ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠤᠷᠭᠠᠨ ᠬᠦᠮᠦᠵᠢᠯ᠎ᠤᠨ ᠬᠠᠨᠲᠤᠯᠭ᠎ᠠ
ᠰᠣᠨᠤᠷ᠎ᠤᠨ ᠲᠠᠪᠴᠠᠩ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠢᠯᠡ ᠵᠠᠰᠠᠭ   -   ᠲᠥᠷᠥ᠎ᠶᠢᠨ ᠪᠣᠳᠣᠯᠭ᠎ᠠ᠎ᠶᠢᠨ ᠲᠠᠶ᠋ᠢᠯᠤᠮᠵᠢ
ᠬᠠᠷᠠᠭ᠋ᠠᠯᠵᠠᠯ ᠢᠷᠡᠯ᠎ᠡ! ᠬᠤᠳᠠᠯᠳᠤᠭ᠋ᠠᠨ᠎ᠤ ᠶᠠᠪᠤᠳᠠᠯ᠎ᠤᠨ ᠶᠠᠮᠤᠨ ᠵᠡᠷᠭᠡ ᠲᠠᠪᠤᠨ ᠶᠠᠮᠤᠨ ᠰᠢᠨ᠎ᠡ ᠵᠢ ᠬᠤᠳᠠᠯᠳᠤᠨ ᠠᠪᠬᠤ ᠵᠢᠨ ᠨᠡᠮᠡᠭᠦᠷᠢ ᠵᠢᠨ ᠬᠡᠷᠡᠭᠵᠢᠭᠦᠯᠬᠦ ᠲᠥᠰᠥᠯ᠎ᠢ ᠳᠠᠷᠤᠮᠠᠯᠯᠠᠨ ᠲᠠᠷᠬᠠᠭ᠋ᠠᠪᠠ
ᠨᠡᠶ᠋ᠢᠲᠡᠯᠡᠭᠰᠡᠨ ᠴᠠᠭ᠄ 2025-01-17

ᠰᠢᠨᠬᠤᠸᠠ ᠬᠤᠷᠢᠶᠠᠨ᠎ᠤ ᠪᠡᠭᠡᠵᠢᠩ 1 ᠳ᠋ᠦ᠍ᠭᠡᠷ ᠰᠠᠷ᠎ᠠ ᠵᠢᠨ 15᠎ᠤ ᠡᠳᠦᠷ᠎ᠤᠨ ᠴᠠᠭᠢᠯᠭ᠋ᠠᠨ ᠮᠡᠳᠡᠭᠡ (ᠰᠣᠷᠪᠤᠯᠵᠢᠯᠠᠬ᠍ᠴᠢ ᠰᠢᠶᠧ ᠰᠢ ᠶᠣᠣ᠂ ᠲᠠᠩ ᠱ᠌ᠢ ᠨᠢᠩ) 

ᠬᠤᠲᠠᠯᠲᠣᠭ᠋ᠠᠨ᠎ᠤ ᠶᠠᠪᠤᠲᠠᠯ᠎ᠤᠨ ᠶᠠᠮᠣᠠ ᠵᠠᠷᠭᠡ ᠰᠠᠯᠠᠭ᠎ᠠ ᠮᠦᠴᠢᠷ᠎ᠤᠳ 15᠎ᠤ ᠡᠳᠦᠷ ᠬᠤᠶᠠᠷ ᠬᠤᠪᠢ ᠪᠢᠴᠢᠭ ᠮᠠᠲ᠋ᠧᠷᠢᠶᠠᠯ ᠨᠠᠶ᠋ᠢᠲᠠᠯᠠᠵᠤ᠂ ᠭᠠᠷ ᠣᠲᠠᠰᠤ᠂ ᠬᠠᠪᠲᠠᠰᠤᠨ ᠺᠣᠮᠫᠢᠦ᠋ᠲ᠋ᠧᠷ᠂ ᠤᠶᠤᠨᠴᠢ ᠭᠠᠷ ᠴᠠᠭ (ᠪᠠᠭᠤᠪᠴᠢ)᠎ᠤᠨ ᠰᠢᠨ᠎ᠡ ᠵᠢ ᠬᠤᠳᠠᠯᠳᠤᠨ ᠠᠪᠬᠤ ᠵᠢᠨ ᠨᠡᠮᠡᠭᠦᠷᠢ ᠵᠢᠴᠢ 2025 ᠣᠠ᠎ᠳᠠᠬᠢ ᠬᠡᠷ᠎ᠤᠨ ᠴᠠᠭᠢᠯᠭ᠋ᠠᠨ ᠬᠡᠷᠡᠭᠰᠡᠯ᠎ᠤᠨ ᠬᠠᠭᠤᠴᠢᠨ ᠵᠶ᠋ᠠᠷ ᠰᠢᠨ᠎ᠡ ᠵᠢ ᠰᠣᠯᠢᠬᠤ ᠠᠵᠢᠯ᠎ᠳᠤ ᠳᠣᠭᠢᠷᠠᠭᠤᠯᠣᠯᠲᠠ ᠬᠢᠵᠤ᠂ ᠪᠤᠲᠠᠲᠠᠢ ᠨᠡᠮᠡᠭᠦᠷᠢ ᠵᠢᠨ ᠳᠦᠷᠣᠯ ᠪᠠ ᠪᠠᠷᠢᠮᠵᠢᠶ᠎ᠡ  ᠵᠢ ᠲᠣᠳᠣᠷᠬᠠᠶ᠋ᠢᠯᠠᠪᠠ᠃ ᠡᠭᠦᠨ᠎ᠳᠤ᠂ ᠭᠠᠷ ᠤᠲᠠᠰᠤ ᠵᠡᠷᠭᠡ ᠳ᠋ᠢᠭᠢᠲ ᠦᠢ᠍ᠯᠡᠳᠬᠦᠨ ᠬᠤᠳᠠᠯᠳᠤᠨ ᠠᠪᠬᠤ ᠪᠦᠷᠢ᠎ᠳᠤ ᠬᠠᠮᠤᠭ᠎ᠤᠨ ᠢᠯᠡᠭᠦᠦ᠎ᠳᠤ᠎ᠪᠠᠨ 500 ᠲᠥᠭᠦᠷᠢᠭ᠎ᠤᠨ ᠨᠡᠮᠡᠭᠦᠷᠢ ᠣᠯᠭᠤᠵᠤ᠂ 12 ᠲᠥᠷᠥᠯ᠎ᠤᠨ ᠭᠡᠷ᠎ᠤᠨ ᠴᠠᠬᠢᠯᠭ᠋ᠠᠨ ᠬᠡᠷᠡᠭᠰᠡᠯ᠎ᠤᠨ ᠦᠢ᠍ᠯᠡᠳᠬᠦᠨ ᠬᠤᠳᠠᠯᠳᠤᠨ ᠠᠪᠬᠤ᠎ᠳᠤ ᠵᠦᠢ᠍ᠯ ᠪᠦᠷᠢ᠎ᠳᠤ ᠬᠠᠮᠤᠭ᠎ᠤᠨ ᠢᠯᠡᠭᠦᠦ᠎ᠳᠤ᠎ᠪᠠᠨ 2000 ᠲᠥᠭᠦᠷᠢᠭ᠎ᠤᠨ ᠨᠡᠮᠡᠭᠦᠷᠢ ᠣᠯᠭᠤᠨ᠎ᠠ᠃

ᠭᠠᠷ ᠤᠲᠠᠰᠤ᠂ ᠬᠠᠪᠲᠠᠰᠤᠨ ᠺᠣᠮᠫᠢᠦ᠋ᠲ᠋ᠧᠷ᠂ ᠣᠶᠤᠨᠴᠢ ᠭᠠᠷ ᠴᠠᠭ (ᠪᠠᠭᠤᠪᠴᠢ)᠎ᠤᠨ ᠰᠢᠨ᠎ᠡ ᠵᠢ ᠬᠤᠳᠠᠯᠳᠤᠨ ᠠᠪᠬᠤ ᠨᠡᠮᠡᠭᠦᠷᠢ ᠵᠢᠨ ᠬᠡᠷᠡᠭᠵᠢᠭᠦᠯᠬᠦ ᠲᠥᠰᠦᠯ᠎ᠳᠤ ᠲᠣᠳᠣᠷᠬᠠᠶ᠋ᠢᠯᠠᠭᠰᠠᠨ ᠵᠶ᠋ᠠᠷ᠂ ᠬᠤᠪᠢ ᠬᠥᠮᠦᠨ᠎ᠤ ᠬᠡᠷᠡᠭᠯᠡᠭᠴᠢᠳ ᠲᠠᠩ ᠵᠦᠢ᠍ᠯ᠎ᠤᠨ ᠪᠣᠷᠣᠯᠠᠭᠤᠯᠭ᠎ᠠ ᠵᠢᠨ ᠦᠨ᠎ᠡ᠎ᠨᠢ 6000 ᠲᠥᠭᠦᠷᠢᠭ᠎ᠠᠴᠠ ᠬᠡᠲᠦᠷᠡᠬᠦ ᠥᠬᠡᠶ ᠭᠠᠷ ᠤᠲᠠᠰᠤ᠂ ᠬᠠᠪᠲᠠᠰᠤᠨ ᠺᠣᠮᠫᠢᠦ᠋ᠲ᠋ᠧᠷ᠂ ᠣᠶᠤᠨᠴᠢ ᠭᠠᠷ ᠴᠠᠭ (ᠪᠠᠭᠤᠪᠴᠢ) ᠵᠡᠷᠭᠡ 3 ᠲᠥᠷᠥᠯ᠎ᠤᠨ ᠳ᠋ᠢᠭᠢᠲ ᠦᠢ᠍ᠯᠡᠳᠬᠦᠨ ᠬᠤᠳᠠᠯᠳᠤᠨ ᠠᠪᠬᠤ᠎ᠳᠤ᠂ ᠰᠢᠨ᠎ᠡ ᠵᠢ ᠬᠤᠳᠠᠯᠳᠤᠨ ᠠᠪᠬᠤ ᠨᠡᠮᠡᠭᠦᠷᠢ ᠭᠥᠷᠳᠡᠵᠦ ᠪᠣᠯᠤᠨ᠎ᠠ᠃ ᠬᠥᠮᠦᠨ ᠪᠦᠷᠢ ᠨᠢᠭᠡ ᠲᠥᠷᠥᠯ᠎ᠠᠴᠠ 1 ᠵᠦᠢ᠍ᠯ᠎ᠤᠨ ᠨᠡᠮᠡᠭᠦᠷᠢ ᠣᠯᠵᠤ ᠪᠣᠯᠣᠨ᠎ᠠ᠂ ᠵᠦᠢ᠍ᠯ ᠪᠦᠷᠢ ᠵᠢᠨ ᠨᠡᠮᠡᠭᠦᠷᠢ ᠵᠢᠨ ᠬᠠᠷᠢᠴᠠᠯ᠎ᠨᠢ ᠦᠢ᠍ᠯᠡᠳᠪᠦᠷᠢᠯᠡᠬᠦ᠂ ᠭᠦᠢ᠍ᠯᠭᠡᠭᠡᠯᠡᠬᠦ ᠭᠤᠭᠴᠤᠭ᠎ᠠ ᠵᠢᠴᠢ ᠰᠢᠯᠵᠢᠮᠡᠯ ᠬᠤᠯᠪᠣᠭ᠎ᠠ ᠵᠢᠨ ᠡᠵᠡᠩᠨᠡᠯᠲᠡ ᠵᠢᠨ ᠬᠤᠳᠠᠯᠳᠤᠭ᠋ᠠᠴᠢᠨ᠎ᠠᠴᠠ ᠦᠵᠡᠭᠦᠯᠦᠭᠰᠡᠨ ᠬᠠᠷᠠᠭ᠋ᠠᠯᠵᠠᠯ ᠵᠡᠷᠭᠡ ᠵᠢ ᠬᠠᠰᠤᠭᠰᠠᠨ᠎ᠤ ᠳᠠᠷᠠᠭ᠋ᠠᠬᠢ ᠡᠴᠦᠰ᠎ᠤᠨ ᠪᠣᠷᠣᠯᠠᠭᠤᠯᠬᠤ ᠦᠨ᠎ᠡ ᠵᠢᠨ 15% ᠪᠠᠶ᠋ᠢᠵᠤ᠂ ᠵᠦᠢ᠍ᠯ ᠪᠦᠷᠢ ᠵᠢᠨ ᠨᠡᠮᠡᠭᠦᠷᠢ᠎ᠨᠢ ᠬᠠᠮᠤᠭ᠎ᠤᠨ ᠢᠯᠡᠭᠦᠦ᠎ᠳᠤ᠎ᠪᠠᠨ 500 ᠲᠥᠭᠦᠷᠢᠭ᠎ᠠᠴᠠ ᠬᠡᠲᠦᠷᠡᠵᠦ ᠪᠣᠯᠬᠤ ᠦᠭᠡᠶ᠃ ᠡᠯ᠎ᠡ ᠭᠠᠵᠠᠷ᠎ᠤᠨ᠎ᠬᠢᠨ ᠲᠣᠰ ᠲᠥᠰᠦᠯ᠎ᠢ ᠨᠠᠷᠢᠯᠢᠬ᠍ᠵᠢᠭᠤᠯᠤᠨ ᠬᠡᠷᠡᠭᠵᠢᠭᠦᠯᠬᠦ ᠨᠠᠷᠢᠨ ᠲᠦᠷᠢᠮ᠎ᠢ ᠦᠨᠳᠦᠰᠦᠯᠡᠨ᠂ 1 ᠳ᠋ᠦ᠍ᠭᠡᠷ ᠰᠠᠷ᠎ᠠ ᠵᠢᠨ 20᠎ᠤ ᠡᠳᠦᠷ᠎ᠠᠴᠠ ᠡᠬᠢᠯᠡᠨ ᠪᠥᠬᠦ ᠤᠯᠤᠰ᠎ᠲᠤ ᠬᠡᠷᠡᠭᠵᠢᠭᠦᠯᠦᠨ᠎ᠡ᠃

2025 ᠣᠨ᠎ᠳᠠᠬᠢ ᠬᠡᠷ᠎ᠤᠨ ᠴᠠᠬᠢᠯᠭ᠋ᠠᠨ ᠬᠡᠷᠡᠭᠰᠡᠯ᠎ᠤᠨ ᠬᠠᠭᠤᠴᠢᠨ ᠵᠶ᠋ᠠᠷ ᠰᠢᠨ᠎ᠡ ᠵᠢ ᠰᠣᠯᠢᠬᠤ ᠠᠵᠢᠯ᠎ᠢ ᠰᠠᠶ᠋ᠢᠲᠤᠷ ᠬᠢᠬᠦ ᠲᠤᠬᠠᠶ ᠮᠡᠳᠡᠭᠳᠡᠯ᠎ᠳᠤ ᠲᠣᠳᠣᠷᠬᠠᠶ᠋ᠢᠯᠠᠭᠰᠠᠨ ᠵᠶ᠋ᠠᠷ᠂ ᠬᠤᠪᠢ ᠬᠥᠮᠦᠨ᠎ᠤ ᠬᠡᠷᠡᠭᠯᠡᠭᠴᠢᠳ᠎ᠲᠤ 2 ᠳ᠋ᠤᠭ᠋ᠠᠷ ᠳᠡᠰ ᠵᠢᠴᠢ ᠲᠡᠭᠦᠨ᠎ᠠᠴᠠ ᠳᠡᠭᠡᠭᠰᠢᠬᠢ ᠡᠨᠧᠷᠭᠢ ᠠᠷᠪᠢᠯᠠᠬᠤ ᠦᠢ᠍ᠯᠡᠳᠦᠯ ᠪᠤᠶᠤ ᠤᠰᠤ ᠠᠷᠪᠢᠯᠠᠬᠤ ᠦᠢ᠍ᠯᠡᠳᠦᠯ᠎ᠲᠠᠢ ᠪᠠᠷᠢᠮᠵᠢᠶᠠᠲᠤ ᠬᠥᠯᠳᠡᠭᠡᠭᠦᠷ᠂ ᠬᠤᠪᠴᠠᠰᠤ ᠤᠬᠢᠶᠠᠬᠤ ᠮᠠᠰᠢᠨ᠂ ᠲᠧᠯᠸᠢᠰ᠂ ᠠᠭ᠋ᠠᠷ ᠲᠣᠬᠢᠷᠠᠭᠤᠯᠤᠭᠴᠢ᠂ ᠺᠣᠮᠫᠢᠦ᠋ᠲ᠋ᠧᠷ᠂ ᠤᠰᠤ ᠬᠠᠯᠠᠭ᠋ᠠᠭᠤᠷ᠂ ᠬᠡᠷ᠎ᠲᠤ ᠬᠡᠷᠡᠭᠯᠡᠬᠦ ᠵᠤᠤᠬ᠎ᠠ ᠵᠢᠨ ᠬᠡᠷᠡᠭᠰᠡᠯ᠂ ᠲᠣᠰᠣ ᠤᠲᠤᠭ᠎ᠠ ᠰᠣᠷᠣᠬᠤ ᠮᠠᠰᠢᠨ᠂ ᠤᠰᠤ ᠴᠡᠪᠡᠷᠰᠢᠭᠦᠯᠬᠦ ᠮᠠᠰᠢᠨ᠂ ᠠᠶᠠᠭ᠎ᠠ ᠤᠬᠢᠶᠠᠬᠤ ᠮᠠᠰᠢᠨ᠂ ᠪᠤᠳᠠᠭ᠎ᠠ ᠴᠢᠨᠠᠬᠤ ᠴᠠᠬᠢᠯᠭ᠋ᠠᠨ ᠲᠣᠭᠤᠭ᠎ᠠ᠂ ᠪᠢᠴᠢᠯ ᠳᠣᠯᠭᠢᠶᠠᠨᠲᠤ ᠵᠤᠤᠬ᠎ᠠ ᠵᠡᠷᠭᠡ 12 ᠲᠥᠷᠥᠯ᠎ᠤᠨ ᠬᠡᠷ᠎ᠤᠨ ᠴᠠᠬᠢᠯᠭ᠋ᠠᠨ ᠬᠡᠷᠡᠭᠰᠡᠯ᠎ᠤᠨ ᠦᠢ᠍ᠯᠡᠳᠬᠦᠨ ᠬᠤᠳᠠᠯᠳᠤᠨ ᠠᠪᠬᠤ᠎ᠳᠤ ᠨᠡᠮᠡᠭᠦᠷᠢ ᠣᠯᠭᠤᠨ᠎ᠠ᠃ ᠨᠡᠮᠡᠭᠦᠷᠢᠯᠡᠬᠦ ᠪᠠᠷᠢᠮᠵᠢᠶ᠎ᠠ᠎ᠨᠢ ᠳᠡᠭᠡᠷ᠎ᠡ ᠳᠤᠷᠠᠳᠤᠭᠰᠠᠨ ᠦᠢ᠍ᠯᠡᠳᠬᠦᠨ᠎ᠤ ᠡᠴᠦᠰ᠎ᠤᠨ ᠪᠣᠷᠣᠯᠠᠭᠤᠯᠬᠤ ᠦᠨ᠎ᠡ  ᠵᠢᠨ 15% ᠪᠠᠶ᠋ᠢᠵᠤ᠂ ᠡᠭᠦᠨ᠎ᠳᠤ 1 ᠳ᠋ᠦ᠍ᠭᠡᠷ ᠳᠡᠰ ᠵᠢᠴᠢ ᠲᠡᠭᠦᠨ᠎ᠠᠴᠠ ᠳᠡᠭᠡᠭᠰᠢᠬᠢ ᠡᠨᠧᠷᠭᠢ ᠠᠷᠪᠢᠯᠠᠬᠤ ᠦᠢ᠍ᠯᠡᠳᠦᠯ ᠪᠤᠶᠤ ᠤᠰᠤ ᠠᠷᠪᠢᠯᠠᠬᠤ ᠦᠢ᠍ᠯᠡᠳᠦᠯ᠎ᠲᠠᠢ ᠪᠠᠷᠢᠮᠵᠢᠶᠠᠲᠤ ᠦᠢ᠍ᠯᠡᠳᠬᠦᠨ ᠬᠤᠳᠠᠯᠳᠤᠨ ᠠᠪᠤᠭᠰᠠᠨ᠎ᠳᠤ᠎ᠨᠢ ᠦᠢ᠍ᠯᠡᠳᠬᠦᠨ᠎ᠤ ᠡᠴᠦᠰ᠎ᠤᠨ ᠪᠣᠷᠣᠯᠠᠭᠤᠯᠬᠤ ᠦᠨ᠎ᠡ ᠵᠢᠨ 5%᠎ᠪᠠᠷ ᠳᠠᠬᠢᠵᠤ ᠨᠡᠮᠡᠭᠦᠷᠢ ᠣᠯᠭᠤᠨ᠎ᠠ᠃ ᠬᠡᠷᠡᠭᠯᠡᠭᠴᠢᠳ ᠪᠦᠷᠢ ᠨᠢᠭᠡ ᠲᠥᠷᠥᠯ᠎ᠤᠨ ᠦᠢ᠍ᠯᠡᠳᠬᠦᠨ᠎ᠠᠴᠠ 1 ᠵᠦᠢ᠍ᠯ (ᠠᠭ᠋ᠠᠷ ᠲᠣᠬᠢᠷᠠᠭᠤᠯᠤᠭᠴᠢ ᠵᠢᠨ ᠦᠢ᠍ᠯᠡᠳᠬᠦᠨ᠎ᠳᠤ ᠬᠠᠮᠤᠭ᠎ᠤᠨ  ᠢᠯᠡᠭᠦᠦ᠎ᠳᠤ᠎ᠪᠠᠨ 3 ᠵᠦᠢ᠍ᠯ᠎ᠳᠤ ᠨᠡᠮᠡᠭᠦᠷᠢ ᠣᠯᠭᠤᠵᠤ ᠪᠣᠯᠣᠨ᠎ᠠ)᠎ᠤᠨ ᠨᠡᠮᠡᠭᠦᠷᠢ ᠣᠯᠵᠤ ᠪᠣᠯᠣᠨ᠎ᠠ᠂ ᠵᠦᠢ᠍ᠯ ᠪᠦᠷᠢ ᠵᠢᠨ ᠨᠡᠮᠡᠭᠦᠷᠢ᠎ᠨᠢ 2000 ᠲᠥᠭᠦᠷᠢᠭ᠎ᠠᠴᠠ ᠬᠡᠲᠦᠷᠡᠭᠦᠯᠬᠦ ᠦᠭᠡᠶ᠃ ᠡᠯ᠎ᠡ ᠭᠠᠵᠠᠷ᠎ᠤᠨ᠎ᠬᠢᠨ ᠳᠡᠭᠡᠷ᠎ᠡ ᠳᠤᠷᠠᠳᠤᠭᠰᠠᠨ 12 ᠲᠥᠷᠥᠯ᠎ᠤᠨ ᠭᠡᠷ᠎ᠤᠨ ᠴᠠᠬᠢᠯᠭ᠋ᠠᠨ ᠬᠡᠷᠡᠭᠰᠡᠯ᠎ᠤᠨ ᠦᠢ᠍ᠯᠡᠳᠬᠦᠨ᠎ᠤ ᠪᠣᠳᠠᠲᠠᠶ ᠵᠦᠢ᠍ᠯᠡᠰ ᠵᠶ᠋ᠠᠨ ᠥᠪᠡᠰᠦᠪᠡᠨ ᠡᠵᠡᠨ ᠮᠡᠳᠡᠨ ᠲᠣᠭᠲᠠᠭ᠋ᠠᠨ᠎ᠠ᠃

 

ᠢᠷᠡᠯᠲᠡ᠄ ᠥᠪᠥᠷ ᠮᠣᠩᠭᠤᠯ᠎ᠤᠨ ᠵᠠᠰᠠᠭ᠎ᠤᠨ ᠣᠷᠳᠣᠨ
          
ᠬᠠᠮᠢᠶ᠎ᠡ ᠪᠦᠬᠦᠢ ᠰᠣᠨᠢᠨ
ᠰᠢᠨ᠎ᠡ ᠨᠢᠭᠡᠨ ᠵᠢᠯ᠎ᠳᠤ ᠠᠷᠠᠳ᠎ᠤᠨ ᠠᠮᠢᠳᠤᠷᠠᠯ᠎ᠤᠨ ᠡᠳᠡᠭᠡᠷ ᠶᠡᠭᠡ ᠶᠠᠪᠤᠳᠠᠯ᠎ᠤᠳ ᠲᠠᠨ᠎ᠲᠠᠢ ᠬᠤᠯᠪᠣᠭᠳᠠᠨ᠎ᠠ
ᠳᠠᠮᠵᠢᠭᠤᠯᠤᠨ ᠨᠡᠢ᠌ᠲᠡᠯᠡᠬᠦ ᠵᠢᠷᠤᠭᠲᠤ ᠲᠠᠶ᠋ᠢᠯᠤᠮᠵᠢ- ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠣᠯᠠᠨ ᠨᠡᠶ᠋ᠢᠲᠡ ᠵᠢᠨ ᠡᠬᠢ ᠪᠠᠶᠠᠯᠢᠭ᠎ᠤᠨ ᠠᠷᠠᠯᠵᠢᠶᠠᠨ᠎ᠤ ᠬᠠᠮᠢᠶᠠᠷᠤᠯᠲᠠ ᠵᠢᠨ ᠠᠷᠭ᠎ᠠ
ᠣᠷᠣᠯᠭ᠎ᠠ ᠵᠢᠨ ᠨᠡᠮᠡᠭᠳᠡᠯ᠎ᠢ ᠠᠬᠢᠭᠤᠯᠵᠤ᠂ ᠠᠮᠠᠷᠠᠯᠲᠠ ᠵᠢᠨ ᠬᠤᠭᠤᠴᠠᠭ᠎ᠠ ᠵᠢ ᠪᠠᠲᠤᠯᠠᠨ᠎ᠠ ᠁ ᠡᠨᠡ ᠲᠥᠰᠥᠯ ᠲᠠᠨ᠎ᠲᠠᠢ ᠬᠤᠯᠪᠣᠭᠳᠠᠨ᠎ᠠ
ᠠᠯᠪᠠᠨ ᠪᠠᠶ᠋ᠢᠭᠤᠯᠭ᠎ᠠ᠂ ᠠᠵᠢᠯ ᠦᠢ᠍ᠯᠡᠰ᠎ᠤᠨ ᠨᠢᠭᠡᠴᠢ᠂ ᠲᠣᠮᠣ ᠬᠡᠯᠪᠡᠷᠢ ᠵᠢᠨ ᠠᠵᠤ ᠠᠬᠤᠶ᠋ᠢᠯᠠᠯ᠎ᠤᠳ ᠠᠩᠬᠠᠷᠤᠭ᠋ᠠᠷᠠᠢ! ᠳᠤᠮᠳᠠ ᠵᠢᠵᠢᠭ ᠠᠵᠤ ᠠᠬᠤᠶ᠋ᠢᠯᠠᠯ᠎ᠤᠨ ᠳᠠᠩᠰᠠᠨ ᠵᠣᠭᠤᠰ᠎ᠤᠨ ᠲᠠᠯ᠎ᠠ᠎ᠪᠠᠷ ᠡᠳᠡᠭᠡᠷ᠎ᠢ ᠬᠢᠴᠢᠶᠡᠵᠦ ᠬᠡᠷᠰᠦᠯᠡᠭᠡᠷᠡᠢ
ᠲᠥᠪ᠎ᠤᠨ ᠨᠠᠢ᠍ᠮᠠᠨ ᠵᠤᠷᠪᠤᠰ ᠲᠣᠭᠲᠠᠭ᠋ᠠᠯ᠎ᠢ ᠵᠢᠷᠤᠭ ᠵᠶ᠋ᠠᠷ ᠦᠵᠡᠬᠦᠢ
 
             蒙ICP备05000248号