ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠤᠷᠭᠠᠨ ᠬᠦᠮᠦᠵᠢᠯ᠎ᠤᠨ ᠬᠠᠨᠲᠤᠯᠭ᠎ᠠ
ᠰᠣᠨᠤᠷ᠎ᠤᠨ ᠲᠠᠪᠴᠠᠩ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠢᠯᠡ ᠵᠠᠰᠠᠭ   -   ᠲᠥᠷᠥ᠎ᠶᠢᠨ ᠪᠣᠳᠣᠯᠭ᠎ᠠ᠎ᠶᠢᠨ ᠲᠠᠶ᠋ᠢᠯᠤᠮᠵᠢ
ᠰᠢᠨ᠎ᠡ ᠨᠢᠭᠡᠨ ᠵᠢᠯ᠎ᠳᠤ ᠠᠷᠠᠳ᠎ᠤᠨ ᠠᠮᠢᠳᠤᠷᠠᠯ᠎ᠤᠨ ᠡᠳᠡᠭᠡᠷ ᠶᠡᠭᠡ ᠶᠠᠪᠤᠳᠠᠯ᠎ᠤᠳ ᠲᠠᠨ᠎ᠲᠠᠢ ᠬᠤᠯᠪᠣᠭᠳᠠᠨ᠎ᠠ
ᠨᠡᠶ᠋ᠢᠲᠡᠯᠡᠭᠰᠡᠨ ᠴᠠᠭ᠄ 2025-02-08

ᠲᠥᠪ᠎ᠤᠨ ᠠᠵᠤ ᠠᠬᠤᠢ ᠵᠢᠨ ᠠᠵᠢᠯ᠎ᠤᠨ  ᠬᠤᠷᠠᠯ ᠵᠶ᠋ᠠᠷ ᠂  ᠠᠷᠠᠳ᠎ᠤᠨ ᠠᠮᠢᠳᠤᠷᠠᠯ᠎ᠢ ᠪᠠᠲᠤᠯᠠᠨ ᠰᠠᠶ᠋ᠢᠵᠢᠷᠠᠭᠤᠯᠬᠤ ᠡᠷᠴᠢᠮ ᠵᠶ᠋ᠠᠨ ᠴᠢᠩᠭ᠋ᠠᠷᠠᠭᠤᠯᠵᠤ ᠂  ᠠᠷᠠᠳ ᠤᠯᠠᠨ᠎ᠤ ᠬᠦᠷᠲᠡᠮᠵᠢ ᠵᠢᠨ ᠲᠥᠷᠥᠭᠳᠡᠯ ᠵᠣᠯ  ᠵᠢᠷᠭ᠋ᠠᠯ᠎ᠤᠨ  ᠲᠥᠷᠥᠭᠳᠡᠯ ᠠᠮᠤᠷ ᠲᠦᠪᠰᠢᠨ᠎ᠤ ᠲᠥᠷᠥᠭᠳᠡᠯ᠎ᠢ ᠨᠡᠮᠡᠭᠳᠡᠭᠦᠯᠬᠦ ᠬᠡᠷᠡᠭᠲᠡᠢ ᠭᠡᠵᠦ ᠵᠢᠭ᠋ᠠᠵᠤ ᠭᠠᠷᠭ᠋ᠠᠪᠠ ᠃ ᠡᠨᠡ ᠵᠢᠯ᠎ᠤᠨ 1 ᠳ᠋ᠦ᠍ᠭᠡᠷ  ᠰᠠᠷ᠎ᠠ᠎ᠠᠴᠠ  ᠨᠠᠭ᠋ᠠᠰᠢ᠂  ᠰᠤᠷᠭ᠋ᠠᠨ ᠬᠥᠮᠦᠵᠢᠯ ᠂  ᠠᠵᠢᠯ ᠣᠯᠭᠤᠯᠲᠠ ᠂  ᠨᠠᠰᠤᠵᠢᠯ᠎ᠤᠨ ᠠᠰᠠᠷᠠᠮᠵᠢ ᠂  ᠡᠮᠴᠢᠯᠡᠭᠡ  ᠵᠡᠷᠭᠡ ᠠᠷᠠᠳ᠎ᠤᠨ ᠠᠮᠢᠳᠤᠷᠠᠯ᠎ᠢ  ᠪᠠᠲᠤᠯᠠᠨ ᠰᠠᠶ᠋ᠢᠵᠢᠷᠠᠭᠤᠯᠬᠤ ᠣᠯᠠᠨ ᠵᠦᠢ᠍ᠯ᠎ᠤᠨ ᠲᠥᠷᠥ ᠵᠢᠨ  ᠪᠣᠳᠣᠯᠭ᠎ᠠ ᠵᠢ  ᠨᠡᠶ᠋ᠢᠲᠡᠯᠡᠪᠡ! ᠬᠠᠮᠲᠤ᠎ᠪᠠᠷ  ᠦᠵᠡᠵᠡᠭᠡᠶ᠎ᠡ — 

ᠰᠤᠷᠭ᠋ᠠᠨ ᠬᠥᠮᠦᠵᠢᠯ᠎ᠤᠨ ᠲᠠᠯ᠎ᠠ᠎ᠪᠠᠷ 

《ᠰᠤᠷᠭ᠋ᠠᠨ ᠬᠥᠮᠦᠵᠢᠯ᠎ᠤᠨ ᠬᠦᠴᠦᠷᠬᠡᠭ ᠤᠯᠤᠰ᠎ᠤᠨ ᠪᠦᠲᠦᠭᠡᠨ ᠪᠠᠶ᠋ᠢᠭᠤᠯᠤᠯᠲᠠ ᠵᠢᠨ ᠲᠥᠯᠦᠪᠵᠢᠭᠦᠯᠭᠡ ᠵᠢᠨ  ᠬᠦᠲᠦᠯᠪᠦᠷᠢ (2024 — 2035 ᠣᠨ)》 ᠵᠢ ᠳᠠᠷᠤᠮᠠᠯᠯᠠᠨ ᠲᠠᠷᠬᠠᠭ᠋ᠠᠪᠠ 

ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶ᠎ᠠ᠂ ᠲᠥᠷᠥ ᠵᠢᠨ ᠶᠠᠪᠤᠳᠠᠯ ᠎ᠤᠨ ᠬᠤᠷᠢᠶᠠᠨ᠎ᠠᠴᠠ 《ᠰᠤᠷᠭ᠋ᠠᠨ ᠬᠥᠮᠦᠵᠢᠯ᠎ᠤᠨ ᠬᠦᠴᠦᠷᠬᠡᠭ ᠤᠯᠤᠰ᠎ᠤᠨ ᠪᠦᠲᠦᠭᠡᠨ ᠪᠠᠶ᠋ᠢᠭᠤᠯᠤᠯᠲᠠ ᠵᠢᠨ ᠲᠥᠯᠦᠪᠵᠢᠭᠦᠯᠭᠡ ᠵᠢᠨ ᠬᠦᠲᠦᠯᠪᠦᠷᠢ (2024 — 2035 ᠣᠨ)》  ᠵᠢ ᠳᠠᠷᠤᠮᠠᠯᠯᠠᠨ ᠲᠠᠷᠬᠠᠭ᠋ᠠᠵᠤ᠂ ᠬᠤᠶᠠᠷ ᠠᠯᠬᠤᠮ ᠵᠶ᠋ᠠᠷ ᠶᠠᠪᠤᠬᠤ ᠴᠠᠭ᠎ᠤᠨ ᠬᠦᠰᠦᠨᠦᠭᠲᠦ ᠪᠠ ᠵᠠᠮ ᠱᠤᠭᠤᠮ᠎ᠤᠨ ᠵᠢᠷᠤᠭ᠎ᠢ ᠲᠣᠭᠲᠠᠭ᠋ᠠᠪᠠ᠃ 2027 ᠣᠨ ᠪᠣᠯᠬᠤ᠎ᠳᠤ᠂ ᠰᠤᠷᠭ᠋ᠠᠨ ᠬᠥᠮᠦᠵᠢᠯ᠎ᠤᠨ ᠬᠦᠴᠦᠷᠬᠡᠭ ᠤᠯᠤᠰ᠎ᠤᠨ ᠪᠦᠲᠦᠭᠡᠨ ᠪᠠᠶ᠋ᠢᠭᠤᠯᠤᠯᠲᠠ᠎ᠳᠤ ᠱᠠᠲᠤᠴᠢ ᠴᠢᠨᠠᠷᠲᠠᠢ ᠴᠢᠬᠤᠯᠠ ᠦᠷ᠎ᠡ ᠪᠦᠲᠦᠮᠵᠢ ᠣᠯᠣᠨ᠎ᠠ᠃ 2035 ᠣᠨ ᠪᠣᠯᠬᠤ᠎ᠳᠤ᠂ ᠰᠤᠷᠭ᠋ᠠᠨ ᠬᠥᠮᠦᠵᠢᠯ᠎ᠤᠨ ᠬᠦᠴᠦᠷᠬᠡᠭ ᠤᠯᠤᠰ᠎ᠢ ᠪᠠᠶ᠋ᠢᠭᠤᠯᠤᠨ᠎ᠠ᠃ 《ᠬᠥᠲᠥᠯᠪᠦᠷᠢ》᠎ᠳᠤ᠂ ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠢ ᠴᠢᠨᠠᠷᠯᠢᠭ ᠪᠥᠭᠡᠳ ᠲᠡᠩᠴᠡᠭᠦᠷᠢᠲᠡᠢ ᠬᠥᠭᠵᠢᠭᠦᠯᠬᠦ ᠵᠢ ᠪᠠ ᠬᠤᠲᠠ ᠬᠥᠳᠡᠭᠡ ᠵᠢ ᠨᠢᠭᠡ ᠴᠣᠭᠴᠠᠵᠢᠭᠤᠯᠬᠤ᠎ᠯᠤᠭ᠎ᠠ ᠤᠷᠭ᠋ᠠᠨᠢᠭ ᠵᠶ᠋ᠠᠷ ᠠᠬᠢᠭᠤᠯᠵᠤ᠂ ᠰᠤᠷᠬᠤ ᠨᠠᠰᠤᠨ᠎ᠠᠴᠠ ᠡᠮᠦᠨᠡᠬᠢ ᠰᠤᠷᠭ᠋ᠠᠨ ᠬᠥᠮᠦᠵᠢᠯ᠎ᠢ ᠲᠦᠭᠡᠮᠡᠯ ᠬᠦᠷᠲᠡᠭᠡᠵᠦ ᠲᠦᠭᠡᠮᠡᠯ ᠬᠠᠷᠠᠭ᠋ᠠᠯᠵᠠᠬᠤ ᠪᠠ ᠥᠨᠳᠥᠷ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠱᠠᠲᠤᠨ᠎ᠤ ᠰᠤᠷᠭ᠋ᠠᠭᠤᠯᠢ ᠵᠢᠨ ᠣᠯᠠᠨ ᠶᠠᠩᠵᠤᠴᠢᠯᠠᠨ ᠬᠥᠭᠵᠢᠬᠦ ᠵᠢ ᠠᠬᠢᠭᠤᠯᠤᠨ᠎ᠠ ᠭᠡᠵᠦ ᠳᠤᠷᠠᠳᠴᠠᠢ᠃

ᠲᠥᠷᠥ ᠵᠢᠨ ᠶᠠᠪᠤᠳᠠᠯ᠎ᠤᠨ ᠬᠤᠷᠢᠶᠠᠨ᠎ᠤ ᠪᠠᠶ᠋ᠢᠩᠭᠤ ᠵᠢᠨ  ᠬᠤᠷᠠᠯᠳᠤᠭ᠋ᠠᠨ᠄ ᠰᠢᠨᠵᠢᠯᠡᠭᠡᠨ᠎ᠤ  ᠰᠠᠯᠠᠭ᠋ᠠᠨ᠎ᠤ  ᠲᠤᠰᠬᠠᠢ ᠮᠡᠷᠭᠡᠵᠢᠯ᠎ᠤᠨ  ᠲᠣᠬᠢᠷᠠᠭᠤᠯᠤᠯᠲᠠ ᠵᠢ ᠰᠢᠯᠢᠳᠡᠭᠵᠢᠭᠦᠯᠵᠦ᠂  ᠶᠡᠭᠡ  ᠳᠡᠭᠡᠳᠦ ᠰᠤᠷᠭ᠋ᠠᠭᠤᠯᠢ᠎ᠨᠤᠭᠤᠳ᠎ᠲᠤ  ᠨᠠᠩ ᠶᠡᠭᠡ  ᠡᠵᠡᠨ  ᠮᠡᠳᠡᠬᠦ ᠡᠷᠬᠡ ᠣᠯᠭᠤᠨ᠎ᠠ

1 ᠳ᠋ᠦ᠍ᠭᠡᠷ ᠰᠠᠷ᠎ᠠ ᠵᠢᠨ 17᠎ᠤ ᠡᠳᠦᠷ᠎ᠤᠨ ᠲᠥᠷᠥ ᠵᠢᠨ ᠶᠠᠪᠤᠳᠠᠯ᠎ᠤᠨ ᠬᠤᠷᠢᠶᠠᠨ᠎ᠤ ᠪᠠᠶ᠋ᠢᠩᠭᠤ ᠵᠢᠨ ᠬᠤᠷᠠᠯᠳᠤᠭ᠋ᠠᠨ ᠵᠶ᠋ᠠᠷ᠂ ᠳᠡᠭᠡᠳᠦ ᠵᠡᠷᠭᠡ ᠵᠢᠨ ᠰᠤᠷᠭ᠋ᠠᠨ ᠬᠦᠮᠦᠵᠢᠯ᠎ᠤᠨ ᠶᠡᠷᠦᠩᠬᠡᠶ᠋ᠢᠯᠡᠭᠰᠡᠨ ᠥᠭᠡᠷᠡᠴᠢᠯᠡᠯᠲᠡ ᠵᠢᠨ ᠲᠤᠷᠰᠢᠯᠲᠠ ᠵᠢᠨ ᠴᠡᠭ᠎ᠤᠨ ᠠᠵᠢᠯ᠎ᠢ ᠰᠤᠳᠤᠯᠪᠠ᠃ ᠬᠤᠷᠠᠯᠳᠤᠭ᠋ᠠᠨ ᠵᠶ᠋ᠠᠷ᠂ ᠶᠡᠭᠡ ᠳᠡᠭᠡᠳᠦ ᠰᠤᠷᠭ᠋ᠠᠭᠤᠯᠢ ᠵᠢᠨ ᠬᠥᠮᠥᠨ ᠬᠥᠮᠥᠵᠢᠭᠦᠯᠬᠦ ᠠᠷᠭ᠎ᠠ ᠬᠡᠯᠪᠡᠷᠢ᠂ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠬᠡᠪ ᠲᠤᠮᠢᠶ᠎ᠠ᠂ ᠰᠤᠷᠭ᠋ᠠᠭᠤᠯᠢ ᠡᠷᠬᠢᠯᠡᠬᠦ ᠬᠡᠪ ᠵᠠᠭᠪᠤᠷ᠂ ᠵᠠᠰᠠᠯᠲᠠ ᠵᠢᠨ ᠲᠣᠭᠲᠠᠯᠴᠠᠭ᠎ᠠ ᠵᠡᠷᠭᠡ ᠲᠠᠯ᠎ᠠ ᠵᠢᠨ ᠥᠭᠡᠷᠡᠴᠢᠯᠡᠯᠲᠡ ᠵᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠰᠤᠷᠭ᠋ᠠᠨ ᠬᠥᠮᠦᠵᠢᠯ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠂ ᠴᠢᠳᠠᠪᠤᠷᠢᠲᠠᠨ᠎ᠤ ᠰᠠᠶ᠋ᠢᠨ ᠣᠷᠴᠢᠯ᠎ᠢ ᠰᠢᠯᠤᠭᠤᠳᠬᠠᠵᠤ᠂ ᠳᠡᠭᠡᠳᠦ ᠵᠡᠷᠭᠡ ᠵᠢᠨ ᠰᠤᠷᠭ᠋ᠠᠨ ᠬᠥᠮᠦᠵᠢᠯ᠎ᠤᠨ ᠴᠢᠨᠠᠷ ᠰᠠᠶ᠋ᠢᠲᠠᠢ ᠬᠥᠭᠵᠢᠯᠲᠡ᠎ᠪᠠᠷ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠳᠤ ᠬᠦᠴᠦᠲᠡᠢ ᠲᠤᠯᠭ᠋ᠠᠭᠤᠷᠢᠯᠠᠯ ᠬᠠᠩᠭ᠋ᠠᠬᠤ ᠬᠡᠷᠡᠭᠲᠡᠢ᠃ ᠰᠢᠨᠵᠢᠯᠡᠭᠡᠨ᠎ᠤ ᠰᠠᠯᠠᠭ᠋ᠠᠨ᠎ᠤ ᠲᠤᠰᠬᠠᠢ ᠮᠡᠷᠭᠡᠵᠢᠯ᠎ᠤᠨ ᠲᠣᠬᠢᠷᠠᠭᠤᠯᠤᠯᠲᠠ ᠵᠢ ᠰᠢᠯᠢᠳᠡᠭᠵᠢᠭᠦᠯᠬᠦ ᠵᠢ ᠥᠭᠡᠷᠡᠴᠢᠯᠡᠯᠲᠡ ᠵᠢᠨ ᠭᠤᠣᠯᠳᠠᠯᠭ᠎ᠠ᠎ᠪᠠᠨ ᠪᠣᠯᠭ᠋ᠠᠵᠤ᠂ ᠶᠡᠭᠡ ᠳᠡᠭᠡᠳᠦ ᠰᠤᠷᠭ᠋ᠠᠭᠤᠯᠢ᠎ᠨᠤᠭᠤᠳ᠎ᠲᠤ ᠨᠠᠩ ᠶᠡᠭᠡ ᠡᠵᠡᠨ ᠮᠡᠳᠡᠬᠦ ᠡᠷᠬᠡ ᠣᠯᠭᠤᠬᠤ ᠬᠡᠷᠡᠭᠲᠡᠢ᠃ ᠰᠤᠷᠭ᠋ᠠᠨ ᠬᠥᠮᠦᠵᠢᠯ᠎ᠤᠨ ᠦᠨᠡᠯᠡᠯᠲᠡ ᠵᠢᠨ ᠲᠣᠭᠲᠠᠯᠴᠠᠭ᠋ᠠᠨ᠎ᠤ ᠥᠭᠡᠷᠡᠴᠢᠯᠡᠯᠲᠡ  ᠵᠢᠨ ᠳᠣᠬᠢᠭᠤᠷ᠎ᠤᠨ ᠦᠢ᠍ᠯᠡᠳᠦᠯ᠎ᠢ ᠭᠦᠢ᠍ᠴᠡᠳ ᠪᠠᠳᠠᠷᠠᠭᠤᠯᠵᠤ᠂ ᠶᠡᠭᠡ ᠳᠡᠭᠡᠳᠦ ᠰᠤᠷᠭ᠋ᠠᠭᠤᠯᠢ  ᠵᠢᠨ ᠣᠨᠴᠠᠯᠢᠭᠲᠤ ᠬᠥᠭᠵᠢᠯᠲᠡ᠂ ᠪᠠᠭᠰᠢ ᠵᠢᠨ ᠨᠢᠭᠡ ᠰᠡᠳᠬᠢᠯ ᠵᠶ᠋ᠠᠷ ᠵᠢᠭ᠋ᠠᠨ ᠰᠤᠷᠭ᠋ᠠᠵᠤ ᠰᠤᠳᠤᠯᠤᠯᠲᠠ ᠬᠢᠬᠦ᠎ᠳᠤ᠎ᠨᠢ ᠰᠠᠶ᠋ᠢᠨ ᠰᠠᠶ᠋ᠢᠬᠠᠨ ᠣᠷᠴᠢᠨ ᠨᠦᠬᠦᠴᠡᠯ᠎ᠢ ᠪᠦᠷᠢᠯᠳᠦᠭᠦᠯᠵᠦ ᠥᠭᠬᠦ ᠬᠡᠷᠡᠭᠲᠡᠢ ᠭᠡᠵᠦ ᠵᠢᠭ᠋ᠠᠵᠤ ᠭᠠᠷᠭ᠋ᠠᠪᠠ᠃

ᠳᠤᠮᠳᠠᠳᠤ ᠪᠠᠭ᠎ᠠ ᠰᠤᠷᠭ᠋ᠠᠭᠤᠯᠢ ᠵᠢᠨ ᠰᠤᠷᠭ᠋ᠠᠨ ᠬᠥᠮᠦᠵᠢᠯ᠎ᠳᠤ  ᠬᠤᠯᠪᠣᠭᠳᠠᠨ᠎ᠠ᠂  ᠰᠤᠷᠭ᠋ᠠᠨ ᠬᠥᠮᠦᠵᠢᠯ᠎ᠤᠨ  ᠶᠠᠮᠤᠨ ᠪᠢᠴᠢᠭ ᠮᠠᠲ᠋ᠧᠷᠢᠶᠠᠯ ᠲᠠᠷᠬᠠᠭ᠋ᠠᠪᠠ

ᠰᠤᠷᠭ᠋ᠠᠨ ᠬᠥᠮᠦᠵᠢᠯ᠎ᠤᠨ ᠶᠠᠮᠤᠨ᠎ᠤ ᠠᠯᠪᠠᠨ ᠲᠢᠩᠬᠢᠮ 《ᠳᠤᠮᠳᠠᠳᠤ ᠪᠠᠭ᠎ᠠ ᠰᠤᠷᠭ᠋ᠠᠭᠤᠯᠢ  ᠵᠢᠨ ᠰᠢᠨᠵᠢᠯᠡᠬᠦ ᠤᠬᠠᠭ᠋ᠠᠨ ᠰᠤᠷᠭ᠋ᠠᠨ ᠬᠥᠮᠦᠵᠢᠯ᠎ᠤᠨ ᠠᠵᠢᠯ᠎ᠤᠨ ᠵᠦᠭᠯᠡᠭᠦᠷ》᠎ᠢ ᠳᠠᠷᠤᠮᠠᠯᠯᠠᠨ ᠲᠠᠷᠬᠠᠭ᠋ᠠᠵᠤ ᠂  ᠠᠯᠪᠠᠨ ᠵᠠᠷᠤᠳᠠᠯ ᠵᠶ᠋ᠠᠷ  ᠬᠥᠮᠥᠵᠢᠭᠦᠯᠬᠦ  ᠪᠠᠭᠰᠢ ᠵᠢᠨ ᠮᠡᠷᠭᠡᠵᠢᠯ᠎ᠤᠨ ᠰᠣᠷᠣᠭᠴᠢ ᠵᠢᠨ ᠲᠥᠷᠥᠯ ᠵᠦᠢ᠍ᠯ᠎ᠳᠤ ᠰᠢᠨᠵᠢᠯᠡᠬᠦ ᠤᠬᠠᠭ᠋ᠠᠨ ᠰᠤᠷᠭ᠋ᠠᠨ ᠬᠥᠮᠦᠵᠢᠯ᠎ᠤᠨ ᠰᠣᠷᠣᠭᠴᠢ ᠵᠢ ᠬᠥᠮᠥᠵᠢᠭᠦᠯᠬᠦ ᠬᠠᠷᠢᠴᠠᠯ ᠵᠶ᠋ᠠᠨ  ᠳᠡᠭᠡᠭᠰᠢᠯᠡᠭᠦᠯᠵᠦ ᠂ ᠶᠡᠷᠦᠩᠬᠡᠶ᠋ᠢᠯᠡᠭᠰᠡᠨ ᠴᠢᠨᠠᠷᠲᠠᠢ ᠶᠡᠭᠡ ᠰᠤᠷᠭ᠋ᠠᠭᠤᠯᠢ ᠵᠢᠨ ᠰᠢᠨᠵᠢᠯᠡᠬᠦ ᠤᠬᠠᠭ᠋ᠠᠨ᠎ᠤ ᠲᠥᠷᠥᠯ᠎ᠤᠨ ᠬᠢᠴᠢᠶᠡᠯ᠎ᠤᠨ ᠪᠠᠭᠰᠢ ᠬᠥᠮᠥᠵᠢᠭᠦᠯᠬᠦ ᠵᠢ᠎ᠨᠢ  ᠳᠡᠮᠵᠢᠨ᠎ᠡ ᠭᠡᠵᠦ ᠲᠣᠳᠣᠷᠬᠠᠢ ᠲᠣᠭᠲᠠᠭ᠋ᠠᠵᠠᠢ᠃ ᠪᠠᠭ᠎ᠠ ᠰᠤᠷᠭ᠋ᠠᠭᠤᠯᠢ  ᠨᠢᠭᠡ ᠪᠦᠷᠢ᠎ᠳᠤ ᠪᠠᠶ᠋ᠢᠭ᠋ᠠᠯᠢ ᠲᠧᠭᠨᠢᠭ᠎ᠤᠨ ᠤᠬᠠᠭ᠋ᠠᠨ᠎ᠤ ᠲᠥᠷᠥᠯ᠎ᠤᠨ  ᠰᠣᠷᠣᠯᠴᠠᠭᠰᠠᠨ ᠨᠠᠮᠲᠠᠷ᠎ᠲᠠᠢ ᠮᠠᠰᠲ᠋ᠧᠷ  ᠴᠤᠯᠠ᠎ᠲᠠᠢ  ᠰᠢᠨᠵᠢᠯᠡᠬᠦ ᠤᠬᠠᠭ᠋ᠠᠨ᠎ᠤ ᠪᠠᠭᠰᠢ ᠵᠢ ᠨᠠᠭ᠋ᠠᠲᠤ ᠵᠠᠬ᠎ᠠ᠎ᠳᠤ᠎ᠪᠠᠨ1  ᠪᠠᠶ᠋ᠢᠬᠤ ᠵᠢ ᠠᠬᠢᠭᠤᠯᠤᠨ ᠂  ᠰᠤᠷᠭ᠋ᠠᠭᠤᠯᠢ  ᠨᠢᠭᠡ ᠪᠦᠷᠢ᠎ᠳᠤ ᠰᠢᠨᠵᠢᠯᠡᠬᠦ ᠤᠬᠠᠭ᠋ᠠᠨ᠎ᠤ ᠳᠡᠳ᠋ ᠵᠠᠬᠢᠷᠤᠯ ᠨᠠᠭ᠋ᠠᠲᠤ ᠵᠠᠬ᠎ᠠ᠎ᠳᠤ᠎ᠪᠠᠨ 1 ᠪᠠᠶ᠋ᠢᠬᠤ ᠵᠢ  ᠦᠨᠡᠨ ᠬᠦ᠌  ᠪᠠᠲᠤᠯᠠᠨ᠎ᠠ᠃

ᠠᠵᠢᠯ ᠣᠯᠭᠤᠯᠲᠠ ᠵᠢ ᠠᠬᠢᠭᠤᠯᠵᠤ ᠂  ᠬᠥᠯᠥᠰᠦᠨ ᠠᠵᠢᠯᠴᠢᠨ᠎ᠤ ᠴᠠᠯᠢᠩ᠎ᠢ ᠪᠠᠲᠤᠯᠠᠬᠤ ᠵᠡᠷᠭᠡ  ᠲᠠᠯ᠎ᠠ᠎ᠪᠠᠷ 

ᠨᠥᠬᠦᠪᠦᠷᠢ ᠵᠢᠨ ᠬᠡᠪᠴᠢᠶ᠎ᠡ ᠵᠢ ᠥᠷᠭᠡᠳᠬᠡᠵᠦ᠂ ᠠᠵᠢᠯ ᠮᠡᠷᠭᠡᠵᠢᠯ᠎ᠤᠨ ᠤᠷ᠎ᠠ  ᠮᠡᠷᠭᠡᠰᠢᠯ ᠎ᠤᠨ ᠪᠣᠯᠪᠠᠰᠤᠷᠠᠯ᠎ᠢ ᠥᠷᠨᠢᠭᠦᠯᠦᠨ᠎ᠡ ᠁ ᠲᠥᠷᠥ ᠵᠢᠨ ᠶᠠᠪᠤᠳᠠᠯ᠎ᠤᠨ ᠬᠤᠷᠢᠶᠠᠨ᠎ᠤ  ᠪᠠᠶ᠋ᠢᠩᠭᠤ  ᠵᠢᠨ  ᠬᠤᠷᠠᠯᠳᠤᠭ᠋ᠠᠨ ᠵᠶ᠋ᠠᠷ  ᠠᠵᠢᠯ ᠣᠯᠭᠤᠯᠲᠠ ᠵᠢ ᠠᠬᠢᠭᠤᠯᠬᠤ ᠲᠥᠷᠥ ᠵᠢᠨ  ᠪᠣᠳᠣᠯᠭ᠎ᠠ ᠵᠢ ᠰᠤᠳᠤᠯᠪᠠ 

1 ᠳ᠋ᠦ᠍ᠭᠡᠷ  ᠰᠠᠷ᠎ᠠ ᠵᠢᠨ 17᠎ᠤ ᠡᠳᠦᠷ᠎ᠤᠨ ᠲᠥᠷᠥ ᠵᠢᠨ  ᠶᠠᠪᠤᠳᠠᠯ᠎ᠤᠨ ᠬᠤᠷᠢᠶᠠᠨ᠎ᠤ ᠪᠠᠶ᠋ᠢᠩᠭᠤ ᠵᠢᠨ  ᠬᠤᠷᠠᠯᠳᠤᠭ᠋ᠠᠨ ᠵᠶ᠋ᠠᠷ᠂  ᠠᠵᠢᠯ ᠣᠯᠭᠤᠯᠲᠠ ᠵᠢ  ᠠᠬᠢᠭᠤᠯᠬᠤ  ᠬᠤᠯᠪᠣᠭᠳᠠᠯ ᠪᠦᠬᠦᠢ ᠲᠦᠷᠥ ᠵᠢᠨ ᠪᠣᠳᠣᠯᠭ᠎ᠠ ᠠᠷᠭ᠎ᠠ ᠬᠡᠮᠵᠢᠶ᠎ᠡ ᠵᠢ ᠰᠤᠳᠤᠯᠤᠨ ᠠᠬᠢᠭᠤᠯᠪᠠ᠃ ᠬᠤᠷᠠᠯᠳᠤᠭ᠋ᠠᠨ ᠵᠶ᠋ᠠᠷ᠂  ᠠᠵᠢᠯ ᠣᠯᠭᠤᠯᠲᠠ ᠵᠢ  ᠤᠷᠢᠳ ᠵᠶ᠋ᠠᠷ ᠪᠣᠳᠣᠯᠬᠢᠯᠠᠬᠤ ᠵᠢ ᠪᠠᠷᠢᠮᠲᠠᠯᠠᠵᠤ᠂  ᠲᠦᠷᠦ ᠵᠢᠨ ᠪᠣᠳᠣᠯᠭ᠎ᠠ ᠵᠢᠨ ᠳᠡᠮᠵᠢᠯᠭᠡ᠂  ᠪᠣᠯᠪᠠᠰᠤᠷᠠᠯ ᠵᠶ᠋ᠠᠷ  ᠬᠦᠴᠦᠨ ᠴᠢᠳᠠᠮᠵᠢ ᠵᠢ᠎ᠨᠢ ᠡᠷᠴᠢᠮᠯᠡᠬᠦ᠂  ᠦᠢ᠍ᠯᠡᠴᠢᠯᠡᠭᠡ᠎ᠪᠠᠷ ᠬᠦᠴᠦᠨ ᠨᠡᠮᠡᠷᠢᠯᠡᠬᠦ ᠵᠢ  ᠴᠢᠩᠭ᠋ᠠᠳᠬᠠᠨ᠂  ᠴᠢᠨᠠᠷ ᠰᠠᠶ᠋ᠢᠲᠠᠢ ᠭᠦᠢ᠍ᠴᠡᠳ ᠠᠵᠢᠯ ᠣᠯᠭᠤᠯᠲᠠ ᠵᠢ ᠴᠢᠷᠮᠠᠶ᠋ᠢᠨ ᠠᠬᠢᠭᠤᠯᠬᠤ ᠬᠡᠷᠡᠭᠲᠡᠢ᠃ ᠠᠵᠢᠯ  ᠣᠯᠭᠤᠬᠤ  ᠠᠵᠢᠯ᠎ᠤᠨ ᠪᠠᠶ᠋ᠢᠷᠢ ᠵᠢᠨ ᠲᠠᠯᠳᠠ ᠬᠦᠴᠦᠨ᠎ᠢ᠎ᠨᠢ  ᠠᠭᠤᠳᠠᠯᠤᠨ ᠪᠠᠭᠲᠠᠭ᠋ᠠᠮᠵᠢ ᠵᠢ᠎ᠨᠢ  ᠥᠷᠭᠡᠳᠬᠡᠬᠦ ᠠᠵᠢᠯ᠎ᠢ ᠬᠦᠴᠦᠯᠡᠨ ᠬᠢᠬᠦ ᠬᠡᠷᠡᠭᠲᠡᠢ᠃  ᠭᠤᠣᠯᠳᠠᠯᠭ᠎ᠠ  ᠪᠣᠯᠬᠤ ᠬᠦᠮᠦᠰ᠎ᠲᠤ ᠠᠵᠢᠯ ᠣᠯᠭᠤᠬᠤ ᠵᠢ  ᠲᠡᠳᠬᠦᠨ ᠳᠡᠮᠵᠢᠬᠦ᠎ᠪᠠᠨ  ᠨᠡᠮᠡᠭᠳᠡᠭᠦᠯᠵᠦ᠂  ᠠᠵᠢᠯ᠎ᠤᠨ ᠪᠠᠶ᠋ᠢᠷᠢ ᠵᠢ᠎ᠨᠢ  ᠲᠣᠭᠲᠠᠪᠤᠷᠢᠵᠢᠭᠤᠯᠤᠨ ᠠᠵᠢᠯ᠎ᠤᠨ ᠪᠠᠶ᠋ᠢᠷᠢ ᠵᠢ᠎ᠨᠢ  ᠥᠷᠭᠡᠳᠬᠡᠬᠦ ᠲᠤᠰᠬᠠᠢ ᠵᠦᠢ᠍ᠯ᠎ᠤᠨ ᠵᠢᠭᠡᠯᠡᠯᠭᠡ ᠵᠢᠨ ᠢᠲᠡᠭᠡᠮᠵᠢ ᠣᠯᠭᠤᠬᠤ ᠲᠤᠭ᠎ᠠ ᠬᠡᠮᠵᠢᠶ᠎ᠡ ᠵᠢ  ᠳᠡᠭᠡᠭᠰᠢᠯᠡᠭᠦᠯᠦᠨ᠂  ᠵᠠᠰᠠᠭ᠎ᠤᠨ ᠣᠷᠳᠣᠨ᠎ᠤ ᠴᠢᠨᠠᠷᠲᠠᠢ ᠪᠡᠯᠡ ᠲᠣᠬᠢᠷᠠᠭᠤᠯᠭ᠎ᠠ ᠵᠢᠨ ᠳᠠᠭ᠋ᠠᠭ᠋ᠠᠴᠢᠯᠠᠯᠲᠠ ᠵᠢᠨ  ᠲᠣᠭᠲᠠᠯᠴᠠᠭ᠋ᠠᠨ᠎ᠤ ᠠᠵᠢᠯ ᠣᠯᠵᠤ  ᠦᠢ᠍ᠯᠡᠰ ᠴᠣᠭᠴᠠᠯᠠᠬᠤ ᠵᠢ ᠬᠦᠴᠦᠯᠡᠨ ᠳᠡᠮᠵᠢᠬᠦ ᠵᠢ᠎ᠨᠢ  ᠠᠬᠢᠭᠤᠯᠵᠤ᠂  ᠠᠵᠢᠯ᠎ᠤᠨ ᠪᠠᠶ᠋ᠢᠷᠢ ᠵᠢ᠎ᠨᠢ ᠥᠷᠭᠡᠳᠬᠡᠬᠦ᠎ᠪᠠᠷ  ᠨᠢᠭᠡ ᠯᠡ ᠤᠳᠠᠭ᠎ᠠ ᠵᠢᠨ ᠴᠢᠨᠠᠷᠲᠠᠢ  ᠨᠥᠬᠦᠪᠦᠷᠢ ᠣᠯᠭᠤᠬᠤ ᠡᠲᠡᠭᠡᠳ᠎ᠤᠨ ᠬᠡᠪᠴᠢᠶ᠎ᠡ ᠵᠢ  ᠰᠤᠳᠤᠯᠤᠨ ᠦᠷᠭᠡᠳᠬᠡᠬᠦ ᠬᠡᠷᠡᠭᠲᠡᠢ᠃  ᠶᠡᠭᠡ ᠬᠡᠪᠴᠢᠶᠡᠨ᠎ᠤ ᠠᠵᠢᠯ ᠮᠡᠷᠭᠡᠵᠢᠯ᠎ᠤᠨ ᠤᠷ᠎ᠠ  ᠮᠡᠷᠭᠡᠰᠢᠯ᠎ᠤᠨ ᠪᠣᠯᠪᠠᠰᠤᠷᠠᠯ᠎ᠢ ᠥᠷᠨᠢᠭᠦᠯᠬᠦ  ᠬᠡᠷᠡᠭᠲᠡᠢ ᠭᠡᠵᠦ ᠵᠢᠭ᠋ᠠᠵᠤ ᠭᠠᠷᠭ᠋ᠠᠪᠠ᠃ 

ᠲᠥᠷᠥ ᠵᠢᠨ ᠶᠠᠪᠤᠳᠠᠯ᠎ᠤᠨ ᠬᠤᠷᠢᠶᠠᠨ᠎ᠤ  ᠪᠠᠶ᠋ᠢᠩᠭᠤ ᠵᠢᠨ  ᠬᠤᠷᠠᠯᠳᠤᠭ᠋ᠠᠨ᠄  ᠵᠣᠷᠢᠭᠤᠳᠠ᠎ᠪᠠᠷ ᠴᠠᠯᠢᠩ ᠥᠷᠢᠲᠦᠬᠦ ᠵᠢ ᠴᠢᠩᠭ᠎ᠠ ᠵᠠᠯᠬᠠᠭ᠋ᠠᠨ  ᠰᠢᠢ᠍ᠳᠬᠡᠵᠦ᠂ ᠬᠥᠯᠥᠰᠦᠨ ᠠᠵᠢᠯᠴᠢᠨ᠎ᠳᠤ ᠴᠠᠯᠢᠩ ᠥᠭᠬᠦ ᠵᠢ᠎ᠨᠢ ᠪᠠᠲᠤᠯᠠᠨ᠎ᠠ 

1 ᠳ᠋ᠦ᠍ᠭᠡᠷ ᠰᠠᠷ᠎ᠠ ᠵᠢᠨ 3᠎ᠤ ᠡᠳᠦᠷ ᠲᠥᠷᠥ ᠵᠢᠨ ᠶᠠᠪᠤᠳᠠᠯ᠎ᠤᠨ ᠬᠤᠷᠢᠶᠠᠨ᠎ᠤ ᠪᠠᠶ᠋ᠢᠩᠭᠤ ᠵᠢᠨ ᠬᠤᠷᠠᠯᠳᠤᠭ᠋ᠠᠨ ᠵᠶ᠋ᠠᠷ᠂ ᠬᠥᠯᠥᠰᠦᠨ ᠠᠵᠢᠯᠴᠢᠨ᠎ᠳᠤ ᠴᠠᠯᠢᠩ ᠥᠭᠬᠦ ᠵᠢ᠎ᠨᠢ ᠪᠠᠲᠤᠯᠠᠬᠤ ᠠᠵᠢᠯ᠎ᠤᠨ ᠪᠠᠶ᠋ᠢᠳᠠᠯ᠎ᠤᠨ ᠬᠠᠷᠢᠭᠤ ᠮᠡᠳᠡᠭᠦᠯᠦᠯᠲᠡ ᠵᠢ ᠰᠣᠨᠣᠰᠪᠠ᠃ ᠬᠤᠷᠠᠯᠳᠤᠭ᠋ᠠᠨ ᠵᠶ᠋ᠠᠷ ᠵᠢᠭ᠋ᠠᠨ ᠭᠠᠷᠭ᠋ᠠᠬᠤ᠎ᠳᠤ᠎ᠪᠠᠨ᠂ ᠴᠠᠯᠢᠩ ᠥᠷᠢᠲᠦᠬᠦ ᠲᠣᠪᠣᠶ᠋ᠢᠮ᠎ᠠ ᠠᠰᠠᠭᠤᠳᠠᠯ᠎ᠢ ᠴᠡᠭᠴᠡᠯᠡᠨ ᠵᠠᠰᠠᠬᠤ ᠡᠷᠴᠢᠮ  ᠵᠶ᠋ᠠᠨ ᠤᠯᠠᠮ ᠨᠢᠭᠡ ᠠᠯᠬᠤᠮ ᠴᠢᠩᠭ᠋ᠠᠷᠠᠭᠤᠯᠤᠨ᠂ ᠡᠷᠬᠡ᠎ᠪᠠᠨ ᠬᠠᠮᠠᠭ᠋ᠠᠯᠠᠬᠤ ᠠᠷᠭ᠎ᠠ ᠵᠠᠮ᠎ᠢ᠎ᠨᠢ ᠰᠠᠭ᠋ᠠᠳ ᠦᠭᠡᠢ ᠨᠠᠪᠲᠠᠷᠡᠭᠦᠯᠵᠦ᠂ ᠵᠣᠷᠢᠭᠤᠳᠠ᠎ᠪᠠᠷ ᠴᠠᠯᠢᠩ ᠥᠷᠢᠲᠦᠬᠦ ᠵᠢ ᠴᠢᠩᠭ᠎ᠠ ᠵᠠᠯᠬᠠᠭ᠋ᠠᠨ ᠰᠢᠢ᠍ᠳᠬᠡᠵᠦ᠂ ᠥᠷᠭᠡᠨ ᠣᠯᠠᠨ ᠬᠥᠯᠥᠰᠦᠨ ᠠᠵᠢᠯᠴᠢᠳ᠎ᠤᠨ ᠬᠠᠤᠯᠢ ᠶᠣᠰᠣᠨ᠎ᠤ ᠡᠷᠬᠡ ᠠᠰᠢᠭ᠎ᠢ ᠦᠨᠡᠨ ᠬᠦ᠌ ᠬᠠᠮᠠᠭ᠋ᠠᠯᠠᠬᠤ ᠬᠡᠷᠡᠭᠲᠡᠢ᠃ ᠡᠯ᠎ᠡ ᠱᠠᠲᠤᠨ᠎ᠤ ᠵᠠᠰᠠᠭ᠎ᠤᠨ ᠣᠷᠳᠣᠨ ᠪᠠ ᠲᠥᠪ᠎ᠤᠨ ᠠᠵᠤ ᠠᠬᠤᠶ᠋ᠢᠯᠠᠯ ᠤᠯᠤᠰ᠎ᠤᠨ ᠦᠮᠴᠢᠯᠡᠯᠲᠦ ᠠᠵᠤ ᠠᠬᠤᠶ᠋ᠢᠯᠠᠯ᠎ᠤᠳ᠎ᠢ ᠵᠢᠯᠣᠭᠤᠳᠴᠤ ᠪᠠᠶ᠋ᠢᠭ᠋ᠠᠳ ᠬᠥᠯᠥᠰᠦᠨ ᠠᠵᠢᠯᠴᠢᠳ᠎ᠲᠤ ᠴᠠᠯᠢᠩ ᠥᠭᠬᠦ ᠵᠢ᠎ᠨᠢ ᠤᠷᠢᠳ ᠵᠶ᠋ᠠᠷ ᠪᠠᠲᠤᠯᠠᠬᠤ ᠪᠠ ᠴᠠᠯᠢᠩ ᠥᠷᠢᠲᠦᠬᠦ ᠵᠢ ᠲᠦᠷᠦᠭᠦᠯᠡᠨ ᠴᠡᠪᠡᠷᠯᠡᠵᠦ᠂ ᠠᠷᠠᠳ᠎ᠠᠴᠠ ᠡᠵᠡᠩᠨᠡᠭᠰᠡᠨ ᠠᠵᠤ ᠠᠬᠤᠶ᠋ᠢᠯᠠᠯ᠎ᠤᠳ᠎ᠤᠨ ᠴᠠᠯᠢᠩ ᠥᠷᠢᠲᠦᠵᠦ ᠪᠠᠶ᠋ᠢᠭ᠎ᠠ ᠵᠢ᠎ᠨᠢ ᠬᠠᠤᠯᠢ ᠶᠣᠰᠣᠭ᠋ᠠᠷ ᠰᠢᠪᠠᠳᠠᠭᠤᠯᠵᠤ ᠪᠠᠶ᠋ᠢᠭ᠋ᠠᠳ ᠴᠠᠭ ᠲᠤᠬᠠᠢ᠎ᠳᠤ᠎ᠨᠢ ᠲᠥᠯᠥᠭᠦᠯᠬᠦ ᠬᠡᠷᠡᠭᠲᠡᠢ ᠭᠡᠪᠡ᠃

ᠬᠥᠯᠥᠰᠦᠨ ᠠᠵᠢᠯᠴᠢᠨ᠎ᠤ ᠴᠠᠯᠢᠩ᠎ᠢ ᠤᠳᠠᠭ᠋ᠠᠰᠢᠷᠠᠭᠤᠯᠤᠭᠰᠠᠨ ᠪᠠ ᠥᠷᠢᠲᠦᠭᠰᠡᠨ ᠢᠲᠡᠭᠡᠯ ᠠᠯᠳᠠᠭᠰᠠᠳ᠎ᠢ ᠬᠤᠯᠪᠤᠭ᠋ᠠᠯᠠᠨ ᠵᠠᠯᠬᠠᠭ᠋ᠠᠨ ᠴᠡᠭᠡᠷᠯᠡᠭᠦᠯᠬᠦ ᠡᠲᠡᠭᠡᠳ᠎ᠤᠨ ᠨᠡᠷᠡᠰ᠎ᠤᠨ ᠬᠠᠮᠢᠶᠠᠷᠤᠯᠲᠠ ᠵᠢ ᠴᠢᠩᠭ᠋ᠠᠳᠬᠠᠵᠤ᠂ ᠤᠯᠤᠰ᠎ᠤᠨ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠎ᠤᠨ ᠠᠯᠪᠠᠨ ᠲᠢᠩᠬᠢᠮ᠂ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠶᠠᠮᠤᠨ᠎ᠤ ᠠᠯᠪᠠᠨ ᠲᠢᠩᠬᠢᠮ ᠬᠠᠮᠲᠤᠷᠠᠨ ᠪᠢᠴᠢᠭ ᠮᠠᠲ᠋ᠧᠷᠢᠶᠠᠯ ᠪᠠᠭᠤᠯᠭ᠋ᠠᠭ᠋ᠠᠳ ᠢᠲᠡᠭᠡᠯ ᠠᠯᠳᠠᠭᠰᠠᠳ᠎ᠤᠨ ᠨᠡᠷᠡᠰ᠎ᠤᠨ ᠬᠠᠮᠢᠶᠠᠷᠤᠯᠲᠠ ᠵᠢ ᠵᠢᠷᠤᠮᠵᠢᠭᠤᠯᠤᠨ ᠥᠷᠨᠢᠭᠦᠯᠵᠦ᠂ ᠢᠲᠡᠭᠡᠯ ᠠᠯᠳᠠᠭᠰᠠᠳ᠎ᠤᠨ ᠨᠡᠷᠡᠰ᠎ᠢ ᠬᠠᠮᠲᠤ᠎ᠪᠠᠷ ᠬᠦᠷᠲᠡᠬᠦ ᠲᠣᠭᠲᠠᠴᠠ ᠵᠢ ᠪᠦᠷᠢᠨᠰᠢᠭᠦᠯᠦᠨ᠂ ᠰᠢᠪᠠᠳᠠᠭᠤᠯᠤᠨ ᠵᠢᠯᠤᠭᠤᠳᠬᠤ᠎ᠪᠠᠨ ᠦᠨᠡᠨ ᠬᠦ᠌ ᠴᠢᠩᠭ᠋ᠠᠳᠬᠠᠬᠤ ᠵᠢ ᠱᠠᠭ᠋ᠠᠷᠳᠠᠪᠠ᠃

《ᠥᠨᠳᠥᠷ ᠪᠦᠲᠦᠮᠵᠢᠲᠡᠶ᠎ᠪᠠᠷ ᠨᠢᠭᠡ ᠠᠵᠢᠯ ᠶᠠᠪᠤᠳᠠᠯ ᠭᠦᠢ᠍ᠴᠡᠳᠬᠡᠬᠦ》 2025 ᠣᠨ᠎ᠤ ᠨᠢᠭᠡᠳᠦᠭᠡᠷ ᠪᠦᠯᠦᠭ᠎ᠤᠨ ᠭᠤᠣᠯᠳᠠᠯᠭ᠎ᠠ ᠪᠣᠯᠬᠤ ᠵᠦᠢ᠍ᠯᠡᠰ᠎ᠤᠨ ᠨᠠᠷᠢᠨ ᠳᠠᠩᠰᠠ

ᠲᠥᠷᠥ ᠵᠢᠨ ᠶᠠᠪᠤᠳᠠᠯ᠎ᠤᠨ ᠬᠤᠷᠢᠶᠠᠨ᠎ᠤ ᠠᠯᠪᠠᠨ ᠲᠢᠩᠬᠢᠮ 《〈ᠥᠨᠳᠥᠷ ᠪᠦᠲᠦᠮᠵᠢᠲᠡᠶ᠎ᠪᠠᠷ ᠨᠢᠭᠡ ᠠᠵᠢᠯ ᠶᠠᠪᠤᠳᠠᠯ ᠭᠦᠢ᠍ᠴᠡᠳᠬᠡᠬᠦ〉 2025 ᠣᠨ᠎ᠤ ᠨᠢᠭᠡᠳᠦᠭᠡᠷ ᠪᠦᠯᠦᠭ᠎ᠤᠨ ᠭᠤᠣᠯᠳᠠᠯᠭ᠎ᠠ ᠪᠣᠯᠬᠤ ᠵᠦᠢ᠍ᠯᠡᠰ᠎ᠤᠨ ᠨᠠᠷᠢᠨ ᠳᠠᠩᠰᠠ》 ᠵᠢ ᠳᠠᠷᠤᠮᠠᠯᠯᠠᠨ ᠶᠠᠪᠤᠭᠤᠯᠪᠠ᠂ ᠲᠡᠷᠡ᠎ᠨᠢ ᠠᠵᠤ ᠠᠬᠤᠶ᠋ᠢᠯᠠᠯ᠎ᠤᠨ ᠵᠦᠢ᠍ᠯᠡᠰ ᠪᠠ ᠬᠤᠪᠢ ᠬᠥᠮᠥᠨ᠎ᠤ ᠵᠦᠢ᠍ᠯᠡᠰ᠎ᠤᠨ 12 ᠲᠠᠯ᠎ᠠ ᠵᠢ ᠬᠠᠮᠤᠷᠴᠠᠢ᠂ ᠵᠢᠱ᠌ᠢᠶᠡᠯᠡᠪᠡᠯ ᠰᠢᠨ᠎ᠡ ᠮᠠᠰᠢᠨ ᠲᠡᠷᠭᠡᠨ᠎ᠳᠤ ᠫᠠᠶ᠋ᠢᠰᠠ ᠡᠯᠭᠦᠬᠦ᠂ ᠬᠤᠪᠢ ᠬᠥᠮᠥᠨ᠎ᠤ ᠦᠢ᠍ᠯᠡᠰ ᠴᠣᠭᠴᠠᠯᠠᠬᠤ᠂ ᠤᠷᠤᠭᠯᠠᠵᠤ ᠡᠷᠦᠬᠡ ᠠᠮᠠ ᠵᠢᠨ ᠳᠠᠩᠰᠠ ᠣᠷᠣᠬᠤ᠂ ᠭᠠᠳᠠᠭ᠋ᠠᠳᠤ ᠵᠢᠨ ᠬᠥᠮᠥᠨ ᠳᠤᠮᠳᠠᠳᠤ ᠤᠯᠤᠰ᠎ᠲᠤ ᠢᠷᠡᠵᠦ ᠠᠵᠢᠯᠯᠠᠬᠤ᠂ ᠭᠡᠷ᠎ᠤᠨ ᠬᠠᠭᠤᠴᠢᠨ ᠴᠠᠬᠢᠯᠭ᠋ᠠᠨ ᠬᠡᠷᠡᠭᠰᠡᠯ᠎ᠢ ᠰᠢᠨ᠎ᠡ᠎ᠪᠠᠷ ᠰᠣᠯᠢᠬᠤ ᠪᠠ ᠭᠠᠷ ᠤᠲᠠᠰᠤ ᠵᠡᠷᠭᠡ ᠵᠢ ᠰᠢᠨ᠎ᠡ᠎ᠪᠠᠷ ᠬᠤᠳᠠᠯᠳᠤᠨ ᠠᠪᠬᠤ᠎ᠳᠤ ᠨᠥᠬᠦᠪᠦᠷᠢ ᠭᠤᠶᠤᠴᠢᠯᠠᠬᠤ ᠵᠡᠷᠭᠡ 《ᠨᠢᠭᠡ ᠠᠵᠢᠯ ᠶᠠᠪᠤᠳᠠᠯ》 ᠪᠣᠢ᠃

ᠤᠷ᠎ᠠ ᠮᠡᠷᠭᠡᠰᠢᠯ ᠵᠶ᠋ᠠᠷ ᠠᠵᠤ ᠠᠬᠤᠶ᠋ᠢᠯᠠᠯ᠎ᠢ ᠬᠦᠴᠦᠷᠬᠡᠭᠵᠢᠭᠦᠯᠬᠦ ᠠᠵᠢᠯ᠎ᠢ ᠤᠯᠠᠮ ᠨᠢᠭᠡ ᠠᠯᠬᠤᠮ ᠠᠬᠢᠭᠤᠯᠤᠨ᠎ᠠ

ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠶᠠᠮᠤᠨ ᠵᠡᠷᠭᠡ 8 ᠰᠠᠯᠠᠭ᠎ᠠ ᠮᠥᠴᠢᠷ 《ᠤᠷ᠎ᠠ ᠮᠡᠷᠭᠡᠰᠢᠯ ᠵᠶ᠋ᠠᠷ ᠠᠵᠤ ᠠᠬᠤᠶ᠋ᠢᠯᠠᠯ᠎ᠢ ᠬᠦᠴᠦᠷᠬᠡᠭᠵᠢᠭᠦᠯᠬᠦ ᠠᠵᠢᠯ᠎ᠢ ᠠᠬᠢᠭᠤᠯᠬᠤ ᠲᠤᠬᠠᠢ ᠵᠢᠯᠤᠭᠤᠳᠬᠤ ᠰᠠᠨᠠᠯ》᠎ᠢ ᠳᠠᠷᠤᠮᠠᠯᠯᠠᠨ ᠲᠠᠷᠬᠠᠭ᠋ᠠᠵᠤ᠂ ᠠᠵᠤ ᠠᠬᠤᠶ᠋ᠢᠯᠠᠯ᠎ᠢ ᠵᠢᠯᠣᠭᠤᠳᠤᠨ ᠠᠵᠢᠯ ᠮᠡᠷᠭᠡᠵᠢᠯ᠎ᠤᠨ ᠤᠷ᠎ᠠ ᠮᠡᠷᠭᠡᠰᠢᠯ᠎ᠤᠨ ᠵᠡᠷᠭᠡ ᠳᠡᠰ ᠵᠶ᠋ᠠᠷ ᠴᠠᠯᠢᠩ ᠬᠤᠪᠢᠶᠠᠷᠢᠯᠠᠬᠤ ᠵᠢᠨ ᠴᠢᠬᠤᠯᠠ ᠯᠠᠪᠯᠠᠯᠲᠠ ᠪᠣᠯᠭ᠋ᠠᠵᠤ᠂ ᠴᠠᠯᠢᠩ᠎ᠤᠨ ᠬᠤᠪᠢᠶᠠᠷᠢᠯᠠᠯᠲᠠ ᠵᠢ ᠵᠠᠩᠭᠢᠯᠠᠭ᠎ᠠ ᠵᠢᠨ ᠠᠵᠢᠯ᠎ᠤᠨ ᠪᠠᠶ᠋ᠢᠷᠢ᠂ ᠦᠢ᠍ᠯᠡᠳᠪᠦᠷᠢᠯᠡᠯ᠎ᠤᠨ ᠨᠢᠭᠡᠳᠦᠭᠡᠷ ᠹᠷᠣᠨᠲ ᠪᠠ ᠪᠠᠴᠢᠮ ᠬᠡᠷᠡᠭᠰᠡᠬᠦ ᠳᠤᠲᠠᠭᠳᠠᠵᠤ ᠪᠠᠶ᠋ᠢᠭ᠎ᠠ ᠤᠷ᠎ᠠ ᠮᠡᠷᠭᠡᠰᠢᠯᠲᠦ ᠴᠢᠳᠠᠪᠤᠷᠢᠲᠠᠨ ᠲᠡᠶ᠋ᠢᠰᠢ ᠬᠡᠯᠪᠡᠶ᠋ᠢᠯᠭᠡᠬᠦ ᠵᠢ ᠠᠬᠢᠭᠤᠯᠪᠠ᠃

ᠨᠠᠰᠤᠵᠢᠯ᠎ᠤᠨ ᠠᠰᠠᠷᠠᠮᠵᠢ᠂ ᠡᠪᠡᠳᠴᠢᠨ ᠦᠵᠡᠭᠦᠯᠬᠦ ᠲᠠᠯ᠎ᠠ᠎ᠪᠠᠷ

ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠲᠤᠬᠠᠢ ᠴᠢᠬᠤᠯᠠ ᠪᠢᠴᠢᠭ ᠮᠠᠲ᠋ᠧᠷᠢᠶᠠᠯ᠎ᠢ ᠨᠡᠶ᠋ᠢᠲᠡᠯᠡᠪᠡ

ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶ᠎ᠠ᠂ ᠲᠥᠷᠥ ᠵᠢᠨ ᠶᠠᠪᠤᠳᠠᠯ ᠎ᠤᠨ ᠬᠤᠷᠢᠶ᠎ᠠ 《ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠥᠭᠡᠷᠡᠴᠢᠯᠡᠯᠲᠡ ᠬᠥᠭᠵᠢᠯᠲᠡ ᠵᠢ ᠭᠦᠨᠵᠡᠭᠡᠶ᠋ᠢᠷᠡᠭᠦᠯᠬᠦ ᠲᠤᠬᠠᠢ ᠰᠠᠨᠠᠯ》᠎ᠢ ᠨᠡᠶ᠋ᠢᠲᠡᠯᠡᠵᠦ᠂ ᠨᠠᠰᠤᠵᠢᠯ᠎ᠤᠨ ᠠᠰᠠᠷᠠᠮᠵᠢ ᠵᠢᠨ ᠦᠨᠳᠦᠰᠦᠨ ᠦᠢ᠍ᠯᠡᠴᠢᠯᠡᠭᠡ᠎ᠳᠤ ᠴᠢᠳᠠᠪᠤᠷᠢ᠎ᠪᠠᠨ ᠠᠯᠳᠠᠭᠰᠠᠨ ᠨᠠᠰᠤᠲᠠᠶ᠋ᠢᠴᠤᠳ᠎ᠢ ᠬᠠᠷᠠᠭ᠋ᠠᠯᠵᠠᠬᠤ ᠎ᠪᠠᠷ ᠭᠤᠣᠯᠳᠠᠯᠭ᠎ᠠ ᠪᠣᠯᠭ᠋ᠠᠬᠤ ᠵᠢ ᠠᠩᠬ᠎ᠠ ᠤᠳᠠᠭ᠎ᠠ ᠲᠣᠳᠣᠷᠬᠠᠢ ᠳᠤᠷᠠᠳᠴᠠᠢ᠃ ᠬᠥᠳᠡᠭᠡ ᠲᠣᠰᠬᠤᠨ᠎ᠤ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠳᠤᠲᠠᠭᠤᠳᠠᠯ᠎ᠢ ᠲᠦᠷᠭᠡᠬᠡᠨ ᠨᠥᠬᠦᠪᠦᠷᠢᠯᠡᠬᠦ ᠬᠡᠷᠡᠭᠲᠡᠢ ᠬᠡᠮᠡᠨ ᠱᠠᠭ᠋ᠠᠷᠳᠠᠵᠤ᠂ ᠭᠠᠵᠠᠷ ᠣᠷᠣᠨ᠎ᠤ ᠪᠠᠶ᠋ᠢᠳᠠᠯ᠎ᠳᠤ᠎ᠨᠢ ᠳᠣᠬᠢᠷᠠᠭᠤᠯᠵᠤ ᠪᠠᠶ᠋ᠢᠭ᠋ᠠᠳ ᠬᠥᠳᠡᠭᠡ ᠲᠣᠰᠬᠤᠨ᠎ᠤ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠬᠠᠩᠭ᠋ᠠᠯᠭ᠎ᠠ ᠵᠢ ᠥᠷᠭᠡᠳᠬᠡᠬᠦ᠂ ᠬᠥᠳᠡᠭᠡ ᠲᠣᠰᠬᠤᠨ᠎ᠤ ᠬᠠᠮᠲᠤ ᠵᠢᠨ ᠠᠵᠤ ᠠᠬᠤᠢ ᠵᠢ ᠵᠣᠷᠢᠭᠵᠢᠭᠤᠯᠵᠤ ᠪᠠᠶ᠋ᠢᠭ᠋ᠠᠳ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡ ᠵᠢ ᠵᠣᠬᠢᠶᠠᠨ ᠪᠠᠶ᠋ᠢᠭᠤᠯᠤᠨ ᠬᠥᠭᠵᠢᠭᠦᠯᠬᠦ ᠵᠡᠷᠭᠡ ᠠᠷᠭ᠎ᠠ ᠪᠠᠷᠢᠯ᠎ᠢ ᠳᠤᠷᠠᠳᠪᠠ᠃

ᠭᠡᠷ᠎ᠤᠨ ᠡᠭᠦᠳᠡᠨ᠎ᠳᠤ᠎ᠪᠠᠨ ᠡᠪᠡᠳᠴᠢᠨ ᠦᠵᠡᠭᠦᠯᠬᠦ᠎ᠳᠤ᠎ᠨᠢ ᠨᠡᠩ ᠳᠥᠭᠦᠮ ᠪᠣᠯᠪᠠ! ᠲᠥᠷᠥ ᠵᠢᠨ ᠶᠠᠪᠤᠳᠠᠯ᠎ᠤᠨ ᠬᠤᠷᠢᠶᠠᠨ᠎ᠤ ᠪᠠᠶ᠋ᠢᠩᠭᠤ ᠵᠢᠨ ᠬᠤᠷᠠᠯᠳᠤᠭ᠋ᠠᠨ᠎ᠤ ᠪᠠᠶ᠋ᠢᠷᠢᠯᠠᠭᠤᠯᠤᠯᠲᠠ

1 ᠳ᠋ᠦ᠍ᠭᠡᠷ ᠰᠠᠷ᠎ᠠ ᠵᠢᠨ 17᠎ᠤ ᠡᠳᠦᠷ᠎ᠤᠨ ᠲᠥᠷᠥ ᠵᠢᠨ ᠶᠠᠪᠤᠳᠠᠯ᠎ᠤᠨ ᠬᠤᠷᠢᠶᠠᠨ᠎ᠤ ᠪᠠᠶ᠋ᠢᠩᠭᠤ ᠵᠢᠨ ᠬᠤᠷᠠᠯᠳᠤᠭ᠋ᠠᠨ ᠵᠶ᠋ᠠᠷ᠂ ᠦᠨᠳᠦᠰᠦᠨ ᠱᠠᠲᠤᠨ᠎ᠤ ᠡᠮᠴᠢᠯᠡᠭᠡ ᠡᠷᠡᠭᠦᠯ ᠬᠠᠮᠠᠭ᠋ᠠᠯᠠᠯ᠎ᠤᠨ ᠪᠠᠶ᠋ᠢᠭᠤᠯᠤᠮᠵᠢ ᠵᠢᠨ ᠪᠠᠶ᠋ᠢᠷᠢᠰᠢᠭᠤᠯᠤᠯᠲᠠ ᠵᠢ ᠰᠢᠯᠢᠳᠡᠭᠵᠢᠭᠦᠯᠬᠦ ᠪᠠᠶ᠋ᠢᠭᠤᠯᠤᠯᠲᠠ ᠵᠢᠨ ᠪᠠᠶ᠋ᠢᠳᠠᠯ᠎ᠤᠨ ᠬᠠᠷᠢᠭᠤ ᠮᠡᠳᠡᠭᠦᠯᠦᠯᠲᠡ ᠵᠢ ᠰᠣᠨᠣᠰᠪᠠ᠃ ᠬᠤᠷᠠᠯᠳᠤᠭ᠋ᠠᠨ ᠵᠶ᠋ᠠᠷ ᠵᠢᠭ᠋ᠠᠨ ᠭᠠᠷᠭ᠋ᠠᠬᠤ᠎ᠳᠤ᠎ᠪᠠᠨ᠂ ᠣᠳᠣᠬᠠᠨ ᠪᠠ ᠠᠯᠤᠰ ᠬᠡᠳᠦ ᠵᠢ ᠨᠢᠭᠡᠳᠦᠯᠲᠡᠢ ᠲᠥᠯᠥᠪᠯᠡᠵᠦ᠂ ᠬᠤᠳᠠ ᠬᠥᠳᠡᠭᠡ ᠵᠢ ᠠᠭᠤᠰᠤᠯᠴᠠᠭᠤᠯᠤᠨ ᠭᠥᠭᠵᠢᠭᠦᠯᠬᠦ᠂ ᠬᠥᠮᠥᠨ ᠠᠮᠠ ᠵᠢᠨ ᠪᠦᠲᠦᠴᠡ ᠵᠢᠨ ᠬᠤᠪᠢᠷᠠᠯᠲᠠ᠂ ᠤᠯᠠᠨ ᠲᠦᠮᠡᠨ᠎ᠤ ᠡᠷᠡᠭᠦᠯ ᠮᠡᠨᠳᠦ ᠵᠢᠨ ᠬᠡᠷᠡᠭᠴᠡᠭᠡ ᠱᠠᠭ᠋ᠠᠷᠳᠠᠯᠭ᠎ᠠ ᠵᠡᠷᠭᠡ ᠬᠦᠴᠦᠨ ᠵᠦᠢ᠍ᠯ᠎ᠤᠳ᠎ᠢ ᠶᠡᠷᠦᠩᠬᠡᠶ᠋ᠢᠯᠡᠨ ᠪᠣᠳᠣᠯᠬᠢᠯᠠᠵᠤ᠂ ᠭᠠᠵᠠᠷ ᠣᠷᠣᠨ᠎ᠤ ᠪᠠᠶ᠋ᠢᠳᠠᠯ᠎ᠳᠤ᠎ᠨᠢ ᠳᠣᠬᠢᠷᠠᠭᠤᠯᠵᠤ ᠪᠠᠶ᠋ᠢᠭ᠋ᠠᠳ ᠪᠦᠲᠦᠭᠡᠨ ᠪᠠᠶ᠋ᠢᠭᠤᠯᠤᠯᠲᠠ ᠵᠢᠨ ᠪᠠᠶ᠋ᠢᠷᠢᠰᠢᠭᠤᠯᠤᠯᠲᠠ ᠵᠢ ᠲᠡᠭᠦᠯᠳᠡᠷᠵᠢᠭᠦᠯᠵᠦ᠂ ᠤᠯᠠᠨ ᠲᠦᠮᠡᠨ᠎ᠤ ᠣᠶ᠋ᠢᠷ᠎ᠠ ᠬᠠᠪᠢ᠎ᠳᠤ᠎ᠪᠠᠨ ᠡᠪᠡᠳᠴᠢᠨ ᠦᠵᠡᠭᠦᠯᠬᠦ᠎ᠳᠤ᠎ᠨᠢ ᠨᠡᠩ ᠢᠯᠡᠭᠦᠦ ᠳᠦᠬᠦᠮᠯᠡᠬᠦ ᠬᠡᠷᠡᠭᠲᠡᠢ᠃ ᠦᠨᠳᠦᠰᠦᠨ ᠱᠠᠲᠤᠨ᠎ᠤ ᠦᠨᠳᠦᠰᠦᠨ ᠡᠮᠴᠢᠯᠡᠭᠡᠨ᠎ᠤ ᠦᠢ᠍ᠯᠡᠴᠢᠯᠡᠭᠡᠨ᠎ᠤ ᠬᠢᠷᠢ ᠲᠦᠪᠰᠢᠨ ᠵᠶ᠋ᠠᠨ ᠬᠦᠴᠦᠯᠡᠨ ᠳᠡᠭᠡᠭᠰᠢᠯᠡᠭᠦᠯᠵᠦ᠂ ᠡᠮᠴᠢᠯᠡᠭᠡᠨ᠎ᠤ ᠰᠠᠯᠠᠭ᠎ᠠ ᠲᠠᠰᠤᠭ᠎ᠤᠨ ᠲᠣᠬᠢᠷᠠᠭᠤᠯᠤᠯᠲᠠ ᠪᠠ ᠡᠮᠴᠢᠯᠡᠭᠡᠨ ᠎ᠤ ᠪᠡᠯᠡᠳᠬᠡᠮᠵᠢ ᠵᠢᠨ ᠲᠣᠬᠢᠷᠠᠭᠤᠯᠤᠯᠲᠠ ᠵᠢ ᠪᠦᠷᠢᠨᠰᠢᠭᠦᠯᠵᠦ᠂ ᠦᠨᠳᠦᠰᠦᠨ ᠱᠠᠲᠤᠨ᠎ᠤ ᠬᠡᠷᠡᠭᠯᠡᠬᠦ ᠡᠮ᠎ᠤᠨ ᠵᠦᠢ᠍ᠯ᠎ᠢ ᠥᠷᠭᠡᠳᠬᠡᠨ᠂ ᠡᠮᠨᠡᠯᠭᠡ ᠵᠢᠨ ᠠᠵᠢᠯᠲᠠᠳ᠎ᠤᠨ ᠪᠣᠯᠪᠠᠰᠤᠷᠠᠯ᠎ᠢ ᠴᠢᠩᠭ᠋ᠠᠳᠬᠠᠵᠤ᠂ ᠤᠵᠢᠭ ᠡᠪᠡᠳᠴᠢᠨ ᠪᠠ ᠪᠠᠶ᠋ᠢᠩᠭᠤ ᠲᠣᠬᠢᠶᠠᠯᠳᠤᠳᠠᠭ ᠡᠪᠡᠳᠴᠢᠨ᠎ᠢ ᠤᠷᠢᠳᠴᠢᠯᠠᠨ ᠰᠡᠷᠭᠡᠶ᠋ᠢᠯᠡᠬᠦ᠂ ᠡᠮᠨᠡᠨ ᠵᠠᠰᠠᠬᠤ᠂ ᠡᠷᠡᠭᠦᠯᠵᠢᠭᠦᠯᠬᠦ ᠴᠢᠳᠠᠪᠤᠷᠢ ᠵᠢ ᠳᠡᠭᠡᠭᠰᠢᠯᠡᠭᠦᠯᠬᠦ ᠬᠡᠷᠡᠭᠲᠡᠢ ᠭᠡᠪᠡ᠃

ᠡᠮ᠎ᠤᠨ ᠵᠦᠢ᠍ᠯ  ᠡᠮᠴᠢᠯᠡᠭᠡᠨ᠎ᠤ ᠪᠠᠭ᠋ᠠᠵᠢ ᠬᠡᠷᠡᠭᠰᠡᠯ᠎ᠤᠨ ᠬᠢᠨᠠᠯᠲᠠ ᠬᠠᠮᠢᠶᠠᠷᠤᠯᠲᠠ ᠵᠢᠨ ᠥᠭᠡᠷᠡᠴᠢᠯᠡᠯᠲᠡ ᠵᠢ ᠪᠦᠬᠦ ᠲᠠᠯ᠎ᠠ᠎ᠪᠠᠷ ᠭᠦᠨᠵᠡᠭᠡᠶ᠋ᠢᠷᠡᠭᠦᠯᠦᠨ᠎ᠡ

ᠲᠥᠷᠥ ᠵᠢᠨ ᠶᠠᠪᠤᠳᠠᠯ᠎ᠤᠨ ᠬᠤᠷᠢᠶᠠᠨ᠎ᠤ ᠠᠯᠪᠠᠨ ᠲᠢᠩᠬᠢᠮ 《ᠡᠮ᠎ᠤᠨ ᠵᠦᠢ᠍ᠯ ᠡᠮᠴᠢᠯᠡᠭᠡᠨ᠎ᠤ  ᠪᠠᠭ᠋ᠠᠵᠢ ᠬᠡᠷᠡᠭᠰᠡᠯ᠎ᠤᠨ ᠬᠢᠨᠠᠯᠲᠠ ᠬᠠᠮᠢᠶᠠᠷᠤᠯᠲᠠ ᠵᠢᠨ ᠥᠭᠡᠷᠡᠴᠢᠯᠡᠯᠲᠡ ᠵᠢ ᠪᠦᠬᠦ ᠲᠠᠯ᠎ᠠ᠎ᠪᠠᠷ ᠭᠦᠨᠵᠡᠭᠡᠶ᠋ᠢᠷᠡᠭᠦᠯᠵᠦ ᠡᠮ ᠡᠮᠨᠡᠯᠭᠡ ᠵᠢᠨ ᠠᠵᠤ ᠦᠢ᠍ᠯᠡᠰ᠎ᠤᠨ ᠴᠢᠨᠠᠷ ᠰᠠᠶ᠋ᠢᠲᠠᠢ ᠬᠥᠭᠵᠢᠯᠲᠡ ᠵᠢ ᠠᠬᠢᠭᠤᠯᠬᠤ ᠲᠤᠬᠠᠢ ᠰᠠᠨᠠᠯ》᠎ᠢ ᠳᠠᠷᠤᠮᠠᠯᠯᠠᠨ  ᠲᠠᠷᠬᠠᠭ᠋ᠠᠵᠤ᠂ 5 ᠲᠠᠯ᠎ᠠ ᠵᠢᠨ 24 ᠵᠦᠢ᠍ᠯ᠎ᠤᠨ ᠥᠭᠡᠷᠡᠴᠢᠯᠡᠯᠲᠡ ᠵᠢᠨ ᠠᠷᠭ᠎ᠠ ᠬᠡᠮᠵᠢᠶ᠎ᠡ ᠵᠢ ᠲᠣᠳᠣᠷᠬᠠᠶ᠋ᠢᠯᠠᠪᠠ᠃ ᠡᠭᠦᠨ᠎ᠳᠤ᠂ ᠬᠢᠨᠠᠨ ᠦᠨᠡᠯᠡᠬᠦ ᠬᠢᠨᠠᠨ ᠵᠥᠪᠰᠢᠶᠡᠷᠡᠬᠦ ᠡᠬᠢ ᠪᠠᠶᠠᠯᠢᠭ᠎ᠢ ᠡᠮᠴᠢᠯᠡᠭᠡᠨ᠎ᠳᠤ ᠪᠠᠴᠢᠮ ᠬᠡᠷᠡᠭᠰᠡᠬᠦ ᠭᠤᠤᠯᠳᠠᠯᠭ᠎ᠠ  ᠪᠣᠯᠬᠤ  ᠰᠢᠨ᠎ᠡ ᠡᠭᠦᠳᠦᠯᠲᠡ ᠵᠢᠨ  ᠡᠮ ᠪᠠ ᠡᠮᠴᠢᠯᠡᠭᠡᠨ᠎ᠤ ᠪᠠᠭ᠋ᠠᠵᠢ ᠬᠡᠷᠡᠭᠰᠡᠯ ᠲᠡᠶ᠋ᠢᠰᠢ  ᠨᠡᠩ ᠢᠯᠡᠭᠦᠦ ᠬᠡᠯᠪᠠᠶ᠋ᠢᠯᠭᠡᠵᠦ᠂  ᠬᠢᠲᠠᠳ ᠡᠮ᠎ᠤᠨ ᠰᠤᠳᠤᠯᠤᠨ ᠨᠡᠭᠡᠭᠡᠵᠦ ᠰᠢᠨ᠎ᠡ ᠵᠢ ᠡᠭᠦᠳᠬᠦ ᠵᠢ ᠳᠡᠮᠵᠢᠬᠦ ᠡᠷᠴᠢᠮ ᠵᠶ᠋ᠠᠨ ᠴᠢᠩᠭ᠋ᠠᠷᠠᠭᠤᠯᠵᠤ᠂ ᠨᠥᠬᠦᠴᠡᠯ᠎ᠳᠤ ᠨᠡᠶ᠋ᠢᠴᠡᠬᠦ ᠬᠤᠪᠣᠷᠬᠠᠨ ᠲᠣᠬᠢᠶᠠᠯᠳᠤᠬᠤ ᠡᠪᠡᠳᠴᠢᠨ᠎ᠳᠤ ᠬᠡᠷᠡᠭᠯᠡᠬᠦ ᠡᠮ᠎ᠤᠨ ᠵᠦᠢ᠍ᠯ᠂ ᠬᠡᠦᠬᠡᠳ᠎ᠲᠤ ᠬᠡᠷᠡᠭᠯᠡᠬᠦ ᠡᠮ᠎ᠤᠨ ᠵᠦᠢ᠍ᠯ᠂ ᠬᠢᠮᠢ ᠵᠢᠨ ᠠᠩᠬᠠᠳᠠᠭᠴᠢ ᠳᠠᠭᠤᠷᠢᠶᠠᠮᠠᠯ ᠡᠮ ᠵᠢᠴᠢ  ᠲᠤᠰᠠᠭ᠋ᠠᠷ ᠨᠠᠶ᠋ᠢᠷᠠᠭᠰᠠᠨ  ᠬᠢᠲᠠᠳ ᠡᠮ᠎ᠤᠨ ᠲᠥᠷᠥᠯ᠎ᠳᠤ  ᠵᠣᠬᠢᠬᠤ  ᠬᠡᠪᠴᠢᠶᠡᠨ᠎ᠳᠤ  ᠵᠠᠬ᠎ᠠ ᠳᠡᠯᠭᠡᠭᠦᠷ᠎ᠢ  ᠭᠠᠭᠴᠠᠭ᠋ᠠᠷ ᠡᠵᠡᠯᠡᠬᠦ  ᠬᠤᠭᠤᠴᠠᠭ᠎ᠠ ᠣᠯᠭᠤᠨ᠎ᠠ᠃

ᠠᠯᠪᠠᠨ᠎ᠠᠴᠠ ᠪᠠᠶ᠋ᠢᠭᠤᠯᠤᠭᠰᠠᠨ ᠡᠮᠨᠡᠯᠭᠡ ᠵᠢᠨ ᠬᠤᠷᠢᠶᠠᠨ᠎ᠤ ᠤᠷᠢᠳᠴᠢᠯᠠᠨ ᠲᠤᠰᠢᠶᠠᠬᠤ ᠮᠦᠩᠭᠦ ᠵᠢ ᠴᠤᠴᠠᠯᠬᠤ ᠪᠠ ᠵᠢᠷᠤᠮᠵᠢᠭᠤᠯᠵᠤ᠂ 3 ᠳ᠋ᠤᠭ᠋ᠠᠷ ᠰᠠᠷ᠎ᠠ᠎ᠠᠴᠠ ᠡᠬᠢᠯᠡᠨ ᠬᠡᠷᠡᠭᠵᠢᠭᠦᠯᠦᠨ᠎ᠡ

ᠤᠯᠤᠰ᠎ᠤᠨ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ ᠰᠤᠳᠤᠯᠤᠨ ᠲᠣᠭᠲᠠᠭ᠋ᠠᠭᠰᠠᠨ ᠵᠶ᠋ᠠᠷ᠂ 2025 ᠣᠨ᠎ᠤ 3 ᠳ᠋ᠤᠭ᠋ᠠᠷ ᠰᠠᠷ᠎ᠠ᠎ᠠᠴᠠ ᠡᠬᠢᠯᠡᠨ᠂  ᠪᠥᠬᠦ ᠤᠯᠤᠰ᠎ᠲᠠᠬᠢ  ᠠᠯᠪᠠᠨ᠎ᠠᠴᠠ ᠪᠠᠶ᠋ᠢᠭᠤᠯᠤᠭᠰᠠᠨ ᠡᠮᠴᠢᠯᠡᠭᠡᠨ᠎ᠤ ᠪᠠᠶ᠋ᠢᠭᠤᠯᠤᠮᠵᠢ ᠵᠢᠨ ᠡᠭᠦᠳᠡᠨ ᠡᠮᠨᠡᠯᠭᠡ ᠵᠢᠨ ᠤᠷᠢᠳᠴᠢᠯᠠᠨ ᠲᠤᠰᠢᠶᠠᠬᠤ ᠮᠥᠩᠭᠦ ᠵᠢ ᠴᠤᠴᠠᠯᠵᠤ ᠂ ᠡᠮᠨᠡᠯᠭᠡ᠎ᠳᠤ ᠰᠠᠭᠤᠬᠤ ᠤᠷᠢᠳᠴᠢᠯᠠᠨ ᠲᠤᠰᠢᠶᠠᠬᠤ ᠮᠥᠩᠭᠦ ᠵᠢ ᠠᠳᠠᠯᠢ ᠡᠪᠡᠳᠴᠢᠨ᠎ᠤ ᠲᠥᠷᠥᠯ᠎ᠤᠨ ᠡᠮᠴᠢᠯᠡᠭᠡᠨ᠎ᠤ ᠳᠠᠭ᠋ᠠᠳᠬᠠᠯ᠎ᠤᠨ ᠡᠪᠡᠳᠴᠢᠲᠡᠨ᠎ᠤ ᠬᠤᠪᠢ ᠬᠥᠮᠦᠨ᠎ᠤ ᠥᠪᠡᠰᠦᠪᠡᠨ  ᠲᠣᠭ᠋ᠠᠴᠠᠭ᠎ᠠ ᠬᠢᠬᠦ  ᠳᠤᠮᠳᠠᠴᠢ ᠬᠢᠷᠢ ᠲᠦᠪᠰᠢᠨ᠎ᠳᠤ ᠬᠦᠷᠲᠡᠯ᠎ᠡ ᠪᠠᠭᠤᠷᠠᠭᠤᠯᠤᠨ᠎ᠠ ᠃

2026 ᠣᠨ᠎ᠤ ᠵᠢᠯ᠎ᠤᠨ ᠰᠡᠭᠦᠯᠴᠢ᠎ᠠᠴᠠ ᠡᠮᠦᠨ᠎ᠡ ᠦᠨᠳᠦᠰᠦᠨ ᠡᠮᠴᠢᠯᠡᠭᠡᠨ᠎ᠤ ᠳᠠᠭ᠋ᠠᠳᠬᠠᠯ᠎ᠤᠨ ᠰᠠᠭᠤᠷᠢ ᠮᠥᠩᠭᠦ ᠵᠢ ᠴᠠᠭ ᠲᠤᠬᠠᠢ᠎ᠳᠤ᠎ᠨᠢ  ᠳ᠋ᠦᠩᠨᠡᠨ ᠪᠤᠳᠤᠬᠤ ᠵᠢ ᠪᠥᠬᠦ ᠲᠠᠯ᠎ᠠ᠎ᠪᠠᠷ ᠪᠡᠶᠡᠯᠡᠭᠦᠯᠦᠨ᠎ᠡ

ᠤᠯᠤᠰ᠎ᠤᠨ ᠡᠮᠴᠢᠯᠡᠭᠡᠨ᠎ᠤ ᠪᠠᠲᠤᠯᠠᠭ᠎ᠠ ᠵᠢᠨ  ᠲᠣᠪᠴᠢᠶ᠎ᠠ 《ᠦᠨᠳᠦᠰᠦᠨ ᠡᠮᠴᠢᠯᠡᠭᠡᠨ᠎ᠤ ᠳᠠᠭ᠋ᠠᠳᠬᠠᠯ᠎ᠤᠨ ᠰᠠᠭᠤᠷᠢ ᠮᠥᠩᠭᠦ ᠵᠢ ᠴᠠᠭ ᠲᠤᠬᠠᠶ᠎ᠳᠤ᠎ᠨᠢ ᠳ᠋ᠦᠩᠨᠡᠨ ᠪᠤᠳᠤᠬᠤ ᠥᠭᠡᠷᠡᠴᠢᠯᠡᠯᠲᠡ ᠵᠢ ᠠᠬᠢᠭᠤᠯᠬᠤ ᠲᠤᠬᠠᠶ ᠮᠡᠳᠡᠭᠳᠡᠯ》᠎ᠢ ᠳᠠᠷᠤᠮᠠᠯᠯᠠᠨ ᠲᠠᠷᠬᠠᠭ᠋ᠠᠵᠤ᠂ 2025 ᠣᠨ᠎ᠳᠤ ᠪᠥᠬᠦ ᠤᠯᠤᠰ᠎ᠲᠠᠬᠢ  ᠨᠢᠭᠡᠳᠦᠯᠲᠡᠶ ᠲᠥᠯᠥᠪᠯᠡᠭᠡ ᠵᠢᠨ 80% ᠣᠷᠴᠢᠮ᠎ᠤᠨ ᠭᠠᠵᠠᠷ ᠣᠷᠣᠨ᠎ᠳᠤ  ᠦᠨᠳᠦᠰᠦᠨ ᠡᠮᠴᠢᠯᠡᠭᠡᠨ᠎ᠤ ᠳᠠᠭ᠋ᠠᠳᠬᠠᠯ᠎ᠤᠨ ᠰᠠᠭᠤᠷᠢ ᠮᠥᠩᠭᠦ ᠬᠢᠭᠡᠳ ᠴᠡᠭ ᠲᠣᠭᠲᠠᠭ᠋ᠠᠭᠰᠠᠨ  ᠡᠮ ᠡᠮᠨᠡᠯᠭᠡ ᠵᠢᠨ ᠪᠠᠶ᠋ᠢᠭᠤᠯᠤᠮᠵᠢ᠎ᠨᠤᠭᠤᠳ ᠴᠠᠭ ᠲᠤᠬᠠᠶ᠎ᠳᠤ᠎ᠨᠢ ᠳ᠋ᠦᠩᠨᠡᠨ ᠪᠤᠳᠤᠬᠤ ᠵᠢ ᠦᠨᠳᠦᠰᠦᠨ ᠎ᠳᠤ᠎ᠪᠠᠨ ᠪᠡᠶᠡᠯᠡᠭᠦᠯᠵᠦ᠂ 2026 ᠣᠨ᠎ᠳᠤ ᠪᠥᠬᠦ ᠤᠯᠤᠰ᠎ᠲᠠᠬᠢ ᠨᠢᠭᠡᠳᠦᠯᠲᠡᠶ ᠲᠥᠯᠥᠪᠯᠡᠭᠡ ᠵᠢᠨ  ᠪᠣᠶ ᠪᠥᠬᠦᠶ ᠭᠠᠵᠠᠷ ᠣᠷᠣᠨ᠎ᠳᠤ  ᠦᠨᠳᠦᠰᠦᠨ ᠡᠮᠴᠢᠯᠡᠭᠡᠨ᠎ᠤ ᠳᠠᠭ᠋ᠠᠳᠬᠠᠯ᠎ᠤᠨ ᠰᠠᠭᠤᠷᠢ ᠮᠥᠩᠭᠦ ᠬᠢᠭᠡᠳ ᠴᠡᠭ ᠲᠣᠭᠲᠠᠭ᠋ᠠᠭᠰᠠᠨ ᠡᠮ ᠡᠮᠨᠡᠯᠭᠡ ᠵᠢᠨ ᠪᠠᠶ᠋ᠢᠭᠤᠯᠤᠮᠵᠢ᠎ᠨᠤᠭᠤᠳ  ᠴᠠᠭ ᠲᠤᠬᠠᠶ ᠎ᠳᠤ᠎ᠨᠢ ᠳ᠋ᠦᠩᠨᠡᠨ ᠪᠤᠳᠤᠬᠤ ᠵᠢ ᠪᠡᠶᠡᠯᠡᠭᠦᠯᠦᠨ᠎ᠡ᠃

ᠦᠨᠳᠦᠰᠦᠨ ᠡᠮᠴᠢᠯᠡᠭᠡᠨ᠎ᠤ ᠳᠠᠭ᠋ᠠᠳᠬᠠᠯ᠎ᠨᠢ ᠪᠠᠶ᠋ᠢᠩᠭᠤ ᠰᠠᠭᠤᠭ᠎ᠠ ᠭᠠᠵᠠᠷ᠂ ᠠᠵᠢᠯ ᠣᠯᠤᠭᠰᠠᠨ ᠭᠠᠵᠠᠷ᠎ᠲᠤ᠎ᠪᠠᠨ  ᠳᠠᠭ᠋ᠠᠳᠬᠠᠯ᠎ᠳᠤ ᠣᠷᠣᠯᠴᠠᠬᠤ ᠡᠷᠦᠬᠡ ᠠᠮᠠ ᠵᠢᠨ ᠲᠠᠩᠰᠠ ᠵᠢᠨ ᠬᠢᠵᠠᠭ᠋ᠠᠷᠯᠠᠯ᠎ᠢ ᠴᠢᠯᠥᠭᠡᠲᠡᠶ ᠪᠣᠯᠭ᠋ᠠᠨ᠎ᠠ

ᠤᠯᠤᠰ᠎ᠤᠨ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ 《ᠬᠥᠳᠡᠯᠮᠦᠷᠢᠴᠢᠳ᠎ᠤᠨ ᠡᠮᠴᠢᠯᠡᠭᠡᠨ᠎ᠤ ᠪᠠᠲᠤᠯᠠᠭ᠎ᠠ ᠵᠢᠨ ᠡᠷᠬᠡ ᠠᠰᠢᠭ᠎ᠢ ᠬᠠᠮᠠᠭ᠋ᠠᠯᠠᠬᠤ ᠠᠵᠢᠯ᠎ᠢ ᠤᠯᠠᠮ ᠨᠢᠭᠡ ᠠᠯᠬᠤᠮ ᠴᠢᠩᠭ᠋ᠠᠳᠬᠠᠬᠤ ᠲᠤᠬᠠᠶ ᠮᠡᠳᠡᠭᠳᠡᠯ》᠎ᠢ ᠳᠠᠷᠤᠮᠠᠯᠯᠠᠨ ᠲᠠᠷᠬᠠᠭ᠋ᠠᠵᠤ᠂ ᠬᠥᠳᠡᠯᠮᠦᠷᠢᠴᠢᠳ᠎ᠤᠨ  ᠦᠨᠳᠦᠰᠦᠨ ᠡᠮᠴᠢᠯᠡᠭᠡᠨ᠎ᠤ ᠳᠠᠭ᠋ᠠᠳᠬᠠᠯ᠎ᠳᠤ ᠣᠷᠣᠯᠴᠠᠬᠤ ᠠᠵᠢᠯ᠎ᠢ ᠶᠡᠭᠡ᠎ᠪᠠᠷ ᠰᠠᠶ᠋ᠢᠲᠤᠷ ᠬᠢᠬᠦ ᠵᠢ ᠲᠣᠳᠣᠷᠬᠠᠶ ᠲᠣᠭᠲᠠᠭ᠋ᠠᠵᠤ᠂ ᠣᠷᠣᠯᠴᠠᠬᠤ ᠶᠣᠰᠣᠲᠠᠶ ᠵᠢ᠎ᠨᠢ ᠴᠥᠮ ᠣᠷᠣᠯᠴᠠᠭᠤᠯᠬᠤ ᠵᠢ  ᠦᠨᠡᠨ ᠬᠦ᠌ ᠪᠠᠲᠤᠯᠠᠨ᠎ᠠ᠃ ᠬᠡᠲᠦ ᠲᠣᠮᠣ ᠬᠤᠲᠠ᠂ ᠣᠨᠴᠠ ᠶᠡᠭᠡ ᠬᠤᠲᠠ᠎ᠳᠤ ᠠᠮᠢᠳᠤᠯᠢᠭ ᠵᠶ᠋ᠠᠷ ᠠᠵᠢᠯ ᠣᠯᠤᠭᠰᠠᠳ ᠠᠵᠢᠯ ᠣᠯᠤᠭᠰᠠᠨ ᠭᠠᠵᠠᠷ᠎ᠲᠤ᠎ᠪᠠᠨ  ᠳᠠᠭ᠋ᠠᠳᠬᠠᠯ᠎ᠳᠤ ᠣᠷᠣᠯᠴᠠᠬᠤ ᠡᠷᠦᠬᠡ ᠠᠮᠠ ᠵᠢᠨ  ᠳᠠᠩᠰᠠ ᠵᠢᠨ  ᠬᠢᠵᠠᠭ᠋ᠠᠷᠯᠠᠯ᠎ᠢ ᠪᠦᠬᠦ ᠲᠠᠯ᠎ᠠ᠎ᠪᠠᠷ ᠴᠤᠴᠠᠯᠬᠤ ᠵᠢ ᠠᠬᠢᠭᠤᠯᠤᠨ᠎ᠠ᠃

ᠶᠡᠭᠡ ᠳᠡᠭᠡᠳᠦ ᠰᠤᠷᠭ᠋ᠠᠭᠤᠯᠢ᠎ᠨᠤᠭᠤᠳ᠎ᠤᠨ ᠰᠤᠷᠤᠭᠴᠢᠳ᠎ᠤᠨ ᠡᠮᠴᠢᠯᠡᠭᠡᠨ᠎ᠤ ᠪᠠᠲᠤᠯᠠᠭ᠎ᠠ ᠵᠢᠨ ᠶᠠᠰᠤ ᠴᠢᠨᠠᠷ᠎ᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ

《ᠶᠡᠭᠡ ᠳᠡᠭᠡᠳᠦ ᠰᠤᠷᠭ᠋ᠠᠭᠤᠯᠢ᠎ᠨᠤᠭᠤᠳ᠎ᠤᠨ ᠰᠤᠷᠤᠭᠴᠢᠳ᠎ᠤᠨ ᠡᠮᠴᠢᠯᠡᠭᠡᠨ᠎ᠤ  ᠪᠠᠲᠤᠯᠠᠭ᠎ᠠ ᠵᠢᠨ ᠶᠠᠰᠤ ᠴᠢᠨᠠᠷ᠎ᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠲᠤᠬᠠᠶ ᠤᠯᠤᠰ᠎ᠤᠨ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠎ᠤᠨ ᠠᠯᠪᠠᠨ ᠲᠢᠩᠬᠢᠮ᠎ᠤᠳ᠎ᠤᠨ  ᠮᠡᠳᠡᠭᠳᠡᠯ》᠎ᠢ ᠳᠠᠷᠤᠮᠠᠯᠯᠠᠨ ᠲᠠᠷᠬᠠᠭ᠋ᠠᠵᠤ᠂ ᠶᠡᠭᠡ ᠳᠡᠭᠡᠳᠦ ᠰᠤᠷᠭ᠋ᠠᠭᠤᠯᠢ ᠵᠢᠨ ᠰᠤᠷᠤᠭᠴᠢᠳ᠎ᠤᠨ ᠬᠤᠲᠠ ᠬᠥᠳᠡᠭᠡ  ᠵᠢᠨ ᠰᠠᠭᠤᠭ᠋ᠠᠯᠢ ᠠᠷᠠᠳ᠎ᠤᠨ ᠦᠨᠳᠦᠰᠦᠨ ᠡᠮᠴᠢᠯᠡᠭᠡ ᠵᠢᠨ ᠳᠠᠭ᠋ᠠᠳᠬᠠᠯ᠎ᠳᠤ ᠣᠷᠣᠯᠴᠠᠬᠤ᠎ᠳᠤ ᠬᠡᠪᠴᠢᠶ᠎ᠡ ᠵᠢ ᠪᠦᠲᠦᠮᠵᠢᠲᠡᠶ ᠥᠷᠭᠡᠳᠬᠡᠬᠦ ᠵᠢ ᠲᠦᠷᠭᠡᠳᠬᠡᠨ ᠠᠬᠢᠭᠤᠯᠵᠤ᠂ ᠶᠡᠭᠡ ᠳᠡᠭᠡᠳᠦ ᠰᠤᠷᠭ᠋ᠠᠭᠤᠯᠢ᠎ᠨᠤᠭᠤᠳ᠎ᠤᠨ ᠰᠤᠷᠤᠭᠴᠢᠳ᠎ᠤᠨ ᠳᠠᠭ᠋ᠠᠳᠬᠠᠯ᠎ᠳᠤ ᠣᠷᠣᠯᠴᠠᠬᠤ᠎ᠳᠤ ᠲᠥᠬᠦᠮ ᠨᠥᠬᠦᠴᠡᠯ ᠡᠭᠦᠳᠴᠦ᠂ ᠰᠤᠷᠤᠭᠴᠢᠳ᠎ᠤᠨ ᠳᠠᠭ᠋ᠠᠳᠬᠠᠯ᠎ᠳᠤ ᠣᠷᠣᠯᠴᠠᠵᠤ ᠰᠦᠢ᠍ᠳᠬᠡᠯ ᠲᠤᠰᠢᠶᠠᠬᠤ᠎ᠳᠤ ᠳᠥᠭᠦᠮ ᠳᠥᠲᠡ ᠦᠢ᠍ᠯᠡᠴᠢᠯᠡᠭᠡ ᠬᠠᠩᠭ᠋ᠠᠨ᠎ᠠ᠃

ᠦᠷᠡᠵᠢᠯ᠎ᠳᠤ ᠨᠦᠬᠦᠷᠰᠡᠭ ᠡᠮᠨᠡᠯᠭᠡ ᠵᠢᠨ ᠬᠤᠷᠢᠶ᠎ᠠ᠂ ᠬᠡᠦᠬᠡᠳ᠎ᠲᠤ ᠨᠦᠬᠦᠷᠰᠡᠭ ᠡᠮᠨᠡᠯᠭᠡ ᠵᠢᠨ ᠬᠤᠷᠢᠶᠠᠨ᠎ᠤ ᠪᠠᠶ᠋ᠢᠭᠤᠯᠤᠯᠲᠠ ᠵᠢ ᠠᠬᠢᠭᠤᠯᠤᠨ᠎ᠠ

ᠤᠯᠤᠰ᠎ᠤᠨ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ ᠵᠡᠷᠭᠡ 4 ᠰᠠᠯᠠᠭ᠎ᠠ ᠮᠥᠴᠢᠷ 《ᠦᠷᠡᠵᠢᠯ᠎ᠳᠤ ᠨᠥᠬᠦᠷᠰᠡᠭ ᠡᠮᠨᠡᠯᠭᠡ ᠵᠢᠨ ᠬᠤᠷᠢᠶᠠᠨ᠎ᠤ ᠪᠠᠶ᠋ᠢᠭᠤᠯᠤᠯᠲᠠ ᠵᠢ ᠠᠬᠢᠭᠤᠯᠬᠤ ᠲᠤᠬᠠᠶ ᠰᠠᠨᠠᠯ》᠎ᠢ ᠳᠠᠷᠤᠮᠠᠯᠯᠠᠨ ᠲᠠᠷᠬᠠᠭ᠋ᠠᠵᠤ᠂ 2030 ᠣᠨ ᠪᠣᠯᠬᠤ᠎ᠳᠤ᠂ ᠦᠷᠡᠵᠢᠯ᠎ᠳᠤ ᠨᠥᠬᠦᠷᠰᠡᠭ ᠡᠮᠨᠡᠯᠭᠡ ᠵᠢᠨ  ᠬᠤᠷᠢᠶ᠎ᠠ᠎ᠨᠢ  ᠬᠥᠩᠭᠡᠵᠢᠯ᠎ᠤᠨ  ᠡᠮᠴᠢᠯᠡᠭᠡᠨ᠎ᠤ ᠪᠠᠶ᠋ᠢᠭᠤᠯᠤᠮᠵᠢ᠎ᠳᠠᠬᠢ ᠬᠠᠷᠢᠴᠠᠯ᠎ᠢ 90%᠎ᠳᠤ ᠬᠦᠷᠭᠡᠬᠦ᠎ᠪᠠᠷ ᠴᠢᠷᠮᠠᠶ᠋ᠢᠨ᠎ᠠ᠃

ᠤᠯᠤᠰ᠎ᠤᠨ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ ᠵᠡᠷᠭᠡ 6 ᠰᠠᠯᠠᠭ᠎ᠠ ᠮᠥᠴᠢᠷ 《ᠬᠡᠤᠬᠡᠳ᠎ᠲᠤ ᠨᠥᠬᠦᠷᠰᠡᠭ ᠡᠮᠨᠡᠯᠭᠡ ᠵᠢᠨ ᠬᠤᠷᠢᠶᠠᠨ᠎ᠤ  ᠪᠠᠶ᠋ᠢᠭᠤᠯᠤᠯᠲᠠ ᠵᠢ ᠥᠷᠨᠢᠭᠦᠯᠬᠦ ᠲᠤᠬᠠᠶ ᠰᠠᠨᠠᠯ》᠎ᠢ ᠳᠠᠷᠤᠮᠠᠯᠯᠠᠨ ᠲᠠᠷᠬᠠᠭ᠋ᠠᠵᠤ᠂ 2030 ᠣᠨ ᠪᠣᠯᠬᠤ᠎ᠳᠤ᠂ ᠬᠡᠤᠬᠡᠳ᠎ᠲᠤ ᠨᠥᠬᠦᠷᠰᠡᠭ ᠡᠮᠨᠡᠯᠭᠡ ᠵᠢᠨ ᠬᠤᠷᠢᠶ᠎ᠠ᠎ᠨᠢ ᠬᠡᠤᠬᠡᠳ᠎ᠤᠨ ᠡᠮᠴᠢᠯᠡᠭᠡ ᠡᠷᠡᠭᠦᠯᠵᠢᠯ᠎ᠤᠨ ᠦᠢ᠍ᠯᠡᠴᠢᠯᠡᠭᠡ ᠬᠠᠩᠭ᠋ᠠᠳᠠᠭ  ᠡᠬᠡ ᠨᠢᠯᠬᠠᠰ᠎ᠤᠨ ᠡᠷᠡᠭᠦᠯᠵᠢᠯ᠎ᠤᠨ ᠪᠠᠶ᠋ᠢᠭᠤᠯᠤᠮᠵᠢ᠂ ᠬᠡᠤᠬᠡᠳ᠎ᠤᠨ ᠡᠮᠨᠡᠯᠭᠡ ᠵᠢᠨ ᠬᠤᠷᠢᠶ᠎ᠠ᠂ ᠶᠡᠷᠦᠩᠬᠡᠶ᠋ᠢᠯᠡᠭᠰᠡᠨ ᠡᠮᠨᠡᠯᠭᠡ ᠵᠢᠨ ᠬᠤᠷᠢᠶ᠎ᠠ᠂ ᠬᠢᠲᠠᠳ ᠡᠮᠨᠡᠯᠭᠡ ᠵᠢᠨ ᠬᠤᠷᠢᠶᠠᠨ᠎ᠳᠠᠬᠢ  ᠡᠵᠡᠯᠡᠬᠦ ᠬᠠᠷᠢᠴᠠᠯ᠎ᠢ 90%᠎ᠠᠴᠠ ᠳᠡᠭᠡᠭᠰᠢ᠎ᠳᠤ ᠬᠦᠷᠭᠡᠬᠦ ᠪᠣᠯᠤᠮᠵᠢ᠎ᠲᠠᠢ᠃

 

ᠢᠷᠡᠯᠲᠡ᠄ ᠥᠪᠥᠷ ᠮᠣᠩᠭᠤᠯ᠎ᠤᠨ ᠵᠠᠰᠠᠭ᠎ᠤᠨ ᠣᠷᠳᠣᠨ
          
ᠬᠠᠮᠢᠶ᠎ᠡ ᠪᠦᠬᠦᠢ ᠰᠣᠨᠢᠨ
ᠳᠠᠮᠵᠢᠭᠤᠯᠤᠨ ᠨᠡᠢ᠌ᠲᠡᠯᠡᠬᠦ ᠵᠢᠷᠤᠭᠲᠤ ᠲᠠᠶ᠋ᠢᠯᠤᠮᠵᠢ- ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠣᠯᠠᠨ ᠨᠡᠶ᠋ᠢᠲᠡ ᠵᠢᠨ ᠡᠬᠢ ᠪᠠᠶᠠᠯᠢᠭ᠎ᠤᠨ ᠠᠷᠠᠯᠵᠢᠶᠠᠨ᠎ᠤ ᠬᠠᠮᠢᠶᠠᠷᠤᠯᠲᠠ ᠵᠢᠨ ᠠᠷᠭ᠎ᠠ
ᠣᠷᠣᠯᠭ᠎ᠠ ᠵᠢᠨ ᠨᠡᠮᠡᠭᠳᠡᠯ᠎ᠢ ᠠᠬᠢᠭᠤᠯᠵᠤ᠂ ᠠᠮᠠᠷᠠᠯᠲᠠ ᠵᠢᠨ ᠬᠤᠭᠤᠴᠠᠭ᠎ᠠ ᠵᠢ ᠪᠠᠲᠤᠯᠠᠨ᠎ᠠ ᠁ ᠡᠨᠡ ᠲᠥᠰᠥᠯ ᠲᠠᠨ᠎ᠲᠠᠢ ᠬᠤᠯᠪᠣᠭᠳᠠᠨ᠎ᠠ
ᠠᠯᠪᠠᠨ ᠪᠠᠶ᠋ᠢᠭᠤᠯᠭ᠎ᠠ᠂ ᠠᠵᠢᠯ ᠦᠢ᠍ᠯᠡᠰ᠎ᠤᠨ ᠨᠢᠭᠡᠴᠢ᠂ ᠲᠣᠮᠣ ᠬᠡᠯᠪᠡᠷᠢ ᠵᠢᠨ ᠠᠵᠤ ᠠᠬᠤᠶ᠋ᠢᠯᠠᠯ᠎ᠤᠳ ᠠᠩᠬᠠᠷᠤᠭ᠋ᠠᠷᠠᠢ! ᠳᠤᠮᠳᠠ ᠵᠢᠵᠢᠭ ᠠᠵᠤ ᠠᠬᠤᠶ᠋ᠢᠯᠠᠯ᠎ᠤᠨ ᠳᠠᠩᠰᠠᠨ ᠵᠣᠭᠤᠰ᠎ᠤᠨ ᠲᠠᠯ᠎ᠠ᠎ᠪᠠᠷ ᠡᠳᠡᠭᠡᠷ᠎ᠢ ᠬᠢᠴᠢᠶᠡᠵᠦ ᠬᠡᠷᠰᠦᠯᠡᠭᠡᠷᠡᠢ
ᠲᠥᠪ᠎ᠤᠨ ᠨᠠᠢ᠍ᠮᠠᠨ ᠵᠤᠷᠪᠤᠰ ᠲᠣᠭᠲᠠᠭ᠋ᠠᠯ᠎ᠢ ᠵᠢᠷᠤᠭ ᠵᠶ᠋ᠠᠷ ᠦᠵᠡᠬᠦᠢ
《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠳᠡᠰ᠎ᠤᠨ ᠳᠤᠮᠳᠠᠳᠤ ᠪᠠᠭ᠎ᠠ ᠰᠤᠷᠭ᠋ᠠᠭᠤᠯᠢ ᠵᠢᠨ ᠰᠤᠳᠤᠯᠤᠨ ᠰᠤᠷᠤᠯᠴᠠᠬᠤ ᠰᠠᠭᠤᠷᠢᠨ ᠭᠠᠵᠠᠷ᠂ ᠪᠠᠭᠤᠴᠠ ᠵᠢ ᠮᠡᠳᠡᠭᠦᠯᠬᠦ ᠵᠢᠴᠢ ᠬᠠᠮᠢᠶᠠᠷᠬᠤ ᠠᠷᠭ᠎ᠠ》 ᠵᠢᠨ ᠲᠥᠷᠥ ᠵᠢᠨ ᠪᠣᠳᠣᠯᠭ᠎ᠠ ᠵᠢᠨ ᠲᠠᠶ᠋ᠢᠯᠤᠮᠵᠢ
 
             蒙ICP备05000248号