ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠤᠷᠭᠠᠨ ᠬᠦᠮᠦᠵᠢᠯ᠎ᠤᠨ ᠬᠠᠨᠲᠤᠯᠭ᠎ᠠ
ᠰᠣᠨᠤᠷ᠎ᠤᠨ ᠲᠠᠪᠴᠠᠩ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠢᠯᠡ ᠵᠠᠰᠠᠭ   -   ᠲᠥᠷᠥ᠎ᠶᠢᠨ ᠪᠣᠳᠣᠯᠭ᠎ᠠ᠎ᠶᠢᠨ ᠲᠠᠶ᠋ᠢᠯᠤᠮᠵᠢ
ᠴᠢᠨᠠᠷ ᠰᠠᠶ᠋ᠢᠲᠠᠢ᠎ᠪᠠᠷ ᠭᠦᠢ᠍ᠴᠡᠳ ᠠᠵᠢᠯ ᠣᠯᠭᠤᠬᠤ᠎ᠪᠠᠨ ᠠᠬᠢᠭᠤᠯᠬᠤ ᠲᠣᠭᠲᠠᠴᠠ ᠵᠢ ᠬᠡᠷᠬᠢᠨ ᠪᠠᠶ᠋ᠢᠭᠤᠯᠬᠤ ᠪᠤᠢ?
ᠨᠡᠶ᠋ᠢᠲᠡᠯᠡᠭᠰᠡᠨ ᠴᠠᠭ᠄ 2024-08-26

      ᠨᠠᠮ᠎ᠤᠨ ᠬᠤᠷᠢᠳᠤᠭ᠋ᠠᠷ ᠬᠤᠭᠤᠴᠠᠭ᠋ᠠᠨ᠎ᠤ ᠲᠥᠪ ᠬᠤᠷᠢᠶᠠᠨ᠎ᠤ ᠭᠤᠷᠪᠠᠳᠤᠭ᠋ᠠᠷ ᠪᠥᠬᠦᠳᠡ  ᠬᠤᠷᠠᠯᠳᠤᠭ᠋ᠠᠨ ᠵᠶ᠋ᠠᠷ  ᠬᠢᠨᠠᠨ ᠵᠥᠪᠯᠡᠵᠦ ᠪᠠᠲᠤᠯᠠᠭᠰᠠᠨ 《ᠥᠭᠡᠷᠡᠴᠢᠯᠡᠯᠲᠡ ᠵᠢ ᠤᠯᠠᠮ ᠨᠢᠭᠡ ᠠᠯᠬᠤᠮ ᠪᠦᠬᠦ ᠲᠠᠯ᠎ᠠ᠎ᠪᠠᠷ ᠭᠦᠨᠵᠡᠭᠡᠶ᠋ᠢᠷᠡᠭᠦᠯᠵᠦ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢ ᠠᠬᠢᠭᠤᠯᠬᠤ ᠲᠤᠬᠠᠢ ᠳᠤᠮᠳᠠᠳᠤ ᠤᠯᠤᠰ᠎ᠤᠨ ᠡᠪ             ᠬᠠᠮᠲᠤ ᠨᠠᠮ᠎ᠤᠨ ᠲᠥᠪ ᠬᠤᠷᠢᠶᠠᠨ ᠎ᠤ ᠲᠣᠭᠲᠠᠭ᠋ᠠᠯ》᠎ᠳᠤ ᠠᠵᠢᠯ ᠣᠯᠭᠤᠯᠲᠠ ᠵᠢ  ᠤᠷᠢᠳ ᠵᠶ᠋ᠠᠷ ᠪᠣᠳᠣᠯᠬᠢᠯᠠᠬᠤ  ᠲᠦᠷᠦ ᠵᠢᠨ ᠪᠤᠳᠤᠯᠭ᠎ᠠ ᠵᠢ  ᠲᠡᠭᠦᠯᠳᠡᠷᠵᠢᠭᠦᠯᠬᠦ ᠲᠤᠬᠠᠢ ᠠᠯᠢ ᠤᠯᠠᠨ ᠰᠢᠨ᠎ᠡ ᠪᠠᠶ᠋ᠢᠷᠢᠯᠠᠭᠤᠯᠤᠯᠲᠠ  ᠬᠢᠪᠡ᠃ ᠡᠭᠦᠨ ᠎ᠳᠤ 《ᠴᠢᠨᠠᠷ ᠰᠠᠶ᠋ᠢᠲᠠᠢ᠎ᠪᠠᠷ  ᠭᠦᠢ᠍ᠴᠡᠳ ᠠᠵᠢᠯ  ᠣᠯᠭᠤᠬᠤ᠎ᠪᠠᠨ  ᠠᠬᠢᠭᠤᠯᠬᠤ ᠲᠣᠭᠲᠠᠴᠠ ᠵᠢ ᠲᠡᠭᠦᠯᠳᠡᠷᠵᠢᠭᠦᠯᠬᠦ》 ᠱᠠᠭ᠋ᠠᠷᠳᠠᠯᠭ᠎ᠠ ᠵᠢ᠎ᠨᠢ  ᠠᠵᠢᠯ ᠣᠯᠭᠤᠯᠲᠠ ᠵᠢᠨ ᠶᠡᠷᠦᠩᠬᠡᠢ  ᠬᠡᠪᠴᠢᠶᠡᠨ᠎ᠤ ᠳᠠᠷᠤᠯᠲᠠ ᠪᠠ ᠪᠦᠲᠦᠴᠡ ᠵᠢᠨ ᠴᠢᠨᠠᠷᠲᠠᠢ ᠵᠥᠷᠢᠴᠡᠯ  ᠵᠡᠷᠭᠡ᠎ᠪᠠᠷ  ᠣᠷᠣᠰᠢᠵᠤ ᠪᠠᠶ᠋ᠢᠭ᠎ᠠ ᠠᠬᠤᠢ ᠪᠠᠶ᠋ᠢᠳᠠᠯ᠎ᠳᠤ  ᠶᠠᠭ᠋ᠠᠬᠢᠵᠤ ᠨᠠᠶ᠋ᠢᠳᠠᠪᠤᠷᠢᠵᠢᠭᠤᠯᠪᠠᠯ ᠵᠣᠬᠢᠬᠤ  ᠪᠤᠢ?
      ᠬᠥᠮᠦᠨ᠎ᠤ ᠬᠦᠴᠦᠨ᠎ᠤ ᠡᠬᠢ ᠪᠠᠶᠠᠯᠢᠭ  ᠪᠠ  ᠨᠡᠶ᠋ᠢᠭᠡᠮ᠎ᠤᠨ ᠪᠠᠲᠤᠯᠠᠭ᠎ᠠ ᠵᠢᠨ ᠶᠠᠮᠤᠨ᠎ᠤ ᠰᠠᠶ᠋ᠢᠳ ᠸᠠᠩ ᠰᠢᠶᠤᠤ ᠫᠢᠩ᠄ 《ᠴᠢᠨᠠᠷ ᠰᠠᠶ᠋ᠢᠲᠠᠶ᠎ᠪᠠᠷ  ᠭᠦᠢ᠍ᠴᠡᠳ ᠠᠵᠢᠯ  ᠣᠯᠭᠤᠬᠤ᠎ᠪᠠᠨ  ᠠᠬᠢᠭᠤᠯᠬᠤ ᠪᠣᠯ ᠰᠢᠨ᠎ᠡ ᠴᠠᠭ ᠦᠶ᠎ᠡ ᠰᠢᠨ᠎ᠡ ᠠᠶᠠᠨ᠎ᠤ ᠠᠵᠢᠯ ᠣᠯᠭᠤᠯᠲᠠ ᠵᠢᠨ ᠠᠵᠢᠯ᠎ᠤᠨ ᠰᠢᠨ᠎ᠡ ᠪᠠᠶ᠋ᠢᠷᠢ ᠲᠣᠭᠲᠠᠭ᠋ᠠᠯᠲᠠ᠂ ᠰᠢᠨ᠎ᠡ ᠡᠭᠦᠷᠭᠡ ᠬᠠᠷᠢᠭᠤᠴᠠᠯᠭ᠎ᠠ  ᠪᠣᠯᠣᠨ᠎ᠠ᠃ ᠳᠠᠷᠠᠭ᠋ᠠᠴᠢ ᠵᠢᠨ ᠠᠯᠬᠤᠮ᠎ᠳᠤ 《ᠲᠣᠭᠲᠠᠭ᠋ᠠᠯ》᠎ᠤᠨ ᠪᠠᠶ᠋ᠢᠷᠢᠯᠠᠭᠤᠯᠤᠯᠲᠠ ᠶᠣᠰᠣᠭ᠋ᠠᠷ᠂ ᠴᠢᠨᠠᠷ ᠰᠠᠶ᠋ᠢᠲᠠᠢ᠎ᠪᠠᠷ  ᠭᠦᠢ᠍ᠴᠡᠳ ᠠᠵᠢᠯ  ᠣᠯᠭᠤᠬᠤ᠎ᠪᠠᠨ  ᠠᠬᠢᠭᠤᠯᠬᠤ᠎ᠪᠠᠷ ᠬᠠᠷᠠᠯᠲᠠ᠂ ᠠᠵᠢᠯ ᠣᠯᠭᠤᠯᠲᠠ ᠵᠢ  ᠤᠷᠢᠳ ᠵᠶ᠋ᠠᠷ ᠪᠣᠳᠣᠯᠬᠢᠯᠠᠬᠤ  ᠪᠠᠶ᠋ᠢᠯᠳᠤᠬᠤ ᠪᠤᠳᠤᠯᠭ᠎ᠠ ᠵᠢ ᠬᠡᠷᠡᠭᠵᠢᠭᠦᠯᠬᠦ᠎ᠪᠠᠷ ᠵᠢᠯᠤᠭᠤᠳᠤᠯᠭ᠎ᠠ᠂ ᠠᠵᠢᠯ ᠣᠯᠭᠤᠯᠲᠠ ᠵᠢ ᠤᠷᠢᠳ ᠵᠶ᠋ᠠᠷ ᠪᠣᠳᠣᠯᠬᠢᠯᠠᠬᠤ  ᠲᠦᠷᠦ ᠵᠢᠨ ᠪᠤᠳᠤᠯᠭ᠎ᠠ ᠵᠢ  ᠴᠢᠩᠭ᠋ᠠᠷᠠᠭᠤᠯᠬᠤ᠎ᠪᠠᠷ ᠭᠠᠷᠳᠠᠴᠠ᠂ ᠠᠵᠢᠯ ᠣᠯᠭᠤᠯᠲᠠ ᠵᠢᠨ ᠪᠠᠶ᠋ᠢᠭᠤᠯᠤᠯ ᠲᠣᠭᠲᠠᠴᠠ ᠵᠢᠨ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠬᠦ᠎ᠪᠠᠷ  ᠬᠦᠳᠡᠯᠭᠡᠭᠴᠢ  ᠬᠦᠴᠦᠨ  ᠪᠣᠯᠭ᠋ᠠᠨ ᠂ ᠠᠵᠢᠯ ᠣᠯᠭᠤᠯᠲᠠ ᠵᠢᠨ ᠴᠢᠨᠠᠷ  ᠴᠢᠨᠰᠠᠭ᠎ᠠ ᠵᠢ  ᠪᠦᠲᠦᠮᠵᠢᠲᠡᠢ  ᠰᠠᠶ᠋ᠢᠵᠢᠷᠠᠭᠤᠯᠬᠤ  ᠪᠠ ᠲᠤᠭ᠎ᠠ  ᠬᠡᠮᠵᠢᠶ᠎ᠡ᠎ᠪᠠᠨ  ᠵᠣᠬᠢᠰᠲᠠᠢ  ᠨᠡᠮᠡᠭᠳᠡᠭᠦᠯᠬᠦ ᠵᠢ  ᠦᠷᠭᠦᠯᠵᠢᠯᠡᠨ ᠠᠬᠢᠭᠤᠯᠤᠨ᠎ᠠ》  ᠬᠡᠮᠡᠪᠡ᠃
      ᠣᠶ᠋ᠢᠷ᠎ᠠ ᠵᠢᠨ ᠵᠢᠯ᠎ᠤᠳ᠎ᠲᠤ᠂ ᠮᠠᠨ᠎ᠤ ᠤᠯᠤᠰ᠎ᠤᠨ ᠬᠥᠳᠡᠯᠮᠦᠷᠢᠯᠡᠬᠦ ᠨᠠᠰᠤᠨ᠎ᠤ ᠬᠥᠮᠦᠨ ᠠᠮᠠ ᠲᠠᠰᠤᠷᠠᠯᠲᠠ ᠦᠭᠡᠢ ᠪᠠᠭ᠋ᠠᠰᠤᠭᠰᠠᠨ ᠪᠣᠯᠪᠠᠴᠤ ᠬᠥᠳᠡᠯᠮᠦᠷᠢ ᠬᠦᠴᠦᠨ᠎ᠤ ᠶᠡᠷᠦᠩᠬᠡᠢ  ᠬᠡᠪᠴᠢᠶ᠎ᠡ  ᠮᠥᠨ ᠯᠡ  ᠠᠰᠤᠷᠤ  ᠶᠡᠭᠡ  ᠪᠠᠶ᠋ᠢᠭ᠎ᠠ ᠪᠣᠯᠬᠤᠷ  ᠠᠵᠢᠯ ᠣᠯᠭᠤᠯᠲᠠ ᠵᠢᠨ ᠶᠡᠷᠦᠩᠬᠡᠢ  ᠬᠡᠪᠴᠢᠶᠡᠨ᠎ᠤ ᠳᠠᠷᠤᠯᠲᠠ  ᠮᠥᠨ ᠣᠷᠣᠰᠢᠭᠰᠠᠭ᠋ᠠᠷ  ᠪᠠᠶ᠋ᠢᠨ᠎ᠠ᠃ ᠡᠭᠦᠨ᠎ᠤ ᠬᠠᠮᠲᠤ᠂ ᠬᠥᠳᠡᠯᠮᠦᠷᠢ ᠬᠦᠴᠦᠨ᠎ᠤ ᠪᠦᠲᠦᠴᠡ᠎ᠳᠤ ᠭᠦᠨᠵᠡᠭᠡᠶ ᠬᠤᠪᠢᠷᠠᠯᠲᠠ ᠭᠠᠷᠴᠤ᠂ ᠰᠢᠨ᠎ᠡ ᠴᠢᠨᠠᠷ  ᠪᠦᠬᠦᠢ  ᠦᠢ᠍ᠯᠡᠳᠪᠦᠷᠢᠯᠡᠯ᠎ᠤᠨ ᠬᠦᠴᠦᠨ᠎ᠤ  ᠲᠦᠷᠭᠡᠨ  ᠬᠥᠭᠵᠢᠯᠲᠡ᠂ ᠰᠢᠨ᠎ᠡ᠎ᠪᠠᠷ  ᠪᠤᠢ ᠪᠣᠯᠣᠬᠰᠠᠨ  ᠠᠵᠤ ᠦᠢ᠍ᠯᠡᠰ᠎ᠤᠨ  ᠪᠣᠶ᠋ᠢᠵᠢᠨ ᠪᠤᠵᠠᠭ᠋ᠠᠶ᠋ᠢᠷᠠᠯᠲᠠ  ᠪᠠ ᠢᠷᠡᠭᠡᠳᠦᠶ ᠵᠢᠨ ᠠᠵᠤ ᠦᠢ᠍ᠯᠡᠰ᠎ᠤᠨ  ᠪᠠᠶ᠋ᠢᠷᠢᠰᠢᠯ᠎ᠤᠨ  ᠪᠥᠲᠥᠭᠡᠨ ᠪᠠᠶ᠋ᠢᠭᠤᠯᠤᠯᠲᠠ  ᠵᠡᠷᠭᠡ᠎ᠨᠢ  ᠬᠥᠳᠡᠯᠮᠦᠷᠢᠴᠢᠳ᠎ᠤᠨ ᠤᠷ᠎ᠠ  ᠮᠡᠷᠭᠡᠰᠢᠯ᠎ᠤᠨ  ᠬᠢᠷᠢ ᠲᠦᠪᠰᠢᠨ᠎ᠳᠤ ᠨᠠᠩ ᠥᠨᠳᠥᠷ ᠱᠠᠭ᠋ᠠᠷᠳᠠᠯᠭ᠎ᠠ  ᠳᠤᠷᠠᠳᠤᠭᠰᠠᠨ ᠪᠠᠶ᠋ᠢᠨ᠎ᠠ᠃  ᠤᠷ᠎ᠠ  ᠮᠡᠷᠭᠡᠰᠢᠯᠳᠦ ᠴᠢᠳᠠᠪᠤᠷᠢᠲᠠᠨ ᠳᠤᠲᠠᠭᠳᠠᠬᠤ᠂ ᠬᠥᠮᠦᠨ᠎ᠤ ᠬᠦᠴᠦᠨ᠎ᠤ ᠡᠬᠢ ᠪᠠᠶᠠᠯᠢᠭ᠎ᠤᠨ ᠬᠠᠩᠭ᠋ᠠᠯᠭ᠎ᠠ ᠬᠡᠷᠡᠭᠴᠡᠭᠡ  ᠳᠣᠬᠢᠷᠠᠯᠴᠠᠬᠤ  ᠦᠭᠡᠢ᠂ 《  ᠠᠵᠢᠯ ᠪᠠᠶ᠋ᠢᠪᠠᠴᠤ ᠬᠢᠬᠦ ᠬᠦᠳᠡᠯᠮᠦᠷᠢ ᠬᠦᠴᠦ ᠦᠭᠡᠢ᠂ ᠬᠦᠳᠡᠯᠮᠦᠷᠢ ᠬᠦᠴᠦ ᠪᠠᠶ᠋ᠢᠪᠠᠴᠤ ᠬᠢᠬᠦ ᠠᠵᠢᠯ  ᠦᠭᠡᠢ》 ᠪᠠᠶ᠋ᠢᠳᠠᠯ  ᠵᠡᠷᠭᠡ᠎ᠪᠠᠷ  ᠣᠷᠣᠰᠢᠵᠤ᠂ ᠪᠦᠲᠦᠴᠡ ᠵᠢᠨ ᠴᠢᠨᠠᠷᠲᠠᠢ ᠠᠵᠢᠯ ᠣᠯᠭᠤᠯᠲᠠ ᠵᠢᠨ ᠵᠥᠷᠢᠴᠡᠯ ᠡᠳᠦᠷ ᠢᠷᠡᠬᠦᠶ᠎ᠡ ᠲᠤᠪᠤᠶ᠋ᠢᠮ᠎ᠠ  ᠪᠣᠯᠵᠠᠢ ᠃
      ᠸᠠᠩ ᠰᠢᠶᠤᠤ ᠫᠢᠩ ᠢᠯᠡᠷᠬᠡᠶ᠋ᠢᠯᠡᠬᠦ᠎ᠳᠤ᠎ᠪᠠᠨ 《ᠡᠷᠬᠡᠪᠰᠢ ᠠᠵᠢᠯ ᠣᠯᠭᠤᠯᠲᠠ ᠵᠢ  ᠤᠷᠢᠳ ᠵᠶ᠋ᠠᠷ ᠪᠣᠳᠣᠯᠬᠢᠯᠠᠬᠤ ᠵᠢ ᠢᠮᠠᠭᠲᠠ ᠪᠠᠷᠢᠮᠲᠠᠯᠠᠵᠤ᠂ ᠴᠢᠨᠠᠷ ᠰᠠᠶ᠋ᠢᠲᠠᠶ ᠬᠥᠭᠵᠢᠯᠲᠡ ᠵᠢᠨ ᠶᠠᠪᠤᠴᠠ ᠵᠢ  ᠠᠵᠢᠯ ᠣᠯᠭᠤᠯᠲᠠ ᠵᠢᠨ ᠴᠢᠨᠠᠷ  ᠴᠢᠨᠰᠠᠭ᠎ᠠ᠎ᠪᠠᠨ  ᠰᠠᠶ᠋ᠢᠵᠢᠷᠠᠭᠤᠯᠤᠨ  ᠪᠠᠭᠲᠠᠭ᠋ᠠᠮᠵᠢ᠎ᠪᠠᠨ  ᠥᠷᠭᠡᠳᠬᠡᠬᠦ ᠶᠠᠪᠤᠴᠠ ᠪᠣᠯᠭ᠋ᠠᠬᠤ ᠬᠡᠷᠡᠭᠲᠡᠶ᠃》 ᠡᠳ᠋᠎ᠤᠨ ᠵᠠᠰᠠᠭ᠂ ᠵᠣᠭᠤᠰ᠂ ᠪᠠᠯᠠ ᠣᠷᠣᠭᠤᠯᠤᠯᠲᠠ᠂ ᠬᠡᠷᠡᠭᠯᠡᠭᠡ᠂ ᠠᠵᠤ ᠦᠢ᠍ᠯᠡᠰ᠂ ᠣᠷᠣᠨ  ᠪᠦᠰᠡ ᠵᠡᠷᠭᠡ ᠵᠢᠨ  ᠲᠥᠷᠥ ᠵᠢᠨ ᠪᠣᠳᠣᠯᠭ᠎ᠠ ᠬᠢᠭᠡᠳ ᠠᠵᠢᠯ ᠣᠯᠭᠤᠯᠲᠠ ᠵᠢᠨ ᠲᠥᠷᠥ ᠵᠢᠨ ᠪᠣᠳᠣᠯᠭ᠎ᠠ ᠵᠢᠨ ᠵᠣᠬᠢᠴᠠᠯᠳᠤᠨ  ᠬᠤᠯᠪᠤᠭ᠋ᠠᠯᠠᠵᠤ  ᠬᠥᠳᠡᠯᠦᠯᠴᠡᠬᠦ ᠵᠢ ᠠᠬᠢᠭᠤᠯᠵᠤ᠂ ᠡᠯ᠎ᠡ ᠲᠥᠷᠥᠯ᠎ᠤᠨ ᠡᠵᠡᠩᠨᠡᠯᠲᠡ ᠵᠢᠨ ᠭᠤᠤᠯ ᠴᠣᠭᠴᠠ ᠵᠢᠨ  ᠬᠥᠳᠡᠯᠮᠦᠷᠢ ᠬᠦᠴᠦ ᠵᠢ  ᠣᠷᠣᠭᠤᠯᠤᠨ  ᠠᠪᠤᠳᠠᠭ  ᠭᠤᠤᠯ  ᠪᠣᠯᠬᠤ  ᠠᠷᠭ᠎ᠠ ᠵᠠᠮ᠎ᠤᠨ ᠦᠢ᠍ᠯᠡᠳᠦᠯ᠎ᠢ᠎ᠨᠢ  ᠭᠦᠢ᠍ᠴᠡᠳ           ᠪᠠᠳᠠᠷᠠᠭᠤᠯᠤᠨ᠎ᠠ ᠃ ᠡᠭᠦᠨ᠎ᠤ ᠬᠠᠮᠲᠤ ᠠᠵᠢᠯ ᠣᠯᠭᠤᠯᠲᠠ ᠎ᠳᠤ ᠨᠥᠬᠦᠷᠰᠡᠭ  ᠬᠡᠯᠪᠡᠷᠢ  ᠪᠦᠬᠦᠢ  ᠬᠥᠭᠵᠢᠯᠲᠡ ᠵᠢᠨ ᠠᠷᠭ᠎ᠠ  ᠪᠠᠷᠢᠯ᠎ᠢ  ᠢᠳᠡᠪᠬᠢᠲᠡᠢ  ᠪᠤᠢ ᠪᠣᠯᠭ᠋ᠠᠵᠤ ᠂ ᠰᠠᠶ᠋ᠢᠨ ᠰᠠᠶ᠋ᠢᠬᠠᠨ ᠠᠵᠢᠯ ᠣᠯᠭᠤᠯᠲᠠ ᠵᠢᠨ  ᠠᠮᠢ ᠠᠬᠤᠢ ᠵᠢ  ᠪᠣᠢ ᠪᠣᠯᠭ᠋ᠠᠨ᠎ᠠ᠃
      《  ᠲᠣᠭᠲᠠᠭ᠋ᠠᠯ》᠎ᠳᠤ 《  ᠪᠦᠲᠦᠴᠡ ᠵᠢᠨ ᠴᠢᠨᠠᠷᠲᠠᠢ ᠠᠵᠢᠯ ᠣᠯᠭᠤᠯᠲᠠ ᠵᠢᠨ ᠵᠥᠷᠢᠴᠡᠯ᠎ᠢ ᠬᠦᠴᠦᠯᠡᠨ ᠰᠢᠢ᠍ᠳᠪᠦᠷᠢᠯᠡᠨ᠎ᠡ》  ᠭᠡᠵᠦ ᠴᠢᠬᠤᠯᠠᠴᠢᠯᠠᠪᠠ᠃ ᠠᠰᠠᠭᠤᠳᠠᠯ᠎ᠢ  ᠰᠢᠢ᠍ᠳᠪᠦᠷᠢᠯᠡᠬᠦ ᠵᠢᠨ ᠵᠠᠩᠭᠢᠯᠠᠭ᠎ᠠ᠎ᠨᠢ  ᠤᠷ᠎ᠠ  ᠮᠡᠷᠭᠡᠰᠢᠯᠳᠦ  ᠴᠢᠳᠠᠪᠤᠷᠢᠲᠠᠳ᠎ᠢ ᠬᠥᠮᠦᠵᠢᠭᠦᠯᠬᠦ᠂ ᠬᠡᠷᠡᠭᠯᠡᠬᠦ᠂ ᠦᠨᠡᠯᠡᠬᠦ᠂ ᠤᠷᠮᠠᠰᠢᠭᠤᠯᠬᠤ ᠳᠦᠷᠢᠮ᠎ᠢ ᠲᠡᠭᠦᠯᠳᠡᠷᠵᠢᠭᠦᠯᠬᠦ ᠶᠠᠪᠤᠳᠠᠯ ᠪᠣᠯᠤᠨ᠎ᠠ᠃
      《ᠪᠢᠳᠡ ᠰᠤᠷᠭ᠋ᠠᠨ ᠬᠥᠮᠦᠵᠢᠯ᠂ ᠪᠣᠯᠪᠠᠰᠤᠷᠠᠯ ᠪᠠ ᠠᠵᠢᠯ ᠣᠯᠭᠤᠯᠲᠠ ᠵᠢ ᠨᠢᠭᠡᠳᠦᠯᠲᠡᠢ ᠲᠥᠯᠥᠪᠯᠡᠨ ᠰᠠᠶ᠋ᠢᠲᠤᠷ ᠠᠳᠬᠤᠵᠤ᠂ ᠬᠥᠮᠦᠨ᠎ᠤ ᠬᠦᠴᠦᠨ᠎ᠤ ᠡᠬᠢ ᠪᠠᠶᠠᠯᠢᠭ᠎ᠤᠨ ᠬᠡᠷᠡᠭᠴᠡᠭᠡ ᠱᠠᠭ᠋ᠠᠷᠳᠠᠯᠭ᠎ᠠ ᠵᠢ ᠲᠥᠰᠦᠭᠡᠯᠡᠬᠦ ᠲᠣᠭᠲᠠᠴᠠ ᠪᠠᠶ᠋ᠢᠭᠤᠯᠵᠤ᠂ ᠬᠠᠩᠭ᠋ᠠᠯᠭ᠎ᠠ ᠬᠡᠷᠡᠭᠴᠡᠭᠡ ᠵᠢ ᠵᠣᠯᠭ᠋ᠠᠭᠤᠯᠬᠤ᠎ᠪᠠᠨ  ᠴᠢᠩᠭ᠋ᠠᠳᠬᠠᠨ᠎ᠠ᠃ ᠬᠦᠮᠦᠵᠢᠬᠦᠯᠬᠦ ᠠᠷᠭ᠎ᠠ  ᠪᠠᠷᠢᠯ᠎ᠤᠨ ᠲᠠᠯ᠎ᠠ᠎ᠪᠠᠷ ᠰᠢᠨ᠎ᠡ ᠵᠢ ᠡᠬᠦᠳᠴᠥ᠂ ᠠᠵᠦ ᠠᠬᠤᠶ᠋ᠢᠯᠠᠯ᠎ᠤᠨ ᠬᠦᠮᠦᠵᠢᠬᠦᠯᠥᠨ ᠭᠡᠷᠡᠭᠯᠡᠬᠦ ᠭᠤᠤᠯ ᠴᠣᠠᠠᠴᠠ ᠵᠢᠨ ᠦᠢ᠍ᠯᠡᠳᠣᠯ᠎ᠢ᠎ᠨᠢ  ᠬᠦᠢ᠍ᠴᠡᠳ ᠪᠠᠳᠡᠷᠡᠭᠤᠯᠥᠨ᠎ᠠ᠃ ᠤᠷ᠎ᠠ ᠮᠡᠷᠭᠡᠰᠢᠯᠳᠦ  ᠴᠢᠳᠠᠪᠤᠷᠢᠲᠠᠳ᠎ᠤᠨ  ᠬᠥᠭᠵᠢᠯᠲᠡ ᠵᠢᠨ ᠵᠠᠮ᠎ᠢ ᠰᠢᠯᠤᠭᠤᠳᠬᠠᠵᠤ᠂ ᠤᠷ᠎ᠠ ᠮᠡᠷᠭᠡᠰᠢᠯᠳᠦ  ᠴᠢᠳᠠᠪᠤᠷᠢᠲᠠᠳ᠎ᠤᠨ  ᠬᠦᠯᠦᠰᠦ  ᠣᠯᠭᠤᠮᠵᠢ ᠵᠢᠨ ᠬᠢᠷᠢ  ᠲᠦᠪᠰᠢᠨ᠎ᠢ  ᠠᠯᠬᠤᠮ ᠠᠯᠬᠤᠮ ᠵᠶ᠋ᠠᠷ ᠳᠡᠭᠡᠭᠰᠢᠯᠡᠭᠦᠯᠦᠨ᠂ ᠡᠯ᠎ᠡ ᠲᠦᠷᠦᠯ᠎ᠤᠨ ᠠᠵᠢᠯ ᠮᠡᠷᠭᠡᠵᠢᠯ᠎ᠤᠨ ᠤᠷ᠎ᠠ ᠮᠡᠷᠭᠡᠰᠢᠯ᠎ᠤᠨ ᠤᠷᠤᠯᠳᠤᠭ᠋ᠠᠨ᠎ᠨᠤᠭᠤᠳ᠎ᠢ ᠥᠷᠭᠡᠨ ᠵᠶ᠋ᠠᠷ ᠥᠷᠨᠢᠭᠦᠯᠵᠦ᠂ ᠰᠠᠶ᠋ᠢᠨ ᠰᠠᠶ᠋ᠢᠬᠠᠨ  ᠪᠠᠶ᠋ᠢᠳᠠᠯ᠎ᠢ ᠪᠤᠢ ᠪᠣᠯᠭ᠋ᠠᠨ᠎ᠠ》  ᠬᠡᠮᠡᠨ  ᠸᠠᠩ ᠰᠢᠶᠤᠤ ᠫᠢᠩ  ᠬᠡᠯᠡᠪᠡ ᠃
      ᠸᠠᠩ ᠰᠢᠶᠣᠤ ᠫᠢᠩ ᠢᠯᠡᠷᠬᠡᠶ᠋ᠢᠯᠡᠬᠦ᠎ᠳᠤ᠎ᠪᠠᠨ᠂  ᠶᠡᠭᠡ ᠳᠡᠭᠡᠳᠦ ᠰᠤᠷᠭ᠋ᠠᠭᠤᠯᠢ ᠲᠡᠭᠦᠰᠦᠭᠰᠡᠳ ᠵᠡᠷᠭᠡ ᠵᠠᠯᠠᠭᠤᠴᠤᠳ᠎ᠢ ᠴᠢᠬᠤᠯᠠ᠎ᠠᠴᠠ ᠴᠢᠬᠤᠯᠠ᠎ᠪᠠᠷ  ᠦᠵᠡᠵᠦ᠂ ᠠᠵᠢᠯ ᠣᠯᠭᠤᠬᠤ ᠣᠷᠣᠨ ᠵᠠᠶ ᠵᠢ᠎ᠨᠢ  ᠥᠷᠭᠡᠳᠬᠡᠨ᠂ ᠦᠰᠦᠨ ᠪᠤᠶ᠋ᠢᠵᠢᠬᠤ ᠵᠠᠮ᠎ᠢ᠎ᠨᠢ  ᠰᠢᠯᠤᠭᠤᠳᠬᠠᠵᠤ᠂ ᠦᠢ᠍ᠯᠡᠴᠢᠯᠡᠭᠡ ᠪᠠ ᠠᠵᠢᠯ ᠤᠯᠬᠤ ᠦᠵᠡᠯᠲᠡ ᠵᠢ᠎ᠨᠢ  ᠬᠥᠲᠥᠯᠥᠨ ᠵᠢᠯᠣᠭᠤᠳᠬᠤ᠎ᠪᠠᠨ  ᠴᠢᠩᠭ᠋ᠠᠷᠠᠭᠤᠯᠤᠨ᠎ᠠ᠃  ᠬᠦᠯᠦᠰᠦᠨ ᠠᠵᠢᠯᠴᠢᠳ᠎ᠤᠨ  ᠭᠠᠳᠠᠭᠰᠢ ᠭᠠᠷᠴᠤ ᠠᠵᠢᠯ ᠣᠯᠬᠤ ᠪᠠ  ᠲᠤᠬᠠᠢ ᠵᠢᠨ  ᠭᠠᠵᠠᠷ  ᠪᠤᠶᠤ  ᠣᠶ᠋ᠢᠷ᠎ᠠ ᠬᠠᠪᠢ᠎ᠳᠤ᠎ᠪᠠᠨ  ᠠᠵᠢᠯ ᠣᠯᠬᠤ ᠵᠢ᠎ᠨᠢ  ᠵᠡᠷᠭᠡ᠎ᠪᠠᠷ  ᠴᠢᠬᠤᠯᠠᠴᠢᠯᠠᠬᠤ ᠵᠢ  ᠪᠠᠷᠢᠮᠲᠠᠯᠠᠨ᠎ᠠ ᠂ ᠢᠯᠠᠩᠭᠤᠶ᠎ᠠ ᠶᠠᠳᠠᠭᠤ᠎ᠠᠴᠠ ᠠᠩᠭᠢᠵᠢᠷᠠᠭᠰᠠᠨ  ᠬᠦᠮᠦᠰ᠎ᠤᠨ  ᠬᠦᠳᠡᠯᠮᠦᠷᠢᠯᠡᠬᠦ  ᠬᠡᠪᠴᠢᠶ᠎ᠡ ᠪᠠ  ᠬᠦᠳᠡᠯᠮᠦᠷᠢᠯᠡᠭᠰᠡᠨ  ᠣᠷᠣᠯᠭ᠎ᠠ ᠵᠢ᠎ᠨᠢ  ᠲᠣᠭᠲᠠᠪᠤᠷᠢᠲᠠᠶ  ᠪᠠᠶ᠋ᠢᠯᠭ᠋ᠠᠨ᠎ᠠ ᠃ ᠠᠵᠢᠯ ᠣᠯᠬᠤ᠎ᠳᠤ ᠬᠦᠴᠢᠷᠲᠡᠶ ᠬᠥᠮᠦᠰ᠎ᠤᠨ ᠨᠡᠶ᠋ᠢᠲᠡ ᠵᠢᠨ ᠠᠰᠠᠷᠠᠮᠵᠢ ᠵᠢᠨ ᠴᠢᠨᠠᠷᠲᠠᠶ ᠠᠵᠢᠯ᠎ᠤᠨ ᠪᠠᠶ᠋ᠢᠷᠢ ᠵᠡᠷᠭᠡ  ᠪᠠᠲᠤᠯᠠᠵᠤ  ᠲᠥᠪᠬᠢᠨᠡᠭᠦᠯᠬᠦ  ᠠᠵᠢᠯ᠎ᠢ ᠴᠢᠩᠭ᠋ᠠᠷᠠᠭᠤᠯᠤᠨ᠎ᠠ  ᠭᠡᠵᠦ  ᠭᠤᠣᠯᠳᠠᠯᠭ᠎ᠠ  ᠪᠣᠯᠬᠤ  ᠬᠦᠮᠦᠰ᠎ᠤᠨ ᠠᠵᠢᠯ  ᠣᠯᠬᠤ᠎ᠳᠤ ᠴᠢᠭᠯᠡᠭᠦᠯᠦᠨ  ᠬᠡᠯᠡᠪᠡ ᠃
      《ᠲᠣᠭᠲᠠᠭ᠋ᠠᠯ》᠎ᠳᠤ  ᠳᠤᠷᠠᠳᠤᠭᠰᠠᠨ  ᠶᠣᠰᠣᠭ᠋ᠠᠷ᠂ 《ᠠᠵᠢᠯ ᠣᠯᠭᠤᠯᠲᠠ ᠵᠢᠨ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ  ᠲᠣᠭᠲᠠᠯᠴᠠᠭ᠎ᠠ ᠵᠢ  ᠲᠡᠭᠦᠯᠳᠡᠷᠵᠢᠭᠦᠯᠵᠦ》 ᠂  ᠠᠯᠢ ᠣᠯᠠᠨ ᠥᠭᠡᠷᠡᠴᠢᠯᠡᠯᠲᠡ ᠵᠢᠨ ᠠᠷᠭ᠎ᠠ ᠬᠡᠮᠵᠢᠶ᠎ᠡ᠎ᠨᠦᠭᠦᠳ᠎ᠢ  ᠴᠤ᠌ ᠪᠠᠶ᠋ᠢᠷᠢᠯᠠᠭᠤᠯᠤᠨ ᠠᠬᠢᠭᠤᠯᠵᠤ ᠲᠦᠷᠭᠡᠪᠴᠢᠯᠡᠨ ᠨᠠᠶ᠋ᠢᠳᠠᠪᠤᠷᠢᠵᠢᠭᠤᠯᠵᠤ ᠪᠠᠶ᠋ᠢᠨ᠎ᠠ᠃
      ᠪᠥᠬᠦ ᠤᠯᠤᠰ᠎ᠤᠨ ᠠᠵᠢᠯ ᠣᠯᠭᠤᠯᠲᠠ ᠵᠢᠨ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠨᠢᠭᠡᠳᠦᠯᠲᠡᠶ ᠲᠠᠪᠴᠠᠩ᠎ᠢ ᠪᠠᠶ᠋ᠢᠭᠤᠯᠤᠨ ᠰᠠᠶ᠋ᠢᠲᠤᠷ  ᠠᠰᠢᠭᠯᠠᠵᠤ ᠂ 《ᠲᠣᠮᠣ ᠳ᠋ᠠᠶ᠋ᠢᠲ᠋ᠠ +  ᠲᠡᠮᠦᠷ ᠤᠯᠠ 》 ᠦᠢ᠍ᠯᠡᠴᠢᠯᠡᠭᠡᠨ᠎ᠤ ᠵᠠᠭᠪᠤᠷ᠎ᠢ ᠬᠡᠷᠡᠭᠵᠢᠭᠦᠯᠦᠨ᠎ᠡ; ᠦᠢ᠍ᠯᠡᠰ  ᠪᠣᠰᠬᠠᠬᠤ᠎ᠪᠠᠷ ᠠᠵᠢᠯ ᠣᠯᠭᠤᠯᠲᠠ ᠵᠢ ᠳᠠᠶ᠋ᠢᠴᠢᠯᠠᠬᠤ ᠵᠢ ᠠᠬᠢᠭᠤᠯᠬᠤ ᠲᠦᠷᠢᠮ ᠵᠶ᠋ᠠᠨ  ᠲᠡᠭᠦᠯᠳᠡᠷᠵᠢᠭᠦᠯᠵᠦ᠂ ᠬᠥᠮᠦᠨ᠎ᠤ ᠬᠦᠴᠦᠨ᠎ᠤ ᠡᠬᠢ ᠪᠠᠶᠠᠯᠢᠭ᠎ᠤᠨ ᠨᠢᠭᠡᠳᠦᠯᠲᠡᠶ ᠵᠢᠷᠤᠮᠵᠢᠭᠰᠠᠨ ᠵᠠᠬ᠎ᠠ ᠳᠡᠯᠭᠡᠭᠦᠷ᠎ᠤᠨ  ᠲᠣᠭᠲᠠᠯᠴᠠᠭ᠎ᠠ ᠵᠢ  ᠪᠦᠷᠢᠨᠰᠢᠭᠦᠯᠦᠨ᠎ᠡ; ᠠᠮᠢᠳᠤᠯᠢᠭ ᠵᠶ᠋ᠠᠷ ᠠᠵᠢᠯ ᠣᠯᠭᠤᠬᠤ ᠪᠠ ᠠᠵᠢᠯ ᠣᠯᠭᠤᠯᠲᠠ ᠵᠢᠨ ᠰᠢᠨ᠎ᠡ ᠬᠡᠯᠪᠡᠷᠢ  ᠪᠠᠶ᠋ᠢᠳᠠᠯ᠎ᠳᠤ ᠳᠣᠬᠢᠷᠠᠭᠰᠠᠨ  ᠬᠥᠳᠡᠯᠮᠦᠷᠢ  ᠬᠦᠴᠦᠨ᠎ᠤ  ᠡᠷᠬᠡ ᠠᠰᠢᠭ᠎ᠤᠨ ᠪᠠᠲᠤᠯᠠᠭ᠎ᠠ ᠵᠢᠨ ᠲᠦᠷᠢᠮ᠎ᠢ ᠲᠡᠭᠦᠯᠳᠡᠷᠵᠢᠭᠦᠯᠵᠦ᠂ ᠡᠷᠬᠡ᠎ᠪᠠᠨ ᠬᠠᠮᠠᠭ᠋ᠠᠯᠠᠬᠤ ᠠᠷᠭ᠎ᠠ ᠵᠠᠮ᠎ᠢ ᠰᠠᠭ᠋ᠠᠳ ᠦᠭᠡᠢ ᠨᠡᠪᠲᠡᠷᠡᠭᠦᠯᠦᠨ᠎ᠡ ᠁ ᠬᠠᠮᠢᠶ᠎ᠠ ᠪᠥᠬᠦᠶ ᠰᠠᠯᠠᠭ᠎ᠠ ᠮᠥᠴᠢᠷ᠎ᠤᠳ ᠣᠯᠠᠨ ᠲᠠᠯ᠎ᠠ᠎ᠠᠴᠠ  ᠵᠡᠷᠭᠡ᠎ᠳᠤ᠎ᠨᠢ  ᠦᠢ᠍ᠯᠡᠴᠢᠯᠡᠭᠡ᠎ᠪᠠᠨ  ᠰᠢᠯᠢᠳᠡᠭᠵᠢᠭᠦᠯᠦᠨ᠂ ᠠᠵᠢᠯ ᠣᠯᠭᠤᠯᠲᠠ ᠵᠢᠨ ᠨᠠᠩ ᠡᠷᠬᠡ ᠲᠡᠭᠰᠢ ᠣᠷᠴᠢᠨ ᠨᠥᠬᠦᠴᠡᠯ᠎ᠢ ᠪᠣᠶ  ᠪᠣᠯᠭ᠋ᠠᠨ᠎ᠠ ᠃
      ᠬᠠᠮᠤᠭ᠎ᠤᠨ ᠰᠢᠨ᠎ᠡ ᠲᠤᠭ᠎ᠠ ᠪᠠᠷᠢᠮᠲᠠ᠎ᠠᠴᠠ  ᠦᠵᠡᠬᠦ᠎ᠳᠤ  ᠡᠨᠡ ᠵᠢᠯ᠎ᠠᠴᠠ  ᠨᠠᠭ᠋ᠠᠰᠢ᠂ ᠠᠵᠢᠯ ᠣᠯᠭᠤᠯᠲᠠ ᠵᠢᠨ ᠪᠠᠶ᠋ᠢᠳᠠᠯ ᠶᠡᠷᠦᠩᠬᠡᠶ᠎ᠳᠤ᠎ᠪᠠᠨ  ᠲᠣᠭᠲᠠᠭᠤᠨ  ᠪᠠᠶ᠋ᠢᠵᠤ ᠂ ᠬᠤᠲᠠ ᠪᠠᠯᠭ᠋ᠠᠰᠤᠨ᠎ᠤ  ᠪᠠᠶ᠋ᠢᠴᠠᠭ᠋ᠠᠯᠲᠠ᠎ᠳᠠᠬᠢ  ᠠᠵᠢᠯ  ᠠᠯᠳᠠᠭᠰᠠᠳ᠎ᠤᠨ  ᠨᠣᠷᠮ᠎ᠠ ᠨᠢᠳᠤᠨᠤᠨ᠎ᠤ ᠠᠳᠠᠯᠢ ᠬᠤᠭᠤᠴᠠᠭ᠋ᠠᠨ᠎ᠤ ᠬᠢᠷᠢ ᠲᠦᠪᠰᠢᠨ᠎ᠠᠴᠠ  ᠮᠥᠨ  ᠳᠣᠤᠷ᠎ᠠ             ᠪᠠᠶ᠋ᠢᠨ᠎ᠠ᠃ 1᠎ᠠᠴᠠ 6  ᠳ᠋ᠤᠭ᠋ᠠᠷ  ᠰᠠᠷ᠎ᠠ ᠪᠣᠯᠲᠠᠯ᠎ᠠ᠂ ᠪᠦᠬᠦ ᠤᠯᠤᠰ᠎ᠤᠨ ᠬᠤᠲᠠ ᠪᠠᠯᠭ᠋ᠠᠰᠤᠨ᠎ᠤ 698 ᠲᠦᠮᠡᠨ ᠬᠥᠮᠦᠨ ᠰᠢᠨ᠎ᠡ᠎ᠪᠠᠷ ᠠᠵᠢᠯ  ᠣᠯᠵᠤ᠂ ᠠᠳᠠᠯᠢ ᠬᠤᠭᠤᠴᠠᠭ᠋ᠠᠨ᠎ᠤ᠎ᠬᠢ᠎ᠠᠴᠠ 20 ᠲᠦᠮᠡᠨ ᠬᠥᠮᠦᠨ  ᠨᠡᠮᠡᠭᠳᠡᠭᠡᠳ  ᠪᠦᠬᠦ ᠵᠢᠯ᠎ᠤᠨ  ᠬᠠᠷᠠᠯᠲᠠᠲᠤ  ᠡᠭᠦᠷᠭᠡ ᠵᠢᠨ ᠵᠶ᠋ᠠᠨ 58% ᠵᠢ ᠪᠡᠶᠡᠯᠡᠭᠦᠯᠪᠡ᠃
      ᠳᠤᠮᠳᠠᠳᠤ ᠤᠯᠤᠰ᠎ᠤᠨ ᠬᠥᠳᠡᠯᠮᠦᠷᠢ ᠪᠠ ᠨᠡᠶ᠋ᠢᠭᠡᠮ᠎ᠤᠨ ᠪᠠᠲᠤᠯᠠᠭ᠎ᠠ ᠵᠢᠨ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠬᠦᠷᠢᠶᠡᠯᠡᠩ᠎ᠤᠨ ᠳᠠᠷᠤᠭ᠎ᠠ ᠮᠥᠸᠧ ᠷᠦᠩ ᠢᠯᠡᠷᠬᠡᠶ᠋ᠢᠯᠡᠬᠦ᠎ᠳᠤ᠎ᠪᠠᠨ ᠂ 《ᠴᠢᠨᠠᠷ ᠰᠠᠶ᠋ᠢᠲᠠᠢ᠎ᠪᠠᠷ  ᠭᠦᠢ᠍ᠴᠡᠳ ᠠᠵᠢᠯ  ᠣᠯᠭᠤᠬᠤ᠎ᠪᠠᠨ  ᠠᠬᠢᠭᠤᠯᠬᠤ ᠪᠣᠯ ᠨᠢᠭᠡᠨ ᠰᠢᠰᠲ᠋ᠧᠮᠲᠦ ᠢᠨᠵᠧᠨᠧᠷᠢᠩ ᠮᠥᠨ᠂ ᠪᠠᠰᠠ ᠴᠤ᠌ ᠨᠢᠭᠡᠨ ᠤᠷᠳᠤ ᠬᠤᠭᠤᠴᠠᠭ᠋ᠠᠨ᠎ᠤ ᠢᠨᠵᠧᠨᠧᠷᠢᠩ ᠮᠥᠨ᠃》 ᠪᠠᠶ᠋ᠢᠭᠤᠯᠤᠯ ᠲᠣᠭᠲᠠᠴᠠ ᠵᠢᠨ ᠳᠠᠪᠠᠭᠤᠯᠢᠭ᠎ᠢ ᠤᠯᠠᠮ ᠨᠢᠭᠡ ᠠᠯᠬᠤᠮ ᠪᠠᠳᠠᠷᠠᠭᠤᠯᠵᠤ᠂ ᠠᠵᠢᠯ ᠣᠯᠭᠤᠯᠲᠠ᠎ᠪᠠᠨ  ᠠᠬᠢᠭᠤᠯᠬᠤ ᠵᠢ ᠡᠯ᠎ᠡ ᠱᠠᠲᠤᠨ᠎ᠤ ᠨᠠᠮ᠎ᠤᠨ ᠬᠤᠷᠢᠶ᠎ᠠ ᠪᠠ ᠵᠠᠰᠠᠭ᠎ᠤᠨ ᠣᠷᠳᠣᠨ᠎ᠤ ᠴᠢᠬᠤᠯᠠ ᠡᠭᠦᠷᠭᠡ ᠬᠠᠷᠢᠭᠤᠴᠠᠯᠭ᠎ᠠ  ᠪᠣᠯᠭ᠋ᠠᠨ ᠂ ᠰᠠᠯᠠᠭ᠎ᠠ ᠮᠥᠴᠢᠷ ᠬᠠᠮᠵᠢᠯᠴᠠᠭᠰᠠᠨ᠂ ᠳᠡᠭᠡᠳᠦ ᠳᠣᠤᠷᠠᠳᠤ ᠱᠠᠲᠤ ᠬᠤᠯᠪᠣᠭ᠋ᠠᠯᠠᠨ ᠬᠥᠳᠡᠯᠦᠯᠴᠡᠭᠰᠡᠨ ᠠᠵᠢᠯ ᠣᠯᠭᠤᠯᠲᠠ ᠵᠢᠨ ᠠᠵᠢᠯ᠎ᠤᠨ  ᠲᠣᠭᠲᠠᠯᠴᠠᠭ᠎ᠠ ᠵᠢ ᠪᠠᠶ᠋ᠢᠭᠤᠯᠬᠤ ᠬᠡᠷᠡᠭᠲᠡᠢ  ᠭᠡᠵᠡᠶ᠃
      《ᠡᠷᠬᠡᠪᠰᠢ ᠥᠭᠡᠷᠡᠴᠢᠯᠡᠯᠲᠡ  ᠭᠡᠳᠡᠭ  ᠡᠨᠡ ᠬᠦ᠌  ᠬᠤᠪᠣᠷ  ᠡᠷᠳᠡᠨᠢ ᠵᠢ ᠰᠠᠶ᠋ᠢᠲᠤᠷ  ᠠᠰᠢᠭᠯᠠᠵᠤ ᠂ ᠭᠠᠳᠠᠭ᠋ᠠᠳᠤ ᠣᠷᠴᠢᠨ  ᠨᠥᠭᠦᠴᠡᠯ᠎ᠤᠨ  ᠬᠤᠪᠢᠷᠠᠯᠲᠠ᠂ ᠬᠥᠮᠦᠨ ᠠᠮᠠ ᠵᠢᠨ ᠪᠦᠲᠦᠴᠡ ᠵᠢᠨ ᠲᠣᠬᠢᠷᠠᠭᠤᠯᠤᠯᠲᠠ ᠵᠡᠷᠭᠡ᠎ᠠᠴᠠ  ᠠᠵᠢᠯ ᠣᠯᠭᠤᠯᠲᠠ ᠵᠢᠨ ᠬᠦᠷᠢᠶᠡᠨ᠎ᠳᠤ ᠠᠪᠴᠢᠷᠠᠭᠰᠠᠨ ᠡᠯ᠎ᠡ ᠵᠦᠢ᠍ᠯ᠎ᠤᠨ ᠲᠦᠭᠰᠢᠭᠦᠷᠢ ᠪᠠ ᠥᠷᠢᠰᠥᠯᠳᠦᠭᠡᠨ᠎ᠢ ᠬᠦᠴᠦᠯᠡᠨ ᠰᠠᠶ᠋ᠢᠲᠤᠷ ᠰᠢᠢ᠍ᠳᠪᠦᠷᠢᠯᠡᠵᠦ᠂ ᠠᠵᠢᠯ ᠣᠯᠭᠤᠯᠲᠠ ᠵᠢᠨ ᠬᠥᠭᠵᠢᠯᠲᠡ ᠵᠢᠨ ᠰᠢᠨ᠎ᠡ  ᠬᠦᠳᠡᠯᠭᠡᠭᠴᠢ ᠡᠨᠧᠷᠬᠢ  ᠰᠢᠨ᠎ᠡ ᠳᠠᠪᠠᠭᠤᠯᠢᠭ᠎ᠢ ᠲᠠᠰᠤᠷᠠᠯᠲᠠ ᠦᠭᠡᠢ ᠪᠤᠢ  ᠪᠣᠯᠭ᠋ᠠᠨ᠎ᠠ᠃ ᠠᠵᠢᠯ ᠣᠯᠭᠤᠯᠲᠠ ᠵᠢᠨ  ᠪᠠᠶ᠋ᠢᠭᠤᠯᠤᠯ  ᠲᠣᠭᠲᠠᠴᠠ ᠵᠢᠨ ᠥᠭᠡᠷᠡᠴᠢᠯᠡᠯᠲᠡ ᠵᠢ ᠤᠯᠠᠮ  ᠨᠢᠭᠡ ᠠᠯᠬᠤᠮ ᠭᠦᠨᠵᠡᠭᠡᠶ᠋ᠢᠷᠡᠭᠦᠯᠵᠦ᠂  ᠠᠵᠢᠯᠯᠠᠭ᠋ᠠᠨ᠎ᠤ  ᠲᠥᠯᠥᠪᠵᠢᠭᠦᠯᠭᠡ ᠵᠢ ᠰᠢᠰᠲ᠋ᠧᠮ᠎ᠲᠠᠢ  ᠲᠥᠯᠥᠪᠯᠡᠵᠦ᠂ ᠠᠵᠢᠯ ᠣᠯᠭᠤᠯᠲᠠ ᠵᠢᠨ ᠬᠥᠭᠵᠢᠯᠲᠡ᠎ᠳᠠᠬᠢ  ᠭᠤᠣᠯᠳᠠᠯᠭ᠎ᠠ  ᠪᠣᠯᠬᠤ ᠂  ᠬᠦᠴᠢᠷ  ᠪᠠ  ᠪᠡᠷᠬᠡ  ᠠᠰᠠᠭᠤᠳᠠᠯ᠎ᠤᠳ᠎ᠢ ᠦᠨᠡᠨ ᠬᠦ᠌ ᠰᠢᠢ᠍ᠳᠪᠦᠷᠢᠯᠡᠬᠦ ᠬᠡᠷᠡᠭᠲᠡᠢ》  ᠬᠡᠮᠡᠨ  ᠮᠥᠸᠧ ᠷᠦᠩ ᠬᠡᠯᠡᠪᠡ᠃


ᠢᠷᠡᠯᠲᠡ᠄ ᠥᠪᠥᠷ ᠮᠣᠩᠭᠤᠯ᠎ᠤᠨ ᠵᠠᠰᠠᠭ᠎ᠤᠨ ᠣᠷᠳᠣᠨ
          
ᠬᠠᠮᠢᠶ᠎ᠡ ᠪᠦᠬᠦᠢ ᠰᠣᠨᠢᠨ
 
             蒙ICP备05000248号