ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠤᠷᠭᠠᠨ ᠬᠦᠮᠦᠵᠢᠯ᠎ᠤᠨ ᠬᠠᠨᠲᠤᠯᠭ᠎ᠠ
ᠰᠣᠨᠤᠷ᠎ᠤᠨ ᠲᠠᠪᠴᠠᠩ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠢᠯᠡ ᠵᠠᠰᠠᠭ   -   ᠲᠥᠷᠥ᠎ᠶᠢᠨ ᠪᠣᠳᠣᠯᠭ᠎ᠠ᠎ᠶᠢᠨ ᠲᠠᠶ᠋ᠢᠯᠤᠮᠵᠢ
ᠠᠵᠢᠯ ᠠᠯᠳᠠᠭᠰᠠᠨ ᠳᠠᠭ᠋ᠠᠳᠬᠠᠯ᠎ᠤᠨ ᠮᠥᠩᠭᠦ ᠠᠪᠴᠤ ᠥᠩᠭᠡᠷᠡᠭᠰᠡᠨ ᠪᠣᠯ ᠬᠤᠶ᠋ᠢᠰᠢ᠎ᠳᠠᠬᠢ ᠨᠠᠰᠤᠵᠢᠯ᠎ᠤᠨ ᠠᠰᠠᠷᠠᠮᠵᠢ ᠵᠢᠨ ᠮᠥᠩᠭᠦ ᠵᠢ ᠨᠥᠯᠥᠭᠡᠯᠡᠬᠦ ᠤᠤ?
ᠨᠡᠶ᠋ᠢᠲᠡᠯᠡᠭᠰᠡᠨ ᠴᠠᠭ᠄ 2024-05-24

      ᠬᠦᠳᠡᠯᠮᠦᠷᠢᠴᠢᠳ  ᠠᠵᠢᠯ᠎ᠤᠨ ᠪᠠᠶ᠋ᠢᠷᠢᠨ᠎ᠳᠤ ᠪᠠᠶ᠋ᠢᠬᠤ ᠬᠤᠭᠤᠴᠠᠭ᠋ᠠᠨ᠎ᠳᠤ᠎ᠪᠠᠨ ᠠᠵᠢᠯ ᠠᠯᠳᠠᠭᠰᠠᠳ᠎ᠤᠨ ᠳᠠᠭ᠋ᠠᠳᠬᠠᠯ᠎ᠳᠤ ᠣᠷᠣᠯᠴᠠᠵᠤ᠂ ᠠᠵᠢᠯ ᠠᠯᠳᠠᠭᠰᠠᠨ᠎ᠤ ᠳᠠᠷᠠᠭ᠎ᠠ ᠬᠤᠯᠪᠣᠭᠳᠠᠯ ᠪᠦᠬᠦᠢ ᠨᠥᠬᠦᠴᠡᠯ᠎ᠳᠤ ᠨᠡᠶ᠋ᠢᠴᠡᠭᠰᠡᠨ ᠪᠠᠶ᠋ᠢᠪᠠᠯ᠂ ᠠᠵᠢᠯ ᠠᠯᠳᠠᠭᠰᠠᠨ ᠳᠠᠭ᠋ᠠᠳᠬᠠᠯ᠎ᠤᠨ ᠮᠥᠩᠭᠦ ᠠᠪᠴᠤ ᠪᠣᠯᠣᠨ᠎ᠠ᠃


      ᠭᠤᠶᠤᠴᠢᠯᠠᠨ ᠠᠪᠬᠤ ᠨᠥᠬᠦᠴᠡᠯ ᠵᠢᠴᠢ ᠪᠠᠷᠢᠮᠵᠢᠶ᠎ᠠ
      1 ᠵᠢᠯ᠎ᠠᠴᠠ ᠳᠡᠭᠡᠭᠰᠢ ᠳᠠᠭ᠋ᠠᠳᠬᠠᠯ᠎ᠤᠨ ᠰᠦᠢ᠍ᠳᠬᠡᠯ ᠲᠤᠰᠢᠶᠠᠭᠰᠠᠨ ᠪᠠᠶ᠋ᠢᠬᠤ
      ᠲᠤᠰ ᠬᠥᠮᠥᠨ᠎ᠤ  ᠰᠠᠨᠠᠭ᠋ᠠᠨ᠎ᠠᠴᠠ ᠪᠤᠰᠤ ᠰᠢᠯᠲᠠᠭ᠋ᠠᠨ ᠵᠶ᠋ᠠᠷ ᠠᠵᠢᠯ ᠵᠶ᠋ᠠᠨ ᠲᠠᠰᠤᠯᠳᠠᠭᠤᠯᠤᠭᠰᠠᠨ
      ᠬᠥᠮᠥᠨ ᠬᠡᠷᠡᠭᠯᠡᠬᠦ ᠨᠢᠭᠡᠴᠢ ᠪᠠ ᠬᠤᠪᠢ ᠬᠥᠮᠥᠨ ᠳᠠᠭ᠋ᠠᠳᠬᠠᠯ᠎ᠤᠨ ᠰᠦᠢ᠍ᠳᠬᠡᠯ ᠲᠤᠰᠢᠶᠠᠭ᠋ᠠᠳ ᠨᠡᠶ᠋ᠢᠲᠡ ᠪᠦᠬᠦᠯᠢ 1 ᠵᠢᠯ ᠪᠣᠯᠣᠭᠰᠠᠨ ᠪᠣᠯᠪᠠᠴᠤ 5 ᠵᠢᠯ ᠪᠣᠯᠤᠭ᠎ᠠ ᠦᠭᠡᠢ ᠪᠣᠯ ᠬᠠᠮᠤᠭ ᠤᠷᠲᠤ᠎ᠳᠤ᠎ᠪᠠᠨ 12 ᠰᠠᠷ᠎ᠠ ᠠᠵᠢᠯ ᠠᠯᠳᠠᠭᠰᠠᠨ ᠳᠠᠭ᠋ᠠᠳᠬᠠᠯ᠎ᠤᠨ ᠮᠥᠩᠭᠦ ᠠᠪᠴᠤ ᠪᠣᠯᠣᠨ᠎ᠠ; ᠰᠦᠢ᠍ᠳᠬᠡᠯ ᠲᠤᠰᠢᠶᠠᠭ᠋ᠠᠳ ᠨᠡᠶ᠋ᠢᠲᠡ ᠪᠦᠬᠦᠯᠢ 5 ᠵᠢᠯ ᠪᠣᠯᠤᠭᠰᠠᠨ ᠪᠣᠯᠪᠠᠴᠤ 10 ᠵᠢᠯ ᠪᠣᠯᠤᠭ᠎ᠠ ᠦᠭᠡᠢ ᠪᠣᠯ ᠬᠠᠮᠤᠭ ᠤᠷᠲᠤ᠎ᠳᠤ᠎ᠪᠠᠨ 18 ᠰᠠᠷ᠎ᠠ ᠠᠵᠢᠯ ᠠᠯᠳᠠᠭᠰᠠᠨ ᠳᠠᠭ᠋ᠠᠳᠬᠠᠯ᠎ᠤᠨ ᠮᠥᠩᠭᠦ ᠠᠪᠴᠤ ᠪᠣᠯᠣᠨ᠎ᠠ; ᠨᠡᠶ᠋ᠢᠲᠡ 10 ᠵᠢᠯ᠎ᠠᠴᠠ ᠳᠡᠭᠡᠭᠰᠢ ᠰᠦᠢ᠍ᠳᠬᠡᠯ ᠲᠤᠰᠢᠶᠠᠭᠰᠠᠨ ᠪᠣᠯ ᠬᠠᠮᠤᠭ ᠤᠷᠲᠤ᠎ᠳᠤ᠎ᠪᠠᠨ 24 ᠰᠠᠷ᠎ᠠ ᠠᠵᠢᠯ ᠠᠯᠳᠠᠭᠰᠠᠨ ᠳᠠᠭ᠋ᠠᠳᠬᠠᠯ᠎ᠤᠨ ᠮᠥᠩᠭᠦ ᠠᠪᠴᠤ ᠪᠣᠯᠣᠨ᠎ᠠ᠃ 
      ᠪᠢ ᠠᠵᠢᠯ ᠠᠯᠳᠠᠭᠰᠠᠨ ᠳᠠᠭ᠋ᠠᠳᠬᠠᠯ᠎ᠤᠨ ᠮᠥᠩᠭᠦ ᠠᠪᠴᠤ ᠥᠩᠭᠡᠷᠡᠵᠡᠢ᠂ ᠬᠤᠶ᠋ᠢᠰᠢ᠎ᠳᠠᠬᠢ ᠨᠠᠰᠤᠵᠢᠯ᠎ᠤᠨ  ᠠᠰᠠᠷᠠᠮᠵᠢ ᠵᠢᠨ  ᠮᠥᠩᠭᠦ ᠵᠢ ᠨᠥᠯᠥᠭᠡᠯᠡᠬᠦ ᠦᠦ?
      ᠠᠵᠢᠯ᠎ᠠᠴᠠ᠎ᠪᠠᠨ ᠠᠮᠠᠷᠠᠭᠰᠠᠨ ᠠᠵᠢᠯᠲᠠᠨ᠎ᠤ ᠨᠠᠰᠤᠵᠢᠯ᠎ᠤᠨ  ᠠᠰᠠᠷᠠᠮᠵᠢ ᠵᠢᠨ  ᠮᠥᠩᠭᠦ ᠵᠢ ᠪᠣᠳᠣᠬᠤ᠎ᠳᠤ᠂ ᠰᠦᠢ᠍ᠳᠬᠡᠯ ᠲᠤᠰᠢᠶᠠᠬᠤ ᠰᠠᠭᠤᠷᠢ ᠲᠤᠭ᠎ᠠ᠂ ᠰᠦᠢ᠍ᠳᠬᠡᠯ ᠲᠤᠰᠢᠶᠠᠬᠤ ᠬᠠᠷᠢᠴᠠᠯ᠂ ᠰᠦᠢ᠍ᠳᠬᠡᠯ ᠲᠤᠰᠢᠶᠠᠭᠰᠠᠨ ᠬᠤᠭᠤᠴᠠᠭ᠎ᠠ ᠬᠢᠭᠡᠳ ᠠᠵᠢᠯ᠎ᠠᠴᠠ᠎ᠪᠠᠨ  ᠠᠮᠠᠷᠠᠬᠤ᠎ᠠᠴᠠ  ᠡᠮᠦᠨᠡᠬᠢ  ᠨᠢᠭᠡ ᠵᠢᠯ᠎ᠤᠨ ᠠᠵᠢᠯᠯᠠᠵᠤ ᠪᠠᠶ᠋ᠢᠭ᠎ᠠ ᠠᠵᠢᠯᠲᠠᠨ᠎ᠤ ᠰᠠᠷ᠎ᠠ ᠵᠢᠨ ᠳᠤᠮᠳᠠᠴᠢ ᠴᠠᠯᠢᠩ ᠵᠡᠷᠭᠡ ᠬᠦᠴᠦᠨ ᠵᠦᠢ᠍ᠯ᠎ᠤᠳ᠎ᠲᠠᠢ  ᠬᠤᠯᠪᠣᠭᠳᠠᠵᠤ᠂ ᠠᠵᠢᠯ ᠠᠯᠳᠠᠭᠰᠠᠨ ᠳᠠᠭ᠋ᠠᠳᠬᠠᠯ᠎ᠤᠨ ᠮᠥᠩᠭᠦ ᠠᠪᠤᠭᠰᠠᠨ ᠡᠰᠡᠬᠦ᠎ᠲᠠᠢ  ᠬᠤᠯᠪᠣᠭᠳᠠᠬᠤ  ᠦᠭᠡᠢ᠃
      ᠠᠵᠢᠯ ᠠᠯᠳᠠᠭᠰᠠᠳ ᠬᠡᠷᠪᠡ ᠨᠡᠶ᠋ᠢᠭᠡᠮ᠎ᠤᠨ ᠳᠠᠭ᠋ᠠᠳᠬᠠᠯ᠎ᠤᠨ ᠰᠦᠢ᠍ᠳᠬᠡᠯ ᠲᠤᠰᠢᠶᠠᠬᠤ᠎ᠪᠠᠨ ᠲᠠᠰᠤᠯᠳᠠᠭᠤᠯᠬᠤ ᠦᠭᠡᠢ ᠭᠡᠪᠡᠯ ᠬᠤᠪᠢ ᠬᠥᠮᠥᠨ᠎ᠤ ᠬᠢᠷᠢ ᠭᠡᠮ ᠵᠶ᠋ᠠᠷ  ᠦᠨᠳᠦᠰᠦᠨ ᠨᠠᠰᠤᠵᠢᠯ᠎ᠤᠨ ᠳᠠᠭ᠋ᠠᠳᠬᠠᠯ᠎ᠤᠨ ᠰᠦᠢ᠍ᠳᠬᠡᠯ᠎ᠢ  ᠲᠤᠰᠢᠶᠠᠵᠤ ᠪᠣᠯᠣᠨ᠎ᠠ
      ᠬᠠᠮᠢᠶ᠎ᠠ ᠪᠦᠬᠦᠢ ᠪᠢᠴᠢᠭ ᠮᠠᠲ᠋ᠧᠷᠢᠶᠠᠯ᠎ᠤᠨ ᠲᠣᠭᠲᠠᠭ᠋ᠠᠯ᠎ᠢ ᠦᠨᠳᠦᠰᠦᠯᠡᠪᠡᠯ ᠂  ᠠᠵᠢᠯ ᠠᠯᠳᠠᠭᠰᠠᠳ ᠠᠵᠢᠯ ᠠᠯᠳᠠᠭᠰᠠᠨ ᠳᠠᠭ᠋ᠠᠳᠬᠠᠯ᠎ᠤᠨ ᠮᠥᠩᠭᠦ ᠠᠪᠬᠤ ᠬᠤᠭᠤᠴᠠᠭ᠋ᠠᠨ᠎ᠳᠤ᠎ᠪᠠᠨ ᠬᠤᠪᠢ ᠬᠥᠮᠥᠨ᠎ᠤ ᠬᠢᠷᠢ ᠭᠡᠮ ᠵᠶ᠋ᠠᠷ  ᠦᠨᠳᠦᠰᠦᠨ ᠨᠠᠰᠤᠵᠢᠯ᠎ᠤᠨ ᠳᠠᠭ᠋ᠠᠳᠬᠠᠯ᠎ᠤᠨ ᠰᠦᠢ᠍ᠳᠬᠡᠯ ᠲᠤᠰᠢᠶᠠᠵᠤ ᠪᠣᠯᠣᠨ᠎ᠠ᠂ ᠠᠵᠢᠯ ᠠᠯᠳᠠᠭᠰᠠᠨ ᠳᠠᠭ᠋ᠠᠳᠬᠠᠯ᠎ᠤᠨ ᠮᠥᠩᠭᠦ ᠵᠢ  ᠬᠠᠤᠯᠢ ᠶᠣᠰᠣᠭ᠋ᠠᠷ ᠠᠪᠬᠤ᠎ᠪᠠᠨ  ᠵᠣᠭᠰᠤᠭ᠋ᠠᠬᠤ ᠬᠡᠷᠡᠭᠲᠡᠢ ᠪᠠᠶ᠋ᠢᠳᠠᠯ ᠭᠠᠷᠤᠭᠰᠠᠨ ᠦᠭᠡᠢ  ᠪᠠᠶ᠋ᠢᠪᠠᠯ  ᠭᠠᠷᠳᠠᠨ  ᠭᠦᠢ᠍ᠴᠡᠳᠬᠡᠬᠦ ᠪᠠᠶ᠋ᠢᠭᠤᠯᠤᠮᠵᠢ᠎ᠨᠢ ᠠᠵᠢᠯ ᠠᠯᠳᠠᠭᠰᠠᠨ ᠳᠠᠭ᠋ᠠᠳᠬᠠᠯ᠎ᠤᠨ ᠣᠯᠭᠤᠮᠵᠢ ᠵᠢ᠎ᠨᠢ ᠵᠣᠭᠰᠣᠭ᠋ᠠᠵᠤ ᠪᠣᠯᠬᠤ ᠦᠭᠡᠢ᠃
      ᠲᠤᠬᠠᠶ᠋ᠢᠯᠠᠪᠠᠯ᠂ ᠠᠵᠢᠯ  ᠠᠯᠳᠠᠭᠰᠠᠨ  ᠳᠠᠭ᠋ᠠᠳᠬᠠᠯ᠎ᠤᠨ ᠮᠥᠩᠭᠦ ᠠᠪᠬᠤ᠎ᠨᠢ ᠠᠵᠢᠯ ᠠᠯᠳᠠᠭᠰᠠᠳ᠎ᠤᠨ ᠬᠤᠪᠢ ᠬᠥᠮᠥᠨ᠎ᠤ ᠬᠢᠷᠢ ᠭᠡᠮ ᠵᠶ᠋ᠠᠷ  ᠨᠠᠰᠤᠵᠢᠯ᠎ᠤᠨ ᠳᠠᠭ᠋ᠠᠳᠬᠠᠯ᠎ᠤᠨ ᠰᠦᠢ᠍ᠳᠬᠡᠯ᠎ᠢ  ᠦᠷᠭᠦᠯᠵᠢᠯᠡᠨ ᠲᠤᠰᠢᠶᠠᠬᠤ ᠵᠢ ᠨᠥᠯᠥᠭᠡᠯᠡᠬᠦ ᠦᠭᠡᠢ ᠪᠥᠭᠡᠳ ᠬᠤᠪᠢ ᠬᠥᠮᠥᠨ᠎ᠤ ᠬᠢᠷᠢ ᠭᠡᠮ ᠵᠶ᠋ᠠᠷ  ᠨᠠᠰᠤᠵᠢᠯ᠎ᠤᠨ ᠳᠠᠭ᠋ᠠᠳᠬᠠᠯ᠎ᠳᠤ ᠣᠷᠣᠯᠴᠠᠭᠰᠠᠨ᠎ᠠᠴᠠ ᠪᠣᠯᠵᠤ ᠠᠵᠢᠯ ᠠᠯᠳᠠᠭᠰᠠᠳ᠎ᠤᠨ ᠳᠠᠭ᠋ᠠᠳᠬᠠᠯ᠎ᠤᠨ ᠣᠯᠭᠤᠮᠵᠢ ᠣᠯᠭᠤᠬᠤ ᠵᠢ ᠵᠣᠭᠰᠤᠭ᠋ᠠᠬᠤ ᠦᠭᠡᠢ ᠶᠤᠮ᠃ 
      ᠲᠡᠭᠡᠪᠡᠯ ᠠᠵᠢᠯ ᠠᠯᠳᠠᠭᠰᠠᠨ ᠬᠤᠭᠤᠴᠠᠭ᠋ᠠᠨ᠎ᠳᠤ ᠨᠠᠰᠤᠵᠢᠯ᠎ᠤᠨ ᠳᠠᠭ᠋ᠠᠳᠬᠠᠯ᠎ᠤᠨ ᠰᠦᠢ᠍ᠳᠬᠡᠯ ᠲᠤᠰᠢᠶᠠᠬᠤ᠎ᠪᠠᠨ  ᠲᠠᠰᠤᠯᠳᠠᠭᠤᠯᠬᠤ᠎ᠠᠴᠠ ᠬᠡᠷᠬᠢᠨ ᠵᠠᠶ᠋ᠢᠯᠠᠰᠬᠢᠬᠤ ᠪᠤᠢ ?
      ᠠᠵᠢᠯ ᠠᠯᠳᠠᠭᠰᠠᠳ ᠠᠵᠢᠯ ᠠᠯᠳᠠᠭᠰᠠᠨ ᠳᠠᠭ᠋ᠠᠳᠬᠠᠯ᠎ᠤᠨ ᠮᠥᠩᠭᠦ  ᠠᠪᠬᠤ  ᠬᠤᠭᠤᠴᠠᠭ᠋ᠠᠨ ᠎ᠳᠤ  ᠠᠵᠢᠯ ᠠᠯᠳᠠᠭᠰᠠᠳ᠎ᠤᠨ ᠳᠠᠭ᠋ᠠᠳᠬᠠᠯ᠎ᠢ ᠭᠠᠷᠳᠠᠨ  ᠭᠦᠢ᠍ᠴᠡᠳᠬᠡᠬᠦ  ᠪᠠᠶ᠋ᠢᠭᠤᠯᠤᠮᠵᠢ᠎ᠨᠢ ᠲᠡᠭᠦᠨ᠎ᠳᠤ  ᠦᠨᠳᠦᠰᠦᠨ  ᠡᠮᠴᠢᠯᠡᠭᠡᠨ᠎ᠤ  ᠳᠠᠭ᠋ᠠᠳᠬᠠᠯ (  ᠦᠷᠡᠵᠢᠯ᠎ᠤᠨ ᠳᠠᠭ᠋ᠠᠳᠬᠠᠯ  ᠪᠠᠭᠲᠠᠨ᠎ᠠ)᠎ᠤᠨ ᠰᠦᠢ᠍ᠳᠬᠡᠯ᠎ᠢ  ᠣᠷᠣᠯᠠᠨ ᠲᠤᠰᠢᠶᠠᠵᠤ           ᠥᠭᠭᠦᠨ᠎ᠡ᠃ ᠬᠤᠪᠢ ᠬᠥᠮᠥᠨ ᠠᠮᠢᠳᠤᠯᠢᠭ ᠵᠶ᠋ᠠᠷ ᠠᠵᠢᠯ ᠣᠯᠣᠭᠰᠠᠳ᠎ᠤᠨ  ᠬᠢᠷᠢ ᠭᠡᠮ ᠵᠶ᠋ᠠᠷ  ᠬᠤᠲᠠ ᠪᠠᠯᠭ᠋ᠠᠰᠤᠨ᠎ᠤ ᠠᠵᠢᠯᠲᠠᠨ ᠠᠵᠢᠯᠴᠢᠨ᠎ᠤ ᠦᠨᠳᠦᠰᠦᠨ ᠨᠠᠰᠤᠵᠢᠯ᠎ᠤᠨ ᠳᠠᠭ᠋ᠠᠳᠬᠠᠯ᠎ᠤᠨ  ᠰᠦᠢ᠍ᠳᠬᠡᠯ ᠲᠤᠰᠢᠶᠠᠵᠤ᠂  ᠲᠤᠰᠢᠶᠠᠬᠤ᠎ᠪᠠᠨ  ᠲᠠᠰᠤᠯᠳᠠᠭᠤᠯᠬᠤ᠎ᠠᠴᠠ  ᠵᠠᠶ᠋ᠢᠯᠠᠰᠬᠢᠵᠤ ᠪᠣᠯᠣᠨ᠎ᠠ᠃
      ᠠᠵᠢᠯ ᠠᠯᠳᠠᠭᠰᠠᠳ  ᠠᠵᠢᠯ ᠠᠯᠳᠠᠭᠰᠠᠨ ᠳᠠᠭ᠋ᠠᠳᠬᠠᠯ᠎ᠤᠨ ᠮᠥᠩᠭᠦ ᠠᠪᠬᠤ  ᠬᠤᠭᠤᠴᠠᠭ᠋ᠠᠨ ᠎ᠳᠤ ᠬᠤᠪᠢ ᠬᠦᠮᠦᠨ᠎ᠤ ᠬᠢᠷᠢ ᠭᠡᠮ ᠵᠶ᠋ᠠᠷ  ᠦᠨᠳᠦᠰᠦᠨ  ᠨᠠᠰᠤᠵᠢᠯ᠎ᠤᠨ ᠳᠠᠭ᠋ᠠᠳᠬᠠᠯ᠎ᠤᠨ  ᠰᠦᠢ᠍ᠳᠬᠡᠯ ᠲᠤᠰᠢᠶᠠᠬᠤ᠎ᠨᠢ ᠲᠡᠭᠦᠨ᠎ᠤ ᠠᠵᠢᠯ ᠠᠯᠳᠠᠭᠰᠠᠳ᠎ᠤᠨ ᠳᠠᠭ᠋ᠠᠳᠬᠠᠯ᠎ᠤᠨ ᠣᠯᠭᠤᠮᠵᠢ ᠬᠦᠷᠲᠡᠬᠦ ᠵᠢ ᠨᠦᠯᠦᠭᠡᠯᠡᠬᠦ ᠦᠭᠡᠢ  ᠶᠤᠮ ᠃
      ᠡᠷᠦᠬᠡ ᠠᠮᠠ ᠵᠢᠨ ᠳᠠᠩᠰᠠ  ᠪᠠᠶ᠋ᠢᠭ᠎ᠠ ᠭᠠᠵᠠᠷ᠎ᠲᠤ᠎ᠪᠠᠨ ᠠᠵᠢᠯ ᠠᠯᠳᠠᠭᠰᠠᠨ ᠳᠠᠭ᠋ᠠᠳᠬᠠᠯ᠎ᠤᠨ ᠮᠥᠩᠭᠦ  ᠠᠪᠤᠭᠰᠠᠨ ᠪᠣᠯ ᠨᠠᠰᠤᠵᠢᠯ᠎ᠤᠨ ᠳᠠᠭ᠋ᠠᠳᠬᠠᠯ᠎ᠢ  ᠡᠷᠬᠡᠪᠰᠢ ᠡᠷᠦᠬᠡ ᠠᠮᠠ ᠵᠢᠨ ᠳᠠᠩᠰᠠ  ᠪᠠᠶ᠋ᠢᠭ᠎ᠠ ᠭᠠᠵᠠᠷ᠎ᠲᠤ᠎ᠪᠠᠨ  ᠬᠠᠮᠲᠤ  ᠰᠢᠯᠵᠢᠭᠦᠯᠬᠦ  ᠬᠡᠷᠡᠭᠲᠡᠢ ᠤᠤ?
      ᠴᠢᠬᠤᠯᠠ ᠦᠭᠡᠢ ᠂ 《  ᠠᠵᠢᠯ  ᠠᠯᠳᠠᠭᠰᠠᠳ᠎ᠤᠨ  ᠳᠠᠭ᠋ᠠᠳᠬᠠᠯ᠎ᠤᠨ ᠬᠠᠷᠢᠴᠠᠭ᠎ᠠ ᠵᠢ ᠮᠤᠵᠢ ᠠᠯᠤᠰᠯᠠᠨ ᠰᠢᠯᠵᠢᠭᠦᠯᠦᠨ ᠦᠷᠭᠦᠯᠵᠢᠯᠡᠭᠦᠯᠬᠦ ᠲᠤᠬᠠᠢ ᠮᠡᠳᠡᠭᠳᠡᠯ 》᠎ᠳᠤ᠂ ᠳᠠᠭ᠋ᠠᠳᠬᠠᠯ᠎ᠳᠤ  ᠣᠷᠣᠯᠴᠠᠭᠰᠠᠨ  ᠠᠵᠢᠯ  ᠠᠯᠳᠠᠭᠰᠠᠳ  ᠠᠵᠢᠯ ᠠᠯᠳᠠᠭᠰᠠᠨ  ᠳᠠᠭ᠋ᠠᠳᠬᠠᠯ᠎ᠤᠨ ᠮᠥᠩᠭᠦ ᠠᠪᠬᠤ ᠨᠥᠬᠦᠴᠡᠯ᠎ᠳᠤ ᠨᠡᠶ᠋ᠢᠴᠡᠭᠰᠡᠨ ᠪᠠᠶ᠋ᠢᠪᠠᠯ᠂ ᠬᠠᠮᠤᠭ ᠡᠴᠦᠰ᠎ᠲᠤ ᠳᠠᠭ᠋ᠠᠳᠬᠠᠯ᠎ᠳᠤ ᠣᠷᠣᠯᠴᠠᠭᠰᠠᠨ ᠭᠠᠵᠠᠷ᠎ᠲᠤ ᠎ᠪᠠᠨ  ᠠᠵᠢᠯ  ᠠᠯᠳᠠᠭᠰᠠᠨ ᠳᠠᠭ᠋ᠠᠳᠬᠠᠯ᠎ᠤᠨ ᠮᠥᠩᠭᠦ  ᠵᠢᠴᠢ ᠪᠤᠰᠤᠳ ᠬᠠᠮᠢᠶ᠎ᠠ ᠪᠦᠬᠦᠢ ᠣᠯᠭᠤᠮᠵᠢ ᠭᠤᠶᠤᠴᠢᠯᠠᠵᠤ ᠪᠣᠯᠣᠨ᠎ᠠ᠂ ᠪᠠᠰᠠ ᠡᠷᠦᠬᠡ ᠠᠮᠠ ᠵᠢᠨ  ᠳᠠᠩᠰᠠ  ᠪᠠᠶ᠋ᠢᠭ᠎ᠠ ᠭᠠᠵᠠᠷ᠎ᠲᠤ᠎ᠪᠠᠨ  ᠪᠤᠴᠠᠵᠤ ᠭᠤᠶᠤᠴᠢᠯᠠᠨ ᠠᠪᠬᠤ ᠵᠢ  ᠰᠣᠩᠭᠤᠵᠤ ᠪᠣᠯᠣᠨ᠎ᠠ  ᠭᠡᠵᠦ ᠲᠣᠳᠣᠷᠬᠠᠢ ᠲᠣᠭᠲᠠᠭ᠋ᠠᠵᠠᠢ᠃
      ᠣᠯᠭᠤᠮᠵᠢ ᠣᠯᠭᠤᠬᠤ  ᠬᠤᠭᠤᠴᠠᠭ᠋ᠠᠨ᠎ᠳᠤ ᠣᠯᠭᠤᠬᠤ ᠭᠠᠵᠠᠷ᠎ᠢ ᠳᠤᠮᠳᠠ᠎ᠠᠴᠠ᠎ᠨᠢ  ᠬᠤᠪᠢᠷᠠᠭᠤᠯᠵᠤ ᠪᠣᠯᠬᠤ ᠦᠭᠡᠢ!
      ᠣᠳᠣᠬᠠᠨ᠎ᠳᠤ᠂ ᠤᠯᠤᠰ᠎ᠠᠴᠠ ᠠᠵᠢᠯ ᠠᠯᠳᠠᠭᠰᠠᠳ᠎ᠤᠨ  ᠳᠠᠭ᠋ᠠᠳᠬᠠᠯ᠎ᠤᠨ ᠬᠠᠷᠢᠴᠠᠭ᠎ᠠ ᠵᠢ ᠰᠢᠯᠵᠢᠭᠦᠯᠬᠦ ᠦᠶ᠎ᠡ᠎ᠳᠤ  ᠨᠠᠰᠤᠵᠢᠯ᠎ᠤᠨ ᠳᠠᠭ᠋ᠠᠳᠬᠠᠯ᠎ᠤᠨ ᠬᠠᠷᠢᠴᠠᠭ᠎ᠠ ᠵᠢ  ᠬᠠᠮᠲᠤ᠎ᠳᠤ᠎ᠨᠢ  ᠰᠢᠯᠵᠢᠭᠦᠯᠦᠨ  ᠭᠦᠢ᠍ᠴᠡᠳᠬᠡᠬᠦ ᠲᠠᠯ᠎ᠠ᠎ᠪᠠᠷ ᠨᠢᠭᠡᠳᠦᠯᠲᠡᠢ ᠱᠠᠭ᠋ᠠᠷᠳᠠᠯᠭ᠎ᠠ  ᠳᠤᠷᠠᠳᠤᠭᠰᠠᠨ ᠦᠭᠡᠢ᠂ ᠡᠷᠦᠬᠡ ᠠᠮᠠ ᠵᠢᠨ ᠳᠠᠩᠰᠠ  ᠪᠠᠶ᠋ᠢᠭ᠎ᠠ  ᠭᠠᠵᠠᠷ᠎ᠠᠴᠠ᠎ᠪᠠᠨ  ᠠᠵᠢᠯ ᠠᠯᠳᠠᠭᠰᠠᠨ ᠳᠠᠭ᠋ᠠᠳᠬᠠᠯ᠎ᠤᠨ ᠮᠥᠩᠭᠦ ᠠᠪᠬᠤ ᠦᠶ᠎ᠡ᠎ᠳᠤ  ᠵᠦᠪᠬᠡᠨ  ᠠᠵᠢᠯ ᠠᠯᠳᠠᠭᠰᠠᠳ᠎ᠤᠨ  ᠳᠠᠭ᠋ᠠᠳᠬᠠᠯ᠎ᠤᠨ ᠬᠠᠷᠢᠴᠠᠭ᠎ᠠ ᠵᠢ  ᠰᠢᠯᠵᠢᠭᠦᠯᠦᠨ  ᠭᠦᠢ᠍ᠴᠡᠳᠬᠡᠬᠦ ᠴᠢᠬᠤᠯᠠᠲᠠᠢ᠃ 
      ᠠᠵᠢᠯ ᠠᠯᠳᠠᠭᠰᠠᠨ ᠵᠶ᠋ᠠᠨ ᠳᠠᠩᠰᠠᠯᠠᠨ  ᠲᠡᠮᠳᠡᠭᠯᠡᠭᠦᠯᠪᠡᠯ  ᠠᠮᠢᠳᠤᠯᠢᠭ ᠵᠶ᠋ᠠᠷ ᠠᠵᠢᠯ ᠣᠯᠣᠭᠰᠠᠳ᠎ᠤᠨ  ᠬᠢᠷᠢ ᠭᠡᠮ ᠵᠶ᠋ᠠᠷ ᠠᠵᠢᠯᠲᠠᠨ ᠠᠵᠢᠯᠴᠢᠨ᠎ᠤ ᠨᠠᠰᠤᠵᠢᠯ᠎ᠤᠨ ᠳᠠᠭ᠋ᠠᠳᠬᠠᠯ᠎ᠳᠤ ᠣᠷᠣᠯᠴᠠᠬᠤ ᠵᠢ ᠨᠦᠯᠦᠭᠡᠯᠡᠨ᠎ᠡ ᠦᠦ?
      ᠣᠳᠣ ᠵᠢᠨ ᠬᠡᠷᠡᠭᠵᠢᠭᠦᠯᠵᠦ ᠪᠠᠶ᠋ᠢᠭ᠎ᠠ ᠬᠤᠯᠪᠣᠭᠳᠠᠯ ᠪᠦᠬᠦᠢ ᠲᠥᠷᠥ ᠵᠢᠨ ᠪᠣᠳᠣᠯᠭ᠎ᠠ ᠵᠢᠨ ᠲᠣᠭᠲᠠᠭ᠋ᠠᠯ ᠶᠣᠰᠣᠭ᠋ᠠᠷ  ᠪᠣᠯ ᠂ ᠳᠠᠭ᠋ᠠᠳᠬᠠᠯ᠎ᠳᠤ ᠣᠷᠣᠯᠴᠠᠭᠰᠠᠳ ᠠᠵᠢᠯ ᠠᠯᠳᠠᠭᠰᠠᠨ ᠳᠠᠭ᠋ᠠᠳᠬᠠᠯ ᠎ᠤᠨ ᠮᠥᠩᠭᠦ  ᠪᠤᠶᠤ ᠠᠵᠢᠯ ᠠᠯᠳᠠᠭᠰᠠᠳ᠎ᠤᠨ  ᠨᠥᠬᠦᠪᠦᠷᠢ ᠮᠥᠩᠭᠦ ᠠᠪᠬᠤ ᠬᠤᠭᠤᠴᠠᠭ᠋ᠠᠨ᠎ᠳᠤ᠂ ᠠᠮᠢᠳᠤᠯᠢᠭ ᠵᠶ᠋ᠠᠷ ᠠᠵᠢᠯ ᠣᠯᠣᠭᠰᠠᠳ᠎ᠤᠨ  ᠬᠢᠷᠢ ᠭᠡᠮ ᠵᠶ᠋ᠠᠷ  ᠬᠤᠪᠢ ᠬᠥᠮᠥᠨ ᠠᠵᠤ ᠠᠬᠤᠶ᠋ᠢᠯᠠᠯ᠎ᠤᠨ ᠠᠵᠢᠯᠲᠠᠨ ᠠᠵᠢᠯᠴᠢᠨ᠎ᠤ ᠦᠨᠳᠦᠰᠦᠨ ᠨᠠᠰᠤᠵᠢᠯ᠎ᠤᠨ ᠳᠠᠭ᠋ᠠᠳᠬᠠᠯ᠎ᠤᠨ ᠰᠦᠢ᠍ᠳᠬᠡᠯ ᠲᠤᠰᠢᠶᠠᠵᠤ ᠪᠣᠯᠣᠨ᠎ᠠ᠃
      ᠠᠰᠠᠭᠤᠯᠲᠠ ᠄ ᠠᠵᠢᠯ ᠠᠯᠳᠠᠭᠰᠠᠨ᠎ᠤ ᠳᠠᠷᠠᠭ᠎ᠠ  ᠠᠵᠢᠯ ᠠᠯᠳᠠᠭᠰᠠᠨ ᠳᠠᠭ᠋ᠠᠳᠬᠠᠯ᠎ᠤᠨ ᠮᠥᠩᠭᠦ ᠠᠪᠬᠤ᠎ᠳᠤ ᠴᠠᠭ᠎ᠤᠨ  ᠬᠢᠵᠠᠭ᠋ᠠᠷ᠎ᠲᠠᠢ ᠦᠦ ?
      ᠬᠠᠷᠢᠭᠤᠯᠲᠠ ᠄  ᠠᠪᠬᠤ ᠨᠥᠬᠦᠴᠡᠯ᠎ᠳᠤ ᠨᠡᠶ᠋ᠢᠴᠡᠪᠡᠯ ᠳᠠᠷᠤᠢ  ᠭᠤᠶᠤᠴᠢᠯᠠᠨ ᠠᠪᠴᠤ ᠪᠣᠯᠣᠨ᠎ᠠ ᠂ ᠴᠠᠭ᠎ᠤᠨ  ᠬᠢᠵᠠᠭ᠋ᠠᠷ  ᠪᠠᠶ᠋ᠢᠬᠤ ᠦᠭᠡᠢ᠃
      ᠠᠰᠠᠭᠤᠯᠲᠠ ᠄ ᠠᠵᠢᠯ  ᠠᠯᠳᠠᠭᠰᠠᠨ  ᠳᠠᠭ᠋ᠠᠳᠬᠠᠯ᠎ᠤᠨ ᠮᠥᠩᠭᠦ ᠵᠢ ᠤᠳᠠᠭ᠎ᠠ ᠪᠦᠷᠢ ᠬᠠᠮᠤᠭ ᠠᠷᠪᠢᠨ᠎ᠳᠤ᠎ᠪᠠᠨ 24 ᠰᠠᠷ᠎ᠠ ᠠᠪᠴᠤ ᠪᠣᠯᠬᠤ ᠶᠤᠮ ᠦᠦ ? ᠡᠰᠡᠬᠦᠯ᠎ᠡ ᠨᠠᠰᠤᠨ ᠲᠤᠷᠰᠢᠲᠠ ᠬᠠᠮᠤᠭ ᠠᠷᠪᠢᠨ᠎ᠳᠤ᠎ᠪᠠᠨ 24 ᠰᠠᠷ᠎ᠠ ᠠᠪᠴᠤ ᠪᠣᠯᠬᠤ ᠶᠤᠮ ᠦᠦ ?
      ᠬᠠᠷᠢᠭᠤᠯᠲᠠ ᠄ ᠠᠵᠢᠯ ᠠᠯᠳᠠᠭᠰᠠᠨ ᠳᠠᠭ᠋ᠠᠳᠬᠠᠯ᠎ᠤᠨ ᠮᠥᠩᠭᠦ ᠵᠢ ᠤᠳᠠᠭ᠎ᠠ ᠪᠦᠷᠢ ᠬᠠᠮᠤᠭ᠎ᠤᠨ ᠤᠷᠲᠤ᠎ᠳᠤ᠎ᠪᠠᠨ 24 ᠰᠠᠷ᠎ᠠ ᠠᠪᠴᠤ ᠪᠣᠯᠣᠨ᠎ᠠ᠂ ᠳᠠᠬᠢᠵᠤ ᠠᠵᠢᠯ ᠣᠯᠣᠭᠰᠠᠨ  ᠬᠤᠶ᠋ᠢᠨ᠎ᠠ  ᠳᠠᠬᠢᠨᠲᠠ ᠠᠵᠢᠯ ᠠᠯᠳᠠᠭᠰᠠᠨ ᠪᠣᠯ᠂ ᠰᠦᠢ᠍ᠳᠬᠡᠯ ᠲᠤᠰᠢᠶᠠᠭᠰᠠᠨ ᠴᠠᠭ᠎ᠢ ᠳᠠᠬᠢᠨ ᠰᠢᠨ᠎ᠡ᠎ᠪᠠᠷ ᠪᠣᠳᠣᠨ᠎ᠠ᠂ ᠬᠡᠷᠪᠡ ᠨᠥᠬᠦᠴᠡᠯ᠎ᠳᠤ ᠨᠡᠶ᠋ᠢᠴᠡᠪᠡᠯ ᠠᠵᠢᠯ ᠠᠯᠳᠠᠭᠰᠠᠨ ᠳᠠᠭ᠋ᠠᠳᠬᠠᠯ᠎ᠤᠨ ᠮᠥᠩᠭᠦ ᠵᠢ  ᠦᠷᠭᠦᠯᠵᠢᠯᠡᠨ ᠭᠤᠶᠤᠴᠢᠯᠠᠨ ᠠᠪᠴᠤ ᠪᠣᠯᠣᠨ᠎ᠠ᠃


 

ᠢᠷᠡᠯᠲᠡ᠄ ᠥᠪᠥᠷ ᠮᠣᠩᠭᠤᠯ᠎ᠤᠨ ᠵᠠᠰᠠᠭ᠎ᠤᠨ ᠣᠷᠳᠣᠨ
          
ᠬᠠᠮᠢᠶ᠎ᠡ ᠪᠦᠬᠦᠢ ᠰᠣᠨᠢᠨ
 
             蒙ICP备05000248号