2025 ᠣᠨ᠎ᠤ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ 《ᠦᠨᠳᠦᠰᠦᠲᠡᠨ᠎ᠤ ᠲᠤᠬᠠᠢ ᠲᠥᠷᠥ ᠵᠢᠨ ᠪᠣᠳᠣᠯᠭ᠎ᠠ ᠵᠢᠨ ᠤᠬᠠᠭᠤᠯᠭ᠎ᠠ ᠵᠢᠨ ᠰᠠᠷ᠎ᠠ》 《ᠦᠨᠳᠦᠰᠦᠲᠡᠨ᠎ᠤ ᠲᠤᠬᠠᠢ ᠬᠠᠤᠯᠢ᠎ᠪᠠᠷ ᠵᠠᠰᠠᠬᠤ ᠤᠬᠠᠭᠤᠯᠭ᠎ᠠ ᠵᠢᠨ ᠭᠠᠷᠠᠭ》
ᠴᠠᠭ᠎ᠤᠨ ᠲᠣᠬᠢᠷᠠᠭᠤᠯᠤᠯᠲᠠ
ᠦᠨᠳᠦᠰᠦᠲᠡᠨ᠎ᠤ ᠲᠤᠬᠠᠢ ᠲᠥᠷᠥ ᠵᠢᠨ ᠪᠣᠳᠣᠯᠭ᠎ᠠ ᠵᠢᠨ ᠤᠬᠠᠭᠤᠯᠭ᠎ᠠ ᠵᠢᠨ ᠰᠠᠷ᠎ᠠ᠄ 5 ᠳ᠋ᠤᠭ᠋ᠠᠷ ᠰᠠᠷ᠎ᠠ ᠵᠢᠨ 1᠎ᠤ ᠡᠳᠦᠷ᠎ᠠᠴᠠ 5 ᠳ᠋ᠤᠭ᠋ᠠᠷ ᠰᠠᠷ᠎ᠠ ᠵᠢᠨ 31᠎ᠤ ᠡᠳᠦᠷ
ᠦᠨᠳᠦᠰᠦᠲᠡᠨ᠎ᠤ ᠲᠤᠬᠠᠢ ᠬᠠᠤᠯᠢ᠎ᠪᠠᠷ ᠵᠠᠰᠠᠬᠤ ᠤᠬᠠᠭᠤᠯᠭ᠎ᠠ ᠵᠢᠨ ᠭᠠᠷᠠᠭ᠄ 5 ᠳ᠋ᠤᠭ᠋ᠠᠷ ᠰᠠᠷ᠎ᠠ ᠵᠢᠨ 25᠎ᠤ ᠡᠳᠦᠷ᠎ᠠᠴᠠ 5 ᠳ᠋ᠤᠭ᠋ᠠᠷ ᠰᠠᠷ᠎ᠠ ᠵᠢᠨ 31᠎ᠤ ᠡᠳᠦᠷ
ᠠᠵᠢᠯ᠎ᠤᠨ ᠭᠤᠣᠯ ᠰᠡᠳᠦᠪ
ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠨ᠂ ᠪᠦᠯᠬᠦᠮᠳᠡᠨ ᠲᠡᠮᠡᠴᠡᠵᠦ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠪᠠᠶ᠋ᠢᠭᠤᠯᠤᠯᠲᠠ ᠵᠢ ᠪᠦᠬᠦ ᠲᠠᠯ᠎ᠠ᠎ᠪᠠᠷ ᠲᠦᠯᠬᠢᠨ ᠠᠬᠢᠭᠤᠯᠤᠨ᠎ᠠ᠃
ᠶᠡᠷᠦᠩᠬᠡᠢ ᠱᠠᠭ᠋ᠠᠷᠳᠠᠯᠭ᠎ᠠ
ᠰᠢ᠎ᠵᠢᠨ᠎ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠤᠳᠤᠯᠭ᠎ᠠ ᠪᠣᠯᠭ᠋ᠠᠬᠤ ᠵᠢ ᠪᠠᠷᠢᠮᠲᠠᠯᠠᠨ᠂ ᠨᠠᠮ᠎ᠤᠨ ᠬᠤᠷᠢᠳᠤᠭ᠋ᠠᠷ ᠶᠡᠭᠡ ᠬᠤᠷᠠᠯ ᠪᠠ ᠬᠤᠷᠢᠳᠤᠭ᠋ᠠᠷ ᠬᠤᠭᠤᠴᠠᠭ᠋ᠠᠨ᠎ᠤ ᠲᠥᠪ ᠬᠤᠷᠢᠶᠠᠨ᠎ᠤ ᠬᠤᠶᠠᠳᠤᠭ᠋ᠠᠷ᠂ ᠭᠤᠷᠪᠠᠳᠤᠭ᠋ᠠᠷ ᠪᠦᠭᠦᠳᠡ ᠬᠤᠷᠠᠯ᠎ᠤᠨ ᠵᠣᠷᠢᠭ ᠰᠠᠨᠠᠭ᠎ᠠ ᠵᠢ ᠪᠦᠬᠦ ᠲᠠᠯ᠎ᠠ᠎ᠪᠠᠷ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠶᠡᠷᠦᠩᠬᠡᠢ ᠱᠦᠵᠢ ᠰᠢ᠎ᠵᠢᠨ᠎ᠫᠢᠩ᠎ᠤᠨ ᠦᠨᠳᠦᠰᠦᠲᠡᠨ᠎ᠤ ᠲᠤᠬᠠᠢ ᠠᠵᠢᠯ᠎ᠢ ᠴᠢᠩᠭ᠋ᠠᠳᠬᠠᠨ ᠰᠠᠶ᠋ᠢᠵᠢᠷᠠᠭᠤᠯᠬᠤ ᠴᠢᠬᠤᠯᠠ ᠦᠵᠡᠯ ᠰᠠᠨᠠᠭ᠎ᠠ ᠪᠠ ᠪᠦᠬᠦ ᠤᠯᠤᠰ᠎ᠤᠨ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢ ᠬᠥᠬᠢᠭᠦᠯᠦᠨ ᠰᠠᠶ᠋ᠢᠰᠢᠶᠠᠬᠤ ᠶᠡᠭᠡ ᠬᠤᠷᠠᠯ ᠳᠡᠭᠡᠷᠡᠬᠢ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢ ᠭᠦᠨᠵᠡᠭᠡᠢ ᠰᠤᠷᠤᠯᠴᠠᠨ ᠤᠬᠠᠭᠤᠯᠵᠤ ᠲᠤᠭᠤᠰᠢᠯᠠᠭᠤᠯᠤᠨ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ᠎ᠪᠠᠷ ᠠᠵᠢᠯ᠎ᠤᠨ ᠭᠤᠣᠯ ᠱᠤᠭᠤᠮ ᠪᠣᠯᠭ᠋ᠠᠵᠤ᠂ 《ᠳᠥᠷᠪᠡ ᠵᠢ ᠶᠡᠭᠡ᠎ᠪᠠᠷ ᠤᠬᠠᠭᠤᠯᠬᠤ》 ᠪᠠ 《ᠭᠤᠷᠪᠠ ᠵᠢ ᠲᠣᠳᠣᠷᠬᠠᠶ᠋ᠢᠯᠠᠨ ᠶᠠᠷᠢᠬᠤ》᠎ᠯᠤᠭ᠎ᠠ ᠨᠢᠭᠲᠠ ᠤᠶᠠᠯᠳᠤᠭᠤᠯᠤᠨ᠂ ᠨᠠᠮ᠎ᠤᠨ ᠦᠨᠳᠦᠰᠦᠲᠡᠨ᠎ᠤ ᠲᠤᠬᠠᠢ ᠣᠨᠣᠯ᠎ᠤᠨ ᠲᠥᠷᠥ ᠵᠢᠨ ᠪᠣᠳᠣᠯᠭ᠎ᠠ ᠪᠠ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠤᠨ ᠤᠬᠠᠭᠤᠯᠭ᠎ᠠ ᠬᠥᠮᠦᠵᠢᠯ᠎ᠢ ᠪᠥᠬᠦ ᠲᠠᠯ᠎ᠠ᠎ᠪᠠᠷ ᠴᠢᠩᠭ᠋ᠠᠳᠬᠠᠵᠤ᠂ ᠪᠥᠬᠦ ᠣᠷᠣᠨ᠎ᠤ ᠦᠨᠳᠦᠰᠦᠲᠡᠨ᠎ᠨᠦᠭᠦᠳ᠎ᠤᠨ ᠺᠠᠳ᠋ᠷ ᠣᠯᠠᠨ ᠲᠦᠮᠡᠨ᠎ᠢ ᠬᠥᠮᠥᠵᠢᠭᠦᠯᠦᠨ ᠳᠠᠭ᠋ᠠᠭᠤᠯᠵᠤ ᠪᠠᠶ᠋ᠢᠭ᠋ᠠᠳ 《ᠬᠤᠶᠠᠷ᠎ᠢ ᠲᠣᠭᠲᠠᠭ᠋ᠠᠭᠰᠠᠨ 》᠎ᠢ ᠡᠷᠡᠰ ᠬᠦᠷᠢᠶᠡᠯᠡᠵᠦ᠂ 《ᠬᠤᠶᠠᠷ᠎ᠢ ᠬᠠᠮᠠᠭ᠋ᠠᠯᠠᠬᠤ》 ᠵᠢ ᠡᠷᠡᠰ ᠪᠡᠶᠡᠯᠡᠭᠦᠯᠦᠨ᠂ 《ᠨᠢᠭᠡ ᠭᠤᠣᠯ ᠰᠢᠵᠢᠮ᠎ᠢ ᠲᠤᠭᠤᠰᠢᠯᠠᠭᠤᠯᠤᠨ᠂ ᠬᠤᠶᠠᠷ ᠶᠡᠭᠡ ᠶᠠᠪᠤᠳᠠᠯ᠎ᠢ ᠰᠠᠶ᠋ᠢᠲᠤᠷ ᠬᠢᠵᠦ᠂ ᠮᠣᠩᠭᠤᠯ ᠮᠣᠷᠢᠨ᠎ᠤ ᠵᠣᠷᠢᠭ ᠰᠠᠨᠠᠭ᠎ᠠ ᠵᠢ ᠪᠠᠳᠠᠷᠠᠭᠤᠯᠤᠨ᠂ ᠰᠢᠨ᠎ᠡ ᠵᠠᠮ᠎ᠢ ᠨᠡᠭᠡᠭᠡᠵᠦ ᠳᠤᠮᠳᠠ ᠲᠦᠪᠰᠢᠨ᠎ᠳᠤ ᠳᠠᠪᠰᠢᠬᠤ 》 ᠲᠠᠯ᠎ᠠ᠎ᠪᠠᠷ ᠨᠡᠩ ᠶᠡᠭᠡ ᠠᠬᠢᠴᠠ᠎ᠲᠠᠢ ᠪᠣᠯᠬᠤ᠎ᠪᠠᠷ ᠴᠢᠷᠮᠠᠶ᠋ᠢᠨ᠎ᠠ᠃
ᠭᠤᠣᠯᠳᠠᠯᠭ᠎ᠠ᠎ᠲᠠᠢ ᠤᠬᠠᠭᠤᠯᠬᠤ ᠠᠭᠤᠯᠭ᠎ᠠ
ᠨᠠᠮ᠎ᠤᠨ ᠬᠤᠷᠢᠳᠤᠭ᠋ᠠᠷ ᠶᠡᠭᠡ ᠬᠤᠷᠠᠯ ᠪᠠ ᠬᠤᠷᠢᠳᠤᠭ᠋ᠠᠷ ᠬᠤᠭᠤᠴᠠᠭ᠋ᠠᠨ᠎ᠤ ᠲᠥᠪ ᠬᠤᠷᠢᠶᠠᠨ᠎ᠤ ᠬᠤᠶᠠᠳᠤᠭ᠋ᠠᠷ᠂ ᠭᠤᠷᠪᠠᠳᠤᠭ᠋ᠠᠷ ᠪᠥᠬᠦᠳᠡ ᠬᠤᠷᠠᠯ᠎ᠤᠨ ᠵᠣᠷᠢᠭ ᠰᠠᠨᠠᠭ᠎ᠠ; ᠰᠢ᠎ᠵᠢᠨ᠎ᠫᠢᠩ᠎ᠤᠨ ᠬᠠᠤᠯᠢᠵᠢᠯ᠎ᠤᠨ ᠦᠵᠡᠯ ᠰᠠᠨᠠᠭ᠎ᠠ᠂ ᠰᠢ᠎ᠵᠢᠨ᠎ᠫᠢᠩ᠎ᠤᠨ ᠰᠣᠶᠣᠯ᠎ᠤᠨ ᠦᠵᠡᠯ ᠰᠠᠨᠠᠭ᠎ᠠ᠂ ᠶᠡᠷᠦᠩᠬᠡᠢ ᠱᠦᠵᠢ ᠰᠢ᠎ᠵᠢᠨ᠎ᠫᠢᠩ᠎ᠤᠨ ᠦᠨᠳᠦᠰᠦᠲᠡᠨ᠎ᠤ ᠲᠤᠬᠠᠢ ᠠᠵᠢᠯ᠎ᠢ ᠴᠢᠩᠭ᠋ᠠᠳᠬᠠᠨ ᠰᠠᠶ᠋ᠢᠵᠢᠷᠠᠭᠤᠯᠬᠤ ᠴᠢᠬᠤᠯᠠ ᠦᠵᠡᠯ ᠰᠠᠨᠠᠭ᠎ᠠ᠂ ᠶᠡᠷᠦᠩᠬᠡᠢ ᠱᠦᠵᠢ ᠰᠢ᠎ᠵᠢᠨ᠎ᠫᠢᠩ᠎ᠤᠨ ᠪᠦᠬᠦ ᠤᠯᠤᠰ᠎ᠤᠨ ᠦᠨᠳᠦᠰᠦᠲᠡᠨ᠎ᠤ ᠪᠦᠯᠬᠦᠮᠳᠡᠯ ᠲᠠᠪᠰᠢᠯᠳᠠ ᠵᠢ ᠬᠥᠬᠢᠭᠦᠯᠦᠨ ᠰᠠᠶ᠋ᠢᠰᠢᠶᠠᠬᠤ ᠶᠡᠭᠡ ᠬᠤᠷᠠᠯ ᠳᠡᠭᠡᠷᠡᠬᠢ ᠴᠢᠬᠤᠯᠠ ᠶᠠᠷᠢᠶᠠᠨ᠎ᠤ ᠵᠣᠷᠢᠭ ᠰᠠᠨᠠᠭ᠎ᠠ; ᠲᠥᠪ᠎ᠤᠨ ᠪᠠ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶᠠᠨ᠎ᠤ ᠦᠨᠳᠦᠰᠦᠲᠡᠨ᠎ᠤ ᠲᠤᠬᠠᠢ ᠠᠵᠢᠯ᠎ᠤᠨ ᠬᠤᠷᠠᠯᠳᠤᠭ᠋ᠠᠨ᠎ᠤ ᠵᠣᠷᠢᠭ ᠰᠠᠨᠠᠭ᠎ᠠ; ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠤ᠂ ᠦᠨᠳᠦᠰᠦᠲᠡᠨ᠎ᠨᠦᠭᠦᠳ᠎ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠭ᠎ᠠ ᠵᠢ ᠠᠬᠢᠭᠤᠯᠬᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ᠂ 《ᠮᠣᠩᠭᠤᠯ ᠮᠣᠷᠢᠨ᠎ᠤ ᠵᠣᠷᠢᠭ ᠰᠠᠨᠠᠭ᠎ᠠ》 ᠪᠠ 《ᠤᠮᠠᠷᠠᠲᠤ ᠵᠢᠨ ᠭᠤᠷᠪᠠᠨ ᠣᠷᠣᠨ᠎ᠤ ᠵᠣᠷᠢᠭ ᠰᠠᠨᠠᠭ᠎ᠠ》 ᠵᠢ ᠪᠠᠳᠠᠷᠠᠭᠤᠯᠬᠤ ᠪᠠᠷ ᠦᠨᠳᠦᠰᠦᠨ ᠠᠭᠤᠯᠤᠭᠳᠠᠬᠤᠨ ᠪᠣᠯᠭ᠋ᠠᠭᠰᠠᠨ ᠤᠮᠠᠷᠠᠲᠤ ᠬᠢᠯᠢ ᠵᠢᠨ ᠰᠣᠶᠣᠯ; 《ᠪᠥᠬᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠦᠨᠳᠦᠰᠦᠨ ᠬᠠᠤᠯᠢ》 《ᠪᠥᠬᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠤᠯᠤᠰ᠎ᠤᠨ ᠨᠡᠶ᠋ᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ᠎ᠤᠨ ᠬᠠᠤᠯᠢ》 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢ ᠠᠬᠢᠭᠤᠯᠬᠤ ᠳᠦᠷᠢᠮ》 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠵᠢᠱ᠌ᠢᠶᠡᠴᠢ ᠥᠪᠡᠷᠲᠡᠭᠡᠨ ᠵᠠᠰᠠᠬᠤ ᠣᠷᠣᠨ᠎ᠢ ᠪᠥᠬᠦ ᠲᠠᠯ᠎ᠠ᠎ᠪᠠᠷ ᠪᠦᠲᠦᠭᠡᠨ ᠪᠠᠶ᠋ᠢᠭᠤᠯᠬᠤ ᠵᠢ ᠠᠬᠢᠭᠤᠯᠬᠤ ᠳᠦᠷᠢᠮ》 ᠵᠡᠷᠭᠡ ᠲᠥᠷᠥ ᠵᠢᠨ ᠪᠣᠳᠣᠯᠭ᠎ᠠ ᠬᠠᠤᠯᠢ ᠲᠣᠭᠲᠠᠭ᠋ᠠᠯ᠃
ᠠᠵᠢᠯ᠎ᠤᠨ ᠲᠣᠬᠢᠷᠠᠭᠤᠯᠤᠯᠲᠠ
ᠲᠤᠰᠬᠠᠢ ᠬᠦᠷᠢᠶᠡᠨ᠎ᠳᠠᠬᠢ ᠠᠵᠢᠯ
ᠡᠨᠡ ᠵᠢᠯ ᠭᠠᠴᠠᠭ᠎ᠠ ᠲᠣᠰᠬᠤᠨ ᠪᠠ ᠨᠡᠶ᠋ᠢᠭᠡᠮ ᠲᠣᠭᠤᠷᠢᠭ᠎ᠲᠤ ᠭᠤᠣᠯᠳᠠᠯᠭ᠎ᠠ᠎ᠲᠠᠢ ᠬᠠᠨᠳᠤᠭᠤᠯᠤᠨ᠂ ᠠᠯᠪᠠᠨ ᠪᠠᠶ᠋ᠢᠭᠤᠯᠭ᠎ᠠ ᠂ ᠠᠵᠤ ᠠᠬᠤᠶ᠋ᠢᠯᠠᠯ᠂ ᠰᠤᠷᠭ᠋ᠠᠭᠤᠯᠢ᠂ ᠴᠡᠷᠢᠭ᠎ᠤᠨ ᠰᠤᠮᠤᠨ ᠠᠩᠭᠢ᠂ ᠱᠠᠰᠢᠨ ᠰᠤᠷᠲᠠᠬᠤᠨ᠎ᠤ ᠠᠵᠢᠯᠯᠠᠭ᠎ᠠ ᠵᠢᠨ ᠲᠠᠯᠠᠪᠤᠷ ᠭᠠᠵᠠᠷ᠂ ᠰᠣᠶᠣᠯ ᠵᠢᠭᠤᠯᠴᠢᠯᠠᠯ᠎ᠤᠨ ᠲᠠᠯᠠᠪᠤᠷ ᠭᠠᠵᠠᠷ᠂ ᠰᠦᠯᠵᠢᠶ᠎ᠡ ᠵᠡᠷᠭᠡ 9 ᠬᠦᠷᠢᠶ᠎ᠡ ᠴᠠᠷᠠᠭ᠎ᠠ ᠵᠢᠴᠢ ᠨᠡᠶ᠋ᠢᠭᠡᠮ᠎ᠤᠨ ᠡᠯ᠎ᠡ ᠬᠦᠷᠢᠶ᠎ᠡ ᠵᠢ ᠨᠢᠭᠡᠳᠦᠯᠲᠡᠢ ᠲᠥᠯᠥᠪᠯᠡᠨ ᠬᠠᠮᠤᠷᠴᠤ ᠠᠵᠢᠯ ᠵᠶ᠋ᠠᠨ ᠥᠷᠨᠢᠭᠦᠯᠦᠨ᠎ᠡ᠃
ᠠᠯᠪᠠᠨ ᠪᠠᠶ᠋ᠢᠭᠤᠯᠭ᠎ᠠ᠎ᠳᠤ ᠦᠷᠨᠢᠭᠦᠯᠦᠨ᠎ᠡ
《ᠭᠤᠷᠪᠠᠨ ᠬᠤᠷᠠᠯ ᠨᠢᠭᠡ ᠬᠢᠴᠢᠶᠡᠯ》᠂ ᠨᠠᠮ᠎ᠤᠨ ᠭᠤᠣᠯ ᠰᠡᠳᠦᠪᠲᠦ ᠡᠳᠦᠷ᠂ ᠠᠯᠪᠠᠨ ᠪᠠᠶ᠋ᠢᠭᠤᠯᠭ᠎ᠠ ᠵᠢᠨ ᠺᠠᠳ᠋ᠷᠴᠤᠳ᠎ᠤᠨ ᠤᠯᠤᠰ ᠲᠥᠷᠥ ᠣᠨᠣᠯ᠎ᠤᠨ ᠰᠤᠷᠤᠯᠴᠠᠯᠭ᠎ᠠ ᠵᠡᠷᠭᠡ ᠵᠢ ᠥᠷᠨᠢᠭᠦᠯᠬᠦ᠎ᠪᠠᠷ ᠳᠠᠮᠵᠢᠭᠤᠯᠤᠨ᠂ ᠨᠠᠮ᠎ᠤᠨ ᠭᠡᠰᠢᠭᠦᠨ ᠺᠠᠳ᠋ᠷᠴᠤᠳ᠎ᠢ ᠬᠥᠲᠥᠯᠥᠨ ᠵᠢᠯᠤᠭᠤᠳᠴᠤ ᠪᠠᠶ᠋ᠢᠭ᠋ᠠᠳ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ ᠵᠢᠨ ᠪᠠᠶᠠᠯᠢᠭ ᠠᠭᠤᠯᠤᠭᠳᠠᠬᠤᠨ᠎ᠢ ᠨᠠᠩ ᠭᠦᠨᠵᠡᠭᠡᠢ ᠲᠠᠨᠢᠭᠤᠯᠤᠨ᠎ᠠ᠃ ᠠᠯᠪᠠᠨ ᠪᠠᠶ᠋ᠢᠭᠤᠯᠭ᠎ᠠ ᠵᠢᠨ ᠨᠠᠮ᠎ᠤᠨ ᠭᠡᠰᠢᠭᠦᠨ ᠺᠠᠳ᠋ᠷ᠂ ᠠᠵᠢᠯ᠎ᠠᠴᠠ᠎ᠪᠠᠨ ᠠᠮᠠᠷᠠᠭᠰᠠᠨ ᠺᠠᠳ᠋ᠷ᠂ ᠲᠤᠰᠬᠠᠢ ᠮᠡᠷᠭᠡᠵᠢᠯᠲᠡᠨ ᠡᠷᠳᠡᠮᠲᠡᠨ᠎ᠤ ᠦᠢ᠍ᠯᠡᠳᠦᠯ᠎ᠢ ᠭᠦᠢ᠍ᠴᠡᠳ ᠪᠠᠳᠠᠷᠠᠭᠤᠯᠵᠤ᠂ ᠦᠨᠳᠦᠰᠦᠲᠡᠨ᠎ᠨᠦᠭᠦᠳ᠎ᠤᠨ ᠣᠯᠠᠨ ᠲᠦᠮᠡᠨ᠎ᠳᠤ ᠨᠠᠮ᠎ᠤᠨ ᠦᠨᠳᠦᠰᠦᠲᠡᠨ᠎ᠤ ᠲᠤᠬᠠᠢ ᠣᠨᠣᠯ ᠲᠥᠷᠥ ᠵᠢᠨ ᠪᠣᠳᠣᠯᠭ᠎ᠠ ᠪᠠ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠤᠨ ᠤᠬᠠᠭᠤᠯᠭ᠎ᠠ ᠲᠠᠶ᠋ᠢᠯᠤᠮᠵᠢ ᠵᠢ ᠰᠠᠶ᠋ᠢᠲᠤᠷ ᠬᠢᠨ᠎ᠡ᠃ ᠬᠤᠣᠰᠯᠠᠯ ᠪᠠᠶ᠋ᠢᠭᠤᠯᠵᠤ ᠬᠠᠮᠲᠤ᠎ᠪᠠᠷ ᠪᠠᠶ᠋ᠢᠭᠤᠯᠬᠤ᠂ ᠬᠤᠶᠠᠷ᠎ᠲᠤ ᠮᠡᠳᠡᠭᠦᠯᠦᠨ ᠬᠤᠶᠠᠷ᠎ᠲᠤ ᠦᠢ᠍ᠯᠡᠴᠢᠯᠡᠬᠦ ᠵᠡᠷᠭᠡ ᠠᠷᠭ᠎ᠠ ᠬᠡᠯᠪᠡᠷᠢ᠎ᠪᠠᠷ ᠳᠠᠮᠵᠢᠭᠤᠯᠤᠨ᠂ ᠦᠢ᠍ᠯᠡᠴᠢᠯᠡᠬᠦ ᠡᠲᠡᠭᠡᠳ ᠪᠠ ᠦᠨᠳᠦᠰᠦᠲᠡᠨ᠎ᠨᠦᠭᠦᠳ᠎ᠤᠨ ᠤᠯᠠᠨ ᠲᠦᠮᠡᠨ᠎ᠤ ᠪᠠᠴᠢᠮᠳᠠᠵᠤ ᠬᠦᠴᠢᠷᠳᠡᠵᠦ ᠵᠣᠪᠠᠵᠤ ᠬᠦᠰᠡᠵᠦ ᠪᠠᠶ᠋ᠢᠭ᠎ᠠ ᠠᠰᠠᠭᠤᠳᠠᠯ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠠᠷᠠᠳ᠎ᠤᠨ ᠠᠮᠢᠳᠤᠷᠠᠯ᠎ᠤᠨ ᠨᠢᠭᠡ ᠪᠦᠯᠦᠭ ᠪᠣᠳᠠᠲᠤ ᠶᠠᠪᠤᠳᠠᠯ᠎ᠢ ᠰᠠᠶ᠋ᠢᠲᠤᠷ ᠰᠢᠢ᠍ᠳᠪᠦᠷᠢᠯᠡᠨ ᠭᠦᠢ᠍ᠴᠡᠳᠬᠡᠵᠦ᠂ ᠠᠯᠪᠠᠨ ᠪᠠᠶ᠋ᠢᠭᠤᠯᠭ᠎ᠠ ᠵᠢᠨ ᠺᠠᠳ᠋ᠷᠴᠤᠳ᠎ᠢ ᠬᠥᠲᠥᠯᠥᠨ ᠵᠢᠯᠤᠭᠤᠳᠴᠤ ᠪᠠᠶ᠋ᠢᠭ᠋ᠠᠳ ᠨᠠᠮ᠎ᠤᠨ ᠦᠨᠳᠦᠰᠦᠲᠡᠨ᠎ᠤ ᠲᠤᠬᠠᠢ ᠤᠨᠤᠯ ᠲᠦᠷᠦ ᠵᠢᠨ ᠪᠣᠳᠣᠯᠭ᠎ᠠ ᠪᠠ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠢ ᠰᠤᠷᠤᠯᠴᠠᠨ ᠤᠬᠠᠭᠤᠯᠬᠤ ᠪᠠ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ ᠲᠠᠯ᠎ᠠ᠎ᠪᠠᠷ ᠬᠡᠪ ᠳᠠᠭᠤᠷᠢᠶᠠᠯ ᠪᠣᠯᠵᠤ᠂ ᠦᠯᠢᠭᠡᠷ ᠳᠠᠭᠤᠷᠢᠶᠠᠯ ᠦᠵᠡᠭᠦᠯᠦᠨ᠎ᠡ᠃
ᠠᠵᠤ ᠠᠬᠤᠶ᠋ᠢᠯᠠᠯ᠎ᠳᠤ ᠦᠷᠨᠢᠭᠦᠯᠦᠨ᠎ᠡ
《ᠠᠵᠤ ᠠᠬᠤᠶ᠋ᠢᠯᠠᠯ᠎ᠢ ᠲᠤᠰᠠᠯᠠᠬᠤ ᠠᠵᠢᠯᠯᠠᠭ᠋ᠠᠨ 》᠎ᠯᠤᠭ᠎ᠠ ᠤᠶᠠᠯᠳᠤᠭᠤᠯᠤᠨ᠂ ᠠᠵᠤ ᠠᠬᠤᠶ᠋ᠢᠯᠠᠯ᠎ᠳᠤ ᠬᠤᠯᠪᠣᠭᠳᠠᠬᠤ ᠲᠥᠷᠥ ᠵᠢᠨ ᠪᠣᠳᠣᠯᠭ᠎ᠠ ᠵᠢᠨ ᠤᠬᠠᠭᠤᠯᠤᠨ ᠲᠤᠭᠤᠰᠢᠯᠠᠭᠤᠯᠬᠤ ᠬᠦᠴᠦᠨ᠎ᠢ ᠴᠢᠩᠭ᠋ᠠᠳᠬᠠᠵᠤ᠂ ᠲᠥᠷᠥ ᠵᠢᠨ ᠪᠣᠳᠣᠯᠭ᠎ᠠ ᠵᠢ ᠨᠠᠶ᠋ᠢᠳᠠᠪᠤᠷᠢᠵᠢᠭᠤᠯᠤᠨ ᠪᠤᠲᠠᠲᠠᠶ᠋ᠢᠵᠢᠭᠤᠯᠬᠤ ᠵᠢ ᠦᠨᠡᠨ ᠬᠦ᠌ ᠪᠠᠲᠤᠯᠠᠨ᠎ᠠ᠃ ᠰᠤᠷᠤᠯᠴᠠᠯᠭ᠎ᠠ᠂ ᠪᠣᠯᠪᠠᠰᠤᠷᠠᠯ᠂ ᠲᠥᠷᠥ ᠵᠢᠨ ᠪᠣᠳᠣᠯᠭ᠎ᠠ᠂ ᠬᠠᠤᠯᠢ ᠴᠠᠭ᠋ᠠᠵᠠ᠂ ᠦᠢ᠍ᠯᠡᠴᠢᠯᠡᠭᠡ ᠵᠢ ᠦᠢ᠍ᠯᠡᠳᠪᠦᠷᠢ ᠵᠢᠨ ᠲᠠᠰᠤᠭ ᠪᠠ ᠠᠩᠭᠢ ᠳᠤᠭᠤᠶ᠋ᠢᠯᠠᠩ᠎ᠳᠤ ᠬᠦᠷᠭᠡᠬᠦ ᠠᠵᠢᠯ᠎ᠢ ᠦᠷᠨᠢᠭᠦᠯᠦᠨ᠂ ᠨᠠᠮ᠎ᠤᠨ ᠡᠭᠦᠷ᠎ᠤᠨ ᠱᠦᠵᠢ ᠵᠢ ᠵᠣᠬᠢᠶᠠᠨ ᠪᠠᠶ᠋ᠢᠭᠤᠯᠵᠤ ᠪᠠᠶ᠋ᠢᠭ᠋ᠠᠳ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ ᠲᠤᠰᠬᠠᠢ ᠰᠡᠳᠦᠪᠲᠦ ᠨᠠᠮ᠎ᠤᠨ ᠬᠢᠴᠢᠶᠡᠯ ᠶᠠᠷᠢᠭᠤᠯᠵᠤ᠂ ᠬᠠᠮᠲᠤ ᠵᠢᠨ ᠠᠵᠢᠯᠯᠠᠭ᠎ᠠ ᠵᠢᠴᠢ ᠰᠢᠯᠢᠳᠡᠭ ᠨᠠᠮ᠎ᠤᠨ ᠭᠡᠰᠢᠭᠦᠨ᠂ ᠠᠵᠢᠯ ᠲᠦᠷᠦᠯ᠎ᠤᠨ ᠬᠤᠰᠢᠭᠤᠴᠢᠯᠠᠭᠴᠢ᠂ ᠬᠥᠳᠡᠯᠮᠦᠷᠢ ᠵᠢᠨ ᠵᠢᠱ᠌ᠢᠶᠡᠴᠢ ᠤᠷᠠᠨ ᠳᠠᠷᠬᠠᠳ ᠵᠡᠷᠭᠡ ᠲᠡᠷᠢᠭᠦᠨ᠎ᠤ ᠨᠡᠶ᠋ᠢᠲᠡᠯᠢᠭ ᠵᠢᠱ᠌ᠢᠶ᠎ᠡ ᠵᠢᠨ ᠭᠤᠣᠯ ᠰᠡᠳᠦᠪᠲᠦ ᠤᠬᠠᠭᠤᠯᠤᠨ ᠲᠠᠶ᠋ᠢᠯᠪᠤᠷᠢᠯᠠᠬᠤ ᠠᠵᠢᠯᠯᠠᠭ᠎ᠠ ᠵᠢ ᠵᠣᠬᠢᠶᠠᠨ ᠪᠠᠶ᠋ᠢᠭᠤᠯᠤᠨ ᠥᠷᠨᠢᠭᠦᠯᠵᠦ᠂ ᠠᠵᠢᠯᠲᠠᠨ ᠠᠵᠢᠯᠴᠢᠨ᠎ᠤ ᠦᠰᠦᠨ ᠪᠤᠶ᠋ᠢᠵᠢᠯᠲᠠ ᠪᠠ ᠠᠵᠤ ᠠᠬᠤᠶ᠋ᠢᠯᠠᠯ᠎ᠤᠨ ᠬᠥᠭᠵᠢᠯᠲᠡ ᠵᠢ ᠬᠤᠯᠪᠣᠯᠳᠤᠭᠤᠯᠤᠭᠰᠠᠨ 《ᠰᠡᠳᠬᠢᠯ᠎ᠤᠨ ᠬᠤᠯᠪᠣᠭ᠋ᠠᠰᠤ》 ᠵᠢ ᠪᠠᠶ᠋ᠢᠭᠤᠯᠵᠤ᠂ ᠡᠶ᠎ᠡ ᠵᠣᠬᠢᠴᠠᠯ᠎ᠲᠠᠢ ᠬᠥᠳᠡᠯᠮᠦᠷᠢ ᠵᠢᠨ ᠬᠠᠷᠢᠴᠠᠭ᠎ᠠ ᠵᠢ ᠪᠠᠶ᠋ᠢᠭᠤᠯᠤᠨ᠎ᠠ᠃
ᠨᠡᠶ᠋ᠢᠭᠡᠮ ᠲᠣᠭᠤᠷᠢᠭ᠎ᠲᠤ ᠦᠷᠨᠢᠭᠦᠯᠦᠨ᠎ᠡ
ᠨᠠᠮ᠎ᠤᠨ ᠭᠡᠰᠢᠭᠦᠨ ᠪᠠ ᠣᠯᠠᠨ ᠲᠦᠮᠡᠨ᠎ᠤ ᠦᠢ᠍ᠯᠡᠴᠢᠯᠡᠭᠡᠨ᠎ᠤ ᠲᠥᠪ᠂ ᠰᠠᠶ᠋ᠢᠨ ᠳᠤᠷ᠎ᠠ ᠵᠢᠨ ᠦᠢ᠍ᠯᠡᠴᠢᠯᠡᠭᠡᠨ᠎ᠤ ᠠᠩᠭᠢ ᠪᠠ ᠠᠳᠠᠯ ᠠᠬᠤᠢ ᠵᠢᠨ᠎ᠬᠢᠨ᠎ᠤ ᠦᠢ᠍ᠯᠡᠳᠦᠯ᠎ᠢ ᠢᠳᠡᠪᠬᠢᠲᠡᠢ ᠪᠠᠳᠠᠷᠠᠭᠤᠯᠵᠤ᠂ ᠠᠳᠠᠯ ᠠᠬᠤᠢ ᠵᠢᠨ ᠸᠢᠴᠠᠲ᠎ᠤᠨ ᠴᠤᠭᠯᠠᠷᠠᠯ ᠂ ᠬᠤᠪᠢᠰᠬᠠᠯᠲᠤ ᠰᠦᠯᠵᠢᠶᠡᠨ᠎ᠤ ᠴᠤᠭᠯᠠᠷᠠᠯ ᠂ ᠦᠵᠡᠭᠦᠯᠭᠡ ᠵᠢᠨ ᠰᠠᠮᠪᠠᠷ᠎ᠠ ᠵᠡᠷᠭᠡ ᠵᠢ ᠠᠰᠢᠭᠯᠠᠨ᠂ ᠠᠷᠠᠳ᠎ᠲᠤ ᠠᠰᠢᠭ ᠬᠦᠷᠲᠡᠭᠡᠬᠦ ᠨᠠᠮ᠎ᠤᠨ ᠲᠥᠷᠥ ᠵᠢᠨ ᠪᠣᠳᠣᠯᠭ᠎ᠠ ᠬᠢᠭᠡᠳ ᠦᠨᠳᠦᠰᠦᠲᠡᠨ᠎ᠨᠦᠭᠦᠳ᠎ᠤᠨ ᠣᠯᠠᠨ ᠲᠦᠮᠡᠨ᠎ᠯᠦᠭᠡ ᠨᠢᠭᠲᠠ ᠬᠤᠯᠪᠣᠭ᠎ᠠ᠎ᠲᠠᠢ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠢ ᠤᠬᠠᠭᠤᠯᠤᠨ᠎ᠠ᠃ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠭᠤᠣᠯ ᠰᠡᠳᠦᠪᠲᠦ ᠠᠵᠢᠯᠯᠠᠭ᠎ᠠ ᠵᠢ ᠵᠣᠬᠢᠶᠠᠨ ᠪᠠᠶ᠋ᠢᠭᠤᠯᠵᠤ᠂ ᠰᠢᠯᠢᠳᠡᠭ ᠤᠳᠬ᠎ᠠ ᠤᠷᠠᠯᠢᠭ᠎ᠤᠨ ᠰᠣᠳᠣᠨ ᠪᠦᠲᠦᠭᠡᠯ᠎ᠢ ᠲᠣᠭᠯᠠᠨ ᠨᠡᠪᠲᠡᠷᠡᠭᠦᠯᠬᠦ᠂ ᠬᠥᠷᠰᠢ ᠵᠡᠷᠭᠡᠯᠡᠳᠡᠭᠡ᠎ᠪᠠᠷ ᠵᠶ᠋ᠠᠨ ᠪᠦᠯᠬᠦᠮᠳᠡᠨ ᠬᠠᠪᠰᠤᠷᠤᠯᠴᠠᠬᠤ ᠰᠢᠷᠢᠰ ᠠᠵᠢᠯᠯᠠᠭ᠎ᠠ ᠵᠢ ᠦᠷᠨᠢᠭᠦᠯᠦᠨ᠂ ᠦᠨᠳᠦᠰᠦᠲᠡᠨ᠎ᠨᠦᠭᠦᠳ᠎ᠤᠨ ᠣᠯᠠᠨ ᠲᠦᠮᠡᠨ᠎ᠤ ᠬᠠᠮᠲᠤ᠎ᠪᠠᠷ ᠰᠠᠭᠤᠷᠢᠰᠢᠨ ᠬᠠᠮᠲᠤ᠎ᠪᠠᠷ ᠰᠤᠷᠤᠯᠴᠠᠬᠤ᠂ ᠬᠠᠮᠲᠤ᠎ᠪᠠᠷ ᠪᠠᠶ᠋ᠢᠭᠤᠯᠵᠤ ᠬᠠᠮᠲᠤ᠎ᠪᠠᠷ ᠬᠥᠷᠲᠡᠬᠦ᠂ ᠬᠠᠮᠲᠤ᠎ᠪᠠᠷ ᠠᠵᠢᠯᠯᠠᠵᠤ ᠬᠠᠮᠲᠤ᠎ᠪᠠᠷ ᠪᠠᠶᠠᠰᠬᠤ ᠨᠡᠶ᠋ᠢᠭᠡᠮ᠎ᠤᠨ ᠨᠥᠬᠦᠴᠡᠯ᠎ᠢ ᠢᠳᠡᠪᠬᠢᠲᠡᠢ ᠪᠣᠢ ᠪᠣᠯᠭ᠋ᠠᠨ᠎ᠠ᠃
ᠭᠠᠴᠠᠭ᠎ᠠ ᠲᠣᠰᠬᠤᠨ᠎ᠳᠤ ᠦᠷᠨᠢᠭᠦᠯᠦᠨ᠎ᠡ
《ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠥᠯᠢᠭᠡᠷ᠎ᠢ ᠰᠠᠶ᠋ᠢᠲᠤᠷ ᠶᠠᠷᠢᠬᠤ》 ᠠᠵᠢᠯᠯᠠᠭ᠋ᠠᠨ᠎ᠢ ᠬᠢᠨᠠᠮᠠᠭ᠋ᠠᠢ ᠨᠠᠶ᠋ᠢᠳᠠᠪᠤᠷᠢᠵᠢᠭᠤᠯᠵᠤ᠂ ᠭᠠᠴᠠᠭ᠎ᠠ ᠲᠣᠰᠬᠤᠨ᠎ᠤ 《ᠬᠤᠶᠠᠷ ᠵᠥᠪᠯᠡᠯ》᠎ᠤᠨ ᠪᠠᠭ᠎ᠤᠨ ᠪᠦᠷᠢᠯᠳᠦᠭᠦᠨ᠂ ᠲᠣᠰᠬᠤᠨ᠎ᠳᠤ ᠰᠠᠭᠤᠭᠰᠠᠨ ᠠᠵᠢᠯᠯᠠᠬᠤ ᠠᠩᠭᠢ᠂ ᠠᠬᠠᠮᠠᠳ ᠨᠠᠮ᠎ᠤᠨ ᠭᠡᠰᠢᠭᠦᠨ᠂ ᠣᠯᠠᠨ ᠲᠦᠮᠡᠨ᠎ᠤ ᠪᠦᠯᠬᠦᠮ᠎ᠤᠨ ᠵᠣᠬᠢᠶᠠᠨ ᠪᠠᠶ᠋ᠢᠭᠤᠯᠤᠯᠲᠠ ᠵᠡᠷᠭᠡ᠎ᠨᠢ ᠡᠳᠦᠷ ᠲᠤᠲᠤᠮ᠎ᠤᠨ ᠠᠵᠢᠯ᠎ᠲᠠᠢ᠎ᠪᠠᠨ ᠤᠶᠠᠯᠳᠤᠭᠤᠯᠤᠨ ᠠᠶ᠋ᠢᠯ ᠡᠷᠦᠬᠡ᠎ᠪᠠᠷ ᠰᠤᠷᠪᠤᠯᠵᠢᠯᠠᠵᠤ᠂ ᠦᠨᠳᠦᠰᠦᠲᠡᠨ᠎ᠨᠦᠭᠦᠳ᠎ᠤᠨ ᠣᠯᠠᠨ ᠲᠦᠮᠡᠨ᠎ᠯᠦᠭᠡ ᠬᠠᠮᠲᠤ᠎ᠪᠠᠷ ᠵᠣᠭᠤᠭ ᠳᠡᠯᠭᠡᠨ᠂ ᠨᠠᠮ᠎ᠤᠨ ᠦᠨᠳᠦᠰᠦᠲᠡᠨ᠎ᠤ ᠲᠤᠬᠠᠢ ᠲᠥᠷᠥ ᠵᠢᠨ ᠪᠣᠳᠣᠯᠭ᠎ᠠ ᠵᠢᠨ ᠬᠡᠷᠡᠯ ᠰᠠᠴᠤᠷᠠᠩᠭᠤᠢ ᠠᠮᠵᠢᠯᠲᠠ ᠪᠦᠲᠦᠮᠵᠢ ᠵᠢ ᠶᠠᠷᠢᠯᠴᠠᠵᠤ᠂ ᠦᠨᠳᠦᠰᠦᠲᠡᠨ᠎ᠨᠦᠭᠦᠳ᠎ᠤᠨ ᠮᠠᠯᠴᠢᠨ ᠲᠠᠷᠢᠶᠠᠴᠢᠳ᠎ᠢ ᠢᠳᠡᠪᠬᠢᠲᠡᠢ᠎ᠪᠠᠷ ᠬᠥᠲᠥᠯᠥᠨ ᠵᠢᠯᠤᠭᠤᠳᠴᠤ ᠪᠠᠶ᠋ᠢᠭ᠋ᠠᠳ ᠦᠵᠡᠰᠬᠦᠯᠡᠩᠲᠦ ᠰᠠᠶ᠋ᠢᠬᠠᠨ ᠬᠥᠳᠡᠭᠡ ᠲᠣᠰᠬᠤᠨ᠎ᠤ ᠪᠦᠲᠦᠭᠡᠨ ᠪᠠᠶ᠋ᠢᠭᠤᠯᠤᠯᠲᠠ ᠪᠠ ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ ᠦᠢ᠍ᠯᠡᠳᠦᠯᠭᠡ᠎ᠳᠤ ᠣᠷᠣᠯᠴᠠᠭᠤᠯᠤᠨ᠎ᠠ᠃ 《ᠨᠠᠮ᠎ᠤᠨ ᠠᠴᠢ᠎ᠳᠤ ᠲᠠᠯᠠᠷᠬᠠᠨ᠂ ᠨᠠᠮ᠎ᠤᠨ ᠦᠭᠡ ᠵᠢ ᠰᠣᠨᠣᠰᠴᠤ᠂ ᠨᠠᠮ ᠵᠶ᠋ᠠᠨ ᠳᠠᠭ᠋ᠠᠬᠤ》 ᠭᠤᠣᠯ ᠰᠡᠳᠦᠪᠲᠦ ᠤᠬᠠᠭᠤᠯᠤᠨ ᠲᠠᠶ᠋ᠢᠯᠪᠤᠷᠢᠯᠠᠯᠲᠠ ᠬᠢᠭᠡᠳ 《ᠠᠨᠠᠷ᠎ᠤᠨ ᠬᠡᠯᠬᠢᠶ᠎ᠡ》 ᠲᠦᠷᠦ ᠵᠢᠨ ᠪᠣᠳᠣᠯᠭ᠎ᠠ᠂ ᠮᠡᠷᠭᠡᠵᠢᠯ᠂ ᠦᠢ᠍ᠯᠡᠴᠢᠯᠡᠭᠡ ᠵᠢ ᠦᠨᠳᠦᠰᠦᠨ ᠱᠠᠲᠤᠨ᠎ᠳᠤ ᠬᠦᠷᠭᠡᠬᠦ ᠠᠵᠢᠯᠯᠠᠭ᠎ᠠ᠎ᠯᠤᠭ᠎ᠠ ᠤᠶᠠᠯᠳᠤᠭᠤᠯᠤᠨ ᠦᠨᠳᠦᠰᠦᠲᠡᠨ᠎ᠤ 18 ᠰᠢᠶᠠᠩ (ᠰᠤᠮᠤ)᠎ᠳᠤ ᠭᠦᠨᠵᠡᠭᠡᠶ᠋ᠢᠷᠡᠵᠦ ᠨᠠᠮ᠎ᠤᠨ ᠦᠨᠳᠦᠰᠦᠲᠡᠨ᠎ᠤ ᠲᠤᠬᠠᠢ ᠤᠨᠤᠯ ᠲᠦᠷᠦ ᠵᠢᠨ ᠪᠣᠳᠣᠯᠭ᠎ᠠ ᠪᠠ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠤᠨ ᠤᠬᠠᠭᠤᠯᠭ᠎ᠠ ᠵᠢ ᠴᠢᠩᠭ᠋ᠠᠳᠬᠠᠨ᠎ᠠ᠃
ᠰᠤᠷᠭ᠋ᠠᠭᠤᠯᠢ᠎ᠨᠤᠭᠤᠳ᠎ᠲᠤ ᠦᠷᠨᠢᠭᠦᠯᠦᠨ᠎ᠡ
ᠵᠠᠯᠠᠭᠤᠴᠤᠳ ᠪᠠᠭ᠋ᠠᠴᠤᠳ᠎ᠤᠨ ᠣᠨᠴᠠᠯᠢᠭ᠎ᠯᠤᠭ᠎ᠠ ᠤᠶᠠᠯᠳᠤᠭᠤᠯᠤᠨ ᠰᠤᠷᠭ᠋ᠠᠭᠤᠯᠢ ᠵᠢᠨ ᠬᠦᠷᠢᠶᠡᠨ᠎ᠳᠠᠬᠢ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ ᠭᠤᠣᠯ ᠰᠡᠳᠦᠪᠲᠦ ᠠᠵᠢᠯᠯᠠᠭ᠎ᠠ ᠵᠢ ᠤᠯᠠᠨ ᠶᠠᠩᠵᠤ᠎ᠪᠠᠷ᠂ ᠪᠠᠶᠠᠯᠢᠭ ᠬᠡᠯᠪᠡᠷᠢ᠎ᠲᠠᠢ ᠥᠷᠨᠢᠭᠦᠯᠦᠨ᠎ᠡ᠃ 《ᠰᠤᠷᠭ᠋ᠠᠭᠤᠯᠢ᠎ᠳᠤ ᠣᠷᠣᠬᠤ ᠨᠠᠰᠤᠨ᠎ᠠᠴᠠ ᠡᠮᠦᠨᠡᠬᠢ ᠨᠡᠶ᠋ᠢᠲᠡᠯᠢᠭ ᠬᠡᠯᠡ》 ᠵᠢᠨ ᠰᠤᠷᠭ᠋ᠠᠨ ᠬᠥᠮᠦᠵᠢᠯ᠎ᠤᠨ ᠲᠤᠰᠬᠠᠢ ᠲᠥᠯᠥᠪᠯᠡᠭᠡ ᠵᠢ ᠭᠦᠨᠵᠡᠭᠡᠢ ᠬᠡᠷᠡᠭᠵᠢᠭᠦᠯᠵᠦ᠂ ᠤᠯᠤᠰ᠎ᠤᠨ ᠨᠡᠶ᠋ᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢ ᠪᠦᠬᠦ ᠲᠠᠯ᠎ᠠ᠎ᠪᠠᠷ ᠳᠡᠯᠭᠡᠷᠡᠭᠦᠯᠦᠨ ᠲᠦᠭᠡᠮᠡᠯᠵᠢᠭᠦᠯᠵᠦ᠂ ᠤᠯᠤᠰ᠎ᠠᠴᠠ ᠨᠢᠭᠡᠳᠦᠯᠲᠡᠢ ᠨᠠᠶ᠋ᠢᠷᠠᠭᠤᠯᠤᠭᠰᠠᠨ ᠵᠢᠭ᠋ᠠᠬᠤ ᠮᠠᠲ᠋ᠧᠷᠢᠶᠠᠯ᠎ᠢ ᠪᠦᠬᠦ ᠲᠠᠯ᠎ᠠ᠎ᠪᠠᠷ ᠳᠡᠯᠭᠡᠷᠡᠭᠦᠯᠦᠨ ᠬᠡᠷᠡᠭᠯᠡᠵᠦ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠬᠠᠷᠠᠬᠠᠨ ᠪᠠᠭ᠎ᠠ᠎ᠠᠴᠠ᠎ᠨᠢ ᠬᠡᠦᠬᠡᠳ᠎ᠤᠨ ᠤᠶᠤᠨ ᠰᠠᠨᠠᠭ᠋ᠠᠨ᠎ᠳᠤ ᠬᠠᠳᠠᠩᠰᠢᠭᠤᠯᠤᠨ᠎ᠠ᠃
ᠴᠡᠷᠢᠭ᠎ᠤᠨ ᠰᠤᠮᠤᠨ ᠠᠩᠭᠢ᠎ᠳᠤ ᠦᠷᠨᠢᠭᠦᠯᠦᠨ᠎ᠡ
ᠨᠠᠮ᠎ᠤᠨ ᠭᠤᠣᠯ ᠰᠡᠳᠦᠪᠲᠦ ᠡᠳᠦᠷ᠎ᠤᠨ ᠠᠵᠢᠯᠯᠠᠭ᠎ᠠ᠂ ᠡᠯ᠎ᠡ ᠲᠥᠷᠥᠯ᠎ᠤᠨ ᠲᠥᠪᠯᠡᠷᠡᠭᠦᠯᠦᠨ ᠪᠣᠯᠪᠠᠰᠤᠷᠠᠭᠤᠯᠬᠤ ᠪᠠ ᠡᠭᠡᠯᠵᠢᠯᠡᠨ ᠪᠣᠯᠪᠠᠰᠤᠷᠠᠭᠤᠯᠬᠤ᠂ ᠶᠡᠭᠡ ᠳᠡᠭᠡᠳᠦ ᠰᠤᠷᠭ᠋ᠠᠭᠤᠯᠢ ᠵᠢᠨ ᠰᠤᠷᠭ᠋ᠠᠨ ᠬᠥᠮᠦᠵᠢᠯ᠎ᠤᠨ ᠪᠣᠯᠪᠠᠰᠤᠷᠠᠯ ᠳᠤᠮᠳᠠ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ ᠪᠠ ᠬᠠᠤᠯᠢ᠎ᠪᠠᠷ ᠵᠠᠰᠠᠬᠤ ᠬᠥᠮᠦᠵᠢᠯ᠎ᠤᠨ ᠬᠠᠪᠰᠤᠷᠤᠨ ᠵᠢᠯᠤᠭᠤᠳᠬᠤ ᠬᠢᠴᠢᠶᠡᠯ᠎ᠢ ᠲᠣᠬᠢᠷᠠᠭᠤᠯᠵᠤ᠂ ᠬᠠᠪᠰᠤᠷᠤᠨ ᠳᠠᠭ᠋ᠠᠭᠤᠯᠵᠤ ᠬᠠᠪᠰᠤᠷᠤᠨ ᠪᠠᠶ᠋ᠢᠭᠤᠯᠬᠤ᠂ ᠴᠡᠭ᠎ᠲᠤ ᠰᠠᠭᠤᠵᠤ ᠪᠠᠶ᠋ᠢᠴᠠᠭ᠋ᠠᠨ ᠰᠤᠳᠤᠯᠬᠤ ᠵᠡᠷᠭᠡ᠎ᠯᠦᠭᠡ ᠤᠶᠠᠯᠳᠤᠭᠤᠯᠤᠨ᠂ ᠨᠠᠮ᠎ᠤᠨ ᠦᠨᠳᠦᠰᠦᠲᠡᠨ᠎ᠤ ᠲᠤᠬᠠᠢ ᠤᠨᠤᠯ ᠲᠦᠷᠦ ᠵᠢᠨ ᠪᠣᠳᠣᠯᠭ᠎ᠠ ᠪᠠ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠢ ᠤᠬᠠᠭᠤᠯᠤᠨ ᠲᠠᠶ᠋ᠢᠯᠪᠤᠷᠢᠯᠠᠬᠤ ᠪᠠ ᠲᠣᠳᠣᠷᠬᠠᠶ᠋ᠢᠯᠠᠨ ᠲᠠᠶ᠋ᠢᠯᠪᠤᠷᠢᠯᠠᠬᠤ ᠠᠵᠢᠯᠯᠠᠭ᠎ᠠ ᠵᠢ ᠥᠷᠨᠢᠭᠦᠯᠵᠦ᠂ ᠦᠨᠳᠦᠰᠦᠲᠡᠨ᠎ᠨᠦᠭᠦᠳ᠎ᠤᠨ ᠵᠢᠯᠣᠭᠤᠳᠤᠭᠴᠢ ᠪᠠᠶ᠋ᠢᠯᠳᠤᠭᠴᠢᠳ᠎ᠢ ᠬᠥᠮᠥᠵᠢᠭᠦᠯᠦᠨ ᠵᠢᠯᠤᠭᠤᠳᠴᠤ ᠪᠠᠶ᠋ᠢᠭ᠋ᠠᠳ ᠳᠡᠭᠡᠳᠦ ᠬᠡᠮᠵᠢᠶᠡᠨ᠎ᠤ ᠬᠠᠷᠢᠭᠤᠴᠠᠯᠭ᠋ᠠᠲᠤ ᠰᠡᠳᠬᠢᠯᠭᠡ ᠪᠠ ᠡᠭᠦᠷᠭᠡᠲᠦ ᠰᠡᠳᠬᠢᠯᠭᠡ᠎ᠪᠠᠷ ᠤᠯᠤᠰ ᠵᠶ᠋ᠠᠨ ᠬᠦᠴᠦᠷᠬᠡᠭᠵᠢᠭᠦᠯᠬᠦ ᠴᠡᠷᠢᠭ ᠵᠶ᠋ᠠᠨ ᠬᠦᠴᠦᠷᠬᠡᠭᠵᠢᠭᠦᠯᠬᠦ ᠦᠢ᠍ᠯᠡᠳᠦᠯᠭᠡ᠎ᠳᠤ ᠣᠷᠣᠯᠴᠠᠭᠤᠯᠤᠨ᠎ᠠ᠃
ᠱᠠᠰᠢᠨ ᠰᠤᠷᠲᠠᠬᠤᠨ᠎ᠤ ᠠᠵᠢᠯᠯᠠᠭ᠎ᠠ ᠵᠢᠨ ᠲᠠᠯᠠᠪᠤᠷ ᠭᠠᠵᠠᠷ᠎ᠲᠤ ᠦᠷᠨᠢᠭᠦᠯᠦᠨ᠎ᠡ
ᠨᠠᠮ᠎ᠤᠨ ᠦᠨᠳᠦᠰᠦᠲᠡᠨ᠎ᠤ ᠲᠤᠬᠠᠢ ᠲᠥᠷᠥ ᠵᠢᠨ ᠪᠣᠳᠣᠯᠭ᠎ᠠ ᠪᠠ ᠱᠠᠰᠢᠨ ᠰᠤᠷᠲᠠᠬᠤᠨ᠎ᠤ ᠲᠤᠬᠠᠢ ᠠᠵᠢᠯ᠎ᠤᠨ ᠦᠨᠳᠦᠰᠦᠨ ᠴᠢᠭᠯᠡᠯᠲᠡ ᠵᠢ ᠪᠦᠬᠦ ᠲᠠᠯ᠎ᠠ᠎ᠪᠠᠷ ᠲᠤᠭᠤᠰᠢᠯᠠᠭᠤᠯᠵᠤ ᠂ ᠱᠠᠰᠢᠨ ᠰᠤᠷᠲᠠᠬᠤᠨ᠎ᠤ ᠪᠠᠭᠰᠢ ᠠᠵᠢᠯᠲᠠᠨ ᠪᠠ ᠱᠠᠰᠢᠨ ᠰᠢᠲᠦᠭᠴᠢᠳ᠎ᠲᠤ ᠬᠠᠨᠳᠤᠭᠤᠯᠤᠨ ᠦᠨᠳᠦᠰᠦᠨ ᠬᠠᠤᠯᠢ ᠪᠠ ᠦᠨᠳᠦᠰᠦᠲᠡᠨ ᠱᠠᠰᠢᠨ ᠰᠤᠷᠲᠠᠬᠤᠨ᠎ᠤ ᠬᠦᠷᠢᠶᠡᠨ᠎ᠳᠠᠬᠢ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠢ ᠶᠡᠭᠡ᠎ᠪᠠᠷ ᠤᠬᠠᠭᠤᠯᠵᠤ᠂ ᠡᠬᠡ ᠣᠷᠣᠨᠴᠢ ᠦᠵᠡᠯ᠎ᠤᠨ ᠬᠥᠮᠦᠵᠢᠯ᠂ ᠨᠡᠶ᠋ᠢᠭᠡᠮ ᠵᠢᠷᠤᠮ᠎ᠤᠨ ᠭᠤᠣᠯᠯᠠᠬᠤ ᠦᠷᠳᠡᠭ᠎ᠤᠨ ᠦᠵᠡᠯᠲᠡ ᠵᠢᠨ ᠬᠥᠮᠦᠵᠢᠯ ᠪᠠ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ ᠤᠬᠠᠭᠤᠯᠭ᠎ᠠ ᠬᠥᠮᠦᠵᠢᠯ᠎ᠢ ᠥᠷᠨᠢᠭᠦᠯᠵᠦ᠂ ᠱᠠᠰᠢᠨ ᠰᠤᠷᠲᠠᠬᠤᠨ᠎ᠤ ᠪᠠᠭᠰᠢ ᠠᠵᠢᠯᠲᠠᠨ ᠪᠠ ᠱᠠᠰᠢᠨ ᠰᠢᠲᠦᠭᠴᠢᠳ᠎ᠢ ᠢᠳᠡᠪᠬᠢᠲᠡᠢ ᠬᠦᠲᠦᠯᠦᠨ ᠵᠢᠯᠣᠭᠤᠳᠴᠤ ᠪᠠᠶ᠋ᠢᠭ᠋ᠠᠳ ᠦᠨᠳᠦᠰᠦᠲᠡᠨ᠎ᠤ ᠪᠦᠯᠬᠦᠮᠳᠡᠯ᠂ ᠱᠠᠰᠢᠨ ᠰᠤᠷᠲᠠᠬᠤᠨ᠎ᠤ ᠡᠶ᠎ᠡ ᠵᠣᠬᠢᠴᠠᠯ᠂ ᠨᠡᠶ᠋ᠢᠭᠡᠮ᠎ᠤᠨ ᠲᠣᠭᠲᠠᠭᠤᠨ ᠪᠠᠶ᠋ᠢᠳᠠᠯ᠎ᠢ ᠤᠬᠠᠮᠰᠠᠷ᠎ᠠᠴᠠ᠎ᠪᠠᠨ ᠬᠠᠮᠠᠭ᠋ᠠᠯᠠᠬᠤ ᠪᠣᠯᠭ᠋ᠠᠨ᠎ᠠ᠃
ᠰᠣᠶᠣᠯ ᠵᠢᠭᠤᠯᠴᠢᠯᠠᠯ᠎ᠤᠨ ᠲᠠᠯᠠᠪᠤᠷ ᠭᠠᠵᠠᠷ᠎ᠲᠤ ᠦᠷᠨᠢᠭᠦᠯᠦᠨ᠎ᠡ
ᠦᠨᠳᠦᠰᠦᠲᠡᠨ᠎ᠨᠦᠭᠦᠳ᠎ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠭ᠎ᠠ ᠵᠢ ᠲᠤᠰᠬᠠᠵᠤ ᠳᠡᠶ᠋ᠢᠯᠬᠦ ᠲᠡᠦᠬᠡ ᠵᠢᠨ ᠳᠤᠷᠠᠰᠬᠠᠯᠲᠤ ᠵᠦᠢ᠍ᠯ ᠪᠠ ᠲᠡᠦᠬᠡ ᠵᠢᠨ ᠪᠣᠳᠠᠲᠤ ᠬᠡᠷᠡᠭ ᠵᠶ᠋ᠠᠷ ᠠᠴᠢᠶᠠᠯᠠᠪᠤᠷᠢ ᠪᠣᠯᠭ᠋ᠠᠵᠤ᠂ ᠵᠢᠷᠤᠭ ᠦᠰᠦᠭ ᠬᠤᠣᠰᠯᠠᠭᠤᠯᠤᠭᠰᠠᠨ ᠳᠡᠯᠭᠡᠨ ᠦᠵᠡᠭᠦᠯᠭᠡ ᠵᠢᠨ ᠰᠠᠮᠪᠠᠷ᠎ᠠ᠂ ᠪᠦᠷᠢᠨ ᠵᠠᠭᠤᠴᠢᠲᠤ ᠳᠡᠯᠭᠡᠨ ᠦᠵᠡᠭᠦᠯᠭᠡ ᠵᠡᠷᠭᠡ ᠠᠷᠭ᠎ᠠ ᠪᠠᠷᠢᠯ ᠵᠶ᠋ᠠᠷ ᠳᠠᠮᠵᠢᠭᠤᠯᠤᠨ᠂ ᠲᠡᠦᠬᠡ ᠵᠢᠨ ᠳᠤᠷᠠᠰᠬᠠᠯᠲᠤ ᠵᠦᠢ᠍ᠯ᠎ᠳᠤ ᠠᠭᠤᠯᠤᠭᠳᠠᠵᠤ ᠪᠠᠶ᠋ᠢᠭ᠎ᠠ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ ᠵᠢᠨ ᠠᠭᠤᠯᠤᠭᠳᠠᠬᠤᠨ᠎ᠢ ᠲᠣᠳᠣᠷᠬᠠᠶ᠋ᠢᠯᠠᠨ ᠲᠠᠶ᠋ᠢᠯᠪᠤᠷᠢᠯᠠᠨ᠎ᠠ᠃ ᠣᠲᠣ ᠪᠠᠶ᠋ᠢᠭ᠎ᠠ ᠳᠡᠯᠭᠡᠨ ᠦᠵᠡᠭᠦᠯᠭᠡ ᠵᠢᠨ ᠪᠠᠶ᠋ᠢᠷᠢᠰᠢᠯᠯᠤᠭᠠ ᠤᠶᠠᠯᠳᠤᠭᠤᠯᠤᠨ᠂ ᠦᠨᠳᠦᠰᠦᠲᠡᠨ᠎ᠨᠦᠭᠦᠳ᠎ᠤᠨ ᠬᠠᠮᠲᠤ᠎ᠪᠠᠷ ᠡᠳ᠋ᠯᠡᠵᠦ ᠬᠠᠮᠲᠤ᠎ᠪᠠᠷ ᠬᠥᠷᠲᠡᠭᠰᠡᠨ ᠳᠤᠮᠳᠠᠳᠤ ᠵᠢᠨ ᠰᠣᠶᠣᠯ᠎ᠤᠨ ᠲᠡᠮᠳᠡᠭ ᠪᠠ ᠳᠦᠷᠢ ᠲᠥᠷᠬᠦ ᠵᠢ ᠰᠢᠭᠢᠳᠬᠡᠨ ᠣᠷᠣᠭᠤᠯᠵᠤ᠂ ᠤᠬᠠᠭᠤᠯᠤᠨ ᠳᠡᠯᠭᠡᠨ ᠦᠵᠡᠭᠦᠯᠬᠦ᠎ᠪᠠᠨ ᠴᠢᠩᠭ᠋ᠠᠳᠬᠠᠨ᠂ ᠰᠣᠶᠣᠯ ᠵᠢᠭᠤᠯᠴᠢᠯᠠᠯ᠎ᠤᠨ ᠠᠭᠤᠰᠤᠯᠴᠠᠯ᠎ᠢ ᠠᠬᠢᠭᠤᠯᠵᠤ᠂ ᠰᠣᠶᠣᠯ ᠵᠢᠭᠤᠯᠴᠢᠯᠠᠯ᠎ᠤᠨ ᠲᠠᠯᠠᠪᠤᠷ ᠭᠠᠵᠠᠷ᠎ᠢ ᠨᠠᠮ᠎ᠤᠨ ᠦᠨᠳᠦᠰᠦᠲᠡᠨ᠎ᠤ ᠲᠤᠬᠠᠢ ᠣᠨᠣᠯ ᠲᠥᠷᠥ ᠵᠢᠨ ᠪᠣᠳᠣᠯᠭ᠎ᠠ ᠪᠠ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠢ ᠤᠬᠠᠭᠤᠯᠬᠤ ᠴᠢᠬᠤᠯᠠ ᠴᠣᠩᠬᠤᠪᠴᠢ ᠪᠣᠯᠭ᠋ᠠᠨ᠎ᠠ᠃
ᠰᠦᠯᠵᠢᠶᠡᠨ᠎ᠳᠤ ᠦᠷᠨᠢᠭᠦᠯᠦᠨ᠎ᠡ
《ᠢᠨᠲ᠋ᠧᠷ ᠰᠦᠯᠵᠢᠶ᠎ᠡ + ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ 》 ᠠᠵᠢᠯᠯᠠᠭ᠋ᠠᠨ᠎ᠢ ᠭᠦᠨᠵᠡᠭᠡᠢ ᠬᠡᠷᠡᠭᠵᠢᠭᠦᠯᠵᠦ᠂ ᠡᠯ᠎ᠡ ᠰᠠᠯᠠᠭ᠎ᠠ ᠮᠥᠴᠢᠷ ᠨᠢᠭᠡᠴᠢ ᠢᠯᠠᠩᠭᠤᠶ᠎ᠠ ᠦᠨᠳᠦᠰᠦᠲᠡᠨ᠎ᠤ ᠬᠡᠷᠡᠭ ᠡᠷᠭᠢᠯᠡᠬᠦ ᠵᠥᠪᠯᠡᠯ᠎ᠤᠨ ᠭᠡᠰᠢᠭᠦᠨ ᠨᠢᠭᠡᠴᠢ᠎ᠨᠦᠭᠦᠳ ᠫᠣᠷᠲ᠋ᠧᠯ ᠰᠦᠯᠵᠢᠶ᠎ᠡ ᠪᠤᠶᠤ ᠸᠢᠴᠠᠲ᠎ᠤᠨ ᠨᠡᠶ᠋ᠢᠲᠡ ᠵᠢᠨ ᠲᠠᠪᠴᠠᠩ᠎ᠳᠤ ᠤᠬᠠᠭᠤᠯᠭ᠎ᠠ ᠵᠢᠨ ᠲᠤᠰᠬᠠᠢ ᠪᠤᠯᠤᠩ ᠭᠠᠷᠭ᠋ᠠᠵᠤ᠂ ᠨᠠᠮ᠎ᠤᠨ ᠦᠨᠳᠦᠰᠦᠲᠡᠨ᠎ᠤ ᠲᠤᠬᠠᠢ ᠣᠨᠣᠯ ᠲᠥᠷᠥ ᠵᠢᠨ ᠪᠣᠳᠣᠯᠭ᠎ᠠ ᠪᠠ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠢ ᠤᠬᠠᠭᠤᠯᠤᠨ ᠲᠠᠶ᠋ᠢᠯᠪᠤᠷᠢᠯᠠᠬᠤ ᠠᠵᠢᠯ᠎ᠢ ᠰᠠᠶ᠋ᠢᠲᠤᠷ ᠬᠢᠨ᠎ᠡ᠃ ᠡᠯ᠎ᠡ ᠭᠤᠣᠯ ᠪᠣᠯᠬᠤ ᠵᠠᠭᠤᠴᠢᠯᠠᠭᠤᠷ᠎ᠤᠨ᠎ᠬᠢᠨ ᠰᠢᠨ᠎ᠡ ᠵᠠᠭᠤᠴᠢᠯᠠᠭᠤᠷ᠎ᠤᠨ ᠲᠠᠪᠴᠠᠩ᠎ᠤᠨ ᠦᠢ᠍ᠯᠡᠳᠦᠯ᠎ᠢ ᠭᠦᠢ᠍ᠴᠡᠳ ᠪᠠᠳᠠᠷᠠᠭᠤᠯᠵᠤ᠂ ᠰᠦᠯᠵᠢᠶᠡᠨ᠎ᠤ ᠢᠷᠭᠡᠳ᠎ᠤᠨ ᠳᠤᠷᠠᠲᠠᠶ᠎ᠠ ᠬᠦᠯᠢᠶᠡᠨ ᠠᠪᠬᠤ ᠣᠬᠤᠷ ᠸᠢᠳᠢᠤ᠋ ᠵᠡᠷᠭᠡ ᠪᠦᠲᠦᠭᠡᠯ᠎ᠢ ᠵᠣᠬᠢᠶᠠᠨ ᠪᠦᠲᠦᠭᠡᠵᠦ ᠤᠬᠠᠭᠤᠯᠤᠨ ᠲᠠᠨᠢᠯᠴᠠᠭᠤᠯᠵᠤ᠂ ᠢᠨᠲ᠋ᠧᠷ ᠰᠦᠯᠵᠢᠶ᠎ᠡ ᠵᠢ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ ᠬᠠᠮᠤᠭ᠎ᠤᠨ ᠶᠡᠭᠡ ᠨᠡᠮᠡᠭᠳᠡᠯ ᠪᠣᠯᠭ᠋ᠠᠨ᠎ᠠ᠃
ᠡᠯ᠎ᠡ ᠬᠦᠷᠢᠶ᠎ᠡ ᠴᠠᠷᠠᠭ᠋ᠠᠨ᠎ᠳᠤ ᠦᠷᠨᠢᠭᠦᠯᠦᠨ᠎ᠡ
ᠡᠯ᠎ᠡ ᠠᠵᠢᠯ ᠲᠦᠷᠦᠯ᠎ᠤᠨ᠎ᠬᠢᠨ ᠡᠷᠬᠡ ᠴᠢᠳᠠᠮᠵᠢ ᠡᠭᠦᠷᠭᠡ ᠬᠠᠷᠢᠭᠤᠴᠠᠯᠭ᠎ᠠ᠎ᠲᠠᠢ᠎ᠪᠠᠨ ᠤᠶᠠᠯᠳᠤᠭᠤᠯᠵᠤ᠂ ᠠᠷᠭ᠎ᠠ ᠬᠡᠯᠪᠡᠷᠢ ᠪᠠ ᠠᠴᠢᠶᠠᠯᠠᠪᠤᠷᠢ ᠵᠢᠨ ᠲᠠᠯ᠎ᠠ᠎ᠪᠠᠷ ᠢᠳᠡᠪᠬᠢᠲᠡᠢ ᠰᠢᠨ᠎ᠡ ᠵᠢ ᠡᠭᠦᠳᠴᠦ᠂ ᠨᠠᠮ᠎ᠤᠨ ᠦᠨᠳᠦᠰᠦᠲᠡᠨ᠎ᠤ ᠲᠤᠬᠠᠢ ᠤᠨᠤᠯ ᠲᠦᠷᠦ ᠵᠢᠨ ᠪᠣᠳᠣᠯᠭ᠎ᠠ ᠪᠠ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠢ ᠭᠦᠨᠵᠡᠭᠡᠢ ᠤᠬᠠᠭᠤᠯᠤᠨ᠂ ᠦᠨᠳᠦᠰᠦᠲᠡᠨ᠎ᠨᠦᠭᠦᠳ᠎ᠤᠨ ᠺᠠᠳ᠋ᠷ ᠤᠯᠠᠨ ᠲᠦᠮᠡᠨ᠎ᠢ ᠬᠥᠲᠥᠯᠥᠨ ᠵᠢᠯᠤᠭᠤᠳᠴᠤ ᠪᠠᠶ᠋ᠢᠭ᠋ᠠᠳ ᠬᠠᠮᠲᠤ ᠵᠢᠨ ᠤᠬᠠᠮᠰᠠᠷ᠂ ᠡᠵᠡᠨ ᠬᠥᠮᠥᠨ᠎ᠤ ᠤᠬᠠᠮᠰᠠᠷ᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠤ ᠤᠬᠠᠮᠰᠠᠷ᠂ ᠨᠠᠮ ᠵᠶ᠋ᠠᠨ ᠬᠠᠶ᠋ᠢᠷᠠᠯᠠᠵᠤ ᠤᠯᠤᠰ ᠵᠶ᠋ᠠᠨ ᠬᠠᠶ᠋ᠢᠷᠠᠯᠠᠬᠤ ᠤᠬᠠᠮᠰᠠᠷ᠎ᠢ ᠪᠠᠲᠤ ᠪᠤᠢ ᠪᠣᠯᠭ᠋ᠠᠵᠤ᠂ ᠳᠤᠮᠳᠠᠳᠤ ᠵᠢᠨ ᠦᠨᠳᠦᠰᠦᠲᠡᠨ ᠤ ᠬᠠᠮᠲᠤ ᠵᠢᠨ ᠴᠣᠭᠴᠠ ᠵᠢᠨ ᠪᠠᠶ᠋ᠢᠭᠤᠯᠤᠯᠲᠠ ᠵᠢᠨ ᠠᠭᠤᠤ ᠶᠡᠭᠡ ᠦᠢ᠍ᠯᠡᠳᠦᠯᠭᠡ᠎ᠳᠤ ᠤᠬᠠᠮᠰᠠᠷ᠎ᠠᠴᠠ᠎ᠪᠠᠨ ᠣᠷᠣᠯᠴᠠᠬᠤ ᠪᠣᠯᠭ᠋ᠠᠨ᠎ᠠ᠃
ᠭᠤᠣᠯ ᠲᠠᠯᠠᠪᠤᠷ᠎ᠤᠨ ᠭᠤᠣᠯᠳᠠᠯᠭ᠎ᠠ ᠪᠣᠯᠬᠤ ᠠᠵᠢᠯ
ᠭᠤᠣᠯ ᠲᠠᠯᠠᠪᠤᠷ᠎ᠤᠨ ᠠᠵᠢᠯᠯᠠᠭ᠎ᠠ
4 ᠳ᠋ᠦ᠍ᠭᠡᠷ ᠰᠠᠷ᠎ᠠ ᠵᠢᠨ ᠰᠡᠭᠦᠯᠴᠢ᠎ᠪᠠᠷ᠂ ᠦᠬᠠᠢ ᠬᠤᠲᠠ᠎ᠳᠤ ᠪᠥᠬᠦ ᠣᠷᠣᠨ᠎ᠤ 《ᠦᠨᠳᠦᠰᠦᠲᠡᠨ᠎ᠤ ᠲᠤᠬᠠᠢ ᠲᠥᠷᠥ ᠵᠢᠨ ᠪᠣᠳᠣᠯᠭ᠎ᠠ ᠵᠢᠨ ᠤᠬᠠᠭᠤᠯᠭ᠎ᠠ ᠵᠢᠨ ᠰᠠᠷ᠎ᠠ》 ᠵᠢᠨ ᠭᠤᠣᠯ ᠲᠠᠯᠠᠪᠤᠷ᠎ᠤᠨ ᠠᠵᠢᠯᠯᠠᠭ᠎ᠠ ᠶᠠᠪᠤᠭᠳᠠᠭᠤᠯᠤᠨ᠎ᠠ᠃
ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ ᠰᠢᠷᠢᠰ ᠠᠵᠢᠯᠯᠠᠭ᠎ᠠ
ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ ᠤᠬᠠᠭᠤᠯᠭ᠎ᠠ ᠵᠢᠨ ᠵᠢᠷᠤᠭᠲᠤ ᠵᠠᠷ ᠪᠠ ᠤᠬᠠᠭᠤᠯᠭ᠎ᠠ ᠵᠢᠨ ᠣᠬᠤᠷ ᠸᠢᠳᠢᠣ᠋ ᠡᠯᠰᠡᠬᠦ ᠠᠵᠢᠯᠯᠠᠭ᠎ᠠ ᠳᠤ ᠱᠠᠩᠨᠠᠯ ᠭᠥᠷᠳᠡᠭᠰᠡᠨ ᠪᠦᠲᠦᠭᠡᠯ᠎ᠢ ᠨᠡᠶ᠋ᠢᠲᠡᠯᠡᠵᠦ᠂ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠬᠡᠷᠡᠭ ᠡᠷᠭᠢᠯᠡᠬᠦ ᠵᠥᠪᠯᠡᠯ᠎ᠤᠨ ᠫᠤᠷᠲ᠋ᠧᠯ ᠰᠦᠯᠵᠢᠶ᠎ᠡ ᠪᠠ ᠸᠢᠴᠠᠲ᠎ᠤᠨ ᠨᠡᠶ᠋ᠢᠲᠡ ᠵᠢᠨ ᠲᠠᠪᠴᠠᠩ ᠵᠶ᠋ᠠᠷ ᠳᠠᠮᠵᠢᠭᠤᠯᠤᠨ ᠱᠠᠩᠨᠠᠯ ᠭᠥᠷᠳᠡᠭᠰᠡᠨ ᠪᠦᠲᠦᠭᠡᠯ᠎ᠢ ᠬᠤᠭᠤᠴᠠᠭ᠎ᠠ ᠪᠦᠯᠦᠭ ᠬᠤᠪᠢᠶᠠᠨ ᠳᠡᠯᠭᠡᠨ ᠦᠵᠡᠭᠦᠯᠦᠨ᠎ᠡ ᠂ ᠲᠡᠳᠡᠭᠡᠷ᠎ᠢ ᠡᠯ᠎ᠡ ᠰᠠᠯᠠᠭ᠎ᠠ ᠮᠥᠴᠢᠷ ᠨᠢᠭᠡᠴᠢ ᠵᠢᠨ᠎ᠬᠢᠨ ᠪᠠᠭᠤᠯᠭ᠋ᠠᠨ ᠠᠪᠴᠤ ᠤᠬᠠᠭᠤᠯᠬᠤ᠎ᠳᠤ ᠬᠡᠷᠡᠭᠯᠡᠵᠦ ᠪᠣᠯᠣᠨ᠎ᠠ᠃ 《ᠭᠡᠷᠡᠯ ᠵᠢᠷᠤᠭ᠎ᠲᠠᠬᠢ ᠤᠮᠠᠷᠠᠲᠤ ᠬᠢᠯᠢ · ᠰᠡᠳᠬᠢᠯ ᠵᠶ᠋ᠠᠨ ᠨᠢᠭᠡᠳᠬᠡᠨ ᠬᠦᠰᠡᠯ ᠵᠡᠭᠦᠳᠦ᠎ᠪᠠᠨ ᠲᠡᠷᠭᠡᠯᠰᠢᠭᠦᠯᠦᠶ᠎ᠡ — ᠮᠢᠨᠤ ᠳᠡᠷᠭᠡᠳᠡᠬᠢ ᠦᠨᠳᠦᠰᠦᠲᠡᠨ᠎ᠤ ᠪᠦᠯᠬᠦᠮᠳᠡᠯ ᠲᠠᠪᠰᠢᠯᠳᠠ ᠵᠢᠨ ᠦᠯᠢᠭᠡᠷ》 ᠭᠡᠬᠦ ᠭᠡᠷᠡᠯ ᠵᠢᠷᠤᠭ᠎ᠤᠨ ᠪᠦᠲᠦᠭᠡᠯ ᠡᠯᠰᠡᠬᠦ ᠤᠷᠤᠯᠳᠤᠭ᠋ᠠᠨ᠎ᠤ ᠠᠵᠢᠯᠯᠠᠭ᠎ᠠ ᠵᠢ ᠡᠷᠬᠢᠯᠡᠨ᠎ᠡ᠃
ᠵᠢᠱ᠌ᠢᠶ᠎ᠡ ᠦᠵᠡᠭᠦᠯᠵᠦ ᠬᠦᠲᠦᠯᠦᠨ ᠳᠠᠭ᠋ᠠᠭᠤᠯᠬᠤ ᠠᠵᠢᠯᠯᠠᠭ᠎ᠠ
ᠡᠯ᠎ᠡ ᠱᠠᠲᠤᠨ᠎ᠤ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠵᠢᠱ᠌ᠢᠶ᠎ᠡ ᠦᠵᠡᠭᠦᠯᠬᠦ ᠨᠢᠭᠡᠴᠢ᠎ᠨᠦᠭᠦᠳ ᠵᠢᠱ᠌ᠢᠶ᠎ᠡ ᠦᠵᠡᠭᠦᠯᠵᠦ ᠦᠯᠢᠭᠡᠷ ᠳᠠᠭᠤᠷᠢᠶᠠᠯ ᠪᠣᠯᠬᠤ ᠦᠢ᠍ᠯᠡᠳᠦᠯ ᠵᠶ᠋ᠠᠨ ᠭᠦᠢ᠍ᠴᠡᠳ ᠪᠠᠳᠠᠷᠠᠭᠤᠯᠵᠤ᠂ ᠤᠯᠠᠨ ᠠᠷᠭ᠎ᠠ ᠵᠠᠮ ᠵᠶ᠋ᠠᠷ ᠤᠬᠠᠭᠤᠯᠭ᠎ᠠ ᠵᠢᠨ ᠠᠵᠢᠯ ᠵᠶ᠋ᠠᠨ ᠰᠠᠶ᠋ᠢᠲᠤᠷ ᠬᠢᠨ᠎ᠡ᠃ ᠡᠯ᠎ᠡ ᠱᠠᠲᠤᠨ᠎ᠤ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠵᠢᠱ᠌ᠢᠶᠡᠴᠢ ᠨᠠᠷ ᠲᠦᠷᠦᠭᠦᠯᠡᠨ ᠦᠨᠳᠦᠰᠦᠨ ᠱᠠᠲᠤᠨ᠎ᠳᠤ ᠭᠦᠨᠵᠡᠭᠡᠶ᠋ᠢᠷᠡᠵᠦ ᠤᠬᠠᠭᠤᠯᠤᠨ ᠲᠠᠶ᠋ᠢᠯᠪᠤᠷᠢᠯᠠᠬᠤ ᠠᠵᠢᠯ ᠦᠷᠨᠢᠭᠦᠯᠦᠨ᠎ᠡ᠃ ᠡᠯ᠎ᠡ ᠱᠠᠲᠤᠨ᠎ᠤ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ ᠬᠥᠮᠦᠵᠢᠯ ᠦᠢ᠍ᠯᠡᠳᠦᠯᠭᠡ ᠵᠢᠨ ᠰᠠᠭᠤᠷᠢᠨ ᠭᠠᠵᠠᠷ᠎ᠤᠨ᠎ᠬᠢᠨ ᠬᠤᠯᠪᠤᠭ᠋ᠠᠯᠠᠨ ᠰᠤᠷᠤᠯᠴᠠᠵᠤ ᠬᠤᠯᠪᠤᠭ᠋ᠠᠯᠠᠨ ᠪᠠᠶ᠋ᠢᠭᠤᠯᠬᠤ ᠵᠡᠷᠭᠡ ᠭᠤᠣᠯ ᠰᠡᠳᠦᠪᠲᠦ ᠠᠵᠢᠯᠯᠠᠭ᠎ᠠ ᠦᠷᠨᠢᠭᠦᠯᠦᠨ᠎ᠡ᠃
ᠰᠦᠯᠵᠢᠶᠡᠨ᠎ᠤ ᠱᠠᠩᠨᠠᠯᠲᠤ ᠮᠡᠳᠡᠯᠭᠡ ᠵᠢᠨ ᠤᠷᠤᠯᠳᠤᠭ᠋ᠠᠨ᠎ᠤ ᠠᠵᠢᠯᠯᠠᠭ᠎ᠠ
《ᠦᠨᠳᠦᠰᠦᠲᠡᠨ᠎ᠤ ᠲᠤᠬᠠᠢ ᠬᠠᠤᠯᠢ᠎ᠪᠠᠷ ᠵᠠᠰᠠᠬᠤ ᠤᠬᠠᠭᠤᠯᠭ᠎ᠠ ᠵᠢᠨ ᠭᠠᠷᠠᠭ》᠎ᠤᠨ ᠬᠤᠭᠤᠴᠠᠭ᠋ᠠᠨ᠎ᠳᠤ᠂ ᠨᠠᠮ᠎ᠤᠨ ᠦᠨᠳᠦᠰᠦᠲᠡᠨ᠎ᠤ ᠲᠤᠬᠠᠢ ᠣᠨᠣᠯ ᠲᠥᠷᠥ ᠵᠢᠨ ᠪᠣᠳᠣᠯᠭ᠎ᠠ ᠪᠠ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠤᠨ ᠰᠦᠯᠵᠢᠶᠡᠨ᠎ᠤ ᠱᠠᠩᠨᠠᠯᠲᠤ ᠮᠡᠳᠡᠯᠭᠡ ᠵᠢᠨ ᠤᠷᠤᠯᠳᠤᠭ᠋ᠠᠨ᠎ᠤ ᠠᠵᠢᠯᠯᠠᠭ᠎ᠠ ᠵᠢ ᠵᠣᠬᠢᠶᠠᠨ ᠪᠠᠶ᠋ᠢᠭᠤᠯᠤᠨ ᠥᠷᠨᠢᠭᠦᠯᠵᠦ᠂ ᠡᠯ᠎ᠡ ᠰᠠᠯᠠᠭ᠎ᠠ ᠮᠥᠴᠢᠷ ᠨᠢᠭᠡᠴᠢ ᠵᠢ ᠥᠷᠭᠡᠨ ᠵᠶ᠋ᠠᠷ ᠳᠠᠶ᠋ᠢᠴᠢᠯᠠᠨ ᠣᠷᠣᠯᠴᠠᠭᠤᠯᠵᠤ᠂ ᠠᠵᠢᠯᠯᠠᠭ᠎ᠠ ᠵᠢᠨ ᠴᠥᠷᠬᠡᠯᠡᠭᠡ ᠵᠢ ᠸᠢᠴᠠᠲ᠎ᠤᠨ ᠨᠡᠶ᠋ᠢᠲᠡ ᠵᠢᠨ ᠲᠠᠪᠴᠠᠩ ᠵᠶ᠋ᠠᠷ ᠢᠳᠡᠪᠬᠢᠲᠡᠢ ᠳᠠᠮᠵᠢᠭᠤᠯᠤᠨ ᠲᠠᠷᠬᠠᠭ᠋ᠠᠵᠤ᠂ ᠠᠵᠢᠯᠯᠠᠭ᠎ᠠ ᠵᠢᠨ ᠬᠠᠮᠤᠷᠬᠤ ᠬᠡᠪᠴᠢᠶ᠎ᠡ ᠵᠢ ᠴᠢᠷᠮᠠᠶ᠋ᠢᠨ ᠥᠷᠭᠡᠳᠬᠡᠵᠦ᠂ ᠨᠡᠶ᠋ᠢᠭᠡᠮ᠎ᠤᠨ ᠨᠥᠯᠥᠭᠡᠯᠡᠬᠦ ᠬᠦᠴᠦᠨ᠎ᠢ ᠳᠡᠭᠡᠭᠰᠢᠯᠡᠭᠦᠯᠦᠨ᠎ᠡ ᠃
ᠤᠬᠠᠭᠤᠯᠭ᠎ᠠ ᠵᠢᠨ ᠣᠬᠤᠷ ᠮᠡᠳᠡᠭᠡ ᠳᠠᠮᠵᠢᠭᠤᠯᠬᠤ ᠠᠵᠢᠯᠯᠠᠭ᠎ᠠ
5 ᠳ᠋ᠤᠭ᠋ᠠᠷ ᠰᠠᠷ᠎ᠠ ᠵᠢᠨ ᠡᠬᠢ᠎ᠪᠠᠷ᠂ ᠰᠢᠯᠵᠢᠮᠡᠯ ᠬᠤᠯᠪᠣᠭ᠎ᠠ᠂ ᠨᠢᠭᠡᠳᠦᠮᠡᠯ ᠬᠤᠯᠪᠣᠭ᠎ᠠ᠂ ᠴᠠᠬᠢᠯᠭ᠋ᠠᠨ ᠬᠤᠯᠪᠣᠭ᠎ᠠ ᠵᠡᠷᠭᠡ ᠡᠵᠡᠩᠨᠡᠨ ᠠᠵᠢᠯᠯᠠᠭᠰᠠᠳ ᠵᠶ᠋ᠠᠷ ᠳᠠᠮᠵᠢᠭᠤᠯᠤᠨ᠂ ᠪᠥᠬᠦ ᠣᠷᠣᠨ᠎ᠤ ᠭᠠᠷ ᠤᠲᠠᠰᠤᠨ᠎ᠤ ᠬᠡᠷᠡᠭᠯᠡᠭᠴᠢᠳ᠎ᠲᠤ ᠨᠠᠮ᠎ᠤᠨ ᠦᠨᠳᠦᠰᠦᠲᠡᠨ᠎ᠤ ᠲᠤᠬᠠᠢ ᠣᠨᠣᠯ ᠲᠥᠷᠥ ᠵᠢᠨ ᠪᠣᠳᠣᠯᠭ᠎ᠠ ᠪᠠ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠤᠨ ᠤᠬᠠᠭᠤᠯᠭ᠎ᠠ ᠵᠢᠨ ᠨᠡᠶ᠋ᠢᠲᠡ ᠵᠢᠨ ᠠᠰᠠᠷᠠᠮᠵᠢ ᠵᠢᠨ ᠣᠬᠤᠷ ᠮᠡᠳᠡᠭᠡ ᠵᠢ ᠳᠠᠮᠵᠢᠭᠤᠯᠤᠨ᠎ᠠ ᠃
ᠠᠵᠢᠯ᠎ᠤᠨ ᠱᠠᠭ᠋ᠠᠷᠳᠠᠯᠭ᠎ᠠ
ᠡᠯ᠎ᠡ ᠰᠠᠯᠠᠭ᠎ᠠ ᠮᠥᠴᠢᠷ ᠨᠢᠭᠡᠴᠢ᠎ᠨᠦᠭᠦᠳ ᠨᠠᠮ᠎ᠤᠨ ᠦᠨᠳᠦᠰᠦᠲᠡᠨ᠎ᠤ ᠲᠤᠬᠠᠢ ᠣᠨᠣᠯ ᠲᠥᠷᠥ ᠵᠢᠨ ᠪᠣᠳᠣᠯᠭ᠎ᠠ ᠪᠠ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠤᠨ ᠤᠬᠠᠭᠤᠯᠭ᠎ᠠ ᠵᠢᠨ ᠠᠵᠢᠯ᠎ᠢ ᠥᠷᠨᠢᠭᠦᠯᠬᠦ᠎ᠳᠤ᠎ᠪᠠᠨ ᠦᠨᠡᠨ᠎ᠠᠴᠠ ᠵᠥᠪ᠎ᠢ ᠡᠷᠢᠬᠦ ᠵᠢ ᠪᠠᠷᠢᠮᠲᠠᠯᠠᠵᠤ᠂ ᠴᠠᠭ ᠬᠡᠮᠵᠢᠶ᠎ᠡ ᠪᠦᠲᠦᠮᠵᠢ᠎ᠪᠠᠨ ᠡᠵᠡᠮᠳᠡᠬᠦ ᠬᠡᠷᠡᠭᠲᠡᠢ; ᠠᠷᠭ᠎ᠠ ᠬᠡᠯᠪᠡᠷᠢ ᠠᠷᠭ᠎ᠠ ᠮᠠᠶᠢᠭ᠎ᠢ ᠠᠩᠬᠠᠷᠴᠤ᠂ ᠬᠡᠯᠪᠡᠷᠢᠴᠢ ᠦᠵᠡᠯ᠎ᠢ ᠴᠢᠩᠭ᠎ᠠ ᠴᠡᠭᠡᠷᠯᠡᠨ᠂ ᠱᠠᠲᠤ ᠱᠠᠲᠤ᠎ᠪᠠᠷ ᠠᠵᠢᠯ᠎ᠤᠨ ᠡᠭᠦᠷᠭᠡ ᠵᠢ᠎ᠨᠢ ᠨᠡᠮᠡᠭᠳᠡᠭᠦᠯᠵᠦ ᠪᠣᠯᠬᠤ ᠦᠭᠡᠢ᠂ ᠦᠨᠳᠦᠰᠦᠨ ᠱᠠᠲᠤᠨ᠎ᠤ ᠳᠠᠷᠤᠭ᠋ᠠᠰᠤ ᠵᠢ᠎ᠨᠢ ᠨᠡᠮᠡᠭᠳᠡᠭᠦᠯᠵᠦ ᠪᠣᠯᠬᠤ ᠦᠭᠡᠢ; ᠦᠨᠳᠦᠰᠦᠲᠡᠨ᠎ᠨᠦᠭᠦᠳ᠎ᠤᠨ ᠤᠯᠠᠨ ᠲᠦᠮᠡᠨ᠎ᠤ ᠠᠮᠠᠷᠬᠠᠨ ᠬᠦᠯᠢᠶᠡᠨ ᠠᠪᠬᠤ ᠬᠡᠯᠪᠡᠷᠢ᠎ᠪᠠᠷ ᠤᠬᠠᠭᠤᠯᠭ᠎ᠠ ᠵᠢᠨ ᠠᠵᠢᠯ ᠵᠶ᠋ᠠᠨ ᠥᠷᠨᠢᠭᠦᠯᠵᠦ᠂ ᠪᠣᠳᠠᠲᠤ ᠬᠡᠷᠡᠭ ᠲᠤᠭ᠎ᠠ ᠪᠠᠷᠢᠮᠲᠠ᠂ ᠨᠡᠶ᠋ᠢᠲᠡᠯᠢᠭ ᠬᠡᠷᠡᠭ᠎ᠤᠨ ᠵᠢᠱ᠌ᠢᠶ᠎ᠡ᠎ᠪᠠᠷ ᠶᠣᠰᠣ ᠤᠴᠢᠷ᠎ᠢ ᠲᠣᠳᠣᠷᠬᠠᠶ᠋ᠢᠯᠠᠬᠤᠳᠤᠪᠠᠨ ᠴᠢᠳᠠᠮᠠᠭ᠋ᠠᠢ ᠪᠠᠶ᠋ᠢᠬᠤ ᠬᠡᠷᠡᠭᠲᠡᠢ; ᠪᠦᠲᠦᠮᠵᠢᠲᠡᠶ ᠲᠤᠷᠰᠢᠯᠭ᠎ᠠ ᠪᠠ ᠠᠷᠭ᠎ᠠ ᠵᠢ ᠴᠠᠭ ᠲᠤᠬᠠᠢᠳᠤᠨᠢ ᠳ᠋ᠦᠩᠨᠡᠵᠦ᠂ ᠨᠠᠮ᠎ᠤᠨ ᠦᠨᠳᠦᠰᠦᠲᠡᠨ᠎ᠤ ᠲᠤᠬᠠᠢ ᠣᠨᠣᠯ ᠲᠥᠷᠥ ᠵᠢᠨ ᠪᠣᠳᠣᠯᠭ᠎ᠠ ᠪᠠ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠤᠨ ᠤᠬᠠᠭᠤᠯᠭ᠎ᠠ ᠬᠥᠮᠦᠵᠢᠯ᠎ᠤᠨ ᠣᠷᠳᠣ ᠬᠤᠭᠤᠴᠠᠭ᠋ᠠᠨ᠎ᠤ ᠪᠦᠲᠦᠮᠵᠢᠲᠡᠶ ᠲᠣᠭᠲᠠᠴᠠ ᠵᠢ ᠪᠠᠶ᠋ᠢᠭᠤᠯᠤᠨ ᠪᠦᠷᠢᠨᠰᠢᠭᠦᠯᠬᠦ ᠬᠡᠷᠡᠭᠲᠡᠢ᠃