭᠡᠨ᠎ᠤ ᠦᠢ᠍ᠯᠡᠳᠦᠯ ᠴᠢᠳᠠᠪᠤᠷᠢ ᠵᠢ ᠳᠡᠭᠡᠭᠰᠢᠯᠡᠭᠦᠯᠦᠨ᠂ ᠲᠡᠷᠢᠭᠦᠨ᠎ᠤ ᠰᠢᠨᠵᠢᠯᠡᠭᠡᠨ᠎ᠤ ᠰᠠᠯᠠᠭ᠋ᠠᠨ᠎ᠤ ᠪᠠᠶ᠋ᠢᠭᠤᠯᠤᠯᠲᠠ ᠵᠢᠨ ᠠᠵᠢᠯ᠎ᠤᠨ ᠨᠠᠶ᠋ᠢᠳᠠᠪᠤᠷᠢᠵᠢᠭᠤᠯᠤᠯᠲᠠ ᠵᠢ ᠦᠨᠡᠨ ᠬᠦ᠌ ᠪᠠᠲᠤᠯᠠᠨ᠎ᠠ᠃