ᠤᠯᠤᠰ᠎ᠤᠨ 《ᠬᠣᠣᠰ ᠲᠡᠷᠢᠭᠦᠨ》᠎ᠤ ᠪᠠᠶ᠋ᠢᠭᠤᠯᠤᠯᠲᠠ ᠵᠢᠨ ᠲᠤᠬᠠᠢ ᠴᠢᠬᠤᠯᠠ ᠶᠡᠬᠡ ᠪᠠᠶ᠋ᠢᠯᠳᠤᠬᠤ ᠪᠣᠳᠣᠯᠭ᠎ᠠ ᠵᠢᠨ ᠰᠢᠢ᠍ᠳᠪᠦᠷᠢᠲᠦ ᠪᠣᠳᠣᠯᠭ᠎ᠠ ᠵᠢᠨ ᠪᠠᠶ᠋ᠢᠷᠢᠯᠠᠭᠤᠯᠤᠯᠲᠠ ᠵᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠶᠡᠬᠡ ᠳᠡᠭᠡᠳᠦ ᠰᠤᠷᠭ᠋ᠠᠭᠤᠯᠢ ᠵᠢᠨ ᠰᠢᠨᠵᠢᠯᠡᠭᠡᠨ᠎ᠤ ᠰᠠᠯᠠᠭ᠋ᠠᠨ᠎ᠤ ᠪᠠᠶ᠋ᠢᠭᠤᠯᠤᠯᠲᠠ ᠵᠢᠨ ᠬᠢᠷᠢ ᠲᠦᠪᠰᠢᠨ᠎ᠢ ᠳᠡᠭᠡᠭᠰᠢᠯᠡᠭᠦᠯᠬᠦ ᠵᠢᠨ ᠲᠥᠯᠥᠭᠡ᠂ 2022 ᠣᠨ᠎ᠤ 8 ᠰᠠᠷ᠎ᠠ ᠵᠢᠨ 31᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠶᠡᠬᠡ ᠳᠡᠭᠡᠳᠦ ᠰᠤᠷᠭ᠋ᠠᠭᠤᠯᠢ ᠵᠢᠨ ᠰᠢᠨᠵᠢᠯᠡᠭᠡᠨ᠎ᠤ ᠰᠠᠯᠠᠭ᠋ᠠᠨ᠎ᠤ ᠪᠠᠶ᠋ᠢᠭᠤᠯᠤᠯᠲᠠ ᠵᠢᠨ ᠲᠥᠷᠥᠯ ᠵᠦᠢ᠍ᠯ᠎ᠤᠨ ᠬᠠᠮᠢᠶᠠᠷᠤᠯᠲᠠ ᠵᠢᠨ ᠠᠷᠭ᠎ᠠ (ᠲᠤᠷᠰᠢᠨ ᠬᠡᠷᠡᠭᠵᠢᠭᠦᠯᠬᠦ)》 (ᠥᠪᠥᠷ ᠰᠤᠷᠭ᠋ᠠᠨ ᠰᠤᠳᠤᠯᠬᠤ [2022] 43 ᠳ᠋ᠤᠭ᠋ᠠᠷ ᠲᠣᠭ᠋ᠠᠲᠤ᠂ (ᠳᠣᠷᠣᠭᠰᠢ 《ᠬᠠᠮᠢᠶᠠᠷᠤᠯᠲᠠ ᠵᠢᠨ ᠠᠷᠭ᠎ᠠ》 ᠭᠡᠵᠦ ᠳᠦᠭᠦᠮᠴᠢᠯᠡᠨ᠎ᠡ) ᠵᠢ ᠳᠠᠷᠤᠮᠠᠯᠯᠠᠨ ᠲᠠᠷᠬᠠᠭ᠋ᠠᠪᠠ᠃ 《ᠬᠠᠮᠢᠶᠠᠷᠤᠯᠲᠠ ᠵᠢᠨ ᠠᠷᠭ᠎ᠠ》 ᠵᠢ ᠲᠤᠷᠰᠢᠨ ᠬᠡᠷᠡᠭᠵᠢᠭᠦᠯᠦᠭᠰᠡᠨ ᠬᠣᠶᠠᠷ ᠵᠢᠯ᠎ᠤᠨ ᠲᠤᠷᠰᠢ᠂ ᠪᠦᠬᠦ ᠣᠷᠣᠨ᠎ᠤ ᠰᠢᠨᠵᠢᠯᠡᠭᠡᠨ᠎ᠤ ᠰᠠᠯᠠᠭ᠋ᠠᠨ᠎ᠤ ᠪᠠᠶ᠋ᠢᠭᠤᠯᠤᠯᠲᠠ ᠢᠳᠡᠪᠬᠢᠲᠡᠢ ᠦᠷ᠎ᠡ ᠪᠦᠲᠦᠮᠵᠢ ᠣᠯᠵᠤ᠂ ᠰᠢᠨᠵᠢᠯᠡᠭᠡᠨ᠎ᠤ ᠰᠠᠯᠠᠭ᠋ᠠᠨ᠎ᠤ ᠪᠠᠶ᠋ᠢᠭᠤᠯᠤᠯᠲᠠ ᠵᠢᠨ ᠠᠵᠢᠯ᠎ᠢ ᠨᠡᠩ ᠵᠢᠷᠤᠮᠵᠢᠭᠤᠯᠵᠤ᠂ ᠰᠢᠨᠵᠢᠯᠡᠬᠦ ᠤᠬᠠᠭ᠋ᠠᠨᠴᠢᠯᠠᠵᠤ᠂ ᠨᠠᠷᠢᠯᠢᠬ᠍ᠵᠢᠭᠤᠯᠪᠠ᠃ ᠬᠠᠮᠢᠶ᠎ᠠ ᠪᠦᠬᠦᠢ ᠶᠡᠬᠡ ᠳᠡᠭᠡᠳᠦ ᠰᠤᠷᠭ᠋ᠠᠭᠤᠯᠢ ᠵᠢᠨ ᠰᠠᠨᠠᠯ᠎ᠢ ᠬᠤᠷᠢᠶᠠᠭᠰᠠᠨ ᠰᠠᠭᠤᠷᠢᠨ ᠳᠡᠭᠡᠷ᠎ᠡ᠂ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ 《ᠬᠠᠮᠢᠶᠠᠷᠤᠯᠲᠠ ᠵᠢᠨ ᠠᠷᠭ᠎ᠠ》 ᠳᠤ ᠵᠠᠰᠠᠪᠤᠷᠢ ᠣᠷᠣᠭᠤᠯᠤᠨ ᠲᠡᠭᠦᠯᠳᠡᠷᠵᠢᠭᠦᠯᠵᠦ᠂ ᠡᠳᠦᠭᠡ ᠭᠣᠣᠯ ᠠᠭᠤᠯᠭ᠎ᠠ ᠵᠢ ᠳᠣᠣᠷᠠᠬᠢ ᠮᠡᠲᠦ ᠲᠠᠶ᠋ᠢᠯᠪᠤᠷᠢᠯᠠᠪᠠ᠃
ᠨᠢᠭᠡ᠂ 《ᠬᠠᠮᠢᠶᠠᠷᠤᠯᠲᠠ ᠵᠢᠨ ᠠᠷᠭ᠎ᠠ》 ᠵᠢ ᠲᠣᠭᠲᠠᠭ᠋ᠠᠭᠰᠠᠨ ᠠᠬᠤᠢ ᠪᠠᠶ᠋ᠢᠳᠠᠯ ᠵᠢᠴᠢ ᠦᠨᠳᠦᠰᠦᠯᠡᠯ
ᠶᠠᠭᠤ ᠪᠤᠢ?
ᠬᠠᠷᠢᠭᠤᠯᠲᠠ᠄ 2014 ᠣᠨ᠎ᠤ 5 ᠳ᠋ᠤᠭ᠋ᠠᠷ ᠰᠠᠷ᠎ᠠ ᠵᠢᠨ 4᠎ᠤ ᠡᠳᠦᠷ᠂ ᠶᠡᠷᠦᠩᠬᠡᠢ ᠱᠦᠵᠢ ᠰᠢ ᠵᠢᠨ ᠫᠢᠩ ᠪᠡᠭᠡᠵᠢᠩ ᠶᠡᠬᠡ ᠰᠤᠷᠭ᠋ᠠᠭᠤᠯᠢ ᠵᠢᠨ ᠪᠠᠭᠰᠢ ᠰᠤᠷᠤᠭᠴᠢᠳ᠎ᠲᠠᠢ ᠶᠠᠷᠢᠯᠴᠠᠬᠤ ᠬᠤᠷᠠᠯ ᠳᠡᠭᠡᠷ᠎ᠡ᠂ ᠨᠠᠮ᠎ᠤᠨ ᠲᠥᠪ ᠬᠣᠷᠢᠶ᠎ᠠ᠎ᠠᠴᠠ ᠳᠡᠯᠡᠬᠡᠢ ᠵᠢᠨ ᠲᠡᠷᠢᠭᠦᠨ᠎ᠤ ᠶᠡᠬᠡ ᠰᠤᠷᠭ᠋ᠠᠭᠤᠯᠢ ᠵᠢ ᠪᠠᠶ᠋ᠢᠭᠤᠯᠬᠤ ᠪᠠᠶ᠋ᠢᠯᠳᠤᠬᠤ ᠪᠣᠳᠣᠯᠭ᠎ᠠ ᠵᠢᠨ ᠰᠢᠢ᠍ᠳᠪᠦᠷᠢᠲᠦ ᠪᠣᠳᠣᠯᠭ᠎ᠠ ᠭᠠᠷᠭ᠋ᠠᠪᠠ᠂ ᠪᠢᠳᠡ ᠡᠨᠡ ᠬᠦ᠌ ᠬᠠᠷᠠᠯᠲᠠ ᠲᠡᠶ᠋ᠢᠰᠢ ᠡᠷᠡᠰ ᠭᠤᠶ᠋ᠢᠪᠢᠰᠢ ᠦᠭᠡᠢ ᠤᠷᠤᠭᠰᠢᠯᠠᠬᠤ ᠬᠡᠷᠡᠭᠲᠡᠢ᠃ 《ᠬᠣᠣᠰ ᠲᠡᠷᠢᠭᠦᠨ》᠎ᠤ ᠪᠠᠶ᠋ᠢᠭᠤᠯᠤᠯᠲᠠ ᠵᠢ ᠬᠡᠷᠡᠭᠵᠢᠭᠦᠯᠦᠭᠰᠡᠨ᠎ᠠᠴᠠ ᠨᠠᠭ᠋ᠠᠰᠢ᠂ ᠶᠡᠷᠦᠩᠬᠡᠢ ᠱᠦᠵᠢ ᠰᠢ ᠵᠢᠨ ᠫᠢᠩ ᠣᠯᠠᠨ ᠶᠡᠬᠡ ᠳᠡᠭᠡᠳᠦ ᠰᠤᠷᠭ᠋ᠠᠭᠤᠯᠢ ᠵᠢ ᠪᠠᠶ᠋ᠢᠴᠠᠭ᠋ᠠᠨ ᠰᠣᠳᠤᠯᠵᠤ᠂ ᠵᠠᠯᠠᠭᠤ ᠰᠤᠷᠤᠭᠴᠢ᠂ ᠪᠠᠭᠰᠢ ᠵᠢᠨ ᠲᠥᠯᠥᠭᠡᠯᠡᠭᠴᠢᠳ᠎ᠲᠠᠢ ᠶᠠᠷᠢᠯᠴᠠᠨ᠂ 《ᠬᠣᠣᠰ ᠲᠡᠷᠢᠭᠦᠨ》᠎ᠤ ᠪᠠᠶ᠋ᠢᠭᠤᠯᠤᠯᠲᠠ ᠵᠢᠨ ᠲᠤᠬᠠᠢ ᠴᠢᠬᠤᠯᠠ ᠵᠢᠭ᠋ᠠᠪᠤᠷᠢ ᠥᠭᠴᠡᠢ; ᠠᠳᠠᠯᠢ ᠪᠤᠰᠤ ᠬᠤᠷᠠᠯ ᠳᠡᠭᠡᠷ᠎ᠡ ᠣᠯᠠᠨ ᠤᠳᠠᠭ᠎ᠠ ᠴᠢᠬᠤᠯᠠ ᠶᠠᠷᠢᠶ᠎ᠠ ᠲᠠᠯᠪᠢᠵᠤ᠂ 《ᠬᠣᠣᠰ ᠲᠡᠷᠢᠭᠦᠨ》᠎ᠤ ᠪᠠᠶ᠋ᠢᠭᠤᠯᠤᠯᠲᠠ᠎ᠳᠤ ᠴᠢᠬᠤᠯᠠ ᠱᠠᠭ᠋ᠠᠷᠳᠠᠯᠭ᠎ᠠ ᠳᠤᠷᠠᠳᠪᠠ᠃ 2016 ᠣᠨ᠎ᠤ 5 ᠳ᠋ᠤᠭ᠋ᠠᠷ ᠰᠠᠷ᠎ᠠ᠎ᠳᠤ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ 《ᠤᠯᠤᠰ᠎ᠤᠨ ᠳᠣᠲᠣᠭ᠋ᠠᠳᠤ ᠪᠠ ᠳᠡᠯᠡᠬᠡᠢ ᠵᠢᠨ ᠲᠡᠷᠢᠭᠦᠨ᠎ᠤ ᠶᠡᠬᠡ ᠳᠡᠭᠡᠳᠦ ᠰᠤᠷᠭ᠋ᠠᠭᠤᠯᠢ ᠵᠢᠨ ᠲᠡᠷᠢᠭᠦᠨ᠎ᠤ ᠰᠢᠨᠵᠢᠯᠡᠭᠡᠨ᠎ᠤ ᠰᠠᠯᠠᠭ᠋ᠠᠨ᠎ᠤ ᠪᠠᠶ᠋ᠢᠭᠤᠯᠤᠯᠲᠠ ᠵᠢ ᠨᠢᠭᠡᠳᠦᠯᠲᠡᠢ ᠲᠥᠯᠥᠪᠯᠡᠨ ᠠᠬᠢᠭᠤᠯᠬᠤ ᠶᠡᠷᠦᠩᠬᠡᠢ ᠲᠥᠰᠦᠯ》᠎ᠢ ᠳᠠᠷᠤᠮᠠᠯᠯᠠᠨ ᠲᠠᠷᠬᠠᠭ᠋ᠠᠵᠤ᠂ 《ᠬᠣᠣᠰ ᠲᠡᠷᠢᠭᠦᠨ》᠎ᠤ ᠪᠠᠶ᠋ᠢᠭᠤᠯᠤᠯᠲᠠ ᠵᠢᠨ ᠠᠵᠢᠯ᠎ᠢ ᠪᠦᠬᠦᠯᠢ ᠴᠣᠭᠴᠠ᠎ᠪᠠᠷ ᠲᠥᠯᠦᠪᠵᠢᠭᠦᠯᠵᠦ ᠪᠠᠢ᠌ᠷᠢᠯᠠᠭᠤᠯᠪᠠ᠃ 2021 ᠣᠨ᠎ᠤ 10 ᠳ᠋ᠤᠭ᠋ᠠᠷ ᠰᠠᠷ᠎ᠠ᠎ᠳᠤ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠳᠠᠷᠤᠮᠠᠯᠯᠠᠨ ᠲᠠᠷᠬᠠᠭ᠋ᠠᠭᠰᠠᠨ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 〈ᠠᠷᠪᠠᠨ ᠳᠥᠷᠪᠡᠳᠦᠭᠡᠷ ᠲᠠᠪᠤᠨ ᠵᠢᠯ〉᠎ᠤᠨ ᠰᠤᠷᠭ᠋ᠠᠨ ᠬᠥᠮᠦᠵᠢᠯ᠎ᠤᠨ ᠦᠢ᠍ᠯᠡᠰ᠎ᠤᠨ ᠬᠥᠭᠵᠢᠭᠦᠯᠦᠯᠲᠡ ᠵᠢᠨ ᠲᠥᠯᠥᠪᠵᠢᠭᠦᠯᠭᠡ》᠎ᠳᠤ᠂ 《ᠬᠣᠣᠰ ᠲᠡᠷᠢᠭᠦᠨ》᠎ᠤ ᠪᠠᠶ᠋ᠢᠭᠤᠯᠤᠯᠲᠠ ᠪᠠ ᠰᠢᠨᠵᠢᠯᠡᠭᠡᠨ᠎ᠤ ᠰᠠᠯᠠᠭ᠋ᠠᠨ᠎ᠤ ᠪᠠᠶ᠋ᠢᠷᠢᠰᠢᠭᠤᠯᠤᠯᠲᠠ ᠵᠢ ᠰᠢᠯᠢᠳᠡᠭᠵᠢᠭᠦᠯᠬᠦ ᠵᠢ ᠥᠳᠲᠡᠷ ᠲᠦᠷᠭᠡᠨ ᠠᠬᠢᠭᠤᠯᠵᠤ᠂ ᠲᠡᠷᠢᠭᠦᠨ᠎ᠤ ᠰᠢᠨᠵᠢᠯᠡᠭᠡᠨ᠎ᠤ ᠰᠠᠯᠠᠭ᠋ᠠᠨ᠎ᠤ ᠪᠠᠶ᠋ᠢᠭᠤᠯᠤᠯᠲᠠ ᠵᠢᠨ ᠲᠥᠷᠥᠯ ᠵᠦᠢ᠍ᠯ᠂ ᠡᠷᠳᠡᠮ ᠰᠢᠨᠵᠢᠯᠡᠭᠡᠨ᠎ᠤ ᠪᠥᠯᠦᠭᠵᠢᠯ (ᠪᠦᠯᠬᠦᠮ)᠎ᠤᠨ ᠪᠠᠶ᠋ᠢᠭᠤᠯᠤᠯᠲᠠ ᠵᠢᠨ ᠲᠥᠷᠥᠯ ᠵᠦᠢ᠍ᠯ᠂ ᠳ᠋ᠣᠺᠲ᠋ᠣᠷ᠂ ᠮᠠᠰᠲ᠋ᠧᠷ ᠴᠣᠯᠠ ᠣᠯᠭᠣᠬᠤ ᠨᠢᠭᠡᠴᠢ ᠵᠢᠨ ᠪᠦᠲᠦᠭᠡᠨ ᠪᠠᠶ᠋ᠢᠭᠤᠯᠤᠯᠲᠠ ᠵᠢᠨ ᠲᠥᠷᠥᠯ ᠵᠦᠢ᠍ᠯ᠎ᠢ ᠬᠡᠷᠡᠭᠵᠢᠭᠦᠯᠦᠨ᠎ᠡ ᠭᠡᠪᠡ᠃ 2022 ᠣᠨ᠎ᠤ 12 ᠰᠠᠷ᠎ᠠ᠎ᠳᠤ᠂ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠭᠡᠨ᠎ᠤ ᠰᠠᠯᠠᠭ᠋ᠠᠨ᠎ᠤ ᠪᠠᠶ᠋ᠢᠭᠤᠯᠤᠯᠲᠠ ᠪᠣᠯᠤᠨ ᠰᠣᠳᠤᠯᠬᠤ ᠰᠤᠷᠤᠭᠴᠢ ᠵᠢᠨ ᠰᠤᠷᠭ᠋ᠠᠨ ᠬᠥᠮᠦᠵᠢᠯ᠎ᠤᠨ ᠬᠥᠭᠵᠢᠯᠲᠡ ᠵᠢᠨ ᠶᠡᠷᠦᠩᠬᠡᠢ ᠲᠥᠰᠦᠯ (2022 - 2025)》᠎ᠢ ᠳᠠᠷᠤᠮᠠᠯᠯᠠᠨ ᠲᠠᠷᠬᠠᠭ᠋ᠠᠵᠤ᠂ 《ᠠᠷᠪᠠᠨ ᠭᠤᠷᠪᠠᠳᠤᠭ᠋ᠠᠷ ᠲᠠᠪᠤᠨ ᠵᠢᠯ》᠎ᠤᠨ ᠲᠥᠯᠥᠪᠵᠢᠭᠦᠯᠭᠡ ᠵᠢᠨ ᠬᠤᠭᠤᠴᠠᠭ᠋ᠠᠨ᠎ᠳᠠᠬᠢ ᠰᠢᠨᠵᠢᠯᠡᠭᠡᠨ᠎ᠤ ᠰᠠᠯᠠᠭ᠋ᠠᠨ᠎ᠤ ᠪᠠᠶ᠋ᠢᠭᠤᠯᠤᠯᠲᠠ ᠪᠣᠯᠤᠨ ᠰᠣᠳᠤᠯᠬᠤ ᠰᠤᠷᠤᠭᠴᠢ ᠵᠢᠨ ᠰᠤᠷᠭ᠋ᠠᠨ ᠬᠥᠮᠦᠵᠢᠯ᠎ᠤᠨ ᠬᠥᠭᠵᠢᠯᠲᠡ ᠵᠢᠨ ᠰᠠᠭᠤᠷᠢ ᠵᠢᠴᠢ ᠪᠠᠶ᠋ᠢᠳᠠᠯ᠎ᠢ ᠪᠦᠬᠦ ᠲᠠᠯ᠎ᠠ᠎ᠪᠠᠷ ᠵᠠᠳᠠᠯᠤᠨ᠂ ᠰᠢᠨ᠎ᠡ ᠴᠠᠭ ᠦᠶ᠎ᠡ ᠵᠢᠨ ᠬᠥᠭᠵᠢᠭᠦᠯᠦᠯᠲᠡ ᠵᠢᠨ ᠬᠠᠷᠠᠯᠲᠠ ᠪᠣᠯᠤᠨ ᠪᠦᠲᠦᠭᠡᠨ ᠪᠠᠶ᠋ᠢᠭᠤᠯᠤᠯᠲᠠ ᠵᠢᠨ ᠡᠭᠦᠷᠭᠡ ᠵᠢ ᠳᠤᠷᠠᠳᠪᠠ᠃ 2024 ᠣᠨ᠎ᠤ 5 ᠰᠠᠷ᠎ᠠ᠎ᠳᠤ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ ᠵᠶ᠋ᠠᠷ ᠵᠦᠪᠰᠢᠶᠡᠷᠡᠭᠦᠯᠵᠦ᠂ ᠰᠤᠷᠭ᠋ᠠᠨ ᠬᠥᠮᠦᠵᠢᠯ᠎ᠤᠨ ᠲᠢᠩᠬᠢᠮ ᠵᠡᠷᠭᠡ ᠨᠠᠢ᠍ᠮᠠᠨ ᠰᠠᠯᠠᠭ᠎ᠠ ᠮᠥᠴᠢᠷ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠡᠷᠢᠭᠦᠨ᠎ᠤ ᠰᠢᠨᠵᠢᠯᠡᠭᠡᠨ᠎ᠤ ᠰᠠᠯᠠᠭ᠋ᠠᠨ᠎ᠤ ᠪᠠᠶ᠋ᠢᠭᠤᠯᠤᠯᠲᠠ ᠵᠢ ᠠᠬᠢᠭᠤᠯᠬᠤ ᠠᠵᠢᠯᠯᠠᠭ᠋ᠠᠨ᠎ᠤ ᠲᠥᠯᠥᠪᠯᠡᠭᠡ (2024 - 2027 ᠣᠨ)》 ᠵᠢ ᠳᠠᠷᠤᠮᠠᠯᠯᠠᠨ ᠲᠠᠷᠬᠠᠭ᠋ᠠᠵᠤ᠂ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠭᠡᠨ᠎ᠤ ᠰᠠᠯᠠᠭ᠋ᠠᠨ᠎ᠤ ᠪᠠᠶ᠋ᠢᠭᠤᠯᠤᠯᠲᠠ ᠵᠢᠨ ᠪᠣᠳᠠᠲᠤ ᠪᠠᠶ᠋ᠢᠳᠠᠯ᠎ᠲᠠᠢ ᠤᠶᠠᠯᠳᠤᠭᠤᠯᠤᠨ᠂ 6 ᠵᠦᠢ᠍ᠯ᠎ᠤᠨ ᠭᠣᠣᠯᠳᠠᠯᠭ᠎ᠠ᠎ᠲᠠᠢ ᠡᠭᠦᠷᠭᠡ ᠪᠠ 12 ᠵᠦᠢ᠍ᠯ᠎ᠤᠨ ᠳᠡᠮᠵᠢᠬᠦ ᠠᠷᠭ᠎ᠠ ᠬᠡᠮᠵᠢᠶ᠎ᠡ ᠵᠢ ᠳᠤᠷᠠᠳᠪᠠ᠃ ᠰᠢᠨᠵᠢᠯᠡᠭᠡᠨ᠎ᠤ ᠰᠠᠯᠠᠭ᠋ᠠᠨ᠎ᠤ ᠪᠠᠶ᠋ᠢᠭᠤᠯᠤᠯᠲᠠ ᠵᠢᠨ ᠲᠥᠷᠥᠯ ᠵᠦᠢ᠍ᠯ᠎ᠢ ᠬᠡᠷᠡᠭᠵᠢᠭᠦᠯᠬᠦ ᠪᠣᠯ ᠥᠪᠡᠷᠲᠡᠭᠡᠨ ᠵᠠᠰᠠᠬᠤ ᠣᠷᠣᠨ᠎ᠤ ᠳᠡᠭᠡᠳᠦ ᠰᠤᠷᠭ᠋ᠠᠭᠤᠯᠢ ᠵᠢᠨ ᠰᠢᠨᠵᠢᠯᠡᠭᠡᠨ᠎ᠤ ᠰᠠᠯᠠᠭ᠋ᠠᠨ᠎ᠤ ᠪᠠᠶ᠋ᠢᠭᠤᠯᠤᠯᠲᠠ ᠵᠢᠨ ᠬᠢᠷᠢ ᠲᠦᠪᠰᠢᠨ᠎ᠢ ᠦᠷᠭᠦᠯᠵᠢᠯᠡᠨ ᠳᠡᠭᠡᠭᠰᠢᠯᠡᠭᠦᠯᠵᠦ᠂ ᠰᠢᠨᠵᠢᠯᠡᠭᠡᠨ᠎ᠤ ᠰᠠᠯᠠᠭ᠋ᠠᠨ᠎ᠤ ᠪᠠᠶ᠋ᠢᠭᠤᠯᠤᠯᠲᠠ ᠵᠢᠨ ᠳᠣᠭᠲᠠᠯᠴᠠᠭ᠎ᠠ ᠵᠢ ᠰᠢᠰᠲ᠋ᠧᠮ᠎ᠲᠠᠢ ᠪᠠᠶ᠋ᠢᠭᠤᠯᠵᠤ᠂ ᠰᠢᠨᠵᠢᠯᠡᠭᠡᠨ᠎ᠤ ᠰᠠᠯᠠᠭ᠋ᠠᠨ᠎ᠤ ᠲᠤᠰᠬᠠᠢ ᠮᠡᠷᠭᠡᠵᠢᠯ᠎ᠤᠨ ᠪᠠᠶ᠋ᠢᠷᠢᠰᠢᠭᠤᠯᠤᠯᠲᠠ ᠵᠢ ᠰᠢᠯᠢᠳᠡᠭᠵᠢᠭᠦᠯᠬᠦ ᠵᠢ ᠠᠬᠢᠭᠤᠯᠬᠤ ᠴᠢᠬᠤᠯᠠ ᠭᠠᠷᠳᠠᠴᠠ ᠪᠣᠯᠤᠨ᠎ᠠ; ᠰᠢᠨᠵᠢᠯᠡᠭᠡᠨ᠎ᠤ ᠰᠠᠯᠠᠭ᠋ᠠᠨ᠎ᠤ ᠪᠠᠶ᠋ᠢᠭᠤᠯᠤᠯᠲᠠ ᠵᠢᠨ ᠲᠥᠷᠥᠯ ᠵᠦᠢ᠍ᠯ᠎ᠤᠨ ᠬᠠᠮᠢᠶᠠᠷᠤᠯᠲᠠ ᠵᠢᠨ ᠠᠷᠭ᠎ᠠ᠎ᠳᠤ ᠵᠠᠰᠠᠪᠤᠷᠢ ᠣᠷᠣᠭᠤᠯᠤᠨ ᠲᠡᠭᠦᠯᠳᠡᠷᠵᠢᠭᠦᠯᠬᠦ ᠪᠣᠯ ᠲᠥᠷᠥᠯ ᠵᠦᠢ᠍ᠯ᠎ᠤᠨ ᠬᠠᠮᠢᠶᠠᠷᠤᠯᠲᠠ ᠵᠢ ᠵᠢᠷᠤᠮᠵᠢᠭᠤᠯᠬᠤ᠂ ᠲᠥᠷᠥᠯ ᠵᠦᠢ᠍ᠯ᠎ᠤᠨ ᠦᠷ᠎ᠡ ᠠᠰᠢᠭ᠎ᠢ ᠳᠡᠭᠡᠭᠰᠢᠯᠡᠭᠦᠯᠬᠦ ᠬᠦᠴᠦᠲᠡᠢ ᠠᠷᠭ᠎ᠠ ᠬᠡᠮᠵᠢᠶ᠎ᠡ ᠪᠣᠯᠤᠨ᠎ᠠ᠃
ᠬᠣᠶᠠᠷ᠂ 《ᠬᠠᠮᠢᠶᠠᠷᠤᠯᠲᠠ ᠵᠢᠨ ᠠᠷᠭ᠎ᠠ》 ᠵᠢᠨ ᠪᠣᠷᠣ ᠲᠥᠯᠥᠪ ᠵᠢᠴᠢ ᠭᠣᠣᠯ ᠠᠭᠤᠯᠭ᠎ᠠ ᠶᠠᠭᠤ ᠪᠤᠢ?
ᠬᠠᠷᠢᠭᠤᠯᠲᠠ᠄ 《ᠬᠠᠮᠢᠶᠠᠷᠤᠯᠲᠠ ᠵᠢᠨ ᠠᠷᠭ᠎ᠠ》᠎ᠳᠤ ᠲᠠᠪᠤᠨ ᠪᠦᠯᠦᠭ ᠠᠷᠪᠠᠨ ᠲᠠᠪᠤᠨ ᠵᠤᠷᠪᠤᠰ᠎ᠲᠠᠢ᠃
ᠨᠢᠭᠡᠳᠦᠭᠡᠷ ᠪᠦᠯᠦᠭ ᠶᠡᠷᠦᠩᠬᠡᠢ ᠳᠦᠷᠢᠮ᠂ ᠭᠣᠣᠯᠳᠠᠭᠤ 《ᠬᠠᠮᠢᠶᠠᠷᠤᠯᠲᠠ ᠵᠢᠨ ᠠᠷᠭ᠎ᠠ》 ᠵᠢ ᠲᠣᠭᠲᠠᠭ᠋ᠠᠭᠰᠠᠨ ᠦᠨᠳᠦᠰᠦᠯᠡᠯ᠂ ᠲᠥᠷᠥᠯ ᠵᠦᠢ᠍ᠯ᠎ᠤᠨ ᠬᠡᠯᠪᠡᠷᠢ᠂ ᠦᠨᠳᠦᠰᠦᠨ ᠵᠠᠷᠴᠢᠮ᠂ ᠬᠠᠷᠢᠭᠤᠴᠠᠯᠭ᠎ᠠ ᠵᠢᠨ ᠭᠣᠣᠯ ᠴᠣᠭᠴᠠ ᠵᠡᠷᠭᠡ ᠵᠢ ᠲᠣᠳᠤᠷᠬᠠᠢ᠌ᠯᠠᠪᠠ᠃
ᠬᠣᠶᠠᠳᠤᠭ᠋ᠠᠷ ᠪᠦᠯᠦᠭ ᠮᠡᠳᠡᠭᠦᠯᠬᠦ ᠨᠥᠬᠥᠴᠡᠯ᠂ ᠭᠣᠣᠯᠳᠠᠭᠤ ᠳ᠋ᠣᠺᠲ᠋ᠣᠷ ᠮᠠᠰᠲ᠋ᠧᠷ᠎ᠤᠨ ᠡᠷᠳᠡᠮ᠎ᠤᠨ ᠴᠣᠯᠠ ᠣᠯᠭᠣᠬᠤ ᠨᠢᠭᠡᠴᠢ ᠵᠢᠨ ᠪᠦᠲᠦᠭᠡᠨ ᠪᠠᠶ᠋ᠢᠭᠤᠯᠤᠯᠲᠠ ᠵᠢᠨ ᠲᠥᠷᠥᠯ ᠵᠦᠢ᠍ᠯ᠂ ᠲᠡᠷᠢᠭᠦᠨ᠎ᠤ ᠪᠣᠶ᠋ᠢᠵᠢᠭᠤᠯᠬᠤ ᠰᠢᠨᠵᠢᠯᠡᠭᠡᠨ᠎ᠤ ᠰᠠᠯᠠᠭ᠋ᠠᠨ᠎ᠤ ᠪᠦᠲᠦᠭᠡᠨ ᠪᠠᠶ᠋ᠢᠭᠤᠯᠤᠯᠲᠠ ᠵᠢᠨ ᠲᠥᠷᠥᠯ ᠵᠦᠢ᠍ᠯ᠂ ᠴᠢᠨᠠᠷ ᠴᠢᠨᠰᠠᠭ᠎ᠠ ᠵᠢ ᠳᠡᠭᠡᠭᠰᠢᠯᠡᠭᠦᠯᠦᠨ ᠪᠣᠶ᠋ᠢᠵᠢᠭᠤᠯᠬᠤ ᠰᠢᠨᠵᠢᠯᠡᠭᠡᠨ᠎ᠤ ᠰᠠᠯᠠᠭ᠋ᠠᠨ᠎ᠤ ᠪᠠᠶ᠋ᠢᠭᠤᠯᠤᠯᠲᠠ ᠵᠢᠨ ᠲᠥᠷᠥᠯ ᠵᠦᠢ᠍ᠯ᠂ ᠰᠢᠨᠵᠢᠯᠡᠭᠡᠨ᠎ᠤ ᠰᠠᠯᠠᠭ᠋ᠠᠨ᠎ᠤ ᠪᠥᠯᠦᠭᠵᠢᠯ᠎ᠤᠨ ᠪᠦᠲᠦᠭᠡᠨ ᠪᠠᠶ᠋ᠢᠭᠤᠯᠤᠯᠲᠠ ᠵᠢᠨ ᠲᠥᠷᠥᠯ ᠵᠦᠢ᠍ᠯ᠎ᠢ ᠮᠡᠳᠡᠭᠦᠯᠬᠦ ᠨᠥᠬᠥᠴᠡᠯ᠎ᠢ ᠲᠣᠳᠤᠷᠬᠠᠢ᠌ᠯᠠᠪᠠ᠃
ᠭᠤᠷᠪᠠᠳᠤᠭ᠋ᠠᠷ ᠪᠦᠯᠦᠭ ᠲᠥᠷᠥᠯ ᠵᠦᠢ᠍ᠯ᠎ᠤᠨ ᠬᠠᠮᠢᠶᠠᠷᠤᠯᠲᠠ᠂ ᠭᠣᠣᠯᠳᠠᠭᠤ ᠲᠥᠷᠥᠯ ᠵᠦᠢ᠍ᠯ ᠮᠡᠳᠡᠭᠦᠯᠬᠦ ᠳᠡᠰ ᠳᠠᠷᠠᠭ᠋ᠠᠯᠠᠯ᠂ ᠲᠥᠷᠥᠯ ᠵᠦᠢ᠍ᠯ᠎ᠤᠨ ᠵᠠᠷᠤᠳᠠᠯ᠎ᠤᠨ ᠢᠷᠡᠯᠲᠡ ᠪᠠ ᠬᠡᠷᠡᠭᠯᠡᠬᠦ ᠴᠢᠭᠯᠡᠯ᠂ ᠲᠥᠷᠥᠯ ᠵᠦᠢ᠍ᠯ᠎ᠤᠨ ᠪᠦᠲᠦᠭᠡᠨ ᠪᠠᠶ᠋ᠢᠭᠤᠯᠤᠯᠲᠠ ᠵᠢᠨ ᠬᠤᠭᠤᠴᠠᠭ᠎ᠠ ᠵᠡᠷᠭᠡ ᠵᠢ ᠲᠣᠳᠤᠷᠬᠠᠢ᠌ᠯᠠᠪᠠ᠃
ᠳᠥᠷᠪᠡᠳᠦᠭᠡᠷ ᠪᠦᠯᠦᠭ ᠬᠢᠨᠠᠯᠲᠠ ᠲᠠᠯᠪᠢᠵᠤ ᠦᠨᠡᠯᠡᠬᠦ᠂ ᠡᠯ᠎ᠡ ᠳᠡᠭᠡᠳᠦ ᠰᠤᠷᠭ᠋ᠠᠭᠤᠯᠢ ᠬᠢᠷᠢ ᠪᠦᠲᠦᠮᠵᠢ ᠵᠢ ᠦᠨᠡᠯᠡᠬᠦ᠂ ᠰᠤᠷᠭ᠋ᠠᠨ ᠬᠥᠮᠦᠵᠢᠯ᠎ᠤᠨ ᠲᠢᠩᠬᠢᠮ ᠡᠳ᠋᠎ᠤᠨ ᠵᠠᠰᠠᠭ᠎ᠤᠨ ᠲᠢᠩᠬᠢᠮ ᠲᠠᠢ ᠬᠠᠮᠲᠤᠷᠠᠨ ᠰᠠᠯᠠᠭ᠎ᠠ ᠮᠥᠴᠢᠷ᠎ᠲᠤ ᠬᠢᠨᠠᠯᠲᠠ ᠲᠠᠯᠪᠢᠵᠤ ᠦᠨᠡᠯᠡᠬᠦ ᠵᠢ ᠥᠷᠨᠢᠭᠦᠯᠵᠦ᠂ ᠲᠥᠷᠥᠯ ᠵᠦᠢ᠍ᠯ᠎ᠤᠨ ᠪᠦᠲᠦᠭᠡᠨ ᠪᠠᠶ᠋ᠢᠭᠤᠯᠤᠯᠲᠠ ᠵᠢᠨ ᠬᠤᠭᠤᠴᠠᠭ᠎ᠠ ᠳᠦᠭᠦᠷᠦᠭᠰᠡᠨ᠎ᠤ ᠳᠠᠷᠠᠭ᠎ᠠ᠂ ᠰᠤᠷᠭ᠋ᠠᠨ ᠬᠥᠮᠦᠵᠢᠯ᠎ᠤᠨ ᠲᠢᠩᠬᠢᠮ ᠲᠥᠷᠥᠯ ᠵᠦᠢ᠍ᠯ᠎ᠢ ᠰᠢᠯᠭ᠋ᠠᠨ ᠠᠪᠬᠤ ᠵᠢ ᠵᠣᠬᠢᠶᠠᠨ ᠪᠠᠶ᠋ᠢᠭᠤᠯᠤᠨ᠎ᠠ ᠭᠡᠵᠦ ᠲᠣᠳᠣᠷᠬᠠᠶ᠋ᠢᠯᠠᠪᠠ᠃
ᠲᠠᠪᠤᠳᠤᠭ᠋ᠠᠷ ᠪᠦᠯᠦᠭ ᠳᠠᠭ᠋ᠠᠯᠳᠤᠭᠤᠯᠤᠭᠰᠠᠨ ᠳᠦᠷᠢᠮ᠂ 《ᠬᠠᠮᠢᠶᠠᠷᠤᠯᠲᠠ ᠵᠢᠨ ᠠᠷᠭ᠎ᠠ》 ᠵᠢ ᠲᠠᠶ᠋ᠢᠯᠪᠤᠷᠢᠯᠠᠬᠤ ᠡᠷᠬᠡ᠂ ᠬᠡᠷᠡᠭᠵᠢᠭᠦᠯᠬᠦ ᠴᠠᠭ ᠬᠤᠭᠤᠴᠠᠭ᠎ᠠ ᠵᠡᠷᠭᠡ ᠵᠢ ᠲᠣᠳᠣᠷᠬᠠᠶ᠋ᠢᠯᠠᠪᠠ᠃
ᠭᠤᠷᠪᠠ᠂ 2022 ᠣᠨ᠎ᠤ ᠲᠤᠷᠰᠢᠨ ᠬᠡᠷᠡᠭᠵᠢᠭᠦᠯᠬᠦ ᠪᠢᠴᠢᠭ ᠮᠠᠲ᠋ᠧᠷᠢᠶᠠᠯ᠎ᠲᠠᠢ ᠬᠠᠷᠢᠴᠠᠭᠤᠯᠪᠠᠯ ᠡᠨᠡ
ᠤᠳᠠᠭ᠋ᠠᠨ᠎ᠤ ᠵᠠᠰᠠᠪᠤᠷᠢ ᠣᠷᠣᠭᠤᠯᠤᠭᠰᠠᠨ ᠭᠣᠣᠯ ᠠᠭᠤᠯᠭ᠎ᠠ ᠶᠠᠭᠤ ᠪᠤᠢ?
ᠨᠢᠭᠡ᠎ᠳᠤ᠂ ᠲᠣᠭᠲᠠᠭ᠋ᠠᠭᠰᠠᠨ ᠦᠨᠳᠦᠰᠦᠯᠡᠯ᠎ᠳᠤ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠡᠷᠢᠭᠦᠨ᠎ᠤ ᠰᠢᠨᠵᠢᠯᠡᠭᠡᠨ᠎ᠤ ᠰᠠᠯᠠᠭ᠋ᠠᠨ᠎ᠤ ᠪᠠᠶ᠋ᠢᠭᠤᠯᠤᠯᠲᠠ ᠵᠢ ᠠᠬᠢᠭᠤᠯᠬᠤ ᠠᠵᠢᠯᠯᠠᠭ᠋ᠠᠨ᠎ᠤ ᠲᠥᠯᠥᠪᠯᠡᠭᠡ (2024 - 2027 ᠣᠨ)》 ᠵᠢ ᠨᠡᠮᠡᠭᠰᠡᠨ ᠪᠥᠭᠡᠳ 《ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ ᠭᠣᠣᠯ ᠱᠤᠭᠤᠮ》᠎ᠤᠨ ᠬᠣᠯᠪᠣᠭᠳᠠᠯ ᠪᠦᠬᠦᠢ ᠥᠭᠦᠯᠡᠯᠲᠡ ᠵᠢ ᠲᠡᠭᠦᠯᠳᠡᠷᠵᠢᠭᠦᠯᠪᠡ᠃
ᠬᠣᠶᠠᠷ᠎ᠲᠤ᠂ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠭᠡᠨ᠎ᠤ ᠰᠠᠯᠠᠭ᠋ᠠᠨ᠎ᠤ ᠪᠠᠶ᠋ᠢᠭᠤᠯᠤᠯᠲᠠ ᠵᠢᠨ ᠪᠣᠳᠠᠲᠤ ᠪᠠᠶ᠋ᠢᠳᠠᠯ᠎ᠲᠠᠢ ᠤᠶᠠᠯᠳᠤᠭᠤᠯᠤᠨ᠂ ᠶᠡᠬᠡ ᠳᠡᠭᠡᠳᠦ ᠰᠤᠷᠭ᠋ᠠᠭᠤᠯᠢ ᠵᠢᠨ ᠲᠤᠰᠬᠠᠢ ᠮᠡᠷᠭᠡᠵᠢᠯ᠎ᠤᠨ ᠳ᠋ᠣᠺᠲ᠋ᠣᠷ᠎ᠤᠨ ᠡᠷᠳᠡᠮ᠎ᠤᠨ ᠴᠣᠯᠠ ᠵᠢᠨ ᠡᠷᠬᠡ ᠣᠯᠭᠣᠬᠤ ᠴᠡᠭ᠎ᠢ ᠶᠡᠬᠡ᠎ᠪᠠᠷ ᠪᠣᠶ᠋ᠢᠵᠢᠭᠤᠯᠤᠨ ᠪᠠᠶ᠋ᠢᠭᠤᠯᠬᠤ ᠵᠢ ᠵᠣᠷᠢᠭᠵᠢᠭᠤᠯᠵᠤ᠂ ᠲᠡᠷᠢᠭᠦᠨ᠎ᠤ ᠪᠣᠶ᠋ᠢᠵᠢᠭᠤᠯᠬᠤ ᠰᠢᠨᠵᠢᠯᠡᠭᠡᠨ᠎ᠤ ᠰᠠᠯᠠᠭ᠋ᠠᠨ᠎ᠤ ᠲᠥᠷᠥᠯ ᠵᠦᠢ᠍ᠯ᠎ᠢ ᠮᠡᠳᠡᠭᠦᠯᠬᠦ ᠨᠥᠬᠥᠴᠡᠯ᠎ᠢ ᠳ᠋ᠣᠺᠲ᠋ᠣᠷ᠎ᠤᠨ ᠡᠷᠳᠡᠮ᠎ᠤᠨ ᠴᠣᠯᠠ ᠣᠯᠭᠣᠬᠤ ᠡᠷᠬᠡ ᠵᠢ ᠪᠦᠷᠢᠯᠳᠦᠭᠦᠯᠦᠭᠰᠡᠨ᠂ ᠡᠰᠡᠬᠦᠯ᠎ᠡ ᠰᠤᠷᠭ᠋ᠠᠨ ᠬᠥᠮᠦᠵᠢᠯ᠎ᠤᠨ ᠶᠠᠮᠤᠨ᠎ᠤ ᠬᠠᠮᠤᠭ᠎ᠤᠨ ᠰᠢᠨ᠎ᠡ ᠡᠭᠡᠯᠵᠢ ᠵᠢᠨ ᠰᠢᠨᠵᠢᠯᠡᠭᠡᠨ᠎ᠤ ᠰᠠᠯᠠᠭ᠋ᠠᠨ᠎ᠤ ᠦᠨᠡᠯᠡᠯᠲᠡ᠎ᠳᠤ C - ᠳᠡᠰ᠎ᠠᠴᠠ ᠳᠡᠭᠡᠭᠰᠢ ᠪᠤᠶᠤ ᠡᠰᠡᠬᠦᠯ᠎ᠡ ᠬᠠᠮᠤᠭ᠎ᠤᠨ ᠰᠢᠨ᠎ᠡ ᠡᠭᠡᠯᠵᠢ ᠵᠢᠨ ᠡᠷᠳᠡᠮ᠎ᠤᠨ ᠴᠣᠯᠠ ᠵᠢᠨ ᠡᠷᠬᠡ ᠣᠯᠭᠣᠬᠤ ᠬᠢᠨᠠᠨ ᠪᠠᠢ᠌ᠴᠠᠭ᠋ᠠᠯᠲᠠ᠎ᠳᠤ ᠥᠪᠡᠷᠲᠡᠭᠡᠨ ᠵᠠᠰᠠᠬᠤ ᠣᠷᠣᠨ᠎ᠠᠴᠠ ᠪᠠᠲᠤᠯᠠᠨ ᠲᠠᠨᠢᠯᠴᠠᠭᠤᠯᠵᠤ ᠮᠡᠳᠡᠭᠦᠯᠦᠭᠰᠡᠨ ᠳ᠋ᠣᠺᠲ᠋ᠣᠷ᠎ᠤᠨ ᠲᠤᠰᠬᠠᠢ ᠮᠡᠷᠭᠡᠵᠢᠯ᠎ᠤᠨ ᠡᠷᠳᠡᠮ᠎ᠤᠨ ᠴᠣᠯᠠ ᠵᠢᠨ ᠡᠷᠬᠡ ᠣᠯᠭᠣᠬᠤ ᠲᠥᠷᠥᠯ ᠢᠯᠭ᠋ᠠᠯ ᠪᠣᠯᠲᠠᠯ᠎ᠠ ᠴᠢᠯᠦᠭᠡᠲᠡᠢ ᠪᠣᠯᠭ᠋ᠠᠪᠠ᠃
ᠭᠤᠷᠪᠠ᠎ᠳᠤ᠂ ᠥᠪᠡᠷᠲᠡᠭᠡᠨ ᠵᠠᠰᠠᠬᠤ ᠣᠷᠣᠨ᠎ᠤ ᠲᠡᠷᠢᠭᠦᠨ᠎ᠤ ᠰᠢᠨᠵᠢᠯᠡᠭᠡᠨ᠎ᠤ ᠰᠠᠯᠠᠭ᠋ᠠᠨ ᠤ ᠣᠳᠣ ᠬᠡᠷᠡᠭᠵᠢᠭᠦᠯᠵᠦ ᠪᠠᠶ᠋ᠢᠭ᠎ᠠ ᠳᠡᠰ᠎ᠤᠨ ᠬᠤᠪᠢᠶᠠᠷᠢᠯᠠᠯ᠎ᠢ ᠦᠨᠳᠦᠰᠦᠯᠡᠨ᠂ ᠰᠢᠨᠵᠢᠯᠡᠭᠡᠨ ᠤ ᠰᠠᠯᠠᠭ᠋ᠠᠨ᠎ᠤ ᠪᠥᠯᠦᠭᠵᠢᠯ᠎ᠤᠨ ᠪᠠᠶ᠋ᠢᠭᠤᠯᠤᠯᠲᠠ ᠵᠢᠨ ᠲᠥᠷᠥᠯ ᠵᠦᠢ᠍ᠯ᠎ᠢ ᠲᠦᠷᠦᠭᠦᠯᠡᠨ ᠮᠡᠳᠡᠭᠦᠯᠬᠦ ᠰᠢᠨᠵᠢᠯᠡᠭᠡᠨ᠎ᠤ ᠰᠠᠯᠠᠭ᠋ᠠᠨ᠎ᠤ ᠨᠥᠬᠥᠴᠡᠯ᠎ᠢ 《ᠲᠡᠷᠢᠭᠦᠨ᠎ᠤ ᠣᠷᠣᠶ᠋ᠢᠯᠠᠭᠰᠠᠨ ᠰᠢᠨᠵᠢᠯᠡᠭᠡᠨ᠎ᠤ ᠰᠠᠯᠠᠭ᠎ᠠ》 ᠪᠤᠶᠤ 《ᠲᠡᠷᠢᠭᠦᠨ᠎ᠤ ᠣᠷᠣᠶ᠋ᠢᠯᠠᠭᠰᠠᠨ ᠪᠣᠢ᠌ᠵᠢᠭᠤᠯᠬᠤ ᠰᠢᠨᠵᠢᠯᠡᠭᠡᠨ᠎ᠤ ᠰᠠᠯᠠᠭ᠎ᠠ》 ᠪᠣᠯᠭ᠋ᠠᠨ ᠵᠠᠯᠠᠷᠠᠭᠤᠯᠪᠠ᠃
ᠳᠥᠷᠪᠡ᠎ᠳᠤ᠂ ᠰᠢᠨᠵᠢᠯᠡᠭᠡᠨ᠎ᠤ ᠰᠠᠯᠠᠭ᠋ᠠᠨ᠎ᠤ ᠪᠠᠶ᠋ᠢᠭᠤᠯᠤᠯᠲᠠ ᠵᠢᠨ ᠲᠥᠷᠥᠯ ᠵᠦᠢ᠍ᠯ᠎ᠢ ᠪᠣᠳᠠᠲᠠᠢ ᠳᠡᠮᠵᠢᠬᠦ ᠲᠣᠭ᠎ᠠ ᠬᠡᠮᠵᠢᠶ᠎ᠡ ᠵᠢ ᠳᠠᠬᠢᠵᠤ ᠲᠣᠭᠲᠠᠭ᠋ᠠᠬᠤ ᠦᠭᠡᠢ᠂ ᠵᠢᠯ᠎ᠤᠨ ᠡᠳ᠋᠎ᠤᠨ ᠵᠠᠰᠠᠭ᠎ᠤᠨ ᠲᠥᠰᠦᠪ᠎ᠤᠨ ᠲᠣᠭ᠎ᠠ ᠬᠡᠮᠵᠢᠶ᠎ᠡ ᠵᠢ ᠦᠨᠳᠦᠰᠦᠯᠡᠨ ᠬᠥᠳᠡᠯᠦᠩᠭᠦᠢ ᠲᠣᠬᠢᠷᠠᠭᠤᠯᠤᠨ᠎ᠠ᠃
ᠲᠠᠪᠤ᠎ᠳᠤ᠂ 《ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ᠎ᠤᠨ ᠰᠢᠨᠵᠢᠯᠡᠭᠡᠨ᠎ᠤ ᠰᠠᠯᠠᠭ᠋ᠠᠨ᠎ᠤ ᠪᠦᠲᠦᠭᠡᠨ ᠪᠠᠶ᠋ᠢᠭᠤᠯᠤᠯᠲᠠ ᠵᠢᠨ ᠵᠠᠷᠤᠳᠠᠯ᠎ᠤᠨ ᠬᠡᠷᠡᠭᠯᠡᠯᠲᠡ ᠪᠠ ᠬᠠᠮᠢᠶᠠᠷᠤᠯᠲᠠ ᠵᠢ ᠴᠢᠩᠭ᠋ᠠᠳᠬᠠᠬᠤ ᠲᠤᠬᠠᠢ ᠮᠡᠳᠡᠭᠳᠡᠯ》᠎ᠤᠨ ᠱᠠᠭ᠋ᠠᠷᠳᠠᠯᠭ᠎ᠠ ᠶᠣᠰᠣᠭ᠋ᠠᠷ᠂ ᠰᠢᠨᠵᠢᠯᠡᠭᠡᠨ᠎ᠤ ᠰᠠᠯᠠᠭ᠋ᠠᠨ᠎ᠤ ᠪᠠᠶ᠋ᠢᠭᠤᠯᠤᠯᠲᠠ ᠵᠢᠨ ᠲᠥᠷᠥᠯ ᠵᠦᠢ᠍ᠯ᠎ᠤᠨ ᠵᠠᠷᠤᠳᠠᠯ᠎ᠤᠨ ᠬᠡᠷᠡᠭᠴᠡᠭᠡ ᠵᠢᠴᠢ ᠬᠢᠨᠠᠯᠲᠠ ᠲᠠᠯᠪᠢᠵᠤ ᠦᠨᠡᠯᠡᠬᠦ ᠬᠡᠰᠡᠭ ᠠᠭᠤᠯᠭ᠎ᠠ᠎ᠳᠤ ᠵᠠᠰᠠᠪᠤᠷᠢ ᠣᠷᠣᠭᠤᠯᠤᠨ ᠲᠡᠭᠦᠯᠳᠡᠷᠵᠢᠭᠦᠯᠪᠡ᠃
ᠳᠥᠷᠪᠡ᠂ 《ᠬᠠᠮᠢᠶᠠᠷᠤᠯᠲᠠ ᠵᠢᠨ ᠠᠷᠭ᠎ᠠ》 ᠵᠢ ᠪᠣᠳᠠᠲᠠᠢ᠌ᠵᠢᠭᠤᠯᠤᠨ ᠦᠷ᠎ᠡ ᠪᠦᠲᠦᠮᠵᠢ
ᠣᠯᠬᠤ ᠵᠢ ᠶᠠᠭ᠋ᠠᠬᠢᠵᠤ ᠪᠠᠲᠤᠯᠠᠬᠤ ᠪᠤᠢ?
ᠬᠠᠷᠢᠭᠤᠯᠲᠠ᠄ 《ᠬᠠᠮᠢᠶᠠᠷᠤᠯᠲᠠ ᠵᠢᠨ ᠠᠷᠭ᠎ᠠ》 ᠵᠢ ᠳᠠᠷᠤᠮᠠᠯᠯᠠᠨ ᠲᠠᠷᠬᠠᠭ᠋ᠠᠭᠰᠠᠨ᠎ᠤ ᠳᠠᠷᠠᠭ᠎ᠠ᠂ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ 《ᠬᠠᠮᠢᠶᠠᠷᠤᠯᠲᠠ ᠵᠢᠨ ᠠᠷᠭ᠎ᠠ》 ᠵᠢ ᠮᠡᠳᠡᠭᠦᠯᠬᠦ ᠨᠥᠬᠥᠴᠡᠯ ᠶᠣᠰᠣᠭ᠋ᠠᠷ᠂ ᠬᠠᠮᠢᠶ᠎ᠠ ᠪᠦᠬᠦᠢ ᠳᠡᠭᠡᠳᠦ ᠰᠤᠷᠭ᠋ᠠᠭᠤᠯᠢ ᠵᠢ ᠵᠣᠬᠢᠶᠠᠨ ᠪᠠᠶ᠋ᠢᠭᠤᠯᠤᠨ ᠲᠥᠷᠥᠯ ᠵᠦᠢ᠍ᠯ᠎ᠢ ᠮᠡᠳᠡᠭᠦᠯᠬᠦ ᠪᠢᠴᠢᠭ᠎ᠢ ᠨᠠᠶ᠋ᠢᠷᠠᠭᠤᠯᠤᠨ ᠵᠣᠬᠢᠶᠠᠪᠠ᠃ ᠶᠡᠬᠡ ᠳᠡᠭᠡᠳᠦ ᠰᠤᠷᠭ᠋ᠠᠭᠤᠯᠢ ᠭᠦᠢ᠍ᠴᠡᠳ ᠨᠤᠲᠠᠯᠠᠵᠤ ᠦᠨᠡᠯᠡᠬᠦ᠎ᠪᠠᠷ ᠳᠠᠮᠵᠢᠨ᠂ ᠰᠤᠷᠭ᠋ᠠᠨ ᠬᠥᠮᠦᠵᠢᠯ᠎ᠤᠨ ᠲᠢᠩᠬᠢᠮ ᠲᠤᠰᠬᠠᠢ ᠮᠡᠷᠭᠡᠵᠢᠯᠲᠡᠨ᠎ᠢ ᠵᠣᠬᠢᠶᠠᠨ ᠪᠠᠢ᠌ᠭᠤᠯᠵᠤ ᠬᠢᠨᠠᠨ ᠳᠣᠭᠲᠠᠭ᠋ᠠᠭᠰᠠᠨᠤ ᠳᠠᠷᠠᠭ᠎ᠠ᠂ 《ᠲᠥᠯᠦᠪᠵᠢᠭᠦᠯᠭᠡ ᠵᠢ ᠮᠡᠳᠡᠭᠦᠯᠬᠦ᠂ ᠣᠨᠴᠠᠯᠢᠭ᠎ᠢ ᠲᠣᠪᠣᠶ᠋ᠢᠯᠭ᠋ᠠᠬᠤ᠂ ᠬᠡᠷᠡᠭᠴᠡᠭᠡ ᠱᠠᠭ᠋ᠠᠷᠳᠠᠯᠭ᠎ᠠ᠎ᠳᠤ ᠠᠩᠬᠠᠷᠤᠯ ᠵᠶ᠋ᠠᠨ ᠲᠥᠪᠯᠡᠷᠡᠭᠦᠯᠬᠦ᠂ ᠰᠢᠯᠢᠳᠡᠭ᠎ᠢ ᠰᠣᠩᠭᠣᠵᠤ ᠰᠡᠳᠦᠪ ᠲᠣᠭᠲᠠᠭ᠋ᠠᠬᠤ》 ᠦᠨᠳᠦᠰᠦᠨ ᠵᠠᠷᠴᠢᠮ ᠶᠣᠰᠣᠭ᠋ᠠᠷ᠂ ᠲᠥᠷᠥᠯ ᠵᠦᠢ᠍ᠯ᠎ᠢ ᠰᠣᠩᠭᠣᠵᠤ ᠪᠦᠲᠦᠭᠡᠨ ᠪᠠᠶ᠋ᠢᠭᠤᠯᠤᠨ᠎ᠠ᠃ ᠪᠦᠲᠦᠭᠡᠨ ᠪᠠᠶ᠋ᠢᠭᠤᠯᠬᠤ ᠬᠤᠭᠤᠴᠠᠭ᠎ᠠ ᠳᠦᠭᠦᠷᠦᠭᠰᠡᠨ ᠲᠥᠷᠥᠯ ᠵᠦᠢ᠍ᠯ᠎ᠢ ᠰᠤᠷᠭ᠋ᠠᠨ ᠬᠥᠮᠦᠵᠢᠯ᠎ᠤᠨ ᠲᠢᠩᠬᠢᠮ᠎ᠠᠴᠠ ᠲᠤᠰᠬᠠᠢ ᠮᠡᠷᠭᠡᠵᠢᠯᠲᠡᠨ᠎ᠢ ᠵᠣᠬᠢᠶᠠᠨ ᠪᠠᠶ᠋ᠢᠭᠤᠯᠤᠨ ᠰᠢᠯᠭ᠋ᠠᠨ ᠠᠪᠴᠤ᠂ ᠰᠢᠨ᠎ᠡ ᠡᠭᠡᠯᠵᠢ ᠵᠢᠨ ᠰᠢᠨᠵᠢᠯᠡᠭᠡᠨ᠎ᠤ ᠰᠠᠯᠠᠭ᠋ᠠᠨ᠎ᠤ ᠪᠠᠶ᠋ᠢᠭᠤᠯᠤᠯᠲᠠ ᠵᠢᠨ ᠲᠥᠷᠥᠯ ᠵᠦᠢ᠍ᠯ᠎ᠢ ᠰᠢᠯᠢᠨ ᠰᠣᠩᠭᠣᠬᠤ ᠴᠢᠬᠤᠯᠠ ᠯᠠᠪᠯᠠᠯᠲᠠ ᠪᠣᠯᠭ᠋ᠠᠵᠤ᠂ ᠪᠦᠲᠦᠭᠡᠨ ᠪᠠᠶ᠋ᠢᠭᠤᠯᠤᠯᠲᠠ ᠵᠢᠨ ᠦᠷ᠎ᠡ ᠪᠦᠲᠦᠮᠵᠢ᠎ᠪᠠᠷ ᠲᠣᠪᠤᠢ᠌ᠮ᠎ᠠ ᠰᠢᠨᠵᠢᠯᠡᠭᠡᠨ᠎ᠤ ᠰᠠᠯᠠᠭ᠎ᠠ ᠵᠢ ᠰᠢᠨ᠎ᠡ ᠡᠭᠡᠯᠵᠢ ᠵᠢᠨ ᠡᠷᠳᠡᠮ᠎ᠤᠨ ᠴᠣᠯᠠ ᠵᠢᠨ ᠡᠷᠬᠡ ᠣᠯᠭᠣᠬᠤ ᠵᠢ ᠬᠢᠨᠠᠨ ᠪᠠᠢ᠌ᠴᠠᠭ᠋ᠠᠬᠤ ᠶᠠᠪᠤᠴᠠ᠎ᠳᠤ ᠲᠠᠨᠢᠯᠴᠠᠭᠤᠯᠤᠨ᠎ᠠ᠃