ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠤᠷᠭᠠᠨ ᠬᠦᠮᠦᠵᠢᠯ᠎ᠤᠨ ᠬᠠᠨᠲᠤᠯᠭ᠎ᠠ
ᠰᠣᠨᠤᠷ᠎ᠤᠨ ᠲᠠᠪᠴᠠᠩ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
  -   ᠬᠠᠮᠢᠶ᠎ᠠ ᠪᠦᠬᠦᠢ ᠭᠠᠵᠠᠷ ᠲᠠᠰᠤᠭ
ᠬᠥᠭᠵᠢᠭᠦᠯᠦᠯᠲᠡ ᠲᠥᠯᠥᠪᠵᠢᠭᠦᠯᠭᠡ ᠵᠢᠨ ᠭᠠᠵᠠᠷ
ᠨᠡᠶ᠋ᠢᠲᠡᠯᠡᠭᠰᠡᠨ ᠴᠠᠭ᠄ 2023-06-29


      ᠰᠤᠷᠭ᠋ᠠᠨ ᠬᠥᠮᠦᠵᠢᠯ᠎ᠤᠨ ᠦᠢ᠍ᠯᠡᠰ᠎ᠤᠨ ᠬᠥᠭᠵᠢᠭᠦᠯᠦᠯᠲᠡ ᠲᠥᠯᠥᠪᠵᠢᠭᠦᠯᠭᠡ ᠵᠢ ᠲᠤᠭᠤᠷᠪᠢᠨ ᠲᠣᠭᠲᠠᠭ᠋ᠠᠨ᠎ᠠ᠃ ᠰᠤᠷᠭ᠋ᠠᠨ ᠬᠥᠮᠦᠵᠢᠯ᠎ᠤᠨ ᠦᠢ᠍ᠯᠡᠰ᠎ᠤᠨ ᠪᠦᠷᠢᠳᠬᠡᠬᠦ᠂ ᠵᠠᠳᠠᠯᠬᠤ᠂ ᠨᠡᠶ᠋ᠢᠲᠡᠯᠡᠬᠦ᠂ ᠬᠢᠨᠠᠨ ᠰᠢᠯᠭ᠋ᠠᠬᠤ ᠠᠵᠢᠯ᠎ᠢ ᠬᠠᠷᠢᠭᠤᠴᠠᠨ᠎ᠠ᠃ ᠪᠦᠬᠦ ᠣᠷᠣᠨ᠎ᠤ ᠳᠡᠭᠡᠳᠦ ᠵᠡᠷᠭᠡ ᠵᠢᠨ ᠰᠤᠷᠭ᠋ᠠᠨ ᠬᠥᠮᠦᠵᠢᠯ᠎ᠤᠨ ᠪᠠᠢ᠌ᠷᠢᠰᠢᠯᠠᠭᠤᠯᠤᠯᠲᠠ ᠵᠢᠨ ᠪᠦᠲᠦᠴᠡ ᠵᠢ ᠲᠣᠬᠢᠷᠠᠭᠤᠯᠬᠤ ᠠᠵᠢᠯ᠎ᠢ ᠬᠠᠷᠢᠭᠤᠴᠠᠨ᠎ᠠ᠃ ᠪᠦᠬᠦ ᠣᠷᠣᠨ᠎ᠤ ᠡᠯ᠎ᠡ ᠲᠥᠷᠥᠯ᠎ᠤᠨ ᠰᠤᠷᠭ᠋ᠠᠨ ᠬᠥᠮᠦᠵᠢᠯ᠎ᠤᠨ ᠪᠠᠢ᠌ᠷᠢᠰᠢᠯᠠᠭᠤᠯᠤᠯᠲᠠ ᠵᠢᠨ ᠪᠦᠲᠦᠴᠡ ᠵᠢ ᠲᠣᠬᠢᠷᠠᠭᠤᠯᠬᠤ ᠠᠵᠢᠯ᠎ᠢ ᠶᠡᠷᠦᠩᠬᠡᠶ᠋ᠢᠯᠡᠨ ᠵᠣᠬᠢᠴᠠᠭᠤᠯᠤᠨ᠎ᠠ᠃ ᠵᠢᠯ᠎ᠤᠨ ᠰᠤᠷᠤᠭᠴᠢ ᠡᠯᠰᠡᠬᠦ ᠲᠥᠯᠥᠪᠯᠡᠭᠡ ᠵᠢ ᠰᠤᠳᠤᠯᠤᠨ ᠲᠣᠭᠲᠠᠭ᠋ᠠᠨ᠎ᠠ᠃ ᠠᠮᠢ ᠠᠬᠤᠢ ᠵᠢᠨ ᠪᠣᠯᠪᠠᠰᠤᠨ᠎ᠤ ᠬᠥᠮᠦᠵᠢᠯ ᠵᠢᠴᠢ ᠡᠨᠧᠷᠭᠢ ᠵᠢ ᠠᠷᠪᠢᠯᠠᠨ ᠪᠣᠬᠢᠷᠲᠤᠯ᠎ᠲᠠᠢ ᠪᠣᠳᠠᠰ᠎ᠢ ᠭᠠᠳᠠᠭᠰᠢᠯᠠᠭᠤᠯᠬᠤ ᠬᠡᠮᠵᠢᠶ᠎ᠡ ᠵᠢ ᠪᠠᠭ᠋ᠠᠰᠬᠠᠬᠤ᠂ ᠢᠳᠡᠭᠡᠨ ᠤᠮᠳᠠᠭ᠋ᠠᠨ᠎ᠢ ᠪᠦᠷᠢᠯᠭᠡᠨ ᠰᠦᠢ᠍ᠳᠬᠡᠬᠦ ᠵᠢ ᠬᠣᠷᠢᠭᠯᠠᠬᠤ ᠵᠡᠷᠭᠡ ᠠᠵᠢᠯ᠎ᠢ ᠨᠢᠭᠡᠳᠦᠯᠲᠡᠢ ᠲᠥᠯᠥᠪᠯᠡᠨ ᠵᠢᠯᠣᠭᠣᠳᠤᠨ᠎ᠠ᠃ ᠥᠪᠡᠷᠲᠡᠭᠡᠨ ᠵᠠᠰᠠᠬᠤ ᠣᠷᠣᠨ᠎ᠤ ᠰᠢᠭᠤᠳ ᠬᠠᠷᠢᠶ᠎ᠠ ᠳᠡᠭᠡᠳᠦ ᠰᠤᠷᠭ᠋ᠠᠭᠤᠯᠢ ᠵᠢᠨ ᠦᠨᠳᠦᠰᠦᠨ ᠪᠦᠲᠦᠭᠡᠨ ᠪᠠᠶ᠋ᠢᠭᠤᠯᠤᠯᠲᠠ ᠵᠢᠨ ᠬᠣᠷᠸ᠎ᠠ ᠬᠠᠮᠢᠶᠠᠷᠤᠯᠲᠠ ᠵᠢᠨ ᠠᠵᠢᠯ᠎ᠢ ᠬᠠᠷᠢᠭᠤᠴᠠᠨ᠎ᠠ᠃ ᠡᠯ᠎ᠡ ᠱᠠᠲᠤᠨ᠎ᠤ ᠡᠯ᠎ᠡ ᠲᠥᠷᠥᠯ᠎ᠤᠨ ᠰᠤᠷᠭ᠋ᠠᠭᠤᠯᠢ ᠵᠢᠨ ᠠᠷᠤ ᠲᠠᠯ᠎ᠠ ᠵᠢᠨ ᠦᠢ᠍ᠯᠡᠴᠢᠯᠡᠭᠡᠨ᠎ᠤ ᠬᠣᠷᠸ᠎ᠠ ᠬᠠᠮᠢᠶᠠᠷᠤᠯᠲᠠ ᠵᠢᠨ ᠠᠵᠢᠯ᠎ᠢ ᠵᠢᠯᠣᠭᠣᠳᠤᠨ᠎ᠠ᠃ ᠠᠷᠠᠳ᠎ᠠᠴᠠ ᠡᠷᠬᠢᠯᠡᠭᠰᠡᠨ ᠰᠤᠷᠭ᠋ᠠᠨ ᠬᠥᠮᠦᠵᠢᠯ᠎ᠢ ᠨᠢᠭᠡᠳᠦᠯᠲᠡᠶ ᠲᠥᠯᠥᠪᠵᠢᠭᠦᠯᠬᠦ᠂ ᠶᠡᠷᠦᠩᠬᠡᠶ᠋ᠢᠯᠡᠨ ᠵᠣᠬᠢᠴᠠᠭᠤᠯᠬᠤ ᠪᠠ ᠬᠣᠷᠸ᠎ᠠ ᠬᠠᠮᠢᠶᠠᠷᠤᠯᠲᠠ᠎ᠳᠤ ᠬᠣᠯᠪᠤᠭᠳᠠᠬᠤ ᠠᠵᠢᠯ᠎ᠢ ᠬᠠᠷᠢᠭᠤᠴᠠᠨ᠎ᠠ᠃ ᠰᠤᠷᠭ᠋ᠠᠨ ᠬᠥᠮᠦᠵᠢᠯ᠎ᠤᠨ ᠰᠢᠰᠲ᠋ᠧᠮ᠎ᠤᠨ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠂ ᠬᠢᠯᠢ ᠬᠢᠵᠠᠭ᠋ᠠᠷ᠎ᠢ ᠬᠥᠭᠵᠢᠭᠦᠯᠦᠨ ᠠᠷᠠᠳ᠎ᠢ ᠪᠠᠶᠠᠵᠢᠭᠤᠯᠬᠤ ᠠᠵᠢᠯ᠎ᠢ ᠵᠢᠯᠣᠭᠣᠳᠴᠤ᠂ ᠰᠤᠷᠭ᠋ᠠᠨ ᠬᠥᠮᠦᠵᠢᠯ ᠵᠶ᠋ᠡᠷ ᠳᠡᠮᠵᠢᠨ ᠬᠠᠮᠵᠢᠯᠴᠠᠬᠤ ᠠᠵᠢᠯ᠎ᠢ ᠵᠣᠬᠢᠶᠠᠨ ᠪᠠᠢ᠌ᠭᠤᠯᠤᠨ ᠵᠣᠬᠢᠴᠠᠭᠤᠯᠤᠨ᠎ᠠ᠃
      ᠬᠠᠷᠢᠯᠴᠠᠬᠤ ᠬᠥᠮᠦᠨ᠄ ᠸᠠᠩ ᠵᠢᠶᠦ᠋ᠨ ᠸᠧᠢ

      ᠬᠠᠷᠢᠯᠴᠠᠬᠤ ᠤᠲᠠᠰᠤ᠄ 0471 - 2857018

      ᠠᠵᠢᠯᠯᠠᠬᠤ ᠭᠠᠵᠠᠷ᠄ ᠬᠥᠬᠡᠬᠣᠲᠠ ᠵᠢᠨ ᠰᠢᠨ᠎ᠡ ᠬᠣᠲᠠ ᠲᠣᠭᠣᠷᠢᠭ᠎ᠤᠨ ᠭᠤᠤᠯᠳᠤ ᠪᠣᠷᠣ (ᠳ᠋ᠢᠩ ᠰᠢᠶᠠᠩ) ᠵᠠᠮ᠎ᠤᠨ 5 ᠳ᠋ᠤᠭ᠋ᠠᠷ ᠨᠣᠮᠧᠷ
      ᠰᠢᠤᠳᠠᠨ ᠨᠣᠮᠧᠷ᠄ 010011
      ᠠᠵᠢᠯᠯᠠᠬᠤ ᠴᠠᠭ᠄  ᠠᠵᠢᠯ᠎ᠤᠨ ᠡᠳᠦᠷ᠎ᠤᠨ 9᠄ 00-12᠄ 00-14᠄ 00-17᠄ 30


ᠢᠷᠡᠯᠲᠡ᠄ ᠦᠪᠦᠷ ᠮᠣᠩᠭᠣᠯ᠎ᠤᠨ ᠦᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠦᠮᠦᠵᠢᠯ᠎ᠤᠨ ᠲᠢᠩᠬᠢᠮ
          
ᠬᠠᠮᠢᠶ᠎ᠡ ᠪᠦᠬᠦᠢ ᠰᠣᠨᠢᠨ
ᠲᠥᠷᠥ ᠵᠢᠨ ᠪᠣᠳᠣᠯᠭ᠎ᠠ ᠬᠠᠤᠯᠢ ᠳᠦᠷᠢᠮ᠎ᠤᠨ ᠭᠠᠵᠠᠷ
ᠦᠵᠡᠯ ᠰᠠᠨᠠᠭ᠎ᠠ ᠤᠯᠤᠰ ᠲᠥᠷᠦ ᠵᠢᠨ ᠠᠵᠢᠯ᠎ᠤᠨ ᠭᠠᠵᠠᠷ (ᠰᠤᠷᠭ᠋ᠠᠨ ᠬᠥᠮᠦᠵᠢᠯ᠎ᠤᠨ ᠠᠵᠢᠯ᠎ᠤᠨ ᠬᠣᠷᠢᠶᠠᠨ᠎ᠤ ᠤᠬᠠᠭᠤᠯᠬᠤ ᠬᠡᠯᠲᠡᠰ ᠨᠢᠭᠡᠳᠦᠮᠡᠯ ᠹᠷᠣᠨᠲ᠎ᠤᠨ ᠬᠡᠯᠲᠡᠰ)
ᠠᠵᠢᠯᠲᠠᠨ᠎ᠤ ᠶᠠᠪᠤᠳᠠᠯ᠎ᠤᠨ ᠭᠠᠵᠠᠷ (ᠰᠤᠷᠭ᠋ᠠᠨ ᠬᠥᠮᠦᠵᠢᠯ᠎ᠤᠨ ᠠᠵᠢᠯ᠎ᠤᠨ ᠬᠣᠷᠢᠶᠠᠨ᠎ᠤ ᠵᠣᠬᠢᠶᠠᠨ ᠪᠠᠶ᠋ᠢᠭᠤᠯᠬᠤ ᠬᠡᠯᠲᠡᠰ)
ᠠᠯᠪᠠᠨ ᠭᠡᠷ (ᠰᠤᠷᠭ᠋ᠠᠨ ᠬᠥᠮᠦᠵᠢᠯ᠎ᠤᠨ ᠠᠵᠢᠯ᠎ᠤᠨ ᠬᠣᠷᠢᠶᠠᠨ᠎ᠤ ᠠᠯᠪᠠᠨ ᠭᠡᠷ)
 
             蒙ICP备05000248号