ᠰᠤᠷᠭ᠋ᠠᠨ ᠬᠥᠮᠦᠵᠢᠯᠢ ᠬᠢᠨᠠᠨ ᠵᠢᠯᠣᠭᠣᠳᠬᠤ ᠳᠦᠷᠢᠮ᠂ ᠠᠷᠭ᠎ᠠ ᠪᠠ ᠦᠨᠡᠯᠡᠨ ᠵᠢᠱ᠌ᠢᠬᠦ ᠱᠠᠭ᠋ᠠᠷᠳᠠᠯᠭ᠎ᠠ ᠵᠢ ᠲᠤᠭᠤᠷᠪᠢᠨ ᠲᠣᠭᠲᠠᠭ᠋ᠠᠨᠠ᠃ ᠠᠶ᠋ᠢᠮᠠᠭ ᠬᠣᠲᠠ᠂ ᠬᠣᠰᠢᠭᠤ ᠰᠢᠶᠠᠨ (ᠬᠣᠲᠠ᠂ ᠲᠣᠭᠣᠷᠢᠭ)ᠤ ᠰᠤᠷᠭ᠋ᠠᠨ ᠬᠥᠮᠦᠵᠢᠯᠤᠨ ᠬᠠᠤᠯᠢ ᠴᠠᠭ᠋ᠠᠵᠠ ᠬᠠᠤᠯᠢ ᠳᠦᠷᠢᠮ ᠪᠠ ᠤᠯᠤᠰᠤᠨ ᠰᠤᠷᠭ᠋ᠠᠨ ᠬᠥᠮᠦᠵᠢᠯᠤᠨ ᠴᠢᠭᠯᠡᠯᠲᠡ ᠲᠥᠷᠥ ᠵᠢᠨ ᠪᠣᠳᠣᠯᠭ᠎ᠠ ᠵᠢ ᠨᠠᠶ᠋ᠢᠳᠠᠪᠤᠷᠢᠵᠢᠭᠤᠯᠬᠤ ᠵᠢ ᠬᠢᠨᠠᠨ ᠵᠢᠯᠣᠭᠣᠳᠬᠤ ᠵᠢ ᠵᠣᠬᠢᠶᠠᠨ ᠪᠠᠶ᠋ᠢᠭᠤᠯᠤᠨ ᠥᠷᠨᠢᠭᠦᠯᠦᠨ᠎ᠡ᠃ ᠡᠯ᠎ᠡ ᠱᠠᠲᠤᠨᠤ ᠡᠯ᠎ᠡ ᠲᠥᠷᠥᠯᠤᠨ ᠰᠤᠷᠭ᠋ᠠᠭᠤᠯᠢ ᠪᠠ ᠪᠤᠰᠤᠳ ᠰᠤᠷᠭ᠋ᠠᠨ ᠬᠥᠮᠦᠵᠢᠯᠤᠨ ᠪᠠᠶ᠋ᠢᠭᠤᠯᠤᠮᠵᠢ ᠵᠢᠨ ᠰᠤᠷᠭ᠋ᠠᠨ ᠬᠥᠮᠦᠵᠢᠯ ᠵᠢᠭ᠋ᠠᠨ ᠰᠤᠷᠭ᠋ᠠᠯᠲᠠ ᠵᠢᠨ ᠠᠵᠢᠯᠢ ᠬᠢᠨᠠᠨ ᠵᠢᠯᠣᠭᠣᠳᠬᠤ ᠵᠢ ᠵᠣᠬᠢᠶᠠᠨ ᠪᠠᠶ᠋ᠢᠭᠤᠯᠵᠤ ᠶᠠᠪᠤᠭᠳᠠᠭᠤᠯᠤᠨ᠎ᠠ᠃ ᠡᠯ᠎ᠡ ᠰᠤᠷᠤᠯᠭ᠎ᠠ ᠵᠢᠨ ᠱᠠᠲᠤᠨᠤ ᠰᠤᠷᠭ᠋ᠠᠨ ᠬᠥᠮᠦᠵᠢᠯᠤᠨ ᠬᠥᠭᠵᠢᠯᠲᠡ ᠵᠢᠨ ᠬᠢᠷᠢ ᠲᠦᠪᠰᠢᠨ ᠪᠠ ᠴᠢᠨᠠᠷ ᠴᠢᠨᠰᠠᠭ᠎ᠠ ᠵᠢ ᠬᠢᠨᠠᠨ ᠰᠢᠯᠭ᠋ᠠᠬᠤ ᠵᠢ ᠵᠣᠬᠢᠶᠠᠨ ᠪᠠᠶ᠋ᠢᠭᠤᠯᠤᠨ ᠶᠠᠪᠤᠭᠳᠠᠭᠤᠯᠤᠨ᠎ᠠ᠃ ᠰᠤᠷᠭ᠋ᠠᠨ ᠬᠥᠮᠦᠵᠢᠯᠤᠨ ᠬᠢᠨᠠᠨ ᠵᠢᠯᠣᠭᠣᠳᠬᠤ ᠮᠡᠳᠡᠭᠦᠯᠦᠯᠲᠡ ᠵᠢ ᠲᠤᠭᠤᠷᠪᠢᠨ ᠪᠢᠴᠢᠨ᠎ᠡ᠃ ᠪᠥᠬᠥ ᠣᠷᠣᠨᠤ ᠰᠤᠷᠭ᠋ᠠᠨ ᠬᠥᠮᠦᠵᠢᠯᠢ ᠬᠢᠨᠠᠨ ᠵᠢᠯᠣᠭᠣᠳᠬᠤ ᠠᠵᠢᠯᠢ ᠵᠢᠯᠣᠭᠣᠳᠤᠨ᠎ᠠ᠃
ᠬᠠᠷᠢᠯᠴᠠᠬᠤ ᠬᠥᠮᠦᠨ᠄ ᠯᠢᠦ ᠫᠧᠩ ᠢᠦᠢ
ᠬᠠᠷᠢᠯᠴᠠᠬᠤ ᠤᠲᠠᠰᠤ᠄ 0471 - 2856906
ᠠᠵᠢᠯᠯᠠᠬᠤ ᠭᠠᠵᠠᠷ᠄ ᠬᠥᠬᠡᠬᠣᠲᠠ ᠵᠢᠨ ᠰᠢᠨ᠎ᠡ ᠬᠣᠲᠠ ᠲᠣᠭᠣᠷᠢᠭᠤᠨ ᠭᠤᠤᠯᠳᠤ ᠪᠣᠷᠣ (ᠳ᠋ᠢᠩ ᠰᠢᠶᠠᠩ) ᠵᠠᠮᠤᠨ 5 ᠳ᠋ᠤᠭ᠋ᠠᠷ ᠨᠣᠮᠧᠷ
ᠰᠢᠤᠳᠠᠨ ᠨᠣᠮᠧᠷ᠄ 010011
ᠠᠵᠢᠯᠯᠠᠬᠤ ᠴᠠᠭ᠄ ᠠᠵᠢᠯᠤᠨ ᠡᠳᠦᠷᠤᠨ 9᠄ 00-12᠄ 00-14᠄ 00-17᠄ 30