ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠤᠷᠭᠠᠨ ᠬᠦᠮᠦᠵᠢᠯ᠎ᠤᠨ ᠬᠠᠨᠲᠤᠯᠭ᠎ᠠ
ᠰᠣᠨᠤᠷ᠎ᠤᠨ ᠲᠠᠪᠴᠠᠩ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠦᠢᠯᠡᠴᠢᠯᠡᠭᠡ   -   ᠲᠠᠨ᠎ᠳᠤ ᠦᠢᠯᠡᠴᠢᠯᠡᠬᠦ᠌
ᠡᠪᠦᠯ᠎ᠤᠨ ᠠᠮᠠᠷᠠᠯᠲᠠ ᠵᠢᠨ ᠬᠤᠭᠤᠴᠠᠭ᠋ᠠᠨ᠎ᠳᠠᠬᠢ 《ᠬᠣᠶᠠᠷ᠎ᠢ ᠬᠥᠩᠭᠡᠷᠡᠭᠦᠯᠬᠦ》 ᠠᠵᠢᠯ᠎ᠢ ᠬᠡᠷᠬᠢᠨ ᠰᠠᠶ᠋ᠢᠲᠤᠷ ᠬᠢᠬᠦ ᠲᠤᠬᠠᠢ ᠰᠤᠷᠭ᠋ᠠᠨ ᠬᠥᠮᠦᠵᠢᠯ᠎ᠤᠨ ᠲᠢᠩᠬᠢᠮ᠎ᠤᠨ ᠬᠠᠮᠤᠭ ᠰᠢᠨ᠎ᠡ ᠮᠡᠳᠡᠭᠳᠡᠯ
ᠨᠡᠶ᠋ᠢᠲᠡᠯᠡᠭᠰᠡᠨ ᠴᠠᠭ᠄ 2022-01-07


      ᠣᠶ᠋ᠢᠷ᠎ᠠ᠎ᠳᠤ᠂ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ᠎ᠠᠴᠠ ᠮᠡᠳᠡᠭᠳᠡᠯ ᠳᠠᠷᠤᠮᠠᠯᠯᠠᠨ ᠲᠠᠷᠬᠠᠭ᠋ᠠᠵᠤ᠂ ᠡᠪᠦᠯ᠎ᠤᠨ ᠠᠮᠠᠷᠠᠯᠲᠠ ᠵᠢᠨ ᠬᠤᠭᠤᠴᠠᠭ᠋ᠠᠨ᠎ᠳᠠᠬᠢ 《ᠬᠣᠶᠠᠷ᠎ᠢ ᠬᠥᠩᠭᠡᠷᠡᠭᠦᠯᠬᠦ》 ᠠᠵᠢᠯ᠎ᠳᠤ ᠪᠣᠳᠠᠲᠠᠶ ᠲᠣᠬᠢᠷᠠᠭᠤᠯᠤᠯᠲᠠ ᠬᠢᠪᠠ᠃ ᠬᠠᠮᠲᠤ᠎ᠳᠤ᠎ᠪᠠᠨ ᠠᠭᠤᠯᠭ᠎ᠠ ᠵᠢ ᠦᠵᠡᠵᠡᠭᠡᠶ᠎ᠡ᠃
      ᠬᠢᠨᠠᠯᠲᠠ ᠲᠠᠯᠪᠢᠵᠤ ᠢᠯᠡᠴᠢᠯᠡᠨ ᠮᠡᠳᠡᠭᠦᠯᠬᠦ ᠠᠷᠭ᠎ᠠ ᠵᠠᠮ᠎ᠢ ᠰᠢᠯᠤᠭᠤᠳᠬᠠᠬᠤ ᠬᠡᠷᠡᠭᠲᠡᠢ᠃ ᠡᠯ᠎ᠡ ᠭᠠᠵᠠᠷ᠎ᠤᠨ᠎ᠬᠢᠨ ᠬᠢᠨᠠᠯᠲᠠ ᠲᠠᠯᠪᠢᠵᠤ ᠢᠯᠡᠴᠢᠯᠡᠨ ᠮᠡᠳᠡᠭᠦᠯᠬᠦ ᠤᠲᠠᠰᠤ ᠪᠠ ᠢᠮᠧᠯ ᠵᠡᠷᠭᠡ ᠮᠡᠳᠡᠭᠡ ᠵᠠᠩᠭᠢ ᠵᠢ ᠳᠠᠬᠢᠨᠲᠠ ᠨᠡᠶ᠋ᠢᠲᠡᠯᠡᠵᠦ᠂ ᠵᠠᠬᠢᠳᠠᠯ ᠰᠤᠷᠪᠤᠯᠵᠢᠯᠠᠭ᠎ᠠ᠂ ᠬᠤᠳᠠ ᠵᠢᠨ ᠠᠷᠠᠳ᠎ᠤᠨ ᠬᠠᠯᠠᠮᠰᠢᠯ ᠤᠲᠠᠰᠤ ᠵᠡᠷᠭᠡ ᠠᠷᠭ᠎ᠠ ᠬᠡᠯᠪᠡᠷᠢ ᠵᠢ ᠨᠢᠭᠡᠳᠦᠯᠲᠡᠢ ᠲᠥᠯᠥᠪᠵᠢᠭᠦᠯᠵᠦ᠂ ᠤᠯᠠᠨ ᠲᠦᠮᠡᠨ᠎ᠤ ᠢᠯᠡᠴᠢᠯᠡᠨ ᠵᠠᠭ᠋ᠠᠯᠳᠤᠬᠤ ᠠᠷᠭ᠎ᠠ ᠵᠠᠮ᠎ᠢ ᠰᠢᠯᠤᠭᠤᠳᠬᠠᠬᠤ ᠬᠡᠷᠡᠭᠲᠡᠢ᠃ 《ᠬᠣᠶᠠᠷ᠎ᠢ ᠬᠥᠩᠭᠡᠷᠡᠭᠦᠯᠬᠦ》 ᠠᠵᠢᠯ᠎ᠳᠤ ᠨᠡᠶ᠋ᠢᠭᠡᠮ᠎ᠤᠨ ᠬᠢᠨᠠᠯᠲᠠ ᠲᠠᠯᠪᠢᠭᠴᠢ ᠵᠢᠨ ᠦᠢ᠍ᠯᠡᠳᠦᠯ᠎ᠢ ᠭᠦᠢ᠍ᠴᠡᠳ   ᠪᠠᠳᠠᠷᠠᠭᠤᠯᠵᠤ᠂ ᠰᠦᠯᠵᠢᠶᠡᠨ᠎ᠤ ᠠᠵᠢᠯᠲᠠᠨ᠎ᠢ ᠨᠡᠶ᠋ᠢᠭᠡᠮ᠎ᠤᠨ ᠬᠢᠨᠠᠯᠲᠠ ᠲᠠᠯᠪᠢᠭᠴᠢ᠎ᠪᠠᠷ ᠤᠷᠢᠨ ᠲᠣᠮᠢᠯᠠᠬᠤ ᠠᠵᠢᠯ᠎ᠢ ᠢᠳᠡᠪᠬᠢᠲᠡᠶ ᠠᠬᠢᠭᠤᠯᠵᠤ᠂ 《ᠬᠣᠶᠠᠷ᠎ᠢ ᠬᠥᠩᠭᠡᠷᠡᠭᠦᠯᠬᠦ》 ᠠᠵᠢᠯ᠎ᠳᠤ ᠬᠢᠨᠠᠯᠲᠠ ᠲᠠᠯᠪᠢᠬᠤ ᠬᠡᠪᠴᠢᠶ᠎ᠡ ᠵᠢ ᠲᠠᠰᠤᠷᠠᠯᠲᠠ ᠥᠬᠡᠶ ᠥᠷᠭᠡᠳᠭᠡᠵᠦ᠂ ᠣᠯᠠᠨ ᠵᠶ᠋ᠠᠷ ᠵᠶ᠋ᠠᠨ ᠰᠡᠷᠭᠡᠶ᠋ᠢᠯᠡᠵᠦ ᠣᠯᠠᠨ ᠵᠶ᠋ᠠᠷ ᠵᠶ᠋ᠠᠨ ᠵᠠᠰᠠᠬᠤ ᠬᠢᠨᠠᠯᠲᠠ ᠲᠠᠯᠪᠢᠬᠤ ᠲᠣᠭᠲᠠᠴᠠ ᠵᠢ ᠪᠣᠶ ᠪᠣᠯᠭ᠋ᠠᠬᠤ ᠬᠡᠷᠡᠭᠲᠡᠶ᠃ ᠰᠠᠯᠠᠭ᠎ᠠ ᠮᠥᠴᠢᠷ᠎ᠤᠨ ᠵᠣᠬᠢᠴᠠᠯᠳᠤᠨ ᠬᠠᠮᠵᠢᠯᠴᠠᠬᠤ ᠵᠢ ᠴᠢᠩᠭ᠋ᠠᠳᠬᠠᠵᠤ᠂ ᠮᠡᠳᠡᠭᠡ ᠵᠠᠩᠭᠢ ᠵᠢ ᠬᠠᠮᠲᠤ᠎ᠳᠤ᠎ᠪᠠᠨ ᠬᠦᠷᠲᠡᠬᠦ ᠬᠠᠮᠲᠤᠷᠠᠨ ᠬᠥᠳᠡᠯᠦᠯᠴᠡᠬᠦ ᠲᠣᠭᠲᠠᠴᠠ ᠪᠠ ᠵᠢᠵᠢᠭᠦᠷᠯᠡᠨ ᠰᠠᠬᠢᠬᠤ ᠠᠵᠢᠯ᠎ᠢ ᠲᠡᠭᠦᠯᠳᠡᠷᠵᠢᠭᠦᠯᠵᠦ᠂ ᠮᠡᠳᠡᠭᠡ ᠵᠠᠩᠭᠢ ᠵᠢ ᠪᠠᠶ᠋ᠢᠴᠠᠭ᠋ᠠᠨ ᠬᠤᠷᠢᠶᠠᠬᠤ᠂ ᠬᠢᠨᠠᠨ ᠪᠠᠢ᠌ᠴᠠᠭ᠋ᠠᠬᠤ᠂ ᠰᠢᠢ᠍ᠳᠪᠦᠷᠢᠯᠡᠬᠦ᠂ ᠳᠡᠭᠡᠭᠰᠢ ᠮᠡᠳᠡᠭᠦᠯᠬᠦ ᠪᠠ ᠬᠠᠮᠲᠤ᠎ᠪᠠᠷ ᠡᠳ᠋ᠯᠡᠬᠦ ᠵᠢ ᠳᠠᠷᠤᠶ᠋ᠢᠬᠠᠨ ᠪᠡᠶᠡᠯᠡᠭᠦᠯᠬᠦ ᠵᠢ ᠦᠨᠡᠨ ᠬᠦ᠌ ᠪᠠᠲᠤᠯᠠᠬᠤ ᠬᠡᠷᠡᠭᠲᠡᠶ᠃
      ᠬᠢᠨᠠᠯᠲᠠ ᠬᠠᠮᠢᠶᠠᠷᠤᠯᠲᠠ ᠵᠢᠨ ᠥᠨᠳᠥᠷ ᠳᠠᠷᠤᠯᠲᠠᠲᠤ ᠪᠠᠶ᠋ᠢᠳᠠᠯ᠎ᠢ ᠢᠮᠠᠭᠲᠠ ᠪᠠᠲᠤᠯᠠᠬᠤ ᠬᠡᠷᠡᠭᠲᠡᠶ᠃ ᠡᠯ᠎ᠡ ᠭᠠᠵᠠᠷ᠎ᠤᠨ ᠰᠤᠷᠭ᠋ᠠᠨ ᠬᠥᠮᠦᠵᠢᠯ᠂ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠂ ᠳᠣᠲᠣᠭ᠋ᠠᠳᠤ ᠵᠢ ᠬᠠᠮᠠᠭ᠋ᠠᠯᠠᠬᠤ᠂ ᠰᠦᠯᠵᠢᠶᠡᠨ᠎ᠤ ᠮᠡᠳᠡᠭᠡ ᠵᠠᠩᠭᠢ ᠵᠡᠷᠭᠡ ᠰᠠᠯᠠᠭ᠎ᠠ ᠮᠥᠴᠢᠷ᠎ᠤᠨ᠎ᠬᠢᠨ ᠰᠦᠯᠵᠢᠶᠡᠨ᠎ᠳᠠᠬᠢ ᠪᠠ ᠰᠦᠯᠵᠢᠶᠡᠨ ᠭᠠᠳᠠᠨᠠᠬᠢ ᠬᠣᠯᠪᠣᠭ᠋ᠠᠯᠠᠨ ᠬᠥᠳᠡᠯᠦᠯᠴᠡᠬᠦ᠂ ᠢᠯᠡ᠎ᠪᠠᠷ ᠪᠠᠶ᠋ᠢᠴᠠᠭ᠋ᠠᠵᠤ ᠳᠠᠯᠳᠠᠭᠤᠷ ᠰᠤᠷᠪᠤᠯᠵᠢᠯᠠᠬᠤ ᠵᠡᠷᠭᠡ ᠠᠷᠭ᠎ᠠ ᠮᠠᠶᠢᠭ ᠵᠶ᠋ᠠᠷ ᠳᠠᠮᠵᠢᠭᠤᠯᠤᠨ᠂ ᠳᠤᠮᠳᠠᠳᠤ ᠪᠠᠭ᠎ᠠ ᠰᠤᠷᠭ᠋ᠠᠭᠤᠯᠢ ᠵᠢᠨ ᠰᠤᠷᠤᠭᠴᠢᠳ᠎ᠲᠤ ᠬᠠᠨᠳᠤᠭᠤᠯᠤᠭᠰᠠᠨ ᠬᠢᠴᠢᠶᠡᠯ ᠲᠥᠷᠥᠯ᠎ᠤᠨ ᠪᠣᠯᠪᠠᠰᠤᠷᠠᠭᠤᠯᠤᠯ᠎ᠢ ᠲᠣᠭᠲᠠᠭ᠋ᠠᠯ᠎ᠠᠴᠠ ᠵᠥᠷᠢᠴᠡᠨ ᠥᠷᠨᠢᠭᠦᠯᠬᠦ ᠵᠢ ᠡᠷᠡᠰ ᠰᠡᠷᠭᠡᠶ᠋ᠢᠯᠡᠵᠦ᠂ ᠨᠢᠭᠡ ᠵᠢ ᠢᠯᠡᠷᠡᠭᠦᠯᠪᠡᠯ ᠨᠢᠭᠡ ᠵᠢ ᠪᠠᠶ᠋ᠢᠴᠠᠭ᠋ᠠᠨ ᠰᠢᠢ᠍ᠳᠪᠦᠷᠢᠯᠡᠵᠦ᠂ ᠨᠢᠭᠡ ᠵᠢ ᠰᠢᠢ᠍ᠳᠪᠦᠷᠢᠯᠡᠪᠡᠯ ᠨᠢᠭᠡ ᠵᠢ ᠨᠡᠶ᠋ᠢᠲᠡ᠎ᠳᠤ ᠵᠠᠷᠯᠠᠬᠤ ᠬᠡᠷᠡᠭᠲᠡᠢ᠃ ᠬᠣᠯᠪᠤᠭᠳᠠᠬᠤ ᠲᠥᠷᠥ ᠵᠢᠨ ᠪᠣᠳᠣᠯᠭ᠎ᠠ ᠵᠢᠨ ᠱᠠᠭ᠋ᠠᠷᠳᠠᠯᠭ᠎ᠠ ᠶᠣᠰᠤ᠎ᠪᠠᠷ ᠰᠤᠷᠭ᠋ᠠᠭᠤᠯᠢ ᠵᠢᠨ ᠭᠠᠳᠠᠨᠠᠬᠢ ᠪᠣᠯᠪᠠᠰᠤᠷᠠᠭᠤᠯᠤᠯ᠎ᠤᠨ ᠪᠠᠶ᠋ᠢᠭᠤᠯᠤᠮᠵᠢ᠎ᠳᠤ ᠠᠵᠢᠯᠯᠠᠭᠰᠠᠳ ᠪᠠ ᠪᠣᠯᠪᠠᠰᠤᠷᠠᠭᠤᠯᠤᠯ᠎ᠤᠨ ᠮᠠᠲ᠋ᠧᠷᠢᠶᠠᠯ᠎ᠢ ᠲᠤᠰᠬᠠᠶ ᠵᠢᠭᠰᠠᠭ᠋ᠠᠨ ᠪᠠᠢ᠌ᠴᠠᠭ᠋ᠠᠬᠤ ᠵᠢ ᠥᠷᠨᠢᠭᠦᠯᠵᠦ᠂ ᠰᠤᠷᠭ᠋ᠠᠭᠤᠯᠢ ᠵᠢᠨ ᠭᠠᠳᠠᠨᠠᠬᠢ ᠪᠣᠯᠪᠠᠰᠤᠷᠠᠭᠤᠯᠤᠯ᠎ᠤᠨ ᠪᠠᠢ᠌ᠭᠤᠯᠤᠮᠵᠢ ᠵᠢᠨ ᠰᠤᠷᠭ᠋ᠠᠭᠤᠯᠢ ᠡᠷᠭᠢᠯᠡᠬᠦ ᠠᠵᠢᠯᠯᠠᠭ᠎ᠠ ᠵᠢ ᠤᠯᠠᠮ ᠨᠢᠭᠡ ᠠᠯᠬᠤᠮ ᠳᠦᠷᠢᠮᠵᠢᠭᠦᠯᠬᠦ ᠬᠡᠷᠡᠭᠲᠡᠢ᠃
      ᠲᠣᠭᠲᠠᠭ᠋ᠠᠯ᠎ᠠᠴᠠ ᠵᠥᠷᠢᠴᠡᠨ ᠬᠡᠯᠪᠡᠷᠢ ᠵᠢ᠎ᠨᠢ ᠥᠭᠡᠷᠡᠲᠦᠭᠦᠯᠦᠨ ᠪᠣᠯᠪᠠᠰᠤᠷᠠᠭᠤᠯᠬᠤ ᠵᠢ ᠴᠢᠩᠭ᠎ᠠ ᠪᠠᠶ᠋ᠢᠴᠠᠭ᠋ᠠᠨ ᠰᠢᠢ᠍ᠳᠪᠦᠷᠢᠯᠡᠬᠦ ᠬᠡᠷᠡᠭᠲᠡᠢ᠃ ᠡᠯ᠎ᠡ ᠭᠠᠵᠠᠷ᠎ᠤᠨ᠎ᠬᠢᠨ ᠨᠡᠶ᠋ᠢᠭᠡᠮ ᠲᠣᠭᠣᠷᠢᠭ᠎ᠤᠨ ᠶᠡᠷᠦᠩᠬᠡᠶ᠋ᠢᠯᠡᠭᠰᠡᠨ ᠬᠠᠮᠢᠶᠠᠷᠤᠯᠲᠠ ᠵᠢᠨ ᠡᠭᠦᠷᠭᠡ ᠴᠢᠳᠠᠮᠵᠢ᠎ᠪᠠᠨ ᠭᠦᠢ᠍ᠴᠡᠳ ᠪᠠᠳᠠᠷᠠᠭᠤᠯᠵᠤ᠂ ᠬᠢᠴᠢᠶᠡᠯ ᠲᠥᠷᠥᠯ᠎ᠤᠨ ᠪᠣᠯᠪᠠᠰᠤᠷᠠᠭᠤᠯᠤᠯ 《ᠭᠠᠵᠠᠷ ᠳᠤᠤᠷᠠᠬᠢ》 ᠪᠤᠶᠤ 《ᠬᠡᠷ᠎ᠤᠨ ᠦᠢ᠍ᠯᠡᠴᠢᠯᠡᠭᠡ》᠂ 《ᠣᠯᠠᠨ᠎ᠤ ᠪᠡᠯᠡ ᠵᠢ ᠴᠤᠭᠯᠠᠭᠤᠯᠤᠨ ᠬᠤᠪᠢ᠎ᠪᠠᠷ ᠵᠶ᠋ᠠᠨ ᠬᠢᠴᠢᠶᠡᠯ ᠣᠷᠣᠬᠤ》 ᠵᠡᠷᠭᠡ ᠨᠡᠷ᠎ᠡ᠎ᠪᠠᠷ 《ᠨᠢᠭᠡ᠎ᠪᠠᠷ ᠨᠢᠭᠡ ᠵᠢ ᠳᠠᠭ᠋ᠠᠭᠤᠯᠬᠤ》᠂ 《ᠨᠢᠭᠡ᠎ᠪᠠᠷ ᠣᠯᠠᠨ᠎ᠢ ᠳᠠᠭ᠋ᠠᠭᠤᠯᠬᠤ》 ᠵᠡᠷᠭᠡ ᠨᠢᠭᠤᠭᠳᠠᠮᠠᠯ ᠪᠤᠶᠤ ᠣᠨᠳᠣᠣᠰᠢᠭᠰᠠᠨ ᠰᠤᠷᠭ᠋ᠠᠭᠤᠯᠢ ᠵᠢᠨ ᠭᠠᠳᠠᠨᠠᠬᠢ ᠪᠣᠯᠪᠠᠰᠤᠷᠠᠭᠤᠯᠤᠯ᠎ᠤᠨ ᠪᠠᠢ᠌ᠭᠤᠯᠤᠮᠵᠢ ᠵᠢ ᠶᠡᠷᠦᠩᠬᠡᠢ᠌ᠯᠡᠨ ᠵᠠᠰᠠᠬᠤ ᠳᠣᠭᠲᠠᠯᠴᠠᠭ᠋ᠠᠨ᠎ᠳᠤ ᠣᠷᠣᠭᠤᠯᠵᠤ᠂ ᠵᠡᠭᠡᠯᠢ ᠭᠤᠳᠤᠮᠵᠢ᠂ ᠨᠡᠶ᠋ᠢᠭᠡᠮ ᠲᠣᠭᠣᠷᠢᠭ᠂ ᠰᠦᠯᠵᠢᠶᠡᠨ᠎ᠤ ᠬᠠᠮᠢᠶᠠᠷᠤᠯᠲᠠ ᠵᠢᠨ ᠠᠵᠢᠯᠲᠠᠨ ᠵᠡᠷᠭᠡ ᠭᠤᠷᠪᠠᠨ ᠱᠠᠲᠤᠨ᠎ᠤ ᠰᠦᠯᠵᠢᠶᠡᠴᠢᠯᠡᠭᠰᠡᠨ ᠬᠥᠳᠡᠯᠦᠩᠭᠦᠶ ᠪᠠᠢ᠌ᠴᠠᠭ᠋ᠠᠬᠤ ᠲᠣᠭᠲᠠᠴᠠ ᠵᠢ ᠪᠠᠶ᠋ᠢᠭᠤᠯᠵᠤ᠂ ᠬᠣᠯᠪᠤᠭ᠋ᠠᠯᠠᠨ ᠳᠠᠭ᠋ᠠᠭ᠋ᠠᠴᠢᠯᠠᠬᠤ ᠬᠠᠷᠢᠭᠤᠴᠠᠯᠭ᠎ᠠ ᠵᠢᠨ ᠲᠦᠷᠢᠮ᠎ᠢ ᠪᠠᠶ᠋ᠢᠭᠤᠯᠵᠤ᠂ ᠲᠣᠭᠣᠷᠢᠨ ᠪᠠᠶ᠋ᠢᠴᠠᠭ᠋ᠠᠬᠤ᠎ᠳᠤ᠎ᠪᠠᠨ ᠪᠦᠬᠦᠨ᠎ᠢ ᠬᠠᠮᠤᠷᠬᠤ ᠵᠢ ᠪᠥᠬᠥ ᠲᠠᠯ᠎ᠠ᠎ᠪᠠᠷ ᠪᠡᠶᠡᠯᠡᠭᠦᠯᠬᠦ ᠬᠡᠷᠡᠭᠲᠡᠶ᠃ ᠬᠠᠮᠲᠤᠷᠠᠨ ᠬᠠᠤᠯᠢ ᠵᠢ ᠬᠡᠷᠡᠭᠵᠢᠭᠦᠯᠬᠦ ᠡᠷᠴᠢᠮ ᠵᠶ᠋ᠠᠨ ᠴᠢᠩᠭ᠋ᠠᠷᠠᠭᠤᠯᠵᠤ᠂ 《ᠳᠣᠯᠣᠭ᠎ᠠ ᠵᠢ ᠵᠥᠷᠢᠴᠡᠭᠰᠡᠨ》 (ᠪᠣᠯᠪᠠᠰᠤᠷᠠᠭᠤᠯᠤᠯ᠎ᠤᠨ ᠭᠣᠣᠯ ᠴᠣᠭᠴᠠ᠂ ᠪᠣᠯᠪᠠᠰᠤᠷᠠᠭᠤᠯᠤᠯ᠎ᠤᠨ ᠠᠵᠢᠯᠲᠠᠨ᠂ ᠪᠣᠯᠪᠠᠰᠤᠷᠠᠭᠤᠯᠤᠯ᠎ᠤᠨ ᠴᠠᠭ᠂ ᠪᠣᠯᠪᠠᠰᠤᠷᠠᠭᠤᠯᠤᠯ᠎ᠤᠨ ᠭᠠᠵᠠᠷ᠂ ᠪᠣᠯᠪᠠᠰᠤᠷᠠᠭᠤᠯᠤᠯ᠎ᠤᠨ ᠠᠭᠤᠯᠭ᠎ᠠ᠂ ᠪᠣᠯᠪᠠᠰᠤᠷᠠᠭᠤᠯᠤᠯ᠎ᠤᠨ ᠠᠷᠭ᠎ᠠ ᠮᠠᠶᠢᠭ᠎ᠤᠨ ᠬᠣᠯᠪᠤᠭᠳᠠᠬᠤ ᠲᠣᠭᠲᠠᠭ᠋ᠠᠯ ᠪᠣᠯᠤᠨ ᠪᠤᠰᠤᠳ ᠬᠣᠯᠪᠤᠭᠳᠠᠬᠤ ᠲᠣᠭᠲᠠᠭ᠋ᠠᠯ) ᠪᠣᠯᠪᠠᠰᠤᠷᠠᠭᠤᠯᠤᠯ᠎ᠤᠨ ᠦᠢ᠍ᠯᠡ ᠠᠵᠢᠯᠯᠠᠭ᠎ᠠ ᠵᠢ ᠡᠷᠬᠡᠪᠰᠢ ᠡᠷᠡᠰ ᠴᠡᠭᠴᠡᠯᠡᠨ ᠵᠠᠰᠠᠵᠤ᠂ ᠴᠢᠩᠭ᠎ᠠ ᠴᠣᠬᠢᠯᠲᠠ ᠥᠭᠴᠦ᠂ 《ᠬᠣᠶᠠᠷ᠎ᠢ ᠬᠥᠩᠭᠡᠷᠡᠭᠦᠯᠬᠦ》 ᠦᠷ᠎ᠡ ᠪᠦᠲᠦᠭᠡᠯ᠎ᠢ ᠬᠣᠬᠢᠷᠠᠭᠤᠯᠬᠤ ᠬᠡᠯᠪᠡᠷᠢ᠎ᠪᠠᠨ ᠥᠭᠡᠷᠡᠲᠦᠭᠦᠯᠦᠭᠰᠡᠨ ᠳᠣᠭᠲᠠᠭ᠋ᠠᠯ᠎ᠠᠴᠠ ᠵᠦᠷᠢᠴᠡᠭᠰᠡᠨ ᠠᠵᠢᠯᠯᠠᠭ᠎ᠠ ᠵᠢ ᠰᠡᠷᠭᠡᠶ᠋ᠢᠯᠡᠨ ᠬᠣᠷᠢᠭᠯᠠᠬᠤ ᠬᠡᠷᠡᠭᠲᠡᠶ᠃
      ᠠᠵᠢᠯ ᠲᠥᠷᠥᠯ᠎ᠤᠨ ᠥᠪᠡᠷ᠎ᠢ᠎ᠪᠠᠨ ᠱᠠᠭ᠋ᠠᠷᠳᠠᠬᠤ ᠤᠬᠠᠮᠰᠠᠷ᠎ᠢ ᠬᠥᠲᠥᠯᠥᠨ ᠵᠢᠯᠣᠭᠣᠳᠴᠤ ᠳᠡᠭᠡᠭᠰᠢᠯᠡᠭᠦᠯᠬᠦ ᠬᠡᠷᠡᠭᠲᠡᠢ᠃ ᠰᠤᠷᠭ᠋ᠠᠭᠤᠯᠢ ᠵᠢᠨ ᠭᠠᠳᠠᠨᠠᠬᠢ ᠪᠣᠯᠪᠠᠰᠤᠷᠠᠭᠤᠯᠤᠯ᠎ᠤᠨ ᠪᠠᠶ᠋ᠢᠭᠤᠯᠤᠮᠵᠢ ᠵᠢ ᠬᠥᠲᠥᠯᠦᠨ ᠵᠢᠯᠣᠭᠣᠳᠴᠤ ᠤᠯᠤᠰ᠎ᠤᠨ ᠬᠠᠤᠯᠢ ᠴᠠᠭ᠋ᠠᠵᠠ ᠬᠠᠤᠯᠢ ᠳᠦᠷᠢᠮ᠎ᠢ ᠤᠬᠠᠮᠰᠠᠷᠲᠠᠢ᠎ᠪᠠᠷ ᠵᠢᠷᠤᠮᠯᠠᠭᠤᠯᠵᠤ᠂ 《ᠬᠣᠶᠠᠷ᠎ᠢ ᠬᠥᠩᠭᠡᠷᠡᠭᠦᠯᠬᠦ》 ᠲᠥᠷᠥ ᠵᠢᠨ ᠪᠣᠳᠣᠯᠭ᠎ᠠ ᠵᠢᠨ ᠱᠠᠭ᠋ᠠᠷᠳᠠᠯᠭ᠎ᠠ ᠶᠣᠰᠤ᠎ᠪᠠᠷ ᠭᠤᠤᠯ ᠴᠣᠭᠴᠠ ᠵᠢᠨ ᠬᠠᠷᠢᠭᠤᠴᠠᠯᠭ᠎ᠠ ᠵᠢ ᠨᠠᠶ᠋ᠢᠳᠠᠪᠤᠷᠢᠵᠢᠭᠤᠯᠤᠨ᠂ ᠥᠪᠡᠷ᠎ᠢ᠎ᠪᠠᠨ ᠬᠢᠵᠠᠭ᠋ᠠᠷᠯᠠᠬᠤ ᠵᠢ ᠴᠢᠩᠭ᠋ᠠᠷᠠᠭᠤᠯᠵᠤ᠂ ᠬᠢᠴᠢᠶᠡᠯ ᠲᠥᠷᠥᠯ ᠪᠤᠶᠤ   ᠬᠢᠴᠢᠶᠡᠯ ᠲᠥᠷᠥᠯ᠎ᠤᠨ ᠪᠣᠰᠤ ᠬᠣᠯᠪᠤᠭᠳᠠᠬᠤ ᠬᠠᠮᠢᠶᠠᠷᠤᠯᠲᠠ ᠵᠢᠨ ᠱᠠᠭ᠋ᠠᠷᠳᠠᠯᠭ᠎ᠠ᠎ᠪᠠᠷ ᠪᠣᠯᠪᠠᠰᠤᠷᠠᠭᠤᠯᠤᠯ᠎ᠤᠨ ᠠᠵᠢᠯᠯᠠᠭ᠎ᠠ ᠵᠢ ᠰᠠᠨᠠᠭ᠋ᠠᠴᠢᠯᠠᠭ᠎ᠠ᠎ᠠᠴᠠ᠎ᠪᠠᠨ ᠳᠦᠷᠢᠮᠵᠢᠭᠦᠯᠦᠨ ᠥᠷᠨᠢᠭᠦᠯᠵᠦ᠂ ᠲᠣᠭᠲᠠᠭ᠋ᠠᠯ᠎ᠠᠴᠠ ᠵᠥᠷᠢᠴᠡᠭᠰᠡᠨ ᠪᠣᠯᠪᠠᠰᠤᠷᠠᠭᠤᠯᠤᠯ᠎ᠤᠨ ᠦᠢ᠍ᠯᠡ ᠠᠵᠢᠯᠯᠠᠭ᠎ᠠ ᠵᠢ ᠲᠠᠰᠤ ᠵᠣᠭᠰᠣᠭ᠋ᠠᠬᠤ ᠬᠡᠷᠡᠭᠲᠡᠶ᠃ ᠠᠮᠠᠷᠠᠯᠲᠠ ᠵᠢᠨ ᠬᠤᠭᠤᠴᠠᠭ᠋ᠠᠨ᠎ᠳᠤ᠂ ᠬᠢᠴᠢᠶᠡᠯ ᠲᠥᠷᠥᠯ᠎ᠤᠨ ᠰᠤᠷᠭ᠋ᠠᠭᠤᠯᠢ ᠵᠢᠨ ᠭᠠᠳᠠᠨᠠᠬᠢ ᠪᠣᠯᠪᠠᠰᠤᠷᠠᠭᠤᠯᠤᠯ᠎ᠤᠨ ᠪᠠᠶ᠋ᠢᠭᠤᠯᠤᠮᠵᠢ᠎ᠠᠴᠠ ᠳᠤᠮᠳᠠᠳᠤ ᠪᠠᠭ᠎ᠠ ᠰᠤᠷᠭ᠋ᠠᠭᠤᠯᠢ ᠵᠢᠨ ᠰᠤᠷᠤᠭᠴᠢᠳ᠎ᠲᠤ ᠬᠠᠨᠳᠤᠭᠤᠯᠤᠭᠰᠠᠨ ᠬᠢᠴᠢᠶᠡᠯ ᠲᠥᠷᠥᠯ᠎ᠤᠨ ᠪᠣᠯᠪᠠᠰᠤᠷᠠᠭᠤᠯᠤᠯ᠎ᠤᠨ ᠦᠢ᠍ᠯᠡᠴᠢᠯᠡᠭᠡ ᠥᠷᠨᠢᠭᠦᠯᠬᠦ ᠵᠢ ᠪᠥᠬᠥ ᠲᠠᠯ᠎ᠠ᠎ᠪᠠᠷ ᠵᠣᠭᠰᠤᠵᠤ᠂ ᠨᠡᠶ᠋ᠢᠭᠡᠮ᠎ᠤᠨ ᠬᠢᠨᠠᠯᠲᠠ ᠲᠠᠯᠪᠢᠯᠲᠠ ᠪᠠ ᠬᠣᠯᠪᠤᠭᠳᠠᠬᠤ ᠰᠠᠯᠠᠭ᠎ᠠ ᠮᠥᠴᠢᠷ᠎ᠤᠨ ᠪᠠᠶ᠋ᠢᠴᠠᠭ᠋ᠠᠯᠲᠠ ᠵᠢ ᠰᠠᠨᠠᠭ᠋ᠠᠴᠢᠯᠠᠭ᠎ᠠ᠎ᠠᠴᠠ᠎ᠪᠠᠨ ᠬᠦᠯᠢᠶᠡᠵᠦ᠂ ᠰᠣᠷᠣᠭᠴᠢ ᠡᠯᠰᠡᠬᠦ ᠦᠢ᠍ᠯᠡ ᠠᠵᠢᠯᠯᠠᠭ᠎ᠠ ᠵᠢ ᠤᠬᠠᠮᠰᠠᠷ᠎ᠠᠴᠠ᠎ᠪᠠᠨ ᠳᠦᠷᠢᠮᠵᠢᠭᠦᠯᠵᠦ᠂ ᠤᠷᠢᠳᠴᠢᠯᠠᠨ ᠰᠦᠢ᠍ᠳᠭᠡᠯ ᠬᠤᠷᠢᠶᠠᠬᠤ ᠪᠠ ᠪᠡᠯᠡ ᠮᠥᠩᠭᠦᠨ᠎ᠤ ᠬᠢᠨᠠᠯᠲᠠ ᠬᠠᠮᠢᠶᠠᠷᠤᠯᠲᠠ᠂ ᠠᠵᠢᠯ ᠡᠷᠭᠢᠯᠡᠭᠰᠡᠳ᠎ᠤᠨ ᠬᠠᠮᠢᠶᠠᠷᠤᠯᠲᠠ᠂ ᠪᠣᠯᠪᠠᠰᠤᠷᠠᠭᠤᠯᠤᠯ᠎ᠤᠨ ᠮᠠᠲ᠋ᠧᠷᠢᠶᠠᠯ᠎ᠤᠨ ᠬᠠᠮᠢᠶᠠᠷᠤᠯᠲᠠ᠂ ᠪᠣᠯᠪᠠᠰᠤᠷᠠᠭᠤᠯᠤᠯ᠎ᠤᠨ ᠵᠠᠷ ᠮᠡᠳᠡᠭᠡᠨ᠎ᠤ ᠬᠠᠮᠢᠶᠠᠷᠤᠯᠲᠠ ᠵᠡᠷᠭᠡ ᠲᠠᠯ᠎ᠠ ᠵᠢᠨ ᠱᠠᠭ᠋ᠠᠷᠳᠠᠯᠭ᠎ᠠ ᠵᠢ ᠨᠠᠶ᠋ᠢᠳᠠᠪᠤᠷᠢᠵᠢᠭᠤᠯᠬᠤ ᠬᠡᠷᠡᠭᠲᠡᠶ᠃
      ᠲᠣᠭᠲᠠᠭ᠋ᠠᠯ᠎ᠠᠴᠠ ᠵᠥᠷᠢᠴᠡᠨ ᠬᠢᠴᠢᠶᠡᠯ ᠨᠥᠬᠥᠬᠦ ᠠᠵᠢᠯᠯᠠᠭ᠎ᠠ ᠵᠢ ᠡᠷᠡᠰ ᠬᠣᠷᠢᠭᠯᠠᠬᠤ ᠬᠡᠷᠡᠭᠲᠡᠶ᠃ ᠡᠯ᠎ᠡ ᠭᠠᠵᠠᠷ᠎ᠤᠨ᠎ᠬᠢᠨ ᠬᠠᠤᠯᠢ ᠶᠣᠰᠤ᠎ᠪᠠᠷ ᠰᠤᠷᠭ᠋ᠠᠨ ᠬᠥᠮᠦᠵᠢᠯ᠎ᠢ ᠴᠢᠩᠭ᠎ᠠ ᠵᠠᠰᠠᠬᠤ ᠵᠢ ᠪᠠᠷᠢᠮᠲᠠᠯᠠᠵᠤ᠂ ᠡᠯ᠎ᠡ ᠰᠤᠷᠭ᠋ᠠᠭᠤᠯᠢ ᠵᠢᠨ 《ᠬᠣᠶᠠᠷ᠎ᠢ ᠬᠥᠩᠭᠡᠷᠡᠭᠦᠯᠬᠦ》 ᠲᠥᠷᠥ ᠵᠢᠨ ᠪᠣᠳᠣᠯᠭ᠎ᠠ ᠵᠢᠨ ᠱᠠᠭ᠋ᠠᠷᠳᠠᠯᠭ᠎ᠠ ᠵᠢ ᠴᠢᠩᠭ᠎ᠠ ᠵᠢᠷᠤᠮᠯᠠᠬᠤ ᠵᠢ ᠵᠢᠯᠣᠭᠣᠳᠴᠤ᠂ ᠡᠪᠦᠯ᠎ᠤᠨ ᠠᠮᠠᠷᠠᠯᠲᠠ ᠵᠢᠨ ᠬᠤᠭᠤᠴᠠᠭ᠋ᠠᠨ᠎ᠳᠤ ᠲᠣᠭᠲᠠᠭ᠋ᠠᠯ᠎ᠠᠴᠠ ᠵᠥᠷᠢᠴᠡᠨ ᠬᠢᠴᠢᠶᠡᠯ ᠨᠥᠬᠥᠬᠦ ᠵᠢ ᠴᠢᠩᠭ᠎ᠠ ᠬᠣᠷᠢᠭᠯᠠᠬᠤ ᠬᠡᠷᠡᠭᠲᠡᠶ; ᠳᠠᠰᠬᠠᠯ᠎ᠢ ᠰᠢᠨᠵᠢᠯᠡᠬᠦ ᠤᠬᠠᠭ᠋ᠠᠨᠴᠢ᠎ᠪᠠᠷ ᠵᠦᠶ ᠵᠣᠬᠢᠰᠲᠠᠶ ᠲᠣᠬᠢᠷᠠᠭᠤᠯᠵᠤ᠂ ᠠᠮᠠᠷᠠᠯᠲᠠ ᠵᠢᠨ ᠬᠤᠭᠤᠴᠠᠭ᠋ᠠᠨ᠎ᠤ ᠳᠠᠰᠬᠠᠯ᠎ᠤᠨ ᠶᠡᠷᠦᠩᠬᠡᠶ ᠬᠡᠮᠵᠢᠶ᠎ᠡ ᠵᠢ ᠴᠢᠩᠭ᠎ᠠ ᠬᠢᠵᠠᠭ᠋ᠠᠷᠯᠠᠵᠤ᠂ ᠪᠠᠭ᠎ᠠ ᠰᠤᠷᠭ᠋ᠠᠭᠤᠯᠢ ᠵᠢᠨ ᠨᠢᠭᠡ᠂ ᠬᠣᠶᠠᠳᠤᠭ᠋ᠠᠷ ᠣᠨ᠎ᠳᠤ ᠠᠮᠠᠷᠠᠯᠲᠠ ᠵᠢᠨ ᠬᠤᠭᠤᠴᠠᠭ᠋ᠠᠨ᠎ᠤ ᠳᠠᠰᠬᠠᠯ᠎ᠢ ᠲᠣᠬᠢᠷᠠᠭᠤᠯᠬᠤ ᠥᠬᠡᠶ᠃ ᠪᠠᠭᠰᠢ ᠵᠢᠨ ᠮᠣᠷᠠᠯ ᠰᠤᠷᠲᠠᠯ᠎ᠤᠨ ᠬᠠᠮᠢᠶᠠᠷᠤᠯᠲᠠ ᠵᠢ ᠴᠢᠩᠭ᠋ᠠᠳᠬᠠᠵᠤ᠂ ᠳᠤᠮᠳᠠᠳᠤ ᠪᠠᠭ᠎ᠠ ᠰᠤᠷᠭ᠋ᠠᠭᠤᠯᠢ᠎ᠳᠤ ᠠᠵᠢᠯᠯᠠᠵᠤ ᠪᠠᠶ᠋ᠢᠭ᠎ᠠ ᠪᠠᠭᠰᠢ ᠨᠠᠷ᠎ᠢ ᠵᠣᠬᠢᠶᠠᠨ ᠪᠠᠶ᠋ᠢᠭᠤᠯᠵᠤ᠂ ᠰᠤᠷᠤᠭᠴᠢᠳ᠎ᠲᠤ ᠲᠥᠯᠦᠪᠦᠷᠢᠲᠡᠢ ᠬᠢᠴᠢᠶᠡᠯ ᠨᠥᠬᠥᠪᠥᠷᠢᠯᠡᠬᠦ᠎ᠳᠤ ᠣᠷᠣᠯᠴᠠᠭᠤᠯᠬᠤ᠎ᠪᠠᠷ ᠲᠠᠨᠢᠯᠴᠠᠭᠤᠯᠬᠤ ᠪᠤᠶᠤ ᠬᠥᠲᠥᠯᠥᠨ ᠵᠢᠯᠣᠭᠣᠳᠬᠤ ᠵᠢ ᠴᠢᠩᠭ᠎ᠠ ᠬᠣᠷᠢᠭᠯᠠᠬᠤ ᠬᠡᠷᠡᠭᠲᠡᠶ; ᠣᠨᠴᠠᠭ᠋ᠠᠢ ᠬᠠᠪᠰᠤᠷᠤᠨ ᠵᠢᠯᠣᠭᠣᠳᠬᠤ᠂ ᠭᠡᠷ᠎ᠲᠤ᠎ᠨᠢ ᠬᠦᠷᠴᠦ ᠪᠠᠭᠰᠢᠯᠠᠬᠤ ᠵᠡᠷᠭᠡ ᠨᠡᠷ᠎ᠡ᠎ᠪᠠᠷ ᠰᠤᠷᠤᠭᠴᠢᠳ᠎ᠲᠤ ᠬᠢᠴᠢᠶᠡᠯ ᠨᠥᠬᠥᠬᠦ ᠵᠢ ᠴᠢᠩᠭ᠎ᠠ ᠬᠣᠷᠢᠭᠯᠠᠬᠤ ᠬᠡᠷᠡᠭᠲᠡᠢ; ᠶᠠᠮᠠᠷᠪᠠ ᠰᠤᠷᠭ᠋ᠠᠭᠤᠯᠢ ᠵᠢᠨ ᠭᠠᠳᠠᠨᠠᠬᠢ ᠪᠣᠯᠪᠠᠰᠤᠷᠠᠭᠤᠯᠤᠯ᠎ᠤᠨ ᠪᠠᠶ᠋ᠢᠭᠤᠯᠤᠮᠵᠢ ᠵᠢᠨ ᠵᠣᠬᠢᠶᠠᠨ ᠪᠠᠶ᠋ᠢᠭᠤᠯᠤᠭᠰᠠᠨ ᠪᠣᠯᠪᠠᠰᠤᠷᠠᠭᠤᠯᠤᠯ᠎ᠤᠨ ᠠᠵᠢᠯᠯᠠᠭ᠎ᠠ᠎ᠳᠤ ᠣᠷᠣᠯᠴᠠᠬᠤ ᠵᠢ ᠴᠢᠩᠭ᠎ᠠ ᠴᠠᠭ᠋ᠠᠵᠠᠯᠠᠬᠤ ᠬᠡᠷᠡᠭᠲᠡᠶ; ᠰᠤᠷᠭ᠋ᠠᠭᠤᠯᠢ ᠵᠢᠨ ᠭᠠᠳᠠᠨᠠᠬᠢ ᠪᠣᠯᠪᠠᠰᠤᠷᠠᠭᠤᠯᠤᠯ᠎ᠤᠨ ᠪᠠᠶ᠋ᠢᠭᠤᠯᠤᠮᠵᠢ᠎ᠳᠤ ᠰᠣᠷᠣᠭᠴᠢ ᠲᠠᠨᠢᠯᠴᠠᠭᠤᠯᠬᠤ ᠪᠤᠶᠤ ᠰᠣᠷᠣᠭᠴᠢ ᠵᠢᠨ ᠮᠡᠳᠡᠭᠡ ᠵᠠᠩᠭᠢ ᠵᠢ ᠬᠠᠩᠭ᠋ᠠᠬᠤ ᠵᠢ ᠴᠢᠩᠭ᠎ᠠ ᠬᠣᠷᠢᠭᠯᠠᠬᠤ ᠬᠡᠷᠡᠭᠲᠡᠢ᠃ 《ᠰᠤᠷᠭ᠋ᠠᠭᠤᠯᠢ ᠴᠢᠩᠭ᠎ᠠ ᠬᠠᠮᠢᠶᠠᠷᠬᠤ᠂ ᠭᠡᠷ᠎ᠤᠨ ᠠᠬᠠᠮᠠᠳ ᠬᠢᠨᠠᠯᠲᠠ ᠲᠠᠯᠪᠢᠬᠤ᠂ ᠰᠠᠯᠠᠭ᠎ᠠ ᠮᠥᠴᠢᠷ ᠬᠠᠮᠵᠢᠯᠴᠠᠬᠤ》 ᠬᠠᠮᠲᠤᠷᠠᠨ ᠬᠢᠨᠠᠯᠲᠠ ᠲᠠᠯᠪᠢᠬᠤ ᠲᠣᠭᠲᠠᠴᠠ ᠵᠢ ᠪᠠᠶ᠋ᠢᠭᠤᠯᠵᠤ᠂ ᠰᠤᠷᠭ᠋ᠠᠭᠤᠯᠢ ᠵᠢᠨ ᠰᠤᠷᠭ᠋ᠠᠨ ᠬᠥᠮᠦᠵᠢᠯ ᠪᠠ ᠬᠠᠮᠢᠶᠠᠷᠤᠯᠲᠠ ᠵᠢᠨ ᠬᠠᠷᠢᠭᠤᠴᠠᠯᠭ᠎ᠠ ᠵᠢ ᠨᠠᠢ᠌ᠳᠠᠪᠤᠷᠢᠵᠢᠭᠤᠯᠵᠤ᠂ ᠠᠵᠢᠯ᠎ᠳᠤ ᠪᠠᠶ᠋ᠢᠭ᠎ᠠ ᠪᠠᠭᠰᠢ ᠵᠢᠨ ᠲᠣᠭᠲᠠᠭ᠋ᠠᠯ᠎ᠠᠴᠠ ᠵᠥᠷᠢᠴᠡᠨ ᠬᠢᠴᠢᠶᠡᠯ ᠨᠥᠬᠥᠭᠰᠡᠨ᠎ᠢ ᠣᠯᠵᠤ ᠮᠡᠳᠡᠪᠡᠯ᠂ ᠠᠵᠢᠯᠯᠠᠵᠤ ᠪᠠᠶ᠋ᠢᠭ᠎ᠠ ᠰᠤᠷᠭ᠋ᠠᠭᠤᠯᠢ᠎ᠠᠴᠠ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠶ᠃
      ᠡᠪᠦᠯ᠎ᠤᠨ ᠠᠮᠠᠷᠠᠯᠲᠠ ᠵᠢᠨ ᠨᠠᠶ᠋ᠢᠳᠠᠨ ᠬᠠᠮᠢᠶᠠᠷᠤᠭᠤᠯᠬᠤ ᠦᠢ᠍ᠯᠡᠴᠢᠯᠡᠭᠡ ᠵᠢ ᠢᠳᠡᠪᠬᠢᠲᠡᠶ ᠥᠷᠨᠢᠭᠦᠯᠬᠦ ᠬᠡᠷᠡᠭᠲᠡᠶ᠃ ᠡᠯ᠎ᠡ ᠭᠠᠵᠠᠷ᠎ᠤᠨ᠎ᠬᠢᠨ ᠲᠤᠰ ᠭᠠᠵᠠᠷ᠎ᠤᠨ ᠵᠶ᠋ᠠᠨ ᠪᠣᠳᠠᠲᠤ ᠪᠠᠶ᠋ᠢᠳᠠᠯ᠎ᠠᠴᠠ ᠡᠭᠦᠰᠴᠦ᠂ ᠰᠤᠷᠤᠭᠴᠢᠳ᠎ᠤᠨ ᠬᠦᠰᠡᠯ ᠰᠠᠨᠠᠭ᠎ᠠ ᠵᠢ ᠭᠦᠢ᠍ᠴᠡᠳ ᠬᠦᠨᠳᠦᠳᠭᠡᠵᠦ᠂ ᠭᠡᠷ᠎ᠤᠨ ᠠᠬᠠᠮᠠᠳ᠎ᠤᠨ ᠬᠡᠷᠡᠭᠴᠡᠭᠡ ᠵᠢ ᠬᠠᠩᠭ᠋ᠠᠭᠰᠠᠨ ᠰᠠᠭᠤᠷᠢᠨ ᠳᠡᠭᠡᠷ᠎ᠡ᠂ ᠨᠥᠬᠥᠴᠡᠯ᠎ᠲᠠᠢ ᠰᠤᠷᠭ᠋ᠠᠭᠤᠯᠢ᠎ᠨᠤᠭᠤᠳ᠎ᠢ ᠵᠣᠷᠢᠭᠵᠢᠭᠤᠯᠤᠨ ᠰᠤᠷᠤᠭᠴᠢᠳ᠎ᠤᠨ ᠡᠪᠦᠯ᠎ᠤᠨ ᠠᠮᠠᠷᠠᠯᠲᠠ ᠵᠢᠨ ᠨᠠᠶ᠋ᠢᠳᠠᠨ ᠬᠠᠮᠢᠶᠠᠷᠤᠭᠤᠯᠬᠤ ᠦᠢ᠍ᠯᠡᠴᠢᠯᠡᠭᠡᠨ᠎ᠢ ᠢᠳᠡᠪᠬᠢᠲᠡᠶ ᠡᠭᠦᠷᠭᠡᠯᠡᠭᠦᠯᠵᠦ᠂ ᠡᠪ ᠬᠠᠮᠲᠤ ᠵᠠᠯᠠᠭᠤᠴᠤᠳ᠎ᠤᠨ ᠡᠪᠯᠡᠯ᠂ ᠡᠮᠡᠭᠲᠡᠶ᠋ᠢᠴᠦᠳ᠎ᠤᠨ ᠬᠣᠯᠪᠣᠭ᠎ᠠ᠂ ᠠᠵᠢᠯᠴᠢᠨ᠎ᠤ ᠡᠪᠯᠡᠯ᠂ ᠨᠡᠶ᠋ᠢᠭᠡᠮ ᠲᠣᠭᠣᠷᠢᠭ ᠵᠡᠷᠭᠡ ᠵᠣᠬᠢᠶᠠᠨ ᠪᠠᠶ᠋ᠢᠭᠤᠯᠤᠯᠲᠠ ᠵᠢ ᠵᠣᠷᠢᠭᠵᠢᠭᠤᠯᠵᠤ᠂ ᠣᠯᠠᠨ ᠵᠦᠢ᠍ᠯ᠎ᠤᠨ ᠠᠷᠭ᠎ᠠ ᠵᠠᠮ᠂ ᠣᠯᠠᠨ ᠵᠦᠢ᠍ᠯ᠎ᠤᠨ ᠬᠡᠯᠪᠡᠷᠢ ᠮᠠᠶᠢᠭ ᠵᠶ᠋ᠠᠷ ᠳᠠᠮᠵᠢᠭᠤᠯᠤᠨ ᠰᠤᠷᠤᠭᠴᠢᠳ᠎ᠲᠤ ᠡᠪᠦᠯ᠎ᠤᠨ ᠠᠮᠠᠷᠠᠯᠲᠠ ᠵᠢᠨ ᠨᠠᠶ᠋ᠢᠳᠠᠨ ᠬᠠᠮᠢᠶᠠᠷᠤᠭᠤᠯᠬᠤ ᠦᠢ᠍ᠯᠡᠴᠢᠯᠡᠭᠡᠨ᠎ᠢ ᠬᠠᠩᠭ᠋ᠠᠬᠤ ᠬᠡᠷᠡᠭᠲᠡᠶ᠃ ᠰᠤᠷᠤᠭᠴᠢᠳ᠎ᠤᠨ ᠡᠪᠦᠯ᠎ᠤᠨ ᠠᠮᠠᠷᠠᠯᠲᠠ ᠵᠢᠨ ᠬᠤᠭᠤᠴᠠᠭ᠋ᠠᠨ᠎ᠤ ᠨᠠᠶ᠋ᠢᠳᠠᠨ ᠬᠠᠮᠢᠶᠠᠷᠤᠭᠤᠯᠬᠤ ᠦᠢ᠍ᠯᠡᠴᠢᠯᠡᠭᠡ᠎ᠳᠤ ᠪᠠᠭᠰᠢ ᠵᠢᠨ ᠰᠠᠶ᠋ᠢᠨ ᠳᠤᠷ᠎ᠠ᠎ᠠᠴᠠ᠎ᠪᠠᠨ ᠣᠷᠣᠯᠴᠠᠬᠤ ᠢᠳᠡᠪᠬᠢᠵᠢᠯ᠎ᠢ ᠢᠳᠡᠪᠬᠢᠲᠡᠶ ᠳᠠᠶ᠋ᠢᠴᠢᠯᠠᠵᠤ᠂ ᠰᠠᠶ᠋ᠢᠨ ᠳᠤᠷ᠎ᠠ᠎ᠠᠴᠠ᠎ᠪᠠᠨ ᠣᠷᠣᠯᠴᠠᠭᠰᠠᠨ ᠪᠠᠭᠰᠢ ᠨᠠᠷ᠎ᠲᠤ ᠵᠣᠬᠢᠬᠤ ᠨᠥᠬᠥᠪᠥᠷᠢ ᠣᠯᠭᠣᠬᠤ ᠵᠢᠨ ᠬᠠᠮᠲᠤ ᠰᠠᠶ᠋ᠢᠨ ᠳᠤᠷ᠎ᠠ ᠵᠢᠨ ᠦᠢ᠍ᠯᠡᠴᠢᠯᠡᠭᠡᠨ᠎ᠤ ᠢᠯᠡᠷᠡᠯ᠎ᠢ ᠰᠢᠯᠢᠳᠡᠭ ᠪᠠ ᠲᠡᠷᠢᠭᠦᠨ᠎ᠤ᠎ᠬᠢ ᠵᠢ ᠰᠢᠯᠭ᠋ᠠᠷᠠᠭᠤᠯᠬᠤ ᠴᠢᠬᠤᠯᠠ ᠯᠠᠪᠯᠠᠯᠲᠠ ᠪᠣᠯᠭ᠋ᠠᠬᠤ ᠬᠡᠷᠡᠭᠲᠡᠶ᠃ ᠠᠮᠠᠷᠠᠯᠲᠠ ᠵᠢᠨ ᠬᠤᠭᠤᠴᠠᠭ᠋ᠠᠨ᠎ᠤ ᠨᠠᠶ᠋ᠢᠳᠠᠨ ᠬᠠᠮᠢᠶᠠᠷᠤᠭᠤᠯᠬᠤ ᠦᠢ᠍ᠯᠡᠴᠢᠯᠡᠭᠡ᠎ᠨᠢ ᠠᠰᠠᠷᠠᠯᠲᠠ᠎ᠪᠠᠷ ᠭᠤᠤᠯ ᠪᠣᠯᠭ᠋ᠠᠵᠤ᠂ ᠵᠠᠷᠢᠮ ᠬᠠᠮᠲᠤ ᠵᠢᠨ ᠲᠣᠭᠯᠠᠭ᠋ᠠᠮ᠎ᠤᠨ ᠠᠵᠢᠯᠯᠠᠭ᠎ᠠ᠂ ᠰᠣᠶᠣᠯ ᠪᠡᠶ᠎ᠡ ᠵᠢᠨ ᠲᠠᠮᠢᠷ᠎ᠤᠨ ᠠᠵᠢᠯᠯᠠᠭ᠎ᠠ᠂ ᠤᠩᠰᠢᠯᠭ᠎ᠠ ᠵᠢᠨ ᠵᠢᠯᠣᠭᠣᠳᠣᠯᠭ᠎ᠠ᠂ ᠶᠡᠷᠦᠩᠬᠡᠶ᠋ᠢᠯᠡᠭᠰᠡᠨ ᠦᠢ᠍ᠯᠡᠳᠦᠯᠭᠡ᠂ ᠳᠤᠷ᠎ᠠ ᠰᠣᠨᠢᠷᠬᠠᠯ᠎ᠢ ᠥᠷᠭᠡᠳᠬᠡᠬᠦ᠂ ᠳᠠᠰᠬᠠᠯ᠎ᠢ ᠬᠠᠪᠰᠤᠷᠤᠨ ᠵᠢᠯᠣᠭᠣᠳᠬᠤ ᠵᠡᠷᠭᠡ ᠦᠢ᠍ᠯᠡᠴᠢᠯᠡᠭᠡ ᠵᠢ ᠵᠦᠶ ᠵᠣᠬᠢᠰᠲᠠᠶ ᠵᠣᠬᠢᠶᠠᠨ ᠪᠠᠶ᠋ᠢᠭᠤᠯᠤᠨ ᠬᠠᠩᠭ᠋ᠠᠵᠤ᠂ ᠬᠠᠮᠲᠤ᠎ᠪᠠᠷ ᠬᠢᠴᠢᠶᠡᠯ ᠨᠥᠬᠥᠬᠦ᠂ ᠰᠢᠨ᠎ᠡ ᠬᠢᠴᠢᠶᠡᠯ ᠵᠢᠭ᠋ᠠᠬᠤ ᠵᠢ ᠴᠢᠩᠭ᠎ᠠ ᠬᠣᠷᠢᠭᠯᠠᠬᠤ ᠬᠡᠷᠡᠭᠲᠡᠢ᠃
      ᠪᠠᠭᠰᠢ ᠵᠢ ᠬᠠᠯᠠᠮᠵᠢᠯᠠᠨ ᠬᠠᠶ᠋ᠢᠷᠠᠯᠠᠬᠤ ᠠᠷᠭ᠎ᠠ ᠬᠡᠮᠵᠢᠶ᠎ᠡ ᠵᠢ ᠨᠠᠢ᠌ᠳᠠᠪᠤᠷᠢᠵᠢᠭᠤᠯᠬᠤ ᠬᠡᠷᠡᠭᠲᠡᠢ᠃ ᠡᠯ᠎ᠡ ᠭᠠᠵᠠᠷ᠎ᠤᠨ᠎ᠬᠢᠨ ᠰᠤᠷᠭ᠋ᠠᠨ ᠬᠥᠮᠦᠵᠢᠯ᠎ᠤᠨ ᠲᠢᠩᠬᠢᠮ᠎ᠤᠨ ᠳᠠᠷᠤᠮᠠᠯᠯᠠᠨ ᠲᠠᠷᠬᠠᠭ᠋ᠠᠭᠰᠠᠨ 《〈ᠬᠣᠶᠠᠷ᠎ᠢ ᠬᠥᠩᠭᠡᠷᠡᠭᠦᠯᠬᠦ〉 ᠠᠬᠤᠶ ᠪᠠᠶ᠋ᠢᠳᠠᠯ᠎ᠳᠠᠬᠢ ᠪᠠᠭᠰᠢ ᠵᠢ ᠬᠠᠯᠠᠮᠵᠢᠯᠠᠨ ᠬᠠᠶ᠋ᠢᠷᠠᠯᠠᠬᠤ ᠠᠵᠢᠯ᠎ᠢ ᠰᠠᠶ᠋ᠢᠲᠤᠷ ᠬᠢᠬᠦ ᠲᠤᠬᠠᠶ ᠮᠡᠳᠡᠭᠳᠡᠯ》᠎ᠤᠨ ᠱᠠᠭ᠋ᠠᠷᠳᠠᠯᠭ᠎ᠠ ᠵᠢ ᠨᠠᠷᠢᠨ ᠬᠢᠨᠠᠮᠠᠭ᠋ᠠᠶ ᠨᠠᠢ᠌ᠳᠠᠪᠤᠷᠢᠵᠢᠭᠤᠯᠵᠤ᠂ ᠲᠣᠰ ᠭᠠᠵᠠᠷ᠎ᠤᠨ ᠪᠣᠳᠠᠲᠤ ᠪᠠᠢ᠌ᠳᠠᠯ᠎ᠲᠠᠢ᠎ᠪᠠᠨ ᠤᠶᠠᠯᠳᠤᠭᠤᠯᠵᠤ᠂ ᠬᠣᠯᠪᠤᠭᠳᠠᠬᠤ ᠢᠵᠢ ᠠᠷᠭ᠎ᠠ ᠬᠡᠮᠵᠢᠶ᠎ᠡ ᠵᠢ ᠤᠯᠠᠮ ᠨᠢᠭᠡ ᠠᠯᠬᠤᠮ ᠨᠠᠷᠢᠯᠢᠭᠵᠢᠭᠤᠯᠤᠨ ᠲᠡᠭᠦᠯᠳᠡᠷᠵᠢᠭᠦᠯᠵᠦ᠂ ᠲᠥᠷᠥ ᠵᠢᠨ ᠪᠣᠳᠣᠯᠭ᠎ᠠ ᠵᠢᠨ ᠪᠠᠲᠤᠯᠠᠭ᠋ᠠᠨ᠎ᠤ ᠲᠣᠭᠲᠠᠴᠠ ᠵᠢ ᠲᠡᠭᠦᠯᠳᠡᠷᠵᠢᠭᠦᠯᠵᠦ᠂ ᠰᠠᠯᠠᠭ᠎ᠠ ᠮᠥᠴᠢᠷ᠎ᠤᠨ ᠬᠠᠮᠵᠢᠯᠴᠠᠭ᠋ᠠᠨ᠎ᠤ ᠲᠣᠭᠲᠠᠴᠠ᠂ ᠬᠢᠨᠠᠨ ᠵᠢᠯᠣᠭᠣᠳᠴᠤ ᠬᠠᠷᠢᠭᠤᠴᠠᠯᠭ᠎ᠠ ᠨᠡᠬᠡᠮᠵᠢᠯᠡᠬᠦ ᠲᠣᠭᠲᠠᠴᠠ᠂ ᠪᠠᠭᠰᠢ ᠵᠢ ᠬᠠᠯᠠᠮᠵᠢᠯᠠᠨ ᠬᠠᠶ᠋ᠢᠷᠠᠯᠠᠬᠤ ᠠᠵᠢᠯ᠎ᠳᠤ ᠤᠷᠲᠤ ᠬᠤᠭᠤᠴᠠᠭ᠋ᠠᠨ᠎ᠤ ᠪᠦᠲᠦᠮᠵᠢᠲᠡᠶ ᠵᠣᠬᠢᠶᠠᠨ ᠪᠠᠶ᠋ᠢᠭᠤᠯᠤᠯᠲᠠ ᠵᠢᠨ ᠪᠠᠲᠤᠯᠠᠭ᠎ᠠ ᠵᠢ ᠬᠠᠩᠭ᠋ᠠᠵᠤ᠂ ᠪᠠᠭᠰᠢ ᠵᠢᠨ ᠠᠵᠢᠯ᠎ᠤᠨ ᠳᠠᠷᠤᠯᠲᠠ ᠵᠢ ᠦᠷᠭᠦᠯᠵᠢᠯᠡᠨ ᠨᠠᠮᠳᠠᠭᠤᠯᠵᠤ᠂ ᠪᠠᠭᠰᠢ ᠵᠢᠨ ᠰᠡᠳᠬᠢᠴᠡ ᠵᠢᠨ ᠡᠷᠡᠭᠡᠯᠵᠡᠯ᠎ᠢ ᠳᠠᠷᠤᠢ᠎ᠳᠤ᠎ᠨᠢ ᠠᠷᠢᠯᠭ᠋ᠠᠵᠤ᠂ ᠥᠷᠭᠡᠨ ᠣᠯᠠᠨ ᠪᠠᠭᠰᠢ᠎ᠳᠤ 《ᠬᠣᠶᠠᠷ᠎ᠢ ᠬᠥᠩᠭᠡᠷᠡᠭᠦᠯᠬᠦ》 ᠠᠵᠢᠯ᠎ᠢ ᠠᠬᠢᠭᠤᠯᠬᠤ ᠶᠠᠪᠤᠴᠠ᠎ᠳᠤ ᠠᠵᠢᠯ᠎ᠤᠨ ᠪᠠᠢ᠌ᠷᠢ᠎ᠳᠠᠬᠢ ᠵᠣᠯ ᠵᠢᠷᠭ᠋ᠠᠯᠲᠤ ᠲᠥᠷᠥᠭᠳᠡᠯ᠂ ᠠᠵᠢᠯ ᠦᠢ᠍ᠯᠡᠰ᠎ᠤᠨ ᠠᠮᠵᠢᠯᠲᠠ ᠵᠢᠨ ᠰᠡᠳᠬᠢᠯᠭᠡ᠂ ᠨᠡᠶ᠋ᠢᠭᠡᠮ᠎ᠳᠠᠬᠢ ᠢᠷᠠᠭᠤ ᠠᠯᠳᠠᠷᠲᠤ ᠰᠡᠳᠬᠢᠯᠭᠡ᠎ᠢ ᠦᠨᠡᠨ ᠬᠦ᠌ ᠮᠡᠳᠡᠷᠡᠭᠦᠯᠵᠦ᠂ 《ᠬᠣᠶᠠᠷ᠎ᠢ ᠬᠥᠩᠭᠡᠷᠡᠭᠦᠯᠬᠦ》 ᠲᠥᠷᠥ ᠵᠢᠨ ᠪᠣᠳᠣᠯᠭ᠎ᠠ ᠵᠢᠨ ᠨᠠᠶ᠋ᠢᠳᠠᠪᠤᠷᠢᠵᠢᠭᠤᠯᠤᠯᠲᠠ ᠵᠢ ᠨᠠᠩ ᠢᠳᠡᠪᠬᠢᠲᠡᠶ ᠪᠥᠭᠡᠳ ᠰᠠᠨᠠᠭ᠋ᠠᠴᠢᠯᠠᠭ᠎ᠠ᠎ᠠᠴᠠ᠎ᠪᠠᠨ ᠠᠬᠢᠭᠤᠯᠬᠤ ᠬᠡᠷᠡᠭᠲᠡᠢ᠃ ᠣᠨᠴᠠᠭ᠋ᠠᠢ᠌ᠯᠠᠨ ᠪᠠᠭᠰᠢ ᠵᠢᠨ 《ᠬᠠᠷᠢᠮᠠᠬᠠᠶ ᠴᠢᠨᠠᠷᠲᠤ ᠠᠵᠢᠯᠯᠠᠵᠤ ᠠᠮᠠᠷᠠᠬᠤ》 ᠲᠦᠷᠢᠮ᠂ ᠡᠯ᠎ᠡ ᠰᠤᠷᠭ᠋ᠠᠭᠤᠯᠢ ᠵᠢ ᠵᠢᠯᠣᠭᠣᠳᠴᠤ 《ᠨᠢᠭᠡ ᠰᠤᠷᠭ᠋ᠠᠭᠤᠯᠢ ᠨᠢᠭᠡ ᠲᠥᠰᠦᠯ》᠎ᠢ ᠪᠣᠳᠠᠲᠠᠶ ᠨᠠᠶ᠋ᠢᠳᠠᠪᠤᠷᠢᠵᠢᠭᠤᠯᠬᠤ ᠲᠥᠰᠦᠯ᠎ᠢ ᠲᠣᠭᠲᠠᠭ᠋ᠠᠵᠤ᠂ 2022 ᠣᠨ᠎ᠤ ᠬᠠᠪᠤᠷ᠎ᠤᠨ ᠤᠯᠠᠷᠢᠯ᠎ᠤᠨ ᠰᠤᠷᠤᠯᠭ᠎ᠠ ᠵᠢᠨ ᠬᠤᠭᠤᠴᠠᠭ᠎ᠠ ᠡᠬᠢᠯᠡᠬᠦ ᠦᠶ᠎ᠡ᠎ᠳᠤ ᠡᠷᠬᠡᠪᠰᠢ ᠨᠠᠶ᠋ᠢᠳᠠᠪᠤᠷᠢᠵᠢᠭᠤᠯᠬᠤ ᠬᠡᠷᠡᠭᠲᠡᠶ᠃
      ᠰᠤᠷᠤᠭᠴᠢᠳ᠎ᠤᠨ ᠠᠮᠠᠷᠠᠯᠲᠠ ᠵᠢᠨ ᠬᠤᠭᠤᠴᠠᠭ᠋ᠠᠨ᠎ᠤ ᠠᠮᠢᠳᠤᠷᠠᠯ᠎ᠢ ᠲᠠᠰᠤᠷᠠᠯᠲᠠ ᠦᠭᠡᠢ ᠪᠠᠶᠠᠯᠢᠭᠵᠢᠭᠤᠯᠬᠤ ᠬᠡᠷᠡᠭᠲᠡᠶ᠃ ᠡᠯ᠎ᠡ ᠭᠠᠵᠠᠷ᠎ᠤᠨ᠎ᠬᠢᠨ ᠲᠤᠬᠠᠶ ᠵᠢᠨ ᠭᠠᠵᠠᠷ᠎ᠤᠨ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠱᠠᠭ᠋ᠠᠷᠳᠠᠯᠭ᠎ᠠ᠎ᠲᠠᠢ ᠤᠶᠠᠯᠳᠤᠭᠤᠯᠤᠨ᠂ ᠬᠡᠷ ᠪᠦᠯᠢ ᠪᠠ ᠰᠤᠷᠭ᠋ᠠᠭᠤᠯᠢ ᠵᠢᠨ ᠬᠠᠮᠲᠤᠷᠠᠯᠴᠠᠭ᠎ᠠ᠎ᠪᠠᠨ ᠤᠯᠠᠮ ᠨᠢᠭᠡ ᠠᠯᠬᠤᠮ ᠴᠢᠩᠭ᠋ᠠᠳᠬᠠᠵᠤ᠂ ᠬᠡᠷ ᠪᠦᠯᠢ ᠵᠢᠨ ᠬᠥᠮᠦᠨ᠎ᠢ ᠬᠥᠮᠦᠵᠢᠭᠦᠯᠬᠦ ᠦᠢ᠍ᠯᠡᠳᠦᠯ᠎ᠢ ᠪᠠᠳᠠᠷᠠᠭᠤᠯᠵᠤ᠂ ᠰᠤᠷᠭ᠋ᠠᠭᠤᠯᠢ᠎ᠲᠠᠢ ᠬᠠᠮᠵᠢᠯᠴᠠᠨ ᠠᠮᠠᠷᠠᠯᠲᠠ ᠵᠢᠨ ᠬᠤᠭᠤᠴᠠᠭ᠋ᠠᠨ᠎ᠳᠤ ᠬᠡᠦᠬᠡᠳ᠎ᠤᠨ ᠬᠥᠮᠦᠵᠢᠯ ᠪᠠ ᠵᠢᠯᠣᠭᠣᠳᠣᠯᠭ᠎ᠠ ᠵᠢ ᠰᠠᠶ᠋ᠢᠲᠤᠷ ᠬᠢᠵᠦ᠂ ᠰᠤᠷᠤᠭᠴᠢᠳ᠎ᠤᠨ ᠠᠮᠠᠷᠠᠯᠲᠠ ᠵᠢᠨ ᠬᠤᠭᠤᠴᠠᠭ᠋ᠠᠨ᠎ᠤ ᠰᠤᠷᠤᠯᠴᠠᠯᠭ᠎ᠠ ᠠᠮᠢᠳᠤᠷᠠᠯ ᠪᠠ ᠨᠡᠶ᠋ᠢᠭᠡᠮ᠎ᠤᠨ ᠦᠢ᠍ᠯᠡᠳᠦᠯᠭᠡ ᠵᠢ ᠰᠢᠨᠵᠢᠯᠡᠬᠦ ᠤᠬᠠᠭ᠋ᠠᠨᠴᠢ᠎ᠪᠠᠷ ᠲᠣᠬᠢᠷᠠᠭᠤᠯᠬᠤ ᠬᠡᠷᠡᠭᠲᠡᠶ; ᠬᠡᠷ᠎ᠤᠨ ᠠᠬᠠᠮᠠᠳ ᠰᠢᠨᠵᠢᠯᠡᠬᠦ ᠤᠬᠠᠭ᠋ᠠᠨᠴᠢ ᠰᠤᠷᠭ᠋ᠠᠨ ᠬᠥᠮᠦᠵᠢᠯ᠎ᠤᠨ ᠦᠵᠡᠯᠲᠡ᠂ ᠴᠢᠳᠠᠪᠤᠷᠢᠲᠠᠨ᠎ᠢ ᠬᠥᠮᠥᠵᠢᠭᠦᠯᠬᠦ ᠦᠵᠡᠯᠲᠡ ᠵᠢ ᠪᠣᠶ ᠪᠣᠯᠭ᠋ᠠᠬᠤ ᠵᠢ ᠬᠥᠲᠥᠯᠥᠨ ᠵᠢᠯᠣᠭᠣᠳᠴᠤ᠂ ᠬᠡᠷ ᠪᠦᠯᠢ ᠵᠢᠨ ᠰᠤᠷᠭ᠋ᠠᠨ ᠬᠥᠮᠦᠵᠢᠯ᠎ᠤᠨ ᠬᠠᠷᠢᠭᠤᠴᠠᠯᠭ᠎ᠠ ᠵᠢ ᠢᠳᠡᠪᠬᠢᠲᠡᠶ ᠡᠭᠦᠷᠭᠡᠯᠡᠨ᠂ ᠡᠴᠢᠭᠡ ᠡᠬᠡ ᠦᠷ᠎ᠡ ᠬᠡᠦᠬᠡᠳ᠎ᠤᠨ ᠬᠠᠷᠢᠯᠴᠠᠭ᠎ᠠ ᠪᠠ ᠰᠣᠯᠢᠯᠴᠠᠭ᠎ᠠ᠎ᠪᠠᠨ ᠴᠢᠩᠭ᠋ᠠᠳᠬᠠᠵᠤ᠂ ᠬᠡᠦᠬᠡᠳ᠎ᠲᠤ ᠪᠠᠷ᠎ᠠ ᠪᠣᠯᠵᠣ ᠠᠵᠢᠯᠯᠠᠭ᠎ᠠ᠎ᠳᠤ ᠣᠷᠣᠯᠴᠠᠭᠤᠯᠵᠤ᠂ ᠬᠡᠷ ᠪᠦᠯᠢ ᠵᠢᠨ ᠬᠠᠶ᠋ᠢᠷ᠎ᠠ ᠰᠡᠳᠬᠢᠯᠭᠡ ᠵᠢ ᠨᠡᠮᠡᠭᠳᠡᠭᠦᠯᠵᠦ᠂ ᠬᠡᠷ ᠪᠦᠯᠢ ᠵᠢᠨ ᠬᠥᠮᠦᠨ᠎ᠢ ᠬᠥᠮᠦᠵᠢᠭᠦᠯᠬᠦ ᠰᠠᠶ᠋ᠢᠨ ᠰᠠᠶ᠋ᠢᠬᠠᠨ ᠣᠷᠴᠢᠨ ᠨᠥᠬᠥᠴᠡᠯ᠎ᠢ ᠪᠣᠶ ᠪᠣᠯᠭ᠋ᠠᠬᠤ ᠬᠡᠷᠡᠭᠲᠡᠶ; ᠰᠤᠷᠤᠭᠴᠢᠳ᠎ᠢ ᠬᠥᠲᠥᠯᠥᠨ ᠵᠢᠯᠣᠭᠣᠳᠴᠤ ᠴᠢᠳᠠᠯ᠎ᠤᠨ ᠬᠢᠷᠢ᠎ᠪᠠᠷ ᠵᠶ᠋ᠠᠨ ᠭᠡᠷ᠎ᠤᠨ ᠠᠵᠢᠯ ᠬᠥᠳᠡᠯᠮᠦᠷᠢ ᠬᠢᠯᠭᠡᠵᠦ᠂ ᠪᠡᠶ᠎ᠡ ᠵᠢᠨ ᠲᠠᠮᠢᠷ᠎ᠤᠨ ᠪᠣᠯᠪᠠᠰᠤᠷᠠᠯ᠂ ᠨᠡᠶ᠋ᠢᠭᠡᠮ᠎ᠤᠨ ᠦᠢ᠍ᠯᠡᠳᠦᠯᠭᠡ᠂ ᠤᠩᠰᠢᠯᠭ᠎ᠠ ᠪᠠ ᠤᠳᠬ᠎ᠠ ᠤᠷᠠᠯᠢᠭ ᠵᠡᠷᠭᠡ ᠠᠵᠢᠯᠯᠠᠭ᠎ᠠ ᠵᠢ ᠥᠷᠨᠢᠭᠦᠯᠦᠨ᠂ ᠪᠡᠶ᠎ᠡ ᠰᠡᠳᠬᠢᠯ᠎ᠢ᠎ᠨᠢ ᠲᠣᠬᠢᠷᠠᠭᠤᠯᠵᠤ᠂ ᠠᠵᠢᠯᠯᠠᠵᠤ ᠠᠮᠠᠷᠠᠬᠤ ᠵᠢ ᠤᠶᠠᠯᠳᠤᠭᠤᠯᠵᠤ᠂ ᠭᠦᠢ᠍ᠴᠡᠳ ᠤᠨᠲᠠᠬᠤ ᠵᠢ ᠪᠠᠲᠤᠯᠠᠵᠤ᠂ ᠰᠠᠶ᠋ᠢᠨ ᠰᠠᠶ᠋ᠢᠬᠠᠨ ᠰᠤᠷᠤᠯᠴᠠᠵᠤ ᠠᠮᠢᠳᠤᠷᠠᠬᠤ ᠳᠠᠳᠬᠠᠯ᠎ᠲᠠᠢ ᠪᠣᠯᠭ᠋ᠠᠵᠤ᠂ ᠬᠡᠦᠬᠡᠳ᠎ᠤᠨ ᠪᠡᠶ᠎ᠡ ᠰᠡᠳᠬᠢᠯ᠎ᠤᠨ ᠡᠷᠡᠭᠦᠯ ᠴᠢᠭᠢᠷᠠᠭ ᠪᠠ ᠪᠦᠬᠦ ᠲᠠᠯ᠎ᠠ ᠵᠢᠨ ᠬᠥᠭᠵᠢᠯᠲᠡ ᠵᠢ ᠠᠬᠢᠭᠤᠯᠵᠤ᠂ ᠰᠤᠷᠤᠭᠴᠢᠳ ᠠᠮᠤᠷ ᠲᠦᠪᠰᠢᠨ᠂ ᠪᠠᠶᠠᠷ ᠬᠥᠷᠲᠡᠢ᠂ ᠡᠷᠡᠭᠦᠯ ᠴᠢᠭᠢᠷᠠᠭ᠂ ᠪᠦᠷᠢᠨ ᠲᠡᠭᠦᠯᠳᠡᠷ ᠠᠮᠠᠷᠠᠯᠲᠠ ᠵᠢᠨ ᠠᠮᠢᠳᠤᠷᠠᠯ᠎ᠢ ᠥᠩᠭᠡᠷᠡᠭᠦᠯᠬᠦ ᠵᠢ ᠪᠠᠲᠤᠯᠠᠬᠤ ᠬᠡᠷᠡᠭᠲᠡᠶ᠃

   

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠤᠨ᠎ᠤ ᠰᠤᠷᠭ᠋ᠠᠨ ᠬᠥᠮᠦᠵᠢᠯ᠎ᠤᠨ ᠲᠢᠩᠬᠢᠮ
          
ᠬᠠᠮᠢᠶ᠎ᠡ ᠪᠦᠬᠦᠢ ᠰᠣᠨᠢᠨ
ᠡᠪᠦᠯ᠎ᠤᠨ ᠠᠮᠠᠷᠠᠯᠲᠠ ᠪᠣᠯᠤᠯ᠎ᠠ! ᠰᠤᠷᠭ᠋ᠠᠨ ᠬᠥᠮᠦᠵᠢᠯ᠎ᠤᠨ ᠶᠠᠮᠤᠨ᠎ᠠᠴᠠ ᠡᠳᠡᠭᠡᠷ ᠡᠷᠡᠭᠦᠯ ᠮᠡᠨᠳᠦ ᠵᠢᠨ ᠰᠠᠨᠠᠭᠤᠯᠤᠮᠵᠢ ᠵᠢ ᠥᠭᠪᠡ᠂ ᠬᠠᠮᠲᠤ᠎ᠳᠤ᠎ᠪᠠᠨ ᠦᠵᠡᠵᠡᠭᠡᠶ᠎ᠡ
2022 ᠣᠨ᠎ᠤ ᠳᠡᠭᠡᠳᠦ ᠵᠡᠷᠭᠡ ᠵᠢᠨ ᠠᠵᠢᠯ ᠮᠡᠷᠭᠡᠵᠢᠯ᠎ᠤᠨ ᠰᠤᠷᠭ᠋ᠠᠭᠤᠯᠢ ᠵᠢᠨ ᠲᠤᠰᠠᠭ᠋ᠠᠷ ᠰᠣᠷᠣᠭᠴᠢ ᠡᠯᠰᠡᠬᠦ ᠬᠣᠯᠪᠤᠭᠳᠠᠬᠤ ᠠᠵᠢᠯ᠎ᠤᠨ ᠲᠣᠬᠢᠷᠠᠭᠤᠯᠤᠯᠲᠠ
ᠰᠤᠷᠭ᠋ᠠᠨ ᠬᠥᠮᠦᠵᠢᠯ᠎ᠤᠨ ᠲᠢᠩᠬᠢᠮ ᠮᠡᠳᠡᠭᠳᠡᠯ ᠳᠠᠷᠤᠮᠠᠯᠯᠠᠨ ᠲᠠᠷᠬᠠᠭ᠋ᠠᠵᠤ ᠡᠯ᠎ᠡ ᠱᠠᠲᠤᠨ᠎ᠤ ᠡᠯ᠎ᠡ ᠲᠥᠷᠥᠯ᠎ᠤᠨ ᠰᠤᠷᠭ᠋ᠠᠭᠤᠯᠢ ᠵᠢᠨ ᠬᠠᠪᠤᠷ᠎ᠤᠨ ᠤᠯᠠᠷᠢᠯ᠎ᠤᠨ ᠰᠤᠷᠤᠯᠭ᠎ᠠ ᠵᠢᠨ ᠬᠤᠭᠤᠴᠠᠭ᠎ᠠ ᠡᠬᠢᠯᠡᠬᠦ ᠬᠤᠭᠤᠴᠠᠭ᠋ᠠᠨ᠎ᠳᠠᠬᠢ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠠᠵᠢᠯ᠎ᠢ ᠵᠢᠭ᠋ᠠᠨ ᠵᠢᠯᠣᠭᠣᠳᠪᠠ
ᠰᠠᠨᠠᠭᠤᠯᠤᠮᠵᠢ! ᠥᠪᠥᠷ ᠮᠣᠩᠭᠣᠯ᠎ᠤᠨ ᠡᠯ᠎ᠡ ᠠᠶ᠋ᠢᠮᠠᠭ ᠬᠣᠲᠠ ᠵᠢᠨ ᠳᠤᠮᠳᠠᠳᠤ ᠪᠠᠭ᠎ᠠ ᠰᠤᠷᠭ᠋ᠠᠭᠤᠯᠢ ᠵᠢᠨ ᠰᠤᠷᠭ᠋ᠠᠭᠤᠯᠢ ᠡᠬᠢᠯᠡᠬᠦ ᠴᠠᠭ ᠵᠢᠴᠢ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠱᠠᠭ᠋ᠠᠷᠳᠠᠯᠭ᠎ᠠ
ᠭᠡᠷ᠎ᠤᠨ ᠠᠬᠠᠮᠠᠳ ᠪᠠ ᠬᠡᠦᠬᠡᠳ᠎ᠤᠨ ᠣᠩᠰᠢᠭᠤᠰᠢᠲᠠᠢ 《ᠰᠤᠷᠭ᠋ᠠᠭᠤᠯᠢ ᠡᠬᠢᠯᠡᠬᠦ ᠠᠷᠭ᠎ᠠ ᠪᠣᠳᠣᠯᠭ᠎ᠠ》
 
             蒙ICP备05000248号