ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠤᠷᠭᠠᠨ ᠬᠦᠮᠦᠵᠢᠯ᠎ᠤᠨ ᠬᠠᠨᠲᠤᠯᠭ᠎ᠠ
ᠰᠣᠨᠤᠷ᠎ᠤᠨ ᠲᠠᠪᠴᠠᠩ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠢᠯᠡ ᠵᠠᠰᠠᠭ   -   ᠪᠢᠴᠢᠭ ᠮᠠᠲ᠋ᠧᠷᠢᠶᠠᠯ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠳᠤᠮᠳᠠᠳᠤ ᠪᠠᠭ᠎ᠠ ᠰᠤᠷᠭ᠋ᠠᠭᠤᠯᠢ ᠵᠢᠨ ᠣᠷᠣᠨ ᠨᠤᠲᠤᠭ᠎ᠤᠨ ᠬᠢᠴᠢᠶᠡᠯ᠎ᠤᠨ ᠵᠢᠭ᠋ᠠᠬᠤ ᠮᠠᠲ᠋ᠧᠷᠢᠶᠠᠯ᠎ᠢ ᠰᠢᠯᠭ᠋ᠠᠷᠠᠭᠤᠯᠬᠤ ᠠᠵᠢᠯ᠎ᠢ ᠥᠷᠨᠢᠭᠦᠯᠬᠦ ᠲᠤᠬᠠᠢ ᠠᠯᠪᠠᠨ ᠵᠠᠷᠯᠠᠯ
ᠨᠡᠶ᠋ᠢᠲᠡᠯᠡᠭᠰᠡᠨ ᠴᠠᠭ᠄ 2024-08-01

      ᠰᠤᠷᠭ᠋ᠠᠨ ᠬᠥᠮᠦᠵᠢᠯ᠎ᠤᠨ ᠶᠠᠮᠤᠨ᠎ᠤ 《ᠳᠤᠮᠳᠠᠳᠤ ᠪᠠᠭ᠎ᠠ ᠰᠤᠷᠭ᠋ᠠᠭᠤᠯᠢ ᠵᠢᠨ ᠵᠢᠭ᠋ᠠᠬᠤ ᠮᠠᠲ᠋ᠧᠷᠢᠶᠠᠯ᠎ᠤᠨ ᠬᠠᠮᠢᠶᠠᠷᠤᠯᠲᠠ ᠵᠢᠨ ᠠᠷᠭ᠎ᠠ》 ᠵᠢᠨ ᠬᠠᠮᠢᠶ᠎ᠠ ᠪᠦᠬᠦᠢ ᠱᠠᠭ᠋ᠠᠷᠳᠠᠯᠭ᠎ᠠ ᠵᠢ ᠦᠨᠳᠦᠰᠦᠯᠡᠨ᠂ ᠮᠠᠨ᠎ᠤ ᠣᠷᠣᠨ᠎ᠤ ᠳᠤᠮᠳᠠᠳᠤ ᠪᠠᠭ᠎ᠠ ᠰᠤᠷᠭ᠋ᠠᠭᠤᠯᠢ ᠵᠢᠨ ᠣᠷᠣᠨ ᠨᠤᠲᠤᠭ᠎ᠤᠨ ᠬᠢᠴᠢᠶᠡᠯ᠎ᠤᠨ ᠵᠢᠭ᠋ᠠᠬᠤ ᠮᠠᠲ᠋ᠧᠷᠢᠶᠠᠯ᠎ᠤᠨ ᠬᠠᠮᠢᠶᠠᠷᠤᠯᠲᠠ ᠵᠢ ᠤᠯᠠᠮ ᠨᠢᠭᠡ ᠠᠯᠬᠤᠮ ᠴᠢᠩᠭ᠋ᠠᠳᠬᠠᠬᠤ ᠵᠢᠨ ᠲᠥᠯᠦᠭᠡ᠂ ᠰᠤᠳᠤᠯᠤᠨ ᠲᠣᠭᠲᠠᠭ᠋ᠠᠬᠤ᠎ᠪᠠᠷ ᠳᠠᠮᠵᠢᠨ᠂ ᠮᠠᠨ᠎ᠤ ᠣᠷᠣᠨ᠎ᠤ ᠣᠷᠣᠨ ᠨᠤᠲᠤᠭ᠎ᠤᠨ ᠬᠢᠴᠢᠶᠡᠯ᠎ᠤᠨ ᠵᠢᠭ᠋ᠠᠬᠤ ᠮᠠᠲ᠋ᠧᠷᠢᠶᠠᠯ᠎ᠢ ᠰᠢᠯᠭ᠋ᠠᠷᠠᠭᠤᠯᠬᠤ ᠠᠵᠢᠯ᠎ᠢ ᠵᠣᠬᠢᠶᠠᠨ ᠪᠠᠶ᠋ᠢᠭᠤᠯᠤᠨ ᠥᠷᠨᠢᠭᠦᠯᠪᠡ᠃
      ᠨᠢᠭᠡ᠂ ᠰᠢᠯᠭ᠋ᠠᠷᠠᠭᠤᠯᠬᠤ ᠵᠠᠷᠴᠢᠮ
      (ᠨᠢᠭᠡ) ᠲᠥᠪ ᠭᠣᠣᠯᠴᠢ ᠵᠠᠷᠴᠢᠮ᠃ ᠲᠥᠪ ᠭᠣᠣᠯᠴᠢ᠂ ᠡᠷᠬᠡ ᠲᠡᠭᠰᠢ᠂ ᠢᠯᠡ ᠨᠡᠢ᠌ᠲᠡᠯᠡᠬᠦ ᠵᠠᠷᠴᠢᠮ᠎ᠤᠨ ᠶᠣᠰᠣᠭ᠋ᠠᠷ ᠰᠣᠩᠭᠣᠨ ᠬᠡᠷᠡᠭᠯᠡᠬᠦ ᠳᠡᠰ ᠳᠠᠷᠠᠭ᠋ᠠᠯᠠᠯ᠎ᠢ ᠴᠢᠩᠭ᠎ᠠ ᠵᠢᠷᠤᠮᠵᠢᠭᠤᠯᠤᠨ᠂ ᠰᠣᠩᠭᠣᠨ ᠬᠡᠷᠡᠭᠯᠡᠬᠦ ᠲᠣᠭᠲᠠᠭ᠋ᠠᠯ᠎ᠢ ᠴᠢᠩᠭ᠎ᠠ ᠬᠡᠷᠡᠭᠵᠢᠭᠦᠯᠵᠦ᠂ ᠰᠢᠯᠭ᠋ᠠᠷᠠᠭᠤᠯᠤᠭᠰᠠᠨ ᠦᠷ᠎ᠡ ᠳ᠋ᠦᠩ᠎ᠢ ᠴᠠᠭ ᠲᠤᠬᠠᠢ᠎ᠳᠤ᠎ᠨᠢ ᠨᠡᠶ᠋ᠢᠭᠡᠮ᠎ᠳᠤ ᠨᠡᠢ᠌ᠲᠡᠯᠡᠨ᠎ᠡ᠃
      (ᠬᠣᠶᠠᠷ) ᠰᠢᠨᠵᠢᠯᠡᠬᠦ ᠤᠬᠠᠭ᠋ᠠᠨᠴᠢ ᠵᠠᠷᠴᠢᠮ᠃ ᠳᠤᠮᠳᠠᠳᠤ ᠪᠠᠭ᠎ᠠ ᠰᠤᠷᠭ᠋ᠠᠭᠤᠯᠢ ᠵᠢᠨ ᠣᠷᠣᠨ ᠨᠤᠲᠤᠭ᠎ᠤᠨ ᠬᠢᠴᠢᠶᠡᠯ᠎ᠤᠨ ᠵᠢᠭ᠋ᠠᠬᠤ ᠮᠠᠲ᠋ᠧᠷᠢᠶᠠᠯ᠎ᠢ ᠰᠣᠩᠭᠣᠨ ᠬᠡᠷᠡᠭᠯᠡᠬᠦ ᠶᠠᠪᠤᠴᠠ᠂ ᠰᠣᠩᠭᠣᠨ ᠬᠡᠷᠡᠭᠯᠡᠬᠦ ᠠᠷᠭ᠎ᠠ ᠰᠢᠨᠵᠢᠯᠡᠬᠦ ᠤᠬᠠᠭ᠋ᠠᠨᠴᠢ᠂ ᠵᠢᠷᠤᠮᠵᠢᠯ᠎ᠲᠠᠢ᠂ ᠨᠢᠭᠲᠠ ᠴᠢᠩᠭ᠎ᠠ ᠪᠠᠶ᠋ᠢᠵᠤ᠂ ᠡᠯ᠎ᠡ ᠰᠤᠷᠤᠯᠭ᠎ᠠ ᠵᠢᠨ ᠱᠠᠲᠤ ᠡᠯ᠎ᠡ ᠬᠢᠴᠢᠶᠡᠯ ᠲᠥᠷᠥᠯ᠎ᠤᠨ ᠣᠷᠣᠨ ᠨᠤᠲᠤᠭ᠎ᠤᠨ ᠬᠢᠴᠢᠶᠡᠯ᠎ᠤᠨ ᠵᠢᠭ᠋ᠠᠬᠤ ᠮᠠᠲ᠋ᠧᠷᠢᠶᠠᠯ᠎ᠢ ᠰᠣᠩᠭᠣᠨ ᠬᠡᠷᠡᠭᠯᠡᠬᠦ᠎ᠳᠤ ᠲᠣᠬᠢᠷᠠᠭᠤᠯᠤᠨ᠎ᠠ᠃
      (ᠭᠤᠷᠪᠠ) ᠵᠣᠬᠢᠴᠠᠬᠤ ᠴᠢᠨᠠᠷᠲᠠᠢ ᠵᠠᠷᠴᠢᠮ᠃ ᠣᠷᠣᠨ ᠨᠤᠲᠤᠭ᠎ᠤᠨ ᠬᠢᠴᠢᠶᠡᠯ᠎ᠤᠨ ᠵᠢᠭ᠋ᠠᠬᠤ ᠮᠠᠲ᠋ᠧᠷᠢᠶᠠᠯ᠎ᠢ ᠰᠣᠩᠭᠣᠨ ᠬᠡᠷᠡᠭᠯᠡᠬᠦ᠎ᠳᠤ᠎ᠪᠠᠨ ᠮᠠᠨ᠎ᠤ ᠣᠷᠣᠨ᠎ᠤ ᠳᠤᠮᠳᠠᠳᠤ ᠪᠠᠭ᠎ᠠ ᠰᠤᠷᠭ᠋ᠠᠭᠤᠯᠢ ᠵᠢᠨ ᠰᠤᠷᠭ᠋ᠠᠨ ᠬᠥᠮᠦᠵᠢᠯ ᠵᠢᠭ᠋ᠠᠨ ᠰᠤᠷᠭ᠋ᠠᠯᠲᠠ ᠵᠢᠨ ᠪᠣᠳᠠᠲᠤ ᠪᠠᠶ᠋ᠢᠳᠠᠯ᠎ᠳᠤ ᠨᠡᠢ᠌ᠴᠡᠭᠦᠯᠵᠦ᠂ ᠵᠢᠭ᠋ᠠᠬᠤ ᠮᠠᠲ᠋ᠧᠷᠢᠶᠠᠯ᠎ᠤᠨ ᠠᠭᠤᠯᠭ᠎ᠠ᠎ᠨᠢ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ᠎ᠪᠠᠷ ᠭᠣᠣᠯ ᠰᠢᠵᠢᠮ ᠪᠣᠯᠭ᠋ᠠᠨ᠂ ᠶᠡᠷᠦᠩᠬᠡᠢ ᠱᠦᠵᠢ ᠰᠢ ᠵᠢᠨ ᠫᠢᠩ᠎ᠤᠨ ᠥᠪᠥᠷ ᠮᠣᠩᠭᠣᠯ᠎ᠤᠨ ᠲᠤᠬᠠᠢ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠪᠦᠬᠦ ᠲᠠᠯ᠎ᠠ᠎ᠪᠠᠷ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠣᠷᠣᠨ ᠨᠤᠲᠤᠭ᠎ᠤᠨ ᠬᠢᠴᠢᠶᠡᠯ᠎ᠤᠨ ᠵᠢᠭ᠋ᠠᠬᠤ ᠮᠠᠲ᠋ᠧᠷᠢᠶᠠᠯ᠎ᠤᠨ ᠬᠥᠮᠦᠨ ᠬᠥᠮᠦᠵᠢᠭᠦᠯᠬᠦ ᠴᠢᠳᠠᠮᠵᠢ ᠵᠢ ᠭᠦᠢ᠍ᠴᠡᠳ ᠪᠠᠳᠠᠷᠠᠭᠤᠯᠤᠨ᠎ᠠ᠃
      ᠬᠣᠶᠠᠷ᠂ ᠰᠢᠯᠭ᠋ᠠᠷᠠᠭᠤᠯᠬᠤ ᠵᠢᠭ᠋ᠠᠬᠤ ᠮᠠᠲ᠋ᠧᠷᠢᠶᠠᠯ᠎ᠤᠨ ᠲᠥᠷᠥᠯ ᠵᠦᠢ᠍ᠯ
      1. ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠤᠨ ᠱᠠᠲᠤᠨ᠎ᠤ 《ᠠᠮᠢ ᠨᠠᠰᠤᠨ᠎ᠤ ᠠᠮᠤᠷ ᠲᠦᠪᠰᠢᠨ ᠪᠠ ᠡᠷᠡᠭᠦᠯ ᠮᠡᠨᠳᠦ ᠵᠢᠨ ᠬᠥᠮᠦᠵᠢᠯ》 ᠭᠡᠬᠦ ᠵᠢᠭ᠋ᠠᠬᠤ ᠮᠠᠲ᠋ᠧᠷᠢᠶᠠᠯ;
      2. ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠤᠨ ᠱᠠᠲᠤᠨ᠎ᠤ 《ᠳᠤᠮᠳᠠᠳᠤ ᠵᠢᠨ ᠰᠢᠯᠢᠳᠡᠭ ᠤᠯᠠᠮᠵᠢᠯᠠᠯᠲᠤ ᠰᠣᠶᠣᠯ》 ᠭᠡᠬᠦ ᠵᠢᠭ᠋ᠠᠬᠤ ᠮᠠᠲ᠋ᠧᠷᠢᠶᠠᠯ;
      3. ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠤᠨ ᠱᠠᠲᠤᠨ᠎ᠤ 《ᠶᠡᠷᠦᠩᠬᠡᠶ᠋ᠢᠯᠡᠭᠰᠡᠨ ᠦᠢ᠍ᠯᠡᠳᠦᠯᠭᠡ ᠵᠢᠨ ᠠᠵᠢᠯᠯᠠᠭ᠎ᠠ》 ᠭᠡᠬᠦ ᠵᠢᠭ᠋ᠠᠬᠤ ᠮᠠᠲ᠋ᠧᠷᠢᠶᠠᠯ;
      4. ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠤᠨ ᠱᠠᠲᠤᠨ᠎ᠤ 《ᠬᠥᠳᠡᠯᠮᠦᠷᠢ ᠵᠢᠨ ᠬᠥᠮᠦᠵᠢᠯ᠎ᠤᠨ ᠦᠢ᠍ᠯᠡᠳᠦᠯᠭᠡ ᠵᠢᠨ ᠠᠵᠢᠯᠯᠠᠭ᠎ᠠ》 ᠭᠡᠬᠦ ᠵᠢᠭ᠋ᠠᠬᠤ ᠮᠠᠲ᠋ᠧᠷᠢᠶᠠᠯ;
      5. ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠤᠨ ᠱᠠᠲᠤᠨ᠎ᠤ 《ᠤᠷᠠᠨ ᠪᠢᠴᠢᠯᠭᠡ》 ᠭᠡᠬᠦ ᠵᠢᠭ᠋ᠠᠬᠤ ᠮᠠᠲ᠋ᠧᠷᠢᠶᠠᠯ᠃
      ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠤᠨ ᠱᠠᠲᠤᠨ᠎ᠤ ᠣᠷᠣᠨ ᠨᠤᠲᠤᠭ᠎ᠤᠨ ᠬᠢᠴᠢᠶᠡᠯ᠎ᠤᠨ ᠵᠢᠭ᠋ᠠᠬᠤ ᠮᠠᠲ᠋ᠧᠷᠢᠶᠠᠯ 2025 ᠣᠨ᠎ᠤ ᠨᠠᠮᠤᠷ᠎ᠤᠨ ᠤᠯᠠᠷᠢᠯ᠎ᠤᠨ ᠰᠤᠷᠤᠯᠭ᠎ᠠ ᠵᠢᠨ ᠬᠤᠭᠤᠴᠠᠭ᠎ᠠ᠎ᠠᠴᠠ ᠡᠬᠢᠯᠡᠨ ᠰᠢᠨ᠎ᠡ ᠬᠡᠪᠯᠡᠯ᠎ᠤᠨ ᠵᠢᠭ᠋ᠠᠬᠤ ᠮᠠᠲ᠋ᠧᠷᠢᠶᠠᠯ᠎ᠢ ᠰᠣᠩᠭᠣᠨ ᠬᠡᠷᠡᠭᠯᠡᠨ᠎ᠡ᠃
      ᠭᠤᠷᠪᠠ᠂ ᠦᠨᠡᠯᠡᠭᠦᠯᠬᠦ  ᠨᠢᠭᠡᠴᠢ ᠵᠢᠨ ᠬᠢᠷᠢ ᠬᠡᠮ ᠵᠢᠴᠢ ᠱᠠᠭ᠋ᠠᠷᠳᠠᠯᠭ᠎ᠠ
      (ᠨᠢᠭᠡ) ᠬᠡᠪᠯᠡᠭᠦᠯᠬᠦ ᠨᠢᠭᠡᠴᠢ ᠡᠷᠬᠡᠪᠰᠢ 《ᠪᠦᠭᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠨᠣᠮ ᠬᠡᠪᠯᠡᠭᠦᠯᠬᠦ ᠵᠥᠪᠰᠢᠶᠡᠷᠡᠯ᠎ᠤᠨ ᠦᠨᠡᠮᠯᠡᠯ》᠎ᠢ  ᠣᠯᠵᠤ᠂ ᠬᠡᠪᠯᠡᠭᠦᠯᠦᠭᠰᠡᠨ ᠵᠢᠭ᠋ᠠᠬᠤ ᠮᠠᠲ᠋ᠧᠷᠢᠶᠠᠯ᠎ᠢ ᠡᠷᠬᠡᠪᠰᠢ ᠲᠤᠰ ᠨᠢᠭᠡᠴᠢ ᠵᠢᠨ ᠬᠠᠤᠯᠢ ᠶᠣᠰᠣᠭ᠋ᠠᠷ ᠵᠦᠪᠰᠢᠶᠡᠷᠡᠭᠦᠯᠦᠭᠰᠡᠨ ᠬᠡᠪᠯᠡᠯ᠎ᠤᠨ ᠲᠤᠬᠠᠶ᠋ᠢᠯᠠᠭᠰᠠᠨ ᠠᠵᠢᠯ᠎ᠤᠨ ᠬᠡᠪᠴᠢᠶᠡᠨ᠎ᠳᠤ ᠬᠡᠷᠡᠭᠯᠡᠨ᠎ᠡ᠃
      (ᠬᠣᠶᠠᠷ) ᠦᠨᠡᠯᠡᠭᠦᠯᠬᠦ ᠵᠢᠭ᠋ᠠᠬᠤ ᠮᠠᠲ᠋ᠧᠷᠢᠶᠠᠯ᠎ᠨᠢ ᠰᠤᠷᠭ᠋ᠠᠨ ᠬᠥᠮᠦᠵᠢᠯ᠎ᠤᠨ ᠶᠠᠮᠤᠨ᠎ᠤ 《ᠠᠮᠢ ᠨᠠᠰᠤᠨ᠎ᠤ ᠠᠮᠤᠷ ᠲᠦᠪᠰᠢᠨ ᠪᠠ ᠡᠷᠡᠭᠦᠯ ᠮᠡᠨᠳᠦ ᠵᠢᠨ ᠬᠥᠮᠦᠵᠢᠯ᠎ᠢ ᠳᠤᠮᠳᠠᠳᠤ ᠪᠠᠭ᠎ᠠ ᠰᠤᠷᠭ᠋ᠠᠭᠤᠯᠢ ᠵᠢᠨ ᠬᠢᠴᠢᠶᠡᠯ᠎ᠤᠨ ᠵᠢᠭ᠋ᠠᠬᠤ ᠮᠠᠲ᠋ᠧᠷᠢᠶᠠᠯ᠎ᠲᠤ ᠣᠷᠣᠭᠤᠯᠬᠤ ᠵᠦᠭᠯᠡᠭᠦᠷ》᠂ 《ᠳᠤᠮᠳᠠᠳᠤ ᠵᠢᠨ ᠰᠢᠯᠢᠳᠡᠭ ᠤᠯᠠᠮᠵᠢᠯᠠᠯᠲᠤ ᠰᠣᠶᠣᠯ᠎ᠢ ᠳᠤᠮᠳᠠᠳᠤ ᠪᠠᠭ᠎ᠠ ᠰᠤᠷᠭ᠋ᠠᠭᠤᠯᠢ ᠵᠢᠨ ᠬᠢᠴᠢᠶᠡᠯ᠎ᠤᠨ ᠵᠢᠭ᠋ᠠᠬᠤ ᠮᠠᠲ᠋ᠧᠷᠢᠶᠠᠯ᠎ᠲᠤ ᠣᠷᠣᠭᠤᠯᠬᠤ ᠵᠦᠭᠯᠡᠭᠦᠷ》᠂ 《ᠳᠤᠮᠳᠠᠳᠤ ᠪᠠᠭ᠎ᠠ ᠰᠤᠷᠭ᠋ᠠᠭᠤᠯᠢ ᠵᠢᠨ ᠶᠡᠷᠦᠩᠬᠡᠶ᠋ᠢᠯᠡᠭᠰᠡᠨ ᠦᠢ᠍ᠯᠡᠳᠦᠯᠭᠡ ᠵᠢᠨ ᠠᠵᠢᠯᠯᠠᠭ᠋ᠠᠨ᠎ᠤ ᠬᠢᠴᠢᠶᠡᠯ᠎ᠤᠨ ᠵᠢᠯᠣᠭᠣᠳᠬᠤ         ᠬᠥᠲᠥᠯᠪᠦᠷᠢ》᠂ 《ᠶᠡᠬᠡ ᠳᠡᠭᠡᠳᠦ ᠰᠤᠷᠭ᠋ᠠᠭᠤᠯᠢ᠂ ᠳᠤᠮᠳᠠᠳᠤ ᠪᠠᠭ᠎ᠠ ᠰᠤᠷᠭ᠋ᠠᠭᠤᠯᠢ ᠵᠢᠨ ᠬᠥᠳᠡᠯᠮᠦᠷᠢ ᠵᠢᠨ ᠬᠥᠮᠦᠵᠢᠯ᠎ᠢ ᠵᠢᠯᠣᠭᠣᠳᠬᠤ ᠬᠥᠲᠥᠯᠪᠦᠷᠢ (ᠲᠤᠷᠰᠢᠨ ᠬᠡᠷᠡᠭᠵᠢᠭᠦᠯᠬᠦ)》᠂ 《ᠳᠤᠮᠳᠠᠳᠤ ᠪᠠᠭ᠎ᠠ ᠰᠤᠷᠭ᠋ᠠᠭᠤᠯᠢ ᠵᠢᠨ ᠤᠷᠠᠨ ᠪᠢᠴᠢᠯᠭᠡ ᠵᠢᠨ ᠰᠤᠷᠭ᠋ᠠᠨ ᠬᠥᠮᠦᠵᠢᠯ᠎ᠢ ᠵᠢᠯᠣᠭᠣᠳᠬᠤ ᠬᠥᠲᠥᠯᠪᠦᠷᠢ》 ᠵᠡᠷᠭᠡ ᠵᠦᠭᠯᠡᠭᠦᠷ ᠪᠠ ᠬᠥᠲᠥᠯᠪᠦᠷᠢ ᠵᠢᠴᠢ ᠬᠣᠯᠪᠣᠭᠳᠠᠯ ᠪᠦᠬᠦᠢ ᠬᠢᠴᠢᠶᠡᠯ᠎ᠤᠨ ᠪᠠᠷᠢᠮᠵᠢᠶᠠᠨ᠎ᠤ ᠲᠣᠭᠲᠠᠭ᠋ᠠᠯ ᠪᠠ ᠱᠠᠭ᠋ᠠᠷᠳᠠᠯᠭ᠎ᠠ᠎ᠪᠠᠷ ᠨᠠᠶ᠋ᠢᠷᠠᠭᠤᠯᠤᠨ ᠪᠢᠴᠢᠨ᠎ᠡ᠃
      (ᠭᠤᠷᠪᠠ) ᠦᠨᠡᠯᠡᠭᠦᠯᠬᠦ ᠵᠢᠭ᠋ᠠᠬᠤ ᠮᠠᠲ᠋ᠧᠷᠢᠶᠠᠯ᠎ᠤᠨ ᠠᠭᠤᠯᠭ᠎ᠠ᠎ᠳᠤ ᠪᠤᠰᠤᠳ᠎ᠤᠨ ᠵᠣᠬᠢᠶᠠᠯ ᠪᠦᠲᠦᠭᠡᠯ᠎ᠤᠨ ᠡᠷᠬᠡ ᠵᠢ ᠬᠡᠷᠡᠭᠯᠡᠭᠰᠡᠨ ᠪᠣᠯ᠂ ᠬᠠᠤᠯᠢ ᠶᠣᠰᠣᠭ᠋ᠠᠷ  ᠵᠣᠬᠢᠶᠠᠯ ᠪᠦᠲᠦᠭᠡᠯ᠎ᠤᠨ ᠡᠷᠬᠡᠲᠦ ᠬᠥᠮᠦᠨ᠎ᠤ ᠡᠷᠬᠡ ᠵᠢ ᠣᠯᠤᠨ᠎ᠠ᠃
      (ᠳᠥᠷᠪᠡ) ᠡᠷᠬᠢᠯᠡᠨ ᠨᠠᠢ᠌ᠷᠠᠭᠤᠯᠤᠭᠴᠢ ᠵᠢᠨ ᠬᠠᠷᠢᠭᠤᠴᠠᠯᠭ᠎ᠠ ᠵᠢᠨ ᠳᠦᠷᠢᠮ᠎ᠢ ᠬᠡᠷᠡᠭᠵᠢᠭᠦᠯᠵᠦ᠂ ᠨᠢᠭᠡᠴᠢ᠎ᠠᠴᠠ ᠵᠣᠬᠢᠶᠠᠨ ᠪᠠᠢ᠌ᠭᠤᠯᠤᠨ ᠨᠠᠶ᠋ᠢᠷᠠᠭᠤᠯᠤᠨ ᠪᠢᠴᠢᠬᠦ᠎ᠳᠤ ᠡᠷᠬᠡᠪᠰᠢ ᠡᠷᠬᠢᠯᠡᠨ ᠨᠠᠶ᠋ᠢᠷᠠᠭᠤᠯᠤᠭᠴᠢ ᠵᠢ ᠲᠣᠳᠤᠷᠬᠠᠢ᠌ᠯᠠᠵᠤ᠂ ᠨᠠᠶ᠋ᠢᠷᠠᠭᠤᠯᠤᠨ ᠪᠢᠴᠢᠬᠦ ᠳᠤᠭᠤᠢ᠌ᠯᠠᠩ᠎ᠤᠨ ᠬᠡᠯᠪᠡᠷᠢᠯ ᠭᠠᠷᠭ᠋ᠠᠵᠤ ᠪᠣᠯᠬᠤ ᠦᠭᠡᠢ᠃
      (ᠲᠠᠪᠤ) ᠨᠠᠢ᠌ᠷᠠᠭᠤᠯᠤᠨ ᠪᠢᠴᠢᠬᠦ ᠬᠥᠮᠦᠰ ᠡᠷᠬᠡᠪᠰᠢ ᠰᠤᠷᠭ᠋ᠠᠨ ᠬᠥᠮᠦᠵᠢᠯ᠎ᠤᠨ ᠶᠠᠮᠤᠨ᠎ᠤ 《ᠳᠤᠮᠳᠠᠳᠤ ᠪᠠᠭ᠎ᠠ ᠰᠤᠷᠭ᠋ᠠᠭᠤᠯᠢ ᠵᠢᠨ ᠵᠢᠭ᠋ᠠᠬᠤ ᠮᠠᠲ᠋ᠧᠷᠢᠶᠠᠯ᠎ᠤᠨ ᠬᠠᠮᠢᠶᠠᠷᠤᠯᠲᠠ ᠵᠢᠨ ᠠᠷᠭ᠎ᠠ》᠎ᠳᠤ ᠲᠣᠭᠲᠠᠭ᠋ᠠᠭᠰᠠᠨ ᠨᠥᠬᠥᠴᠡᠯ᠎ᠤᠨ ᠱᠠᠭ᠋ᠠᠷᠳᠠᠯᠭ᠎ᠠ᠎ᠳᠤ ᠨᠡᠶ᠋ᠢᠴᠡᠭᠰᠡᠨ ᠪᠠᠶ᠋ᠢᠬᠤ ᠬᠡᠷᠡᠭᠲᠡᠢ᠃
      (ᠵᠢᠷᠭᠤᠭ᠎ᠠ) ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠤᠨ ᠱᠠᠲᠤᠨ᠎ᠤ ᠵᠢᠭ᠋ᠠᠬᠤ ᠮᠠᠲ᠋ᠧᠷᠢᠶᠠᠯ᠎ᠤᠨ ᠣᠷᠣᠯᠠᠭᠴᠢ ᠬᠤᠳᠠᠯᠳᠤᠭ᠋ᠠᠴᠢᠨ (ᠪᠠᠢ᠌ᠭᠤᠯᠤᠮᠵᠢ)  ᠡᠨᠡ ᠤᠳᠠᠭ᠋ᠠᠨ᠎ᠤ ᠰᠣᠩᠭᠤᠨ ᠬᠦᠷᠭᠡᠬᠦ ᠠᠵᠢᠯ᠎ᠳᠤ ᠣᠷᠣᠯᠴᠠᠵᠤ ᠪᠣᠯᠬᠤ ᠦᠭᠡᠢ᠂ ᠡᠷᠬᠡᠪᠰᠢ ᠬᠡᠪᠯᠡᠯ᠎ᠤᠨ ᠬᠣᠷᠢᠶ᠎ᠠ᠎ᠳᠤ ᠰᠢᠭᠤᠳ ᠰᠣᠩᠭᠤᠨ ᠬᠦᠷᠭᠡᠨ᠎ᠡ᠃
      ᠳᠥᠷᠪᠡ᠂ ᠦᠨᠡᠯᠡᠭᠦᠯᠬᠦ ᠮᠠᠲ᠋ᠧᠷᠢᠶᠠᠯ᠎ᠤᠨ ᠱᠠᠭ᠋ᠠᠷᠳᠠᠯᠭ᠎ᠠ
      (ᠨᠢᠭᠡ) ᠦᠨᠡᠯᠡᠭᠦᠯᠬᠦ ᠭᠤᠶᠤᠴᠢᠯᠠᠯ᠎ᠤᠨ ᠬᠦᠰᠦᠨᠦᠭᠲᠦ᠂ ᠦᠨᠡᠯᠡᠭᠦᠯᠬᠦ ᠶᠠᠩᠵᠤ ᠨᠣᠮ᠎ᠤᠨ ᠭᠠᠷᠴᠠᠭ᠂ ᠦᠨᠡᠯᠡᠭᠦᠯᠬᠦ ᠠᠮᠠᠯᠠᠯᠲᠠ ᠵᠢᠨ ᠪᠢᠴᠢᠭ ᠨᠢᠭᠡ ᠬᠡᠯᠪᠡᠷᠢ ᠵᠢ 3 ᠬᠤᠪᠢ᠃
      (ᠬᠣᠶᠠᠷ) ᠬᠢᠷᠢ ᠭᠡᠮ᠎ᠤᠨ ᠮᠠᠲ᠋ᠧᠷᠢᠶᠠᠯ᠃ ᠦᠨᠡᠯᠡᠭᠦᠯᠬᠦ ᠨᠢᠭᠡᠴᠢ ᠲᠤᠰ  ᠨᠢᠭᠡᠴᠢ ᠵᠢᠨ ᠵᠶ᠋ᠠᠨ ᠬᠢᠷᠢ ᠭᠡᠮ᠎ᠤᠨ ᠮᠠᠲ᠋ᠧᠷᠢᠶᠠᠯ᠎ᠢ 1 ᠢᠵᠢ ᠬᠠᠩᠭ᠋ᠠᠨ᠎ᠠ᠃
      1. ᠡᠷᠬᠢᠯᠡᠨ ᠨᠠᠢ᠌ᠷᠠᠭᠤᠯᠤᠭᠴᠢ ᠵᠢᠨ ᠪᠡᠶ᠎ᠡ ᠵᠢᠨ ᠦᠨᠡᠮᠯᠡᠯ ᠪᠣᠯᠤᠨ ᠨᠠᠶ᠋ᠢᠷᠠᠭᠤᠯᠤᠨ ᠪᠢᠴᠢᠬᠦ ᠨᠢᠭᠡᠴᠢ᠂ ᠬᠡᠪᠯᠡᠬᠦ ᠨᠢᠭᠡᠴᠢ (ᠠᠵᠤ ᠠᠬᠤᠶ᠋ᠢᠯᠠᠯ ᠠᠵᠢᠯ ᠦᠢ᠍ᠯᠡᠰ᠎ᠤᠨ ᠨᠢᠭᠡᠴᠢ) ᠵᠢᠨ ᠪᠠᠶ᠋ᠢᠭᠤᠯᠤᠮᠵᠢ ᠵᠢᠨ ᠣᠷᠣᠯᠠᠬᠤ ᠲᠡᠮᠳᠡᠭ᠂ ᠬᠡᠪᠯᠡᠬᠦ ᠵᠥᠪᠰᠢᠶᠡᠷᠡᠯ᠎ᠤᠨ ᠦᠨᠡᠮᠯᠡᠯ ᠵᠡᠷᠭᠡ ᠵᠢᠨ ᠪᠠᠭᠤᠯᠭ᠋ᠠᠪᠤᠷᠢ (ᠵᠥᠪᠬᠡᠨ ᠦᠨᠡᠯᠡᠭᠦᠯᠬᠦ᠎ᠳᠤ ᠬᠡᠷᠡᠭᠯᠡᠨ᠎ᠡ ᠭᠡᠵᠦ ᠲᠣᠳᠤᠷᠬᠠᠢ᠌ᠯᠠᠨ᠎ᠠ)᠃
      2. ᠪᠤᠰᠤᠳ ᠬᠡᠪᠯᠡᠭᠳᠡᠬᠦᠨ᠎ᠤ ᠠᠭᠤᠯᠭ᠎ᠠ ᠵᠢ ᠡᠰᠢ ᠲᠠᠲᠠᠨ ᠬᠡᠷᠡᠭᠯᠡᠭᠰᠡᠨ ᠡᠷᠬᠡ ᠣᠯᠭᠣᠬᠤ ᠪᠢᠴᠢᠭ᠎ᠤᠨ ᠪᠠᠭᠤᠯᠭ᠋ᠠᠪᠤᠷᠢ᠃
      ᠳᠡᠭᠡᠷᠡᠬᠢ ᠪᠠᠭᠤᠯᠭ᠋ᠠᠪᠤᠷᠢ᠎ᠳᠤ ᠴᠥᠮ ᠬᠡᠪᠯᠡᠯ᠎ᠤᠨ ᠬᠣᠷᠢᠶᠠᠨ᠎ᠤ ᠠᠯᠪᠠᠨ ᠲᠠᠮᠠᠭ᠎ᠠ ᠵᠢ ᠳᠠᠷᠤᠬᠤ ᠬᠡᠷᠡᠭᠲᠡᠢ᠃
      (ᠭᠤᠷᠪᠠ)  ᠶᠠᠩᠵᠤ ᠨᠣᠮ᠃ ᠦᠨᠡᠯᠡᠭᠦᠯᠬᠦ ᠶᠠᠩᠵᠤ ᠨᠣᠮ᠎ᠢ ᠨᠢᠭᠡ ᠬᠡᠯᠪᠡᠷᠢ ᠵᠢ 7 ᠢᠵᠢ (ᠳᠡᠪᠲᠡᠷ)᠃
      1. ᠦᠨᠡᠯᠡᠭᠦᠯᠬᠦ ᠶᠠᠩᠵᠤ ᠨᠣᠮ᠎ᠨᠢ ᠡᠷᠬᠡᠪᠰᠢ ᠬᠡᠪᠯᠡᠭᠦᠯᠦᠭᠰᠡᠨ ᠴᠠᠭ᠋ᠠᠨ ᠭᠠᠳᠠᠷᠲᠤ ᠶᠠᠩᠵᠤ ᠨᠣᠮ ᠪᠠ ᠡᠯᠧᠺᠲᠷᠣᠨ ᠡᠬᠡ ᠪᠢᠴᠢᠭ (ᠡᠭᠦᠨ᠎ᠤ ᠬᠠᠮᠲᠤ U ᠳ᠋ᠢᠰᠺ᠎ᠲᠤ ᠶᠠᠩᠵᠤ ᠨᠣᠮ᠎ᠤᠨ ᠡᠯᠧᠺᠲᠷᠣᠨ ᠡᠬᠡ ᠪᠢᠴᠢᠭ ᠪᠠ ᠳᠠᠭ᠋ᠠᠯᠳᠤᠭᠤᠯᠤᠯ 1᠂ 2᠂ 3᠂ 5 ᠵᠢᠨ ᠡᠯᠧᠺᠲᠷᠣᠨ ᠬᠡᠪᠯᠡᠯ᠎ᠢ ᠬᠠᠳᠠᠭ᠋ᠠᠯᠠᠵᠤ᠂ ᠶᠠᠩᠵᠤ ᠨᠣᠮ᠎ᠤᠨ  ᠡᠯᠧᠺᠲᠷᠣᠨ ᠡᠬᠡ ᠪᠢᠴᠢᠭ᠎ᠤᠨ ᠠᠭᠤᠯᠭ᠎ᠠ᠎ᠨᠢ ᠴᠠᠭ᠋ᠠᠨ ᠭᠠᠳᠠᠷᠲᠤ ᠶᠠᠩᠵᠤ ᠨᠣᠮ᠎ᠲᠠᠢ ᠨᠢᠭᠡᠳᠦᠯᠲᠡᠢ ᠪᠠᠶ᠋ᠢᠵᠤ᠂ U ᠳ᠋ᠢᠰᠺ᠎ᠤᠨ ᠭᠠᠳᠠᠷ ᠳᠡᠭᠡᠷ᠎ᠡ ᠬᠡᠪᠯᠡᠯ᠎ᠤᠨ ᠬᠣᠷᠢᠶᠠᠨ᠎ᠤ ᠨᠡᠷᠡᠶ᠋ᠢᠳᠦᠯ᠎ᠢ ᠬᠠᠳᠠᠨ᠎ᠠ)᠎ᠢ ᠬᠠᠩᠭ᠋ᠠᠵᠤ᠂ ᠬᠠᠪᠢᠰᠤ᠂ ᠳᠣᠲᠤᠷ᠎ᠠ ᠨᠢᠭᠤᠷ᠂ ᠭᠣᠣᠯ ᠵᠣᠬᠢᠶᠠᠯ᠎ᠳᠤ ᠨᠠᠶ᠋ᠢᠷᠠᠭᠤᠯᠤᠭᠴᠢ ᠪᠤᠶᠤ ᠬᠡᠪᠯᠡᠬᠦ ᠨᠢᠭᠡᠴᠢ᠂ ᠠᠵᠢᠯᠲᠠᠨ᠂ ᠨᠣᠮ᠎ᠤᠨ ᠨᠡᠷ᠎ᠡ ᠵᠡᠷᠭᠡ ᠬᠣᠯᠪᠣᠭᠳᠠᠯ ᠪᠦᠬᠦᠢ ᠮᠡᠳᠡᠭᠡ ᠵᠠᠩᠭᠢ ᠵᠢ ᠪᠢᠴᠢᠵᠦ ᠪᠣᠯᠬᠤ ᠦᠭᠡᠢ᠃
      2. ᠶᠠᠩᠵᠤ ᠨᠣᠮ᠎ᠤᠨ ᠬᠠᠪᠢᠰᠤᠨ᠎ᠳᠤ ᠲᠥᠷᠥᠯ ᠵᠦᠢ᠍ᠯ᠂ ᠬᠡᠷᠡᠭᠯᠡᠬᠦ ᠣᠨ᠎ᠢ ᠲᠣᠳᠣᠷᠬᠠᠶ᠋ᠢᠯᠠᠨ᠎ᠠ᠃
      3. ᠬᠢᠷᠢ ᠭᠡᠮ᠎ᠤᠨ ᠮᠠᠲ᠋ᠧᠷᠢᠶᠠᠯ᠎ᠢ ᠨᠢᠭᠡ ᠳᠠᠩᠰᠠ ᠡᠪᠬᠡᠮᠡᠯ᠎ᠤᠨ ᠬᠠᠶ᠋ᠢᠷᠴᠠᠭ᠎ᠲᠤ  ᠪᠢᠲᠡᠭᠦᠮᠵᠢᠯᠡᠨ ᠪᠣᠭᠣᠳᠠᠯᠯᠠᠵᠤ᠂ ᠬᠠᠪᠢᠰᠤ ᠵᠢ ᠨᠠᠭ᠋ᠠᠨ᠎ᠠ᠃
      4. ᠦᠨᠡᠯᠡᠭᠦᠯᠬᠦ ᠶᠠᠩᠵᠤ ᠨᠣᠮ᠎ᠢ ᠬᠦᠷᠭᠡᠵᠦ ᠬᠢᠨᠠᠭᠤᠯᠬᠤ ᠵᠢᠭ᠋ᠠᠬᠤ ᠮᠠᠲ᠋ᠧᠷᠢᠶᠠᠯ᠎ᠤᠨ ᠲᠥᠷᠥᠯ ᠵᠦᠢ᠍ᠯ ᠵᠶ᠋ᠠᠷ ᠪᠠᠭ᠎ᠠ ᠰᠤᠷᠭ᠋ᠠᠭᠤᠯᠢ᠂ ᠠᠩᠬ᠎ᠠ ᠵᠡᠷᠭᠡ ᠵᠢᠨ ᠳᠤᠮᠳᠠᠳᠤ ᠵᠢᠨ ᠰᠤᠷᠭ᠋ᠠᠭᠤᠯᠢ ᠵᠢᠨ ᠱᠠᠲᠤ ᠭᠡᠵᠦ ᠬᠤᠪᠢᠶᠠᠨ᠂ ᠨᠢᠭᠡᠳᠦᠯᠲᠡᠢ ᠨᠢᠭᠡ ᠪᠣᠭᠣᠳᠠᠯ᠎ᠲᠤ ᠪᠣᠭᠣᠳᠠᠯᠯᠠᠵᠤ᠂ ᠬᠠᠪᠢᠰᠤ ᠵᠢ ᠨᠠᠭ᠋ᠠᠨ᠂ ᠪᠣᠭᠣᠳᠠᠯ ᠳᠣᠲᠣᠷ᠎ᠠ ᠦᠨᠡᠯᠡᠭᠦᠯᠬᠦ ᠶᠠᠩᠵᠤ ᠨᠣᠮ᠎ᠤᠨ ᠭᠠᠷᠴᠠᠭ᠎ᠢ ᠳᠠᠭ᠋ᠠᠯᠳᠤᠭᠤᠯᠤᠨ ᠬᠦᠷᠭᠡᠨ᠎ᠡ᠃
      5. ᠳᠠᠭᠤ ᠳᠦᠷᠰᠦ ᠰᠢᠩᠭᠡᠭᠡᠯᠲᠡ ᠵᠢᠨ ᠦᠢ᠍ᠯᠡᠳᠬᠦᠨ ᠪᠤᠶᠤ ᠡᠯᠧᠺᠲᠷᠣᠨ ᠬᠡᠪᠯᠡᠭᠳᠡᠬᠦᠨ᠎ᠢ ᠡᠷᠬᠡᠪᠰᠢ ᠰᠢᠯᠵᠢᠮᠡᠯ ᠬᠠᠲᠠᠭᠤ ᠳ᠋ᠢᠰᠺ (U ᠳ᠋ᠢᠰᠺ)᠎ᠲᠤ ᠬᠠᠳᠠᠭ᠋ᠠᠯᠠᠵᠤ᠂ ᠠᠭᠤᠯᠭ᠎ᠠ᠎ᠳᠤ ᠨᠢᠭᠡᠴᠢ ᠵᠢᠨ ᠨᠡᠷᠡᠶ᠋ᠢᠳᠦᠯ ᠵᠡᠷᠭᠡ ᠪᠡᠯᠭᠡᠳᠡᠯ᠎ᠤᠨ ᠴᠢᠨᠠᠷᠲᠠᠢ ᠮᠡᠳᠡᠭᠡ ᠵᠠᠩᠭᠢ ᠵᠢ ᠣᠷᠣᠭᠤᠯᠵᠤ ᠪᠣᠯᠬᠤ ᠦᠭᠡᠢ᠂ ᠭᠠᠳᠠᠷ ᠪᠣᠭᠣᠳᠠᠯ᠎ᠲᠤ ᠨᠢᠭᠡᠴᠢ ᠵᠢᠨ ᠨᠡᠷᠡᠶ᠋ᠢᠳᠦᠯ᠎ᠢ ᠲᠣᠳᠤᠷᠬᠠᠢ᠌ᠯᠠᠨ᠎ᠠ᠃
      ᠲᠠᠪᠤ᠂ ᠮᠠᠲ᠋ᠧᠷᠢᠶᠠᠯ᠎ᠢ ᠮᠡᠳᠡᠭᠦᠯᠬᠦᠤ᠋ ᠴᠠᠭ
      ᠮᠡᠳᠡᠭᠦᠯᠬᠦ ᠴᠠᠭ᠄ 2024 ᠣᠨ᠎ᠤ 9 ᠰᠠᠷ᠎ᠠ ᠵᠢᠨ 30᠎ᠤ ᠡᠳᠦᠷ ᠪᠣᠯᠲᠠᠯ᠎ᠠ᠃
      ᠵᠢᠷᠭᠤᠭ᠎ᠠ᠂ ᠪᠤᠰᠤᠳ ᠵᠦᠢ᠍ᠯ
      (ᠨᠢᠭᠡ) ᠡᠨᠡ ᠤᠳᠠᠭ᠋ᠠᠨ᠎ᠤ ᠰᠢᠯᠭ᠋ᠠᠷᠠᠭᠤᠯᠬᠤ ᠠᠵᠢᠯ ᠦᠨᠡᠯᠡᠭᠦᠯᠬᠦ ᠨᠢᠭᠡᠴᠢ᠎ᠠᠴᠠ ᠶᠠᠮᠠᠷᠪᠠ ᠰᠦᠢ᠍ᠳᠬᠡᠯ ᠬᠤᠷᠢᠶᠠᠬᠤ ᠦᠭᠡᠢ᠃ ᠰᠢᠯᠭ᠋ᠠᠷᠠᠭᠤᠯᠬᠤ ᠠᠵᠢᠯ᠎ᠢ  ᠨᠡᠷ᠎ᠡ ᠪᠢᠴᠢᠬᠦ ᠦᠭᠡᠢ᠎ᠪᠠᠷ ᠦᠨᠡᠯᠡᠬᠦ ᠠᠷᠭ᠎ᠠ ᠮᠠᠶᠢᠭ ᠵᠶ᠋ᠠᠷ ᠶᠠᠪᠤᠭᠳᠠᠭᠤᠯᠵᠤ᠂ ᠦᠨᠡᠯᠡᠭᠦᠯᠬᠦ ᠮᠠᠲ᠋ᠧᠷᠢᠶᠠᠯ᠎ᠢ ᠡᠷᠬᠡᠪᠰᠢ ᠨᠡᠷ᠎ᠡ ᠪᠢᠴᠢᠬᠦ ᠦᠭᠡᠢ᠎ᠪᠠᠷ ᠦᠨᠡᠯᠡᠬᠦ  ᠱᠠᠭ᠋ᠠᠷᠳᠠᠯᠭ᠎ᠠ ᠶᠣᠰᠣᠭ᠋ᠠᠷ ᠬᠠᠩᠭ᠋ᠠᠬᠤ ᠬᠡᠷᠡᠭᠲᠡᠢ᠃
      (ᠬᠣᠶᠠᠷ) ᠰᠢᠯᠭ᠋ᠠᠷᠠᠭᠤᠯᠬᠤ᠎ᠳᠤ ᠣᠷᠣᠯᠴᠠᠭᠰᠠᠨ ᠡᠯ᠎ᠡ  ᠨᠢᠭᠡᠴᠢ ᠬᠠᠮᠢᠶ᠎ᠠ ᠪᠦᠬᠦᠢ ᠬᠠᠤᠯᠢ ᠴᠠᠭ᠋ᠠᠵᠠ ᠬᠠᠤᠯᠢ ᠳᠦᠷᠢᠮ᠎ᠢ ᠴᠢᠩᠭ᠎ᠠ ᠵᠢᠷᠤᠮᠯᠠᠨ᠂ ᠲᠤᠰ ᠠᠯᠪᠠᠨ ᠵᠠᠷᠯᠠᠯ᠎ᠤᠨ ᠱᠠᠭ᠋ᠠᠷᠳᠠᠯᠭ᠎ᠠ  ᠵᠢ ᠴᠢᠩᠭ᠎ᠠ ᠵᠢᠷᠤᠮᠯᠠᠨ ᠬᠠᠮᠢᠶ᠎ᠠ ᠪᠦᠬᠦᠢ ᠮᠠᠲ᠋ᠧᠷᠢᠶᠠᠯ᠎ᠢ ᠬᠠᠩᠭ᠋ᠠᠵᠤ᠂ ᠡᠷᠬᠡ ᠲᠡᠭᠰᠢ᠎ᠪᠠᠷ ᠥᠷᠢᠰᠥᠯᠳᠦᠬᠦ ᠵᠢ ᠦᠨᠡᠨ ᠬᠦ᠌ ᠪᠠᠲᠤᠯᠠᠬᠤ ᠬᠡᠷᠡᠭᠲᠡᠢ᠃ ᠳᠦᠷᠢᠮ᠎ᠠᠴᠠ ᠵᠥᠷᠢᠴᠡᠨ ᠮᠠᠲ᠋ᠧᠷᠢᠶᠠᠯ ᠬᠠᠩᠭ᠋ᠠᠭᠰᠠᠨ ᠨᠢᠭᠡᠴᠢ ᠵᠢᠨ ᠰᠢᠯᠭ᠋ᠠᠷᠠᠭᠤᠯᠤᠯᠲᠠ᠎ᠳᠤ ᠣᠷᠣᠯᠴᠠᠬᠤ ᠬᠢᠷᠢ ᠭᠡᠮ᠎ᠢ ᠬᠠᠰᠤᠨ᠎ᠠ᠃
      (ᠭᠤᠷᠪᠠ) ᠰᠢᠯᠭ᠋ᠠᠷᠠᠭᠤᠯᠬᠤ ᠵᠶ᠋ᠡᠷ ᠳᠠᠮᠵᠢᠨ ᠥᠪᠡᠷᠲᠡᠭᠡᠨ ᠵᠠᠰᠠᠬᠤ ᠣᠷᠣᠨ᠎ᠤ ᠣᠷᠣᠨ ᠨᠤᠲᠤᠭ᠎ᠤᠨ ᠬᠢᠴᠢᠶᠡᠯ᠎ᠤᠨ ᠵᠢᠭ᠋ᠠᠬᠤ ᠮᠠᠲ᠋ᠧᠷᠢᠶᠠᠯ᠎ᠤᠨ ᠭᠠᠷᠴᠠᠭ᠎ᠲᠤ  ᠵᠢᠭᠰᠠᠭ᠋ᠠᠭᠳᠠᠨ ᠣᠷᠣᠭᠰᠠᠨ ᠵᠢᠭ᠋ᠠᠬᠤ ᠮᠠᠲ᠋ᠧᠷᠢᠶᠠᠯ᠎ᠤᠳ ᠬᠡᠷᠪᠡ ᠳᠣᠭᠲᠠᠭᠰᠠᠨ ᠴᠠᠭ᠎ᠲᠤ᠎ᠪᠠᠨ ᠬᠡᠪᠯᠡᠵᠦ ᠳᠡᠢ᠌ᠯᠬᠦ ᠦᠭᠡᠢ ᠪᠤᠶᠤ ᠬᠢᠴᠢᠶᠡᠯ ᠡᠬᠢᠯᠡᠬᠦ᠎ᠠᠴᠠ ᠡᠮᠦᠨ᠎ᠡ ᠨᠣᠮ᠎ᠢ ᠰᠤᠷᠤᠭᠴᠢᠳ᠎ᠤᠨ ᠭᠠᠷ᠎ᠲᠤ ᠬᠦᠷᠭᠡᠬᠦ ᠵᠢ ᠦᠨᠡᠨ ᠬᠦ᠌ ᠪᠠᠲᠤᠯᠠᠵᠤ ᠳᠡᠢ᠌ᠯᠬᠦ ᠦᠭᠡᠢ ᠪᠣᠯ᠂ 3 ᠵᠢᠯ᠎ᠤᠨ ᠳᠣᠲᠣᠷ᠎ᠠ ᠲᠤᠰ ᠨᠢᠭᠡᠴᠢ ᠮᠠᠨ᠎ᠤ ᠣᠷᠣᠨ᠎ᠤ ᠵᠢᠭ᠋ᠠᠬᠤ ᠮᠠᠲ᠋ᠧᠷᠢᠶᠠᠯ ᠪᠤᠶᠤ ᠵᠢᠭ᠋ᠠᠨ ᠰᠤᠷᠭ᠋ᠠᠯᠲᠠ ᠵᠢᠨ ᠳᠤᠰᠠᠯᠠᠮᠵᠢ ᠮᠠᠲ᠋ᠧᠷᠢᠶᠠᠯ᠎ᠤᠨ ᠰᠢᠯᠭ᠋ᠠᠷᠠᠭᠤᠯᠤᠯᠲᠠ᠎ᠳᠤ ᠣᠷᠣᠯᠴᠠᠬᠤ ᠵᠢ ᠵᠥᠪᠰᠢᠶᠡᠷᠡᠬᠦ ᠦᠭᠡᠢ᠂ ᠨᠢᠭᠡᠨᠲᠡ ᠰᠣᠩᠭᠣᠭᠳᠠᠭᠰᠠᠨ ᠵᠢᠭ᠋ᠠᠬᠤ ᠮᠠᠲ᠋ᠧᠷᠢᠶᠠᠯ᠂ ᠵᠢᠭ᠋ᠠᠨ ᠰᠤᠷᠭ᠋ᠠᠯᠲᠠ ᠵᠢᠨ ᠳᠤᠰᠠᠯᠠᠮᠵᠢ ᠮᠠᠲ᠋ᠧᠷᠢᠶᠠᠯ᠎ᠢ ᠬᠦᠴᠦᠨ ᠦᠭᠡᠢ ᠪᠣᠯᠭ᠋ᠠᠨ᠎ᠠ᠃
      (ᠳᠥᠷᠪᠡ) ᠥᠪᠡᠷᠲᠡᠭᠡᠨ ᠵᠠᠰᠠᠬᠤ ᠣᠷᠣᠨ᠎ᠠᠴᠠ ᠲᠤᠰᠬᠠᠢ ᠮᠡᠷᠭᠡᠵᠢᠯᠲᠡᠨ᠎ᠢ ᠵᠣᠬᠢᠶᠠᠨ ᠪᠠᠶ᠋ᠢᠭᠤᠯᠤᠨ ᠡᠯ᠎ᠡ ᠦᠨᠡᠯᠡᠭᠦᠯᠬᠦ ᠮᠠᠲ᠋ᠧᠷᠢᠶᠠᠯ᠎ᠢ ᠰᠢᠯᠭ᠋ᠠᠷᠠᠭᠤᠯᠵᠤ᠂ ᠦᠵᠡᠯ ᠤᠬᠠᠮᠰᠠᠷ᠎ᠤᠨ ᠬᠡᠯᠪᠡᠷᠢ ᠵᠢ ᠬᠢᠨᠠᠨ ᠪᠠᠢ᠌ᠴᠠᠭ᠋ᠠᠵᠤ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ᠎ᠤᠨ ᠠᠯᠪᠠᠨ ᠰᠦᠯᠵᠢᠶᠡᠨ᠎ᠳᠤ ᠦᠷ᠎ᠡ ᠳ᠋ᠦᠩ ᠵᠢ 7 ᠡᠳᠦᠷ ᠢᠯᠡ ᠨᠡᠶ᠋ᠢᠲᠡᠯᠡᠨ᠎ᠡ᠃ ᠢᠯᠡ ᠨᠡᠢ᠌ᠲᠡᠯᠡᠬᠦ ᠬᠤᠭᠤᠴᠠᠭ᠋ᠠᠨ᠎ᠳᠤ ᠰᠠᠨᠠᠯ᠎ᠲᠠᠢ ᠪᠣᠯ᠂ ᠮᠠᠨ᠎ᠤ ᠲᠢᠩᠬᠢᠮ᠎ᠳᠤ ᠲᠤᠰᠬᠠᠵᠤ᠂ ᠪᠠᠶ᠋ᠢᠴᠠᠭ᠋ᠠᠨ ᠲᠣᠳᠣᠯᠠᠭᠰᠠᠨ᠎ᠤ ᠳᠠᠷᠠᠭ᠎ᠠ᠂ ᠠᠰᠠᠭᠤᠳᠠᠯ᠎ᠲᠠᠢ ᠵᠢᠭ᠋ᠠᠬᠤ ᠮᠠᠲ᠋ᠧᠷᠢᠶᠠᠯ ᠎ᠤᠨ ᠰᠣᠩᠭᠤᠭᠳᠠᠭᠰᠠᠨ ᠬᠢᠷᠢ ᠭᠡᠮ᠎ᠢ ᠬᠦᠴᠦᠨ ᠦᠭᠡᠢ ᠪᠣᠯᠭ᠋ᠠᠨ᠎ᠠ᠃
      (ᠲᠠᠪᠤ) ᠶᠠᠩᠵᠤ ᠨᠣᠮ (U ᠳ᠋ᠢᠰᠺ)᠂ ᠳᠠᠷᠤᠮᠠᠯᠯᠠᠯ᠎ᠢ ᠢᠯᠡᠭᠡᠬᠦ ᠬᠠᠶᠢᠭ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ᠎ᠤᠨ ᠵᠢᠭ᠋ᠠᠬᠤ ᠮᠠᠲ᠋ᠧᠷᠢᠶᠠᠯ᠎ᠤᠨ ᠭᠠᠵᠠᠷ (ᠬᠥᠬᠡᠬᠣᠲᠠ ᠵᠢᠨ ᠳ᠋ᠢᠩ ᠰᠢᠶᠠᠩ ᠵᠠᠮ᠎ᠤᠨ 5 ᠳ᠋ᠤᠭ᠋ᠠᠷ ᠨᠣᠮᠧᠷ)
      ᠬᠠᠷᠢᠯᠴᠠᠬᠤ ᠬᠥᠮᠦᠨ᠄ ᠯᠢ ᠨᠠ  ᠤᠲᠠᠰᠤ᠄ 0471 - 2856612
  
      ᠳᠠᠭ᠋ᠠᠯᠳᠤᠭᠤᠯᠤᠯ᠄
      1. ᠦᠨᠡᠯᠡᠭᠦᠯᠬᠦ ᠭᠤᠶᠤᠴᠢᠯᠠᠯ᠎ᠤᠨ ᠬ᠋ᠦᠰᠦᠨᠦᠭ
      2. ᠦᠨᠡᠯᠡᠭᠦᠯᠬᠦ ᠶᠠᠩᠵᠤ ᠨᠣᠮ᠎ᠤᠨ ᠭᠠᠷᠴᠠᠭ
      3. ᠦᠨᠡᠯᠡᠭᠦᠯᠬᠦ ᠠᠮᠠᠯᠠᠯᠲᠠ ᠵᠢᠨ ᠪᠢᠴᠢᠭ (ᠦᠯᠢᠭᠡᠷ ᠶᠠᠩᠵᠤ)
      4. ᠦᠨᠡᠯᠡᠭᠦᠯᠬᠦ ᠶᠠᠩᠵᠤ ᠨᠣᠮ᠎ᠤᠨ ᠬᠠᠪᠢᠰᠤᠨ᠎ᠤ ᠠᠭᠤᠯᠭ᠎ᠠ ᠪᠠ ᠬᠡᠯᠪᠡᠷᠢ
      5. ᠳᠠᠩᠰᠠ ᠡᠪᠬᠡᠮᠡᠯ᠎ᠤᠨ ᠬᠠᠶ᠋ᠢᠷᠴᠠᠭ᠎ᠤᠨ ᠬᠠᠪᠢᠰᠤᠨ᠎ᠤ ᠬᠡᠯᠪᠡᠷᠢ ᠪᠠ ᠱᠠᠭ᠋ᠠᠷᠳᠠᠯᠭ᠎ᠠ


        ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ
              2024 ᠣᠨ᠎ᠤ 7 ᠰᠠᠷ᠎ᠠ ᠵᠢᠨ 30᠎ᠤ ᠡᠳᠦᠷ


ᠳᠠᠭ᠋ᠠᠯᠳᠤᠭᠤᠯᠤᠯ 1᠄ 1. ᠦᠨᠡᠯᠡᠭᠦᠯᠬᠦ ᠭᠤᠶᠤᠴᠢᠯᠠᠯ᠎ᠤᠨ ᠬᠦᠰᠦᠨᠦᠭ .doc
ᠳᠠᠭ᠋ᠠᠯᠳᠤᠭᠤᠯᠤᠯ 2᠄ 2. ᠦᠨᠡᠯᠡᠭᠦᠯᠬᠦ ᠶᠠᠩᠵᠤ ᠨᠣᠮ᠎ᠤᠨ ᠭᠠᠷᠴᠠᠭ .doc
ᠳᠠᠭ᠋ᠠᠯᠳᠤᠭᠤᠯᠤᠯ 3᠄ 3. ᠦᠨᠡᠯᠡᠭᠦᠯᠬᠦ ᠠᠮᠠᠯᠠᠯᠲᠠ ᠵᠢᠨ ᠪᠢᠴᠢᠭ (ᠦᠯᠢᠭᠡᠷ ᠶᠠᠩᠵᠤ) .doc
ᠳᠠᠭ᠋ᠠᠯᠳᠤᠭᠤᠯᠤᠯ 4᠄ 4. ᠦᠨᠡᠯᠡᠭᠦᠯᠬᠦ ᠶᠠᠩᠵᠤ ᠨᠣᠮ᠎ᠤᠨ ᠬᠠᠪᠢᠰᠤᠨ᠎ᠤ ᠠᠭᠤᠯᠭ᠎ᠠ ᠪᠠ ᠬᠡᠯᠪᠡᠷᠢ .doc
ᠳᠠᠭ᠋ᠠᠯᠳᠤᠭᠤᠯᠤᠯ 5᠄ 5. ᠳᠠᠩᠰᠠ ᠡᠪᠬᠡᠮᠡᠯ᠎ᠤᠨ ᠬᠠᠶ᠋ᠢᠷᠴᠠᠭ᠎ᠤᠨ ᠬᠠᠪᠢᠰᠤᠨ᠎ᠤ ᠬᠡᠯᠪᠡᠷᠢ ᠪᠠ ᠱᠠᠭ᠋ᠠᠷᠳᠠᠯᠭ᠎ᠠ .doc


 

ᠢᠷᠡᠯᠲᠡ᠄ ᠥᠪᠥᠷ ᠮᠣᠩᠭᠤᠯ᠎ᠤᠨ ᠦᠪᠡᠷᠲᠡᠭᠡᠨ ᠵᠠᠰᠠᠬᠤ ᠣᠷᠣᠨ᠎ᠤ ᠰᠣᠷᠭ᠋ᠠᠨ ᠬᠦᠮᠦᠵᠢᠯ᠎ᠤᠨ ᠲᠢᠩᠬᠡᠮ
          
ᠬᠠᠮᠢᠶ᠎ᠡ ᠪᠦᠬᠦᠢ ᠰᠣᠨᠢᠨ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ᠎ᠤᠨ ᠳᠤᠮᠳᠠᠳᠤ ᠤᠯᠤᠰ᠎ᠤᠨ ᠣᠯᠠᠨ ᠤᠯᠤᠰ᠎ᠤᠨ ᠤᠶᠤᠲᠠᠳ᠎ᠤᠨ ᠰᠢᠨ᠎ᠡ ᠵᠢ ᠡᠭᠦᠳᠬᠦ ᠤᠷᠤᠯᠳᠤᠭ᠋ᠠᠨ (2024)᠎ᠤ ᠥᠪᠥᠷ ᠮᠣᠩᠭᠣᠯ᠎ᠤᠨ ᠤᠷᠤᠯᠳᠤᠭ᠋ᠠᠨ᠎ᠤ ᠲᠣᠭᠣᠷᠢᠭ᠎ᠤᠨ ᠰᠢᠯᠭ᠋ᠠᠷᠠᠭᠤᠯᠬᠤ ᠤᠷᠤᠯᠳᠤᠭ᠋ᠠᠨ᠎ᠳᠤ ᠱᠠᠩᠨᠠᠯ ᠭᠦᠷᠲᠡᠭᠰᠡᠳ᠎ᠢ ᠨᠡᠶ᠋ᠢᠲᠡᠯᠡᠬᠦ ᠵᠢᠴᠢ ᠮᠡᠳᠡᠭᠡ ᠵᠠᠩᠭᠢ ᠵᠢ ᠬᠠᠷᠭᠤᠭᠤᠯᠬᠤ ᠲᠤᠬᠠᠢ ᠮᠡᠳᠡᠭᠳᠡᠯ
ᠬᠣᠶᠠᠳᠤᠭ᠋ᠠᠷ ᠬᠤᠭᠤᠴᠠᠭ᠋ᠠᠨ᠎ᠤ 《ᠲᠡᠮᠡᠭᠡᠨ ᠬᠤᠩᠬᠤ ᠬᠤᠨᠳᠠᠭ᠋ᠠᠲᠤ》 ᠬᠢᠴᠢᠶᠡᠯ᠎ᠤᠨ ᠲᠠᠩᠬᠢᠮ᠎ᠤᠨ ᠵᠢᠭ᠋ᠠᠨ ᠰᠤᠷᠭ᠋ᠠᠯᠲᠠ ᠵᠢᠨ ᠤᠷᠤᠯᠳᠤᠭ᠋ᠠᠨ᠎ᠢ ᠥᠷᠨᠢᠭᠦᠯᠬᠦ ᠲᠤᠬᠠᠢ ᠮᠡᠳᠡᠭᠳᠡᠯ
《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠤᠷᠭ᠋ᠠᠭᠤᠯᠢ᠎ᠳᠤ ᠭᠤᠸ᠎ᠠ ᠰᠠᠶ᠋ᠢᠬᠠᠨ᠎ᠤ ᠬᠥᠮᠦᠵᠢᠯ᠎ᠢ ᠠᠭᠤᠰᠬᠠᠬᠤ ᠠᠵᠢᠯᠯᠠᠭ᠎ᠠ ᠵᠢᠨ ᠬᠡᠷᠡᠭᠵᠢᠭᠦᠯᠬᠦ ᠲᠥᠰᠦᠯ》᠎ᠢ ᠳᠠᠷᠤᠮᠠᠯᠯᠠᠨ ᠲᠠᠷᠬᠠᠭ᠋ᠠᠬᠤ ᠲᠤᠬᠠᠢ ᠮᠡᠳᠡᠭᠳᠡᠯ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ᠎ᠤᠨ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠭᠡᠨ᠎ᠤ ᠰᠠᠯᠠᠭ᠎ᠠ ᠵᠢᠨ ᠪᠥᠯᠦᠭᠵᠢᠯ᠎ᠤᠨ ᠪᠠᠶ᠋ᠢᠭᠤᠯᠤᠯᠲᠠ ᠵᠢ ᠴᠢᠩᠭ᠋ᠠᠳᠬᠠᠬᠤ ᠵᠢᠯᠣᠭᠣᠳᠬᠤ ᠰᠠᠨᠠᠯ》᠎ᠢ ᠳᠠᠷᠤᠮᠠᠯᠯᠠᠨ ᠶᠠᠪᠤᠭᠤᠯᠬᠤ ᠲᠤᠬᠠᠢ ᠮᠡᠳᠡᠭᠳᠡᠯ
 
             蒙ICP备05000248号