ᠭᠣᠣᠯ ᠡᠭᠦᠷᠭᠡ ᠬᠠᠷᠢᠭᠤᠴᠠᠯᠭ᠎ᠠ᠄ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠥᠭᠡᠷᠡᠴᠢᠯᠡᠯᠲᠡ ᠪᠣᠯᠤᠨ ᠬᠥᠭᠵᠢᠭᠦᠯᠦᠯᠲᠡ ᠵᠢᠨ ᠴᠢᠬᠤᠯᠠ ᠶᠡᠬᠡ ᠠᠰᠠᠭᠤᠳᠠᠯ᠎ᠤᠨ ᠰᠣᠳᠤᠯᠭ᠋ᠠᠨ᠂ ᠵᠦᠪᠯᠡᠯᠭᠡ ᠥᠭᠬᠦ ᠪᠣᠯᠤᠨ ᠰᠢᠢ᠍ᠳᠪᠦᠷᠢᠲᠦ ᠪᠣᠳᠣᠯᠭ᠎ᠠ ᠵᠢ ᠲᠣᠭᠲᠠᠭ᠋ᠠᠬᠤ᠎ᠳᠤ ᠦᠢ᠍ᠯᠡᠴᠢᠯᠡᠬᠦ ᠬᠣᠯᠪᠤᠭᠳᠠᠬᠤ ᠠᠵᠢᠯ᠎ᠢ ᠥᠷᠨᠢᠭᠦᠯᠦᠨ᠎ᠡ; ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠰᠢᠨᠵᠢᠯᠡᠬᠦ ᠤᠬᠠᠭ᠋ᠠᠨ᠎ᠤ ᠲᠥᠯᠥᠪᠵᠢᠭᠦᠯᠭᠡ ᠵᠢᠨ ᠲᠥᠰᠦᠯ᠎ᠢ ᠲᠣᠭᠲᠠᠭ᠋ᠠᠬᠤ᠂ ᠵᠢᠯᠣᠭᠣᠳᠬᠤ᠂ ᠶᠠᠪᠤᠴᠠ ᠪᠣᠯᠤᠨ ᠰᠡᠳᠦᠪ ᠪᠡᠶᠡᠯᠡᠭᠦᠯᠬᠦ ᠬᠣᠯᠪᠤᠭᠳᠠᠬᠤ ᠠᠵᠢᠯ᠎ᠢ ᠡᠭᠦᠷᠭᠡᠯᠡᠨ᠎ᠡ; ᠰᠤᠷᠭ᠋ᠠᠨ ᠬᠥᠮᠦᠵᠢᠯ᠎ᠤᠨ ᠥᠭᠡᠷᠡᠴᠢᠯᠡᠯᠲᠡ ᠵᠢᠨ ᠰᠣᠳᠤᠯᠭ᠋ᠠᠨ᠎ᠤ ᠦᠷ᠎ᠡ ᠪᠦᠲᠦᠭᠡᠯ᠎ᠢ ᠬᠢᠨᠠᠨ ᠲᠣᠭᠲᠠᠭ᠋ᠠᠬᠤ᠂ ᠰᠢᠯᠭ᠋ᠠᠷᠠᠭᠤᠯᠬᠤ ᠠᠵᠢᠯ᠎ᠢ ᠵᠣᠬᠢᠶᠠᠨ ᠪᠠᠶ᠋ᠢᠭᠤᠯᠤᠨ ᠥᠷᠨᠢᠭᠦᠯᠦᠨ᠎ᠡ; ᠰᠤᠷᠭ᠋ᠠᠨ ᠬᠥᠮᠦᠵᠢᠯ᠎ᠤᠨ ᠰᠢᠨᠵᠢᠯᠡᠬᠦ ᠤᠬᠠᠭ᠋ᠠᠨ᠎ᠤ ᠰᠣᠳᠤᠯᠭ᠋ᠠᠨ᠎ᠤ ᠮᠡᠳᠡᠯᠭᠡ ᠵᠢ ᠲᠦᠭᠡᠮᠡᠯᠵᠢᠭᠦᠯᠬᠦ ᠵᠢ ᠡᠭᠦᠷᠭᠡᠯᠡᠵᠦ᠂ ᠪᠦᠬᠦ ᠣᠷᠣᠨ᠎ᠤ ᠰᠤᠷᠭ᠋ᠠᠨ ᠬᠥᠮᠦᠵᠢᠯ᠎ᠤᠨ ᠰᠢᠨᠵᠢᠯᠡᠬᠦ ᠤᠬᠠᠭ᠋ᠠᠨ᠎ᠤ ᠰᠣᠳᠤᠯᠭ᠋ᠠᠨ᠎ᠤ ᠠᠵᠢᠯ᠎ᠢ ᠠᠬᠢᠭᠤᠯᠤᠨ᠎ᠠ; ᠪᠦᠬᠦ ᠣᠷᠣᠨ᠎ᠤ ᠴᠢᠨᠠᠷᠲᠠᠶ ᠰᠤᠷᠭ᠋ᠠᠨ ᠬᠥᠮᠦᠵᠢᠯ᠎ᠤᠨ ᠡᠷᠳᠡᠮ ᠰᠢᠨᠵᠢᠯᠡᠭᠡᠨ᠎ᠢ ᠰᠣᠯᠢᠯᠴᠠᠬᠤ᠂ ᠰᠤᠷᠭ᠋ᠠᠨ ᠬᠥᠮᠦᠵᠢᠯ᠎ᠤᠨ ᠣᠨᠣᠯᠵᠢᠬᠤᠨ᠎ᠢ ᠤᠬᠠᠭᠤᠯᠬᠤ᠎ᠲᠠᠢ ᠬᠣᠯᠪᠤᠭᠳᠠᠬᠤ ᠠᠵᠢᠯᠯᠠᠭ᠎ᠠ ᠵᠢ ᠥᠷᠨᠢᠭᠦᠯᠦᠨ᠎ᠡ; ᠡᠯ᠎ᠡ ᠲᠦᠷᠦᠯ᠎ᠤᠨ ᠰᠤᠷᠭ᠋ᠠᠨ ᠬᠥᠮᠦᠵᠢᠯ᠎ᠢ ᠦᠨᠡᠯᠡᠨ ᠵᠢᠱ᠌ᠢᠬᠦ ᠤᠨᠤᠯ᠎ᠤᠨ ᠰᠤᠳᠤᠯᠭ᠋ᠠᠨ ᠪᠠ ᠰᠤᠷᠭ᠋ᠠᠨ ᠬᠥᠮᠦᠵᠢᠯ᠎ᠢ ᠦᠨᠡᠯᠡᠨ ᠵᠢᠱ᠌ᠢᠬᠦ ᠲᠥᠰᠦᠯ᠎ᠢ ᠬᠡᠷᠡᠭᠵᠢᠭᠦᠯᠬᠦ ᠲᠥᠰᠦᠪ᠎ᠢ ᠲᠤᠭᠤᠷᠪᠢᠨ ᠲᠣᠭᠲᠠᠭ᠋ᠠᠨ᠎ᠠ; ᠰᠤᠷᠭ᠋ᠠᠨ ᠬᠥᠮᠦᠵᠢᠯ᠎ᠤᠨ ᠴᠢᠨᠠᠷ ᠴᠢᠨᠰᠠᠭ᠎ᠠ ᠵᠢ ᠦᠨᠡᠯᠡᠨ ᠵᠢᠱ᠌ᠢᠵᠦ ᠬᠢᠨᠠᠨ ᠰᠢᠯᠭ᠋ᠠᠬᠤ᠂ ᠪᠣᠯᠪᠠᠰᠤᠷᠠᠭᠤᠯᠵᠤ ᠰᠣᠯᠢᠯᠴᠠᠬᠤ᠂ ᠲᠤᠬᠠᠶ᠋ᠢᠯᠠᠭᠰᠠᠨ ᠠᠵᠢᠯ᠎ᠤᠨ ᠵᠦᠪᠯᠡᠯᠭᠡ ᠥᠭᠬᠦ ᠦᠢ᠍ᠯᠡᠴᠢᠯᠡᠭᠡᠨ᠎ᠤ ᠬᠣᠯᠪᠤᠭᠳᠠᠬᠤ ᠠᠵᠢᠯ᠎ᠢ ᠥᠷᠨᠢᠭᠦᠯᠦᠨ᠂ ᠬᠢᠨᠠᠨ ᠰᠢᠯᠭ᠋ᠠᠭᠰᠠᠨ ᠮᠡᠳᠡᠭᠦᠯᠦᠯᠲᠡ ᠵᠢ ᠨᠡᠶ᠋ᠢᠲᠡᠯᠡᠵᠦ᠂ ᠮᠡᠳᠡᠭᠦᠯᠦᠯᠲᠡ ᠵᠢᠨ ᠲᠠᠶ᠋ᠢᠯᠤᠮᠵᠢ᠂ ᠦᠷ᠎ᠡ ᠳ᠋ᠦᠩ᠎ᠤᠨ ᠬᠡᠷᠡᠭᠯᠡᠯᠲᠡ ᠵᠢ ᠵᠢᠯᠣᠭᠣᠳᠬᠤ ᠠᠵᠢᠯ᠎ᠢ ᠥᠷᠨᠢᠭᠦᠯᠦᠨ᠎ᠡ; ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠡᠦᠬᠡ ᠵᠢᠨ ᠣᠶ᠋ᠢᠯᠠᠯᠭ᠎ᠠ ᠵᠢ ᠨᠠᠶ᠋ᠢᠷᠠᠭᠤᠯᠬᠤ ᠬᠣᠯᠪᠤᠭᠳᠠᠬᠤ ᠠᠵᠢᠯ᠎ᠢ ᠳᠠᠭ᠋ᠠᠭ᠋ᠠᠨ ᠡᠭᠦᠷᠭᠡᠯᠡᠵᠦ᠂ ᠥᠪᠡᠷᠲᠡᠭᠡᠨ ᠵᠠᠰᠠᠬᠤ ᠣᠷᠣᠨ᠎ᠤ ᠳᠤᠮᠳᠠᠳᠤ ᠪᠠᠭ᠎ᠠ ᠰᠤᠷᠭ᠋ᠠᠭᠤᠯᠢ ᠵᠢᠨ ᠰᠡᠳᠬᠢᠴᠡ ᠵᠢᠨ ᠡᠷᠡᠭᠦᠯ ᠮᠡᠨᠳᠦ ᠵᠢᠨ ᠬᠥᠮᠦᠵᠢᠯ᠎ᠳᠤ ᠬᠣᠯᠪᠤᠭᠳᠠᠬᠤ ᠠᠵᠢᠯ᠎ᠢ ᠥᠷᠨᠢᠭᠦᠯᠦᠨ᠎ᠡ; ᠥᠪᠡᠷᠲᠡᠭᠡᠨ ᠵᠠᠰᠠᠬᠤ ᠣᠷᠣᠨ᠎ᠤ 《ᠤᠯᠤᠰ᠎ᠤᠨ ᠲᠠᠰ᠎ᠤᠨ ᠪᠣᠯᠪᠠᠰᠤᠷᠠᠭᠤᠯᠤᠯ᠎ᠤᠨ ᠲᠥᠯᠥᠪᠯᠡᠭᠡ》 ᠵᠢᠨ ᠲᠥᠰᠦᠯ᠎ᠤᠨ ᠲᠤᠰᠠᠯᠠᠬᠤ ᠴᠢᠨᠠᠷᠲᠠᠶ ᠠᠵᠢᠯ᠎ᠢ ᠡᠭᠦᠷᠭᠡᠯᠡᠨ᠎ᠡ; ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ᠎ᠠᠴᠠ ᠲᠤᠰᠢᠶᠠᠭᠰᠠᠨ ᠪᠤᠰᠤᠳ ᠬᠣᠯᠪᠤᠭᠳᠠᠬᠤ ᠠᠵᠢᠯ᠎ᠢ ᠡᠭᠦᠷᠭᠡᠯᠡᠨ᠎ᠡ᠃
ᠠᠵᠢᠯᠯᠠᠬᠤ ᠭᠠᠵᠠᠷ᠄ ᠬᠥᠬᠡᠬᠣᠲᠠ ᠵᠢᠨ ᠰᠢᠨ᠎ᠡ ᠬᠣᠲᠠ ᠲᠣᠭᠣᠷᠢᠭ᠎ᠤᠨ ᠳ᠋ᠢᠩ ᠰᠢᠶᠠᠩ ᠵᠠᠮ᠎ᠤᠨ 5 ᠳ᠋ᠤᠭ᠋ᠠᠷ ᠨᠣᠮᠧᠷ
ᠰᠢᠤᠳᠠᠨ ᠨᠣᠮᠧᠷ᠄ 010011
ᠠᠵᠢᠯᠯᠠᠬᠤ ᠴᠠᠭ᠄ ᠠᠵᠢᠯ᠎ᠤᠨ ᠡᠳᠦᠷ᠎ᠤᠨ 9:00 —12:00 14:00 —17:30
ᠬᠠᠷᠢᠯᠴᠠᠬᠤ ᠤᠲᠠᠰᠤ᠄ 0471 - 2856417
ᠬᠠᠷᠢᠭᠤᠴᠠᠯᠭ᠋ᠠᠲᠠᠨ᠄ ᠯᠢᠦ ᠶᠠᠨ ᠽᠧ