ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠤᠷᠭᠠᠨ ᠬᠦᠮᠦᠵᠢᠯ᠎ᠤᠨ ᠬᠠᠨᠲᠤᠯᠭ᠎ᠠ
ᠰᠣᠨᠤᠷ᠎ᠤᠨ ᠲᠠᠪᠴᠠᠩ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠦᠢᠯᠡᠴᠢᠯᠡᠭᠡ   -   ᠲᠠᠨ᠎ᠳᠤ ᠦᠢᠯᠡᠴᠢᠯᠡᠬᠦ᠌
ᠰᠤᠷᠭ᠋ᠠᠨ ᠬᠥᠮᠦᠵᠢᠯ᠎ᠤᠨ ᠲᠢᠩᠬᠢᠮ ᠮᠡᠳᠡᠭᠳᠡᠯ ᠳᠠᠷᠤᠮᠠᠯᠯᠠᠨ ᠲᠠᠷᠬᠠᠭ᠋ᠠᠵᠤ ᠡᠯ᠎ᠡ ᠱᠠᠲᠤᠨ᠎ᠤ ᠡᠯ᠎ᠡ ᠲᠥᠷᠥᠯ᠎ᠤᠨ ᠰᠤᠷᠭ᠋ᠠᠭᠤᠯᠢ ᠵᠢᠨ ᠬᠠᠪᠤᠷ᠎ᠤᠨ ᠤᠯᠠᠷᠢᠯ᠎ᠤᠨ ᠰᠤᠷᠤᠯᠭ᠎ᠠ ᠵᠢᠨ ᠬᠤᠭᠤᠴᠠᠭ᠎ᠠ ᠡᠬᠢᠯᠡᠬᠦ ᠬᠤᠭᠤᠴᠠᠭ᠋ᠠᠨ᠎ᠳᠠᠬᠢ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠠᠵᠢᠯ᠎ᠢ ᠵᠢᠭ᠋ᠠᠨ ᠵᠢᠯᠣᠭᠣᠳᠪᠠ
ᠨᠡᠶ᠋ᠢᠲᠡᠯᠡᠭᠰᠡᠨ ᠴᠠᠭ᠄ 2022-02-16


     2022 ᠣᠨ᠎ᠤ ᠬᠠᠪᠤᠷ᠎ᠤᠨ ᠤᠯᠠᠷᠢᠯ᠎ᠤᠨ ᠰᠤᠷᠤᠯᠭ᠎ᠠ ᠵᠢᠨ ᠬᠤᠭᠤᠴᠠᠭ᠎ᠠ ᠡᠬᠢᠯᠡᠬᠦ ᠭᠡᠵᠦ ᠪᠠᠶ᠋ᠢᠭ᠎ᠠ ᠦᠶ᠎ᠡ᠎ᠳᠤ᠂ ᠬᠠᠪᠤᠷ᠎ᠤᠨ ᠤᠯᠠᠷᠢᠯ᠎ᠤᠨ ᠰᠤᠷᠤᠯᠭ᠎ᠠ ᠵᠢᠨ ᠬᠤᠭᠤᠴᠠᠭ᠎ᠠ ᠡᠬᠢᠯᠡᠬᠦ᠎ᠠᠴᠠ ᠡᠮᠦᠨ᠎ᠡ ᠬᠣᠶ᠋ᠢᠨᠠᠬᠢ ᠰᠤᠷᠭ᠋ᠠᠨ ᠬᠥᠮᠦᠵᠢᠯ᠎ᠤᠨ ᠰᠢᠰᠲ᠋ᠧᠮ᠎ᠤᠨ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠠᠵᠢᠯ᠎ᠢ ᠯᠠᠪᠳᠠᠭᠤᠨ ᠪᠠᠲᠤᠲᠠᠶ ᠰᠠᠶ᠋ᠢᠲᠤᠷ ᠬᠢᠵᠦ᠂ ᠡᠯ᠎ᠡ ᠱᠠᠲᠤᠨ᠎ᠤ ᠡᠯ᠎ᠡ ᠲᠥᠷᠥᠯ᠎ᠤᠨ ᠰᠤᠷᠭ᠋ᠠᠭᠤᠯᠢ ᠵᠢᠨ ᠪᠠᠭᠰᠢ ᠰᠣᠷᠣᠭᠴᠢ ᠠᠵᠢᠯᠲᠠᠨ᠎ᠤ ᠠᠮᠤᠷ ᠲᠦᠪᠰᠢᠨ ᠤᠷᠤᠭᠰᠢᠲᠠᠶ ᠰᠤᠷᠭ᠋ᠠᠭᠤᠯᠢ᠎ᠳᠤ᠎ᠪᠠᠨ ᠪᠤᠴᠠᠬᠤ ᠵᠢ ᠵᠢᠯᠣᠭᠣᠳᠴᠤ᠂ ᠰᠤᠷᠭ᠋ᠠᠭᠤᠯᠢ ᠵᠢᠨ ᠬᠦᠷᠢᠶᠡᠨ᠎ᠤ ᠬᠡᠪ᠎ᠤᠨ ᠡᠮᠬᠢ ᠵᠢᠷᠤᠮ ᠪᠠ ᠠᠮᠤᠷ ᠲᠣᠭᠲᠠᠭᠤᠨ ᠪᠠᠶ᠋ᠢᠳᠠᠯ᠎ᠢ ᠬᠠᠮᠠᠭ᠋ᠠᠯᠠᠬᠤ ᠵᠢᠨ ᠲᠥᠯᠥᠭᠡ᠂ ᠰᠤᠷᠭ᠋ᠠᠨ ᠬᠥᠮᠦᠵᠢᠯ᠎ᠤᠨ ᠲᠢᠩᠬᠢᠮ 《2022 ᠣᠨ᠎ᠤ ᠬᠠᠪᠤᠷ᠎ᠤᠨ ᠤᠯᠠᠷᠢᠯ᠎ᠤᠨ ᠰᠤᠷᠤᠯᠭ᠎ᠠ ᠵᠢᠨ ᠬᠤᠭᠤᠴᠠᠭ᠎ᠠ ᠡᠬᠢᠯᠡᠬᠦ᠎ᠠᠴᠠ ᠡᠮᠦᠨᠡᠬᠢ ᠪᠠ ᠬᠣᠶ᠋ᠢᠨᠠᠬᠢ ᠰᠤᠷᠭ᠋ᠠᠭᠤᠯᠢ ᠵᠢᠨ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠠᠵᠢᠯ᠎ᠢ ᠰᠠᠶ᠋ᠢᠲᠤᠷ ᠬᠢᠬᠦ ᠲᠤᠬᠠᠶ ᠮᠡᠳᠡᠭᠳᠡᠯ》᠎ᠢ ᠳᠠᠷᠤᠮᠠᠯᠯᠠᠨ ᠲᠠᠷᠬᠠᠭ᠋ᠠᠵᠤ᠂ ᠡᠯ᠎ᠡ ᠭᠠᠵᠠᠷ᠎ᠤᠨ ᠡᠯ᠎ᠡ ᠰᠤᠷᠭ᠋ᠠᠭᠤᠯᠢ ᠵᠢᠨ᠎ᠬᠢᠨ ᠰᠤᠷᠭ᠋ᠠᠭᠤᠯᠢ ᠡᠬᠢᠯᠡᠬᠦ᠎ᠠᠴᠠ ᠡᠮᠦᠨᠡᠬᠢ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠡᠯ᠎ᠡ ᠵᠦᠢ᠍ᠯ᠎ᠤᠨ ᠪᠡᠯᠡᠳᠬᠡᠯ ᠠᠵᠢᠯ᠂ ᠰᠤᠷᠭ᠋ᠠᠭᠤᠯᠢ᠎ᠳᠤ᠎ᠪᠠᠨ ᠪᠤᠴᠠᠭᠰᠠᠨ ᠪᠠᠭᠰᠢ ᠰᠣᠷᠣᠭᠴᠢ ᠵᠢᠨ ᠨᠠᠷᠢᠯᠢᠭ ᠣᠨᠣᠴᠠᠲᠠᠢ ᠬᠠᠮᠢᠶᠠᠷᠤᠯᠲᠠ ᠵᠢᠴᠢ ᠰᠤᠷᠭ᠋ᠠᠭᠤᠯᠢ ᠡᠬᠢᠯᠡᠭᠰᠡᠨ᠎ᠤ ᠳᠠᠷᠠᠭ᠋ᠠᠬᠢ ᠰᠤᠷᠭ᠋ᠠᠭᠤᠯᠢ ᠵᠢᠨ ᠬᠠᠮᠢᠶᠠᠷᠤᠯᠲᠠ᠎ᠳᠤ ᠱᠠᠭ᠋ᠠᠷᠳᠠᠯᠭ᠎ᠠ ᠳᠤᠷᠠᠳᠴᠤ᠂ ᠡᠯ᠎ᠡ ᠱᠠᠲᠤᠨ᠎ᠤ ᠡᠯ᠎ᠡ ᠲᠥᠷᠥᠯ᠎ᠤᠨ ᠰᠤᠷᠭ᠋ᠠᠭᠤᠯᠢ ᠵᠢᠨ ᠪᠠᠭᠰᠢ ᠰᠣᠷᠣᠭᠴᠢ ᠠᠵᠢᠯᠲᠠᠨ᠎ᠤ ᠠᠮᠤᠷ ᠲᠦᠪᠰᠢᠨ ᠤᠷᠤᠭᠰᠢᠲᠠᠶ ᠰᠤᠷᠭ᠋ᠠᠭᠤᠯᠢ᠎ᠳᠤ᠎ᠪᠠᠨ ᠪᠤᠴᠠᠬᠤ ᠵᠢ ᠵᠢᠯᠣᠭᠣᠳᠪᠠ᠃
      ᠮᠡᠳᠡᠭᠳᠡᠯ᠎ᠳᠤ᠂ ᠡᠯ᠎ᠡ ᠭᠠᠵᠠᠷ᠎ᠤᠨ ᠡᠯ᠎ᠡ ᠰᠤᠷᠭ᠋ᠠᠭᠤᠯᠢ 《ᠭᠠᠳᠠᠨ᠎ᠠ᠎ᠠᠴᠠ ᠬᠠᠯᠳᠠᠪᠤᠷᠢᠯᠠᠬᠤ ᠵᠢ ᠰᠡᠷᠭᠡᠶ᠋ᠢᠯᠡᠬᠦ᠂ ᠳᠣᠲᠣᠭ᠋ᠠᠳᠤ᠎ᠳᠤ᠎ᠪᠠᠨ ᠳᠠᠬᠢᠨ ᠡᠭᠦᠰᠬᠦ ᠵᠢ ᠰᠡᠷᠭᠡᠶ᠋ᠢᠯᠡᠬᠦ》 ᠶᠡᠷᠦᠩᠬᠡᠶ ᠠᠷᠭ᠎ᠠ ᠪᠣᠳᠣᠯᠭ᠎ᠠ᠂ 《ᠬᠢᠵᠢᠭ᠎ᠤᠨ ᠪᠠᠢ᠌ᠳᠠᠯ᠎ᠢ ᠠᠷᠢᠯᠭ᠋ᠠᠬᠤ》 ᠶᠡᠷᠦᠩᠬᠡᠶ ᠴᠢᠭᠯᠡᠯᠲᠡ ᠵᠢ ᠪᠠᠷᠢᠮᠲᠠᠯᠠᠵᠤ᠂ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠠᠵᠢᠯ᠎ᠤᠨ ᠪᠡᠷᠬᠡ ᠬᠠᠲᠠᠭᠤᠵᠢᠯᠲᠤ ᠴᠢᠨᠠᠷ ᠪᠠ ᠣᠷᠳᠣ ᠬᠤᠭᠤᠴᠠᠭ᠋ᠠᠲᠤ ᠴᠢᠨᠠᠷ᠎ᠢ ᠭᠦᠨᠵᠡᠭᠡᠶ ᠲᠠᠨᠢᠵᠤ᠂ ᠰᠡᠷᠭᠡᠶ᠋ᠢᠯᠡᠨ ᠡᠵᠡᠮᠳᠡᠬᠦ ᠤᠬᠠᠮᠰᠠᠷ ᠵᠶ᠋ᠠᠨ ᠦᠨᠡᠨ ᠬᠦ᠌ ᠴᠢᠩᠭ᠋ᠠᠳᠬᠠᠵᠤ᠂ ᠬᠠᠷᠢᠶ᠎ᠠ ᠭᠠᠵᠠᠷ᠎ᠤᠨ ᠬᠠᠮᠢᠶᠠᠷᠤᠯᠲᠠ ᠵᠢᠨ ᠬᠠᠷᠢᠭᠤᠴᠠᠯᠭ᠎ᠠ᠂ ᠰᠠᠯᠠᠭ᠎ᠠ ᠮᠥᠴᠢᠷ᠎ᠤᠨ ᠭᠤᠤᠯᠯᠠᠨ ᠬᠠᠮᠢᠶᠠᠷᠬᠤ ᠬᠠᠷᠢᠭᠤᠴᠠᠯᠭ᠎ᠠ᠂ ᠰᠤᠷᠭ᠋ᠠᠭᠤᠯᠢ ᠵᠢᠨ ᠭᠤᠤᠯ ᠴᠣᠭᠴᠠ ᠵᠢᠨ ᠬᠠᠷᠢᠭᠤᠴᠠᠯᠭ᠎ᠠ᠂ ᠬᠤᠪᠢ ᠬᠥᠮᠦᠨ ᠪᠠ ᠬᠡᠷ ᠪᠦᠯᠢ ᠵᠢᠨ ᠥᠪᠡᠷ᠎ᠢ᠎ᠪᠠᠨ ᠬᠠᠮᠢᠶᠠᠷᠬᠤ ᠬᠠᠷᠢᠭᠤᠴᠠᠯᠭ᠎ᠠ ᠵᠢ ᠴᠢᠩᠭ᠎ᠠ ᠨᠠᠶ᠋ᠢᠳᠠᠪᠤᠷᠢᠵᠢᠭᠤᠯᠵᠤ᠂ ᠲᠠᠶ᠋ᠢᠪᠤᠰᠢᠷᠠᠬᠤ ᠦᠵᠡᠯ᠂ ᠰᠤᠯᠠᠷᠠᠬᠤ ᠰᠡᠳᠬᠢᠯᠭᠡ ᠵᠢ ᠡᠷᠡᠰ ᠲᠡᠪᠴᠢᠬᠦ ᠬᠡᠷᠡᠭᠲᠡᠶ ᠭᠡᠵᠦ ᠵᠢᠭ᠋ᠠᠵᠤ ᠭᠠᠷᠭ᠋ᠠᠪᠠ᠃
      ᠮᠡᠳᠡᠭᠳᠡᠯ᠎ᠳᠤ᠂ ᠡᠯ᠎ᠡ ᠭᠠᠵᠠᠷ᠎ᠤᠨ ᠡᠯ᠎ᠡ ᠰᠤᠷᠭ᠋ᠠᠭᠤᠯᠢ ᠬᠠᠷᠢᠶ᠎ᠠ ᠣᠷᠣᠨ᠎ᠤ᠎ᠪᠠᠨ ᠰᠡᠷᠭᠡᠶ᠋ᠢᠯᠡᠨ ᠡᠵᠡᠮᠳᠡᠬᠦ ᠱᠠᠭ᠋ᠠᠷᠳᠠᠯᠭ᠎ᠠ᠂ ᠰᠡᠷᠭᠡᠶ᠋ᠢᠯᠡᠨ ᠡᠵᠡᠮᠳᠡᠬᠦ ᠲᠥᠰᠦᠯ᠂ ᠪᠠᠴᠢᠮ ᠪᠠᠶ᠋ᠢᠳᠠᠯ᠎ᠢ ᠠᠷᠭ᠋ᠠᠴᠠᠬᠤ ᠪᠡᠯᠡᠳᠬᠡᠯ ᠲᠥᠰᠦᠯ᠎ᠢ ᠤᠷᠢᠳᠴᠢᠯᠠᠨ ᠣᠢ᠌ᠯᠠᠭ᠋ᠠᠨ ᠡᠵᠡᠮᠰᠢᠵᠦ᠂ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠪᠠᠶ᠋ᠢᠳᠠᠯ ᠪᠣᠯᠤᠨ ᠪᠠᠭᠰᠢ ᠰᠤᠷᠤᠭᠴᠢᠳ᠎ᠤᠨ ᠢᠷᠡᠯᠲᠡ ᠵᠢᠨ ᠣᠨᠴᠠᠯᠢᠭ᠎ᠢ ᠦᠨᠳᠦᠰᠦᠯᠡᠵᠦ᠂ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠵᠢ ᠪᠠᠶ᠋ᠢᠩᠭᠤᠵᠢᠭᠤᠯᠬᠤ ᠲᠥᠰᠦᠯ ᠵᠢᠴᠢ ᠪᠠᠴᠢᠮ ᠪᠠᠶ᠋ᠢᠳᠠᠯ᠎ᠢ ᠠᠷᠭ᠋ᠠᠴᠠᠬᠤ ᠪᠡᠯᠡᠳᠬᠡᠯ ᠲᠥᠰᠦᠯ᠎ᠳᠤ ᠵᠠᠰᠠᠪᠤᠷᠢ ᠣᠷᠣᠭᠤᠯᠤᠨ ᠲᠡᠭᠦᠯᠳᠡᠷᠵᠢᠭᠦᠯᠵᠦ᠂ ᠡᠯ᠎ᠡ ᠵᠦᠢ᠍ᠯ᠎ᠤᠨ ᠰᠡᠷᠭᠡᠶ᠋ᠢᠯᠡᠨ ᠡᠵᠡᠮᠳᠡᠬᠦ ᠠᠷᠭ᠎ᠠ ᠬᠡᠮᠵᠢᠶ᠎ᠡ ᠵᠢ ᠨᠠᠷᠢᠯᠢᠭᠵᠢᠭᠤᠯᠵᠤ᠂ ᠡᠭᠦᠷᠭᠡ ᠵᠢ ᠲᠣᠳᠣᠷᠬᠠᠶ᠋ᠢᠯᠠᠵᠤ᠂ ᠬᠠᠷᠢᠭᠤᠴᠠᠯᠭ᠎ᠠ ᠵᠢ ᠬᠤᠪᠢ ᠬᠥᠮᠦᠨ᠎ᠳᠤ ᠬᠦᠷᠲᠡᠯ᠎ᠡ ᠨᠠᠶ᠋ᠢᠳᠠᠪᠤᠷᠢᠵᠢᠭᠤᠯᠬᠤ ᠬᠡᠷᠡᠭᠲᠡᠶ ᠭᠡᠵᠦ ᠱᠠᠭ᠋ᠠᠷᠳᠠᠪᠠ᠃
      ᠮᠡᠳᠡᠭᠳᠡᠯ᠎ᠳᠤ᠂ ᠰᠤᠷᠭ᠋ᠠᠭᠤᠯᠢ ᠡᠬᠢᠯᠡᠬᠦ᠎ᠠᠴᠠ ᠡᠮᠦᠨ᠎ᠡ ᠰᠤᠷᠭ᠋ᠠᠭᠤᠯᠢ᠎ᠨᠤᠭᠤᠳ ᠪᠥᠬᠥ ᠤᠯᠤᠰ᠎ᠤᠨ ᠳᠤᠮᠳᠠ ᠥᠨᠳᠥᠷ ᠲᠦᠭᠰᠢᠭᠦᠷᠢᠲᠦ ᠭᠠᠵᠠᠷ ᠣᠷᠣᠨ᠎ᠤ ᠬᠢᠵᠢᠭ᠎ᠤᠨ ᠪᠠᠶ᠋ᠢᠳᠠᠯ᠎ᠤᠨ ᠬᠤᠪᠢᠷᠠᠯᠲᠠ᠎ᠳᠤ ᠲᠣᠬᠢᠷᠠᠭᠤᠯᠤᠯᠲᠠ ᠬᠢᠭᠰᠡᠨ ᠪᠠᠶ᠋ᠢᠳᠠᠯ᠎ᠢ ᠨᠢᠭᠲᠠ ᠠᠩᠬᠠᠷᠴᠤ᠂ ᠬᠣᠯᠪᠤᠭᠳᠠᠬᠤ ᠰᠡᠷᠭᠡᠶ᠋ᠢᠯᠡᠨ ᠡᠵᠡᠮᠳᠡᠬᠦ ᠲᠥᠷᠥ ᠵᠢᠨ ᠪᠣᠳᠣᠯᠭ᠎ᠠ ᠠᠷᠭ᠎ᠠ ᠬᠡᠮᠵᠢᠶ᠎ᠡ ᠵᠢ ᠬᠠᠤᠯᠢ ᠶᠣᠰᠤ᠎ᠪᠠᠷ᠂ ᠰᠢᠨᠵᠢᠯᠡᠬᠦ ᠤᠬᠠᠭ᠋ᠠᠨᠴᠢ᠎ᠪᠠᠷ᠂ ᠨᠠᠷᠢᠯᠢᠭ ᠣᠨᠣᠴᠠᠲᠠᠶ ᠨᠠᠶ᠋ᠢᠳᠠᠪᠤᠷᠢᠵᠢᠭᠤᠯᠬᠤ ᠬᠡᠷᠡᠭᠲᠡᠶ᠃ ᠳᠤᠮᠳᠠ ᠥᠨᠳᠥᠷ ᠲᠦᠭᠰᠢᠭᠦᠷᠢᠲᠦ ᠭᠠᠵᠠᠷ ᠣᠷᠣᠨ᠎ᠤ ᠪᠠᠭᠰᠢ ᠰᠤᠷᠤᠭᠴᠢᠳ ᠲᠦᠷ ᠰᠤᠷᠭ᠋ᠠᠭᠤᠯᠢ᠎ᠳᠤ᠎ᠪᠠᠨ ᠪᠤᠴᠠᠬᠤ ᠥᠬᠡᠶ᠃ ᠡᠯ᠎ᠡ ᠰᠤᠷᠭ᠋ᠠᠭᠤᠯᠢ᠎ᠨᠢ ᠪᠥᠬᠥ ᠪᠠᠭᠰᠢ ᠰᠣᠷᠣᠭᠴᠢ ᠠᠵᠢᠯᠲᠠᠨ ᠠᠵᠢᠯᠴᠢᠨ᠎ᠢ ᠬᠠᠮᠤᠷᠤᠭᠰᠠᠨ ᠡᠷᠡᠭᠦᠯ ᠮᠡᠨᠳᠦ ᠵᠢ ᠬᠢᠨᠠᠨ ᠪᠠᠢ᠌ᠴᠠᠭ᠋ᠠᠬᠤ ᠲᠦᠷᠢᠮ ᠪᠠ ᠳᠣᠭᠲᠠᠯᠴᠠᠭ᠎ᠠ ᠵᠢ ᠪᠠᠶ᠋ᠢᠭᠤᠯᠤᠨ ᠲᠡᠭᠦᠯᠳᠡᠷᠵᠢᠭᠦᠯᠵᠦ᠂ 《ᠨᠢᠭᠡ ᠬᠥᠮᠦᠨ ᠨᠢᠭᠡ ᠲᠠᠩᠰᠠ ᠡᠪᠬᠡᠮᠡᠯ᠂ ᠨᠠᠷᠢᠯᠢᠭ ᠣᠨᠣᠴᠠᠲᠠᠢ ᠲᠥᠷᠥ ᠵᠢᠨ ᠪᠣᠳᠣᠯᠭ᠎ᠠ ᠵᠢ ᠬᠡᠷᠡᠭᠵᠢᠭᠦᠯᠬᠦ》 ᠵᠢ ᠪᠡᠶᠡᠯᠡᠭᠦᠯᠬᠦ ᠬᠡᠷᠡᠭᠲᠡᠶ᠃ ᠵᠢᠩᠬᠢᠨᠢ᠎ᠪᠠᠷ ᠲᠣᠭᠲᠠᠭᠰᠠᠨ ᠪᠠ ᠮᠡᠳᠡᠭᠳᠡᠭᠰᠡᠨ ᠰᠤᠷᠭ᠋ᠠᠭᠤᠯᠢ ᠡᠬᠢᠯᠡᠬᠦ ᠴᠠᠭ᠎ᠠᠴᠠ ᠡᠮᠦᠨ᠎ᠡ᠂ ᠵᠦᠪᠰᠢᠶᠡᠷᠡᠯ ᠥᠬᠡᠶ ᠪᠣᠯ ᠰᠣᠷᠣᠭᠴᠢ ᠵᠠᠷᠴᠢᠮ ᠳᠡᠭᠡᠷ᠎ᠡ᠎ᠪᠠᠨ ᠤᠷᠢᠳᠴᠢᠯᠠᠨ ᠰᠤᠷᠭ᠋ᠠᠭᠤᠯᠢ᠎ᠳᠤ᠎ᠪᠠᠨ ᠪᠤᠴᠠᠵᠤ ᠪᠣᠯᠬᠤ ᠥᠬᠡᠶ ᠭᠡᠵᠦ ᠴᠢᠬᠤᠯᠠᠴᠢᠯᠠᠪᠠ᠃
      ᠮᠡᠳᠡᠭᠳᠡᠯ᠎ᠳᠤ᠂ ᠡᠯ᠎ᠡ ᠰᠤᠷᠭ᠋ᠠᠭᠤᠯᠢ ᠰᠤᠷᠭ᠋ᠠᠭᠤᠯᠢ ᠡᠬᠢᠯᠡᠭᠰᠡᠨ᠎ᠤ ᠳᠠᠷᠠᠭ᠎ᠠ ᠰᠤᠷᠭ᠋ᠠᠨ ᠬᠥᠮᠦᠵᠢᠯ ᠵᠢᠭ᠋ᠠᠨ ᠰᠤᠷᠭ᠋ᠠᠯᠲᠠ ᠵᠢᠨ ᠠᠵᠢᠯᠯᠠᠭ᠎ᠠ᠎ᠪᠠᠨ ᠵᠦᠶ ᠵᠣᠬᠢᠰᠲᠠᠶ ᠲᠣᠬᠢᠷᠠᠭᠤᠯᠵᠤ᠂ ᠬᠢᠵᠢᠭ᠎ᠤᠨ ᠪᠠᠶ᠋ᠢᠳᠠᠯ ᠵᠡᠷᠭᠡ ᠡᠵᠡᠮᠳᠡᠵᠦ ᠳᠡᠢ᠌ᠯᠦᠰᠢ ᠥᠬᠡᠶ ᠰᠢᠯᠲᠠᠭ᠋ᠠᠨ᠎ᠠᠴᠠ ᠪᠣᠯᠵᠣ ᠴᠠᠭ᠎ᠲᠤ᠎ᠪᠠᠨ ᠰᠤᠷᠭ᠋ᠠᠭᠤᠯᠢ᠎ᠳᠤ᠎ᠪᠠᠨ ᠪᠤᠴᠠᠵᠤ ᠳᠡᠶ᠋ᠢᠯᠬᠦ ᠥᠬᠡᠶ ᠰᠤᠷᠤᠭᠴᠢᠳ᠎ᠢ ᠵᠢᠯᠣᠭᠣᠳᠤᠨ ᠬᠠᠪᠰᠤᠷᠬᠤ ᠠᠵᠢᠯ᠎ᠢ ᠰᠠᠶ᠋ᠢᠲᠤᠷ ᠬᠢᠵᠦ᠂ ᠳᠡᠭᠡᠳᠦ ᠰᠤᠷᠭ᠋ᠠᠭᠤᠯᠢ ᠵᠢᠨ᠎ᠬᠢᠨ ᠰᠤᠷᠭ᠋ᠠᠭᠤᠯᠢ᠎ᠳᠤ᠎ᠪᠠᠨ ᠪᠤᠴᠠᠭᠰᠠᠨ᠎ᠤ ᠳᠠᠷᠠᠭ᠋ᠠᠬᠢ ᠬᠣᠶᠠᠷ ᠭᠠᠷᠠᠭ᠎ᠤᠨ ᠳᠣᠲᠣᠷᠠᠬᠢ ᠰᠦᠯᠵᠢᠶᠡᠨ᠎ᠳᠠᠬᠢ ᠵᠢᠭ᠋ᠠᠨ ᠰᠤᠷᠭ᠋ᠠᠯᠲᠠ ᠵᠢᠨ ᠪᠡᠯᠡᠳᠬᠡᠯ ᠲᠥᠰᠦᠯ᠎ᠢ ᠲᠣᠭᠲᠠᠭ᠋ᠠᠬᠤ ᠬᠡᠷᠡᠭᠲᠡᠶ᠃ ᠡᠯ᠎ᠡ ᠰᠤᠷᠭ᠋ᠠᠭᠤᠯᠢ᠎ᠨᠢ ᠡᠳᠦᠷ ᠪᠦᠷᠢ ᠪᠠᠭᠰᠢ ᠰᠣᠷᠣᠭᠴᠢ ᠠᠵᠢᠯᠲᠠᠨ ᠠᠵᠢᠯᠴᠢᠨ᠎ᠤ ᠶᠠᠪᠤᠵᠤ ᠰᠠᠭᠤᠬᠤ ᠵᠢ ᠡᠵᠡᠮᠰᠢᠵᠦ᠂ ᠰᠤᠷᠭ᠋ᠠᠭᠤᠯᠢ ᠵᠢᠨ ᠡᠭᠦᠳᠡ᠂ ᠰᠤᠷᠤᠭᠴᠢᠳ᠎ᠤᠨ ᠪᠠᠶ᠋ᠢᠷᠢ ᠵᠢᠨ ᠬᠡᠷ ᠵᠢᠴᠢ ᠬᠥᠳᠡᠯᠭᠡᠭᠡᠨ᠎ᠤ ᠪᠠᠢ᠌ᠷᠢ ᠲᠠᠯᠠᠪᠤᠷ᠎ᠤᠨ ᠬᠠᠮᠢᠶᠠᠷᠤᠯᠲᠠ ᠵᠢ ᠴᠢᠩᠳᠠᠯᠠᠵᠤ᠂ ᠲᠦᠷᠭᠡᠨ ᠬᠦᠷᠭᠡᠯᠲᠡ ᠵᠢ ᠬᠤᠷᠢᠶᠠᠵᠤ ᠲᠠᠷᠬᠠᠭ᠋ᠠᠬᠤ ᠪᠠ ᠬᠣᠭᠣᠯᠠ ᠬᠦᠷᠭᠡᠬᠦ ᠭᠣᠭᠴᠤᠭ᠋ᠠᠨ᠎ᠤ ᠬᠠᠮᠢᠶᠠᠷᠤᠯᠲᠠ ᠵᠢ ᠴᠢᠩᠭ᠋ᠠᠳᠬᠠᠵᠤ᠂ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠵᠢ ᠰᠤᠷᠭ᠋ᠠᠭᠤᠯᠢ ᠵᠢᠨ ᠡᠳᠦᠷ ᠲᠤᠲᠤᠮ᠎ᠤᠨ ᠬᠠᠮᠢᠶᠠᠷᠤᠯᠲᠠ ᠵᠢᠨ ᠴᠢᠬᠤᠯᠠ ᠠᠭᠤᠯᠭ᠎ᠠ ᠪᠣᠯᠭ᠋ᠠᠨ ᠪᠠᠶ᠋ᠢᠩᠭᠤ ᠰᠤᠯᠠᠷᠠᠭᠤᠯᠤᠯ ᠥᠬᠡᠶ ᠠᠳᠬᠤᠬᠤ ᠬᠡᠷᠡᠭᠲᠡᠶ ᠭᠡᠵᠦ ᠱᠠᠭ᠋ᠠᠷᠳᠠᠪᠠ᠃
      ᠮᠡᠳᠡᠭᠳᠡᠯ᠎ᠳᠤ᠂ ᠡᠯ᠎ᠡ ᠭᠠᠵᠠᠷ᠎ᠤᠨ ᠡᠯ᠎ᠡ ᠰᠤᠷᠭ᠋ᠠᠭᠤᠯᠢ ᠵᠢᠨ᠎ᠬᠢᠨ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠠᠵᠢᠯ᠎ᠢ ᠪᠠᠢ᠌ᠩᠭᠤᠵᠢᠭᠤᠯᠬᠤ ᠪᠠᠢ᠌ᠳᠠᠯ᠎ᠳᠠᠬᠢ ᠬᠥᠮᠦᠨ᠂ ᠪᠣᠳᠠᠰ᠂ ᠣᠷᠴᠢᠨ ᠲᠣᠭᠣᠷᠢᠨ᠎ᠢ ᠬᠠᠮᠲᠤ᠎ᠪᠠᠷ ᠰᠡᠷᠭᠡᠶ᠋ᠢᠯᠡᠬᠦ ᠪᠠ ᠤᠯᠠᠨ ᠡᠪᠡᠳᠴᠢᠨ᠎ᠢ ᠵᠡᠷᠭᠡ᠎ᠪᠠᠷ ᠰᠡᠷᠭᠡᠶ᠋ᠢᠯᠡᠬᠦ ᠤᠬᠠᠮᠰᠠᠷ ᠵᠶ᠋ᠠᠨ ᠴᠢᠩᠭ᠋ᠠᠳᠬᠠᠬᠤ ᠬᠡᠷᠡᠭᠲᠡᠢ᠃ ᠰᠤᠷᠭ᠋ᠠᠭᠤᠯᠢ᠎ᠨᠤᠭᠤᠳ ᠬᠠᠯᠳᠠᠪᠤᠷᠢᠲᠤ ᠡᠪᠡᠳᠴᠢᠨ᠎ᠢ ᠰᠡᠷᠭᠡᠶ᠋ᠢᠯᠡᠨ ᠬᠣᠷᠢᠭᠯᠠᠬᠤ ᠮᠡᠳᠡᠯᠭᠡ ᠵᠡᠷᠭᠡ ᠠᠭᠤᠯᠭ᠎ᠠ ᠵᠢ 《ᠰᠤᠷᠭ᠋ᠠᠭᠤᠯᠢ ᠡᠬᠢᠯᠡᠬᠦ ᠨᠢᠭᠡᠳᠦᠭᠡᠷ ᠬᠢᠴᠢᠶᠡᠯ》᠎ᠳᠤ ᠣᠷᠣᠭᠤᠯᠵᠤ᠂ ᠨᠤᠷᠤ᠋ ᠸᠢᠷᠦ᠋ᠰ᠎ᠤᠨ ᠬᠠᠯᠳᠠᠪᠤᠷᠢᠯᠠᠯ᠎ᠤᠨ ᠴᠢᠨᠠᠷᠲᠠᠶ ᠰᠠᠭᠤᠯᠭ᠋ᠠᠬᠤ᠂ ᠠᠭᠤᠰᠬᠢᠨ ᠰᠦᠷᠢᠶ᠎ᠡ᠂ ᠬᠠᠯᠳᠠᠪᠤᠷᠢᠲᠤ ᠲᠠᠭᠰᠢᠭᠤᠷ᠂ ᠤᠯᠠᠭ᠋ᠠᠨ ᠨᠣᠳ᠂ ᠰᠡᠷᠬᠡᠨᠦᠳ᠂ ᠰᠢᠨᠠ ᠵᠢᠨ ᠪᠤᠯᠴᠢᠷᠬᠠᠶ ᠵᠢᠨ ᠦᠷᠪᠢᠰᠦᠯ᠂ ᠭᠠᠷ ᠬᠥᠯ ᠠᠮᠠᠨ ᠬᠥᠨᠳᠡᠢ ᠵᠢᠨ ᠡᠪᠡᠳᠴᠢᠨ᠂ ᠪᠠᠺᠲ᠋ᠧᠷᠢ ᠵᠢᠨ ᠴᠢᠨᠠᠷᠲᠠᠶ ᠶᠣᠯᠬᠣᠳᠠᠰᠤ ᠵᠡᠷᠭᠡ ᠬᠠᠯᠳᠠᠪᠤᠷᠢᠲᠤ ᠡᠪᠡᠳᠴᠢᠨ᠎ᠢ ᠰᠡᠷᠭᠡᠶ᠋ᠢᠯᠡᠨ ᠵᠠᠰᠠᠬᠤ ᠮᠡᠳᠡᠯᠭᠡ ᠵᠢᠨ ᠤᠬᠠᠭᠤᠯᠭ᠎ᠠ᠎ᠪᠠᠨ ᠴᠢᠩᠭ᠋ᠠᠳᠬᠠᠵᠤ᠂ ᠪᠠᠭᠰᠢ ᠰᠤᠷᠤᠭᠴᠢ ᠠᠵᠢᠯᠲᠠᠨ ᠠᠵᠢᠯᠴᠢᠨ ᠪᠣᠯᠤᠨ ᠰᠤᠷᠤᠭᠴᠢᠳ᠎ᠤᠨ ᠭᠡᠷ᠎ᠤᠨ ᠠᠬᠠᠮᠠᠳ᠎ᠤᠨ ᠡᠪᠡᠳᠴᠢᠨ᠎ᠢ ᠰᠡᠷᠭᠡᠶ᠋ᠢᠯᠡᠬᠦ ᠦᠵᠡᠯ ᠤᠬᠠᠮᠰᠠᠷ ᠪᠣᠯᠤᠨ ᠥᠪᠡᠷ᠎ᠢ᠎ᠪᠠᠨ ᠬᠠᠮᠠᠭ᠋ᠠᠯᠠᠬᠤ ᠴᠢᠳᠠᠪᠤᠷᠢ ᠵᠢ ᠳᠡᠭᠡᠭᠰᠢᠯᠡᠭᠦᠯᠬᠦ ᠬᠡᠷᠡᠭᠲᠡᠶ᠃ ᠡᠯ᠎ᠡ ᠭᠠᠵᠠᠷ᠎ᠤᠨ ᠡᠯ᠎ᠡ ᠰᠤᠷᠭ᠋ᠠᠭᠤᠯᠢ᠎ᠨᠢ ᠪᠠᠭᠰᠢ ᠰᠤᠷᠤᠭᠴᠢᠳ᠎ᠤᠨ ᠰᠤᠷᠤᠯᠭ᠎ᠠ᠂ ᠠᠵᠢᠯ᠂ ᠠᠮᠢᠳᠤᠷᠠᠯ᠎ᠳᠠᠬᠢ ᠪᠣᠳᠠᠲᠠᠶ ᠬᠦᠴᠢᠷᠳᠡᠯ᠎ᠢ ᠵᠣᠬᠢᠰᠲᠠᠢ ᠰᠢᠢ᠍ᠳᠪᠦᠷᠢᠯᠡᠵᠦ᠂ ᠰᠤᠷᠭ᠋ᠠᠭᠤᠯᠢ ᠵᠢᠨ ᠬᠦᠷᠢᠶᠡᠨ᠎ᠤ ᠦᠢ᠍ᠯᠡᠴᠢᠯᠡᠭᠡ ᠪᠠ ᠪᠠᠲᠤᠯᠠᠭ᠎ᠠ ᠵᠢ ᠦᠷᠭᠦᠯᠵᠢᠯᠡᠨ ᠰᠠᠶ᠋ᠢᠲᠤᠷ ᠬᠢᠵᠦ᠂ ᠬᠠᠯᠠᠮᠵᠢᠯᠠᠨ ᠬᠠᠶ᠋ᠢᠷᠠᠯᠠᠬᠤ ᠪᠠ ᠰᠡᠳᠬᠢᠴᠡ ᠵᠢᠨ ᠵᠢᠯᠣᠭᠣᠳᠣᠯᠭ᠎ᠠ ᠵᠢᠨ ᠠᠵᠢᠯ᠎ᠢ ᠴᠢᠩᠭ᠋ᠠᠳᠬᠠᠬᠤ ᠬᠡᠷᠡᠭᠲᠡᠶ ᠭᠡᠵᠦ ᠴᠢᠬᠤᠯᠠᠴᠢᠯᠠᠪᠠ᠃


ᠢᠷᠡᠯᠲᠡ᠄ ᠥᠪᠥᠷ ᠮᠣᠩᠭᠤᠯ᠎ᠤᠨ ᠦᠪᠡᠷᠲᠡᠭᠡᠨ ᠵᠠᠰᠠᠬᠤ ᠣᠷᠣᠨ᠎ᠤ ᠰᠣᠷᠭ᠋ᠠᠨ ᠬᠦᠮᠦᠵᠢᠯ᠎ᠤᠨ ᠲᠢᠩᠬᠡᠮ
          
ᠬᠠᠮᠢᠶ᠎ᠡ ᠪᠦᠬᠦᠢ ᠰᠣᠨᠢᠨ
ᠰᠠᠨᠠᠭᠤᠯᠤᠮᠵᠢ! ᠥᠪᠥᠷ ᠮᠣᠩᠭᠣᠯ᠎ᠤᠨ ᠡᠯ᠎ᠡ ᠠᠶ᠋ᠢᠮᠠᠭ ᠬᠣᠲᠠ ᠵᠢᠨ ᠳᠤᠮᠳᠠᠳᠤ ᠪᠠᠭ᠎ᠠ ᠰᠤᠷᠭ᠋ᠠᠭᠤᠯᠢ ᠵᠢᠨ ᠰᠤᠷᠭ᠋ᠠᠭᠤᠯᠢ ᠡᠬᠢᠯᠡᠬᠦ ᠴᠠᠭ ᠵᠢᠴᠢ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠱᠠᠭ᠋ᠠᠷᠳᠠᠯᠭ᠎ᠠ
ᠭᠡᠷ᠎ᠤᠨ ᠠᠬᠠᠮᠠᠳ ᠪᠠ ᠬᠡᠦᠬᠡᠳ᠎ᠤᠨ ᠣᠩᠰᠢᠭᠤᠰᠢᠲᠠᠢ 《ᠰᠤᠷᠭ᠋ᠠᠭᠤᠯᠢ ᠡᠬᠢᠯᠡᠬᠦ ᠠᠷᠭ᠎ᠠ ᠪᠣᠳᠣᠯᠭ᠎ᠠ》
2022 ᠣᠨ᠎ᠤ ᠰᠠᠭᠤᠷᠢ ᠵᠢ ᠪᠡᠬᠢᠵᠢᠭᠦᠯᠬᠦ ᠲᠥᠯᠦᠪᠯᠡᠭᠡᠨ᠎ᠤ ᠰᠣᠷᠣᠭᠴᠢ ᠡᠯᠰᠡᠬᠦ ᠠᠵᠢᠯ ᠡᠬᠢᠯᠡᠪᠡ
ᠠᠮᠤᠷ ᠲᠦᠪᠰᠢᠨ᠎ᠤ ᠬᠥᠮᠦᠵᠢᠯ᠎ᠤᠨ ᠡᠳᠦᠷ! ᠬᠡᠦᠬᠡᠳ᠎ᠤᠨ ᠡᠨᠳᠡᠯ ᠭᠤᠤᠯᠳᠠᠭᠤ 10 ᠲᠠᠯ᠎ᠠ᠎ᠳᠤ ᠲᠥᠪᠯᠡᠷᠡᠵᠦ ᠪᠣᠢ᠂ ᠪᠠᠭᠰᠢ ᠪᠣᠯᠤᠨ ᠭᠡᠷ᠎ᠤᠨ ᠠᠬᠠᠮᠠᠳ ᠰᠡᠷᠡᠮᠵᠢᠯᠡᠭᠡᠷᠡᠢ!
6 ᠲᠠᠯ᠎ᠠ᠎ᠪᠠᠷ ᠲᠣᠬᠢᠷᠠᠭᠤᠯᠤᠭᠰᠠᠨ᠄ ᠰᠤᠷᠭ᠋ᠠᠨ ᠬᠥᠮᠦᠵᠢᠯ᠎ᠤᠨ ᠶᠠᠮᠤᠨ ᠤᠯᠤᠰ᠎ᠤᠨ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ᠎ᠲᠠᠢ ᠬᠠᠮᠲᠤᠷᠠᠨ ᠳᠡᠭᠡᠳᠦ ᠰᠤᠷᠭ᠋ᠠᠭᠤᠯᠢ᠂ ᠳᠤᠮᠳᠠᠳᠤ ᠪᠠᠭ᠎ᠠ ᠰᠤᠷᠭ᠋ᠠᠭᠤᠯᠢ ᠪᠣᠯᠤᠨ ᠬᠡᠦᠬᠡᠳ᠎ᠤᠨ ᠴᠡᠴᠡᠷᠯᠢᠭ ᠬᠡᠦᠬᠡᠳ ᠰᠠᠭ᠋ᠠᠲᠠᠭᠤᠯᠬᠤ ᠪᠠᠶ᠋ᠢᠭᠤᠯᠤᠮᠵᠢ ᠵᠢᠨ ᠰᠢᠨ᠎ᠡ ᠲᠢᠲᠢᠮᠯᠢᠭ ᠠᠭᠤᠰᠬᠢᠨ᠎ᠤ ᠦᠷᠪᠢᠰᠦᠯ᠎ᠤᠨ ᠬᠢᠵᠢᠭ᠎ᠢ ᠰᠡᠷᠭᠡᠶ᠋ᠢᠯᠡᠨ ᠡᠵᠡᠮᠳᠡᠬᠦ ᠮᠡᠷᠭᠡᠵᠢᠯ᠎ᠤᠨ ᠲᠥᠰᠦᠯ (ᠲᠠᠪᠤᠳᠤᠭ᠋ᠠᠷ ᠬᠡᠪᠯᠡᠯ)᠎ᠢ ᠳᠠᠷᠤᠮᠠᠯᠯᠠᠨ ᠲᠠᠷᠬᠠᠭ᠋ᠠᠪᠠ
 
             蒙ICP备05000248号