ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠤᠷᠭᠠᠨ ᠬᠦᠮᠦᠵᠢᠯ᠎ᠤᠨ ᠬᠠᠨᠲᠤᠯᠭ᠎ᠠ
ᠰᠣᠨᠤᠷ᠎ᠤᠨ ᠲᠠᠪᠴᠠᠩ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠦᠢᠯᠡᠴᠢᠯᠡᠭᠡ   -   ᠲᠠᠨ᠎ᠳᠤ ᠦᠢᠯᠡᠴᠢᠯᠡᠬᠦ᠌
ᠸᠢᠴᠠᠲ᠎ᠤᠨ ᠨᠢᠭᠤᠴᠠ ᠵᠢ ᠵᠠᠳᠠᠷᠠᠭᠤᠯᠤᠭᠰᠠᠨ ᠬᠡᠷᠡᠭ᠎ᠤᠨ ᠵᠢᠱ᠌ᠢᠶ᠎ᠡ ᠣᠯᠠᠨ ᠡᠭᠦᠰᠴᠦ ᠪᠣᠢ᠂ ᠨᠢᠭᠤᠴᠠ ᠵᠢ ᠬᠠᠮᠠᠭ᠋ᠠᠯᠠᠬᠤ ᠬᠠᠮᠢᠶᠠᠷᠤᠯᠲᠠ ᠵᠢᠨ ᠠᠵᠢᠯ᠎ᠢ ᠬᠡᠷᠬᠢᠨ ᠰᠠᠶ᠋ᠢᠲᠤᠷ ᠬᠢᠬᠦ ᠪᠣᠶ?
ᠨᠡᠶ᠋ᠢᠲᠡᠯᠡᠭᠰᠡᠨ ᠴᠠᠭ᠄ 2022-01-04


      ᠤᠢ᠍ᠢ᠍ᠷ᠎ᠠ ᠵᠢᠨ ᠵᠢᠯ᠎ᠳᠤ᠂ ᠸᠢᠴᠠᠲ ᠵᠶ᠋ᠠᠷ ᠠᠵᠢᠯᠯᠠᠬᠤ᠎ᠠᠴᠠ ᠪᠤᠯᠵᠤ ᠨᠢᠭᠤᠴᠠ ᠵᠢ ᠵᠠᠳᠠᠷᠠᠭᠤᠯᠤᠭᠰᠠᠨ ᠬᠡᠷᠡᠭ ᠤᠯᠠᠨ ᠡᠭᠦᠰᠴᠦ᠂ ᠣᠨᠴᠠᠭ᠋ᠠᠢ᠌ᠯᠠᠨ ᠵᠠᠷᠢᠮ ᠨᠢᠭᠤᠴᠠ᠎ᠳᠤ ᠬᠣᠯᠪᠣᠭᠳᠠᠬᠤ ᠮᠡᠳᠡᠭᠡ ᠵᠠᠩᠭᠢ ᠵᠢ ᠠᠵᠢᠯ᠎ᠤᠨ ᠵᠢᠷᠭᠢᠶ᠎ᠡ᠂ ᠬᠠᠮᠲᠤ ᠰᠤᠷᠤᠯᠭ᠋ᠠᠲᠠᠨ᠎ᠤ ᠵᠢᠷᠭᠢᠶ᠎ᠡ᠂ ᠨᠤᠲᠤᠭ᠎ᠤᠨ ᠠᠬ᠎ᠠ ᠳᠡᠭᠦᠦ ᠨᠡᠷ᠎ᠤᠨ ᠵᠢᠷᠭᠢᠶ᠎ᠡ ᠵᠡᠷᠭᠡ ᠸᠢᠴᠠᠲ᠎ᠤᠨ ᠵᠢᠷᠭᠢᠶ᠎ᠡ᠎ᠳᠤ ᠲᠠᠷᠬᠠᠭ᠋ᠠᠭᠰᠠᠨ᠎ᠠᠴᠠ ᠪᠣᠯᠤᠭᠰᠠᠨ ᠨᠢᠭᠤᠴᠠ ᠵᠢ ᠵᠠᠳᠠᠷᠠᠭᠤᠯᠤᠭᠰᠠᠨ ᠬᠡᠷᠡᠭ᠎ᠨᠢ ᠨᠢᠭᠤᠴᠠ ᠮᠡᠳᠡᠭᠡ ᠵᠠᠩᠭᠢ ᠵᠢ ᠦᠳᠲᠡᠷ ᠲᠦᠷᠭᠡᠨ ᠳᠠᠮᠵᠢᠭᠤᠯᠵᠤ᠂ ᠤᠯᠤᠰ᠎ᠤᠨ ᠨᠢᠭᠤᠴᠠ ᠵᠢᠨ ᠠᠮᠤᠷ ᠲᠦᠪᠰᠢᠨ᠎ᠳᠤ ᠲᠤᠶ᠋ᠢᠯ᠎ᠤᠨ ᠶᠡᠬᠡ ᠬᠣᠣᠷ ᠬᠥᠨᠥᠭᠡᠯ ᠤᠴᠠᠷᠠᠭᠤᠯᠪᠠ᠃
      ᠪᠠᠶ᠋ᠢᠭᠤᠯᠭ᠎ᠠ᠂ ᠨᠢᠭᠡᠴᠢ ᠬᠡᠳᠦᠶ᠋ᠢᠪᠡᠷ ᠨᠢᠭᠤᠴᠠ ᠵᠢ ᠬᠠᠮᠠᠭ᠋ᠠᠯᠠᠬᠤ ᠠᠷᠭ᠎ᠠ ᠬᠡᠮᠵᠢᠶ᠎ᠡ ᠠᠪᠤᠭᠰᠠᠨ ᠪᠣᠯᠪᠠᠴᠤ ᠸᠢᠴᠠᠲ᠎ᠤᠨ ᠵᠢᠷᠭᠢᠶ᠎ᠡ ᠵᠢᠨ ᠨᠢᠭᠤᠴᠠ ᠵᠢ ᠵᠠᠳᠠᠷᠠᠭᠤᠯᠤᠭᠰᠠᠨ ᠬᠡᠷᠡᠭ ᠮᠥᠨ ᠯᠡ ᠪᠠᠶ᠋ᠢᠨ ᠳᠠᠬᠢᠨ ᠡᠭᠦᠰᠴᠦ᠂ ᠣᠯᠠᠨᠲᠠ ᠬᠣᠷᠢᠭᠯᠠᠭᠰᠠᠨ ᠴᠤ᠌ ᠵᠣᠭᠰᠣᠬᠤ ᠥᠬᠡᠶ᠂ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠬᠤ ᠴᠢᠬᠤᠯᠠᠲᠠᠶ ᠪᠣᠯᠤᠭ᠋ᠠᠳ ᠪᠠᠶ᠋ᠢᠨ᠎ᠠ᠃


      ᠨᠡᠶ᠋ᠢᠲᠡᠯᠢᠭ ᠬᠡᠷᠡᠭ᠎ᠤᠨ ᠵᠢᠱ᠌ᠢᠶ᠎ᠡ


     1 . ᠠᠵᠢᠯ᠎ᠤᠨ ᠵᠢᠷᠭᠢᠶ᠎ᠡ᠎ᠳᠤ ᠪᠠᠴᠢᠮ ᠡᠭᠦᠷᠭᠡ ᠪᠠᠭᠤᠯᠭ᠋ᠠᠪᠠ
      ᠨᠢᠭᠡᠨ ᠬᠤᠳᠠ ᠵᠢᠨ ᠨᠠᠮ᠎ᠤᠨ ᠬᠣᠷᠢᠶᠠᠨ᠎ᠤ ᠵᠣᠬᠢᠶᠠᠨ ᠪᠠᠶ᠋ᠢᠭᠤᠯᠬᠤ ᠬᠡᠯᠲᠡᠰ᠎ᠤᠨ ᠠᠵᠢᠯᠳᠠᠨ ᠽᠧᠩ ᠣᠪᠣᠭᠲᠤ ᠳᠡᠭᠡᠳᠦ ᠱᠠᠲᠤᠨ᠎ᠤ   ᠪᠠᠢ᠌ᠭᠤᠯᠭ᠎ᠠ ᠵᠢᠨ ᠪᠠᠭᠤᠯᠭ᠋ᠠᠭᠰᠠᠨ ᠨᠢᠭᠡ ᠬᠤᠪᠢ ᠪᠠᠴᠢᠮ ᠤᠯᠠᠮᠵᠢᠯᠠᠨ ᠨᠠᠶ᠋ᠢᠳᠠᠪᠤᠷᠢᠵᠢᠭᠤᠯᠬᠤ ᠵᠢ ᠱᠠᠭ᠋ᠠᠷᠳᠠᠭᠰᠠᠨ ᠨᠢᠭᠤᠴᠠ ᠲᠡᠰ᠎ᠤᠨ ᠪᠢᠴᠢᠭ ᠮᠠᠲ᠋ᠧᠷᠢᠶᠠᠯ᠎ᠢ ᠣᠯᠵᠤ ᠠᠪᠤᠪᠠ᠃ ᠣᠩᠰᠢᠵᠤ ᠰᠢᠢ᠍ᠳᠪᠦᠷᠢᠯᠡᠬᠦ ᠠᠯᠪᠠᠨ ᠬᠡᠷ᠎ᠤᠨ ᠤᠳᠤᠷᠢᠳᠤᠯᠭ᠎ᠠ ᠭᠠᠳᠠᠭᠰᠢ ᠭᠠᠷᠤᠭᠰᠠᠨ᠎ᠠᠴᠠ ᠪᠣᠯᠵᠣ᠂ ᠽᠧᠩ ᠣᠪᠣᠭᠲᠤ ᠪᠢᠴᠢᠭ ᠮᠠᠲ᠋ᠧᠷᠢᠶᠠᠯ᠎ᠢ ᠳᠠᠷᠤᠶ ᠲᠦᠷᠭᠡᠨ ᠳᠠᠮᠵᠢᠭᠤᠯᠵᠤ ᠪᠣᠳᠠᠲᠠᠢ᠌ᠵᠢᠭᠤᠯᠬᠤ ᠵᠢᠨ ᠲᠥᠯᠦᠭᠡ᠂ ᠪᠢᠴᠢᠭ ᠮᠠᠲ᠋ᠧᠷᠢᠶᠠᠯ᠎ᠤᠨ ᠨᠢᠭᠤᠴᠠ ᠵᠢᠨ ᠲᠠᠰ᠎ᠤᠨ ᠲᠡᠮᠳᠡᠭ᠎ᠢ ᠬᠠᠯᠬᠠᠯᠠᠨ ᠰᠢᠷᠪᠢᠵᠦ᠂ ᠡᠯᠧᠺᠲᠷᠣᠨ ᠬᠡᠪᠯᠡᠯ᠎ᠢ ᠪᠠᠢ᠌ᠭᠤᠯᠭ᠎ᠠ ᠵᠢᠨ ᠸᠢᠴᠠᠲ᠎ᠤᠨ ᠠᠵᠢᠯ᠎ᠤᠨ ᠵᠢᠷᠭᠢᠶ᠎ᠡ᠎ᠳᠤ ᠢᠯᠡᠭᠡᠵᠦ᠂ ᠨᠢᠭᠤᠴᠠ ᠵᠢ ᠵᠠᠳᠠᠷᠠᠭᠤᠯᠤᠭᠰᠠᠨ ᠪᠠᠶ᠋ᠢᠨ᠎ᠠ᠃



                   《100 - 1 = 0》
   
      ᠶᠠᠮᠠᠷᠪᠠ ᠪᠠᠶ᠋ᠢᠳᠠᠯ ᠳᠣᠣᠷ᠎ᠠ᠂ ᠤᠯᠤᠰ᠎ᠤᠨ ᠨᠢᠭᠤᠴᠠ ᠵᠢ ᠵᠠᠳᠠᠷᠠᠭᠤᠯᠬᠤ ᠥᠷᠲᠡᠭ ᠵᠶ᠋ᠡᠷ ᠲᠤᠬᠠᠢ᠌ᠯᠠᠭᠰᠠᠨ ᠠᠵᠢᠯ᠎ᠢ ᠠᠬᠢᠭᠤᠯᠵᠤ ᠶᠠᠭ᠋ᠠᠬᠢᠭᠰᠠᠨ ᠴᠤ᠌ ᠪᠣᠯᠬᠤ ᠦᠭᠡᠢ᠃ ᠬᠡᠷᠪᠡ ᠲᠤᠬᠠᠢ᠌ᠯᠠᠭᠰᠠᠨ ᠠᠵᠢᠯ᠎ᠨᠢ 100 ᠬᠤᠪᠢ᠂ ᠨᠢᠭᠤᠴᠠ ᠵᠢ ᠬᠠᠮᠠᠭ᠋ᠠᠯᠠᠬᠤ ᠠᠵᠢᠯ᠎ᠨᠢ 1 ᠬᠤᠪᠢ ᠪᠣᠯ 100᠎ᠠᠴᠠ 1 ᠵᠢ ᠬᠠᠰᠤᠪᠠᠯ 99᠎ᠲᠠᠢ ᠲᠡᠩᠴᠡᠬᠦ ᠪᠢᠰᠢ᠂ ᠬᠠᠷᠢᠨ 0 ᠪᠣᠯᠤᠨ᠎ᠠ᠃


     2 . ᠬᠠᠮᠲᠤ ᠰᠤᠷᠤᠭᠴᠢ ᠵᠢᠨ ᠵᠢᠷᠭᠢᠶ᠎ᠡ᠎ᠳᠤ ᠲᠥᠷᠥ ᠵᠢᠨ ᠪᠣᠳᠣᠯᠭ᠎ᠠ ᠵᠢᠨ ᠨᠢᠭᠤᠴᠠ ᠮᠠᠲ᠋ᠧᠷᠢᠶᠠᠯ᠎ᠢ ᠭᠠᠶ᠋ᠢᠬᠠᠭᠤᠯᠪᠠ
      ᠨᠢᠭᠡᠨ ᠬᠤᠳᠠ ᠵᠢᠨ ᠨᠠᠮ᠎ᠤᠨ ᠬᠣᠷᠢᠶᠠᠨ᠎ᠤ ᠠᠯᠪᠠᠨ ᠲᠢᠩᠬᠢᠮ᠎ᠤᠨ ᠤᠳᠤᠷᠢᠳᠤᠯᠭ᠎ᠠ ᠰᠢᠤᠢ ᠣᠪᠣᠭᠲᠤ ᠵᠢᠨ ᠭᠡᠷ᠎ᠲᠤ ᠤᠴᠢᠷ᠎ᠲᠠᠢ ᠪᠣᠯᠣᠭ᠋ᠠᠳ ᠨᠢᠭᠡᠨ ᠨᠢᠭᠤᠴᠠ ᠲᠡᠰ᠎ᠤᠨ ᠨᠢᠭᠤᠴᠠ ᠴᠠᠬᠢᠯᠭ᠋ᠠᠨ ᠮᠡᠳᠡᠭᠡ ᠵᠢ ᠠᠯᠪᠠᠨ ᠰᠢᠷᠡᠭᠡᠨ ᠳᠡᠭᠡᠷ᠎ᠡ᠎ᠪᠠᠨ ᠲᠠᠯᠪᠢᠭ᠋ᠠᠳ ᠬᠠᠷᠢᠪᠠ᠃ ᠠᠵᠢᠯᠲᠠᠨ ᠠᠨ ᠣᠪᠣᠭᠲᠤ ᠤᠳᠤᠷᠢᠳᠤᠯᠭ᠎ᠠ᠎ᠳᠤ᠎ᠪᠠᠨ ᠮᠠᠲ᠋ᠧᠷᠢᠶᠠᠯ ᠬᠦᠷᠭᠡᠵᠦ ᠢᠷᠡᠭᠡᠳ ᠰᠢᠷᠡᠭᠡᠨ ᠳᠡᠭᠡᠷᠡᠬᠢ ᠨᠢᠭᠤᠴᠠ᠎ᠲᠠᠢ ᠬᠣᠯᠪᠣᠭᠳᠠᠭᠰᠠᠨ ᠪᠢᠴᠢᠭ ᠮᠠᠲ᠋ᠧᠷᠢᠶᠠᠯ᠎ᠢ ᠦᠵᠡᠭᠰᠡᠨ᠎ᠤ ᠳᠠᠷᠠᠭ᠎ᠠ᠂ ᠳᠣᠲᠣᠷᠠᠬᠢ ᠠᠭᠤᠯᠭ᠎ᠠ᠎ᠨᠢ ᠶᠠᠮᠠᠷ ᠨᠢᠭᠡᠨ ᠠᠵᠢᠯ ᠲᠥᠷᠥᠯ᠎ᠤᠨ ᠬᠦᠷᠢᠶᠡᠨ᠎ᠳᠤ ᠴᠢᠬᠤᠯᠠ ᠶᠡᠬᠡ ᠲᠣᠬᠢᠷᠠᠭᠤᠯᠤᠯᠲᠠ ᠬᠢᠬᠦ᠎ᠲᠠᠢ ᠬᠣᠯᠪᠤᠭᠳᠠᠭᠰᠠᠨ ᠪᠣᠯᠬᠣᠷ ᠪᠡᠶ᠎ᠡ᠎ᠪᠠᠨ ᠭᠠᠶ᠋ᠢᠬᠠᠭᠤᠯᠬᠤ ᠵᠢᠨ ᠲᠥᠯᠥᠭᠡ ᠠᠨ ᠣᠪᠣᠭᠲᠤ ᠸᠢᠴᠠᠲ᠎ᠤᠨ ᠵᠶ᠋ᠠᠨ ᠶᠡᠬᠡ ᠰᠤᠷᠭ᠋ᠠᠭᠤᠯᠢ ᠵᠢᠨ ᠬᠠᠮᠲᠤ ᠰᠤᠷᠤᠯᠭ᠋ᠠᠲᠠᠨ᠎ᠤ ᠵᠢᠷᠭᠢᠶ᠎ᠡ᠎ᠳᠤ ᠭᠠᠷ ᠤᠲᠠᠰᠤ᠎ᠪᠠᠷ ᠰᠡᠭᠦᠳᠡᠷᠯᠡᠨ ᠶᠠᠪᠤᠭᠤᠯᠵᠤ᠂ ᠨᠢᠭᠤᠴᠠ ᠵᠢ ᠵᠠᠳᠠᠷᠠᠭᠤᠯᠪᠠ᠃


                    ᠨᠢᠭᠤᠴᠠ ᠵᠢ ᠵᠠᠳᠠᠷᠠᠭᠤᠯᠬᠤ ᠡᠬᠢ ᠡᠭᠦᠰᠦᠯ᠎ᠢ ᠴᠢᠩᠭ᠎ᠠ ᠡᠵᠡᠮᠳᠡᠵᠦ᠂
                    ᠨᠢᠭᠤᠴᠠ ᠵᠢ ᠬᠠᠮᠠᠭ᠋ᠠᠯᠠᠬᠤ ᠰᠡᠷᠭᠡᠶ᠋ᠢᠯᠡᠯᠲᠡ ᠵᠢᠨ ᠱᠤᠭᠤᠮ᠎ᠢ ᠪᠠᠲᠤ ᠴᠣᠭᠴᠠᠯᠠᠶ᠎ᠠ


      ᠨᠢᠭᠤᠴᠠ᠎ᠳᠤ ᠬᠣᠯᠪᠤᠭᠳᠠᠭᠰᠠᠨ ᠪᠢᠴᠢᠭ ᠮᠠᠲ᠋ᠧᠷᠢᠶᠠᠯ᠎ᠢ ᠳᠠᠮᠵᠢᠭᠤᠯᠬᠤ᠂ ᠬᠤᠷᠢᠶᠠᠨ ᠲᠠᠷᠬᠠᠭ᠋ᠠᠬᠤ᠂ ᠬᠠᠳᠠᠭ᠋ᠠᠯᠠᠨ ᠬᠠᠮᠢᠶᠠᠷᠬᠤ᠂ ᠤᠩᠰᠢᠨ ᠰᠢᠢ᠍ᠳᠪᠦᠷᠢᠯᠡᠬᠦ᠂ ᠦᠭᠡᠢ ᠪᠣᠯᠭ᠋ᠠᠬᠤ ᠵᠡᠷᠭᠡ ᠶᠠᠮᠠᠷᠪᠠ ᠭᠣᠭᠴᠣᠭ᠎ᠠ᠎ᠳᠤ ᠨᠢᠭᠤᠴᠠ ᠵᠢ ᠬᠠᠮᠠᠭ᠋ᠠᠯᠠᠬᠤ ᠬᠠᠮᠢᠶᠠᠷᠤᠯᠲᠠ ᠨᠢᠭᠡ ᠬᠤᠪᠢ ᠰᠤᠯᠠᠷᠠᠪᠠᠯ᠂ ᠨᠢᠭᠤᠴᠠ ᠵᠢ ᠵᠠᠳᠠᠷᠠᠭᠤᠯᠬᠤ ᠲᠦᠭᠰᠢᠭᠦᠷᠢ ᠵᠢᠨ ᠭᠡᠮ ᠰᠣᠭᠣᠭ ᠳᠠᠷᠤᠢ ᠠᠷᠪᠠᠨ ᠬᠤᠪᠢ ᠨᠡᠮᠡᠭᠳᠡᠨ᠎ᠡ᠃


     3 . ᠨᠤᠲᠤᠭ᠎ᠤᠨ ᠠᠬ᠎ᠠ ᠳᠡᠭᠦᠦ ᠨᠡᠷ᠎ᠤᠨ ᠵᠢᠷᠭᠢᠶ᠎ᠡ᠎ᠳᠤ ᠲᠠᠷᠬᠠᠭ᠋ᠠᠭᠰᠠᠨ ᠨᠢᠭᠤᠴᠠ ᠨᠣᠮᠧᠷᠲᠦ ᠴᠠᠬᠢᠯᠭ᠋ᠠᠨ ᠮᠡᠳᠡᠭᠡ
      ᠨᠢᠭᠡᠨ ᠥᠪᠡᠷᠲᠡᠭᠡᠨ ᠵᠠᠰᠠᠬᠤ ᠣᠷᠣᠨ᠎ᠤ ᠨᠢᠭᠡᠨ ᠰᠢᠶᠠᠨ᠎ᠤ ᠵᠢᠨ ᠣᠪᠣᠭᠲᠤ ᠠᠵᠢᠯ᠎ᠤᠨ ᠳᠤᠮᠳᠠ᠎ᠪᠠᠨ ᠨᠢᠭᠡ ᠬᠤᠪᠢ ᠨᠢᠭᠤᠴᠠ ᠳᠡᠰ᠎ᠤᠨ ᠨᠢᠭᠤᠴᠠ ᠨᠣᠮᠧᠷᠲᠦ ᠴᠠᠬᠢᠯᠭ᠋ᠠᠨ ᠮᠡᠳᠡᠭᠡᠨ᠎ᠤ ᠪᠠᠭᠤᠯᠭ᠋ᠠᠪᠤᠷᠢ ᠵᠢ ᠰᠡᠭᠦᠳᠡᠷᠯᠡᠭᠡᠳ᠂ ᠭᠠᠷ ᠤᠲᠠᠰᠤᠨ᠎ᠳᠤ᠎ᠪᠠᠨ ᠬᠠᠳᠠᠭ᠋ᠠᠯᠠᠵᠤ᠂ ᠰᠡᠭᠦᠯᠡᠷ᠎ᠨᠢ ᠽᠸᠤ ᠣᠪᠣᠭᠲᠤ᠎ᠳᠤ ᠶᠠᠪᠤᠭᠤᠯᠤᠭᠰᠠᠨ ᠪᠥᠭᠡᠳ 《ᠨᠢᠭᠤᠴᠠ ᠨᠣᠮᠧᠷᠲᠦ ᠴᠠᠬᠢᠯᠭ᠋ᠠᠨ ᠮᠡᠳᠡᠭᠡ ᠵᠢ ᠭᠠᠳᠠᠭᠰᠢ ᠳᠠᠮᠵᠢᠭᠤᠯᠵᠤ ᠪᠣᠯᠬᠤ ᠦᠭᠡᠶ》 ᠭᠡᠵᠦ ᠣᠨᠴᠠᠭ᠋ᠠᠶ᠋ᠢᠯᠠᠨ ᠵᠠᠬᠢᠭᠰᠠᠨ ᠪᠣᠯᠪᠠᠴᠤ ᠽᠸᠤ ᠣᠪᠣᠭᠲᠤ ᠵᠢᠷᠤᠭ᠎ᠢ ᠪᠢᠴᠢᠭ᠎ᠤᠨ ᠬᠡᠯᠪᠡᠷᠢ ᠪᠣᠯᠭ᠋ᠠᠨ ᠮᠠ ᠣᠪᠣᠭᠲᠤ᠎ᠳᠤ ᠳᠠᠮᠵᠢᠭᠤᠯᠤᠨ ᠥᠭᠴᠦ᠂ ᠮᠠ ᠣᠪᠣᠭᠲᠤ ᠪᠠᠰᠠ ᠥᠪᠡᠷ᠎ᠤᠨ ᠸᠢᠴᠠᠲ᠎ᠤᠨ ᠵᠶ᠋ᠠᠨ ᠨᠤᠲᠤᠭ᠎ᠤᠨ ᠠᠬ᠎ᠠ ᠳᠡᠭᠦᠦ ᠨᠠᠷ᠎ᠤᠨ ᠵᠢᠭᠢᠶ᠎ᠡ᠎ᠳᠤ᠎ᠪᠠᠨ ᠢᠯᠡᠭᠡᠵᠦ᠂ ᠨᠢᠭᠤᠴᠠ ᠵᠢ ᠵᠠᠳᠠᠷᠠᠭᠤᠯᠤᠭᠰᠠᠨ ᠪᠠᠶ᠋ᠢᠨ᠎ᠠ᠃


                    ᠨᠢᠭᠡ ᠨᠢᠭᠤᠴᠠ ᠵᠠᠳᠠᠷᠠᠵᠤ᠂ ᠪᠥᠬᠦᠨ᠎ᠳᠤ ᠬᠣᠬᠢᠷᠠᠯ ᠤᠴᠠᠷᠠᠭᠤᠯᠪᠠ


     《ᠠᠮᠠᠨ ᠵᠠᠬᠢᠶ᠎ᠠ》 ᠶᠡᠷᠦ᠎ᠨᠢ ᠪᠡᠶ᠎ᠡ ᠵᠢ ᠲᠠᠶ᠋ᠢᠳᠬᠤᠷᠠᠭᠤᠯᠵᠤ᠂ ᠨᠢᠭᠤᠴᠠ᠎ᠳᠤ ᠬᠣᠯᠪᠣᠭᠳᠠᠬᠤ ᠪᠢᠴᠢᠭ ᠮᠠᠲ᠋ᠧᠷᠢᠶᠠᠯ᠎ᠢ ᠬᠠᠮᠠᠭ᠋ᠠᠯᠠᠬᠤ ᠦᠢ᠍ᠯᠡᠳᠦᠯ ᠭᠠᠷᠭ᠋ᠠᠵᠤ ᠴᠢᠳᠠᠬᠤ ᠦᠭᠡᠶ᠂ ᠨᠢᠭᠤᠴᠠ᠎ᠳᠤ ᠬᠣᠯᠪᠣᠭᠳᠠᠬᠤ ᠪᠢᠴᠢᠭ ᠮᠠᠲ᠋ᠧᠷᠢᠶᠠᠯ᠎ᠢ ᠭᠠᠳᠠᠭᠰᠢ ᠤᠯᠠᠮᠵᠢᠯᠠᠬᠤ ᠦᠭᠡᠶ ᠵᠢ ᠨᠡᠩ ᠴᠤ᠌ ᠬᠣᠷᠢᠭᠯᠠᠵᠤ ᠴᠢᠳᠠᠬᠤ ᠦᠭᠡᠶ ᠶᠤᠮ᠃ ᠨᠢᠭᠤᠴᠠ ᠵᠢ ᠬᠠᠮᠠᠭ᠋ᠠᠯᠠᠬᠤ ᠬᠠᠷᠢᠭᠤᠴᠠᠯᠭ᠎ᠠ ᠪᠠ ᠢᠲᠡᠭᠡᠯ᠎ᠢ ᠪᠤᠰᠤᠳ᠎ᠲᠤ ᠨᠠᠶ᠋ᠢᠳᠠᠵᠤ ᠪᠣᠯᠬᠤ ᠦᠭᠡᠢ᠂ ᠬᠠᠮᠤᠭ᠎ᠤᠨ ᠯᠠᠪᠳᠠᠭᠤᠨ ᠠᠷᠭ᠎ᠠ ᠪᠣᠯ ᠥᠪᠡᠷ ᠵᠶ᠋ᠠᠨ ᠲᠣᠭᠲᠠᠭ᠋ᠠᠯ᠎ᠢ ᠵᠥᠷᠢᠴᠡᠬᠦ ᠦᠭᠡᠢ᠂ ᠨᠢᠭᠤᠴᠠ ᠵᠢ ᠵᠠᠳᠠᠷᠠᠭᠤᠯᠬᠤ ᠡᠭᠦᠳᠡ ᠵᠢ ᠴᠢᠩᠭ᠎ᠠ ᠰᠠᠬᠢᠬᠤ ᠶᠠᠪᠤᠳᠠᠯ ᠪᠣᠯᠤᠨ᠎ᠠ᠃

      ᠠᠷᠭ᠎ᠠ ᠪᠣᠳᠤᠯᠭ᠎ᠠ ᠵᠢᠨ ᠰᠠᠨᠠᠭᠤᠯᠤᠮᠵᠢ
      ᠡᠲᠡᠭᠡᠷ ᠸᠢᠴᠠᠲ᠎ᠤᠨ ᠵᠢᠷᠭᠢᠶ᠎ᠡ ᠵᠢᠨ ᠨᠢᠭᠤᠴᠠ ᠵᠢ ᠵᠠᠳᠠᠷᠠᠭᠤᠯᠤᠭᠰᠠᠨ ᠨᠡᠶ᠋ᠢᠲᠡᠯᠢᠭ ᠬᠡᠷᠡᠭ᠎ᠤᠨ ᠵᠢᠱ᠌ᠢᠶ᠎ᠡ᠎ᠳᠤ ᠴᠢᠭᠯᠡᠭᠦᠯᠦᠨ᠂ ᠪᠠᠶ᠋ᠢᠭᠤᠯᠭ᠎ᠠ᠂ ᠨᠢᠭᠡᠴᠢ᠎ᠨᠦᠭᠦᠳ ᠳᠤᠤᠷᠠᠬᠢ ᠭᠤᠷᠪᠠᠨ ᠲᠠᠯ᠎ᠠ᠎ᠪᠠᠷ ᠨᠢᠭᠤᠴᠠ ᠵᠢ ᠬᠠᠮᠠᠭ᠋ᠠᠯᠠᠬᠤ ᠬᠠᠮᠢᠶᠠᠷᠤᠯᠲᠠ᠎ᠪᠠᠨ ᠴᠢᠩᠭ᠋ᠠᠳᠬᠠᠵᠤ᠂ ᠸᠢᠴᠠᠲ ᠵᠶ᠋ᠠᠷ ᠠᠯᠪᠠᠨ᠎ᠤ ᠨᠢᠭᠤᠴᠠ ᠵᠢ ᠵᠠᠳᠠᠷᠠᠭᠤᠯᠤᠭᠰᠠᠨ ᠪᠠᠶ᠋ᠢᠳᠠᠯ ᠭᠠᠷᠬᠤ ᠵᠢ ᠰᠡᠷᠭᠡᠶ᠋ᠢᠯᠡᠬᠦ ᠬᠡᠷᠡᠭᠲᠡᠶ᠃
    1 . ᠨᠢᠭᠤᠴᠠ ᠵᠢ ᠬᠠᠮᠠᠭ᠋ᠠᠯᠠᠬᠤ ᠲᠤᠰᠬᠠᠶ ᠬᠥᠮᠦᠵᠢᠯ᠎ᠢ ᠥᠷᠨᠢᠭᠦᠯᠦᠨ᠎ᠡ
      ᠪᠠᠶ᠋ᠢᠭᠤᠯᠭ᠎ᠠ᠂ ᠨᠢᠭᠡᠴᠢ᠎ᠨᠦᠭᠦᠳ ᠨᠢᠭᠤᠴᠠ ᠵᠢ ᠬᠠᠮᠠᠭ᠋ᠠᠯᠠᠬᠤ ᠲᠤᠰᠬᠠᠶ ᠬᠥᠮᠦᠵᠢᠯ᠎ᠢ ᠥᠷᠨᠢᠭᠦᠯᠵᠦ᠂ ᠮᠡᠳᠡᠭᠡ ᠵᠠᠩᠭᠢ ᠪᠠ ᠰᠦᠯᠵᠢᠶᠡᠨ᠎ᠤ ᠬᠠᠮᠢᠶᠠᠷᠤᠯᠲᠠ ᠵᠢᠨ ᠨᠢᠭᠤᠴᠠ ᠵᠢ ᠬᠠᠮᠠᠭ᠋ᠠᠯᠠᠬᠤ ᠮᠡᠳᠡᠯᠭᠡ ᠪᠠ ᠮᠡᠷᠭᠡᠵᠢᠯ᠎ᠢ ᠲᠥᠭᠡᠮᠡᠯᠵᠢᠭᠦᠯᠵᠦ᠂ ᠺᠠᠳ᠋ᠷ ᠠᠵᠢᠯᠲᠠᠨ ᠠᠵᠢᠯᠴᠢᠨ᠎ᠳᠤ ᠸᠢᠴᠠᠲ ᠵᠶ᠋ᠠᠷ ᠠᠵᠢᠯᠯᠠᠬᠤ ᠵᠢᠨ ᠲᠦᠭᠰᠢᠭᠦᠷᠢ ᠵᠢᠨ ᠳᠠᠯᠳᠠ ᠬᠡᠮ᠎ᠢ ᠨᠡᠶ᠋ᠢᠳᠡᠮ ᠲᠠᠨᠢᠭᠤᠯᠵᠤ᠂ ᠥᠪᠡᠷ ᠵᠶ᠋ᠠᠨ ᠸᠢᠴᠠᠲ ᠵᠶ᠋ᠠᠷ ᠨᠢᠭᠤᠴᠠ ᠵᠢ ᠳᠠᠮᠵᠢᠭᠤᠯᠬᠤ ᠥᠬᠡᠶ ᠮᠥᠷᠲᠡᠭᠡᠨ ᠡᠢ᠌ᠮᠦᠷᠬᠦᠦ ᠪᠠᠶ᠋ᠢᠳᠠᠯ᠎ᠢ ᠣᠯᠵᠤ ᠮᠡᠳᠡᠪᠡᠯ ᠳᠠᠷᠤᠢ᠎ᠳᠤ᠎ᠨᠢ ᠮᠡᠳᠡᠭᠦᠯᠬᠦ ᠬᠡᠷᠡᠭᠲᠡᠶ᠃



     2 . ᠬᠠᠮᠢᠶᠠᠷᠤᠯᠲᠠ ᠵᠢᠨ ᠱᠠᠭ᠋ᠠᠷᠳᠠᠯᠭ᠎ᠠ ᠵᠢ ᠴᠢᠩᠭ᠎ᠠ ᠨᠠᠢ᠌ᠳᠠᠪᠤᠷᠢᠵᠢᠭᠤᠯᠤᠨ᠎ᠠ
      ᠸᠢᠴᠠᠲ᠎ᠤᠨ ᠠᠵᠢᠯ᠎ᠤᠨ ᠵᠢᠷᠭᠢᠶ᠎ᠡ ᠵᠢ ᠲᠤᠰᠬᠠᠶ ᠬᠥᠮᠦᠨ ᠲᠣᠭᠲᠠᠭ᠋ᠠᠨ ᠬᠠᠮᠢᠶᠠᠷᠤᠭᠤᠯᠵᠤ᠂ ᠨᠢᠭᠤᠴᠠ ᠵᠢ ᠬᠠᠮᠠᠭ᠋ᠠᠯᠠᠬᠤ ᠬᠠᠮᠢᠶᠠᠷᠤᠯᠲᠠ ᠵᠢ ᠰᠠᠶ᠋ᠢᠲᠤᠷ ᠬᠢᠵᠦ᠂ ᠰᠣᠯᠢᠯᠴᠠᠬᠤ ᠠᠭᠤᠯᠭ᠎ᠠ ᠵᠢ ᠪᠥᠬᠦᠨ ᠵᠶ᠋ᠡᠷ ᠵᠶ᠋ᠡᠨ ᠮᠡᠳᠡᠬᠦ ᠡᠩ᠎ᠤᠨ ᠮᠡᠳᠡᠭᠡ ᠵᠠᠩᠭᠢ᠎ᠪᠠᠷ ᠴᠢᠩᠭ᠎ᠠ ᠬᠢᠵᠠᠭ᠋ᠠᠷᠯᠠᠨ ᠲᠣᠭᠲᠠᠭ᠋ᠠᠵᠤ᠂ ᠤᠯᠤᠰ᠎ᠤᠨ ᠨᠢᠭᠤᠴᠠ᠂ ᠠᠵᠢᠯ᠎ᠤᠨ ᠨᠢᠭᠤᠴᠠ᠂ ᠬᠤᠳᠠᠯᠳᠤᠭ᠋ᠠᠨ᠎ᠤ ᠨᠢᠭᠤᠴᠠ ᠵᠢᠴᠢ ᠬᠤᠪᠢ ᠬᠥᠮᠦᠨ᠎ᠤ ᠮᠡᠳᠡᠭᠡ ᠵᠠᠩᠭᠢ ᠵᠢ ᠤᠯᠠᠮᠵᠢᠯᠠᠨ ᠲᠠᠷᠬᠠᠭ᠋ᠠᠬᠤ ᠵᠢ ᠬᠣᠷᠢᠭᠯᠠᠬᠤ ᠬᠡᠷᠡᠭᠲᠡᠶ᠃ ᠡᠭᠦᠨ᠎ᠠᠴᠠ ᠭᠠᠳᠠᠨ᠎ᠠ᠂ ᠪᠠᠶ᠋ᠢᠭᠤᠯᠭ᠎ᠠ᠂ ᠨᠢᠭᠡᠴᠢ᠎ᠨᠢ ᠨᠢᠭᠤᠴᠠ᠎ᠳᠤ ᠬᠣᠯᠪᠣᠭᠳᠠᠬᠤ ᠠᠴᠢᠶᠠᠯᠠᠪᠤᠷᠢ ᠵᠢᠨ ᠴᠤᠪᠤᠷᠠᠯ᠎ᠤᠨ ᠬᠠᠮᠢᠶᠠᠷᠤᠯᠲᠠ ᠬᠢᠭᠡᠳ ᠣᠶᠤᠨᠴᠢ ᠭᠠᠷ ᠤᠲᠠᠰᠤᠨ᠎ᠤ ᠬᠡᠷᠡᠭᠯᠡᠯᠲᠡ ᠪᠠ ᠬᠠᠮᠢᠶᠠᠷᠤᠯᠲᠠ ᠵᠢ ᠤᠶᠠᠯᠳᠤᠭᠤᠯᠵᠤ᠂ ᠨᠢᠭᠤᠴᠠ᠎ᠳᠤ ᠬᠣᠯᠪᠣᠭᠳᠠᠬᠤ ᠪᠢᠴᠢᠭ ᠮᠠᠲ᠋ᠧᠷᠢᠶᠠᠯ᠎ᠤᠨ ᠲᠣᠭ᠋ᠠᠵᠢᠭᠤᠯᠤᠯᠲᠠ ᠵᠢᠨ ᠳᠠᠯᠳᠠ ᠬᠡᠮ᠎ᠢ ᠡᠬᠢ ᠡᠭᠦᠰᠦᠯ᠎ᠠᠴᠠ᠎ᠨᠢ ᠠᠷᠢᠯᠭ᠋ᠠᠬᠤ ᠬᠡᠷᠡᠭᠲᠡᠶ᠃
     3 . ᠨᠢᠭᠤᠴᠠ ᠵᠢ ᠬᠠᠮᠠᠭ᠋ᠠᠯᠠᠬᠤ ᠬᠢᠨᠠᠯᠲᠠ ᠪᠠᠶ᠋ᠢᠴᠠᠭ᠋ᠠᠯᠲᠠ ᠵᠢ ᠴᠢᠩᠭ᠋ᠠᠳᠬᠠᠨ᠎ᠠ
      ᠪᠠᠶ᠋ᠢᠭᠤᠯᠭ᠎ᠠ᠂ ᠨᠢᠭᠡᠴᠢ᠎ᠨᠦᠭᠦᠳ ᠸᠢᠴᠠᠲ᠎ᠤᠨ ᠠᠵᠢᠯ᠎ᠤᠨ ᠵᠢᠷᠭᠢᠶ᠎ᠡ ᠵᠢ ᠭᠣᠣᠯᠳᠠᠯᠭ᠋ᠠᠲᠠᠢ ᠰᠤᠭᠤᠴᠢᠨ ᠪᠠᠶ᠋ᠢᠴᠠᠭ᠋ᠠᠵᠤ᠂ ᠠᠰᠠᠭᠤᠳᠠᠯ᠎ᠢ ᠢᠯᠡᠷᠡᠭᠦᠯᠪᠡᠯ ᠳᠠᠷᠤᠢ᠎ᠳᠤ᠎ᠨᠢ ᠵᠠᠯᠠᠷᠠᠭᠤᠯᠬᠤ ᠵᠢᠨ ᠬᠠᠮᠲᠤ ᠲᠣᠰ ᠪᠠᠢ᠌ᠭᠤᠯᠭ᠎ᠠ ᠵᠢᠨ ᠨᠢᠭᠤᠴᠠ ᠵᠢ ᠬᠠᠮᠠᠭ᠋ᠠᠯᠠᠬᠤ ᠠᠵᠢᠯ᠎ᠤᠨ ᠪᠠᠶ᠋ᠢᠭᠤᠯᠤᠮᠵᠢ᠎ᠳᠤ ᠳᠠᠷᠤᠶ᠋ᠢᠬᠠᠨ ᠮᠡᠳᠡᠭᠦᠯᠬᠦ ᠬᠡᠷᠡᠭᠲᠡᠶ᠃ ᠨᠢᠭᠤᠴᠠ ᠵᠢ ᠬᠠᠮᠠᠭ᠋ᠠᠯᠠᠬᠤ ᠠᠵᠢᠯ᠎ᠤᠨ ᠪᠠᠶ᠋ᠢᠭᠤᠯᠤᠮᠵᠢ᠎ᠨᠢ ᠠᠷᠭ᠎ᠠ ᠬᠡᠮᠵᠢᠶ᠎ᠡ ᠠᠪᠴᠤ ᠮᠡᠳᠡᠭᠡ ᠵᠠᠩᠭᠢ ᠲᠠᠷᠬᠠᠬᠤ ᠵᠢ ᠰᠡᠷᠭᠡᠶ᠋ᠢᠯᠡᠬᠦ ᠵᠢᠨ ᠬᠠᠮᠲᠤ ᠠᠳᠠᠯᠢ ᠱᠠᠲᠤᠨ᠎ᠤ ᠨᠢᠭᠤᠴᠠ ᠵᠢ ᠬᠠᠮᠠᠭ᠋ᠠᠯᠠᠬᠤ ᠵᠠᠰᠠᠭ ᠵᠠᠬᠢᠷᠭ᠋ᠠᠨ᠎ᠤ ᠬᠠᠮᠢᠶᠠᠷᠤᠯᠲᠠ ᠵᠢᠨ ᠰᠠᠯᠠᠭ᠎ᠠ ᠮᠥᠴᠢᠷ᠎ᠲᠤ ᠳᠠᠷᠤᠶ᠋ᠢᠬᠠᠨ ᠮᠡᠳᠡᠭᠦᠯᠬᠦ ᠬᠡᠷᠡᠭᠲᠡᠶ᠃


ᠢᠷᠡᠯᠲᠡ᠄ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠥᠵᠢᠯ᠎ᠤᠨ ᠲᠢᠩᠬᠢᠮ
          
ᠬᠠᠮᠢᠶ᠎ᠡ ᠪᠦᠬᠦᠢ ᠰᠣᠨᠢᠨ
ᠡᠪᠦᠯ᠎ᠤᠨ ᠠᠮᠠᠷᠠᠯᠲᠠ ᠵᠢᠨ ᠬᠤᠭᠤᠴᠠᠭ᠋ᠠᠨ᠎ᠳᠠᠬᠢ 《ᠬᠣᠶᠠᠷ᠎ᠢ ᠬᠥᠩᠭᠡᠷᠡᠭᠦᠯᠬᠦ》 ᠠᠵᠢᠯ᠎ᠢ ᠬᠡᠷᠬᠢᠨ ᠰᠠᠶ᠋ᠢᠲᠤᠷ ᠬᠢᠬᠦ ᠲᠤᠬᠠᠢ ᠰᠤᠷᠭ᠋ᠠᠨ ᠬᠥᠮᠦᠵᠢᠯ᠎ᠤᠨ ᠲᠢᠩᠬᠢᠮ᠎ᠤᠨ ᠬᠠᠮᠤᠭ ᠰᠢᠨ᠎ᠡ ᠮᠡᠳᠡᠭᠳᠡᠯ
ᠡᠪᠦᠯ᠎ᠤᠨ ᠠᠮᠠᠷᠠᠯᠲᠠ ᠪᠣᠯᠤᠯ᠎ᠠ! ᠰᠤᠷᠭ᠋ᠠᠨ ᠬᠥᠮᠦᠵᠢᠯ᠎ᠤᠨ ᠶᠠᠮᠤᠨ᠎ᠠᠴᠠ ᠡᠳᠡᠭᠡᠷ ᠡᠷᠡᠭᠦᠯ ᠮᠡᠨᠳᠦ ᠵᠢᠨ ᠰᠠᠨᠠᠭᠤᠯᠤᠮᠵᠢ ᠵᠢ ᠥᠭᠪᠡ᠂ ᠬᠠᠮᠲᠤ᠎ᠳᠤ᠎ᠪᠠᠨ ᠦᠵᠡᠵᠡᠭᠡᠶ᠎ᠡ
2022 ᠣᠨ᠎ᠤ ᠳᠡᠭᠡᠳᠦ ᠵᠡᠷᠭᠡ ᠵᠢᠨ ᠠᠵᠢᠯ ᠮᠡᠷᠭᠡᠵᠢᠯ᠎ᠤᠨ ᠰᠤᠷᠭ᠋ᠠᠭᠤᠯᠢ ᠵᠢᠨ ᠲᠤᠰᠠᠭ᠋ᠠᠷ ᠰᠣᠷᠣᠭᠴᠢ ᠡᠯᠰᠡᠬᠦ ᠬᠣᠯᠪᠤᠭᠳᠠᠬᠤ ᠠᠵᠢᠯ᠎ᠤᠨ ᠲᠣᠬᠢᠷᠠᠭᠤᠯᠤᠯᠲᠠ
ᠰᠤᠷᠭ᠋ᠠᠨ ᠬᠥᠮᠦᠵᠢᠯ᠎ᠤᠨ ᠲᠢᠩᠬᠢᠮ ᠮᠡᠳᠡᠭᠳᠡᠯ ᠳᠠᠷᠤᠮᠠᠯᠯᠠᠨ ᠲᠠᠷᠬᠠᠭ᠋ᠠᠵᠤ ᠡᠯ᠎ᠡ ᠱᠠᠲᠤᠨ᠎ᠤ ᠡᠯ᠎ᠡ ᠲᠥᠷᠥᠯ᠎ᠤᠨ ᠰᠤᠷᠭ᠋ᠠᠭᠤᠯᠢ ᠵᠢᠨ ᠬᠠᠪᠤᠷ᠎ᠤᠨ ᠤᠯᠠᠷᠢᠯ᠎ᠤᠨ ᠰᠤᠷᠤᠯᠭ᠎ᠠ ᠵᠢᠨ ᠬᠤᠭᠤᠴᠠᠭ᠎ᠠ ᠡᠬᠢᠯᠡᠬᠦ ᠬᠤᠭᠤᠴᠠᠭ᠋ᠠᠨ᠎ᠳᠠᠬᠢ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠠᠵᠢᠯ᠎ᠢ ᠵᠢᠭ᠋ᠠᠨ ᠵᠢᠯᠣᠭᠣᠳᠪᠠ
ᠰᠠᠨᠠᠭᠤᠯᠤᠮᠵᠢ! ᠥᠪᠥᠷ ᠮᠣᠩᠭᠣᠯ᠎ᠤᠨ ᠡᠯ᠎ᠡ ᠠᠶ᠋ᠢᠮᠠᠭ ᠬᠣᠲᠠ ᠵᠢᠨ ᠳᠤᠮᠳᠠᠳᠤ ᠪᠠᠭ᠎ᠠ ᠰᠤᠷᠭ᠋ᠠᠭᠤᠯᠢ ᠵᠢᠨ ᠰᠤᠷᠭ᠋ᠠᠭᠤᠯᠢ ᠡᠬᠢᠯᠡᠬᠦ ᠴᠠᠭ ᠵᠢᠴᠢ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠱᠠᠭ᠋ᠠᠷᠳᠠᠯᠭ᠎ᠠ
 
             蒙ICP备05000248号