ᠰᠤᠷᠭ᠋ᠠᠨ ᠬᠥᠮᠦᠵᠢᠯ᠎ᠤᠨ ᠶᠠᠮᠤᠨ 4 ᠳ᠋ᠦ᠍ᠭᠡᠷ ᠰᠠᠷ᠎ᠠ ᠵᠢᠨ 22᠎ᠤᠨ ᠡᠳᠦᠷ 2024 ᠣᠨ᠎ᠤ ᠡᠩ᠎ᠤᠨ ᠳᠡᠭᠡᠳᠦ ᠵᠡᠷᠭᠡ ᠵᠢᠨ ᠰᠤᠷᠭ᠋ᠠᠭᠤᠯᠢ ᠵᠢᠨ ᠦᠨᠳᠦᠰᠦᠨ ᠠᠩᠭᠢ ᠵᠢᠨ ᠲᠤᠰᠬᠠᠢ ᠮᠡᠷᠭᠡᠵᠢᠯ᠎ᠤᠨ ᠳᠠᠩᠰᠠᠯᠠᠯᠲᠠ ᠪᠠ ᠬᠢᠨᠠᠨ ᠵᠥᠪᠰᠢᠶᠡᠷᠡᠯ᠎ᠤᠨ ᠳ᠋ᠦᠩ᠎ᠢ ᠨᠡᠶ᠋ᠢᠲᠡᠯᠡᠬᠦ᠎ᠳᠤ᠂ ᠪᠥᠬᠦ ᠤᠯᠤᠰ᠎ᠤᠨ ᠶᠡᠭᠡ ᠳᠡᠭᠡᠳᠦ ᠰᠤᠷᠭ᠋ᠠᠭᠤᠯᠢ᠎ᠳᠤ ᠨᠡᠶ᠋ᠢᠲᠡ 1839 ᠲᠤᠰᠬᠠᠢ ᠮᠡᠷᠭᠡᠵᠢᠯ᠎ᠤᠨ ᠴᠡᠭ ᠨᠡᠮᠡᠭᠳᠡᠵᠦ᠂ 2220 ᠲᠤᠰᠬᠠᠢ ᠮᠡᠷᠭᠡᠵᠢᠯ᠎ᠤᠨ ᠴᠡᠭ᠎ᠲᠤ ᠰᠣᠷᠣᠭᠴᠢ ᠡᠯᠰᠡᠬᠦ ᠵᠢ᠎ᠨᠢ ᠵᠣᠭᠰᠣᠭ᠋ᠠᠵᠤ᠂ 1428 ᠲᠤᠰᠬᠠᠢ ᠮᠡᠷᠭᠡᠵᠢᠯ᠎ᠤᠨ ᠴᠡᠭ᠎ᠢ ᠬᠠᠰᠤᠪᠠ᠃
ᠰᠤᠷᠭ᠋ᠠᠨ ᠬᠥᠮᠦᠵᠢᠯ᠎ᠤᠨ ᠶᠠᠮᠤᠨ 《ᠡᠩ᠎ᠤᠨ ᠳᠡᠭᠡᠳᠦ ᠵᠡᠷᠭᠡ ᠵᠢᠨ ᠰᠤᠷᠭ᠋ᠠᠭᠤᠯᠢ ᠵᠢᠨ ᠦᠨᠳᠦᠰᠦᠨ ᠠᠩᠭᠢ ᠵᠢᠨ ᠲᠤᠰᠬᠠᠢ ᠮᠡᠷᠭᠡᠵᠢᠯ᠎ᠤᠨ ᠭᠠᠷᠴᠠᠭ (2025 ᠣᠨ)》᠎ᠢ ᠵᠡᠷᠭᠡ ᠳᠤᠨᠢ ᠰᠢᠨᠡᠳᠬᠡᠨ ᠨᠡᠶ᠋ᠢᠲᠡᠯᠡᠵᠦ᠂ 29 ᠵᠦᠢ᠍ᠯ᠎ᠤᠨ ᠰᠢᠨ᠎ᠡ ᠲᠤᠰᠬᠠᠢ ᠮᠡᠷᠭᠡᠵᠢᠯ᠎ᠢ ᠨᠡᠮᠡᠨ ᠵᠢᠭᠰᠠᠭ᠋ᠠᠵᠤ᠂ 2025 ᠣᠨ᠎ᠤ ᠶᠡᠭᠡ ᠳᠡᠭᠡᠳᠦ ᠰᠤᠷᠭ᠋ᠠᠭᠤᠯᠢ ᠵᠢᠨ ᠰᠢᠯᠭ᠋ᠠᠯᠲᠠ᠎ᠪᠠᠷ ᠰᠣᠷᠣᠭᠴᠢ ᠡᠯᠰᠡᠬᠦ ᠪᠣᠯᠪᠠ᠃ ᠰᠢᠨ᠎ᠡ ᠭᠠᠷᠴᠠᠭ᠎ᠲᠤ 93 ᠲᠤᠰᠬᠠᠢ ᠮᠡᠷᠭᠡᠵᠢᠯ᠎ᠤᠨ ᠲᠥᠷᠥᠯ᠂ 845 ᠵᠦᠢ᠍ᠯ᠎ᠤᠨ ᠲᠤᠰᠬᠠᠢ ᠮᠡᠷᠭᠡᠵᠢᠯ᠎ᠢ ᠪᠠᠭᠲᠠᠭ᠋ᠠᠵᠤ᠂ ᠲᠤᠰᠬᠠᠢ ᠮᠡᠷᠭᠡᠵᠢᠯ᠎ᠤᠨ ᠲᠣᠬᠢᠷᠠᠭᠤᠯᠤᠯᠲᠠ ᠵᠢ ᠤᠯᠤᠰ᠎ᠤᠨ ᠪᠠᠶ᠋ᠢᠯᠳᠤᠬᠤ ᠪᠣᠳᠣᠯᠭ᠎ᠠ ᠵᠢᠨ ᠪᠠᠴᠢᠮ ᠬᠡᠷᠡᠭᠴᠡᠭᠡ ᠪᠠ ᠴᠢᠨᠠᠷ ᠰᠠᠶ᠋ᠢᠲᠠᠢ ᠬᠥᠭᠵᠢᠯᠲᠡ᠎ᠳᠤ ᠲᠦᠷᠭᠡᠨ ᠨᠡᠶ᠋ᠢᠴᠡᠭᠦᠯᠦᠨ ᠲᠣᠬᠢᠷᠠᠭᠤᠯᠬᠤ᠎ᠪᠠᠨ ᠤᠯᠠᠮ ᠨᠢᠭᠡ ᠠᠯᠬᠤᠮ ᠴᠢᠩᠭ᠋ᠠᠳᠬᠠᠪᠠ᠃
ᠤᠯᠤᠰ᠎ᠤᠨ ᠪᠠᠶ᠋ᠢᠯᠳᠤᠬᠤ ᠪᠣᠳᠣᠯᠭ᠎ᠠ᠎ᠳᠤ ᠦᠢ᠍ᠯᠡᠴᠢᠯᠡᠬᠦ ᠲᠠᠯ᠎ᠠ᠎ᠪᠠᠷ᠂ ᠣᠷᠣᠨ ᠪᠦᠰᠡ ᠪᠠ ᠤᠯᠤᠰ᠎ᠤᠳ᠎ᠤᠨ ᠢᠯᠭ᠋ᠠᠯ᠎ᠤᠨ ᠤᠬᠠᠭ᠋ᠠᠨ᠂ ᠨᠡᠭᠦᠷᠡᠰᠦᠲᠥ᠋ᠷᠥᠭᠴᠢ ᠵᠢᠨ ᠰᠠᠭ᠋ᠠᠷᠮᠠᠭᠵᠢᠯᠤᠨ ᠰᠢᠨᠵᠢᠯᠡᠬᠦ ᠤᠬᠠᠭ᠋ᠠᠨ ᠬᠢᠭᠡᠳ ᠢᠨᠵᠧᠨᠧᠷᠢᠩ᠂ ᠲᠡᠯᠡᠶ ᠲᠠᠩᠭᠢᠰ᠎ᠤᠨ ᠰᠢᠨᠵᠢᠯᠡᠬᠦ ᠤᠬᠠᠭ᠋ᠠᠨ ᠬᠢᠭᠡᠳ ᠲᠧᠭᠨᠢᠭ ᠮᠡᠷᠭᠡᠵᠢᠯ᠂ ᠡᠷᠡᠭᠦᠯ ᠮᠡᠨᠳᠦ ᠬᠢᠭᠡᠳ ᠡᠮᠴᠢᠯᠡᠭᠡᠨ᠎ᠤ ᠪᠠᠲᠤᠯᠠᠭ᠎ᠠ ᠵᠡᠷᠭᠡ ᠲᠤᠰᠬᠠᠢ ᠮᠡᠷᠭᠡᠵᠢᠯ᠎ᠢ ᠨᠡᠮᠡᠵᠦ ᠲᠣᠬᠢᠷᠠᠭᠤᠯᠪᠠ᠃
ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠬᠥᠭᠵᠢᠯᠲᠡ ᠵᠢᠨ ᠬᠤᠰᠢᠭᠤᠷᠠᠯ᠎ᠳᠤ ᠬᠠᠨᠳᠤᠭᠤᠯᠤᠨ᠂ ᠣᠶᠤᠨᠴᠢ ᠮᠣᠯᠧᠺᠦ᠋ᠯ᠎ᠤᠨ ᠢᠨᠵᠧᠨᠧᠷᠢᠩ᠂ ᠡᠮᠴᠢᠯᠡᠭᠡᠨ᠎ᠤ ᠪᠠᠭ᠋ᠠᠵᠢ ᠬᠡᠷᠡᠭᠰᠡᠯ ᠬᠢᠭᠡᠳ ᠲᠣᠨᠤᠭ ᠲᠥᠬᠦᠭᠡᠷᠦᠮᠵᠢ ᠵᠢᠨ ᠢᠨᠵᠧᠨᠧᠷᠢᠩ᠂ ᠴᠠᠭ ᠣᠷᠣᠨ ᠵᠠᠢ ᠵᠢᠨ ᠮᠡᠳᠡᠭᠡ ᠵᠠᠩᠭᠢ ᠵᠢᠨ ᠢᠨᠵᠧᠨᠧᠷᠢᠩ ᠵᠡᠷᠭᠡ ᠲᠤᠰᠬᠠᠢ ᠮᠡᠷᠭᠡᠵᠢᠯ᠎ᠢ ᠨᠡᠮᠡᠵᠦ ᠲᠣᠬᠢᠷᠠᠭᠤᠯᠪᠠ᠃
ᠵᠠᠬ᠎ᠠ ᠳᠡᠯᠭᠡᠭᠦᠷ᠎ᠤᠨ ᠬᠡᠷᠡᠭᠴᠡᠭᠡ᠎ᠳᠤ ᠰᠠᠨᠠᠭ᠋ᠠᠴᠢᠯᠠᠭ᠎ᠠ᠎ᠠᠴᠠ᠎ᠪᠠᠨ ᠵᠣᠬᠢᠴᠠᠵᠤ᠂ ᠤᠯᠠᠨ ᠤᠯᠤᠰ᠎ᠤᠨ ᠰᠢᠤᠳᠠᠨ᠎ᠤ ᠬᠥᠯᠭᠡ ᠣᠩᠭᠤᠴᠠᠨ᠎ᠤ ᠬᠠᠮᠢᠶᠠᠷᠤᠯᠲᠠ᠂ ᠠᠭ᠋ᠠᠷ ᠠᠶᠠᠯᠠᠯ᠎ᠤᠨ ᠬᠥᠳᠡᠯᠭᠡᠭᠡᠨ ᠵᠡᠷᠭᠡ ᠲᠤᠰᠬᠠᠢ ᠮᠡᠷᠭᠡᠵᠢᠯ᠎ᠢ ᠨᠡᠮᠡᠵᠦ ᠲᠣᠬᠢᠷᠠᠭᠤᠯᠪᠠ᠃
ᠠᠵᠤ ᠠᠬᠤᠢ ᠨᠡᠶ᠋ᠢᠭᠡᠮ᠎ᠤᠨ ᠬᠥᠭᠵᠢᠯᠲᠡ ᠵᠢ ᠵᠣᠬᠢᠶᠠᠮᠠᠯ ᠣᠶᠣᠨ ᠵᠶ᠋ᠠᠷ ᠡᠷᠴᠢᠮᠯᠡᠬᠦ᠎ᠳᠤ ᠠᠩᠬᠠᠷᠤᠯ ᠲᠥᠪᠯᠡᠷᠡᠭᠦᠯᠵᠦ᠂ ᠵᠣᠬᠢᠶᠠᠮᠠᠯ ᠣᠶᠣᠨ᠎ᠤ ᠰᠤᠷᠭ᠋ᠠᠨ ᠬᠥᠮᠦᠵᠢᠯ᠂ ᠣᠶᠤᠨᠴᠢ ᠠᠦ᠋ᠳᠢᠣ᠋ ᠸᠢᠳᠢᠣ᠋ ᠵᠢᠨ ᠢᠨᠵᠧᠨᠧᠷᠢᠩ᠂ ᠳ᠋ᠢᠭᠢᠲ ᠰᠢ ᠵᠦᠴᠦᠭᠡ ᠵᠡᠷᠭᠡ ᠲᠤᠰᠬᠠᠢ ᠮᠡᠷᠭᠡᠵᠢᠯ᠎ᠢ ᠨᠡᠮᠡᠵᠦ ᠲᠣᠬᠢᠷᠠᠭᠤᠯᠪᠠ᠃
ᠣᠳᠣᠬᠠᠨ᠎ᠳᠤ᠂ ᠪᠥᠬᠦ ᠤᠯᠤᠰ᠎ᠤᠨ ᠡᠩ᠎ᠤᠨ ᠳᠡᠭᠡᠳᠦ ᠵᠡᠷᠭᠡ ᠵᠢᠨ ᠰᠤᠷᠭ᠋ᠠᠭᠤᠯᠢ ᠵᠢᠨ ᠦᠨᠳᠦᠰᠦᠨ ᠠᠩᠭᠢ ᠵᠢᠨ ᠲᠤᠰᠬᠠᠢ ᠮᠡᠷᠭᠡᠵᠢᠯ᠎ᠤᠨ ᠪᠠᠶ᠋ᠢᠷᠢᠯᠠᠭᠤᠯᠤᠯᠲᠠ ᠨᠡᠶ᠋ᠢᠲᠡ 6.28 ᠲᠦᠮᠡ ᠪᠠᠶ᠋ᠢᠨ᠎ᠠ᠃ ᠰᠤᠷᠭ᠋ᠠᠨ ᠬᠥᠮᠦᠵᠢᠯ᠎ᠤᠨ ᠶᠠᠮᠤᠨ ᠲᠤᠰᠬᠠᠢ ᠮᠡᠷᠭᠡᠵᠢᠯ᠎ᠤᠨ ᠲᠣᠬᠢᠷᠠᠭᠤᠯᠤᠯᠲᠠ ᠪᠠ ᠠᠵᠢᠯ ᠣᠯᠭᠤᠯᠲᠠ ᠵᠢᠨ ᠠᠵᠢᠯ᠎ᠤᠨ ᠬᠤᠯᠪᠣᠯᠳᠤᠯ᠎ᠢ ᠤᠯᠠᠮ ᠨᠢᠭᠡ ᠠᠯᠬᠤᠮ ᠴᠢᠩᠭ᠋ᠠᠳᠬᠠᠵᠤ᠂ ᠶᠡᠭᠡ ᠳᠡᠭᠡᠳᠦ ᠰᠤᠷᠭ᠋ᠠᠭᠤᠯᠢ ᠵᠢ ᠵᠢᠭ᠋ᠠᠨ ᠵᠢᠯᠤᠭᠤᠳᠴᠤ ᠪᠠᠶ᠋ᠢᠭ᠋ᠠᠳ ᠦᠯᠡᠳᠡᠭᠡᠯ ᠲᠤᠰᠬᠠᠢ ᠮᠡᠷᠭᠡᠵᠢᠯ᠎ᠢ᠎ᠨᠢ ᠦᠷᠭᠦᠯᠵᠢᠯᠡᠨ ᠲᠣᠬᠢᠷᠠᠭᠤᠯᠤᠨ ᠰᠢᠯᠢᠳᠡᠭᠵᠢᠭᠦᠯᠬᠦ᠂ ᠡᠯ᠎ᠡ ᠬᠦᠷᠢᠶᠡᠨ᠎ᠳᠠᠬᠢ ᠴᠢᠳᠠᠪᠤᠷᠢᠲᠠᠨ᠎ᠤ ᠬᠡᠷᠡᠭᠴᠡᠭᠡ ᠱᠠᠭ᠋ᠠᠷᠳᠠᠯᠭ᠎ᠠ᠎ᠪᠠᠨ ᠲᠥᠰᠥᠭᠡᠯᠡᠵᠦ ᠵᠠᠳᠠᠯᠬᠤ ᠵᠢ ᠴᠢᠩᠭ᠋ᠠᠳᠬᠠᠨ᠂ ᠳᠡᠭᠡᠳᠦ ᠵᠡᠷᠭᠡ ᠵᠢᠨ ᠰᠤᠷᠭ᠋ᠠᠨ ᠬᠥᠮᠦᠵᠢᠯ ᠬᠢᠭᠡᠳ ᠠᠵᠤ ᠠᠬᠤᠢ ᠨᠡᠶ᠋ᠢᠭᠡᠮ᠎ᠤᠨ ᠬᠥᠭᠵᠢᠯᠲᠡ ᠵᠢᠨ ᠵᠣᠬᠢᠴᠠᠯᠳᠤᠯ᠎ᠢ ᠲᠠᠰᠤᠷᠠᠯᠲᠠ ᠦᠭᠡᠢ ᠴᠢᠩᠭ᠋ᠠᠷᠠᠭᠤᠯᠬᠤ ᠪᠣᠯᠣᠨ᠎ᠠ᠃
