01 . ᠬᠢᠵᠢᠭ᠎ᠢ ᠰᠡᠷᠭᠡᠢ᠌ᠯᠡᠨ ᠡᠵᠡᠮᠳᠡᠬᠦ ᠣᠯᠠᠨ ᠠᠷᠭ᠎ᠠ ᠵᠢᠨ ᠳᠣᠲᠤᠷ᠎ᠠ ᠬᠠᠮᠤᠭ᠎ᠤᠨ ᠴᠢᠬᠤᠯᠠ᠎ᠨᠢ ᠬᠣᠭᠣᠷᠤᠨᠳᠤᠬᠢ ᠵᠠᠢ ᠵᠢ ᠪᠠᠲᠤᠯᠠᠬᠤ ᠬᠡᠷᠡᠭᠲᠡᠢ
ᠨᠡᠶ᠋ᠢᠭᠡᠮ᠎ᠤᠨ ᠬᠠᠷᠢᠯᠴᠠᠭ᠋ᠠᠨ᠎ᠤ ᠠᠮᠤᠷ ᠲᠦᠪᠰᠢᠨ᠎ᠤ ᠵᠠᠶ ᠵᠢ ᠪᠠᠲᠤᠯᠠᠬᠤ ᠬᠡᠷᠡᠭᠲᠡᠶ᠃ ᠣᠮᠢᠺᠷᠣᠨ ᠸᠢᠷᠦ᠋ᠰ᠎ᠢ ᠳ᠋ᠧᠯᠲ᠋ᠠ ᠸᠢᠷᠦ᠋ᠰ᠎ᠲᠠᠢ ᠬᠠᠷᠢᠴᠠᠭᠤᠯᠪᠠᠯ᠂ ᠬᠠᠯᠳᠠᠪᠤᠷᠢᠯᠠᠬᠤ ᠴᠢᠨᠠᠷ ᠵᠶ᠋ᠠᠷ ᠨᠡᠩ ᠴᠢᠩᠭ᠎ᠠ᠂ ᠬᠠᠯᠳᠠᠪᠤᠷᠢᠯᠠᠬᠤ ᠬᠤᠷᠳᠤᠴᠠ ᠨᠡᠩ ᠲᠦᠷᠭᠡᠨ ᠪᠠᠶ᠋ᠢᠳᠠᠭ᠂ ᠬᠥᠮᠦᠨ ᠪᠦᠬᠦᠨ ᠲᠦᠭᠰᠢᠭᠦᠷᠢ ᠵᠢᠨ ᠤᠬᠠᠮᠰᠠᠷ ᠵᠶ᠋ᠠᠨ ᠴᠢᠩᠭ᠋ᠠᠳᠬᠠᠵᠤ᠂ ᠥᠪᠡᠷ᠎ᠢ᠎ᠪᠠᠨ ᠬᠠᠮᠠᠭ᠋ᠠᠯᠠᠬᠤ ᠵᠢ ᠴᠢᠩᠭ᠋ᠠᠳᠬᠠᠵᠤ᠂ ᠰᠣᠯᠪᠢᠴᠠᠨ ᠬᠠᠯᠳᠠᠪᠤᠷᠢᠯᠠᠬᠤ ᠵᠢ ᠰᠡᠷᠭᠡᠶ᠋ᠢᠯᠡᠬᠦ ᠬᠡᠷᠡᠭᠲᠡᠢ᠃
02 . ᠰᠤᠷᠭ᠋ᠠᠭᠤᠯᠢ ᠵᠢᠨ ᠡᠭᠦᠳᠡ ᠪᠣᠯ ᠪᠣᠭᠣᠮᠲᠠ ᠪᠣᠯᠬᠣᠷ ᠣᠷᠣᠵᠤ ᠭᠠᠷᠬᠤ᠎ᠳᠤ᠎ᠪᠠᠨ ᠲᠣᠭᠲᠠᠭ᠋ᠠᠯ᠎ᠢ ᠵᠢᠷᠤᠮᠯᠠᠬᠤ ᠬᠡᠷᠡᠭᠲᠡᠶ
ᠬᠥᠮᠦᠨ ᠪᠦᠬᠦᠨ ᠴᠥᠮ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠬᠠᠷᠢᠭᠤᠴᠠᠯᠭ᠋ᠠᠲᠠᠨ ᠮᠥᠨ᠂ ᠰᠤᠷᠭ᠋ᠠᠭᠤᠯᠢ ᠵᠢᠨ ᠡᠭᠦᠳᠡ ᠵᠢ ᠬᠠᠮᠢᠶᠠᠷᠬᠤ ᠲᠣᠭᠲᠠᠭ᠋ᠠᠯ᠎ᠢ ᠴᠢᠩᠭ᠎ᠠ ᠵᠢᠷᠤᠮᠯᠠᠵᠤ᠂ ᠬᠢᠵᠢᠭ᠎ᠤᠨ ᠪᠠᠶ᠋ᠢᠳᠠᠯ ᠰᠤᠷᠭ᠋ᠠᠭᠤᠯᠢ ᠵᠢᠨ ᠬᠦᠷᠢᠶᠡᠨ᠎ᠳᠤ ᠣᠷᠣᠬᠤ ᠲᠦᠭᠰᠢᠭᠦᠷᠢ ᠵᠢ ᠡᠷᠡᠰ ᠴᠢᠩᠭ᠎ᠠ ᠪᠦᠲᠦᠮᠵᠢᠲᠡᠢ ᠲᠠᠰᠤᠯᠬᠤ ᠬᠡᠷᠡᠭᠲᠡᠢ᠃
03 . ᠠᠮᠠᠪᠴᠢ ᠵᠡᠭᠦᠬᠦ ᠭᠠᠷ ᠵᠶ᠋ᠡᠨ ᠤᠬᠢᠶᠠᠬᠤ ᠦᠷᠭᠦᠯᠵᠢ ᠰᠠᠯᠬᠢ ᠨᠡᠪᠲᠡᠷᠡᠭᠦᠯᠬᠦ ᠬᠤᠪᠢ ᠬᠥᠮᠦᠨ᠎ᠤ ᠬᠠᠮᠠᠭ᠋ᠠᠯᠠᠯᠲᠠ ᠵᠢ ᠰᠤᠯᠠᠷᠠᠭᠤᠯᠬᠤ ᠥᠬᠡᠶ
ᠠᠮᠠᠪᠴᠢ ᠵᠡᠭᠦᠬᠦ᠂ ᠭᠠᠷ ᠵᠶ᠋ᠠᠨ ᠦᠷᠭᠦᠯᠵᠢ ᠤᠬᠢᠶᠠᠬᠤ᠂ ᠦᠷᠭᠦᠯᠵᠢ ᠰᠠᠯᠬᠢ ᠨᠡᠪᠲᠡᠷᠡᠭᠦᠯᠬᠦ ᠵᠢ ᠪᠠᠷᠢᠮᠲᠠᠯᠠᠬᠤ ᠬᠡᠷᠡᠭᠲᠡᠢ᠃ ᠴᠤᠭᠯᠠᠷᠠᠬᠤ ᠦᠭᠡᠢ᠂ ᠪᠥᠭᠡᠮᠨᠡᠷᠡᠬᠦ ᠦᠭᠡᠢ ᠪᠠᠶ᠋ᠢᠬᠤ ᠵᠢ ᠪᠠᠷᠢᠮᠲᠠᠯᠠᠵᠤ᠂ ᠬᠤᠪᠢ ᠬᠥᠮᠦᠨ᠎ᠤ ᠡᠷᠡᠭᠦᠯ ᠬᠠᠮᠠᠭ᠋ᠠᠯᠠᠯ᠎ᠢ ᠠᠩᠬᠠᠷᠴᠤ᠂ ᠬᠤᠪᠢ ᠬᠥᠮᠦᠨ᠎ᠤ ᠬᠠᠮᠠᠭ᠋ᠠᠯᠠᠯᠲᠠ ᠵᠢ ᠰᠠᠶ᠋ᠢᠲᠤᠷ ᠬᠢᠬᠦ ᠬᠡᠷᠡᠭᠲᠡᠶ᠃ ᠪᠥᠭᠡᠮ ᠬᠦᠴᠢᠯ᠎ᠤᠨ ᠥᠯᠢᠭᠡᠷ ᠠᠪᠴᠤ ᠳᠠᠭᠤᠰᠤᠭᠰᠠᠨ᠎ᠤ ᠳᠠᠷᠠᠭ᠎ᠠ ᠳᠠᠷᠤᠶ᠋ᠢᠬᠠᠨ ᠠᠮᠠᠪᠴᠢ᠎ᠪᠠᠨ ᠵᠡᠭᠦᠬᠦ ᠵᠢᠨ ᠬᠠᠮᠲᠤ ᠦᠯᠢᠭᠡᠷ ᠠᠪᠬᠤ ᠴᠡᠭ᠎ᠠᠴᠠ ᠬᠤᠷᠳᠤᠬᠠᠨ ᠵᠠᠢ᠌ᠯᠠᠵᠤ᠂ ᠭᠠᠳᠠᠭᠤᠷ ᠲᠣᠭᠣᠷᠢᠬᠤ ᠥᠬᠡᠶ᠃
04 . ᠡᠷᠡᠭᠦᠯ ᠮᠡᠨᠳᠦ ᠵᠢᠨ ᠪᠠᠢ᠌ᠴᠠᠭ᠋ᠠᠯᠲᠠ ᠲᠤᠢ᠌ᠯ᠎ᠤᠨ ᠴᠢᠬᠤᠯᠠ ᠪᠠᠢ᠌ᠵᠤ ᠡᠪᠡᠳᠴᠢᠨ᠎ᠲᠠᠢ ᠡᠰᠡᠬᠦ ᠵᠢ ᠡᠷᠲᠡ ᠮᠡᠳᠡᠨ᠎ᠡ
ᠰᠤᠷᠭ᠋ᠠᠭᠤᠯᠢ ᠵᠢᠨ ᠬᠢᠵᠢᠭ᠎ᠢ ᠰᠡᠷᠭᠡᠶ᠋ᠢᠯᠡᠬᠦ ᠲᠣᠭᠲᠠᠭ᠋ᠠᠯ᠎ᠢ ᠵᠢᠷᠤᠮᠯᠠᠨ᠂ ᠡᠷᠡᠭᠦᠯ ᠮᠡᠨᠳᠦ ᠵᠢᠨ ᠪᠠᠢ᠌ᠴᠠᠭ᠋ᠠᠯᠲᠠ ᠵᠢ ᠤᠬᠠᠮᠰᠠᠷ᠎ᠠᠴᠠ᠎ᠪᠠᠨ ᠬᠦᠯᠢᠶᠡᠵᠦ᠂ ᠪᠥᠭᠡᠮ ᠬᠦᠴᠢᠯ᠎ᠤᠨ ᠰᠢᠯᠭ᠋ᠠᠨ ᠪᠠᠢ᠌ᠴᠠᠭ᠋ᠠᠯᠲᠠ ᠬᠢᠵᠦ᠂ ᠪᠡᠶ᠎ᠡ ᠵᠢᠨ ᠬᠠᠯᠠᠭᠤᠨ ᠵᠶ᠋ᠠᠨ ᠬᠡᠮᠵᠢᠵᠦ᠂ ᠪᠡᠶ᠎ᠡ ᠰᠡᠳᠬᠢᠯ᠎ᠤᠨ ᠡᠷᠡᠭᠦᠯ ᠮᠡᠨᠳᠦ ᠵᠢᠨ ᠪᠠᠶ᠋ᠢᠳᠠᠯ ᠵᠶ᠋ᠠᠨ ᠰᠠᠨᠠᠭ᠋ᠠᠴᠢᠯᠠᠭ᠎ᠠ᠎ᠠᠴᠠ᠎ᠪᠠᠨ ᠴᠠᠭ ᠲᠤᠬᠠᠶ᠎ᠳᠤᠨᠢ ᠮᠡᠳᠡᠭᠦᠯᠬᠦ ᠬᠡᠷᠡᠭᠲᠡᠶ᠃ ᠲᠠᠬᠤᠯ ᠡᠪᠡᠳᠴᠢᠨ᠎ᠤ ᠰᠣᠳᠤᠯᠤᠯ᠎ᠤᠨ ᠪᠠᠶ᠋ᠢᠴᠠᠭ᠋ᠠᠯᠲᠠ ᠵᠢ ᠬᠠᠮᠵᠢᠨ ᠰᠠᠶ᠋ᠢᠲᠤᠷ ᠬᠢᠵᠦ᠂ ᠴᠢᠬᠤᠯᠠᠲᠠᠢ ᠦᠶ᠎ᠡ᠎ᠳᠤ ᠲᠣᠭᠲᠠᠭ᠋ᠠᠯ ᠶᠣᠰᠤ᠎ᠪᠠᠷ ᠲᠥᠪᠯᠡᠷᠡᠭᠦᠯᠦᠨ ᠲᠤᠰᠠᠭ᠋ᠠᠷᠯᠠᠵᠤ ᠠᠨᠠᠭ᠋ᠠᠬᠤ ᠤᠬᠠᠭ᠋ᠠᠨ᠎ᠤ ᠠᠵᠢᠭᠯᠠᠯᠲᠠ ᠬᠢᠬᠦ ᠪᠤᠶᠤ ᠡᠮᠨᠡᠭᠦᠯᠬᠦ ᠵᠢ ᠬᠦᠯᠢᠶᠡᠬᠦ ᠬᠡᠷᠡᠭᠲᠡᠶ᠃
05 . ᠣᠷᠭᠢᠯ᠎ᠤᠨ ᠬᠤᠭᠤᠴᠠᠭ᠎ᠠ᠂ ᠴᠠᠭ᠂ ᠣᠷᠣᠨ ᠪᠦᠰᠡ ᠵᠦᠷᠢᠭᠦᠯᠦᠨ ᠬᠣᠭᠣᠯᠠᠨ ᠭᠡᠷ᠎ᠲᠤ ᠬᠣᠭᠣᠯᠠᠯᠠᠬᠤᠳᠤᠪᠠᠨ ᠡᠮᠬᠢ ᠳᠢᠭᠯᠢᠮ᠎ᠲᠠᠢ ᠪᠠᠢ᠌ᠬᠤ ᠬᠡᠷᠡᠭᠲᠡᠢ
ᠣᠷᠭᠢᠯ᠎ᠤᠨ ᠬᠤᠭᠤᠴᠠᠭ᠎ᠠ ᠵᠦᠷᠢᠭᠦᠯᠦᠨ᠂ ᠴᠠᠭ ᠵᠦᠷᠢᠭᠦᠯᠦᠨ᠂ ᠣᠷᠣᠨ ᠪᠦᠰᠡ ᠵᠦᠷᠢᠭᠦᠯᠵᠦ᠂ ᠬᠣᠭᠣᠯᠠᠨ᠎ᠠᠴᠠ ᠡᠮᠦᠨ᠎ᠡ᠂ ᠬᠣᠭᠣᠯᠠ ᠠᠪᠬᠤ᠂ ᠬᠣᠭᠣᠯᠠᠨ᠎ᠤ ᠳᠠᠷᠠᠭ᠎ᠠ ᠠᠮᠠᠪᠴᠢ ᠵᠡᠭᠦᠵᠦ᠂ ᠬᠣᠭᠣᠯᠠ ᠠᠪᠬᠤ᠎ᠪᠠᠷ ᠮᠥᠷᠯᠡᠬᠦᠳᠤᠪᠠᠨ ᠠᠮᠤᠷ ᠲᠦᠪᠰᠢᠨ᠎ᠤ ᠵᠠᠶ ᠵᠢ ᠪᠠᠲᠤᠯᠠᠵᠤ᠂ ᠬᠣᠭᠣᠯᠠᠨ ᠭᠡᠷ᠎ᠲᠤ ᠤᠳᠠᠭ᠋ᠠᠨ ᠦᠯᠡᠳᠡᠬᠦ ᠦᠭᠡᠢ᠃
06 . ᠪᠠᠶ᠋ᠢᠷᠢ ᠵᠢᠨ ᠭᠡᠷ᠎ᠲᠤ ᠰᠠᠯᠬᠢ ᠨᠡᠪᠲᠡᠷᠡᠭᠦᠯᠬᠦ᠎ᠠᠴᠠ ᠪᠠᠢ᠌ᠷᠢ᠎ᠪᠠᠷ ᠲᠣᠭᠣᠷᠢᠬᠤ ᠦᠭᠡᠢ ᠵᠠᠬᠢᠶᠠᠯᠠᠭ᠎ᠠ ᠵᠢᠨ ᠬᠣᠭᠣᠯᠠ ᠲᠦᠷᠭᠡᠨ ᠬᠦᠷᠭᠡᠯᠲᠡ ᠵᠢ ᠬᠦᠯᠢᠶᠡᠨ ᠠᠪᠬᠤ ᠦᠭᠡᠢ
ᠭᠠᠳᠠᠨ᠎ᠠ᠎ᠠᠴᠠ ᠢᠷᠡᠭᠰᠡᠳ ᠪᠠᠶ᠋ᠢᠷᠢ ᠵᠢᠨ ᠭᠡᠷ᠎ᠲᠤ ᠣᠷᠣᠬᠤ᠂ ᠪᠠᠶ᠋ᠢᠷᠢ ᠵᠢᠨ ᠲᠣᠭᠣᠷᠢᠭ᠎ᠲᠤ ᠴᠤᠭᠯᠠᠷᠠᠬᠤ᠂ ᠠᠢ᠌ᠯᠴᠢᠯᠠᠬᠤ ᠵᠢ ᠴᠢᠩᠭ᠎ᠠ ᠬᠣᠷᠢᠭᠯᠠᠬᠤ ᠬᠡᠷᠡᠭᠲᠡᠢ᠃ ᠪᠠᠶ᠋ᠢᠷᠢ ᠵᠢᠨ ᠭᠡᠷ᠎ᠲᠤ ᠰᠠᠯᠬᠢ ᠨᠡᠪᠲᠡᠷᠡᠭᠦᠯᠬᠦ᠂ ᠠᠷᠢᠭᠤᠨ ᠴᠡᠪᠡᠷ᠎ᠢ ᠪᠠᠲᠤᠯᠠᠬᠤ᠂ ᠬᠥᠨᠵᠢᠯᠡ ᠳᠡᠪᠢᠰᠬᠡᠷ ᠵᠢᠴᠢ ᠬᠤᠪᠴᠠᠰᠤ ᠬᠤᠨᠠᠷ ᠵᠶ᠋ᠠᠨ ᠲᠣᠭᠲᠠᠮᠠᠯ ᠬᠤᠭᠤᠴᠠᠭ᠎ᠠ᠎ᠲᠠᠢ ᠨᠠᠷᠠᠨ᠎ᠳᠤ ᠡᠭᠡᠭᠡᠵᠦ᠂ ᠤᠬᠢᠶᠠᠬᠤ ᠬᠡᠷᠡᠭᠲᠡᠶ᠃ ᠵᠠᠬᠢᠶᠠᠯᠠᠭ᠎ᠠ ᠵᠢᠨ ᠬᠣᠭᠣᠯᠠ ᠪᠠ ᠲᠦᠷᠭᠡᠨ ᠬᠦᠷᠭᠡᠯᠲᠡ ᠵᠢ ᠲᠦᠷ ᠭᠥᠯᠢᠶᠡᠨ ᠠᠪᠬᠤ ᠥᠬᠡᠶ ᠪᠠᠶ᠋ᠢᠵᠤ᠂ ᠬᠦᠴᠦ᠎ᠪᠠᠨ ᠬᠠᠮᠲᠤᠳᠬᠠᠨ ᠰᠤᠷᠭ᠋ᠠᠭᠤᠯᠢ ᠵᠢᠨ ᠬᠦᠷᠢᠶᠡᠨ᠎ᠤ ᠬᠢᠵᠢᠭ᠎ᠤᠨ ᠪᠠᠶ᠋ᠢᠳᠠᠯ᠎ᠤᠨ ᠲᠦᠭᠰᠢᠭᠦᠷᠢ ᠵᠢᠨ ᠰᠡᠷᠭᠡᠶ᠋ᠢᠯᠡᠯᠲᠡ ᠵᠢᠨ ᠱᠤᠭᠤᠮ᠎ᠢ ᠪᠠᠲᠤ ᠴᠣᠭᠴᠠᠯᠠᠨ᠎ᠠ᠃
07 . ᠡᠪᠡᠳᠴᠢᠨ᠎ᠢ ᠰᠡᠷᠭᠡᠶ᠋ᠢᠯᠡᠬᠦ ᠮᠡᠳᠡᠯᠭᠡ ᠳᠤᠲᠠᠭᠳᠠᠵᠤ ᠪᠣᠯᠤᠰᠢ ᠦᠭᠡᠢ ᠡᠭᠡᠯᠢᠯᠡᠬᠦ ᠬᠠᠯᠬᠠᠪᠴᠢ ᠸᠠᠺᠼᠢᠨ ᠪᠣᠢ
ᠠᠯᠪᠠᠨ᠎ᠤ ᠠᠷᠭ᠎ᠠ ᠵᠠᠮ ᠵᠶ᠋ᠠᠷ ᠬᠢᠵᠢᠭ᠎ᠤᠨ ᠪᠠᠶ᠋ᠢᠳᠠᠯ᠎ᠢ ᠣᠶ᠋ᠢᠯᠠᠭ᠋ᠠᠵᠤ᠂ ᠡᠷᠡᠭᠦᠯ ᠮᠡᠨᠳᠦ ᠵᠢᠨ ᠬᠥᠮᠦᠵᠢᠯ ᠬᠦᠷᠳᠡᠵᠤ᠂ ᠬᠠᠯᠳᠠᠪᠤᠷᠢᠲᠤ ᠡᠪᠡᠳᠴᠢᠨ᠎ᠢ ᠰᠡᠷᠭᠡᠶ᠋ᠢᠯᠡᠨ ᠡᠵᠡᠮᠳᠡᠬᠦ ᠤᠬᠠᠮᠰᠠᠷ ᠵᠶ᠋ᠠᠨ ᠴᠢᠩᠭ᠋ᠠᠳᠬᠠᠵᠤ᠂ ᠬᠠᠯᠳᠠᠪᠤᠷᠢᠲᠤ ᠡᠪᠡᠳᠴᠢᠨ᠎ᠢ ᠰᠡᠷᠭᠡᠶ᠋ᠢᠯᠡᠨ ᠡᠵᠡᠮᠳᠡᠬᠦ ᠮᠡᠳᠡᠯᠭᠡ ᠵᠢ ᠡᠵᠡᠮᠰᠢᠵᠦ᠂ ᠬᠠᠯᠳᠠᠪᠤᠷᠢᠲᠤ ᠡᠪᠡᠳᠴᠢᠨ᠎ᠢ ᠰᠡᠷᠭᠡᠶ᠋ᠢᠯᠡᠨ ᠡᠵᠡᠮᠳᠡᠬᠦ ᠴᠢᠳᠠᠪᠤᠷᠢ᠎ᠪᠠᠨ ᠳᠡᠭᠡᠭᠰᠢᠯᠡᠭᠦᠯᠵᠦ᠂ ᠥᠪᠡᠷ᠎ᠤᠨ ᠡᠷᠡᠭᠦᠯ ᠮᠡᠨᠳᠦ ᠵᠢᠨ ᠬᠡᠪ ᠪᠣᠯᠪᠠᠰᠤᠷᠠᠯ ᠵᠶ᠋ᠠᠨ ᠳᠡᠭᠡᠭᠰᠢᠯᠡᠭᠦᠯᠬᠦ ᠬᠡᠷᠡᠭᠲᠡᠢ᠃ ᠲᠠᠷᠢᠯᠭ᠎ᠠ ᠬᠢᠬᠦ ᠨᠥᠬᠥᠴᠡᠯ᠎ᠳᠤ ᠨᠡᠢ᠌ᠴᠡᠪᠡᠯ ᠰᠢᠨ᠎ᠡ ᠲᠢᠲᠢᠮᠯᠢᠭ ᠸᠢᠷᠦ᠋ᠰ᠎ᠤᠨ ᠸᠠᠺᠼᠢᠨ᠎ᠢ ᠰᠠᠨᠠᠭ᠋ᠠᠴᠢᠯᠠᠭ᠎ᠠ᠎ᠠᠴᠠ᠎ᠪᠠᠨ ᠲᠠᠷᠢᠬᠤ ᠬᠡᠷᠡᠭᠲᠡᠢ᠃
08 . ᠡᠳᠦᠷ ᠪᠦᠷᠢ ᠨᠢᠭᠡ ᠴᠠᠭ ᠪᠣᠯᠪᠠᠰᠤᠷᠠᠬᠤ ᠪᠣᠯ ᠡᠷᠡᠭᠦᠯ ᠴᠢᠭᠢᠷᠠᠭ ᠠᠮᠢᠳᠤᠷᠠᠯ᠎ᠤᠨ ᠰᠠᠶ᠋ᠢᠨ ᠠᠷᠭ᠎ᠠ ᠮᠠᠶᠢᠭ
ᠰᠢᠨᠵᠢᠯᠡᠬᠦ ᠤᠬᠠᠭ᠋ᠠᠨᠴᠢ᠎ᠪᠠᠷ ᠪᠣᠯᠪᠠᠰᠤᠷᠠᠬᠤ ᠵᠢ ᠪᠠᠷᠢᠮᠲᠠᠯᠠᠵᠤ᠂ ᠭᠦᠢ᠍ᠴᠡᠳ ᠤᠨᠲᠠᠬᠤ ᠵᠢ ᠪᠠᠲᠤᠯᠠᠵᠤ᠂ ᠪᠡᠶ᠎ᠡ ᠮᠠᠬᠠᠪᠣᠳ᠎ᠤᠨ ᠡᠭᠡᠯᠢᠯᠡᠬᠦ ᠴᠢᠳᠠᠪᠤᠷᠢ᠎ᠪᠠᠨ ᠨᠡᠮᠡᠭᠳᠡᠭᠦᠯᠬᠦ ᠬᠡᠷᠡᠭᠲᠡᠢ᠃ ᠵᠢᠮ᠎ᠡ ᠶᠣᠰᠣᠲᠠᠢ ᠠᠵᠢᠯᠯᠠᠵᠤ ᠠᠮᠠᠷᠠᠨ᠂ ᠰᠢᠮ᠎ᠡ ᠲᠡᠵᠢᠭᠡᠯ᠎ᠢ ᠲᠡᠩᠴᠡᠭᠦᠷᠢᠲᠡᠶ ᠪᠠᠢ᠌ᠯᠭ᠋ᠠᠵᠤ᠂ ᠡᠷᠡᠭᠦᠯ ᠰᠡᠳᠬᠢᠴᠡ᠎ᠲᠠᠢ ᠪᠠᠢ᠌ᠬᠤ ᠬᠡᠷᠡᠭᠲᠡᠶ᠃
09 . ᠪᠢᠲᠡᠭᠦᠮᠵᠢᠯᠡᠨ ᠡᠵᠡᠮᠳᠡᠬᠦ᠂ ᠬᠠᠮᠢᠶᠠᠷᠤᠨ ᠡᠵᠡᠮᠳᠡᠬᠦ᠂ ᠰᠡᠷᠭᠡᠢ᠌ᠯᠡᠬᠦ ᠣᠷᠣᠨ ᠳᠦᠷᠢᠮ ᠳᠣᠭᠲᠠᠭ᠋ᠠᠯ᠎ᠢ ᠴᠢᠩᠭ᠎ᠠ ᠰᠠᠬᠢᠵᠤ ᠪᠠᠴᠢᠮ ᠪᠠᠶ᠋ᠢᠳᠠᠯ᠎ᠢ ᠠᠷᠭ᠋ᠠᠴᠠᠬᠤ ᠬᠡᠷᠡᠭᠲᠡᠢ
ᠰᠤᠷᠭ᠋ᠠᠭᠤᠯᠢ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠪᠠᠴᠢᠮ ᠪᠠᠶ᠋ᠢᠳᠠᠯ᠎ᠢ ᠠᠷᠭ᠋ᠠᠴᠠᠬᠤ ᠪᠠᠶ᠋ᠢᠳᠠᠯ᠎ᠳᠤ ᠣᠷᠣᠪᠠᠯ᠂ ᠲᠤᠬᠠᠶ ᠵᠢᠨ ᠭᠠᠵᠠᠷ᠎ᠤᠨ ᠪᠢᠲᠡᠭᠦᠮᠵᠢᠯᠡᠨ ᠡᠵᠡᠮᠳᠡᠬᠦ᠂ ᠬᠠᠮᠢᠶᠠᠷᠤᠨ ᠡᠵᠡᠮᠳᠡᠬᠦ ᠪᠤᠶᠤ ᠰᠡᠷᠭᠡᠶ᠋ᠢᠯᠡᠨ ᠬᠠᠮᠢᠶᠠᠷᠬᠤ ᠡᠯ᠎ᠡ ᠵᠦᠢ᠍ᠯ᠎ᠤᠨ ᠲᠣᠭᠲᠠᠭ᠋ᠠᠯ᠎ᠢ ᠴᠢᠩᠭ᠎ᠠ ᠵᠢᠷᠤᠮᠯᠠᠬᠤ ᠬᠡᠷᠡᠭᠲᠡᠢ᠃ ᠱᠠᠭ᠋ᠠᠷᠳᠠᠯᠭ᠎ᠠ ᠶᠣᠰᠤ᠎ᠪᠠᠷ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠵᠢ ᠬᠠᠮᠵᠢᠯᠴᠠᠨ ᠨᠠᠶ᠋ᠢᠳᠠᠪᠤᠷᠢᠵᠢᠭᠤᠯᠵᠤ᠂ ᠠᠷᠢᠭᠤᠳᠬᠠᠬᠤ ᠵᠡᠷᠭᠡ ᠠᠵᠢᠯ᠎ᠢ ᠬᠠᠮᠵᠢᠯᠴᠠᠨ ᠰᠠᠶ᠋ᠢᠲᠤᠷ ᠬᠢᠬᠦ ᠬᠡᠷᠡᠭᠲᠡᠶ᠃
10 . ᠰᠦᠯᠵᠢᠶᠡᠨ᠎ᠤ ᠰᠤᠷᠤᠯᠴᠠᠯᠭ᠎ᠠ ᠵᠢᠨ ᠴᠢᠨᠠᠷ ᠴᠢᠨᠰᠠᠭ᠎ᠠ ᠪᠠ ᠰᠦᠯᠵᠢᠶᠡᠨ ᠭᠠᠳᠠᠨᠠᠬᠢ ᠰᠤᠷᠤᠯᠴᠠᠯᠭ᠎ᠠ ᠵᠢᠨ ᠠᠮᠤᠷ ᠲᠦᠪᠰᠢᠨ᠎ᠢ ᠪᠠᠲᠤᠯᠠᠬᠤ ᠬᠡᠷᠡᠭᠲᠡᠢ
ᠰᠤᠷᠭ᠋ᠠᠭᠤᠯᠢ ᠵᠢᠨ ᠱᠠᠭ᠋ᠠᠷᠳᠠᠯᠭ᠎ᠠ ᠶᠣᠰᠤ᠎ᠪᠠᠷ ᠰᠤᠷᠤᠯᠴᠠᠬᠤ ᠡᠭᠦᠷᠭᠡ᠎ᠪᠠᠨ ᠪᠡᠶᠡᠯᠡᠭᠦᠯᠵᠦ᠂ ᠰᠦᠯᠵᠢᠶᠡᠨ᠎ᠳᠠᠬᠢ ᠪᠠ ᠰᠦᠯᠵᠢᠶᠡᠨ ᠭᠠᠳᠠᠨᠠᠬᠢ ᠰᠤᠷᠤᠯᠴᠠᠯᠭ᠎ᠠ ᠵᠢ ᠤᠶᠠᠯᠳᠤᠭᠤᠯᠵᠤ᠂ ᠰᠤᠷᠤᠯᠭ᠎ᠠ ᠪᠠ ᠡᠷᠡᠭᠦᠯ ᠮᠡᠨᠳᠦ ᠵᠢᠨ ᠠᠯᠢ ᠵᠢ ᠴᠦ᠍ ᠰᠠᠭ᠋ᠠᠲᠠᠭ᠋ᠠᠬᠤ ᠥᠬᠡᠶ᠃ ᠬᠤᠪᠢᠰᠬᠠᠯᠲᠤ ᠰᠣᠩᠭᠣᠳᠠᠭ ᠵᠣᠬᠢᠶᠠᠯ᠂ ᠬᠢᠵᠢᠭ᠎ᠲᠠᠢ ᠲᠡᠮᠡᠴᠡᠭᠰᠡᠨ ᠲᠡᠷᠢᠭᠦᠨ᠎ᠤ ᠬᠥᠮᠦᠰ ᠪᠠ ᠨᠡᠶ᠋ᠢᠲᠡᠯᠢᠭ ᠦᠢ᠍ᠯᠡ ᠠᠵᠢᠯᠯᠠᠭ᠎ᠠ᠎ᠠᠴᠠ ᠰᠤᠷᠤᠯᠴᠠᠵᠤ᠂ ᠦᠵᠡᠯ ᠰᠠᠨᠠᠭ᠋ᠠᠨ᠎ᠤ ᠪᠠᠶ᠋ᠢᠳᠠᠯ ᠵᠶ᠋ᠠᠨ ᠳᠡᠭᠡᠭᠰᠢᠯᠡᠭᠦᠯᠦᠨ᠂ ᠬᠢᠵᠢᠭ᠎ᠲᠠᠢ ᠲᠡᠮᠡᠴᠡᠭᠰᠡᠨ ᠠᠭᠤᠤ ᠶᠡᠬᠡ ᠵᠣᠷᠢᠭ ᠰᠠᠨᠠᠭ᠎ᠠ ᠵᠢ ᠪᠠᠳᠠᠷᠠᠭᠤᠯᠵᠤ᠂ ᠬᠢᠵᠢᠭ᠎ᠢ ᠢᠯᠡᠨ ᠳᠠᠪᠠᠬᠤ ᠢᠲᠡᠭᠡᠯ ᠵᠣᠷᠢᠭ ᠵᠶ᠋ᠠᠨ ᠴᠢᠩᠭ᠋ᠠᠳᠬᠠᠬᠤ ᠬᠡᠷᠡᠭᠲᠡᠶ᠃