ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠤᠷᠭᠠᠨ ᠬᠦᠮᠦᠵᠢᠯ᠎ᠤᠨ ᠬᠠᠨᠲᠤᠯᠭ᠎ᠠ
ᠰᠣᠨᠤᠷ᠎ᠤᠨ ᠲᠠᠪᠴᠠᠩ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠦᠢᠯᠡᠴᠢᠯᠡᠭᠡ   -   ᠲᠠᠨ᠎ᠳᠤ ᠦᠢᠯᠡᠴᠢᠯᠡᠬᠦ᠌
ᠬᠢᠵᠢᠭ᠎ᠢ ᠰᠡᠷᠭᠡᠶ᠋ᠢᠯᠡᠨ ᠡᠵᠡᠮᠳᠡᠬᠦ ᠬᠤᠭᠤᠴᠠᠭ᠋ᠠᠨ᠎ᠳᠤ ᠰᠤᠷᠤᠭᠴᠢᠳ᠎ᠢ ᠲᠥᠪᠯᠡᠷᠡᠭᠦᠯᠦᠨ ᠲᠤᠰᠠᠭ᠋ᠠᠷᠯᠠᠵᠤ ᠠᠨᠠᠭ᠋ᠠᠬᠤ ᠤᠬᠠᠭ᠋ᠠᠨ᠎ᠤ ᠠᠵᠢᠭᠯᠠᠯᠲᠠ ᠬᠢᠬᠦ ᠦᠶ᠎ᠡ ᠵᠢᠨ ᠰᠤᠷᠤᠯᠭ᠎ᠠ ᠠᠮᠢᠳᠤᠷᠠᠯ᠎ᠤᠨ ᠡᠷᠡᠭᠦᠯ ᠮᠡᠨᠳᠦ ᠵᠢᠨ ᠵᠦᠭᠯᠡᠭᠦᠷ
ᠨᠡᠶ᠋ᠢᠲᠡᠯᠡᠭᠰᠡᠨ ᠴᠠᠭ᠄ 2022-10-12


     01 . ᠠᠨᠠᠭ᠋ᠠᠬᠤ ᠤᠬᠠᠭ᠋ᠠᠨ᠎ᠤ ᠳᠤᠰᠠᠭ᠋ᠠᠷᠯᠠᠯᠲᠠ ᠬᠢᠵᠦ ᠠᠵᠢᠭᠯᠠᠬᠤ᠎ᠳᠤ ᠲᠦᠰᠢᠭᠯᠡᠨ ᠬᠢᠵᠢᠭ ᠲᠠᠷᠬᠠᠬᠤ ᠵᠢ ᠳᠠᠰᠤᠯᠬᠤ ᠬᠡᠷᠡᠭᠲᠡᠢ
      ᠲᠥᠪᠯᠡᠷᠡᠭᠦᠯᠦᠨ ᠲᠤᠰᠠᠭ᠋ᠠᠷᠯᠠᠵᠤ ᠠᠨᠠᠭ᠋ᠠᠬᠤ ᠤᠬᠠᠭ᠋ᠠᠨ᠎ᠤ ᠠᠵᠢᠭᠯᠠᠯᠲᠠ ᠬᠢᠬᠦ ᠪᠣᠯ ᠬᠠᠯᠳᠠᠪᠤᠷᠢᠲᠤ ᠡᠪᠡᠳᠴᠢᠨ᠎ᠤ ᠬᠠᠯᠳᠠᠪᠤᠷᠢᠯᠠᠬᠤ ᠵᠠᠮ᠎ᠢ ᠲᠠᠰᠤᠯᠬᠤ ᠪᠦᠲᠦᠮᠵᠢᠲᠡᠶ ᠠᠷᠭ᠎ᠠ ᠬᠡᠮᠵᠢᠶ᠎ᠡ ᠪᠣᠯᠬᠤ ᠵᠢ ᠵᠥᠪ ᠵᠶ᠋ᠠᠷ ᠲᠠᠨᠢᠬᠤ᠎ᠨᠢ ᠰᠤᠷᠤᠭᠴᠢᠳ᠎ᠤᠨ ᠡᠷᠡᠭᠦᠯ ᠮᠡᠨᠳᠦ ᠪᠠ ᠰᠤᠷᠭ᠋ᠠᠭᠤᠯᠢ ᠵᠢᠨ ᠬᠦᠷᠢᠶᠡᠨ᠎ᠤ ᠠᠮᠤᠷ ᠲᠦᠪᠰᠢᠨ᠎ᠢ ᠬᠠᠮᠠᠭ᠋ᠠᠯᠠᠬᠤ᠎ᠳᠤ ᠠᠰᠢᠭᠲᠠᠶ ᠶᠤᠮ᠃
     02 . ᠠᠵᠢᠭᠯᠠᠬᠤ ᠬᠤᠭᠤᠴᠠᠭ᠋ᠠᠨ᠎ᠳᠤ ᠲᠣᠭᠲᠠᠭ᠋ᠠᠯ᠎ᠢ ᠵᠢᠷᠤᠮᠯᠠᠵᠤ ᠰᠡᠳᠬᠢᠯ ᠲᠠᠯᠪᠢᠨ ᠪᠡᠶᠡᠴᠢᠯᠡᠨ ᠣᠶ᠋ᠢᠯᠠᠭ᠋ᠠᠵᠤ ᠦᠷᠭᠦᠯᠵᠢ ᠲᠠᠯᠠᠷᠬᠠᠬᠤ ᠬᠡᠷᠡᠭᠲᠡᠢ  
      ᠲᠥᠪᠯᠡᠷᠡᠭᠦᠯᠦᠨ ᠲᠤᠰᠠᠭ᠋ᠠᠷᠯᠠᠵᠤ ᠠᠨᠠᠭ᠋ᠠᠬᠤ ᠤᠬᠠᠭ᠋ᠠᠨ᠎ᠤ ᠠᠵᠢᠭᠯᠠᠯᠲᠠ ᠬᠢᠬᠦ ᠡᠯ᠎ᠡ ᠵᠦᠢ᠍ᠯ᠎ᠤᠨ ᠲᠣᠭᠲᠠᠭ᠋ᠠᠯ ᠵᠢᠴᠢ ᠨᠠᠰᠤᠨ᠎ᠳᠤ ᠥᠯᠥ ᠭᠦᠷᠦᠭᠰᠡᠳ ᠪᠣᠯᠤᠨ ᠲᠡᠭᠦᠨ᠎ᠤ ᠬᠢᠨᠠᠨ ᠬᠠᠮᠠᠭ᠋ᠠᠯᠠᠭᠴᠢ ᠵᠢ ᠰᠡᠷᠭᠡᠶ᠋ᠢᠯᠡᠨ ᠬᠠᠮᠠᠭ᠋ᠠᠯᠠᠬᠤ ᠱᠠᠭ᠋ᠠᠷᠳᠠᠯᠭ᠎ᠠ ᠵᠢ ᠵᠢᠷᠤᠮᠯᠠᠵᠤ᠂ ᠠᠵᠢᠯᠲᠠᠳ᠎ᠲᠠᠢ ᠨᠢᠭᠤᠷᠳᠠᠨ ᠶᠠᠷᠢᠯᠴᠠᠬᠤ᠎ᠪᠠᠨ ᠪᠠᠭ᠋ᠠᠰᠬᠠᠵᠤ᠂ ᠠᠵᠢᠯᠲᠠᠳ᠎ᠤᠨ ᠰᠢᠷᠭ᠋ᠠᠭᠤ ᠬᠥᠳᠡᠯᠮᠦᠷᠢ ᠪᠠ ᠬᠥᠮᠦᠯᠢᠭ ᠬᠠᠯᠠᠮᠵᠢᠯᠠᠯ᠎ᠳᠤ ᠴᠢᠩ ᠰᠡᠳᠬᠢᠯ᠎ᠠᠴᠠ᠎ᠪᠠᠨ ᠲᠠᠯᠠᠷᠬᠠᠬᠤ ᠬᠡᠷᠡᠭᠲᠡᠢ᠃
     03 . ᠪᠥᠭᠡᠮ ᠬᠦᠴᠢᠯ᠎ᠤᠨ ᠪᠠᠢ᠌ᠴᠠᠭ᠋ᠠᠯᠲᠠ ᠵᠢ ᠲᠣᠭᠲᠠᠭᠰᠠᠨ ᠴᠠᠭ᠎ᠲᠤ ᠬᠢᠵᠦ ᠴᠢᠬᠤᠯᠠᠲᠠᠢ ᠦᠶ᠎ᠡ᠎ᠳᠤ ᠡᠮᠨᠡᠯᠭᠡ᠎ᠳᠤ ᠣᠴᠢᠬᠤ ᠬᠡᠷᠡᠭᠲᠡᠢ
      ᠲᠥᠪᠯᠡᠷᠡᠭᠦᠯᠦᠨ ᠳᠤᠰᠠᠭ᠋ᠠᠷᠯᠠᠵᠤ ᠠᠨᠠᠭ᠋ᠠᠬᠤ ᠤᠬᠠᠭ᠋ᠠᠨ᠎ᠤ ᠠᠵᠢᠭᠯᠠᠯᠲᠠ ᠬᠢᠬᠦ ᠡᠷᠡᠭᠦᠯ ᠮᠡᠨᠳᠦ ᠵᠢᠨ ᠪᠠᠢ᠌ᠴᠠᠭ᠋ᠠᠯᠲᠠ ᠵᠢ ᠤᠬᠠᠮᠰᠠᠷ᠎ᠠᠴᠠ᠎ᠪᠠᠨ ᠬᠦᠯᠢᠶᠡᠵᠦ᠂ ᠪᠥᠭᠡᠮ ᠬᠦᠴᠢᠯ᠎ᠤᠨ ᠰᠢᠯᠭ᠋ᠠᠨ ᠪᠠᠢ᠌ᠴᠠᠭ᠋ᠠᠯᠲᠠ ᠬᠢᠬᠦ᠎ᠳᠤ ᠬᠠᠮᠵᠢᠯᠴᠠᠨ᠂ ᠪᠡᠶ᠎ᠡ ᠵᠢᠨ ᠬᠠᠯᠠᠭᠤᠨ ᠵᠶ᠋ᠠᠨ ᠬᠡᠮᠵᠢᠵᠦ᠂ ᠪᠡᠶ᠎ᠡ ᠰᠡᠳᠬᠢᠯ᠎ᠤᠨ ᠡᠷᠡᠭᠦᠯ ᠮᠡᠨᠳᠦ ᠵᠢᠨ ᠪᠠᠶ᠋ᠢᠳᠠᠯ ᠵᠶ᠋ᠠᠨ ᠰᠠᠨᠠᠭ᠋ᠠᠴᠢᠯᠠᠭ᠎ᠠ᠎ᠠᠴᠠ᠎ᠪᠠᠨ ᠮᠡᠳᠡᠭᠦᠯᠵᠦ᠂ ᠲᠠᠬᠤᠯ ᠡᠪᠡᠳᠴᠢᠨ᠎ᠤ ᠰᠣᠳᠤᠯᠤᠯ᠎ᠤᠨ ᠪᠠᠶ᠋ᠢᠴᠠᠭ᠋ᠠᠯᠲᠠ ᠪᠠ ᠠᠷᠢᠭᠤᠳᠬᠠᠬᠤ ᠠᠵᠢᠯ᠎ᠢ ᠬᠠᠮᠵᠢᠯᠴᠠᠨ ᠰᠠᠶ᠋ᠢᠲᠤᠷ ᠬᠢᠵᠦ᠂ ᠴᠢᠬᠤᠯᠠᠲᠠᠶ ᠦᠶ᠎ᠡ᠎ᠳᠤ ᠲᠣᠭᠲᠠᠭ᠋ᠠᠯ ᠶᠣᠰᠤ᠎ᠪᠠᠷ ᠡᠮᠨᠡᠭᠦᠯᠬᠦ ᠬᠡᠷᠡᠭᠲᠡᠶ᠃
     04 . ᠰᠠᠯᠬᠢ ᠨᠡᠪᠲᠡᠷᠡᠭᠦᠯᠬᠦ ᠭᠠᠷ ᠵᠶ᠋ᠠᠨ ᠤᠬᠢᠶᠠᠬᠤ ᠠᠮᠠᠪᠴᠢ ᠵᠡᠭᠦᠬᠦ ᠬᠤᠪᠢ ᠬᠥᠮᠦᠨ᠎ᠤ ᠬᠠᠮᠠᠭ᠋ᠠᠯᠠᠯᠲᠠ ᠬᠢᠬᠦ ᠮᠠᠰᠢ ᠴᠢᠬᠤᠯᠠ
      ᠠᠮᠠᠪᠴᠢ ᠵᠡᠭᠦᠬᠦ᠂ ᠭᠠᠷ ᠵᠶ᠋ᠠᠨ ᠦᠷᠭᠦᠯᠵᠢ ᠤᠬᠢᠶᠠᠬᠤ᠂ ᠦᠷᠭᠦᠯᠵᠢ ᠰᠠᠯᠬᠢ ᠨᠡᠪᠲᠡᠷᠡᠭᠦᠯᠬᠦ ᠵᠢ ᠪᠠᠷᠢᠮᠲᠠᠯᠠᠬᠤ ᠬᠡᠷᠡᠭᠲᠡᠢ᠃ ᠭᠡᠷ᠎ᠤᠨ ᠠᠷᠢᠭᠤᠨ ᠴᠡᠪᠡᠷ᠎ᠢ ᠪᠠᠲᠤᠯᠠᠵᠤ᠂ ᠲᠣᠭᠲᠠᠭᠰᠠᠨ ᠬᠤᠭᠤᠴᠠᠭ᠎ᠠ᠎ᠲᠠᠢ᠎ᠪᠠᠷ ᠬᠥᠨᠵᠢᠯᠡ ᠳᠡᠪᠢᠰᠬᠡᠷ ᠵᠢᠴᠢ ᠬᠤᠪᠴᠠᠰᠤ ᠬᠤᠨᠠᠷ ᠵᠶ᠋ᠠᠨ ᠨᠠᠷᠠᠨ᠎ᠳᠤ ᠡᠭᠡᠭᠡᠵᠦ᠂ ᠤᠬᠢᠶᠠᠨ᠎ᠠ᠃ ᠥᠪᠡᠷ ᠪᠡᠶ᠎ᠡ ᠵᠢᠨ ᠠᠮᠤᠷ ᠲᠦᠪᠰᠢᠨ ᠵᠶ᠋ᠡᠨ ᠠᠩᠬᠠᠷᠴᠤ᠂ ᠰᠠᠨᠠᠭ᠋ᠠᠨ᠎ᠳᠤ ᠦᠭᠡᠢ ᠭᠡᠮᠲᠦᠯ ᠭᠠᠷᠬᠤ ᠵᠢ ᠰᠡᠷᠭᠡᠶ᠋ᠢᠯᠡᠬᠦ ᠬᠡᠷᠡᠭᠲᠡᠢ᠃
     05 . ᠡᠳᠦᠷ ᠳᠤᠲᠤᠮ᠎ᠤᠨ ᠠᠮᠢᠳᠤᠷᠠᠯ ᠵᠶ᠋ᠠᠨ ᠵᠢᠮ᠎ᠡ ᠶᠣᠰᠣ᠎ᠲᠠᠢ ᠪᠠᠢ᠌ᠯᠭ᠋ᠠᠵᠤ   ᠪᠡᠶ᠎ᠡ ᠮᠠᠬᠠᠪᠣᠳ᠎ᠤᠨ ᠡᠭᠡᠯᠢᠯᠡᠬᠦ ᠴᠢᠳᠠᠪᠤᠷᠢ᠎ᠪᠠᠨ ᠨᠡᠮᠡᠭᠳᠡᠭᠦᠯᠬᠦ ᠬᠡᠷᠡᠭᠲᠡᠢ
      ᠡᠷᠡᠭᠦᠯ ᠠᠮᠢᠳᠤᠷᠠᠬᠤ ᠠᠷᠭ᠎ᠠ ᠮᠠᠶᠢᠭ᠎ᠢ ᠪᠠᠲᠤᠯᠠᠬᠤ ᠬᠡᠷᠡᠭᠲᠡᠢ᠃ ᠥᠷᠥᠭᠡᠨ᠎ᠳᠤ᠎ᠪᠠᠨ ᠰᠢᠨᠵᠢᠯᠡᠬᠦ ᠤᠬᠠᠭ᠋ᠠᠨᠴᠢ᠎ᠪᠠᠷ ᠪᠣᠯᠪᠠᠰᠤᠷᠠᠬᠤ ᠵᠢ ᠪᠠᠷᠢᠮᠲᠠᠯᠠᠵᠤ᠂   ᠭᠦᠢ᠍ᠴᠡᠳ ᠤᠨᠲᠠᠬᠤ ᠵᠢ ᠪᠠᠲᠤᠯᠠᠵᠤ᠂ ᠵᠢᠮ᠎ᠡ ᠶᠣᠰᠣ᠎ᠲᠠᠢ ᠠᠵᠢᠯᠯᠠᠵᠤ ᠠᠮᠠᠷᠠᠨ᠂ ᠰᠢᠮ᠎ᠡ ᠲᠡᠵᠢᠭᠡᠯ᠎ᠢ ᠲᠡᠩᠴᠡᠭᠦᠷᠢᠲᠡᠶ ᠪᠠᠢ᠌ᠯᠭ᠋ᠠᠵᠤ᠂ ᠡᠷᠡᠭᠦᠯ ᠰᠡᠳᠬᠢᠴᠡ ᠵᠢᠨ ᠪᠠᠶ᠋ᠢᠳᠠᠯ᠎ᠢ ᠪᠠᠲᠤᠯᠠᠬᠤ ᠬᠡᠷᠡᠭᠲᠡᠶ᠃
     06 . ᠬᠢᠵᠢᠭ᠎ᠢ ᠰᠡᠷᠭᠡᠢ᠌ᠯᠡᠬᠦ᠎ᠳᠤ ᠬᠢᠴᠢᠶᠡᠯ ᠵᠣᠭᠰᠣᠭᠰᠠᠨ ᠴᠤ᠌ ᠰᠤᠷᠤᠯᠭ᠎ᠠ ᠵᠣᠭᠰᠤᠬᠤ ᠦᠭᠡᠢ ᠪᠠᠢ᠌ᠵᠤ ᠰᠤᠷᠤᠯᠭ᠎ᠠ ᠪᠠ ᠡᠷᠡᠭᠦᠯ ᠮᠡᠨᠳᠦ ᠵᠢ ᠵᠡᠷᠭᠡ᠎ᠪᠠᠷ ᠠᠳᠬᠤᠬᠤ ᠬᠡᠷᠡᠭᠲᠡᠢ
      ᠥᠪᠡᠰᠦᠪᠡᠨ ᠰᠤᠷᠤᠯᠴᠠᠬᠤ ᠬᠠᠮᠢᠶᠠᠷᠤᠯᠲᠠ ᠵᠢ ᠴᠢᠩᠭ᠋ᠠᠳᠬᠠᠵᠤ᠂ ᠱᠠᠭ᠋ᠠᠷᠳᠠᠯᠭ᠎ᠠ ᠶᠣᠰᠤ᠎ᠪᠠᠷ ᠰᠤᠷᠤᠯᠭ᠎ᠠ ᠵᠢᠨ ᠡᠭᠦᠷᠭᠡ᠎ᠪᠠᠨ ᠪᠡᠶᠡᠯᠡᠭᠦᠯᠬᠦ ᠬᠡᠷᠡᠭᠲᠡᠢ᠃ ᠰᠤᠷᠭ᠋ᠠᠭᠤᠯᠢ ᠵᠢᠨ ᠠᠩᠭᠢ ᠵᠢᠨ ᠡᠷᠬᠢᠯᠡᠭᠴᠢ᠂ ᠬᠠᠪᠰᠤᠷᠤᠨ ᠵᠢᠯᠣᠭᠣᠳᠣᠭᠴᠢ ᠪᠣᠯᠤᠨ ᠬᠠᠮᠲᠤ ᠰᠤᠷᠤᠯᠭ᠋ᠠᠲᠠᠨ᠎ᠲᠠᠢ ᠨᠡᠪᠲᠡᠷᠡᠯᠴᠡᠵᠦ ᠬᠠᠷᠢᠯᠴᠠᠬᠤ ᠵᠢ ᠪᠠᠲᠤᠯᠠᠵᠤ᠂ ᠲᠥᠪᠯᠡᠷᠡᠭᠦᠯᠦᠨ ᠳᠤᠰᠠᠭ᠋ᠠᠷᠯᠠᠵᠤ ᠠᠨᠠᠭ᠋ᠠᠬᠤ ᠤᠬᠠᠭ᠋ᠠᠨ᠎ᠤ ᠠᠵᠢᠭᠯᠠᠯᠲᠠ ᠬᠢᠬᠦ ᠮᠡᠳᠡᠭᠳᠡᠯ᠎ᠢ ᠦᠭᠡᠢ ᠪᠣᠯᠭ᠋ᠠᠬᠤ ᠵᠢ ᠬᠦᠯᠢᠴᠡᠩᠭᠦᠶ᠎ᠪᠠᠷ ᠬᠦᠯᠢᠶᠡᠵᠦ᠂ ᠬᠣᠯᠪᠤᠭᠳᠠᠬᠤ ᠡᠷᠡᠭᠦᠯ ᠮᠡᠨᠳᠦ ᠵᠢᠨ ᠠᠵᠢᠭᠯᠠᠯᠲᠠ ᠵᠢᠨ ᠲᠣᠬᠢᠷᠠᠭᠤᠯᠤᠯᠲᠠ ᠵᠢ ᠳᠠᠭ᠋ᠠᠬᠤ ᠬᠡᠷᠡᠭᠲᠡᠶ᠃
     07 . ᠤᠷᠮ᠎ᠠ ᠬᠤᠭᠤᠷᠠᠵᠤ ᠭᠤᠲᠤᠷᠠᠨ ᠵᠣᠪᠠᠨᠢᠪᠠᠯ ᠳᠠᠷᠤᠢ᠎ᠳᠤ᠎ᠨᠢ ᠬᠣᠯᠪᠤᠭᠳᠠᠬᠤ ᠬᠥᠮᠦᠨ᠎ᠢ ᠳᠠᠭᠤᠳᠠᠵᠤ ᠵᠢᠯᠣᠭᠣᠳᠤᠭᠤᠯᠬᠤ ᠬᠡᠷᠡᠭᠲᠡᠢ
      ᠰᠡᠳᠬᠢᠯ ᠵᠶ᠋ᠡᠨ ᠵᠣᠬᠢᠴᠠᠭᠤᠯᠬᠤ ᠵᠢ ᠴᠢᠩᠭ᠋ᠠᠳᠬᠠᠵᠤ᠂ ᠰᠡᠳᠬᠢᠯ ᠪᠠᠭᠲᠠᠷᠠᠬᠤ ᠣᠨᠴᠠᠭ᠋ᠠᠶ᠋ᠢᠯᠠᠨ ᠵᠣᠪᠠᠨᠢᠬᠤ᠂ ᠲᠥᠭᠡᠷᠢᠭᠳᠡᠬᠦ ᠪᠤᠶᠤ ᠤᠷᠮ᠎ᠠ ᠬᠤᠭᠤᠷᠠᠬᠤ ᠦᠶ᠎ᠡ᠎ᠳᠤ᠂ ᠭᠡᠷ᠎ᠤᠨ ᠠᠬᠠᠮᠠᠳ᠂ ᠨᠠᠶ᠋ᠢᠵᠠ ᠨᠥᠬᠥᠳ᠂ ᠪᠠᠭᠰᠢ ᠪᠤᠶᠤ ᠠᠨᠠᠭ᠋ᠠᠬᠤ ᠤᠬᠠᠭ᠋ᠠᠨ᠎ᠤ ᠲᠤᠰᠬᠠᠢ ᠮᠡᠷᠭᠡᠵᠢᠯᠲᠡᠳ᠎ᠲᠤ ᠳᠠᠷᠤᠢ᠎ᠳᠤ᠎ᠨᠢ ᠰᠠᠨᠠᠭ᠋ᠠᠴᠢᠯᠠᠭ᠎ᠠ᠎ᠠᠴᠠ᠎ᠪᠠᠨ ᠲᠤᠰᠬᠠᠵᠤ᠂ ᠰᠡᠳᠬᠢᠴᠡ ᠵᠢᠨ ᠵᠢᠯᠤᠭᠤᠳᠤᠯᠭ᠎ᠠ ᠵᠢ ᠬᠦᠯᠢᠶᠡᠬᠦ ᠬᠡᠷᠡᠭᠲᠡᠢ᠃
     08 . ᠰᠢᠨᠵᠢᠯᠡᠬᠦ ᠤᠬᠠᠭ᠋ᠠᠨ᠎ᠢ ᠢᠲᠡᠭᠡᠵᠦ ᠴᠤᠤᠷᠬᠠᠯ ᠲᠠᠷᠬᠠᠭ᠋ᠠᠬᠤ ᠦᠭᠡᠢ ᠬᠢᠵᠢᠭ᠎ᠲᠠᠢ ᠲᠡᠮᠡᠴᠡᠵᠦ ᠵᠠᠪᠠᠯ ᠢᠯᠠᠬᠤ ᠣᠮᠣᠭ ᠵᠣᠷᠢᠭ ᠪᠠᠳᠠᠷᠠᠩᠭᠤᠢ
      ᠡᠷᠡᠭᠦᠯ ᠮᠡᠨᠳᠦ ᠵᠢᠨ ᠣᠨᠣᠯᠵᠢᠬᠤᠨ᠂ ᠮᠡᠳᠡᠯᠭᠡ ᠪᠣᠯᠤᠨ ᠤᠷ᠎ᠠ ᠴᠢᠳᠠᠪᠤᠷᠢ ᠵᠢᠨ ᠰᠤᠷᠤᠯᠴᠠᠯᠭ᠎ᠠ ᠵᠢ ᠴᠢᠩᠭ᠋ᠠᠳᠬᠠᠵᠤ᠂ ᠰᠠᠬᠢᠯᠭ᠎ᠠ ᠪᠠᠲᠤ ᠬᠠᠤᠯᠢ ᠴᠠᠭ᠋ᠠᠵᠠ ᠵᠢ ᠵᠢᠷᠤᠮᠯᠠᠨ ᠰᠠᠬᠢᠵᠤ᠂ ᠰᠢᠨᠵᠢᠯᠡᠬᠦ ᠤᠬᠠᠭ᠋ᠠᠨ᠎ᠢ ᠳᠡᠭᠡᠳᠦᠯᠡᠵᠦ᠂ ᠠᠯᠪᠠᠨ ᠲᠠᠯ᠎ᠠ ᠵᠢᠨ ᠠᠷᠭ᠎ᠠ ᠵᠠᠮ ᠵᠶ᠋ᠠᠷ ᠳᠠᠮᠵᠢᠭᠤᠯᠤᠨ ᠬᠢᠵᠢᠭ᠎ᠤᠨ ᠪᠠᠶ᠋ᠢᠳᠠᠯ ᠪᠣᠯᠤᠨ ᠡᠷᠡᠭᠦᠯ ᠮᠡᠨᠳᠦ ᠵᠢᠨ ᠮᠡᠳᠡᠯᠭᠡ ᠵᠢ ᠣᠶ᠋ᠢᠯᠠᠭ᠋ᠠᠵᠤ᠂ ᠴᠤᠤᠷᠬᠠᠯ᠎ᠢ ᠢᠲᠡᠭᠡᠬᠦ ᠥᠬᠡᠶ᠂ ᠴᠤᠤᠷᠬᠠᠯ ᠲᠠᠷᠬᠠᠭ᠋ᠠᠬᠤ ᠥᠬᠡᠶ ᠪᠠᠶ᠋ᠢᠬᠤ ᠬᠡᠷᠡᠭᠲᠡᠶ᠃ ᠬᠤᠪᠢᠰᠬᠠᠯᠲᠤ ᠰᠣᠩᠭᠣᠳᠠᠭ ᠦᠯᠢᠭᠡᠷ᠎ᠢ ᠰᠤᠷᠤᠯᠴᠠᠵᠤ᠂ ᠬᠢᠵᠢᠭ᠎ᠲᠠᠢ ᠲᠡᠮᠡᠴᠡᠭᠰᠡᠨ ᠠᠭᠤᠤ ᠶᠡᠬᠡ ᠵᠣᠷᠢᠭ ᠰᠠᠨᠠᠭ᠎ᠠ ᠵᠢ ᠪᠠᠳᠠᠷᠠᠭᠤᠯᠵᠤ᠂ ᠬᠢᠵᠢᠭ᠎ᠤᠨ ᠪᠠᠶ᠋ᠢᠳᠠᠯ᠎ᠢ ᠢᠯᠠᠨ ᠳᠠᠪᠠᠬᠤ ᠢᠲᠡᠭᠡᠯ ᠵᠣᠷᠢᠭ ᠵᠶ᠋ᠠᠨ   ᠪᠠᠳᠠᠷᠠᠭᠤᠯᠵᠤ᠂ ᠨᠡᠶ᠋ᠢᠭᠡᠮ᠎ᠤᠨ ᠡᠷᠡᠭᠦᠯ ᠮᠠᠨᠳᠤ ᠬᠡᠪ ᠰᠤᠷᠲᠠᠯ᠎ᠢ ᠬᠦᠳᠦᠯᠥᠨ ᠳᠠᠭ᠋ᠠᠭᠤᠯᠬᠤ ᠬᠡᠷᠡᠭᠲᠡᠢ᠃


ᠢᠷᠡᠯᠲᠡ᠄ ᠥᠪᠥᠷ ᠮᠣᠩᠭᠤᠯ᠎ᠤᠨ ᠦᠪᠡᠷᠲᠡᠭᠡᠨ ᠵᠠᠰᠠᠬᠤ ᠣᠷᠣᠨ᠎ᠤ ᠰᠣᠷᠭ᠋ᠠᠨ ᠬᠦᠮᠦᠵᠢᠯ᠎ᠤᠨ ᠲᠢᠩᠬᠡᠮ
          
ᠬᠠᠮᠢᠶ᠎ᠡ ᠪᠦᠬᠦᠢ ᠰᠣᠨᠢᠨ
ᠬᠢᠵᠢᠭ᠎ᠢ ᠰᠡᠷᠭᠡᠶ᠋ᠢᠯᠡᠨ ᠡᠵᠡᠮᠳᠡᠬᠦ ᠬᠤᠭᠤᠴᠠᠭ᠋ᠠᠨ᠎ᠳᠤ ᠰᠤᠷᠤᠭᠴᠢᠳ ᠬᠡᠷ᠎ᠲᠤ᠎ᠪᠠᠨ ᠰᠠᠭᠤᠵᠤ ᠰᠡᠷᠭᠡᠶ᠋ᠢᠯᠡᠨ ᠬᠠᠮᠠᠭ᠋ᠠᠯᠠᠬᠤ ᠦᠶ᠎ᠡ ᠵᠢᠨ ᠰᠤᠷᠤᠯᠭ᠎ᠠ ᠠᠮᠢᠳᠤᠷᠠᠯ᠎ᠤᠨ ᠡᠷᠡᠭᠦᠯ ᠮᠡᠨᠳᠦ ᠵᠢᠨ ᠵᠦᠭᠯᠡᠭᠦᠷ
ᠬᠢᠵᠢᠭ᠎ᠢ ᠰᠡᠷᠭᠡᠶ᠋ᠢᠯᠡᠨ ᠡᠵᠡᠮᠳᠡᠬᠦ ᠬᠤᠭᠤᠴᠠᠭ᠋ᠠᠨ᠎ᠳᠤ ᠰᠤᠷᠤᠭᠴᠢᠳ᠎ᠤᠨ ᠰᠤᠷᠭ᠋ᠠᠭᠤᠯᠢ᠎ᠳᠠᠬᠢ ᠰᠤᠷᠤᠯᠭ᠎ᠠ ᠠᠮᠢᠳᠤᠷᠠᠯ᠎ᠤᠨ ᠡᠷᠡᠭᠦᠯ ᠮᠡᠨᠳᠦ ᠵᠢᠨ ᠵᠦᠭᠯᠡᠭᠦᠷ
ᠬᠢᠵᠢᠭ᠎ᠢ ᠰᠡᠷᠭᠡᠶ᠋ᠢᠯᠡᠨ ᠡᠵᠡᠮᠳᠡᠬᠦ ᠬᠤᠭᠤᠴᠠᠭ᠋ᠠᠨ᠎ᠳᠤ ᠰᠤᠷᠤᠭᠴᠢᠳ ᠡᠮᠨᠡᠯᠭᠡ᠎ᠳᠤ ᠰᠠᠭᠤᠵᠤ ᠡᠮᠨᠡᠭᠦᠯᠬᠦ ᠦᠶ᠎ᠡ ᠵᠢᠨ ᠰᠤᠷᠤᠯᠭ᠎ᠠ ᠠᠮᠢᠳᠤᠷᠠᠯ᠎ᠤᠨ ᠡᠷᠡᠭᠦᠯ ᠮᠡᠨᠳᠦ ᠵᠢᠨ ᠵᠦᠭᠯᠡᠭᠦᠷ
ᠡᠷᠡᠭᠦᠯᠵᠢᠬᠦ ᠬᠤᠭᠤᠴᠠᠭ᠋ᠠᠨ᠎ᠳᠤ ᠶᠠᠭᠤ ᠵᠢ ᠠᠩᠬᠠᠷᠬᠤ ᠴᠢᠬᠤᠯᠠ᠎ᠲᠠᠢ ᠪᠣᠢ?
XBB᠎ᠠᠴᠠ ᠪᠣᠯᠵᠤ ᠬᠦᠨᠳᠦ ᠨᠣᠴᠢᠲᠠᠶ ᠰᠠᠭᠤᠯᠭ᠋ᠠᠬᠤ ᠤᠤ? ᠡᠨᠡ 6 ᠡᠨᠳᠡᠭᠦᠷᠡᠯ᠎ᠢ ᠰᠡᠷᠡᠮᠵᠢᠯᠡᠭᠡᠷᠡᠢ
 
             蒙ICP备05000248号