ᠥᠪᠥᠷ ᠵᠠᠰᠠᠭ ᠲᠠᠷᠬᠠᠭ᠋ᠠᠭᠰᠠᠨ [2024] 5 ᠳ᠋ᠤᠭ᠋ᠠᠷ ᠲᠣᠭ᠋ᠠᠲᠤ
ᠡᠯ᠎ᠡ ᠠᠶ᠋ᠢᠮᠠᠭ ᠬᠣᠲᠠ ᠵᠢᠨ ᠰᠤᠷᠭ᠋ᠠᠨ ᠬᠥᠮᠦᠵᠢᠯ (ᠰᠤᠷᠭ᠋ᠠᠨ ᠬᠥᠮᠦᠵᠢᠯ ᠪᠡᠶ᠎ᠡ ᠵᠢᠨ ᠲᠠᠮᠢᠷ)᠎ᠤᠨ ᠲᠣᠪᠴᠢᠶ᠎ᠠ᠂ ᠢᠨᠲ᠋ᠧᠷ ᠰᠦᠯᠵᠢᠶᠡᠨ᠎ᠤ ᠮᠡᠳᠡᠭᠡ ᠵᠠᠩᠭᠢ ᠵᠢᠨ ᠠᠯᠪᠠᠨ ᠭᠡᠷ᠂ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠣᠪᠴᠢᠶ᠎ᠠ᠂ ᠡᠳ᠋᠎ᠤᠨ ᠵᠠᠰᠠᠭ᠎ᠤᠨ ᠲᠣᠪᠴᠢᠶ᠎ᠠ᠂ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠲᠣᠪᠴᠢᠶ᠎ᠠ᠂ ᠠᠮᠢ ᠠᠬᠤᠢ ᠣᠷᠴᠢᠨ ᠲᠣᠭᠣᠷᠢᠨ᠎ᠤ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠢ ᠵᠢᠨ ᠲᠣᠪᠴᠢᠶ᠎ᠠ᠂ ᠡᠪᠯᠡᠯ᠎ᠤᠨ ᠬᠣᠷᠢᠶ᠎ᠠ᠂ ᠡᠮᠡᠭᠲᠡᠶ᠋ᠢᠴᠦᠳ᠎ᠤᠨ ᠬᠣᠯᠪᠣᠭ᠋ᠠᠲᠤ ᠬᠤᠷᠠᠯ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠨᠡᠶ᠋ᠢᠭᠡᠮᠯᠢᠭ᠂ ᠪᠠᠭ᠋ᠠᠴᠤᠳ᠎ᠤᠨ ᠠᠵᠢᠯ᠎ᠤᠨ ᠵᠥᠪᠯᠡᠯ᠎ᠳᠤ᠄
《ᠰᠤᠷᠭ᠋ᠠᠨ ᠬᠥᠮᠦᠵᠢᠯ᠎ᠤᠨ ᠶᠠᠮᠤᠨ ᠵᠡᠷᠭᠡ ᠠᠷᠪᠠᠨ ᠨᠠᠢ᠍ᠮᠠᠨ ᠰᠠᠯᠠᠭ᠎ᠠ ᠮᠥᠴᠢᠷ᠎ᠤᠨ ᠰᠢᠨ᠎ᠡ ᠴᠠᠭ ᠦᠶ᠎ᠡ ᠵᠢᠨ ᠳᠤᠮᠳᠠᠳᠤ ᠪᠠᠭ᠎ᠠ ᠰᠤᠷᠭ᠋ᠠᠭᠤᠯᠢ ᠵᠢᠨ ᠰᠢᠨᠵᠢᠯᠡᠬᠦ ᠤᠬᠠᠭ᠋ᠠᠨ᠎ᠤ ᠰᠤᠷᠭ᠋ᠠᠨ ᠬᠥᠮᠦᠵᠢᠯ᠎ᠤᠨ ᠠᠵᠢᠯ᠎ᠢ ᠴᠢᠩᠭ᠋ᠠᠳᠬᠠᠬᠤ ᠲᠤᠬᠠᠢ ᠰᠠᠨᠠᠯ》 (ᠰᠤᠷᠭ᠋ᠠᠨ ᠬᠢᠨᠠᠯᠲᠠ ᠬᠠᠮᠢᠶᠠᠷᠤᠯᠲᠠ [2023] 2 ᠳ᠋ᠤᠭ᠋ᠠᠷ ᠲᠣᠭ᠋ᠠᠲᠤ)᠎ᠤᠨ ᠪᠢᠴᠢᠭ ᠮᠠᠲ᠋ᠧᠷᠢᠶᠠᠯ᠎ᠤᠨ ᠵᠣᠷᠢᠭ ᠰᠠᠨᠠᠭ᠎ᠠ ᠵᠢ ᠦᠨᠳᠦᠰᠦᠯᠡᠨ᠂ ᠣᠳᠣᠬᠠᠨ᠎ᠤ ᠮᠠᠨ᠎ᠤ ᠣᠷᠣᠨ᠎ᠤ ᠰᠢᠨᠵᠢᠯᠡᠬᠦ ᠤᠬᠠᠭ᠋ᠠᠨ᠎ᠤ ᠰᠤᠷᠭ᠋ᠠᠨ ᠬᠥᠮᠦᠵᠢᠯ᠎ᠤᠨ ᠬᠥᠭᠵᠢᠯᠲᠡ ᠵᠢᠨ ᠣᠳᠣᠬᠢ ᠪᠠᠶ᠋ᠢᠳᠠᠯ᠎ᠲᠠᠢ ᠤᠶᠠᠯᠳᠤᠭᠤᠯᠤᠨ᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ ᠵᠡᠷᠭᠡ ᠠᠷᠪᠠᠨ ᠭᠤᠷᠪᠠᠨ ᠰᠠᠯᠠᠭ᠎ᠠ ᠮᠥᠴᠢᠷ᠎ᠤᠨ ᠰᠢᠨ᠎ᠡ ᠴᠠᠭ ᠦᠶ᠎ᠡ ᠵᠢᠨ ᠳᠤᠮᠳᠠᠳᠤ ᠪᠠᠭ᠎ᠠ ᠰᠤᠷᠭ᠋ᠠᠭᠤᠯᠢ ᠵᠢᠨ ᠰᠢᠨᠵᠢᠯᠡᠬᠦ ᠤᠬᠠᠭ᠋ᠠᠨ᠎ᠤ ᠰᠤᠷᠭ᠋ᠠᠨ ᠬᠥᠮᠦᠵᠢᠯ᠎ᠤᠨ ᠠᠵᠢᠯ᠎ᠢ ᠴᠢᠩᠭ᠋ᠠᠳᠬᠠᠬᠤ ᠲᠤᠬᠠᠢ ᠬᠡᠷᠡᠭᠵᠢᠭᠦᠯᠬᠦ ᠲᠥᠰᠦᠯ》᠎ᠢ ᠰᠤᠳᠤᠯᠤᠨ ᠲᠣᠭᠲᠠᠭ᠋ᠠᠵᠤ᠂ ᠡᠳᠦᠭᠡ ᠳᠠᠷᠤᠮᠠᠯᠯᠠᠨ ᠲᠠᠷᠬᠠᠭ᠋ᠠᠪᠠ᠂ ᠨᠠᠷᠢᠨ ᠬᠢᠨᠠᠮᠠᠭ᠋ᠠᠢ ᠲᠤᠭᠤᠰᠢᠯᠠᠭᠤᠯᠤᠨ ᠬᠡᠷᠡᠭᠵᠢᠭᠦᠯᠬᠦ ᠬᠡᠷᠡᠭᠲᠡᠢ᠃
ᠳᠠᠭ᠋ᠠᠯᠳᠤᠭᠤᠯᠤᠯ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠨ᠎ᠡ ᠴᠠᠭ ᠦᠶ᠎ᠡ ᠵᠢᠨ ᠳᠤᠮᠳᠠᠳᠤ ᠪᠠᠭ᠎ᠠ ᠰᠤᠷᠭ᠋ᠠᠭᠤᠯᠢ ᠵᠢᠨ ᠰᠢᠨᠵᠢᠯᠡᠬᠦ ᠤᠬᠠᠭ᠋ᠠᠨ᠎ᠤ ᠰᠤᠷᠭ᠋ᠠᠨ ᠬᠥᠮᠦᠵᠢᠯ᠎ᠤᠨ ᠠᠵᠢᠯ᠎ᠢ ᠴᠢᠩᠭ᠋ᠠᠳᠬᠠᠬᠤ ᠲᠤᠬᠠᠢ ᠬᠡᠷᠡᠭᠵᠢᠭᠦᠯᠬᠦ ᠲᠥᠰᠦᠯ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ
ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ
ᠬᠣᠷᠢᠶᠠᠨ᠎ᠤ ᠢᠨᠲ᠋ᠧᠷ ᠰᠦᠯᠵᠢᠶᠡᠨ᠎ᠤ ᠠᠮᠤᠷ ᠲᠦᠪᠰᠢᠨ ᠪᠠ ᠮᠡᠳᠡᠭᠡ ᠵᠠᠩᠭᠢᠴᠢᠯᠠᠯᠲᠠ ᠵᠢᠨ
ᠬᠣᠷᠢᠶᠠᠨ᠎ᠤ ᠠᠯᠪᠠᠨ ᠭᠡᠷ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ
ᠵᠥᠪᠯᠡᠯ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ
ᠲᠢᠩᠬᠢᠮ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ ᠲᠢᠩᠬᠢᠮ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠲᠢᠩᠬᠢᠮ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠪᠠ
ᠬᠥᠳᠡᠭᠡ ᠲᠣᠰᠬᠣᠨ ᠮᠠᠯᠵᠢᠬᠤ ᠣᠷᠣᠨ᠎ᠤ ᠲᠢᠩᠬᠢᠮ
ᠥᠪᠥᠷ ᠮᠣᠩᠭᠣᠯ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠤᠳᠤᠯᠬᠤ ᠬᠦᠷᠢᠶᠡᠯᠡᠩ
ᠳᠤᠮᠳᠠᠳᠤ ᠤᠯᠤᠰ᠎ᠤᠨ ᠡᠪ ᠬᠠᠮᠲᠤ ᠵᠠᠯᠠᠭᠤᠴᠤᠳ᠎ᠤᠨ ᠡᠪᠯᠡᠯ᠎ᠤᠨ ᠥᠪᠥᠷ ᠮᠣᠩᠭᠣᠯ᠎ᠤᠨ
ᠥᠪᠡᠷᠲᠡᠭᠡᠨ ᠵᠠᠰᠠᠬᠤ ᠣᠷᠣᠨ᠎ᠤ ᠬᠣᠷᠢᠶ᠎ᠠ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠮᠡᠭᠲᠡᠶ᠋ᠢᠴᠦᠳ᠎ᠤᠨ ᠬᠣᠯᠪᠣᠭ᠎ᠠ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ
ᠨᠡᠶ᠋ᠢᠭᠡᠮᠯᠢᠭ
ᠳᠤᠮᠳᠠᠳᠤ ᠤᠯᠤᠰ᠎ᠤᠨ ᠪᠠᠭ᠋ᠠᠴᠤᠳ᠎ᠤᠨ ᠬᠣᠰᠢᠭᠤᠴᠢ ᠠᠩᠭᠢ ᠵᠢᠨ ᠥᠪᠥᠷ ᠮᠣᠩᠭᠣᠯ᠎ᠤᠨ
ᠥᠪᠡᠷᠲᠡᠭᠡᠨ ᠵᠠᠰᠠᠬᠤ ᠣᠷᠣᠨ᠎ᠤ ᠠᠵᠢᠯ᠎ᠤᠨ ᠵᠥᠪᠯᠡᠯ
2024 ᠣᠨ᠎ᠤ 5 ᠰᠠᠷ᠎ᠠ ᠵᠢᠨ 21᠎ᠤ ᠡᠳᠦᠷ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ ᠵᠡᠷᠭᠡ ᠠᠷᠪᠠᠨ
ᠭᠤᠷᠪᠠᠨ ᠰᠠᠯᠠᠭ᠎ᠠ ᠮᠥᠴᠢᠷ᠎ᠤᠨ ᠰᠢᠨ᠎ᠡ ᠴᠠᠭ ᠦᠶ᠎ᠡ ᠵᠢᠨ ᠳᠤᠮᠳᠠᠳᠤ ᠪᠠᠭ᠎ᠠ ᠰᠤᠷᠭ᠋ᠠᠭᠤᠯᠢ ᠵᠢᠨ ᠰᠢᠨᠵᠢᠯᠡᠬᠦ
ᠤᠬᠠᠭ᠋ᠠᠨ᠎ᠤ ᠰᠤᠷᠭ᠋ᠠᠨ ᠬᠥᠮᠦᠵᠢᠯ᠎ᠤᠨ ᠠᠵᠢᠯ᠎ᠢ ᠴᠢᠩᠭ᠋ᠠᠳᠬᠠᠬᠤ ᠲᠤᠬᠠᠢ ᠬᠡᠷᠡᠭᠵᠢᠭᠦᠯᠬᠦ ᠲᠥᠰᠦᠯ
ᠶᠡᠷᠦᠩᠬᠡᠢ ᠱᠦᠵᠢ ᠰᠢ ᠵᠢᠨ ᠫᠢᠩ᠎ᠤᠨ ᠬᠣᠷᠢᠳᠤᠭ᠋ᠠᠷ ᠬᠤᠭᠤᠴᠠᠭ᠋ᠠᠨ᠎ᠤ ᠳᠤᠮᠳᠠᠳᠤ ᠤᠯᠤᠰ ᠤᠨ ᠡᠪ ᠬᠠᠮᠲᠤ ᠨᠠᠮ᠎ᠤᠨ ᠲᠥᠪ ᠬᠣᠷᠢᠶᠠᠨ᠎ᠤ ᠤᠯᠤᠰ ᠲᠥᠷᠥ ᠵᠢᠨ ᠲᠣᠪᠴᠢᠶᠠᠨ᠎ᠤ ᠭᠤᠷᠪᠠᠳᠤᠭ᠋ᠠᠷ ᠤᠳᠠᠭ᠋ᠠᠨ᠎ᠤ ᠬᠠᠮᠲᠤ ᠵᠢᠨ ᠰᠤᠷᠤᠯᠴᠠᠯᠭ᠎ᠠ ᠳᠡᠭᠡᠷᠡᠬᠢ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢ ᠪᠦᠬᠦ ᠲᠠᠯ᠎ᠠ᠎ᠪᠠᠷ ᠲᠤᠭᠤᠰᠢᠯᠠᠭᠤᠯᠤᠨ᠂ 《ᠰᠤᠷᠭ᠋ᠠᠨ ᠬᠥᠮᠦᠵᠢᠯ᠎ᠤᠨ ᠶᠠᠮᠤᠨ ᠵᠡᠷᠭᠡ ᠠᠷᠪᠠᠨ ᠨᠠᠢ᠍ᠮᠠᠨ ᠰᠠᠯᠠᠭ᠎ᠠ ᠮᠥᠴᠢᠷ᠎ᠤᠨ ᠰᠢᠨ᠎ᠡ ᠴᠠᠭ ᠦᠶ᠎ᠡ ᠵᠢᠨ ᠳᠤᠮᠳᠠᠳᠤ ᠪᠠᠭ᠎ᠠ ᠰᠤᠷᠭ᠋ᠠᠭᠤᠯᠢ ᠵᠢᠨ ᠰᠢᠨᠵᠢᠯᠡᠬᠦ ᠤᠬᠠᠭ᠋ᠠᠨ᠎ᠤ ᠰᠤᠷᠭ᠋ᠠᠨ ᠬᠥᠮᠦᠵᠢᠯ᠎ᠤᠨ ᠠᠵᠢᠯ᠎ᠢ ᠴᠢᠩᠭ᠋ᠠᠳᠬᠠᠬᠤ ᠲᠤᠬᠠᠢ ᠰᠠᠨᠠᠯ》᠎ᠤᠨ ᠱᠠᠭ᠋ᠠᠷᠳᠠᠯᠭ᠎ᠠ ᠵᠢ ᠪᠦᠬᠦ ᠲᠠᠯ᠎ᠠ᠎ᠪᠠᠷ ᠨᠠᠶ᠋ᠢᠳᠠᠪᠤᠷᠢᠵᠢᠭᠤᠯᠵᠤ᠂ ᠰᠤᠷᠭ᠋ᠠᠨ ᠬᠥᠮᠦᠵᠢᠯ᠎ᠤᠨ 《ᠬᠣᠶᠠᠷ᠎ᠢ ᠬᠥᠩᠭᠡᠷᠡᠭᠦᠯᠬᠦ》 ᠶᠠᠪᠤᠴᠠ᠎ᠳᠤ ᠰᠢᠨᠵᠢᠯᠡᠬᠦ ᠤᠬᠠᠭ᠋ᠠᠨ᠎ᠤ ᠰᠤᠷᠭ᠋ᠠᠨ ᠬᠥᠮᠦᠵᠢᠯ᠎ᠤᠨ ᠨᠡᠮᠡᠯᠲᠡ ᠦᠢ᠍ᠯᠡᠳᠦᠯ᠎ᠢ ᠬᠦᠴᠦᠯᠡᠨ ᠰᠠᠶ᠋ᠢᠲᠤᠷ ᠪᠡᠶᠡᠯᠡᠭᠦᠯᠵᠦ᠂ ᠳᠤᠮᠳᠠᠳᠤ ᠪᠠᠭ᠎ᠠ ᠰᠤᠷᠭ᠋ᠠᠭᠤᠯᠢ ᠵᠢᠨ ᠰᠤᠷᠤᠭᠴᠢᠳ᠎ᠤᠨ ᠰᠢᠨᠵᠢᠯᠡᠬᠦ ᠤᠬᠠᠭ᠋ᠠᠨ᠎ᠤ ᠬᠡᠪ ᠴᠢᠨᠠᠷ᠎ᠢ ᠪᠦᠬᠦ ᠲᠠᠯ᠎ᠠ᠎ᠪᠠᠷ ᠳᠡᠭᠡᠭᠰᠢᠯᠡᠭᠦᠯᠦᠨ᠂ ᠰᠤᠷᠭ᠋ᠠᠨ ᠬᠥᠮᠦᠵᠢᠯ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠂ ᠴᠢᠳᠠᠪᠤᠷᠢᠲᠠᠨ᠎ᠤ ᠴᠢᠨᠠᠷᠯᠢᠭ ᠬᠥᠭᠵᠢᠯᠲᠡ ᠵᠢ ᠨᠢᠭᠡ ᠴᠣᠭᠴᠠᠵᠢᠭᠤᠯᠤᠨ ᠠᠬᠢᠭᠤᠯᠬᠤ ᠵᠢᠨ ᠲᠥᠯᠦᠭᠡ᠂ ᠲᠤᠰ ᠬᠡᠷᠡᠭᠵᠢᠭᠦᠯᠬᠦ ᠲᠥᠰᠦᠯ᠎ᠢ ᠲᠣᠭᠲᠠᠭ᠋ᠠᠪᠠ᠃
ᠨᠢᠭᠡ᠂ ᠶᠡᠷᠦᠩᠬᠡᠢ ᠱᠠᠭ᠋ᠠᠷᠳᠠᠯᠭ᠎ᠠ
ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠤᠭᠤᠯᠵᠤ᠂ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠪᠦᠬᠦ ᠲᠠᠯ᠎ᠠ᠎ᠪᠠᠷ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠶᠣᠰᠣ ᠰᠤᠷᠲᠠᠬᠤᠨ᠎ᠢ ᠪᠣᠢ ᠪᠣᠯᠭ᠋ᠠᠵᠤ ᠬᠥᠮᠦᠨ ᠬᠥᠮᠦᠵᠢᠭᠦᠯᠬᠦ ᠦᠨᠳᠦᠰᠦᠨ ᠡᠭᠦᠷᠭᠡ ᠵᠢ ᠨᠠᠢ᠌ᠳᠠᠪᠤᠷᠢᠵᠢᠭᠤᠯᠤᠨ᠂ ᠳᠤᠮᠳᠠᠳᠤ ᠪᠠᠭ᠎ᠠ ᠰᠤᠷᠭ᠋ᠠᠭᠤᠯᠢ ᠵᠢᠨ ᠰᠢᠨᠵᠢᠯᠡᠬᠦ ᠤᠬᠠᠭ᠋ᠠᠨ᠎ᠤ ᠰᠤᠷᠭ᠋ᠠᠨ ᠬᠥᠮᠦᠵᠢᠯ᠎ᠤᠨ ᠳᠣᠭᠲᠠᠯᠴᠠᠭ᠎ᠠ ᠵᠢ ᠲᠡᠭᠦᠯᠳᠡᠷᠵᠢᠭᠦᠯᠵᠦ᠂ ᠨᠡᠶ᠋ᠢᠭᠡᠮ᠎ᠤᠨ ᠡᠯ᠎ᠡ ᠲᠠᠯ᠎ᠠ ᠵᠢᠨ ᠡᠬᠢ ᠪᠠᠶᠠᠯᠢᠭ᠎ᠢ ᠣᠷᠭ᠋ᠠᠨᠢᠭ ᠵᠶ᠋ᠠᠷ ᠨᠡᠢ᠌ᠳᠭᠡᠨ᠂ ᠪᠠᠶᠠᠯᠢᠭ ᠰᠠᠶ᠋ᠢᠬᠠᠨ ᠦᠢ᠍ᠯᠡᠳᠦᠯᠭᠡ ᠵᠢᠨ ᠠᠵᠢᠯᠯᠠᠭ᠎ᠠ ᠵᠢ ᠥᠷᠨᠢᠭᠦᠯᠵᠦ᠂ ᠰᠢᠨᠵᠢᠯᠡᠬᠦ ᠤᠬᠠᠭ᠋ᠠᠨ᠎ᠤ ᠰᠤᠷᠭ᠋ᠠᠨ ᠬᠥᠮᠦᠵᠢᠯ᠎ᠤᠨ ᠪᠠᠭᠰᠢ ᠵᠢᠨ ᠬᠡᠪ ᠴᠢᠨᠠᠷ ᠪᠠ ᠴᠢᠳᠠᠪᠤᠷᠢ ᠵᠢ ᠦᠷᠭᠦᠯᠵᠢᠯᠡᠨ ᠴᠢᠩᠭ᠋ᠠᠳᠬᠠᠵᠤ᠂ ᠰᠢᠨᠵᠢᠯᠡᠬᠦ ᠤᠬᠠᠭ᠋ᠠᠨ᠎ᠤ ᠰᠤᠷᠭ᠋ᠠᠨ ᠬᠥᠮᠦᠵᠢᠯ᠎ᠤᠨ ᠴᠢᠨᠠᠷ ᠴᠢᠨᠰᠠᠭ᠎ᠠ ᠵᠢ ᠳᠡᠭᠡᠭᠰᠢᠯᠡᠭᠦᠯᠦᠨ᠂ ᠳᠤᠮᠳᠠᠳᠤ ᠪᠠᠭ᠎ᠠ ᠰᠤᠷᠭ᠋ᠠᠭᠤᠯᠢ ᠵᠢᠨ ᠰᠢᠨᠵᠢᠯᠡᠬᠦ ᠤᠬᠠᠭ᠋ᠠᠨ᠎ᠤ ᠰᠤᠷᠭ᠋ᠠᠨ ᠬᠥᠮᠦᠵᠢᠯ᠎ᠤᠨ ᠰᠤᠷᠭ᠋ᠠᠭᠤᠯᠢ ᠵᠢᠨ ᠭᠣᠣᠯ ᠵᠢᠭᠰᠠᠭ᠋ᠠᠯ᠎ᠤᠨ ᠭᠠᠵᠠᠷ ᠪᠣᠯᠤᠨ ᠨᠡᠶ᠋ᠢᠭᠡᠮ᠎ᠤᠨ ᠲᠣᠮᠣ ᠬᠢᠴᠢᠶᠡᠯ᠎ᠢ ᠣᠷᠭ᠋ᠠᠨᠢᠭ ᠵᠶ᠋ᠠᠷ ᠵᠣᠯᠭ᠋ᠠᠭᠤᠯᠬᠤ ᠵᠢ ᠠᠬᠢᠭᠤᠯᠤᠨ᠂ ᠰᠢᠨᠵᠢᠯᠡᠬᠦ ᠤᠬᠠᠭ᠋ᠠᠨᠲᠠᠨ᠎ᠤ ᠳᠠᠯᠳᠠ ᠴᠢᠨᠠᠷ᠎ᠢ ᠪᠦᠷᠢᠳᠦᠭᠦᠯᠦᠭᠰᠡᠨ᠂ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠦᠢ᠍ᠯᠡᠰ᠎ᠲᠤ ᠬᠤᠪᠢ ᠪᠡᠶ᠎ᠡ᠎ᠪᠠᠨ ᠵᠣᠷᠢᠭᠤᠯᠬᠤ ᠳᠤᠷᠠᠲᠠᠢ ᠵᠠᠯᠠᠭᠤᠴᠤᠳ ᠪᠠᠭ᠋ᠠᠴᠤᠳ᠎ᠢ ᠪᠣᠢ᠌ᠵᠢᠭᠤᠯᠵᠤ᠂ ᠨᠡᠶ᠋ᠢᠭᠡᠮ ᠵᠢᠷᠤᠮ᠎ᠤᠨ ᠪᠦᠲᠦᠭᠡᠨ ᠪᠠᠶ᠋ᠢᠭᠤᠯᠤᠭᠴᠢ ᠪᠠ ᠵᠠᠯᠭ᠋ᠠᠮᠵᠢᠯᠠᠭᠴᠢ ᠵᠢ ᠬᠥᠮᠦᠵᠢᠭᠦᠯᠦᠨ᠎ᠡ᠃ 3 - 5 ᠵᠢᠯ᠎ᠤᠨ ᠴᠢᠷᠮᠠᠶ᠋ᠢᠯᠭ᠎ᠠ᠎ᠪᠠᠷ ᠳᠠᠮᠵᠢᠨ᠂ ᠪᠦᠬᠦ ᠣᠷᠣᠨ᠎ᠤ ᠳᠤᠮᠳᠠᠳᠤ ᠪᠠᠭ᠎ᠠ ᠰᠤᠷᠭ᠋ᠠᠭᠤᠯᠢ ᠵᠢᠨ ᠰᠢᠨᠵᠢᠯᠡᠬᠦ ᠤᠬᠠᠭ᠋ᠠᠨ᠎ᠤ ᠰᠤᠷᠭ᠋ᠠᠨ ᠬᠥᠮᠦᠵᠢᠯ᠎ᠤᠨ ᠴᠢᠨᠠᠷ ᠴᠢᠨᠰᠠᠭ᠎ᠠ ᠵᠢ ᠲᠣᠪᠤᠢ᠌ᠮ᠎ᠠ ᠳᠡᠭᠡᠭᠰᠢᠯᠡᠭᠦᠯᠦᠨ᠂ ᠰᠤᠷᠤᠭᠴᠢᠳ᠎ᠤᠨ ᠰᠢᠨᠵᠢᠯᠡᠬᠦ ᠤᠬᠠᠭ᠋ᠠᠨ᠎ᠤ ᠬᠡᠪ ᠴᠢᠨᠠᠷ᠎ᠢ ᠲᠣᠪᠤᠢ᠌ᠮ᠎ᠠ ᠳᠡᠭᠡᠭᠰᠢᠯᠡᠭᠦᠯᠵᠦ᠂ ᠪᠦᠬᠦ ᠨᠡᠶ᠋ᠢᠭᠡᠮ᠎ᠤᠨ᠎ᠬᠢᠨ ᠬᠠᠮᠵᠢᠯᠴᠠᠨ ᠬᠥᠮᠦᠨ ᠬᠥᠮᠦᠵᠢᠭᠦᠯᠬᠦ ᠲᠣᠭᠲᠠᠴᠠ ᠵᠢ ᠦᠨᠳᠦᠰᠦᠨ᠎ᠳᠤ᠎ᠨᠢ ᠪᠠᠢ᠌ᠭᠤᠯᠵᠤ᠂ ᠰᠤᠷᠭ᠋ᠠᠨ ᠬᠥᠮᠦᠵᠢᠯ ᠵᠶ᠋ᠠᠷ ᠣᠷᠣᠨ ᠵᠶ᠋ᠠᠨ ᠬᠦᠴᠦᠷᠬᠡᠭᠵᠢᠭᠦᠯᠦᠨ᠂ ᠰᠢᠨ᠎ᠡ ᠵᠢ ᠡᠭᠦᠳᠬᠦ ᠴᠢᠳᠠᠪᠤᠷᠢᠲᠠᠨ᠎ᠢ ᠬᠥᠮᠦᠵᠢᠭᠦᠯᠬᠦ ᠶᠠᠪᠤᠴᠠ᠎ᠳᠤ ᠰᠢᠨᠵᠢᠯᠡᠬᠦ ᠤᠬᠠᠭ᠋ᠠᠨ᠎ᠤ ᠰᠤᠷᠭ᠋ᠠᠨ ᠬᠥᠮᠦᠵᠢᠯ᠎ᠤᠨ ᠴᠢᠬᠤᠯᠠ ᠰᠠᠭᠤᠷᠢ ᠴᠢᠨᠠᠷᠲᠠᠢ ᠦᠢ᠍ᠯᠡᠳᠦᠯ᠎ᠢ ᠪᠠᠳᠠᠷᠠᠭᠤᠯᠤᠨ᠎ᠠ᠃
ᠬᠣᠶᠠᠷ᠂ ᠭᠣᠣᠯᠳᠠᠯᠭ᠎ᠠ᠎ᠲᠠᠢ ᠡᠭᠦᠷᠭᠡ
(ᠨᠢᠭᠡ) ᠰᠤᠷᠭ᠋ᠠᠭᠤᠯᠢ ᠵᠢᠨ ᠰᠢᠨᠵᠢᠯᠡᠬᠦ ᠤᠬᠠᠭ᠋ᠠᠨ᠎ᠤ ᠵᠢᠭ᠋ᠠᠨ ᠰᠤᠷᠭ᠋ᠠᠯᠲᠠ ᠵᠢᠨ ᠴᠢᠨᠠᠷ ᠴᠢᠨᠰᠠᠭ᠎ᠠ ᠵᠢ
ᠳᠡᠭᠡᠭᠰᠢᠯᠡᠭᠦᠯᠬᠦ ᠠᠵᠢᠯᠯᠠᠭ᠎ᠠ
1. ᠰᠢᠨᠵᠢᠯᠡᠬᠦ ᠤᠬᠠᠭ᠋ᠠᠨ᠎ᠤ ᠬᠢᠴᠢᠶᠡᠯ᠎ᠤᠨ ᠳᠣᠭᠲᠠᠯᠴᠠᠭ᠎ᠠ ᠵᠢ ᠪᠠᠶ᠋ᠢᠭᠤᠯᠤᠨ᠎ᠠ᠃ ᠳᠤᠮᠳᠠᠳᠤ ᠪᠠᠭ᠎ᠠ ᠰᠤᠷᠭ᠋ᠠᠭᠤᠯᠢ ᠵᠢᠨ ᠤᠯᠤᠰ᠎ᠤᠨ ᠬᠢᠴᠢᠶᠡᠯ᠎ᠤᠨ ᠲᠥᠰᠦᠯ ᠪᠣᠯᠤᠨ ᠬᠢᠴᠢᠶᠡᠯ᠎ᠤᠨ ᠪᠠᠷᠢᠮᠵᠢᠶ᠎ᠠ ᠵᠢ ᠴᠢᠩᠭ᠎ᠠ ᠨᠠᠶ᠋ᠢᠳᠠᠪᠤᠷᠢᠵᠢᠭᠤᠯᠵᠤ᠂ ᠳᠤᠮᠳᠠᠳᠤ ᠪᠠᠭ᠎ᠠ ᠰᠤᠷᠭ᠋ᠠᠭᠤᠯᠢ ᠵᠢᠨ ᠰᠢᠨᠵᠢᠯᠡᠬᠦ ᠤᠬᠠᠭ᠋ᠠᠨ᠎ᠤ ᠬᠢᠴᠢᠶᠡᠯ ᠵᠢᠴᠢ ᠬᠠᠮᠢᠶ᠎ᠠ ᠪᠦᠬᠦᠢ ᠬᠢᠴᠢᠶᠡᠯ ᠲᠥᠷᠦᠯ (ᠹᠢᠽᠢᠺ᠂ ᠬᠢᠮᠢ᠂ ᠠᠮᠢᠳᠤ ᠪᠣᠳᠠᠰ᠎ᠤᠨ ᠰᠤᠳᠤᠯᠤᠯ᠂ ᠭᠠᠵᠠᠷ ᠵᠦᠢ᠂ ᠮᠡᠳᠡᠭᠡ ᠵᠠᠩᠭᠢ ᠵᠢᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ / ᠮᠡᠳᠡᠭᠡ ᠵᠠᠩᠭᠢ ᠵᠢᠨ ᠮᠡᠷᠭᠡᠵᠢᠯ᠂ ᠨᠡᠶ᠋ᠢᠳᠡᠮ ᠬᠡᠷᠡᠭᠯᠡᠬᠦ ᠮᠡᠷᠭᠡᠵᠢᠯ ᠵᠡᠷᠭᠡ)᠎ᠢ ᠪᠦᠷᠢᠨ ᠭᠦᠢ᠍ᠴᠡᠳ ᠰᠠᠶ᠋ᠢᠲᠤᠷ ᠨᠡᠭᠡᠭᠡᠵᠦ᠂ 《ᠤᠯᠤᠰ᠎ᠤᠨ ᠬᠢᠴᠢᠶᠡᠯ (ᠵᠠᠪᠠᠯ ᠰᠤᠷᠬᠤ ᠬᠢᠴᠢᠶᠡᠯ) + ᠣᠷᠣᠨ ᠨᠤᠲᠤᠭ᠎ᠤᠨ ᠬᠢᠴᠢᠶᠡᠯ (ᠰᠣᠩᠭᠣᠨ ᠵᠠᠪᠠᠯ ᠰᠤᠷᠬᠤ ᠬᠢᠴᠢᠶᠡᠯ) + ᠰᠤᠷᠭ᠋ᠠᠭᠤᠯᠢ ᠵᠢᠨ ᠬᠢᠴᠢᠶᠡᠯ (ᠰᠣᠩᠭᠤᠨ ᠰᠤᠷᠬᠤ ᠬᠢᠴᠢᠶᠡᠯ) + ᠨᠡᠢ᠌ᠭᠡᠮᠯᠢᠭ᠎ᠤᠨ ᠠᠵᠢᠯᠯᠠᠭ᠎ᠠ + ᠬᠢᠴᠢᠶᠡᠯ᠎ᠤᠨ ᠳᠠᠷᠠᠭ᠋ᠠᠬᠢ ᠦᠢ᠍ᠯᠡᠴᠢᠯᠡᠭᠡ + ᠬᠢᠴᠢᠶᠡᠯ᠎ᠤᠨ ᠭᠠᠳᠠᠨᠠᠬᠢ ᠦᠢ᠍ᠯᠡᠳᠦᠯᠭᠡ》 ᠵᠢᠨ ᠰᠢᠨᠵᠢᠯᠡᠬᠦ ᠤᠬᠠᠭ᠋ᠠᠨ᠎ᠤ ᠰᠤᠷᠭ᠋ᠠᠨ ᠬᠥᠮᠦᠵᠢᠯ᠎ᠤᠨ ᠬᠢᠴᠢᠶᠡᠯ᠎ᠤᠨ ᠳᠣᠭᠲᠠᠯᠴᠠᠭ᠎ᠠ ᠵᠢ ᠪᠠᠶ᠋ᠢᠭᠤᠯᠵᠤ᠂ ᠲᠤᠷᠰᠢᠯᠲᠠ ᠪᠠ ᠰᠦᠪᠡᠭᠴᠢᠯᠡᠬᠦ ᠦᠢ᠍ᠯᠡᠳᠦᠯᠭᠡ ᠵᠢᠨ ᠠᠵᠢᠯᠯᠠᠭ᠎ᠠ ᠵᠢ ᠥᠷᠨᠢᠭᠦᠯᠦᠨ᠂ ᠬᠢᠴᠢᠶᠡᠯ ᠲᠥᠷᠥᠯ᠎ᠤᠨ ᠭᠣᠣᠯ ᠰᠡᠳᠦᠪᠲᠦ ᠰᠤᠷᠤᠯᠴᠠᠯᠭ᠎ᠠ ᠵᠢ ᠵᠠᠷᠴᠢᠮ ᠳᠡᠭᠡᠷ᠎ᠡ᠎ᠪᠠᠨ ᠬᠠᠮᠤᠭ᠎ᠤᠨ ᠴᠥᠬᠡᠨᠳᠤᠪᠠᠨ 10% ᠬᠢᠴᠢᠶᠡᠯ᠎ᠤᠨ ᠴᠠᠭ᠎ᠤᠨ ᠵᠢᠭ᠋ᠠᠨ ᠰᠤᠷᠭ᠋ᠠᠯᠲᠠ ᠵᠢᠨ ᠱᠠᠭ᠋ᠠᠷᠳᠠᠯᠭ᠎ᠠ ᠵᠢ ᠨᠠᠶ᠋ᠢᠳᠠᠪᠤᠷᠢᠵᠢᠭᠤᠯᠤᠨ᠂ ᠲᠤᠰ ᠭᠠᠵᠠᠷ᠎ᠤᠨ ᠲᠤᠰ ᠰᠤᠷᠭ᠋ᠠᠭᠤᠯᠢ ᠵᠢᠨ ᠰᠢᠨᠵᠢᠯᠡᠬᠦ ᠤᠬᠠᠭ᠋ᠠᠨ᠎ᠤ ᠰᠤᠷᠭ᠋ᠠᠨ ᠬᠥᠮᠦᠵᠢᠯ᠎ᠤᠨ ᠡᠬᠢ ᠪᠠᠶᠠᠯᠢᠭ᠎ᠢ ᠭᠦᠨᠵᠡᠭᠡᠢ ᠢᠯᠡᠷᠡᠭᠦᠯᠵᠦ᠂ ᠥᠪᠡᠷᠮᠢᠴᠡ ᠣᠨᠴᠠᠯᠢᠭᠲᠤ ᠰᠢᠨᠵᠢᠯᠡᠬᠦ ᠤᠬᠠᠭ᠋ᠠᠨ᠎ᠤ ᠰᠤᠷᠭ᠋ᠠᠨ ᠬᠥᠮᠦᠵᠢᠯ᠎ᠤᠨ ᠰᠤᠷᠭ᠋ᠠᠭᠤᠯᠢ ᠵᠢᠨ ᠬᠢᠴᠢᠶᠡᠯ᠎ᠢ ᠨᠡᠭᠡᠭᠡᠨ᠎ᠡ᠃ ᠤᠯᠤᠰ᠎ᠤᠨ ᠨᠢᠭᠡᠳᠦᠯᠲᠡᠢ ᠨᠠᠶ᠋ᠢᠷᠠᠭᠤᠯᠤᠭᠰᠠᠨ ᠵᠢᠭ᠋ᠠᠬᠤ ᠮᠠᠲ᠋ᠧᠷᠢᠶᠠᠯ᠎ᠢ ᠰᠠᠶ᠋ᠢᠲᠤᠷ ᠬᠡᠷᠡᠭᠯᠡᠵᠦ᠂ ᠰᠢᠨᠵᠢᠯᠡᠬᠦ ᠤᠬᠠᠭ᠋ᠠᠨ ᠵᠢᠴᠢ ᠬᠠᠮᠢᠶ᠎ᠠ ᠪᠦᠬᠦᠢ ᠬᠢᠴᠢᠶᠡᠯ ᠲᠥᠷᠦᠯ᠎ᠤᠨ ᠵᠢᠭ᠋ᠠᠨ ᠰᠤᠷᠭ᠋ᠠᠯᠲᠠ᠎ᠳᠤ ᠬᠠᠪᠰᠤᠷᠤᠨ ᠬᠡᠷᠡᠭᠯᠡᠬᠦ ᠪᠢᠴᠢᠭ᠎ᠤᠨ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠵᠤ᠂ ᠵᠢᠭ᠋ᠠᠨ ᠰᠤᠷᠭ᠋ᠠᠯᠲᠠ ᠵᠢᠨ ᠬᠠᠪᠰᠤᠷᠤᠨ ᠵᠢᠯᠣᠭᠣᠳᠬᠤ ᠪᠢᠴᠢᠭ᠎ᠤᠨ ᠦᠵᠡᠯ ᠰᠠᠨᠠᠭ᠋ᠠᠴᠢ ᠴᠢᠨᠠᠷ᠂ ᠰᠢᠨᠵᠢᠯᠡᠬᠦ ᠤᠬᠠᠭ᠋ᠠᠨᠴᠢ ᠴᠢᠨᠠᠷ᠎ᠢ ᠪᠠᠲᠤᠯᠠᠨ᠎ᠠ᠃ (ᠬᠠᠷᠢᠭᠤᠴᠠᠯᠭ᠋ᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ)
2. ᠰᠢᠨᠵᠢᠯᠡᠬᠦ ᠤᠬᠠᠭ᠋ᠠᠨ᠎ᠤ ᠵᠢᠭ᠋ᠠᠨ ᠰᠤᠷᠭ᠋ᠠᠯᠲᠠ ᠵᠢᠨ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠦᠨ᠎ᠡ᠃ ᠵᠢᠭ᠋ᠠᠨ ᠰᠤᠷᠭ᠋ᠠᠯᠲᠠ ᠵᠢᠨ ᠬᠠᠮᠢᠶᠠᠷᠤᠯᠲᠠ ᠵᠢ ᠴᠢᠩᠭ᠋ᠠᠳᠬᠠᠨ᠂ ᠵᠢᠭ᠋ᠠᠬᠤ ᠳᠥᠰᠦᠯ ᠪᠠ ᠰᠤᠷᠬᠤ ᠳᠥᠰᠦᠯᠢ ᠰᠢᠯᠢᠳᠡᠭᠵᠢᠭᠦᠯᠵᠦ᠂ ᠰᠡᠩᠬᠡᠷᠡᠭᠦᠯᠬᠦ ᠮᠠᠶᠢᠭ᠎ᠤᠨ ᠪᠠ ᠬᠠᠢ᠌ᠬᠤ ᠮᠠᠶᠢᠭ᠎ᠤᠨ ᠵᠢᠭ᠋ᠠᠨ ᠰᠤᠷᠭ᠋ᠠᠯᠲᠠ ᠵᠢ ᠬᠡᠷᠡᠭᠵᠢᠭᠦᠯᠦᠨ᠂ ᠲᠥᠷᠥᠯ ᠵᠦᠢ᠍ᠯ᠎ᠤᠨ ᠬᠡᠯᠪᠡᠷᠢ ᠵᠢᠨ᠂ ᠬᠢᠴᠢᠶᠡᠯ ᠲᠥᠷᠥᠯ ᠠᠯᠤᠰᠯᠠᠨ ᠰᠤᠷᠤᠯᠴᠠᠬᠤ ᠵᠢ ᠰᠦᠪᠡᠭᠴᠢᠯᠡᠵᠦ᠂ ᠱᠠᠲᠤ ᠬᠤᠪᠢᠶᠠᠭᠰᠠᠨ ᠣᠯᠠᠨ ᠶᠠᠩᠵᠤ ᠵᠢᠨ᠂ ᠦᠢ᠍ᠯᠡᠳᠦᠯᠭᠡ᠎ᠲᠦ ᠴᠢᠨᠠᠷ ᠵᠶ᠋ᠠᠷ ᠴᠢᠩᠭ᠎ᠠ ᠳᠠᠰᠬᠠᠯ᠎ᠢ ᠲᠥᠯᠥᠪᠯᠡᠵᠦ᠂ ᠰᠤᠷᠤᠭᠴᠢᠳ᠎ᠤᠨ ᠰᠢᠨᠵᠢᠯᠡᠬᠦ ᠤᠬᠠᠭ᠋ᠠᠨ᠎ᠤ ᠳᠤᠷ᠎ᠠ ᠪᠠᠬ᠎ᠠ᠂ ᠰᠢᠨᠵᠢᠯᠡᠬᠦ ᠤᠬᠠᠭ᠋ᠠᠨ᠎ᠤ ᠰᠡᠳᠬᠢᠮᠵᠢ᠂ ᠦᠢ᠍ᠯᠡᠳᠦᠯᠭᠡ ᠵᠢᠨ ᠴᠢᠳᠠᠪᠤᠷᠢ ᠵᠢ ᠰᠦᠪᠡᠭᠴᠢᠯᠡᠬᠦ ᠬᠥᠮᠦᠵᠢᠯ᠎ᠢ ᠴᠢᠬᠤᠯᠠᠴᠢᠯᠠᠨ᠎ᠠ᠃ ᠣᠨ ᠪᠠ ᠰᠤᠷᠤᠯᠭ᠎ᠠ ᠵᠢᠨ ᠱᠠᠲᠤ ᠵᠢ ᠣᠷᠭ᠋ᠠᠨᠢᠭ ᠵᠶ᠋ᠠᠷ ᠵᠣᠯᠭ᠋ᠠᠭᠤᠯᠬᠤ ᠵᠢ ᠴᠢᠩᠭ᠋ᠠᠳᠬᠠᠵᠤ᠂ ᠶᠡᠷᠦᠩᠬᠡᠶ᠋ᠢᠯᠡᠭᠰᠡᠨ ᠴᠢᠨᠠᠷ᠂ ᠦᠢ᠍ᠯᠡᠳᠦᠯᠭᠡ ᠵᠢᠨ ᠴᠢᠨᠠᠷ᠂ ᠰᠢᠨᠵᠢᠯᠡᠬᠦ ᠤᠬᠠᠭ᠋ᠠᠨᠴᠢ ᠴᠢᠨᠠᠷ᠎ᠢ ᠢᠯᠡᠷᠡᠭᠦᠯᠦᠨ᠂ ᠰᠤᠷᠤᠭᠴᠢᠳ᠎ᠤᠨ ᠰᠢᠨᠵᠢᠯᠡᠬᠦ ᠤᠬᠠᠭ᠋ᠠᠨ᠎ᠤ ᠭᠣᠣᠯᠯᠠᠬᠤ ᠬᠡᠪ ᠪᠣᠯᠪᠠᠰᠤᠷᠠᠯ᠎ᠢ ᠬᠥᠮᠦᠵᠢᠭᠦᠯᠦᠨ᠎ᠡ᠃ ᠥᠪᠡᠷᠲᠡᠭᠡᠨ ᠵᠠᠰᠠᠬᠤ ᠣᠷᠣᠨ᠎ᠤ ᠳᠤᠮᠳᠠᠳᠤ ᠪᠠᠭ᠎ᠠ ᠰᠤᠷᠭ᠋ᠠᠭᠤᠯᠢ ᠵᠢᠨ ᠣᠶᠤᠨᠴᠢ ᠰᠤᠷᠭ᠋ᠠᠨ ᠬᠥᠮᠦᠵᠢᠯ᠎ᠤᠨ ᠲᠠᠪᠴᠠᠩ᠎ᠤᠨ ᠰᠢᠨᠵᠢᠯᠡᠬᠦ ᠤᠬᠠᠭ᠋ᠠᠨ᠎ᠤ ᠰᠤᠷᠭ᠋ᠠᠨ ᠬᠥᠮᠦᠵᠢᠯ᠎ᠤᠨ ᠡᠬᠢ ᠪᠠᠶᠠᠯᠢᠭ᠎ᠢ ᠪᠠᠶᠠᠯᠢᠭᠵᠢᠭᠤᠯᠵᠤ᠂ ᠪᠦᠬᠦ ᠣᠷᠣᠨ᠎ᠤ ᠳᠤᠮᠳᠠᠳᠤ ᠪᠠᠭ᠎ᠠ ᠰᠤᠷᠭ᠋ᠠᠭᠤᠯᠢ ᠪᠠ ᠪᠠᠭᠰᠢ ᠰᠤᠷᠤᠭᠴᠢᠳ᠎ᠲᠤ ᠲᠥᠯᠦᠪᠦᠷᠢ ᠦᠭᠡᠢ ᠬᠡᠷᠡᠭᠯᠡᠭᠦᠯᠦᠨ᠎ᠡ᠃ ᠡᠯ᠎ᠡ ᠱᠠᠲᠤᠨ᠎ᠤ ᠵᠢᠭ᠋ᠠᠬᠤ ᠵᠢ ᠰᠤᠳᠤᠯᠬᠤ ᠰᠠᠯᠠᠭ᠎ᠠ ᠮᠥᠴᠢᠷ ᠪᠠ ᠵᠢᠭ᠋ᠠᠨ ᠰᠤᠷᠭ᠋ᠠᠯᠲᠠ ᠵᠢ ᠵᠢᠯᠣᠭᠣᠳᠬᠤ ᠵᠥᠪᠯᠡᠯ᠎ᠤᠨ ᠦᠢ᠍ᠯᠡᠳᠦᠯ᠎ᠢ ᠪᠠᠳᠠᠷᠠᠭᠤᠯᠵᠤ᠂ ᠲᠡᠷᠢᠭᠦᠨ᠎ᠤ ᠵᠢᠭ᠋ᠠᠨ ᠰᠤᠷᠭ᠋ᠠᠯᠲᠠ ᠵᠢᠨ ᠠᠷᠭ᠎ᠠ ᠪᠠ ᠵᠠᠭᠪᠤᠷ᠎ᠢ ᠢᠯᠭ᠋ᠠᠨ ᠲᠣᠳᠣᠯᠠᠵᠤ᠂ ᠪᠣᠶ᠋ᠢᠵᠢᠭᠤᠯᠵᠤ᠂ ᠳᠡᠯᠭᠡᠷᠡᠭᠦᠯᠦᠨ᠎ᠡ᠃ ᠶᠡᠬᠡ ᠳᠡᠭᠡᠳᠦ ᠰᠤᠷᠭ᠋ᠠᠭᠤᠯᠢ᠂ ᠳᠤᠮᠳᠠᠳᠤ ᠪᠠᠭ᠎ᠠ ᠰᠤᠷᠭ᠋ᠠᠭᠤᠯᠢ ᠵᠢᠨ ᠰᠢᠨᠵᠢᠯᠡᠬᠦ ᠤᠬᠠᠭ᠋ᠠᠨ᠎ᠤ ᠰᠤᠷᠭ᠋ᠠᠨ ᠬᠥᠮᠦᠵᠢᠯ᠎ᠢ ᠨᠢᠭᠡ ᠴᠣᠭᠴᠠᠵᠢᠭᠤᠯᠬᠤ ᠲᠥᠷᠥᠯ ᠵᠦᠢ᠍ᠯ᠎ᠤᠨ ᠰᠤᠳᠤᠯᠭ᠋ᠠᠨ᠎ᠢ ᠴᠢᠩᠭ᠋ᠠᠳᠬᠠᠵᠤ᠂ 《ᠶᠡᠬᠡ ᠳᠡᠭᠡᠳᠦ ᠰᠤᠷᠭ᠋ᠠᠭᠤᠯᠢ᠂ ᠳᠤᠮᠳᠠᠳᠤ ᠪᠠᠭ᠎ᠠ ᠰᠤᠷᠭ᠋ᠠᠭᠤᠯᠢ ᠵᠢᠨ ᠰᠢᠨᠵᠢᠯᠡᠬᠦ ᠤᠬᠠᠭ᠋ᠠᠨ᠎ᠤ ᠰᠤᠷᠭ᠋ᠠᠨ ᠬᠥᠮᠦᠵᠢᠯ᠎ᠤᠨ ᠬᠠᠮᠲᠤ ᠵᠢᠨ ᠴᠣᠭᠴᠠ》 ᠵᠢ ᠪᠠᠢ᠌ᠭᠤᠯᠤᠨ᠂ ᠶᠡᠬᠡ ᠳᠡᠭᠡᠳᠦ ᠰᠤᠷᠭ᠋ᠠᠭᠤᠯᠢ ᠪᠣᠯᠤᠨ ᠳᠤᠮᠳᠠᠳᠤ ᠪᠠᠭ᠎ᠠ ᠰᠤᠷᠭ᠋ᠠᠭᠤᠯᠢ ᠬᠠᠮᠲᠤᠷᠠᠨ ᠵᠢᠭ᠋ᠠᠬᠤ ᠵᠢ ᠰᠣᠳᠤᠯᠬᠤ ᠵᠢ ᠠᠬᠢᠭᠤᠯᠵᠤ᠂ ᠵᠢᠭ᠋ᠠᠨ ᠰᠤᠷᠭ᠋ᠠᠯᠲᠠ ᠵᠢᠨ ᠠᠭᠤᠯᠭ᠎ᠠ᠂ ᠵᠢᠭ᠋ᠠᠨ ᠰᠤᠷᠭ᠋ᠠᠯᠲᠠ ᠵᠢᠨ ᠠᠷᠭ᠎ᠠ ᠵᠢ ᠪᠦᠲᠦᠮᠵᠢᠲᠡᠢ ᠵᠣᠯᠭ᠋ᠠᠭᠤᠯᠬᠤ ᠵᠢ ᠪᠡᠶᠡᠯᠡᠭᠦᠯᠦᠨ᠎ᠡ᠃ (ᠬᠠᠷᠢᠭᠤᠴᠠᠯᠭ᠋ᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ)
3. ᠲᠤᠷᠰᠢᠯᠲᠠ ᠵᠢᠨ ᠵᠢᠭ᠋ᠠᠨ ᠰᠤᠷᠭ᠋ᠠᠯᠲᠠ ᠵᠢ ᠵᠢᠷᠤᠮᠵᠢᠯ᠎ᠲᠠᠢ ᠥᠷᠨᠢᠭᠦᠯᠦᠨ᠎ᠡ᠃ ᠡᠯ᠎ᠡ ᠱᠠᠲᠤᠨ᠎ᠤ ᠲᠤᠰᠬᠠᠢ ᠵᠦᠢ᠍ᠯ᠎ᠤᠨ ᠪᠡᠯᠡ ᠮᠥᠩᠭᠥ ᠵᠢ ᠨᠢᠭᠡᠳᠦᠯᠲᠡᠢ ᠲᠥᠯᠥᠪᠯᠡᠨ ᠬᠡᠷᠡᠭᠯᠡᠵᠦ᠂ ᠬᠢᠴᠢᠶᠡᠯ ᠲᠥᠷᠦᠯ᠎ᠤᠨ ᠠᠩᠭᠢ ᠵᠢᠨ ᠭᠡᠷ᠂ ᠴᠢᠳᠠᠮᠵᠢᠲᠤ ᠬᠢᠴᠢᠶᠡᠯ᠎ᠤᠨ ᠭᠡᠷ᠂ ᠰᠢᠨᠵᠢᠯᠡᠬᠦ ᠤᠬᠠᠭ᠋ᠠᠨ ᠤ ᠠᠵᠢᠯᠯᠠᠬᠤ ᠲᠠᠰᠤᠭ᠂ ᠶᠡᠷᠦᠩᠬᠡᠶ᠋ᠢᠯᠡᠭᠰᠡᠨ ᠲᠤᠷᠰᠢᠯᠲᠠ ᠵᠢᠨ ᠲᠠᠰᠤᠭ ᠵᠡᠷᠭᠡ ᠰᠢᠨᠵᠢᠯᠡᠬᠦ ᠤᠬᠠᠭ᠋ᠠᠨ ᠤ ᠲᠥᠷᠥᠯ᠎ᠤᠨ ᠵᠢᠭ᠋ᠠᠨ ᠰᠤᠷᠭ᠋ᠠᠯᠲᠠ ᠵᠢᠨ ᠪᠠᠢ᠌ᠷᠢ ᠲᠠᠯᠠᠪᠤᠷ᠎ᠤᠨ ᠪᠦᠲᠦᠭᠡᠨ ᠪᠠᠶ᠋ᠢᠭᠤᠯᠤᠯᠲᠠ ᠵᠢ ᠳᠡᠮᠵᠢᠵᠦ᠂ ᠳᠤᠮᠳᠠᠳᠤ ᠪᠠᠭ᠎ᠠ ᠰᠤᠷᠭ᠋ᠠᠭᠤᠯᠢ ᠵᠢᠨ ᠲᠤᠷᠰᠢᠯᠲᠠ ᠵᠢᠨ ᠲᠠᠰᠤᠭ ᠵᠢᠴᠢ ᠪᠡᠯᠡᠳᠬᠡᠮᠵᠢ ᠲᠥᠬᠥᠭᠡᠷᠦᠮᠵᠢ ᠵᠢ ᠰᠢᠨᠵᠢᠯᠡᠬᠦ ᠤᠬᠠᠭ᠋ᠠᠨᠴᠢ᠎ᠪᠠᠷ ᠵᠢᠷᠤᠮᠵᠢᠭᠤᠯᠤᠨ ᠲᠣᠬᠢᠷᠠᠭᠤᠯᠤᠨ᠎ᠠ᠃ ᠬᠢᠴᠢᠶᠡᠯ᠎ᠤᠨ ᠪᠠᠷᠢᠮᠵᠢᠶ᠎ᠠ ᠶᠣᠰᠣᠭ᠋ᠠᠷ ᠲᠤᠷᠰᠢᠯᠲᠠ ᠪᠠ ᠰᠥᠪᠡᠭᠴᠢᠯᠡᠯᠲᠡ ᠦᠢ᠍ᠯᠡᠳᠦᠯᠭᠡ ᠵᠢᠨ ᠠᠵᠢᠯᠯᠠᠭ᠎ᠠ ᠵᠢ ᠥᠷᠨᠢᠭᠦᠯᠵᠦ᠂ ᠲᠤᠷᠰᠢᠯᠲᠠ ᠵᠢᠨ ᠵᠢᠭ᠋ᠠᠨ ᠰᠤᠷᠭ᠋ᠠᠯᠲᠠ ᠵᠢ ᠪᠦᠬᠦ ᠲᠠᠯ᠎ᠠ᠎ᠪᠠᠷ ᠴᠢᠩᠭ᠋ᠠᠳᠬᠠᠨ᠎ᠠ᠃ ᠳᠤᠮᠳᠠᠳᠤ ᠪᠠᠭ᠎ᠠ ᠰᠤᠷᠭ᠋ᠠᠭᠤᠯᠢ ᠵᠢᠨ ᠲᠤᠷᠰᠢᠯᠲᠠ ᠵᠢᠨ ᠵᠢᠭ᠋ᠠᠨ ᠰᠤᠷᠭ᠋ᠠᠯᠲᠠ ᠵᠢᠨ ᠬᠢᠴᠢᠶᠡᠯ ᠶᠠᠷᠢᠬᠤ ᠤᠷᠤᠯᠳᠤᠭ᠋ᠠᠨ᠂ ᠥᠪᠡᠰᠦᠪᠡᠨ ᠦᠢ᠍ᠯᠡᠳᠦᠭᠰᠡᠨ ᠵᠢᠭ᠋ᠠᠨ ᠰᠤᠷᠭ᠋ᠠᠯᠲᠠ ᠵᠢᠨ ᠪᠠᠭ᠋ᠠᠵᠢ ᠵᠢ ᠳᠡᠯᠭᠡᠨ ᠦᠵᠡᠭᠦᠯᠬᠦ ᠠᠵᠢᠯᠯᠠᠭ᠎ᠠ ᠪᠠ ᠪᠠᠭᠰᠢ ᠰᠤᠷᠤᠭᠴᠢᠳ᠎ᠤᠨ ᠮᠡᠳᠡᠭᠡ ᠵᠠᠩᠭᠢ ᠵᠢᠨ ᠬᠡᠪ ᠪᠣᠯᠪᠠᠰᠤᠷᠠᠯ᠎ᠢ ᠳᠡᠭᠡᠭᠰᠢᠯᠡᠭᠦᠯᠬᠦ ᠦᠢ᠍ᠯᠡᠳᠦᠯᠭᠡ ᠵᠢᠨ ᠠᠵᠢᠯᠯᠠᠭ᠎ᠠ ᠵᠢ ᠵᠣᠬᠢᠶᠠᠨ ᠪᠠᠶ᠋ᠢᠭᠤᠯᠤᠨ ᠥᠷᠨᠢᠭᠦᠯᠦᠨ᠎ᠡ᠃ ᠬᠢᠮᠡᠯ ᠣᠶᠤᠨ᠂ ᠵᠢᠱ᠌ᠢᠮᠡᠭ ᠦᠨᠡᠨ ᠵᠡᠷᠭᠡ ᠮᠡᠷᠭᠡᠵᠢᠯ᠎ᠤᠨ ᠠᠷᠭ᠎ᠠ ᠪᠠᠷᠢᠯ᠎ᠢ ᠠᠰᠢᠭᠯᠠᠨ᠂ ᠳᠤᠮᠳᠠᠳᠤ ᠪᠠᠭ᠎ᠠ ᠰᠤᠷᠭ᠋ᠠᠭᠤᠯᠢ ᠵᠢᠨ ᠲᠤᠷᠰᠢᠯᠲᠠ ᠵᠢᠨ ᠵᠢᠭ᠋ᠠᠨ ᠰᠤᠷᠭ᠋ᠠᠯᠲᠠ ᠵᠢ ᠰᠠᠶ᠋ᠢᠵᠢᠷᠠᠭᠤᠯᠤᠨ ᠴᠢᠩᠭ᠋ᠠᠳᠬᠠᠬᠤ ᠵᠢ ᠰᠦᠪᠡᠭᠴᠢᠯᠡᠬᠦ ᠵᠢᠨ ᠬᠠᠮᠲᠤ᠂ ᠲᠡᠷᠢᠭᠦᠨ᠎ᠤ ᠰᠤᠷᠭ᠋ᠠᠨ ᠬᠥᠮᠦᠵᠢᠯ᠎ᠤᠨ ᠮᠡᠷᠭᠡᠵᠢᠯ᠎ᠢ ᠠᠰᠢᠭᠯᠠᠨ ᠪᠠᠭᠤᠷᠠᠢ ᠭᠠᠵᠠᠷ ᠣᠷᠣᠨ᠂ ᠨᠥᠬᠥᠴᠡᠯ ᠪᠠᠷᠤᠭᠲᠠᠢ ᠰᠤᠷᠭ᠋ᠠᠭᠤᠯᠢ ᠵᠢᠴᠢ ᠣᠨᠴᠠᠭ᠋ᠠᠢ ᠬᠡᠦᠬᠡᠳ᠎ᠤᠨ ᠬᠠᠮᠲᠤᠯᠢᠭ᠎ᠲᠤ ᠰᠢᠯᠢᠳᠡᠭ ᠰᠤᠷᠭ᠋ᠠᠨ ᠬᠥᠮᠦᠵᠢᠯ ᠵᠢᠭ᠋ᠠᠨ ᠰᠤᠷᠭ᠋ᠠᠯᠲᠠ ᠵᠢᠨ ᠡᠬᠢ ᠪᠠᠶᠠᠯᠢᠭ ᠬᠦᠷᠦᠯᠴᠡᠬᠦ ᠦᠭᠡᠢ ᠪᠠᠶ᠋ᠢᠬᠤ ᠪᠠᠶ᠋ᠢᠳᠠᠯ᠎ᠢ ᠨᠥᠬᠥᠪᠥᠷᠢᠯᠡᠬᠦ ᠵᠢ ᠴᠢᠬᠤᠯᠠᠴᠢᠯᠠᠨ᠎ᠠ᠃ ᠲᠤᠷᠰᠢᠯᠲᠠ ᠵᠢᠨ ᠲᠠᠰᠤᠭ᠎ᠤᠨ ᠠᠮᠤᠷ ᠲᠦᠪᠰᠢᠨ᠎ᠤ ᠬᠠᠮᠢᠶᠠᠷᠤᠯᠲᠠ ᠵᠢ ᠴᠢᠩᠭ᠋ᠠᠳᠬᠠᠵᠤ᠂ ᠲᠤᠷᠰᠢᠯᠲᠠ ᠵᠢᠨ ᠵᠢᠭ᠋ᠠᠨ ᠰᠤᠷᠭ᠋ᠠᠯᠲᠠ ᠵᠢᠨ ᠠᠮᠤᠷ ᠲᠦᠪᠰᠢᠨ᠎ᠤ ᠪᠡᠯᠡᠳᠬᠡᠯ ᠲᠥᠰᠦᠯ᠎ᠢ ᠳᠣᠭᠲᠠᠭ᠋ᠠᠨ᠂ ᠲᠤᠷᠰᠢᠯᠲᠠ ᠵᠢᠨ ᠵᠢᠭ᠋ᠠᠨ ᠰᠤᠷᠭ᠋ᠠᠯᠲᠠ ᠵᠢ ᠬᠡᠪ᠎ᠤᠨ ᠪᠠᠶ᠋ᠢᠳᠠᠯ ᠵᠶ᠋ᠠᠷ ᠥᠷᠨᠢᠭᠦᠯᠬᠦ ᠪᠠ ᠲᠤᠷᠰᠢᠯᠲᠠ ᠵᠢᠨ ᠲᠠᠰᠤᠭ᠎ᠢ ᠬᠡᠷᠡᠭᠯᠡᠬᠦ ᠠᠮᠤᠷ ᠲᠦᠪᠰᠢᠨ᠎ᠢ ᠪᠠᠲᠤᠯᠠᠨ᠎ᠠ᠃ (ᠬᠠᠷᠢᠭᠤᠴᠠᠯᠭ᠋ᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ᠂ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ᠂ ᠡᠳ᠋᠎ᠤᠨ ᠵᠠᠰᠠᠭ᠎ᠤᠨ ᠲᠢᠩᠬᠢᠮ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠨᠡᠶ᠋ᠢᠭᠡᠮᠯᠢᠭ)
4. ᠬᠢᠴᠢᠶᠡᠯ᠎ᠤᠨ ᠳᠠᠷᠠᠭ᠋ᠠᠬᠢ ᠦᠢ᠍ᠯᠡᠴᠢᠯᠡᠭᠡᠨ᠎ᠤ ᠴᠢᠨᠠᠷ ᠴᠢᠨᠰᠠᠭ᠎ᠠ ᠵᠢ ᠳᠡᠭᠡᠭᠰᠢᠯᠡᠭᠦᠯᠦᠨ᠎ᠡ᠃ ᠰᠢᠨᠵᠢᠯᠡᠬᠦ ᠤᠬᠠᠭ᠋ᠠᠨ᠎ᠤ ᠰᠤᠷᠭ᠋ᠠᠨ ᠬᠥᠮᠦᠵᠢᠯ᠎ᠢ ᠠᠯᠪᠠᠨ ᠵᠢᠷᠤᠮ᠎ᠤᠨ ᠰᠤᠷᠭ᠋ᠠᠨ ᠬᠥᠮᠦᠵᠢᠯ ᠤᠨ ᠰᠤᠷᠭ᠋ᠠᠭᠤᠯᠢ ᠵᠢᠨ ᠬᠢᠴᠢᠶᠡᠯ᠎ᠤᠨ ᠳᠠᠷᠠᠭ᠋ᠠᠬᠢ ᠦᠢ᠍ᠯᠡᠴᠢᠯᠡᠭᠡᠨ᠎ᠤ ᠬᠠᠮᠤᠭ᠎ᠤᠨ ᠦᠨᠳᠦᠰᠦᠨ᠂ ᠡᠷᠬᠡᠪᠰᠢ ᠪᠦᠷᠢᠯᠳᠦᠭᠦᠯᠬᠦ ᠲᠥᠷᠥᠯ ᠵᠦᠢ᠍ᠯ ᠪᠣᠯᠭ᠋ᠠᠵᠤ᠂ ᠰᠢᠨᠵᠢᠯᠡᠬᠦ ᠤᠬᠠᠭ᠋ᠠᠨ᠎ᠢ ᠲᠦᠭᠡᠮᠡᠯᠵᠢᠭᠦᠯᠬᠦ ᠲᠠᠶ᠋ᠢᠯᠤᠮᠵᠢ᠂ ᠰᠢᠨᠵᠢᠯᠡᠬᠦ ᠤᠬᠠᠭ᠋ᠠᠨ᠎ᠤ ᠲᠤᠷᠰᠢᠯᠲᠠ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠵᠣᠬᠢᠶᠠᠯ ᠪᠥᠲᠦᠭᠡᠯ᠂ ᠡᠭᠦᠳᠦᠨ ᠪᠦᠲᠦᠭᠡᠯᠲᠡ ᠵᠢᠨ ᠠᠵᠢᠯᠯᠠᠭ᠎ᠠ᠂ ᠠᠵᠢᠭᠯᠠᠨ ᠰᠣᠳᠤᠯᠬᠤ᠂ ᠰᠢᠨᠵᠢᠯᠡᠬᠦ ᠤᠬᠠᠭ᠋ᠠᠨ᠎ᠤ ᠵᠢᠷᠤᠭ ᠳᠦᠷᠰᠦ ᠵᠢ ᠵᠣᠬᠢᠶᠠᠨ ᠪᠦᠲᠦᠭᠡᠬᠦ᠂ ᠰᠢᠨᠵᠢᠯᠡᠬᠦ ᠤᠬᠠᠭ᠋ᠠᠨᠴᠢ᠎ᠪᠠᠷ ᠪᠠᠶ᠋ᠢᠴᠠᠭ᠋ᠠᠵᠤ ᠪᠡᠶᠡᠴᠢᠯᠡᠨ ᠣᠶ᠋ᠢᠯᠠᠭ᠋ᠠᠬᠤ ᠵᠡᠷᠭᠡ ᠦᠢ᠍ᠯᠡᠳᠦᠯᠭᠡ ᠵᠢᠨ ᠠᠵᠢᠯᠯᠠᠭ᠎ᠠ ᠵᠢ ᠥᠷᠨᠢᠭᠦᠯᠦᠨ᠂ ᠬᠢᠴᠢᠶᠡᠯ᠎ᠤᠨ ᠳᠠᠷᠠᠭ᠋ᠠᠬᠢ ᠦᠢ᠍ᠯᠡᠴᠢᠯᠡᠭᠡᠨ᠎ᠤ ᠲᠠᠲᠠᠬᠤ ᠬᠦᠴᠦᠨ᠎ᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ ᠰᠤᠷᠤᠭᠴᠢᠳ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠨᠡᠶ᠋ᠢᠭᠡᠮᠯᠢᠭ ᠪᠣᠯᠤᠨ ᠳᠤᠷ᠎ᠠ ᠰᠣᠨᠢᠷᠬᠠᠯ᠎ᠤᠨ ᠳᠤᠭᠤᠶ᠋ᠢᠯᠠᠩ᠎ᠢ ᠵᠢᠯᠣᠭᠣᠳᠬᠤ ᠵᠢ ᠴᠢᠩᠭ᠋ᠠᠳᠬᠠᠵᠤ᠂ ᠳᠤᠷ᠎ᠠ ᠰᠣᠨᠢᠷᠬᠠᠯᠲᠠᠢ ᠰᠤᠷᠤᠭᠴᠢᠳ ᠰᠢᠨᠵᠢᠯᠡᠬᠦ ᠤᠬᠠᠭ᠋ᠠᠨ᠎ᠤ ᠰᠥᠪᠡᠭᠴᠢᠯᠡᠯᠲᠡ ᠪᠠ ᠲᠤᠷᠰᠢᠯᠲᠠ ᠵᠢ ᠤᠷᠲᠤ ᠬᠤᠭᠤᠴᠠᠭ᠎ᠠ᠎ᠪᠠᠷ᠂ ᠭᠦᠨᠵᠡᠭᠡᠢ᠂ ᠰᠢᠰᠲ᠋ᠧᠮ᠎ᠲᠠᠢ ᠥᠷᠨᠢᠭᠦᠯᠬᠦ ᠵᠢ ᠬᠥᠲᠥᠯᠥᠨ ᠵᠢᠯᠣᠭᠣᠳᠴᠤ ᠳᠡᠮᠵᠢᠨ᠎ᠡ᠃ ᠭᠤᠷᠪᠠᠳᠠᠬᠢ ᠡᠲᠡᠭᠡᠳ᠎ᠢ ᠰᠤᠷᠭ᠋ᠠᠭᠤᠯᠢ ᠵᠢᠨ ᠬᠦᠷᠢᠶᠡᠨ᠎ᠳᠤ ᠣᠷᠣᠭᠤᠯᠬᠤ ᠲᠣᠭᠲᠠᠴᠠ ᠵᠢ ᠲᠡᠭᠦᠯᠳᠡᠷᠵᠢᠭᠦᠯᠵᠦ᠂ ᠨᠡᠶ᠋ᠢᠭᠡᠮ᠎ᠤᠨ ᠴᠢᠨᠠᠷᠯᠢᠭ ᠰᠢᠨᠵᠢᠯᠡᠬᠦ ᠤᠬᠠᠭ᠋ᠠᠨ᠎ᠤ ᠰᠤᠷᠭ᠋ᠠᠨ ᠬᠥᠮᠦᠵᠢᠯ᠎ᠤᠨ ᠡᠬᠢ ᠪᠠᠶᠠᠯᠢᠭ᠎ᠢ ᠨᠢᠭᠡᠳᠦᠯᠲᠡᠢ ᠲᠥᠯᠥᠪᠯᠡᠨ ᠠᠰᠢᠭᠯᠠᠵᠤ᠂ ᠰᠤᠷᠭ᠋ᠠᠨ ᠬᠥᠮᠦᠵᠢᠯ᠎ᠤᠨ ᠨᠡᠶ᠋ᠢᠲᠡ ᠵᠢᠨ ᠠᠰᠠᠷᠠᠮᠵᠢ ᠵᠢᠨ ᠰᠢᠨᠵᠢ ᠴᠢᠨᠠᠷ᠎ᠢ ᠪᠠᠷᠢᠮᠲᠠᠯᠠᠨ᠂ ᠪᠣᠳᠠᠲᠠᠢ ᠬᠡᠷᠡᠭᠴᠡᠭᠡ᠎ᠪᠠᠨ ᠦᠨᠳᠦᠰᠦᠯᠡᠨ ᠨᠡᠶ᠋ᠢᠲᠡ ᠵᠢᠨ ᠠᠰᠠᠷᠠᠮᠵᠢ ᠵᠢᠨ ᠦᠢ᠍ᠯᠡᠴᠢᠯᠡᠭᠡ᠂ ᠵᠠᠰᠠᠭ᠎ᠤᠨ ᠣᠷᠳᠣᠨ᠎ᠤ ᠦᠢ᠍ᠯᠡᠴᠢᠯᠡᠭᠡ ᠬᠤᠳᠠᠯᠳᠤᠨ ᠠᠪᠬᠤ ᠵᠡᠷᠭᠡ ᠠᠷᠭ᠎ᠠ ᠮᠠᠶᠢᠭ ᠵᠶ᠋ᠠᠷ ᠳᠠᠮᠵᠢᠭᠤᠯᠤᠨ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠥᠷᠥᠯ᠎ᠤᠨ ᠰᠤᠷᠭ᠋ᠠᠭᠤᠯᠢ ᠵᠢᠨ ᠭᠠᠳᠠᠨᠠᠬᠢ ᠪᠣᠯᠪᠠᠰᠤᠷᠠᠭᠤᠯᠤᠯ᠎ᠤᠨ ᠪᠠᠶ᠋ᠢᠭᠤᠯᠤᠮᠵᠢ ᠵᠢᠴᠢ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠣᠷᠳᠣᠨ᠂ ᠵᠠᠯᠠᠭᠤᠴᠤᠳ ᠪᠠᠭ᠋ᠠᠴᠤᠳ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠠᠵᠢᠯᠯᠠᠭ᠋ᠠᠨ᠎ᠤ ᠲᠥᠪ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠢ ᠲᠦᠭᠡᠮᠡᠯᠵᠢᠭᠦᠯᠬᠦ ᠵᠢᠱ᠌ᠢᠶ᠎ᠡ ᠦᠵᠡᠭᠦᠯᠬᠦ ᠰᠠᠭᠤᠷᠢᠨ ᠭᠠᠵᠠᠷ ᠵᠡᠷᠭᠡ ᠨᠡᠶ᠋ᠢᠭᠡᠮ᠎ᠤᠨ ᠪᠠᠶ᠋ᠢᠭᠤᠯᠤᠮᠵᠢ ᠵᠢᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠢ ᠲᠦᠭᠡᠮᠡᠯᠵᠢᠭᠦᠯᠬᠦ ᠲᠥᠷᠥᠯ᠎ᠤᠨ ᠬᠢᠴᠢᠶᠡᠯ ᠪᠠ ᠠᠵᠢᠯᠯᠠᠭ᠎ᠠ ᠵᠢ ᠬᠢᠴᠢᠶᠡᠯ᠎ᠤᠨ ᠳᠠᠷᠠᠭ᠋ᠠᠬᠢ ᠦᠢ᠍ᠯᠡᠴᠢᠯᠡᠭᠡ᠎ᠳᠤ ᠣᠷᠣᠭᠤᠯᠵᠤ᠂ ᠰᠤᠷᠭ᠋ᠠᠭᠤᠯᠢ ᠵᠢᠨ ᠰᠢᠨᠵᠢᠯᠡᠬᠦ ᠤᠬᠠᠭ᠋ᠠᠨ᠎ᠤ ᠰᠤᠷᠭ᠋ᠠᠨ ᠬᠥᠮᠦᠵᠢᠯ᠎ᠳᠤ ᠠᠰᠢᠭᠲᠠᠢ ᠨᠥᠬᠥᠪᠥᠷᠢ ᠬᠠᠩᠭ᠋ᠠᠵᠤ᠂ ᠳᠤᠮᠳᠠᠳᠤ ᠪᠠᠭ᠎ᠠ ᠰᠤᠷᠭ᠋ᠠᠭᠤᠯᠢ ᠵᠢᠨ ᠰᠤᠷᠤᠭᠴᠢᠳ᠎ᠤᠨ ᠣᠯᠠᠨ ᠶᠠᠩᠵᠤᠴᠢᠯᠠᠭᠰᠠᠨ ᠬᠡᠷᠡᠭᠴᠡᠭᠡ ᠱᠠᠭ᠋ᠠᠷᠳᠠᠯᠭ᠎ᠠ ᠵᠢ ᠲᠠᠰᠤᠷᠠᠯᠲᠠ ᠥᠬᠡᠶ ᠬᠠᠩᠭ᠋ᠠᠨ᠎ᠠ᠃ (ᠬᠠᠷᠢᠭᠤᠴᠠᠯᠭ᠋ᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ᠂ ᠡᠳ᠋᠎ᠤᠨ ᠵᠠᠰᠠᠭ᠎ᠤᠨ ᠲᠢᠩᠬᠢᠮ᠂ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠲᠢᠩᠬᠢᠮ᠂ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠂ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠣᠨ ᠮᠠᠯᠵᠢᠬᠤ ᠣᠷᠣᠨ᠎ᠤ ᠲᠢᠩᠬᠢᠮ᠂ ᠥᠪᠥᠷ ᠮᠣᠩᠭᠣᠯ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠤᠳᠤᠯᠭ᠋ᠠᠨ ᠤ ᠬᠦᠷᠢᠶᠡᠯᠡᠩ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠨᠡᠶ᠋ᠢᠭᠡᠮᠯᠢᠭ)
5. ᠪᠠᠭᠰᠢ ᠵᠢᠨ ᠡᠩᠨᠡᠭᠡᠨ᠎ᠤ ᠪᠠᠶ᠋ᠢᠭᠤᠯᠤᠯᠲᠠ ᠵᠢ ᠴᠢᠩᠭ᠋ᠠᠳᠬᠠᠨ᠎ᠠ᠃ ᠳᠤᠮᠳᠠᠳᠤ ᠪᠠᠭ᠎ᠠ ᠰᠤᠷᠭ᠋ᠠᠭᠤᠯᠢ ᠵᠢᠨ ᠰᠢᠨᠵᠢᠯᠡᠬᠦ ᠤᠬᠠᠭ᠋ᠠᠨ᠎ᠤ ᠲᠥᠷᠥᠯ᠎ᠤᠨ ᠬᠢᠴᠢᠶᠡᠯ᠎ᠤᠨ ᠪᠠᠭᠰᠢ ᠵᠢ ᠬᠥᠮᠦᠵᠢᠭᠦᠯᠬᠦ ᠨᠢᠭᠡ ᠪᠦᠯᠦᠭ ᠪᠠᠭᠰᠢ ᠵᠢᠨ ᠰᠤᠷᠭ᠋ᠠᠭᠤᠯᠢ ᠵᠢᠨ ᠲᠥᠷᠥᠯ᠎ᠤᠨ ᠲᠤᠰᠬᠠᠢ ᠮᠡᠷᠭᠡᠵᠢᠯ᠎ᠢ ᠪᠠᠶ᠋ᠢᠭᠤᠯᠤᠨ ᠬᠦᠴᠦᠷᠬᠡᠭᠵᠢᠭᠦᠯᠵᠦ᠂ ᠠᠯᠪᠠᠨ᠎ᠤ ᠰᠦᠢ᠍ᠳᠬᠡᠯ ᠵᠶ᠋ᠠᠷ ᠰᠤᠷᠤᠯᠴᠠᠬᠤ ᠪᠠᠭᠰᠢ ᠵᠢᠨ ᠰᠤᠷᠭ᠋ᠠᠭᠤᠯᠢ ᠵᠢᠨ ᠲᠥᠷᠥᠯ᠎ᠤᠨ ᠲᠤᠰᠬᠠᠢ ᠮᠡᠷᠭᠡᠵᠢᠯ᠎ᠤᠨ ᠣᠶᠤᠲᠠᠨ᠂ 《ᠰᠢᠯᠢᠳᠡᠭ ᠪᠠᠭᠰᠢ ᠵᠢᠨ ᠲᠥᠯᠥᠪᠯᠡᠭᠡ》 ᠵᠡᠷᠭᠡ ᠲᠥᠷᠥᠯ ᠵᠦᠢ᠍ᠯ᠎ᠳᠤ ᠰᠢᠨᠵᠢᠯᠡᠬᠦ ᠤᠬᠠᠭ᠋ᠠᠨ᠎ᠤ ᠲᠥᠷᠥᠯ᠎ᠤᠨ ᠬᠢᠴᠢᠶᠡᠯ᠎ᠤᠨ ᠪᠠᠭᠰᠢ ᠵᠢ ᠬᠥᠮᠦᠵᠢᠭᠦᠯᠬᠦ ᠬᠠᠷᠢᠴᠠᠯ᠎ᠢ ᠳᠡᠭᠡᠭᠰᠢᠯᠡᠭᠦᠯᠦᠨ᠂ ᠥᠨᠳᠥᠷ ᠬᠡᠪ ᠴᠢᠨᠠᠷᠲᠠᠢ ᠲᠤᠰᠬᠠᠶ᠋ᠢᠵᠢᠭᠰᠠᠨ ᠰᠢᠨᠵᠢᠯᠡᠬᠦ ᠤᠬᠠᠭ᠋ᠠᠨ᠎ᠤ ᠲᠥᠷᠥᠯ᠎ᠤᠨ ᠪᠠᠭᠰᠢ ᠵᠢᠨ ᠬᠠᠩᠭ᠋ᠠᠯᠭ᠎ᠠ ᠵᠢ ᠡᠬᠢ ᠡᠭᠦᠰᠦᠯ᠎ᠠᠴᠠ᠎ᠨᠢ ᠴᠢᠩᠭ᠋ᠠᠳᠬᠠᠨ᠎ᠠ᠃ ᠡᠯ᠎ᠡ ᠱᠠᠲᠤᠨ᠎ᠤ ᠪᠠᠭᠰᠢ ᠵᠢᠨ ᠪᠣᠯᠪᠠᠰᠤᠷᠠᠯ᠎ᠤᠨ ᠲᠥᠷᠥᠯ ᠵᠦᠢ᠍ᠯ᠎ᠳᠤ᠂ ᠳᠤᠮᠳᠠᠳᠤ ᠪᠠᠭ᠎ᠠ ᠰᠤᠷᠭ᠋ᠠᠭᠤᠯᠢ ᠵᠢᠨ ᠰᠢᠨᠵᠢᠯᠡᠬᠦ ᠤᠬᠠᠭ᠋ᠠᠨ᠎ᠤ ᠲᠥᠷᠥᠯ᠎ᠤᠨ ᠬᠢᠴᠢᠶᠡᠯ᠎ᠤᠨ ᠪᠠᠭᠰᠢ ᠵᠢᠨ ᠪᠣᠯᠪᠠᠰᠤᠷᠠᠯ᠎ᠤᠨ ᠲᠥᠷᠥᠯ ᠵᠦᠢ᠍ᠯ᠎ᠢ ᠲᠤᠰᠬᠠᠢ ᠲᠣᠬᠢᠷᠠᠭᠤᠯᠵᠤ᠂ ᠪᠠᠭᠰᠢ ᠵᠢᠨ ᠰᠢᠨᠵᠢᠯᠡᠬᠦ ᠤᠬᠠᠭ᠋ᠠᠨ᠎ᠤ ᠬᠡᠪ ᠪᠣᠯᠪᠠᠰᠤᠷᠠᠯ᠎ᠢ ᠳᠡᠭᠡᠭᠰᠢᠯᠡᠭᠦᠯᠦᠨ᠂ ᠲᠤᠷᠰᠢᠯᠲᠠ ᠵᠢᠨ ᠵᠢᠭ᠋ᠠᠨ ᠰᠤᠷᠭ᠋ᠠᠯᠲᠠ ᠵᠢᠨ ᠴᠢᠳᠠᠪᠤᠷᠢ ᠵᠢ ᠴᠢᠩᠭ᠋ᠠᠷᠠᠭᠤᠯᠤᠨ᠎ᠠ᠃ ᠳᠤᠮᠳᠠᠳᠤ ᠪᠠᠭ᠎ᠠ ᠰᠤᠷᠭ᠋ᠠᠭᠤᠯᠢ ᠨᠢᠭᠡ ᠪᠦᠷᠢ᠎ᠳᠤ ᠰᠤᠷᠭ᠋ᠠᠭᠤᠯᠢ ᠵᠢᠨ ᠤᠳᠤᠷᠢᠳᠤᠯᠭ᠎ᠠ ᠪᠤᠶᠤ ᠶᠡᠬᠡ ᠳᠡᠭᠡᠳᠦ ᠰᠤᠷᠭ᠋ᠠᠭᠤᠯᠢ᠂ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠬᠦᠷᠢᠶᠡᠯᠡᠩ ᠭᠠᠵᠠᠷ ᠵᠡᠷᠭᠡ ᠬᠦᠷᠢᠶ᠎ᠡ ᠴᠠᠷᠠᠭ᠋ᠠᠨ᠎ᠤ ᠲᠤᠰᠬᠠᠢ ᠮᠡᠷᠭᠡᠵᠢᠯᠲᠡᠨ ᠡᠷᠳᠡᠮᠲᠡᠳ ᠵᠶ᠋ᠠᠷ ᠰᠢᠨᠵᠢᠯᠡᠬᠦ ᠤᠬᠠᠭ᠋ᠠᠨ᠎ᠤ ᠰᠤᠷᠭ᠋ᠠᠭᠤᠯᠢ ᠵᠢᠨ ᠳᠡᠳ᠋ ᠵᠠᠬᠢᠷᠤᠯ᠎ᠤᠨ ᠲᠤᠰᠢᠶᠠᠯ᠎ᠢ ᠡᠭᠦᠷᠭᠡᠯᠡᠭᠦᠯᠵᠦ᠂ ᠵᠠᠷᠴᠢᠮ ᠳᠡᠭᠡᠷ᠎ᠡ᠎ᠪᠠᠨ ᠬᠠᠮᠤᠭ᠎ᠤᠨ ᠪᠠᠭ᠎ᠠ᠎ᠳᠤ᠎ᠪᠠᠨ 1 ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠬᠠᠪᠰᠤᠷᠤᠨ ᠵᠢᠯᠣᠭᠣᠳᠤᠭᠴᠢ ᠲᠣᠬᠢᠷᠠᠭᠤᠯᠤᠨ᠎ᠠ᠃ ᠪᠠᠭ᠎ᠠ ᠰᠤᠷᠭ᠋ᠠᠭᠤᠯᠢ ᠵᠢᠨ ᠰᠢᠨᠵᠢᠯᠡᠬᠦ ᠤᠬᠠᠭ᠋ᠠᠨ᠎ᠤ ᠬᠢᠴᠢᠶᠡᠯ᠎ᠤᠨ ᠪᠠᠭᠰᠢ ᠵᠢᠨ ᠠᠵᠢᠯ᠎ᠤᠨ ᠪᠠᠶ᠋ᠢᠷᠢ ᠵᠢᠨ ᠣᠷᠣᠨ ᠲᠣᠭ᠎ᠠ ᠵᠢ ᠨᠠᠶ᠋ᠢᠳᠠᠪᠤᠷᠢᠵᠢᠭᠤᠯᠤᠨ᠂ ᠳᠤᠮᠳᠠᠳᠤ ᠪᠠᠭ᠎ᠠ ᠰᠤᠷᠭ᠋ᠠᠭᠤᠯᠢ ᠵᠢᠨ ᠲᠤᠷᠰᠢᠯᠲᠠ (ᠬᠠᠮᠢᠶᠠᠷᠤᠯᠲᠠ) ᠵᠢ ᠰᠢᠨᠵᠢᠯᠡᠬᠦ ᠤᠬᠠᠭ᠋ᠠᠨᠴᠢ᠎ᠪᠠᠷ ᠲᠣᠬᠢᠷᠠᠭᠤᠯᠵᠤ᠂ ᠰᠢᠨᠵᠢᠯᠡᠬᠦ ᠤᠬᠠᠭ᠋ᠠᠨ᠎ᠤ ᠲᠥᠷᠥᠯ᠎ᠤᠨ ᠬᠢᠴᠢᠶᠡᠯ᠎ᠤᠨ ᠪᠠᠭᠰᠢ ᠪᠠ ᠳᠤᠷᠰᠢᠯᠲᠠ ᠵᠢᠨ ᠠᠵᠢᠯᠲᠠᠨ᠂ ᠲᠤᠷᠰᠢᠯᠲᠠ ᠵᠢᠨ ᠬᠠᠮᠢᠶᠠᠷᠤᠭᠴᠢ ᠵᠢᠨ ᠵᠣᠬᠢᠬᠤ ᠠᠵᠢᠯ᠎ᠤᠨ ᠬᠡᠮᠵᠢᠶ᠎ᠡ ᠵᠢ ᠵᠦᠢ ᠵᠣᠬᠢᠰᠲᠠᠢ ᠬᠢᠨᠠᠨ ᠲᠣᠭᠲᠠᠭ᠋ᠠᠨ᠎ᠠ᠃ ᠣᠷᠣᠨ ᠪᠦᠰᠡ ᠵᠢᠨ ᠳᠣᠲᠣᠷᠠᠬᠢ ᠪᠠᠭᠰᠢ ᠵᠢᠨ ᠬᠦᠴᠦᠨ᠎ᠢ ᠨᠢᠭᠡᠳᠦᠯᠲᠡᠢ ᠲᠥᠯᠥᠪᠯᠡᠨ ᠲᠣᠬᠢᠷᠠᠭᠤᠯᠵᠤ᠂ ᠰᠢᠶᠠᠨ᠎ᠠᠴᠠ ᠬᠠᠮᠢᠶᠠᠷᠤᠨ ᠰᠤᠷᠭ᠋ᠠᠭᠤᠯᠢ᠎ᠠᠴᠠ ᠤᠷᠢᠬᠤ ᠥᠭᠡᠷᠡᠴᠢᠯᠡᠯᠲᠡ ᠵᠢᠨ ᠶᠠᠪᠤᠴᠠ᠎ᠳᠤ᠂ ᠠᠵᠢᠯ᠎ᠤᠨ ᠪᠠᠢ᠌ᠷᠢ ᠳᠤ ᠪᠠᠶ᠋ᠢᠭ᠎ᠠ ᠪᠠᠭᠰᠢ ᠵᠢᠨ ᠰᠢᠨᠵᠢᠯᠡᠬᠦ ᠤᠬᠠᠭ᠋ᠠᠨ᠎ᠤ ᠲᠥᠷᠥᠯ᠎ᠤᠨ ᠬᠢᠴᠢᠶᠡᠯ᠎ᠢ ᠠᠵᠢᠯ᠎ᠤᠨ ᠪᠠᠶ᠋ᠢᠷᠢ ᠰᠣᠯᠢᠨ ᠪᠣᠯᠪᠠᠰᠤᠷᠠᠭᠤᠯᠬᠤ ᠵᠢ ᠴᠠᠭᠲᠤᠨᠢ ᠲᠣᠬᠢᠷᠠᠭᠤᠯᠤᠨ ᠥᠷᠨᠢᠭᠦᠯᠵᠦ᠂ ᠰᠢᠯᠢᠳᠡᠭ ᠪᠠᠭᠰᠢ ᠵᠢᠨ ᠰᠢᠨᠵᠢᠯᠡᠬᠦ ᠤᠬᠠᠭ᠋ᠠᠨ ᠰᠤᠷᠭ᠋ᠠᠨ ᠬᠥᠮᠦᠵᠢᠯ᠎ᠤᠨ ᠠᠵᠢᠯ ᠡᠷᠬᠢᠯᠡᠬᠦ ᠵᠢ ᠵᠣᠷᠢᠭᠵᠢᠭᠤᠯᠵᠤ ᠬᠥᠲᠥᠯᠥᠨ ᠵᠢᠯᠣᠭᠣᠳᠤᠨ᠎ᠠ᠃ ᠡᠯ᠎ᠡ ᠱᠠᠲᠤᠨ᠎ᠤ ᠵᠢᠭ᠋ᠠᠬᠤ ᠵᠢ ᠰᠤᠳᠤᠯᠬᠤ ᠰᠠᠯᠠᠭ᠎ᠠ ᠮᠥᠴᠢᠷ᠎ᠤᠨ᠎ᠬᠢᠨ ᠰᠢᠨᠵᠢᠯᠡᠬᠦ ᠤᠬᠠᠭ᠋ᠠᠨ᠎ᠤ ᠵᠢᠭ᠋ᠠᠬᠤ ᠵᠢ ᠰᠤᠳᠤᠯᠤᠭᠴᠢ ᠵᠢ ᠲᠣᠬᠢᠷᠠᠭᠤᠯᠬᠤ ᠵᠢ ᠴᠢᠩᠭ᠋ᠠᠳᠬᠠᠵᠤ᠂ ᠨᠡᠮᠡᠭᠳᠡᠯ᠎ᠢ ᠳᠡᠭᠡᠭᠰᠢᠯᠡᠭᠦᠯᠵᠦ᠂ ᠨᠥᠭᠡᠴᠡ ᠵᠢ ᠰᠠᠢ᠌ᠵᠢᠷᠠᠭᠤᠯᠬᠤ ᠠᠷᠭ᠎ᠠ ᠮᠠᠶᠢᠭ ᠵᠶ᠋ᠠᠷ ᠰᠢᠨᠵᠢᠯᠡᠬᠦ ᠤᠬᠠᠭ᠋ᠠᠨ᠎ᠤ ᠲᠥᠷᠦᠯ᠎ᠤᠨ ᠬᠢᠴᠢᠶᠡᠯ᠎ᠤᠨ ᠪᠠᠭᠰᠢ ᠵᠢ ᠬᠥᠮᠦᠵᠢᠭᠦᠯᠬᠦ᠂ ᠨᠥᠬᠥᠪᠥᠷᠢᠯᠡᠬᠦ ᠠᠵᠢᠯ᠎ᠢ ᠰᠠᠶ᠋ᠢᠲᠤᠷ ᠬᠢᠵᠦ᠂ ᠪᠠᠭ᠎ᠠ ᠰᠤᠷᠭ᠋ᠠᠭᠤᠯᠢ ᠨᠢᠭᠡ ᠪᠦᠷᠢ᠎ᠳᠤ ᠬᠠᠮᠤᠭ᠎ᠤᠨ ᠪᠠᠭ᠎ᠠ᠎ᠳᠤ᠎ᠪᠠᠨ ᠪᠠᠶ᠋ᠢᠭ᠋ᠠᠯᠢ ᠲᠧᠭᠨᠢᠭ᠎ᠤᠨ ᠮᠠᠰᠲ᠋ᠧᠷ ᠴᠣᠯᠠ᠎ᠲᠠᠢ 1 ᠰᠢᠨᠵᠢᠯᠡᠬᠦ ᠤᠬᠠᠭ᠋ᠠᠨ᠎ᠤ ᠲᠥᠷᠦᠯ᠎ᠤᠨ ᠬᠢᠴᠢᠶᠡᠯ᠎ᠤᠨ ᠪᠠᠭᠰᠢ᠎ᠲᠠᠢ ᠪᠠᠶ᠋ᠢᠬᠤ ᠵᠢ ᠪᠡᠶᠡᠯᠡᠭᠦᠯᠬᠦ ᠵᠢ ᠠᠯᠬᠤᠮ ᠠᠯᠬᠤᠮ ᠵᠶ᠋ᠠᠷ ᠠᠬᠢᠭᠤᠯᠤᠨ᠎ᠠ᠃ (ᠬᠠᠷᠢᠭᠤᠴᠠᠯᠭ᠋ᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ᠂ ᠡᠳ᠋᠎ᠤᠨ ᠵᠠᠰᠠᠭ᠎ᠤᠨ ᠲᠢᠩᠬᠢᠮ᠂ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠲᠢᠩᠬᠢᠮ᠂ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠂ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠣᠨ ᠮᠠᠯᠵᠢᠬᠤ ᠣᠷᠣᠨ᠎ᠤ ᠲᠢᠩᠬᠢᠮ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ᠂ ᠥᠪᠥᠷ ᠮᠣᠩᠭᠣᠯ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠤᠳᠤᠯᠭ᠋ᠠᠨ᠎ᠤ ᠬᠦᠷᠢᠶᠡᠯᠡᠩ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠨᠡᠶ᠋ᠢᠭᠡᠮᠯᠢᠭ)
(ᠬᠤᠶᠠᠷ) ᠨᠡᠶ᠋ᠢᠭᠡᠮ᠎ᠤᠨ ᠡᠬᠢ ᠪᠠᠶᠠᠯᠢᠭ᠎ᠤᠨ ᠦᠢ᠍ᠯᠡᠳᠦᠯᠭᠡ ᠵᠢᠨ ᠬᠦᠮᠦᠨ
ᠬᠦᠮᠦᠵᠢᠭᠦᠯᠬᠦ ᠠᠵᠢᠯᠯᠠᠭ᠎ᠠ
6. ᠴᠢᠨᠠᠷᠯᠢᠭ ᠨᠡᠶ᠋ᠢᠭᠡᠮ᠎ᠤᠨ ᠡᠬᠢ ᠪᠠᠶᠠᠯᠢᠭ᠎ᠢ ᠨᠢᠭᠡᠳᠦᠯᠲᠡᠶ ᠲᠥᠯᠥᠪᠯᠡᠨ᠎ᠡ᠃ ᠰᠠᠯᠠᠭ᠎ᠠ ᠮᠥᠴᠢᠷ᠎ᠤᠨ ᠬᠠᠮᠵᠢᠯᠴᠠᠭ᠎ᠠ ᠵᠢ ᠴᠢᠩᠭ᠋ᠠᠳᠬᠠᠵᠤ᠂ ᠳᠡᠭᠡᠳᠦ ᠰᠤᠷᠭ᠋ᠠᠭᠤᠯᠢ᠂ ᠰᠢᠨᠵᠢᠯᠡᠬᠦ ᠤᠬᠠᠭ᠋ᠠᠨ᠎ᠤ ᠰᠣᠳᠤᠯᠭ᠋ᠠᠨ᠎ᠤ ᠬᠦᠷᠢᠶᠡᠯᠡᠩ ᠭᠠᠵᠠᠷ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠣᠷᠳᠣᠨ᠂ ᠵᠠᠯᠠᠭᠤᠴᠤᠳ ᠪᠠᠭ᠋ᠠᠴᠤᠳ᠎ᠤᠨ ᠣᠷᠳᠣᠨ᠂ ᠬᠡᠦᠬᠡᠳ᠎ᠤᠨ ᠠᠵᠢᠯᠯᠠᠭ᠋ᠠᠨ᠎ᠤ ᠲᠥᠪ᠂ ᠮᠦᠽᠧᠶ᠂ ᠰᠣᠶᠣᠯ᠎ᠤᠨ ᠣᠷᠳᠣᠨ᠂ ᠨᠣᠮ᠎ᠤᠨ ᠰᠠᠩ᠂ ᠲᠥᠯᠥᠪᠵᠢᠭᠦᠯᠭᠡ ᠵᠢᠨ ᠦᠵᠡᠰᠬᠦᠯᠡᠩ᠎ᠤᠨ ᠣᠷᠳᠣᠨ ᠪᠣᠯᠤᠨ ᠠᠵᠢᠯᠴᠢᠨ ᠲᠠᠷᠢᠶᠠᠴᠢᠨ᠎ᠤ ᠠᠵᠤ ᠠᠬᠤᠶ᠋ᠢᠯᠠᠯ ᠵᠡᠷᠭᠡ ᠨᠢᠭᠡᠴᠢ ᠵᠢ ᠨᠢᠭᠡᠳᠦᠯᠲᠡᠶ ᠳᠠᠶ᠋ᠢᠴᠢᠯᠠᠵᠤ ᠰᠤᠷᠤᠭᠴᠢᠳ᠎ᠲᠤ ᠬᠠᠷᠢᠶ᠎ᠠ ᠪᠦᠬᠦᠢ ᠣᠷᠳᠣᠨ᠂ ᠰᠠᠭᠤᠷᠢᠨ ᠭᠠᠵᠠᠷ᠂ ᠪᠠᠭᠤᠴᠠ᠂ ᠬᠦᠷᠢᠶᠡᠯᠡᠩ ᠲᠣᠭᠣᠷᠢᠭ᠂ ᠦᠢ᠍ᠯᠡᠳᠪᠦᠷᠢᠯᠡᠯ᠎ᠤᠨ ᠱᠣᠭᠤᠮ ᠵᠡᠷᠭᠡ ᠵᠢᠭᠰᠠᠭ᠋ᠠᠯ᠎ᠤᠨ ᠭᠠᠵᠠᠷ᠂ ᠲᠠᠪᠴᠠᠩ᠂ ᠠᠴᠢᠶᠠᠯᠠᠪᠤᠷᠢ ᠪᠣᠯᠤᠨ ᠡᠬᠢ ᠪᠠᠶᠠᠯᠢᠭ᠎ᠢ ᠴᠢᠯᠥᠭᠡᠲᠡᠶ ᠨᠡᠭᠡᠭᠡᠵᠦ᠂ ᠰᠢᠨᠵᠢᠯᠡᠬᠦ ᠤᠬᠠᠭ᠋ᠠᠨ᠎ᠤ ᠦᠢ᠍ᠯᠡᠳᠦᠯᠭᠡ ᠵᠢᠨ ᠰᠤᠷᠭ᠋ᠠᠨ ᠬᠥᠮᠦᠵᠢᠯ᠎ᠢ ᠥᠷᠭᠡᠨ ᠵᠶ᠋ᠠᠷ ᠬᠡᠷᠡᠭᠵᠢᠭᠦᠯᠬᠦ᠎ᠳᠤ ᠪᠣᠳᠠᠰ᠎ᠤᠨ ᠰᠠᠭᠤᠷᠢ ᠬᠠᠩᠭ᠋ᠠᠨ᠎ᠠ᠃ ᠣᠷᠴᠢᠨ ᠠᠬᠤᠢ ᠵᠢ ᠬᠠᠮᠠᠭ᠋ᠠᠯᠠᠬᠤ ᠲᠥᠬᠦᠭᠡᠷᠦᠮᠵᠢ ᠵᠢᠨ ᠨᠡᠭᠡᠭᠡᠯᠲᠡ ᠵᠢ ᠭᠦᠨᠵᠡᠭᠡᠶ᠋ᠢᠷᠡᠭᠦᠯᠵᠦ᠂ ᠣᠷᠴᠢᠨ ᠲᠣᠭᠤᠷᠢᠨ᠎ᠤ ᠰᠢᠨᠵᠢᠯᠡᠬᠦ ᠤᠬᠠᠭ᠋ᠠᠨ᠎ᠢ ᠲᠦᠭᠡᠮᠡᠯᠵᠢᠭᠦᠯᠬᠦ ᠠᠭᠤᠯᠭ᠎ᠠ ᠬᠡᠯᠪᠡᠷᠢ ᠵᠢ ᠪᠠᠶᠠᠯᠢᠭᠵᠢᠭᠤᠯᠤᠨ᠂ ᠠᠮᠢ ᠠᠬᠤᠢ ᠣᠷᠴᠢᠨ ᠲᠣᠭᠤᠷᠢᠨ᠎ᠤ ᠬᠥᠮᠦᠵᠢᠯ᠎ᠤᠨ ᠰᠠᠭᠤᠷᠢᠨ ᠢ ᠪᠠᠶ᠋ᠢᠭᠤᠯᠤᠨ᠎ᠠ᠃ ᠬᠡᠦᠬᠡᠳ᠎ᠤᠨ ᠨᠥᠬᠥᠷᠰᠡᠭ ᠬᠣᠲᠠ ᠵᠢ ᠪᠦᠲᠦᠭᠡᠨ ᠪᠠᠢ᠌ᠭᠤᠯᠬᠤ᠎ᠲᠠᠢ ᠤᠶᠠᠯᠳᠤᠭᠤᠯᠤᠨ᠂ ᠡᠯ᠎ᠡ ᠭᠠᠵᠠᠷ᠎ᠤᠨ᠎ᠬᠢᠨ ᠰᠢᠨᠵᠢᠯᠡᠬᠦ ᠤᠬᠠᠭ᠋ᠠᠨ᠎ᠢ ᠲᠥᠭᠡᠮᠡᠯᠵᠢᠭᠦᠯᠬᠦ᠂ ᠪᠡᠶᠡᠴᠢᠯᠡᠨ ᠣᠶ᠋ᠢᠯᠠᠭ᠋ᠠᠬᠤ ᠵᠡᠷᠭᠡ ᠣᠯᠠᠨ ᠴᠢᠳᠠᠮᠵᠢᠲᠤ ᠰᠤᠷᠭ᠋ᠠᠨ ᠬᠥᠮᠦᠵᠢᠯ᠎ᠤᠨ ᠰᠠᠭᠤᠷᠢᠨ ᠭᠠᠵᠠᠷ ᠪᠠᠶ᠋ᠢᠭᠤᠯᠬᠤ ᠵᠢ ᠠᠬᠢᠭᠤᠯᠤᠨ᠎ᠠ᠃ ᠳᠡᠭᠡᠳᠦ ᠨᠠᠷᠢᠯᠢᠭ ᠣᠷᠦ᠋ᠢ᠍ᠯᠠᠭᠰᠠᠨ ᠮᠡᠷᠭᠡᠵᠢᠯ᠎ᠤᠨ ᠠᠵᠤ ᠠᠬᠤᠶ᠋ᠢᠯᠠᠯ ᠪᠣᠯᠤᠨ ᠳᠡᠭᠡᠳᠦ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠠᠵᠢᠯᠴᠢᠨ ᠲᠠᠷᠢᠶᠠᠴᠢᠨ᠎ᠤ ᠠᠵᠤ ᠠᠬᠤᠶ᠋ᠢᠯᠠᠯ᠎ᠢ ᠢᠳᠡᠪᠬᠢᠲᠡᠶ ᠳᠠᠶ᠋ᠢᠴᠢᠯᠠᠵᠤ᠂ ᠪᠡᠯᠡ ᠮᠥᠩᠭᠦ ᠬᠠᠨᠳᠢᠪᠯᠠᠬᠤ᠂ ᠫᠠᠶ᠋ᠢᠰᠠ ᠡᠯᠭᠦᠬᠦ᠂ ᠨᠡᠷ᠎ᠡ ᠬᠠᠳᠠᠬᠤ ᠵᠡᠷᠭᠡ ᠬᠡᠯᠪᠡᠷᠢ᠎ᠪᠠᠷ ᠪᠠᠭᠤᠷᠠᠶ ᠭᠠᠵᠠᠷ ᠣᠷᠣᠨ᠂ ᠪᠠᠭᠤᠷᠠᠶ ᠰᠤᠷᠭ᠋ᠠᠭᠤᠯᠢ᠎ᠳᠤ ᠰᠢᠨᠵᠢᠯᠡᠬᠦ ᠤᠬᠠᠭ᠋ᠠᠨ᠎ᠤ ᠰᠤᠷᠭ᠋ᠠᠨ ᠬᠥᠮᠦᠵᠢᠯ᠎ᠤᠨ ᠲᠠᠯᠠᠪᠤᠷ ᠭᠠᠵᠠᠷ᠎ᠢ ᠲᠤᠰᠠᠯᠠᠨ ᠪᠠᠶ᠋ᠢᠭᠤᠯᠵᠤ᠂ ᠲᠥᠬᠦᠭᠡᠷᠦᠮᠵᠢ᠂ ᠪᠠᠭ᠋ᠠᠵᠢ ᠬᠡᠷᠡᠭᠰᠡᠯ᠂ ᠨᠣᠮ ᠪᠢᠴᠢᠭ᠂ ᠵᠥᠭᠡᠯᠡᠨ ᠲᠣᠨᠤᠭ ᠵᠡᠷᠭᠡ ᠵᠢ ᠬᠠᠩᠭ᠋ᠠᠨ᠎ᠠ᠃ (ᠬᠠᠷᠢᠭᠤᠴᠠᠯᠭ᠋ᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ᠂ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠲᠢᠩᠬᠢᠮ᠂ ᠠᠮᠢ ᠠᠬᠤᠶ ᠣᠷᠴᠢᠨ ᠲᠣᠭᠤᠷᠢᠨ᠎ᠤ ᠲᠢᠩᠬᠢᠮ᠂ ᠲᠠᠷᠢᠶᠠᠯᠠᠩ ᠮᠠᠯ ᠠᠵᠤ ᠠᠬᠤᠶ ᠪᠠ ᠬᠦᠳᠡᠭᠡ ᠲᠤᠰᠬᠤᠨ ᠮᠠᠯᠵᠢᠬᠤ ᠣᠷᠣᠨ᠎ᠤ ᠲᠢᠩᠬᠢᠮ᠂ ᠥᠪᠥᠷ ᠮᠣᠩᠭᠤᠯ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠤᠳᠤᠯᠭ᠋ᠠᠨ᠎ᠤ ᠬᠦᠷᠢᠶᠡᠯᠡᠩ᠂ ᠡᠪᠯᠡᠯ᠎ᠤᠨ ᠬᠤᠷᠢᠶ᠎ᠠ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠨᠡᠶ᠋ᠢᠭᠡᠮᠯᠢᠭ᠂ ᠪᠠᠭ᠋ᠠᠴᠤᠳ᠎ᠤᠨ ᠠᠵᠢᠯ᠎ᠤᠨ ᠵᠥᠪᠯᠡᠯ)
7. ᠰᠢᠨᠵᠢᠯᠡᠬᠦ ᠤᠬᠠᠭ᠋ᠠᠨ᠎ᠤ ᠦᠢ᠍ᠯᠡᠳᠦᠯᠭᠡ ᠵᠢᠨ ᠠᠵᠢᠯᠯᠠᠭ᠎ᠠ ᠵᠢ ᠪᠠᠶᠠᠯᠢᠭᠵᠢᠭᠤᠯᠤᠨ᠎ᠠ᠃ ᠳᠤᠮᠳᠠᠳᠤ ᠪᠠᠭ᠎ᠠ ᠰᠤᠷᠭ᠋ᠠᠭᠤᠯᠢ ᠪᠣᠯᠤᠨ ᠳᠡᠭᠡᠳᠦ ᠰᠤᠷᠭ᠋ᠠᠭᠤᠯᠢ᠂ ᠰᠢᠨᠵᠢᠯᠡᠬᠦ ᠤᠬᠠᠭ᠋ᠠᠨ᠎ᠤ ᠰᠣᠳᠤᠯᠭ᠋ᠠᠨ᠎ᠤ ᠬᠦᠷᠢᠶᠡᠯᠡᠩᠯᠦᠭᠡ ᠬᠠᠷᠢᠯᠴᠠᠬᠤ ᠵᠢ ᠳᠡᠮᠵᠢᠵᠦ᠂ ᠳᠤᠮᠳᠠᠳᠤ ᠪᠠᠭ᠎ᠠ ᠰᠤᠷᠭ᠋ᠠᠭᠤᠯᠢ ᠵᠢᠨ ᠰᠤᠷᠤᠭᠴᠢᠳ᠎ᠲᠤ ᠲᠤᠷᠰᠢᠯᠲᠠ ᠵᠢᠨ ᠲᠠᠰᠤᠭ ᠵᠡᠷᠭᠡ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠡᠬᠢ ᠪᠠᠶᠠᠯᠢᠭ᠎ᠢ ᠵᠣᠬᠢᠰᠲᠠᠶ ᠨᠡᠭᠡᠭᠡᠵᠦ᠂ ᠰᠢᠨᠵᠢᠯᠡᠬᠦ ᠤᠬᠠᠭ᠋ᠠᠨ (ᠡᠪᠦᠯ᠎ᠤᠨ ᠠᠮᠠᠷᠠᠯᠲᠠ ᠵᠢᠨ ᠭᠠᠵᠠᠷ)᠎ᠤ ᠵᠤᠰᠠᠯᠠᠩ ᠵᠡᠷᠭᠡ ᠵᠢ ᠬᠠᠮᠵᠢᠨ ᠵᠣᠬᠢᠶᠠᠨ ᠪᠠᠶ᠋ᠢᠭᠤᠯᠵᠤ᠂ ᠰᠢᠨᠵᠢᠯᠡᠬᠦ ᠤᠬᠠᠭ᠋ᠠᠨ ᠤ ᠦᠢ᠍ᠯᠡᠳᠦᠯᠭᠡ ᠵᠢᠨ ᠠᠵᠢᠯᠯᠠᠭ᠎ᠠ᠎ᠳᠤ ᠬᠦᠴᠦᠲᠡᠶ ᠪᠠᠲᠤᠯᠠᠭ᠎ᠠ ᠬᠠᠩᠭ᠋ᠠᠨ᠎ᠠ᠃ ᠳᠤᠮᠳᠠᠳᠤ ᠪᠠᠭ᠎ᠠ ᠰᠤᠷᠭ᠋ᠠᠭᠤᠯᠢ ᠵᠢᠨ ᠰᠤᠷᠤᠭᠴᠢᠳ᠎ᠤᠨ ᠰᠤᠳᠤᠯᠤᠨ ᠰᠤᠷᠤᠯᠴᠠᠬᠤ ᠦᠢ᠍ᠯᠡᠳᠦᠯᠭᠡ ᠬᠥᠮᠦᠵᠢᠯ᠎ᠤᠨ ᠪᠠᠭᠤᠴᠠ (ᠰᠠᠭᠤᠷᠢᠨ ᠭᠠᠵᠠᠷ) ᠵᠢᠨ ᠦᠢ᠍ᠯᠡᠳᠦᠯ᠎ᠢ ᠪᠠᠳᠠᠷᠠᠭᠤᠯᠵᠤ᠂ ᠰᠢᠨᠵᠢᠯᠡᠬᠦ ᠤᠬᠠᠭ᠋ᠠᠨ᠎ᠤ ᠦᠢ᠍ᠯᠡᠳᠦᠯᠭᠡ ᠵᠢᠨ ᠠᠵᠢᠯᠯᠠᠭ᠎ᠠ ᠵᠢ ᠥᠷᠨᠢᠭᠦᠯᠦᠨ᠎ᠡ᠃ 《ᠰᠢᠨᠵᠢᠯᠡᠬᠦ ᠤᠬᠠᠭ᠋ᠠᠨ᠎ᠤ ᠢᠯᠡ ᠬᠢᠴᠢᠶᠡᠯ》᠂ 《ᠰᠢᠨᠵᠢᠯᠡᠬᠦ ᠤᠬᠠᠭ᠋ᠠᠨᠲᠠᠨ (ᠵᠣᠷᠢᠭ ᠰᠠᠨᠠᠭ᠎ᠠ)᠎ᠢ ᠰᠤᠷᠭ᠋ᠠᠭᠤᠯᠢ ᠵᠢᠨ ᠬᠦᠷᠢᠶᠡᠨ᠎ᠳᠤ ᠣᠷᠣᠭᠤᠯᠬᠤ》᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠠᠵᠢᠯᠯᠠᠭ᠋ᠠᠨ᠎ᠤ ᠭᠠᠷᠠᠭ᠂ ᠪᠠᠭ᠋ᠠᠴᠤᠳ᠎ᠤᠨ ᠰᠢᠨᠵᠢᠯᠡᠬᠦ ᠤᠬᠠᠭ᠋ᠠᠨ᠎ᠤ ᠬᠦᠷᠢᠶᠡᠯᠡᠩ᠂ ᠨᠡᠭᠦᠳᠡᠯ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠣᠷᠳᠣᠨ᠂ ᠰᠢᠨᠵᠢᠯᠡᠬᠦ ᠤᠬᠠᠭ᠋ᠠᠨ᠎ᠤ ᠪᠠᠶ᠋ᠢᠴᠠᠭ᠋ᠠᠯᠲᠠ ᠪᠠ ᠪᠡᠶᠡᠴᠢᠯᠡᠨ ᠣᠢ᠌ᠯᠠᠭ᠋ᠠᠯᠲᠠ ᠵᠡᠷᠭᠡ ᠵᠢ ᠦᠷᠭᠦᠯᠵᠢᠯᠡᠨ ᠥᠷᠨᠢᠭᠦᠯᠵᠦ᠂ ᠳᠤᠮᠳᠠᠳᠤ ᠪᠠᠭ᠎ᠠ ᠰᠤᠷᠭ᠋ᠠᠭᠤᠯᠢ ᠵᠢᠨ ᠰᠤᠷᠤᠭᠴᠢᠳ᠎ᠢ ᠵᠣᠬᠢᠶᠠᠨ ᠪᠠᠶ᠋ᠢᠭᠤᠯᠤᠨ ᠠᠬᠤᠢ ᠦᠵᠡᠭᠳᠡᠯ᠎ᠤᠨ ᠮᠠᠶᠢᠭ᠎ᠲᠤ᠂ ᠪᠡᠶᠡᠴᠢᠯᠡᠨ ᠣᠶ᠋ᠢᠯᠠᠭ᠋ᠠᠬᠤ ᠮᠠᠶᠢᠭ᠎ᠲᠤ ᠰᠢᠨᠵᠢᠯᠡᠬᠦ ᠤᠬᠠᠭ᠋ᠠᠨ᠎ᠤ ᠦᠢ᠍ᠯᠡᠳᠦᠯᠭᠡ ᠵᠢᠨ ᠠᠵᠢᠯᠯᠠᠭ᠎ᠠ ᠵᠢ ᠥᠷᠨᠢᠭᠦᠯᠦᠨ᠎ᠡ᠃ 《ᠰᠢᠨᠵᠢᠯᠡᠬᠦ ᠤᠬᠠᠭ᠋ᠠᠨᠲᠠᠨ᠎ᠤ ᠦᠯᠢᠭᠡᠷ ᠵᠢᠴᠢ ᠣᠯᠠᠨ ᠵᠶ᠋ᠠᠷ ᠵᠶ᠋ᠠᠨ ᠰᠢᠨ᠎ᠡ ᠵᠢ ᠡᠭᠦᠳᠬᠦ》 ᠭᠡᠬᠦ ᠰᠢᠷᠢᠰ ᠠᠵᠢᠯᠯᠠᠭ᠎ᠠ ᠵᠢ ᠥᠷᠨᠢᠭᠦᠯᠵᠦ᠂ ᠵᠠᠯᠠᠭᠤᠴᠤᠳ ᠪᠠᠭ᠋ᠠᠴᠤᠳ᠎ᠤᠨ ᠰᠢᠨᠵᠢᠯᠡᠬᠦ ᠤᠬᠠᠭ᠋ᠠᠨ᠎ᠢ ᠲᠦᠭᠡᠮᠡᠯᠵᠢᠭᠦᠯᠬᠦ ᠲᠠᠶ᠋ᠢᠯᠤᠮᠵᠢ ᠵᠢᠨ ᠤᠷᠤᠯᠳᠤᠭ᠋ᠠᠨ᠂ ᠵᠠᠯᠠᠭᠤᠴᠤᠳ ᠪᠠᠭ᠋ᠠᠴᠤᠳ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠤᠷᠤᠯᠳᠤᠭ᠋ᠠᠨ᠎ᠢ ᠡᠷᠬᠢᠯᠡᠵᠦ᠂ 《ᠬᠢᠯᠢ ᠬᠢᠵᠠᠭ᠋ᠠᠷ᠎ᠤᠨ ᠬᠤᠰᠢᠭᠤ ᠰᠢᠶᠠᠨ᠎ᠳᠤ ᠣᠷᠣᠬᠤ》 ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠲᠥᠷᠥᠯ ᠵᠦᠢ᠍ᠯ᠂ ᠰᠢᠨᠵᠢᠯᠡᠬᠦ ᠤᠬᠠᠭ᠋ᠠᠨ᠎ᠤ ᠬᠢᠴᠢᠶᠡᠯ᠎ᠤᠨ ᠵᠢᠷᠤᠭ ᠲᠥᠯᠥᠪᠯᠡᠭᠡ ᠵᠢᠴᠢ ᠦᠢ᠍ᠯᠡᠳᠦᠯᠭᠡ ᠵᠢᠨ ᠤᠷ᠎ᠠ ᠴᠢᠳᠠᠪᠤᠷᠢ ᠵᠢᠨ ᠤᠷᠤᠯᠳᠤᠭ᠋ᠠᠨ᠎ᠢ ᠵᠣᠬᠢᠶᠠᠨ ᠪᠠᠶ᠋ᠢᠭᠤᠯᠤᠨ᠎ᠠ᠃ (ᠬᠠᠷᠢᠭᠤᠴᠠᠯᠭ᠋ᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ᠂ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠲᠢᠩᠬᠢᠮ᠂ ᠠᠮᠢ ᠠᠬᠤᠶ ᠣᠷᠴᠢᠨ ᠲᠣᠭᠤᠷᠢᠨ᠎ᠤ ᠲᠢᠩᠬᠢᠮ᠂ ᠲᠠᠷᠢᠶᠠᠯᠠᠩ ᠮᠠᠯ ᠠᠵᠤ ᠠᠬᠤᠶ ᠪᠠ ᠬᠦᠳᠡᠭᠡ ᠲᠤᠰᠬᠤᠨ ᠮᠠᠯᠵᠢᠬᠤ ᠣᠷᠣᠨ᠎ᠤ ᠲᠢᠩᠬᠢᠮ᠂ ᠥᠪᠥᠷ ᠮᠣᠩᠭᠤᠯ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠤᠳᠤᠯᠭ᠋ᠠᠨ᠎ᠤ ᠬᠦᠷᠢᠶᠡᠯᠡᠩ᠂ ᠡᠪᠯᠡᠯ᠎ᠤᠨ ᠬᠤᠷᠢᠶ᠎ᠠ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠨᠡᠶ᠋ᠢᠭᠡᠮᠯᠢᠭ᠂ ᠪᠠᠭ᠋ᠠᠴᠤᠳ᠎ᠤᠨ ᠠᠵᠢᠯ᠎ᠤᠨ ᠵᠥᠪᠯᠡᠯ)
8. ᠠᠵᠤ ᠠᠬᠤᠶ᠋ᠢᠯᠠᠯ᠎ᠢ ᠪᠡᠶᠡᠴᠢᠯᠡᠨ ᠣᠶ᠋ᠢᠯᠠᠭ᠋ᠠᠬᠤ ᠠᠵᠢᠯᠯᠠᠭ᠎ᠠ ᠵᠢ ᠥᠷᠭᠡᠳᠬᠡᠨ᠎ᠡ᠃ ᠮᠠᠨ᠎ᠤ ᠣᠷᠣᠨ᠎ᠤ ᠬᠣᠪᠣᠷ ᠰᠢᠷᠣᠢ᠂ ᠡᠨᠧᠷᠭᠢ᠂ ᠴᠠᠬᠢᠯᠭ᠋ᠠᠨ ᠬᠦᠴᠦᠨ᠂ ᠰᠦᠨ᠎ᠤ ᠦᠢ᠍ᠯᠡᠰ᠂ ᠮᠠᠯ ᠠᠵᠤ ᠠᠬᠤᠢ᠂ ᠠᠮᠢᠳᠤ ᠪᠣᠳᠠᠰ᠎ᠤᠨ ᠡᠮ ᠦᠢ᠍ᠯᠡᠳᠬᠦ᠂ ᠠᠮᠢ ᠠᠬᠤᠢ ᠵᠢᠨ ᠣᠷᠴᠢᠨ ᠲᠣᠭᠣᠷᠢᠨ᠎ᠢ ᠵᠠᠰᠠᠬᠤ ᠵᠡᠷᠭᠡ ᠳᠡᠭᠡᠳᠦ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠠᠵᠢᠯᠴᠢᠨ ᠲᠠᠷᠢᠶᠠᠴᠢᠨ᠎ᠤ ᠠᠵᠤ ᠠᠬᠤᠶ᠋ᠢᠯᠠᠯ᠎ᠢ ᠬᠥᠲᠥᠯᠥᠨ ᠵᠢᠯᠣᠭᠣᠳᠴᠤ 《ᠮᠡᠷᠭᠡᠵᠢᠯ᠎ᠤᠨ ᠪᠥᠲᠦᠭᠡᠭᠳᠡᠭᠦᠨ ᠢ ᠢᠲᠡᠭᠡᠯ ᠳᠦᠭᠦᠷᠡᠩ ᠪᠡᠶᠡᠴᠢᠯᠡᠨ ᠣᠶ᠋ᠢᠯᠠᠭ᠋ᠠᠬᠤ》 ᠠᠵᠢᠯᠯᠠᠭ᠎ᠠ ᠵᠢ ᠥᠷᠨᠢᠭᠦᠯᠵᠦ᠂ ᠳᠤᠮᠳᠠᠳᠤ ᠪᠠᠭ᠎ᠠ ᠰᠤᠷᠭ᠋ᠠᠭᠤᠯᠢ ᠵᠢᠨ ᠰᠤᠷᠤᠭᠴᠢᠳ᠎ᠲᠤ ᠪᠣᠳᠠᠲᠤ ᠦᠢ᠍ᠯᠡᠳᠪᠦᠷᠢᠯᠡᠯ ᠠᠮᠢᠳᠤᠷᠠᠯ᠎ᠤᠨ ᠣᠷᠴᠢᠨ᠎ᠳᠤ ᠰᠢᠨᠵᠢᠯᠡᠬᠦ ᠤᠬᠠᠭ᠋ᠠᠨ᠎ᠤ ᠮᠡᠳᠡᠯᠭᠡ ᠵᠢ ᠰᠤᠷᠤᠯᠴᠠᠭᠤᠯᠵᠤ᠂ ᠮᠠᠨ᠎ᠤ ᠣᠷᠣᠨ᠎ᠤ ᠲᠤᠯᠭ᠋ᠠᠭᠤᠷᠢ ᠠᠵᠤ ᠦᠢ᠍ᠯᠡᠰ᠎ᠢ ᠣᠶ᠋ᠢᠯᠠᠭ᠋ᠠᠭᠤᠯᠵᠤ᠂ ᠬᠥᠳᠡᠯᠮᠦᠷᠢ ᠵᠢᠨ ᠵᠣᠷᠢᠭ ᠰᠠᠨᠠᠭ᠎ᠠ᠂ ᠰᠤᠳᠤᠯᠬᠤ ᠵᠣᠷᠢᠭ ᠰᠠᠨᠠᠭ᠎ᠠ᠂ ᠰᠢᠨ᠎ᠡ ᠵᠢ ᠡᠭᠦᠳᠬᠦ ᠵᠣᠷᠢᠭ ᠰᠠᠨᠠᠭ᠎ᠠ᠂ ᠤᠷᠠᠨ ᠳᠠᠷᠬᠠᠨ᠎ᠤ ᠵᠣᠷᠢᠭ ᠰᠠᠨᠠᠭ᠎ᠠ ᠪᠠ ᠮᠣᠩᠭᠣᠯ ᠮᠣᠷᠢᠨ᠎ᠤ ᠵᠣᠷᠢᠭ ᠰᠠᠨᠠᠭ᠎ᠠ ᠵᠢ ᠣᠢ᠌ᠯᠠᠭ᠋ᠠᠭᠤᠯᠵᠤ᠂ ᠨᠤᠲᠤᠭ ᠤᠰᠤᠨ᠎ᠤ ᠠᠮᠢ ᠠᠬᠤᠢ ᠵᠢᠨ ᠠᠮᠤᠷ ᠲᠦᠪᠰᠢᠨ᠂ ᠡᠨᠧᠷᠭᠢ ᠵᠢᠨ ᠠᠮᠤᠷ ᠲᠦᠪᠰᠢᠨ᠂ ᠠᠮᠤ ᠪᠤᠳᠠᠭ᠋ᠠᠨ᠎ᠤ ᠠᠮᠤᠷ ᠲᠦᠪᠰᠢᠨ᠂ ᠠᠵᠤ ᠦᠢ᠍ᠯᠡᠰ᠎ᠤᠨ ᠠᠮᠤᠷ ᠲᠦᠪᠰᠢᠨ᠂ ᠬᠢᠯᠢ ᠬᠢᠵᠠᠭ᠋ᠠᠷ᠎ᠤᠨ ᠠᠮᠤᠷ ᠲᠦᠪᠰᠢᠨ᠎ᠢ ᠪᠦᠲᠦᠭᠡᠨ ᠪᠠᠶ᠋ᠢᠭᠤᠯᠬᠤ ᠰᠢᠨᠵᠢᠯᠡᠬᠦ ᠤᠬᠠᠭ᠋ᠠᠨ᠎ᠤ ᠵᠣᠷᠢᠯᠲᠠ ᠵᠢ ᠪᠣᠢ ᠪᠣᠯᠭ᠋ᠠᠵᠤ᠂ ᠥᠪᠡᠷᠲᠡᠭᠡᠨ ᠵᠠᠰᠠᠬᠤ ᠣᠷᠣᠨ᠎ᠤ 《ᠲᠠᠪᠤᠨ ᠶᠡᠬᠡ ᠡᠭᠦᠷᠭᠡ》 ᠵᠢ ᠪᠡᠶᠡᠯᠡᠭᠦᠯᠬᠦ ᠴᠢᠳᠠᠪᠤᠷᠢ ᠵᠢ ᠳᠡᠭᠡᠭᠰᠢᠯᠡᠭᠦᠯᠬᠦ᠎ᠳᠤ ᠬᠦᠴᠦᠨ ᠨᠡᠮᠡᠷᠢᠯᠡᠨ᠎ᠡ᠃ (ᠬᠠᠷᠢᠭᠤᠴᠠᠯᠭ᠋ᠠᠲᠤ ᠨᠢᠭᠡᠴᠡ᠄ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ᠂ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠲᠢᠩᠬᠢᠮ᠂ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠂ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠣᠨ ᠮᠠᠯᠵᠢᠬᠤ ᠣᠷᠣᠨ᠎ᠤ ᠲᠢᠩᠬᠢᠮ᠂ ᠥᠪᠥᠷ ᠮᠣᠩᠭᠣᠯ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠤᠳᠤᠯᠭ᠋ᠠᠨ᠎ᠤ ᠬᠦᠷᠢᠶᠡᠯᠡᠩ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠨᠡᠶ᠋ᠢᠭᠡᠮᠯᠢᠭ)
9. ᠰᠢᠨᠵᠢᠯᠡᠬᠦ ᠤᠬᠠᠭ᠋ᠠᠨ᠎ᠤ ᠰᠤᠷᠭ᠋ᠠᠨ ᠬᠥᠮᠦᠵᠢᠯ᠎ᠤᠨ ᠬᠡᠪ ᠵᠠᠭᠪᠤᠷ᠎ᠢ ᠰᠢᠯᠢᠳᠡᠭᠵᠢᠭᠦᠯᠦᠨ᠎ᠡ᠃ ᠨᠡᠶ᠋ᠢᠭᠡᠮ᠎ᠤᠨ ᠡᠯ᠎ᠡ ᠡᠲᠡᠭᠡᠳ ᠰᠦᠯᠵᠢᠶᠡᠨ᠎ᠳᠠᠬᠢ 《ᠰᠢᠨᠵᠢᠯᠡᠬᠦ ᠤᠬᠠᠭ᠋ᠠᠨ᠎ᠤ ᠢᠯᠡ ᠬᠢᠴᠢᠶᠡᠯ》᠂ 《ᠭᠡᠷ ᠪᠦᠯᠢ ᠵᠢᠨ ᠰᠢᠨᠵᠢᠯᠡᠬᠦ ᠤᠬᠠᠭ᠋ᠠᠨ᠎ᠤ ᠰᠤᠷᠭ᠋ᠠᠨ ᠬᠥᠮᠦᠵᠢᠯ ᠢ ᠵᠢᠯᠣᠭᠣᠳᠬᠤ ᠬᠢᠴᠢᠶᠡᠯ》 ᠵᠡᠷᠭᠡ ᠵᠢ ᠦᠢ᠍ᠯᠡᠳᠬᠦ ᠵᠢ ᠵᠣᠷᠢᠭᠵᠢᠭᠤᠯᠵᠤ᠂ ᠰᠢᠨᠵᠢᠯᠡᠬᠦ ᠤᠬᠠᠭ᠋ᠠᠨ᠎ᠤ ᠰᠤᠷᠭ᠋ᠠᠨ ᠬᠥᠮᠦᠵᠢᠯ᠎ᠤᠨ ᠡᠬᠢ ᠪᠠᠶᠠᠯᠢᠭ᠎ᠢ ᠲᠠᠰᠤᠷᠠᠯᠲᠠ ᠦᠭᠡᠢ ᠪᠠᠶᠠᠯᠢᠭᠵᠢᠭᠤᠯᠤᠨ᠎ᠠ᠃ ᠰᠢᠨᠵᠢᠯᠡᠬᠦ ᠤᠬᠠᠭ᠋ᠠᠨᠲᠠᠨ (ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠠᠵᠢᠯᠲᠠᠨ)᠂ ᠰᠢᠨᠵᠢᠯᠡᠬᠦ ᠤᠬᠠᠭ᠋ᠠᠨ᠎ᠤ ᠬᠢᠴᠢᠶᠡᠯ᠂ ᠰᠢᠨᠵᠢᠯᠡᠬᠦ ᠤᠬᠠᠭ᠋ᠠᠨ᠎ᠤ ᠰᠤᠷᠭ᠋ᠠᠨ ᠬᠥᠮᠦᠵᠢᠯ ᠤᠨ ᠲᠠᠯᠠᠪᠤᠷ ᠭᠠᠵᠠᠷ᠎ᠤᠨ ᠡᠬᠢ ᠪᠠᠶᠠᠯᠢᠭ᠎ᠤᠨ ᠬᠥᠮᠥᠷᠭᠡ ᠵᠢ ᠪᠠᠶ᠋ᠢᠭᠤᠯᠵᠤ᠂ ᠡᠬᠢ ᠪᠠᠶᠠᠯᠢᠭ᠎ᠢ ᠴᠤᠭᠯᠠᠭᠤᠯᠬᠤ᠂ ᠵᠣᠯᠭ᠋ᠠᠭᠤᠯᠬᠤ᠂ ᠲᠣᠬᠢᠷᠠᠭᠤᠯᠬᠤ ᠲᠣᠭᠲᠠᠴᠠ ᠵᠢ ᠴᠢᠩᠭ᠋ᠠᠷᠠᠭᠤᠯᠤᠨ᠂ ᠣᠷᠣᠨ ᠨᠤᠲᠤᠭ ᠵᠢᠴᠢ ᠰᠤᠷᠭ᠋ᠠᠭᠤᠯᠢ ᠵᠢ ᠰᠣᠩᠭᠣᠨ ᠬᠡᠷᠡᠭᠯᠡᠬᠦ ᠵᠢ ᠥᠨᠳᠥᠷ ᠪᠦᠲᠦᠮᠵᠢᠲᠡᠢ ᠪᠥᠭᠡᠳ ᠡᠮᠬᠢ ᠵᠢᠷᠤᠮ᠎ᠲᠠᠢ ᠲᠣᠬᠢᠷᠠᠭᠤᠯᠤᠨ᠎ᠠ᠃ ᠰᠢᠨᠵᠢᠯᠡᠬᠦ ᠤᠬᠠᠭ᠋ᠠᠨ᠎ᠢ ᠲᠦᠭᠡᠮᠡᠯᠵᠢᠭᠦᠯᠬᠦ ᠡᠬᠢ ᠪᠠᠶᠠᠯᠢᠭ᠎ᠢ ᠪᠦᠷᠢᠳᠬᠡᠨ ᠪᠠᠶ᠋ᠢᠴᠠᠭ᠋ᠠᠬᠤ ᠠᠵᠢᠯ᠎ᠢ ᠰᠠᠶ᠋ᠢᠲᠤᠷ ᠬᠢᠨ᠎ᠡ᠃ ᠲᠤᠬᠠᠢ ᠵᠢᠨ ᠭᠠᠵᠠᠷ ᠣᠷᠣᠨ᠎ᠤ ᠪᠠᠶ᠋ᠢᠳᠠᠯ᠎ᠳᠤᠨᠢ ᠲᠣᠬᠢᠷᠠᠭᠤᠯᠤᠨ ᠲᠤᠰᠢᠶᠠᠯ ᠬᠠᠪᠰᠤᠷᠭ᠋ᠠᠭᠰᠠᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠠᠵᠢᠯ᠎ᠤᠨ ᠡᠩᠨᠡᠭᠡ ᠵᠢ ᠬᠥᠭᠵᠢᠭᠦᠯᠵᠦ᠂ ᠥᠪᠡᠷᠲᠡᠭᠡᠨ ᠵᠠᠰᠠᠬᠤ ᠣᠷᠣᠨ᠎ᠤ 《ᠮᠢᠩᠭ᠋ᠠᠨ ᠲᠤᠰᠬᠠᠢ ᠮᠡᠷᠭᠡᠵᠢᠯᠲᠡᠨ᠎ᠢ ᠮᠢᠩᠭ᠋ᠠᠨ ᠰᠤᠷᠭ᠋ᠠᠭᠤᠯᠢ᠎ᠳᠤ ᠣᠷᠣᠭᠤᠯᠬᠤ》 ᠲᠤᠰᠬᠠᠢ ᠠᠵᠢᠯᠯᠠᠭ᠎ᠠ ᠵᠢ ᠥᠷᠨᠢᠭᠦᠯᠦᠨ᠂ ᠰᠢᠨᠵᠢᠯᠡᠬᠦ ᠤᠬᠠᠭ᠋ᠠᠨᠲᠠᠨ᠂ ᠢᠨᠵᠧᠨᠧᠷ᠂ ᠶᠡᠬᠡ ᠳᠡᠭᠡᠳᠦ ᠰᠤᠷᠭ᠋ᠠᠭᠤᠯᠢ ᠵᠢᠨ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠠᠵᠢᠯᠲᠠᠨ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠠᠬᠠᠮᠠᠳ ᠠᠵᠢᠯᠲᠠᠨ ᠵᠡᠷᠭᠡ ᠲᠤᠰᠬᠠᠢ ᠮᠡᠷᠭᠡᠵᠢᠯᠲᠡᠨ ᠡᠷᠳᠡᠮᠲᠡᠳ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠠᠶ᠋ᠢᠨ ᠳᠤᠷ᠎ᠠ ᠵᠢᠨ ᠦᠢ᠍ᠯᠡᠴᠢᠯᠡᠭᠡᠨ᠎ᠤ ᠵᠣᠬᠢᠶᠠᠨ ᠪᠠᠶ᠋ᠢᠭᠤᠯᠤᠯᠲᠠ ᠵᠢ ᠪᠠᠶ᠋ᠢᠭᠤᠯᠵᠤ᠂ ᠰᠤᠷᠭ᠋ᠠᠭᠤᠯᠢ ᠵᠢᠨ ᠬᠦᠷᠢᠶᠡᠨ᠎ᠳᠤ ᠣᠷᠣᠭᠤᠯᠤᠨ ᠰᠢᠨᠵᠢᠯᠡᠬᠦ ᠤᠬᠠᠭ᠋ᠠᠨ᠎ᠤ ᠰᠤᠳᠤᠯᠭ᠋ᠠᠨ ᠬᠢᠬᠦ ᠪᠤᠶᠤ ᠳᠤᠮᠳᠠᠳᠤ ᠪᠠᠭ᠎ᠠ ᠰᠤᠷᠭ᠋ᠠᠭᠤᠯᠢ ᠵᠢᠨ ᠰᠢᠨᠵᠢᠯᠡᠬᠦ ᠤᠬᠠᠭ᠋ᠠᠨ᠎ᠤ ᠰᠤᠷᠭ᠋ᠠᠨ ᠬᠥᠮᠦᠵᠢᠯ᠎ᠳᠤ ᠣᠷᠣᠯᠴᠠᠬᠤ ᠵᠢ ᠵᠣᠷᠢᠭᠵᠢᠭᠤᠯᠤᠨ᠎ᠠ᠃ (ᠬᠠᠷᠢᠭᠤᠴᠠᠯᠭ᠋ᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ᠂ ᠨᠠᠮ᠎ᠤᠨ ᠬᠣᠷᠢᠶᠠᠨ᠎ᠤ ᠢᠨᠲ᠋ᠧᠷ ᠰᠦᠯᠵᠢᠶᠡᠨ᠎ᠤ ᠮᠡᠳᠡᠭᠡ ᠵᠠᠩᠭᠢ ᠵᠢᠨ ᠠᠯᠪᠠᠨ ᠭᠡᠷ᠂ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠲᠢᠩᠬᠢᠮ᠂ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠂ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠣᠨ ᠮᠠᠯᠵᠢᠬᠤ ᠣᠷᠣᠨ᠎ᠤ ᠲᠢᠩᠬᠢᠮ᠂ ᠥᠪᠥᠷ ᠮᠣᠩᠭᠣᠯ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠤᠳᠤᠯᠭ᠋ᠠᠨ᠎ᠤ ᠬᠦᠷᠢᠶᠡᠯᠡᠩ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠨᠡᠶ᠋ᠢᠭᠡᠮᠯᠢᠭ)
10. ᠦᠨᠡᠯᠡᠵᠦ ᠬᠢᠨᠠᠨ ᠰᠢᠯᠭ᠋ᠠᠬᠤ ᠲᠣᠭᠲᠠᠴᠠ ᠵᠢ ᠪᠠᠶ᠋ᠢᠭᠤᠯᠤᠨ᠎ᠠ᠃ ᠡᠩ᠎ᠤᠨ ᠳᠡᠭᠡᠳᠦ ᠵᠡᠷᠭᠡ ᠵᠢᠨ ᠳᠤᠮᠳᠠᠳᠤ ᠰᠤᠷᠭ᠋ᠠᠭᠤᠯᠢ᠂ ᠣᠨᠴᠠᠭ᠋ᠠᠢ ᠰᠤᠷᠭ᠋ᠠᠨ ᠬᠥᠮᠦᠵᠢᠯ᠎ᠤᠨ ᠰᠤᠷᠭ᠋ᠠᠭᠤᠯᠢ ᠵᠢᠨ ᠰᠤᠷᠭ᠋ᠠᠭᠤᠯᠢ ᠡᠷᠬᠢᠯᠡᠬᠦ ᠴᠢᠨᠠᠷ ᠴᠢᠨᠰᠠᠭ᠎ᠠ ᠵᠢ ᠦᠨᠡᠯᠡᠬᠦ ᠳᠦᠷᠢᠮ᠎ᠢ ᠲᠣᠭᠲᠠᠭ᠋ᠠᠵᠤ᠂ ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠤᠨ ᠴᠢᠨᠠᠷ ᠴᠢᠨᠰᠠᠭ᠎ᠠ ᠵᠢ ᠦᠨᠡᠯᠡᠬᠦ ᠪᠠ ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠤᠨ ᠰᠤᠷᠭ᠋ᠠᠭᠤᠯᠢ ᠵᠢ ᠪᠠᠷᠢᠮᠵᠢᠶᠠᠵᠢᠭᠤᠯᠬᠤ ᠪᠠᠶ᠋ᠢᠭᠤᠯᠤᠯᠲᠠ ᠵᠢ ᠦᠨᠡᠯᠡᠬᠦ ᠲᠠᠪᠴᠠᠩ᠎ᠢ ᠡᠬᠢᠯᠡᠭᠦᠯᠦᠨ ᠬᠡᠷᠡᠭᠯᠡᠵᠦ᠂ ᠰᠢᠨᠵᠢᠯᠡᠬᠦ ᠤᠬᠠᠭ᠋ᠠᠨ᠎ᠤ ᠰᠤᠷᠭ᠋ᠠᠨ ᠬᠥᠮᠦᠵᠢᠯ᠎ᠢ ᠴᠢᠨᠠᠷ ᠴᠢᠨᠰᠠᠭ᠎ᠠ ᠵᠢ ᠦᠨᠡᠯᠡᠬᠦ ᠳᠦᠷᠢᠮ᠎ᠳᠤ ᠣᠷᠣᠭᠤᠯᠤᠨ᠂ ᠳᠤᠮᠳᠠᠳᠤ ᠪᠠᠭ᠎ᠠ ᠰᠤᠷᠭ᠋ᠠᠭᠤᠯᠢ ᠵᠢ ᠵᠢᠯᠣᠭᠣᠳᠴᠤ ᠥᠪᠡᠷ᠎ᠢ᠎ᠪᠠᠨ ᠦᠨᠡᠯᠡᠬᠦ ᠪᠠᠢ᠌ᠩᠭᠤ ᠵᠢᠨ ᠲᠣᠭᠲᠠᠴᠠ ᠵᠢ ᠪᠠᠶ᠋ᠢᠭᠤᠯᠵᠤ᠂ ᠬᠠᠷᠢᠭᠤᠴᠠᠯᠭ᠋ᠠᠲᠤ ᠰᠤᠷᠭ᠋ᠠᠭᠤᠯᠢ ᠪᠠᠢ᠌ᠴᠠᠭ᠋ᠠᠭᠴᠢ ᠪᠠᠢ᠌ᠩᠭᠤ ᠬᠢᠨᠠᠨ ᠵᠢᠯᠣᠭᠣᠳᠴᠤ ᠦᠨᠡᠯᠡᠨ ᠵᠢᠱ᠌ᠢᠬᠦ ᠵᠢ ᠥᠷᠨᠢᠭᠦᠯᠦᠨ᠎ᠡ᠃ (ᠬᠠᠷᠢᠭᠤᠴᠠᠯᠭ᠋ᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ)
(ᠭᠤᠷᠪᠠ) ᠰᠢᠨᠵᠢᠯᠡᠬᠦ ᠤᠬᠠᠭ᠋ᠠᠨ᠎ᠤ ᠰᠤᠷᠭ᠋ᠠᠨ ᠬᠥᠮᠦᠵᠢᠯ᠎ᠤᠨ ᠥᠭᠡᠷᠡᠴᠢᠯᠡᠯᠲᠡ ᠬᠢᠵᠦ
ᠰᠢᠨ᠎ᠡ ᠵᠢ ᠡᠭᠦᠳᠬᠦ ᠠᠵᠢᠯᠯᠠᠭ᠎ᠠ
11. ᠲᠤᠷᠰᠢᠯᠲᠠ ᠵᠢᠨ ᠣᠷᠣᠨ᠎ᠤ ᠲᠤᠷᠰᠢᠯᠲᠠ ᠵᠢᠨ ᠰᠤᠷᠭ᠋ᠠᠭᠤᠯᠢ ᠵᠢ ᠡᠭᠦᠳᠦᠨ ᠪᠠᠶ᠋ᠢᠭᠤᠯᠤᠨ᠎ᠠ᠃ ᠤᠯᠤᠰ᠎ᠤᠨ ᠳᠡᠰ᠎ᠤᠨ ᠰᠢᠨᠵᠢᠯᠡᠬᠦ ᠤᠬᠠᠭ᠋ᠠᠨ᠎ᠤ ᠰᠤᠷᠭ᠋ᠠᠨ ᠬᠥᠮᠦᠵᠢᠯ᠎ᠤᠨ ᠲᠤᠷᠰᠢᠯᠲᠠ ᠵᠢᠨ ᠣᠷᠣᠨ᠂ ᠲᠤᠷᠰᠢᠯᠲᠠ ᠵᠢᠨ ᠰᠤᠷᠭ᠋ᠠᠭᠤᠯᠢ ᠪᠠ ᠬᠢᠮᠡᠯ ᠣᠶᠤᠨ ᠰᠤᠷᠭ᠋ᠠᠨ ᠬᠥᠮᠦᠵᠢᠯ᠎ᠤᠨ ᠰᠠᠭᠤᠷᠢᠨ ᠭᠠᠵᠠᠷ᠎ᠤᠨ ᠪᠦᠲᠦᠭᠡᠨ ᠪᠠᠶ᠋ᠢᠭᠤᠯᠤᠯᠲᠠ ᠵᠢ ᠴᠢᠩᠭ᠋ᠠᠳᠬᠠᠵᠤ᠂ ᠰᠢᠨᠵᠢᠯᠡᠬᠦ ᠤᠬᠠᠭ᠋ᠠᠨ᠎ᠤ ᠰᠤᠷᠭ᠋ᠠᠨ ᠬᠥᠮᠦᠵᠢᠯ᠎ᠤᠨ ᠣᠷᠴᠢᠨ᠎ᠢ ᠰᠢᠯᠢᠳᠡᠭᠵᠢᠭᠦᠯᠦᠨ ᠬᠦᠴᠦᠷᠬᠡᠭᠵᠢᠭᠦᠯᠵᠦ᠂ ᠰᠢᠨᠵᠢᠯᠡᠬᠦ ᠤᠬᠠᠭ᠋ᠠᠨ᠎ᠤ ᠰᠤᠷᠭ᠋ᠠᠨ ᠬᠥᠮᠦᠵᠢᠯ᠎ᠤᠨ ᠡᠬᠢ ᠪᠠᠶᠠᠯᠢᠭ᠎ᠢ ᠭᠦᠢ᠍ᠴᠡᠳ ᠰᠠᠶ᠋ᠢᠲᠤᠷ ᠬᠡᠷᠡᠭᠯᠡᠵᠦ᠂ ᠲᠤᠷᠰᠢᠯᠲᠠ ᠵᠢᠨ ᠣᠷᠣᠨ (ᠰᠤᠷᠭ᠋ᠠᠭᠤᠯᠢ)᠎ᠤ ᠰᠢᠨᠵᠢᠯᠡᠬᠦ ᠤᠬᠠᠭ᠋ᠠᠨ᠎ᠤ ᠰᠤᠷᠭ᠋ᠠᠨ ᠬᠥᠮᠦᠵᠢᠯ᠎ᠤᠨ ᠰᠢᠨ᠎ᠡ ᠵᠠᠭᠪᠤᠷ᠎ᠢ ᠢᠳᠡᠪᠬᠢᠲᠡᠢ ᠰᠦᠪᠡᠭᠴᠢᠯᠡᠬᠦ ᠵᠢ ᠵᠣᠷᠢᠭᠵᠢᠭᠤᠯᠤᠨ ᠳᠡᠮᠵᠢᠵᠦ᠂ ᠵᠢᠱ᠌ᠢᠶ᠎ᠡ ᠦᠵᠡᠭᠦᠯᠵᠦ ᠬᠥᠲᠥᠯᠥᠨ ᠳᠠᠭ᠋ᠠᠭᠤᠯᠬᠤ ᠦᠢ᠍ᠯᠡᠳᠦᠯ᠎ᠢ ᠪᠠᠳᠠᠷᠠᠭᠤᠯᠤᠨ᠎ᠠ᠃ ᠥᠪᠡᠷᠲᠡᠭᠡᠨ ᠵᠠᠰᠠᠬᠤ ᠣᠷᠣᠨ ᠤ ᠳᠡᠰ᠎ᠤᠨ ᠰᠢᠨᠵᠢᠯᠡᠬᠦ ᠤᠬᠠᠭ᠋ᠠᠨ᠎ᠤ ᠰᠤᠷᠭ᠋ᠠᠨ ᠬᠥᠮᠦᠵᠢᠯ᠂ ᠬᠢᠮᠡᠯ ᠣᠶᠤᠨ ᠵᠡᠷᠭᠡ ᠨᠢᠭᠡ ᠪᠦᠯᠦᠭ ᠲᠤᠷᠰᠢᠯᠲᠠ ᠵᠢᠨ ᠣᠷᠣᠨ᠂ ᠲᠤᠷᠰᠢᠯᠲᠠ ᠵᠢᠨ ᠰᠤᠷᠭ᠋ᠠᠭᠤᠯᠢ ᠵᠢ ᠰᠣᠩᠭᠣᠬᠤ ᠪᠠ ᠮᠠᠭ᠋ᠠᠳᠯᠠᠨ ᠲᠣᠭᠲᠠᠭ᠋ᠠᠵᠤ᠂ 《ᠨᠢᠭᠡ ᠪᠦᠯᠦᠭ᠎ᠨᠢ ᠪᠣᠯᠪᠠᠰᠤᠷᠠᠩᠭᠤᠢ ᠪᠣᠯᠪᠠᠯ ᠨᠢᠭᠡ ᠪᠦᠯᠦᠭ᠎ᠢ ᠰᠢᠯᠭ᠋ᠠᠨ ᠠᠪᠬᠤ᠂ ᠨᠢᠭᠡ ᠪᠦᠯᠦᠭ᠎ᠢ ᠮᠠᠭ᠋ᠠᠳᠯᠠᠨ ᠲᠣᠭᠲᠠᠭ᠋ᠠᠬᠤ》 ᠵᠠᠷᠴᠢᠮ ᠶᠣᠰᠣᠭ᠋ᠠᠷ᠂ ᠪᠠᠢ᠌ᠷᠢᠰᠢᠯᠠᠭᠤᠯᠤᠯᠲᠠ ᠵᠦᠢ ᠵᠣᠬᠢᠰᠲᠠᠢ᠂ ᠣᠨᠴᠠᠯᠢᠭ ᠣᠯᠠᠨ ᠶᠠᠩᠵᠤᠴᠢᠯᠠᠭᠰᠠᠨ ᠰᠢᠨᠵᠢᠯᠡᠬᠦ ᠤᠬᠠᠭ᠋ᠠᠨ᠎ᠤ ᠰᠤᠷᠭ᠋ᠠᠨ ᠬᠥᠮᠦᠵᠢᠯ᠎ᠤᠨ ᠳᠣᠭᠲᠠᠯᠴᠠᠭ᠎ᠠ ᠵᠢ ᠠᠯᠬᠤᠮ ᠠᠯᠬᠤᠮ ᠵᠶ᠋ᠠᠷ ᠪᠦᠷᠢᠯᠳᠦᠭᠦᠯᠦᠨ᠎ᠡ᠃ (ᠬᠠᠷᠢᠭᠤᠴᠠᠯᠭ᠋ᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ᠂ ᠡᠳ᠋᠎ᠤᠨ ᠵᠠᠰᠠᠭ᠎ᠤᠨ ᠲᠢᠩᠬᠢᠮ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠨᠡᠶ᠋ᠢᠭᠡᠮᠯᠢᠭ)
12. ᠴᠢᠳᠠᠪᠤᠷᠢᠲᠠᠨ ᠰᠣᠩᠭᠤᠬᠤ ᠲᠣᠭᠲᠠᠴᠠ ᠵᠢ ᠰᠦᠪᠡᠭᠴᠢᠯᠡᠨ᠎ᠡ᠃ ᠣᠷᠣᠶ᠋ᠢᠯᠠᠭᠰᠠᠨ ᠰᠢᠨ᠎ᠡ ᠵᠢ ᠡᠭᠦᠳᠬᠦ ᠴᠢᠳᠠᠪᠤᠷᠢᠲᠠᠨ᠎ᠢ ᠰᠣᠩᠭᠣᠵᠤ ᠬᠥᠮᠦᠵᠢᠭᠦᠯᠬᠦ ᠪᠦᠲᠦᠮᠵᠢᠲᠡᠢ ᠵᠠᠭᠪᠤᠷ᠎ᠢ ᠢᠳᠡᠪᠬᠢᠲᠡᠢ ᠰᠦᠪᠡᠭᠴᠢᠯᠡᠵᠦ᠂ ᠨᠢᠭᠡᠳᠦᠯᠲᠡᠢ ᠲᠥᠯᠥᠪᠯᠡᠨ ᠵᠣᠬᠢᠴᠠᠭᠤᠯᠬᠤ ᠲᠣᠭᠲᠠᠴᠠ ᠵᠢ ᠪᠠᠶ᠋ᠢᠭᠤᠯᠤᠨ᠂ 《ᠳᠤᠮᠳᠠᠳᠤ ᠰᠤᠷᠭ᠋ᠠᠭᠤᠯᠢ ᠵᠢᠨ ᠭᠠᠷᠮᠠᠭ᠋ᠠᠢ ᠴᠢᠳᠠᠪᠤᠷᠢᠲᠠᠨ᠎ᠤ ᠲᠥᠯᠥᠪᠯᠡᠭᠡ》᠂ 《ᠰᠠᠭᠤᠷᠢ ᠬᠢᠴᠢᠶᠡᠯ ᠲᠥᠷᠦᠯ᠎ᠤᠨ ᠣᠷᠣᠶ᠋ᠢᠯᠠᠭᠰᠠᠨ ᠰᠤᠷᠤᠭᠴᠢ ᠵᠢ ᠬᠥᠮᠦᠵᠢᠭᠦᠯᠬᠦ ᠲᠥᠯᠥᠪᠯᠡᠭᠡ》᠂ 《ᠵᠠᠯᠠᠭᠤᠴᠤᠳ ᠪᠠᠭ᠋ᠠᠴᠤᠳ᠎ᠤᠨ ᠶᠡᠬᠡ ᠳᠡᠭᠡᠳᠦ ᠰᠤᠷᠭ᠋ᠠᠭᠤᠯᠢ ᠵᠢᠨ ᠰᠢᠨᠵᠢᠯᠡᠬᠦ ᠤᠬᠠᠭ᠋ᠠᠨ᠎ᠤ ᠪᠠᠭᠤᠴᠠ》᠂ 《ᠥᠪᠡᠷᠲᠡᠭᠡᠨ ᠵᠠᠰᠠᠬᠤ ᠣᠷᠣᠨ᠎ᠤ ᠳᠡᠰ᠎ᠤᠨ ᠵᠠᠯᠠᠭᠤᠴᠤᠳ ᠪᠠᠭ᠋ᠠᠴᠤᠳ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠪᠡᠯᠡᠳᠬᠡᠯ ᠴᠢᠳᠠᠪᠤᠷᠢᠲᠠᠨ᠎ᠢ ᠬᠥᠮᠦᠵᠢᠭᠦᠯᠬᠦ》 ᠵᠡᠷᠭᠡ ᠲᠥᠷᠥᠯ ᠵᠦᠢ᠍ᠯ᠎ᠢ ᠰᠣᠩᠭᠣᠵᠤ᠂ ᠬᠥᠮᠥᠵᠢᠭᠦᠯᠵᠦ᠂ ᠬᠡᠷᠡᠭᠯᠡᠬᠦ ᠲᠠᠯ᠎ᠠ᠎ᠪᠠᠷ ᠲᠤᠰ ᠲᠤᠰ᠎ᠤᠨ ᠭᠣᠣᠯᠳᠠᠯᠭ᠎ᠠ᠎ᠪᠠᠨ ᠲᠣᠳᠣᠷᠬᠠᠶ᠋ᠢᠯᠠᠵᠤ᠂ ᠳᠡᠮᠵᠢᠬᠦ ᠠᠷᠭ᠎ᠠ ᠬᠡᠮᠵᠢᠶ᠎ᠡ ᠵᠢ ᠨᠠᠷᠢᠯᠢᠭᠵᠢᠭᠤᠯᠤᠨ᠂ ᠡᠮᠬᠢ ᠵᠢᠷᠤᠮ᠎ᠲᠠᠢ ᠬᠡᠷᠡᠭᠵᠢᠭᠦᠯᠬᠦ ᠵᠢ ᠠᠬᠢᠭᠤᠯᠵᠤ᠂ ᠬᠥᠮᠦᠵᠢᠭᠦᠯᠬᠦ ᠦᠷ᠎ᠡ ᠪᠦᠲᠦᠮᠵᠢ ᠵᠢ ᠳᠡᠭᠡᠭᠰᠢᠯᠡᠭᠦᠯᠦᠨ᠎ᠡ᠃ ᠣᠷᠣᠨ᠎ᠤ ᠳᠣᠲᠣᠷᠠᠬᠢ ᠶᠡᠬᠡ ᠳᠡᠭᠡᠳᠦ ᠰᠤᠷᠭ᠋ᠠᠭᠤᠯᠢ ᠪᠣᠯᠤᠨ ᠳᠤᠮᠳᠠᠳᠤ ᠰᠤᠷᠭ᠋ᠠᠭᠤᠯᠢ ᠬᠠᠮᠲᠤᠷᠠᠨ ᠰᠢᠨ᠎ᠡ ᠵᠢ ᠡᠭᠦᠳᠬᠦ ᠲᠤᠷᠰᠢᠯᠲᠠ ᠵᠢᠨ ᠲᠠᠰᠤᠭ᠂ ᠰᠢᠨᠵᠢᠯᠡᠬᠦ ᠤᠬᠠᠭ᠋ᠠᠨ᠎ᠢ ᠲᠦᠭᠡᠮᠡᠯᠵᠢᠭᠦᠯᠬᠦ ᠥᠷᠲᠡᠭᠡ᠂ ᠴᠢᠳᠠᠪᠤᠷᠢᠲᠠᠨ ᠬᠥᠮᠦᠵᠢᠭᠦᠯᠬᠦ ᠠᠩᠭᠢ ᠵᠢ ᠬᠠᠮᠲᠤ᠎ᠳᠤ᠎ᠪᠠᠨ ᠪᠠᠶ᠋ᠢᠭᠤᠯᠬᠤ ᠵᠢ ᠵᠣᠷᠢᠭᠵᠢᠭᠤᠯᠤᠨ ᠳᠠᠮᠵᠢᠵᠤ᠂ ᠶᠡᠬᠡ ᠰᠤᠷᠭ᠋ᠠᠭᠤᠯᠢ᠂ ᠳᠤᠮᠳᠠᠳᠤ ᠰᠤᠷᠭ᠋ᠠᠭᠤᠯᠢ ᠵᠢᠨ ᠬᠣᠣᠰ ᠵᠢᠯᠣᠭᠣᠳᠣᠭᠴᠢ ᠪᠠᠭᠰᠢ ᠵᠢᠨ ᠳᠦᠷᠢᠮ᠎ᠢ ᠰᠦᠪᠡᠭᠴᠢᠯᠡᠵᠦ᠂ ᠠᠪᠢᠶᠠᠰᠲᠤ᠎ᠨᠢ ᠲᠣᠬᠢᠷᠠᠭᠤᠯᠤᠨ ᠵᠢᠭ᠋ᠠᠨ᠎ᠠ᠃ ᠥᠪᠥᠷ ᠮᠣᠩᠭᠣᠯ᠎ᠤᠨ ᠶᠡᠬᠡ ᠰᠤᠷᠭ᠋ᠠᠭᠤᠯᠢ ᠵᠢᠨ 《ᠠᠮᠢᠳᠤ ᠪᠣᠳᠠᠰ᠎ᠤᠨ ᠰᠢᠨᠵᠢᠯᠡᠬᠦ ᠤᠬᠠᠭ᠋ᠠᠨ᠎ᠤ ᠣᠷᠣᠶ᠋ᠢᠯᠠᠭᠰᠠᠨ ᠰᠤᠷᠤᠭᠴᠢ ᠵᠢ ᠬᠥᠮᠦᠵᠢᠭᠦᠯᠬᠦ ᠲᠥᠯᠥᠪᠯᠡᠭᠡ 2.0 ᠰᠠᠭᠤᠷᠢᠨ ᠭᠠᠵᠠᠷ》᠎ᠤᠨ ᠪᠦᠲᠦᠭᠡᠨ ᠪᠠᠶ᠋ᠢᠭᠤᠯᠤᠯᠲᠠ ᠵᠢ ᠭᠣᠣᠯᠳᠠᠯᠭ᠎ᠠ᠎ᠲᠠᠢ ᠳᠡᠮᠵᠢᠵᠦ᠂ ᠥᠪᠡᠷᠲᠡᠭᠡᠨ ᠵᠠᠰᠠᠬᠤ ᠣᠷᠣᠨ᠎ᠤ ᠳᠡᠰ᠎ᠤᠨ ᠰᠠᠭᠤᠷᠢ ᠰᠢᠨᠵᠢᠯᠡᠭᠡᠨ᠎ᠤ ᠰᠠᠯᠠᠭ᠋ᠠᠨ᠎ᠤ ᠣᠷᠣᠶ᠋ᠢᠯᠠᠭᠰᠠᠨ ᠰᠤᠷᠤᠭᠴᠢ ᠵᠢ ᠬᠥᠮᠦᠵᠢᠭᠦᠯᠬᠦ ᠰᠠᠭᠤᠷᠢᠨ ᠭᠠᠵᠠᠷ᠎ᠢ ᠰᠠᠶ᠋ᠢᠲᠤᠷ ᠪᠠᠢ᠌ᠭᠤᠯᠤᠨ᠎ᠠ᠃ (ᠬᠠᠷᠢᠭᠤᠴᠠᠯᠭ᠋ᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ᠂ ᠥᠪᠥᠷ ᠮᠣᠩᠭᠣᠯ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠣᠳᠤᠯᠭ᠋ᠠᠨ᠎ᠤ ᠬᠦᠷᠢᠶᠡᠯᠡᠩ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠨᠡᠶ᠋ᠢᠭᠡᠮᠯᠢᠭ)
13. ᠳᠡᠭᠡᠳᠦ ᠵᠡᠷᠭᠡ ᠵᠢᠨ ᠳᠤᠮᠳᠠᠳᠤ ᠰᠤᠷᠭ᠋ᠠᠭᠤᠯᠢ᠎ᠳᠤ ᠳᠡᠪᠰᠢᠬᠦ ᠰᠢᠯᠭ᠋ᠠᠯᠲᠠ ᠵᠢᠨ ᠠᠭᠤᠯᠭ᠎ᠠ ᠵᠢᠨ ᠥᠭᠡᠷᠡᠴᠢᠯᠡᠯᠲᠡ ᠵᠢ ᠠᠬᠢᠭᠤᠯᠤᠨ᠎ᠠ᠃ ᠳᠡᠭᠡᠳᠦ ᠵᠡᠷᠭᠡ ᠵᠢᠨ ᠳᠤᠮᠳᠠᠳᠤ ᠰᠤᠷᠭ᠋ᠠᠭᠤᠯᠢ ᠳᠤ ᠳᠡᠪᠰᠢᠬᠦ ᠰᠢᠯᠭ᠋ᠠᠯᠲᠠ ᠵᠢᠨ ᠰᠡᠳᠦᠪ᠎ᠤᠨ ᠬᠡᠯᠪᠡᠷᠢ ᠵᠢ ᠲᠡᠭᠦᠯᠳᠡᠷᠵᠢᠭᠦᠯᠵᠦ᠂ ᠬᠡᠪ ᠪᠣᠯᠪᠠᠰᠤᠷᠠᠯ ᠵᠶ᠋ᠠᠷ ᠭᠣᠣᠯ ᠰᠠᠨᠠᠭ᠎ᠠ ᠵᠢ ᠳᠣᠭᠲᠠᠭ᠋ᠠᠬᠤ ᠵᠢ ᠪᠠᠷᠢᠮᠲᠠᠯᠠᠨ᠂ ᠰᠢᠯᠭ᠋ᠠᠯᠲᠠ ᠵᠢᠨ ᠰᠡᠳᠦᠪ᠎ᠤᠨ ᠰᠦᠪᠡᠭᠴᠢᠯᠡᠯᠳᠦ ᠴᠢᠨᠠᠷ᠂ ᠨᠡᠭᠡᠭᠡᠯᠲᠡᠲᠦ ᠴᠢᠨᠠᠷ᠂ ᠶᠡᠷᠦᠩᠬᠡᠶ᠋ᠢᠯᠡᠭᠰᠡᠨ ᠴᠢᠨᠠᠷ᠎ᠢ ᠴᠢᠩᠭ᠋ᠠᠳᠬᠠᠨ᠂ ᠰᠤᠷᠤᠭᠴᠢᠳ᠎ᠤᠨ ᠰᠢᠨᠵᠢᠯᠡᠬᠦ ᠤᠬᠠᠭ᠋ᠠᠨ᠎ᠤ ᠵᠣᠷᠢᠭ ᠰᠠᠨᠠᠭ᠎ᠠ ᠵᠢ ᠬᠥᠮᠦᠵᠢᠭᠦᠯᠦᠨ᠎ᠡ᠃ ᠣᠯᠠᠨ ᠡᠰᠢᠵᠢᠭᠦᠯᠦᠭᠰᠡᠨ ᠦᠨᠡᠯᠡᠬᠦ ᠠᠷᠭ᠎ᠠ ᠮᠠᠶᠢᠭ᠎ᠢ ᠰᠢᠨᠵᠢᠯᠡᠬᠦ ᠤᠬᠠᠭ᠋ᠠᠨᠴᠢ᠎ᠪᠠᠷ ᠬᠡᠷᠡᠭᠯᠡᠵᠦ᠂ ᠰᠤᠷᠤᠭᠴᠢᠳ᠎ᠤᠨ ᠡᠳᠦᠷ ᠲᠤᠲᠤᠮ᠎ᠤᠨ ᠲᠤᠷᠰᠢᠯᠲᠠ ᠵᠢᠨ ᠵᠢᠭ᠋ᠠᠨ ᠰᠤᠷᠭ᠋ᠠᠯᠲᠠ ᠵᠢᠨ ᠠᠵᠢᠯᠯᠠᠭ᠎ᠠ᠎ᠳᠤ ᠣᠷᠣᠯᠴᠠᠭᠰᠠᠨ ᠪᠠᠶ᠋ᠢᠳᠠᠯ᠎ᠢ ᠶᠡᠷᠦᠩᠬᠡᠶ᠋ᠢᠯᠡᠨ᠂ ᠡᠯ᠎ᠡ ᠠᠶ᠋ᠢᠮᠠᠭ ᠬᠣᠲᠠ ᠵᠢᠨ ᠳᠡᠭᠡᠳᠦ ᠵᠡᠷᠭᠡ ᠵᠢᠨ ᠳᠤᠮᠳᠠᠳᠤ ᠰᠤᠷᠭ᠋ᠠᠭᠤᠯᠢ᠎ᠳᠤ ᠳᠡᠪᠰᠢᠬᠦ ᠰᠢᠯᠭ᠋ᠠᠯᠲᠠ ᠵᠢᠨ ᠹᠢᠽᠢᠺ ᠬᠢᠮᠢ ᠠᠮᠢᠳᠤ ᠪᠣᠳᠠᠰ᠎ᠤᠨ ᠲᠤᠷᠰᠢᠯᠲᠠ ᠵᠢᠨ ᠰᠢᠯᠭ᠋ᠠᠯᠲᠠ ᠵᠢᠨ ᠠᠵᠢᠯ᠎ᠢ ᠵᠣᠬᠢᠶᠠᠨ ᠪᠠᠶ᠋ᠢᠭᠤᠯᠤᠨ᠎ᠠ᠃ ᠰᠡᠳᠦᠪ ᠭᠠᠷᠭ᠋ᠠᠭᠰᠠᠨ ᠪᠠᠭᠰᠢ ᠵᠢᠨ ᠬᠥᠮᠥᠷᠭᠡ ᠵᠢ ᠰᠣᠩᠭᠣᠨ ᠪᠠᠢ᠌ᠭᠤᠯᠵᠤ᠂ ᠭᠣᠣᠯ ᠰᠡᠳᠦᠪ ᠭᠠᠷᠭ᠋ᠠᠭᠰᠠᠨ ᠪᠠᠭᠰᠢ ᠵᠢ ᠰᠣᠩᠭᠤᠨ᠎ᠠ᠃ ᠳᠡᠭᠡᠳᠦ ᠵᠡᠷᠭᠡ ᠵᠢᠨ ᠳᠤᠮᠳᠠᠳᠤ ᠰᠤᠷᠭ᠋ᠠᠭᠤᠯᠢ᠎ᠳᠤ ᠳᠡᠪᠰᠢᠬᠦ ᠰᠢᠯᠭ᠋ᠠᠯᠲᠠ ᠵᠢᠨ ᠰᠡᠳᠦᠪ ᠭᠠᠷᠭ᠋ᠠᠬᠤ ᠪᠠᠭᠰᠢ ᠵᠢᠨ ᠪᠣᠯᠪᠠᠰᠤᠷᠠᠯ᠎ᠢ ᠵᠣᠬᠢᠶᠠᠨ ᠪᠠᠶ᠋ᠢᠭᠤᠯᠵᠤ᠂ ᠳᠡᠭᠡᠳᠦ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠰᠢᠯᠭ᠋ᠠᠯᠲᠠ᠎ᠳᠤ ᠵᠣᠬᠢᠴᠠᠬᠤ ᠰᠢᠯᠭ᠋ᠠᠯᠲᠠ ᠵᠢ ᠥᠷᠨᠢᠭᠦᠯᠦᠨ᠂ ᠳᠡᠭᠡᠳᠦ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠰᠢᠯᠭ᠋ᠠᠯᠲᠠ ᠵᠢᠨ ᠰᠡᠳᠦᠪ᠎ᠤᠨ ᠬᠦᠴᠢᠷᠳᠡᠯ᠎ᠢ ᠵᠦᠢ ᠵᠣᠬᠢᠰᠲᠠᠢ ᠲᠣᠭᠲᠠᠭ᠋ᠠᠵᠤ᠂ ᠠᠯᠪᠠᠨ ᠵᠢᠷᠤᠮ᠎ᠤᠨ ᠬᠢᠴᠢᠶᠡᠯ᠎ᠤᠨ ᠪᠠᠷᠢᠮᠵᠢᠶ᠎ᠠ ᠪᠥᠬᠦᠢ ᠰᠡᠳᠦᠪ ᠭᠠᠷᠭ᠋ᠠᠬᠤ ᠵᠢ ᠴᠢᠩᠭ᠎ᠠ ᠵᠢᠷᠤᠮᠯᠠᠨ᠂ 2024 ᠣᠨ᠎ᠤ ᠠᠩᠬ᠎ᠠ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠰᠤᠷᠤᠯᠭ᠎ᠠ ᠵᠢᠨ ᠬᠢᠷᠢ ᠲᠦᠪᠰᠢᠨ᠎ᠤ ᠰᠢᠯᠭ᠋ᠠᠯᠲᠠ ᠵᠢᠨ ᠭᠠᠵᠠᠷ ᠵᠦᠢ ᠪᠠ ᠠᠮᠢᠳᠤ ᠪᠣᠳᠠᠰ᠎ᠤᠨ ᠤᠬᠠᠭ᠋ᠠᠨ (ᠪᠡᠶ᠎ᠡ ᠵᠢᠨ ᠲᠠᠮᠢᠷ ᠡᠷᠡᠭᠦᠯ ᠮᠡᠨᠳᠦ ᠵᠢᠨ ᠮᠡᠳᠡᠯᠭᠡ ᠵᠢ ᠪᠠᠭᠲᠠᠭ᠋ᠠᠨ᠎ᠠ)᠎ᠤ ᠰᠤᠷᠤᠯᠭ᠎ᠠ ᠲᠡᠭᠦᠰᠬᠦ ᠰᠢᠯᠭ᠋ᠠᠯᠲᠠ ᠵᠢᠨ ᠰᠡᠳᠦᠪ᠎ᠢ ᠪᠦᠬᠦ ᠣᠷᠣᠨ᠎ᠳᠤ ᠨᠢᠭᠡᠳᠦᠯᠲᠡᠢ ᠰᠡᠳᠦᠪ ᠭᠠᠷᠭ᠋ᠠᠬᠤ ᠵᠢ ᠪᠡᠶᠡᠯᠡᠭᠦᠯᠵᠦ᠂ 2025 ᠣᠨ᠎ᠤ ᠪᠦᠬᠦ ᠣᠷᠣᠨ᠎ᠤ ᠠᠩᠬ᠎ᠠ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠰᠤᠷᠤᠯᠭ᠎ᠠ ᠵᠢᠨ ᠬᠢᠷᠢ ᠲᠦᠪᠰᠢᠨ᠎ᠤ ᠰᠢᠯᠭ᠋ᠠᠯᠲᠠ (ᠳᠡᠭᠡᠳᠦ ᠵᠡᠷᠭᠡ ᠵᠢᠨ ᠳᠤᠮᠳᠠᠳᠤ ᠰᠤᠷᠭ᠋ᠠᠭᠤᠯᠢ᠎ᠳᠤ ᠳᠡᠪᠰᠢᠬᠦ ᠰᠢᠯᠭ᠋ᠠᠯᠲᠠ) ᠵᠢᠨ ᠪᠢᠷ᠎ᠤᠨ ᠰᠢᠯᠭ᠋ᠠᠯᠲᠠ ᠵᠢᠨ ᠰᠡᠳᠦᠪ᠎ᠢ ᠪᠦᠬᠦ ᠣᠷᠣᠨ᠎ᠳᠤ ᠨᠢᠭᠡᠳᠦᠯᠲᠡᠢ ᠰᠡᠳᠦᠪ ᠭᠠᠷᠭ᠋ᠠᠬᠤ ᠵᠢ ᠪᠡᠶᠡᠯᠡᠭᠦᠯᠦᠨ᠎ᠡ᠃ (ᠬᠠᠷᠢᠭᠤᠴᠠᠯᠭ᠋ᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ)
14. ᠰᠤᠷᠭ᠋ᠠᠭᠤᠯᠢ ᠵᠢᠨ ᠭᠠᠳᠠᠨᠠᠬᠢ ᠪᠣᠯᠪᠠᠰᠤᠷᠠᠭᠤᠯᠤᠯ᠎ᠤᠨ ᠤᠷᠤᠯᠳᠤᠭ᠋ᠠᠨ᠎ᠢ ᠵᠢᠷᠤᠮᠵᠢᠭᠤᠯᠤᠨ᠎ᠠ᠃ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠥᠷᠥᠯ᠎ᠤᠨ ᠬᠢᠴᠢᠶᠡᠯ ᠲᠥᠷᠦᠯ᠎ᠤᠨ ᠪᠤᠰᠤ ᠰᠤᠷᠭ᠋ᠠᠭᠤᠯᠢ ᠵᠢᠨ ᠭᠠᠳᠠᠨᠠᠬᠢ ᠪᠣᠯᠪᠠᠰᠤᠷᠠᠭᠤᠯᠤᠯ᠎ᠤᠨ ᠪᠠᠶ᠋ᠢᠭᠤᠯᠤᠮᠵᠢ ᠵᠢ ᠬᠠᠤᠯᠢ ᠶᠣᠰᠣᠭ᠋ᠠᠷ ᠡᠵᠡᠩᠨᠡᠬᠦ᠂ ᠵᠢᠷᠤᠮᠵᠢᠭᠤᠯᠤᠨ ᠬᠥᠭᠵᠢᠭᠦᠯᠬᠦ ᠵᠢ ᠬᠥᠲᠥᠯᠥᠨ ᠵᠢᠯᠣᠭᠣᠳᠴᠤ᠂ ᠰᠤᠷᠤᠭᠴᠢᠳ᠎ᠤᠨ ᠥᠪᠡᠷᠮᠢᠴᠡ ᠬᠡᠷᠡᠭᠴᠡᠭᠡ ᠱᠠᠭ᠋ᠠᠷᠳᠠᠯᠭ᠎ᠠ ᠵᠢ ᠪᠦᠲᠦᠮᠵᠢᠲᠡᠢ ᠬᠠᠩᠭ᠋ᠠᠨ᠎ᠠ᠃ ᠵᠥᠪ ᠵᠶ᠋ᠠᠷ ᠤᠬᠠᠭᠤᠯᠵᠤ ᠬᠥᠲᠥᠯᠥᠨ ᠵᠢᠯᠣᠭᠣᠳᠬᠤ ᠵᠢ ᠴᠢᠩᠭ᠋ᠠᠳᠬᠠᠵᠤ᠂ ᠳᠤᠮᠳᠠᠳᠤ ᠪᠠᠭ᠎ᠠ ᠰᠤᠷᠭ᠋ᠠᠭᠤᠯᠢ ᠵᠢᠨ ᠰᠤᠷᠤᠭᠴᠢᠳ᠎ᠢ ᠵᠢᠯᠣᠭᠣᠳᠤᠨ 《ᠴᠠᠭ᠋ᠠᠨ ᠨᠡᠷᠡᠰ᠎ᠤᠨ ᠵᠢᠭᠰᠠᠭ᠋ᠠᠯᠲᠠ》 ᠵᠢᠨ ᠤᠷᠤᠯᠳᠤᠭ᠋ᠠᠨ᠎ᠳᠤ ᠣᠷᠣᠯᠴᠠᠭᠤᠯᠵᠤ᠂ ᠳᠤᠮᠳᠠᠳᠤ ᠪᠠᠭ᠎ᠠ ᠰᠤᠷᠭ᠋ᠠᠭᠤᠯᠢ ᠵᠢᠨ ᠰᠤᠷᠤᠭᠴᠢ ᠵᠢᠨ ᠥᠰᠦᠨ ᠪᠣᠶ᠋ᠢᠵᠢᠬᠤ ᠲᠠᠪᠴᠠᠩ᠎ᠢ ᠪᠠᠢ᠌ᠭᠤᠯᠤᠨ᠂ ᠨᠢᠭᠤᠭᠳᠠᠮᠠᠯ ᠬᠦᠴᠦᠨ ᠪᠥᠬᠦᠢ ᠰᠤᠷᠤᠭᠴᠢ ᠵᠢ ᠢᠯᠡᠷᠡᠭᠦᠯᠵᠦ᠂ ᠲᠡᠳᠡᠨ᠎ᠢ ᠬᠥᠲᠥᠯᠥᠨ ᠵᠢᠯᠣᠭᠣᠳᠴᠤ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠳᠤ ᠢᠳᠡᠪᠬᠢᠲᠡᠢ ᠣᠷᠣᠯᠴᠠᠭᠤᠯᠤᠨ᠎ᠠ᠃ ᠨᠢᠭᠡᠳᠦᠯᠲᠡᠢ ᠲᠥᠯᠥᠪᠯᠡᠬᠦ ᠪᠠ ᠬᠢᠨᠠᠨ ᠬᠠᠮᠢᠶᠠᠷᠬᠤ ᠵᠢ ᠴᠢᠩᠭ᠋ᠠᠳᠬᠠᠵᠤ᠂ ᠥᠪᠡᠷᠲᠡᠭᠡᠨ ᠵᠠᠰᠠᠬᠤ ᠣᠷᠣᠨ᠎ᠤ ᠳᠤᠮᠳᠠᠳᠤ ᠪᠠᠭ᠎ᠠ ᠰᠤᠷᠭ᠋ᠠᠭᠤᠯᠢ᠎ᠳᠤ ᠬᠠᠨᠳᠤᠭᠤᠯᠤᠭᠰᠠᠨ ᠡᠯ᠎ᠡ ᠲᠥᠷᠥᠯ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠤᠷᠤᠯᠳᠤᠭ᠋ᠠᠨ᠎ᠤ ᠠᠵᠢᠯᠯᠠᠭ᠎ᠠ ᠵᠢ ᠵᠢᠷᠤᠮᠵᠢᠭᠤᠯᠤᠨ ᠥᠷᠨᠢᠭᠦᠯᠵᠦ᠂ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ᠎ᠳᠤ ᠮᠡᠳᠡᠭᠦᠯᠦᠨ ᠳᠠᠩᠰᠠᠯᠠᠭᠤᠯᠤᠭᠰᠠᠨ ᠦᠭᠡᠢ᠎ᠪᠠᠷ ᠳᠤᠮᠳᠠᠳᠤ ᠪᠠᠭ᠎ᠠ ᠰᠤᠷᠭ᠋ᠠᠭᠤᠯᠢ ᠵᠢᠨ ᠰᠤᠷᠤᠭᠴᠢᠳ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠤᠷᠤᠯᠳᠤᠭ᠋ᠠᠨ᠎ᠤ ᠲᠥᠷᠥᠯ ᠵᠦᠢ᠍ᠯ ᠡᠷᠬᠢᠯᠡᠬᠦ ᠵᠢ ᠬᠣᠷᠢᠭᠯᠠᠨ᠂ ᠰᠤᠷᠤᠭᠴᠢᠳ᠎ᠤᠨ ᠰᠢᠨᠵᠢᠯᠡᠬᠦ ᠤᠬᠠᠭ᠋ᠠᠨ᠎ᠤ ᠤᠬᠠᠮᠰᠠᠷ᠎ᠢ ᠬᠥᠮᠦᠵᠢᠭᠦᠯᠬᠦ᠎ᠳᠤ ᠠᠰᠢᠭᠲᠠᠢ ᠤᠷᠤᠯᠳᠤᠭ᠋ᠠᠨ᠎ᠤ ᠠᠵᠢᠯᠯᠠᠭ᠎ᠠ ᠵᠢ ᠳᠡᠮᠵᠢᠵᠦ᠂ ᠳᠤᠮᠳᠠᠳᠤ ᠪᠠᠭ᠎ᠠ ᠰᠤᠷᠭ᠋ᠠᠭᠤᠯᠢ ᠵᠢᠨ ᠰᠤᠷᠤᠭᠴᠢᠳ᠎ᠲᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠠᠵᠢᠯᠯᠠᠭ᠋ᠠᠨ᠎ᠤ ᠦᠷ᠎ᠡ ᠪᠦᠲᠦᠭᠡᠯ᠎ᠢ ᠳᠡᠯᠭᠡᠨ ᠦᠵᠡᠭᠦᠯᠵᠦ ᠰᠣᠯᠢᠯᠴᠠᠬᠤ ᠲᠠᠪᠴᠠᠩ᠎ᠢ ᠪᠠᠶ᠋ᠢᠭᠤᠯᠵᠤ ᠥᠭᠭᠦᠨ᠎ᠡ᠃ (ᠬᠠᠷᠢᠭᠤᠴᠠᠯᠭ᠋ᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠨᠡᠶ᠋ᠢᠭᠡᠮᠯᠢᠭ)
15. ᠭᠡᠷ ᠪᠦᠯᠢ ᠰᠤᠷᠭ᠋ᠠᠭᠤᠯᠢ ᠨᠡᠶ᠋ᠢᠭᠡᠮ ᠬᠠᠮᠵᠢᠯᠴᠠᠨ ᠬᠥᠮᠦᠨ ᠬᠥᠮᠦᠵᠢᠭᠦᠯᠬᠦ ᠵᠢ ᠠᠬᠢᠭᠤᠯᠤᠨ᠎ᠠ᠃ ᠭᠡᠷ ᠪᠦᠯᠢ ᠵᠢᠨ ᠰᠢᠨᠵᠢᠯᠡᠬᠦ ᠤᠬᠠᠭ᠋ᠠᠨ᠎ᠤ ᠰᠤᠷᠭ᠋ᠠᠨ ᠬᠥᠮᠦᠵᠢᠯ᠎ᠢ ᠶᠡᠬᠡ᠎ᠪᠠᠷ ᠰᠠᠨᠠᠭ᠋ᠠᠴᠢᠯᠠᠵᠤ᠂ ᠰᠢᠨᠵᠢᠯᠡᠬᠦ ᠤᠬᠠᠭ᠋ᠠᠨ᠎ᠢ ᠲᠦᠭᠡᠮᠡᠯᠵᠢᠭᠦᠯᠬᠦ ᠦᠨ᠎ᠡ ᠥᠷᠲᠡᠭ᠎ᠢ ᠲᠣᠪᠤᠢ᠌ᠯᠭ᠋ᠠᠨ ᠬᠥᠲᠥᠯᠥᠨ ᠳᠠᠭ᠋ᠠᠭᠤᠯᠵᠤ᠂ ᠰᠢᠨᠵᠢᠯᠡᠬᠦ ᠤᠬᠠᠭ᠋ᠠᠨ᠎ᠢ ᠲᠦᠭᠡᠮᠡᠯᠵᠢᠭᠦᠯᠬᠦ ᠲᠤᠰᠬᠠᠢ ᠮᠡᠷᠭᠡᠵᠢᠯᠲᠡᠨ᠎ᠤ ᠬᠦᠴᠦᠨ᠎ᠢ ᠬᠤᠷᠠᠮᠳᠤᠭᠤᠯᠤᠨ᠂ ᠭᠡᠷ ᠪᠦᠯᠢ ᠵᠢᠨ ᠰᠢᠨᠵᠢᠯᠡᠬᠦ ᠤᠬᠠᠭ᠋ᠠᠨ᠎ᠢ ᠲᠦᠭᠡᠮᠡᠯᠵᠢᠭᠦᠯᠬᠦ ᠢᠯᠡ ᠬᠢᠴᠢᠶᠡᠯ ᠭᠠᠷᠭ᠋ᠠᠵᠤ᠂ ᠣᠯᠠᠨ ᠬᠡᠯᠪᠡᠷᠢᠲᠦ ᠭᠡᠷ ᠪᠦᠯᠢ ᠵᠢᠨ ᠰᠢᠨᠵᠢᠯᠡᠬᠦ ᠤᠬᠠᠭ᠋ᠠᠨ᠎ᠢ ᠲᠦᠭᠡᠮᠡᠯᠵᠢᠭᠦᠯᠬᠦ ᠠᠵᠢᠯᠯᠠᠭ᠎ᠠ ᠵᠢ ᠥᠷᠨᠢᠭᠦᠯᠦᠨ᠂ 《ᠭᠡᠷ᠎ᠤᠨ ᠡᠭᠦᠳᠡᠨ᠎ᠳᠠᠬᠢ》 ᠰᠢᠨᠵᠢᠯᠡᠬᠦ ᠤᠬᠠᠭ᠋ᠠᠨ᠎ᠤ ᠰᠤᠷᠭ᠋ᠠᠨ ᠬᠥᠮᠦᠵᠢᠯ᠎ᠤᠨ ᠵᠢᠭᠰᠠᠭ᠋ᠠᠯ᠎ᠤᠨ ᠭᠠᠵᠠᠷ᠎ᠢ ᠪᠠᠶ᠋ᠢᠭᠤᠯᠵᠤ᠂ ᠰᠢᠨᠵᠢᠯᠡᠬᠦ ᠤᠬᠠᠭ᠋ᠠᠨ᠎ᠤ ᠰᠤᠷᠭ᠋ᠠᠨ ᠬᠥᠮᠦᠵᠢᠯ᠎ᠢ ᠲᠦᠭ ᠲᠦᠮᠡᠨ ᠠᠶ᠋ᠢᠯ ᠡᠷᠦᠬᠡ᠎ᠳᠤ ᠣᠷᠣᠭᠤᠯᠬᠤ ᠵᠢ ᠠᠬᠢᠭᠤᠯᠵᠤ᠂ ᠭᠡᠷ᠎ᠤᠨ ᠠᠬᠠᠮᠠᠳ᠎ᠤᠨ ᠰᠢᠨᠵᠢᠯᠡᠬᠦ ᠤᠬᠠᠭ᠋ᠠᠨ᠎ᠢ ᠲᠦᠭᠡᠮᠡᠯᠵᠢᠭᠦᠯᠬᠦ ᠦᠵᠡᠯ ᠤᠬᠠᠮᠰᠠᠷ ᠪᠣᠯᠤᠨ ᠰᠤᠷᠤᠭᠴᠢᠳ᠎ᠤᠨ ᠰᠢᠨᠵᠢᠯᠡᠬᠦ ᠤᠬᠠᠭ᠋ᠠᠨ᠎ᠤ ᠬᠡᠪ ᠴᠢᠨᠠᠷ᠎ᠢ ᠳᠡᠭᠡᠭᠰᠢᠯᠡᠭᠦᠯᠦᠨ᠎ᠡ᠃ ᠭᠡᠷ᠎ᠤᠨ ᠠᠬᠠᠮᠠᠳ᠎ᠤᠨ ᠰᠤᠷᠭ᠋ᠠᠭᠤᠯᠢ᠂ ᠬᠡᠦᠬᠡᠳ᠎ᠤᠨ ᠭᠡᠷ ᠣᠷᠣᠨ᠂ ᠪᠠᠭ᠋ᠠᠴᠤᠳ᠎ᠤᠨ ᠰᠢᠨᠵᠢᠯᠡᠬᠦ ᠤᠬᠠᠭ᠋ᠠᠨ᠎ᠤ ᠬᠦᠷᠢᠶᠡᠯᠡᠩ᠂ ᠵᠠᠯᠠᠭᠤᠴᠤᠳ ᠪᠠᠭ᠋ᠠᠴᠤᠳ᠎ᠤᠨ ᠰᠢᠨᠵᠢᠯᠡᠬᠦ ᠤᠬᠠᠭ᠋ᠠᠨ᠎ᠤ ᠠᠵᠢᠯᠯᠠᠬᠤ ᠲᠠᠰᠤᠭ᠂ ᠵᠠᠯᠠᠭᠤᠴᠤᠳ ᠪᠠᠭ᠋ᠠᠴᠤᠳ᠎ᠤᠨ ᠰᠢᠨᠵᠢᠯᠡᠬᠦ ᠤᠬᠠᠭ᠋ᠠᠨ᠎ᠤ ᠰᠣᠳᠤᠯᠭ᠋ᠠᠨ᠎ᠤ ᠰᠠᠭᠤᠷᠢᠨ ᠭᠠᠵᠠᠷ ᠵᠡᠷᠭᠡ ᠦᠢ᠍ᠯᠡᠴᠢᠯᠡᠭᠡᠨ᠎ᠤ ᠬᠡᠯᠪᠡᠷᠢ ᠪᠣᠯᠤᠨ ᠵᠠᠭᠪᠤᠷ᠎ᠢ ᠠᠰᠢᠭᠯᠠᠨ᠂ ᠭᠡᠷ ᠪᠦᠯᠢ ᠪᠣᠯᠤᠨ ᠵᠠᠯᠠᠭᠤᠴᠤᠳ ᠪᠠᠭ᠋ᠠᠴᠤᠳ᠎ᠲᠤ ᠬᠠᠨᠳᠤᠭᠤᠯᠤᠨ ᠰᠢᠨᠵᠢᠯᠡᠬᠦ ᠤᠬᠠᠭ᠋ᠠᠨ᠎ᠤ ᠰᠤᠷᠭ᠋ᠠᠨ ᠬᠥᠮᠦᠵᠢᠯ ᠬᠢᠨ᠎ᠡ᠃ ᠡᠴᠢᠭᠡ ᠡᠬᠡ ᠦᠷ᠎ᠡ ᠬᠡᠦᠬᠡᠳ᠎ᠤᠨ ᠰᠢᠨᠵᠢᠯᠡᠬᠦ ᠤᠬᠠᠭ᠋ᠠᠨ᠎ᠢ ᠲᠦᠭᠡᠮᠡᠯᠵᠢᠭᠦᠯᠬᠦ ᠤᠩᠰᠢᠯᠭ᠎ᠠ ᠵᠢ ᠳᠡᠯᠭᠡᠷᠡᠭᠦᠯᠵᠦ᠂ ᠭᠡᠷ᠎ᠤᠨ ᠠᠬᠠᠮᠠᠳ᠎ᠤᠨ ᠰᠢᠨᠵᠢᠯᠡᠬᠦ ᠤᠬᠠᠭ᠋ᠠᠨ ᠰᠤᠷᠭ᠋ᠠᠨ ᠬᠥᠮᠦᠵᠢᠯ᠎ᠤᠨ ᠦᠵᠡᠯᠲᠡ ᠵᠢ ᠬᠤᠪᠢᠷᠠᠭᠤᠯᠬᠤ᠂ ᠰᠢᠨᠵᠢᠯᠡᠬᠦ ᠤᠬᠠᠭ᠋ᠠᠨ᠎ᠢ ᠲᠦᠭᠡᠮᠡᠯᠵᠢᠭᠦᠯᠬᠦ ᠦᠵᠡᠯ ᠤᠬᠠᠮᠰᠠᠷ᠎ᠢ ᠳᠡᠭᠡᠭᠰᠢᠯᠡᠭᠦᠯᠬᠦ ᠵᠢ ᠪᠦᠲᠦᠮᠵᠢᠲᠡᠢ ᠠᠬᠢᠭᠤᠯᠤᠨ᠂ ᠬᠡᠦᠬᠡᠳ᠎ᠢ ᠰᠢᠨᠵᠢᠯᠡᠬᠦ ᠤᠬᠠᠭ᠋ᠠᠨ ᠵᠶ᠋ᠠᠷ ᠰᠡᠩᠬᠡᠷᠡᠭᠦᠯᠬᠦ᠂ ᠰᠢᠨᠵᠢᠯᠡᠬᠦ ᠤᠬᠠᠭ᠋ᠠᠨ᠎ᠤ ᠦᠢ᠍ᠯᠡᠳᠦᠯᠭᠡ ᠵᠢᠨ ᠴᠢᠳᠠᠪᠤᠷᠢ ᠵᠢ ᠬᠥᠮᠦᠵᠢᠭᠦᠯᠬᠦ ᠵᠡᠷᠭᠡ ᠲᠠᠯ᠎ᠠ᠎ᠪᠠᠷ᠎ᠬᠢ ᠭᠡᠷ ᠪᠦᠯᠢ ᠵᠢᠨ ᠰᠢᠨᠵᠢᠯᠡᠬᠦ ᠤᠬᠠᠭ᠋ᠠᠨ᠎ᠤ ᠰᠤᠷᠭ᠋ᠠᠨ ᠬᠥᠮᠦᠵᠢᠯ᠎ᠤᠨ ᠴᠢᠬᠤᠯᠠ ᠦᠢ᠍ᠯᠡᠳᠦᠯ᠎ᠢ ᠭᠦᠢ᠍ᠴᠡᠳ ᠪᠠᠳᠠᠷᠠᠭᠤᠯᠤᠨ᠎ᠠ᠃ (ᠬᠠᠷᠢᠭᠤᠴᠠᠯᠭ᠋ᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ᠂ ᠡᠪᠯᠡᠯ᠎ᠤᠨ ᠬᠣᠷᠢᠶ᠎ᠠ᠂ ᠡᠮᠡᠭᠲᠡᠶ᠋ᠢᠴᠦᠳ᠎ᠤᠨ ᠬᠣᠯᠪᠣᠭ᠋ᠠᠲᠤ ᠬᠤᠷᠠᠯ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠨᠡᠶ᠋ᠢᠭᠡᠮᠯᠢᠭ᠂ ᠪᠠᠭ᠋ᠠᠴᠤᠳ᠎ᠤᠨ ᠠᠵᠢᠯ᠎ᠤᠨ ᠵᠥᠪᠯᠡᠯ)
ᠭᠤᠷᠪᠠ᠂ ᠠᠵᠢᠯ᠎ᠤᠨ ᠱᠠᠭ᠋ᠠᠷᠳᠠᠯᠭ᠎ᠠ
(ᠨᠢᠭᠡ) ᠤᠯᠤᠰ ᠲᠥᠷᠥ ᠵᠢᠨ ᠵᠣᠭᠰᠣᠴᠠ᠎ᠪᠠᠨ ᠳᠡᠭᠡᠭᠰᠢᠯᠡᠭᠦᠯᠦᠨ᠎ᠡ᠃ ᠡᠯ᠎ᠡ ᠭᠠᠵᠠᠷ᠂ ᠡᠯ᠎ᠡ ᠰᠠᠯᠠᠭ᠎ᠠ ᠮᠥᠴᠢᠷ᠎ᠤᠨ᠎ᠬᠢᠨ ᠤᠯᠤᠰ ᠲᠥᠷᠥ ᠵᠢᠨ ᠵᠣᠭᠰᠣᠴᠠ ᠪᠠᠨ ᠦᠨᠡᠨ ᠬᠦ᠌ ᠳᠡᠭᠡᠭᠰᠢᠯᠡᠭᠦᠯᠵᠦ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠠᠵᠢᠯ᠎ᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠨ᠂ ᠰᠢᠨᠵᠢᠯᠡᠬᠦ ᠤᠬᠠᠭ᠋ᠠᠨ᠎ᠤ ᠰᠤᠷᠭ᠋ᠠᠨ ᠬᠥᠮᠦᠵᠢᠯ᠎ᠤᠨ ᠬᠡᠦᠬᠡᠳ ᠵᠠᠯᠠᠭᠤᠴᠤᠳ ᠪᠠᠭ᠋ᠠᠴᠤᠳ᠎ᠤᠨ ᠡᠷᠡᠭᠦᠯ ᠵᠶ᠋ᠠᠷ ᠥᠰᠦᠨ ᠪᠣᠶ᠋ᠢᠵᠢᠬᠤ᠂ ᠪᠦᠬᠦ ᠲᠠᠯ᠎ᠠ᠎ᠪᠠᠷ ᠬᠥᠭᠵᠢᠬᠦ᠎ᠳᠤ ᠦᠵᠡᠭᠦᠯᠬᠦ ᠴᠢᠬᠤᠯᠠ ᠶᠡᠬᠡ ᠠᠴᠢ ᠬᠣᠯᠪᠣᠭᠳᠠᠯ᠎ᠢ ᠭᠦᠨᠵᠡᠭᠡᠢ ᠣᠶ᠋ᠢᠯᠠᠭ᠋ᠠᠵᠤ᠂ 《ᠥᠪᠡᠷᠲᠡᠭᠡᠨ ᠵᠠᠰᠠᠬᠤ ᠣᠷᠣᠨ ᠨᠢᠭᠡᠳᠦᠯᠲᠡᠢ ᠲᠥᠯᠥᠪᠯᠡᠬᠦ᠂ ᠠᠶ᠋ᠢᠮᠠᠭ ᠬᠣᠲᠠ ᠵᠢᠯᠣᠭᠣᠳᠬᠤ᠂ ᠬᠣᠰᠢᠭᠤ ᠰᠢᠶᠠᠨ (ᠬᠣᠲᠠ᠂ ᠲᠣᠭᠣᠷᠢᠭ) ᠬᠡᠷᠡᠭᠵᠢᠭᠦᠯᠬᠦ》 ᠠᠵᠢᠯ᠎ᠤᠨ ᠲᠣᠭᠲᠠᠴᠠ ᠵᠢ ᠨᠠᠢ᠌ᠳᠠᠪᠤᠷᠢᠵᠢᠭᠤᠯᠵᠤ᠂ ᠲᠤᠰ ᠭᠠᠵᠠᠷ ᠣᠷᠣᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ᠎ᠤ ᠳᠡᠮᠵᠢᠯᠭᠡ ᠪᠠᠲᠤᠯᠠᠭ᠎ᠠ ᠵᠢ ᠰᠠᠨᠠᠭ᠋ᠠᠴᠢᠯᠠᠭ᠎ᠠ᠎ᠠᠴᠠ᠎ᠪᠠᠨ ᠣᠯᠵᠤ᠂ ᠵᠣᠬᠢᠶᠠᠨ ᠪᠠᠶ᠋ᠢᠭᠤᠯᠤᠯᠲᠠ ᠵᠢᠨ ᠤᠳᠤᠷᠢᠳᠤᠯᠭ᠎ᠠ ᠵᠢ ᠴᠢᠩᠭ᠋ᠠᠳᠬᠠᠵᠤ᠂ ᠪᠦᠬᠦ ᠲᠠᠯ᠎ᠠ᠎ᠪᠠᠷ ᠰᠢᠰᠲ᠋ᠧᠮ᠎ᠲᠠᠢ ᠪᠠᠢ᠌ᠷᠢᠯᠠᠭᠤᠯᠤᠨ᠂ ᠬᠠᠷᠢᠭᠤᠴᠠᠯᠭ᠎ᠠ ᠵᠢ ᠱᠠᠲᠤ ᠱᠠᠲᠤ᠎ᠪᠠᠷ ᠪᠣᠳᠠᠲᠠᠶ᠋ᠢᠵᠢᠭᠤᠯᠵᠤ᠂ ᠠᠷᠭ᠎ᠠ ᠬᠡᠮᠵᠢᠶ᠎ᠡ ᠵᠢ ᠨᠠᠷᠢᠯᠢᠬ᠍ᠵᠢᠭᠤᠯᠤᠨ ᠲᠡᠭᠦᠯᠳᠡᠷᠵᠢᠭᠦᠯᠵᠦ᠂ ᠠᠵᠢᠯ᠎ᠤᠨ ᠨᠠᠶ᠋ᠢᠳᠠᠪᠤᠷᠢᠵᠢᠭᠤᠯᠤᠯᠲᠠ ᠵᠢ ᠴᠢᠩᠭ᠎ᠠ ᠠᠳᠬᠤᠨ᠂ ᠰᠢᠨᠵᠢᠯᠡᠬᠦ ᠤᠬᠠᠭ᠋ᠠᠨ᠎ᠤ ᠰᠤᠷᠭ᠋ᠠᠨ ᠬᠥᠮᠦᠵᠢᠯ᠎ᠢ ᠪᠣᠳᠠᠲᠠᠢ᠌ᠵᠢᠭᠤᠯᠤᠨ ᠨᠠᠢ᠌ᠳᠠᠪᠤᠷᠢᠵᠢᠭᠤᠯᠵᠤ᠂ ᠦᠷ᠎ᠡ ᠪᠦᠲᠦᠮᠵᠢ ᠭᠠᠷᠭ᠋ᠠᠬᠤ ᠵᠢ ᠪᠠᠲᠤᠯᠠᠨ᠎ᠠ᠃ ᠡᠯ᠎ᠡ ᠳᠡᠭᠡᠳᠦ ᠰᠤᠷᠭ᠋ᠠᠭᠤᠯᠢ ᠰᠢᠨᠵᠢᠯᠡᠬᠦ ᠤᠬᠠᠭ᠋ᠠᠨ᠎ᠤ ᠰᠤᠷᠭ᠋ᠠᠨ ᠬᠥᠮᠦᠵᠢᠯ᠎ᠢ ᠠᠵᠤ ᠠᠬᠤᠢ ᠨᠡᠶ᠋ᠢᠭᠡᠮ᠎ᠤᠨ ᠬᠥᠭᠵᠢᠯᠲᠡ᠎ᠳᠤ ᠦᠢ᠍ᠯᠡᠴᠢᠯᠡᠬᠦ ᠨᠢᠭᠡ ᠵᠦᠢ᠍ᠯ᠎ᠤᠨ ᠴᠢᠬᠤᠯᠠ ᠠᠭᠤᠯᠭ᠎ᠠ ᠪᠣᠯᠭ᠋ᠠᠵᠤ᠂ ᠥᠪᠡᠷ᠎ᠤᠨ ᠰᠢᠨᠵᠢᠯᠡᠬᠦ ᠤᠬᠠᠭ᠋ᠠᠨ᠎ᠤ ᠰᠣᠳᠤᠯᠭ᠋ᠠᠨ᠎ᠤ ᠳᠠᠪᠠᠭᠤᠯᠢᠭ ᠪᠣᠯᠤᠨ ᠴᠢᠳᠠᠪᠤᠷᠢᠲᠠᠨ᠎ᠤ ᠳᠠᠪᠠᠭᠤᠯᠢᠭ᠎ᠢ ᠭᠦᠢ᠍ᠴᠡᠳ ᠠᠰᠢᠭᠯᠠᠨ᠂ ᠳᠤᠮᠳᠠᠳᠤ ᠪᠠᠭ᠎ᠠ ᠰᠤᠷᠭ᠋ᠠᠭᠤᠯᠢ ᠵᠢᠨ ᠰᠢᠨᠵᠢᠯᠡᠬᠦ ᠤᠬᠠᠭ᠋ᠠᠨ᠎ᠤ ᠰᠤᠷᠭ᠋ᠠᠨ ᠬᠥᠮᠦᠵᠢᠯ᠎ᠢ ᠢᠳᠡᠪᠬᠢᠲᠡᠢ ᠳᠡᠮᠵᠢᠨ ᠣᠷᠣᠯᠴᠠᠨ᠎ᠠ᠃
(ᠬᠣᠶᠠᠷ) ᠦᠢ᠍ᠯᠡᠴᠢᠯᠡᠭᠡᠨ᠎ᠤ ᠪᠠᠲᠤᠯᠠᠭ᠎ᠠ ᠵᠢ ᠨᠠᠶ᠋ᠢᠳᠠᠪᠤᠷᠢᠵᠢᠭᠤᠯᠤᠨ᠎ᠠ᠃ ᠡᠯ᠎ᠡ ᠭᠠᠵᠠᠷ᠂ ᠡᠯ᠎ᠡ ᠰᠠᠯᠠᠭ᠎ᠠ ᠮᠥᠴᠢᠷ᠎ᠤᠨ᠎ᠬᠢᠨ ᠡᠯ᠎ᠡ ᠲᠠᠯ᠎ᠠ ᠵᠢᠨ ᠪᠡᠯᠡ ᠮᠥᠩᠭᠥ ᠪᠠ ᠲᠥᠷᠥᠯ ᠵᠦᠢ᠍ᠯ᠎ᠢ ᠨᠢᠭᠡᠳᠦᠯᠲᠡᠢ ᠲᠥᠯᠥᠪᠯᠡᠨ᠂ ᠨᠡᠶ᠋ᠢᠭᠡᠮ᠎ᠤᠨ ᠪᠡᠯᠡ ᠮᠥᠩᠭᠥ ᠵᠢ ᠥᠷᠭᠡᠨ ᠵᠶ᠋ᠠᠷ ᠣᠯᠵᠤ᠂ ᠰᠢᠨᠵᠢᠯᠡᠬᠦ ᠤᠬᠠᠭ᠋ᠠᠨ ᠰᠤᠷᠭ᠋ᠠᠨ ᠬᠥᠮᠦᠵᠢᠯ᠎ᠢ ᠳᠡᠮᠵᠢᠬᠦ ᠡᠷᠴᠢᠮ᠎ᠢ ᠴᠢᠩᠭ᠋ᠠᠷᠠᠭᠤᠯᠤᠨ᠎ᠠ᠃ ᠰᠢᠨᠵᠢᠯᠡᠬᠦ ᠤᠬᠠᠭ᠋ᠠᠨ ᠰᠤᠷᠭ᠋ᠠᠨ ᠬᠥᠮᠦᠵᠢᠯ᠎ᠤᠨ ᠲᠥᠷᠥᠯ ᠵᠦᠢ᠍ᠯ ᠪᠠ ᠢᠯᠡ ᠡᠬᠢ ᠪᠠᠶᠠᠯᠢᠭ᠎ᠤᠨ ᠭᠣᠣᠯᠳᠠᠯᠭ᠎ᠠ ᠵᠢ ᠬᠥᠳᠡᠭᠡ ᠲᠣᠰᠬᠣᠨ᠎ᠤ ᠭᠠᠵᠠᠷ ᠣᠷᠣᠨ ᠵᠢᠴᠢ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠭᠣᠣᠯᠳᠠᠯᠭ᠎ᠠ᠎ᠲᠠᠢ ᠬᠠᠪᠰᠤᠷᠤᠨ ᠲᠡᠳᠬᠦᠬᠦ ᠰᠢᠶᠠᠨ ᠲᠡᠢ᠌ᠰᠢ ᠬᠡᠯᠪᠡᠶ᠋ᠢᠯᠭᠡᠵᠦ᠂ ᠪᠠᠭᠤᠷᠠᠢ ᠰᠤᠷᠭ᠋ᠠᠭᠤᠯᠢ ᠵᠢᠴᠢ ᠣᠨᠴᠠᠭ᠋ᠠᠢ ᠬᠡᠦᠬᠡᠳ᠎ᠤᠨ ᠬᠠᠮᠲᠤᠯᠢᠭ᠎ᠢ ᠬᠠᠯᠠᠮᠵᠢᠯᠠᠨ ᠬᠠᠪᠰᠤᠷᠴᠤ ᠵᠢᠯᠣᠭᠣᠳᠤᠨ᠎ᠠ᠃ ᠰᠤᠷᠭ᠋ᠠᠨ ᠬᠥᠮᠦᠵᠢᠯ ᠵᠶ᠋ᠠᠷ ᠰᠤᠷᠤᠯᠭ᠎ᠠ ᠵᠢ ᠲᠡᠳᠬᠦᠬᠦ᠂ ᠳᠤᠮᠳᠠᠳᠤ ᠪᠠᠭ᠎ᠠ ᠰᠤᠷᠭ᠋ᠠᠭᠤᠯᠢ ᠵᠢᠨ ᠰᠤᠷᠭ᠋ᠠᠭᠤᠯᠢ ᠵᠢᠨ ᠭᠠᠳᠠᠨᠠᠬᠢ ᠰᠤᠳᠤᠯᠤᠨ ᠰᠤᠷᠤᠯᠴᠠᠬᠤ ᠠᠵᠢᠯ᠎ᠢ ᠦᠨᠡᠨ ᠬᠦ᠌ ᠰᠠᠶ᠋ᠢᠲᠤᠷ ᠬᠢᠨ᠎ᠡ᠃ ᠡᠯ᠎ᠡ ᠡᠬᠢ ᠪᠠᠶᠠᠯᠢᠭ᠎ᠤᠨ ᠨᠢᠭᠡᠴᠢ ᠨᠡᠶ᠋ᠢᠲᠡ ᠵᠢᠨ ᠠᠰᠠᠷᠠᠮᠵᠢ ᠵᠢᠨ ᠣᠷᠣᠨ ᠪᠠᠶ᠋ᠢᠷᠢ ᠵᠢ ᠲᠣᠭᠲᠠᠭ᠋ᠠᠬᠤ ᠵᠢ ᠪᠠᠷᠢᠮᠲᠠᠯᠠᠵᠤ᠂ ᠳᠤᠮᠳᠠᠳᠤ ᠪᠠᠭ᠎ᠠ ᠰᠤᠷᠭ᠋ᠠᠭᠤᠯᠢ ᠵᠢᠨ ᠰᠤᠷᠤᠭᠴᠢᠳ᠎ᠠᠴᠠ ᠰᠦᠢ᠍ᠳᠬᠡᠯ ᠬᠤᠷᠢᠶᠠᠬᠤ ᠦᠭᠡᠢ ᠪᠤᠶᠤ ᠬᠠᠷᠠᠭ᠋ᠠᠯᠵᠠᠯ ᠦᠵᠡᠭᠦᠯᠦᠨ᠎ᠡ᠃
(ᠭᠤᠷᠪᠠ) ᠤᠬᠠᠭᠤᠯᠵᠤ ᠬᠥᠲᠥᠯᠥᠨ ᠵᠢᠯᠣᠭᠣᠳᠬᠤ ᠵᠢ ᠴᠢᠩᠭ᠋ᠠᠳᠬᠠᠨ᠎ᠠ᠃ ᠡᠯ᠎ᠡ ᠭᠠᠵᠠᠷ᠎ᠤᠨ᠎ᠬᠢᠨ ᠲᠧᠯᠸᠢᠰ᠂ ᠷᠠᠳᠢᠣ᠋ ᠨᠡᠪᠲᠡᠷᠡᠭᠦᠯᠭᠡ᠂ ᠰᠣᠨᠢᠨ ᠰᠡᠳᠬᠦᠯ ᠪᠣᠯᠤᠨ ᠰᠦᠯᠵᠢᠶ᠎ᠡ ᠵᠡᠷᠭᠡ ᠡᠯ᠎ᠡ ᠲᠥᠷᠥᠯ᠎ᠤᠨ ᠵᠠᠭᠤᠴᠢᠯᠠᠭᠤᠷ᠎ᠤᠨ ᠦᠢ᠍ᠯᠡᠳᠦᠯ᠎ᠢ ᠭᠦᠢ᠍ᠴᠡᠳ ᠪᠠᠳᠠᠷᠠᠭᠤᠯᠵᠤ᠂ ᠳᠤᠮᠳᠠᠳᠤ ᠪᠠᠭ᠎ᠠ ᠰᠤᠷᠭ᠋ᠠᠭᠤᠯᠢ ᠵᠢᠨ ᠰᠤᠷᠤᠭᠴᠢᠳ᠎ᠲᠤ ᠬᠠᠨᠳᠤᠭᠤᠯᠤᠨ ᠣᠯᠠᠨ ᠶᠠᠩᠵᠤ ᠬᠡᠯᠪᠡᠷᠢ ᠵᠢᠨ ᠰᠢᠨᠵᠢᠯᠡᠬᠦ ᠤᠬᠠᠭ᠋ᠠᠨ᠎ᠤ ᠰᠤᠷᠭ᠋ᠠᠨ ᠬᠥᠮᠦᠵᠢᠯ᠎ᠤᠨ ᠲᠤᠰᠬᠠᠢ ᠪᠤᠯᠤᠩ ᠭᠠᠷᠭ᠋ᠠᠵᠤ᠂ ᠰᠢᠨᠵᠢᠯᠡᠬᠦ ᠤᠬᠠᠭ᠋ᠠᠨ᠎ᠤ ᠰᠤᠷᠭ᠋ᠠᠨ ᠬᠥᠮᠦᠵᠢᠯ᠎ᠢ ᠤᠬᠠᠭᠤᠯᠵᠤ ᠬᠥᠲᠥᠯᠥᠨ ᠵᠢᠯᠣᠭᠣᠳᠬᠤ ᠡᠷᠴᠢᠮ ᠵᠶ᠋ᠠᠨ ᠴᠢᠩᠭ᠋ᠠᠷᠠᠭᠤᠯᠵᠤ᠂ ᠰᠢᠨᠵᠢᠯᠡᠬᠦ ᠤᠬᠠᠭ᠋ᠠᠨ᠎ᠤ ᠵᠣᠷᠢᠭ ᠰᠠᠨᠠᠭ᠎ᠠ ᠪᠣᠯᠤᠨ ᠰᠢᠨᠵᠢᠯᠡᠬᠦ ᠤᠬᠠᠭ᠋ᠠᠨᠲᠠᠨ᠎ᠤ ᠵᠣᠷᠢᠭ ᠰᠠᠨᠠᠭ᠎ᠠ ᠵᠢ ᠶᠡᠬᠡ᠎ᠪᠠᠷ ᠪᠠᠳᠠᠷᠠᠭᠤᠯᠵᠤ᠂ ᠳᠤᠮᠳᠠᠳᠤ ᠪᠠᠭ᠎ᠠ ᠰᠤᠷᠭ᠋ᠠᠭᠤᠯᠢ ᠵᠢᠨ ᠰᠤᠷᠤᠭᠴᠢᠳ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ ᠵᠶ᠋ᠠᠷ ᠤᠯᠤᠰ᠎ᠲᠤ᠎ᠪᠠᠨ ᠵᠢᠳᠬᠦᠬᠦ ᠠᠯᠤᠰ ᠬᠡᠳᠦ ᠵᠢᠨ ᠬᠦᠰᠡᠯ ᠵᠣᠷᠢᠯᠲᠠ᠎ᠲᠠᠢ ᠪᠣᠯᠬᠤ ᠵᠢ ᠵᠣᠷᠢᠭᠵᠢᠭᠤᠯᠤᠨ᠎ᠠ᠃ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠤᠷᠭ᠋ᠠᠨ ᠬᠥᠮᠦᠵᠢᠯ᠎ᠢ 《ᠬᠣᠶᠠᠷ᠎ᠢ ᠬᠥᠩᠭᠡᠷᠡᠭᠦᠯᠬᠦ》 ᠤᠬᠠᠭᠤᠯᠭ᠎ᠠ ᠵᠢᠨ ᠠᠵᠢᠯ᠎ᠤᠨ ᠵᠢᠭᠰᠠᠭ᠋ᠠᠯ᠎ᠤᠨ ᠭᠠᠵᠠᠷ᠎ᠤᠨ ᠭᠣᠣᠯᠳᠠᠯᠭ᠎ᠠ᠎ᠲᠠᠢ ᠡᠭᠦᠷᠭᠡ᠎ᠳᠤ ᠣᠷᠣᠭᠤᠯᠤᠨ᠂ ᠣᠷᠣᠨ᠎ᠤ ᠳᠣᠲᠣᠷᠠᠬᠢ ᠭᠣᠣᠯ ᠵᠠᠭᠤᠴᠢᠯᠠᠭᠤᠷ᠎ᠤᠨ᠎ᠬᠢᠨ ᠡᠯ᠎ᠡ ᠱᠠᠲᠤᠨ᠎ᠤ ᠡᠯ᠎ᠡ ᠲᠥᠷᠥᠯ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠪᠠᠶ᠋ᠢᠭᠤᠯᠤᠮᠵᠢ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠥᠷᠥᠯ᠎ᠤᠨ ᠨᠡᠶ᠋ᠢᠭᠡᠮ᠎ᠤᠨ ᠵᠣᠬᠢᠶᠠᠨ ᠪᠠᠶ᠋ᠢᠭᠤᠯᠤᠯᠲᠠ᠎ᠯᠤᠭ᠎ᠠ ᠬᠠᠮᠲᠤᠷᠠᠯᠴᠠᠬᠤ ᠵᠢ ᠵᠣᠷᠢᠭᠵᠢᠭᠤᠯᠵᠤ᠂ ᠠᠩᠬᠠᠨ᠎ᠤ ᠡᠭᠦᠳᠦᠯᠲᠡ ᠵᠢᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠪᠦᠲᠦᠭᠡᠯ᠎ᠢ ᠵᠣᠬᠢᠶᠠᠨ ᠪᠦᠲᠦᠭᠡᠬᠦ ᠵᠢ ᠴᠢᠩᠭ᠋ᠠᠳᠬᠠᠨ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ ᠤᠨ ᠰᠤᠷᠭ᠋ᠠᠨ ᠬᠥᠮᠦᠵᠢᠯ᠎ᠢ ᠤᠯᠠᠮᠵᠢᠯᠠᠨ ᠰᠢᠨ᠎ᠡ ᠵᠢ ᠡᠭᠦᠳᠬᠦ ᠵᠢ ᠠᠬᠢᠭᠤᠯᠵᠤ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠤᠷᠭ᠋ᠠᠨ ᠬᠥᠮᠦᠵᠢᠯ᠎ᠢ ᠴᠢᠬᠤᠯᠠᠴᠢᠯᠠᠨ ᠳᠡᠮᠵᠢᠬᠦ ᠭᠦᠨ ᠵᠤᠵᠠᠭ᠋ᠠᠨ ᠠᠭᠤᠷ ᠠᠮᠢᠰᠬᠤᠯ᠎ᠢ ᠪᠤᠢ ᠪᠣᠯᠭ᠋ᠠᠨ᠎ᠠ᠃