ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠤᠷᠭᠠᠨ ᠬᠦᠮᠦᠵᠢᠯ᠎ᠤᠨ ᠬᠠᠨᠲᠤᠯᠭ᠎ᠠ
ᠰᠣᠨᠤᠷ᠎ᠤᠨ ᠲᠠᠪᠴᠠᠩ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠦᠢᠯᠡᠴᠢᠯᠡᠭᠡ   -   ᠲᠠᠨ᠎ᠳᠤ ᠦᠢᠯᠡᠴᠢᠯᠡᠬᠦ᠌
2022 ᠣᠨ᠎ᠤ ᠳᠡᠭᠡᠳᠦ ᠵᠡᠷᠭᠡ ᠵᠢᠨ ᠠᠵᠢᠯ ᠮᠡᠷᠭᠡᠵᠢᠯ᠎ᠤᠨ ᠰᠤᠷᠭ᠋ᠠᠭᠤᠯᠢ ᠵᠢᠨ ᠲᠤᠰᠠᠭ᠋ᠠᠷ ᠰᠣᠷᠣᠭᠴᠢ ᠡᠯᠰᠡᠬᠦ ᠬᠣᠯᠪᠤᠭᠳᠠᠬᠤ ᠠᠵᠢᠯ᠎ᠤᠨ ᠲᠣᠬᠢᠷᠠᠭᠤᠯᠤᠯᠲᠠ
ᠨᠡᠶ᠋ᠢᠲᠡᠯᠡᠭᠰᠡᠨ ᠴᠠᠭ᠄ 2022-02-14


     《ᠳᠡᠭᠡᠳᠦ ᠵᠡᠷᠭᠡ ᠵᠢᠨ ᠠᠵᠢᠯ ᠮᠡᠷᠭᠡᠵᠢᠯ᠎ᠤᠨ ᠰᠤᠷᠭ᠋ᠠᠭᠤᠯᠢ ᠵᠢᠨ ᠲᠥᠷᠥᠯ ᠬᠤᠪᠢᠶᠠᠭᠰᠠᠨ ᠰᠢᠯᠭ᠋ᠠᠯᠲᠠ ᠵᠢᠨ ᠠᠵᠢᠯ᠎ᠢ ᠤᠯᠠᠮ ᠨᠢᠭᠡ ᠠᠯᠬᠤᠮ ᠲᠡᠭᠦᠯᠳᠡᠷᠵᠢᠭᠦᠯᠬᠦ ᠲᠤᠬᠠᠶ ᠰᠤᠷᠭ᠋ᠠᠨ ᠬᠥᠮᠦᠵᠢᠯ᠎ᠤᠨ ᠶᠠᠮᠤᠨ᠎ᠤ ᠠᠯᠪᠠᠨ ᠲᠢᠩᠬᠢᠮ᠎ᠤᠨ ᠮᠡᠳᠡᠭᠳᠡᠯ》 (ᠰᠤᠷᠭ᠋ᠠᠨ ᠡᠷᠳᠡᠮ᠎ᠤᠨ ᠴᠤᠯᠠ ᠲᠢᠩᠬᠢᠮ ᠪᠢᠴᠢᠭ [2021] 36 ᠳ᠋ᠤᠭ᠋ᠠᠷ ᠲᠣᠭ᠋ᠠᠲᠤ)᠎ᠤᠨ ᠵᠣᠷᠢᠭ ᠰᠠᠨᠠᠭ᠎ᠠ ᠪᠠ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ᠎ᠤᠨ ᠬᠣᠯᠪᠤᠭᠳᠠᠬᠤ ᠪᠢᠴᠢᠭ ᠮᠠᠲ᠋ᠧᠷᠢᠶᠠᠯ᠎ᠤᠨ ᠱᠠᠭ᠋ᠠᠷᠳᠠᠯᠭ᠎ᠠ ᠶᠣᠰᠤ᠎ᠪᠠᠷ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 2022 ᠣᠨ᠎ᠤ ᠳᠡᠭᠡᠳᠦ ᠵᠡᠷᠭᠡ ᠵᠢᠨ ᠠᠵᠢᠯ ᠮᠡᠷᠭᠡᠵᠢᠯ᠎ᠤᠨ ᠰᠤᠷᠭ᠋ᠠᠭᠤᠯᠢ ᠵᠢᠨ ᠲᠤᠰᠠᠭ᠋ᠠᠷ ᠰᠢᠯᠭ᠋ᠠᠯᠲᠠ᠎ᠪᠠᠷ ᠰᠣᠷᠣᠭᠴᠢ ᠡᠯᠰᠡᠬᠦ ᠬᠣᠯᠪᠤᠭᠳᠠᠬᠤ ᠠᠵᠢᠯ᠎ᠢ ᠳᠤᠤᠷᠠᠬᠢ ᠮᠡᠲᠦ ᠲᠣᠬᠢᠷᠠᠭᠤᠯᠪᠠ᠃
      ᠨᠢᠭᠡ᠂ ᠰᠦᠯᠵᠢᠶᠡᠨ᠎ᠳᠤ ᠡᠷᠡᠮᠡᠯᠵᠡᠯ ᠲᠠᠭᠯᠠᠬᠤ
      ᠰᠦᠯᠵᠢᠶᠡᠨ᠎ᠳᠤ ᠡᠷᠡᠮᠡᠯᠵᠡᠯ ᠲᠠᠭᠯᠠᠬᠤ ᠵᠢ 3 ᠰᠠᠷ᠎ᠠ ᠵᠢᠨ 4 — 8᠎ᠤ ᠡᠳᠦᠷ ᠵᠶ᠋ᠠᠷ ᠳᠣᠭᠲᠠᠭ᠋ᠠᠪᠠ᠃ ᠰᠢᠯᠭ᠋ᠠᠭᠤᠯᠤᠭᠰᠠᠳ ᠵᠥᠪᠬᠡᠨ 1 ᠳᠡᠭᠡᠳᠦ ᠰᠤᠷᠭ᠋ᠠᠭᠤᠯᠢ ᠪᠠ 3 ᠲᠤᠰᠬᠠᠶ ᠮᠡᠷᠭᠡᠵᠢᠯ᠎ᠢ ᠲᠠᠭᠯᠠᠬᠤ ᠵᠢᠨ ᠬᠠᠮᠲᠤ ᠡᠩ᠎ᠤᠨ ᠲᠤᠰᠬᠠᠶ ᠮᠡᠷᠭᠡᠵᠢᠯ ᠪᠠ ᠥᠨᠳᠥᠷ ᠰᠦᠢ᠍ᠳᠭᠡᠯ ᠬᠤᠷᠢᠶᠠᠬᠤ ᠲᠤᠰᠬᠠᠶ ᠮᠡᠷᠭᠡᠵᠢᠯ᠎ᠤᠨ ᠲᠣᠬᠢᠷᠠᠭᠤᠯᠤᠯᠲᠠ ᠵᠢ ᠳᠠᠭ᠋ᠠᠬᠤ ᠡᠰᠡᠬᠦ ᠵᠢ ᠰᠣᠩᠭᠣᠬᠤ ᠬᠡᠷᠡᠭᠲᠡᠶ᠃ ᠥᠨᠳᠥᠷ ᠰᠦᠢ᠍ᠳᠭᠡᠯ ᠬᠤᠷᠢᠶᠠᠬᠤ ᠲᠤᠰᠬᠠᠶ ᠮᠡᠷᠭᠡᠵᠢᠯ ᠪᠣᠯ ᠰᠤᠷᠤᠯᠭ᠎ᠠ ᠵᠢᠨ ᠰᠦᠢ᠍ᠳᠭᠡᠯ᠎ᠤᠨ ᠪᠠᠷᠢᠮᠵᠢᠶ᠎ᠠ ᠲᠦᠮᠡᠨ ᠲᠥᠭᠥᠷᠢᠭ᠎ᠠᠴᠠ ᠥᠨᠳᠥᠷ ᠲᠤᠰᠬᠠᠶ ᠮᠡᠷᠭᠡᠵᠢᠯ᠎ᠢ ᠵᠢᠭ᠋ᠠᠵᠤ ᠪᠠᠢ᠌ᠨ᠎ᠠ᠃
      ᠳᠡᠭᠡᠳᠦ ᠵᠡᠷᠭᠡ ᠵᠢᠨ ᠠᠵᠢᠯ ᠮᠡᠷᠭᠡᠵᠢᠯ᠎ᠤᠨ ᠰᠤᠷᠭ᠋ᠠᠭᠤᠯᠢ ᠵᠢᠨ ᠲᠤᠰᠠᠭ᠋ᠠᠷ ᠰᠣᠷᠣᠭᠴᠢ ᠡᠯᠰᠡᠬᠦ ᠲᠥᠯᠥᠪᠯᠡᠭᠡ ᠵᠢ ᠪᠡᠶᠡᠯᠡᠭᠦᠯᠦᠭᠰᠡᠨ ᠥᠬᠡᠶ ᠳᠡᠭᠡᠳᠦ ᠰᠤᠷᠭ᠋ᠠᠭᠤᠯᠢ ᠵᠢᠨ ᠬᠣᠶᠠᠳᠠᠬᠢ ᠤᠳᠠᠭ᠋ᠠᠨ᠎ᠤ ᠰᠦᠯᠵᠢᠶᠡᠨ᠎ᠳᠤ ᠡᠷᠡᠮᠡᠯᠵᠡᠯ ᠴᠤᠭᠯᠠᠭᠤᠯᠬᠤ ᠠᠵᠢᠯ᠎ᠢ 4 ᠰᠠᠷ᠎ᠠ ᠵᠢᠨ 7— 9᠎ᠤ ᠡᠳᠦᠷ   ᠵᠶ᠋ᠠᠷ ᠲᠣᠬᠢᠷᠠᠭᠤᠯᠪᠠ᠃
      ᠰᠦᠯᠵᠢᠶᠡᠨ᠎ᠳᠤ ᠡᠷᠡᠮᠡᠯᠵᠡᠯ ᠲᠠᠭᠯᠠᠬᠤ ᠠᠵᠢᠯ ᠳᠠᠭᠤᠰᠤᠭᠰᠠᠨ᠎ᠤ ᠳᠠᠷᠠᠭ᠎ᠠ᠂ ᠰᠣᠷᠣᠭᠴᠢ ᠡᠯᠰᠡᠬᠦ ᠳᠡᠭᠡᠳᠦ ᠰᠤᠷᠭ᠋ᠠᠭᠤᠯᠢ᠎ᠠᠴᠠ ᠲᠣᠰ ᠰᠤᠷᠭ᠋ᠠᠭᠤᠯᠢ᠎ᠳᠤ ᠰᠢᠯᠭ᠋ᠠᠭᠤᠯᠬᠤ ᠰᠢᠯᠭ᠋ᠠᠭᠤᠯᠤᠭᠰᠠᠳ᠎ᠤᠨ ᠮᠡᠳᠡᠭᠡ ᠵᠠᠩᠭᠢ ᠵᠢ ᠪᠠᠭᠤᠯᠭ᠋ᠠᠨ ᠠᠪᠤᠨ᠎ᠠ᠃ ᠰᠦᠯᠵᠢᠶᠡᠨ᠎ᠳᠤ ᠡᠷᠡᠮᠡᠯᠵᠡᠯ ᠲᠠᠭᠯᠠᠭᠰᠠᠨ ᠰᠢᠯᠭ᠋ᠠᠭᠤᠯᠤᠭᠰᠠᠳ ᠨᠡᠷ᠎ᠡ ᠮᠡᠳᠡᠭᠦᠯᠦᠭᠰᠡᠨ ᠳᠡᠭᠡᠳᠦ ᠰᠤᠷᠭ᠋ᠠᠭᠤᠯᠢ ᠵᠢᠨ ᠬᠣᠯᠪᠤᠭᠳᠠᠬᠤ ᠱᠠᠭ᠋ᠠᠷᠳᠠᠯᠭ᠎ᠠ ᠶᠣᠰᠤ᠎ᠪᠠᠷ 《ᠰᠢᠯᠭ᠋ᠠᠭᠤᠯᠬᠤ ᠲᠡᠮᠳᠡᠭ》᠎ᠢ ᠠᠪᠴᠤ ᠰᠢᠯᠭ᠋ᠠᠯᠲᠠ᠎ᠳᠤ ᠣᠷᠣᠯᠴᠠᠨ᠎ᠠ᠃
      ᠬᠣᠶᠠᠷ᠂ ᠰᠢᠯᠭ᠋ᠠᠯᠲᠠ
      ᠰᠣᠷᠣᠭᠴᠢ ᠡᠯᠰᠡᠬᠦ ᠳᠡᠭᠡᠳᠦ ᠰᠤᠷᠭ᠋ᠠᠭᠤᠯᠢ ᠵᠢᠨ ᠠᠩᠬᠠᠳᠤᠭ᠋ᠠᠷ ᠤᠳᠠᠭ᠋ᠠᠨ᠎ᠤ ᠳᠡᠭᠡᠳᠦ ᠵᠡᠷᠭᠡ ᠵᠢᠨ ᠠᠵᠢᠯ ᠮᠡᠷᠭᠡᠵᠢᠯ᠎ᠤᠨ ᠰᠤᠷᠭ᠋ᠠᠭᠤᠯᠢ ᠵᠢᠨ ᠲᠤᠰᠠᠭ᠋ᠠᠷ ᠰᠣᠷᠣᠭᠴᠢ ᠡᠯᠰᠡᠬᠦ ᠰᠢᠯᠭ᠋ᠠᠯᠲᠠ ᠵᠢᠨ ᠴᠠᠭ᠎ᠢ 3 ᠰᠠᠷ᠎ᠠ ᠵᠢᠨ 8᠎ᠤ ᠡᠳᠦᠷ᠎ᠠᠴᠠ ᠡᠷᠲᠡ ᠪᠠᠢ᠌ᠯᠭ᠋ᠠᠵᠤ ᠪᠣᠯᠬᠤ ᠥᠬᠡᠶ᠂ 3 ᠰᠠᠷ᠎ᠠ ᠵᠢᠨ 16᠎ᠤ ᠡᠳᠦᠷ᠎ᠠᠴᠠ ᠣᠷᠣᠶ ᠪᠠᠢ᠌ᠯᠭ᠋ᠠᠵᠤ ᠪᠣᠯᠬᠤ ᠥᠬᠡᠶ; ᠬᠣᠶᠠᠳᠠᠬᠢ ᠤᠳᠠᠭ᠋ᠠᠨ᠎ᠤ ᠡᠷᠡᠮᠡᠯᠵᠡᠯ ᠴᠤᠭᠯᠠᠭᠤᠯᠬᠤ ᠰᠢᠯᠭ᠋ᠠᠭᠤᠯᠤᠭᠰᠠᠳ᠎ᠤᠨ ᠰᠢᠯᠭ᠋ᠠᠯᠲᠠ ᠵᠢᠨ ᠴᠠᠭ᠎ᠢ 4 ᠰᠠᠷ᠎ᠠ ᠵᠢᠨ 12᠎ᠤᠨ ᠡᠳᠦᠷ᠎ᠠᠴᠠ ᠣᠷᠣᠶ ᠪᠠᠶ᠋ᠢᠯᠭ᠋ᠠᠵᠤ ᠪᠣᠯᠬᠤ ᠥᠬᠡᠶ᠃
      ᠰᠣᠷᠣᠭᠴᠢ ᠡᠯᠰᠡᠬᠦ ᠳᠡᠭᠡᠳᠦ ᠰᠤᠷᠭ᠋ᠠᠭᠤᠯᠢ᠎ᠨᠢ ᠲᠣᠰ ᠰᠤᠷᠭ᠋ᠠᠭᠤᠯᠢ ᠵᠢᠨ ᠵᠶ᠋ᠠᠨ ᠳᠡᠭᠡᠳᠦ ᠵᠡᠷᠭᠡ ᠵᠢᠨ ᠠᠵᠢᠯ ᠮᠡᠷᠭᠡᠵᠢᠯ᠎ᠤᠨ ᠰᠤᠷᠭ᠋ᠠᠭᠤᠯᠢ ᠵᠢᠨ ᠲᠤᠰᠠᠭ᠋ᠠᠷ ᠡᠯᠰᠡᠬᠦ ᠰᠢᠯᠭ᠋ᠠᠯᠲᠠ ᠵᠢᠨ ᠪᠥᠬᠥ ᠬᠢᠴᠢᠶᠡᠯ ᠲᠥᠷᠥᠯ (ᠲᠥᠰᠦᠯ)᠎ᠤᠨ ᠰᠢᠯᠭ᠋ᠠᠯᠲᠠ ᠳᠠᠭᠤᠰᠤᠭᠰᠠᠨ᠎ᠤ ᠳᠠᠷᠠᠭ᠋ᠠᠬᠢ 7 ᠡᠳᠦᠷ᠎ᠤᠨ ᠳᠣᠲᠣᠷ᠎ᠠ ᠰᠦᠯᠵᠢᠶᠡᠨ ᠲᠠᠪᠴᠠᠩ ᠵᠶ᠋ᠠᠷ ᠳᠠᠮᠵᠢᠭᠤᠯᠤᠨ ᠰᠢᠯᠭ᠋ᠠᠭᠤᠯᠤᠭᠰᠠᠳ᠎ᠤᠨ ᠬᠢᠷᠢ ᠪᠦᠲᠦᠮᠵᠢ ᠵᠢ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠰᠣᠷᠣᠭᠴᠢ ᠡᠯᠰᠡᠬᠦ ᠰᠢᠯᠭ᠋ᠠᠯᠲᠠ ᠵᠢᠨ ᠲᠥᠪ᠎ᠲᠤ ᠳᠠᠮᠵᠢᠭᠤᠯᠬᠤ ᠬᠡᠷᠡᠭᠲᠡᠶ᠃
     《ᠥᠪᠥᠷ ᠮᠣᠩᠭᠣᠯ᠎ᠤᠨ ᠰᠣᠷᠣᠭᠴᠢ ᠡᠯᠰᠡᠬᠦ ᠰᠢᠯᠭ᠋ᠠᠯᠲᠠ ᠵᠢᠨ ᠮᠡᠳᠡᠭᠡ ᠵᠠᠩᠭᠢ ᠵᠢᠨ ᠰᠦᠯᠵᠢᠶ᠎ᠡ》᠎ᠨᠢ ᠶᠡᠬᠡ ᠳᠡᠭᠡᠳᠦ ᠰᠤᠷᠭ᠋ᠠᠭᠤᠯᠢ᠂ ᠬᠢᠴᠢᠶᠡᠯ ᠲᠥᠷᠥᠯ᠂ ᠲᠤᠰᠬᠠᠶ ᠮᠡᠷᠭᠡᠵᠢᠯ ᠬᠤᠪᠢᠶᠠᠨ ᠰᠢᠯᠭ᠋ᠠᠭᠤᠯᠤᠭᠰᠠᠳ᠎ᠤᠨ ᠬᠢᠷᠢ ᠪᠦᠲᠦᠮᠵᠢ ᠵᠢ ᠵᠠᠷᠯᠠᠨ ᠨᠡᠢ᠌ᠲᠡᠯᠡᠨ᠎ᠡ᠃
      ᠭᠤᠷᠪᠠ᠂ ᠡᠯᠰᠡᠬᠦ
      ᠰᠣᠷᠣᠭᠴᠢ ᠡᠯᠰᠡᠬᠦ ᠳᠡᠭᠡᠳᠦ ᠰᠤᠷᠭ᠋ᠠᠭᠤᠯᠢ ᠨᠢᠭᠡᠨᠲᠡ ᠨᠡᠶ᠋ᠢᠲᠡᠯᠡᠭᠰᠡᠨ ᠰᠣᠷᠣᠭᠴᠢ ᠡᠯᠰᠡᠬᠦ ᠲᠦᠷᠢᠮ ᠶᠣᠰᠤ᠎ᠪᠠᠷ ᠰᠤᠷᠤᠭᠴᠢ ᠡᠯᠰᠡᠬᠦ ᠬᠡᠷᠡᠭᠲᠡᠶ᠂ ᠨᠥᠬᠥᠴᠡᠯ᠎ᠳᠤ ᠨᠡᠶ᠋ᠢᠴᠡᠬᠦ ᠥᠬᠡᠶ ᠰᠢᠯᠭ᠋ᠠᠭᠤᠯᠤᠭᠴᠢ ᠵᠢ ᠡᠯᠰᠡᠵᠦ ᠪᠣᠯᠬᠤ ᠥᠬᠡᠶ᠂ ᠡᠯᠰᠡᠬᠦ ᠭᠡᠵᠦ ᠪᠠᠶ᠋ᠢᠭ᠎ᠠ ᠰᠢᠯᠭ᠋ᠠᠭᠤᠯᠤᠭᠰᠠᠳ᠎ᠨᠢ ᠴᠥᠮ ᠬᠠᠷᠢᠴᠠᠩᠭᠤᠢ ᠰᠢᠯᠭ᠋ᠠᠯᠲᠠ ᠵᠢᠨ ᠬᠢᠴᠢᠶᠡᠯ ᠲᠥᠷᠥᠯ (ᠲᠥᠰᠦᠯ)᠎ᠤᠨ ᠰᠢᠯᠭ᠋ᠠᠯᠲᠠ ᠵᠢᠨ ᠬᠢᠷᠢ ᠪᠦᠲᠦᠮᠵᠢ ᠪᠠᠶ᠋ᠢᠬᠤ ᠬᠡᠷᠡᠭᠲᠡᠶ᠃ ᠰᠣᠷᠣᠭᠴᠢ ᠡᠯᠰᠡᠬᠦ ᠰᠤᠷᠭ᠋ᠠᠭᠤᠯᠢ᠎ᠨᠢ ᠲᠣᠰ ᠰᠤᠷᠭ᠋ᠠᠭᠤᠯᠢ ᠵᠢᠨ ᠵᠶ᠋ᠠᠨ ᠠᠯᠪᠠᠨ ᠰᠦᠯᠵᠢᠶ᠎ᠡ᠎ᠳᠤ ᠡᠯᠰᠡᠬᠦ ᠨᠡᠷᠡᠰ᠎ᠢ ᠵᠠᠷᠯᠠᠨ ᠨᠡᠶ᠋ᠢᠲᠡᠯᠡᠬᠦ ᠬᠡᠷᠡᠭᠲᠡᠶ᠂ ᠵᠠᠷᠯᠠᠨ ᠨᠡᠶ᠋ᠢᠲᠡᠯᠡᠬᠦ ᠬᠤᠭᠤᠴᠠᠭ᠎ᠠ ᠵᠢ 7 ᠡᠳᠦᠷ᠎ᠠᠴᠠ ᠳᠤᠲᠠᠭᠤ ᠪᠠᠶ᠋ᠢᠯᠭ᠋ᠠᠵᠤ ᠪᠣᠯᠬᠤ ᠥᠬᠡᠶ᠃
      ᠵᠠᠷᠯᠠᠨ ᠨᠡᠶ᠋ᠢᠲᠡᠯᠡᠬᠦ ᠬᠤᠭᠤᠴᠠᠭ᠎ᠠ ᠳᠠᠭᠤᠰᠤᠭᠰᠠᠨ᠎ᠤ ᠳᠠᠷᠠᠭ᠎ᠠ᠂ ᠰᠣᠷᠣᠭᠴᠢ ᠡᠯᠰᠡᠬᠦ ᠳᠡᠭᠡᠳᠦ ᠰᠤᠷᠭ᠋ᠠᠭᠤᠯᠢ᠎ᠨᠢ ᠠᠩᠬ᠎ᠠ ᠤᠳᠠᠭ᠎ᠠ ᠰᠦᠯᠵᠢᠶᠡᠨ᠎ᠳᠤ ᠡᠷᠡᠮᠡᠯᠵᠡᠯ ᠮᠡᠳᠡᠭᠦᠯᠬᠦ ᠪᠠ ᠬᠣᠶᠠᠳᠠᠬᠢ ᠤᠳᠠᠭ᠎ᠠ ᠡᠷᠡᠮᠡᠯᠵᠡᠯ ᠴᠤᠭᠯᠠᠭᠤᠯᠬᠤ᠎ᠳᠤ ᠣᠷᠣᠯᠴᠠᠬᠤ ᠰᠤᠷᠤᠭᠴᠢᠳ᠎ᠠᠴᠠ ᠡᠯᠰᠡᠬᠦ ᠨᠡᠷᠡᠰ᠎ᠢ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠰᠣᠷᠣᠭᠴᠢ ᠡᠯᠰᠡᠬᠦ ᠰᠢᠯᠭ᠋ᠠᠯᠲᠠ ᠵᠢᠨ ᠲᠥᠪ᠎ᠲᠤ ᠳᠠᠷᠤᠢ᠎ᠳᠤ᠎ᠨᠢ ᠳᠠᠮᠵᠢᠭᠤᠯᠬᠤ᠎ᠳᠤ᠎ᠪᠠᠨ 4 ᠰᠠᠷ᠎ᠠ ᠵᠢᠨ 1᠎ᠤ ᠡᠳᠦᠷ᠎ᠠᠴᠠ ᠡᠮᠦᠨ᠎ᠡ ᠪᠠ 4 ᠰᠠᠷ᠎ᠠ ᠵᠢᠨ 26᠎ᠤ ᠡᠳᠦᠷ᠎ᠠᠴᠠ ᠡᠮᠦᠨ᠎ᠡ ᠲᠣᠰ ᠲᠣᠰ ᠳᠠᠮᠵᠢᠭᠤᠯᠤᠨ᠎ᠠ᠃
     《ᠥᠪᠥᠷ ᠮᠣᠩᠭᠣᠯ᠎ᠤᠨ ᠰᠣᠷᠣᠭᠴᠢ ᠡᠯᠰᠡᠬᠦ ᠰᠢᠯᠭ᠋ᠠᠯᠲᠠ ᠵᠢᠨ ᠮᠡᠳᠡᠭᠡ ᠵᠠᠩᠭᠢ ᠵᠢᠨ ᠰᠦᠯᠵᠢᠶ᠎ᠡ》᠎ᠨᠢ ᠶᠡᠬᠡ ᠳᠡᠭᠡᠳᠦ ᠰᠤᠷᠭ᠋ᠠᠭᠤᠯᠢ᠂ ᠬᠢᠴᠢᠶᠡᠯ ᠲᠥᠷᠥᠯ᠂ ᠲᠤᠰᠬᠠᠶ ᠮᠡᠷᠭᠡᠵᠢᠯ ᠬᠤᠪᠢᠶᠠᠨ ᠰᠢᠯᠭ᠋ᠠᠭᠤᠯᠤᠭᠰᠠᠳ᠎ᠤᠨ ᠨᠡᠷᠡᠰ᠎ᠢ ᠵᠠᠷᠯᠠᠨ ᠨᠡᠶ᠋ᠢᠲᠡᠯᠡᠵᠦ᠂ ᠵᠠᠷᠯᠠᠨ ᠨᠡᠶ᠋ᠢᠲᠡᠯᠡᠭᠰᠡᠨ ᠮᠡᠳᠡᠭᠡ ᠵᠠᠩᠭᠢ᠎ᠳᠤ ᠰᠢᠯᠭ᠋ᠠᠭᠤᠯᠤᠭᠴᠢ ᠵᠢᠨ ᠣᠪᠣᠭ ᠨᠡᠷ᠎ᠡ᠂ ᠰᠢᠯᠭ᠋ᠠᠭᠤᠯᠤᠭᠴᠢ ᠵᠢᠨ ᠳ᠋ᠤᠭ᠋ᠠᠷ᠂ ᠰᠢᠯᠭ᠋ᠠᠯᠲᠠ ᠵᠢᠨ ᠬᠢᠷᠢ ᠪᠦᠲᠦᠮᠵᠢ ᠪᠠ ᠡᠯᠰᠡᠬᠦ ᠲᠤᠰᠬᠠᠶ ᠮᠡᠷᠭᠡᠵᠢᠯ ᠵᠡᠷᠭᠡ ᠪᠠᠭᠲᠠᠨ᠎ᠠ᠃
      ᠳᠡᠭᠡᠳᠦ ᠵᠡᠷᠭᠡ ᠵᠢᠨ ᠠᠵᠢᠯ ᠮᠡᠷᠭᠡᠵᠢᠯ᠎ᠤᠨ ᠰᠤᠷᠭ᠋ᠠᠭᠤᠯᠢ᠎ᠳᠤ ᠲᠤᠰᠠᠭ᠋ᠠᠷ ᠡᠯᠰᠡᠭᠳᠡᠭᠰᠡᠨ ᠰᠢᠯᠭ᠋ᠠᠭᠤᠯᠤᠭᠰᠠᠳ 2022 ᠣᠨ᠎ᠤ ᠡᠩ᠎ᠤᠨ ᠳᠡᠭᠡᠳᠦ ᠰᠤᠷᠭ᠋ᠠᠭᠤᠯᠢ ᠵᠢᠨ ᠰᠣᠷᠣᠭᠴᠢ ᠡᠯᠰᠡᠬᠦ ᠪᠥᠬᠥ ᠤᠯᠤᠰ᠎ᠤᠨ ᠨᠢᠭᠡᠳᠦᠯᠲᠡᠶ ᠰᠢᠯᠭ᠋ᠠᠯᠲᠠ᠎ᠳᠤ ᠣᠷᠣᠯᠴᠠᠬᠤ ᠥᠬᠡᠶ᠃


ᠢᠷᠡᠯᠲᠡ᠄ ᠥᠪᠥᠷ ᠮᠣᠩᠭᠤᠯ᠎ᠤᠨ ᠦᠪᠡᠷᠲᠡᠭᠡᠨ ᠵᠠᠰᠠᠬᠤ ᠣᠷᠣᠨ᠎ᠤ ᠰᠣᠷᠭ᠋ᠠᠨ ᠬᠦᠮᠦᠵᠢᠯ᠎ᠤᠨ ᠲᠢᠩᠬᠡᠮ
          
ᠬᠠᠮᠢᠶ᠎ᠡ ᠪᠦᠬᠦᠢ ᠰᠣᠨᠢᠨ
ᠰᠤᠷᠭ᠋ᠠᠨ ᠬᠥᠮᠦᠵᠢᠯ᠎ᠤᠨ ᠲᠢᠩᠬᠢᠮ ᠮᠡᠳᠡᠭᠳᠡᠯ ᠳᠠᠷᠤᠮᠠᠯᠯᠠᠨ ᠲᠠᠷᠬᠠᠭ᠋ᠠᠵᠤ ᠡᠯ᠎ᠡ ᠱᠠᠲᠤᠨ᠎ᠤ ᠡᠯ᠎ᠡ ᠲᠥᠷᠥᠯ᠎ᠤᠨ ᠰᠤᠷᠭ᠋ᠠᠭᠤᠯᠢ ᠵᠢᠨ ᠬᠠᠪᠤᠷ᠎ᠤᠨ ᠤᠯᠠᠷᠢᠯ᠎ᠤᠨ ᠰᠤᠷᠤᠯᠭ᠎ᠠ ᠵᠢᠨ ᠬᠤᠭᠤᠴᠠᠭ᠎ᠠ ᠡᠬᠢᠯᠡᠬᠦ ᠬᠤᠭᠤᠴᠠᠭ᠋ᠠᠨ᠎ᠳᠠᠬᠢ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠠᠵᠢᠯ᠎ᠢ ᠵᠢᠭ᠋ᠠᠨ ᠵᠢᠯᠣᠭᠣᠳᠪᠠ
ᠰᠠᠨᠠᠭᠤᠯᠤᠮᠵᠢ! ᠥᠪᠥᠷ ᠮᠣᠩᠭᠣᠯ᠎ᠤᠨ ᠡᠯ᠎ᠡ ᠠᠶ᠋ᠢᠮᠠᠭ ᠬᠣᠲᠠ ᠵᠢᠨ ᠳᠤᠮᠳᠠᠳᠤ ᠪᠠᠭ᠎ᠠ ᠰᠤᠷᠭ᠋ᠠᠭᠤᠯᠢ ᠵᠢᠨ ᠰᠤᠷᠭ᠋ᠠᠭᠤᠯᠢ ᠡᠬᠢᠯᠡᠬᠦ ᠴᠠᠭ ᠵᠢᠴᠢ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠱᠠᠭ᠋ᠠᠷᠳᠠᠯᠭ᠎ᠠ
ᠭᠡᠷ᠎ᠤᠨ ᠠᠬᠠᠮᠠᠳ ᠪᠠ ᠬᠡᠦᠬᠡᠳ᠎ᠤᠨ ᠣᠩᠰᠢᠭᠤᠰᠢᠲᠠᠢ 《ᠰᠤᠷᠭ᠋ᠠᠭᠤᠯᠢ ᠡᠬᠢᠯᠡᠬᠦ ᠠᠷᠭ᠎ᠠ ᠪᠣᠳᠣᠯᠭ᠎ᠠ》
2022 ᠣᠨ᠎ᠤ ᠰᠠᠭᠤᠷᠢ ᠵᠢ ᠪᠡᠬᠢᠵᠢᠭᠦᠯᠬᠦ ᠲᠥᠯᠦᠪᠯᠡᠭᠡᠨ᠎ᠤ ᠰᠣᠷᠣᠭᠴᠢ ᠡᠯᠰᠡᠬᠦ ᠠᠵᠢᠯ ᠡᠬᠢᠯᠡᠪᠡ
ᠠᠮᠤᠷ ᠲᠦᠪᠰᠢᠨ᠎ᠤ ᠬᠥᠮᠦᠵᠢᠯ᠎ᠤᠨ ᠡᠳᠦᠷ! ᠬᠡᠦᠬᠡᠳ᠎ᠤᠨ ᠡᠨᠳᠡᠯ ᠭᠤᠤᠯᠳᠠᠭᠤ 10 ᠲᠠᠯ᠎ᠠ᠎ᠳᠤ ᠲᠥᠪᠯᠡᠷᠡᠵᠦ ᠪᠣᠢ᠂ ᠪᠠᠭᠰᠢ ᠪᠣᠯᠤᠨ ᠭᠡᠷ᠎ᠤᠨ ᠠᠬᠠᠮᠠᠳ ᠰᠡᠷᠡᠮᠵᠢᠯᠡᠭᠡᠷᠡᠢ!
 
             蒙ICP备05000248号