ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠤᠷᠭᠠᠨ ᠬᠦᠮᠦᠵᠢᠯ᠎ᠤᠨ ᠬᠠᠨᠲᠤᠯᠭ᠎ᠠ
ᠰᠣᠨᠤᠷ᠎ᠤᠨ ᠲᠠᠪᠴᠠᠩ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠦᠢᠯᠡᠴᠢᠯᠡᠭᠡ   -   ᠲᠠᠨ᠎ᠳᠤ ᠦᠢᠯᠡᠴᠢᠯᠡᠬᠦ᠌
ᠬᠢᠵᠢᠭ᠎ᠢ ᠰᠡᠷᠭᠡᠶ᠋ᠢᠯᠡᠨ ᠡᠵᠡᠮᠳᠡᠬᠦ ᠬᠤᠭᠤᠴᠠᠭ᠋ᠠᠨ᠎ᠳᠤ ᠰᠤᠷᠤᠭᠴᠢᠳ ᠡᠮᠨᠡᠯᠭᠡ᠎ᠳᠤ ᠰᠠᠭᠤᠵᠤ ᠡᠮᠨᠡᠭᠦᠯᠬᠦ ᠦᠶ᠎ᠡ ᠵᠢᠨ ᠰᠤᠷᠤᠯᠭ᠎ᠠ ᠠᠮᠢᠳᠤᠷᠠᠯ᠎ᠤᠨ ᠡᠷᠡᠭᠦᠯ ᠮᠡᠨᠳᠦ ᠵᠢᠨ ᠵᠦᠭᠯᠡᠭᠦᠷ
ᠨᠡᠶ᠋ᠢᠲᠡᠯᠡᠭᠰᠡᠨ ᠴᠠᠭ᠄ 2022-12-12


     01 . ᠰᠢᠨ᠎ᠡ ᠲᠢᠲᠢᠮᠯᠢᠭ ᠸᠢᠷᠦ᠋ᠰ ᠠᠶᠤᠮᠰᠢᠭ ᠦᠭᠡᠢ   ᠴᠠᠭ ᠲᠤᠬᠠᠶ᠎ᠳᠤ᠎ᠨᠢ ᠵᠠᠰᠠᠬᠤ ᠠᠷᠭ᠎ᠠ᠎ᠲᠠᠢ
      ᠡᠮᠨᠡᠯᠭᠡ᠎ᠳᠤ ᠰᠠᠭᠤᠵᠤ ᠡᠮᠨᠡᠭᠦᠯᠬᠦ ᠪᠣᠯ ᠰᠢᠨ᠎ᠡ ᠲᠢᠲᠢᠮᠯᠢᠭ ᠠᠭᠤᠰᠬᠢᠨ᠎ᠤ ᠦᠷᠪᠢᠰᠦᠯ᠎ᠢ ᠡᠮᠨᠡᠨ ᠵᠠᠰᠠᠬᠤ ᠴᠢᠬᠤᠯᠠ ᠠᠷᠭ᠎ᠠ ᠬᠡᠮᠵᠢᠶ᠎ᠡ᠂ ᠡᠪᠡᠳᠴᠢᠨ ᠵᠶ᠋ᠠᠨ ᠡᠳᠡᠭᠡᠷᠡᠭᠦᠯᠵᠦ ᠡᠷᠡᠭᠦᠯᠵᠢᠬᠦ ᠪᠦᠲᠦᠮᠵᠢᠲᠡᠶ ᠠᠷᠭ᠎ᠠ ᠮᠥᠨ ᠭᠡᠳᠡᠭ᠎ᠢ ᠵᠥᠪ ᠲᠠᠨᠢᠬᠤ ᠬᠡᠷᠡᠭᠲᠡᠶ᠃ ᠡᠮᠨᠡᠯᠭᠡ ᠵᠢᠨ ᠬᠣᠷᠢᠶᠠᠨ᠎ᠤ ᠬᠠᠮᠢᠶᠠᠷᠤᠯᠲᠠ ᠵᠢᠨ ᠲᠣᠭᠲᠠᠭ᠋ᠠᠯ᠎ᠢ ᠵᠢᠷᠤᠮᠯᠠᠨ ᠰᠠᠬᠢᠵᠤ᠂ ᠵᠥᠪᠬᠡᠨ ᠡᠮᠨᠡᠯᠭᠡ ᠵᠢᠨ ᠬᠣᠷᠢᠶᠠᠨ᠎ᠤ ᠵᠢᠭ᠋ᠠᠨ ᠲᠣᠭᠲᠠᠭ᠋ᠠᠭᠰᠠᠨ ᠣᠷᠣᠨ ᠪᠦᠰᠡ᠎ᠳᠤ   ᠬᠥᠳᠡᠯᠭᠡᠭᠡᠨ ᠬᠢᠬᠦ ᠬᠡᠷᠡᠭᠲᠡᠢ᠃
     02 . ᠣᠯᠠᠩᠬᠢ᠎ᠨᠢ ᠠᠮᠢᠰᠬᠤᠯ᠎ᠤᠨ ᠵᠠᠮ ᠵᠶ᠋ᠠᠷ ᠳᠠᠮᠵᠢᠵᠤ   ᠬᠤᠪᠢ ᠬᠥᠮᠦᠨ᠎ᠤ ᠡᠷᠡᠭᠦᠯ ᠬᠠᠮᠠᠭ᠋ᠠᠯᠠᠯ ᠮᠠᠰᠢ ᠴᠢᠬᠤᠯᠠ
      ᠰᠢᠨ᠎ᠡ ᠲᠢᠲᠢᠮᠯᠢᠭ ᠸᠢᠷᠦ᠋ᠰ᠎ᠤᠨ ᠣᠯᠠᠩᠬᠢ᠎ᠨᠢ ᠠᠮᠢᠰᠬᠤᠯ᠎ᠤᠨ ᠵᠠᠮ ᠵᠶ᠋ᠠᠷ ᠳᠡᠮᠵᠢᠨ ᠬᠠᠯᠳᠠᠪᠤᠷᠢᠯᠠᠵᠤ᠂ ᠠᠯᠢ ᠴᠢᠳᠠᠬᠤ᠎ᠪᠠᠷ ᠪᠤᠰᠤᠳ᠎ᠲᠠᠢ ᠣᠢ᠌ᠷᠠᠲᠤᠬᠤ᠎ᠪᠠᠨ ᠪᠠᠭ᠋ᠠᠰᠬᠠᠵᠤ᠂ ᠪᠤᠰᠤᠳ᠎ᠲᠠᠢ ᠣᠢ᠌ᠷᠠᠲᠤᠬᠤ ᠦᠶ᠎ᠡ᠎ᠳᠤ ᠡᠷᠬᠡᠪᠰᠢ ᠠᠮᠠᠪᠴᠢ ᠵᠡᠭᠦᠬᠦ ᠵᠢ ᠵᠢᠷᠤᠮᠵᠢᠭᠤᠯᠬᠤ ᠬᠡᠷᠡᠭᠲᠡᠶ᠃ ᠬᠤᠪᠢ ᠬᠥᠮᠦᠨ᠎ᠤ ᠡᠷᠡᠭᠦᠯ ᠬᠠᠮᠠᠭ᠋ᠠᠯᠠᠯ᠂ ᠬᠣᠭᠣᠯᠠᠨ᠎ᠤ ᠬᠡᠷᠡᠭᠰᠡᠯ᠂ ᠠᠯᠴᠢᠭᠤᠷ ᠵᠡᠷᠭᠡ ᠠᠮᠢᠳᠤᠷᠠᠯ᠎ᠤᠨ ᠬᠡᠷᠡᠭᠰᠡᠯ᠎ᠢ ᠲᠤᠰᠠᠭ᠋ᠠᠷ ᠬᠡᠷᠡᠭᠯᠡᠬᠦ ᠵᠢ ᠡᠷᠬᠢᠮᠯᠡᠵᠦ᠂ ᠲᠤᠰᠠᠭ᠋ᠠᠷᠯᠠᠬᠤ ᠡᠪᠡᠳᠴᠢᠲᠡᠨ᠎ᠤ ᠥᠷᠥᠭᠡ ᠵᠢᠨ ᠠᠷᠢᠭᠤᠨ ᠴᠡᠪᠡᠷ᠎ᠢ ᠪᠠᠲᠤᠯᠠᠬᠤ ᠬᠡᠷᠡᠭᠲᠡᠶ᠃
     03 . ᠤᠬᠠᠮᠰᠠᠷ᠎ᠠᠴᠠ᠎ᠪᠠᠨ ᠬᠠᠮᠵᠢᠯᠴᠠᠨ ᠪᠠᠶ᠋ᠢᠴᠠᠭ᠋ᠠᠯᠲᠠ ᠬᠢᠵᠦ ᠰᠢᠨ᠎ᠡ ᠪᠠᠶ᠋ᠢᠳᠠᠯ᠎ᠢ ᠰᠠᠨᠠᠭ᠋ᠠᠴᠢᠯᠠᠭ᠎ᠠ᠎ᠠᠴᠠ᠎ᠪᠠᠨ ᠮᠡᠳᠡᠭᠦᠯᠬᠦ ᠬᠡᠷᠡᠭᠲᠡᠢ
      ᠡᠮᠨᠡᠯᠭᠡ ᠵᠢᠨ ᠬᠣᠷᠢᠶ᠎ᠠ᠎ᠲᠠᠢ ᠢᠳᠡᠪᠬᠢᠲᠡᠶ ᠬᠠᠮᠵᠢᠯᠴᠠᠨ ᠡᠷᠡᠭᠦᠯ ᠮᠡᠨᠳᠦ ᠵᠢᠨ ᠪᠠᠢ᠌ᠴᠠᠭ᠋ᠠᠯᠲᠠ ᠵᠢ ᠥᠷᠨᠢᠭᠦᠯᠵᠦ᠂ ᠡᠷᠡᠭᠦᠯ ᠮᠡᠨᠳᠦ ᠵᠢᠨ ᠪᠠᠶ᠋ᠢᠳᠠᠯ ᠵᠶ᠋ᠠᠨ ᠴᠠᠭ ᠲᠤᠬᠠᠶ᠎ᠳᠤ᠎ᠨᠢ ᠰᠠᠨᠠᠭ᠋ᠠᠴᠢᠯᠠᠭ᠎ᠠ᠎ᠠᠴᠠ᠎ᠪᠠᠨ ᠮᠡᠳᠡᠭᠦᠯᠵᠦ᠂ ᠲᠠᠬᠤᠯ ᠡᠪᠡᠳᠴᠢᠨ᠎ᠤ ᠰᠣᠳᠤᠯᠤᠯ᠎ᠤᠨ ᠪᠠᠶ᠋ᠢᠴᠠᠭ᠋ᠠᠯᠲᠠ ᠪᠠ ᠣᠨᠣᠰᠢᠯᠠᠨ ᠡᠮᠨᠡᠬᠦ ᠰᠤᠪᠢᠯᠠᠯᠲᠠ ᠵᠢ ᠬᠠᠮᠵᠢᠯᠴᠠᠨ ᠰᠠᠶ᠋ᠢᠲᠤᠷ     ᠬᠢᠨ᠎ᠠ᠃
     04 . ᠤᠷᠮ᠎ᠠ ᠬᠤᠭᠤᠷᠠᠵᠤ ᠭᠤᠲᠤᠷᠠᠨ ᠵᠣᠪᠠᠨᠢᠪᠠᠯ ᠳᠠᠷᠤᠢ᠎ᠳᠤ᠎ᠨᠢ ᠬᠣᠯᠪᠤᠭᠳᠠᠬᠤ ᠬᠥᠮᠦᠨ᠎ᠢ ᠳᠠᠭᠤᠳᠠᠵᠤ ᠵᠢᠯᠣᠭᠣᠳᠤᠭᠤᠯᠬᠤ ᠬᠡᠷᠡᠭᠲᠡᠢ
      ᠰᠡᠳᠬᠢᠯ ᠵᠶ᠋ᠡᠨ ᠵᠣᠬᠢᠴᠠᠭᠤᠯᠬᠤ᠎ᠪᠠᠨ ᠴᠢᠩᠭ᠋ᠠᠳᠬᠠᠵᠤ᠂ ᠢᠳᠡᠪᠬᠢᠲᠡᠶ ᠪᠠᠶᠠᠰᠤᠩᠭᠤᠶ ᠰᠡᠳᠬᠢᠴᠡ᠎ᠲᠠᠢ ᠪᠠᠶ᠋ᠢᠬᠤ ᠬᠡᠷᠡᠭᠲᠡᠶ᠃ ᠰᠡᠳᠬᠢᠯ ᠪᠠᠭᠲᠠᠷᠠᠬᠤ ᠣᠨᠴᠠᠭ᠋ᠠᠶ᠋ᠢᠯᠠᠨ ᠵᠣᠪᠠᠨᠢᠬᠤ᠂ ᠲᠥᠭᠡᠷᠢᠭᠳᠡᠬᠦ ᠪᠤᠶᠤ ᠤᠷᠮ᠎ᠠ ᠬᠤᠭᠤᠷᠠᠬᠤ ᠦᠶ᠎ᠡ᠎ᠳᠤ᠂ ᠭᠡᠷ᠎ᠤᠨ ᠠᠬᠠᠮᠠᠳ᠂ ᠨᠠᠶ᠋ᠢᠵᠠ ᠨᠥᠬᠥᠳ᠂ ᠪᠠᠭᠰᠢ ᠪᠤᠶᠤ ᠠᠨᠠᠭ᠋ᠠᠬᠤ ᠤᠬᠠᠭ᠋ᠠᠨ᠎ᠤ ᠲᠤᠰᠬᠠᠢ ᠮᠡᠷᠭᠡᠵᠢᠯᠲᠡᠳ᠎ᠲᠤ ᠳᠠᠷᠤᠢ᠎ᠳᠤ᠎ᠨᠢ ᠰᠠᠨᠠᠭ᠋ᠠᠴᠢᠯᠠᠭ᠎ᠠ᠎ᠠᠴᠠ᠎ᠪᠠᠨ ᠲᠤᠰᠬᠠᠵᠤ᠂ ᠰᠡᠳᠬᠢᠴᠡ ᠵᠢᠨ ᠵᠢᠯᠤᠭᠤᠳᠤᠯᠭ᠎ᠠ ᠵᠢ ᠬᠦᠯᠢᠶᠡᠬᠦ ᠬᠡᠷᠡᠭᠲᠡᠢ᠃
     05 . ᠪᠣᠯᠪᠠᠰᠤᠷᠠᠬᠤ᠂ ᠤᠨᠲᠠᠬᠤ᠂ ᠢᠯᠡᠭᠦᠬᠡᠨ ᠤᠰᠤ ᠤᠤᠭᠤᠬᠤ᠎ᠨᠢ ᠡᠮᠴᠢᠯᠡᠭᠡᠨ᠎ᠤ ᠦᠷ᠎ᠡ ᠳ᠋ᠦᠩ᠎ᠳᠤ ᠰᠠᠶ᠋ᠢᠨ ᠪᠠᠶ᠋ᠢᠳᠠᠭ
      ᠥᠪᠡᠷ᠎ᠤᠨ ᠪᠠᠶ᠋ᠢᠳᠠᠯ ᠵᠶ᠋ᠠᠨ ᠦᠨᠳᠦᠰᠦᠯᠡᠨ᠂ ᠡᠮᠨᠡᠯᠭᠡ ᠵᠢᠨ ᠠᠵᠢᠯᠲᠠᠨ᠎ᠤ ᠵᠢᠯᠣᠭᠣᠳᠤᠯᠭ᠎ᠠ᠎ᠪᠠᠷ ᠲᠣᠬᠢᠷᠠᠮᠵᠢᠲᠠᠶ ᠪᠣᠯᠪᠠᠰᠤᠷᠠᠯ ᠬᠢᠬᠦ ᠵᠢ ᠪᠠᠷᠢᠮᠲᠠᠯᠠᠬᠤ ᠬᠡᠷᠡᠭᠲᠡᠶ᠃ ᠡᠮᠨᠡᠯᠭᠡ ᠵᠢᠨ ᠬᠣᠷᠢᠶᠠᠨ᠎ᠤ ᠡᠮᠴᠢᠯᠡᠬᠦ᠎ᠲᠠᠢ ᠬᠠᠮᠵᠢᠯᠴᠠᠨ᠂ ᠭᠦᠢ᠍ᠴᠡᠳ ᠤᠨᠲᠠᠬᠤ᠂ ᠠᠵᠢᠯᠯᠠᠵᠤ ᠠᠮᠠᠷᠠᠬᠤ ᠵᠢ ᠤᠶᠠᠯᠳᠤᠭᠤᠯᠵᠤ᠂ ᠤᠳᠠᠭ᠋ᠠᠨ ᠰᠠᠭᠤᠬᠤ ᠵᠢ ᠪᠠᠭ᠋ᠠᠰᠬᠠᠬᠤ ᠬᠡᠷᠡᠭᠲᠡᠢ᠃ ᠵᠣᠬᠢᠰᠲᠠᠶ ᠠᠵᠢᠯᠯᠠᠵᠤ ᠠᠮᠠᠷᠠᠬᠤ ᠵᠢ ᠪᠠᠲᠤᠯᠠᠵᠤ᠂ ᠰᠢᠮ᠎ᠡ ᠲᠡᠵᠢᠭᠡᠯ᠎ᠢ ᠲᠡᠩᠴᠡᠭᠦᠯᠵᠦ᠂ ᠭᠦᠢ᠍ᠴᠡᠳ ᠤᠰᠤ ᠤᠤᠭᠤᠬᠤ ᠬᠡᠷᠡᠭᠲᠡᠶ᠃
     06 . ᠰᠤᠷᠤᠯᠭ᠎ᠠ ᠪᠠ ᠡᠷᠡᠭᠦᠯ ᠮᠡᠨᠳᠦ ᠵᠢ ᠠᠯᠢ ᠵᠢ ᠴᠤ᠌ ᠰᠠᠭ᠋ᠠᠲᠠᠭ᠋ᠠᠬᠤ ᠦᠭᠡᠢ ᠬᠢᠵᠢᠭ᠎ᠲᠠᠢ ᠲᠡᠮᠡᠴᠡᠨ ᠦᠰᠦᠨ ᠪᠣᠶ᠋ᠢᠵᠢᠯᠲᠠ ᠵᠢᠨ ᠵᠠᠮ ᠵᠶ᠋ᠡᠨ ᠪᠡᠬᠢᠵᠢᠭᠦᠯᠬᠦ ᠬᠡᠷᠡᠭᠲᠡᠢ
      ᠡᠪᠡᠳᠴᠢᠨ᠎ᠤ ᠪᠠᠶ᠋ᠢᠳᠠᠯ ᠵᠶ᠋ᠠᠨ ᠦᠨᠳᠦᠰᠦᠯᠡᠨ ᠰᠦᠯᠵᠢᠶᠡᠨ᠎ᠤ ᠰᠤᠷᠤᠯᠴᠠᠯᠭ᠎ᠠ᠎ᠳᠤ ᠣᠷᠣᠯᠴᠠᠨ᠎ᠠ᠃ ᠬᠤᠪᠢᠰᠬᠠᠯᠲᠤ ᠰᠣᠩᠭᠣᠳᠠᠭ ᠵᠣᠬᠢᠶᠠᠯ᠂ ᠬᠢᠵᠢᠭ᠎ᠲᠠᠢ ᠲᠡᠮᠡᠴᠡᠭᠰᠡᠨ ᠲᠡᠷᠢᠭᠦᠨ᠎ᠤ ᠬᠥᠮᠦᠰ ᠪᠠ ᠨᠡᠶ᠋ᠢᠲᠡᠯᠢᠭ ᠦᠢ᠍ᠯᠡ ᠠᠵᠢᠯᠯᠠᠭ᠎ᠠ᠎ᠠᠴᠠ ᠰᠤᠷᠤᠯᠴᠠᠵᠤ᠂ ᠦᠵᠡᠯ ᠰᠠᠨᠠᠭ᠋ᠠᠨ᠎ᠤ ᠠᠬᠤᠶ ᠪᠠᠶ᠋ᠢᠳᠠᠯ ᠵᠶ᠋ᠠᠨ ᠳᠡᠭᠡᠭᠰᠢᠯᠡᠭᠦᠯᠦᠨ᠂ ᠬᠢᠵᠢᠭ᠎ᠲᠠᠢ ᠲᠡᠮᠡᠴᠡᠭᠰᠡᠨ ᠠᠭᠤᠤ ᠶᠡᠬᠡ ᠵᠣᠷᠢᠭ ᠰᠠᠨᠠᠭ᠎ᠠ ᠵᠢ ᠪᠠᠳᠠᠷᠠᠭᠤᠯᠵᠤ᠂ ᠬᠢᠵᠢᠭ᠎ᠢ ᠢᠯᠡᠨ ᠳᠠᠪᠠᠬᠤ ᠢᠲᠡᠭᠡᠯ ᠵᠣᠷᠢᠭ ᠵᠶ᠋ᠠᠨ ᠴᠢᠩᠭ᠋ᠠᠳᠬᠠᠬᠤ ᠬᠡᠷᠡᠭᠲᠡᠶ᠃
     07 . ᠢᠲᠡᠭᠡᠯ ᠵᠣᠷᠢᠭ ᠵᠶ᠋ᠠᠨ ᠬᠥᠪᠴᠢᠯᠡᠨ ᠬᠦᠯᠢᠴᠡᠩᠭᠦᠶ᠎ᠪᠠᠷ ᠴᠠᠭ᠎ᠤᠨ ᠪᠡᠷᠬᠡ ᠵᠢ ᠰᠡᠳᠬᠢᠯ ᠨᠢᠭᠡᠳᠦᠨ ᠬᠠᠮᠲᠤ᠎ᠪᠠᠷ ᠲᠤᠭᠤᠯᠬᠤ ᠬᠡᠷᠡᠭᠲᠡᠢ
      ᠡᠮᠨᠡᠯᠭᠡ᠎ᠠᠴᠠ ᠭᠠᠷᠬᠤ ᠮᠡᠳᠡᠭᠳᠡᠯ᠎ᠢ ᠬᠦᠯᠢᠴᠡᠩᠭᠦᠶ ᠬᠦᠯᠢᠶᠡᠵᠦ᠂ ᠡᠮᠨᠡᠯᠭᠡ᠎ᠠᠴᠠ ᠭᠠᠷᠤᠭᠰᠠᠨ᠎ᠤ ᠳᠠᠷᠠᠭ᠎ᠠ ᠡᠮᠨᠡᠯᠭᠡ᠎ᠠᠴᠠ ᠭᠠᠷᠬᠤ ᠵᠢᠯᠣᠭᠣᠳᠣᠯᠭ᠎ᠠ ᠵᠢ ᠴᠢᠩᠭ᠎ᠠ ᠵᠢᠷᠤᠮᠯᠠᠨ᠂ ᠬᠣᠯᠪᠤᠭᠳᠠᠬᠤ ᠰᠠᠯᠠᠭ᠎ᠠ ᠮᠥᠴᠢᠷ᠂ ᠡᠮᠨᠡᠯᠭᠡ ᠵᠢᠨ ᠬᠣᠷᠢᠶ᠎ᠠ᠂ ᠰᠤᠷᠭ᠋ᠠᠭᠤᠯᠢ ᠪᠠ ᠬᠡᠷ ᠪᠦᠯᠢ ᠵᠢᠨ ᠬᠠᠮᠲᠤ ᠵᠢᠨ ᠴᠢᠷᠮᠠᠶ᠋ᠢᠯᠭ᠎ᠠ᠎ᠪᠠᠷ ᠡᠮᠨᠡᠯᠭᠡ᠎ᠠᠴᠠ ᠭᠠᠷᠤᠭᠰᠠᠨ᠎ᠤ ᠳᠠᠷᠠᠭ᠋ᠠᠬᠢ ᠡᠷᠡᠭᠦᠯᠵᠢᠯ᠂ ᠡᠷᠡᠭᠦᠯ ᠮᠡᠨᠳᠦ ᠵᠢᠨ ᠠᠵᠢᠭᠯᠠᠯᠲᠠ ᠵᠢ ᠰᠠᠶ᠋ᠢᠲᠤᠷ ᠬᠢᠵᠦ᠂ ᠰᠤᠷᠭ᠋ᠠᠭᠤᠯᠢ᠎ᠳᠤ᠎ᠪᠠᠨ ᠪᠤᠴᠠᠵᠤ ᠰᠤᠷᠤᠯᠭ᠎ᠠ᠎ᠪᠠᠨ ᠰᠡᠷᠭᠦᠭᠡᠬᠦ ᠪᠡᠯᠡᠳᠬᠡᠯ᠎ᠢ ᠰᠠᠶ᠋ᠢᠲᠤᠷ ᠬᠢᠬᠦ ᠬᠡᠷᠡᠭᠲᠡᠶ᠃


ᠢᠷᠡᠯᠲᠡ᠄ ᠥᠪᠥᠷ ᠮᠣᠩᠭᠤᠯ᠎ᠤᠨ ᠦᠪᠡᠷᠲᠡᠭᠡᠨ ᠵᠠᠰᠠᠬᠤ ᠣᠷᠣᠨ᠎ᠤ ᠰᠣᠷᠭ᠋ᠠᠨ ᠬᠦᠮᠦᠵᠢᠯ᠎ᠤᠨ ᠲᠢᠩᠬᠡᠮ
          
ᠬᠠᠮᠢᠶ᠎ᠡ ᠪᠦᠬᠦᠢ ᠰᠣᠨᠢᠨ
ᠡᠷᠡᠭᠦᠯᠵᠢᠬᠦ ᠬᠤᠭᠤᠴᠠᠭ᠋ᠠᠨ᠎ᠳᠤ ᠶᠠᠭᠤ ᠵᠢ ᠠᠩᠬᠠᠷᠬᠤ ᠴᠢᠬᠤᠯᠠ᠎ᠲᠠᠢ ᠪᠣᠢ?
XBB᠎ᠠᠴᠠ ᠪᠣᠯᠵᠤ ᠬᠦᠨᠳᠦ ᠨᠣᠴᠢᠲᠠᠶ ᠰᠠᠭᠤᠯᠭ᠋ᠠᠬᠤ ᠤᠤ? ᠡᠨᠡ 6 ᠡᠨᠳᠡᠭᠦᠷᠡᠯ᠎ᠢ ᠰᠡᠷᠡᠮᠵᠢᠯᠡᠭᠡᠷᠡᠢ
2 ᠰᠠᠷ᠎ᠠ ᠵᠢᠨ 27᠎ᠤ ᠡᠳᠦᠷ᠎ᠠᠴᠠ ᠡᠬᠢᠯᠡᠨ ᠨᠡᠷ᠎ᠡ ᠮᠡᠳᠡᠭᠦᠯᠦᠨ᠎ᠡ! ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 2023 ᠣᠨ᠎ᠤ ᠳᠡᠭᠡᠷ᠎ᠡ ᠬᠠᠭ᠋ᠠᠰ ᠵᠢᠯ᠎ᠤᠨ ᠪᠥᠬᠥ ᠤᠯᠤᠰ᠎ᠤᠨ ᠺᠣᠮᠫᠢᠦ᠋ᠲ᠋ᠧᠷ᠎ᠤᠨ ᠲᠠᠰ᠎ᠤᠨ ᠰᠢᠯᠭ᠋ᠠᠯᠲᠠ ᠵᠢᠨ ᠮᠡᠳᠡᠭᠳᠡᠯ
ᠥᠪᠥᠷ ᠮᠣᠩᠭᠣᠯ 10 ᠵᠤᠷᠪᠤᠰ ᠠᠷᠭ᠎ᠠ ᠬᠡᠮᠵᠢᠶ᠎ᠡ ᠨᠡᠶ᠋ᠢᠲᠡᠯᠡᠵᠦ ᠳᠤᠮᠳᠠᠳᠤ ᠪᠠᠭ᠎ᠠ ᠰᠤᠷᠭ᠋ᠠᠭᠤᠯᠢ ᠵᠢᠨ ᠰᠡᠳᠬᠢᠴᠡ ᠵᠢᠨ ᠡᠷᠡᠭᠦᠯ ᠮᠡᠨᠳᠦ ᠵᠢᠨ ᠬᠥᠮᠦᠵᠢᠯ᠎ᠢ ᠴᠢᠩᠭ᠋ᠠᠳᠬᠠᠪᠠ
ᠰᠢᠨ᠎ᠡ ᠰᠤᠷᠤᠯᠭ᠎ᠠ ᠵᠢᠨ ᠬᠤᠭᠤᠴᠠᠭ᠋ᠠᠨ᠎ᠳᠤ ᠬᠠᠯᠳᠠᠪᠤᠷᠢᠲᠤ ᠲᠠᠭᠰᠢᠭᠤᠷ᠎ᠢ ᠶᠠᠭ᠋ᠠᠬᠢᠵᠤ ᠰᠡᠷᠭᠡᠶ᠋ᠢᠯᠡᠬᠦ ᠪᠣᠶ᠂ ᠡᠨᠡ ᠬᠦ᠌ ᠡᠷᠡᠭᠦᠯ ᠮᠡᠨᠳᠦ ᠵᠢᠨ ᠰᠠᠨᠠᠭᠤᠯᠤᠮᠵᠢ ᠵᠢ ᠪᠠᠭᠰᠢ ᠰᠣᠷᠣᠭᠴᠢ ᠬᠡᠷ᠎ᠤᠨ ᠠᠬᠠᠮᠠᠳ᠎ᠲᠤ ᠳᠠᠮᠵᠢᠭᠤᠯᠬᠤ᠎ᠨᠢ
 
             蒙ICP备05000248号