ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠤᠷᠭᠠᠨ ᠬᠦᠮᠦᠵᠢᠯ᠎ᠤᠨ ᠬᠠᠨᠲᠤᠯᠭ᠎ᠠ
ᠰᠣᠨᠤᠷ᠎ᠤᠨ ᠲᠠᠪᠴᠠᠩ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠢᠯᠡ ᠵᠠᠰᠠᠭ   -   ᠲᠥᠷᠥ᠎ᠶᠢᠨ ᠪᠣᠳᠣᠯᠭ᠎ᠠ᠎ᠶᠢᠨ ᠲᠠᠶ᠋ᠢᠯᠤᠮᠵᠢ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ ᠵᠡᠷᠭᠡ ᠠᠷᠪᠠᠨ ᠳᠣᠯᠣᠭ᠋ᠠᠨ ᠰᠠᠯᠠᠭ᠎ᠠ ᠮᠥᠴᠢᠷ ᠬᠠᠮᠲᠤᠷᠠᠨ ᠳᠠᠷᠤᠮᠠᠯᠯᠠᠨ ᠲᠠᠷᠬᠠᠭ᠋ᠠᠭᠰᠠᠨ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠭᠡᠷ ᠪᠦᠯᠢ ᠰᠤᠷᠭ᠋ᠠᠭᠤᠯᠢ ᠨᠡᠶ᠋ᠢᠭᠡᠮ ᠬᠠᠮᠵᠢᠯᠴᠠᠨ ᠬᠥᠮᠦᠨ ᠬᠥᠮᠦᠵᠢᠭᠦᠯᠬᠦ 〈ᠰᠤᠷᠭ᠋ᠠᠨ ᠬᠥᠮᠦᠵᠢᠯ᠎ᠤᠨ ᠬᠣᠯᠪᠣᠭ᠋ᠠᠲᠤ ᠴᠣᠭᠴᠠ〉 ᠵᠢᠨ ᠬᠡᠷᠡᠭᠵᠢᠭᠦᠯᠬᠦ ᠲᠥᠰᠦᠯ》᠎ᠤᠨ ᠲᠤᠬᠠᠢ ᠲᠥᠷᠥ ᠵᠢᠨ ᠪᠣᠳᠣᠯᠭ᠎ᠠ ᠵᠢᠨ ᠲᠠᠶ᠋ᠢᠯᠤᠮᠵᠢ
ᠨᠡᠶ᠋ᠢᠲᠡᠯᠡᠭᠰᠡᠨ ᠴᠠᠭ᠄ 2025-06-12

《ᠰᠤᠷᠭ᠋ᠠᠨ ᠬᠥᠮᠦᠵᠢᠯ᠎ᠤᠨ ᠶᠠᠮᠤᠨ ᠵᠡᠷᠭᠡ ᠠᠷᠪᠠᠨ ᠭᠤᠷᠪᠠᠨ ᠰᠠᠯᠠᠭ᠎ᠠ ᠮᠥᠴᠢᠷ᠎ᠤᠨ ᠰᠤᠷᠭ᠋ᠠᠭᠤᠯᠢ ᠭᠡᠷ ᠪᠦᠯᠢ ᠨᠡᠶ᠋ᠢᠭᠡᠮ ᠬᠠᠮᠵᠢᠯᠴᠠᠨ ᠬᠥᠮᠦᠨ ᠬᠥᠮᠦᠵᠢᠭᠦᠯᠬᠦ ᠲᠣᠭᠲᠠᠴᠠ ᠵᠢ ᠲᠡᠭᠦᠯᠳᠡᠷᠵᠢᠭᠦᠯᠬᠦ ᠲᠤᠬᠠᠢ ᠰᠠᠨᠠᠯ》 (ᠰᠤᠷᠭ᠋ᠠᠨ ᠰᠠᠭᠤᠷᠢ [2022] 7 ᠳ᠋ᠤᠭ᠋ᠠᠷ ᠲᠣᠭ᠋ᠠᠲᠤ) ᠪᠣᠯᠤᠨ 《ᠰᠤᠷᠭ᠋ᠠᠨ ᠬᠥᠮᠦᠵᠢᠯ᠎ᠤᠨ ᠶᠠᠮᠤᠨ᠎ᠤ ᠠᠯᠪᠠᠨ ᠲᠢᠩᠬᠢᠮ ᠵᠡᠷᠭᠡ ᠠᠷᠪᠠᠨ ᠳᠣᠯᠤᠭ᠋ᠠᠨ ᠰᠠᠯᠠᠭ᠎ᠠ ᠮᠥᠴᠢᠷ᠎ᠤᠨ 〈ᠭᠡᠷ ᠪᠥᠯᠢ ᠰᠤᠷᠭ᠋ᠠᠭᠤᠯᠢ ᠨᠡᠢ᠌ᠭᠡᠮ ᠬᠠᠮᠵᠢᠯᠴᠠᠨ ᠬᠥᠮᠦᠨ ᠬᠥᠮᠥᠵᠢᠬᠦᠯᠬᠦ (ᠰᠤᠷᠭ᠋ᠠᠨ ᠬᠥᠮᠥᠵᠢᠯ᠎ᠤᠨ ᠬᠣᠯᠪᠤᠭ᠋ᠠᠲᠤ ᠴᠣᠭᠴᠠ) ᠵᠢᠨ ᠠᠵᠢᠯ᠎ᠤᠨ ᠲᠥᠰᠦᠯ〉᠎ᠢ ᠳᠠᠷᠤᠮᠠᠯᠯᠠᠨ ᠲᠠᠷᠬᠠᠭ᠋ᠠᠬᠤ ᠲᠤᠬᠠᠢ ᠮᠡᠳᠡᠭᠳᠡᠯ》 (ᠰᠤᠷᠭ᠋ᠠᠨ ᠰᠠᠭᠤᠷᠢ ᠲᠢᠩᠬᠢᠮ ᠪᠢᠴᠢᠭ  [2024] 29 ᠳ᠋ᠦ᠍ᠭᠡᠷ ᠲᠣᠭ᠋ᠠᠲᠤ)᠎ᠢ ᠭᠦᠨᠵᠡᠭᠡᠢ ᠲᠤᠭᠤᠰᠢᠯᠠᠭᠤᠯᠤᠨ ᠨᠠᠢ᠌ᠳᠠᠪᠤᠷᠢᠵᠢᠭᠤᠯᠬᠤ ᠵᠢᠨ ᠲᠥᠯᠦᠭᠡ᠂ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ᠎ᠠᠴᠠ ᠳᠣᠲᠣᠭ᠋ᠠᠳᠤ ᠵᠢ ᠬᠠᠮᠠᠭ᠋ᠠᠯᠠᠬᠤ ᠲᠢᠩᠬᠢᠮ᠂ ᠠᠷᠠᠳ᠎ᠤᠨ ᠶᠠᠪᠤᠳᠠᠯ᠎ᠤᠨ ᠲᠢᠩᠬᠢᠮ᠂ ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠶ᠋ᠢᠭᠤᠯᠤᠯᠲᠠ ᠵᠢᠨ ᠲᠢᠩᠬᠢᠮ᠂ ᠰᠣᠶᠣᠯ ᠪᠠ ᠵᠢᠭᠤᠯᠴᠢᠯᠠᠯ᠎ᠤᠨ ᠲᠢᠩᠬᠢᠮ᠂ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ᠂ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠂ ᠲᠡᠦᠬᠡ ᠵᠢᠨ ᠳᠤᠷᠠᠰᠬᠠᠯᠲᠤ ᠵᠦᠢ᠍ᠯᠡᠰ᠎ᠤᠨ ᠲᠣᠪᠴᠢᠶ᠎ᠠ᠂ ᠭᠠᠯ ᠰᠡᠷᠭᠡᠢ᠌ᠯᠡᠵᠦ ᠭᠠᠯ ᠤᠨᠲᠠᠷᠠᠭ᠋ᠠᠵᠤ ᠠᠪᠤᠷᠠᠨ ᠲᠤᠰᠠᠯᠠᠬᠤ ᠶᠡᠷᠦᠩᠬᠡᠢ ᠠᠩᠭᠢ᠂ ᠡᠮᠡᠭᠲᠡᠶ᠋ᠢᠴᠦᠳ ᠪᠠ ᠬᠡᠦᠬᠡᠳ᠎ᠤᠨ ᠠᠵᠢᠯ᠎ᠤᠨ ᠬᠣᠷᠢᠶ᠎ᠠ ᠵᠢᠨ ᠠᠯᠪᠠᠨ ᠭᠡᠷ᠂ ᠡᠪᠯᠡᠯ᠎ᠤᠨ ᠬᠣᠷᠢᠶ᠎ᠠ᠂ ᠡᠮᠡᠭᠲᠡᠶ᠋ᠢᠴᠦᠳ᠎ᠤᠨ ᠬᠣᠯᠪᠣᠭ᠋ᠠᠲᠤ ᠬᠤᠷᠠᠯ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠨᠡᠶ᠋ᠢᠭᠡᠮᠯᠢᠭ ᠵᠡᠷᠭᠡ ᠠᠷᠪᠠᠨ ᠳᠣᠯᠤᠭ᠋ᠠᠨ ᠰᠠᠯᠠᠭ᠎ᠠ ᠮᠥᠴᠢᠷ᠎ᠲᠠᠢ ᠬᠠᠮᠲᠤᠷᠠᠨ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠭᠡᠷ ᠪᠦᠯᠢ ᠰᠤᠷᠭ᠋ᠠᠭᠤᠯᠢ ᠨᠡᠶ᠋ᠢᠭᠡᠮ ᠬᠠᠮᠵᠢᠯᠴᠠᠨ ᠬᠥᠮᠦᠨ ᠬᠥᠮᠦᠵᠢᠭᠦᠯᠬᠦ 〈ᠰᠤᠷᠭ᠋ᠠᠨ ᠬᠥᠮᠦᠵᠢᠯ᠎ᠤᠨ ᠬᠣᠯᠪᠣᠭ᠋ᠠᠲᠤ ᠴᠣᠭᠴᠠ〉 ᠵᠢᠨ ᠬᠡᠷᠡᠭᠵᠢᠭᠦᠯᠬᠦ ᠲᠥᠰᠦᠯ》 (ᠥᠪᠥᠷ ᠰᠤᠷᠭ᠋ᠠᠨ ᠰᠠᠭᠤᠷᠢ [2025] 52 ᠳ᠋ᠤᠭ᠋ᠠᠷ ᠲᠣᠭ᠋ᠠᠲᠤ)᠎ᠢ ᠳᠣᠭᠲᠠᠭ᠋ᠠᠵᠤ᠂ ᠡᠯ᠎ᠡ ᠭᠠᠵᠠᠷ᠎ᠤᠨ᠎ᠬᠢᠨ ᠭᠡᠷ ᠪᠥᠯᠢ ᠰᠤᠷᠭ᠋ᠠᠭᠤᠯᠢ ᠨᠡᠢ᠌ᠭᠡᠮ ᠬᠠᠮᠵᠢᠯᠴᠠᠨ ᠬᠥᠮᠦᠨ ᠬᠥᠮᠥᠵᠢᠭᠦᠯᠬᠦ 〈ᠰᠤᠷᠭ᠋ᠠᠨ ᠬᠥᠮᠥᠵᠢᠯ᠎ᠤᠨ ᠬᠣᠯᠪᠤᠭ᠋ᠠᠲᠤ ᠴᠣᠭᠴᠠ〉 ᠵᠢ ᠪᠦᠬᠦ ᠲᠠᠯ᠎ᠠ᠎ᠪᠠᠷ ᠪᠠᠶ᠋ᠢᠭᠤᠯᠬᠤ ᠵᠢ ᠠᠬᠢᠭᠤᠯᠪᠠ᠃ ᠡᠳᠦᠭᠡ ᠬᠣᠯᠪᠣᠭᠳᠠᠯ ᠪᠦᠬᠦᠢ ᠲᠥᠷᠥ ᠵᠢᠨ ᠪᠣᠳᠣᠯᠭ᠎ᠠ ᠵᠢᠨ ᠲᠤᠬᠠᠢ ᠲᠠᠶ᠋ᠢᠯᠤᠮᠵᠢ ᠬᠢᠪᠡ᠃

ᠨᠢᠭᠡ᠂ ᠪᠢᠴᠢᠭ ᠮᠠᠲ᠋ᠧᠷᠢᠶᠠᠯ᠎ᠢ ᠲᠤᠭᠤᠷᠪᠢᠭᠰᠠᠨ ᠠᠬᠤᠢ ᠪᠠᠶ᠋ᠢᠳᠠᠯ ᠵᠢᠴᠢ ᠶᠠᠪᠤᠴᠠ ᠶᠠᠭᠤ ᠪᠤᠢ?

ᠬᠠᠷᠢᠭᠤᠯᠲᠠ᠄ ᠨᠠᠮ᠎ᠤᠨ ᠠᠷᠪᠠᠨ ᠨᠠᠢ᠍ᠮᠠᠳᠤᠭ᠋ᠠᠷ ᠶᠡᠬᠡ ᠬᠤᠷᠠᠯ᠎ᠠᠴᠠ ᠨᠠᠭ᠋ᠠᠰᠢ᠂ ᠰᠢ᠎ᠵᠢᠨ᠎ᠫᠢᠩ ᠨᠥᠬᠥᠷ ᠵᠶ᠋ᠠᠷ ᠭᠣᠣᠯ ᠪᠣᠯᠭ᠋ᠠᠭᠰᠠᠨ ᠨᠠᠮ᠎ᠤᠨ ᠲᠥᠪ ᠬᠣᠷᠢᠶ᠎ᠠ ᠬᠠᠮᠵᠢᠯᠴᠠᠨ ᠬᠥᠮᠦᠨ ᠬᠥᠮᠦᠵᠢᠭᠦᠯᠬᠦ ᠠᠵᠢᠯ᠎ᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ᠂ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠢᠯᠡᠳᠬᠡᠯ᠎ᠳᠤ 《ᠰᠤᠷᠭ᠋ᠠᠭᠤᠯᠢ ᠭᠡᠷ ᠪᠦᠯᠢ ᠨᠡᠶ᠋ᠢᠭᠡᠮ᠎ᠤᠨ ᠬᠥᠮᠦᠨ ᠬᠥᠮᠦᠵᠢᠭᠦᠯᠬᠦ ᠲᠣᠭᠲᠠᠴᠠ ᠵᠢ ᠲᠡᠭᠦᠯᠳᠡᠷᠵᠢᠭᠦᠯᠬᠦ》 ᠬᠡᠷᠡᠭᠲᠡᠢ ᠭᠡᠵᠦ ᠳᠤᠷᠠᠳᠪᠠ᠃ ᠰᠤᠷᠭ᠋ᠠᠨ ᠬᠥᠮᠦᠵᠢᠯ᠎ᠤᠨ ᠶᠠᠮᠤᠨ 2024 ᠣᠨ᠎ᠤ 5 ᠰᠠᠷ᠎ᠠ ᠵᠢᠨ 28᠎ᠤ ᠡᠳᠦᠷ᠂ ᠪᠦᠬᠦ ᠤᠯᠤᠰ᠎ᠤᠨ ᠭᠡᠷ ᠪᠥᠯᠢ ᠰᠤᠷᠭ᠋ᠠᠭᠤᠯᠢ ᠨᠡᠶ᠋ᠢᠭᠡᠮ ᠬᠠᠮᠵᠢᠯᠴᠠᠨ ᠬᠥᠮᠦᠨ ᠬᠥᠮᠦᠵᠢᠭᠦᠯᠬᠦ ᠠᠵᠢᠯ᠎ᠤᠨ ᠠᠬᠤᠢ ᠲᠠᠯᠠᠪᠠᠢ ᠵᠢᠨ ᠠᠬᠢᠭᠤᠯᠬᠤ ᠬᠤᠷᠠᠯ᠎ᠢ ᠬᠤᠷᠠᠯᠳᠤᠭᠤᠯᠵᠤ᠂ ᠡᠯ᠎ᠡ ᠭᠠᠵᠠᠷ᠎ᠤᠨ᠎ᠬᠢᠨ ᠭᠡᠷ ᠪᠦᠯᠢ ᠰᠤᠷᠭ᠋ᠠᠭᠤᠯᠢ ᠨᠡᠶ᠋ᠢᠭᠡᠮ ᠬᠠᠮᠵᠢᠯᠴᠠᠨ ᠬᠥᠮᠦᠨ ᠬᠥᠮᠦᠵᠢᠭᠦᠯᠬᠦ ᠲᠤᠷᠰᠢᠯᠭ᠎ᠠ ᠪᠠ ᠠᠷᠭ᠎ᠠ ᠪᠠᠷᠢᠯ ᠵᠶ᠋ᠠᠨ ᠳ᠋ᠦᠩᠨᠡᠨ ᠰᠣᠯᠢᠯᠴᠠᠵᠤ᠂ ᠭᠡᠷ ᠪᠦᠯᠢ ᠰᠤᠷᠭ᠋ᠠᠭᠤᠯᠢ ᠨᠡᠶ᠋ᠢᠭᠡᠮ ᠬᠠᠮᠵᠢᠯᠴᠠᠨ ᠬᠥᠮᠦᠨ ᠬᠥᠮᠦᠵᠢᠭᠦᠯᠬᠦ 《ᠰᠤᠷᠭ᠋ᠠᠨ ᠬᠥᠮᠦᠵᠢᠯ᠎ᠤᠨ ᠬᠣᠯᠪᠣᠭ᠋ᠠᠲᠤ ᠴᠣᠭᠴᠠ》 ᠵᠢ  ᠪᠣᠳᠠᠲᠠᠢ᠌ᠵᠢᠭᠤᠯᠤᠨ ᠨᠠᠶ᠋ᠢᠳᠠᠪᠤᠷᠢᠵᠢᠭᠤᠯᠬᠤ ᠵᠢ ᠯᠠᠪᠳᠠᠭᠤᠨ ᠵᠶ᠋ᠠᠷ ᠠᠬᠢᠭᠤᠯᠪᠠ᠃ 2024 ᠣᠨ᠎ᠤ 9 ᠰᠠᠷ᠎ᠠ᠎ᠳᠤ᠂ ᠰᠤᠷᠭ᠋ᠠᠨ ᠬᠥᠮᠦᠵᠢᠯ᠎ᠤᠨ ᠶᠠᠮᠤᠨ ᠲᠥᠪ᠎ᠤᠨ ᠤᠬᠠᠭᠤᠯᠬᠤ ᠬᠡᠯᠲᠡᠰ ᠵᠡᠷᠭᠡ ᠠᠷᠪᠠᠨ ᠳᠣᠯᠣᠭ᠋ᠠᠨ ᠰᠠᠯᠠᠭ᠎ᠠ ᠮᠥᠴᠢᠷ᠎ᠲᠠᠢ ᠬᠠᠮᠲᠤᠷᠠᠨ 《ᠭᠡᠷ ᠪᠦᠯᠢ ᠰᠤᠷᠭ᠋ᠠᠭᠤᠯᠢ ᠨᠡᠶ᠋ᠢᠭᠡᠮ ᠬᠠᠮᠵᠢᠯᠴᠠᠨ ᠬᠥᠮᠦᠨ ᠬᠥᠮᠦᠵᠢᠭᠦᠯᠬᠦ 〈ᠰᠤᠷᠭ᠋ᠠᠨ ᠬᠥᠮᠦᠵᠢᠯ᠎ᠤᠨ ᠬᠣᠯᠪᠣᠭ᠋ᠠᠲᠤ ᠴᠣᠭᠴᠠ〉 ᠵᠢᠨ ᠠᠵᠢᠯ᠎ᠤᠨ ᠲᠥᠰᠦᠯ》᠎ᠢ ᠳᠠᠷᠤᠮᠠᠯᠯᠠᠨ ᠲᠠᠷᠬᠠᠭ᠋ᠠᠵᠤ᠂ ᠡᠯ᠎ᠡ ᠭᠠᠵᠠᠷ᠎ᠤᠨ ᠡᠯ᠎ᠡ ᠳᠤᠮᠳᠠᠳᠤ ᠪᠠᠭ᠎ᠠ ᠰᠤᠷᠭ᠋ᠠᠭᠤᠯᠢ 《ᠰᠤᠷᠭ᠋ᠠᠨ ᠬᠥᠮᠦᠵᠢᠯ᠎ᠤᠨ ᠬᠣᠯᠪᠣᠭ᠋ᠠᠲᠤ ᠴᠣᠭᠴᠠ》᠎ᠠᠴᠠ ᠭᠠᠷᠳᠠᠵᠤ᠂ ᠦᠢ᠍ᠯᠡᠳᠦᠯᠭᠡ᠎ᠪᠠᠷ ᠬᠥᠮᠦᠨ ᠬᠥᠮᠦᠵᠢᠭᠦᠯᠬᠦ᠂ ᠠᠨᠠᠭ᠋ᠠᠬᠤ ᠤᠬᠠᠭ᠋ᠠᠨ ᠰᠤᠷᠭ᠋ᠠᠨ ᠬᠥᠮᠦᠵᠢᠯ᠎ᠢ ᠬᠠᠷᠢᠯᠴᠠᠨ ᠠᠬᠢᠭᠤᠯᠬᠤ᠂ ᠪᠡᠶ᠎ᠡ ᠵᠢᠨ ᠲᠠᠮᠢᠷ ᠰᠤᠷᠭ᠋ᠠᠨ ᠬᠥᠮᠦᠵᠢᠯ ᠎ᠢ ᠬᠠᠷᠢᠯᠴᠠᠨ ᠠᠭᠤᠰᠬᠠᠬᠤ᠂ ᠭᠡᠷ ᠪᠦᠯᠢ ᠪᠠ ᠰᠤᠷᠭ᠋ᠠᠭᠤᠯᠢ ᠬᠠᠷᠢᠯᠴᠠᠨ ᠦᠢ᠍ᠯᠡᠳᠦᠯᠴᠡᠬᠦ᠂ ᠨᠡᠶ᠋ᠢᠭᠡᠮ ᠪᠠ ᠰᠤᠷᠭ᠋ᠠᠨ ᠬᠥᠮᠦᠵᠢᠯ ᠢᠵᠢᠯ ᠳᠠᠪᠲᠠᠮᠵᠢ᠎ᠪᠠᠷ ᠤᠷᠤᠭᠰᠢᠯᠠᠬᠤ᠂ ᠴᠠᠭᠳᠠᠭ᠎ᠠ ᠪᠠ ᠰᠤᠷᠭ᠋ᠠᠭᠤᠯᠢ ᠢᠵᠢᠯ ᠠᠯᠬᠤᠮ ᠵᠶ᠋ᠠᠷ ᠤᠷᠤᠭᠰᠢᠯᠠᠬᠤ ᠵᠢ ᠬᠠᠮᠵᠢᠨ ᠵᠣᠬᠢᠴᠠᠭᠤᠯᠬᠤ ᠵᠢ ᠴᠢᠩᠭ᠋ᠠᠳᠬᠠᠪᠠ᠃ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ ᠰᠤᠷᠭ᠋ᠠᠨ ᠬᠥᠮᠦᠵᠢᠯ᠎ᠤᠨ ᠶᠠᠮᠤᠨ᠎ᠤ ᠪᠢᠴᠢᠭ ᠮᠠᠲ᠋ᠧᠷᠢᠶᠠᠯ᠎ᠤᠨ ᠵᠣᠷᠢᠭ ᠰᠠᠨᠠᠭ᠎ᠠ ᠶᠣᠰᠣᠭ᠋ᠠᠷ᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠭᠡᠷ ᠪᠦᠯᠢ ᠰᠤᠷᠭ᠋ᠠᠭᠤᠯᠢ ᠨᠡᠶ᠋ᠢᠭᠡᠮ ᠬᠠᠮᠵᠢᠯᠴᠠᠨ ᠬᠥᠮᠦᠨ ᠬᠥᠮᠦᠵᠢᠭᠦᠯᠬᠦ 〈ᠰᠤᠷᠭ᠋ᠠᠨ ᠬᠥᠮᠦᠵᠢᠯ᠎ᠤᠨ ᠬᠣᠯᠪᠣᠭ᠋ᠠᠲᠤ ᠴᠣᠭᠴᠠ〉 ᠵᠢᠨ ᠬᠡᠷᠡᠭᠵᠢᠭᠦᠯᠬᠦ ᠲᠥᠰᠦᠯ (ᠰᠠᠨᠠᠯ ᠬᠤᠷᠢᠶᠠᠬᠤ ᠨᠣᠤᠷᠠᠭ)》 (ᠳᠣᠷᠣᠭᠰᠢ 《ᠬᠡᠷᠡᠭᠵᠢᠭᠦᠯᠬᠦ ᠲᠥᠰᠦᠯ》 ᠭᠡᠵᠦ  ᠳᠦᠭᠦᠮᠴᠢᠯᠡᠨ᠎ᠡ)᠎ᠢ ᠲᠤᠭᠤᠷᠪᠢᠵᠤ᠂ ᠤᠷᠢᠳ ᠬᠣᠵᠢᠳ ᠰᠤᠷᠭ᠋ᠠᠨ ᠬᠥᠮᠦᠵᠢᠯ᠎ᠤᠨ ᠲᠢᠩᠬᠢᠮ᠎ᠤᠨ ᠪᠠᠶ᠋ᠢᠭᠤᠯᠭ᠎ᠠ ᠵᠢᠨ ᠬᠣᠯᠪᠣᠭᠳᠠᠯ ᠪᠦᠬᠦᠢ ᠭᠠᠵᠠᠷ ᠳᠠᠰᠤᠭ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠤᠬᠠᠭᠤᠯᠬᠤ ᠬᠡᠯᠲᠡᠰ᠂ ᠨᠠᠮ᠎ᠤᠨ ᠬᠣᠷᠢᠶ᠎ᠠ ᠵᠢᠨ ᠢᠨᠲ᠋ᠧᠷ ᠰᠦᠯᠵᠢᠶᠡᠨ᠎ᠤ ᠮᠡᠳᠡᠭᠡ ᠵᠠᠩᠭᠢ ᠵᠢᠨ ᠠᠯᠪᠠᠨ ᠭᠡᠷ᠂ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ᠂ ᠳᠣᠲᠣᠭ᠋ᠠᠳᠤ ᠵᠢ ᠬᠠᠮᠠᠭ᠋ᠠᠯᠠᠬᠤ ᠲᠢᠩᠬᠢᠮ᠂ ᠠᠷᠠᠳ᠎ᠤᠨ ᠶᠠᠪᠤᠳᠠᠯ᠎ᠤᠨ ᠲᠢᠩᠬᠢᠮ᠂ ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠶ᠋ᠢᠭᠤᠯᠤᠯᠲᠠ ᠵᠢᠨ ᠲᠢᠩᠬᠢᠮ᠂ ᠰᠣᠶᠣᠯ ᠪᠠ ᠵᠢᠭᠤᠯᠴᠢᠯᠠᠯ᠎ᠤᠨ ᠲᠢᠩᠬᠢᠮ᠂ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ᠂ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠂ ᠲᠡᠦᠬᠡ ᠵᠢᠨ ᠳᠤᠷᠠᠰᠬᠠᠯᠲᠤ ᠵᠦᠢ᠍ᠯᠡᠰ᠎ᠤᠨ ᠲᠣᠪᠴᠢᠶ᠎ᠠ᠂ ᠭᠠᠯ ᠰᠡᠷᠭᠡᠢ᠌ᠯᠡᠵᠦ ᠭᠠᠯ ᠤᠨᠲᠠᠷᠠᠭ᠋ᠠᠵᠤ ᠠᠪᠤᠷᠠᠨ ᠲᠤᠰᠠᠯᠠᠬᠤ ᠶᠡᠷᠦᠩᠬᠡᠢ ᠠᠩᠭᠢ᠂ ᠡᠮᠡᠭᠲᠡᠶ᠋ᠢᠴᠦᠳ ᠬᠡᠦᠬᠡᠳ᠎ᠤᠨ ᠠᠵᠢᠯ᠎ᠤᠨ ᠬᠣᠷᠢᠶ᠎ᠠ ᠵᠢᠨ ᠠᠯᠪᠠᠨ ᠭᠡᠷ᠂ ᠡᠪᠯᠡᠯ᠎ᠤᠨ ᠬᠣᠷᠢᠶ᠎ᠠ᠂ ᠡᠮᠡᠭᠲᠡᠶ᠋ᠢᠴᠦᠳ᠎ᠤᠨ ᠬᠣᠯᠪᠣᠭ᠋ᠠᠲᠤ ᠬᠤᠷᠠᠯ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠨᠡᠶ᠋ᠢᠭᠡᠮᠯᠢᠭ ᠵᠢᠴᠢ ᠡᠯ᠎ᠡ ᠠᠶ᠋ᠢᠮᠠᠭ ᠬᠣᠲᠠ ᠵᠢᠨ ᠰᠤᠷᠭ᠋ᠠᠨ ᠬᠥᠮᠦᠵᠢᠯ᠎ᠤᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠤᠨ ᠰᠠᠨᠠᠯ᠎ᠢ ᠬᠤᠷᠢᠶᠠᠵᠤ᠂ ᠳᠠᠬᠢᠨ ᠳᠠᠪᠲᠠᠨ ᠵᠠᠰᠠᠪᠤᠷᠢ ᠣᠷᠣᠭᠤᠯᠤᠨ ᠲᠡᠭᠦᠯᠳᠡᠷᠵᠢᠭᠦᠯᠵᠦ᠂ 《ᠬᠡᠷᠡᠭᠵᠢᠭᠦᠯᠬᠦ ᠲᠥᠰᠦᠯ》᠎ᠢ ᠪᠦᠷᠢᠯᠳᠦᠭᠦᠯᠬᠦ ᠵᠢᠨ ᠬᠠᠮᠲᠤ ᠳᠠᠷᠤᠮᠠᠯᠯᠠᠨ ᠲᠠᠷᠬᠠᠭ᠋ᠠᠪᠠ᠃

ᠬᠣᠶᠠᠷ᠂ 《ᠬᠡᠷᠡᠭᠵᠢᠭᠦᠯᠬᠦ ᠲᠥᠰᠦᠯ》᠎ᠤᠨ ᠭᠣᠣᠯ ᠪᠣᠷᠣ ᠲᠥᠯᠥᠪ ᠪᠠ ᠠᠭᠤᠯᠭ᠎ᠠ ᠶᠠᠭᠤ ᠪᠤᠢ?

ᠬᠠᠷᠢᠭᠤᠯᠲᠠ᠄ 《ᠬᠡᠷᠡᠭᠵᠢᠭᠦᠯᠬᠦ ᠲᠥᠰᠦᠯ》᠎ᠳᠤ ᠶᠡᠷᠦᠩᠬᠡᠢ ᠱᠠᠭ᠋ᠠᠷᠳᠠᠯᠭ᠎ᠠ᠂ ᠭᠣᠣᠯᠳᠠᠯᠭ᠎ᠠ᠎ᠲᠠᠢ ᠡᠭᠦᠷᠭᠡ᠂ ᠡᠭᠦᠷᠭᠡ ᠬᠠᠷᠢᠭᠤᠴᠠᠯᠭ᠎ᠠ ᠵᠢᠨ ᠬᠤᠪᠢᠶᠠᠷᠢᠯᠠᠯ᠂ ᠠᠬᠢᠴᠠ ᠵᠢᠨ ᠲᠣᠬᠢᠷᠠᠭᠤᠯᠤᠯᠲᠠ᠂ ᠠᠵᠢᠯ᠎ᠤᠨ ᠱᠠᠭ᠋ᠠᠷᠳᠠᠯᠭ᠎ᠠ ᠵᠡᠷᠭᠡ ᠠᠭᠤᠯᠭ᠎ᠠ ᠵᠢ ᠪᠠᠭᠲᠠᠭ᠋ᠠᠪᠠ᠃ ᠪᠣᠳᠠᠲᠠᠢ ᠠᠭᠤᠯᠭ᠎ᠠ᠎ᠨᠢ᠄

ᠨᠢᠭᠡᠳᠦᠭᠡᠷ ᠬᠡᠰᠡᠭ ᠶᠡᠷᠦᠩᠬᠡᠢ ᠱᠠᠭ᠋ᠠᠷᠳᠠᠯᠭ᠎ᠠ᠂ ᠭᠣᠣᠯᠳᠠᠭᠤ ᠭᠡᠷ ᠪᠦᠯᠢ ᠰᠤᠷᠭ᠋ᠠᠭᠤᠯᠢ ᠨᠡᠶ᠋ᠢᠭᠡᠮ ᠬᠠᠮᠵᠢᠯᠴᠠᠨ ᠬᠥᠮᠦᠨ ᠬᠥᠮᠦᠵᠢᠭᠦᠯᠬᠦ 《ᠰᠤᠷᠭ᠋ᠠᠨ ᠬᠥᠮᠦᠵᠢᠯ᠎ᠤᠨ ᠬᠣᠯᠪᠣᠭ᠋ᠠᠲᠤ ᠴᠣᠭᠴᠠ》  ᠵᠢ ᠲᠣᠳᠣᠷᠬᠠᠶ᠋ᠢᠯᠠᠵᠤ᠂ ᠵᠠᠰᠠᠭ᠎ᠤᠨ ᠣᠷᠳᠣᠨ ᠨᠢᠭᠡᠳᠦᠯᠲᠡᠢ ᠲᠥᠯᠥᠪᠯᠡᠬᠦ᠂ ᠰᠠᠯᠠᠭ᠎ᠠ ᠮᠥᠴᠢᠷ ᠬᠠᠮᠵᠢᠯᠴᠠᠬᠤ᠂ ᠰᠤᠷᠭ᠋ᠠᠭᠤᠯᠢ ᠭᠣᠣᠯᠯᠠᠨ ᠤᠳᠤᠷᠢᠳᠬᠤ᠂ ᠭᠡᠷ ᠪᠦᠯᠢ ᠬᠠᠷᠢᠭᠤᠴᠠᠯᠭ᠎ᠠ ᠭᠦᠢ᠍ᠴᠡᠳᠬᠡᠬᠦ᠂ ᠨᠡᠶ᠋ᠢᠭᠡᠮ ᠳᠠᠶᠠᠭ᠋ᠠᠷ ᠣᠷᠣᠯᠴᠠᠬᠤ ᠭᠡᠷ ᠪᠦᠯᠢ ᠰᠤᠷᠭ᠋ᠠᠭᠤᠯᠢ ᠨᠡᠶ᠋ᠢᠭᠡᠮ ᠬᠠᠮᠵᠢᠯᠴᠠᠨ ᠬᠥᠮᠦᠨ ᠬᠥᠮᠦᠵᠢᠭᠦᠯᠬᠦ ᠠᠵᠢᠯ᠎ᠤᠨ ᠲᠣᠭᠲᠠᠴᠠ ᠵᠢ ᠲᠠᠰᠤᠷᠠᠯᠲᠠ ᠥᠬᠡᠶ ᠲᠡᠭᠦᠯᠳᠡᠷᠵᠢᠭᠦᠯᠪᠡ᠃ 2025 ᠣᠨ ᠪᠣᠯᠬᠤ᠎ᠳᠤ᠂ 50% ᠵᠢᠨ ᠬᠣᠰᠢᠭᠤ ᠰᠢᠶᠠᠨ (ᠬᠣᠲᠠ᠂ ᠲᠣᠭᠣᠷᠢᠭ)᠎ᠳᠤ 《ᠰᠤᠷᠭ᠋ᠠᠨ ᠬᠥᠮᠦᠵᠢᠯ᠎ᠤᠨ ᠬᠣᠯᠪᠣᠭ᠋ᠠᠲᠤ ᠴᠣᠭᠴᠠ》 ᠵᠢ ᠪᠠᠶ᠋ᠢᠭᠤᠯᠵᠤ᠂ 2027 ᠣᠨ ᠪᠣᠯᠬᠤ᠎ᠳᠤ ᠪᠥᠬᠦ ᠬᠣᠰᠢᠭᠤ ᠰᠢᠶᠠᠨ (ᠬᠣᠲᠠ᠂ ᠲᠣᠭᠣᠷᠢᠭ)᠎ᠳᠤ 《ᠰᠤᠷᠭ᠋ᠠᠨ ᠬᠥᠮᠦᠵᠢᠯ᠎ᠤᠨ ᠬᠣᠯᠪᠣᠭ᠋ᠠᠲᠤ ᠴᠣᠭᠴᠠ》 ᠵᠢ ᠨᠡᠶ᠋ᠢᠳᠡᠮ ᠪᠦᠷᠬᠦᠭᠦᠯᠬᠦ ᠵᠢ ᠪᠡᠶᠡᠯᠡᠭᠦᠯᠦᠨ᠂ ᠮᠠᠨ᠎ᠤ ᠣᠷᠣᠨ᠎ᠤ ᠰᠤᠷᠭ᠋ᠠᠭᠤᠯᠢ ᠭᠡᠷ ᠪᠦᠯᠢ ᠨᠡᠶ᠋ᠢᠭᠡᠮ ᠬᠠᠮᠵᠢᠯᠴᠠᠨ ᠬᠥᠮᠦᠨ ᠬᠥᠮᠦᠵᠢᠭᠦᠯᠬᠦ ᠰᠢᠨ᠎ᠡ ᠪᠠᠢ᠌ᠷᠢᠰᠢᠯᠠᠭᠤᠯᠤᠯᠲᠠ ᠵᠢ ᠪᠠᠶ᠋ᠢᠭᠤᠯᠬᠤ ᠵᠢ ᠠᠬᠢᠭᠤᠯᠵᠤ᠂ ᠰᠤᠷᠭ᠋ᠠᠨ ᠬᠥᠮᠦᠵᠢᠯ᠎ᠤᠨ ᠰᠠᠶ᠋ᠢᠨ ᠰᠠᠶ᠋ᠢᠬᠠᠨ ᠠᠮᠢ ᠠᠬᠤᠢ ᠪᠠ ᠬᠥᠮᠦᠨ ᠬᠥᠮᠦᠵᠢᠭᠦᠯᠬᠦ ᠣᠷᠴᠢᠨ᠎ᠢ ᠪᠣᠢ ᠪᠣᠯᠭ᠋ᠠᠬᠤ ᠵᠢ ᠠᠬᠢᠭᠤᠯᠪᠠ᠃

ᠬᠣᠶᠠᠳᠤᠭ᠋ᠠᠷ ᠬᠡᠰᠡᠭ ᠭᠣᠣᠯᠳᠠᠯᠭ᠎ᠠ᠎ᠲᠠᠢ ᠡᠭᠦᠷᠭᠡ᠂ ᠭᠣᠣᠯᠳᠠᠭᠤ ᠲᠠᠪᠤᠨ ᠲᠠᠯ᠎ᠠ ᠵᠢᠨ ᠴᠢᠬᠤᠯᠠ ᠠᠷᠭ᠎ᠠ ᠬᠡᠮᠵᠢᠶ᠎ᠡ ᠵᠢ ᠳᠤᠷᠠᠳᠪᠠ᠃ ᠨᠢᠭᠡ᠎ᠳᠤ᠂ ᠰᠠᠯᠠᠭ᠎ᠠ ᠮᠥᠴᠢᠷ ᠠᠯᠤᠰᠯᠠᠭᠰᠠᠨ ᠵᠣᠬᠢᠴᠠᠭᠤᠯᠬᠤ ᠲᠣᠭᠲᠠᠴᠠ ᠵᠢ ᠪᠠᠶ᠋ᠢᠭᠤᠯᠵᠤ᠂ ᠠᠶ᠋ᠢᠮᠠᠭ ᠬᠣᠲᠠ᠂ ᠬᠣᠰᠢᠭᠤ ᠰᠢᠶᠠᠨ (ᠬᠣᠲᠠ᠂ ᠲᠣᠭᠣᠷᠢᠭ)᠎ᠤ ᠵᠠᠰᠠᠭ᠎ᠤᠨ ᠣᠷᠳᠣᠨ᠎ᠤ ᠤᠳᠤᠷᠢᠳᠤᠯᠭ᠎ᠠ ᠳᠣᠣᠷ᠎ᠠ᠂ ᠬᠠᠮᠢᠶ᠎ᠠ ᠪᠦᠬᠦᠢ ᠰᠠᠯᠠᠭ᠎ᠠ ᠮᠥᠴᠢᠷ᠎ᠲᠠᠢ ᠬᠣᠯᠪᠣᠭ᠋ᠠᠯᠠᠨ ᠪᠠᠶ᠋ᠢᠩᠭᠤ ᠨᠡᠪᠲᠡᠷᠡᠯᠴᠡᠨ ᠵᠣᠬᠢᠴᠠᠭᠤᠯᠬᠤ ᠲᠣᠭᠲᠠᠴᠠ ᠵᠢ ᠪᠠᠢ᠌ᠭᠤᠯᠪᠠ; ᠬᠣᠶᠠᠷ᠎ᠲᠤ᠂ ᠳᠤᠰᠢᠶᠠᠯ ᠬᠠᠷᠢᠭᠤᠴᠠᠯᠭ᠎ᠠ ᠵᠢ ᠨᠠᠷᠢᠨ  ᠳᠠᠩᠰᠠᠵᠢᠭᠤᠯᠬᠤ ᠵᠢ ᠵᠣᠬᠢᠰᠲᠠᠢ ᠨᠠᠢ᠌ᠳᠠᠪᠤᠷᠢᠵᠢᠭᠤᠯᠵᠤ᠂ ᠡᠯ᠎ᠡ ᠭᠠᠵᠠᠷ ᠣᠷᠣᠨ᠎ᠤ ᠪᠣᠳᠠᠲᠤ ᠪᠠᠶ᠋ᠢᠳᠠᠯ᠎ᠲᠠᠢ ᠤᠶᠠᠯᠳᠤᠭᠤᠯᠤᠨ᠂ ᠡᠯ᠎ᠡ ᠭᠣᠣᠯ ᠴᠣᠭᠴᠠ ᠵᠢᠨ 《ᠰᠤᠷᠭ᠋ᠠᠨ ᠬᠥᠮᠦᠵᠢᠯ᠎ᠤᠨ ᠬᠣᠯᠪᠣᠭ᠋ᠠᠲᠤ ᠴᠣᠭᠴᠠ》᠎ᠳᠠᠬᠢ ᠡᠭᠦᠷᠭᠡ ᠬᠠᠷᠢᠭᠤᠴᠠᠯᠭ᠎ᠠ ᠵᠢ ᠤᠯᠠᠮ ᠨᠢᠭᠡ ᠠᠯᠬᠤᠮ  ᠨᠠᠷᠢᠯᠢᠭᠵᠢᠭᠤᠯᠪᠠ; ᠭᠤᠷᠪᠠ᠎ᠳᠤ᠂ ᠡᠯ᠎ᠡ ᠰᠠᠯᠠᠭ᠎ᠠ ᠮᠥᠴᠢᠷ ᠬᠣᠯᠪᠣᠯᠳᠤᠨ ᠬᠥᠳᠡᠯᠦᠯᠴᠡᠵᠦ ᠡᠬᠢ ᠪᠠᠶᠠᠯᠢᠭ᠎ᠢ ᠡᠮᠬᠢᠯᠡᠨ ᠨᠡᠶ᠋ᠢᠯᠡᠭᠦᠯᠵᠦ᠂ ᠨᠡᠶ᠋ᠢᠭᠡᠮ᠎ᠤᠨ ᠦᠢ᠍ᠯᠡᠳᠦᠯᠭᠡ ᠵᠢᠨ ᠬᠥᠮᠦᠵᠢᠯ᠎ᠤᠨ ᠰᠠᠭᠤᠷᠢᠨ ᠭᠠᠵᠠᠷ᠎ᠤᠨ ᠡᠬᠢ ᠪᠠᠶᠠᠯᠢᠭ᠎ᠤᠨ ᠬᠥᠮᠥᠷᠭᠡ  ᠵᠢ ᠪᠠᠶ᠋ᠢᠭᠤᠯᠤᠨ᠂ ᠬᠥᠳᠡᠯᠦᠩᠭᠦᠢ ᠰᠢᠨᠡᠳᠭᠡᠳᠡᠭ 《ᠨᠢᠭᠡ ᠬᠣᠰᠢᠭᠤ ᠰᠢᠶᠠᠨ ᠨᠢᠭᠡ ᠨᠠᠷᠢᠨ ᠳᠠᠩᠰᠠ》 ᠭᠡᠬᠦ ᠬᠠᠮᠲᠤ᠎ᠳᠤ᠎ᠪᠠᠨ ᠬᠤᠪᠢᠶᠠᠯᠴᠠᠬᠤ ᠭᠠᠷᠴᠠᠭ᠎ᠢ ᠪᠣᠢ ᠪᠣᠯᠭ᠋ᠠᠵᠤ᠂ ᠰᠤᠷᠭ᠋ᠠᠨ ᠬᠥᠮᠦᠵᠢᠯ᠎ᠤᠨ ᠡᠬᠢ ᠪᠠᠶᠠᠯᠢᠭ᠎ᠢ ᠨᠠᠷᠢᠯᠢᠭ ᠣᠨᠣᠴᠠᠲᠠᠢ ᠵᠣᠯᠭ᠋ᠠᠭᠤᠯᠬᠤ ᠪᠠ ᠬᠠᠮᠲᠤ᠎ᠳᠤ᠎ᠪᠠᠨ ᠬᠤᠪᠢᠶᠠᠯᠴᠠᠨ ᠡᠳ᠋ᠯᠡᠵᠦ ᠳᠠᠬᠢᠨ ᠬᠡᠷᠡᠭᠯᠡᠬᠦ ᠵᠢ ᠰᠠᠶ᠋ᠢᠲᠤᠷ ᠪᠡᠶᠡᠯᠡᠭᠦᠯᠪᠡ; ᠳᠥᠷᠪᠡ᠎ᠳᠤ᠂ ᠭᠡᠷ᠎ᠤᠨ ᠬᠥᠮᠦᠵᠢᠯ᠎ᠢ ᠳᠤᠰᠬᠠᠢ᠌ᠯᠠᠨ ᠵᠢᠯᠣᠭᠣᠳᠴᠤ᠂ ᠭᠡᠷ᠎ᠤᠨ ᠬᠥᠮᠦᠵᠢᠯ᠎ᠤᠨ ᠵᠢᠭ᠋ᠠᠬᠤ ᠮᠠᠲ᠋ᠧᠷᠢᠶᠠᠯ᠎ᠤᠨ ᠡᠬᠢ ᠪᠠᠶᠠᠯᠢᠭ᠎ᠤᠨ ᠬᠥᠮᠥᠷᠭᠡ ᠵᠢ ᠨᠡᠭᠡᠭᠡᠨ ᠬᠥᠭᠵᠢᠭᠦᠯᠬᠦ ᠵᠢ ᠵᠣᠬᠢᠶᠠᠨ ᠪᠠᠢ᠌ᠭᠤᠯᠵᠤ᠂ ᠣᠨᠣᠯᠵᠢᠬᠤᠨ᠎ᠢ ᠣᠯᠠᠨ ᠠᠷᠭ᠎ᠠ ᠵᠠᠮ ᠵᠶ᠋ᠠᠷ ᠤᠯᠠᠮᠵᠢᠯᠠᠨ ᠲᠠᠷᠬᠠᠭ᠋ᠠᠵᠤ᠂ ᠲᠤᠰᠬᠠᠢ ᠮᠡᠷᠭᠡᠵᠢᠯ᠎ᠤᠨ ᠴᠢᠳᠠᠪᠤᠷᠢᠲᠠᠨ᠎ᠢ ᠬᠥᠮᠦᠵᠢᠭᠦᠯᠵᠦ᠂ ᠭᠡᠷ ᠪᠦᠯᠢ ᠪᠠ ᠰᠤᠷᠭ᠋ᠠᠭᠤᠯᠢ ᠵᠢᠨ ᠨᠡᠪᠲᠡᠷᠡᠯᠴᠡᠬᠦ ᠲᠣᠭᠲᠠᠴᠠ ᠵᠢ ᠲᠡᠭᠦᠯᠳᠡᠷᠵᠢᠭᠦᠯᠦᠨ ᠬᠠᠮ ᠬᠦᠴᠦᠨ᠎ᠢ  ᠪᠦᠷᠢᠯᠳᠦᠭᠦᠯᠪᠡ᠃

ᠭᠤᠷᠪᠠᠳᠤᠭ᠋ᠠᠷ ᠬᠡᠰᠡᠭ ᠡᠭᠦᠷᠭᠡ ᠬᠠᠷᠢᠭᠤᠴᠠᠯᠭ᠎ᠠ ᠵᠢᠨ ᠠᠵᠢᠯ᠎ᠤᠨ ᠬᠤᠪᠢᠶᠠᠷᠢᠯᠠᠯ᠂ ᠵᠠᠰᠠᠭ᠎ᠤᠨ ᠣᠷᠳᠣᠨ᠂ ᠬᠠᠮᠢᠶ᠎ᠠ ᠪᠦᠬᠦᠢ ᠰᠠᠯᠠᠭ᠎ᠠ ᠮᠥᠴᠢᠷ᠂ ᠰᠤᠷᠭ᠋ᠠᠭᠤᠯᠢ᠂ ᠭᠡᠷ ᠪᠦᠯᠢ᠂ ᠵᠡᠭᠡᠯᠢ ᠭᠤᠳᠤᠮᠵᠢ ᠨᠡᠶ᠋ᠢᠭᠡᠮ ᠲᠣᠭᠣᠷᠢᠭ᠂ ᠨᠡᠶ᠋ᠢᠭᠡᠮ᠎ᠤᠨ ᠡᠬᠢ ᠪᠠᠶᠠᠯᠢᠭ᠎ᠤᠨ ᠨᠢᠭᠡᠴᠢ ᠵᠡᠷᠭᠡ ᠭᠣᠣᠯ ᠴᠣᠭᠴᠠ ᠵᠢᠨ ᠡᠭᠦᠷᠭᠡ ᠬᠠᠷᠢᠭᠤᠴᠠᠯᠭ᠎ᠠ ᠵᠢᠨ ᠲᠤᠬᠠᠢ ᠲᠣᠳᠣᠷᠬᠠᠢ ᠲᠣᠭᠲᠠᠭ᠋ᠠᠯ ᠭᠠᠷᠭ᠋ᠠᠪᠠ᠃

ᠨᠢᠭᠡ᠎ᠳᠤ᠂ ᠵᠠᠰᠠᠭ᠎ᠤᠨ ᠣᠷᠳᠣᠨ᠃ ᠭᠣᠣᠯᠳᠠᠭᠤ ᠲᠤᠰ ᠭᠠᠵᠠᠷ ᠣᠷᠣᠨ᠎ᠤ ᠰᠠᠭᠤᠷᠢ ᠰᠤᠷᠭ᠋ᠠᠨ ᠬᠥᠮᠦᠵᠢᠯ᠎ᠤᠨ ᠴᠢᠨᠠᠷᠯᠢᠭ ᠬᠥᠭᠵᠢᠯᠲᠡ ᠵᠢ ᠠᠬᠢᠭᠤᠯᠬᠤ ᠵᠢ ᠬᠠᠷᠢᠭᠤᠴᠠᠵᠤ᠂ ᠭᠡᠷ ᠪᠦᠯᠢ ᠰᠤᠷᠭ᠋ᠠᠭᠤᠯᠢ ᠨᠡᠶ᠋ᠢᠭᠡᠮ ᠬᠠᠮᠵᠢᠯᠴᠠᠨ ᠬᠥᠮᠦᠨ ᠬᠥᠮᠦᠵᠢᠭᠦᠯᠬᠦ ᠠᠵᠢᠯ᠎ᠤᠨ ᠨᠢᠭᠡᠳᠦᠯᠲᠡᠢ ᠲᠥᠯᠥᠪᠵᠢᠭᠦᠯᠭᠡ ᠵᠢ ᠴᠢᠩᠭ᠋ᠠᠳᠬᠠᠨ᠂ ᠲᠥᠷᠥ ᠵᠢᠨ ᠪᠣᠳᠣᠯᠭ᠎ᠠ ᠵᠢᠨ ᠳᠡᠮᠵᠢᠯᠭᠡ ᠪᠠ ᠨᠥᠬᠥᠴᠡᠯ᠎ᠤᠨ ᠪᠠᠲᠤᠯᠠᠭ᠎ᠠ ᠬᠠᠩᠭ᠋ᠠᠨ᠎ᠠ᠃

ᠬᠣᠶᠠᠷ᠎ᠲᠤ᠂ ᠰᠠᠯᠠᠭ᠎ᠠ ᠮᠥᠴᠢᠷ᠃ ᠰᠤᠷᠭ᠋ᠠᠨ ᠬᠥᠮᠦᠵᠢᠯ᠂ ᠤᠬᠠᠭᠤᠯᠭ᠎ᠠ᠂ ᠳᠣᠲᠣᠭ᠋ᠠᠳᠤ ᠵᠢ ᠬᠠᠮᠠᠭ᠋ᠠᠯᠠᠬᠤ᠂ ᠢᠨᠲ᠋ᠧᠷ ᠰᠦᠯᠵᠢᠶᠡᠨ᠎ᠤ ᠮᠡᠳᠡᠭᠡ ᠵᠠᠩᠭᠢ᠂ ᠡᠷᠡᠭᠦᠯ ᠬᠠᠮᠠᠭ᠋ᠠᠯᠠᠯ ᠡᠷᠡᠭᠦᠯ ᠮᠡᠨᠳᠦ᠂ ᠠᠷᠠᠳ᠎ᠤᠨ ᠶᠠᠪᠤᠳᠠᠯ᠂ ᠰᠣᠶᠣᠯ ᠪᠠ ᠵᠢᠭᠤᠯᠴᠢᠯᠠᠯ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠂ ᠣᠷᠣᠨ ᠰᠠᠭᠤᠴᠠ ᠬᠣᠲᠠ ᠬᠥᠳᠡᠭᠡ ᠵᠢᠨ ᠪᠦᠲᠦᠭᠡᠨ ᠪᠠᠶ᠋ᠢᠭᠤᠯᠤᠯᠲᠠ᠂ ᠭᠠᠯ ᠰᠡᠷᠭᠡᠢ᠌ᠯᠡᠵᠦ ᠭᠠᠯ ᠤᠨᠲᠠᠷᠠᠭ᠋ᠠᠬᠤ᠂ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠂ ᠡᠮᠡᠭᠲᠡᠶ᠋ᠢᠴᠦᠳ᠎ᠤᠨ ᠬᠣᠯᠪᠣᠭ᠎ᠠ᠂ ᠡᠪ ᠬᠠᠮᠲᠤ ᠵᠠᠯᠠᠭᠤᠴᠤᠳ᠎ᠤᠨ ᠡᠪᠯᠡᠯ᠂ ᠬᠣᠶ᠋ᠢᠴᠢ ᠦᠶ᠎ᠡ ᠵᠢ ᠬᠠᠯᠠᠮᠵᠢᠯᠠᠬᠤ ᠠᠵᠢᠯ᠎ᠤᠨ ᠵᠥᠪᠯᠡᠯ ᠵᠡᠷᠭᠡ ᠰᠠᠯᠠᠭ᠎ᠠ ᠮᠥᠴᠢᠷ᠎ᠤᠨ ᠬᠠᠷᠢᠭᠤᠴᠠᠯᠭ᠎ᠠ ᠵᠢ ᠲᠣᠳᠣᠷᠬᠠᠶ᠋ᠢᠯᠠᠪᠠ᠃

ᠭᠤᠷᠪᠠ᠎ᠳᠤ᠂ ᠰᠤᠷᠭ᠋ᠠᠭᠤᠯᠢ᠃ ᠭᠡᠷ᠎ᠤᠨ ᠬᠥᠮᠦᠵᠢᠯ᠎ᠢ ᠵᠢᠯᠣᠭᠣᠳᠬᠤ ᠦᠢ᠍ᠯᠡᠴᠢᠯᠡᠭᠡ ᠵᠢ ᠰᠠᠶ᠋ᠢᠲᠤᠷ ᠬᠢᠵᠦ᠂ ᠭᠡᠷ ᠪᠦᠯᠢ ᠰᠤᠷᠭ᠋ᠠᠭᠤᠯᠢ ᠨᠡᠶ᠋ᠢᠭᠡᠮ ᠨᠡᠪᠲᠡᠷᠡᠵᠦ ᠬᠠᠷᠢᠯᠴᠠᠬᠤ ᠳᠦᠷᠢᠮ᠎ᠢ ᠲᠡᠭᠦᠯᠳᠡᠷᠵᠢᠭᠦᠯᠦᠨ᠂ ᠭᠡᠷ᠎ᠤᠨ ᠠᠬᠠᠮᠠᠳ᠂ ᠨᠡᠶ᠋ᠢᠭᠡᠮ᠎ᠤᠨ ᠰᠤᠷᠭ᠋ᠠᠭᠤᠯᠢ᠎ᠳᠤ ᠳᠡᠪᠰᠢᠭᠦᠯᠦᠭᠰᠡᠨ ᠰᠠᠨᠠᠯ ᠪᠠ ᠰᠠᠨᠠᠭᠤᠯᠭ᠎ᠠ ᠵᠢ ᠰᠣᠨᠣᠰᠬᠤ ᠬᠡᠷᠡᠭᠲᠡᠢ᠃ ᠨᠡᠶ᠋ᠢᠭᠡᠮ᠎ᠤᠨ ᠡᠬᠢ ᠪᠠᠶᠠᠯᠢᠭ᠎ᠢ ᠡᠮᠬᠢᠯᠡᠨ ᠨᠡᠶ᠋ᠢᠯᠡᠭᠦᠯᠵᠦ᠂ ᠦᠵᠡᠯ ᠰᠠᠨᠠᠭ᠎ᠠ ᠤᠯᠤᠰ ᠲᠥᠷᠥ ᠵᠢᠨ ᠬᠢᠴᠢᠶᠡᠯ ᠪᠠ ᠨᠡᠶ᠋ᠢᠭᠡᠮ᠎ᠤᠨ ᠦᠢ᠍ᠯᠡᠳᠦᠯᠭᠡ ᠵᠢᠨ ᠬᠥᠮᠦᠵᠢᠯ᠎ᠤᠨ ᠰᠠᠭᠤᠷᠢᠨ ᠭᠠᠵᠠᠷ᠎ᠢ ᠰᠠᠶ᠋ᠢᠲᠤᠷ ᠬᠡᠷᠡᠭᠯᠡᠵᠦ᠂ ᠰᠤᠷᠭ᠋ᠠᠭᠤᠯᠢ ᠵᠢᠨ ᠬᠢᠴᠢᠶᠡᠯ ᠪᠠ ᠬᠢᠴᠢᠶᠡᠯ᠎ᠤᠨ ᠳᠠᠷᠠᠭ᠋ᠠᠬᠢ ᠦᠢ᠍ᠯᠡᠴᠢᠯᠡᠭᠡᠨ᠎ᠤ ᠠᠭᠤᠯᠭ᠎ᠠ ᠵᠢ  ᠪᠠᠶᠠᠯᠢᠭᠵᠢᠭᠤᠯᠬᠤ ᠬᠡᠷᠡᠭᠲᠡᠢ᠃

ᠳᠥᠷᠪᠡ᠎ᠳᠤ᠂ ᠭᠡᠷ ᠪᠦᠯᠢ᠃ ᠭᠡᠷ᠎ᠤᠨ ᠠᠬᠠᠮᠠᠳ ᠭᠡᠷ᠎ᠤᠨ ᠬᠥᠮᠦᠵᠢᠯ᠎ᠤᠨ ᠭᠣᠣᠯ ᠴᠣᠭᠴᠠ ᠵᠢᠨ ᠬᠠᠷᠢᠭᠤᠴᠠᠯᠭ᠎ᠠ᠎ᠪᠠᠨ ᠭᠦᠢ᠍ᠴᠡᠳᠭᠡᠬᠦ ᠬᠡᠷᠡᠭᠲᠡᠢ ᠃ ᠢᠳᠡᠪᠬᠢᠲᠡᠢ ᠮᠥᠷᠲᠡᠭᠡᠨ ᠡᠷᠡᠭᠦᠯ ᠮᠡᠨᠳᠦ ᠭᠡᠷ᠎ᠤᠨ ᠰᠣᠶᠣᠯ᠎ᠢ ᠪᠣᠶ᠋ᠢᠵᠢᠭᠤᠯᠵᠤ᠂ ᠰᠢᠨᠵᠢᠯᠡᠬᠦ ᠤᠬᠠᠭ᠋ᠠᠨᠴᠢ ᠰᠤᠷᠭ᠋ᠠᠨ ᠬᠥᠮᠦᠵᠢᠯ᠎ᠤᠨ ᠣᠶ᠋ᠢᠯᠠᠭ᠋ᠠᠭᠳᠠᠬᠤᠨ᠎ᠢ ᠪᠦᠷᠢᠯᠳᠦᠭᠦᠯᠬᠦ ᠬᠡᠷᠡᠭᠲᠡᠢ᠃ ᠰᠤᠷᠭ᠋ᠠᠭᠤᠯᠢ ᠵᠢᠨ ᠰᠤᠷᠭ᠋ᠠᠨ ᠬᠥᠮᠦᠵᠢᠯ᠎ᠲᠠᠢ ᠰᠠᠨᠠᠭ᠋ᠠᠴᠢᠯᠠᠭ᠎ᠠ᠎ᠠᠴᠠ᠎ᠪᠠᠨ ᠬᠠᠮᠵᠢᠯᠴᠠᠵᠤ᠂ ᠦᠷ᠎ᠡ ᠬᠡᠦᠬᠡᠳ ᠵᠶ᠋ᠠᠨ ᠳᠠᠭ᠋ᠠᠭᠤᠯᠤᠨ ᠪᠡᠶ᠎ᠡ ᠵᠢᠨ ᠲᠠᠮᠢᠷ᠎ᠤᠨ ᠪᠣᠯᠪᠠᠰᠤᠷᠠᠯ᠂ ᠭᠡᠷ᠎ᠤᠨ ᠠᠵᠢᠯ᠂ ᠭᠠᠳᠠᠨᠠᠬᠢ ᠬᠥᠳᠡᠯᠭᠡᠭᠡᠨ ᠬᠢᠯᠭᠡᠬᠦ ᠪᠠ ᠲᠣᠭᠣᠷᠢᠨ ᠦᠵᠡᠵᠦ ᠵᠤᠭ᠋ᠠᠴᠠᠬᠤ ᠵᠢ  ᠳᠡᠮᠵᠢᠬᠦ ᠬᠡᠷᠡᠭᠲᠡᠢ᠃

ᠲᠠᠪᠤ᠎ᠳᠤ᠂ ᠵᠡᠭᠡᠯᠢ ᠭᠤᠳᠤᠮᠵᠢ ᠨᠡᠶ᠋ᠢᠭᠡᠮ ᠲᠣᠭᠣᠷᠢᠭ᠃ ᠭᠡᠷ᠎ᠤᠨ ᠬᠥᠮᠦᠵᠢᠯ᠎ᠢ ᠵᠢᠯᠣᠭᠣᠳᠬᠤ ᠵᠢ ᠬᠣᠲᠠ ᠬᠥᠳᠡᠭᠡ ᠨᠡᠶ᠋ᠢᠭᠡᠮ ᠲᠣᠭᠣᠷᠢᠭ᠎ᠤᠨ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠴᠢᠬᠤᠯᠠ ᠠᠭᠤᠯᠭ᠎ᠠ᠎ᠳᠤ ᠣᠷᠣᠭᠤᠯᠬᠤ ᠬᠡᠷᠡᠭᠲᠡᠢ᠃ ᠨᠡᠶ᠋ᠢᠭᠡᠮ ᠲᠣᠭᠣᠷᠢᠭ ᠭᠡᠷ᠎ᠤᠨ ᠠᠬᠠᠮᠠᠳ ᠰᠤᠷᠭ᠋ᠠᠭᠤᠯᠢ ᠵᠢ ᠠᠰᠢᠭᠯᠠᠨ᠂ ᠭᠡᠷ᠎ᠤᠨ ᠬᠥᠮᠦᠵᠢᠯ᠎ᠤᠨ ᠵᠢᠯᠣᠭᠣᠳᠣᠯᠭ᠎ᠠ ᠵᠢ ᠥᠷᠨᠢᠭᠦᠯᠬᠦ ᠬᠡᠷᠡᠭᠲᠡᠢ᠃ ᠡᠯ᠎ᠡ ᠲᠥᠷᠥᠯ᠎ᠤᠨ ᠮᠡᠳᠡᠯᠭᠡ ᠵᠢ ᠤᠬᠠᠭᠤᠯᠤᠨ ᠲᠠᠶ᠋ᠢᠯᠪᠤᠷᠢᠯᠠᠬᠤ ᠪᠠ ᠨᠡᠶ᠋ᠢᠲᠡ ᠵᠢᠨ ᠠᠰᠠᠷᠠᠮᠵᠢ ᠵᠢᠨ ᠴᠢᠨᠠᠷᠲᠠᠢ ᠬᠢᠴᠢᠶᠡᠯ᠎ᠤᠨ ᠭᠠᠳᠠᠨᠠᠬᠢ ᠦᠢ᠍ᠯᠡᠳᠦᠯᠭᠡ ᠵᠢᠨ ᠠᠵᠢᠯᠯᠠᠭ᠎ᠠ ᠵᠢ ᠥᠷᠨᠢᠭᠦᠯᠵᠦ᠂ ᠰᠤᠷᠤᠭᠴᠢᠳ᠎ᠲᠤ ᠰᠤᠷᠭ᠋ᠠᠭᠤᠯᠢ ᠵᠢᠨ ᠭᠠᠳᠠᠨᠠᠬᠢ ᠠᠵᠢᠯᠯᠠᠭ᠎ᠠ ᠪᠣᠯᠤᠨ ᠪᠣᠯᠪᠠᠰᠤᠷᠠᠯ᠎ᠤᠨ ᠭᠠᠵᠠᠷ᠂ ᠠᠮᠠᠷᠠᠯᠲᠠ ᠵᠢᠨ ᠬᠤᠭᠤᠴᠠᠭ᠋ᠠᠨ᠎ᠤ ᠬᠠᠮᠢᠶᠠᠷᠴᠤ ᠬᠠᠮᠠᠭ᠋ᠠᠯᠠᠬᠤ ᠲᠠᠯᠠᠪᠤᠷ ᠵᠡᠷᠭᠡ ᠵᠢ ᠬᠠᠩᠭ᠋ᠠᠨ ᠨᠥᠬᠦᠴᠡᠯ ᠡᠭᠦᠳᠴᠦ ᠥᠭᠪᠡ᠃

ᠵᠢᠷᠭᠤᠭ᠎ᠠ᠎ᠳᠤ᠂ ᠨᠡᠶ᠋ᠢᠭᠡᠮ᠎ᠤᠨ ᠡᠬᠢ ᠪᠠᠶᠠᠯᠢᠭ᠎ᠤᠨ ᠨᠢᠭᠡᠴᠢ᠃ ᠡᠬᠡ ᠣᠷᠣᠨᠴᠢ ᠦᠵᠡᠯ᠎ᠤᠨ ᠬᠥᠮᠦᠵᠢᠯ᠎ᠤᠨ ᠰᠠᠭᠤᠷᠢᠨ ᠭᠠᠵᠠᠷ᠂ ᠪᠡᠶ᠎ᠡ ᠵᠢᠨ ᠲᠠᠮᠢᠷ᠎ᠤᠨ ᠲᠠᠯᠠᠪᠤᠷ ᠣᠷᠳᠣᠨ᠂ ᠰᠣᠶᠣᠯ ᠎ᠤᠨ ᠣᠷᠳᠣᠨ᠂ ᠮᠦᠽᠧᠢ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠣᠷᠳᠣᠨ ᠵᠡᠷᠭᠡ ᠰᠤᠷᠭ᠋ᠠᠭᠤᠯᠢ ᠵᠢᠨ ᠭᠠᠳᠠᠨᠠᠬᠢ ᠠᠵᠢᠯᠯᠠᠭ᠋ᠠᠨ᠎ᠤ ᠲᠠᠯᠠᠪᠤᠷ᠂ ᠡᠮᠴᠢᠯᠡᠭᠡ ᠡᠷᠡᠭᠦᠯ ᠬᠠᠮᠠᠭ᠋ᠠᠯᠠᠯ᠎ᠤᠨ ᠪᠠᠶ᠋ᠢᠭᠤᠯᠤᠮᠵᠢ᠂ ᠡᠷᠭᠢᠨ ᠲᠣᠭᠣᠷᠢᠨ᠎ᠤ ᠳᠡᠭᠡᠳᠦ ᠰᠤᠷᠭ᠋ᠠᠭᠤᠯᠢ᠂ ᠡᠷᠭᠢᠨ ᠲᠣᠭᠣᠷᠢᠨ᠎ᠤ ᠠᠵᠤ ᠠᠬᠤᠶ᠋ᠢᠯᠠᠯ᠂ ᠵᠡᠭᠡᠯᠢ ᠭᠤᠳᠤᠮᠵᠢ ᠵᠢᠴᠢ ᠬᠠᠮᠢᠶ᠎ᠠ ᠪᠦᠬᠦᠢ ᠨᠡᠶ᠋ᠢᠭᠡᠮ᠎ᠤᠨ ᠡᠬᠢ ᠪᠠᠶᠠᠯᠢᠭ᠎ᠤᠨ ᠨᠢᠭᠡᠴᠢ ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ ᠵᠢᠨ ᠶᠣᠰᠣᠭ᠋ᠠᠷ᠂ ᠥᠪᠡᠷ ᠪᠡᠶ᠎ᠡ ᠵᠢᠨ ᠡᠬᠢ ᠪᠠᠶᠠᠯᠢᠭ᠎ᠤᠨ ᠣᠨᠴᠠᠯᠢᠭ᠎ᠲᠠᠢ᠎ᠪᠠᠨ ᠤᠶᠠᠯᠳᠤᠭᠤᠯᠤᠨ᠂ ᠰᠤᠷᠭ᠋ᠠᠨ ᠬᠥᠮᠦᠵᠢᠯ᠎ᠤᠨ ᠦᠢ᠍ᠯᠡᠳᠦᠯᠭᠡ ᠵᠢᠨ ᠠᠵᠢᠯᠯᠠᠭ᠎ᠠ ᠵᠢ ᠥᠷᠨᠢᠭᠦᠯᠬᠦ᠎ᠳᠤ ᠠᠰᠢᠭᠲᠠᠢ ᠨᠥᠬᠥᠴᠡᠯ᠎ᠢ ᠡᠭᠦᠳᠪᠡ᠃

ᠳᠥᠷᠪᠡᠳᠦᠭᠡᠷ ᠬᠡᠰᠡᠭ ᠠᠬᠢᠴᠠ ᠵᠢᠨ ᠲᠣᠬᠢᠷᠠᠭᠤᠯᠤᠯᠲᠠ᠂ 《ᠰᠤᠷᠭ᠋ᠠᠨ ᠬᠥᠮᠦᠵᠢᠯ᠎ᠤᠨ ᠬᠣᠯᠪᠣᠭ᠋ᠠᠲᠤ ᠴᠣᠭᠴᠠ》 ᠵᠢᠨ ᠪᠠᠶ᠋ᠢᠭᠤᠯᠤᠯᠲᠠ ᠵᠢ ᠳᠥᠷᠪᠡᠨ ᠱᠠᠲᠤ ᠬᠤᠪᠢᠶᠠᠨ ᠠᠬᠢᠭᠤᠯᠪᠠ᠃ ᠡᠬᠢᠯᠡᠭᠦᠯᠬᠦ ᠱᠠᠲᠤ᠄ ᠡᠯ᠎ᠡ ᠭᠠᠵᠠᠷ᠎ᠤᠨ᠎ᠬᠢᠨ ᠲᠠᠢ᠌ᠴᠢᠯᠠᠵᠤ ᠪᠠᠶ᠋ᠢᠷᠢᠯᠠᠭᠤᠯᠤᠨ᠂ ᠲᠥᠯᠥᠪᠵᠢᠭᠦᠯᠭᠡ ᠲᠣᠭᠲᠠᠭ᠋ᠠᠵᠤ᠂ ᠲᠤᠷᠰᠢᠯᠲᠠ ᠵᠢᠨ ᠴᠡᠭ᠎ᠤᠨ ᠭᠠᠵᠠᠷ ᠣᠷᠣᠨ᠎ᠢ ᠰᠣᠩᠭᠣᠨ ᠰᠢᠨ᠎ᠡ ᠵᠢ ᠡᠭᠦᠳᠬᠦ ᠵᠠᠭᠪᠤᠷ᠎ᠢ ᠰᠦᠪᠡᠭᠴᠢᠯᠡᠪᠡ; ᠭᠣᠣᠯᠳᠠᠯᠭ᠎ᠠ᠎ᠲᠠᠢ ᠠᠬᠢᠭᠤᠯᠬᠤ ᠱᠠᠲᠤ᠄ 50% ᠵᠢᠨ ᠬᠣᠰᠢᠭᠤ ᠰᠢᠶᠠᠨ (ᠬᠣᠲᠠ᠂ ᠲᠣᠭᠣᠷᠢᠭ) ᠵᠢᠴᠢ ᠪᠦᠬᠦ ᠲᠤᠷᠰᠢᠯᠲᠠ ᠵᠢᠨ ᠣᠷᠣᠨ᠎ᠳᠤ 《ᠰᠤᠷᠭ᠋ᠠᠨ ᠬᠥᠮᠦᠵᠢᠯ᠎ᠤᠨ ᠬᠣᠯᠪᠣᠭ᠋ᠠᠲᠤ ᠴᠣᠭᠴᠠ》 ᠵᠢ ᠪᠠᠶ᠋ᠢᠭᠤᠯᠵᠤ᠂ ᠡᠬᠢ ᠪᠠᠶᠠᠯᠢᠭ᠎ᠢ ᠡᠮᠬᠢᠯᠡᠨ ᠨᠡᠶ᠋ᠢᠯᠡᠭᠦᠯᠵᠦ᠂ ᠨᠡᠶ᠋ᠢᠲᠡᠯᠢᠭ ᠲᠤᠷᠰᠢᠯᠭ᠎ᠠ ᠵᠢ ᠳᠡᠯᠭᠡᠷᠡᠭᠦᠯᠪᠡ; ᠪᠦᠬᠦ ᠬᠡᠪᠴᠢᠶᠡᠨ᠎ᠳᠤ ᠪᠦᠲᠦᠭᠡᠨ ᠪᠠᠢ᠌ᠭᠤᠯᠬᠤ ᠱᠠᠲᠤ᠄ ᠪᠦᠬᠦᠨ᠎ᠢ ᠬᠠᠮᠤᠷᠤᠭᠤᠯᠬᠤ ᠵᠢᠨ ᠬᠠᠮᠲᠤ ᠴᠢᠨᠠᠷ ᠴᠢᠨᠰᠠᠭ᠎ᠠ ᠵᠢ ᠳᠡᠭᠡᠭᠰᠢᠯᠡᠭᠦᠯᠦᠨ ᠦᠷ᠎ᠡ ᠠᠰᠢᠭ᠎ᠢ ᠨᠡᠮᠡᠭᠳᠡᠭᠦᠯᠬᠦ ᠵᠢ ᠪᠡᠶᠡᠯᠡᠭᠦᠯᠵᠦ᠂ ᠲᠤᠰᠬᠠᠢ ᠬᠢᠨᠠᠨ ᠵᠢᠯᠣᠭᠣᠳᠬᠤ ᠵᠢ ᠥᠷᠨᠢᠭᠦᠯᠪᠡ; ᠪᠡᠬᠢᠵᠢᠭᠦᠯᠵᠦ ᠳᠡᠭᠡᠭᠰᠢᠯᠡᠭᠦᠯᠬᠦ ᠱᠠᠲᠤ᠄ ᠤᠳᠠᠭ᠋ᠠᠨ ᠳᠠᠭ᠋ᠠᠭ᠋ᠠᠮᠠᠭ᠋ᠠᠢ ᠳᠣᠭᠲᠠᠴᠠ ᠵᠢ ᠪᠠᠢ᠌ᠭᠤᠯᠵᠤ᠂ ᠬᠠᠮᠵᠢᠨ ᠬᠥᠮᠦᠨ ᠬᠥᠮᠥᠵᠢᠭᠦᠯᠬᠦ ᠵᠢ ᠪᠠᠢ᠌ᠩᠭᠤᠵᠢᠭᠤᠯᠵᠤ᠂ ᠳᠦᠷᠢᠮᠵᠢᠭᠦᠯᠬᠦ ᠵᠢ ᠠᠬᠢᠭᠤᠯᠵᠤ᠂ ᠰᠤᠷᠤᠭᠴᠢᠳ᠎ᠤᠨ ᠥᠰᠦᠨ ᠪᠣᠢ᠌ᠵᠢᠯᠲᠠ᠎ᠳᠤ ᠰᠠᠢ᠌ᠨ ᠰᠠᠢ᠌ᠬᠠᠨ ᠣᠷᠴᠢᠨ᠎ᠢ ᠬᠠᠩᠭ᠋ᠠᠪᠠ᠃

ᠲᠠᠪᠤᠳᠤᠭ᠋ᠠᠷ ᠬᠡᠰᠡᠭ ᠠᠵᠢᠯ᠎ᠤᠨ ᠱᠠᠭ᠋ᠠᠷᠳᠠᠯᠭ᠎ᠠ᠂ ᠡᠯ᠎ᠡ ᠱᠠᠲᠤᠨ᠎ᠤ ᠵᠠᠰᠠᠭ᠎ᠤᠨ ᠣᠷᠳᠣᠨ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ 《ᠰᠤᠷᠭ᠋ᠠᠨ ᠬᠥᠮᠦᠵᠢᠯ᠎ᠤᠨ ᠬᠣᠯᠪᠣᠭ᠋ᠠᠲᠤ ᠴᠣᠭᠴᠠ》 ᠵᠢ ᠪᠦᠲᠦᠭᠡᠨ ᠪᠠᠢ᠌ᠭᠤᠯᠬᠤ ᠴᠢᠬᠤᠯᠠ ᠴᠢᠨᠠᠷ᠎ᠤᠨ ᠲᠤᠬᠠᠢ ᠲᠠᠨᠢᠯᠲᠠ᠎ᠪᠠᠨ ᠳᠡᠭᠡᠭᠰᠢᠯᠡᠭᠦᠯᠵᠦ᠂ ᠵᠣᠬᠢᠶᠠᠨ ᠪᠠᠶ᠋ᠢᠭᠤᠯᠤᠯᠲᠠ ᠵᠢᠨ ᠤᠳᠤᠷᠢᠳᠤᠯᠭ᠎ᠠ ᠵᠢ ᠴᠢᠩᠭ᠋ᠠᠳᠬᠠᠨ᠂ ᠵᠣᠬᠢᠴᠠᠭᠤᠯᠬᠤ ᠲᠣᠭᠲᠠᠴᠠ ᠵᠢ ᠲᠡᠭᠦᠯᠳᠡᠷᠵᠢᠭᠦᠯᠵᠦ᠂ ᠬᠠᠷᠢᠭᠤᠴᠠᠯᠭ᠎ᠠ ᠵᠢᠨ ᠠᠵᠢᠯ᠎ᠤᠨ ᠬᠤᠪᠢᠶᠠᠷᠢᠯᠠᠯ᠎ᠢ ᠲᠣᠳᠣᠷᠬᠠᠶ᠋ᠢᠯᠠᠨ᠂ ᠪᠡᠯᠡ ᠮᠥᠩᠭᠥ ᠵᠢᠨ ᠣᠷᠣᠭᠤᠯᠤᠯᠲᠠ ᠵᠢ ᠥᠷᠭᠡᠳᠭᠡᠬᠦ ᠵᠢ ᠨᠢᠭᠡᠳᠦᠯᠲᠡᠢ ᠲᠥᠯᠦᠪᠯᠡᠵᠦ᠂ ᠡᠯ᠎ᠡ ᠬᠣᠰᠢᠭᠤ ᠰᠢᠶᠠᠨ (ᠬᠣᠲᠠ᠂ ᠲᠣᠭᠣᠷᠢᠭ) ᠬᠡᠷᠡᠭᠵᠢᠭᠦᠯᠬᠦ ᠨᠠᠷᠢᠨ ᠳᠦᠷᠢᠮ᠎ᠢ ᠳᠣᠭᠲᠠᠭ᠋ᠠᠪᠠ᠃ ᠰᠤᠷᠭ᠋ᠠᠨ ᠬᠥᠮᠦᠵᠢᠯ᠎ᠤᠨ ᠰᠠᠯᠠᠭ᠎ᠠ ᠮᠥᠴᠢᠷ ᠲᠦᠷᠦᠭᠦᠯᠡᠨ ᠬᠠᠮᠢᠶ᠎ᠠ ᠪᠦᠬᠦᠢ ᠰᠠᠯᠠᠭ᠎ᠠ ᠮᠥᠴᠢᠷ᠎ᠢ ᠵᠣᠬᠢᠴᠠᠭᠤᠯᠵᠤ᠂ ᠡᠭᠦᠷᠭᠡ ᠬᠠᠷᠢᠭᠤᠴᠠᠯᠭ᠎ᠠ ᠵᠢᠨ ᠠᠵᠢᠯ᠎ᠤᠨ ᠬᠤᠪᠢᠶᠠᠷᠢᠯᠠᠯ ᠶᠣᠰᠣᠭ᠋ᠠᠷ ᠨᠢᠭᠲᠠ ᠬᠠᠮᠵᠢᠯᠴᠠᠵᠤ᠂ ᠠᠵᠢᠯ᠎ᠤᠨ ᠬᠠᠮ ᠬᠦᠴᠦᠨ᠎ᠢ ᠪᠦᠢ᠍ᠷᠯᠳᠦᠭᠦᠯᠪᠡ᠃ ᠤᠬᠠᠭᠤᠯᠵᠤ ᠬᠥᠲᠥᠯᠥᠨ ᠵᠢᠯᠣᠭᠣᠳᠬᠤ ᠵᠢ ᠰᠠᠶ᠋ᠢᠲᠤᠷ ᠬᠢᠵᠦ᠂ ᠰᠤᠷᠭ᠋ᠠᠨ ᠬᠥᠮᠦᠵᠢᠯ᠎ᠤᠨ ᠠᠵᠢᠯᠲᠠᠨ᠂ ᠭᠡᠷ᠎ᠤᠨ ᠠᠬᠠᠮᠠᠳ ᠪᠣᠯᠤᠨ ᠨᠡᠶ᠋ᠢᠭᠡᠮ ᠨᠡᠶ᠋ᠢᠲᠡ ᠬᠠᠮᠵᠢᠯᠴᠠᠨ ᠬᠥᠮᠦᠨ ᠬᠥᠮᠦᠵᠢᠭᠦᠯᠬᠦ ᠣᠶ᠋ᠢᠯᠠᠭ᠋ᠠᠭᠳᠠᠬᠤᠨ ᠵᠢᠴᠢ ᠠᠷᠭ᠎ᠠ ᠵᠢ ᠣᠯᠠᠨ ᠠᠷᠭ᠎ᠠ ᠵᠠᠮ ᠵᠶ᠋ᠠᠷ ᠤᠬᠠᠭᠤᠯᠵᠤ᠂ ᠲᠡᠳᠡᠨ᠎ᠤ ᠦᠵᠡᠯ ᠰᠠᠨᠠᠭ᠎ᠠ ᠲᠠᠨᠢᠯᠲᠠ ᠪᠣᠯᠤᠨ ᠢᠳᠡᠪᠬᠢᠵᠢᠯ᠎ᠢ ᠳᠡᠭᠡᠭᠰᠢᠯᠡᠭᠦᠯᠪᠡ᠃

ᠭᠤᠷᠪᠠ᠂ 《ᠬᠡᠷᠡᠭᠵᠢᠭᠦᠯᠬᠦ ᠲᠥᠰᠦᠯ》᠎ᠢ ᠨᠠᠶ᠋ᠢᠳᠠᠪᠤᠷᠢᠵᠢᠭᠤᠯᠤᠨ ᠦᠷ᠎ᠡ ᠪᠦᠲᠦᠮᠵᠢ ᠣᠯᠬᠤ ᠵᠢ ᠶᠠᠭ᠋ᠠᠬᠢᠵᠤ ᠠᠬᠢᠭᠤᠯᠬᠤ ᠪᠤᠢ?

ᠬᠠᠷᠢᠭᠤᠯᠲᠠ ᠄ ᠨᠢᠭᠡ᠎ᠳᠤ᠂ ᠲᠥᠷᠥ ᠵᠢᠨ ᠪᠣᠳᠣᠯᠭ᠎ᠠ ᠵᠢᠨ ᠤᠬᠠᠭᠤᠯᠭ᠎ᠠ ᠵᠢ ᠰᠠᠶ᠋ᠢᠲᠤᠷ ᠬᠢᠨ᠎ᠡ᠃ ᠠᠯᠪᠠᠨ ᠰᠦᠯᠵᠢᠶ᠎ᠡ ᠪᠤᠶᠤ ᠠᠯᠪᠠᠨ᠎ᠤ ᠸᠢᠴᠠᠲ᠎ᠤᠨ ᠣᠯᠠᠨ ᠨᠡᠢ᠌ᠲᠡ ᠵᠢᠨ ᠳ᠋ᠤᠭ᠋ᠠᠷ᠎ᠲᠤ ᠨᠡᠶ᠋ᠢᠲᠡᠯᠡᠬᠦ᠂ ᠲᠥᠷᠥ ᠵᠢᠨ ᠪᠣᠳᠣᠯᠭ᠎ᠠ ᠵᠢᠨ ᠲᠠᠶ᠋ᠢᠯᠤᠮᠵᠢ ᠬᠢᠬᠦ ᠵᠡᠷᠭᠡ ᠣᠯᠠᠨ ᠵᠦᠢ᠍ᠯ᠎ᠤᠨ ᠬᠡᠯᠪᠡᠷᠢ᠎ᠪᠠᠷ ᠳᠠᠮᠵᠢᠭᠤᠯᠤᠨ᠂ 《ᠬᠡᠷᠡᠭᠵᠢᠭᠦᠯᠬᠦ   ᠲᠥᠰᠦᠯ》᠎ᠤᠨ ᠭᠣᠣᠯ ᠠᠭᠤᠯᠭ᠎ᠠ ᠵᠢ ᠢᠳᠡᠪᠬᠢᠲᠡᠢ ᠤᠬᠠᠭᠤᠯᠵᠤ᠂ ᠡᠯ᠎ᠡ ᠭᠠᠵᠠᠷ᠎ᠤᠨ ᠲᠥᠷᠥ ᠵᠢᠨ ᠪᠣᠳᠣᠯᠭ᠎ᠠ ᠵᠢᠨ ᠲᠤᠬᠠᠢ ᠣᠶ᠋ᠢᠯᠠᠭ᠋ᠠᠯᠲᠠ ᠵᠢ ᠭᠦᠨᠵᠡᠭᠡᠶ᠋ᠢᠷᠡᠭᠦᠯᠦᠨ᠎ᠡ᠃ ᠬᠣᠶᠠᠷ᠎ᠲᠤ᠂ ᠲᠥᠷᠥ ᠵᠢᠨ ᠪᠣᠳᠣᠯᠭ᠎ᠠ ᠵᠢᠨ ᠨᠠᠶ᠋ᠢᠳᠠᠪᠤᠷᠢᠵᠢᠭᠤᠯᠤᠯᠲᠠ  ᠵᠢ ᠠᠬᠢᠭᠤᠯᠤᠨ᠎ᠠ᠃ ᠡᠯ᠎ᠡ ᠠᠶ᠋ᠢᠮᠠᠭ ᠬᠣᠲᠠ ᠵᠢ ᠵᠢᠯᠣᠭᠣᠳᠤᠨ 《ᠬᠡᠷᠡᠭᠵᠢᠭᠦᠯᠬᠦ  ᠲᠥᠰᠦᠯ》᠎ᠳᠤ ᠲᠣᠳᠣᠷᠬᠠᠶ᠋ᠢᠯᠠᠭᠰᠠᠨ ᠲᠠᠪᠤᠨ ᠲᠠᠯ᠎ᠠ ᠵᠢᠨ ᠭᠣᠣᠯᠳᠠᠯᠭ᠎ᠠ᠎ᠲᠠᠢ ᠡᠭᠦᠷᠭᠡ ᠪᠠ ᠡᠯ᠎ᠡ ᠭᠣᠣᠯ ᠴᠣᠭᠴᠠ  ᠵᠢᠨ ᠡᠭᠦᠷᠭᠡ ᠬᠠᠷᠢᠭᠤᠴᠠᠯᠭ᠎ᠠ᠎ᠲᠠᠢ ᠬᠠᠷᠢᠴᠠᠭᠤᠯᠤᠨ᠂ ᠠᠬᠢᠴᠠ ᠵᠢᠨ ᠲᠣᠬᠢᠷᠠᠭᠤᠯᠤᠯᠲᠠ ᠶᠣᠰᠣᠭ᠋ᠠᠷ 《ᠰᠤᠷᠭ᠋ᠠᠨ ᠬᠥᠮᠦᠵᠢᠯ᠎ᠤᠨ ᠬᠣᠯᠪᠣᠭ᠋ᠠᠲᠤ ᠴᠣᠭᠴᠠ》 ᠵᠢᠨ ᠪᠦᠲᠦᠭᠡᠨ ᠪᠠᠶ᠋ᠢᠭᠤᠯᠤᠯᠲᠠ ᠵᠢᠨ ᠠᠵᠢᠯ᠎ᠢ ᠠᠬᠢᠭᠤᠯᠤᠨ᠎ᠠ᠃ ᠭᠤᠷᠪᠠ᠎ᠳᠤ᠂ ᠲᠤᠷᠰᠢᠯᠭ᠎ᠠ ᠪᠠ ᠠᠷᠭ᠎ᠠ  ᠪᠠᠷᠢᠯ᠎ᠢ ᠳᠡᠯᠭᠡᠷᠡᠭᠦᠯᠦᠨ᠎ᠡ᠃ ᠡᠯ᠎ᠡ ᠭᠠᠵᠠᠷ᠎ᠤᠨ ᠡᠯ᠎ᠡ ᠰᠤᠷᠭ᠋ᠠᠭᠤᠯᠢ ᠵᠢ ᠵᠢᠯᠣᠭᠣᠳᠤᠨ ᠭᠡᠷ ᠪᠦᠯᠢ ᠰᠤᠷᠭ᠋ᠠᠭᠤᠯᠢ ᠨᠡᠶ᠋ᠢᠭᠡᠮ ᠬᠠᠮᠵᠢᠯᠴᠠᠨ ᠬᠥᠮᠦᠨ ᠬᠥᠮᠦᠵᠢᠭᠦᠯᠬᠦ 《ᠰᠤᠷᠭ᠋ᠠᠨ ᠬᠥᠮᠦᠵᠢᠯ᠎ᠤᠨ ᠬᠣᠯᠪᠣᠭ᠋ᠠᠲᠤ ᠴᠣᠭᠴᠠ》  ᠵᠢᠨ ᠲᠤᠷᠰᠢᠯᠭ᠎ᠠ ᠠᠷᠭ᠎ᠠ ᠪᠠᠷᠢᠯ ᠪᠠ ᠨᠡᠶ᠋ᠢᠲᠡᠯᠢᠭ ᠬᠡᠷᠡᠭ᠎ᠤᠨ ᠵᠢᠱ᠌ᠢᠶ᠎ᠡ ᠵᠢ ᠤᠬᠠᠭᠤᠯᠤᠨ ᠳᠡᠯᠭᠡᠷᠡᠭᠦᠯᠵᠦ᠂ ᠵᠥᠪ ᠲᠠᠯ᠎ᠠ ᠵᠢᠨ ᠤᠬᠠᠭᠤᠯᠭ᠎ᠠ ᠪᠠ ᠶᠠᠷᠢᠶ᠎ᠠ ᠬᠡᠯᠡᠯᠴᠡᠭᠡ᠎ᠪᠠᠷ ᠬᠥᠲᠥᠯᠥᠨ ᠵᠢᠯᠣᠭᠣᠳᠬᠤ ᠵᠢ ᠴᠢᠩᠭ᠋ᠠᠳᠬᠠᠵᠤ᠂ ᠪᠦᠬᠦ ᠨᠡᠶ᠋ᠢᠭᠡᠮ ᠵᠶ᠋ᠠᠷ ᠵᠶ᠋ᠠᠨ ᠵᠠᠯᠠᠭᠤᠴᠤᠳ ᠪᠠᠭ᠋ᠠᠴᠤᠳ᠎ᠤᠨ ᠡᠷᠡᠭᠦᠯ ᠵᠶ᠋ᠠᠷ ᠥᠰᠦᠨ ᠪᠣᠶ᠋ᠢᠵᠢᠬᠤ ᠵᠢ ᠬᠠᠯᠠᠮᠵᠢᠯᠠᠨ ᠳᠡᠮᠵᠢᠬᠦ ᠰᠠᠶ᠋ᠢᠨ ᠰᠠᠶ᠋ᠢᠬᠠᠨ ᠠᠭᠤᠷ ᠠᠮᠢᠰᠬᠤᠯ᠎ᠢ ᠪᠤᠢ ᠪᠣᠯᠭ᠋ᠠᠨ᠎ᠠ᠃

 

ᠢᠷᠡᠯᠲᠡ᠄ ᠥᠪᠥᠷ ᠮᠣᠩᠭᠤᠯ᠎ᠤᠨ ᠦᠪᠡᠷᠲᠡᠭᠡᠨ ᠵᠠᠰᠠᠬᠤ ᠣᠷᠣᠨ᠎ᠤ ᠰᠣᠷᠭ᠋ᠠᠨ ᠬᠦᠮᠦᠵᠢᠯ᠎ᠤᠨ ᠲᠢᠩᠬᠡᠮ
          
ᠬᠠᠮᠢᠶ᠎ᠡ ᠪᠦᠬᠦᠢ ᠰᠣᠨᠢᠨ
 
             蒙ICP备05000248号