ᠠᠵᠢᠯ ᠣᠯᠭᠤᠯᠲᠠ᠂ ᠠᠵᠤ ᠠᠬᠤᠶ᠋ᠢᠯᠠᠯ᠂ ᠵᠠᠬ᠎ᠠ ᠳᠡᠯᠭᠡᠭᠦᠷ ᠪᠠ ᠵᠢᠱ᠌ᠢᠯᠲᠡ ᠵᠢ ᠬᠦᠴᠦᠯᠡᠨ ᠲᠣᠭᠲᠠᠪᠤᠷᠢᠵᠢᠭᠤᠯᠤᠨ᠎ᠠ
ᠲᠣᠰ ᠤᠳᠠᠭ᠎ᠠ ᠵᠢᠨ ᠨᠠᠮ᠎ᠤᠨ ᠲᠥᠪ ᠬᠤᠷᠢᠶᠠᠨ᠎ᠤ ᠤᠯᠤᠰ ᠲᠦᠷᠦ ᠵᠢᠨ ᠲᠣᠪᠴᠢᠶᠠᠨ᠎ᠤ ᠬᠤᠷᠠᠯᠳᠤᠭ᠋ᠠᠨ ᠵᠶ᠋ᠠᠷ ᠵᠢᠭ᠋ᠠᠵᠤ ᠭᠠᠷᠭ᠋ᠠᠬᠤ᠎ᠳᠤ᠎ᠪᠠᠨ᠂ ᠡᠨᠡ ᠵᠢᠯ᠎ᠠᠴᠠ ᠨᠠᠭ᠋ᠠᠰᠢ᠂ ᠮᠠᠨ᠎ᠤ ᠤᠯᠤᠰ᠎ᠤᠨ 《ᠠᠵᠤ ᠠᠬᠤᠢ ᠰᠠᠶ᠋ᠢᠵᠢᠷᠠᠬᠤ ᠬᠠᠨᠳᠤᠰᠢ᠎ᠲᠠᠢ ᠪᠣᠯᠵᠤ᠂ ᠨᠡᠶ᠋ᠢᠭᠡᠮ᠎ᠤᠨ ᠢᠲᠡᠭᠡᠯ ᠵᠣᠷᠢᠭ ᠦᠷᠭᠦᠯᠵᠢᠯᠡᠨ ᠳᠡᠭᠡᠭᠰᠢᠯᠡᠵᠦ᠂ ᠴᠢᠨᠠᠷ ᠰᠠᠶ᠋ᠢᠲᠠᠢ ᠬᠥᠭᠵᠢᠯᠲᠡ ᠯᠠᠪᠳᠠᠭᠤᠨ ᠵᠶ᠋ᠠᠷ ᠠᠬᠢᠵᠤ᠂ ᠨᠡᠶ᠋ᠢᠭᠡᠮ᠎ᠤᠨ ᠶᠡᠭᠡ ᠪᠠᠶ᠋ᠢᠳᠠᠯ ᠲᠣᠭᠲᠠᠭᠤᠨ ᠵᠶ᠋ᠠᠨ ᠪᠠᠲᠤᠯᠠᠵᠤ ᠪᠠᠶ᠋ᠢᠨ᠎ᠠ》 ᠭᠡᠰᠡᠨ ᠪᠥᠭᠡᠳ ᠠᠵᠤ ᠠᠬᠤᠢ ᠵᠢᠨ ᠦᠷᠭᠦᠯᠵᠢᠯᠡᠨ ᠳᠡᠭᠡᠭᠰᠢᠯᠡᠵᠦ ᠰᠠᠶ᠋ᠢᠵᠢᠷᠠᠬᠤ ᠰᠠᠭᠤᠷᠢ ᠵᠢ ᠪᠠᠰᠠ ᠤᠯᠠᠮ ᠨᠢᠭᠡ ᠠᠯᠬᠤᠮ ᠪᠠᠲᠤᠳᠬᠠᠬᠤ ᠴᠢᠬᠤᠯᠠᠲᠠᠢ ᠪᠠᠶ᠋ᠢᠵᠤ᠂ ᠭᠠᠳᠠᠨᠠᠬᠢ ᠳᠠᠭ᠋ᠠᠷᠢᠯᠲᠠ ᠵᠢᠨ ᠨᠥᠯᠥᠭᠡ ᠨᠡᠮᠡᠭᠳᠡᠵᠦ ᠪᠠᠶ᠋ᠢᠨ᠎ᠠ ᠭᠡᠵᠡᠢ᠃
ᠨᠡᠩ ᠢᠳᠡᠪᠬᠢᠲᠡᠢ ᠪᠥᠭᠡᠳ ᠪᠦᠲᠦᠮᠵᠢᠲᠡᠶ ᠬᠤᠷᠸ᠎ᠠ ᠲᠦᠷᠦ ᠵᠢᠨ ᠪᠣᠳᠣᠯᠭ᠎ᠠ ᠵᠢ ᠰᠢᠮᠳᠠᠭᠤᠯᠤᠨ ᠬᠡᠷᠡᠭᠵᠢᠭᠦᠯᠦᠨ᠎ᠡ
ᠬᠤᠷᠸ᠎ᠠ ᠲᠦᠷᠦ ᠵᠢᠨ ᠪᠣᠳᠣᠯᠭ᠎ᠠ ᠪᠣᠯ ᠠᠵᠤ ᠠᠬᠤᠢ ᠵᠢᠨ ᠲᠣᠭᠲᠠᠭᠤᠨ ᠠᠵᠢᠯᠯᠠᠭ᠋ᠠᠨ᠎ᠢ ᠪᠠᠲᠤᠯᠠᠬᠤ ᠵᠢᠨ ᠴᠢᠬᠤᠯᠠ ᠲᠦᠯᠬᠢᠴᠡ ᠬᠦᠴᠦᠨ ᠪᠣᠯᠣᠨ᠎ᠠ᠃ ᠬᠤᠷᠠᠯᠳᠤᠭ᠋ᠠᠨ ᠵᠶ᠋ᠠᠷ ᠴᠢᠬᠤᠯᠠᠴᠢᠯᠠᠬᠤ᠎ᠳᠤ᠎ᠪᠠᠨ᠂ ᠨᠠᠩ ᠢᠳᠡᠪᠬᠢᠲᠡᠢ ᠪᠥᠭᠡᠳ ᠪᠦᠲᠦᠮᠵᠢᠲᠡᠶ ᠬᠤᠷᠸ᠎ᠠ ᠲᠥᠷᠥ ᠵᠢᠨ ᠪᠣᠳᠣᠯᠭ᠎ᠠ ᠵᠢ ᠰᠢᠮᠳᠠᠭᠤᠯᠤᠨ ᠬᠡᠷᠡᠭᠵᠢᠭᠦᠯᠵᠦ᠂ ᠨᠠᠩ ᠢᠳᠡᠪᠬᠢᠲᠡᠢ ᠡᠳ᠋᠎ᠤᠨ ᠵᠠᠰᠠᠭ᠎ᠤᠨ ᠲᠥᠷᠥ ᠵᠢᠨ ᠪᠣᠳᠣᠯᠭ᠎ᠠ ᠪᠠ ᠵᠣᠬᠢᠰᠲᠠᠢ ᠠᠭᠤᠵᠢᠭᠤ ᠪᠠᠶ᠋ᠢᠯᠭ᠋ᠠᠬᠤ ᠵᠣᠭᠤᠰᠤᠨ᠎ᠤ ᠲᠥᠷᠥ ᠵᠢᠨ ᠪᠣᠳᠣᠯᠭ᠎ᠠ ᠵᠢ ᠰᠠᠶ᠋ᠢᠲᠤᠷ ᠬᠡᠷᠡᠭᠯᠡᠵᠦ ᠭᠦᠢ᠍ᠴᠡᠳ ᠬᠡᠷᠡᠭᠯᠡᠬᠦ ᠬᠡᠷᠡᠭᠲᠡᠢ ᠭᠡᠵᠡᠢ᠃
ᠠᠵᠤ ᠠᠬᠤᠢ ᠵᠢᠨ ᠨᠡᠮᠡᠭᠳᠡᠯ᠎ᠳᠤ ᠦᠵᠡᠭᠦᠯᠬᠦ ᠬᠡᠷᠡᠭᠯᠡᠭᠡ ᠵᠢᠨ ᠳᠠᠶ᠋ᠢᠴᠢᠯᠠᠬᠤ ᠦᠢ᠍ᠯᠡᠳᠦᠯ᠎ᠢ ᠨᠡᠮᠡᠭᠳᠡᠭᠦᠯᠦᠨ᠎ᠡ
ᠬᠡᠷᠡᠭᠯᠡᠭᠡ ᠵᠢ ᠬᠥᠭᠵᠢᠭᠡᠬᠦ ᠪᠣᠯ ᠳᠣᠲᠣᠭ᠋ᠠᠳᠤ ᠬᠡᠷᠡᠭᠴᠡᠭᠡ ᠵᠢ ᠥᠷᠭᠡᠳᠬᠡᠬᠦ᠂ ᠤᠯᠤᠰ᠎ᠤᠨ ᠳᠣᠲᠣᠭ᠋ᠠᠳᠤ ᠵᠢᠨ ᠶᠡᠭᠡ ᠣᠷᠴᠢᠯ᠎ᠢ ᠪᠤᠵᠠᠭ᠋ᠠᠶ᠋ᠢᠷᠠᠭᠤᠯᠤᠨ ᠬᠦᠴᠦᠷᠬᠡᠭᠵᠢᠭᠦᠯᠬᠦ ᠵᠢᠨ ᠴᠢᠬᠤᠯᠠ᠎ᠠᠴᠠ ᠴᠢᠬᠤᠯᠠ ᠶᠠᠪᠤᠳᠠᠯ ᠪᠣᠯᠣᠨ᠎ᠠ᠃ ᠬᠤᠷᠠᠯᠳᠤᠭ᠋ᠠᠨ ᠵᠶ᠋ᠠᠷ ᠠᠵᠤ ᠠᠬᠤᠢ ᠵᠢᠨ ᠨᠡᠮᠡᠭᠳᠡᠯ᠎ᠳᠤ ᠦᠵᠡᠭᠦᠯᠬᠦ ᠬᠡᠷᠡᠭᠯᠡᠭᠡ ᠵᠢᠨ ᠳᠠᠶ᠋ᠢᠴᠢᠯᠠᠬᠤ ᠦᠢ᠍ᠯᠡᠳᠦᠯ᠎ᠢ ᠴᠢᠩᠭ᠋ᠠᠷᠠᠭᠤᠯᠤᠨ᠎ᠠ ᠭᠡᠵᠦ ᠲᠣᠳᠣᠷᠬᠠᠢ ᠳᠤᠷᠠᠳᠴᠠᠢ᠃
ᠣᠯᠠᠨ ᠵᠦᠢ᠍ᠯ᠎ᠤᠨ ᠠᠷᠭ᠎ᠠ ᠬᠡᠮᠵᠢᠶ᠎ᠡ ᠵᠢ ᠵᠡᠷᠭᠡ᠎ᠪᠠᠷ ᠬᠡᠷᠡᠭᠯᠡᠵᠦ ᠪᠠᠶ᠋ᠢᠭ᠋ᠠᠳ ᠬᠦᠴᠢᠷᠳᠡᠯᠲᠡᠢ ᠠᠵᠤ ᠠᠬᠤᠶ᠋ᠢᠯᠠᠯ᠎ᠢ
ᠬᠠᠪᠰᠤᠷᠤᠨ ᠲᠡᠳᠬᠦᠨ᠎ᠡ
ᠣᠳᠣᠬᠠᠨ᠎ᠳᠤ᠂ ᠭᠠᠳᠠᠭ᠋ᠠᠳᠤ ᠣᠷᠴᠢᠨ ᠨᠥᠬᠦᠴᠡᠯ ᠨᠡᠩ ᠨᠠᠷᠢᠨ ᠪᠤᠳᠤᠯᠢᠶᠠᠨᠲᠠᠢ ᠪᠥᠭᠡᠳ ᠬᠦᠨᠳᠦ ᠬᠡᠴᠡᠭᠦᠦ ᠪᠠᠶ᠋ᠢᠵᠤ᠂ ᠤᠯᠤᠰ᠎ᠤᠨ ᠳᠣᠲᠣᠭ᠋ᠠᠳᠤ ᠵᠢᠨ ᠪᠦᠲᠦᠮᠵᠢᠲᠡᠶ ᠬᠡᠷᠡᠭᠴᠡᠭᠡ ᠵᠢ ᠨᠡᠮᠡᠭᠳᠡᠭᠦᠯᠬᠦ ᠬᠥᠳᠡᠯᠭᠡᠭᠴᠢ ᠬᠦᠴᠦᠨ ᠬᠦᠷᠦᠯᠴᠡᠬᠦ ᠦᠭᠡᠢ ᠪᠣᠯᠣᠭᠰᠠᠨ ᠵᠶ᠋ᠠᠷ ᠬᠡᠰᠡᠭ ᠠᠵᠤ ᠠᠬᠤᠶ᠋ᠢᠯᠠᠯ᠎ᠤᠨ ᠡᠵᠡᠩᠨᠡᠯᠲᠡ᠎ᠨᠢ ᠬᠦᠴᠢᠷᠳᠡᠯ᠎ᠳᠤ ᠲᠤᠯᠭ᠋ᠠᠷᠠᠵᠤ ᠪᠠᠶ᠋ᠢᠨ᠎ᠠ᠃ ᠬᠤᠷᠠᠯᠳᠤᠭ᠋ᠠᠨ ᠵᠶ᠋ᠠᠷ ᠴᠢᠬᠤᠯᠠᠴᠢᠯᠠᠬᠤ᠎ᠳᠤ᠎ᠪᠠᠨ᠂ ᠤᠯᠠᠨ ᠵᠦᠢ᠍ᠯ᠎ᠤᠨ ᠠᠷᠭ᠎ᠠ ᠬᠡᠮᠵᠢᠶ᠎ᠡ ᠵᠢ ᠵᠡᠷᠭᠡ᠎ᠪᠠᠷ ᠬᠡᠷᠡᠭᠯᠡᠵᠦ ᠪᠠᠶ᠋ᠢᠭ᠋ᠠᠳ ᠬᠦᠴᠢᠷᠳᠡᠯᠲᠡᠢ ᠠᠵᠤ ᠠᠬᠤᠶ᠋ᠢᠯᠠᠯ᠎ᠢ ᠬᠠᠪᠰᠤᠷᠤᠨ ᠲᠡᠳᠬᠦᠬᠦ ᠬᠡᠷᠡᠭᠲᠡᠢ ᠭᠡᠵᠡᠢ᠃
ᠥᠭᠡᠷᠡᠴᠢᠯᠡᠯᠲᠡ ᠨᠡᠭᠡᠭᠡᠯᠲᠡ ᠵᠢ ᠭᠦᠨᠵᠡᠭᠡᠶ᠋ᠢᠷᠡᠭᠦᠯᠬᠦ ᠠᠷᠭ᠎ᠠ᠎ᠪᠠᠷ ᠬᠥᠭᠵᠢᠯᠲᠡ ᠵᠢᠨ ᠳᠤᠮᠳᠠᠬᠢ ᠠᠰᠠᠭᠤᠳᠠᠯ᠎ᠢ
ᠰᠢᠢ᠍ᠳᠪᠦᠷᠢᠯᠡᠨ᠎ᠡ
ᠪᠦᠬᠦ ᠤᠯᠤᠰ᠎ᠤᠨ ᠨᠢᠭᠡᠳᠦᠯᠲᠡᠢ ᠲᠣᠮᠣ ᠵᠠᠬ᠎ᠠ ᠳᠡᠯᠭᠡᠭᠦᠷ᠎ᠢ ᠲᠦᠷᠭᠡᠪᠴᠢᠯᠡᠨ ᠪᠠᠶ᠋ᠢᠭᠤᠯᠬᠤ ᠪᠣᠯ ᠤᠯᠤᠰ᠎ᠤᠨ ᠳᠣᠲᠣᠭ᠋ᠠᠳᠤ ᠵᠢᠨ ᠶᠡᠭᠡ ᠣᠷᠴᠢᠯ᠎ᠢ ᠰᠠᠭ᠋ᠠᠳ ᠦᠭᠡᠢ ᠨᠠᠪᠲᠠᠷᠡᠭᠦᠯᠵᠦ᠂ ᠰᠢᠨ᠎ᠡ ᠬᠥᠭᠵᠢᠯᠲᠡ ᠵᠢᠨ ᠪᠠᠶ᠋ᠢᠷᠢᠰᠢᠯ᠎ᠢ ᠪᠠᠶ᠋ᠢᠭᠤᠯᠤᠨ ᠠᠬᠢᠭᠤᠯᠬᠤ ᠵᠢᠨ ᠵᠠᠶ᠋ᠢᠯᠠᠰᠢ ᠦᠭᠡᠢ ᠱᠠᠭ᠋ᠠᠷᠳᠠᠯᠭ᠎ᠠ ᠪᠣᠯᠣᠨ᠎ᠠ᠃ ᠬᠤᠷᠠᠯᠳᠤᠭ᠋ᠠᠨ ᠵᠶ᠋ᠠᠷ ᠪᠦᠬᠦ ᠤᠯᠤᠰ᠎ᠤᠨ ᠨᠢᠭᠡᠳᠦᠯᠲᠡᠢ ᠲᠣᠮᠣ ᠵᠠᠬ᠎ᠠ ᠳᠡᠯᠭᠡᠭᠦᠷ᠎ᠤᠨ ᠪᠠᠶ᠋ᠢᠭᠤᠯᠤᠯᠲᠠ ᠵᠢ ᠲᠦᠷᠭᠡᠳᠬᠡᠵᠦ᠂ ᠠᠵᠤ ᠠᠬᠤᠶ᠋ᠢᠯᠠᠯ᠎ᠳᠤ ᠬᠤᠯᠪᠣᠭᠳᠠᠬᠤ ᠬᠠᠤᠯᠢ ᠬᠡᠷᠡᠭᠵᠢᠭᠦᠯᠦᠯᠲᠡ ᠵᠢ ᠵᠢᠷᠤᠮᠵᠢᠭᠤᠯᠬᠤ ᠲᠤᠰᠬᠠᠢ ᠠᠵᠢᠯᠯᠠᠭ᠋ᠠᠨ᠎ᠢ ᠯᠠᠪᠳᠠᠭᠤᠨ ᠪᠠᠲᠤᠲᠠᠢ ᠥᠷᠨᠢᠭᠦᠯᠬᠦ ᠬᠡᠷᠡᠭᠲᠡᠢ ᠭᠡᠵᠦ ᠱᠠᠭ᠋ᠠᠷᠳᠠᠪᠠ᠃
ᠭᠤᠣᠯᠳᠠᠯᠭ᠎ᠠ ᠪᠣᠯᠬᠤ ᠬᠦᠷᠢᠶᠡᠨ᠎ᠳᠠᠬᠢ ᠲᠦᠭᠰᠢᠭᠦᠷᠢ ᠵᠢ ᠦᠷᠭᠦᠯᠵᠢᠯᠡᠨ ᠬᠦᠴᠦᠯᠡᠨ ᠰᠡᠷᠭᠡᠶ᠋ᠢᠯᠡᠵᠦ ᠠᠷᠢᠯᠭ᠋ᠠᠨ᠎ᠠ
ᠬᠤᠷᠠᠯᠳᠤᠭ᠋ᠠᠨ ᠵᠶ᠋ᠠᠷ ᠳᠤᠷᠠᠳᠬᠤ᠎ᠳᠤ᠎ᠪᠠᠨ᠂ ᠭᠡᠷ ᠪᠠᠶ᠋ᠢᠰᠢᠩ ᠭᠠᠵᠠᠷ ᠬᠥᠷᠥᠩᠭᠡ ᠵᠢᠨ ᠬᠥᠭᠵᠢᠯᠲᠡ ᠵᠢᠨ ᠰᠢᠨ᠎ᠡ ᠬᠡᠪ ᠵᠠᠭᠪᠤᠷ᠎ᠢ ᠲᠦᠷᠭᠡᠳᠬᠡᠨ ᠪᠠᠶ᠋ᠢᠭᠤᠯᠵᠤ᠂ ᠴᠢᠨᠠᠷᠯᠢᠭ ᠣᠷᠣᠨ ᠰᠠᠭᠤᠴᠠ ᠵᠢᠨ ᠬᠠᠩᠭ᠋ᠠᠯᠭ᠎ᠠ ᠵᠢ ᠨᠡᠮᠡᠭᠳᠡᠭᠦᠯᠦᠨ᠂ ᠦᠯᠡᠳᠡᠭᠡᠯ ᠲᠠᠸᠠᠷ᠎ᠤᠨ ᠭᠡᠷ ᠪᠠᠶ᠋ᠢᠰᠢᠩ᠎ᠢ ᠬᠤᠳᠠᠯᠳᠤᠨ ᠠᠪᠬᠤ ᠲᠥᠷᠥ ᠵᠢᠨ ᠪᠣᠳᠣᠯᠭ᠎ᠠ ᠵᠢ ᠰᠢᠯᠢᠳᠡᠭᠵᠢᠭᠦᠯᠵᠦ᠂ ᠭᠡᠷ ᠪᠠᠶ᠋ᠢᠰᠢᠩ ᠭᠠᠵᠠᠷ ᠬᠥᠷᠥᠩᠭᠡ ᠵᠢᠨ ᠵᠠᠬ᠎ᠠ ᠳᠡᠯᠭᠡᠭᠦᠷ᠎ᠤᠨ ᠲᠣᠭᠲᠠᠭᠤᠨ ᠪᠠᠶ᠋ᠢᠳᠠᠯ᠎ᠢ ᠦᠷᠭᠦᠯᠵᠢᠯᠡᠨ ᠪᠠᠬᠢᠵᠢᠭᠦᠯᠦᠨ᠎ᠡ ᠭᠡᠵᠡᠢ᠃
ᠠᠷᠠᠳ᠎ᠤᠨ ᠠᠮᠢᠳᠤᠷᠠᠯ᠎ᠢ ᠬᠦᠴᠦᠯᠡᠨ ᠪᠠᠲᠤᠯᠠᠬᠤ ᠪᠠ ᠰᠠᠶ᠋ᠢᠵᠢᠷᠠᠭᠤᠯᠤᠨ᠎ᠠ
ᠲᠦᠭ ᠲᠦᠮᠡᠨ ᠡᠵᠡᠩᠨᠡᠯᠲᠡ ᠵᠢᠨ ᠭᠤᠣᠯ ᠴᠣᠭᠴᠠ ᠪᠣᠯ ᠠᠵᠢᠯ ᠣᠯᠭᠤᠯᠲᠠ ᠵᠢᠨ ᠭᠤᠣᠯ ᠵᠢᠭᠰᠠᠭ᠋ᠠᠯ᠎ᠤᠨ ᠭᠠᠵᠠᠷ ᠪᠣᠯᠣᠨ᠎ᠠ᠃ ᠣᠶ᠋ᠢᠷ᠎ᠠ ᠵᠢᠨ ᠬᠤᠭᠤᠴᠠᠭ᠋ᠠᠨ᠎ᠳᠤ ᠠᠮᠧᠷᠢᠺᠠ ᠪᠣᠭᠤᠮᠲᠠ ᠵᠢᠨ ᠭᠠᠶ᠋ᠢᠯᠢ ᠵᠢ ᠳᠤᠷ᠎ᠠ᠎ᠪᠠᠷ ᠲᠣᠬᠢᠷᠠᠭᠤᠯᠤᠭᠰᠠᠨ᠎ᠠᠴᠠ ᠪᠣᠯᠵᠤ ᠵᠠᠷᠢᠮ ᠠᠵᠤ ᠠᠬᠤᠶ᠋ᠢᠯᠠᠯ᠎ᠢ ᠥᠷᠢᠰᠦᠯᠳᠦᠭᠡᠨ᠎ᠳᠤ ᠤᠴᠠᠷᠠᠭᠤᠯᠵᠤ ᠪᠠᠶ᠋ᠢᠨ᠎ᠠ᠃ ᠬᠤᠷᠠᠯᠳᠤᠭ᠋ᠠᠨ ᠵᠶ᠋ᠠᠷ ᠳᠤᠷᠠᠳᠬᠤ᠎ᠳᠤ᠎ᠪᠠᠨ᠂ 《ᠪᠣᠭᠤᠮᠲᠠ ᠵᠢᠨ ᠭᠠᠶ᠋ᠢᠯᠢ᠎ᠳᠤ ᠨᠡᠯᠢᠶᠡᠳ ᠶᠡᠭᠡ ᠨᠥᠯᠥᠭᠡᠯᠡᠭᠳᠡᠭᠰᠡᠨ ᠠᠵᠤ ᠠᠬᠤᠶ᠋ᠢᠯᠠᠯ᠎ᠤᠨ ᠠᠵᠢᠯ᠎ᠤᠨ ᠪᠠᠶ᠋ᠢᠷᠢ ᠵᠢ ᠲᠣᠭᠲᠠᠪᠤᠷᠢᠵᠢᠭᠤᠯᠬᠤ᠎ᠪᠠᠷ ᠠᠵᠢᠯ ᠠᠯᠳᠠᠯᠲᠠ ᠵᠢᠨ ᠳᠠᠭ᠋ᠠᠳᠬᠠᠯ᠎ᠤᠨ ᠰᠠᠭᠤᠷᠢ ᠮᠥᠩᠭᠦᠨ᠎ᠤ ᠪᠤᠴᠠᠭ᠋ᠠᠬᠤ ᠬᠠᠷᠢᠴᠠᠯ᠎ᠢ᠎ᠨᠢ ᠳᠡᠭᠡᠭᠰᠢᠯᠡᠭᠦᠯᠦᠨ᠎ᠡ》 ᠭᠡᠵᠡᠢ᠃