5 ᠳ᠋ᠤᠭ᠋ᠠᠷ ᠰᠠᠷ᠎ᠠ ᠵᠢᠨ 15᠎ᠤ ᠡᠳᠦᠷ᠎ᠠᠴᠠ ᠡᠬᠢᠯᠡᠨ᠂ ᠮᠠᠨ᠎ᠤ ᠤᠯᠤᠰ ᠭᠠᠳᠠᠭ᠋ᠠᠳᠤ ᠵᠢᠨ ᠵᠢᠭᠤᠯᠴᠢᠯᠠᠯ᠎ᠤᠨ ᠪᠦᠯᠬᠦᠮ᠎ᠤᠨ ᠬᠥᠯᠭᠡ ᠣᠩᠭᠤᠴᠠ᠎ᠪᠠᠷ ᠬᠢᠯᠢ ᠣᠷᠣᠬᠤ᠎ᠳᠤ ᠸᠢᠰᠠ᠎ᠠᠴᠠ ᠬᠡᠯᠲᠦᠷᠢᠭᠦᠯᠬᠦ ᠲᠥᠷᠥ ᠵᠢᠨ ᠪᠣᠳᠣᠯᠭ᠎ᠠ ᠵᠢ ᠪᠦᠬᠦ ᠲᠠᠯ᠎ᠠ᠎ᠪᠠᠷ ᠬᠡᠷᠡᠭᠵᠢᠭᠦᠯᠪᠡ᠃ ᠬᠥᠯᠭᠡ ᠣᠩᠭᠤᠴᠠ᠎ᠪᠠᠷ ᠳᠤᠮᠳᠠᠳᠤ ᠤᠯᠤᠰ᠎ᠲᠤ ᠢᠷᠡᠵᠦ᠂ ᠬᠢᠯᠢ ᠵᠢᠨ ᠳᠣᠲᠣᠷᠠᠬᠢ ᠵᠢᠭᠤᠯᠴᠢᠯᠠᠯ᠎ᠤᠨ ᠭᠠᠵᠠᠷ ᠵᠣᠬᠢᠶᠠᠨ ᠪᠠᠶ᠋ᠢᠭᠤᠯᠵᠤ ᠬᠦᠯᠢᠶᠡᠨ ᠠᠪᠤᠭᠰᠠᠨ ᠭᠠᠳᠠᠭ᠋ᠠᠳᠤ ᠵᠢᠨ ᠵᠢᠭᠤᠯᠴᠢᠯᠠᠯ᠎ᠤᠨ ᠪᠦᠯᠬᠦᠮ (2 ᠬᠥᠮᠥᠨ ᠵᠢᠴᠢ ᠲᠡᠭᠦᠨ᠎ᠠᠴᠠ ᠳᠡᠭᠡᠭᠰᠢ)᠎ᠨᠢ ᠲᠢᠶᠠᠨᠵᠢᠨ᠂ ᠳ᠋ᠠᠯᠢᠶᠠᠨ᠂ ᠱᠠᠩᠬᠠᠢ᠂ ᠴᠢᠩᠳᠣᠣ ᠵᠡᠷᠭᠡ 13 ᠬᠤᠳᠠ ᠵᠢᠨ ᠬᠥᠯᠭᠡ ᠣᠩᠭᠤᠴᠠᠨ᠎ᠤ ᠪᠣᠭᠤᠮᠲᠠ᠎ᠪᠠᠷ ᠸᠢᠰᠠ ᠬᠡᠷᠡᠭᠰᠡᠬᠦ ᠦᠭᠡᠢ᠎ᠪᠠᠷ ᠪᠦᠬᠦᠯᠢ ᠪᠦᠯᠬᠦᠮ ᠵᠶ᠋ᠠᠷ ᠵᠶ᠋ᠠᠨ ᠬᠢᠯᠢ᠎ᠳᠤ ᠣᠷᠣᠵᠤ ᠪᠣᠯᠣᠨ᠎ᠠ᠂ ᠳᠤᠮᠳᠠᠳᠤ ᠤᠯᠤᠰ᠎ᠤᠨ ᠬᠢᠯᠢ ᠳᠣᠲᠣᠷ᠎ᠠ 15 ᠡᠳᠦᠷ᠎ᠠᠴᠠ ᠢᠯᠡᠭᠦᠦ ᠰᠠᠭ᠋ᠠᠲᠠᠵᠤ ᠪᠣᠯᠬᠤ ᠦᠭᠡᠢ᠃
ᠪᠥᠬᠦ ᠳᠡᠯᠡᠬᠡᠢ ᠵᠢᠨ ᠠᠵᠤ ᠠᠬᠤᠢ ᠵᠢᠨ ᠰᠡᠷᠭᠦᠯᠲᠡ ᠵᠢᠨ ᠬᠦᠴᠦᠨ ᠮᠡᠬᠦᠰᠳᠡᠵᠦ᠂ ᠲᠣᠭᠲᠠᠭᠤᠨ ᠪᠤᠰᠤ ᠴᠢᠨᠠᠷ ᠲᠣᠭᠲᠠᠭ᠋ᠠᠯᠲᠤ ᠪᠤᠰᠤ ᠴᠢᠨᠠᠷ ᠳᠡᠭᠡᠭᠰᠢᠯᠡᠵᠦ ᠪᠠᠶ᠋ᠢᠭ᠎ᠠ ᠠᠬᠤᠢ ᠪᠠᠶ᠋ᠢᠳᠠᠯ᠎ᠤᠨ ᠳᠣᠣᠷ᠎ᠠ᠂ ᠮᠠᠨ᠎ᠤ ᠤᠯᠤᠰ ᠭᠠᠳᠠᠭ᠋ᠠᠳᠤ ᠵᠢᠨ ᠵᠢᠭᠤᠯᠴᠢᠯᠠᠯ᠎ᠤᠨ ᠪᠦᠯᠬᠦᠮ᠎ᠤᠨ ᠬᠥᠯᠭᠡ ᠣᠩᠭᠤᠴᠠ᠎ᠪᠠᠷ ᠬᠢᠯᠢ᠎ᠳᠤ ᠣᠷᠣᠬᠤ᠎ᠳᠤ ᠸᠢᠰᠠ᠎ᠠᠴᠠ ᠬᠡᠯᠲᠦᠷᠢᠭᠦᠯᠬᠦ ᠲᠥᠷᠥ ᠵᠢᠨ ᠪᠣᠳᠣᠯᠭ᠎ᠠ ᠵᠢ ᠪᠥᠬᠦ ᠲᠠᠯ᠎ᠠ᠎ᠪᠠᠷ ᠬᠡᠷᠡᠭᠵᠢᠭᠦᠯᠵᠦ᠂ ᠨᠡᠭᠡᠭᠡᠯᠲᠡ ᠬᠢᠬᠦ᠂ ᠬᠠᠮᠲᠤᠷᠠᠯᠴᠠᠬᠤ᠂ ᠬᠠᠮᠲᠤ᠎ᠪᠠᠷ ᠠᠰᠢᠭ ᠭᠥᠷᠳᠡᠬᠦ ᠢᠳᠡᠪᠬᠢᠲᠡᠢ ᠳᠣᠬᠢᠶ᠎ᠠ ᠵᠢ ᠳᠠᠮᠵᠢᠭᠤᠯᠵᠤ ᠪᠠᠶ᠋ᠢᠨ᠎ᠠ᠃ ᠸᠢᠰᠠ᠎ᠠᠴᠠ ᠬᠡᠯᠲᠦᠷᠢᠭᠦᠯᠬᠦ ᠭᠡᠳᠡᠭ᠎ᠨᠢ ᠦᠵᠡᠬᠦ᠎ᠳᠤ ᠵᠦᠪᠬᠡᠨ ᠵᠠᠰᠠᠭ ᠵᠠᠬᠢᠷᠭ᠋ᠠᠨ᠎ᠤ ᠭᠠᠷ ᠭᠦᠢ᠍ᠴᠡᠳᠬᠡᠯ᠎ᠢ ᠳᠥᠭᠦᠮᠴᠢᠯᠡᠭᠰᠡᠨ ᠰᠢᠭ᠂ 《ᠪᠠᠭ᠎ᠠ ᠭᠠᠷᠳᠠᠴᠠ》 ᠪᠣᠯᠬᠤ ᠪᠣᠯᠪᠠᠴᠤ 《ᠶᠡᠭᠡ ᠡᠨᠧᠷᠭᠢ》 ᠠᠭᠤᠯᠤᠭᠳᠠᠵᠤ ᠪᠠᠶ᠋ᠢᠳᠠᠭ᠃ ᠲᠡᠷᠡ᠎ᠨᠢ ᠮᠠᠨ᠎ᠤ ᠤᠯᠤᠰ᠎ᠤᠨ ᠬᠥᠯᠭᠡ ᠣᠩᠭᠤᠴᠠᠨ᠎ᠤ ᠠᠵᠤ ᠠᠬᠤᠢ ᠪᠠ ᠬᠥᠯᠭᠡ ᠣᠩᠭᠤᠴᠠᠨ ᠤ ᠠᠵᠤ ᠦᠢ᠍ᠯᠡᠰ᠎ᠤᠨ ᠬᠥᠭᠵᠢᠯᠲᠡ ᠵᠢ ᠠᠬᠢᠭᠤᠯᠬᠤ᠎ᠳᠤ ᠠᠰᠢᠭᠲᠠᠢ ᠮᠥᠷᠲᠡᠭᠡᠨ ᠪᠠᠰᠠ ᠳᠤᠮᠳᠠᠳᠤ ᠭᠠᠳᠠᠭ᠋ᠠᠳᠤ ᠵᠢᠨ ᠬᠥᠮᠥᠰ᠎ᠤᠨ ᠰᠣᠯᠢᠯᠴᠠᠭ᠎ᠠ ᠶᠠᠪᠤᠯᠴᠠᠭ᠎ᠠ ᠵᠢ ᠠᠬᠢᠭᠤᠯᠵᠤ᠂ ᠨᠡᠩ ᠤᠯᠠᠨ ᠬᠥᠭᠵᠢᠯᠲᠡ ᠵᠢᠨ ᠠᠵᠠ ᠲᠣᠬᠢᠶᠠᠯ᠎ᠢ ᠡᠭᠦᠳᠬᠦ᠎ᠳᠤ ᠠᠰᠢᠭᠲᠠᠢ ᠶᠤᠮ᠃
ᠬᠥᠯᠭᠡ ᠣᠩᠭᠤᠴᠠᠨ᠎ᠤ ᠵᠢᠭᠤᠯᠴᠢᠯᠠᠯ᠎ᠨᠢ 《ᠳᠠᠯᠠᠢ ᠳᠡᠭᠡᠷᠡᠬᠢ ᠰᠢᠵᠢᠷ ᠠᠯᠲᠠᠨ ᠠᠵᠤ ᠦᠢ᠍ᠯᠡᠰ》 ᠬᠡᠮᠡᠭᠳᠡᠵᠦ᠂ ᠬᠤᠨᠤᠭ ᠪᠠᠭᠤᠳᠠᠯ᠂ ᠬᠤᠭᠤᠯᠠ ᠤᠮᠳᠠ᠂ ᠪᠠᠷᠠᠭ᠎ᠠ ᠬᠤᠳᠠᠯᠳᠤᠨ ᠠᠪᠬᠤ ᠵᠡᠷᠭᠡ ᠬᠡᠷᠡᠭᠯᠡᠭᠡᠨ᠎ᠤ ᠬᠡᠷᠡᠭᠴᠡᠭᠡ ᠵᠢᠴᠢ ᠭᠠᠷᠠᠮ᠎ᠤᠨ ᠦᠢ᠍ᠯᠡᠴᠢᠯᠡᠭᠡ᠂ ᠣᠩᠭᠤᠴᠠ ᠰᠠᠯ᠎ᠤᠨ ᠰᠡᠯᠪᠢᠨ ᠵᠠᠰᠠᠯᠲᠠ ᠵᠡᠷᠭᠡ ᠠᠵᠤ ᠦᠢ᠍ᠯᠡᠰ᠎ᠤᠨ ᠬᠡᠷᠡᠭᠴᠡᠭᠡ ᠵᠢ ᠬᠠᠮᠤᠷᠴᠤ᠂ ᠡᠬᠡ ᠭᠠᠷᠠᠮ᠎ᠤᠨ ᠬᠤᠲᠠ᠎ᠳᠤ ᠲᠤᠶ᠋ᠢᠯ᠎ᠤᠨ ᠴᠢᠩᠭ᠎ᠠ ᠠᠵᠤ ᠠᠬᠤᠢ ᠵᠢᠨ ᠳᠠᠶ᠋ᠢᠴᠢᠯᠠᠬᠤ ᠦᠢ᠍ᠯᠡᠳᠦᠯ᠎ᠲᠠᠢ ᠶᠤᠮ᠃ ᠣᠶ᠋ᠢᠷ᠎ᠠ ᠵᠢᠨ 10 ᠵᠢᠯ᠎ᠤᠨ ᠲᠤᠷᠰᠢ᠂ ᠣᠯᠠᠨ ᠤᠯᠤᠰ᠎ᠤᠨ ᠬᠥᠯᠭᠡ ᠣᠩᠭᠤᠴᠠᠨ᠎ᠤ ᠵᠢᠭᠤᠯᠴᠢᠯᠠᠯ᠎ᠤᠨ ᠵᠠᠬ᠎ᠠ ᠳᠡᠯᠭᠡᠭᠦᠷ ᠵᠢᠯ ᠳᠤᠮᠳᠠᠴᠢ᠎ᠪᠠᠷ 6%᠎ᠠᠴᠠ 8% ᠵᠢᠨ ᠨᠡᠮᠡᠭᠳᠡᠯ᠎ᠤᠨ ᠬᠤᠷᠳᠤᠴᠠ᠎ᠪᠠᠨ ᠪᠠᠲᠤᠯᠠᠭᠰᠠᠭ᠋ᠠᠷ ᠢᠷᠡᠵᠡᠶ᠃ ᠭᠡᠲᠡᠯ᠎ᠡ ᠥᠩᠭᠡᠷᠡᠭᠰᠡᠨ᠎ᠳᠤ ᠲᠢᠶᠠᠨᠵᠢᠨ᠂ ᠱᠠᠩᠬᠠᠢ ᠮᠡᠲᠦ ᠵᠢᠨ ᠬᠡᠪᠴᠢᠶ᠎ᠡ᠎ᠪᠠᠷ ᠨᠡᠯᠢᠶᠡᠳ ᠶᠡᠭᠡ ᠬᠥᠯᠭᠡ ᠣᠩᠭᠤᠴᠠᠨ᠎ᠤ ᠡᠬᠡ ᠭᠠᠷᠠᠮ᠎ᠠᠴᠠ ᠭᠠᠳᠠᠨ᠎ᠠ᠂ ᠬᠡᠪᠴᠢᠶ᠎ᠡ᠎ᠪᠠᠷ ᠨᠡᠯᠢᠶᠡᠳ ᠪᠠᠭ᠎ᠠ ᠬᠥᠯᠭᠡ ᠣᠩᠭᠤᠴᠠᠨ᠎ᠤ ᠵᠠᠷᠢᠮ ᠡᠬᠡ ᠭᠠᠷᠠᠮ᠎ᠨᠢ ᠲᠣᠮᠣ ᠬᠡᠯᠪᠡᠷᠢ ᠵᠢᠨ ᠣᠯᠠᠨ ᠤᠯᠤᠰ᠎ᠤᠨ ᠬᠥᠯᠭᠡ ᠣᠩᠭᠤᠴᠠᠨ᠎ᠤ ᠬᠢᠯᠢ᠎ᠪᠠᠷ ᠣᠷᠣᠵᠤ ᠵᠣᠭᠰᠣᠬᠤ ᠭᠠᠷᠠᠮ ᠪᠣᠯᠵᠤ ᠳᠡᠶ᠋ᠢᠯᠬᠦ ᠦᠭᠡᠢ ᠪᠠᠶ᠋ᠢᠵᠤ᠂ ᠵᠣᠭᠰᠣᠭᠰᠠᠨ ᠴᠤ᠌ ᠴᠠᠭ᠎ᠨᠢ ᠨᠡᠯᠢᠶᠡᠳ ᠣᠬᠤᠷ ᠪᠠᠶ᠋ᠢᠳᠠᠭ᠃ ᠵᠢᠱ᠌ᠢᠶᠡᠯᠡᠪᠡᠯ ᠭᠠᠷᠠᠮ᠎ᠳᠤ ᠣᠷᠣᠬᠤ ᠬᠥᠯᠭᠡ ᠣᠩᠭᠤᠴᠠᠨ᠎ᠤ ᠴᠢᠩᠳᠣᠣ᠎ᠳᠤ ᠵᠣᠭᠰᠣᠬᠤ ᠴᠠᠭ᠎ᠨᠢ ᠳᠤᠮᠳᠠᠴᠢ᠎ᠪᠠᠷ 1 ᠯᠡ ᠡᠳᠦᠷ ᠶᠤᠮ᠃ ᠡᠨᠡ ᠤᠳᠠᠭ᠎ᠠ ᠮᠠᠨ᠎ᠤ ᠤᠯᠤᠰ᠎ᠤᠨ ᠲᠡᠯᠡᠶ ᠳᠠᠭ᠋ᠠᠤ ᠣᠷᠣᠨ᠎ᠳᠤ ᠬᠥᠯᠭᠡ ᠣᠩᠭᠤᠴᠠᠨ᠎ᠤ ᠵᠢᠭᠤᠯᠴᠢᠯᠠᠯ᠎ᠤᠨ ᠪᠦᠯᠬᠦᠮ᠎ᠤᠨ ᠬᠢᠯᠢ᠎ᠪᠠᠷ ᠣᠷᠣᠬᠤ᠎ᠳᠤ ᠸᠢᠰᠠ᠎ᠠᠴᠠ ᠬᠡᠯᠲᠦᠷᠢᠭᠦᠯᠬᠦ ᠲᠥᠷᠥ ᠵᠢᠨ ᠪᠣᠳᠣᠯᠭ᠎ᠠ ᠵᠢ ᠪᠥᠬᠦ ᠲᠠᠯ᠎ᠠ᠎ᠪᠠᠷ ᠬᠡᠷᠡᠭᠵᠢᠭᠦᠯᠦᠭᠰᠡᠨ᠎ᠨᠢ ᠤᠯᠠᠮ᠎ᠠᠴᠠ ᠣᠯᠠᠨ ᠭᠠᠳᠠᠭ᠋ᠠᠳᠤ ᠵᠢᠨ ᠵᠢᠭᠤᠯᠴᠢᠯᠠᠭᠴᠢᠳ᠎ᠤᠨ ᠳᠤᠮᠳᠠᠳᠤ ᠤᠯᠤᠰ᠎ᠲᠤ ᠢᠷᠡᠵᠦ ᠶᠣᠰᠣ ᠵᠠᠩᠰᠢᠯ᠎ᠢ ᠣᠶ᠋ᠢᠯᠠᠭ᠋ᠠᠨ ᠮᠡᠳᠡᠷᠡᠬᠦ᠎ᠳᠤ ᠳᠦᠭᠦᠮᠯᠡᠵᠦ᠂ ᠮᠠᠨ᠎ᠤ ᠤᠯᠤᠰ᠎ᠤᠨ ᠲᠡᠯᠡᠶ ᠳᠠᠭ᠋ᠠᠤ ᠮᠤᠵᠢ ᠵᠢᠨ ᠬᠥᠯᠭᠡ ᠣᠩᠭᠤᠴᠠᠨ᠎ᠤ ᠠᠵᠤ ᠠᠬᠤᠢ ᠵᠢᠨ ᠡᠷᠴᠢᠮᠯᠢᠭ ᠬᠥᠭᠵᠢᠯᠲᠡ ᠵᠢ ᠠᠬᠢᠭᠤᠯᠬᠤ ᠪᠣᠯᠣᠨ᠎ᠠ᠃
ᠸᠢᠰᠠ᠎ᠠᠴᠠ ᠬᠡᠯᠲᠦᠷᠢᠭᠦᠯᠬᠦ ᠪᠣᠯ ᠪᠠᠰᠠ ᠴᠤ᠌ ᠳᠡᠯᠡᠬᠡᠶ᠋ᠢᠴᠢᠯᠡᠬᠦ ᠵᠣᠷᠢᠭ ᠰᠠᠨᠠᠭ᠋ᠠᠨ᠎ᠤ ᠪᠣᠳᠠᠲᠠᠢ ᠢᠯᠡᠷᠡᠯ ᠮᠥᠨ᠃ ᠬᠡᠳᠦᠢ᠎ᠪᠠᠷ ᠣᠳᠣᠬᠠᠨ᠎ᠳᠤ 《ᠰᠥᠷᠭᠡᠦ ᠳᠡᠯᠡᠬᠡᠶ᠋ᠢᠵᠢᠯ》᠎ᠤᠨ ᠳᠠᠯᠳᠠ ᠤᠷᠤᠰᠬᠠᠯ ᠪᠣᠯᠵᠤ ᠪᠠᠶ᠋ᠢᠭ᠎ᠠ ᠪᠣᠯᠪᠠᠴᠤ᠂ ᠳᠡᠯᠡᠬᠡᠢ ᠵᠢᠨ ᠪᠥᠮᠪᠥᠷᠴᠡᠭ ᠲᠣᠰᠬᠤᠨ᠎ᠤ 《ᠢᠷᠭᠡᠨ》 ᠪᠣᠯᠤᠭᠰᠠᠨ᠎ᠤ ᠬᠤᠪᠢ᠎ᠳᠤ᠂ 《ᠦᠷᠭᠦᠯᠵᠢ ᠭᠠᠳᠠᠭᠰᠢ ᠭᠠᠷᠴᠤ ᠦᠵᠡᠬᠦ》᠎ᠨᠢ ᠨᠢᠭᠡᠨᠲᠡ ᠨᠢᠭᠡ ᠵᠦᠢ᠍ᠯ᠎ᠤᠨ ᠠᠮᠢᠳᠤᠷᠠᠯ᠎ᠤᠨ ᠬᠡᠷᠡᠭᠴᠡᠭᠡ ᠪᠣᠯᠤᠭᠰᠠᠨ ᠪᠠᠶ᠋ᠢᠨ᠎ᠠ᠃ ᠪᠠᠶ᠋ᠢᠩᠭᠤ ᠶᠠᠪᠤᠯᠴᠠᠬᠤ ᠳᠤᠮᠳᠠ᠎ᠪᠠᠨ᠂ ᠬᠤᠭᠤᠷᠣ ᠬᠤᠭᠤᠷᠣᠨᠳᠤ᠎ᠪᠠᠨ ᠢᠲᠡᠭᠡᠯᠴᠡᠵᠦ᠂ ᠣᠶ᠋ᠢᠯᠠᠭ᠋ᠠᠯᠴᠠᠭ᠎ᠠ᠎ᠪᠠᠨ ᠭᠦᠨᠵᠡᠭᠡᠶ᠋ᠢᠷᠡᠭᠦᠯᠦᠨ᠂ ᠠᠷᠠᠯᠵᠢᠶ᠎ᠠ ᠬᠤᠳᠠᠯᠳᠤᠭ᠎ᠠ᠂ ᠰᠢᠨᠵᠢᠯᠡᠬᠦ ᠤᠬᠠᠭ᠋ᠠᠨ ᠮᠡᠷᠭᠡᠵᠢᠯ᠂ ᠰᠣᠶᠣᠯ ᠢᠷᠭᠡᠨᠰᠢᠯ ᠵᠡᠷᠭᠡ ᠬᠦᠷᠢᠶᠡᠨ᠎ᠳᠠᠬᠢ ᠬᠠᠮᠲᠤᠷᠠᠯᠴᠠᠭ᠎ᠠ᠎ᠪᠠᠨ ᠲᠠᠰᠤᠷᠠᠯᠲᠠ ᠦᠭᠡᠢ ᠥᠷᠭᠡᠳᠬᠡᠵᠦ ᠴᠢᠳᠠᠨ᠎ᠠ᠃ ᠨᠢᠳᠤᠨᠤᠨ᠎ᠠᠴᠠ ᠨᠠᠭ᠋ᠠᠰᠢ᠂ ᠮᠠᠨ᠎ᠤ ᠤᠯᠤᠰ ᠳᠤᠮᠳᠠᠳᠤ ᠭᠠᠳᠠᠭ᠋ᠠᠳᠤ ᠵᠢᠨ ᠨᠥᠬᠦᠷᠰᠡᠭ ᠶᠠᠪᠤᠯᠴᠠᠭ᠎ᠠ᠂ ᠬᠠᠮᠲᠤᠷᠠᠯᠴᠠᠭ᠎ᠠ ᠬᠢᠵᠦ ᠬᠠᠮᠲᠤ᠎ᠪᠠᠷ ᠠᠰᠢᠭ ᠭᠥᠷᠳᠡᠬᠦ ᠵᠢ ᠠᠬᠢᠭᠤᠯᠬᠤ ᠵᠢᠨ ᠲᠥᠯᠥᠭᠡ ᠳᠤᠮᠳᠠᠳᠤ ᠤᠯᠤᠰ᠎ᠲᠤ ᠢᠷᠡᠵᠦ ᠰᠤᠷᠤᠯᠴᠠᠬᠤ ᠵᠢ ᠬᠢᠨᠠᠨ ᠵᠥᠪᠰᠢᠶᠡᠷᠡᠬᠦ ᠭᠠᠷ ᠭᠦᠢ᠍ᠴᠡᠳᠬᠡᠯ᠎ᠢ ᠳᠥᠭᠦᠮᠴᠢᠯᠡᠬᠦ᠂ ᠬᠡᠰᠡᠭ ᠤᠯᠤᠰ᠎ᠲᠤ ᠸᠢᠰᠠ᠎ᠠᠴᠠ ᠬᠡᠯᠲᠦᠷᠢᠭᠦᠯᠬᠦ ᠲᠥᠷᠥ ᠵᠢᠨ ᠪᠣᠳᠣᠯᠭ᠎ᠠ ᠵᠢ ᠲᠤᠷᠰᠢᠨ ᠬᠡᠷᠡᠭᠵᠢᠭᠦᠯᠬᠦ ᠵᠡᠷᠭᠡ ᠵᠢ ᠪᠠᠭᠲᠠᠭ᠋ᠠᠭᠰᠠᠨ ᠸᠢᠰᠠ ᠵᠢᠨ ᠲᠥᠷᠥ ᠵᠢᠨ ᠪᠣᠳᠣᠯᠭ᠎ᠠ᠎ᠨᠤᠭᠤᠳ ᠵᠶ᠋ᠠᠨ ᠲᠠᠰᠤᠷᠠᠯᠲᠠ ᠦᠭᠡᠢ ᠰᠢᠯᠢᠳᠡᠭᠵᠢᠭᠦᠯᠦᠭᠰᠡᠨ ᠶᠤᠮ᠃
ᠭᠠᠳᠠᠭ᠋ᠠᠳᠤ ᠵᠢᠨ ᠬᠥᠮᠥᠰ᠎ᠤᠨ ᠳᠤᠮᠳᠠᠳᠤ ᠤᠯᠤᠰ᠎ᠲᠤ ᠢᠷᠡᠬᠦ᠎ᠨᠢ ᠨᠡᠮᠡᠭᠳᠡᠵᠦ᠂ ᠤᠯᠠᠮ᠎ᠠᠴᠠ ᠣᠯᠠᠨ ᠤᠯᠤᠰ᠎ᠤᠨ ᠬᠦᠮᠦᠰ ᠳᠤᠮᠳᠠᠳᠤ ᠤᠯᠤᠰ᠎ᠢ ᠨᠡᠩ ᠪᠦᠬᠦ ᠲᠠᠯ᠎ᠠ᠎ᠪᠠᠷ᠂ ᠭᠦᠨᠵᠡᠭᠡᠢ ᠣᠶ᠋ᠢᠯᠠᠭ᠋ᠠᠵᠤ ᠪᠠᠶ᠋ᠢᠨ᠎ᠠ᠃ ᠡᠨᠡ ᠵᠢᠯ᠎ᠤᠨ ᠨᠢᠭᠡᠳᠦᠭᠡᠷ ᠤᠯᠠᠷᠢᠯ᠎ᠳᠤ᠂ ᠭᠠᠳᠠᠭ᠋ᠠᠳᠤ ᠵᠢᠨ ᠬᠦᠮᠦᠰ᠎ᠤᠨ ᠳᠤᠮᠳᠠᠳᠤ ᠤᠯᠤᠰ᠎ᠲᠤ ᠢᠷᠡᠭᠰᠡᠨ ᠲᠤᠭ᠎ᠠ 2023 ᠣᠨ᠎ᠤ ᠠᠳᠠᠯᠢ ᠬᠤᠭᠤᠴᠠᠭ᠋ᠠᠨ᠎ᠤ᠎ᠬᠢ ᠠᠴᠠ 3 ᠲᠠᠬᠢᠨ ᠢᠯᠡᠭᠦᠦ ᠨᠡᠮᠡᠭᠳᠡᠵᠦ᠂ ᠮᠠᠨ᠎ᠤ ᠤᠯᠤᠰ᠎ᠤᠨ ᠰᠢᠨ᠎ᠡ᠎ᠪᠠᠷ ᠪᠠᠶ᠋ᠢᠭᠤᠯᠤᠭᠰᠠᠨ ᠭᠠᠳᠠᠭ᠋ᠠᠳᠤ ᠪᠡᠯᠡ ᠵᠢᠨ ᠠᠵᠤ ᠠᠬᠤᠶ᠋ᠢᠯᠠᠯ᠎ᠤᠨ ᠲᠤᠭ᠎ᠠ 1.2 ᠲᠦᠮᠡ᠎ᠳᠤ ᠬᠦᠷᠴᠡᠢ᠃ ᠨᠡᠭᠡᠭᠡᠯᠲᠡ᠎ᠲᠠᠢ ᠠᠰᠢᠭᠲᠠᠢ ᠲᠥᠷᠥ ᠵᠢᠨ ᠪᠣᠳᠣᠯᠭ᠎ᠠ ᠵᠢ ᠲᠠᠰᠤᠷᠠᠯᠲᠠ ᠦᠭᠡᠢ ᠬᠡᠷᠡᠭᠵᠢᠭᠦᠯᠦᠭᠰᠡᠨ᠎ᠨᠢ ᠮᠠᠨ᠎ᠤ ᠤᠯᠤᠰ᠎ᠤᠨ ᠳᠡᠯᠡᠬᠡᠢ ᠳ᠋ᠠᠬᠢᠨ᠎ᠢ ᠬᠦᠷᠢᠶᠡᠯᠡᠵᠦ ᠪᠠᠶ᠋ᠢᠭ᠎ᠠ ᠦᠨᠡᠨᠴᠢ ᠰᠡᠳᠬᠢᠯ᠎ᠢ ᠬᠠᠷᠠᠭᠤᠯᠵᠤ᠂ ᠭᠠᠳᠠᠭ᠋ᠠᠳᠤ ᠵᠢᠨ ᠬᠤᠳᠠᠯᠳᠤᠭ᠋ᠠᠴᠢᠳ᠎ᠤᠨ ᠳᠤᠮᠳᠠᠳᠤ ᠤᠯᠤᠰ᠎ᠲᠤ ᠢᠷᠡᠬᠦ ᠢᠲᠡᠭᠡᠯ᠎ᠢ ᠨᠡᠮᠡᠭᠳᠡᠭᠦᠯᠦᠭᠰᠡᠨ ᠶᠤᠮ᠃ ᠲᠦᠷᠦᠭᠦᠬᠡᠨ᠂ ᠳᠡᠯᠡᠬᠡᠢ ᠵᠢᠨ ᠨᠠᠷᠠᠲᠤ ᠬᠠᠮᠢᠶᠠᠷᠤᠯᠲᠠ ᠵᠢᠨ ᠵᠥᠪᠯᠡᠯᠭᠡ ᠵᠢᠨ ᠺᠣᠮᠫᠠᠨᠢ ᠪᠣᠯᠬᠤ ᠺᠣᠷ᠎ᠨᠢ ᠺᠣᠮᠫᠠᠨᠢ ᠵᠢᠨ ᠨᠡᠶ᠋ᠢᠲᠡᠯᠡᠭᠰᠡᠨ 2024 ᠣᠨ᠎ᠤ ᠪᠥᠬᠦ ᠳᠡᠯᠡᠬᠡᠢ ᠵᠢᠨ ᠭᠠᠳᠠᠭ᠋ᠠᠳᠤ ᠵᠢᠨ ᠬᠤᠳᠠᠯᠳᠤᠭ᠋ᠠᠴᠢᠨ᠎ᠤ ᠰᠢᠭᠤᠳ ᠪᠡᠯᠡ ᠣᠷᠣᠭᠤᠯᠤᠯᠲᠠ ᠵᠢᠨ ᠢᠲᠡᠭᠡᠯ᠎ᠤᠨ ᠢᠯᠡᠳᠬᠡᠭᠴᠢ ᠵᠢᠨ ᠮᠡᠳᠡᠭᠦᠯᠦᠯᠲᠡ᠎ᠳᠤ᠂ ᠮᠠᠨ᠎ᠤ ᠤᠯᠤᠰ᠎ᠢ ᠨᠢᠳᠤᠨᠤᠨ ᠳᠣᠯᠣᠳᠤᠭ᠋ᠠᠷ᠎ᠲᠤ ᠵᠢᠭᠰᠠᠭ᠋ᠠᠵᠤ ᠪᠠᠶ᠋ᠢᠭᠰᠠᠨ᠎ᠠᠴᠠ᠎ᠪᠠᠨ ᠥᠨᠥ ᠭᠤᠷᠪᠠᠳᠤᠭ᠋ᠠᠷ᠎ᠲᠤ ᠵᠢᠭᠰᠠᠭ᠋ᠠᠬᠤ᠎ᠪᠠᠷ ᠪᠠᠶ᠋ᠢᠨ᠎ᠠ᠃
ᠭᠡᠪᠡᠴᠦ᠂ ᠬᠢᠯᠢ᠎ᠪᠠᠷ ᠣᠷᠣᠵᠤ ᠵᠢᠭᠤᠯᠴᠢᠯᠠᠬᠤ ᠬᠥᠮᠥᠨ᠎ᠤ ᠲᠤᠭ᠎ᠠ ᠣᠯᠠᠰᠢᠷᠠᠭᠰᠠᠨ᠎ᠨᠢ ᠰᠣᠶᠣᠯ ᠵᠢᠭᠤᠯᠴᠢᠯᠠᠯ᠎ᠤᠨ ᠬᠥᠭᠵᠢᠯᠲᠡ ᠵᠢ ᠳᠠᠶ᠋ᠢᠴᠢᠯᠠᠬᠤ ᠵᠢᠨ ᠵᠡᠷᠭᠡ᠎ᠳᠤ ᠪᠠᠰᠠ ᠬᠤᠲᠠ ᠵᠢᠨ ᠬᠠᠮᠢᠶᠠᠷᠤᠯᠲᠠ ᠦᠢ᠍ᠯᠡᠴᠢᠯᠡᠭᠡ᠎ᠳᠤ ᠥᠷᠢᠰᠦᠯᠳᠦᠭᠡᠨ ᠤᠴᠠᠷᠠᠭᠤᠯᠵᠤ ᠪᠠᠶ᠋ᠢᠨ᠎ᠠ᠃ ᠳᠠᠷᠠᠭ᠋ᠠᠴᠢ᠎ᠪᠠᠷ᠂ ᠲᠦᠭᠵᠢᠷᠡᠯ ᠬᠦᠴᠢᠷᠳᠡᠯ᠎ᠢ ᠡᠮᠬᠢᠯᠡᠨ ᠡᠷᠢᠵᠦ᠂ ᠬᠢᠯᠢ᠎ᠪᠠᠷ ᠣᠷᠣᠵᠤ ᠢᠷᠡᠬᠦ ᠵᠢᠭᠤᠯᠴᠢᠯᠠᠯ᠎ᠤᠨ ᠦᠢ᠍ᠯᠡᠳᠬᠦᠨ ᠪᠠ ᠦᠢ᠍ᠯᠡᠴᠢᠯᠡᠭᠡᠨ᠎ᠤ ᠬᠠᠩᠭ᠋ᠠᠯᠭ᠎ᠠ ᠵᠢ ᠪᠠᠶᠠᠯᠢᠭᠵᠢᠭᠤᠯᠵᠤ᠂ ᠦᠵᠡᠮᠵᠢ ᠵᠢᠨ ᠣᠷᠣᠨ᠎ᠤ ᠰᠠᠭᠤᠷᠢ ᠪᠡᠯᠡᠳᠬᠡᠮᠵᠢ ᠵᠢᠨ ᠲᠦᠪᠰᠢᠨ᠎ᠢ ᠳᠡᠭᠡᠭᠰᠢᠯᠡᠭᠦᠯᠵᠦ᠂ ᠭᠠᠳᠠᠭ᠋ᠠᠳᠤ ᠵᠢᠨ ᠵᠢᠭᠤᠯᠴᠢᠯᠠᠭᠰᠠᠳ᠎ᠤᠨ ᠳᠤᠮᠳᠠᠳᠤ ᠤᠯᠤᠰ᠎ᠲᠠᠬᠢ ᠵᠢᠭᠤᠯᠴᠢᠯᠠᠯ᠎ᠢ ᠨᠡᠩ ᠤᠷᠤᠭᠰᠢᠲᠠᠢ᠂ ᠲᠠᠭ᠋ᠠᠯᠠᠮᠵᠢᠲᠠᠢ ᠪᠣᠯᠭ᠋ᠠᠨ᠎ᠠ᠃