ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠤᠷᠭᠠᠨ ᠬᠦᠮᠦᠵᠢᠯ᠎ᠤᠨ ᠬᠠᠨᠲᠤᠯᠭ᠎ᠠ
ᠰᠣᠨᠤᠷ᠎ᠤᠨ ᠲᠠᠪᠴᠠᠩ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠢᠯᠡ ᠵᠠᠰᠠᠭ   -   ᠠᠯᠪᠠᠨ ᠮᠡᠳᠡᠭᠡ
ᠬᠠᠤᠯᠢ ᠴᠠᠭ᠋ᠠᠵᠠ ᠵᠢᠨ ᠲᠤᠰᠠᠯᠠᠮᠵᠢ ᠵᠢᠨ ᠠᠵᠢᠯ᠎ᠢ ᠤᠯᠠᠮ ᠨᠢᠭᠡ ᠠᠯᠬᠤᠮ ᠴᠢᠩᠭ᠋ᠠᠳᠬᠠᠬᠤ ᠲᠤᠬᠠᠢ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠰᠠᠨᠠᠯ
ᠨᠡᠶ᠋ᠢᠲᠡᠯᠡᠭᠰᠡᠨ ᠴᠠᠭ᠄ 2023-10-13

ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ ᠎ᠤ ᠪᠢᠴᠢᠭ ᠮᠠᠲ᠋ᠧᠷᠢᠶᠠᠯ
      ᠥᠪᠥᠷ ᠵᠠᠰᠠᠭ ᠲᠠᠷᠬᠠᠭ᠋ᠠᠭᠰᠠᠨ [2023] 7 ᠳ᠋ᠤᠭ᠋ᠠᠷ ᠲᠣᠭ᠋ᠠᠲᠤ
      ᠬᠠᠤᠯᠢ ᠴᠠᠭ᠋ᠠᠵᠠ ᠵᠢᠨ ᠲᠤᠰᠠᠯᠠᠮᠵᠢ ᠵᠢᠨ ᠠᠵᠢᠯ᠎ᠢ ᠤᠯᠠᠮ ᠨᠢᠭᠡ ᠠᠯᠬᠤᠮ ᠴᠢᠩᠭ᠋ᠠᠳᠬᠠᠬᠤ ᠲᠤᠬᠠᠢ
      ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠰᠠᠨᠠᠯ

ᠡᠯ᠎ᠡ ᠠᠶ᠋ᠢᠮᠠᠭ᠎ᠤᠨ ᠵᠠᠬᠢᠷᠭ᠎ᠠ᠂ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ᠂ ᠡᠯ᠎ᠡ ᠬᠤᠰᠢᠭᠤ ᠰᠢᠶᠠᠨ᠎ᠤ ᠠᠷᠠᠳ᠎ᠤᠨ ᠵᠠᠰᠠᠭ᠎ᠤᠨ ᠣᠷᠳᠣᠨ᠂ ᠥᠪᠡᠷᠲᠡᠭᠡᠨ ᠵᠠᠰᠠᠬᠤ ᠣᠷᠣᠨ᠎ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠣᠮᠣ ᠠᠵᠤ ᠠᠬᠤᠶ᠋ᠢᠯᠠᠯ᠂ ᠠᠵᠢᠯ ᠦᠢ᠍ᠯᠡᠰ᠎ᠤᠨ ᠨᠢᠭᠡᠴᠢ᠎ᠳᠤ᠄
      《ᠪᠦᠭᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠬᠠᠤᠯᠢ ᠴᠠᠭ᠋ᠠᠵᠠ ᠵᠢᠨ ᠲᠤᠰᠠᠯᠠᠮᠵᠢ ᠵᠢᠨ       ᠬᠠᠤᠯᠢ》 (ᠳᠣᠷᠣᠭᠰᠢ 《ᠬᠠᠤᠯᠢ ᠴᠠᠭ᠋ᠠᠵᠠ ᠵᠢᠨ ᠲᠤᠰᠠᠯᠠᠮᠵᠢ ᠵᠢᠨ ᠬᠠᠤᠯᠢ》 ᠭᠡᠵᠦ ᠲᠣᠪᠴᠢᠯᠠᠨ᠎ᠠ) ᠵᠢ ᠭᠦᠨᠵᠡᠭᠡᠢ ᠲᠤᠭᠤᠰᠢᠯᠠᠭᠤᠯᠤᠨ ᠬᠡᠷᠡᠭᠵᠢᠭᠦᠯᠵᠦ᠂ ᠪᠦᠬᠦ ᠣᠷᠣᠨ᠎ᠤ ᠬᠠᠤᠯᠢ ᠴᠠᠭ᠋ᠠᠵᠠ ᠵᠢᠨ ᠲᠤᠰᠠᠯᠠᠮᠵᠢ ᠵᠢᠨ ᠠᠵᠢᠯ᠎ᠢ ᠤᠯᠠᠮ ᠨᠢᠭᠡ ᠠᠯᠬᠤᠮ ᠴᠢᠩᠭ᠋ᠠᠳᠬᠠᠨ᠂ ᠠᠵᠤ ᠠᠬᠤᠢ ᠨᠡᠶ᠋ᠢᠭᠡᠮ᠎ᠤᠨ ᠬᠥᠭᠵᠢᠯᠲᠡ᠎ᠳᠤ ᠦᠢ᠍ᠯᠡᠴᠢᠯᠡᠬᠦ᠎ᠳᠠᠬᠢ ᠬᠠᠤᠯᠢ ᠴᠠᠭ᠋ᠠᠵᠠ ᠵᠢᠨ ᠲᠤᠰᠠᠯᠠᠮᠵᠢ ᠵᠢᠨ ᠦᠢ᠍ᠯᠡᠳᠦᠯ᠎ᠢ ᠨᠡᠩ ᠰᠠᠶ᠋ᠢᠲᠤᠷ ᠪᠠᠳᠠᠷᠠᠭᠤᠯᠬᠤ ᠵᠢᠨ ᠲᠤᠰᠠᠳᠠ᠂ ᠥᠪᠡᠷᠲᠡᠭᠡᠨ ᠵᠠᠰᠠᠬᠤ ᠣᠷᠣᠨ᠎ᠤ ᠪᠣᠳᠠᠲᠠᠢ᠎ᠲᠠᠢ ᠤᠶᠠᠯᠳᠤᠭᠤᠯᠵᠤ᠂ ᠳᠣᠣᠷᠠᠬᠢ ᠰᠠᠨᠠᠯ᠎ᠢ ᠳᠤᠷᠠᠳᠪᠠ᠃
      ᠨᠢᠭᠡ᠂ 《ᠬᠠᠤᠯᠢ ᠴᠠᠭ᠋ᠠᠵᠠ ᠵᠢᠨ ᠲᠤᠰᠠᠯᠠᠮᠵᠢ ᠵᠢᠨ ᠬᠠᠤᠯᠢ》 ᠵᠢ ᠨᠡᠶ᠋ᠢᠲᠡᠯᠡᠨ ᠬᠡᠷᠡᠭᠵᠢᠭᠦᠯᠦᠭᠰᠡᠨ᠎ᠤ ᠴᠢᠬᠤᠯᠠ ᠠᠴᠢ ᠬᠤᠯᠪᠣᠭᠳᠠᠯ᠎ᠢ ᠭᠦᠢ᠍ᠴᠡᠳ ᠲᠠᠨᠢᠬᠤ ᠬᠡᠷᠡᠭᠲᠡᠢ
      ᠶᠡᠷᠦᠩᠬᠡᠢ ᠱᠦᠵᠢ ᠰᠢ ᠵᠢᠨ ᠫᠢᠩ ᠨᠠᠮ᠎ᠤᠨ ᠬᠤᠷᠢᠳᠤᠭ᠋ᠠᠷ ᠶᠡᠭᠡ ᠬᠤᠷᠠᠯ᠎ᠤᠨ ᠢᠯᠡᠳᠬᠡᠯ᠎ᠳᠤ 《ᠲᠥᠪ ᠭᠤᠣᠯᠴᠢ᠎ᠪᠠᠷ ᠬᠠᠤᠯᠢ ᠪᠠᠷᠢᠬᠤ ᠪᠣᠯ ᠨᠡᠶ᠋ᠢᠭᠡᠮ᠎ᠤᠨ ᠠᠳᠠᠯᠢ ᠲᠡᠭᠰᠢ ᠰᠢᠳᠤᠷᠭᠤ ᠶᠣᠰᠣ ᠵᠢ ᠰᠠᠬᠢᠨ ᠬᠠᠮᠠᠭ᠋ᠠᠯᠠᠬᠤ ᠵᠢᠨ ᠬᠠᠮᠤᠭ ᠡᠴᠦᠰ᠎ᠤᠨ ᠰᠡᠷᠭᠡᠶ᠋ᠢᠯᠡᠯᠲᠡ ᠵᠢᠨ ᠱᠤᠭᠤᠮ ᠮᠥᠨ᠃ ᠬᠠᠤᠯᠢ ᠪᠠᠷᠢᠬᠤ ᠪᠠᠶ᠋ᠢᠭᠤᠯᠤᠯ᠎ᠤᠨ ᠶᠡᠷᠦᠩᠬᠡᠶ᠋ᠢᠯᠡᠭᠰᠡᠨ ᠲᠥᠬᠦᠷ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠵᠦ᠂ ᠬᠠᠤᠯᠢ ᠪᠠᠷᠢᠬᠤ ᠬᠠᠷᠢᠭᠤᠴᠠᠯᠭ᠎ᠠ ᠵᠢᠨ ᠳᠦᠷᠢᠮ᠎ᠢ ᠪᠦᠬᠦ ᠲᠠᠯ᠎ᠠ᠎ᠪᠠᠷ ᠣᠨᠣᠪᠴᠢᠲᠠᠢ ᠨᠠᠶ᠋ᠢᠳᠠᠪᠤᠷᠢᠵᠢᠭᠤᠯᠤᠨ᠂ ᠲᠥᠪ ᠭᠤᠣᠯᠴᠢ ᠥᠨᠳᠥᠷ ᠪᠦᠲᠦᠮᠵᠢᠲᠡᠢ ᠪᠥᠭᠡᠳ ᠡᠷᠬᠡ ᠰᠦᠷᠲᠡᠢ ᠨᠡᠶ᠋ᠢᠭᠡᠮ ᠵᠢᠷᠤᠮ᠎ᠤᠨ ᠬᠠᠤᠯᠢ ᠪᠠᠷᠢᠬᠤ ᠳᠦᠷᠢᠮ᠎ᠢ ᠲᠦᠷᠭᠡᠳᠬᠡᠨ ᠪᠠᠶ᠋ᠢᠭᠤᠯᠵᠤ᠂ ᠬᠠᠤᠯᠢ ᠴᠠᠭ᠋ᠠᠵᠠ ᠵᠢᠨ ᠬᠡᠷᠡᠭ ᠨᠢᠭᠡ ᠪᠦᠷᠢ᠎ᠠᠴᠠ ᠠᠷᠠᠳ ᠤᠯᠠᠨ᠎ᠳᠤ ᠲᠥᠪ ᠭᠤᠣᠯᠴᠢ ᠰᠢᠳᠤᠷᠭᠤ ᠶᠣᠰᠣ ᠵᠢ ᠪᠠᠷᠢᠮᠲᠠᠯᠠᠭᠰᠠᠨ ᠲᠥᠷᠥᠭᠳᠡᠯ ᠣᠯᠭᠤᠬᠤ᠎ᠪᠠᠷ ᠴᠢᠷᠮᠠᠶ᠋ᠢᠨ᠎ᠠ》 ᠭᠡᠵᠦ ᠵᠢᠭ᠋ᠠᠵᠤ ᠭᠠᠷᠭ᠋ᠠᠪᠠ᠃ ᠬᠠᠤᠯᠢ ᠴᠠᠭ᠋ᠠᠵᠠ ᠵᠢᠨ ᠲᠤᠰᠠᠯᠠᠮᠵᠢ ᠵᠢᠨ ᠳᠦᠷᠢᠮ ᠪᠣᠯ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠬᠠᠤᠯᠢ ᠪᠠᠷᠢᠬᠤ ᠳᠦᠷᠢᠮ᠎ᠤᠨ ᠴᠢᠬᠤᠯᠠ ᠪᠦᠷᠢᠯᠳᠦᠭᠦᠨ ᠬᠡᠰᠡᠭ ᠪᠠᠶ᠋ᠢᠵᠤ᠂ ᠨᠡᠶ᠋ᠢᠭᠡᠮ᠎ᠤᠨ ᠲᠥᠪ ᠭᠤᠤᠯᠴᠢ ᠰᠢᠳᠤᠷᠭᠤ ᠶᠣᠰᠣ ᠪᠠ ᠤᠯᠤᠰ᠎ᠤᠨ ᠬᠠᠤᠯᠢᠵᠢᠯ᠎ᠤᠨ ᠪᠣᠯᠪᠠᠰᠤᠨ᠎ᠤ ᠬᠡᠮᠵᠢᠶ᠎ᠡ ᠵᠢ ᠬᠠᠷᠠᠭᠤᠯᠬᠤ ᠵᠢᠨ ᠴᠢᠬᠤᠯᠠ ᠪᠡᠯᠭᠡ ᠲᠡᠮᠳᠡᠭ ᠪᠣᠯᠣᠨ᠎ᠠ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ᠎ᠤᠨ᠎ᠬᠢᠨ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠤᠳᠤᠯᠭ᠎ᠠ ᠪᠣᠯᠭ᠋ᠠᠨ᠂ ᠨᠠᠮ᠎ᠤᠨ ᠬᠤᠷᠢᠳᠤᠭ᠋ᠠᠷ ᠶᠡᠭᠡ ᠬᠤᠷᠠᠯ᠎ᠤᠨ ᠵᠣᠷᠢᠭ ᠰᠠᠨᠠᠭ᠎ᠠ ᠵᠢ ᠪᠦᠬᠦ ᠲᠠᠯ᠎ᠠ᠎ᠪᠠᠷ ᠲᠤᠭᠤᠰᠢᠯᠠᠭᠤᠯᠵᠤ᠂ ᠰᠢ ᠵᠢᠨ ᠫᠢᠩ᠎ᠤᠨ ᠬᠠᠤᠯᠢᠵᠢᠯ᠎ᠤᠨ ᠦᠵᠡᠯ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠤᠨ᠂ ᠶᠡᠷᠦᠩᠬᠡᠢ ᠱᠦᠵᠢ ᠰᠢ ᠵᠢᠨ ᠫᠢᠩ᠎ᠤᠨ ᠬᠠᠤᠯᠢ ᠴᠠᠭ᠋ᠠᠵᠠ ᠵᠢᠨ ᠲᠤᠰᠠᠯᠠᠮᠵᠢ ᠵᠢᠨ ᠠᠵᠢᠯ᠎ᠤᠨ ᠲᠤᠬᠠᠢ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠨᠠᠷᠢᠨ ᠬᠢᠨᠠᠮᠠᠭ᠋ᠠᠢ ᠲᠤᠭᠤᠰᠢᠯᠠᠭᠤᠯᠵᠤ᠂ 《ᠬᠠᠤᠯᠢ ᠴᠠᠭ᠋ᠠᠵᠠ ᠵᠢᠨ ᠲᠤᠰᠠᠯᠠᠮᠵᠢ ᠵᠢᠨ ᠬᠠᠤᠯᠢ》 ᠵᠢᠨ ᠬᠠᠤᠯᠢ ᠲᠣᠭᠲᠠᠭ᠋ᠠᠭᠰᠠᠨ ᠵᠣᠷᠢᠭ ᠰᠠᠨᠠᠭ᠎ᠠ ᠪᠠ ᠦᠢ᠍ᠯᠡᠳᠦᠯᠭᠡ ᠵᠢᠨ ᠱᠠᠭ᠋ᠠᠷᠳᠠᠯᠭ᠎ᠠ ᠵᠢ ᠪᠥᠬᠦ ᠲᠠᠯ᠎ᠠ᠎ᠪᠠᠷ ᠣᠨᠣᠪᠴᠢᠲᠠᠶ ᠰᠤᠷᠤᠯᠴᠠᠨ ᠣᠶ᠋ᠢᠯᠠᠭ᠋ᠠᠵᠤ᠂ ᠬᠠᠤᠯᠢ ᠴᠠᠭ᠋ᠠᠵᠠ ᠵᠢᠨ ᠲᠤᠰᠠᠯᠠᠮᠵᠢ ᠵᠢᠨ ᠠᠵᠢᠯ᠎ᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ᠂ ᠬᠠᠤᠯᠢ ᠴᠠᠭ᠋ᠠᠵᠠ ᠵᠢᠨ ᠲᠤᠰᠠᠯᠠᠮᠵᠢ ᠵᠢᠨ ᠬᠠᠷᠢᠭᠤᠴᠠᠯᠭ᠎ᠠ ᠵᠢ ᠦᠨᠡᠨ ᠬᠦ᠌ ᠳᠠᠭ᠋ᠠᠭ᠋ᠠᠨ ᠡᠭᠦᠷᠭᠡᠯᠡᠵᠦ᠂ ᠬᠥᠮᠥᠨ᠎ᠤ ᠡᠷᠬᠡ ᠵᠢ ᠬᠠᠤᠯᠢ ᠪᠠᠷᠢᠬᠤ᠎ᠪᠠᠷ ᠪᠠᠲᠤᠯᠠᠬᠤ ᠳᠦᠷᠢᠮ᠎ᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠣᠯᠠᠨ ᠨᠡᠶ᠋ᠢᠲᠡ ᠵᠢᠨ ᠬᠠᠤᠯᠢ ᠴᠠᠭ᠋ᠠᠵᠠ ᠵᠢᠨ ᠦᠢ᠍ᠯᠡᠴᠢᠯᠡᠭᠡᠨ᠎ᠤ ᠬᠢᠷᠢ ᠲᠦᠪᠰᠢᠨ᠎ᠢ ᠳᠡᠭᠡᠭᠰᠢᠯᠡᠭᠦᠯᠦᠨ᠂ ᠬᠠᠤᠯᠢ᠎ᠪᠠᠷ ᠵᠠᠰᠠᠬᠤ ᠲᠠᠯ᠎ᠠ᠎ᠳᠠᠬᠢ ᠠᠷᠠᠳ ᠲᠦᠮᠡᠨ᠎ᠤ ᠬᠦᠷᠲᠡᠮᠵᠢ ᠵᠢᠨ ᠲᠥᠷᠥᠭᠳᠡᠯ᠎ᠢ᠎ᠨᠢ ᠲᠠᠰᠤᠷᠠᠯᠲᠠ ᠦᠭᠡᠢ ᠴᠢᠩᠭ᠋ᠠᠷᠠᠭᠤᠯᠤᠨ᠎ᠠ᠃
      ᠬᠤᠶᠠᠷ᠂ ᠬᠠᠤᠯᠢ ᠴᠠᠭ᠋ᠠᠵᠠ ᠵᠢᠨ ᠲᠤᠰᠠᠯᠠᠮᠵᠢ ᠵᠢᠨ ᠵᠦᠢ᠍ᠯᠡᠰ᠎ᠤᠨ ᠬᠦᠷᠢᠶ᠎ᠡ ᠬᠡᠪᠴᠢᠶ᠎ᠡ ᠪᠠ ᠨᠥᠬᠦᠪᠦᠷᠢ ᠵᠢᠨ ᠪᠠᠷᠢᠮᠵᠢᠶ᠎ᠠ ᠵᠢ ᠲᠣᠳᠣᠷᠬᠠᠶ᠋ᠢᠯᠠᠬᠤ ᠬᠡᠷᠡᠭᠲᠡᠢ
      (ᠨᠢᠭᠡ) ᠬᠠᠤᠯᠢ ᠴᠠᠭ᠋ᠠᠵᠠ ᠵᠢᠨ ᠲᠤᠰᠠᠯᠠᠮᠵᠢ ᠵᠢᠨ ᠵᠦᠢ᠍ᠯᠡᠰ᠎ᠤᠨ ᠬᠦᠷᠢᠶ᠎ᠡ ᠬᠡᠪᠴᠢᠶ᠎ᠡ᠃ 《ᠬᠠᠤᠯᠢ ᠴᠠᠭ᠋ᠠᠵᠠ ᠵᠢᠨ ᠲᠤᠰᠠᠯᠠᠮᠵᠢ ᠵᠢᠨ ᠬᠠᠤᠯᠢ》 ᠵᠢᠨ ᠲᠣᠭᠲᠠᠭ᠋ᠠᠯ᠎ᠢ ᠦᠨᠳᠦᠰᠦᠯᠡᠪᠡᠯ᠂ ᠳᠣᠣᠷ᠎ᠠ ᠵᠢᠭᠰᠠᠭ᠋ᠠᠭᠰᠠᠨ ᠵᠦᠢ᠍ᠯᠡᠰ᠎ᠨᠢ ᠬᠠᠤᠯᠢ ᠴᠠᠭ᠋ᠠᠵᠠ ᠵᠢᠨ ᠲᠤᠰᠠᠯᠠᠮᠵᠢ ᠵᠢᠨ ᠵᠦᠢ᠍ᠯᠡᠰ᠎ᠤᠨ ᠬᠦᠷᠢᠶ᠎ᠡ ᠬᠡᠪᠴᠢᠶᠡᠨ᠎ᠳᠤ ᠪᠠᠭᠲᠠᠨ᠎ᠠ᠄
      1. ᠡᠷᠡᠭᠦᠦ ᠵᠢᠨ ᠬᠡᠷᠡᠭ᠄
      (1) ᠡᠷᠡᠭᠦᠦ ᠵᠢᠨ ᠬᠡᠷᠡᠭ᠎ᠤᠨ ᠶᠠᠯᠠᠲᠤ ᠬᠡᠷᠡᠭ᠎ᠤᠨ ᠰᠡᠵᠢᠭᠲᠡᠨ᠂ ᠵᠠᠭ᠋ᠠᠯᠳᠤᠭᠳᠠᠭᠴᠢ᠎ᠨᠢ ᠠᠵᠤ ᠠᠬᠤᠢ ᠵᠢᠨ ᠬᠦᠴᠢᠷᠳᠡᠯ ᠪᠤᠶᠤ ᠪᠤᠰᠤᠳ ᠰᠢᠯᠲᠠᠭ᠋ᠠᠨ᠎ᠠᠴᠠ ᠪᠣᠯᠵᠤ ᠥᠮᠥᠭᠯᠡᠭᠴᠢ᠎ᠳᠤ ᠨᠠᠶ᠋ᠢᠳᠠᠭᠰᠠᠨ ᠦᠭᠡᠢ ᠪᠠᠶ᠋ᠢᠪᠠᠯ᠂ ᠲᠤᠰ ᠬᠥᠮᠥᠨ ᠵᠢᠴᠢ ᠲᠡᠭᠦᠨ᠎ᠤ ᠣᠶ᠋ᠢᠷ᠎ᠠ ᠲᠦᠷᠦᠯ ᠰᠠᠳᠤᠨ᠎ᠨᠢ ᠬᠠᠤᠯᠢ ᠴᠠᠭ᠋ᠠᠵᠠ ᠵᠢᠨ ᠲᠤᠰᠠᠯᠠᠮᠵᠢ ᠵᠢᠨ ᠪᠠᠶ᠋ᠢᠭᠤᠯᠤᠮᠵᠢ᠎ᠠᠴᠠ ᠬᠠᠤᠯᠢ ᠴᠠᠭ᠋ᠠᠵᠠ ᠵᠢᠨ ᠲᠤᠰᠠᠯᠠᠮᠵᠢ ᠭᠤᠶᠤᠴᠢᠯᠠᠵᠤ ᠪᠣᠯᠣᠨ᠎ᠠ;
      (2) ᠡᠷᠡᠭᠦᠦ ᠵᠢᠨ ᠬᠡᠷᠡᠭ᠎ᠤᠨ ᠶᠠᠯᠠᠲᠤ ᠬᠡᠷᠡᠭ᠎ᠤᠨ ᠰᠡᠵᠢᠭᠲᠡᠨ᠂ ᠵᠠᠭ᠋ᠠᠯᠳᠤᠭᠳᠠᠭᠴᠢ᠎ᠨᠢ ᠨᠠᠰᠤᠨ᠎ᠳᠤ ᠦᠯᠦ ᠬᠦᠷᠦᠭᠰᠡᠳ᠂ ᠬᠠᠷᠠᠭ᠎ᠠ᠂ ᠰᠣᠨᠣᠷ᠂ ᠦᠭᠡ ᠶᠠᠷᠢᠶᠠᠨ᠎ᠤ ᠰᠠᠭ᠋ᠠᠲᠠᠯ᠎ᠲᠠᠢ ᠵᠡᠮᠳᠡᠭ ᠬᠥᠮᠥᠨ᠂ ᠥᠪᠡᠷ᠎ᠤᠨ ᠠᠵᠢᠯᠯᠠᠭ᠎ᠠ᠎ᠪᠠᠨ ᠪᠦᠷᠢᠮᠦᠰᠦᠨ ᠢᠯᠭ᠋ᠠᠨ ᠲᠠᠨᠢᠵᠤ ᠴᠢᠳᠠᠬᠤ ᠦᠭᠡᠢ ᠨᠠᠰᠤᠨ᠎ᠳᠤ ᠭᠦᠷᠦᠭᠰᠡᠳ᠂ ᠬᠤᠭᠤᠴᠠᠭ᠎ᠠ ᠦᠭᠡᠢ ᠬᠤᠷᠢᠬᠤ ᠡᠷᠡᠭᠦᠦ᠂ ᠠᠯᠠᠬᠤ ᠡᠷᠡᠭᠦᠦ᠎ᠪᠠᠷ ᠰᠢᠢ᠍ᠳᠬᠡᠭᠳᠡᠵᠦ ᠮᠡᠳᠡᠬᠦ ᠬᠥᠮᠥᠨ᠂ ᠬᠠᠤᠯᠢ ᠴᠠᠭ᠋ᠠᠵᠠ ᠵᠢᠨ ᠲᠤᠰᠠᠯᠠᠮᠵᠢ ᠭᠤᠶᠤᠴᠢᠯᠠᠭᠰᠠᠨ ᠠᠯᠠᠬᠤ ᠡᠷᠡᠭᠦᠦ ᠵᠢ ᠳᠠᠬᠢᠨ ᠬᠢᠨᠠᠬᠤ ᠬᠡᠷᠡᠭ᠎ᠤᠨ ᠵᠠᠭ᠋ᠠᠯᠳᠤᠭᠳᠠᠭᠴᠢ᠂ ᠰᠠᠭ᠋ᠠᠲᠠᠯ᠎ᠲᠠᠢ ᠰᠢᠭᠦᠨ ᠲᠠᠰᠤᠯᠤᠯᠲᠠ ᠵᠢᠨ ᠬᠡᠷᠡᠭ᠎ᠤᠨ ᠵᠠᠭ᠋ᠠᠯᠳᠤᠭᠳᠠᠭᠴᠢ᠂ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠳᠤ ᠲᠣᠭᠲᠠᠭ᠋ᠠᠭᠰᠠᠨ ᠪᠤᠰᠤᠳ ᠬᠥᠮᠥᠨ ᠪᠠᠶ᠋ᠢᠭ᠎ᠠ ᠮᠥᠷᠲᠡᠭᠡᠨ ᠥᠮᠥᠭᠯᠡᠭᠴᠢ᠎ᠳᠤ ᠨᠠᠶ᠋ᠢᠳᠠᠭᠰᠠᠨ ᠦᠭᠡᠢ ᠪᠠᠶ᠋ᠢᠪᠠᠯ᠂ ᠠᠷᠠᠳ᠎ᠤᠨ ᠰᠢᠭᠦᠬᠦ ᠬᠤᠷᠢᠶ᠎ᠠ᠂ ᠠᠷᠠᠳ᠎ᠤᠨ ᠪᠠᠶ᠋ᠢᠴᠠᠭ᠋ᠠᠬᠤ ᠬᠤᠷᠢᠶ᠎ᠠ᠂ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ᠎ᠠᠴᠠ ᠬᠠᠤᠯᠢ ᠴᠠᠭ᠋ᠠᠵᠠ ᠵᠢᠨ ᠲᠤᠰᠠᠯᠠᠮᠵᠢ ᠵᠢᠨ ᠪᠠᠶ᠋ᠢᠭᠤᠯᠤᠮᠵᠢ᠎ᠳᠤ ᠬᠠᠤᠯᠢᠴᠢ ᠲᠣᠮᠢᠯᠠᠭᠤᠯᠤᠨ ᠥᠮᠥᠭᠯᠡᠭᠴᠢ ᠪᠣᠯᠭ᠋ᠠᠬᠤ᠎ᠪᠠᠷ ᠮᠡᠳᠡᠭᠳᠡᠬᠦ ᠬᠡᠷᠡᠭᠲᠡᠢ;
      (3) ᠡ᠊ᠩ᠎ᠤᠨ ᠵᠢᠷᠤᠮ ᠵᠶ᠋ᠠᠷ ᠰᠢᠭᠦᠬᠦ ᠪᠤᠰᠤᠳ ᠡᠷᠡᠭᠦᠦ ᠵᠢᠨ ᠬᠡᠷᠡᠭ᠎ᠲᠤ ᠵᠠᠭ᠋ᠠᠯᠳᠤᠭᠳᠠᠭᠴᠢ᠎ᠨᠢ ᠥᠮᠥᠭᠯᠡᠭᠴᠢ᠎ᠳᠤ ᠨᠠᠶ᠋ᠢᠳᠠᠭᠰᠠᠨ ᠦᠭᠡᠢ ᠪᠠᠶ᠋ᠢᠪᠠᠯ᠂ ᠠᠷᠠᠳ᠎ᠤᠨ ᠰᠢᠭᠦᠬᠦ ᠬᠤᠷᠢᠶ᠎ᠠ᠎ᠠᠴᠠ ᠬᠠᠤᠯᠢ ᠴᠠᠭ᠋ᠠᠵᠠ ᠵᠢᠨ ᠲᠤᠰᠠᠯᠠᠮᠵᠢ ᠵᠢᠨ ᠪᠠᠶ᠋ᠢᠭᠤᠯᠤᠮᠵᠢ᠎ᠳᠤ ᠬᠠᠤᠯᠢᠴᠢ ᠲᠣᠮᠢᠯᠠᠭᠤᠯᠤᠨ ᠥᠮᠥᠭᠯᠡᠭᠴᠢ ᠪᠣᠯᠭ᠋ᠠᠬᠤ᠎ᠪᠠᠷ ᠮᠡᠳᠡᠭᠳᠡᠵᠦ       ᠪᠣᠯᠣᠨ᠎ᠠ;
      (4) ᠡᠷᠡᠭᠦᠦ ᠵᠢᠨ ᠵᠠᠷᠭᠤ ᠵᠢᠨ ᠬᠡᠷᠡᠭ᠎ᠤᠨ ᠬᠤᠣᠷᠯᠠᠭᠳᠠᠭᠴᠢ ᠵᠢᠴᠢ ᠲᠡᠭᠦᠨ᠎ᠤ ᠬᠠᠤᠯᠢ᠎ᠪᠠᠷ ᠲᠣᠭᠲᠠᠭ᠋ᠠᠭᠰᠠᠨ ᠣᠷᠣᠯᠠᠭᠴᠢ ᠪᠤᠶᠤ ᠣᠶ᠋ᠢᠷ᠎ᠠ ᠲᠦᠷᠦᠯ ᠰᠠᠳᠤᠨ᠂ ᠡᠷᠡᠭᠦᠦ ᠵᠢᠨ ᠥᠪᠡᠰᠦᠪᠡᠨ ᠵᠠᠭ᠋ᠠᠯᠳᠤᠭᠰᠠᠨ ᠬᠡᠷᠡᠭ᠎ᠤᠨ ᠥᠪᠡᠰᠦᠪᠡᠨ ᠵᠠᠭ᠋ᠠᠯᠳᠤᠭᠴᠢ ᠵᠢᠴᠢ ᠲᠡᠭᠦᠨ᠎ᠤ ᠬᠠᠤᠯᠢ᠎ᠪᠠᠷ ᠲᠣᠭᠲᠠᠭ᠋ᠠᠭᠰᠠᠨ ᠣᠷᠣᠯᠠᠭᠴᠢ᠂ ᠡᠷᠡᠭᠦᠦ ᠵᠢᠨ ᠬᠡᠷᠡᠭ᠎ᠤᠨ ᠳᠠᠭ᠋ᠠᠯᠳᠤᠭᠰᠠᠨ ᠢᠷᠭᠡᠨ᠎ᠤ ᠵᠠᠷᠭᠤ ᠵᠢᠨ ᠬᠡᠷᠡᠭ᠎ᠤᠨ ᠵᠠᠭ᠋ᠠᠯᠳᠤᠭᠴᠢ ᠵᠢᠴᠢ ᠲᠡᠭᠦᠨ᠎ᠤ ᠬᠠᠤᠯᠢ᠎ᠪᠠᠷ ᠲᠣᠭᠲᠠᠭ᠋ᠠᠭᠰᠠᠨ ᠣᠷᠣᠯᠠᠭᠴᠢ᠎ᠨᠢ ᠠᠵᠤ ᠠᠬᠤᠢ ᠵᠢᠨ ᠬᠦᠴᠢᠷᠳᠡᠯ᠎ᠠᠴᠠ ᠪᠣᠯᠵᠤ ᠵᠠᠷᠭᠤ ᠵᠢᠨ ᠣᠷᠣᠯᠠᠭᠴᠢ᠎ᠳᠤ ᠨᠠᠶ᠋ᠢᠳᠠᠭᠰᠠᠨ ᠦᠭᠡᠢ ᠪᠠᠶ᠋ᠢᠪᠠᠯ᠂ ᠬᠠᠤᠯᠢ ᠴᠠᠭ᠋ᠠᠵᠠ ᠵᠢᠨ ᠲᠤᠰᠠᠯᠠᠮᠵᠢ ᠵᠢᠨ ᠪᠠᠶ᠋ᠢᠭᠤᠯᠤᠮᠵᠢ᠎ᠠᠴᠠ ᠬᠠᠤᠯᠢ ᠴᠠᠭ᠋ᠠᠵᠠ ᠵᠢᠨ ᠲᠤᠰᠠᠯᠠᠮᠵᠢ ᠭᠤᠶᠤᠴᠢᠯᠠᠵᠤ ᠪᠣᠯᠣᠨ᠎ᠠ;
      (5) ᠠᠯᠪᠠᠳᠠᠨ ᠡᠮᠴᠢᠯᠡᠬᠦ ᠬᠡᠷᠡᠭ᠎ᠤᠨ ᠭᠤᠶᠤᠴᠢᠯᠠᠭᠳᠠᠭᠴᠢ ᠪᠤᠶᠤ ᠵᠠᠭ᠋ᠠᠯᠳᠤᠭᠳᠠᠭᠴᠢ᠎ᠨᠢ ᠵᠠᠷᠭᠤ ᠵᠢᠨ ᠣᠷᠣᠯᠠᠭᠴᠢ᠎ᠳᠤ ᠨᠠᠶ᠋ᠢᠳᠠᠭᠰᠠᠨ ᠦᠭᠡᠢ ᠪᠠᠶ᠋ᠢᠪᠠᠯ᠂ ᠠᠷᠠᠳ᠎ᠤᠨ ᠰᠢᠭᠦᠬᠦ ᠬᠤᠷᠢᠶ᠎ᠠ᠎ᠠᠴᠠ ᠬᠠᠤᠯᠢ ᠴᠠᠭ᠋ᠠᠵᠠ ᠵᠢᠨ ᠲᠤᠰᠠᠯᠠᠮᠵᠢ ᠵᠢᠨ ᠪᠠᠶ᠋ᠢᠭᠤᠯᠤᠮᠵᠢ᠎ᠳᠤ ᠬᠠᠤᠯᠢᠴᠢ ᠲᠣᠮᠢᠯᠠᠭᠤᠯᠵᠤ ᠲᠡᠳᠡᠨᠦᠰ᠎ᠲᠤ ᠬᠠᠤᠯᠢ ᠴᠠᠭ᠋ᠠᠵᠠ ᠵᠢᠨ ᠲᠤᠰᠠᠯᠠᠮᠵᠢ ᠬᠠᠩᠭ᠋ᠠᠯᠭ᠋ᠠᠬᠤ᠎ᠪᠠᠷ ᠮᠡᠳᠡᠭᠳᠡᠬᠦ ᠬᠡᠷᠡᠭᠲᠡᠢ᠃
      2. ᠢᠷᠭᠡᠨ᠎ᠤ ᠬᠡᠷᠡᠭ᠄
      (1) ᠨᠡᠶ᠋ᠢᠭᠡᠮ᠎ᠤᠨ ᠳᠠᠭ᠋ᠠᠳᠬᠠᠯ᠎ᠤᠨ ᠬᠠᠷᠠᠭ᠋ᠠᠯᠵᠠᠯ ᠪᠤᠶᠤ ᠨᠡᠶ᠋ᠢᠭᠡᠮ᠎ᠤᠨ ᠠᠪᠤᠷᠠᠨ ᠲᠤᠰᠠᠯᠠᠯᠲᠠ ᠣᠯᠭᠤᠬᠤ᠎ᠪᠠᠷ ᠭᠤᠶᠤᠴᠢᠯᠠᠬᠤ;
      (2) ᠠᠰᠠᠷᠠᠮᠵᠢ ᠵᠢᠨ ᠮᠥᠩᠭᠦ ᠣᠯᠭᠤᠬᠤ᠎ᠪᠠᠷ ᠭᠤᠶᠤᠴᠢᠯᠠᠬᠤ;
      (3) ᠠᠴᠢᠯᠠᠨ ᠲᠡᠵᠢᠭᠡᠬᠦ ᠵᠠᠷᠤᠳᠠᠯ᠂ ᠠᠰᠠᠷᠠᠨ ᠲᠡᠵᠢᠭᠡᠬᠦ ᠵᠠᠷᠤᠳᠠᠯ᠂ ᠲᠡᠳᠬᠦᠨ ᠲᠡᠵᠢᠭᠡᠬᠦ ᠵᠠᠷᠤᠳᠠᠯ ᠦᠭᠬᠦᠬᠦᠯᠬᠦ᠎ᠪᠠᠷ ᠭᠤᠶᠤᠴᠢᠯᠠᠬᠤ;
      (4) ᠬᠥᠳᠡᠯᠮᠦᠷᠢ ᠵᠢᠨ ᠬᠠᠷᠢᠴᠠᠭ᠎ᠠ ᠵᠢ ᠨᠤᠲᠠᠯᠠᠭᠤᠯᠬᠤ ᠪᠤᠶᠤ ᠬᠥᠳᠡᠯᠮᠦᠷᠢ ᠵᠢᠨ ᠬᠥᠯᠥᠰᠦ ᠣᠯᠭᠤᠮᠵᠢ ᠦᠭᠬᠦᠬᠦᠯᠬᠦ᠎ᠪᠠᠷ ᠭᠤᠶᠤᠴᠢᠯᠠᠬᠤ;
      (5) ᠠᠷᠠᠳ ᠢᠷᠭᠡᠨ᠎ᠤ ᠢᠷᠭᠡᠨ᠎ᠤ ᠬᠡᠷᠡᠭ᠎ᠤᠨ ᠦᠢ᠍ᠯᠡ ᠠᠵᠢᠯᠯᠠᠭ᠋ᠠᠨ᠎ᠤ ᠴᠢᠳᠠᠪᠤᠷᠢ ᠦᠭᠡᠢ ᠪᠤᠶᠤ ᠢᠷᠭᠡᠨ᠎ᠤ ᠬᠡᠷᠡᠭ᠎ᠤᠨ ᠦᠢ᠍ᠯᠡ ᠠᠵᠢᠯᠯᠠᠭ᠋ᠠᠨ᠎ᠤ ᠴᠢᠳᠠᠪᠤᠷᠢ᠎ᠨᠢ ᠬᠢᠵᠠᠭ᠋ᠠᠷᠲᠠᠢ ᠪᠠᠶ᠋ᠢᠬᠤ ᠵᠢ ᠮᠠᠭ᠋ᠠᠳᠯᠠᠭᠤᠯᠬᠤ᠎ᠪᠠᠷ ᠭᠤᠶᠤᠴᠢᠯᠠᠬᠤ;
      (6) ᠠᠵᠢᠯ᠎ᠠᠴᠠ ᠪᠣᠯᠤᠭᠰᠠᠨ ᠭᠡᠮᠲᠦᠯ᠎ᠤᠨ ᠠᠳᠡᠭᠳᠡᠯ᠂ ᠵᠠᠮ ᠬᠠᠷᠢᠯᠴᠠᠭ᠋ᠠᠨ᠎ᠤ ᠠᠳᠡᠯ᠂ ᠢᠳᠡᠭᠡᠨ ᠪᠠ ᠡᠮ᠎ᠤᠨ ᠵᠦᠢ᠍ᠯ᠎ᠤᠨ ᠠᠮᠤᠷ ᠲᠦᠪᠰᠢᠨ᠎ᠤ ᠠᠳᠡᠭᠳᠡᠯ᠂ ᠡᠮᠴᠢᠯᠡᠭᠡᠨ᠎ᠤ ᠠᠳᠡᠭᠳᠡᠯ᠎ᠤᠨ ᠬᠥᠮᠥᠨ᠎ᠤ ᠪᠡᠶ᠎ᠡ ᠵᠢᠨ ᠬᠤᠬᠢᠷᠠᠯ᠎ᠢ ᠲᠥᠯᠥᠭᠦᠯᠬᠦ᠎ᠪᠠᠷ ᠭᠤᠶᠤᠴᠢᠯᠠᠬᠤ;
      (7) ᠣᠷᠴᠢᠨ ᠲᠣᠭᠤᠷᠢᠨ᠎ᠤ ᠪᠣᠬᠢᠷᠲᠤᠯ᠂ ᠠᠮᠢ ᠠᠬᠤᠢ ᠵᠢᠨ ᠡᠪᠳᠡᠭᠳᠡᠯ᠎ᠤᠨ ᠬᠤᠬᠢᠷᠠᠯ᠎ᠢ ᠲᠥᠯᠥᠭᠦᠯᠬᠦ᠎ᠪᠠᠷ ᠭᠤᠶᠤᠴᠢᠯᠠᠬᠤ;
      (8) ᠦᠷᠡᠭᠳᠡᠭᠰᠡᠨ ᠪᠠᠭ᠋ᠠᠲᠤᠷᠴᠤᠳ᠎ᠤᠨ ᠣᠶ᠋ᠢᠷ᠎ᠠ ᠲᠦᠷᠦᠯ ᠰᠠᠳᠤᠨ᠎ᠨᠢ ᠦᠷᠡᠭᠳᠡᠭᠰᠡᠨ ᠪᠠᠭ᠋ᠠᠲᠤᠷᠴᠤᠳ᠎ᠤᠨ ᠬᠥᠮᠥᠨ ᠬᠡᠮ᠎ᠤᠨ ᠡᠷᠬᠡ ᠠᠰᠢᠭ᠎ᠢ ᠬᠠᠮᠠᠭ᠋ᠠᠯᠠᠬᠤ ᠵᠢᠨ ᠲᠥᠯᠥᠭᠡ ᠲᠤᠰᠠᠯᠠᠮᠵᠢ       ᠭᠤᠶᠤᠴᠢᠯᠠᠬᠤ;
      (9) ᠦᠨᠡᠨ ᠶᠣᠰᠣᠨ᠎ᠤ ᠲᠥᠯᠥᠭᠡ ᠡᠷᠡᠯᠬᠡᠭᠯᠡᠨ ᠲᠡᠮᠡᠴᠡᠭᠰᠡᠨ ᠠᠵᠢᠯᠯᠠᠭ᠎ᠠ᠎ᠠᠴᠠ ᠪᠣᠯᠵᠤ ᠬᠠᠮᠢᠶ᠎ᠠ ᠪᠦᠬᠦᠢ ᠢᠷᠭᠡᠨ᠎ᠤ ᠬᠡᠷᠡᠭ᠎ᠤᠨ ᠡᠷᠬᠡ ᠠᠰᠢᠭ᠎ᠢ ᠵᠣᠷᠢᠬᠤ;
      (10) ᠬᠠᠯᠠ ᠠᠮᠰᠠᠭᠴᠢ᠂ ᠣᠷᠬᠢᠭᠳᠠᠵᠤ ᠭᠤᠯᠣᠭᠳᠠᠭᠰᠠᠨ ᠪᠤᠶᠤ ᠭᠡᠷ ᠪᠦᠯᠢ ᠵᠢᠨ ᠬᠦᠴᠦᠷᠬᠡᠭᠯᠡᠯ᠎ᠤᠨ ᠬᠤᠣᠷ ᠠᠮᠰᠠᠭᠴᠢ ᠬᠠᠮᠢᠶ᠎ᠠ ᠪᠦᠬᠦᠢ ᠡᠷᠬᠡ ᠠᠰᠢᠭ᠎ᠢ ᠵᠣᠷᠢᠬᠤ;
      (11) ᠬᠠᠤᠯᠢ ᠴᠠᠭ᠋ᠠᠵᠠ᠂ ᠬᠠᠤᠯᠢ ᠲᠣᠭᠲᠠᠭ᠋ᠠᠯ᠂ ᠳᠦᠷᠢᠮ ᠲᠣᠭᠲᠠᠭ᠋ᠠᠯ᠎ᠳᠤ ᠲᠣᠭᠲᠠᠭ᠋ᠠᠭᠰᠠᠨ ᠪᠤᠰᠤᠳ ᠪᠠᠶ᠋ᠢᠳᠠᠯ᠎ᠤᠨ ᠵᠡᠷᠭᠡ ᠵᠦᠢ᠍ᠯᠡᠰ᠃
      3. ᠵᠠᠰᠠᠭ ᠵᠠᠬᠢᠷᠭ᠋ᠠᠨ᠎ᠤ ᠬᠡᠷᠡᠭ᠄
      (1) ᠬᠠᠤᠯᠢ ᠶᠣᠰᠣᠭ᠋ᠠᠷ ᠤᠯᠤᠰ᠎ᠤᠨ ᠲᠥᠯᠥᠪᠦᠷᠢ ᠵᠢ ᠭᠤᠶᠤᠴᠢᠯᠠᠬᠤ;
      (2) ᠬᠠᠤᠯᠢ ᠴᠠᠭ᠋ᠠᠵᠠ᠂ ᠬᠠᠤᠯᠢ ᠲᠣᠭᠲᠠᠭ᠋ᠠᠯ᠂ ᠳᠦᠷᠢᠮ ᠲᠣᠭᠲᠠᠭ᠋ᠠᠯ᠎ᠳᠤ ᠲᠣᠭᠲᠠᠭ᠋ᠠᠭᠰᠠᠨ ᠪᠤᠰᠤᠳ ᠪᠠᠶ᠋ᠢᠳᠠᠯ ᠵᠡᠷᠭᠡ ᠵᠦᠢ᠍ᠯᠡᠰ᠃
      4. ᠪᠤᠰᠤᠳ ᠬᠡᠷᠡᠭ᠄ ᠲᠤᠬᠠᠢ ᠵᠢᠨ ᠬᠥᠮᠥᠨ᠎ᠨᠢ ᠬᠠᠤᠯᠢ ᠴᠠᠭ᠋ᠠᠵᠠ ᠵᠢᠨ ᠪᠠᠶ᠋ᠢᠭᠤᠯᠭ᠎ᠠ ᠵᠢᠨ ᠬᠦᠴᠦᠨ᠎ᠲᠠᠢ ᠪᠣᠯᠤᠭᠰᠠᠨ ᠲᠠᠰᠤᠯᠤᠨ ᠲᠣᠭᠲᠠᠭ᠋ᠠᠯᠲᠠ ᠵᠢ ᠵᠥᠪᠰᠢᠶᠡᠷᠡᠬᠦ ᠦᠭᠡᠢ ᠪᠤᠶᠤ ᠭᠤᠮᠣᠳᠠᠯ ᠲᠣᠭ᠋ᠠᠴᠢᠬᠤ᠎ᠪᠠᠷ ᠳᠤᠷᠠᠳᠤᠭᠰᠠᠨ ᠡᠰᠡᠬᠦᠯ᠎ᠡ ᠲᠠᠬᠢᠨ ᠰᠢᠭᠦᠯᠭᠡᠬᠦ᠎ᠪᠠᠷ ᠭᠤᠶᠤᠴᠢᠯᠠᠭᠰᠠᠨ᠂ ᠠᠷᠠᠳ᠎ᠤᠨ ᠰᠢᠭᠦᠬᠦ ᠬᠤᠷᠢᠶ᠎ᠠ᠎ᠨᠢ ᠲᠠᠬᠢᠨ ᠰᠢᠭᠦᠬᠦ᠎ᠪᠠᠷ ᠰᠢᠢ᠍ᠳᠦᠭᠰᠡᠨ᠂ ᠰᠢᠭᠦᠨ ᠲᠣᠭᠲᠠᠭ᠋ᠠᠭᠰᠠᠨ ᠪᠤᠶᠤ ᠠᠷᠠᠳ᠎ᠤᠨ ᠪᠠᠶ᠋ᠢᠴᠠᠭ᠋ᠠᠬᠤ ᠬᠤᠷᠢᠶ᠎ᠠ᠎ᠨᠢ ᠡᠰᠡᠷᠭᠦᠴᠡᠭᠰᠡᠨ ᠵᠠᠭ᠋ᠠᠯᠳᠤᠯᠭ᠎ᠠ ᠭᠠᠷᠭ᠋ᠠᠭᠰᠠᠨ᠎ᠳᠤ ᠠᠵᠤ ᠠᠬᠤᠢ ᠵᠢᠨ ᠬᠦᠴᠢᠷᠳᠡᠯ᠎ᠠᠴᠠ ᠪᠣᠯᠵᠤ ᠥᠮᠥᠭᠯᠡᠭᠴᠢ ᠪᠤᠶᠤ ᠵᠠᠷᠭᠤ ᠵᠢᠨ ᠣᠷᠣᠯᠠᠭᠴᠢ᠎ᠳᠤ ᠨᠠᠶ᠋ᠢᠳᠠᠭᠰᠠᠨ ᠦᠭᠡᠢ ᠬᠡᠷᠡᠭ᠃
      (ᠬᠤᠶᠠᠷ) ᠬᠠᠤᠯᠢ ᠴᠠᠭ᠋ᠠᠵᠠ ᠵᠢᠨ ᠲᠤᠰᠠᠯᠠᠮᠵᠢ ᠵᠢᠨ ᠨᠡᠮᠡᠭᠦᠷᠢ ᠵᠢᠨ ᠪᠠᠷᠢᠮᠵᠢᠶ᠎ᠠ᠃ ᠬᠠᠤᠯᠢ ᠴᠠᠭ᠋ᠠᠵᠠ ᠵᠢᠨ ᠲᠤᠰᠠᠯᠠᠮᠵᠢ ᠵᠢᠨ ᠨᠡᠮᠡᠭᠦᠷᠢ ᠵᠢᠨ ᠪᠠᠷᠢᠮᠵᠢᠶ᠎ᠠ᠎ᠳᠤ ᠲᠣᠬᠢᠷᠠᠭᠤᠯᠤᠯᠲᠠ ᠬᠢᠬᠦ᠎ᠳᠤ ᠎ᠪᠠᠨ᠂ ᠬᠠᠤᠯᠢᠴᠢ ᠵᠢᠨ ᠬᠡᠷᠡᠭ ᠳᠠᠭ᠋ᠠᠭ᠋ᠠᠨ ᠭᠦᠢ᠍ᠴᠡᠳᠬᠡᠬᠦ ᠥᠪᠡᠷ᠎ᠤᠨ ᠥᠷᠲᠡᠭ᠂ ᠦᠨᠳᠦᠰᠦᠨ ᠬᠥᠳᠡᠯᠮᠦᠷᠢ ᠦᠢ᠍ᠯᠡᠴᠢᠯᠡᠭᠡᠨ᠎ᠤ ᠵᠠᠷᠤᠳᠠᠯ ᠵᠡᠷᠭᠡ ᠬᠦᠴᠦᠨ ᠵᠦᠢ᠍ᠯ᠎ᠢ ᠦᠨᠳᠦᠰᠦᠯᠡᠨ᠂ ᠬᠠᠤᠯᠢ ᠴᠠᠭ᠋ᠠᠵᠠ ᠵᠢᠨ ᠲᠤᠰᠠᠯᠠᠮᠵᠢ ᠵᠢᠨ ᠨᠡᠮᠡᠭᠦᠷᠢ ᠵᠢᠨ ᠪᠠᠷᠢᠮᠵᠢᠶ᠎ᠠ ᠵᠢ ᠵᠣᠬᠢᠮᠵᠢᠲᠠᠢ᠎ᠪᠠᠷ ᠳᠡᠭᠡᠭᠰᠢᠯᠡᠭᠦᠯᠦᠨ᠎ᠡ᠃ ᠡᠷᠡᠭᠦᠦ ᠵᠢᠨ ᠬᠡᠷᠡᠭ᠎ᠤᠨ ᠬᠠᠤᠯᠢ ᠴᠠᠭ᠋ᠠᠵᠠ ᠵᠢᠨ ᠲᠤᠰᠠᠯᠠᠮᠵᠢ ᠵᠢᠨ ᠬᠡᠷᠡᠭ᠎ᠤᠨ ᠬᠡᠷᠡᠭ ᠨᠢᠭᠡ ᠪᠦᠷᠢ᠎ᠳᠤ᠎ᠨᠢ ᠡᠩ᠎ᠤᠨ ᠪᠠᠶ᠋ᠢᠳᠠᠯ᠎ᠳᠤ 800 ᠲᠥᠭᠦᠷᠢᠭ᠎ᠠᠴᠠ 1600 ᠲᠥᠭᠦᠷᠢᠭ᠎ᠤᠨ ᠨᠡᠮᠡᠭᠦᠷᠢ ᠥᠭᠴᠦ᠂ ᠢᠷᠭᠡᠨ᠎ᠤ ᠬᠡᠷᠡᠭ᠂ ᠵᠠᠰᠠᠭ ᠵᠠᠬᠢᠷᠭ᠋ᠠᠨ᠎ᠤ ᠬᠠᠤᠯᠢ ᠴᠠᠭ᠋ᠠᠵᠠ ᠵᠢᠨ ᠲᠤᠰᠠᠯᠠᠮᠵᠢ ᠵᠢᠨ ᠬᠡᠷᠡᠭ᠎ᠤᠨ ᠬᠡᠷᠡᠭ ᠨᠢᠭᠡ ᠪᠦᠷᠢ᠎ᠳᠤ᠎ᠨᠢ ᠡᠩ᠎ᠤᠨ ᠪᠠᠶ᠋ᠢᠳᠠᠯ᠎ᠳᠤ 1000 ᠲᠥᠭᠦᠷᠢᠭ᠎ᠠᠴᠠ 1800 ᠲᠥᠭᠦᠷᠢᠭ᠎ᠤᠨ ᠨᠡᠮᠡᠭᠦᠷᠢ       ᠥᠭᠭᠦᠨ᠎ᠡ᠃ ᠠᠯᠠᠬᠤ ᠡᠷᠡᠭᠦᠦ ᠵᠢᠨ ᠬᠤᠶᠠᠳᠠᠭᠢ ᠰᠢᠭᠦᠯᠲᠡ ᠵᠢᠨ ᠬᠡᠷᠡᠭ᠎ᠲᠤ ᠨᠢᠭᠡᠳᠦᠭᠡᠷ ᠰᠢᠭᠦᠯᠲᠡ ᠵᠢᠨ ᠬᠠᠤᠯᠢᠴᠢ ᠵᠢ ᠦᠷᠭᠦᠯᠵᠢᠯᠡᠨ ᠬᠡᠷᠡᠭᠯᠡᠭᠰᠡᠨ ᠪᠤᠶᠤ ᠡᠷᠡᠭᠦᠦ ᠵᠢᠨ ᠬᠡᠷᠡᠭ᠎ᠤᠨ ᠵᠠᠭ᠋ᠠᠯᠳᠤᠭᠳᠠᠭᠴᠢ ᠵᠢᠨ ᠬᠤᠷᠢᠵᠤ ᠪᠠᠶ᠋ᠢᠭ᠎ᠠ ᠭᠠᠵᠠᠷ᠎ᠠᠴᠠ ᠳᠠᠬᠢᠵᠤ ᠬᠠᠤᠯᠢᠴᠢ ᠲᠣᠮᠢᠯᠠᠭᠰᠠᠨ ᠬᠡᠷᠡᠭ ᠨᠢᠭᠡ ᠪᠦᠷᠢ᠎ᠳᠤ᠎ᠨᠢ ᠡᠩ᠎ᠤᠨ ᠪᠠᠶ᠋ᠢᠳᠠᠯ᠎ᠳᠤ 1400 ᠲᠥᠭᠦᠷᠢᠭ᠎ᠠᠴᠠ 2600 ᠲᠥᠭᠦᠷᠢᠭ᠎ᠤᠨ ᠨᠡᠮᠡᠭᠦᠷᠢ ᠥᠭᠭᠦᠨ᠎ᠡ᠃ ᠣᠨᠳᠣᠣ ᠭᠠᠵᠠᠷ᠎ᠠᠴᠠ ᠭᠡᠷᠡᠴᠢ ᠠᠪᠬᠤ ᠴᠢᠬᠤᠯᠠᠲᠠᠢ ᠪᠠ ᠲᠦᠪᠡᠭ ᠪᠤᠳᠤᠯᠢᠶᠠᠨᠲᠠᠢ ᠣᠨᠴᠠ ᠵᠠᠷᠢᠮ ᠬᠡᠷᠡᠭ᠎ᠲᠤ᠂ ᠬᠡᠷᠡᠭ᠎ᠢ ᠬᠦᠯᠢᠶᠡᠨ ᠠᠪᠤᠭᠰᠠᠨ ᠬᠠᠤᠯᠢ ᠴᠠᠭ᠋ᠠᠵᠠ ᠵᠢᠨ ᠲᠤᠰᠠᠯᠠᠮᠵᠢ ᠵᠢᠨ ᠪᠠᠶ᠋ᠢᠭᠤᠯᠤᠮᠵᠢ ᠵᠢᠨ ᠬᠠᠷᠢᠭᠤᠴᠠᠯᠭ᠋ᠠᠲᠠᠨ ᠵᠶ᠋ᠠᠷ ᠬᠠᠷᠭᠤᠭᠤᠯᠤᠨ ᠵᠥᠪᠰᠢᠶᠡᠷᠡᠭᠦᠯᠦᠭᠰᠡᠨ᠎ᠤ ᠳᠠᠷᠠᠭ᠎ᠠ ᠬᠠᠤᠯᠢ ᠴᠠᠭ᠋ᠠᠵᠠ ᠵᠢᠨ ᠲᠤᠰᠠᠯᠠᠮᠵᠢ  ᠵᠢᠨ ᠨᠡᠮᠡᠭᠦᠷᠢ ᠵᠢ ᠵᠣᠬᠢᠮᠵᠢᠲᠠᠢ ᠨᠡᠮᠡᠭᠳᠡᠭᠦᠯᠵᠦ ᠪᠣᠯᠣᠨ᠎ᠠ᠃ ᠬᠠᠤᠯᠢ ᠴᠠᠭ᠋ᠠᠵᠠ ᠵᠢᠨ ᠲᠤᠰᠠᠯᠠᠮᠵᠢ ᠵᠢᠨ ᠵᠢᠵᠢᠭᠦᠷᠯᠡᠬᠦ ᠬᠠᠤᠯᠢᠴᠢ᠎ᠳᠤ ᠠᠵᠢᠯᠯᠠᠬᠤ ᠡᠳᠦᠷ ᠪᠦᠷᠢ 200 ᠲᠥᠭᠦᠷᠢᠭ᠎ᠠᠴᠠ 500 ᠲᠥᠭᠦᠷᠢᠭ᠎ᠤᠨ ᠨᠡᠮᠡᠭᠦᠷᠢ ᠥᠭᠭᠦᠨ᠎ᠡ᠃ ᠨᠥᠬᠦᠴᠡᠯ᠎ᠲᠠᠢ ᠠᠶ᠋ᠢᠮᠠᠭ ᠬᠤᠲᠠ᠎ᠨᠢ ᠲᠤᠰ ᠭᠠᠵᠠᠷ ᠣᠷᠣᠨ᠎ᠤ᠎ᠪᠠᠨ ᠬᠠᠤᠯᠢ ᠴᠠᠭ᠋ᠠᠵᠠ ᠵᠢᠨ ᠲᠤᠰᠠᠯᠠᠮᠵᠢ ᠵᠢᠨ ᠨᠡᠮᠡᠭᠦᠷᠢ ᠵᠢᠨ ᠪᠠᠷᠢᠮᠵᠢᠶ᠎ᠠ᠎ᠪᠠᠨ ᠵᠣᠬᠢᠮᠵᠢᠲᠠᠢ ᠳᠡᠭᠡᠭᠰᠢᠯᠡᠭᠦᠯᠵᠦ ᠪᠣᠯᠣᠨ᠎ᠠ᠃
      ᠭᠤᠷᠪᠠ᠂ ᠬᠠᠤᠯᠢ ᠴᠠᠭ᠋ᠠᠵᠠ ᠵᠢᠨ ᠲᠤᠰᠠᠯᠠᠮᠵᠢ ᠵᠢᠨ ᠡᠯ᠎ᠡ ᠵᠦᠢ᠍ᠯ᠎ᠤᠨ ᠠᠵᠢᠯ ᠵᠶ᠋ᠠᠨ ᠬᠢᠨᠠᠮᠠᠭ᠋ᠠᠢ ᠰᠠᠶ᠋ᠢᠲᠤᠷ ᠬᠢᠬᠦ ᠬᠡᠷᠡᠭᠲᠡᠢ
      (ᠨᠢᠭᠡ) ᠬᠠᠤᠯᠢ ᠴᠠᠭ᠋ᠠᠵᠠ ᠵᠢᠨ ᠲᠤᠰᠠᠯᠠᠮᠵᠢ ᠵᠢᠨ ᠠᠵᠢᠯ᠎ᠤᠨ ᠲᠣᠭᠲᠠᠴᠠ ᠵᠢ ᠪᠦᠷᠢᠨᠰᠢᠭᠦᠯᠬᠦ       ᠬᠡᠷᠡᠭᠲᠡᠢ᠃ ᠡᠯ᠎ᠡ ᠱᠠᠲᠤᠨ᠎ᠤ ᠬᠠᠤᠯᠢ ᠴᠠᠭ᠋ᠠᠵᠠ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ ᠪᠣᠯ ᠬᠠᠤᠯᠢ ᠴᠠᠭ᠋ᠠᠵᠠ ᠵᠢᠨ ᠲᠤᠰᠠᠯᠠᠮᠵᠢ ᠵᠢᠨ ᠠᠵᠢᠯ᠎ᠢ ᠵᠢᠯᠤᠭᠤᠳᠬᠤ᠂ ᠬᠢᠨᠠᠯᠲᠠ ᠲᠠᠯᠪᠢᠬᠤ ᠵᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠣᠯᠣᠨ᠎ᠠ᠂ ᠬᠠᠤᠯᠢ ᠴᠠᠭ᠋ᠠᠵᠠ ᠵᠢᠨ ᠲᠤᠰᠠᠯᠠᠮᠵᠢ ᠵᠢᠨ ᠪᠠᠶ᠋ᠢᠭᠤᠯᠤᠮᠵᠢ᠎ᠨᠢ ᠬᠠᠤᠯᠢ ᠴᠠᠭ᠋ᠠᠵᠠ ᠵᠢᠨ ᠲᠤᠰᠠᠯᠠᠮᠵᠢ ᠵᠢᠨ ᠪᠣᠳᠠᠲᠠᠢ ᠠᠵᠢᠯ᠎ᠢ ᠡᠭᠦᠷᠭᠡᠯᠡᠨ᠎ᠡ᠃ ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭ᠋ᠠᠵᠠ ᠵᠢᠨ ᠲᠢᠩᠬᠢᠮ᠎ᠨᠢ ᠪᠦᠬᠦ ᠣᠷᠣᠨ᠎ᠤ ᠬᠠᠤᠯᠢ ᠴᠠᠭ᠋ᠠᠵᠠ ᠵᠢᠨ ᠲᠤᠰᠠᠯᠠᠮᠵᠢ ᠵᠢᠨ ᠠᠵᠢᠯ᠎ᠤᠨ ᠬᠥᠭᠵᠢᠯᠲᠡ ᠵᠢᠨ ᠲᠥᠯᠦᠪᠵᠢᠭᠦᠯᠭᠡ  ᠵᠢ ᠨᠠᠶ᠋ᠢᠷᠠᠭᠤᠯᠤᠨ ᠵᠣᠬᠢᠶᠠᠬᠤ ᠵᠢᠨ ᠬᠠᠮᠲᠤ ᠵᠣᠬᠢᠶᠠᠨ ᠪᠠᠶ᠋ᠢᠭᠤᠯᠤᠨ ᠬᠡᠷᠡᠭᠵᠢᠭᠦᠯᠬᠦ ᠵᠢ ᠬᠠᠷᠢᠭᠤᠴᠠᠵᠤ᠂ ᠪᠦᠬᠦ ᠣᠷᠣᠨ᠎ᠤ ᠬᠠᠤᠯᠢ ᠴᠠᠭ᠋ᠠᠵᠠ ᠵᠢᠨ ᠲᠤᠰᠠᠯᠠᠮᠵᠢ᠎ᠳᠤ ᠬᠤᠯᠪᠣᠭᠳᠠᠬᠤ ᠬᠠᠤᠯᠢ ᠴᠠᠭ᠋ᠠᠵᠠ ᠬᠠᠤᠯᠢ ᠲᠣᠭᠲᠠᠭ᠋ᠠᠯ ᠪᠣᠯᠣᠨ ᠲᠥᠷᠥ ᠵᠢᠨ ᠪᠣᠳᠣᠯᠭ᠎ᠠ ᠵᠢᠨ ᠬᠡᠷᠡᠭᠵᠢᠭᠦᠯᠬᠦ ᠠᠵᠢᠯ᠎ᠢ ᠵᠢᠯᠣᠭᠤᠳᠤᠨ ᠬᠢᠨᠠᠯᠲᠠ ᠲᠠᠯᠪᠢᠵᠤ᠂ ᠪᠦᠬᠦ ᠣᠷᠣᠨ᠎ᠤ ᠬᠠᠤᠯᠢ ᠴᠠᠭ᠋ᠠᠵᠠ ᠵᠢᠨ ᠲᠤᠰᠠᠯᠠᠮᠵᠢ ᠵᠢᠨ ᠪᠠᠶ᠋ᠢᠭᠤᠯᠤᠮᠵᠢ᠂ ᠬᠠᠤᠯᠢ ᠴᠠᠭ᠋ᠠᠵᠠ ᠵᠢᠨ ᠲᠤᠰᠠᠯᠠᠮᠵᠢ ᠵᠢᠨ ᠠᠵᠢᠯᠲᠠᠨ᠎ᠳᠤ ᠬᠢᠨᠠᠯᠲᠠ ᠲᠠᠯᠪᠢᠵᠤ ᠬᠠᠮᠢᠶᠠᠷᠬᠤ ᠠᠵᠢᠯ᠎ᠢ ᠡᠭᠦᠷᠭᠡᠯᠡᠨ᠂ ᠨᠡᠶ᠋ᠢᠭᠡᠮ᠎ᠤᠨ ᠵᠣᠬᠢᠶᠠᠨ ᠪᠠᠶ᠋ᠢᠭᠤᠯᠤᠯᠲᠠ ᠪᠣᠯᠣᠨ ᠰᠠᠶ᠋ᠢᠨ ᠳᠤᠷ᠎ᠠ ᠵᠢᠨ ᠠᠵᠢᠯᠯᠠᠭᠰᠠᠳ᠎ᠤᠨ ᠬᠠᠤᠯᠢ ᠴᠠᠭ᠋ᠠᠵᠠ ᠵᠢᠨ ᠲᠤᠰᠠᠯᠠᠮᠵᠢ ᠵᠢᠨ ᠠᠵᠢᠯ ᠥᠷᠨᠢᠭᠦᠯᠬᠦ ᠵᠢ᠎ᠨᠢ ᠵᠢᠯᠣᠭᠤᠳᠤᠨ᠎ᠠ᠃ ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭ᠋ᠠᠵᠠ ᠵᠢᠨ ᠲᠤᠰᠠᠯᠠᠮᠵᠢ ᠵᠢᠨ ᠲᠥᠪ᠎ᠨᠢ ᠬᠠᠤᠯᠢ ᠴᠠᠭ᠋ᠠᠵᠠ ᠵᠢᠨ ᠲᠤᠰᠠᠯᠠᠮᠵᠢ ᠵᠢᠨ ᠠᠵᠢᠯ᠎ᠢ ᠵᠣᠬᠢᠶᠠᠨ ᠪᠠᠶ᠋ᠢᠭᠤᠯᠵᠤ ᠬᠡᠷᠡᠭᠵᠢᠭᠦᠯᠬᠦ ᠵᠢ ᠬᠠᠷᠢᠭᠤᠴᠠᠨ᠂ ᠬᠠᠤᠯᠢ ᠴᠠᠭ᠋ᠠᠵᠠ ᠵᠢᠨ ᠲᠤᠰᠠᠯᠠᠮᠵᠢ ᠵᠢᠨ ᠭᠤᠶᠤᠴᠢᠯᠠᠯ᠎ᠢ ᠬᠦᠯᠢᠶᠡᠨ ᠠᠪᠬᠤ ᠪᠠ ᠬᠢᠨᠠᠨ ᠪᠠᠶ᠋ᠢᠴᠠᠭ᠋ᠠᠵᠤ᠂ ᠬᠠᠤᠯᠢᠴᠢ᠂ ᠦᠨᠳᠦᠰᠦᠨ ᠱᠠᠲᠤᠨ᠎ᠤ ᠬᠠᠤᠯᠢ ᠴᠠᠭ᠋ᠠᠵᠠ ᠵᠢᠨ ᠦᠢ᠍ᠯᠡᠴᠢᠯᠡᠭᠡᠨ᠎ᠤ ᠠᠵᠢᠯᠲᠠᠨ᠂ ᠬᠠᠤᠯᠢ ᠴᠠᠭ᠋ᠠᠵᠠ ᠵᠢᠨ ᠲᠤᠰᠠᠯᠠᠮᠵᠢ ᠵᠢᠨ ᠰᠠᠶ᠋ᠢᠨ ᠳᠤᠷ᠎ᠠ ᠵᠢᠨ ᠠᠵᠢᠯᠯᠠᠭᠰᠠᠳ ᠵᠡᠷᠭᠡ ᠬᠠᠤᠯᠢ ᠴᠠᠭ᠋ᠠᠵᠠ ᠵᠢᠨ ᠲᠤᠰᠠᠯᠠᠮᠵᠢ ᠵᠢᠨ ᠠᠵᠢᠯᠲᠠᠨ᠎ᠢ ᠵᠢᠭ᠋ᠠᠨ ᠲᠣᠮᠢᠯᠠᠵᠤ ᠬᠠᠤᠯᠢ ᠴᠠᠭ᠋ᠠᠵᠠ ᠵᠢᠨ ᠲᠤᠰᠠᠯᠠᠮᠵᠢ ᠬᠠᠩᠭ᠋ᠠᠨ᠂ ᠬᠠᠤᠯᠢ ᠴᠠᠭ᠋ᠠᠵᠠ ᠵᠢᠨ ᠲᠤᠰᠠᠯᠠᠮᠵᠢ ᠵᠢᠨ ᠨᠡᠮᠡᠭᠦᠷᠢ ᠥᠭᠴᠦ᠂ ᠬᠠᠤᠯᠢ ᠴᠠᠭ᠋ᠠᠵᠠ ᠵᠢᠨ ᠲᠤᠰᠠᠯᠠᠮᠵᠢ ᠵᠢᠨ ᠳᠦᠷᠢᠮ᠎ᠤᠨ ᠤᠬᠠᠭᠤᠯᠭ᠎ᠠ ᠵᠢ ᠵᠣᠬᠢᠶᠠᠨ ᠪᠠᠶ᠋ᠢᠭᠤᠯᠤᠨ ᠥᠷᠨᠢᠭᠦᠯᠬᠦ ᠬᠡᠷᠡᠭᠲᠡᠢ᠃ ᠡᠯ᠎ᠡ ᠱᠠᠲᠤᠨ᠎ᠤ ᠬᠠᠤᠯᠢ ᠴᠠᠭ᠋ᠠᠵᠠ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ ᠪᠣᠯᠣᠨ ᠬᠠᠤᠯᠢ ᠴᠠᠭ᠋ᠠᠵᠠ ᠵᠢᠨ ᠲᠤᠰᠠᠯᠠᠮᠵᠢ ᠵᠢᠨ ᠪᠠᠶ᠋ᠢᠭᠤᠯᠤᠮᠵᠢ᠎ᠨᠢ ᠠᠵᠢᠯ᠎ᠤᠨ ᠡᠭᠦᠷᠭᠡ ᠴᠢᠳᠠᠪᠤᠷᠢ᠎ᠪᠠᠨ ᠬᠢᠨᠠᠮᠠᠭ᠋ᠠᠢ ᠭᠦᠢ᠍ᠴᠡᠳᠬᠡᠵᠦ᠂ ᠬᠠᠤᠯᠢ ᠴᠠᠭ᠋ᠠᠵᠠ ᠵᠢᠨ ᠲᠤᠰᠠᠯᠠᠮᠵᠢ ᠵᠢᠨ ᠠᠵᠢᠯ ᠥᠷᠨᠢᠭᠦᠯᠬᠦ᠎ᠳᠤ ᠪᠠᠲᠤᠯᠠᠭ᠎ᠠ ᠬᠠᠩᠭ᠋ᠠᠬᠤ ᠬᠡᠷᠡᠭᠲᠡᠢ᠃
      (ᠬᠤᠶᠠᠷ) ᠪᠠᠶ᠋ᠢᠭᠤᠯᠤᠮᠵᠢ ᠵᠢᠨ ᠡᠩᠨᠡᠭᠡ ᠵᠢᠨ ᠪᠠᠶ᠋ᠢᠭᠤᠯᠤᠯᠲᠠ ᠵᠢ ᠴᠢᠩᠭ᠋ᠠᠳᠬᠠᠬᠤ ᠬᠡᠷᠡᠭᠲᠡᠢ᠃ 《ᠬᠠᠤᠯᠢ ᠴᠠᠭ᠋ᠠᠵᠠ ᠵᠢᠨ ᠲᠤᠰᠠᠯᠠᠮᠵᠢ ᠵᠢᠨ ᠬᠠᠤᠯᠢ》᠎ᠳᠠᠬᠢ 《ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠬᠠᠤᠯᠢ ᠴᠠᠭ᠋ᠠᠵᠠ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠤᠳ ᠬᠠᠤᠯᠢ ᠴᠠᠭ᠋ᠠᠵᠠ ᠵᠢᠨ ᠲᠤᠰᠠᠯᠠᠮᠵᠢ ᠵᠢᠨ ᠪᠠᠶ᠋ᠢᠭᠤᠯᠤᠮᠵᠢ ᠪᠠᠶ᠋ᠢᠭᠤᠯᠬᠤ ᠬᠡᠷᠡᠭᠲᠡᠢ》 ᠭᠡᠰᠡᠨ ᠱᠠᠭ᠋ᠠᠷᠳᠠᠯᠭ᠎ᠠ ᠶᠣᠰᠣᠭ᠋ᠠᠷ᠂ ᠬᠠᠤᠯᠢ ᠴᠠᠭ᠋ᠠᠵᠠ ᠵᠢᠨ ᠲᠤᠰᠠᠯᠠᠮᠵᠢ ᠵᠢᠨ ᠪᠠᠶ᠋ᠢᠭᠤᠯᠤᠮᠵᠢ ᠵᠢ ᠪᠦᠷᠢᠨᠰᠢᠭᠦᠯᠵᠦ᠂ ᠠᠵᠢᠯᠲᠠᠨ᠎ᠤ ᠬᠦᠴᠦᠨ ᠵᠶ᠋ᠠᠨ ᠲᠡᠭᠦᠯᠳᠡᠷᠵᠢᠭᠦᠯᠦᠨ᠂ ᠠᠵᠢᠯ᠎ᠤᠨ ᠬᠦᠴᠦᠨ ᠬᠦᠷᠦᠯᠴᠡᠬᠦ ᠦᠭᠡᠢ ᠪᠠᠶ᠋ᠢᠬᠤ ᠵᠡᠷᠭᠡ ᠠᠰᠠᠭᠤᠳᠠᠯ᠎ᠢ ᠴᠠᠭ ᠲᠤᠬᠠᠢ᠎ᠳᠤ᠎ᠨᠢ ᠰᠢᠢ᠍ᠳᠪᠦᠷᠢᠯᠡᠬᠦ ᠬᠡᠷᠡᠭᠲᠡᠢ᠃ ᠡᠩᠨᠡᠭᠡᠨ᠎ᠤ ᠪᠠᠶ᠋ᠢᠭᠤᠯᠤᠯᠲᠠ ᠵᠢ ᠴᠢᠩᠭ᠋ᠠᠳᠬᠠᠨ᠂ ᠠᠵᠢᠯ᠎ᠤᠨ ᠰᠠᠭᠤᠷᠢ᠎ᠪᠠᠨ ᠪᠠᠬᠢᠵᠢᠭᠦᠯᠵᠦ᠂ ᠲᠤᠰᠠᠯᠠᠬᠤ ᠡᠭᠦᠷᠭᠡ ᠴᠢᠳᠠᠪᠤᠷᠢ᠎ᠪᠠᠨ ᠴᠢᠩᠭ᠋ᠠᠷᠠᠭᠤᠯᠤᠨ᠂ ᠬᠠᠤᠯᠢ ᠴᠠᠭ᠋ᠠᠵᠠ ᠵᠢᠨ ᠲᠤᠰᠠᠯᠠᠮᠵᠢ ᠵᠢᠨ ᠡᠩᠨᠡᠭᠡ ᠵᠢ ᠬᠤᠪᠢᠰᠬᠠᠯᠵᠢᠭᠤᠯᠬᠤ᠂ ᠵᠢᠩᠬᠢᠨᠢᠴᠢᠯᠡᠬᠦ᠂ ᠲᠤᠰᠬᠠᠶ᠋ᠢᠵᠢᠭᠤᠯᠬᠤ᠂ ᠠᠵᠢᠯ ᠮᠡᠷᠭᠡᠵᠢᠯ᠎ᠤᠨ ᠪᠣᠯᠭ᠋ᠠᠬᠤ ᠪᠠᠶ᠋ᠢᠭᠤᠯᠤᠯᠲᠠ᠎ᠪᠠᠨ ᠲᠦᠷᠭᠡᠳᠬᠡᠨ ᠠᠬᠢᠭᠤᠯᠵᠤ᠂ ᠬᠠᠤᠯᠢ ᠴᠠᠭ᠋ᠠᠵᠠ ᠵᠢᠨ ᠲᠤᠰᠠᠯᠠᠮᠵᠢ ᠵᠢᠨ ᠪᠠᠶ᠋ᠢᠭᠤᠯᠤᠮᠵᠢ ᠵᠢᠨ ᠬᠠᠤᠯᠢᠴᠢ ᠵᠢᠨ ᠬᠢᠷᠢ ᠬᠡᠮ᠎ᠲᠠᠢ ᠪᠤᠶᠤ ᠬᠠᠤᠯᠢ ᠴᠠᠭ᠋ᠠᠵᠠ ᠵᠢᠨ ᠠᠵᠢᠯ ᠮᠡᠷᠭᠡᠵᠢᠯ᠎ᠤᠨ ᠬᠢᠷᠢ ᠬᠡᠮ᠎ᠲᠠᠢ ᠠᠵᠢᠯᠲᠠᠨ ᠬᠡᠷᠡᠭ ᠰᠢᠢ᠍ᠳᠪᠦᠷᠢᠯᠡᠬᠦ ᠵᠢ᠎ᠨᠢ ᠵᠣᠷᠢᠭᠵᠢᠭᠤᠯᠤᠨ᠂ ᠬᠠᠤᠯᠢ ᠲᠣᠭᠲᠠᠭ᠋ᠠᠯ ᠶᠣᠰᠣᠭ᠋ᠠᠷ ᠦᠨᠡᠨᠴᠢ ᠢᠲᠡᠭᠡᠮᠵᠢᠲᠡᠢ ᠠᠵᠢᠯ ᠡᠷᠬᠢᠯᠡᠬᠦ ᠵᠢ ᠠᠬᠢᠭᠤᠯᠵᠤ᠂ ᠢᠲᠡᠭᠡᠯ ᠵᠣᠷᠢᠭ᠎ᠨᠢ ᠡᠷᠡᠰ ᠪᠠᠲᠤ᠂ ᠠᠷᠠᠳ᠎ᠤᠨ ᠲᠥᠯᠥᠭᠡ ᠬᠠᠤᠯᠢ ᠬᠡᠷᠡᠭᠵᠢᠭᠦᠯᠬᠦ᠂ ᠵᠣᠷᠢᠭᠲᠠᠢ᠎ᠪᠠᠷ ᠡᠭᠦᠷᠭᠡᠯᠡᠬᠦ᠂ ᠠᠷᠢᠭᠤᠨ ᠴᠢᠬᠡᠴᠢ ᠪᠠᠶ᠋ᠢᠬᠤ ᠬᠠᠤᠯᠢ ᠴᠠᠭ᠋ᠠᠵᠠ ᠵᠢᠨ ᠲᠤᠰᠠᠯᠠᠮᠵᠢ ᠵᠢᠨ ᠡᠩᠨᠡᠭᠡ ᠵᠢ ᠴᠢᠷᠮᠠᠶ᠋ᠢᠨ ᠪᠠᠶ᠋ᠢᠭᠤᠯᠬᠤ ᠬᠡᠷᠡᠭᠲᠡᠢ᠃ ᠪᠣᠳᠠᠲᠠᠢ᠎ᠲᠠᠢ᠎ᠪᠠᠨ ᠤᠶᠠᠯᠳᠤᠭᠤᠯᠤᠨ᠂ ᠲᠤᠰᠬᠠᠢ ᠰᠡᠳᠦᠪᠲᠦ ᠲᠠᠶ᠋ᠢᠯᠤᠮᠵᠢ᠂ ᠪᠣᠯᠪᠠᠰᠤᠷᠠᠯ᠎ᠤᠨ ᠠᠩᠭᠢ᠂ ᠰᠤᠷᠤᠯᠴᠠᠵᠤ ᠰᠤᠳᠤᠯᠤᠨ ᠶᠠᠷᠢᠯᠴᠠᠬᠤ ᠬᠤᠷᠠᠯ ᠵᠡᠷᠭᠡ ᠣᠯᠠᠨ ᠵᠦᠢ᠍ᠯ᠎ᠤᠨ ᠬᠡᠯᠪᠡᠷᠢ᠎ᠪᠠᠷ ᠳᠠᠮᠵᠢᠭᠤᠯᠤᠨ᠂ 《ᠬᠠᠤᠯᠢ ᠴᠠᠭ᠋ᠠᠵᠠ ᠵᠢᠨ ᠲᠤᠰᠠᠯᠠᠮᠵᠢ ᠵᠢᠨ ᠬᠠᠤᠯᠢ》 ᠵᠢᠨ ᠰᠤᠷᠤᠯᠴᠠᠯᠭ᠎ᠠ ᠪᠣᠯᠪᠠᠰᠤᠷᠠᠯ᠎ᠢ ᠵᠣᠬᠢᠶᠠᠨ ᠪᠠᠶ᠋ᠢᠭᠤᠯᠤᠨ ᠥᠷᠨᠢᠭᠦᠯᠵᠦ᠂ ᠠᠵᠢᠯᠲᠠᠨ᠎ᠤ ᠬᠡᠷᠡᠭ ᠰᠢᠢ᠍ᠳᠪᠦᠷᠢᠯᠡᠬᠦ ᠴᠢᠳᠠᠪᠤᠷᠢ ᠪᠣᠯᠣᠨ ᠬᠢᠷᠢ ᠬᠡᠮᠵᠢᠶ᠎ᠡ ᠵᠢ᠎ᠨᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃ ᠵᠠᠰᠠᠭ᠎ᠤᠨ ᠣᠷᠳᠣᠨ᠎ᠤ ᠬᠠᠤᠯᠢ ᠴᠠᠭ᠋ᠠᠵᠠ ᠵᠢᠨ ᠲᠤᠰᠠᠯᠠᠮᠵᠢ ᠬᠤᠳᠠᠯᠳᠤᠨ ᠠᠪᠬᠤ ᠦᠢ᠍ᠯᠡᠴᠢᠯᠡᠭᠡᠨ᠎ᠤ ᠡᠷᠴᠢᠮ᠎ᠢ ᠴᠢᠩᠭ᠋ᠠᠷᠠᠭᠤᠯᠤᠨ᠂ ᠨᠡᠶ᠋ᠢᠭᠡᠮ᠎ᠤᠨ ᠠᠵᠢᠯᠲᠠᠳ᠎ᠢ ᠬᠠᠤᠯᠢ ᠴᠠᠭ᠋ᠠᠵᠠ ᠵᠢᠨ ᠲᠤᠰᠠᠯᠠᠮᠵᠢ᠎ᠳᠤ ᠲᠠᠲᠠᠨ ᠣᠷᠣᠯᠴᠠᠭᠤᠯᠵᠤ᠂ ᠣᠯᠠᠨ ᠲᠦᠮᠡᠨ᠎ᠤ ᠪᠦᠯᠬᠦᠮ᠎ᠤᠨ ᠵᠣᠬᠢᠶᠠᠨ ᠪᠠᠶ᠋ᠢᠭᠤᠯᠤᠯᠲᠠ (ᠠᠵᠢᠯᠴᠢᠨ᠎ᠤ ᠡᠪᠯᠡᠯ᠂ ᠡᠪ ᠬᠠᠮᠲᠤ ᠵᠠᠯᠠᠭᠤᠴᠤᠳ᠎ᠤᠨ ᠡᠪᠯᠡᠯ᠂ ᠡᠮᠡᠭᠲᠡᠶ᠋ᠢᠴᠦᠳ᠎ᠤᠨ ᠬᠤᠯᠪᠣᠭ᠋ᠠᠲᠤ ᠬᠤᠷᠠᠯ᠂ ᠵᠡᠮᠳᠡᠭᠴᠦᠳ᠎ᠤᠨ ᠬᠤᠯᠪᠣᠭ᠋ᠠᠲᠤ ᠬᠤᠷᠠᠯ ᠵᠡᠷᠭᠡ)᠂ ᠠᠵᠢᠯ ᠦᠢ᠍ᠯᠡᠰ᠎ᠤᠨ ᠨᠢᠭᠡᠴᠢ᠂ ᠨᠡᠶ᠋ᠢᠭᠡᠮ᠎ᠤᠨ ᠵᠣᠬᠢᠶᠠᠨ ᠪᠠᠶ᠋ᠢᠭᠤᠯᠤᠯᠲᠠ᠎ᠨᠤᠭᠤᠳ ᠬᠠᠤᠯᠢ ᠴᠠᠭ᠋ᠠᠵᠠ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠤᠨ ᠵᠢᠯᠣᠭᠤᠳᠤᠯᠭ᠎ᠠ ᠳᠣᠣᠷ᠎ᠠ᠂ ᠬᠠᠤᠯᠢ ᠶᠣᠰᠣᠭ᠋ᠠᠷ ᠬᠠᠤᠯᠢ ᠴᠠᠭ᠋ᠠᠵᠠ ᠵᠢᠨ ᠲᠤᠰᠠᠯᠠᠮᠵᠢ ᠬᠠᠩᠭ᠋ᠠᠬᠤ ᠵᠢ᠎ᠨᠢ ᠵᠣᠷᠢᠭᠵᠢᠭᠤᠯᠤᠨ ᠳᠡᠮᠵᠢᠬᠦ ᠬᠡᠷᠡᠭᠲᠡᠢ᠃ ᠡᠯ᠎ᠡ ᠠᠶ᠋ᠢᠮᠠᠭ ᠬᠤᠲᠠ ᠵᠢᠨ ᠬᠠᠤᠯᠢ ᠴᠠᠭ᠋ᠠᠵᠠ ᠵᠢᠨ ᠲᠤᠰᠠᠯᠠᠮᠵᠢ ᠵᠢᠨ ᠪᠠᠶ᠋ᠢᠭᠤᠯᠤᠮᠵᠢ᠎ᠨᠢ ᠡᠯ᠎ᠡ ᠬᠤᠰᠢᠭᠤ ᠰᠢᠶᠠᠨ (ᠬᠤᠲᠠ᠂ ᠲᠣᠭᠤᠷᠢᠭ)᠎ᠤ ᠬᠠᠤᠯᠢ ᠴᠠᠭ᠋ᠠᠵᠠ ᠵᠢᠨ ᠲᠤᠰᠠᠯᠠᠮᠵᠢ ᠵᠢᠨ ᠬᠠᠤᠯᠢᠴᠢ ᠵᠢᠨ ᠡᠬᠢ ᠪᠠᠶᠠᠯᠢᠭ ᠳᠤᠲᠠᠭᠳᠠᠵᠤ ᠪᠠᠶ᠋ᠢᠭ᠎ᠠ ᠠᠰᠠᠭᠤᠳᠠᠯ᠎ᠢ ᠨᠢᠭᠡᠳᠦᠯᠲᠡᠢ ᠲᠥᠯᠥᠪᠯᠡᠨ ᠰᠠᠶ᠋ᠢᠲᠤᠷ ᠰᠢᠢ᠍ᠳᠪᠦᠷᠢᠯᠡᠵᠦ᠂ ᠲᠠᠷᠢᠶᠠᠯᠠᠬᠤ ᠮᠠᠯᠵᠢᠬᠤ ᠣᠷᠣᠨ᠎ᠳᠤ ᠦᠨᠳᠦᠰᠦᠨ ᠱᠠᠲᠤᠨ᠎ᠤ ᠬᠠᠤᠯᠢ ᠴᠠᠭ᠋ᠠᠵᠠ ᠵᠢᠨ ᠦᠢ᠍ᠯᠡᠴᠢᠯᠡᠭᠡᠨ᠎ᠤ ᠠᠵᠢᠯᠲᠠᠨ᠎ᠤ ᠦᠢ᠍ᠯᠡᠳᠦᠯ᠎ᠢ᠎ᠨᠢ ᠴᠢᠬᠤᠯᠠᠴᠢᠯᠠᠨ ᠪᠠᠳᠠᠷᠠᠭᠤᠯᠵᠤ᠂ ᠬᠠᠤᠯᠢ ᠴᠠᠭ᠋ᠠᠵᠠ ᠵᠢᠨ ᠲᠤᠰᠠᠯᠠᠮᠵᠢ ᠵᠢᠨ ᠰᠠᠶ᠋ᠢᠨ ᠳᠤᠷ᠎ᠠ ᠵᠢᠨ ᠦᠢ᠍ᠯᠡᠴᠢᠯᠡᠭᠡᠨ᠎ᠤ ᠠᠵᠢᠯᠯᠠᠭ᠎ᠠ ᠵᠢ ᠭᠦᠨᠵᠡᠭᠡᠢ ᠥᠷᠨᠢᠭᠦᠯᠬᠦ ᠬᠡᠷᠡᠭᠲᠡᠢ᠃
      (ᠭᠤᠷᠪᠠ) ᠬᠠᠤᠯᠢ ᠴᠠᠭ᠋ᠠᠵᠠ ᠵᠢᠨ ᠲᠤᠰᠠᠯᠠᠮᠵᠢ ᠵᠢᠨ ᠬᠢᠵᠠᠭ᠋ᠠᠷᠯᠠᠯ᠎ᠢ᠎ᠨᠢ ᠪᠠᠭ᠋ᠠᠰᠬᠠᠬᠤ ᠬᠡᠷᠡᠭᠲᠡᠢ᠃ ᠬᠠᠤᠯᠢ ᠴᠠᠭ᠋ᠠᠵᠠ ᠵᠢᠨ ᠲᠤᠰᠠᠯᠠᠮᠵᠢ ᠵᠢᠨ ᠡᠬᠢ ᠪᠠᠶᠠᠯᠢᠭ᠎ᠤᠨ ᠪᠠᠶ᠋ᠢᠳᠠᠯ ᠪᠣᠯᠣᠨ ᠠᠷᠠᠳ ᠢᠷᠭᠡᠳ᠎ᠤᠨ ᠬᠠᠤᠯᠢ ᠴᠠᠭ᠋ᠠᠵᠠ ᠵᠢᠨ ᠲᠤᠰᠠᠯᠠᠮᠵᠢ ᠵᠢᠨ ᠬᠡᠷᠡᠭᠴᠡᠭᠡ ᠱᠠᠭ᠋ᠠᠷᠳᠠᠯᠭ᠎ᠠ ᠵᠡᠷᠭᠡ ᠬᠦᠴᠦᠨ ᠵᠦᠢ᠍ᠯ᠎ᠢ ᠶᠡᠷᠦᠩᠬᠡᠶ᠋ᠢᠯᠡᠨ ᠪᠣᠳᠣᠯᠬᠢᠯᠠᠵᠤ᠂ ᠬᠠᠤᠯᠢ ᠴᠠᠭ᠋ᠠᠵᠠ ᠵᠢᠨ ᠲᠤᠰᠠᠯᠠᠮᠵᠢ ᠵᠢᠨ ᠠᠵᠤ ᠠᠬᠤᠢ ᠵᠢᠨ ᠬᠦᠴᠢᠷᠳᠡᠯ᠎ᠤᠨ ᠪᠠᠷᠢᠮᠵᠢᠶ᠎ᠠ᠎ᠨᠢ ᠬᠤᠲᠠ ᠪᠠᠯᠭ᠋ᠠᠰᠤ ᠵᠢᠨ ᠰᠠᠭᠤᠭ᠋ᠠᠯᠢ ᠠᠷᠠᠳ᠎ᠤᠨ ᠬᠠᠮᠤᠭ᠎ᠤᠨ ᠳᠣᠣᠷ᠎ᠠ ᠴᠠᠯᠢᠩ᠎ᠤᠨ ᠪᠠᠷᠢᠮᠵᠢᠶ᠎ᠠ ᠪᠣᠯᠣᠨ ᠲᠠᠷᠢᠶᠠᠯᠠᠬᠤ ᠮᠠᠯᠵᠢᠬᠤ ᠣᠷᠣᠨ᠎ᠤ ᠪᠠᠶ᠋ᠢᠩᠭᠤ ᠰᠠᠭᠤᠭ᠎ᠠ ᠰᠠᠭᠤᠭ᠋ᠠᠯᠢ ᠠᠷᠠᠳ᠎ᠤᠨ ᠬᠥᠮᠥᠨ ᠪᠦᠷᠢ ᠵᠢᠨ ᠡᠵᠡᠮᠳᠡᠵᠦ ᠪᠣᠯᠬᠤ ᠳᠤᠮᠳᠠᠴᠢ ᠣᠷᠣᠯᠭ᠎ᠠ ᠎ᠠᠴᠠ ᠳᠣᠷᠣᠭᠰᠢ ᠪᠠᠶ᠋ᠢᠪᠠᠯ᠂ ᠬᠠᠤᠯᠢ ᠴᠠᠭ᠋ᠠᠵᠠ ᠵᠢᠨ ᠲᠤᠰᠠᠯᠠᠮᠵᠢ ᠵᠢᠨ ᠬᠠᠮᠤᠷᠬᠤ ᠬᠥᠮᠥᠰ᠎ᠢ ᠨᠠᠭ᠋ᠠᠲᠤ ᠵᠠᠬ᠎ᠠ ᠵᠢᠨ       ᠪᠠᠲᠤᠯᠠᠭ᠎ᠠ ᠵᠢᠨ ᠬᠥᠮᠥᠰ᠎ᠠᠴᠠ ᠣᠷᠣᠯᠭ᠎ᠠ ᠪᠠᠭ᠋ᠠᠲᠠᠢ ᠬᠥᠮᠥᠰ ᠬᠦᠷᠲᠡᠯ᠎ᠡ ᠥᠷᠭᠡᠳᠬᠡᠨ᠂ ᠨᠡᠩ ᠣᠯᠠᠨ ᠬᠦᠴᠢᠷᠳᠡᠯᠲᠡᠢ ᠣᠯᠠᠨ ᠲᠦᠮᠡᠨ᠎ᠳᠤ ᠬᠠᠷᠠᠭ᠋ᠠᠯᠵᠠᠯ ᠦᠵᠡᠭᠦᠯᠭᠦ ᠬᠡᠷᠡᠭᠲᠡᠢ᠃ ᠪᠠᠶ᠋ᠢᠭ᠋ᠠᠯᠢ ᠵᠢᠨ ᠭᠠᠢ ᠭᠠᠮᠰᠢᠭ ᠪᠤᠶᠤ ᠪᠤᠰᠤᠳ ᠳᠠᠪᠠᠰᠢ ᠦᠭᠡᠢ ᠬᠦᠴᠦᠨ ᠵᠡᠷᠭᠡ ᠰᠢᠯᠲᠠᠭ᠋ᠠᠨ ᠎ᠠᠴᠠ ᠪᠣᠯᠵᠤ ᠠᠵᠤ ᠠᠬᠤᠢ ᠵᠢᠨ ᠲᠠᠯ᠎ᠠ᠎ᠪᠠᠷ ᠬᠦᠴᠢᠷᠳᠡᠯ᠎ᠲᠠᠢ ᠪᠣᠯᠵᠤ᠂ ᠬᠠᠤᠯᠢ ᠴᠠᠭ᠋ᠠᠵᠠ  ᠵᠢᠨ ᠦᠢ᠍ᠯᠡᠴᠢᠯᠡᠭᠡᠨ᠎ᠤ ᠵᠠᠷᠤᠳᠠᠯ᠎ᠢ ᠥᠭᠬᠦ ᠴᠢᠳᠠᠯ ᠦᠭᠡᠢ ᠪᠣᠯᠤᠭᠰᠠᠨ ᠪᠠᠶ᠋ᠢᠪᠠᠯ᠂ ᠠᠵᠤ ᠠᠬᠤᠢ ᠎ᠨᠢ ᠬᠦᠴᠢᠷᠳᠡᠯᠲᠡᠢ᠎ᠲᠠᠢ᠎ᠪᠠᠷ ᠦᠵᠡᠨ᠎ᠡ; ᠣᠨᠴᠠᠭ᠋ᠠᠢ᠂ ᠨᠡᠶ᠋ᠢᠲᠡᠯᠢᠭ ᠬᠡᠷᠡᠭ᠎ᠲᠠᠬᠢ ᠠᠵᠤ ᠠᠬᠤᠢ ᠵᠢᠨ ᠬᠦᠴᠢᠷᠳᠡᠯ᠎ᠤᠨ ᠪᠠᠷᠢᠮᠵᠢᠶ᠎ᠠ ᠵᠢ ᠵᠣᠬᠢᠰᠲᠠᠢ᠎ᠪᠠᠷ ᠠᠭᠤᠵᠢᠭᠤ ᠲᠠᠯᠪᠢᠬᠤ ᠬᠡᠷᠡᠭᠲᠡᠢ᠃ ᠬᠠᠤᠯᠢ ᠴᠠᠭ᠋ᠠᠵᠠ ᠵᠢᠨ ᠲᠤᠰᠠᠯᠠᠮᠵᠢ ᠭᠤᠶᠤᠴᠢᠯᠠᠭᠴᠢ ᠵᠢᠨ ᠰᠠᠭᠤᠭ᠎ᠠ ᠭᠠᠵᠠᠷ ᠪᠣᠯᠣᠨ ᠭᠤᠶᠤᠴᠢᠯᠠᠯ᠎ᠢ ᠬᠦᠯᠢᠶᠡᠨ ᠠᠪᠴᠤ ᠰᠢᠢ᠍ᠳᠪᠦᠷᠢᠯᠡᠬᠦ ᠬᠠᠤᠯᠢ ᠴᠠᠭ᠋ᠠᠵᠠ ᠵᠢᠨ ᠲᠤᠰᠠᠯᠠᠮᠵᠢ ᠵᠢᠨ ᠪᠠᠶ᠋ᠢᠭᠤᠯᠤᠮᠵᠢ ᠵᠢᠨ ᠪᠠᠶ᠋ᠢᠭ᠎ᠠ ᠭᠠᠵᠠᠷ᠎ᠤᠨ ᠠᠵᠤ ᠠᠬᠤᠢ ᠵᠢᠨ ᠬᠦᠴᠢᠷᠳᠡᠯ᠎ᠤᠨ ᠪᠠᠷᠢᠮᠵᠢᠶ᠎ᠠ᠎ᠨᠢ ᠨᠢᠭᠡᠳᠦᠯ ᠦᠭᠡᠢ ᠪᠣᠯ ᠬᠦᠯᠢᠶᠡᠨ ᠠᠪᠴᠤ ᠰᠢᠢ᠍ᠳᠪᠦᠷᠢᠯᠡᠬᠦ ᠪᠠᠶ᠋ᠢᠭᠤᠯᠤᠮᠵᠢ ᠵᠢᠨ ᠪᠠᠶ᠋ᠢᠭ᠎ᠠ ᠭᠠᠵᠠᠷ᠎ᠤᠨ ᠠᠵᠤ ᠠᠬᠤᠢ ᠵᠢᠨ ᠬᠦᠴᠢᠷᠳᠡᠯ᠎ᠤᠨ ᠪᠠᠷᠢᠮᠵᠢᠶ᠎ᠠ ᠶᠣᠰᠣᠭ᠋ᠠᠷ ᠬᠡᠷᠡᠭᠵᠢᠭᠦᠯᠬᠦ ᠬᠡᠷᠡᠭᠲᠡᠢ᠃
      (ᠳᠥᠷᠪᠡ) ᠬᠠᠤᠯᠢ ᠴᠠᠭ᠋ᠠᠵᠠ ᠵᠢᠨ ᠲᠤᠰᠠᠯᠠᠮᠵᠢ ᠵᠢᠨ ᠠᠷᠠᠳ᠎ᠲᠤ ᠲᠥᠬᠦᠮ ᠦᠵᠡᠭᠦᠯᠬᠦ ᠠᠷᠭ᠎ᠠ ᠬᠡᠮᠵᠢᠶ᠎ᠡ ᠵᠢ ᠲᠡᠭᠦᠯᠳᠡᠷᠵᠢᠭᠦᠯᠬᠦ ᠬᠡᠷᠡᠭᠲᠡᠢ᠃ ᠡᠯ᠎ᠡ ᠱᠠᠲᠤᠨ᠎ᠤ ᠬᠠᠤᠯᠢ ᠴᠠᠭ᠋ᠠᠵᠠ ᠵᠢᠨ ᠲᠤᠰᠠᠯᠠᠮᠵᠢ ᠵᠢᠨ ᠪᠠᠶ᠋ᠢᠭᠤᠯᠤᠮᠵᠢ᠎ᠨᠢ ᠬᠠᠤᠯᠢ ᠴᠠᠭ᠋ᠠᠵᠠ ᠵᠢᠨ ᠲᠤᠰᠠᠯᠠᠮᠵᠢ ᠵᠢᠨ ᠦᠢ᠍ᠯᠡᠴᠢᠯᠡᠭᠡᠨ᠎ᠤ ᠲᠣᠣᠷ ᠰᠦᠯᠵᠢᠶᠡᠨ᠎ᠤ       ᠪᠠᠶ᠋ᠢᠭᠤᠯᠤᠯᠲᠠ᠎ᠪᠠᠨ ᠦᠷᠭᠦᠯᠵᠢᠯᠡᠨ ᠥᠷᠭᠡᠵᠢᠭᠦᠯᠦᠨ᠂ ᠬᠠᠤᠯᠢ ᠴᠠᠭ᠋ᠠᠵᠠ ᠵᠢᠨ ᠲᠤᠰᠠᠯᠠᠮᠵᠢ ᠭᠤᠶᠤᠴᠢᠯᠠᠬᠤ ᠠᠷᠭ᠎ᠠ ᠵᠠᠮ ᠵᠶ᠋ᠠᠨ ᠥᠷᠭᠡᠳᠬᠡᠨ᠂ ᠬᠠᠤᠯᠢ ᠴᠠᠭ᠋ᠠᠵᠠ  ᠵᠢᠨ ᠲᠤᠰᠠᠯᠠᠮᠵᠢ ᠵᠢ ᠬᠦᠯᠢᠶᠡᠨ ᠠᠪᠴᠤ ᠰᠢᠢ᠍ᠳᠪᠦᠷᠢᠯᠡᠬᠦ᠂ ᠬᠢᠨᠠᠨ ᠵᠥᠪᠰᠢᠶᠡᠷᠡᠬᠦ ᠳᠡᠰ ᠳᠠᠷᠠᠭ᠋ᠠᠯᠠᠯ ᠵᠶ᠋ᠠᠨ ᠳᠥᠭᠦᠮᠴᠢᠯᠡᠵᠦ᠂ ᠠᠵᠤ ᠠᠬᠤᠢ ᠵᠢᠨ ᠬᠦᠴᠢᠷᠳᠡᠯ᠎ᠢ ᠮᠡᠳᠡᠭᠳᠡᠬᠦ ᠠᠮᠠᠯᠠᠯᠲᠠ ᠵᠢᠨ ᠳᠦᠷᠢᠮ᠎ᠢ ᠪᠦᠬᠦ ᠲᠠᠯ᠎ᠠ᠎ᠪᠠᠷ ᠠᠬᠢᠭᠤᠯᠬᠤ ᠬᠡᠷᠡᠭᠲᠡᠢ᠃ ᠪᠠᠶ᠋ᠢᠳᠠᠯ᠎ᠨᠢ ᠪᠠᠴᠢᠮ ᠲᠤᠯᠭ᠋ᠠᠮ ᠪᠣᠯᠬᠤ ᠬᠡᠷᠡᠭ ᠪᠣᠯ ᠤᠷᠢᠳ ᠵᠶ᠋ᠠᠷ ᠬᠦᠯᠢᠶᠡᠨ ᠠᠪᠴᠤ ᠰᠢᠢ᠍ᠳᠪᠦᠷᠢᠯᠡᠨ᠂ ᠳᠠᠷᠠᠭ᠎ᠠ᠎ᠳᠤ᠎ᠨᠢ ᠭᠠᠷᠳᠠᠮ ᠵᠶ᠋ᠠᠨ ᠨᠥᠬᠦᠨ ᠭᠦᠢ᠍ᠴᠡᠳᠬᠡᠵᠦ ᠪᠣᠯᠣᠨ᠎ᠠ᠃ ᠬᠠᠤᠯᠢ ᠴᠠᠭ᠋ᠠᠵᠠ ᠵᠢᠨ ᠲᠤᠰᠠᠯᠠᠮᠵᠢ ᠵᠢᠨ ᠣᠨᠳᠣᠣ ᠭᠠᠵᠠᠷ᠎ᠤᠨ ᠬᠠᠮᠵᠢᠯᠴᠠᠬᠤ ᠲᠣᠭᠲᠠᠴᠠ ᠵᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠬᠦᠴᠢᠷᠳᠡᠯᠲᠡᠢ ᠣᠯᠠᠨ ᠲᠦᠮᠡᠨ᠎ᠤ ᠣᠨᠳᠣᠣ ᠭᠠᠵᠠᠷ᠎ᠲᠤ ᠬᠠᠤᠯᠢ ᠴᠠᠭ᠋ᠠᠵᠠ ᠵᠢᠨ ᠲᠤᠰᠠᠯᠠᠮᠵᠢ ᠭᠤᠶᠤᠴᠢᠯᠠᠬᠤ᠎ᠳᠤ ᠎ᠨᠢ ᠳᠥᠭᠦᠮ ᠦᠵᠡᠭᠦᠯᠦᠨ᠂ ᠬᠠᠤᠯᠢ ᠴᠠᠭ᠋ᠠᠵᠠ ᠵᠢᠨ ᠲᠤᠰᠠᠯᠠᠮᠵᠢ ᠬᠢᠭᠡᠳ ᠠᠷᠠᠳ᠎ᠤᠨ ᠡᠶᠡᠳᠡᠭᠦᠯᠭᠡ᠂ ᠵᠠᠰᠠᠭ ᠵᠠᠬᠢᠷᠭ᠋ᠠᠨ᠎ᠤ ᠡᠶᠡᠳᠡᠭᠦᠯᠭᠡ᠂ ᠬᠠᠤᠯᠢ ᠴᠠᠭ᠋ᠠᠵᠠ ᠵᠢᠨ ᠡᠶᠡᠳᠡᠭᠦᠯᠭᠡ ᠵᠢ ᠪᠦᠲᠦᠮᠵᠢᠲᠡᠶ ᠵᠣᠯᠭ᠋ᠠᠭᠤᠯᠬᠤ ᠲᠣᠭᠲᠠᠴᠠ᠎ᠪᠠᠨ ᠪᠦᠷᠢᠨᠰᠢᠭᠦᠯᠵᠦ᠂ ᠬᠠᠤᠯᠢ ᠴᠠᠭ᠋ᠠᠵᠠ ᠵᠢᠨ ᠲᠤᠰᠠᠯᠠᠮᠵᠢ ᠵᠢᠨ ᠠᠷᠠᠳ᠎ᠲᠤ ᠳᠥᠭᠦᠮ ᠦᠵᠡᠭᠦᠯᠬᠦ ᠠᠵᠢᠯ᠎ᠤᠨ ᠪᠠᠶ᠋ᠢᠩᠭᠤᠵᠢᠬᠤ ᠵᠢ ᠠᠬᠢᠭᠤᠯᠬᠤ ᠬᠡᠷᠡᠭᠲᠡᠢ᠃
      (ᠲᠠᠪᠤ) ᠬᠠᠤᠯᠢ ᠴᠠᠭ᠋ᠠᠵᠠ ᠵᠢᠨ ᠲᠤᠰᠠᠯᠠᠮᠵᠢ ᠵᠢᠨ ᠦᠢ᠍ᠯᠡᠴᠢᠯᠡᠭᠡᠨ᠎ᠤ ᠴᠢᠨᠠᠷ ᠴᠢᠨᠰᠠᠭ᠎ᠠ  ᠵᠢ ᠳᠡᠭᠡᠭᠰᠢᠯᠡᠭᠦᠯᠬᠦ ᠬᠡᠷᠡᠭᠲᠡᠢ᠃ ᠪᠦᠬᠦ ᠣᠷᠣᠨ᠎ᠤ ᠬᠠᠤᠯᠢ ᠴᠠᠭ᠋ᠠᠵᠠ ᠵᠢᠨ ᠲᠤᠰᠠᠯᠠᠮᠵᠢ ᠵᠢᠨ ᠵᠢᠷᠤᠮᠵᠢᠭᠰᠠᠨ ᠪᠠᠶ᠋ᠢᠭᠤᠯᠤᠯᠲᠠ ᠵᠢ ᠤᠯᠠᠮ ᠨᠢᠭᠡ ᠠᠯᠬᠤᠮ ᠴᠢᠩᠭ᠋ᠠᠳᠬᠠᠨ᠂ ᠰᠢᠨ᠎ᠡ ᠪᠠᠶ᠋ᠢᠳᠠᠯ᠂ ᠰᠢᠨ᠎ᠡ ᠱᠠᠭ᠋ᠠᠷᠳᠠᠯᠭ᠎ᠠ᠎ᠲᠠᠢ ᠤᠶᠠᠯᠳᠤᠭᠤᠯᠤᠨ᠂ ᠬᠠᠤᠯᠢ ᠴᠠᠭ᠋ᠠᠵᠠ ᠵᠢᠨ ᠲᠤᠰᠠᠯᠠᠮᠵᠢ ᠵᠢᠨ ᠬᠡᠷᠡᠭ᠎ᠢ ᠰᠢᠢ᠍ᠳᠪᠦᠷᠢᠯᠡᠬᠦ ᠡᠯ᠎ᠡ ᠭᠤᠭᠴᠣᠭ᠋ᠠᠨ᠎ᠳᠠᠬᠢ ᠠᠵᠢᠯ᠎ᠤᠨ ᠳᠡᠰ ᠳᠠᠷᠠᠭ᠋ᠠᠯᠠᠯ᠂ ᠠᠵᠢᠯ᠎ᠤᠨ ᠳᠦᠷᠢᠮ ᠪᠣᠯᠣᠨ ᠦᠢ᠍ᠯᠡᠴᠢᠯᠡᠭᠡᠨ᠎ᠤ ᠪᠠᠷᠢᠮᠵᠢᠶ᠎ᠠ ᠵᠢ ᠲᠡᠭᠦᠯᠳᠡᠷᠵᠢᠭᠦᠯᠬᠦ ᠬᠡᠷᠡᠭᠲᠡᠢ᠃ ᠬᠠᠤᠯᠢ ᠴᠠᠭ᠋ᠠᠵᠠ ᠵᠢᠨ ᠲᠤᠰᠠᠯᠠᠮᠵᠢ ᠵᠢᠨ ᠦᠢ᠍ᠯᠡᠴᠢᠯᠡᠭᠡᠨ᠎ᠤ ᠴᠢᠨᠠᠷ ᠴᠢᠨᠰᠠᠭ᠎ᠠ᠎ᠳᠤ ᠬᠢᠨᠠᠯᠲᠠ ᠲᠠᠯᠪᠢᠬᠤ ᠲᠣᠭᠲᠠᠴᠠ ᠵᠢ ᠪᠦᠷᠢᠨᠰᠢᠭᠦᠯᠵᠦ᠂ ᠬᠠᠤᠯᠢ ᠴᠠᠭ᠋ᠠᠵᠠ ᠵᠢᠨ ᠲᠤᠰᠠᠯᠠᠮᠵᠢ ᠵᠢᠨ ᠦᠢ᠍ᠯᠡᠴᠢᠯᠡᠭᠡᠨ᠎ᠤ ᠴᠢᠨᠠᠷ ᠴᠢᠨᠰᠠᠭ᠎ᠠ ᠵᠢᠨ ᠪᠠᠶ᠋ᠢᠴᠠᠭ᠋ᠠᠬᠤ ᠳᠦᠷᠢᠮ᠂ ᠮᠦᠷᠳᠡᠨ ᠳᠠᠭ᠋ᠠᠬᠤ ᠳᠦᠷᠢᠮ᠂ ᠵᠠᠭ᠋ᠠᠯᠳᠤᠯᠭ᠎ᠠ ᠵᠢ ᠰᠢᠢ᠍ᠳᠪᠦᠷᠢᠯᠡᠬᠦ ᠳᠦᠷᠢᠮ᠎ᠢ ᠨᠠᠶ᠋ᠢᠳᠠᠪᠤᠷᠢᠵᠢᠭᠤᠯᠬᠤ ᠬᠡᠷᠡᠭᠲᠡᠢ᠃ ᠬᠠᠤᠯᠢ ᠴᠠᠭ᠋ᠠᠵᠠ ᠵᠢᠨ ᠲᠤᠰᠠᠯᠠᠮᠵᠢ ᠵᠢᠨ ᠦᠢ᠍ᠯᠡᠴᠢᠯᠡᠭᠡᠨ᠎ᠤ ᠴᠢᠨᠠᠷ ᠴᠢᠨᠰᠠᠭ᠎ᠠ ᠵᠢᠨ ᠦᠨᠡᠯᠡᠨ ᠵᠢᠱ᠌ᠢᠬᠦ ᠲᠣᠭᠲᠠᠯᠴᠠᠭ᠎ᠠ ᠵᠢ ᠰᠦᠪᠡᠭᠴᠢᠯᠡᠨ ᠪᠠᠶ᠋ᠢᠭᠤᠯᠵᠤ᠂ ᠬᠠᠤᠯᠢ ᠴᠠᠭ᠋ᠠᠵᠠ ᠵᠢᠨ ᠲᠤᠰᠠᠯᠠᠮᠵᠢ ᠵᠢᠨ ᠵᠢᠷᠤᠮᠵᠢᠭᠰᠠᠨ ᠬᠠᠮᠢᠶᠠᠷᠤᠯᠲᠠ ᠵᠢᠨ ᠬᠢᠷᠢ ᠲᠦᠪᠰᠢᠨ᠎ᠢ᠎ᠨᠢ ᠳᠡᠭᠡᠭᠰᠢᠯᠡᠭᠦᠯᠦᠨ᠂ ᠬᠠᠤᠯᠢ ᠴᠠᠭ᠋ᠠᠵᠠ ᠵᠢᠨ ᠲᠤᠰᠠᠯᠠᠮᠵᠢ ᠵᠢᠨ ᠠᠵᠢᠯ᠎ᠤᠨ ᠴᠢᠨᠠᠷ ᠴᠢᠨᠰᠠᠭ᠎ᠠ ᠪᠣᠯᠣᠨ ᠦᠷ᠎ᠡ ᠪᠦᠲᠦᠮᠵᠢ ᠵᠢ ᠳᠡᠭᠡᠭᠰᠢᠯᠡᠭᠦᠯᠵᠦ᠂ ᠬᠦᠴᠢᠷᠳᠡᠯᠲᠡᠢ ᠣᠯᠠᠨ ᠲᠦᠮᠡᠨ ᠎ᠳᠤ ᠦᠨᠡᠨ ᠬᠦ᠌ ᠴᠢᠨᠠᠷ ᠰᠠᠶ᠋ᠢᠲᠠᠢ᠂ ᠥᠨᠳᠥᠷ ᠪᠦᠲᠦᠮᠵᠢᠲᠡᠶ ᠬᠠᠤᠯᠢ ᠴᠠᠭ᠋ᠠᠵᠠ ᠵᠢᠨ ᠲᠤᠰᠠᠯᠠᠮᠵᠢ ᠵᠢᠨ ᠦᠢ᠍ᠯᠡᠴᠢᠯᠡᠭᠡᠨ ᠬᠠᠩᠭ᠋ᠠᠬᠤ ᠬᠡᠷᠡᠭᠲᠡᠢ᠃
      ᠳᠥᠷᠪᠡ᠂ ᠬᠠᠤᠯᠢ ᠴᠠᠭ᠋ᠠᠵᠠ ᠵᠢᠨ ᠲᠤᠰᠠᠯᠠᠮᠵᠢ ᠵᠢᠨ ᠳᠦᠷᠢᠮ᠎ᠤᠨ ᠬᠡᠷᠡᠭᠵᠢᠭᠦᠯᠦᠯᠲᠡ  ᠵᠢᠨ ᠪᠠᠲᠤᠯᠠᠭ᠎ᠠ ᠵᠢ ᠦᠨᠡᠨ ᠬᠦ᠌ ᠴᠢᠩᠭ᠋ᠠᠳᠬᠠᠬᠤ ᠬᠡᠷᠡᠭᠲᠡᠢ
      (ᠨᠢᠭᠡ) ᠵᠣᠬᠢᠶᠠᠨ ᠪᠠᠶ᠋ᠢᠭᠤᠯᠵᠤ ᠤᠳᠤᠷᠢᠳᠬᠤ᠎ᠪᠠᠨ ᠴᠢᠩᠭ᠋ᠠᠳᠬᠠᠬᠤ ᠬᠡᠷᠡᠭᠲᠡᠢ᠃ ᠡᠯ᠎ᠡ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠨᠢ ᠬᠠᠤᠯᠢ ᠴᠠᠭ᠋ᠠᠵᠠ ᠵᠢᠨ ᠲᠤᠰᠠᠯᠠᠮᠵᠢ ᠵᠢᠨ ᠠᠵᠢᠯ᠎ᠢ ᠵᠣᠬᠢᠶᠠᠨ ᠪᠠᠶ᠋ᠢᠭᠤᠯᠵᠤ ᠤᠳᠤᠷᠢᠳᠬᠤ᠎ᠪᠠᠨ ᠦᠷᠭᠦᠯᠵᠢᠯᠡᠨ ᠴᠢᠩᠭ᠋ᠠᠳᠬᠠᠵᠤ᠂ ᠬᠠᠤᠯᠢ ᠴᠠᠭ᠋ᠠᠵᠠ ᠵᠢᠨ ᠲᠤᠰᠠᠯᠠᠮᠵᠢ ᠵᠢᠨ ᠠᠵᠢᠯ᠎ᠢ ᠡᠳᠦᠷ ᠲᠤᠲᠤᠮ᠎ᠤᠨ ᠴᠢᠬᠤᠯᠠ ᠵᠥᠪᠯᠡᠬᠦ ᠵᠦᠢ᠍ᠯ᠎ᠳᠤ᠎ᠪᠠᠨ ᠣᠷᠣᠭᠤᠯᠤᠨ᠂ ᠠᠵᠢᠯ᠎ᠤᠨ ᠳᠤᠮᠳᠠ ᠣᠷᠣᠰᠢᠵᠤ ᠪᠠᠶ᠋ᠢᠭ᠎ᠠ ᠬᠦᠴᠢᠷᠳᠡᠯ ᠪᠣᠯᠣᠨ ᠠᠰᠠᠭᠤᠳᠠᠯ᠎ᠢ ᠬᠢᠨᠠᠮᠠᠭ᠋ᠠᠢ ᠰᠤᠳᠤᠯᠤᠨ ᠰᠢᠢ᠍ᠳᠪᠦᠷᠢᠯᠡᠵᠦ᠂ ᠠᠵᠢᠯ᠎ᠤᠨ ᠬᠠᠷᠢᠭᠤᠴᠠᠯᠭ᠎ᠠ ᠵᠢᠨ ᠳᠦᠷᠢᠮ᠎ᠢ ᠪᠠᠶ᠋ᠢᠭᠤᠯᠬᠤ ᠵᠢᠨ ᠬᠠᠮᠲᠤ ᠨᠠᠶ᠋ᠢᠳᠠᠪᠤᠷᠢᠵᠢᠭᠤᠯᠤᠨ᠂ ᠵᠠᠰᠠᠭ᠎ᠤᠨ ᠣᠷᠳᠣᠨ ᠵᠶ᠋ᠠᠷ ᠭᠤᠣᠯᠯᠠᠭᠤᠯᠤᠭᠰᠠᠨ᠂ ᠬᠤᠯᠪᠣᠭᠳᠠᠯ ᠪᠦᠬᠦᠢ ᠰᠠᠯᠠᠭ᠎ᠠ ᠮᠥᠴᠢᠷ᠎ᠤᠳ ᠬᠠᠷᠢᠯᠴᠠᠨ ᠬᠠᠮᠵᠢᠯᠴᠠᠭᠰᠠᠨ᠂ ᠨᠡᠶ᠋ᠢᠭᠡᠮ᠎ᠤᠨ ᠡᠯ᠎ᠡ ᠡᠲᠡᠭᠡᠳ ᠥᠷᠭᠡᠨ ᠵᠶ᠋ᠠᠷ ᠣᠷᠣᠯᠴᠠᠭᠰᠠᠨ ᠬᠠᠤᠯᠢ ᠴᠠᠭ᠋ᠠᠵᠠ ᠵᠢᠨ ᠲᠤᠰᠠᠯᠠᠮᠵᠢ ᠵᠢᠨ ᠠᠵᠢᠯ᠎ᠤᠨ ᠪᠠᠶ᠋ᠢᠷᠢᠰᠢᠯ᠎ᠢ ᠦᠨᠡᠨ ᠬᠦ᠌ ᠪᠣᠶ ᠪᠣᠯᠭ᠋ᠠᠵᠤ᠂ ᠬᠠᠤᠯᠢ ᠴᠠᠭ᠋ᠠᠵᠠ ᠵᠢᠨ ᠲᠤᠰᠠᠯᠠᠮᠵᠢ ᠵᠢᠨ ᠠᠵᠢᠯ᠎ᠤᠨ ᠡᠯ᠎ᠡ ᠵᠦᠢ᠍ᠯ᠎ᠤᠨ ᠲᠥᠷᠥ ᠵᠢᠨ ᠪᠣᠳᠣᠯᠭ᠎ᠠ ᠪᠣᠯᠣᠨ ᠠᠷᠭ᠎ᠠ ᠬᠡᠮᠵᠢᠶ᠎ᠡ ᠵᠢᠨ ᠪᠣᠳᠠᠲᠠᠢ᠎ᠳᠤ ᠨᠠᠶ᠋ᠢᠳᠠᠪᠤᠷᠢᠵᠢᠬᠤ ᠵᠢ ᠦᠨᠡᠨ ᠬᠦ᠌ ᠪᠠᠲᠤᠯᠠᠬᠤ ᠬᠡᠷᠡᠭᠲᠡᠢ᠃
      (ᠬᠤᠶᠠᠷ) ᠵᠠᠷᠤᠳᠠᠯ᠎ᠤᠨ ᠪᠠᠲᠤᠯᠠᠭ᠎ᠠ ᠵᠢᠨ ᠲᠣᠭᠲᠠᠴᠠ ᠵᠢ ᠲᠡᠭᠦᠯᠳᠡᠷᠵᠢᠭᠦᠯᠬᠦ ᠬᠡᠷᠡᠭᠲᠡᠢ᠃ ᠡᠯ᠎ᠡ ᠭᠠᠵᠠᠷ ᠣᠷᠣᠨ᠎ᠨᠢ ᠲᠥᠰᠥᠪ ᠵᠶ᠋ᠠᠨ ᠰᠢᠨᠵᠢᠯᠡᠬᠦ ᠤᠬᠠᠭ᠋ᠠᠨᠴᠢ᠎ᠪᠠᠷ ᠵᠦᠢ ᠵᠣᠬᠢᠰᠲᠠᠢ ᠨᠠᠶ᠋ᠢᠷᠠᠭᠤᠯᠤᠨ ᠵᠣᠬᠢᠶᠠᠵᠤ᠂ ᠣᠷᠣᠨ ᠨᠤᠲᠤᠭ᠎ᠤᠨ ᠡᠳ᠋᠎ᠤᠨ ᠬᠦᠴᠦᠨ᠎ᠤ ᠪᠠᠶ᠋ᠢᠳᠠᠯ ᠪᠣᠯᠣᠨ ᠬᠠᠤᠯᠢ ᠴᠠᠭ᠋ᠠᠵᠠ ᠵᠢᠨ ᠲᠤᠰᠠᠯᠠᠮᠵᠢ ᠵᠢᠨ ᠬᠡᠷᠡᠭ ᠰᠢᠢ᠍ᠳᠪᠦᠷᠢᠯᠡᠬᠦ ᠲᠤᠭ᠎ᠠ ᠬᠡᠮᠵᠢᠶ᠎ᠡ ᠵᠢ ᠦᠨᠳᠦᠰᠦᠯᠡᠨ᠂ ᠬᠠᠤᠯᠢ ᠴᠠᠭ᠋ᠠᠵᠠ ᠵᠢᠨ ᠲᠤᠰᠠᠯᠠᠮᠵᠢ ᠵᠢᠨ ᠵᠠᠷᠤᠳᠠᠯ᠎ᠢ ᠵᠦᠢ ᠵᠣᠬᠢᠰᠲᠠᠢ ᠲᠣᠬᠢᠷᠠᠭᠤᠯᠵᠤ᠂ ᠬᠠᠤᠯᠢ ᠴᠠᠭ᠋ᠠᠵᠠ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠤᠳ ᠬᠠᠤᠯᠢ ᠴᠠᠭ᠋ᠠᠵᠠ ᠵᠢᠨ ᠲᠤᠰᠠᠯᠠᠮᠵᠢ ᠵᠢᠨ ᠵᠠᠷᠤᠳᠠᠯ᠎ᠳᠤ ᠲᠤᠰᠠᠭ᠋ᠠᠷ ᠲᠣᠭ᠋ᠠᠴᠠᠭ᠎ᠠ ᠬᠢᠬᠦ ᠵᠢ ᠬᠡᠷᠡᠭᠵᠢᠭᠦᠯᠬᠦ ᠬᠡᠷᠡᠭᠲᠡᠢ᠃ ᠵᠠᠷᠤᠳᠠᠯ᠎ᠤᠨ ᠪᠠᠲᠤᠯᠠᠭ᠎ᠠ ᠵᠢᠨ ᠪᠠᠷᠢᠮᠵᠢᠶ᠎ᠠ ᠵᠢ ᠲᠡᠭᠦᠯᠳᠡᠷᠵᠢᠭᠦᠯᠵᠦ᠂ ᠭᠤᠣᠯᠳᠠᠯᠭ᠎ᠠ᠎ᠲᠠᠢ ᠬᠠᠤᠯᠢ ᠴᠠᠭ᠋ᠠᠵᠠ ᠵᠢᠨ ᠲᠤᠰᠠᠯᠠᠮᠵᠢ ᠵᠢᠨ ᠲᠤᠬᠠᠶ᠋ᠢᠯᠠᠭᠰᠠᠨ ᠠᠵᠢᠯ᠎ᠤᠨ ᠵᠠᠷᠤᠳᠠᠯ᠎ᠤᠨ ᠣᠷᠣᠭᠤᠯᠤᠯᠲᠠ ᠵᠢ ᠴᠠᠭ ᠲᠤᠬᠠᠢ᠎ᠳᠤ᠎ᠨᠢ ᠲᠣᠬᠢᠷᠠᠭᠤᠯᠤᠨ᠂ ᠡᠷᠡᠭᠦᠦ ᠵᠢᠨ ᠬᠡᠷᠡᠭ᠎ᠤᠨ ᠬᠠᠤᠯᠢᠴᠢ ᠵᠢᠨ ᠦᠮᠦᠭᠯᠡᠯᠲᠡ ᠵᠢ ᠨᠡᠶ᠋ᠢᠳᠡᠮ ᠬᠠᠮᠤᠷᠤᠭᠤᠯᠬᠤ ᠵᠡᠷᠭᠡ ᠰᠢᠨ᠎ᠡ᠎ᠪᠠᠷ ᠨᠡᠮᠡᠭᠳᠡᠭᠰᠡᠨ ᠬᠠᠤᠯᠢ ᠴᠠᠭ᠋ᠠᠵᠠ ᠵᠢᠨ ᠲᠤᠰᠠᠯᠠᠮᠵᠢ ᠵᠢᠨ ᠦᠢ᠍ᠯᠡᠴᠢᠯᠡᠭᠡᠨ᠎ᠤ ᠬᠡᠷᠡᠭᠴᠡᠭᠡ ᠱᠠᠭ᠋ᠠᠷᠳᠠᠯᠭ᠎ᠠ ᠵᠢ ᠬᠠᠩᠭ᠋ᠠᠬᠤ ᠬᠡᠷᠡᠭᠲᠡᠢ᠃ ᠵᠠᠷᠤᠳᠠᠯ᠎ᠤᠨ ᠬᠡᠷᠡᠭᠯᠡᠯᠲᠡ᠎ᠳᠤ ᠬᠢᠨᠠᠯᠲᠠ ᠲᠠᠯᠪᠢᠬᠤ ᠵᠢ ᠴᠢᠩᠳᠠᠯᠠᠵᠤ᠂ ᠵᠠᠷᠤᠳᠠᠯ᠎ᠤᠨ ᠬᠡᠷᠡᠭᠯᠡᠯᠲᠡ ᠵᠢ ᠵᠠᠷᠯᠠᠨ ᠨᠡᠶ᠋ᠢᠲᠡᠯᠡᠬᠦ ᠳᠦᠷᠢᠮ᠎ᠢ ᠪᠠᠶ᠋ᠢᠭᠤᠯᠤᠨ᠂ ᠨᠡᠶ᠋ᠢᠭᠡᠮ᠎ᠤᠨ ᠬᠢᠨᠠᠯᠲᠠ ᠲᠠᠯᠪᠢᠯᠲᠠ ᠵᠢ ᠬᠦᠯᠢᠶᠡᠵᠦ᠂ ᠲᠣᠭᠲᠠᠭ᠋ᠠᠯ᠎ᠠᠴᠠ ᠵᠥᠷᠢᠴᠡᠨ ᠬᠠᠤᠯᠢ ᠴᠠᠭ᠋ᠠᠵᠠ ᠵᠢᠨ ᠲᠤᠰᠠᠯᠠᠮᠵᠢ ᠵᠢᠨ ᠵᠠᠷᠤᠳᠠᠯ᠎ᠢ ᠬᠡᠷᠡᠭᠯᠡᠭᠰᠡᠨ᠂ ᠲᠠᠰᠤᠳᠠᠨ ᠦᠯᠡᠳᠡᠭᠡᠭᠰᠡᠨ᠂ ᠰᠢᠬᠠᠨ ᠡᠵᠡᠯᠡᠭᠰᠡᠨ᠂ ᠰᠢᠯᠵᠢᠭᠦᠯᠦᠨ ᠬᠡᠷᠡᠭᠯᠡᠭᠰᠡᠨ ᠪᠤᠶᠤ ᠳᠠᠯᠳᠠᠭᠤᠷ ᠬᠤᠪᠢᠶᠠᠭᠰᠠᠨ ᠪᠠᠶ᠋ᠢᠭᠤᠯᠤᠮᠵᠢ ᠪᠣᠯᠣᠨ ᠬᠤᠪᠢ ᠬᠥᠮᠥᠨ᠎ᠠᠴᠠ ᠬᠠᠤᠯᠢ ᠲᠣᠭᠲᠠᠭ᠋ᠠᠯ ᠶᠣᠰᠣᠭ᠋ᠠᠷ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠢ᠃
      (ᠭᠤᠷᠪᠠ) ᠤᠬᠠᠭᠤᠯᠬᠤ ᠡᠷᠴᠢᠮ ᠵᠶ᠋ᠠᠨ ᠴᠢᠩᠭ᠋ᠠᠷᠠᠭᠤᠯᠬᠤ ᠬᠡᠷᠡᠭᠲᠡᠢ᠃ ᠤᠬᠠᠭᠤᠯᠭ᠎ᠠ  ᠵᠢᠨ ᠠᠷᠭ᠎ᠠ ᠮᠠᠶᠢᠭ᠎ᠤᠨ ᠲᠠᠯ᠎ᠠ᠎ᠳᠤ ᠰᠢᠨ᠎ᠡ ᠵᠢ ᠡᠭᠦᠳᠦᠨ᠂ ᠬᠠᠤᠯᠢ ᠴᠠᠭ᠋ᠠᠵᠠ ᠵᠢᠨ ᠲᠤᠰᠠᠯᠠᠮᠵᠢ ᠵᠢᠨ ᠤᠬᠠᠭᠤᠯᠭ᠎ᠠ ᠵᠢᠨ ᠰᠣᠶᠣᠯ᠎ᠤᠨ ᠪᠦᠲᠦᠭᠡᠭᠳᠡᠬᠦᠨ᠎ᠢ ᠨᠠᠷᠢᠨ ᠨᠢᠮᠪᠠᠢ ᠵᠣᠬᠢᠶᠠᠨ ᠪᠦᠲᠦᠭᠡᠵᠦ᠂ 《ᠬᠠᠤᠯᠢ ᠴᠠᠭ᠋ᠠᠵᠠ ᠵᠢᠨ ᠲᠤᠰᠠᠯᠠᠮᠵᠢ ᠵᠢᠨ ᠬᠠᠤᠯᠢ》 ᠵᠢ ᠪᠠᠶ᠋ᠢᠭᠤᠯᠭ᠎ᠠ᠎ᠳᠤ ᠣᠷᠣᠭᠤᠯᠬᠤ᠂ ᠬᠥᠳᠡᠭᠡ ᠲᠣᠰᠬᠤᠨ᠎ᠳᠤ ᠣᠷᠣᠭᠤᠯᠬᠤ᠂ ᠰᠤᠷᠭ᠋ᠠᠭᠤᠯᠢ᠎ᠳᠤ ᠣᠷᠣᠭᠤᠯᠬᠤ᠂ ᠨᠡᠶ᠋ᠢᠭᠡᠮ ᠲᠣᠭᠤᠷᠢᠭ᠎ᠲᠤ ᠣᠷᠣᠭᠤᠯᠬᠤ᠂ ᠠᠵᠤ ᠠᠬᠤᠶ᠋ᠢᠯᠠᠯ᠎ᠳᠤ ᠣᠷᠣᠭᠤᠯᠬᠤ᠂ ᠨᠢᠭᠡᠴᠢ᠎ᠳᠤ ᠣᠷᠤᠭᠤᠯᠬᠤ ᠪᠠ ᠭᠡᠷ ᠪᠦᠯᠢ᠎ᠳᠤ ᠣᠷᠣᠭᠤᠯᠬᠤ ᠵᠢ ᠠᠬᠢᠭᠤᠯᠵᠤ᠂ ᠬᠠᠤᠯᠢ ᠴᠠᠭ᠋ᠠᠵᠠ ᠵᠢ ᠤᠯᠠᠨ ᠲᠦᠮᠡᠨ᠎ᠤ ᠳᠡᠷᠭᠡᠳᠡ ᠬᠦᠷᠭᠡᠵᠦ᠂ ᠤᠯᠠᠨ ᠲᠦᠮᠡᠨ᠎ᠤ ᠴᠠᠭ ᠲᠤᠬᠠᠢ᠎ᠳᠤ᠎ᠨᠢ ᠬᠠᠤᠯᠢ ᠴᠠᠭ᠋ᠠᠵᠠ ᠵᠢᠨ ᠲᠤᠰᠠᠯᠠᠮᠵᠢ ᠬᠦᠷᠲᠡᠬᠦ᠎ᠳᠤ ᠲᠦᠬᠦᠮ ᠦᠵᠡᠭᠦᠯᠬᠦ ᠬᠡᠷᠡᠭᠲᠡᠢ᠃ 《ᠬᠡᠨ ᠬᠠᠤᠯᠢ ᠬᠡᠷᠡᠭᠵᠢᠭᠦᠯᠪᠡᠯ ᠲᠡᠷᠡ ᠬᠠᠤᠯᠢ ᠲᠦᠭᠡᠮᠡᠯᠵᠢᠭᠦᠯᠬᠦ》 ᠬᠠᠤᠯᠢ ᠲᠦᠭᠡᠮᠡᠯᠵᠢᠭᠦᠯᠬᠦ ᠬᠠᠷᠢᠭᠤᠴᠠᠯᠭ᠎ᠠ ᠵᠢᠨ ᠳᠦᠷᠢᠮ᠎ᠢ ᠨᠠᠶ᠋ᠢᠳᠠᠪᠤᠷᠢᠵᠢᠭᠤᠯᠵᠤ᠂ 《ᠬᠠᠤᠯᠢ ᠴᠠᠭ᠋ᠠᠵᠠ ᠵᠢᠨ ᠲᠤᠰᠠᠯᠠᠮᠵᠢ ᠵᠢᠨ ᠬᠠᠤᠯᠢ》 ᠵᠢ 《ᠨᠠᠢ᠍ᠮᠠᠳᠤᠭ᠋ᠠᠷ ᠲᠠᠪᠤᠨ ᠵᠢᠯ》᠎ᠤᠨ ᠬᠠᠤᠯᠢ ᠲᠦᠭᠡᠮᠡᠯᠵᠢᠭᠦᠯᠬᠦ ᠲᠥᠯᠦᠪᠵᠢᠭᠦᠯᠭᠡ ᠵᠢᠨ ᠠᠵᠢᠯ᠎ᠤᠨ ᠭᠤᠣᠯᠳᠠᠯᠭ᠎ᠠ ᠪᠣᠯᠬᠤ ᠠᠭᠤᠯᠭ᠎ᠠ᠎ᠳᠤ ᠣᠷᠣᠭᠤᠯᠵᠤ᠂ ᠳᠣᠲᠣᠭ᠋ᠠᠳᠤ ᠵᠢ ᠬᠠᠮᠠᠭ᠋ᠠᠯᠠᠬᠤ᠂ ᠠᠷᠠᠳ᠎ᠤᠨ ᠶᠠᠪᠤᠳᠠᠯ᠂ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠡᠷᠭᠡ ᠬᠤᠯᠪᠣᠭᠳᠠᠯ ᠪᠦᠬᠦᠢ ᠰᠠᠯᠠᠭ᠎ᠠ ᠮᠥᠴᠢᠷ᠎ᠤᠳ ᠨᠡᠪᠲᠡᠷᠡᠯᠴᠡᠨ ᠵᠣᠬᠢᠴᠠᠭᠤᠯᠬᠤ᠎ᠪᠠᠨ ᠴᠢᠩᠭ᠋ᠠᠳᠬᠠᠨ᠂ ᠡᠭᠦᠷᠭᠡ ᠬᠠᠷᠢᠭᠤᠴᠠᠯᠭ᠎ᠠ᠎ᠪᠠᠨ ᠲᠣᠳᠣᠷᠬᠠᠶ᠋ᠢᠯᠠᠵᠤ᠂ ᠨᠡᠶ᠋ᠢᠲᠡ ᠵᠢᠨ ᠠᠰᠠᠷᠠᠮᠵᠢ ᠵᠢᠨ ᠤᠬᠠᠭᠤᠯᠭ᠎ᠠ ᠵᠢᠨ ᠲᠣᠭᠲᠠᠴᠠ ᠵᠢ ᠪᠠᠶ᠋ᠢᠭᠤᠯᠤᠨ᠂ ᠬᠠᠤᠯᠢ ᠴᠠᠭ᠋ᠠᠵᠠ ᠵᠢᠨ ᠲᠤᠰᠠᠯᠠᠮᠵᠢ ᠵᠢᠨ ᠦᠯᠢᠭᠡᠷ ᠶᠠᠪᠤᠳᠠᠯ᠎ᠢ ᠰᠠᠶ᠋ᠢᠲᠤᠷ ᠶᠠᠷᠢᠵᠤ᠂ ᠬᠠᠤᠯᠢ ᠴᠠᠭ᠋ᠠᠵᠠ ᠵᠢᠨ ᠲᠤᠰᠠᠯᠠᠮᠵᠢ ᠵᠢᠨ ᠳᠦᠷᠢᠮ᠎ᠢ ᠪᠣᠳᠠᠲᠠᠶ᠋ᠢᠵᠢᠭᠤᠯᠤᠨ ᠦᠷ᠎ᠡ ᠪᠦᠳᠣᠮᠵᠢ ᠭᠠᠷᠭ᠋ᠠᠬᠤ᠎ᠳᠤ᠎ᠨᠢ ᠰᠠᠶ᠋ᠢᠨ ᠰᠠᠶ᠋ᠢᠬᠠᠨ ᠣᠷᠴᠢᠨ ᠠᠬᠤᠢ ᠵᠢ ᠪᠣᠶ ᠪᠣᠯᠭ᠋ᠠᠬᠤ ᠬᠡᠷᠡᠭᠲᠡᠢ᠃
      ᠲᠣᠰ 《ᠰᠠᠨᠠᠯ》᠎ᠢ ᠳᠠᠷᠤᠮᠠᠯᠯᠠᠨ ᠲᠠᠷᠬᠠᠭ᠋ᠠᠭᠰᠠᠨ ᠡᠳᠦᠷ᠎ᠠᠴᠠ ᠡᠬᠢᠯᠡᠨ ᠬᠡᠷᠡᠭᠵᠢᠭᠦᠯᠦᠨ᠎ᠡ᠃ 《ᠬᠠᠤᠯᠢ ᠴᠠᠭ᠋ᠠᠵᠠ ᠵᠢᠨ ᠲᠤᠰᠠᠯᠠᠮᠵᠢ ᠵᠢᠨ ᠠᠵᠢᠯ᠎ᠢ ᠤᠯᠠᠮ ᠨᠢᠭᠡ ᠠᠯᠬᠤᠮ ᠴᠢᠩᠭ᠋ᠠᠳᠬᠠᠬᠤ ᠲᠤᠬᠠᠢ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠰᠠᠨᠠᠯ》 (ᠥᠪᠥᠷ ᠵᠠᠰᠠᠭ ᠲᠠᠷᠬᠠᠭ᠋ᠠᠭᠰᠠᠨ [2010] 9 ᠳ᠋ᠦ᠍ᠭᠡᠷ ᠲᠣᠭ᠋ᠠᠲᠤ)᠎ᠢ ᠬᠠᠮᠲᠤ᠎ᠳᠤ᠎ᠨᠢ ᠬᠦᠴᠦᠨ ᠦᠭᠡᠢ ᠪᠣᠯᠭ᠋ᠠᠨ᠎ᠠ᠃
              2023 ᠣᠨ᠎ᠤ 2 ᠳ᠋ᠤᠭ᠋ᠠᠷ ᠰᠠᠷ᠎ᠠ ᠵᠢᠨ 16᠎ᠤ ᠡᠳᠦᠷ
              (ᠲᠤᠰ ᠪᠢᠴᠢᠭ ᠮᠠᠲ᠋ᠧᠷᠢᠶᠠᠯ᠎ᠢ ᠢᠯᠡ ᠨᠡᠶ᠋ᠢᠲᠡᠯᠡᠨ᠎ᠡ)


ᠢᠷᠡᠯᠲᠡ᠄ ᠥᠪᠥᠷ ᠮᠣᠩᠭᠤᠯ᠎ᠤᠨ ᠵᠠᠰᠠᠭ᠎ᠤᠨ ᠣᠷᠳᠣᠨ
          
ᠬᠠᠮᠢᠶ᠎ᠡ ᠪᠦᠬᠦᠢ ᠰᠣᠨᠢᠨ
 
             蒙ICP备05000248号