ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠤᠷᠭᠠᠨ ᠬᠦᠮᠦᠵᠢᠯ᠎ᠤᠨ ᠬᠠᠨᠲᠤᠯᠭ᠎ᠠ
ᠰᠣᠨᠤᠷ᠎ᠤᠨ ᠲᠠᠪᠴᠠᠩ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠢᠯᠡ ᠵᠠᠰᠠᠭ   -   ᠲᠥᠷᠥ᠎ᠶᠢᠨ ᠪᠣᠳᠣᠯᠭ᠎ᠠ᠎ᠶᠢᠨ ᠲᠠᠶ᠋ᠢᠯᠤᠮᠵᠢ
ᠠᠵᠢᠯ ᠠᠯᠳᠠᠭᠰᠠᠳ᠎ᠤᠨ ᠳᠠᠭ᠋ᠠᠳᠬᠠᠯ᠎ᠤᠨ ᠮᠥᠩᠭᠦ᠎ᠪᠠᠨ ᠠᠪᠤᠭᠰᠠᠨ ᠪᠠᠶ᠋ᠢᠳᠠᠯ ᠳᠣᠣᠷ᠎ᠠ ᠡᠪᠡᠳᠴᠢᠨ ᠦᠵᠡᠭᠦᠯᠬᠦ᠎ᠳᠤ ᠡᠮᠴᠢᠯᠡᠭᠡᠨ᠎ᠤ ᠳᠠᠭ᠋ᠠᠳᠬᠠᠯ ᠵᠶ᠋ᠠᠷ ᠳᠠᠩᠰᠠ ᠪᠠᠰᠠ ᠳᠡᠶ᠋ᠢᠯᠵᠦ ᠪᠣᠯᠬᠤ ᠦᠦ?
ᠨᠡᠶ᠋ᠢᠲᠡᠯᠡᠭᠰᠡᠨ ᠴᠠᠭ᠄ 2025-05-22

ᠠᠵᠢᠯ ᠠᠯᠳᠠᠭᠰᠠᠳ᠎ᠤᠨ ᠳᠠᠭ᠋ᠠᠳᠬᠠᠯ᠎ᠤᠨ ᠮᠥᠩᠭᠦ᠎ᠪᠠᠨ ᠠᠪᠤᠭᠰᠠᠨ ᠠᠵᠢᠯ ᠠᠯᠳᠠᠭᠰᠠᠳ ᠎ᠤᠨ ᠡᠮᠴᠢᠯᠡᠭᠡᠨ᠎ᠤ ᠳᠠᠭ᠋ᠠᠳᠬᠠᠯ᠎ᠢ ᠶᠠᠭ᠋ᠠᠬᠢᠬᠤ ᠪᠤᠶ? ᠥᠪᠡᠷᠰᠡᠳ ᠵᠶ᠋ᠠᠨ ᠰᠦᠢ᠍ᠳᠬᠡᠯ ᠲᠤᠰᠢᠶᠠᠬᠤ ᠴᠢᠬᠤᠯᠠ᠎ᠲᠠᠢ ᠦᠦ? ᠡᠪᠡᠳᠴᠢᠨ ᠵᠶ᠋ᠠᠨ ᠦᠵᠡᠭᠦᠯᠬᠦ᠎ᠳᠤ ᠲᠠᠩᠰᠠ ᠪᠠᠰᠠ ᠳᠡᠶ᠋ᠢᠯᠵᠦ ᠲᠠᠶ᠋ᠢᠯᠤᠨ᠎ᠠ ᠦᠦ? ᠠᠵᠢᠯ ᠠᠯᠳᠠᠭᠰᠠᠳ᠎ᠤᠨ ᠳᠠᠭ᠋ᠠᠳᠬᠠᠯ᠎ᠤᠨ ᠮᠥᠩᠭᠦ ᠬᠦᠷᠲᠡᠵᠦ  ᠪᠠᠶ᠋ᠢᠭ᠎ᠠ ᠬᠤᠭᠤᠴᠠᠭ᠋ᠠᠨ᠎ᠳᠤ ᠴᠣᠬᠤᠮ ᠶᠠᠮᠠᠷ ᠶᠠᠮᠠᠷ ᠬᠠᠷᠠᠭ᠋ᠠᠯᠵᠠᠯ ᠭᠥᠷᠳᠡᠵᠦ ᠪᠣᠯᠬᠤ ᠪᠤᠶ? ᠤᠯᠠᠨ᠎ᠤ ᠠᠩᠬᠠᠷᠴᠤ ᠪᠠᠶ᠋ᠢᠭ᠎ᠠ ᠡᠳᠡᠭᠡᠷ ᠠᠰᠠᠭᠤᠳᠠᠯ᠎ᠤᠳ᠎ᠲᠤ  ᠨᠢᠭᠡᠳ ᠨᠢᠭᠡ᠎ᠪᠠᠷ  ᠬᠠᠷᠢᠭᠤᠯᠲᠠ ᠥᠭᠭᠦᠶ᠎ᠡ ᠃

ᠨᠢᠭᠡ᠂ ᠠᠵᠢᠯ ᠠᠯᠳᠠᠭᠰᠠᠳ᠎ᠤᠨ ᠳᠠᠭ᠋ᠠᠳᠬᠠᠯ᠎ᠤᠨ ᠮᠥᠩᠭᠦ ᠬᠦᠷᠲᠡᠵᠦ ᠪᠠᠶ᠋ᠢᠭ᠎ᠠ ᠬᠤᠭᠤᠴᠠᠭ᠋ᠠᠨ᠎ᠳᠤ ᠦᠷᠭᠦᠯᠵᠢᠯᠡᠨ ᠡᠮᠴᠢᠯᠡᠭᠡᠨ᠎ᠤ ᠳᠠᠭ᠋ᠠᠳᠬᠠᠯ᠎ᠤᠨ ᠬᠠᠷᠠᠭ᠋ᠠᠯᠵᠠᠯ ᠬᠦᠷᠲᠡᠵᠦ  ᠪᠣᠯᠣᠨ᠎ᠠ  ᠦᠦ?

ᠪᠣᠯᠣᠨ᠎ᠠ᠃ ᠠᠵᠢᠯ ᠠᠯᠳᠠᠭᠰᠠᠳ᠎ᠤᠨ ᠳᠠᠭ᠋ᠠᠳᠬᠠᠯ᠎ᠤᠨ ᠮᠥᠩᠭᠦ ᠬᠦᠷᠲᠡᠵᠦ ᠪᠠᠶ᠋ᠢᠭ᠎ᠠ ᠬᠥᠮᠥᠰ᠎ᠤᠨ ᠠᠵᠢᠯᠲᠠᠨ ᠠᠵᠢᠯᠴᠢᠨ᠎ᠤ ᠡᠮᠴᠢᠯᠡᠭᠡᠨ᠎ᠤ ᠳᠠᠭ᠋ᠠᠳᠬᠠᠯ᠎ᠳᠤ ᠣᠷᠣᠯᠴᠠᠬᠤ᠎ᠪᠠᠷ ᠲᠤᠰᠢᠶᠠᠬᠤ ᠶᠣᠰᠣᠲᠠᠢ ᠦᠨᠳᠦᠰᠦᠨ ᠡᠮᠴᠢᠯᠡᠭᠡᠨ᠎ᠤ ᠳᠠᠭ᠋ᠠᠳᠬᠠᠯ᠎ᠤᠨ ᠰᠦᠢ᠍ᠳᠬᠡᠯ᠎ᠢ ᠠᠵᠢᠯ ᠠᠯᠳᠠᠭᠰᠠᠳ᠎ᠤᠨ ᠳᠠᠭ᠋ᠠᠳᠬᠠᠯ᠎ᠤᠨ ᠰᠠᠭᠤᠷᠢ ᠮᠥᠩᠭᠦᠨ᠎ᠠᠴᠠ ᠲᠤᠰᠢᠶᠠᠵᠤ ᠥᠭᠬᠦᠨ᠎ᠡ᠂ ᠬᠤᠪᠢ ᠬᠥᠮᠥᠨ ᠰᠦᠢ᠍ᠳᠬᠡᠯ ᠲᠤᠰᠢᠶᠠᠬᠤ ᠦᠭᠡᠢ᠃ ᠥᠭᠡᠷ᠎ᠡ᠎ᠪᠠᠷ ᠬᠡᠯᠡᠪᠡᠯ᠂ ᠠᠵᠢᠯ ᠠᠯᠳᠠᠭᠰᠠᠳ᠎ᠤᠨ ᠡᠮᠴᠢᠯᠡᠭᠡᠨ᠎ᠤ ᠳᠠᠭ᠋ᠠᠳᠬᠠᠯ᠎ᠢ ᠠᠵᠢᠯ ᠠᠯᠳᠠᠭᠰᠠᠳ᠎ᠤᠨ ᠳᠠᠭ᠋ᠠᠳᠬᠠᠯ᠎ᠤᠨ ᠮᠥᠩᠭᠦᠨ᠎ᠠᠴᠠ ᠰᠢᠭᠤᠳ  ᠲᠤᠰᠢᠶᠠᠵᠤ ᠥᠭᠭᠦᠨ᠎ᠡ ᠃

ᠬᠤᠶᠠᠷ᠂ ᠠᠵᠢᠯ ᠠᠯᠳᠠᠭᠰᠠᠳ᠎ᠤᠨ ᠳᠠᠭ᠋ᠠᠳᠬᠠᠯ᠎ᠤᠨ ᠮᠥᠩᠭᠦ ᠬᠦᠷᠲᠡᠵᠦ ᠪᠠᠶ᠋ᠢᠭ᠎ᠠ ᠬᠥᠮᠥᠰ ᠥᠪᠡᠷᠰᠡᠳ ᠵᠶ᠋ᠠᠨ ᠠᠵᠢᠯᠲᠠᠨ ᠠᠵᠢᠯᠴᠢᠨ᠎ᠤ ᠦᠨᠳᠦᠰᠦᠨ ᠡᠮᠴᠢᠯᠡᠭᠡᠨ᠎ᠤ ᠳᠠᠭ᠋ᠠᠳᠬᠠᠯ᠎ᠤᠨ ᠰᠦᠢ᠍ᠳᠬᠡᠯ ᠲᠤᠰᠢᠶᠠᠬᠤ ᠴᠢᠬᠤᠯᠠ ᠲᠠᠢ ᠦᠦ?

ᠠᠵᠢᠯ ᠠᠯᠳᠠᠭᠰᠠᠳ᠎ᠤᠨ ᠠᠵᠢᠯᠲᠠᠨ ᠠᠵᠢᠯᠴᠢᠨ᠎ᠤ ᠦᠨᠳᠦᠰᠦᠨ ᠡᠮᠴᠢᠯᠡᠭᠡᠨ᠎ᠤ ᠳᠠᠭ᠋ᠠᠳᠬᠠᠯ᠎ᠤᠨ ᠰᠦᠢ᠍ᠳᠬᠡᠯ᠎ᠢ ᠡᠯ᠎ᠡ ᠱᠠᠲᠤᠨ᠎ᠤ ᠠᠵᠢᠯ ᠠᠯᠳᠠᠭᠰᠠᠳ᠎ᠤᠨ ᠳᠠᠭ᠋ᠠᠳᠬᠠᠯ᠎ᠢ ᠭᠠᠷᠳᠠᠨ ᠬᠢᠬᠦ ᠪᠠᠶ᠋ᠢᠭᠤᠯᠤᠮᠵᠢ᠎ᠨᠤᠭᠤᠳ ᠰᠠᠷ᠎ᠠ᠎ᠪᠠᠷ ᠨᠢᠭᠡᠴᠢ ᠪᠣᠯᠭ᠋ᠠᠨ  ᠣᠷᠣᠯᠠᠨ ᠲᠤᠰᠢᠶᠠᠨ᠎ᠠ᠃ ᠠᠵᠢᠯ ᠠᠯᠳᠠᠭᠰᠠᠳ᠎ᠲᠤ ᠠᠪᠴᠤ ᠬᠡᠯᠡᠪᠡᠯ᠂ ᠠᠵᠢᠯ ᠠᠯᠳᠠᠭᠰᠠᠳ᠎ᠤᠨ ᠳᠠᠭ᠋ᠠᠳᠬᠠᠯ᠎ᠤᠨ ᠮᠥᠩᠭᠦ᠎ᠪᠠᠨ ᠭᠤᠶᠤᠴᠢᠯᠠᠨ ᠣᠯᠣᠭᠰᠠᠨ᠎ᠤ ᠳᠠᠷᠠᠭ᠎ᠠ᠂ ᠥᠪᠡᠷᠰᠡᠳ ᠵᠶ᠋ᠠᠨ ᠡᠮᠴᠢᠯᠡᠭᠡᠨ᠎ᠤ ᠳᠠᠭ᠋ᠠᠳᠬᠠᠯ᠎ᠤᠨ ᠰᠦᠢ᠍ᠳᠬᠡᠯ ᠲᠤᠰᠢᠶᠠᠬᠤ ᠴᠢᠬᠤᠯᠠ ᠦᠭᠡᠢ᠃

ᠭᠤᠷᠪᠠ᠂ ᠠᠵᠢᠯ ᠠᠯᠳᠠᠭᠰᠠᠳ᠎ᠤᠨ ᠳᠠᠭ᠋ᠠᠳᠬᠠᠯ᠎ᠤᠨ ᠮᠥᠩᠭᠦ ᠬᠦᠷᠲᠡᠵᠦ ᠪᠠᠶ᠋ᠢᠭ᠎ᠠ ᠬᠥᠮᠥᠰ ᠶᠠᠮᠠᠷ ᠶᠠᠮᠠᠷ ᠡᠮᠴᠢᠯᠡᠭᠡᠨ᠎ᠤ ᠳᠠᠭ᠋ᠠᠳᠬᠠᠯ᠎ᠤᠨ ᠬᠠᠷᠠᠭ᠋ᠠᠯᠵᠠᠯ ᠬᠦᠷᠲᠡᠵᠦ ᠪᠣᠯᠬᠤ ᠪᠤᠢ?

ᠠᠵᠢᠯ ᠠᠯᠳᠠᠭᠰᠠᠳ᠎ᠤᠨ ᠳᠠᠭ᠋ᠠᠳᠬᠠᠯ᠎ᠤᠨ ᠮᠥᠩᠭᠦ ᠬᠦᠷᠲᠡᠵᠦ ᠪᠠᠶ᠋ᠢᠭ᠎ᠠ ᠬᠥᠮᠥᠰ᠎ᠨᠢ ᠠᠵᠢᠯ᠎ᠤᠨ ᠪᠠᠶ᠋ᠢᠷᠢᠨ᠎ᠳᠤ᠎ᠪᠠᠨ  ᠪᠠᠶ᠋ᠢᠭ᠎ᠠ ᠠᠵᠢᠯᠲᠠᠨ ᠠᠵᠢᠯᠴᠢᠨ᠎ᠲᠠᠢ ᠡᠭᠡᠭᠡ  ᠠᠳᠠᠯᠢᠬᠠᠨ ᠵᠶ᠋ᠠᠷ ᠦᠨᠳᠦᠰᠦᠨ ᠡᠮᠴᠢᠯᠡᠭᠡᠨ᠎ᠤ ᠳᠠᠭ᠋ᠠᠳᠬᠠᠯ᠎ᠤᠨ ᠬᠠᠷᠠᠭ᠋ᠠᠯᠵᠠᠯ (ᠡᠮᠨᠡᠯᠭᠡ᠎ᠳᠤ ᠰᠠᠭᠤᠬᠤ᠂ ᠡᠩ᠎ᠤᠨ ᠡᠭᠦᠳᠡᠨ ᠡᠮᠨᠡᠯᠭᠡ᠎ᠳᠤ ᠡᠮᠨᠡᠭᠦᠯᠬᠦ᠂ ᠡᠭᠦᠳᠡᠨ ᠡᠮᠨᠡᠯᠭᠡ᠎ᠳᠤ ᠤᠵᠢᠭ ᠡᠪᠡᠳᠴᠢᠨ ᠣᠨᠴᠠᠭ᠋ᠠᠶ ᠡᠪᠡᠳᠴᠢᠨ ᠡᠮᠨᠡᠭᠦᠯᠬᠦ᠎ᠳᠤ ᠨᠢᠭᠡᠳᠦᠯᠲᠡᠢ ᠲᠥᠯᠥᠪᠯᠡᠬᠦ ᠬᠠᠷᠠᠭ᠋ᠠᠯᠵᠠᠯ᠎ᠢ ᠪᠠᠭᠲᠠᠭ᠋ᠠᠨ᠎ᠠ)ᠪᠠ ᠦᠷᠡᠵᠢᠯ᠎ᠤᠨ ᠳᠠᠭ᠋ᠠᠳᠬᠠᠯ᠎ᠤᠨ ᠬᠠᠷᠠᠭ᠋ᠠᠯᠵᠠᠯ᠎ᠢ ᠬᠦᠷᠲᠡᠵᠦ ᠪᠣᠯᠣᠨ᠎ᠠ ᠃

ᠳᠥᠷᠪᠡ᠂ ᠠᠵᠢᠯ ᠠᠯᠳᠠᠭᠰᠠᠳ᠎ᠤᠨ ᠳᠠᠭ᠋ᠠᠳᠬᠠᠯ᠎ᠤᠨ ᠮᠥᠩᠭᠦ ᠬᠦᠷᠲᠡᠵᠦ ᠪᠠᠶ᠋ᠢᠭ᠎ᠠ ᠬᠤᠭᠤᠴᠠᠭ᠋ᠠᠨ᠎ᠳᠤ ᠡᠮᠴᠢᠯᠡᠭᠡᠨ᠎ᠤ ᠳᠠᠭ᠋ᠠᠳᠬᠠᠯ᠎ᠤᠨ ᠬᠠᠷᠠᠭ᠋ᠠᠯᠵᠠᠯ᠎ᠢ  ᠦᠷᠭᠦᠯᠵᠢᠯᠡᠨ ᠬᠦᠷᠲᠡᠭᠡᠳ ᠪᠠᠶ᠋ᠢᠵᠤ ᠪᠣᠯᠣᠨ᠎ᠠ ᠦᠦ? 

ᠪᠣᠯᠣᠨ᠎ᠠ᠃ ᠠᠵᠢᠯ ᠠᠯᠳᠠᠭᠰᠠᠳ᠎ᠢ ᠠᠵᠢᠯ ᠠᠯᠳᠠᠭᠰᠠᠳ᠎ᠤᠨ ᠳᠠᠭ᠋ᠠᠳᠬᠠᠯ᠎ᠤᠨ ᠮᠥᠩᠭᠦ ᠬᠦᠷᠲᠡᠵᠦ ᠪᠠᠶ᠋ᠢᠭ᠎ᠠ ᠬᠤᠭᠤᠴᠠᠭ᠋ᠠᠨ᠎ᠳᠤ᠂ ᠠᠵᠢᠯ ᠠᠯᠳᠠᠭᠰᠠᠳ᠎ᠤᠨ ᠳᠠᠭ᠋ᠠᠳᠬᠠᠯ᠎ᠤᠨ ᠰᠠᠭᠤᠷᠢ ᠮᠥᠩᠭᠦᠨ᠎ᠠᠴᠠ ᠠᠵᠢᠯᠲᠠᠨ ᠠᠵᠢᠯᠴᠢᠨ᠎ᠤ ᠦᠨᠳᠦᠰᠦᠨ ᠡᠮᠴᠢᠯᠡᠭᠡᠨ᠎ᠤ ᠳᠠᠭ᠋ᠠᠳᠬᠠᠯ᠎ᠤᠨ ᠰᠦᠢ᠍ᠳᠬᠡᠯ᠎ᠢ᠎ᠨᠢ ᠢᠵᠢᠯ ᠠᠯᠬᠤᠮ ᠵᠶ᠋ᠠᠷ ᠲᠤᠰᠢᠶᠠᠵᠤ ᠥᠭᠭᠦᠨ᠎ᠡ᠂ ᠠᠵᠢᠯ ᠠᠯᠳᠠᠭᠰᠠᠳ᠎ᠤᠨ ᠳᠠᠭ᠋ᠠᠳᠬᠠᠯ᠎ᠤᠨ ᠮᠥᠩᠭᠦ ᠵᠢ ᠬᠡᠳᠦᠢ ᠤᠷᠲᠤ ᠬᠤᠭᠤᠴᠠᠭ᠎ᠠ ᠠᠪᠤᠪᠠᠯ ᠠᠵᠢᠯᠲᠠᠨ ᠠᠵᠢᠯᠴᠢᠨ᠎ᠤ ᠦᠨᠳᠦᠰᠦᠨ ᠡᠮᠴᠢᠯᠡᠭᠡᠨ᠎ᠤ ᠳᠠᠭ᠋ᠠᠳᠬᠠᠯ᠎ᠤᠨ ᠰᠦᠢ᠍ᠳᠬᠡᠯ᠎ᠢ᠎ᠨᠢ ᠳᠠᠷᠤᠢ ᠲᠡᠳᠦᠢ ᠤᠷᠲᠤ ᠬᠤᠭᠤᠴᠠᠭ᠎ᠠ ᠲᠤᠰᠢᠶᠠᠵᠤ ᠥᠭᠭᠦᠨ᠎ᠡ᠃

ᠲᠠᠪᠤ᠂ ᠠᠵᠢᠯ ᠠᠯᠳᠠᠭᠰᠠᠳ᠎ᠤᠨ ᠳᠠᠭ᠋ᠠᠳᠬᠠᠯ᠎ᠤᠨ ᠮᠥᠩᠭᠦ ᠬᠦᠷᠲᠡᠵᠦ ᠪᠠᠶ᠋ᠢᠭ᠎ᠠ ᠬᠤᠭᠤᠴᠠᠭ᠋ᠠᠨ᠎ᠳᠤ ᠠᠵᠢᠯᠲᠠᠨ ᠠᠵᠢᠯᠴᠢᠨ᠎ᠤ ᠦᠨᠳᠦᠰᠦᠨ ᠡᠮᠴᠢᠯᠡᠭᠡᠨ᠎ᠤ ᠳᠠᠭ᠋ᠠᠳᠬᠠᠯ᠎ᠤᠨ ᠰᠦᠢ᠍ᠳᠬᠡᠯ ᠲᠤᠰᠢᠶᠠᠭᠰᠠᠨ ᠵᠢᠯ ᠬᠤᠭᠤᠴᠠᠭ᠎ᠠ ᠵᠢ ᠨᠡᠶ᠋ᠢᠯᠡᠭᠦᠯᠦᠨ ᠪᠤᠳᠤᠵᠤ  ᠥᠭᠭᠦᠨ᠎ᠡ  ᠦᠦ?

ᠪᠣᠳᠣᠵᠤ ᠥᠭᠭᠦᠨ᠎ᠡ ᠃ ᠠᠵᠢᠯ ᠠᠯᠳᠠᠭᠰᠠᠳ᠎ᠤᠨ ᠳᠠᠭ᠋ᠠᠳᠬᠠᠯ᠎ᠤᠨ ᠮᠥᠩᠭᠦ ᠬᠦᠷᠲᠡᠵᠦ  ᠪᠠᠶ᠋ᠢᠭ᠎ᠠ ᠬᠥᠮᠥᠰ᠎ᠤᠨ ᠠᠵᠢᠯᠲᠠᠨ ᠠᠵᠢᠯᠴᠢᠨ᠎ᠤ ᠡᠮᠴᠢᠯᠡᠭᠡᠨ᠎ᠤ ᠳᠠᠭ᠋ᠠᠳᠬᠠᠯ᠎ᠳᠤ ᠣᠷᠣᠯᠴᠠᠬᠤ᠎ᠪᠠᠷ ᠰᠦᠢ᠍ᠳᠬᠡᠯ ᠲᠤᠰᠢᠶᠠᠭᠰᠠᠨ ᠵᠢᠯ ᠬᠤᠭᠤᠴᠠᠭ᠎ᠠ ᠵᠢ᠎ᠨᠢ ᠲᠡᠭᠦᠨ᠎ᠤ ᠠᠵᠢᠯ ᠠᠯᠳᠠᠬᠤ᠎ᠠᠴᠠ ᠡᠮᠦᠨᠡᠬᠢ ᠠᠵᠢᠯᠲᠠᠨ ᠠᠵᠢᠯᠴᠢᠨ᠎ᠤ ᠡᠮᠴᠢᠯᠡᠭᠡᠨ᠎ᠤ ᠳᠠᠭ᠋ᠠᠳᠬᠠᠯ᠎ᠳᠤ ᠣᠷᠣᠯᠴᠠᠬᠤ᠎ᠪᠠᠷ ᠰᠦᠢ᠍ᠳᠬᠡᠯ ᠲᠤᠰᠢᠶᠠᠭᠰᠠᠨ ᠵᠢᠯ ᠬᠤᠭᠤᠴᠠᠭ᠎ᠠ᠎ᠲᠠᠢ᠎ᠨᠢ  ᠨᠡᠶ᠋ᠢᠯᠡᠭᠦᠯᠦᠨ ᠪᠣᠳᠣᠨ᠎ᠠ᠃

 

ᠢᠷᠡᠯᠲᠡ᠄ ᠥᠪᠥᠷ ᠮᠣᠩᠭᠤᠯ᠎ᠤᠨ ᠵᠠᠰᠠᠭ᠎ᠤᠨ ᠣᠷᠳᠣᠨ
          
ᠬᠠᠮᠢᠶ᠎ᠡ ᠪᠦᠬᠦᠢ ᠰᠣᠨᠢᠨ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ ᠵᠡᠷᠭᠡ ᠠᠷᠪᠠᠨ ᠳᠣᠯᠣᠭ᠋ᠠᠨ ᠰᠠᠯᠠᠭ᠎ᠠ ᠮᠥᠴᠢᠷ ᠬᠠᠮᠲᠤᠷᠠᠨ ᠳᠠᠷᠤᠮᠠᠯᠯᠠᠨ ᠲᠠᠷᠬᠠᠭ᠋ᠠᠭᠰᠠᠨ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠭᠡᠷ ᠪᠦᠯᠢ ᠰᠤᠷᠭ᠋ᠠᠭᠤᠯᠢ ᠨᠡᠶ᠋ᠢᠭᠡᠮ ᠬᠠᠮᠵᠢᠯᠴᠠᠨ ᠬᠥᠮᠦᠨ ᠬᠥᠮᠦᠵᠢᠭᠦᠯᠬᠦ 〈ᠰᠤᠷᠭ᠋ᠠᠨ ᠬᠥᠮᠦᠵᠢᠯ᠎ᠤᠨ ᠬᠣᠯᠪᠣᠭ᠋ᠠᠲᠤ ᠴᠣᠭᠴᠠ〉 ᠵᠢᠨ ᠬᠡᠷᠡᠭᠵᠢᠭᠦᠯᠬᠦ ᠲᠥᠰᠦᠯ》᠎ᠤᠨ ᠲᠤᠬᠠᠢ ᠲᠥᠷᠥ ᠵᠢᠨ ᠪᠣᠳᠣᠯᠭ᠎ᠠ ᠵᠢᠨ ᠲᠠᠶ᠋ᠢᠯᠤᠮᠵᠢ
《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠵᠠᠰᠠᠭ ᠵᠠᠬᠢᠷᠭ᠋ᠠᠨ᠎ᠤ ᠡᠷᠬᠡ ᠵᠢᠨ ᠨᠠᠷᠢᠨ ᠲᠠᠩᠰᠠ ᠵᠢᠨ ᠬᠠᠮᠢᠶᠠᠷᠤᠯᠲᠠ ᠵᠢᠨ ᠠᠷᠭ᠎ᠠ》 ᠵᠢᠨ ᠲᠥᠷᠥ ᠵᠢᠨ ᠪᠣᠳᠣᠯᠭ᠎ᠠ ᠵᠢᠨ ᠲᠠᠶ᠋ᠢᠯᠤᠮᠵᠢ
《ᠤᠯᠤᠰ᠎ᠤᠨ ᠨᠡᠮᠡᠭᠦᠷᠢ》 ᠦᠷᠭᠦᠯᠵᠢᠯᠡᠵᠦ ᠪᠣᠢ
ᠤᠯᠤᠰ᠎ᠤᠨ ᠨᠡᠶ᠋ᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠤᠨ ᠲᠥᠭᠡᠮᠡᠯᠵᠢᠭᠦᠯᠦᠯᠲᠡ ᠵᠢᠨ ᠬᠡᠮᠵᠢᠶ᠎ᠡ ᠪᠠ ᠴᠢᠨᠠᠷ ᠴᠢᠨᠰᠠᠭ᠎ᠠ ᠵᠢ ᠬᠡᠷᠬᠢᠨ ᠪᠦᠬᠦ ᠲᠠᠯ᠎ᠠ᠎ᠪᠠᠷ ᠳᠡᠭᠡᠭᠰᠢᠯᠡᠭᠦᠯᠬᠦ ᠪᠤᠢ? ᠰᠤᠷᠭ᠋ᠠᠨ ᠬᠥᠮᠦᠵᠢᠯ᠎ᠤᠨ ᠶᠠᠮᠤᠨ᠎ᠠᠴᠠ 5 ᠠᠰᠠᠭᠤᠯᠲᠠ ᠵᠢ ᠨᠠᠷᠢᠯᠢᠭ ᠲᠠᠢ᠌ᠯᠪᠤᠷᠢᠯᠠᠭᠰᠠᠨ᠎ᠨᠢ
ᠬᠡᠷ᠎ᠤᠨ ᠬᠥᠮᠦᠵᠢᠯ᠎ᠢ ᠠᠬᠢᠭᠤᠯᠬᠤ ᠬᠠᠤᠯᠢ ᠵᠢᠨ ᠭᠤᠤᠯᠳᠠᠯᠭ᠎ᠠ ᠵᠢᠨ ᠲᠠᠢ᠌ᠯᠤᠨ
 
             蒙ICP备05000248号