ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠤᠷᠭᠠᠨ ᠬᠦᠮᠦᠵᠢᠯ᠎ᠤᠨ ᠬᠠᠨᠲᠤᠯᠭ᠎ᠠ
ᠰᠣᠨᠤᠷ᠎ᠤᠨ ᠲᠠᠪᠴᠠᠩ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠢᠯᠡ ᠵᠠᠰᠠᠭ   -   ᠲᠥᠷᠥ᠎ᠶᠢᠨ ᠪᠣᠳᠣᠯᠭ᠎ᠠ᠎ᠶᠢᠨ ᠲᠠᠶ᠋ᠢᠯᠤᠮᠵᠢ
《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠭᠡᠨ᠎ᠤ ᠰᠠᠯᠠᠭ᠎ᠠ ᠵᠢᠨ ᠪᠥᠯᠦᠭᠵᠢᠯ᠎ᠤᠨ ᠪᠠᠶ᠋ᠢᠭᠤᠯᠤᠯᠲᠠ ᠵᠢ ᠴᠢᠩᠭ᠋ᠠᠳᠬᠠᠬᠤ ᠵᠢᠯᠣᠭᠣᠳᠬᠤ ᠰᠠᠨᠠᠯ》᠎ᠤᠨ ᠲᠥᠷᠥ ᠵᠢᠨ ᠪᠣᠳᠣᠯᠭ᠎ᠠ ᠵᠢᠨ ᠲᠠᠶ᠋ᠢᠯᠤᠮᠵᠢ
ᠨᠡᠶ᠋ᠢᠲᠡᠯᠡᠭᠰᠡᠨ ᠴᠠᠭ᠄ 2024-11-04

      ᠨᠠᠮ᠎ᠤᠨ ᠬᠣᠷᠢᠳᠤᠭ᠋ᠠᠷ ᠶᠡᠬᠡ ᠬᠤᠷᠠᠯ ᠪᠣᠯᠤᠨ ᠬᠣᠷᠢᠳᠤᠭ᠋ᠠᠷ ᠬᠤᠭᠤᠴᠠᠭ᠋ᠠᠨ᠎ᠤ ᠲᠥᠪ ᠬᠣᠷᠢᠶ᠎ᠠ ᠵᠢᠨ ᠬᠣᠶᠠᠳᠤᠭ᠋ᠠᠷ᠂ ᠭᠤᠷᠪᠠᠳᠤᠭ᠋ᠠᠷ ᠪᠦᠭᠦᠳᠡ ᠬᠤᠷᠠᠯ ᠵᠢᠴᠢ ᠪᠦᠬᠦ ᠤᠯᠤᠰ᠎ᠤᠨ ᠰᠤᠷᠭ᠋ᠠᠨ ᠬᠥᠮᠦᠵᠢᠯ᠎ᠤᠨ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠰᠣᠳᠤᠯᠬᠤ ᠰᠤᠷᠤᠭᠴᠢ ᠵᠢᠨ ᠰᠤᠷᠭ᠋ᠠᠨ ᠬᠥᠮᠦᠵᠢᠯ᠎ᠤᠨ ᠶᠡᠷᠦᠩᠬᠡᠶ᠋ᠢᠯᠡᠭᠰᠡᠨ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠦᠨ᠂ ᠰᠢᠨᠵᠢᠯᠡᠭᠡᠨ᠎ᠤ ᠰᠠᠯᠠᠭ᠎ᠠ ᠵᠢᠨ ᠰᠣᠯᠪᠢᠴᠠᠨ ᠠᠭᠤᠰᠬᠤ ᠵᠢ ᠠᠬᠢᠭᠤᠯᠵᠤ᠂ ᠣᠷᠣᠶ᠋ᠢᠯᠠᠭᠰᠠᠨ ᠰᠢᠨ᠎ᠡ ᠵᠢ ᠡᠭᠦᠳᠬᠦ ᠴᠢᠳᠠᠪᠤᠷᠢᠲᠠᠨ᠎ᠢ ᠬᠥᠮᠦᠵᠢᠭᠦᠯᠬᠦ ᠴᠢᠳᠠᠪᠤᠷᠢ ᠵᠢ ᠳᠡᠭᠡᠭᠰᠢᠯᠡᠭᠦᠯᠦᠨ᠂ ᠰᠣᠳᠤᠯᠬᠤ ᠰᠤᠷᠤᠭᠴᠢ ᠵᠢᠨ ᠰᠤᠷᠭ᠋ᠠᠨ ᠬᠥᠮᠦᠵᠢᠯ᠎ᠤᠨ ᠰᠢᠨᠵᠢᠯᠡᠭᠡᠨ᠎ᠤ ᠰᠠᠯᠠᠭ᠎ᠠ ᠵᠢᠨ ᠲᠤᠰᠬᠠᠢ ᠮᠡᠷᠭᠡᠵᠢᠯ ᠪᠣᠯᠤᠨ ᠠᠵᠤ ᠠᠬᠤᠢ ᠨᠡᠶ᠋ᠢᠭᠡᠮ᠎ᠤᠨ ᠬᠥᠭᠵᠢᠯᠲᠡ ᠵᠢᠨ ᠬᠡᠷᠡᠭᠴᠡᠭᠡ ᠱᠠᠭ᠋ᠠᠷᠳᠠᠯᠭ᠎ᠠ ᠵᠢᠨ ᠲᠣᠬᠢᠷᠠᠭᠤᠯᠬᠤ ᠬᠡᠮᠵᠢᠶ᠎ᠡ ᠵᠢ ᠳᠡᠭᠡᠭᠰᠢᠯᠡᠭᠦᠯᠬᠦ ᠵᠢᠨ ᠲᠥᠯᠥᠭᠡ᠂ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ᠎ᠠᠴᠠ ᠰᠢᠨᠵᠢᠯᠡᠭᠡᠨ᠎ᠤ ᠰᠠᠯᠠᠭ᠎ᠠ ᠵᠢᠨ ᠪᠥᠯᠦᠭᠵᠢᠯ᠎ᠤᠨ ᠪᠠᠶ᠋ᠢᠭᠤᠯᠤᠯᠲᠠ ᠵᠢ ᠴᠢᠩᠭ᠋ᠠᠳᠬᠠᠬᠤ ᠵᠢᠯᠣᠭᠣᠳᠬᠤ ᠰᠠᠨᠠᠯ᠎ᠢ ᠨᠡᠶ᠋ᠢᠲᠡᠯᠡᠪᠡ᠃ ᠡᠳᠦᠭᠡ ᠬᠣᠯᠪᠣᠭᠳᠠᠯ ᠪᠦᠬᠦᠢ ᠲᠥᠷᠥ ᠵᠢᠨ ᠪᠣᠳᠣᠯᠭ᠎ᠠ ᠵᠢ ᠳᠣᠣᠷᠠᠬᠢ ᠮᠡᠲᠦ  ᠲᠠᠢ᠌ᠯᠪᠤᠷᠢᠯᠠᠪᠠ᠃
      ᠨᠢᠭᠡ᠂ ᠪᠢᠴᠢᠭ ᠮᠠᠲ᠋ᠧᠷᠢᠶᠠᠯ᠎ᠢ ᠲᠤᠭᠤᠷᠪᠢᠭᠰᠠᠨ ᠠᠬᠤᠢ ᠪᠠᠶ᠋ᠢᠳᠠᠯ ᠵᠢᠴᠢ ᠶᠠᠪᠤᠴᠠ ᠶᠠᠭᠤ ᠪᠤᠢ?
      ᠬᠠᠷᠢᠭᠤᠯᠲᠠ᠄ 2021 ᠣᠨ᠎ᠤ 4 ᠳ᠋ᠦ᠍ᠭᠡᠷ ᠰᠠᠷ᠎ᠠ ᠵᠢᠨ 19᠎ᠤ ᠡᠳᠦᠷ᠂ ᠶᠡᠷᠦᠩᠬᠡᠢ ᠱᠦᠵᠢ ᠰᠢ ᠵᠢᠨ ᠫᠢᠩ ᠴᠢᠩᠬᠤᠸᠠ ᠶᠡᠬᠡ ᠰᠤᠷᠭ᠋ᠠᠭᠤᠯᠢ ᠵᠢ ᠪᠠᠶ᠋ᠢᠴᠠᠭ᠋ᠠᠬᠤ᠎ᠳᠤ᠎ᠪᠠᠨ ᠲᠡᠷᠢᠭᠦᠨ᠎ᠤ ᠴᠢᠳᠠᠪᠤᠷᠢᠲᠠᠨ᠎ᠤ ᠡᠩᠨᠡᠭᠡ ᠵᠢ ᠪᠣᠢ᠌ᠵᠢᠭᠤᠯᠵᠤ᠂ ᠲᠡᠷᠢᠭᠦᠨ᠎ᠤ ᠶᠡᠬᠡ ᠰᠤᠷᠭ᠋ᠠᠭᠤᠯᠢ ᠵᠢᠨ ᠲᠣᠭᠲᠠᠯᠴᠠᠭ᠎ᠠ ᠵᠢ ᠪᠠᠢ᠌ᠭᠤᠯᠤᠨ᠂ ᠲᠡᠷᠢᠭᠦᠨ᠎ᠤ ᠠᠩᠬᠠᠨ᠎ᠤ ᠡᠭᠦᠳᠦᠯᠲᠡ ᠵᠢᠨ ᠴᠢᠳᠠᠪᠤᠷᠢ ᠵᠢ ᠳᠡᠭᠡᠭᠰᠢᠯᠡᠭᠦᠯᠵᠦ᠂ ᠰᠢᠨᠵᠢᠯᠡᠭᠡᠨ᠎ᠤ ᠰᠠᠯᠠᠭ᠎ᠠ ᠵᠢ ᠰᠣᠯᠪᠢᠴᠠᠭᠤᠯᠤᠨ ᠠᠭᠤᠰᠬᠠᠬᠤ 《ᠲᠦᠷᠭᠡᠳᠬᠡᠭᠦᠷ》᠎ᠢ ᠰᠠᠶ᠋ᠢᠲᠤᠷ ᠬᠡᠷᠡᠭᠯᠡᠬᠦ ᠬᠡᠷᠡᠭᠲᠡᠢ ᠭᠡᠵᠦ ᠴᠢᠬᠤᠯᠠᠴᠢᠯᠠᠪᠠ᠃ ᠨᠠᠮ᠎ᠤᠨ ᠬᠣᠷᠢᠳᠤᠭ᠋ᠠᠷ ᠬᠤᠭᠤᠴᠠᠭ᠋ᠠᠨ᠎ᠤ ᠲᠥᠪ ᠬᠣᠷᠢᠶᠠᠨ᠎ᠤ ᠭᠤᠷᠪᠠᠳᠤᠭ᠋ᠠᠷ ᠪᠦᠭᠦᠳᠡ ᠬᠤᠷᠠᠯ ᠳᠡᠭᠡᠷ᠎ᠡ ᠳᠠᠬᠢᠨᠲᠠ ᠶᠡᠬᠡ ᠳᠡᠭᠡᠳᠦ ᠰᠤᠷᠭ᠋ᠠᠭᠤᠯᠢ  ᠵᠢᠨ ᠥᠭᠡᠷᠡᠴᠢᠯᠡᠯᠲᠡ ᠵᠢ ᠲᠥᠷᠥᠯ ᠬᠤᠪᠢᠶᠠᠨ ᠠᠬᠢᠭᠤᠯᠵᠤ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠬᠥᠭᠵᠢᠯᠲᠡ᠂ ᠤᠯᠤᠰ᠎ᠤᠨ ᠪᠠᠶ᠋ᠢᠯᠳᠤᠬᠤ ᠪᠣᠳᠣᠯᠭ᠎ᠠ ᠵᠢᠨ ᠬᠡᠷᠡᠭᠴᠡᠭᠡ᠎ᠪᠠᠷ ᠬᠥᠲᠦᠯᠦᠮᠵᠢ ᠪᠣᠯᠭ᠋ᠠᠭᠰᠠᠨ ᠰᠢᠨᠵᠢᠯᠡᠭᠡᠨ᠎ᠤ ᠰᠠᠯᠠᠭ᠎ᠠ ᠵᠢ ᠪᠠᠢ᠌ᠷᠢᠯᠠᠭᠤᠯᠵᠤ ᠲᠣᠬᠢᠷᠠᠭᠤᠯᠬᠤ ᠲᠣᠭᠲᠠᠴᠠ ᠪᠠ ᠴᠢᠳᠠᠪᠤᠷᠢᠲᠠᠨ ᠬᠥᠮᠦᠵᠢᠭᠦᠯᠬᠦ ᠵᠠᠭᠪᠤᠷ᠎ᠢ ᠪᠠᠢ᠌ᠭᠤᠯᠤᠨ᠂ ᠪᠠᠴᠢᠮ ᠬᠡᠷᠡᠭᠰᠡᠬᠦ ᠰᠢᠨᠵᠢᠯᠡᠭᠡᠨ᠎ᠤ ᠰᠠᠯᠠᠭ᠎ᠠ ᠵᠢᠨ ᠲᠤᠰᠬᠠᠢ ᠮᠡᠷᠭᠡᠵᠢᠯ᠎ᠢ ᠣᠨᠴᠠᠯᠠᠨ ᠲᠣᠬᠢᠷᠠᠭᠤᠯᠵᠤ᠂ ᠰᠠᠭᠤᠷᠢ ᠰᠢᠨᠵᠢᠯᠡᠭᠡᠨ᠎ᠤ ᠰᠠᠯᠠᠭ᠎ᠠ᠂ ᠰᠢᠨ᠎ᠡ᠎ᠪᠠᠷ ᠬᠥᠭᠵᠢᠭᠰᠡᠨ ᠰᠢᠨᠵᠢᠯᠡᠭᠡᠨ᠎ᠤ ᠰᠠᠯᠠᠭ᠎ᠠ᠂ ᠰᠣᠯᠪᠢᠴᠠᠭᠰᠠᠨ ᠰᠢᠨᠵᠢᠯᠡᠭᠡᠨ᠎ᠤ ᠰᠠᠯᠠᠭ᠎ᠠ ᠵᠢᠨ ᠪᠠᠶ᠋ᠢᠭᠤᠯᠤᠯᠲᠠ ᠪᠠ ᠣᠷᠣᠶ᠋ᠢᠯᠠᠭᠰᠠᠨ ᠴᠢᠳᠠᠪᠤᠷᠢᠲᠠᠨ᠎ᠢ ᠬᠥᠮᠦᠵᠢᠭᠦᠯᠬᠦ ᠵᠢ ᠴᠢᠩᠭ᠋ᠠᠳᠬᠠᠵᠤ᠂ ᠰᠢᠨ᠎ᠡ ᠵᠢ ᠡᠭᠦᠳᠬᠦ ᠴᠢᠳᠠᠪᠤᠷᠢ ᠵᠢᠨ ᠬᠥᠮᠦᠵᠢᠯ᠎ᠢ ᠬᠦᠴᠦᠯᠡᠨ ᠴᠢᠩᠭ᠋ᠠᠳᠬᠠᠬᠤ ᠬᠡᠷᠡᠭᠲᠡᠢ ᠭᠡᠵᠦ ᠴᠢᠬᠤᠯᠠᠴᠢᠯᠠᠪᠠ᠃ ᠰᠢᠨᠵᠢᠯᠡᠭᠡᠨ᠎ᠤ ᠰᠠᠯᠠᠭ᠎ᠠ ᠵᠢᠨ ᠪᠥᠯᠦᠭᠵᠢᠯ ᠪᠣᠯ ᠤᠯᠠᠮᠵᠢᠯᠠᠯᠲᠤ ᠰᠢᠨᠵᠢᠯᠡᠭᠡᠨ᠎ᠤ ᠰᠠᠯᠠᠭ᠎ᠠ ᠵᠢᠨ ᠬᠣᠭᠣᠷᠣᠨᠳᠣᠬᠢ ᠪᠡᠬᠢᠯᠡᠯᠲᠡ ᠵᠢ ᠡᠪᠳᠡᠵᠦ᠂ ᠰᠢᠨᠵᠢᠯᠡᠭᠡᠨ᠎ᠤ ᠰᠠᠯᠠᠭ᠎ᠠ ᠵᠢᠨ ᠡᠬᠢ ᠪᠠᠶᠠᠯᠢᠭ᠎ᠢ ᠡᠮᠬᠢᠯᠡᠨ ᠨᠡᠶ᠋ᠢᠯᠡᠭᠦᠯᠵᠦ᠂ ᠰᠢᠨᠵᠢᠯᠡᠭᠡᠨ᠎ᠤ ᠰᠠᠯᠠᠭ᠎ᠠ ᠵᠢᠨ ᠰᠣᠯᠪᠢᠴᠠᠨ ᠠᠭᠤᠰᠬᠤ ᠵᠢ ᠠᠬᠢᠭᠤᠯᠬᠤ ᠲᠠᠪᠴᠠᠩ᠎ᠤᠨ ᠠᠴᠢᠶᠠᠯᠠᠪᠤᠷᠢ ᠮᠥᠨ᠃ ᠶᠡᠷᠦᠩᠬᠡᠢ ᠱᠦᠵᠢ ᠰᠢ ᠵᠢᠨ ᠫᠢᠩ᠎ᠤᠨ ᠰᠤᠷᠭ᠋ᠠᠨ ᠬᠥᠮᠦᠵᠢᠯ᠎ᠤᠨ ᠲᠤᠬᠠᠢ ᠴᠢᠬᠤᠯᠠ ᠥᠭᠦᠯᠡᠯᠲᠡ᠂ ᠨᠠᠮ᠎ᠤᠨ ᠬᠣᠷᠢᠳᠤᠭ᠋ᠠᠷ ᠬᠤᠭᠤᠴᠠᠭ᠋ᠠᠨ᠎ᠤ ᠲᠥᠪ ᠬᠣᠷᠢᠶᠠᠨ᠎ᠤ ᠭᠤᠷᠪᠠᠳᠤᠭ᠋ᠠᠷ ᠪᠦᠭᠦᠳᠡ ᠬᠤᠷᠠᠯ ᠪᠣᠯᠤᠨ ᠪᠦᠬᠦ ᠤᠯᠤᠰ᠎ᠤᠨ ᠰᠤᠷᠭ᠋ᠠᠨ ᠬᠥᠮᠦᠵᠢᠯ᠎ᠤᠨ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ ᠵᠢᠨ ᠲᠥᠯᠥᠭᠡ᠂ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ 2024 ᠣᠨ᠎ᠤ ᠠᠵᠢᠯ᠎ᠤᠨ ᠪᠠᠶ᠋ᠢᠷᠢᠯᠠᠭᠤᠯᠤᠯᠲᠠ ᠶᠣᠰᠣᠭ᠋ᠠᠷ᠂ ᠰᠢᠨᠵᠢᠯᠡᠭᠡᠨ᠎ᠤ           ᠰᠠᠯᠠᠭ᠎ᠠ ᠵᠢᠨ ᠪᠥᠯᠦᠭᠵᠢᠯ᠎ᠤᠨ ᠪᠠᠶ᠋ᠢᠭᠤᠯᠤᠯᠲᠠ ᠵᠢᠨ ᠬᠡᠷᠡᠭᠵᠢᠭᠦᠯᠬᠦ ᠠᠷᠭ᠎ᠠ ᠵᠠᠮ᠎ᠢ ᠨᠠᠷᠢᠨ ᠬᠢᠨᠠᠮᠠᠭ᠋ᠠᠢ ᠰᠤᠳᠤᠯᠵᠤ᠂ ᠣᠳᠣ ᠪᠠᠶ᠋ᠢᠭ᠎ᠠ ᠰᠢᠨᠵᠢᠯᠡᠭᠡᠨ᠎ᠤ ᠰᠠᠯᠠᠭ᠎ᠠ ᠵᠢᠨ ᠪᠥᠯᠦᠭᠵᠢᠯ᠎ᠤᠨ ᠪᠠᠶ᠋ᠢᠭᠤᠯᠤᠯᠲᠠ ᠵᠢᠨ ᠣᠳᠣᠬᠢ ᠪᠠᠶ᠋ᠢᠳᠠᠯ᠎ᠢ ᠪᠦᠬᠦ ᠲᠠᠯ᠎ᠠ᠎ᠪᠠᠷ ᠣᠶ᠋ᠢᠯᠠᠭ᠋ᠠᠨ᠂ ᠵᠧᠵᠢᠶᠠᠩ ᠶᠡᠬᠡ ᠰᠤᠷᠭ᠋ᠠᠭᠤᠯᠢ᠂ ᠳᠤᠮᠳᠠᠳᠤ ᠤᠯᠤᠰ᠎ᠤᠨ ᠠᠭᠤᠷᠬᠠᠢ ᠵᠢᠨ ᠦᠢ᠍ᠯᠡᠰ᠎ᠤᠨ           ᠶᠡᠬᠡ ᠰᠤᠷᠭ᠋ᠠᠭᠤᠯᠢ ᠵᠡᠷᠭᠡ ᠶᠡᠬᠡ ᠳᠡᠭᠡᠳᠦ ᠰᠤᠷᠭ᠋ᠠᠭᠤᠯᠢ ᠵᠢᠨ ᠰᠢᠨᠵᠢᠯᠡᠭᠡᠨ᠎ᠤ ᠰᠠᠯᠠᠭ᠎ᠠ ᠵᠢᠨ ᠪᠥᠯᠦᠭᠵᠢᠯ᠎ᠤᠨ ᠪᠠᠶ᠋ᠢᠭᠤᠯᠤᠯᠲᠠ ᠵᠢᠨ ᠬᠠᠮᠢᠶᠠᠷᠤᠯᠲᠠ ᠵᠢᠨ ᠠᠷᠭ᠎ᠠ ᠵᠢ ᠰᠤᠷᠤᠯᠴᠠᠵᠤ᠂ ᠬᠣᠯᠪᠣᠭᠳᠠᠯ ᠪᠦᠬᠦᠢ ᠶᠡᠬᠡ ᠳᠡᠭᠡᠳᠦ ᠰᠤᠷᠭ᠋ᠠᠭᠤᠯᠢ ᠵᠢᠨ ᠲᠤᠰᠬᠠᠢ ᠮᠡᠷᠭᠡᠵᠢᠯᠲᠡᠨ᠎ᠢ ᠵᠣᠬᠢᠶᠠᠨ ᠪᠠᠶ᠋ᠢᠭᠤᠯᠤᠨ ᠣᠯᠠᠨ ᠤᠳᠠᠭ᠎ᠠ ᠶᠠᠷᠢᠯᠴᠠᠵᠤ᠂ ᠲᠡᠭᠦᠯᠳᠡᠷᠵᠢᠭᠦᠯᠵᠦ᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠭᠡᠨ᠎ᠤ ᠰᠠᠯᠠᠭ᠎ᠠ           ᠵᠢᠨ ᠪᠥᠯᠦᠭᠵᠢᠯ᠎ᠤᠨ ᠪᠠᠶ᠋ᠢᠭᠤᠯᠤᠯᠲᠠ ᠵᠢ ᠴᠢᠩᠭ᠋ᠠᠳᠬᠠᠬᠤ ᠵᠢᠯᠣᠭᠣᠳᠬᠤ ᠰᠠᠨᠠᠯ (ᠰᠠᠨᠠᠯ ᠬᠤᠷᠢᠶᠠᠬᠤ           ᠨᠣᠤᠷᠠᠭ)》 (ᠳᠣᠷᠣᠭᠰᠢ 《ᠵᠢᠯᠣᠭᠣᠳᠬᠤ ᠰᠠᠨᠠᠯ》 ᠭᠡᠵᠦ  ᠳᠥᠭᠦᠮᠴᠢᠯᠡᠨ᠎ᠡ)᠎ᠢ ᠲᠤᠭᠤᠷᠪᠢᠪᠠ᠃ ᠤᠷᠢᠳ ᠬᠣᠵᠢᠳ ᠰᠤᠷᠭ᠋ᠠᠨ ᠬᠥᠮᠦᠵᠢᠯ᠎ᠤᠨ ᠲᠢᠩᠬᠢᠮ᠎ᠤᠨ ᠪᠠᠶ᠋ᠢᠭᠤᠯᠭ᠎ᠠ ᠵᠢᠨ ᠬᠣᠯᠪᠣᠭᠳᠠᠯ ᠪᠦᠬᠦᠢ ᠭᠠᠵᠠᠷ ᠲᠠᠰᠤᠭ᠂ ᠶᠡᠬᠡ ᠳᠡᠭᠡᠳᠦ ᠰᠤᠷᠭ᠋ᠠᠭᠤᠯᠢ ᠵᠢᠨ ᠰᠠᠨᠠᠯ᠎ᠢ ᠬᠤᠷᠢᠶᠠᠵᠤ᠂ ᠳᠠᠬᠢᠨ ᠳᠠᠪᠲᠠᠨ ᠵᠠᠰᠠᠨ ᠲᠡᠭᠦᠯᠳᠡᠷᠵᠢᠭᠦᠯᠵᠦ᠂ ᠮᠡᠳᠡᠭᠦᠯᠦᠨ ᠬᠢᠨᠠᠭᠤᠯᠬᠤ ᠨᠣᠣᠷᠠᠭ᠎ᠢ ᠪᠦᠷᠢᠯᠳᠦᠭᠦᠯᠦᠨ᠂ ᠰᠤᠷᠭ᠋ᠠᠨ ᠬᠥᠮᠦᠵᠢᠯ᠎ᠤᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ 2024 ᠣᠨ᠎ᠤ 38 ᠳ᠋ᠤᠭ᠋ᠠᠷ ᠤᠳᠠᠭ᠎ᠠ ᠵᠢᠨ ᠬᠤᠷᠠᠯ ᠵᠶ᠋ᠠᠷ ᠬᠢᠨᠠᠨ ᠵᠥᠪᠯᠡᠭᠦᠯᠵᠦ ᠪᠠᠲᠤᠯᠠᠭᠤᠯᠤᠭᠰᠠᠨ᠎ᠤ ᠳᠠᠷᠠᠭ᠎ᠠ ᠳᠠᠷᠤᠮᠠᠯᠯᠠᠨ ᠲᠠᠷᠬᠠᠭ᠋ᠠᠪᠠ᠃
      ᠬᠣᠶᠠᠷ᠂ 《ᠵᠢᠯᠣᠭᠣᠳᠬᠤ ᠰᠠᠨᠠᠯ》᠎ᠤᠨ ᠭᠣᠣᠯ ᠪᠣᠷᠣ ᠲᠥᠯᠥᠪ ᠪᠠ ᠠᠭᠤᠯᠭ᠎ᠠ ᠶᠠᠭᠤ ᠪᠤᠢ?
      ᠬᠠᠷᠢᠭᠤᠯᠲᠠ᠄ 《ᠵᠢᠯᠣᠭᠣᠳᠬᠤ ᠰᠠᠨᠠᠯ》 ᠳᠥᠷᠪᠡᠨ ᠪᠥᠯᠦᠭ᠎ᠠᠴᠠ ᠪᠦᠷᠢᠯᠳᠦᠪᠡ᠂ ᠡᠭᠦᠨ᠎ᠳᠤ ᠶᠡᠷᠦᠩᠬᠡᠢ ᠱᠠᠭ᠋ᠠᠷᠳᠠᠯᠭ᠎ᠠ᠂ ᠰᠢᠨᠵᠢᠯᠡᠭᠡᠨ᠎ᠤ ᠰᠠᠯᠠᠭ᠎ᠠ ᠵᠢᠨ  ᠰᠣᠯᠪᠢᠴᠠᠨ ᠠᠭᠤᠰᠬᠤ ᠬᠢᠷᠢ ᠲᠦᠪᠰᠢᠨ᠎ᠢ ᠪᠦᠬᠦ ᠲᠠᠯ᠎ᠠ᠎ᠪᠠᠷ ᠳᠡᠭᠡᠭᠰᠢᠯᠡᠭᠦᠯᠬᠦ᠂ ᠰᠢᠨᠵᠢᠯᠡᠭᠡᠨ᠎ᠤ ᠰᠠᠯᠠᠭ᠎ᠠ ᠵᠢᠨ ᠪᠥᠯᠦᠭᠵᠢᠯ ᠎ᠤᠨ ᠠᠵᠢᠯᠯᠠᠭ᠎ᠠ ᠵᠢᠨ ᠬᠠᠮᠢᠶᠠᠷᠤᠯᠲᠠ ᠵᠢᠨ ᠲᠣᠭᠲᠠᠴᠠ ᠵᠢ ᠰᠢᠰᠲ᠋ᠧᠮ᠎ᠲᠠᠢ ᠪᠠᠶ᠋ᠢᠭᠤᠯᠬᠤ᠂ ᠰᠢᠨᠵᠢᠯᠡᠭᠡᠨ᠎ᠤ ᠰᠠᠯᠠᠭ᠎ᠠ ᠵᠢᠨ ᠪᠥᠯᠦᠭᠵᠢᠯ᠎ᠤᠨ ᠪᠠᠶ᠋ᠢᠭᠤᠯᠤᠯᠲᠠ ᠵᠢ ᠴᠢᠩᠭ᠋ᠠᠷᠠᠭᠤᠯᠬᠤ ᠵᠡᠷᠭᠡ ᠵᠢ ᠪᠠᠭᠲᠠᠭ᠋ᠠᠪᠠ ᠃ ᠪᠣᠳᠠᠲᠠᠢ ᠠᠭᠤᠯᠭ᠎ᠠ᠎ᠨᠢ᠄
      ᠨᠢᠭᠡᠳᠦᠭᠡᠷ ᠬᠡᠰᠡᠭ᠎ᠤᠨ ᠶᠡᠷᠦᠩᠬᠡᠢ ᠱᠠᠭ᠋ᠠᠷᠳᠠᠯᠭ᠎ᠠ᠎ᠳᠤ ᠭᠣᠣᠯᠳᠠᠭᠤ ᠰᠢᠨᠵᠢᠯᠡᠭᠡᠨ᠎ᠤ ᠰᠠᠯᠠᠭ᠎ᠠ ᠵᠢᠨ ᠪᠥᠯᠦᠭᠵᠢᠯ᠎ᠤᠨ ᠪᠠᠶ᠋ᠢᠭᠤᠯᠤᠯᠲᠠ ᠵᠢᠨ ᠵᠢᠯᠣᠭᠣᠳᠬᠤ ᠦᠵᠡᠯ ᠰᠠᠨᠠᠭ᠎ᠠ ᠪᠠ ᠪᠠᠢ᠌ᠭᠤᠯᠬᠤ ᠬᠠᠷᠠᠯᠲᠠ ᠵᠢ ᠲᠣᠳᠣᠷᠬᠠᠶ᠋ᠢᠯᠠᠵᠤ᠂ 2027 ᠣᠨ ᠪᠣᠯᠬᠤ᠎ᠳᠤ᠂ ᠥᠪᠡᠷᠲᠡᠭᠡᠨ ᠵᠠᠰᠠᠬᠤ ᠣᠷᠣᠨ᠎ᠤ ᠳᠡᠰ᠎ᠤᠨ ᠰᠢᠨᠵᠢᠯᠡᠭᠡᠨ᠎ᠤ ᠰᠠᠯᠠᠭ᠎ᠠ ᠵᠢᠨ ᠪᠥᠯᠦᠭᠵᠢᠯ᠎ᠢ 5 ᠣᠷᠴᠢᠮ ᠪᠠ ᠰᠤᠷᠭ᠋ᠠᠭᠤᠯᠢ ᠵᠢᠨ ᠳᠡᠰ᠎ᠤᠨ ᠰᠢᠨᠵᠢᠯᠡᠭᠡᠨ᠎ᠤ ᠰᠠᠯᠠᠭ᠎ᠠ ᠵᠢᠨ ᠪᠥᠯᠦᠭᠵᠢᠯ᠎ᠢ 15 ᠣᠷᠴᠢᠮ ᠪᠠᠶ᠋ᠢᠭᠤᠯᠵᠤ᠂ ᠰᠣᠯᠪᠢᠴᠠᠭᠰᠠᠨ ᠣᠨᠴᠠᠯᠢᠭ ᠢᠯᠡ ᠲᠣᠳᠣ᠂ ᠰᠢᠨ᠎ᠡ ᠵᠢ ᠡᠭᠦᠳᠬᠦ ᠴᠢᠳᠠᠪᠤᠷᠢᠲᠠᠨ ᠴᠣᠯᠭᠤᠷᠠᠭᠰᠠᠨ᠂ ᠡᠷᠳᠡᠮ ᠰᠢᠨᠵᠢᠯᠡᠭᠡᠨ᠎ᠤ ᠦᠷ᠎ᠡ ᠪᠦᠲᠦᠭᠡᠯ ᠡᠯᠪᠡᠭ᠂ ᠰᠢᠨᠵᠢᠯᠡᠭᠡᠨ᠎ᠤ ᠰᠠᠯᠠᠭ᠋ᠠᠨ᠎ᠤ ᠠᠮᠢ ᠠᠬᠤᠢ ᠰᠠᠶ᠋ᠢᠨ ᠰᠠᠶ᠋ᠢᠬᠠᠨ ᠰᠢᠨᠵᠢᠯᠡᠭᠡᠨ᠎ᠤ ᠰᠠᠯᠠᠭ᠎ᠠ ᠵᠢᠨ ᠪᠥᠯᠦᠭᠵᠢᠯ᠎ᠤᠨ ᠪᠠᠶ᠋ᠢᠭᠤᠯᠤᠯᠲᠠ ᠵᠢᠨ ᠪᠠᠢ᠌ᠷᠢᠰᠢᠯᠠᠭᠤᠯᠤᠯᠲᠠ ᠵᠢ ᠪᠤᠢ ᠪᠣᠯᠭ᠋ᠠᠪᠠ᠃
      ᠬᠣᠶᠠᠳᠤᠭ᠋ᠠᠷ ᠬᠡᠰᠡᠭ᠎ᠤᠨ ᠰᠢᠨᠵᠢᠯᠡᠭᠡᠨ᠎ᠤ ᠰᠠᠯᠠᠭ᠎ᠠ ᠵᠢᠨ ᠰᠣᠯᠪᠢᠴᠠᠨ ᠠᠭᠤᠰᠬᠤ ᠬᠢᠷᠢ ᠲᠦᠪᠰᠢᠨ᠎ᠢ ᠪᠦᠬᠦ ᠲᠠᠯ᠎ᠠ᠎ᠪᠠᠷ ᠳᠡᠭᠡᠭᠰᠢᠯᠡᠭᠦᠯᠬᠦ᠎ᠳᠤ᠂ ᠭᠣᠣᠯᠳᠠᠭᠤ ᠰᠢᠨᠵᠢᠯᠡᠭᠡᠨ᠎ᠤ ᠰᠠᠯᠠᠭ᠎ᠠ ᠵᠢᠨ ᠪᠠᠶ᠋ᠢᠭᠤᠯᠤᠯᠲᠠ ᠵᠢᠨ ᠭᠣᠣᠯ ᠡᠭᠦᠷᠭᠡ ᠵᠢ ᠲᠣᠳᠣᠷᠬᠠᠶ᠋ᠢᠯᠠᠵᠤ᠂ ᠡᠩ᠎ᠤᠨ ᠰᠢᠨᠵᠢᠯᠡᠭᠡᠨ᠎ᠤ ᠰᠠᠯᠠᠭ᠎ᠠ  ᠵᠢᠨ ᠪᠠᠶ᠋ᠢᠭᠤᠯᠤᠯᠲᠠ᠎ᠲᠠᠢ ᠬᠠᠷᠢᠴᠠᠭᠤᠯᠪᠠᠯ᠂ ᠰᠢᠨᠵᠢᠯᠡᠭᠡᠨ᠎ᠤ ᠰᠠᠯᠠᠭ᠎ᠠ ᠵᠢᠨ ᠪᠥᠯᠦᠭᠵᠢᠯ᠎ᠨᠢ ᠤᠯᠤᠰ᠎ᠤᠨ ᠪᠠᠶ᠋ᠢᠯᠳᠤᠬᠤ ᠪᠣᠳᠣᠯᠭ᠎ᠠ ᠪᠠ ᠣᠷᠣᠨ ᠪᠦᠰᠡ ᠵᠢᠨ ᠬᠥᠭᠵᠢᠯᠲᠡ ᠵᠢᠨ ᠬᠡᠷᠡᠭᠴᠡᠭᠡ ᠱᠠᠭ᠋ᠠᠷᠳᠠᠯᠭ᠎ᠠ ᠵᠢ ᠨᠡᠩ ᠳᠣᠪᠤᠶ᠋ᠢᠯᠭ᠋ᠠᠵᠤ᠂ ᠰᠢᠨᠵᠢᠯᠡᠭᠡᠨ᠎ᠤ ᠰᠠᠯᠠᠭ᠎ᠠ ᠠᠯᠤᠰᠯᠠᠭᠰᠠᠨ ᠬᠠᠮ ᠬᠡᠯᠪᠡᠷᠢᠲᠦ ᠴᠢᠳᠠᠪᠤᠷᠢᠲᠠᠨ᠎ᠢ ᠬᠥᠮᠦᠵᠢᠭᠦᠯᠬᠦ ᠵᠢ ᠨᠠᠩ ᠲᠣᠪᠤᠢ᠌ᠯᠭ᠋ᠠᠨ᠂  ᠵᠣᠬᠢᠶᠠᠨ ᠪᠠᠢ᠌ᠭᠤᠯᠤᠯᠲᠠ᠎ᠲᠠᠢ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠵᠢ ᠨᠠᠩ ᠳᠣᠪᠤᠶ᠋ᠢᠯᠭ᠋ᠠᠵᠤ᠂ ᠰᠢᠨ᠎ᠡ ᠵᠢ ᠡᠭᠦᠳᠬᠦ ᠪᠦᠯᠬᠦᠮ᠎ᠢ ᠪᠣᠶ᠋ᠢᠵᠢᠭᠤᠯᠤᠨ ᠪᠠᠶ᠋ᠢᠭᠤᠯᠬᠤ ᠵᠢ ᠨᠡᠩ ᠲᠣᠪᠤᠢ᠌ᠯᠭ᠋ᠠᠬᠤ ᠬᠡᠷᠡᠭᠲᠡᠢ᠃
      ᠭᠤᠷᠪᠠᠳᠤᠭ᠋ᠠᠷ ᠬᠡᠰᠡᠭ᠎ᠤᠨ ᠰᠢᠨᠵᠢᠯᠡᠭᠡᠨ᠎ᠤ ᠰᠠᠯᠠᠭ᠎ᠠ ᠵᠢᠨ ᠪᠥᠯᠦᠭᠵᠢᠯ᠎ᠤᠨ ᠠᠵᠢᠯᠯᠠᠭ᠋ᠠᠨ᠎ᠤ ᠬᠠᠮᠢᠶᠠᠷᠤᠯᠲᠠ ᠵᠢᠨ ᠲᠣᠭᠲᠠᠴᠠ ᠵᠢ ᠪᠠᠢ᠌ᠭᠤᠯᠬᠤ᠎ᠳᠤ᠂ ᠭᠣᠣᠯᠳᠠᠭᠤ ᠰᠢᠨᠵᠢᠯᠡᠭᠡᠨ᠎ᠤ ᠰᠠᠯᠠᠭ᠎ᠠ  ᠵᠢᠨ ᠪᠥᠯᠦᠭᠵᠢᠯ᠎ᠤᠨ ᠠᠵᠢᠯᠯᠠᠭ᠋ᠠᠨ᠎ᠤ ᠬᠠᠮᠢᠶᠠᠷᠤᠯᠲᠠ ᠵᠢ ᠵᠢᠷᠤᠮᠵᠢᠭᠤᠯᠵᠤ᠂ ᠲᠡᠷᠢᠭᠦᠨ᠎ᠤ ᠲᠤᠰᠬᠠᠢ ᠮᠡᠷᠭᠡᠵᠢᠯᠲᠡᠨ᠎ᠤ ᠬᠠᠷᠢᠭᠤᠴᠠᠬᠤ ᠲᠣᠭᠲᠠᠴᠠ᠂ ᠰᠢᠨᠵᠢᠯᠡᠭᠡᠨ᠎ᠤ ᠰᠠᠯᠠᠭ᠎ᠠ ᠵᠢᠨ ᠪᠥᠯᠦᠭᠵᠢᠯ᠎ᠤᠨ ᠪᠦᠷᠢᠯᠳᠦᠭᠦᠨ᠎ᠢ ᠲᠣᠬᠢᠷᠠᠭᠤᠯᠬᠤ ᠲᠣᠭᠲᠠᠴᠠ᠂ ᠳᠣᠲᠣᠭ᠋ᠠᠳᠤ ᠵᠢ ᠬᠠᠮᠢᠶᠠᠷᠬᠤ ᠲᠣᠭᠲᠠᠴᠠ᠂ ᠲᠣᠭᠲᠠᠮᠠᠯ ᠬᠤᠭᠤᠴᠠᠭ᠎ᠠ᠎ᠲᠠᠢ ᠰᠣᠯᠢᠯᠴᠠᠬᠤ ᠲᠣᠭᠲᠠᠴᠠ᠂ ᠰᠢᠯᠭ᠋ᠠᠨ ᠬᠢᠨᠠᠵᠤ ᠦᠨᠡᠯᠡᠬᠦ ᠲᠣᠭᠲᠠᠴᠠ ᠵᠡᠷᠭᠡ ᠠᠵᠢᠯᠯᠠᠭ᠋ᠠᠨ᠎ᠤ ᠲᠣᠭᠲᠠᠴᠠ ᠵᠢ ᠪᠠᠶ᠋ᠢᠭᠤᠯᠵᠤ᠂ ᠰᠢᠨᠵᠢᠯᠡᠭᠡᠨ᠎ᠤ ᠰᠠᠯᠠᠭ᠎ᠠ ᠵᠢᠨ ᠪᠥᠯᠦᠭᠵᠢᠯ ᠎ᠤᠨ ᠪᠣᠲᠠᠲᠤ ᠴᠣᠭᠴᠠᠵᠢᠭᠤᠯᠤᠭᠰᠠᠨ ᠠᠵᠢᠯᠯᠠᠭ᠎ᠠ ᠵᠢ ᠦᠨᠡᠨ ᠬᠦ᠌ ᠪᠠᠲᠤᠯᠠᠵᠤ᠂ ᠰᠢᠨᠵᠢᠯᠡᠭᠡᠨ᠎ᠤ ᠰᠠᠯᠠᠭ᠎ᠠ ᠵᠢᠨ ᠪᠥᠯᠦᠭᠵᠢᠯ᠎ᠤᠨ ᠪᠠᠶ᠋ᠢᠭᠤᠯᠤᠯᠲᠠ ᠵᠢᠨ ᠡᠯ᠎ᠡ ᠵᠦᠢ᠍ᠯ᠎ᠤᠨ ᠡᠭᠦᠷᠭᠡ ᠵᠢ ᠨᠠᠷᠢᠨ ᠬᠢᠨᠠᠮᠠᠭ᠋ᠠᠢ ᠨᠠᠶ᠋ᠢᠳᠠᠪᠤᠷᠢᠵᠢᠭᠤᠯᠬᠤ ᠵᠢ ᠦᠨᠡᠨ ᠬᠦ᠌  ᠪᠠᠲᠤᠯᠠᠬᠤ ᠬᠡᠷᠡᠭᠲᠡᠢ᠃
      ᠳᠥᠷᠪᠡᠳᠦᠭᠡᠷ ᠬᠡᠰᠡᠭ᠎ᠤᠨ ᠰᠢᠨᠵᠢᠯᠡᠭᠡᠨ᠎ᠤ ᠰᠠᠯᠠᠭ᠎ᠠ ᠵᠢᠨ ᠪᠥᠯᠦᠭᠵᠢᠯ᠎ᠤᠨ ᠪᠠᠶ᠋ᠢᠭᠤᠯᠤᠯᠲᠠ ᠵᠢ ᠵᠣᠬᠢᠶᠠᠨ ᠪᠠᠶ᠋ᠢᠭᠤᠯᠤᠨ ᠬᠡᠷᠡᠭᠵᠢᠭᠦᠯᠬᠦ᠎ᠳᠤ᠂ ᠭᠣᠣᠯᠳᠠᠭᠤ ᠵᠣᠬᠢᠶᠠᠨ ᠪᠠᠶ᠋ᠢᠭᠤᠯᠤᠯᠲᠠ ᠵᠢᠨ ᠤᠳᠤᠷᠢᠳᠤᠯᠭ᠎ᠠ ᠵᠢ ᠴᠢᠩᠭ᠋ᠠᠳᠬᠠᠬᠤ᠂ ᠨᠥᠬᠥᠴᠡᠯ᠎ᠤᠨ ᠪᠠᠲᠤᠯᠠᠭ᠎ᠠ ᠵᠢ ᠴᠢᠩᠭ᠋ᠠᠳᠬᠠᠬᠤ᠂ ᠰᠠᠶ᠋ᠢᠨ ᠰᠠᠶ᠋ᠢᠬᠠᠨ ᠠᠭᠤᠷ ᠠᠮᠢᠰᠬᠤᠯ᠎ᠢ ᠪᠣᠢ ᠪᠣᠯᠭ᠋ᠠᠬᠤ ᠵᠡᠷᠭᠡ ᠭᠤᠷᠪᠠᠨ ᠲᠠᠯ᠎ᠠ᠎ᠪᠠᠷ ᠪᠣᠳᠠᠲᠠᠢ ᠱᠠᠭ᠋ᠠᠷᠳᠠᠯᠭ᠎ᠠ ᠳᠤᠷᠠᠳᠪᠠ᠃ ᠶᠡᠬᠡ ᠳᠡᠭᠡᠳᠦ ᠰᠤᠷᠭ᠋ᠠᠭᠤᠯᠢ ᠡᠷᠳᠡᠮ ᠰᠢᠨᠵᠢᠯᠡᠭᠡᠨ᠎ᠤ ᠺᠣᠮᠢᠰ᠎ᠤᠨ ᠦᠢ᠍ᠯᠡᠳᠦᠯ᠎ᠢ ᠪᠠᠳᠠᠷᠠᠭᠤᠯᠵᠤ᠂ ᠰᠢᠨᠵᠢᠯᠡᠭᠡᠨ᠎ᠤ ᠰᠠᠯᠠᠭ᠎ᠠ ᠵᠢᠨ ᠪᠥᠯᠦᠭᠵᠢᠯ᠎ᠤᠨ ᠪᠠᠶ᠋ᠢᠭᠤᠯᠤᠯᠲᠠ ᠵᠢᠨ ᠲᠥᠰᠦᠯ ᠵᠡᠷᠭᠡ ᠵᠢ ᠭᠦᠢ᠍ᠴᠡᠳ ᠨᠣᠲᠠᠯᠠᠬᠤ ᠬᠡᠷᠡᠭᠲᠡᠢ; ᠰᠢᠨᠵᠢᠯᠡᠭᠡᠨ᠎ᠤ ᠰᠠᠯᠠᠭ᠎ᠠ ᠵᠢᠨ ᠪᠥᠯᠦᠭᠵᠢᠯ᠎ᠤᠨ ᠪᠠᠶ᠋ᠢᠭᠤᠯᠤᠯᠲᠠ ᠵᠢᠨ ᠲᠤᠰᠬᠠᠢ ᠵᠦᠢ᠍ᠯ᠎ᠢ ᠪᠠᠶ᠋ᠢᠭᠤᠯᠵᠤ᠂ ᠰᠢᠨᠵᠢᠯᠡᠭᠡᠨ᠎ᠤ ᠰᠠᠯᠠᠭ᠎ᠠ ᠵᠢᠨ ᠪᠥᠯᠦᠭᠵᠢᠯ᠎ᠤᠨ ᠪᠠᠶ᠋ᠢᠭᠤᠯᠤᠯᠲᠠ᠎ᠳᠤ ᠬᠡᠷᠡᠭᠰᠡᠬᠦ ᠵᠠᠷᠤᠳᠠᠯ᠎ᠢ  ᠪᠠᠲᠤᠯᠠᠬᠤ ᠬᠡᠷᠡᠭᠲᠡᠢ; ᠰᠢᠨᠵᠢᠯᠡᠭᠡᠨ᠎ᠤ ᠰᠠᠯᠠᠭ᠎ᠠ ᠠᠯᠤᠰᠯᠠᠨ ᠡᠷᠳᠡᠮ ᠰᠢᠨᠵᠢᠯᠡᠭᠡᠨ᠎ᠤ ᠰᠣᠯᠢᠯᠴᠠᠭ᠎ᠠ ᠬᠢᠬᠦ ᠨᠡᠷᠡᠲᠦ ᠲᠡᠮᠳᠡᠭᠲᠦ ᠵᠢ ᠪᠠᠶ᠋ᠢᠭᠤᠯᠵᠤ᠂ ᠰᠢᠨᠵᠢᠯᠡᠭᠡᠨ᠎ᠤ  ᠰᠠᠯᠠᠭ᠋ᠠᠨ᠎ᠤ ᠰᠣᠯᠪᠢᠴᠠᠯ᠎ᠢ ᠰᠠᠨᠠᠭ᠋ᠠᠴᠢᠯᠠᠭ᠎ᠠ᠎ᠠᠴᠠ᠎ᠪᠠᠨ ᠥᠷᠨᠢᠭᠦᠯᠬᠦ ᠰᠠᠶ᠋ᠢᠨ ᠰᠠᠶ᠋ᠢᠬᠠᠨ ᠠᠭᠤᠷ ᠠᠮᠢᠰᠬᠤᠯ᠎ᠢ ᠪᠣᠢ ᠪᠣᠯᠭ᠋ᠠᠬᠤ ᠬᠡᠷᠡᠭᠲᠡᠢ᠃
      ᠭᠤᠷᠪᠠ᠂ 《ᠵᠢᠯᠣᠭᠣᠳᠬᠤ ᠰᠠᠨᠠᠯ》᠎ᠢ ᠨᠠᠶ᠋ᠢᠳᠠᠪᠤᠷᠢᠵᠢᠭᠤᠯᠤᠨ ᠦᠷ᠎ᠡ ᠪᠦᠲᠦᠮᠵᠢ ᠣᠯᠬᠤ  ᠵᠢ ᠶᠠᠭ᠋ᠠᠬᠢᠵᠤ ᠠᠬᠢᠭᠤᠯᠤᠭᠰᠠᠨ ᠪᠤᠢ?
      ᠬᠠᠷᠢᠭᠤᠯᠲᠠ᠄ ᠨᠢᠭᠡ᠎ᠳᠤ᠂ ᠲᠥᠷᠥ ᠵᠢᠨ ᠪᠣᠳᠣᠯᠭ᠎ᠠ ᠵᠢᠨ ᠤᠬᠠᠭᠤᠯᠭ᠎ᠠ ᠵᠢ ᠰᠠᠶ᠋ᠢᠲᠤᠷ ᠬᠢᠪᠡ᠃ ᠠᠯᠪᠠᠨ ᠰᠦᠯᠵᠢᠶ᠎ᠡ ᠪᠠ ᠠᠯᠪᠠᠨ ᠸᠢᠴᠠᠲ᠎ᠤᠨ ᠣᠯᠠᠨ ᠨᠡᠢ᠌ᠲᠡ ᠵᠢᠨ ᠳ᠋ᠤᠭ᠋ᠠᠷ᠎ᠲᠤ ᠨᠡᠶ᠋ᠢᠲᠡᠯᠡᠬᠦ᠂ ᠲᠥᠷᠥ ᠵᠢᠨ ᠪᠣᠳᠣᠯᠭ᠎ᠠ           ᠵᠢᠨ ᠲᠠᠶ᠋ᠢᠯᠤᠮᠵᠢ ᠵᠢᠨ ᠬᠤᠷᠠᠯ ᠬᠤᠷᠠᠯᠳᠤᠭᠤᠯᠬᠤ᠂ ᠪᠠᠶ᠋ᠢᠴᠠᠭ᠋ᠠᠨ ᠰᠤᠳᠤᠯᠵᠤ ᠶᠠᠷᠢᠯᠴᠠᠬᠤ ᠵᠡᠷᠭᠡ ᠣᠯᠠᠨ ᠵᠦᠢ᠍ᠯ᠎ᠤᠨ ᠬᠡᠯᠪᠡᠷᠢ᠎ᠪᠠᠷ ᠳᠠᠮᠵᠢᠭᠤᠯᠤᠨ᠂ 《ᠵᠢᠯᠣᠭᠣᠳᠬᠤ ᠰᠠᠨᠠᠯ》᠎ᠤᠨ ᠭᠣᠣᠯ ᠠᠭᠤᠯᠭ᠎ᠠ ᠵᠢ ᠢᠳᠡᠪᠬᠢᠲᠡᠢ ᠤᠬᠠᠭᠤᠯᠵᠤ᠂           ᠶᠡᠬᠡ ᠳᠡᠭᠡᠳᠦ ᠰᠤᠷᠭ᠋ᠠᠭᠤᠯᠢ ᠵᠢᠨ ᠲᠥᠷᠥ ᠵᠢᠨ ᠪᠣᠳᠣᠯᠭ᠎ᠠ ᠵᠢᠨ ᠲᠤᠬᠠᠢ ᠣᠶ᠋ᠢᠯᠠᠭ᠋ᠠᠯᠲᠠ ᠵᠢ ᠭᠦᠨᠵᠡᠭᠡᠢ᠌ᠷᠡᠭᠦᠯᠪᠡ᠃ ᠬᠣᠶᠠᠷ᠎ᠲᠤ᠂ ᠲᠥᠷᠥ ᠵᠢᠨ ᠪᠣᠳᠣᠯᠭ᠎ᠠ ᠵᠢᠨ ᠨᠠᠶ᠋ᠢᠳᠠᠪᠤᠷᠢᠵᠢᠭᠤᠯᠤᠯᠲᠠ ᠵᠢ ᠠᠬᠢᠭᠤᠯᠪᠠ᠃ ᠶᠡᠬᠡ ᠳᠡᠭᠡᠳᠦ ᠰᠤᠷᠭ᠋ᠠᠭᠤᠯᠢ ᠵᠢ ᠵᠢᠯᠣᠭᠣᠳᠤᠨ 《ᠵᠢᠯᠣᠭᠣᠳᠬᠤ ᠰᠠᠨᠠᠯ》᠎ᠲᠤ ᠲᠣᠳᠣᠷᠬᠠᠶ᠋ᠢᠯᠠᠭᠰᠠᠨ 5 ᠵᠦᠢ᠍ᠯ ᠎ᠤᠨ ᠠᠵᠢᠯᠯᠠᠭ᠎ᠠ ᠵᠢᠨ ᠬᠠᠮᠢᠶᠠᠷᠤᠯᠲᠠ ᠵᠢᠨ ᠲᠣᠭᠲᠠᠴᠠ ᠶᠣᠰᠤᠭ᠋ᠠᠷ᠂ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ᠎ᠳᠤ ᠲᠣᠭᠲᠠᠭ᠋ᠠᠭᠰᠠᠨ ᠰᠢᠨᠵᠢᠯᠡᠭᠡᠨ᠎ᠤ ᠰᠠᠯᠠᠭ᠎ᠠ ᠵᠢᠨ ᠪᠥᠯᠦᠭᠵᠢᠯ᠎ᠤᠨ ᠪᠠᠶ᠋ᠢᠭᠤᠯᠤᠯᠲᠠ ᠵᠢᠨ ᠲᠥᠰᠦᠯ᠎ᠢ ᠮᠡᠳᠡᠭᠦᠯᠵᠦ᠂ ᠵᠠᠰᠠᠪᠤᠷᠢ ᠣᠷᠣᠭᠤᠯᠬᠤ ᠵᠢᠨ ᠬᠠᠮᠲᠤ ᠪᠠᠶ᠋ᠢᠭᠤᠯᠬᠤ ᠲᠥᠰᠦᠯ᠎ᠢ ᠬᠢᠨᠠᠨ ᠪᠠᠢ᠌ᠴᠠᠭ᠋ᠠᠯᠭ᠋ᠠᠨ᠎ᠠ᠃ ᠭᠤᠷᠪᠠ᠎ᠳᠤ᠂ ᠬᠢᠷᠢ ᠪᠦᠲᠦᠮᠵᠢ ᠵᠢᠨ ᠦᠨᠡᠯᠡᠯᠲᠡ ᠵᠢ ᠥᠷᠨᠢᠭᠦᠯᠪᠡ᠃ ᠲᠥᠷᠦᠯ ᠵᠦᠢ᠍ᠯ᠎ᠢ ᠲᠣᠭᠲᠠᠭ᠋ᠠᠭ᠋ᠠᠳ ᠪᠦᠬᠦᠯᠢ 3 ᠵᠢᠯ ᠪᠣᠯᠤᠭᠰᠠᠨ ᠥᠪᠡᠷᠲᠡᠭᠡᠨ ᠵᠠᠰᠠᠬᠤ ᠣᠷᠣᠨ᠎ᠤ ᠳᠡᠰ᠎ᠤᠨ ᠰᠢᠨᠵᠢᠯᠡᠭᠡᠨ᠎ᠤ ᠰᠠᠯᠠᠭ᠎ᠠ ᠵᠢᠨ ᠪᠥᠯᠦᠭᠵᠢᠯ᠎ᠤᠨ ᠠᠵᠢᠯ᠎ᠤᠨ ᠬᠢᠷᠢ ᠪᠦᠲᠦᠮᠵᠢ ᠵᠢ ᠦᠨᠡᠯᠡᠵᠦ᠂ ᠪᠡᠶᠡᠯᠡᠭᠦᠯᠦᠭᠰᠡᠨ᠎ᠨᠢ ᠬᠦᠴᠦᠨ᠎ᠲᠠᠢ᠂ ᠠᠬᠢᠴᠠ᠎ᠨᠢ ᠰᠠᠶ᠋ᠢᠨ ᠰᠢᠨᠵᠢᠯᠡᠭᠡᠨ᠎ᠤ ᠰᠠᠯᠠᠭ᠎ᠠ ᠵᠢᠨ ᠪᠥᠯᠦᠭᠵᠢᠯ᠎ᠢ ᠳᠡᠮᠵᠢᠬᠦ ᠡᠷᠴᠢᠮ ᠵᠶ᠋ᠡᠨ ᠴᠢᠩᠭ᠋ᠠᠷᠠᠭᠤᠯᠪᠠ; ᠪᠡᠶᠡᠯᠡᠭᠦᠯᠦᠭᠰᠡᠨ᠎ᠨᠢ ᠬᠦᠴᠦᠨ ᠦᠭᠡᠢ᠂ ᠠᠬᠢᠴᠠ᠎ᠨᠢ ᠤᠳᠠᠭ᠋ᠠᠨ  ᠰᠢᠨᠵᠢᠯᠡᠭᠡᠨ᠎ᠤ ᠰᠠᠯᠠᠭ᠎ᠠ ᠵᠢᠨ ᠪᠥᠯᠦᠭᠵᠢᠯ᠎ᠢ ᠴᠡᠭᠴᠡᠯᠡᠨ ᠥᠭᠡᠷᠡᠴᠢᠯᠡᠬᠦ᠎ᠪᠠᠷ ᠰᠢᠪᠠᠳᠠᠭᠤᠯᠵᠤ᠂  ᠵᠠᠷᠤᠳᠠᠯ᠎ᠢ ᠬᠢᠨᠠᠵᠤ ᠬᠠᠰᠤᠪᠠ᠃


ᠢᠷᠡᠯᠲᠡ᠄ ᠥᠪᠥᠷ ᠮᠣᠩᠭᠤᠯ᠎ᠤᠨ ᠦᠪᠡᠷᠲᠡᠭᠡᠨ ᠵᠠᠰᠠᠬᠤ ᠣᠷᠣᠨ᠎ᠤ ᠰᠣᠷᠭ᠋ᠠᠨ ᠬᠦᠮᠦᠵᠢᠯ᠎ᠤᠨ ᠲᠢᠩᠬᠡᠮ
          
ᠬᠠᠮᠢᠶ᠎ᠡ ᠪᠦᠬᠦᠢ ᠰᠣᠨᠢᠨ
 
             蒙ICP备05000248号