ᠳᠤᠮᠳᠠᠳᠤ ᠪᠠᠭ᠎ᠠ ᠰᠤᠷᠭ᠋ᠠᠭᠤᠯᠢ ᠵᠢᠨ ᠰᠤᠷᠤᠭᠴᠢ (ᠬᠡᠦᠬᠡᠳ᠎ᠤᠨ ᠴᠡᠴᠡᠷᠯᠢᠭ᠎ᠤᠨ ᠬᠡᠦᠬᠡᠳ ᠢ ᠪᠠᠭᠲᠠᠭ᠋ᠠᠨ᠎ᠠ)᠎ᠳᠤ ᠬᠠᠨᠳᠤᠭᠤᠯᠤᠭᠰᠠᠨ ᠰᠤᠷᠭ᠋ᠠᠭᠤᠯᠢ ᠵᠢᠨ ᠭᠠᠳᠠᠨᠠᠬᠢ ᠰᠤᠷᠭ᠋ᠠᠨ ᠬᠥᠮᠦᠵᠢᠯ᠎ᠤᠨ ᠪᠣᠯᠪᠠᠰᠤᠷᠠᠭᠤᠯᠤᠯ᠎ᠤᠨ ᠪᠠᠶ᠋ᠢᠭᠤᠯᠤᠮᠵᠢ ᠵᠢᠨ ᠵᠢᠷᠤᠮᠵᠢᠭᠤᠯᠤᠭᠰᠠᠨ ᠬᠠᠮᠢᠶᠠᠷᠤᠯᠲᠠ ᠵᠢ ᠵᠣᠬᠢᠴᠠᠭᠤᠯᠤᠨ ᠠᠬᠢᠭᠤᠯᠬᠤ ᠵᠢ ᠬᠠᠷᠢᠭᠤᠴᠠᠨ᠎ᠠ᠃ ᠡᠯ᠎ᠡ ᠠᠶ᠋ᠢᠮᠠᠭ ᠬᠣᠲᠠ ᠵᠢ ᠵᠢᠯᠣᠭᠣᠳᠤᠨ ᠬᠢᠴᠢᠶᠡᠯ ᠲᠥᠷᠥᠯ᠎ᠤᠨ ᠰᠤᠷᠭ᠋ᠠᠭᠤᠯᠢ ᠵᠢᠨ ᠭᠠᠳᠠᠨᠠᠬᠢ ᠪᠣᠯᠪᠠᠰᠤᠷᠠᠭᠤᠯᠤᠯ᠎ᠤᠨ ᠪᠠᠶ᠋ᠢᠭᠤᠯᠤᠮᠵᠢ ᠵᠢᠨ ᠬᠢᠨᠠᠯᠲᠠ ᠬᠠᠮᠢᠶᠠᠷᠤᠯᠲᠠ ᠵᠢᠨ ᠠᠵᠢᠯ᠎ᠢ ᠰᠠᠶ᠋ᠢᠲᠤᠷ ᠬᠢᠵᠦ᠂ ᠬᠠᠮᠢᠶ᠎ᠠ ᠪᠦᠬᠦᠢ ᠬᠥᠭᠵᠢᠭᠦᠯᠦᠯᠲᠡ ᠵᠢᠨ ᠲᠥᠯᠥᠪᠵᠢᠭᠦᠯᠭᠡ ᠵᠢ ᠲᠣᠭᠲᠠᠭ᠋ᠠᠬᠤ ᠵᠢᠨ ᠬᠠᠮᠲᠤ ᠵᠣᠬᠢᠶᠠᠨ ᠪᠠᠶ᠋ᠢᠭᠤᠯᠤᠨ ᠬᠡᠷᠡᠭᠵᠢᠭᠦᠯᠦᠨ᠎ᠡ᠃ ᠬᠣᠯᠪᠣᠭᠳᠠᠯ ᠪᠦᠬᠦᠢ ᠰᠠᠯᠠᠭ᠎ᠠ ᠮᠥᠴᠢᠷ᠎ᠲᠠᠢ ᠬᠠᠮᠲᠤᠷᠠᠨ ᠰᠤᠷᠭ᠋ᠠᠭᠤᠯᠢ ᠵᠢᠨ ᠭᠠᠳᠠᠨᠠᠬᠢ ᠰᠤᠷᠭ᠋ᠠᠨ ᠬᠥᠮᠦᠵᠢᠯ᠎ᠤᠨ ᠪᠣᠯᠪᠠᠰᠤᠷᠠᠭᠤᠯᠤᠯ (ᠰᠦᠯᠵᠢᠶᠡᠨ᠎ᠳᠠᠬᠢ ᠪᠠ ᠰᠦᠯᠵᠢᠶᠡᠨ ᠭᠠᠳᠠᠨᠠᠬᠢ ᠵᠢ ᠪᠠᠭᠲᠠᠭ᠋ᠠᠨ᠎ᠠ)᠎ᠤᠨ ᠪᠠᠶ᠋ᠢᠭᠤᠯᠤᠮᠵᠢ ᠵᠢᠨ ᠪᠠᠶ᠋ᠢᠷᠢᠯᠠᠭᠤᠯᠤᠯᠲᠠ᠂ ᠪᠣᠯᠪᠠᠰᠤᠷᠠᠭᠤᠯᠤᠯ᠎ᠤᠨ ᠠᠭᠤᠯᠭ᠎ᠠ᠂ ᠪᠣᠯᠪᠠᠰᠤᠷᠠᠭᠤᠯᠬᠤ ᠴᠠᠭ᠂ ᠠᠵᠢᠯᠲᠠᠨ᠎ᠤ ᠬᠢᠷᠢ ᠬᠡᠮ᠂ ᠰᠦᠢ᠍ᠳᠬᠡᠯ ᠬᠤᠷᠢᠶᠠᠬᠤ ᠵᠢ ᠬᠢᠨᠠᠨ ᠬᠠᠮᠢᠶᠠᠷᠬᠤ ᠵᠡᠷᠭᠡ ᠬᠠᠮᠢᠶ᠎ᠠ ᠪᠦᠬᠦᠢ ᠪᠠᠷᠢᠮᠵᠢᠶ᠎ᠠ ᠪᠠ ᠳᠦᠷᠢᠮ᠎ᠢ ᠲᠤᠭᠤᠷᠪᠢᠨ ᠲᠣᠭᠲᠠᠭ᠋ᠠᠬᠤ ᠵᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠦᠨ᠎ᠡ᠃ ᠰᠤᠷᠭ᠋ᠠᠭᠤᠯᠢ ᠵᠢᠨ ᠭᠠᠳᠠᠨᠠᠬᠢ ᠰᠤᠷᠭ᠋ᠠᠨ ᠬᠥᠮᠦᠵᠢᠯ᠎ᠤᠨ ᠪᠣᠯᠪᠠᠰᠤᠷᠠᠭᠤᠯᠤᠯ᠎ᠢ ᠶᠡᠷᠦᠩᠬᠡᠶ᠋ᠢᠯᠡᠨ ᠵᠠᠰᠠᠬᠤ ᠵᠢ ᠵᠣᠬᠢᠶᠠᠨ ᠪᠠᠶ᠋ᠢᠭᠤᠯᠤᠨ ᠬᠡᠷᠡᠭᠵᠢᠭᠦᠯᠵᠦ᠂ ᠬᠣᠲᠠ ᠰᠢᠶᠠᠨ᠎ᠤ ᠰᠤᠷᠭ᠋ᠠᠭᠤᠯᠢ ᠵᠢᠨ ᠭᠠᠳᠠᠨᠠᠬᠢ ᠰᠤᠷᠭ᠋ᠠᠨ ᠬᠥᠮᠦᠵᠢᠯ᠎ᠤᠨ ᠪᠣᠯᠪᠠᠰᠤᠷᠠᠭᠤᠯᠤᠯ᠎ᠤᠨ ᠶᠡᠷᠦᠩᠬᠡᠶ᠋ᠢᠯᠡᠭᠰᠡᠨ ᠬᠠᠤᠯᠢ ᠬᠡᠷᠡᠭᠵᠢᠭᠦᠯᠦᠯᠲᠡ ᠵᠢ ᠵᠢᠯᠣᠭᠣᠳᠤᠨ᠎ᠠ᠃ ᠬᠢᠴᠢᠶᠡᠯ ᠲᠥᠷᠥᠯ᠎ᠤᠨ ᠰᠤᠷᠭ᠋ᠠᠭᠤᠯᠢ ᠵᠢᠨ ᠭᠠᠳᠠᠨᠠᠬᠢ ᠪᠣᠯᠪᠠᠰᠤᠷᠠᠭᠤᠯᠤᠯ᠎ᠤᠨ ᠪᠠᠶ᠋ᠢᠭᠤᠯᠤᠮᠵᠢ ᠵᠢ ᠬᠢᠨᠠᠨ ᠪᠠᠢ᠌ᠴᠠᠭ᠋ᠠᠬᠤ ᠪᠠ ᠬᠢᠨᠠᠨ ᠬᠠᠮᠢᠶᠠᠷᠬᠤ ᠵᠢ ᠬᠠᠷᠢᠭᠤᠴᠠᠵᠤ᠂ ᠬᠢᠴᠢᠶᠡᠯ ᠲᠥᠷᠥᠯ᠎ᠤᠨ ᠰᠤᠷᠭ᠋ᠠᠭᠤᠯᠢ ᠵᠢᠨ ᠭᠠᠳᠠᠨᠠᠬᠢ ᠪᠣᠯᠪᠠᠰᠤᠷᠠᠭᠤᠯᠤᠯ᠎ᠤᠨ ᠪᠠᠶ᠋ᠢᠭᠤᠯᠤᠮᠵᠢ ᠵᠢᠨ ᠮᠡᠳᠡᠭᠡ ᠵᠠᠩᠭᠢ ᠵᠢᠨ ᠬᠠᠮᠢᠶᠠᠷᠤᠯᠲᠠ ᠵᠢᠨ ᠰᠢᠰᠲ᠋ᠧᠮ᠎ᠢ ᠨᠢᠭᠡᠳᠦᠯᠲᠡᠢ ᠲᠥᠯᠥᠪᠯᠡᠨ ᠬᠠᠮᠢᠶᠠᠷᠤᠨ᠎ᠠ᠃ ᠳᠤᠮᠳᠠᠳᠤ ᠪᠠᠭ᠎ᠠ ᠰᠤᠷᠭ᠋ᠠᠭᠤᠯᠢ ᠵᠢᠨ ᠰᠤᠷᠤᠭᠴᠢᠳ᠎ᠲᠤ ᠬᠠᠨᠳᠤᠭᠤᠯᠤᠭᠰᠠᠨ ᠨᠡᠶ᠋ᠢᠭᠡᠮ᠎ᠤᠨ ᠤᠷᠤᠯᠳᠤᠭ᠋ᠠᠨ ᠵᠡᠷᠭᠡ ᠠᠵᠢᠯᠯᠠᠭ᠎ᠠ ᠵᠢ ᠵᠢᠷᠤᠮᠵᠢᠭᠤᠯᠬᠤ ᠵᠢ ᠵᠢᠯᠣᠭᠣᠳᠤᠨ᠎ᠠ᠃ ᠰᠤᠷᠭ᠋ᠠᠭᠤᠯᠢ ᠵᠢᠨ ᠭᠠᠳᠠᠨᠠᠬᠢ ᠬᠥᠮᠦᠵᠢᠯ ᠪᠣᠯᠪᠠᠰᠤᠷᠠᠭᠤᠯᠤᠯ᠎ᠤᠨ ᠴᠢᠬᠤᠯᠠ ᠶᠡᠬᠡ ᠠᠰᠠᠭᠤᠳᠠᠯ᠎ᠢ ᠴᠠᠭ ᠲᠤᠬᠠᠢᠳᠤᠨᠢ ᠲᠤᠰᠬᠠᠬᠤ ᠪᠠ ᠰᠢᠢ᠍ᠳᠪᠦᠷᠢᠯᠡᠨ᠎ᠡ᠃
ᠬᠠᠷᠢᠯᠴᠠᠬᠤ ᠬᠥᠮᠦᠨ᠄ ᠸᠠᠩ ᠢ ᠹᠧᠩ
ᠬᠠᠷᠢᠯᠴᠠᠬᠤ ᠠᠷᠭ᠎ᠠ᠄ 0471 - 2856616
ᠠᠵᠢᠯᠯᠠᠬᠤ ᠭᠠᠵᠠᠷ᠄ ᠬᠥᠬᠡᠬᠣᠲᠠ ᠵᠢᠨ ᠰᠢᠨ᠎ᠡ ᠬᠣᠲᠠ ᠲᠣᠭᠣᠷᠢᠭ᠎ᠤᠨ ᠭᠤᠤᠯ᠎ᠳᠤ ᠪᠣᠷᠣ (ᠳ᠋ᠢᠩ ᠰᠢᠶᠠᠩ) ᠵᠠᠮ᠎ᠤᠨ 5 ᠳ᠋ᠤᠭ᠋ᠠᠷ ᠨᠣᠮᠧᠷ
ᠰᠢᠤᠳᠠᠨ ᠨᠣᠮᠧᠷ᠄ 010011
ᠠᠵᠢᠯᠯᠠᠬᠤ ᠴᠠᠭ᠄ ᠠᠵᠢᠯ᠎ᠤᠨ ᠡᠳᠦᠷ᠎ᠤᠨ 9᠄ 00-12᠄ 00-14᠄ 00-17᠄ 30