ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠤᠷᠭᠠᠨ ᠬᠦᠮᠦᠵᠢᠯ᠎ᠤᠨ ᠬᠠᠨᠲᠤᠯᠭ᠎ᠠ
ᠰᠣᠨᠤᠷ᠎ᠤᠨ ᠲᠠᠪᠴᠠᠩ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠢᠯᠡ ᠵᠠᠰᠠᠭ   -   ᠲᠥᠷᠥ᠎ᠶᠢᠨ ᠪᠣᠳᠣᠯᠭ᠎ᠠ᠎ᠶᠢᠨ ᠲᠠᠶ᠋ᠢᠯᠤᠮᠵᠢ
ᠲᠡᠭᠦᠰᠬᠦ ᠰᠤᠷᠤᠭᠴᠢᠳ ᠳᠠᠩᠰᠠ ᠡᠪᠬᠡᠮᠡᠯ ᠵᠶ᠋ᠠᠨ ᠬᠡᠷᠬᠢᠨ ᠳᠠᠮᠵᠢᠭᠤᠯᠤᠨ ᠬᠦᠷᠭᠡᠬᠦ ᠪᠠ ᠬᠠᠳᠠᠭ᠋ᠠᠯᠠᠬᠤ ᠪᠤᠢ?
ᠨᠡᠶ᠋ᠢᠲᠡᠯᠡᠭᠰᠡᠨ ᠴᠠᠭ᠄ 2024-07-11

      ᠶᠡᠭᠡ ᠳᠡᠭᠡᠳᠦ ᠰᠤᠷᠭ᠋ᠠᠭᠤᠯᠢ ᠲᠡᠭᠦᠰᠦᠭᠰᠡᠳ᠎ᠤᠨ ᠲᠠᠩᠰᠠ ᠡᠪᠬᠡᠮᠡᠯ ᠪᠣᠯ ᠬᠤᠪᠢ ᠬᠥᠮᠥᠨ ᠎ᠤ ᠤᠯᠤᠰ ᠲᠥᠷᠥ ᠵᠢᠨ ᠳᠦᠷᠰᠦ ᠪᠠᠶ᠋ᠢᠳᠠᠯ᠂ ᠰᠤᠷᠤᠯᠴᠠᠭᠰᠠᠨ ᠥᠩᠭᠡᠷᠡᠯᠲᠡ ᠪᠠ ᠠᠵᠢᠯᠯᠠᠭᠰᠠᠨ ᠥᠩᠭᠡᠷᠡᠯᠲᠡ ᠵᠢ ᠲᠤᠰᠬᠠᠭᠰᠠᠨ ᠲᠡᠦᠬᠡ ᠵᠢᠨ ᠲᠡᠮᠳᠡᠭᠯᠡᠯ᠎ᠤᠨ ᠮᠠᠲ᠋ᠧᠷᠢᠶᠠᠯ ᠪᠣᠯᠣᠨ᠎ᠠ᠃ ᠲᠡᠩᠰᠠ ᠡᠪᠬᠡᠮᠡᠯ᠎ᠢ ᠬᠡᠷᠬᠢᠨ ᠰᠢᠯᠵᠢᠭᠦᠯᠬᠦ᠂ ᠬᠡᠨ ᠬᠠᠮᠢᠶᠠᠷᠬᠤ᠂ ᠬᠡᠷᠬᠢᠨ ᠬᠡᠷᠡᠭᠯᠡᠬᠦ  ᠪᠤᠢ? ᠣᠶ᠋ᠢᠷ᠎ᠠ᠎ᠳᠤ᠂ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠶᠠᠮᠤᠨ᠎ᠤ ᠬᠥᠮᠥᠨ᠎ᠤ ᠬᠦᠴᠦᠨ᠎ᠤ ᠡᠬᠢ ᠪᠠᠶᠠᠯᠢᠭ᠎ᠤᠨ ᠨᠡᠭᠦᠳᠡᠯ ᠬᠦᠮᠦᠰ᠎ᠤᠨ ᠬᠠᠮᠢᠶᠠᠷᠤᠯᠲᠠ ᠵᠢᠨ ᠵᠤᠷᠭ᠋ᠠᠨ᠎ᠤ ᠬᠠᠷᠢᠭᠤᠴᠠᠯᠭ᠋ᠠᠲᠠᠨ ᠨᠦᠬᠦᠷ ᠶᠡᠭᠡ ᠳᠡᠭᠡᠳᠦ ᠰᠤᠷᠭ᠋ᠠᠭᠤᠯᠢ ᠲᠡᠭᠦᠰᠦᠭᠰᠡᠳ᠎ᠤᠨ ᠨᠡᠶ᠋ᠢᠳᠡᠮ ᠠᠩᠬᠠᠷᠴᠤ ᠪᠠᠶ᠋ᠢᠭ᠎ᠠ ᠠᠰᠠᠭᠤᠳᠠᠯ᠎ᠳᠤ ᠴᠢᠭᠯᠡᠭᠦᠯᠦᠨ ᠲᠠᠶ᠋ᠢᠯᠪᠤᠷᠢ ᠬᠢᠪᠡ᠃
      ᠠᠰᠠᠭᠤᠯᠲᠠ᠄ ᠲᠠᠩᠰᠠ ᠡᠪᠬᠡᠮᠡᠯ᠎ᠨᠢ ᠶᠠᠮᠠᠷ ᠦᠢ᠍ᠯᠡᠳᠦᠯ᠎ᠲᠠᠢ ᠪᠣᠶ? 
      ᠬᠠᠷᠢᠭᠤᠯᠲᠠ᠄ ᠶᠡᠭᠡ ᠳᠡᠭᠡᠳᠦ ᠰᠤᠷᠭ᠋ᠠᠭᠤᠯᠢ ᠲᠡᠭᠦᠰᠦᠭᠰᠡᠳ᠎ᠤᠨ ᠲᠠᠩᠰᠠ ᠡᠪᠬᠡᠮᠡᠯ᠎ᠢ ᠰᠤᠷᠭ᠋ᠠᠭᠤᠯᠢ᠎ᠳᠤ ᠪᠠᠶ᠋ᠢᠬᠤ᠎ᠳᠤ᠎ᠨᠢ ᠰᠣᠷᠣᠭᠴᠢ ᠵᠢᠨ ᠲᠠᠩᠰᠠ ᠡᠪᠬᠡᠮᠡᠯ ᠭᠡᠳᠡᠭ᠃ ᠲᠡᠭᠦᠰᠦᠭᠡᠳ ᠠᠵᠢᠯᠯᠠᠭᠰᠠᠨ᠎ᠤ ᠳᠠᠷᠠᠭ᠎ᠠ ᠡᠭᠦᠨ᠎ᠤ ᠰᠠᠭᠤᠷᠢᠨ ᠳᠡᠭᠡᠷ᠎ᠡ ᠪᠣᠶ ᠪᠣᠯᠤᠭᠰᠠᠨ ᠠᠵᠢᠯᠲᠠᠨ᠎ᠤ ᠶᠠᠪᠤᠳᠠᠯ᠎ᠤᠨ ᠲᠠᠩᠰᠠ ᠡᠪᠬᠡᠮᠡᠯ᠎ᠨᠢ ᠬᠠᠮᠢᠶ᠎ᠠ ᠪᠦᠬᠦᠢ ᠰᠠᠯᠠᠭ᠎ᠠ ᠮᠥᠴᠢᠷ ᠪᠠᠶ᠋ᠢᠭᠤᠯᠤᠮᠵᠢ ᠵᠢᠨ ᠠᠵᠢᠯᠲᠠᠨ᠎ᠤ ᠶᠠᠪᠤᠳᠠᠯ᠎ᠤᠨ ᠬᠠᠮᠢᠶᠠᠷᠤᠯᠲᠠ ᠪᠠ ᠦᠢ᠍ᠯᠡᠴᠢᠯᠡᠭᠡ ᠥᠷᠨᠢᠭᠦᠯᠬᠦ ᠴᠢᠬᠤᠯᠠ ᠦᠨᠳᠦᠰᠦᠯᠡᠯ ᠮᠥᠨ᠃ ᠮᠡᠷᠭᠡᠵᠢᠯ᠎ᠤᠨ ᠴᠣᠯᠠ ᠵᠢ ᠬᠢᠨᠠᠨ ᠲᠣᠭᠲᠠᠭ᠋ᠠᠬᠤ᠂ ᠠᠯᠪᠠᠲᠠᠨ᠎ᠤ ᠰᠢᠯᠭ᠋ᠠᠯᠲᠠ᠎ᠳᠤ ᠨᠡᠷ᠎ᠡ ᠮᠡᠳᠡᠭᠦᠯᠬᠦ᠂ ᠠᠵᠢᠯ ᠦᠢ᠍ᠯᠡᠰ᠎ᠤᠨ ᠨᠢᠭᠡᠴᠢ ᠵᠢᠨ ᠢᠯᠡ᠎ᠪᠠᠷ ᠤᠷᠢᠨ ᠬᠡᠷᠡᠭᠯᠡᠬᠦ᠎ᠳᠤ ᠣᠷᠣᠯᠴᠠᠬᠤ᠂ ᠨᠠᠮ᠎ᠳᠤ ᠣᠷᠣᠬᠤ ᠤᠯᠤᠰ ᠲᠥᠷᠥ ᠵᠢᠨ ᠬᠢᠨᠠᠨ ᠪᠠᠶ᠋ᠢᠴᠠᠭ᠋ᠠᠯᠲᠠ ᠬᠢᠬᠦ᠂ ᠨᠠᠰᠤᠵᠢᠯ᠎ᠤᠨ ᠠᠰᠠᠷᠠᠮᠵᠢ ᠵᠢᠨ ᠬᠠᠷᠠᠭ᠋ᠠᠯᠵᠠᠯ᠎ᠢ ᠬᠠᠷᠭᠤᠭᠤᠯᠤᠨ ᠵᠥᠪᠰᠢᠶᠡᠷᠡᠬᠦ ᠵᠡᠷᠭᠡ ᠵᠦᠢ᠍ᠯᠡᠰ᠎ᠢ ᠭᠦᠢ᠍ᠴᠡᠳᠬᠡᠬᠦ᠎ᠳᠤ ᠴᠥᠮ ᠲᠠᠩᠰᠠ ᠡᠪᠬᠡᠮᠡᠯ᠎ᠳᠠᠬᠢ ᠬᠠᠮᠢᠶ᠎ᠠ ᠪᠦᠬᠦᠢ ᠮᠠᠲ᠋ᠧᠷᠢᠶᠠᠯ᠎ᠢ ᠬᠡᠷᠡᠭᠰᠡᠨ᠎ᠡ᠃ ᠶᠡᠭᠡ ᠳᠡᠭᠡᠳᠦ ᠰᠤᠷᠭ᠋ᠠᠭᠤᠯᠢ ᠲᠡᠭᠦᠰᠦᠭᠰᠡᠳ ᠡᠷᠬᠡᠪᠰᠢ ᠴᠢᠬᠤᠯᠠᠴᠢᠯᠠᠨ ᠦᠵᠡᠬᠦ ᠵᠢᠨ ᠬᠠᠮᠲᠤ ᠬᠤᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ ᠳᠠᠩᠰᠠ ᠡᠪᠬᠡᠮᠡᠯ ᠵᠶ᠋ᠠᠨ ᠰᠠᠶ᠋ᠢᠲᠤᠷ ᠳᠠᠮᠵᠢᠭᠤᠯᠤᠨ ᠬᠦᠷᠭᠡᠬᠦ ᠬᠡᠷᠡᠭᠲᠡᠢ᠃
      ᠠᠰᠠᠭᠤᠯᠲᠠ᠄ ᠰᠤᠷᠭ᠋ᠠᠭᠤᠯᠢ ᠲᠡᠭᠦᠰᠦᠭᠰᠡᠨ᠎ᠤ ᠲᠠᠷᠠᠭ᠎ᠠ ᠲᠠᠩᠰᠠ ᠡᠪᠬᠡᠮᠡᠯ᠎ᠢ ᠬᠠᠮᠢᠭ᠋ᠠᠰᠢ ᠰᠢᠯᠵᠢᠭᠦᠯᠬᠦ ᠪᠤᠢ? 
      ᠬᠠᠷᠢᠭᠤᠯᠲᠠ᠄ ᠬᠡᠷᠪᠡ ᠪᠠᠶ᠋ᠢᠭᠤᠯᠭ᠎ᠠ᠂ ᠤᠯᠤᠰ᠎ᠤᠨ ᠥᠮᠴᠢᠯᠡᠯ᠎ᠤᠨ ᠠᠵᠤ ᠠᠬᠤᠶ᠋ᠢᠯᠠᠯ ᠠᠵᠢᠯ ᠦᠢ᠍ᠯᠡᠰ᠎ᠤᠨ ᠨᠢᠭᠡᠴᠢ᠎ᠳᠤ ᠠᠵᠢᠯ ᠣᠯᠣᠭᠰᠠᠨ ᠪᠤᠶᠤ ᠬᠠᠨᠳᠤᠯᠭ᠎ᠠ᠎ᠲᠠᠢ᠎ᠪᠠᠷ ᠰᠤᠷᠤᠭᠴᠢ ᠡᠯᠰᠡᠵᠦ ᠠᠵᠢᠯ ᠣᠯᠣᠭᠰᠠᠨ ᠪᠠᠶ᠋ᠢᠪᠠᠯ᠂ ᠳᠠᠩᠰᠠ ᠡᠪᠬᠡᠮᠡᠯ ᠵᠶ᠋ᠠᠨ ᠠᠵᠢᠯ ᠣᠯᠣᠭᠰᠠᠨ ᠨᠢᠭᠡᠴᠢ ᠪᠤᠶᠤ ᠬᠠᠨᠳᠤᠯᠭ᠎ᠠ᠎ᠲᠠᠢ ᠨᠢᠭᠡᠴᠢ᠎ᠳᠤ ᠳᠠᠮᠵᠢᠭᠤᠯᠤᠨ ᠬᠦᠷᠭᠡᠨ᠎ᠡ᠃
      ᠨᠡᠶ᠋ᠢᠲᠡ ᠵᠢᠨ ᠥᠮᠴᠢᠯᠡᠯ᠎ᠤᠨ ᠪᠤᠰᠤ ᠨᠢᠭᠡᠴᠢ᠎ᠳᠤ ᠠᠵᠢᠯ ᠣᠯᠣᠭᠰᠠᠨ᠂ ᠠᠮᠢᠳᠤᠯᠢᠭ ᠵᠶ᠋ᠠᠷ ᠠᠵᠢᠯ ᠣᠯᠣᠭᠰᠠᠨ ᠵᠢᠴᠢ ᠪᠡᠶ᠎ᠡ᠎ᠪᠠᠨ ᠳᠠᠭ᠋ᠠᠭ᠋ᠠᠵᠤ ᠦᠢ᠍ᠯᠡᠰ ᠴᠣᠭᠴᠠᠯᠠᠭᠰᠠᠨ ᠪᠠᠶ᠋ᠢᠪᠠᠯ᠂ ᠠᠵᠢᠯ ᠣᠯᠵᠤ ᠦᠢ᠍ᠯᠡᠰ ᠴᠣᠭᠴᠠᠯᠠᠭᠰᠠᠨ ᠭᠠᠵᠠᠷ ᠪᠤᠶᠤ ᠡᠷᠦᠬᠡ ᠠᠮᠠ ᠵᠢᠨ ᠲᠠᠩᠰᠠ ᠪᠠᠶ᠋ᠢᠭ᠎ᠠ ᠭᠠᠵᠠᠷ ᠎ᠤᠨ ᠵᠶ᠋ᠠᠨ ᠣᠯᠠᠨ ᠨᠡᠶ᠋ᠢᠲᠡ᠎ᠳᠤ ᠠᠵᠢᠯ ᠣᠯᠭᠤᠬᠤ ᠴᠢᠳᠠᠪᠤᠷᠢᠲᠠᠨ᠎ᠤ ᠦᠢ᠍ᠯᠡᠴᠢᠯᠡᠭᠡᠨ᠎ᠤ ᠪᠠᠶ᠋ᠢᠭᠤᠯᠤᠮᠵᠢ᠎ᠳᠤ ᠳᠠᠮᠵᠢᠭᠤᠯᠤᠨ ᠬᠦᠷᠭᠡᠨ᠎ᠡ᠃ ᠬᠡᠳᠦ ᠶᠡᠭᠡ ᠬᠤᠳᠠ᠎ᠳᠤ ᠠᠵᠢᠯ ᠣᠯᠣᠭᠰᠠᠨ ᠪᠠᠶ᠋ᠢᠪᠠᠯ ᠪᠣᠳᠠᠲᠠᠢ ᠲᠦᠷᠦ ᠵᠢᠨ ᠪᠣᠳᠣᠯᠭ᠎ᠠ ᠵᠢ ᠲᠤᠬᠠᠢ ᠵᠢᠨ ᠭᠠᠵᠠᠷ᠎ᠤᠨ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠰᠠᠯᠠᠭ᠎ᠠ ᠮᠥᠴᠢᠷ᠎ᠠᠴᠠ ᠯᠠᠪᠯᠠᠨ ᠠᠰᠠᠭᠤᠬᠤ ᠬᠡᠷᠡᠭᠲᠡᠢ᠃
      ᠬᠠᠷᠠᠬᠠᠨ ᠠᠵᠢᠯ ᠣᠯᠣᠭ᠋ᠠᠳᠤᠢ ᠪᠣᠯ᠂ ᠥᠪᠡᠷ᠎ᠤᠨ ᠬᠦᠰᠡᠯ ᠰᠠᠨᠠᠭ᠎ᠠ᠎ᠪᠠᠨ ᠦᠨᠳᠦᠰᠦᠯᠡᠨ ᠡᠷᠦᠬᠡ ᠠᠮᠠ ᠵᠢᠨ ᠲᠠᠩᠰᠠ ᠪᠠᠶ᠋ᠢᠭ᠎ᠠ ᠭᠠᠵᠠᠷ᠎ᠤᠨ ᠣᠯᠠᠨ ᠨᠡᠶ᠋ᠢᠲᠡ᠎ᠳᠤ ᠠᠵᠢᠯ ᠣᠯᠭᠤᠬᠤ ᠴᠢᠳᠠᠪᠤᠷᠢᠲᠠᠨ᠎ᠤ ᠦᠢ᠍ᠯᠡᠴᠢᠯᠡᠭᠡᠨ᠎ᠤ ᠪᠠᠶ᠋ᠢᠭᠤᠯᠤᠮᠵᠢ᠎ᠳᠤ ᠳᠠᠮᠵᠢᠭᠤᠯᠤᠨ ᠬᠦᠷᠭᠡᠬᠦ ᠪᠤᠶᠤ ᠲᠣᠭᠲᠠᠭ᠋ᠠᠯ ᠶᠣᠰᠣᠭ᠋ᠠᠷ ᠶᠡᠭᠡ ᠳᠡᠭᠡᠳᠦ ᠰᠤᠷᠭ᠋ᠠᠭᠤᠯᠢ᠎ᠳᠤ ᠬᠤᠶᠠᠷ ᠵᠢᠯ ᠦᠯᠡᠳᠡᠭᠡᠵᠦ ᠪᠣᠯᠣᠨ᠎ᠠ᠃
      ᠠᠰᠠᠭᠤᠯᠲᠠ᠄ ᠶᠡᠭᠡ ᠳᠡᠭᠡᠳᠦ ᠰᠤᠷᠭ᠋ᠠᠭᠤᠯᠢ ᠲᠡᠭᠦᠰᠦᠭᠰᠡᠳ᠎ᠤᠨ ᠲᠠᠩᠰᠠ ᠡᠪᠬᠡᠮᠡᠯ᠎ᠢ ᠬᠡᠨ ᠬᠠᠳᠠᠭ᠋ᠠᠯᠠᠵᠤ

      ᠪᠣᠯᠬᠤ ᠪᠣᠶ? 
      ᠬᠠᠷᠢᠭᠤᠯᠲᠠ᠄ ᠠᠯᠪᠠᠨ᠎ᠤ ᠪᠤᠰᠤ ᠨᠢᠭᠡᠴᠢ᠎ᠳᠤ ᠠᠵᠢᠯ ᠣᠯᠣᠭᠰᠠᠨ ᠪᠠ ᠬᠠᠷᠠᠬᠠᠨ ᠠᠵᠢᠯ ᠣᠯᠣᠭ᠋ᠠᠳᠤᠢ ᠶᠡᠭᠡ ᠳᠡᠭᠡᠳᠦ ᠰᠤᠷᠭ᠋ᠠᠭᠤᠯᠢ ᠲᠡᠭᠦᠰᠦᠭᠰᠡᠳ᠎ᠤᠨ ᠲᠠᠩᠰᠠ ᠡᠪᠬᠡᠮᠡᠯ᠎ᠢ ᠰᠢᠶᠠᠨ᠎ᠤ ᠱᠠᠲᠤᠨ᠎ᠠᠴᠠ ᠳᠡᠭᠡᠭᠰᠢᠬᠢ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠰᠠᠯᠠᠭ᠎ᠠ ᠮᠥᠴᠢᠷ᠎ᠲᠤ ᠬᠠᠷᠢᠶᠠᠯᠠᠭᠳᠠᠬᠤ ᠣᠯᠠᠨ ᠨᠡᠶ᠋ᠢᠲᠡ᠎ᠳᠤ ᠠᠵᠢᠯ ᠣᠯᠭᠤᠬᠤ ᠴᠢᠳᠠᠪᠤᠷᠢᠲᠠᠨ᠎ᠤ ᠦᠢ᠍ᠯᠡᠴᠢᠯᠡᠭᠡᠨ᠎ᠤ ᠪᠠᠶ᠋ᠢᠭᠤᠯᠤᠮᠵᠢ ᠵᠢᠴᠢ ᠮᠤᠵᠢ ᠵᠢᠨ ᠱᠠᠲᠤᠨ᠎ᠤ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠰᠠᠯᠠᠭ᠎ᠠ ᠮᠥᠴᠢᠷ᠎ᠠᠴᠠ ᠡᠷᠬᠡ ᠣᠯᠭᠤᠭᠰᠠᠨ ᠨᠡᠭᠦᠳᠡᠯ ᠬᠥᠮᠥᠰ᠎ᠤᠨ ᠠᠵᠢᠯᠲᠠᠨ᠎ᠤ ᠶᠠᠪᠤᠳᠠᠯ᠎ᠤᠨ ᠲᠠᠩᠰᠠ ᠡᠪᠬᠡᠮᠡᠯ᠎ᠢ ᠬᠠᠮᠢᠶᠠᠷᠬᠤ ᠦᠢ᠍ᠯᠡᠴᠢᠯᠡᠭᠡᠨ ᠎ᠤ ᠪᠠᠶ᠋ᠢᠭᠤᠯᠤᠮᠵᠢ ᠵᠢ ᠪᠠᠭᠲᠠᠭ᠋ᠠᠭᠰᠠᠨ ᠲᠠᠩᠰᠠ ᠡᠪᠬᠡᠮᠡᠯ᠎ᠤᠨ ᠬᠠᠮᠢᠶᠠᠷᠤᠯᠲᠠ ᠵᠢᠨ ᠦᠢ᠍ᠯᠡᠴᠢᠯᠡᠭᠡᠨ᠎ᠤ ᠪᠠᠶ᠋ᠢᠭᠤᠯᠤᠮᠵᠢ᠎ᠳᠤ ᠬᠠᠳᠠᠭ᠋ᠠᠯᠠᠵᠤ ᠪᠣᠯᠣᠨ᠎ᠠ᠃
      ᠠᠰᠠᠭᠤᠯᠲᠠ᠄ ᠲᠠᠩᠰᠠ ᠡᠪᠬᠡᠮᠡᠯ᠎ᠢ ᠬᠡᠷᠬᠢᠨ ᠳᠠᠮᠵᠢᠭᠤᠯᠤᠨ ᠬᠦᠷᠭᠡᠬᠦ ᠪᠣᠶ? ᠶᠡᠭᠡ ᠳᠡᠭᠡᠳᠦ ᠰᠤᠷᠭ᠋ᠠᠭᠤᠯᠢ

      ᠲᠡᠭᠦᠰᠦᠭᠰᠡᠳ ᠥᠪᠡᠷᠲᠡᠭᠡᠨ ᠳᠠᠮᠵᠢᠭᠤᠯᠤᠨ ᠬᠦᠷᠭᠡᠵᠦ ᠪᠣᠯᠬᠤ ᠦᠦ? 
      ᠬᠠᠷᠢᠭᠤᠯᠲᠠ᠄ ᠳᠠᠩᠰᠠ ᠡᠪᠬᠡᠮᠡᠯ᠎ᠢ ᠬᠤᠪᠢ ᠬᠥᠮᠥᠨ ᠬᠠᠳᠠᠭ᠋ᠠᠯᠠᠬᠤ᠂ ᠠᠪᠴᠤ  ᠶᠠᠪᠤᠬᠤ ᠪᠠ ᠳᠠᠮᠵᠢᠭᠤᠯᠤᠨ ᠬᠦᠷᠭᠡᠬᠦ ᠵᠢ ᠴᠢᠩᠭ᠎ᠠ ᠴᠠᠭ᠋ᠠᠵᠠᠯᠠᠨ᠎ᠠ᠃
      ᠲᠡᠭᠦᠰᠬᠦ ᠰᠤᠷᠤᠭᠴᠢᠳ ᠰᠤᠷᠭ᠋ᠠᠭᠤᠯᠢ᠎ᠠᠴᠠ᠎ᠪᠠᠨ ᠶᠠᠪᠤᠬᠤ᠎ᠠᠴᠠ ᠡᠮᠦᠨ᠎ᠡ᠂ ᠶᠡᠭᠡ ᠳᠡᠭᠡᠳᠦ ᠰᠤᠷᠭ᠋ᠠᠭᠤᠯᠢ᠎ᠨᠤᠭᠤᠳ ᠡᠩ ᠲᠡᠷᠢᠭᠦᠨ᠎ᠳᠤ ᠲᠣᠭᠲᠠᠭ᠋ᠠᠯ ᠶᠣᠰᠣᠭ᠋ᠠᠷ ᠲᠡᠭᠦᠰᠬᠦ ᠰᠤᠷᠤᠭᠴᠢᠳ᠎ᠤᠨ ᠳᠠᠩᠰᠠᠯᠠᠯᠲᠠ ᠵᠢᠨ ᠬᠦᠰᠦᠨᠦᠭᠲᠦ᠂ ᠬᠢᠷᠢ ᠪᠦᠲᠦᠮᠵᠢ ᠵᠢᠨ ᠬᠠᠭᠤᠳᠠᠰᠤ᠂  ᠨᠠᠮ ᠪᠠ ᠡᠪᠯᠡᠯ᠎ᠤᠨ ᠵᠣᠬᠢᠶᠠᠨ ᠪᠠᠶ᠋ᠢᠭᠤᠯᠤᠯᠲᠠ᠂ ᠱᠠᠩᠨᠠᠵᠤ ᠲᠣᠷᠭ᠋ᠠᠭᠰᠠᠨ ᠲᠡᠮᠳᠡᠭᠯᠡᠯ ᠵᠡᠷᠭᠡ ᠮᠠᠲ᠋ᠧᠷᠢᠶᠠᠯ᠎ᠢ ᠡᠮᠬᠢᠯᠡᠵᠦ᠂ ᠶᠡᠭᠡ ᠳᠡᠭᠡᠳᠦ ᠰᠤᠷᠭ᠋ᠠᠭᠤᠯᠢ ᠲᠡᠭᠦᠰᠦᠭᠰᠡᠳ᠎ᠤᠨ ᠪᠦᠷᠢᠨ ᠲᠠᠩᠰᠠ ᠡᠪᠬᠡᠮᠡᠯ᠎ᠢ ᠪᠦᠷᠢᠯᠳᠦᠭᠦᠯᠬᠦ ᠬᠡᠷᠡᠭᠲᠡᠢ᠃ ᠳᠠᠷᠠᠭ᠎ᠠ᠎ᠳᠤ᠎ᠨᠢ ᠲᠡᠭᠦᠰᠬᠦ ᠰᠤᠷᠤᠭᠴᠢᠳ᠎ᠤᠨ ᠲᠠᠭᠯᠠᠭᠰᠠᠨ ᠲᠡᠭᠦᠰᠦᠭᠰᠡᠨ᠎ᠤ ᠳᠠᠷᠠᠭ᠋ᠠᠬᠢ ᠬᠠᠨᠳᠤᠰᠢ ᠵᠢ ᠳᠠᠩᠰᠠᠯᠠᠭᠤᠯᠤᠭᠰᠠᠨ ᠮᠡᠳᠡᠭᠡ ᠵᠠᠩᠭᠢ ᠵᠢ ᠦᠨᠳᠦᠰᠦᠯᠡᠨ ᠠᠵᠢᠯ᠎ᠳᠤ ᠣᠷᠣᠬᠤ ᠨᠢᠭᠡᠴᠢ ᠵᠢᠨ ᠨᠡᠷᠡᠶ᠋ᠢᠳᠦᠯ᠂ ᠳᠠᠮᠵᠢᠭᠤᠯᠤᠨ ᠬᠦᠷᠭᠡᠬᠦ ᠳ᠋ᠤᠭ᠋ᠠᠷ ᠵᠡᠷᠭᠡ ᠠᠭᠤᠯᠭ᠎ᠠ ᠵᠢ ᠲᠣᠭᠲᠠᠭ᠋ᠠᠵᠤ᠂ 《ᠳᠡᠭᠡᠳᠦ ᠵᠡᠷᠭᠡ ᠵᠢᠨ ᠰᠤᠷᠭ᠋ᠠᠭᠤᠯᠢ ᠲᠡᠭᠦᠰᠦᠭᠰᠡᠳ᠎ᠤᠨ ᠲᠠᠩᠰᠠ ᠡᠪᠬᠡᠮᠡᠯ᠎ᠢ ᠳᠠᠮᠵᠢᠭᠤᠯᠤᠨ ᠬᠦᠷᠭᠡᠬᠦ ᠬᠠᠭᠤᠳᠠᠰᠤ》 ᠵᠢ ᠲᠠᠭᠯᠠᠭᠰᠠᠨ᠎ᠤ ᠲᠠᠷᠠᠭ᠎ᠠ᠂ ᠲᠠᠩᠰᠠ ᠡᠪᠬᠡᠮᠡᠯ ᠪᠠ ᠳᠠᠮᠵᠢᠭᠤᠯᠤᠨ ᠬᠦᠷᠭᠡᠬᠦ ᠬᠠᠭᠤᠳᠠᠰᠤ ᠵᠢ ᠴᠢᠬᠤᠯᠠ ᠨᠢᠭᠤᠴᠠ ᠮᠡᠳᠡᠭᠡ ᠬᠤᠯᠪᠣᠭ᠎ᠠ ᠪᠤᠶᠤ ᠰᠢᠤᠳᠠᠨ᠎ᠤ ᠣᠨᠴᠠ ᠲᠦᠷᠭᠡᠨ ᠲᠤᠰᠬᠠᠢ ᠬᠦᠷᠭᠡᠬᠦ ᠠᠷᠭ᠎ᠠ ᠵᠠᠮ ᠵᠶ᠋ᠠᠷ  ᠢᠯᠡᠭᠡᠨ᠎ᠡ᠃
      ᠠᠰᠠᠭᠤᠯᠲᠠ᠄ ᠶᠡᠭᠡ ᠳᠡᠭᠡᠳᠦ ᠰᠤᠷᠭ᠋ᠠᠭᠤᠯᠢ ᠲᠡᠭᠦᠰᠦᠭᠰᠡᠳ ᠥᠪᠡᠷ᠎ᠤᠨ ᠲᠠᠩᠰᠠ ᠡᠪᠬᠡᠮᠡᠯ ᠵᠶ᠋ᠠᠨ ᠬᠡᠷᠬᠢᠨ

      ᠡᠷᠢᠵᠦ ᠣᠯᠬᠤ ᠪᠣᠶ? 
      ᠬᠠᠷᠢᠭᠤᠯᠲᠠ᠄ ᠰᠤᠷᠭ᠋ᠠᠨ ᠬᠥᠮᠦᠵᠢᠯ᠎ᠤᠨ ᠰᠠᠯᠠᠭ᠎ᠠ ᠮᠥᠴᠢᠷ᠎ᠠᠴᠠ ᠨᠢᠭᠡᠨᠲᠡ ᠶᠡᠭᠡ ᠳᠡᠭᠡᠳᠦ ᠰᠤᠷᠭ᠋ᠠᠭᠤᠯᠢ ᠲᠡᠭᠦᠰᠦᠭᠰᠡᠳ᠎ᠤᠨ ᠣᠴᠢᠬᠤ ᠭᠠᠵᠠᠷ᠎ᠤᠨ ᠳᠠᠩᠰᠠᠯᠠᠯᠲᠠ ᠵᠢᠨ ᠳᠦᠷᠢᠮ᠎ᠢ ᠪᠠᠶ᠋ᠢᠭᠤᠯᠵᠤ᠂ ᠶᠡᠭᠡ ᠳᠡᠭᠡᠳᠦ ᠰᠤᠷᠭ᠋ᠠᠭᠤᠯᠢ ᠲᠡᠭᠦᠰᠦᠭᠰᠡᠳ᠎ᠤᠨ ᠲᠠᠭᠯᠠᠭᠰᠠᠨ ᠣᠴᠢᠬᠤ ᠭᠠᠵᠠᠷ᠎ᠤᠨ ᠳᠠᠩᠰᠠᠯᠠᠯᠲᠠ ᠵᠢᠨ ᠮᠡᠳᠡᠭᠡ ᠵᠠᠩᠭᠢ ᠶᠣᠰᠣᠭ᠋ᠠᠷ ᠲᠠᠩᠰᠠ ᠡᠪᠬᠡᠮᠡᠯ᠎ᠢ ᠳᠡᠮᠵᠢᠭᠤᠯᠤᠨ ᠬᠦᠷᠭᠡᠨ᠎ᠡ᠃ ᠲᠡᠭᠦᠰᠬᠦ ᠰᠤᠷᠤᠭᠴᠢᠳ ᠤᠤᠯ᠎ᠤᠨ ᠰᠤᠷᠤᠯᠴᠠᠵᠤ ᠪᠠᠶ᠋ᠢᠭᠰᠠᠨ ᠶᠡᠭᠡ ᠳᠡᠭᠡᠳᠦ ᠰᠤᠷᠭ᠋ᠠᠭᠤᠯᠢ ᠵᠢᠨ ᠬᠠᠮᠢᠶ᠎ᠠ ᠪᠦᠬᠦᠢ ᠰᠠᠯᠠᠭ᠎ᠠ ᠮᠥᠴᠢᠷ ᠵᠶ᠋ᠠᠷ ᠳᠡᠮᠵᠢᠨ ᠲᠠᠩᠰᠠ ᠡᠪᠬᠡᠮᠡᠯ ᠳᠠᠮᠵᠢᠭᠤᠯᠤᠨ ᠬᠦᠷᠭᠡᠭᠰᠡᠨ ᠮᠡᠳᠡᠭᠡ ᠵᠠᠩᠭᠢ ᠵᠢ ᠪᠠᠶ᠋ᠢᠴᠠᠭ᠋ᠠᠨ ᠯᠠᠪᠯᠠᠵᠤ ᠪᠣᠯᠣᠨ᠎ᠠ᠂ ᠪᠠᠰᠠ ᠪᠥᠬᠦ ᠤᠯᠤᠰ᠎ᠤᠨ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠲᠠᠪᠴᠠᠩ ᠵᠶ᠋ᠠᠷ ᠪᠠᠶ᠋ᠢᠴᠠᠭ᠋ᠠᠨ ᠯᠠᠪᠯᠠᠵᠤ ᠪᠣᠯᠣᠨ᠎ᠠ᠃
      ᠠᠰᠠᠭᠤᠯᠲᠠ᠄ ᠶᠡᠭᠡ ᠳᠡᠭᠡᠳᠦ ᠰᠤᠷᠭ᠋ᠠᠭᠤᠯᠢ ᠲᠡᠭᠦᠰᠦᠭᠰᠡᠳ᠎ᠤᠨ ᠲᠠᠩᠰᠠ ᠡᠪᠬᠡᠮᠡᠯ᠎ᠢ ᠬᠠᠳᠠᠭ᠋ᠠᠯᠠᠬᠤ᠎ᠳᠤ

      ᠰᠦᠢ᠍ᠳᠬᠡᠯ ᠬᠤᠷᠢᠶᠠᠨ᠎ᠠ ᠦᠦ? 
      ᠬᠠᠷᠢᠭᠤᠯᠲᠠ᠄ ᠰᠦᠢ᠍ᠳᠬᠡᠯ ᠬᠤᠷᠢᠶᠠᠬᠤ ᠦᠭᠡᠢ᠃ 2015 ᠣᠨ᠎ᠤ 1 ᠳ᠋ᠦ᠍ᠭᠡᠷ ᠰᠠᠷ᠎ᠠ ᠵᠢᠨ 1᠎ᠤ ᠡᠳᠦᠷ᠎ᠠᠴᠠ ᠡᠬᠢᠯᠡᠭᠡᠳ᠂ ᠠᠵᠢᠯᠲᠠᠨ᠎ᠤ ᠶᠠᠪᠤᠳᠠᠯ᠎ᠤᠨ ᠬᠠᠷᠢᠴᠠᠭ᠎ᠠ ᠵᠢᠴᠢ ᠲᠠᠩᠰᠠ ᠡᠪᠬᠡᠮᠡᠯ᠎ᠢ ᠬᠠᠳᠠᠭ᠋ᠠᠯᠠᠨ ᠬᠠᠮᠢᠶᠠᠷᠬᠤ ᠵᠠᠷᠤᠳᠠᠯ᠂ ᠪᠠᠶ᠋ᠢᠴᠠᠭ᠋ᠠᠨ ᠦᠵᠡᠬᠦ ᠵᠠᠷᠤᠳᠠᠯ᠂ ᠭᠡᠷᠡᠴᠢᠯᠡᠬᠦ ᠵᠠᠷᠤᠳᠠᠯ᠂ ᠲᠠᠩᠰᠠ ᠡᠪᠬᠡᠮᠡᠯ᠎ᠢ ᠳᠠᠮᠵᠢᠭᠤᠯᠤᠨ ᠬᠦᠷᠭᠡᠬᠦ ᠵᠠᠷᠤᠳᠠᠯ ᠵᠡᠷᠭᠡ ᠨᠡᠷ᠎ᠡ ᠵᠢᠭ᠋ᠠᠭᠰᠠᠨ ᠵᠠᠷᠤᠳᠠᠯ ᠬᠤᠷᠢᠶᠠᠬᠤ ᠵᠢ ᠨᠢᠭᠡᠨᠲᠡ ᠬᠦᠴᠦᠨ ᠦᠭᠡᠢ ᠪᠣᠯᠭ᠋ᠠᠪᠠ᠃
      ᠠᠰᠠᠭᠤᠯᠲᠠ᠄ ᠲᠠᠩᠰᠠ ᠡᠪᠬᠡᠮᠡᠯ᠎ᠤᠨ ᠳᠣᠲᠣᠷᠠᠬᠢ ᠮᠡᠳᠡᠭᠡ ᠵᠠᠩᠭᠢ᠎ᠳᠤ ᠬᠤᠪᠢᠷᠠᠯᠲᠠ ᠎ᠲᠠᠢ ᠪᠣᠯ ᠰᠢᠨᠡᠳᠬᠡᠬᠦ

      ᠴᠢᠬᠤᠯᠠᠲᠠᠢ ᠦᠦ? 
      ᠬᠠᠷᠢᠭᠤᠯᠲᠠ᠄ ᠲᠠᠩᠰᠠ ᠡᠪᠬᠡᠮᠡᠯ᠎ᠤᠨ ᠬᠠᠮᠢᠶᠠᠷᠤᠯᠲᠠ ᠵᠢᠨ ᠦᠢ᠍ᠯᠡᠴᠢᠯᠡᠭᠡᠨ᠎ᠤ ᠪᠠᠶ᠋ᠢᠭᠤᠯᠤᠮᠵᠢ ᠲᠠᠩᠰᠠ ᠡᠪᠬᠡᠮᠡᠯ᠎ᠤᠨ ᠮᠠᠲ᠋ᠧᠷᠢᠶᠠᠯ᠎ᠢ ᠦᠨᠳᠦᠰᠦᠯᠡᠨ ᠦᠢ᠍ᠯᠡᠴᠢᠯᠡᠭᠡ ᠬᠠᠩᠭ᠋ᠠᠨ᠎ᠠ᠂ ᠬᠡᠷᠪᠡ ᠬᠠᠮᠢᠶ᠎ᠠ ᠪᠦᠬᠦᠢ ᠰᠠᠯᠠᠭ᠎ᠠ ᠮᠥᠴᠢᠷ᠎ᠲᠤ ᠰᠢᠨ᠎ᠡ ᠮᠠᠲ᠋ᠧᠷᠢᠶᠠᠯ ᠪᠤᠢ ᠪᠣᠯᠣᠭᠰᠠᠨ ᠪᠠᠶ᠋ᠢᠪᠠᠯ᠂ ᠴᠠᠭ ᠲᠤᠬᠠᠢ᠎ᠳᠤ᠎ᠨᠢ ᠲᠠᠩᠰᠠ ᠡᠪᠬᠡᠮᠡᠯ᠎ᠳᠤ ᠣᠷᠣᠭᠤᠯᠬᠤ ᠬᠡᠷᠡᠭᠲᠡᠢ᠃
      ᠶᠡᠭᠡ ᠳᠡᠭᠡᠳᠦ ᠰᠤᠷᠭ᠋ᠠᠭᠤᠯᠢ ᠲᠡᠭᠦᠰᠦᠭᠰᠡᠳ᠎ᠲᠤ ᠠᠪᠴᠤ ᠬᠡᠯᠡᠪᠡᠯ᠂ ᠤᠯᠤᠰ ᠲᠥᠷᠥ ᠵᠢᠨ ᠳᠦᠷᠰᠦ ᠪᠠᠶ᠋ᠢᠳᠠᠯ᠂ ᠠᠵᠢᠯᠯᠠᠭᠰᠠᠨ ᠥᠩᠭᠡᠷᠡᠯᠲᠡ᠂ ᠬᠥᠮᠦᠵᠢᠯ ᠪᠣᠯᠪᠠᠰᠤᠷᠠᠯ᠂ ᠠᠵᠢᠯ ᠮᠡᠷᠭᠡᠵᠢᠯ᠎ᠤᠨ ᠬᠢᠷᠢ ᠬᠡᠮ᠂ ᠮᠡᠷᠭᠡᠵᠢᠯ᠎ᠤᠨ ᠴᠣᠯᠠ ᠵᠡᠷᠭᠡ ᠵᠢ ᠲᠤᠰᠬᠠᠭᠰᠠᠨ ᠮᠠᠲ᠋ᠧᠷᠢᠶᠠᠯ ᠵᠢᠴᠢ ᠠᠵᠢᠯ᠎ᠤᠨ ᠬᠤᠪᠢᠷᠠᠯᠲᠠ ᠵᠢᠨ ᠳᠤᠮᠳᠠ ᠪᠣᠶ ᠪᠣᠯᠤᠭᠰᠠᠨ ᠬᠥᠳᠡᠯᠮᠦᠷᠢ ᠵᠢᠨ ᠭᠡᠷ᠎ᠡ᠂ ᠠᠵᠤ ᠠᠬᠤᠶ᠋ᠢᠯᠠᠯ᠎ᠤᠨ ᠡᠯᠰᠡᠨ ᠬᠡᠷᠡᠭᠯᠡᠬᠦ ᠭᠠᠷᠳᠠᠮ᠂ ᠠᠵᠢᠯ ᠣᠯᠭᠤᠯᠲᠠ ᠵᠢᠨ ᠳᠠᠩᠰᠠᠯᠠᠯᠲᠠ᠂ ᠬᠥᠳᠡᠯᠮᠦᠷᠢ ᠬᠦᠴᠦᠨ᠎ᠢ ᠬᠡᠷᠡᠭᠯᠡᠬᠦ ᠳᠠᠩᠰᠠᠯᠠᠯᠲᠠ ᠵᠡᠷᠭᠡ ᠮᠠᠲ᠋ᠧᠷᠢᠶᠠᠯ᠎ᠢ ᠴᠠᠭ ᠲᠤᠬᠠᠢ᠎ᠳᠤ᠎ᠨᠢ ᠰᠠᠨᠠᠭ᠋ᠠᠴᠢᠯᠠᠭ᠎ᠠ᠎ᠠᠴᠠ᠎ᠪᠠᠨ ᠲᠠᠩᠰᠠ ᠡᠪᠬᠡᠮᠡᠯ᠎ᠤᠨ ᠬᠠᠮᠢᠶᠠᠷᠤᠯᠲᠠ ᠵᠢᠨ ᠦᠢ᠍ᠯᠡᠴᠢᠯᠡᠭᠡᠨ᠎ᠤ ᠪᠠᠶ᠋ᠢᠭᠤᠯᠤᠮᠵᠢ᠎ᠳᠤ ᠰᠢᠯᠵᠢᠭᠦᠯᠦᠨ ᠲᠤᠰᠢᠶᠠᠬᠤ ᠬᠡᠷᠡᠭᠲᠡᠢ᠃ ᠲᠠᠩᠰᠠ ᠡᠪᠬᠡᠮᠡᠯ᠎ᠤᠨ ᠬᠠᠮᠢᠶᠠᠷᠤᠯᠲᠠ ᠵᠢᠨ ᠦᠢ᠍ᠯᠡᠴᠢᠯᠡᠭᠡᠨ᠎ᠤ ᠪᠠᠶ᠋ᠢᠭᠤᠯᠤᠮᠵᠢ ᠬᠢᠨᠠᠨ ᠲᠣᠳᠣᠯᠠᠵᠤ ᠡᠮᠬᠢᠯᠡᠭᠰᠡᠨ᠎ᠤ ᠳᠠᠷᠠᠭ᠎ᠠ ᠲᠠᠩᠰᠠ ᠡᠪᠬᠡᠮᠡᠯ᠎ᠳᠤ ᠣᠷᠣᠭᠤᠯᠤᠨ᠎ᠠ᠃
      ᠠᠰᠠᠭᠤᠯᠲᠠ᠄ ᠬᠡᠷᠪᠡ ᠠᠵᠢᠯ ᠵᠶ᠋ᠠᠨ ᠬᠠᠶᠠᠭ᠋ᠠᠳ ᠳᠠᠬᠢᠨ ᠠᠵᠢᠯ ᠣᠯᠣᠭᠰᠠᠨ ᠪᠠᠶ᠋ᠢᠪᠠᠯ᠂ ᠲᠠᠩᠰᠠ ᠡᠪᠬᠡᠮᠡᠯ᠎ᠢ

      ᠬᠠᠮᠢᠭ᠎ᠠ ᠬᠠᠳᠠᠭ᠋ᠠᠯᠠᠬᠤ ᠪᠣᠶ? 
      ᠬᠠᠷᠢᠭᠤᠯᠲᠠ᠄ ᠲᠠᠩᠰᠠ ᠡᠪᠬᠡᠮᠡᠯ᠎ᠢ ᠡᠷᠦᠬᠡ ᠠᠮᠠ ᠵᠢᠨ ᠲᠠᠩᠰᠠ ᠪᠠᠶ᠋ᠢᠭ᠎ᠠ ᠭᠠᠵᠠᠷ᠎ᠤᠨ ᠲᠠᠩᠰᠠ ᠡᠪᠬᠡᠮᠡᠯ᠎ᠤᠨ ᠬᠠᠮᠢᠶᠠᠷᠤᠯᠲᠠ ᠵᠢᠨ ᠦᠢ᠍ᠯᠡᠴᠢᠯᠡᠭᠡᠨ᠎ᠤ ᠪᠠᠶ᠋ᠢᠭᠤᠯᠤᠮᠵᠢ᠎ᠳᠤ ᠬᠠᠳᠠᠭ᠋ᠠᠯᠠᠭᠰᠠᠨ ᠪᠠᠶ᠋ᠢᠪᠠᠯ᠂ ᠤᠤᠯ᠎ᠤᠨ ᠪᠠᠶ᠋ᠢᠭᠤᠯᠤᠮᠵᠢ ᠦᠷᠭᠦᠯᠵᠢᠯᠡᠨ ᠬᠠᠳᠠᠭ᠋ᠠᠯᠠᠨ ᠬᠠᠮᠢᠶᠠᠷᠤᠨ᠎ᠠ᠃ ᠲᠠᠩᠰᠠ ᠡᠪᠬᠡᠮᠡᠯ᠎ᠢ ᠠᠵᠢᠯ ᠣᠯᠣᠭᠰᠠᠨ ᠭᠠᠵᠠᠷ᠎ᠤᠨ ᠲᠠᠩᠰᠠ ᠡᠪᠬᠡᠮᠡᠯ᠎ᠤᠨ ᠬᠠᠮᠢᠶᠠᠷᠤᠯᠲᠠ ᠵᠢᠨ ᠦᠢ᠍ᠯᠡᠴᠢᠯᠡᠭᠡᠨ᠎ᠤ ᠪᠠᠶ᠋ᠢᠭᠤᠯᠤᠮᠵᠢ᠎ᠳᠤ ᠬᠠᠳᠠᠭ᠋ᠠᠯᠠᠭᠰᠠᠨ ᠪᠠᠶ᠋ᠢᠪᠠᠯ᠂ ᠴᠠᠭ ᠲᠤᠬᠠᠢ᠎ᠳᠤ᠎ᠨᠢ ᠡᠷᠦᠬᠡ ᠠᠮᠠ ᠵᠢᠨ ᠲᠠᠩᠰᠠ ᠪᠠᠶ᠋ᠢᠭ᠎ᠠ ᠭᠠᠵᠠᠷ᠎ᠲᠤ᠎ᠪᠠᠨ ᠳᠠᠮᠵᠢᠭᠤᠯᠤᠨ ᠬᠦᠷᠭᠡᠬᠦ ᠪᠤᠶᠤ ᠰᠢᠨ᠎ᠡ ᠠᠵᠢᠯᠯᠠᠬᠤ ᠨᠢᠭᠡᠴᠢ ᠵᠢᠨ ᠰᠢᠨᠵᠢ ᠴᠢᠨᠠᠷ᠎ᠢ ᠦᠨᠳᠦᠰᠦᠯᠡᠨ᠂ ᠰᠢᠨ᠎ᠡ ᠠᠵᠢᠯᠯᠠᠬᠤ ᠨᠢᠭᠡᠴᠢ ᠪᠤᠶᠤ ᠰᠢᠨ᠎ᠡ ᠠᠵᠢᠯ ᠣᠯᠣᠭᠰᠠᠨ ᠭᠠᠵᠠᠷ᠎ᠤᠨ ᠲᠠᠩᠰᠠ ᠡᠪᠬᠡᠮᠡᠯ᠎ᠤᠨ ᠬᠠᠮᠢᠶᠠᠷᠤᠯᠲᠠ ᠵᠢᠨ ᠦᠢ᠍ᠯᠡᠴᠢᠯᠡᠭᠡᠨ᠎ᠤ ᠪᠠᠶ᠋ᠢᠭᠤᠯᠤᠮᠵᠢ᠎ᠳᠤ ᠳᠠᠮᠵᠢᠭᠤᠯᠤᠨ ᠬᠦᠷᠭᠡᠬᠦ ᠬᠡᠷᠡᠭᠲᠡᠢ᠃ ᠲᠠᠩᠰᠠ ᠡᠪᠬᠡᠮᠡᠯ ᠰᠢᠯᠵᠢᠭᠦᠯᠬᠦ ᠭᠠᠷᠳᠠᠮ᠎ᠢ ᠲᠠᠩᠰᠠ ᠡᠪᠬᠡᠮᠡᠯ᠎ᠤᠨ ᠬᠠᠮᠢᠶᠠᠷᠤᠯᠲᠠ ᠵᠢᠨ ᠦᠢ᠍ᠯᠡᠴᠢᠯᠡᠭᠡᠨ᠎ᠤ ᠪᠠᠶ᠋ᠢᠭᠤᠯᠤᠮᠵᠢ ᠵᠢᠨ ᠴᠣᠩᠬᠤᠪᠴᠢ᠎ᠳᠤ ᠭᠦᠢ᠍ᠴᠡᠳᠬᠡᠵᠦ ᠪᠣᠯᠬᠤ ᠪᠥᠭᠡᠳ ᠬᠠᠮᠢᠶ᠎ᠠ ᠪᠦᠬᠦᠢ ᠰᠦᠯᠵᠢᠶᠡᠨ ᠳᠡᠭᠡᠷᠡᠬᠢ ᠲᠠᠪᠴᠠᠩ᠎ᠳᠤ ᠭᠦᠢ᠍ᠴᠡᠳᠬᠡᠭᠰᠡᠨ ᠴᠦ᠍ ᠪᠣᠯᠣᠨ᠎ᠠ᠃
      ᠠᠰᠠᠭᠤᠯᠲᠠ᠄ ᠲᠠᠩᠰᠠ ᠡᠪᠬᠡᠮᠡᠯ᠎ᠤᠨ ᠬᠠᠮᠢᠶ᠎ᠠ ᠪᠦᠬᠦᠢ ᠦᠢ᠍ᠯᠡᠴᠢᠯᠡᠭᠡ ᠵᠢ ᠰᠦᠯᠵᠢᠶᠡᠨ ᠳᠡᠭᠡᠷ᠎ᠡ ᠬᠡᠷᠬᠢᠨ

      ᠭᠦᠢ᠍ᠴᠡᠳᠬᠡᠬᠦ ᠪᠣᠶ? 
      ᠬᠠᠷᠢᠭᠤᠯᠲᠠ᠄ 2021 ᠣᠨ᠎ᠤ ᠡᠴᠦᠰ᠎ᠲᠤ᠂ ᠪᠥᠬᠦ ᠤᠯᠤᠰ᠎ᠤᠨ ᠭᠠᠵᠠᠷ ᠣᠷᠣᠨ ᠠᠯᠤᠰᠯᠠᠭᠰᠠᠨ ᠨᠡᠭᠦᠳᠡᠯ ᠬᠥᠮᠥᠰ᠎ᠤᠨ ᠠᠵᠢᠯᠲᠠᠨ᠎ᠤ ᠶᠠᠪᠤᠳᠠᠯ᠎ᠤᠨ ᠲᠠᠩᠰᠠ ᠡᠪᠬᠡᠮᠡᠯ᠎ᠤᠨ ᠬᠠᠮᠢᠶᠠᠷᠤᠯᠲᠠ ᠵᠢᠨ ᠦᠢ᠍ᠯᠡᠴᠢᠯᠡᠭᠡᠨ᠎ᠤ ᠠᠵᠢᠯᠯᠠᠬᠤ ᠲᠠᠪᠴᠠᠩ᠎ᠢ ᠰᠦᠯᠵᠢᠶᠡᠨ᠎ᠳᠤ ᠭᠠᠷᠭ᠋ᠠᠵᠤ᠂ ᠲᠠᠩᠰᠠ ᠡᠪᠬᠡᠮᠡᠯ᠎ᠤᠨ ᠰᠠᠭᠤᠷᠢ ᠮᠡᠳᠡᠭᠡ ᠵᠠᠩᠭᠢ ᠵᠢᠨ ᠳ᠋ᠠᠶ᠋ᠢᠲ᠋ᠠ ᠵᠢ ᠨᠢᠭᠡᠨᠲᠡ ᠲᠠᠪᠴᠠᠩ᠎ᠳᠤ ᠭᠠᠷᠭ᠋ᠠᠭᠰᠠᠨ ᠨᠡᠭᠦᠳᠡᠯ ᠬᠥᠮᠥᠰ᠎ᠤᠨ ᠰᠦᠯᠵᠢᠶᠡᠨ ᠳᠡᠭᠡᠷ᠎ᠡ ᠳᠠᠮᠵᠢᠭᠤᠯᠤᠨ ᠬᠦᠷᠭᠡᠵᠦ ᠬᠦᠯᠢᠶᠡᠨ ᠠᠪᠬᠤ ᠵᠡᠷᠭᠡ ᠥᠨᠳᠥᠷ ᠲᠠᠪᠲᠠᠮᠵᠢᠲᠦ ᠦᠢ᠍ᠯᠡᠴᠢᠯᠡᠭᠡ ᠭᠦᠢ᠍ᠴᠡᠳᠬᠡᠬᠦ ᠵᠢ ᠳᠡᠮᠵᠢᠵᠦ᠂ ᠪᠠᠰᠠ ᠬᠠᠮᠢᠶ᠎ᠠ ᠪᠦᠬᠦᠢ ᠲᠠᠩᠰᠠ ᠡᠪᠬᠡᠮᠡᠯ᠎ᠳᠤ ᠣᠷᠣᠭᠤᠯᠤᠭᠰᠠᠨ ᠮᠡᠳᠡᠭᠡ ᠵᠠᠩᠭᠢ ᠵᠢ ᠪᠠᠶ᠋ᠢᠴᠠᠭ᠋ᠠᠨ ᠯᠠᠪᠯᠠᠵᠤ ᠪᠣᠯᠣᠨ᠎ᠠ᠃ ᠪᠣᠳᠠᠲᠠᠢ ᠲᠤᠬᠠᠶ᠋ᠢᠯᠠᠭᠰᠠᠨ ᠠᠵᠢᠯ᠎ᠢ ᠪᠥᠬᠦ ᠤᠯᠤᠰ᠎ᠤᠨ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠲᠠᠪᠴᠠᠩ᠎ᠳᠤ ᠳᠠᠩᠰᠠᠯᠠᠭᠤᠯᠤᠨ ᠨᠡᠪᠲᠡᠷᠡᠵᠦ᠂ 《ᠮᠤᠵᠢ ᠠᠯᠤᠰᠯᠠᠭᠰᠠᠨ ᠨᠡᠭᠦᠳᠡᠯ ᠬᠥᠮᠥᠰ᠎ᠤᠨ ᠠᠵᠢᠯᠲᠠᠨ᠎ᠤ ᠶᠠᠪᠤᠳᠠᠯ᠎ᠤᠨ ᠲᠠᠩᠰᠠ ᠡᠪᠬᠡᠮᠡᠯ᠎ᠤᠨ ᠬᠠᠮᠢᠶᠠᠷᠤᠯᠲᠠ ᠵᠢᠨ ᠦᠢ᠍ᠯᠡᠴᠢᠯᠡᠭᠡ》 ᠲᠤᠰᠬᠠᠢ ᠪᠤᠯᠤᠩ᠎ᠳᠤ ᠭᠦᠢ᠍ᠴᠡᠳᠬᠡᠵᠦ ᠪᠣᠯᠣᠨ᠎ᠠ᠃


ᠢᠷᠡᠯᠲᠡ᠄ ᠥᠪᠥᠷ ᠮᠣᠩᠭᠤᠯ᠎ᠤᠨ ᠵᠠᠰᠠᠭ᠎ᠤᠨ ᠣᠷᠳᠣᠨ
          
ᠬᠠᠮᠢᠶ᠎ᠡ ᠪᠦᠬᠦᠢ ᠰᠣᠨᠢᠨ
 
             蒙ICP备05000248号