2022 ᠣᠨ᠎ᠤ ᠡᠪᠦᠯ᠎ᠤᠨ ᠠᠮᠠᠷᠠᠯᠲᠠ ᠪᠣᠯᠤᠯ᠎ᠠ᠃ ᠮᠠᠨ᠎ᠤ ᠤᠯᠤᠰ ᠮᠥᠨ ᠬᠦ᠌ 《ᠭᠠᠳᠠᠨ᠎ᠠ᠎ᠠᠴᠠ ᠬᠠᠯᠳᠠᠪᠤᠷᠢᠯᠠᠨ ᠣᠷᠣᠵᠤ ᠢᠷᠡᠬᠦ ᠵᠢ ᠰᠡᠷᠭᠡᠶ᠋ᠢᠯᠡᠬᠦ᠂ ᠳᠣᠲᠣᠭ᠋ᠠᠳᠤ᠎ᠳᠤ᠎ᠪᠠᠨ ᠳᠠᠬᠢᠨ ᠳᠡᠯᠭᠡᠷᠡᠬᠦ ᠵᠢ ᠰᠡᠷᠭᠡᠶ᠋ᠢᠯᠡᠬᠦ》 ᠲᠦᠭᠰᠢᠭᠦᠷᠢ᠎ᠳᠤ ᠲᠤᠯᠭ᠋ᠠᠷᠠᠵᠤ᠂ ᠡᠨᠳᠡ ᠲᠡᠨᠳᠡ ᠡᠭᠦᠰᠬᠦ ᠴᠠᠭ᠋ᠠᠰᠢᠯᠠᠪᠠᠯ ᠬᠡᠰᠡᠭ ᠭᠠᠵᠠᠷ ᠣᠷᠣᠨ᠎ᠳᠤ ᠴᠤᠭᠯᠠᠷᠠᠯ᠎ᠤᠨ ᠴᠢᠨᠠᠷᠲᠠᠶ ᠬᠢᠵᠢᠭ᠎ᠤᠨ ᠪᠠᠶ᠋ᠢᠳᠠᠯ ᠪᠠᠶ᠋ᠢᠨ ᠳᠠᠬᠢᠨ ᠡᠭᠦᠰᠴᠦ ᠪᠠᠶ᠋ᠢᠨ᠎ᠠ᠃ ᠣᠶ᠋ᠢᠷ᠎ᠠ᠎ᠳᠤ᠂ ᠰᠤᠷᠭ᠋ᠠᠨ ᠬᠥᠮᠦᠵᠢᠯ᠎ᠤᠨ ᠶᠠᠮᠤᠨ᠎ᠠᠴᠠ ᠳᠤᠮᠳᠠᠳᠤ ᠪᠠᠭ᠎ᠠ ᠰᠤᠷᠭ᠋ᠠᠭᠤᠯᠢ ᠵᠢᠨ ᠰᠣᠷᠣᠭᠴᠢ᠂ ᠬᠡᠦᠬᠡᠳ᠎ᠤᠨ ᠴᠡᠴᠡᠷᠯᠢᠭ ᠪᠠ ᠳᠡᠭᠡᠳᠦ ᠰᠤᠷᠭ᠋ᠠᠭᠤᠯᠢ ᠵᠢᠨ ᠰᠣᠷᠣᠭᠴᠢ᠎ᠳᠤ ᠡᠷᠡᠭᠦᠯ ᠮᠡᠨᠳᠦ ᠠᠮᠢᠳᠤᠷᠠᠯ᠎ᠢ ᠵᠢᠯᠣᠭᠣᠳᠬᠤ᠂ ᠥᠪᠡᠷ᠎ᠤᠨ ᠡᠷᠡᠭᠦᠯ ᠮᠡᠨᠳᠦ ᠵᠢᠨ ᠨᠢᠭᠡᠳᠦᠭᠡᠷ ᠬᠠᠷᠢᠭᠤᠴᠠᠯᠭ᠋ᠠᠲᠠᠨ ᠪᠣᠯᠬᠤ ᠰᠠᠨᠠᠭᠤᠯᠤᠮᠵᠢ ᠵᠢᠨ ᠠᠨᠢᠰᠤ ᠵᠢ ᠳᠤᠷᠠᠳᠪᠠ᠃
ᠳᠤᠮᠳᠠᠳᠤ ᠪᠠᠭ᠎ᠠ ᠰᠤᠷᠭ᠋ᠠᠭᠤᠯᠢ ᠵᠢᠨ ᠰᠤᠷᠤᠭᠴᠢ ᠪᠠ ᠪᠠᠭ᠎ᠠ ᠬᠡᠦᠬᠡᠳ ᠪᠣᠯᠪᠠᠰᠤᠷᠠᠯ ᠪᠠ ᠢᠳᠡᠭᠡᠨ ᠤᠮᠳᠠᠭ᠋ᠠᠨ
ᠵᠶ᠋ᠠᠨ ᠲᠡᠩᠴᠡᠭᠦᠷᠢᠲᠡᠢ ᠪᠠᠢ᠌ᠯᠭ᠋ᠠᠵᠤ ᠰᠤᠷᠤᠯᠴᠠᠬᠤ ᠪᠠ ᠨᠢᠳᠦ ᠬᠡᠷᠡᠭᠯᠡᠬᠦ ᠠᠷᠭ᠎ᠠ ᠳᠡᠮ᠎ᠢ ᠰᠤᠷᠬᠤ ᠬᠡᠷᠡᠭᠲᠡᠢ
· ᠬᠢᠵᠢᠭ᠎ᠤᠨ ᠪᠠᠶ᠋ᠢᠳᠠᠯ᠎ᠢ ᠰᠠᠨᠠᠭ᠋ᠠᠴᠢᠯᠠᠭ᠎ᠠ᠎ᠠᠴᠠ᠎ᠪᠠᠨ ᠰᠡᠷᠭᠡᠶ᠋ᠢᠯᠡᠨ ᠡᠵᠡᠮᠳᠡᠵᠦ᠂ ᠡᠷᠡᠭᠦᠯ ᠬᠠᠮᠠᠭ᠋ᠠᠯᠠᠯ᠎ᠤᠨ ᠳᠠᠳᠬᠠᠯ᠎ᠢ ᠪᠠᠲᠤᠯᠠᠬᠤ ᠬᠡᠷᠡᠭᠲᠡᠢ᠃ ᠦᠷᠭᠦᠯᠵᠢ ᠭᠠᠷ ᠵᠶ᠋ᠠᠨ ᠤᠬᠢᠶᠠᠵᠤ᠂ ᠠᠮᠠᠪᠴᠢ ᠵᠡᠭᠦᠵᠦ᠂ ᠦᠷᠭᠦᠯᠵᠢ ᠰᠠᠯᠬᠢ ᠨᠡᠪᠲᠡᠷᠡᠭᠦᠯᠵᠦ᠂ ᠴᠥᠭᠡᠨ ᠴᠤᠭᠯᠠᠷᠠᠵᠤ᠂ ᠨᠡᠶ᠋ᠢᠲᠡ ᠵᠢᠨ ᠰᠠᠪᠬ᠎ᠠ ᠵᠢ ᠬᠡᠷᠡᠭᠯᠡᠵᠦ᠂ ᠠᠮᠤᠷ ᠲᠦᠪᠰᠢᠨ ᠨᠡᠶ᠋ᠢᠭᠡᠮ᠎ᠤᠨ ᠬᠠᠷᠢᠯᠴᠠᠭ᠋ᠠᠨ᠎ᠤ ᠵᠠᠶ ᠵᠢ ᠪᠠᠲᠤᠯᠠᠵᠤ᠂ ᠠᠷᠢᠭᠤᠨ ᠴᠡᠪᠡᠷ ᠣᠷᠣᠨ ᠰᠠᠭᠤᠴᠠ ᠵᠢᠨ ᠣᠷᠴᠢᠨ ᠲᠣᠭᠣᠷᠢᠨ᠎ᠢ ᠬᠠᠮᠠᠭ᠋ᠠᠯᠠᠨ᠎ᠠ᠃
· ᠠᠶᠠᠨ ᠵᠠᠮ᠎ᠤᠨ ᠠᠮᠤᠷ ᠲᠦᠪᠰᠢᠨ᠎ᠢ ᠠᠩᠬᠠᠷᠴᠤ᠂ ᠰᠡᠷᠭᠡᠶ᠋ᠢᠯᠡᠨ ᠡᠵᠡᠮᠳᠡᠬᠦ ᠱᠠᠭ᠋ᠠᠷᠳᠠᠯᠭ᠎ᠠ ᠵᠢ ᠪᠠᠲᠤ ᠴᠡᠭᠡᠵᠢᠯᠡᠬᠦ ᠬᠡᠷᠡᠭᠲᠡᠶ᠃ ᠣᠷᠣᠨ ᠪᠦᠰᠡ ᠠᠯᠤᠰᠯᠠᠨ ᠭᠠᠳᠠᠭᠰᠢ ᠭᠠᠷᠬᠤ ᠵᠢ ᠰᠠᠨᠠᠭ᠋ᠠᠴᠢᠯᠠᠭ᠎ᠠ᠎ᠠᠴᠠ᠎ᠪᠠᠨ ᠪᠠᠭ᠋ᠠᠰᠬᠠᠵᠤ᠂ ᠦᠨᠡᠨ ᠬᠦ᠌ ᠭᠠᠳᠠᠭᠰᠢ ᠭᠠᠷᠴᠤ ᠵᠤᠭ᠋ᠠᠴᠠᠬᠤ ᠴᠢᠬᠤᠯᠠᠲᠠᠶ ᠪᠣᠯ ᠣᠯᠠᠨ ᠨᠡᠶ᠋ᠢᠲᠡ ᠵᠢᠨ ᠲᠠᠯᠠᠪᠤᠷ᠎ᠤᠨ ᠡᠷᠡᠭᠦᠯ ᠮᠡᠨᠳᠦ ᠵᠢᠨ ᠬᠢᠨᠠᠨ ᠪᠠᠢ᠌ᠴᠠᠭ᠋ᠠᠯᠲᠠ ᠪᠠ ᠬᠢᠵᠢᠭ᠎ᠢ ᠰᠡᠷᠭᠡᠶ᠋ᠢᠯᠡᠬᠦ ᠬᠠᠮᠢᠶᠠᠷᠤᠯᠲᠠ ᠵᠢ ᠰᠠᠨᠠᠭ᠋ᠠᠴᠢᠯᠠᠭ᠎ᠠ᠎ᠠᠴᠠ᠎ᠪᠠᠨ ᠰᠠᠬᠢᠬᠤ ᠬᠡᠷᠡᠭᠲᠡᠶ᠃ ᠠᠶᠠᠨ ᠵᠠᠮ᠎ᠳᠤ ᠠᠮᠠᠪᠴᠢ᠎ᠪᠠᠨ ᠵᠥᠪ ᠵᠡᠭᠦᠵᠦ᠂ ᠭᠠᠷᠤᠨ ᠡᠷᠡᠭᠦᠯ ᠬᠠᠮᠠᠭ᠋ᠠᠯᠠᠯ᠂ ᠢᠳᠡᠭᠡᠨ ᠤᠮᠳᠠᠭ᠋ᠠᠨ᠎ᠤ ᠠᠮᠤᠷ ᠲᠦᠪᠰᠢᠨ ᠪᠠ ᠨᠡᠶ᠋ᠢᠭᠡᠮ᠎ᠤᠨ ᠬᠠᠷᠢᠯᠴᠠᠭ᠋ᠠᠨ᠎ᠤ ᠵᠠᠶ ᠵᠢ ᠪᠠᠲᠤᠯᠠᠬᠤ ᠵᠢ ᠠᠩᠬᠠᠷᠬᠤ ᠬᠡᠷᠡᠭᠲᠡᠶ᠃ ᠪᠡᠶ᠎ᠡ᠎ᠳᠤ ᠰᠡᠵᠢᠭᠯᠡᠯᠲᠡᠶ ᠡᠪᠡᠳᠴᠢᠨ᠎ᠤ ᠢᠯᠡᠷᠡᠯ ᠭᠠᠷᠪᠠᠯ ᠰᠠᠨᠠᠭ᠋ᠠᠴᠢᠯᠠᠭ᠎ᠠ᠎ᠠᠴᠠ᠎ᠪᠠᠨ ᠮᠡᠳᠡᠭᠦᠯᠵᠦ᠂ ᠳᠠᠷᠤᠢ᠎ᠳᠤ᠎ᠨᠢ ᠣᠶ᠋ᠢᠷ᠎ᠠ ᠬᠠᠪᠢ ᠵᠢᠨ ᠡᠮᠨᠡᠯᠭᠡ ᠵᠢᠨ ᠬᠣᠷᠢᠶ᠎ᠠ᠎ᠳᠤ᠎ᠪᠠᠨ ᠡᠮᠨᠡᠭᠦᠯᠬᠦ ᠬᠡᠷᠡᠭᠲᠡᠶ᠃
· ᠢᠳᠡᠭᠡᠨ ᠤᠮᠳᠠᠭ᠋ᠠᠨ᠎ᠤ ᠰᠢᠮ᠎ᠡ ᠲᠡᠵᠢᠭᠡᠯ᠎ᠢ ᠲᠡᠩᠴᠡᠭᠦᠯᠵᠦ᠂ ᠢᠳᠡᠭᠡᠨ ᠤᠮᠳᠠᠭ᠋ᠠᠨ᠎ᠤ ᠠᠮᠤᠷ ᠲᠦᠪᠰᠢᠨ᠎ᠢ ᠠᠩᠬᠠᠷᠬᠤ ᠬᠡᠷᠡᠭᠲᠡᠶ᠃ ᠰᠢᠮ᠎ᠡ ᠲᠡᠵᠢᠭᠡᠯ ᠲᠡᠩᠴᠡᠭᠦᠷᠢᠲᠡᠶ᠂ ᠮᠢᠬ᠎ᠠ ᠨᠣᠭᠣᠭ᠎ᠠ ᠲᠣᠬᠢᠷᠠᠮᠵᠢᠲᠠᠢ᠂ ᠲᠥᠷᠥᠯ ᠵᠦᠢ᠍ᠯ ᠣᠯᠠᠨ᠂ ᠢᠳᠡᠰᠢ ᠭᠣᠯᠣᠬᠤ ᠥᠬᠡᠶ᠂ ᠢᠳᠡᠰᠢ ᠰᠣᠩᠭᠤᠬᠤ ᠥᠬᠡᠶ᠂ ᠬᠡᠲᠦᠷᠡᠲᠡᠯ᠎ᠡ ᠢᠳᠡᠵᠦ ᠤᠤᠭᠤᠬᠤ ᠥᠬᠡᠶ᠃ ᠢᠯᠡᠭᠦᠦ ᠪᠤᠴᠠᠯᠤᠭᠰᠠᠨ ᠤᠰᠤ ᠤᠤᠭᠤᠵᠤ᠂ ᠰᠢᠬᠢᠷ᠎ᠲᠠᠢ ᠤᠮᠳᠠᠭ᠋ᠠᠨ᠎ᠢ ᠪᠠᠭ᠎ᠠ ᠤᠤᠭᠤᠬᠤ ᠪᠤᠶᠤ ᠤᠤᠭᠤᠬᠤ ᠦᠭᠡᠢ᠂ ᠰᠤᠯᠠ ᠢᠳᠡᠭᠡᠨ᠂ ᠲᠣᠰᠣᠨ᠎ᠳᠤ ᠪᠤᠴᠠᠯᠭ᠋ᠠᠭᠰᠠᠨ ᠢᠳᠡᠭᠡᠨ᠎ᠢ ᠪᠠᠭ᠎ᠠ ᠢᠳᠡᠨ᠎ᠡ᠃ ᠭᠡᠷ ᠪᠦᠯᠢ ᠵᠢᠨ ᠬᠣᠭᠣᠯᠠᠨ᠎ᠤ ᠬᠡᠷᠡᠭᠰᠡᠯ᠎ᠢ ᠲᠤᠰ ᠲᠤᠰ᠎ᠲᠤ᠎ᠪᠠᠨ ᠬᠡᠷᠡᠭᠯᠡᠵᠦ᠂ ᠲᠣᠭᠲᠠᠮᠠᠯ ᠬᠤᠭᠤᠴᠠᠭ᠋ᠠᠲᠠᠢ ᠠᠷᠢᠭᠤᠳᠬᠠᠨ᠎ᠠ᠃ ᠲᠤᠰᠠᠭ᠋ᠠᠷ ᠬᠣᠭᠣᠯᠠᠯᠠᠬᠤ ᠳᠦᠷᠢᠮ᠎ᠢ ᠰᠠᠨᠠᠭ᠋ᠠᠴᠢᠯᠠᠵᠤ᠂ ᠨᠡᠶ᠋ᠢᠲᠡ ᠵᠢᠨ ᠰᠠᠪᠬ᠎ᠠ᠂ ᠨᠡᠶ᠋ᠢᠲᠡ ᠵᠢᠨ ᠬᠠᠯᠪᠠᠭ᠎ᠠ ᠵᠢ ᠬᠡᠷᠡᠭᠯᠡᠵᠦ᠂ ᠰᠣᠯᠪᠢᠴᠠᠨ ᠬᠠᠯᠳᠠᠪᠤᠷᠢᠯᠠᠬᠤ᠎ᠠᠴᠠ ᠵᠠᠢ᠌ᠯᠠᠰᠬᠢᠬᠤ ᠬᠡᠷᠡᠭᠲᠡᠶ᠃
· ᠵᠢᠮ᠎ᠡ ᠶᠣᠰᠣᠲᠠᠢ ᠠᠵᠢᠯᠯᠠᠵᠤ ᠠᠮᠠᠷᠠᠵᠤ᠂ ᠰᠡᠳᠬᠢᠴᠡ ᠵᠢᠨ ᠡᠷᠡᠭᠦᠯ ᠮᠡᠨᠳᠦ ᠵᠢ ᠬᠠᠮᠠᠭ᠋ᠠᠯᠠᠬᠤ ᠬᠡᠷᠡᠭᠲᠡᠢ᠃ ᠠᠵᠢᠯᠯᠠᠵᠤ ᠠᠮᠠᠷᠠᠬᠤ᠎ᠪᠠᠨ ᠵᠣᠬᠢᠰᠲᠠᠶ ᠲᠣᠬᠢᠷᠠᠭᠤᠯᠵᠤ᠂ ᠡᠷᠲᠡ ᠤᠨᠲᠠᠵᠤ ᠡᠷᠲᠡ ᠪᠣᠰᠬᠤ᠂ ᠰᠥᠨᠢᠵᠢᠨ ᠰᠠᠭᠤᠬᠤ ᠦᠭᠡᠢ᠂ ᠰᠦᠯᠵᠢᠶᠡᠨ᠎ᠳᠤ ᠰᠢᠨᠤᠬᠤ ᠦᠭᠡᠢ᠂ ᠰᠤᠷᠤᠯᠴᠠᠬᠤ᠂ ᠬᠥᠳᠡᠯᠭᠡᠭᠡᠨ ᠬᠢᠬᠦ ᠵᠡᠷᠭᠡ ᠴᠠᠭ ᠵᠶ᠋ᠠᠨ ᠵᠢᠮ᠎ᠡ ᠶᠣᠰᠣᠲᠠᠢ ᠲᠣᠬᠢᠷᠠᠭᠤᠯᠬᠤ ᠬᠡᠷᠡᠭᠲᠡᠢ᠃ ᠳᠤᠷ᠎ᠠ ᠰᠣᠨᠢᠷᠬᠠᠯ᠎ᠢ ᠬᠥᠭᠵᠢᠭᠡᠵᠦ᠂ ᠡᠷᠡᠭᠦᠯ ᠰᠡᠳᠬᠢᠴᠡ᠎ᠲᠠᠢ ᠪᠠᠶ᠋ᠢᠵᠤ᠂ ᠭᠡᠷ᠎ᠤᠨ ᠬᠥᠮᠦᠰ᠎ᠲᠠᠢ᠎ᠪᠠᠨ ᠢᠯᠡᠭᠦᠬᠡᠨ ᠨᠡᠪᠲᠡᠷᠡᠯᠴᠡᠵᠦ᠂ ᠤᠷᠮ᠎ᠠ ᠰᠡᠳᠬᠢᠯᠭᠡ᠎ᠪᠠᠨ ᠬᠠᠮᠢᠶᠠᠷᠤᠨ ᠡᠵᠡᠮᠳᠡᠬᠦ ᠵᠢ ᠰᠤᠷᠬᠤ ᠬᠡᠷᠡᠭᠲᠡᠶ᠃
· ᠤᠩᠰᠢᠵᠤ ᠪᠢᠴᠢᠬᠦ᠎ᠳᠤ ᠲᠥᠷᠬᠦ᠎ᠪᠠᠨ ᠲᠥᠪ ᠪᠠᠶ᠋ᠢᠯᠭ᠋ᠠᠵᠤ᠂ ᠰᠡᠷᠭᠡᠶ᠋ᠢᠯᠡᠨ ᠡᠵᠡᠮᠳᠡᠬᠦ ᠭᠣᠣᠯᠳᠠᠯᠭ᠎ᠠ᠎ᠪᠠᠨ ᠪᠠᠲᠤ ᠴᠡᠭᠡᠵᠢᠯᠡᠬᠦ ᠬᠡᠷᠡᠭᠲᠡᠢ᠃ ᠭᠡᠷ᠎ᠤᠨ ᠠᠬᠠᠮᠠᠳ ᠬᠡᠦᠬᠡᠳ᠎ᠤᠨ ᠤᠩᠰᠢᠵᠤ ᠪᠢᠴᠢᠬᠦ ᠲᠥᠷᠬᠦ ᠵᠢ ᠠᠩᠬᠠᠷᠬᠤ ᠬᠡᠷᠡᠭᠲᠡᠶ᠃ ᠬᠡᠦᠬᠡᠳ ᠤᠩᠰᠢᠵᠤ ᠪᠢᠴᠢᠬᠦ᠎ᠳᠤ ᠰᠢᠷᠡᠭᠡ ᠰᠠᠨᠳᠠᠯᠢ ᠵᠢᠨ ᠥᠨᠳᠥᠷ᠎ᠤᠨ ᠬᠡᠮᠵᠢᠶ᠎ᠡ ᠵᠢ ᠲᠣᠬᠢᠷᠠᠮᠵᠢᠲᠠᠢ ᠪᠠᠶ᠋ᠢᠯᠭ᠋ᠠᠵᠤ᠂ ᠨᠣᠮ ᠳᠡᠪᠲᠡᠷ᠎ᠢ ᠨᠢᠳᠦᠨ᠎ᠠᠴᠠ᠎ᠨᠢ ᠨᠢᠭᠡ ᠲᠤᠬᠤᠢ᠂ ᠴᠡᠭᠡᠵᠢᠠᠴᠠᠨᠢ ᠨᠢᠭᠡ ᠨᠢᠳᠤᠷᠭ᠎ᠠ ᠰᠠᠯᠭ᠋ᠠᠵᠤ᠂ ᠪᠢᠷ᠎ᠤᠨ ᠦᠵᠦᠭᠦᠷ᠎ᠠᠴᠠ ᠨᠢᠭᠡ ᠢᠮᠠᠬᠤ ᠰᠠᠯᠭ᠋ᠠᠨᠠ᠃ ᠬᠡᠪᠯᠡᠭᠰᠡᠨ ᠨᠣᠮ᠎ᠢ ᠤᠩᠰᠢᠬᠤ᠎ᠳᠤ ᠦᠰᠦᠭ᠎ᠤᠨ ᠨᠣᠮᠧᠷ᠎ᠢ ᠬᠡᠳᠦ ᠪᠠᠭ᠎ᠠ ᠪᠠᠶ᠋ᠢᠯᠭ᠋ᠠᠵᠤ ᠪᠣᠯᠬᠤ ᠦᠭᠡᠢ᠂ ᠮᠠᠲ᠋ᠧᠷᠢᠶᠠᠯ᠎ᠤᠨ ᠴᠢᠨᠠᠷ᠎ᠨᠢ ᠴᠢᠳᠠᠬᠤ ᠵᠢᠨ ᠳᠣᠲᠣᠷ᠎ᠠ ᠭᠡᠷᠡᠯ᠎ᠤᠨ ᠣᠶ᠋ᠢᠯᠲᠠᠲᠠᠢ ᠪᠠᠶ᠋ᠢᠵᠤ ᠪᠣᠯᠬᠤ ᠦᠭᠡᠢ᠂ ᠤᠩᠰᠢᠬᠤ᠎ᠳᠤ ᠲᠠᠭ᠋ᠠᠯᠠᠮᠵᠢᠲᠠᠶ ᠪᠠᠶ᠋ᠢᠬᠤ ᠵᠢ ᠪᠠᠲᠤᠯᠠᠬᠤ ᠬᠡᠷᠡᠭᠲᠡᠶ᠃ ᠤᠩᠰᠢᠵᠤ ᠪᠢᠴᠢᠬᠦ ᠦᠶᠡᠰ ᠬᠡᠷᠡᠯᠳᠦᠭᠦᠯᠭᠡ ᠭᠦᠢ᠍ᠴᠡᠳ ᠪᠠᠢ᠌ᠬᠤ ᠵᠢ ᠪᠠᠲᠤᠯᠠᠬᠤ ᠬᠡᠷᠡᠭᠲᠡᠢ᠃ ᠭᠡᠷᠡᠯ᠎ᠤᠨ ᠱᠤᠭᠤᠮ ᠭᠦᠢ᠍ᠴᠡᠳ ᠤᠢ᠍ᠭᠡᠢ ᠦᠶᠡᠰ᠂ ᠲᠠᠯᠪᠢᠭᠤᠷ ᠳ᠋ᠧᠩ᠎ᠤᠨ ᠬᠠᠪᠰᠤᠷᠤᠮᠵᠢ ᠭᠡᠷᠡᠯᠲᠦᠭᠦᠯᠭᠡ᠎ᠪᠠᠷ ᠲᠡᠮᠵᠢᠠ ᠭᠡᠷᠡᠯᠲᠦᠴᠡ ᠵᠢ ᠨᠡᠮᠡᠭᠳᠡᠭᠦᠯᠵᠦ᠂ ᠲᠠᠯᠪᠢᠭᠤᠷ ᠳ᠋ᠧᠩ᠎ᠢ ᠦᠰᠦᠭ ᠪᠢᠴᠢᠬᠦ ᠭᠠᠷᠤᠨ ᠡᠰᠡᠷᠭᠦ ᠲᠠᠯ᠎ᠠ ᠵᠢᠨ ᠡᠮᠦᠨ᠎ᠡ ᠲᠠᠯ᠎ᠠ᠎ᠳᠤ ᠲᠠᠯᠪᠢᠬᠤ ᠬᠡᠷᠡᠭᠲᠡᠢ᠃
· ᠰᠦᠯᠵᠢᠶᠡᠨ᠎ᠳᠤ ᠰᠤᠷᠤᠯᠴᠠᠬᠤ᠎ᠳᠤ ᠶᠡᠬᠡ ᠳᠡᠯᠭᠡᠴᠡ᠂ ᠠᠮᠤᠷ ᠲᠦᠪᠰᠢᠨ᠎ᠤ ᠵᠠᠶ᠎ᠪᠠᠷ ᠨᠢᠳᠦ᠎ᠪᠠᠨ ᠬᠠᠮᠠᠭ᠋ᠠᠯᠠᠬᠤ ᠬᠡᠷᠡᠭᠲᠡᠢ᠃ ᠳᠡᠯᠭᠡᠴᠡ᠎ᠪᠠᠷ ᠰᠤᠷᠤᠯᠴᠠᠬᠤ᠎ᠳᠤ ᠨᠡᠯᠢᠶᠡᠳ ᠶᠡᠬᠡ ᠳᠡᠯᠭᠡᠴᠡ ᠵᠢ ᠰᠣᠩᠭᠤᠵᠤ᠂ ᠢᠯᠭ᠋ᠠᠮᠵᠢ᠎ᠪᠠᠷ ᠨᠡᠯᠢᠶᠡᠳ ᠥᠨᠳᠥᠷ ᠡᠯᠧᠺᠲᠷᠣᠨ ᠦᠢ᠍ᠯᠡᠳᠭᠦᠨ᠎ᠢ ᠰᠣᠩᠭᠣᠨ ᠬᠡᠷᠡᠭᠯᠡᠵᠦ᠂ ᠣᠷᠴᠢᠨ ᠲᠣᠭᠣᠷᠢᠨ᠎ᠢ ᠦᠨᠳᠦᠰᠦᠯᠡᠨ ᠭᠡᠷᠡᠯᠲᠦᠴᠡ ᠵᠢ ᠲᠣᠬᠢᠷᠠᠭᠤᠯᠬᠤ ᠬᠡᠷᠡᠭᠲᠡᠢ᠃ ᠬᠡᠦᠬᠡᠳ᠎ᠤᠨ ᠡᠯᠧᠺᠲᠷᠣᠨ ᠳᠡᠯᠭᠡᠴᠡ ᠵᠢ ᠦᠵᠡᠬᠦ᠎ᠳᠤ ᠴᠠᠭ᠎ᠢ ᠬᠢᠵᠠᠭ᠋ᠠᠷᠯᠠᠵᠤ᠂ ᠨᠠᠰᠤ᠎ᠨᠢ ᠬᠡᠳᠦᠶ ᠪᠠᠭ᠎ᠠ ᠪᠣᠯ ᠲᠡᠳᠦᠶ ᠣᠬᠣᠷ ᠪᠠᠢ᠌ᠯᠭ᠋ᠠᠵᠤ᠂ 《20-20-20》 ᠵᠢᠨ ᠲᠦᠷᠢᠮ᠎ᠢ ᠵᠢᠷᠤᠮᠯᠠᠬᠤ ᠬᠡᠷᠡᠭᠲᠡᠢ᠂ ᠲᠤᠬᠠᠶ᠋ᠢᠯᠠᠪᠠᠯ᠂ ᠡᠯᠧᠺᠲᠷᠣᠨ ᠳᠡᠯᠭᠡᠴᠡ ᠵᠢ 20 ᠮᠢᠨᠦ᠋ᠲ ᠦᠵᠡᠭᠰᠡᠨ᠎ᠤ ᠳᠠᠷᠠᠭ᠎ᠠ᠂ 20 ᠹᠦᠲ ᠬᠣᠯᠠ ᠵᠢ (6 ᠮᠧᠲᠷ) 20 ᠰᠧᠺᠦ᠋ᠨ᠋ᠳ᠋᠎ᠠᠴᠠ ᠳᠡᠭᠡᠭᠰᠢ ᠪᠠᠷᠠᠯᠠᠬᠤ ᠬᠡᠷᠡᠭᠲᠡᠶ᠃ ᠲᠧᠯᠸᠢᠰ ᠦᠵᠡᠬᠦ ᠪᠤᠶᠤ ᠳᠤᠰᠬᠠᠯᠲᠠ ᠵᠢᠨ ᠪᠠᠭ᠋ᠠᠵᠢ ᠵᠢ ᠦᠵᠡᠬᠦ ᠦᠶᠡᠰ᠂ ᠨᠢᠳᠦ᠎ᠪᠠᠨ ᠳᠡᠯᠭᠡᠴᠡ᠎ᠠᠴᠠ 3 ᠮᠧᠲᠷ᠎ᠠᠴᠠ ᠳᠡᠭᠡᠭᠰᠢ ᠵᠠᠢ᠌ᠲᠠᠢ ᠪᠠᠢ᠌ᠯᠭ᠋ᠠᠵᠤ᠂ ᠺᠣᠮᠫᠢᠦ᠋ᠲ᠋ᠧᠷ ᠬᠡᠷᠡᠭᠯᠡᠬᠦ ᠦᠶᠡᠰ᠂ ᠨᠢᠳᠦ᠎ᠪᠠᠨ ᠳᠡᠯᠭᠡᠴᠡ᠎ᠠᠴᠠ 50 ᠰᠠᠨᠲ᠋ᠢᠮᠧᠳ᠋ᠷ ᠵᠠᠶ᠋ᠢᠲᠠᠶ ᠪᠠᠢ᠌ᠯᠭ᠋ᠠᠬᠤ ᠬᠡᠷᠡᠭᠲᠡᠢ᠃
ᠳᠡᠭᠡᠳᠦ ᠰᠤᠷᠭ᠋ᠠᠭᠤᠯᠢ ᠵᠢᠨ ᠰᠤᠷᠤᠭᠴᠢ ᠠᠵᠢᠯᠯᠠᠵᠤ ᠠᠮᠠᠷᠠᠬᠤ ᠪᠠ ᠡᠷᠡᠭᠦᠯ
ᠮᠡᠨᠳᠦ ᠠᠮᠢᠳᠤᠷᠠᠯ᠎ᠤᠨ ᠠᠷᠭ᠎ᠠ ᠮᠠᠶᠢᠭ᠎ᠢ ᠵᠣᠬᠢᠰᠲᠠᠶ ᠲᠣᠬᠢᠷᠠᠭᠤᠯᠬᠤ ᠬᠡᠷᠡᠭᠲᠡᠢ
ᠡᠭᠦᠨ᠎ᠤ ᠬᠠᠮᠲᠤ᠂ ᠰᠤᠷᠭ᠋ᠠᠨ ᠬᠥᠮᠦᠵᠢᠯ᠎ᠤᠨ ᠶᠠᠮᠤᠨ᠎ᠠᠴᠠ ᠪᠠᠰᠠ ᠪᠥᠬᠥ ᠤᠯᠤᠰ᠎ᠤᠨ ᠳᠡᠭᠡᠳᠦ ᠰᠤᠷᠭ᠋ᠠᠭᠤᠯᠢ ᠵᠢᠨ ᠡᠷᠡᠭᠦᠯ ᠮᠡᠨᠳᠦ ᠵᠢᠨ ᠰᠤᠷᠭ᠋ᠠᠨ ᠬᠥᠮᠦᠵᠢᠯ ᠵᠢᠭ᠋ᠠᠨ ᠰᠤᠷᠭ᠋ᠠᠯᠲᠠ ᠵᠢᠨ ᠵᠢᠯᠣᠭᠣᠳᠬᠤ ᠵᠥᠪᠯᠡᠯ᠎ᠤᠨ ᠲᠤᠰᠬᠠᠶ ᠮᠡᠷᠭᠡᠵᠢᠯᠲᠡᠨ᠎ᠢ ᠵᠢᠯᠣᠭᠣᠳᠴᠤ᠂ ᠨᠢᠭᠡᠨᠲᠡ ᠪᠠᠶ᠋ᠢᠭ᠎ᠠ ᠬᠡᠪᠯᠡᠯ᠎ᠤᠨ ᠰᠠᠭᠤᠷᠢᠨ ᠳᠡᠭᠡᠷ᠎ᠡ᠂ 2022 ᠣᠨ᠎ᠤ ᠡᠪᠦᠯ᠎ᠤᠨ ᠠᠮᠠᠷᠠᠯᠲᠠ ᠵᠢᠨ ᠳᠡᠭᠡᠳᠦ ᠰᠤᠷᠭ᠋ᠠᠭᠤᠯᠢ ᠵᠢᠨ ᠰᠤᠷᠤᠭᠴᠢᠳ᠎ᠤᠨ ᠡᠷᠡᠭᠦᠯ ᠮᠡᠨᠳᠦ ᠵᠢᠨ ᠠᠮᠢᠳᠤᠷᠠᠯ᠎ᠤᠨ ᠰᠠᠨᠠᠭᠤᠯᠤᠮᠵᠢ ᠵᠢᠨ ᠠᠨᠢᠰᠤ᠎ᠳᠤ ᠵᠠᠰᠠᠪᠤᠷᠢ ᠣᠷᠣᠭᠤᠯᠵᠤ ᠲᠡᠭᠦᠯᠳᠡᠷᠵᠢᠭᠦᠯᠪᠡ᠃
· ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠪᠣᠯ ᠮᠠᠰᠢ ᠴᠢᠬᠤᠯᠠ᠂ ᠰᠠᠢ᠍ᠢ᠍ᠨ ᠳᠤᠷ᠎ᠠ ᠵᠢᠨ ᠦᠢ᠍ᠯᠡᠴᠢᠯᠡᠭᠡᠨ᠎ᠤ ᠳᠦᠷᠢ ᠲᠥᠷᠬᠦ᠎ᠪᠠᠨ ᠪᠠᠳᠠᠷᠠᠭᠤᠯᠬᠤ ᠬᠡᠷᠡᠭᠲᠡᠢ᠃ ᠨᠤᠲᠤᠭ᠎ᠲᠤ᠎ᠪᠠᠨ ᠪᠤᠴᠠᠭᠰᠠᠳ᠎ᠢ ᠬᠠᠮᠢᠶᠠᠷᠬᠤ ᠬᠡᠷ ᠪᠦᠯᠢ ᠵᠢᠨ ᠰᠠᠭᠤᠭ᠎ᠠ ᠭᠠᠵᠠᠷ᠎ᠤᠨ ᠲᠣᠭᠲᠠᠭ᠋ᠠᠯ᠎ᠢ ᠤᠬᠠᠮᠰᠠᠷ᠎ᠠᠴᠠ᠎ᠪᠠᠨ ᠵᠢᠷᠤᠮᠯᠠᠵᠤ᠂ ᠦᠷᠭᠦᠯᠵᠢᠯᠡᠨ ᠬᠤᠪᠢ ᠬᠥᠮᠦᠨ᠎ᠤ ᠡᠷᠡᠭᠦᠯ ᠬᠠᠮᠠᠭ᠋ᠠᠯᠠᠯ᠎ᠤᠨ ᠰᠠᠶ᠋ᠢᠨ ᠰᠠᠶ᠋ᠢᠬᠠᠨ ᠳᠠᠳᠬᠠᠯ ᠵᠶ᠋ᠠᠨ ᠪᠠᠷᠢᠮᠲᠠᠯᠠᠬᠤ ᠬᠡᠷᠡᠭᠲᠡᠶ᠃ ᠰᠠᠭᠤᠭ᠎ᠠ ᠨᠡᠶ᠋ᠢᠭᠡᠮ ᠲᠣᠭᠣᠷᠢᠭ (ᠬᠥᠳᠡᠭᠡ ᠲᠣᠰᠬᠣᠨ)᠎ᠤᠨ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ᠎ᠳᠤ ᠢᠳᠡᠪᠬᠢᠲᠡᠶ ᠣᠷᠣᠯᠴᠠᠵᠤ᠂ ᠦᠨᠳᠦᠰᠦᠨ ᠱᠠᠲᠤᠨ᠎ᠤ ᠺᠠᠳ᠋ᠷ ᠣᠯᠠᠨ ᠲᠦᠮᠡᠨ᠎ᠢ ᠬᠠᠪᠰᠤᠷᠤᠨ ᠰᠡᠷᠭᠡᠶ᠋ᠢᠯᠡᠨ ᠡᠵᠡᠮᠳᠡᠬᠦ ᠠᠷᠭ᠎ᠠ ᠬᠡᠮᠵᠢᠶ᠎ᠡ ᠵᠢ ᠨᠠᠶ᠋ᠢᠳᠠᠪᠤᠷᠢᠵᠢᠭᠤᠯᠵᠤ᠂ ᠰᠢᠨ᠎ᠡ ᠴᠠᠭ ᠦᠶ᠎ᠡ ᠵᠢᠨ ᠤᠶᠤᠲᠠᠳ᠎ᠤᠨ ᠣᠶᠤᠨ ᠰᠠᠨᠠᠭ᠋ᠠᠨ᠎ᠤ ᠳᠦᠷᠢ ᠪᠠᠶ᠋ᠢᠳᠠᠯ᠎ᠢ ᠢᠯᠡᠷᠡᠭᠦᠯᠬᠦ ᠬᠡᠷᠡᠭᠲᠡᠢ᠃
· ᠠᠵᠢᠯᠯᠠᠵᠤ ᠠᠮᠠᠷᠠᠬᠤ᠎ᠪᠠᠨ ᠡᠮᠬᠢ ᠵᠢᠷᠤᠮ᠎ᠲᠠᠢ ᠪᠠᠢ᠌ᠯᠭ᠋ᠠᠵᠤ᠂ ᠪᠡᠶ᠎ᠡ ᠵᠢᠨ ᠲᠠᠮᠢᠷ᠎ᠤᠨ ᠪᠣᠯᠪᠠᠰᠤᠷᠠᠯ᠎ᠢ ᠳᠤᠲᠠᠭᠳᠠᠭᠤᠯᠵᠤ ᠪᠣᠯᠬᠤ ᠦᠭᠡᠢ᠃ ᠴᠠᠭ᠎ᠲᠤ᠎ᠪᠠᠨ ᠠᠵᠢᠯᠯᠠᠵᠤ ᠠᠮᠠᠷᠠᠬᠤ᠂ ᠰᠥᠨᠢᠵᠢᠨ ᠰᠠᠭᠤᠬᠤ ᠵᠢ ᠳᠡᠪᠴᠢᠵᠦ᠂ ᠡᠳᠦᠷ ᠪᠦᠷᠢ 8 ᠴᠠᠭ ᠤᠨᠲᠠᠬᠤ ᠵᠢ ᠪᠠᠲᠤᠯᠠᠬᠤ ᠬᠡᠷᠡᠭᠲᠡᠢ᠃ ᠣᠯᠠᠨ ᠵᠦᠢ᠍ᠯ᠎ᠤᠨ ᠬᠡᠯᠪᠡᠷᠢ ᠵᠢᠨ ᠭᠡᠷ᠎ᠤᠨ ᠭᠠᠳᠠᠨᠠᠬᠢ ᠬᠥᠳᠡᠯᠭᠡᠭᠡᠨ ᠪᠠ ᠪᠡᠶ᠎ᠡ ᠵᠢᠨ ᠲᠠᠮᠢᠷ᠎ᠤᠨ ᠪᠣᠯᠪᠠᠰᠤᠷᠠᠯ᠎ᠳᠤ ᠣᠷᠣᠯᠴᠠᠬᠤ ᠵᠢ ᠪᠠᠷᠢᠮᠲᠠᠯᠠᠵᠤ᠂ ᠡᠳᠦᠷ ᠪᠦᠷᠢ 1 ᠴᠠᠭ ᠪᠣᠯᠪᠠᠰᠤᠷᠠᠬᠤ ᠬᠡᠷᠡᠭᠲᠡᠢ᠃ ᠭᠡᠷ᠎ᠲᠤ᠎ᠪᠠᠨ ᠡᠯᠢᠭᠡᠳᠡᠭᠡ ᠲᠦᠯᠬᠢᠯᠲᠡ᠂ ᠲᠠᠩᠭ᠋ᠠᠢ᠌ᠨ ᠬᠡᠪᠲᠡᠵᠦ ᠪᠣᠰᠴᠤ ᠰᠠᠭᠤᠬᠤ ᠵᠡᠷᠭᠡ ᠳᠥᠭᠥᠮ ᠬᠢᠯᠪᠠᠷ ᠪᠣᠯᠪᠠᠰᠤᠷᠠᠯ᠎ᠢ ᠬᠢᠵᠦ ᠪᠣᠯᠤᠨ᠎ᠠ᠃
· ᠲᠥᠷᠥᠯ ᠰᠠᠳᠤᠨ ᠨᠠᠶ᠋ᠢᠵᠠ ᠨᠥᠬᠥᠳ᠎ᠲᠠᠢ᠎ᠪᠠᠨ ᠠᠯᠢ ᠴᠢᠳᠠᠬᠤ᠎ᠪᠠᠷ ᠴᠥᠭᠡᠨ ᠠᠭᠤᠯᠵᠠᠵᠤ᠂ ᠸᠢᠳᠢᠣ᠋᠎ᠪᠠᠷ ᠮᠡᠨᠳᠦᠴᠢᠯᠡᠯ ᠬᠢᠪᠡᠯ ᠮᠠᠰᠢ ᠰᠠᠶ᠋ᠢᠨ᠃ ᠡᠪᠦᠯ᠎ᠤᠨ ᠠᠮᠠᠷᠠᠯᠲᠠ ᠪᠠ ᠴᠠᠭ᠋ᠠᠨ ᠰᠠᠷ᠎ᠠ ᠵᠢᠨ ᠬᠤᠭᠤᠴᠠᠭ᠋ᠠᠨ᠎ᠳᠤ᠂ ᠲᠥᠷᠥᠯ ᠰᠠᠳᠤᠨ ᠵᠶ᠋ᠠᠨ ᠡᠷᠭᠢᠵᠦ ᠦᠵᠡᠬᠦ ᠪᠠ ᠬᠠᠮᠲᠤ ᠰᠤᠷᠤᠯᠭ᠋ᠠᠲᠠᠳ᠎ᠤᠨ ᠴᠤᠭᠯᠠᠭ᠋ᠠᠨ ᠬᠢᠬᠦ ᠵᠢ ᠠᠯᠢ ᠴᠢᠳᠠᠬᠤ᠎ᠪᠠᠷ ᠪᠠᠭ᠋ᠠᠰᠬᠠᠬᠤ ᠪᠤᠶᠤ ᠵᠠᠶ᠋ᠢᠯᠠᠰᠬᠢᠵᠦ᠂ ᠳ᠋ᠢᠶᠠᠩᠬᠤᠸᠠ᠂ ᠸᠢᠳᠢᠣ᠋᠎ᠪᠠᠷ ᠬᠠᠷᠢᠯᠴᠠᠨ ᠮᠡᠨᠳᠦᠴᠢᠯᠡᠬᠦ ᠪᠠ ᠰᠢᠨ᠎ᠡ ᠵᠢᠨ ᠵᠣᠯᠭ᠋ᠠᠯᠲᠠ ᠬᠢᠬᠦ ᠵᠢ ᠰᠠᠨᠠᠭ᠋ᠠᠴᠢᠯᠠᠨ᠎ᠠ᠃ ᠤᠯᠤᠰ᠎ᠤᠨ ᠳᠣᠲᠣᠭ᠋ᠠᠳᠤ ᠵᠢᠨ ᠳᠤᠮᠳᠠ ᠥᠨᠳᠥᠷ ᠲᠦᠭᠰᠢᠭᠦᠷᠢᠲᠡᠶ ᠭᠠᠵᠠᠷ ᠣᠷᠣᠨ᠎ᠳᠤ ᠣᠴᠢᠬᠤ ᠥᠬᠡᠶ᠂ ᠲᠥᠷᠥᠯ ᠰᠠᠳᠤᠨ ᠨᠠᠶ᠋ᠢᠵᠠ ᠨᠥᠬᠥᠳ ᠵᠶ᠋ᠠᠨ ᠡᠷᠬᠢᠨ ᠦᠵᠡᠬᠦ ᠠᠶᠠᠨ ᠵᠠᠮ᠎ᠤᠨ ᠰᠡᠷᠭᠡᠶ᠋ᠢᠯᠡᠯᠲᠡ ᠪᠠ ᠬᠠᠮᠠᠭ᠋ᠠᠯᠠᠯᠲᠠ ᠵᠢ ᠰᠠᠶ᠋ᠢᠲᠤᠷ ᠬᠢᠬᠦ ᠬᠡᠷᠡᠭᠲᠡᠢ᠃
· ᠠᠷᠢᠭᠤᠨ ᠴᠡᠪᠡᠷ᠎ᠢ ᠡᠷᠬᠢᠮᠯᠡᠬᠦ ᠵᠢ ᠳᠦᠷᠢᠮᠵᠢᠭᠦᠯᠵᠦ᠂ ᠡᠪᠡᠳᠴᠢᠨ ᠠᠮᠠ᠎ᠪᠠᠷ ᠣᠷᠣᠬᠤ ᠵᠢ ᠪᠠᠲᠤ ᠴᠡᠭᠡᠵᠢᠯᠡᠬᠦ ᠬᠡᠷᠡᠭᠲᠡᠶ᠃ ᠭᠠᠷ ᠵᠶ᠋ᠠᠨ ᠤᠬᠢᠶᠠᠬᠤ᠎ᠳᠤ 《ᠳᠣᠯᠣᠭ᠋ᠠᠨ ᠠᠯᠬᠤᠮ ᠵᠶ᠋ᠠᠷ ᠭᠠᠷ ᠵᠶ᠋ᠠᠨ ᠤᠬᠢᠶᠠᠬᠤ》 ᠵᠢ ᠪᠠᠷᠢᠮᠲᠠᠯᠠᠵᠤ᠂ ᠭᠠᠷᠤᠨ ᠡᠷᠡᠭᠦᠯ ᠬᠠᠮᠠᠭ᠋ᠠᠯᠠᠯ᠎ᠢ ᠪᠠᠲᠤᠯᠠᠬᠤ ᠬᠡᠷᠡᠭᠲᠡᠶ᠃ ᠭᠠᠳᠠᠭᠰᠢ ᠭᠠᠷᠤᠭ᠋ᠠᠳ ᠪᠤᠴᠠᠵᠤ ᠢᠷᠡᠭᠰᠡᠨ᠎ᠤ ᠳᠠᠷᠠᠭ᠎ᠠ᠂ ᠬᠣᠭᠣᠯᠠ ᠢᠳᠡᠬᠦ᠎ᠠᠴᠠ ᠡᠮᠦᠨ᠎ᠡ᠂ ᠭᠠᠳᠠᠭ᠋ᠠᠯᠠᠬᠤ ᠵᠢᠨ ᠡᠮᠦᠨ᠎ᠡ ᠬᠣᠢ᠌ᠨ᠎ᠠ ᠭᠠᠷ ᠵᠶ᠋ᠠᠨ ᠣᠬᠢᠶᠠᠵᠤ᠂ ᠠᠮᠠ ᠬᠠᠮᠠᠷ᠎ᠲᠤ᠎ᠪᠠᠨ ᠭᠠᠷ ᠵᠶ᠋ᠠᠨ ᠳᠤᠷ᠎ᠠ᠎ᠪᠠᠷ ᠵᠶ᠋ᠠᠨ ᠬᠦᠷᠭᠡᠵᠦ᠂ ᠨᠢᠳᠦ᠎ᠪᠠᠨ ᠨᠤᠬᠤᠯᠠᠵᠤ ᠪᠣᠯᠬᠤ ᠦᠭᠡᠢ᠃
· ᠢᠳᠡᠭᠡᠨ ᠤᠮᠳᠠᠭ᠋ᠠᠨ᠎ᠤ ᠰᠢᠮ᠎ᠡ ᠲᠡᠵᠢᠭᠡᠯ᠎ᠢ ᠲᠡᠩᠴᠡᠭᠦᠷᠢᠲᠡᠢ ᠪᠠᠶ᠋ᠢᠯᠭ᠋ᠠᠵᠤ᠂ ᠬᠡᠲᠦᠷᠡᠲᠡᠯ᠎ᠡ ᠢᠳᠡᠵᠦ ᠤᠤᠭᠤᠵᠤ ᠪᠣᠯᠬᠤ ᠦᠭᠡᠢ᠃ ᠢᠳᠡᠭᠡᠨ ᠤᠮᠳᠠᠭ᠋ᠠᠨ᠎ᠤ ᠰᠢᠮ᠎ᠡ ᠲᠡᠵᠢᠭᠡᠯ᠎ᠢ ᠲᠡᠩᠴᠡᠭᠦᠷᠢᠲᠡᠶ ᠪᠠᠶ᠋ᠢᠯᠭ᠋ᠠᠬᠤ ᠵᠢ ᠠᠩᠬᠠᠷᠴᠤ᠂ ᠬᠡᠲᠦᠷᠡᠲᠡᠯ᠎ᠡ ᠢᠳᠡᠵᠦ ᠤᠤᠭᠤᠬᠤ᠎ᠠᠴᠠ ᠵᠠᠢ᠌ᠯᠠᠰᠬᠢᠵᠤ᠂ ᠠᠷᠢᠬᠢ ᠤᠤᠭᠤᠬᠤ ᠥᠬᠡᠶ᠂ ᠢᠳᠡᠰᠢ ᠭᠣᠯᠣᠬᠤ ᠥᠬᠡᠶ᠂ ᠰᠤᠯᠠ ᠢᠳᠡᠭᠡᠨ ᠪᠠ ᠲᠣᠰᠣᠨ᠎ᠳᠤ ᠪᠤᠴᠠᠯᠭ᠋ᠠᠭᠰᠠᠨ ᠢᠳᠡᠭᠡᠨ᠎ᠢ ᠪᠠᠭ᠎ᠠ ᠢᠳᠡᠵᠦ᠂ ᠤᠮᠳᠠᠭ᠋ᠠᠨ᠎ᠢ ᠪᠠᠭ᠎ᠠ ᠤᠤᠭᠤᠬᠤ ᠬᠡᠷᠡᠭᠲᠡᠶ᠃
· ᠰᠦᠯᠵᠢᠶᠡᠨ᠎ᠳᠠᠬᠢ ᠰᠤᠷᠤᠯᠴᠠᠭ᠎ᠠ ᠵᠢ ᠤᠷᠲᠤ ᠪᠠᠢ᠌ᠯᠭ᠋ᠠᠵᠤ ᠪᠣᠯᠬᠤ ᠦᠭᠡᠢ᠂ ᠨᠢᠳᠦ᠎ᠪᠠᠨ ᠬᠠᠢ᠌ᠷᠠᠯᠠᠵᠤ ᠨᠢᠳᠦ᠎ᠪᠠᠨ ᠬᠠᠮᠠᠭ᠋ᠠᠯᠠᠪᠠᠯ ᠬᠠᠷᠠᠭ᠎ᠠ ᠰᠠᠶ᠋ᠢᠨ᠃ ᠣᠷᠳᠣ ᠬᠤᠭᠤᠴᠠᠭ᠎ᠠ᠎ᠪᠠᠷ ᠭᠠᠷ ᠤᠲᠠᠰᠤ ᠪᠠ ᠺᠣᠮᠫᠢᠦ᠋ᠲ᠋ᠧᠷ ᠬᠡᠷᠡᠭᠯᠡᠬᠦ᠎ᠠᠴᠠ ᠵᠠᠶ᠋ᠢᠯᠠᠰᠬᠢᠵᠦ᠂ ᠺᠣᠮᠫᠢᠦ᠋ᠲ᠋ᠧᠷ ᠬᠡᠷᠡᠭᠯᠡᠬᠦ ᠦᠶ᠎ᠡ᠎ᠳᠤ ᠳᠡᠯᠭᠡᠴᠡ᠎ᠠᠴᠠ 50 ᠰᠠᠨᠲ᠋ᠢᠮᠧᠲᠷ ᠵᠠᠶ᠋ᠢᠲᠠᠶ ᠪᠠᠶ᠋ᠢᠬᠤ ᠬᠡᠷᠡᠭᠲᠡᠶ᠃ ᠬᠠᠷᠠᠭ᠎ᠠ ᠵᠢ ᠬᠠᠮᠠᠭ᠋ᠠᠯᠠᠬᠤ ᠵᠢ ᠠᠩᠬᠠᠷᠴᠤ᠂ ᠰᠦᠯᠵᠢᠶᠡᠨ᠎ᠳᠤ ᠰᠤᠷᠤᠯᠴᠠᠬᠤ᠂ ᠸᠢᠳᠢᠣ᠋ ᠬᠤᠷᠠᠯ ᠬᠢᠬᠦ᠎ᠳᠤ᠎ᠪᠠᠨ ᠠᠯᠢ ᠴᠢᠳᠠᠬᠤ᠎ᠪᠠᠷ ᠨᠡᠯᠢᠶᠡᠳ ᠲᠣᠮᠤ ᠳᠡᠯᠭᠡᠴᠡ᠂ ᠨᠡᠯᠢᠶᠡᠳ ᠥᠨᠳᠥᠷ ᠢᠯᠭ᠋ᠠᠮᠵᠢ᠎ᠲᠤ ᠡᠯᠧᠺᠲᠷᠣᠨ ᠦᠢ᠍ᠯᠡᠳᠭᠦᠨ᠎ᠢ ᠰᠣᠩᠭᠣᠵᠤ᠂ ᠣᠷᠴᠢᠨ ᠲᠣᠭᠣᠷᠢᠨ᠎ᠢ ᠦᠨᠳᠦᠰᠦᠯᠡᠨ ᠭᠡᠷᠡᠯᠲᠦᠴᠡ ᠵᠢ ᠲᠣᠬᠢᠷᠠᠭᠤᠯᠬᠤ ᠬᠡᠷᠡᠭᠲᠡᠢ᠃
· ᠰᠤᠷᠭ᠋ᠠᠭᠤᠯᠢ᠎ᠳᠤ᠎ᠪᠠᠨ ᠦᠯᠡᠳᠡᠵᠦ ᠰᠢᠨᠡᠯᠡᠬᠦ᠎ᠳᠤ ᠠᠮᠤᠷ ᠲᠦᠪᠰᠢᠨ᠎ᠢ ᠴᠢᠬᠤᠯᠠᠴᠢᠯᠠᠵᠤ᠂ ᠰᠡᠵᠢᠭᠯᠡᠯᠲᠡᠶ ᠡᠪᠡᠳᠴᠢᠨ᠎ᠤ ᠪᠠᠶ᠋ᠢᠳᠠᠯ᠎ᠢ ᠡᠷᠬᠡᠪᠰᠢ ᠮᠡᠳᠡᠭᠦᠯᠬᠦ ᠬᠡᠷᠡᠭᠲᠡᠶ᠃ ᠡᠪᠦᠯ᠎ᠤᠨ ᠠᠮᠠᠷᠠᠯᠲᠠ᠎ᠳᠤ ᠰᠤᠷᠭ᠋ᠠᠭᠤᠯᠢ᠎ᠳᠤ ᠦᠯᠡᠳᠡᠭᠰᠡᠨ ᠰᠤᠷᠤᠭᠴᠢᠳ ᠰᠤᠷᠭ᠋ᠠᠭᠤᠯᠢ ᠵᠢᠨ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠲᠣᠭᠲᠠᠭ᠋ᠠᠯ᠎ᠢ ᠵᠢᠷᠤᠮᠯᠠᠵᠤ᠂ ᠰᠤᠷᠭ᠋ᠠᠭᠤᠯᠢ ᠵᠢᠨ ᠡᠭᠦᠳᠡ᠎ᠪᠠᠷ ᠣᠷᠣᠵᠤ ᠭᠠᠷᠬᠤ᠎ᠳᠤ᠎ᠪᠠᠨ ᠳᠠᠩᠰᠠᠯᠠᠭᠤᠯᠵᠤ᠂ ᠰᠤᠷᠭ᠋ᠠᠭᠤᠯᠢ᠎ᠠᠴᠠ ᠰᠠᠯᠵᠤ ᠰᠤᠷᠭ᠋ᠠᠭᠤᠯᠢ᠎ᠳᠤ᠎ᠪᠠᠨ ᠪᠤᠴᠠᠬᠤ᠎ᠳᠤ ᠭᠤᠶᠤᠴᠢᠯᠠᠬᠤ ᠬᠡᠷᠡᠭᠲᠡᠶ᠃ ᠬᠡᠷᠪᠡ ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠰᠡᠵᠢᠭᠯᠡᠯᠲᠡᠶ ᠡᠪᠡᠳᠴᠢᠨ᠎ᠤ ᠢᠯᠡᠷᠡᠯ᠎ᠲᠠᠢ ᠪᠣᠯ ᠳᠠᠷᠤᠶᠳᠤᠨᠢ ᠮᠡᠳᠡᠭᠦᠯᠵᠦ᠂ ᠬᠢᠵᠢᠭ᠎ᠤᠨ ᠪᠠᠶ᠋ᠢᠳᠠᠯ᠎ᠢ ᠴᠢᠩᠭ᠎ᠠ ᠰᠡᠷᠭᠡᠶ᠋ᠢᠯᠡᠬᠦ ᠬᠡᠷᠡᠭᠲᠡᠶ᠃