ᠰᠤᠷᠭ᠋ᠠᠭᠤᠯᠢ ᠡᠬᠢᠯᠡᠬᠦ ᠤᠢ᠌ᠷᠠᠲᠤᠯᠠ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠯ᠎ᠡ ᠠᠶ᠋ᠢᠮᠠᠭ ᠬᠣᠲᠠ ᠵᠢᠨ᠎ᠬᠢᠨ ᠳᠤᠮᠳᠠᠳᠤ ᠪᠠᠭ᠎ᠠ ᠰᠤᠷᠭ᠋ᠠᠭᠤᠯᠢ ᠵᠢᠨ ᠰᠤᠷᠭ᠋ᠠᠭᠤᠯᠢ ᠡᠬᠢᠯᠡᠬᠦ ᠴᠠᠭ ᠵᠢᠴᠢ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠱᠠᠭ᠋ᠠᠷᠳᠠᠯᠭ᠎ᠠ ᠵᠢ ᠲᠣᠳᠣᠷᠬᠠᠶ᠋ᠢᠯᠠᠪᠠ᠃ ᠬᠠᠮᠲᠤ᠎ᠳᠤ᠎ᠪᠠᠨ ᠦᠵᠡᠵᠡᠭᠡᠶ᠎ᠡ!
ᠬᠥᠬᠡᠬᠣᠲᠠ
ᠳᠡᠭᠡᠳᠦ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠨᠢᠭᠡᠳᠦᠭᠡᠷ ᠣᠨ᠂ ᠠᠩᠬ᠎ᠠ ᠵᠡᠷᠭᠡ ᠵᠢᠨ ᠳᠤᠮᠳᠠᠳᠤ ᠰᠤᠷᠭ᠋ᠠᠭᠤᠯᠢ᠂ ᠪᠠᠭ᠎ᠠ ᠰᠤᠷᠭ᠋ᠠᠭᠤᠯᠢ᠂ ᠬᠡᠦᠬᠡᠳ᠎ᠤᠨ ᠴᠡᠴᠡᠷᠯᠢᠭ 3 ᠰᠠᠷ᠎ᠠ ᠵᠢᠨ 1᠎ᠤ ᠡᠳᠦᠷ ᠰᠤᠷᠭ᠋ᠠᠭᠤᠯᠢ ᠡᠬᠢᠯᠡᠬᠦ᠎ᠪᠠᠷ ᠲᠥᠯᠥᠪᠯᠡᠵᠦ ᠪᠤᠢ᠃
ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠱᠠᠭ᠋ᠠᠷᠳᠠᠯᠭ᠎ᠠ᠄ ᠡᠯ᠎ᠡ ᠱᠠᠲᠤᠨ᠎ᠤ ᠡᠯ᠎ᠡ ᠲᠥᠷᠥᠯ᠎ᠤᠨ ᠰᠤᠷᠭ᠋ᠠᠭᠤᠯᠢ ᠬᠠᠪᠤᠷ᠎ᠤᠨ ᠤᠯᠠᠷᠢᠯ᠎ᠤᠨ ᠰᠤᠷᠭ᠋ᠠᠭᠤᠯᠢ ᠡᠬᠢᠯᠡᠬᠦ ᠠᠵᠢᠯ᠎ᠢ ᠡᠷᠲᠡᠬᠡᠨ ᠲᠥᠯᠥᠪᠵᠢᠭᠦᠯᠵᠦ᠂ ᠬᠢᠵᠢᠭ᠎ᠤᠨ ᠪᠠᠶ᠋ᠢᠳᠠᠯ᠎ᠤᠨ ᠬᠠᠨᠳᠤᠰᠢ ᠵᠢᠨ ᠬᠤᠪᠢᠷᠠᠯᠲᠠ ᠪᠣᠯᠤᠨ ᠰᠤᠷᠤᠭᠴᠢᠳ᠎ᠤᠨ ᠢᠷᠡᠯᠲᠡ ᠵᠢᠨ ᠪᠠᠶ᠋ᠢᠳᠠᠯ᠎ᠢ ᠦᠨᠳᠦᠰᠦᠯᠡᠨ᠂ ᠣᠷᠭᠢᠯ ᠵᠥᠷᠢᠭᠦᠯᠦᠨ ᠬᠠᠪᠤᠷ᠎ᠤᠨ ᠤᠯᠠᠷᠢᠯ᠎ᠤᠨ ᠰᠤᠷᠤᠯᠭ᠎ᠠ ᠵᠢᠨ ᠬᠤᠭᠤᠴᠠᠭ᠎ᠠ ᠵᠢ ᠡᠬᠢᠯᠡᠭᠦᠯᠵᠦ ᠰᠤᠷᠭ᠋ᠠᠭᠤᠯᠢ᠎ᠳᠤ᠎ᠪᠠᠨ ᠪᠤᠴᠠᠬᠤ ᠴᠠᠭ᠎ᠢ ᠲᠣᠬᠢᠷᠠᠭᠤᠯᠤᠨ᠎ᠠ᠃ ᠰᠤᠷᠭ᠋ᠠᠭᠤᠯᠢ ᠡᠬᠢᠯᠡᠬᠦ᠎ᠠᠴᠠ ᠡᠮᠦᠨ᠎ᠡ ᠰᠤᠷᠭ᠋ᠠᠭᠤᠯᠢ᠎ᠳᠤ᠎ᠪᠠᠨ ᠪᠤᠴᠠᠬᠤ ᠪᠠᠭᠰᠢ ᠰᠤᠷᠤᠭᠴᠢᠳ᠎ᠤᠨ 14 ᠡᠳᠦᠷ᠎ᠤᠨ ᠠᠶᠠᠯᠠᠯ᠎ᠤᠨ ᠺᠣᠳ᠋ ᠪᠣᠯᠤᠨ 《ᠬᠥᠬᠡᠬᠣᠲᠠ ᠡᠮᠴᠢᠯᠡᠭᠡ》 ᠵᠢᠨ ᠡᠷᠡᠭᠦᠯ ᠮᠡᠨᠳᠦ ᠵᠢᠨ ᠺᠣᠳ᠋᠎ᠢ ᠴᠤᠭᠯᠠᠭᠤᠯᠵᠤ᠂ ᠪᠠᠭᠰᠢ ᠰᠤᠷᠤᠭᠴᠢᠳ ᠰᠤᠷᠭ᠋ᠠᠭᠤᠯᠢ ᠵᠢᠨ ᠬᠦᠷᠢᠶᠡᠨ᠎ᠳᠤ ᠣᠷᠣᠬᠤ᠎ᠠᠴᠠ ᠡᠮᠦᠨ᠎ᠡ ᠡᠷᠬᠡᠪᠰᠢ ᠪᠡᠶ᠎ᠡ ᠵᠢᠨ ᠬᠠᠯᠠᠭᠤᠨ᠎ᠢ᠎ᠨᠢ ᠬᠡᠮᠵᠢᠵᠦ᠂ ᠱᠠᠭ᠋ᠠᠷᠳᠠᠯᠭ᠎ᠠ᠎ᠳᠤ ᠨᠡᠶ᠋ᠢᠴᠡᠬᠦ ᠥᠬᠡᠶ ᠪᠠᠭᠰᠢ ᠰᠤᠷᠤᠭᠴᠢᠳ᠎ᠢ ᠴᠥᠮ ᠰᠤᠷᠭ᠋ᠠᠭᠤᠯᠢ᠂ ᠠᠩᠭᠢ᠎ᠳᠤ ᠣᠷᠣᠭᠤᠯᠵᠤ ᠪᠣᠯᠬᠤ ᠥᠬᠡᠶ᠃
ᠪᠤᠭᠤᠲᠤ ᠬᠣᠲᠠ
ᠳᠡᠭᠡᠳᠦ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠨᠢᠭᠡᠳᠦᠭᠡᠷ ᠣᠨ᠂ ᠠᠩᠬ᠎ᠠ ᠵᠡᠷᠭᠡ ᠵᠢᠨ ᠳᠤᠮᠳᠠᠳᠤ ᠰᠤᠷᠭ᠋ᠠᠭᠤᠯᠢ᠂ ᠪᠠᠭ᠎ᠠ ᠰᠤᠷᠭ᠋ᠠᠭᠤᠯᠢ᠂ ᠬᠡᠦᠬᠡᠳ᠎ᠤᠨ ᠴᠡᠴᠡᠷᠯᠢᠭ 2 ᠰᠠᠷ᠎ᠠ ᠵᠢᠨ 28᠎ᠤ ᠡᠳᠦᠷ ᠰᠤᠷᠭ᠋ᠠᠭᠤᠯᠢ ᠡᠬᠢᠯᠡᠬᠦ᠎ᠪᠠᠷ ᠲᠥᠯᠥᠪᠯᠡᠵᠦ ᠪᠣᠢ᠃
ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠱᠠᠭ᠋ᠠᠷᠳᠠᠯᠭ᠎ᠠ᠄ ᠡᠪᠦᠯ᠎ᠤᠨ ᠠᠮᠠᠷᠠᠯᠲᠠ ᠵᠢᠨ ᠬᠤᠭᠤᠴᠠᠭ᠋ᠠᠨ᠎ᠳᠤ ᠭᠠᠳᠠᠭ᠋ᠠᠳᠤ ᠵᠢᠨ ᠪᠤᠶᠤ ᠤᠯᠤᠰ᠎ᠤᠨ ᠳᠣᠲᠣᠭ᠋ᠠᠳᠤ ᠵᠢᠨ ᠳᠤᠮᠳᠠ ᠥᠨᠳᠥᠷ ᠲᠦᠭᠰᠢᠭᠦᠷᠢᠲᠦ ᠭᠠᠵᠠᠷ ᠣᠷᠣᠨ᠎ᠳᠤ ᠵᠤᠭ᠋ᠠᠴᠠᠭᠰᠠᠨ ᠲᠡᠦᠬᠡ᠎ᠲᠠᠢ ᠪᠠᠭᠰᠢ ᠰᠣᠷᠣᠭᠴᠢ ᠠᠵᠢᠯᠲᠠᠨ ᠡᠷᠬᠡᠪᠰᠢ ᠰᠤᠷᠭ᠋ᠠᠭᠤᠯᠢ ᠡᠬᠢᠯᠡᠬᠦ᠎ᠠᠴᠠ 14 ᠡᠳᠦᠷ᠎ᠤᠨ ᠡᠮᠦᠨ᠎ᠡ ᠪᠤᠭᠤᠲᠤ᠎ᠳᠤ ᠪᠤᠴᠠᠵᠤ ᠢᠷᠡᠬᠦ ᠵᠢᠨ ᠬᠠᠮᠲᠤ ᠱᠠᠭ᠋ᠠᠷᠳᠠᠯᠭ᠎ᠠ ᠶᠣᠰᠤ᠎ᠪᠠᠷ ᠪᠥᠭᠡᠮ ᠬᠦᠴᠢᠯ᠎ᠤᠨ ᠪᠠᠶ᠋ᠢᠴᠠᠭ᠋ᠠᠯᠲᠠ ᠪᠠ ᠲᠤᠰᠠᠭ᠋ᠠᠷᠯᠠᠨ ᠠᠵᠢᠭᠯᠠᠬᠤ ᠵᠡᠷᠭᠡ ᠬᠣᠯᠪᠤᠭᠳᠠᠬᠤ ᠠᠵᠢᠯ᠎ᠢ ᠰᠠᠶ᠋ᠢᠲᠤᠷ ᠬᠢᠬᠦ ᠬᠡᠷᠡᠭᠲᠡᠶ᠃ ᠡᠯ᠎ᠡ ᠱᠠᠲᠤᠨ᠎ᠤ ᠡᠯ᠎ᠡ ᠲᠥᠷᠥᠯ᠎ᠤᠨ ᠰᠤᠷᠭ᠋ᠠᠭᠤᠯᠢ ᠪᠠᠭᠰᠢ ᠰᠤᠷᠤᠭᠴᠢᠳ᠎ᠤᠨ ᠡᠷᠡᠭᠦᠯ ᠮᠡᠨᠳᠦ ᠵᠢᠨ ᠪᠠᠢ᠌ᠴᠠᠭ᠋ᠠᠯᠲᠠ ᠵᠢᠴᠢ ᠶᠠᠪᠤᠵᠤ ᠰᠠᠭᠤᠭᠰᠠᠨ ᠮᠡᠳᠡᠭᠡ ᠵᠠᠩᠭᠢ ᠵᠢᠨ 《ᠡᠳᠦᠷ᠎ᠤᠨ ᠮᠡᠳᠡᠭᠦᠯᠦᠯᠲᠡ》᠂ 《ᠲᠡᠭ ᠮᠡᠳᠡᠭᠦᠯᠦᠯᠲᠡ》 ᠵᠢᠨ ᠲᠦᠷᠢᠮ᠎ᠢ ᠨᠠᠶ᠋ᠢᠳᠠᠪᠤᠷᠢᠵᠢᠭᠤᠯᠬᠤ ᠬᠡᠷᠡᠭᠲᠡᠶ᠃ ᠪᠠᠭᠰᠢ ᠰᠤᠷᠤᠭᠴᠢᠳ᠎ᠤᠨ ᠰᠤᠷᠭ᠋ᠠᠭᠤᠯᠢ᠎ᠳᠤ᠎ᠪᠠᠨ ᠪᠤᠴᠠᠬᠤ ᠰᠡᠷᠭᠡᠶ᠋ᠢᠯᠡᠨ ᠬᠠᠮᠠᠭ᠋ᠠᠯᠠᠬᠤ ᠵᠢᠯᠣᠭᠣᠳᠣᠯᠭ᠎ᠠ ᠵᠢ ᠴᠢᠩᠭ᠋ᠠᠳᠬᠠᠵᠤ᠂ ᠪᠠᠭᠰᠢ ᠰᠤᠷᠤᠭᠴᠢᠳ᠎ᠤᠨ ᠰᠤᠷᠭ᠋ᠠᠭᠤᠯᠢ᠎ᠳᠤ᠎ᠪᠠᠨ ᠪᠤᠴᠠᠬᠤ ᠵᠠᠮ ᠵᠠᠭᠤᠷ᠎ᠠ ᠬᠤᠪᠢ ᠬᠥᠮᠦᠨ᠎ᠤ ᠰᠡᠷᠭᠡᠶ᠋ᠢᠯᠡᠨ ᠬᠠᠮᠠᠭ᠋ᠠᠯᠠᠬᠤ ᠠᠵᠢᠯ᠎ᠢ ᠪᠦᠲᠦᠮᠵᠢᠲᠡᠶ ᠰᠠᠶ᠋ᠢᠲᠤᠷ ᠬᠢᠬᠦ ᠵᠢ ᠰᠤᠷᠭ᠋ᠠᠨ ᠬᠥᠮᠦᠵᠢᠭᠦᠯᠵᠦ ᠬᠥᠲᠥᠯᠦᠨ ᠵᠢᠯᠣᠭᠣᠳᠤᠨ᠎ᠠ᠃
ᠬᠥᠯᠥᠨ ᠪᠤᠶ᠋ᠢᠷ ᠬᠤᠳᠠ
ᠳᠡᠭᠡᠳᠦ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠨᠢᠭᠡᠳᠦᠭᠡᠷ ᠣᠨ᠂ ᠠᠩᠬ᠎ᠠ ᠵᠡᠷᠭᠡ ᠵᠢᠨ ᠳᠤᠮᠳᠠᠳᠤ ᠰᠤᠷᠭ᠋ᠠᠭᠤᠯᠢ᠂ ᠪᠠᠭ᠎ᠠ ᠰᠤᠷᠭ᠋ᠠᠭᠤᠯᠢ᠂ ᠬᠡᠦᠬᠡᠳ᠎ᠤᠨ ᠴᠡᠴᠡᠷᠯᠢᠭ 3 ᠰᠠᠷ᠎ᠠ ᠵᠢᠨ 1᠎ᠤ ᠡᠳᠦᠷ ᠰᠤᠷᠭ᠋ᠠᠭᠤᠯᠢ ᠡᠬᠢᠯᠡᠬᠦ᠎ᠪᠠᠷ ᠲᠥᠯᠥᠪᠯᠡᠵᠦ ᠪᠤᠢ᠃
ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠱᠠᠭ᠋ᠠᠷᠳᠠᠯᠭ᠎ᠠ᠄ ᠡᠯ᠎ᠡ ᠱᠠᠲᠤᠨ᠎ᠤ ᠡᠯ᠎ᠡ ᠲᠥᠷᠥᠯ᠎ᠤᠨ ᠰᠤᠷᠭ᠋ᠠᠭᠤᠯᠢ ᠰᠤᠷᠭ᠋ᠠᠭᠤᠯᠢ ᠡᠬᠢᠯᠡᠬᠦ᠎ᠠᠴᠠ ᠡᠮᠦᠨᠡᠬᠢ ᠬᠢᠵᠢᠭ᠎ᠢ ᠰᠡᠷᠭᠡᠶ᠋ᠢᠯᠡᠬᠦ ᠡᠳ᠋ ᠪᠣᠳᠠᠰ᠎ᠤᠨ ᠪᠡᠯᠡᠳᠬᠡᠯ᠎ᠢ ᠰᠠᠶ᠋ᠢᠲᠤᠷ ᠬᠢᠵᠦ᠂ ᠪᠠᠭᠰᠢ ᠰᠤᠷᠤᠭᠴᠢᠳ ᠰᠤᠷᠭ᠋ᠠᠭᠤᠯᠢ᠎ᠳᠤ᠎ᠪᠠᠨ ᠪᠤᠴᠠᠬᠤ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠤᠬᠠᠭᠤᠯᠭ᠎ᠠ᠂ ᠰᠣᠷᠢᠯᠲᠠ ᠵᠡᠷᠭᠡ ᠠᠵᠢᠯ᠎ᠢ ᠤᠷᠢᠳᠴᠢᠯᠠᠨ ᠰᠠᠶ᠋ᠢᠲᠤᠷ ᠬᠢᠬᠦ ᠬᠡᠷᠡᠭᠲᠡᠶ᠃ ᠪᠠᠭᠰᠢ ᠰᠤᠷᠤᠭᠴᠢᠳ᠎ᠤᠨ ᠶᠠᠪᠤᠵᠤ ᠰᠠᠭᠤᠭᠰᠠᠨ ᠲᠣᠭ᠎ᠠ ᠪᠦᠷᠢᠳᠬᠡᠯ᠎ᠢ ᠰᠠᠶ᠋ᠢᠲᠤᠷ ᠬᠢᠵᠦ᠂ ᠪᠠᠭᠰᠢ ᠰᠤᠷᠤᠭᠴᠢᠳ᠎ᠤᠨ 14 ᠡᠳᠦᠷ᠎ᠤᠨ ᠡᠷᠡᠭᠦᠯ ᠮᠡᠨᠳᠦ ᠵᠢᠨ ᠪᠠᠢ᠌ᠴᠠᠭ᠋ᠠᠯᠲᠠ ᠵᠢᠴᠢ ᠶᠠᠪᠤᠵᠤ ᠰᠠᠭᠤᠭᠰᠠᠨ ᠮᠡᠳᠡᠭᠡ ᠵᠠᠩᠭᠢ ᠵᠢᠨ ᠮᠡᠳᠡᠭᠦᠯᠦᠯᠲᠡ ᠵᠢᠨ ᠲᠦᠷᠢᠮ᠎ᠢ ᠨᠠᠶ᠋ᠢᠳᠠᠪᠤᠷᠢᠵᠢᠭᠤᠯᠤᠨ᠎ᠠ᠃
ᠬᠢᠩᠭ᠋ᠠᠨ ᠠᠶ᠋ᠢᠮᠠᠭ
ᠳᠡᠭᠡᠳᠦ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠨᠢᠭᠡᠳᠦᠭᠡᠷ ᠣᠨ᠂ ᠳᠡᠭᠡᠳᠦ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠬᠣᠶᠠᠳᠤᠭ᠋ᠠᠷ ᠣᠨ2 ᠰᠠᠷ᠎ᠠ ᠵᠢᠨ 21᠎ᠤ ᠡᠳᠦᠷ ᠰᠤᠷᠭ᠋ᠠᠭᠤᠯᠢ ᠡᠬᠢᠯᠡᠬᠦ᠎ᠪᠠᠷ ᠲᠥᠯᠥᠪᠯᠡᠵᠦ ᠪᠣᠢ᠃ ᠠᠩᠬ᠎ᠠ ᠵᠡᠷᠭᠡ ᠵᠢᠨ ᠳᠤᠮᠳᠠᠳᠤ ᠰᠤᠷᠭ᠋ᠠᠭᠤᠯᠢ᠂ ᠪᠠᠭ᠎ᠠ ᠰᠤᠷᠭ᠋ᠠᠭᠤᠯᠢ᠂ ᠬᠡᠦᠬᠡᠳ᠎ᠤᠨ ᠴᠡᠴᠡᠷᠯᠢᠭ 2 ᠰᠠᠷ᠎ᠠ ᠵᠢᠨ 28᠎ᠤ ᠡᠳᠦᠷ ᠰᠤᠷᠭ᠋ᠠᠭᠤᠯᠢ ᠡᠬᠢᠯᠡᠬᠦ᠎ᠪᠠᠷ ᠲᠥᠯᠥᠪᠯᠡᠵᠦ ᠪᠣᠢ᠃
ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠱᠠᠭ᠋ᠠᠷᠳᠠᠯᠭ᠎ᠠ᠄ ᠡᠯ᠎ᠡ ᠬᠣᠰᠢᠭᠤ ᠰᠢᠶᠠᠨ (ᠬᠣᠲᠠ᠂ ᠲᠣᠭᠣᠷᠢᠭ) ᠬᠠᠪᠤᠷ᠎ᠤᠨ ᠤᠯᠠᠷᠢᠯ᠎ᠤᠨ ᠰᠤᠷᠭ᠋ᠠᠭᠤᠯᠢ ᠡᠬᠢᠯᠡᠬᠦ ᠦᠶ᠎ᠡ ᠵᠢᠨ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠠᠵᠢᠯ᠎ᠢ ᠰᠠᠶ᠋ᠢᠲᠤᠷ ᠬᠢᠬᠦ ᠬᠡᠷᠡᠭᠲᠡᠶ᠃ ᠡᠯ᠎ᠡ ᠳᠤᠮᠳᠠᠳᠤ ᠪᠠᠭ᠎ᠠ ᠰᠤᠷᠭ᠋ᠠᠭᠤᠯᠢ ᠬᠠᠪᠤᠷ᠎ᠤᠨ ᠤᠯᠠᠷᠢᠯ᠎ᠤᠨ ᠰᠤᠷᠭ᠋ᠠᠭᠤᠯᠢ ᠡᠬᠢᠯᠡᠬᠦ ᠠᠵᠢᠯ᠎ᠤᠨ ᠲᠥᠰᠦᠯ ᠪᠣᠯᠤᠨ ᠪᠠᠴᠢᠮ ᠪᠠᠶ᠋ᠢᠳᠠᠯ᠎ᠢ ᠠᠷᠭ᠋ᠠᠴᠠᠬᠤ ᠪᠡᠯᠡᠳᠬᠡᠯ ᠲᠥᠰᠦᠯ᠎ᠳᠤ᠎ᠪᠠᠨ ᠵᠠᠰᠠᠪᠤᠷᠢ ᠣᠷᠣᠭᠤᠯᠤᠨ ᠲᠡᠭᠦᠯᠳᠡᠷᠵᠢᠭᠦᠯᠵᠦ᠂ ᠪᠠᠴᠢᠮ ᠪᠠᠶ᠋ᠢᠳᠠᠯ᠎ᠢ ᠠᠷᠭ᠋ᠠᠴᠠᠬᠤ ᠰᠣᠷᠢᠯᠲᠠ ᠵᠢ ᠥᠷᠨᠢᠭᠦᠯᠵᠦ᠂ ᠡᠷᠡᠭᠦᠯ ᠮᠡᠨᠳᠦ ᠵᠢᠨ ᠬᠥᠮᠦᠵᠢᠯ ᠪᠣᠯᠤᠨ ᠤᠬᠠᠭᠤᠯᠭ᠎ᠠ᠎ᠪᠠᠨ ᠴᠢᠩᠭ᠋ᠠᠳᠬᠠᠬᠤ ᠬᠡᠷᠡᠭᠲᠡᠶ᠃ ᠰᠤᠷᠭ᠋ᠠᠭᠤᠯᠢ ᠵᠢᠨ ᠬᠦᠷᠢᠶᠡᠨ᠎ᠤ ᠣᠷᠴᠢᠨ ᠲᠣᠭᠣᠷᠢᠨ᠎ᠤ ᠡᠷᠡᠭᠦᠯ ᠬᠠᠮᠠᠭ᠋ᠠᠯᠠᠯ᠎ᠢ ᠴᠡᠭᠴᠡᠯᠡᠨ ᠵᠠᠰᠠᠬᠤ ᠠᠵᠢᠯ᠎ᠢ ᠰᠠᠶ᠋ᠢᠲᠤᠷ ᠬᠢᠵᠦ᠂ ᠬᠢᠴᠢᠶᠡᠯ᠎ᠤᠨ ᠭᠡᠷ᠂ ᠪᠠᠶ᠋ᠢᠷᠢ ᠵᠢᠨ ᠭᠡᠷ ᠵᠡᠷᠭᠡ ᠭᠣᠣᠯᠳᠠᠯᠭ᠋ᠠᠲᠠᠢ ᠪᠠᠢ᠌ᠷᠢ ᠲᠠᠯᠠᠪᠤᠷ᠎ᠢ ᠠᠷᠢᠭᠤᠳᠬᠠᠨ᠎ᠠ᠃ ᠸᠠᠺᠼᠢᠨ᠎ᠤ ᠲᠠᠷᠢᠯᠭ᠎ᠠ ᠪᠠ ᠬᠠᠷᠢᠶᠠᠲᠤ ᠣᠷᠣᠨ᠎ᠲᠠᠢ ᠬᠠᠮᠵᠢᠯᠴᠠᠨ ᠭᠣᠣᠯᠳᠠᠯᠭ᠋ᠠᠲᠠᠢ ᠬᠥᠮᠦᠰ᠎ᠲᠤ ᠪᠥᠭᠡᠮ ᠬᠦᠴᠢᠯ᠎ᠤᠨ ᠪᠠᠶ᠋ᠢᠴᠠᠭ᠋ᠠᠯᠲᠠ ᠵᠢᠨ ᠠᠵᠢᠯ᠎ᠢ ᠰᠠᠶ᠋ᠢᠲᠤᠷ ᠬᠢᠨ᠎ᠠ᠃ ᠪᠠᠭᠰᠢ ᠰᠤᠷᠤᠭᠴᠢᠳ᠎ᠤᠨ 14 ᠡᠳᠦᠷ᠎ᠤᠨ ᠡᠷᠡᠭᠦᠯ ᠮᠡᠨᠳᠦ ᠵᠢᠨ ᠪᠠᠢ᠌ᠴᠠᠭ᠋ᠠᠯᠲᠠ ᠵᠢᠴᠢ ᠶᠠᠪᠤᠵᠤ ᠰᠠᠭᠤᠭᠰᠠᠨ ᠮᠡᠳᠡᠭᠡ ᠵᠠᠩᠭᠢ ᠵᠢᠨ ᠮᠡᠳᠡᠭᠦᠯᠦᠯᠲᠡ ᠵᠢᠨ ᠲᠦᠷᠢᠮ᠎ᠢ ᠨᠠᠶ᠋ᠢᠳᠠᠪᠤᠷᠢᠵᠢᠭᠤᠯᠤᠨ᠎ᠠ᠃
ᠲᠦᠩᠯᠢᠶᠣᠤ ᠬᠣᠲᠠ
ᠳᠡᠭᠡᠳᠦ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠨᠢᠭᠡᠳᠦᠭᠡᠷ ᠣᠨ᠂ ᠠᠩᠬ᠎ᠠ ᠵᠡᠷᠭᠡ ᠵᠢᠨ ᠳᠤᠮᠳᠠᠳᠤ ᠰᠤᠷᠭ᠋ᠠᠭᠤᠯᠢ᠂ ᠪᠠᠭ᠎ᠠ ᠰᠤᠷᠭ᠋ᠠᠭᠤᠯᠢ᠂ ᠬᠡᠦᠬᠡᠳ᠎ᠤᠨ ᠴᠡᠴᠡᠷᠯᠢᠭ 2 ᠰᠠᠷ᠎ᠠ ᠵᠢᠨ 28᠎ᠤ ᠡᠳᠦᠷ ᠰᠤᠷᠭ᠋ᠠᠭᠤᠯᠢ ᠡᠬᠢᠯᠡᠬᠦ᠎ᠪᠠᠷ ᠲᠥᠯᠥᠪᠯᠡᠵᠦ ᠪᠣᠢ᠃
ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠱᠠᠭ᠋ᠠᠷᠳᠠᠯᠭ᠎ᠠ᠄ ᠡᠯ᠎ᠡ ᠱᠠᠲᠤᠨ᠎ᠤ ᠡᠯ᠎ᠡ ᠲᠥᠷᠥᠯ᠎ᠤᠨ ᠰᠤᠷᠭ᠋ᠠᠭᠤᠯᠢ ᠰᠤᠷᠭ᠋ᠠᠭᠤᠯᠢ ᠡᠬᠢᠯᠡᠬᠦ᠎ᠠᠴᠠ ᠡᠮᠦᠨᠡᠬᠢ ᠪᠡᠯᠡᠳᠭᠡᠯ ᠠᠵᠢᠯ᠂ ᠡᠷᠡᠭᠦᠯ ᠮᠡᠨᠳᠦ ᠵᠢᠨ ᠪᠠᠶ᠋ᠢᠴᠠᠭ᠋ᠠᠯᠲᠠ᠂ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ᠂ ᠡᠳ᠋ ᠪᠣᠳᠠᠰ ᠨᠥᠭᠡᠴᠡᠯᠡᠬᠦ᠂ ᠰᠤᠷᠭ᠋ᠠᠭᠤᠯᠢ᠎ᠳᠤ᠎ᠪᠠᠨ ᠪᠤᠴᠠᠬᠤ ᠪᠠ ᠪᠠᠴᠢᠮ ᠪᠠᠶ᠋ᠢᠳᠠᠯ᠎ᠢ ᠠᠷᠭ᠋ᠠᠴᠠᠬᠤ ᠵᠡᠷᠭᠡ ᠡᠯ᠎ᠡ ᠵᠦᠢ᠍ᠯ᠎ᠤᠨ ᠠᠵᠢᠯ᠎ᠢ ᠰᠠᠶ᠋ᠢᠲᠤᠷ ᠬᠢᠬᠦ ᠬᠡᠷᠡᠭᠲᠡᠶ᠃ ᠰᠤᠷᠭ᠋ᠠᠭᠤᠯᠢ ᠡᠬᠢᠯᠡᠭᠰᠡᠨ ᠲᠤᠬᠠᠶ ᠵᠢᠨ ᠡᠳᠦᠷ᠎ᠤᠨ ᠠᠵᠢᠯ᠎ᠢ ᠰᠠᠶ᠋ᠢᠲᠤᠷ ᠬᠢᠵᠦ᠂ ᠰᠤᠷᠭ᠋ᠠᠭᠤᠯᠢ᠎ᠳᠤ᠎ᠪᠠᠨ ᠪᠤᠴᠠᠭᠰᠠᠨ ᠪᠠᠭᠰᠢ ᠰᠤᠷᠤᠭᠴᠢᠳ᠎ᠤᠨ 14 ᠡᠳᠦᠷ᠎ᠤᠨ ᠳᠣᠲᠤᠷᠠᠬᠢ ᠪᠡᠶ᠎ᠡ ᠮᠠᠬᠠᠪᠣᠳ᠎ᠤᠨ ᠡᠷᠡᠭᠦᠯ ᠮᠡᠨᠳᠦ ᠵᠢᠨ ᠬᠦᠰᠦᠨᠦᠭᠲᠦ ᠵᠢ ᠪᠠᠶ᠋ᠢᠴᠠᠭ᠋ᠠᠨ ᠰᠢᠯᠭ᠋ᠠᠵᠤ᠂ ᠣᠨ᠂ ᠠᠩᠭᠢ᠎ᠪᠠᠷ ᠣᠷᠭᠢᠯ ᠵᠥᠷᠢᠭᠦᠯᠦᠨ ᠰᠤᠷᠭ᠋ᠠᠭᠤᠯᠢᠲᠤᠪᠠᠨ ᠪᠤᠴᠠᠨ᠎ᠠ᠃ ᠰᠤᠷᠭ᠋ᠠᠭᠤᠯᠢ ᠡᠬᠢᠯᠡᠭᠰᠡᠨ᠎ᠤ ᠳᠠᠷᠠᠭ᠋ᠠᠬᠢ ᠠᠵᠢᠯ᠎ᠢ ᠰᠠᠶ᠋ᠢᠲᠤᠷ ᠬᠢᠵᠦ᠂ ᠪᠠᠭᠰᠢ ᠰᠤᠷᠤᠭᠴᠢᠳ᠎ᠤᠨ ᠡᠷᠡᠭᠦᠯ ᠮᠡᠨᠳᠦ ᠵᠢᠨ ᠪᠠᠶ᠋ᠢᠳᠠᠯ᠎ᠢ ᠨᠠᠷᠢᠨ ᠨᠢᠭᠲᠠ ᠬᠢᠨᠠᠨ ᠪᠠᠢ᠌ᠴᠠᠭ᠋ᠠᠵᠤ᠂ ᠪᠠᠭᠰᠢ ᠰᠤᠷᠤᠭᠴᠢᠳ᠎ᠤᠨ ᠪᠡᠶ᠎ᠡ ᠵᠢᠨ ᠬᠠᠯᠠᠭᠤᠨ᠎ᠢ ᠡᠳᠦᠷ ᠪᠦᠷᠢ 2 ᠤᠳᠠᠭ᠎ᠠ ᠬᠡᠮᠵᠢᠵᠦ᠂ ᠪᠠᠭᠰᠢ ᠰᠤᠷᠤᠭᠴᠢᠳ᠎ᠤᠨ ᠡᠷᠡᠭᠦᠯ ᠮᠡᠨᠳᠦ ᠵᠢᠨ ᠪᠠᠶ᠋ᠢᠳᠠᠯ᠎ᠢ 《ᠡᠳᠦᠷ ᠪᠦᠷᠢ ᠮᠡᠳᠡᠭᠦᠯᠬᠦ》 ᠳᠦᠷᠢᠮ᠎ᠢ ᠪᠠᠷᠢᠮᠲᠠᠯᠠᠨ᠂ ᠪᠢᠲᠡᠭᠦᠮᠵᠢᠯᠡᠨ ᠬᠠᠮᠢᠶᠠᠷᠬᠤ ᠵᠢ ᠴᠢᠩᠭ᠎ᠠ ᠬᠡᠷᠡᠭᠵᠢᠭᠦᠯᠦᠨ᠎ᠡ᠃
ᠤᠯᠠᠭ᠋ᠠᠨᠬᠠᠳᠠ ᠬᠣᠲᠠ
ᠳᠡᠭᠡᠳᠦ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠨᠢᠭᠡᠳᠦᠭᠡᠷ ᠣᠨ᠂ ᠳᠡᠭᠡᠳᠦ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠬᠣᠶᠠᠳᠤᠭ᠋ᠠᠷ ᠣᠨ 2 ᠰᠠᠷ᠎ᠠ ᠵᠢᠨ 21᠎ᠤ ᠡᠳᠦᠷ ᠰᠤᠷᠭ᠋ᠠᠭᠤᠯᠢ ᠡᠬᠢᠯᠡᠬᠦ᠎ᠪᠠᠷ ᠲᠥᠯᠥᠪᠯᠡᠵᠦ ᠪᠣᠢ᠃ ᠠᠩᠬ᠎ᠠ ᠵᠡᠷᠭᠡ ᠵᠢᠨ ᠳᠤᠮᠳᠠᠳᠤ ᠰᠤᠷᠭ᠋ᠠᠭᠤᠯᠢ᠂ ᠪᠠᠭ᠎ᠠ ᠰᠤᠷᠭ᠋ᠠᠭᠤᠯᠢ᠂ ᠬᠡᠦᠬᠡᠳ᠎ᠤᠨ ᠴᠡᠴᠡᠷᠯᠢᠭ 3 ᠰᠠᠷ᠎ᠠ ᠵᠢᠨ 1᠎ᠤ ᠡᠳᠦᠷ ᠰᠤᠷᠭ᠋ᠠᠭᠤᠯᠢ ᠡᠬᠢᠯᠡᠬᠦ᠎ᠪᠠᠷ ᠲᠥᠯᠥᠪᠯᠡᠵᠦ ᠪᠣᠢ᠃
ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠱᠠᠭ᠋ᠠᠷᠳᠠᠯᠭ᠎ᠠ᠄ ᠡᠯ᠎ᠡ ᠱᠠᠲᠤᠨ᠎ᠤ ᠡᠯ᠎ᠡ ᠲᠥᠷᠥᠯ᠎ᠤᠨ ᠰᠤᠷᠭ᠋ᠠᠭᠤᠯᠢ ᠪᠠᠭᠰᠢ ᠰᠤᠷᠤᠭᠴᠢᠳ᠎ᠤᠨ ᠡᠷᠡᠭᠦᠯ ᠮᠡᠨᠳᠦ ᠵᠢᠨ ᠬᠢᠨᠠᠨ ᠪᠠᠢ᠌ᠴᠠᠭ᠋ᠠᠯᠲᠠ ᠵᠢᠴᠢ ᠶᠠᠪᠤᠵᠤ ᠰᠠᠭᠤᠭᠰᠠᠨ ᠮᠡᠳᠡᠭᠡ ᠵᠠᠩᠭᠢ ᠵᠢᠨ ᠲᠠᠩᠰᠠ ᠡᠪᠬᠡᠮᠡᠯ ᠪᠠᠶ᠋ᠢᠭᠤᠯᠬᠤ ᠬᠡᠷᠡᠭᠲᠡᠶ᠃ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠪᠡᠯᠡᠳᠬᠡᠯ ᠠᠵᠢᠯ᠎ᠢ ᠰᠠᠶ᠋ᠢᠲᠤᠷ ᠬᠢᠵᠦ᠂ ᠪᠠᠴᠢᠮ ᠪᠠᠶ᠋ᠢᠳᠠᠯ᠎ᠢ ᠠᠷᠭ᠋ᠠᠴᠠᠨ ᠰᠢᠢ᠍ᠳᠪᠦᠷᠢᠯᠡᠬᠦ ᠰᠣᠷᠢᠯᠲᠠ ᠵᠢ ᠴᠢᠩᠭ᠋ᠠᠳᠬᠠᠬᠤ ᠬᠡᠷᠡᠭᠲᠡᠢ᠃ ᠰᠤᠷᠭ᠋ᠠᠭᠤᠯᠢ ᠵᠢᠨ ᠭᠣᠣᠯᠳᠠᠯᠭ᠋ᠠᠲᠠᠢ ᠣᠷᠣᠨ ᠪᠦᠰᠡ ᠪᠣᠯᠤᠨ ᠣᠯᠠᠨ ᠨᠡᠶ᠋ᠢᠲᠡ ᠵᠢᠨ ᠲᠠᠯᠠᠪᠤᠷ᠎ᠤᠨ ᠣᠷᠴᠢᠨ ᠲᠣᠭᠣᠷᠢᠨ᠎ᠤ ᠠᠷᠢᠭᠤᠨ ᠴᠡᠪᠡᠷ᠎ᠢ ᠲᠤᠶ᠋ᠢᠯᠪᠤᠷᠢᠲᠠᠶ ᠠᠷᠢᠭᠤᠳᠬᠠᠨ᠎ᠠ᠃ ᠭᠣᠣᠯᠳᠠᠯᠭ᠋ᠠᠲᠠᠢ ᠬᠥᠮᠦᠰ᠎ᠤᠨ ᠪᠥᠭᠡᠮ ᠬᠦᠴᠢᠯ᠎ᠤᠨ ᠪᠠᠢ᠌ᠴᠠᠭ᠋ᠠᠯᠲᠠ ᠵᠢ ᠥᠷᠨᠢᠭᠦᠯᠦᠨ᠎ᠡ᠃ ᠪᠠᠭᠰᠢ ᠰᠤᠷᠤᠭᠴᠢᠳ᠎ᠤᠨ ᠸᠠᠺᠼᠢᠨ᠎ᠤ ᠲᠠᠷᠢᠯᠭ᠎ᠠ ᠬᠢᠬᠦ ᠵᠢ ᠢᠳᠡᠪᠬᠢᠲᠡᠶ᠎ᠪᠠᠷ ᠲᠦᠯᠬᠢᠨ ᠠᠬᠢᠭᠤᠯᠤᠨ᠎ᠠ᠃ ᠪᠠᠭᠰᠢ ᠰᠤᠷᠤᠭᠴᠢᠳ᠎ᠤᠨ 14 ᠡᠳᠦᠷ᠎ᠤᠨ ᠡᠷᠡᠭᠦᠯ ᠮᠡᠨᠳᠦ ᠵᠢᠨ ᠪᠠᠢ᠌ᠴᠠᠭ᠋ᠠᠯᠲᠠ ᠵᠢᠴᠢ ᠶᠠᠪᠤᠵᠤ ᠰᠠᠭᠤᠭᠰᠠᠨ ᠮᠡᠳᠡᠭᠡ ᠵᠠᠩᠭᠢ ᠵᠢᠨ ᠮᠡᠳᠡᠭᠦᠯᠦᠯᠲᠡ ᠵᠢᠨ ᠲᠦᠷᠢᠮ᠎ᠢ ᠨᠠᠶ᠋ᠢᠳᠠᠪᠤᠷᠢᠵᠢᠭᠤᠯᠤᠨ᠎ᠠ᠃
ᠰᠢᠯᠢ ᠵᠢᠨ ᠭᠤᠤᠯ ᠠᠶ᠋ᠢᠮᠠᠭ
ᠳᠡᠭᠡᠳᠦ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠨᠢᠭᠡᠳᠦᠭᠡᠷ ᠣᠨ᠂ ᠠᠩᠬ᠎ᠠ ᠵᠡᠷᠭᠡ ᠵᠢᠨ ᠳᠤᠮᠳᠠᠳᠤ ᠰᠤᠷᠭ᠋ᠠᠭᠤᠯᠢ᠂ ᠪᠠᠭ᠎ᠠ ᠰᠤᠷᠭ᠋ᠠᠭᠤᠯᠢ᠂ ᠬᠡᠦᠬᠡᠳ᠎ᠤᠨ ᠴᠡᠴᠡᠷᠯᠢᠭ 2 ᠰᠠᠷ᠎ᠠ ᠵᠢᠨ 28᠎ᠤ ᠡᠳᠦᠷ ᠰᠤᠷᠭ᠋ᠠᠭᠤᠯᠢ ᠡᠬᠢᠯᠡᠬᠦ᠎ᠪᠠᠷ ᠲᠥᠯᠥᠪᠯᠡᠵᠦ ᠪᠣᠢ᠃
ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠱᠠᠭ᠋ᠠᠷᠳᠠᠯᠭ᠎ᠠ᠄ ᠳᠤᠮᠳᠠ ᠥᠨᠳᠥᠷ ᠲᠦᠭᠰᠢᠭᠦᠷᠢᠲᠦ ᠭᠠᠵᠠᠷ ᠣᠷᠣᠨ᠎ᠠᠴᠠ ᠰᠢᠯᠢ ᠵᠢᠨ ᠭᠤᠤᠯ ᠠᠶ᠋ᠢᠮᠠᠭ᠎ᠲᠤ ᠪᠤᠴᠠᠬᠤ᠎ᠳᠤ ᠴᠥᠮ 48 ᠴᠠᠭ᠎ᠤᠨ ᠳᠣᠲᠣᠷᠠᠬᠢ ᠪᠥᠭᠡᠮ ᠬᠦᠴᠢᠯ᠎ᠤᠨ ᠪᠠᠶ᠋ᠢᠴᠠᠭ᠋ᠠᠯᠲᠠ ᠵᠢᠨ ᠪᠢᠯᠢᠭ ᠴᠢᠨᠠᠷ᠎ᠤᠨ ᠭᠡᠷᠡᠴᠢ ᠪᠠᠶ᠋ᠢᠬᠤ ᠬᠡᠷᠡᠭᠲᠡᠶ᠃ ᠬᠤᠪᠢ ᠬᠥᠮᠦᠨ᠎ᠤ ᠬᠠᠮᠠᠭ᠋ᠠᠯᠠᠯᠲᠠ᠎ᠪᠠᠨ ᠰᠠᠶ᠋ᠢᠲᠤᠷ ᠬᠢᠬᠦ ᠵᠢ ᠠᠩᠬᠠᠷᠴᠤ᠂ 1 ᠮᠧᠲᠷ᠎ᠠᠴᠠ ᠳᠡᠭᠡᠭᠰᠢᠬᠢ ᠨᠡᠶ᠋ᠢᠭᠡᠮ᠎ᠤᠨ ᠬᠠᠷᠢᠯᠴᠠᠭ᠋ᠠᠨ᠎ᠤ ᠵᠠᠶ ᠵᠢ ᠪᠠᠲᠤᠯᠠᠬᠤ ᠵᠢ ᠠᠩᠬᠠᠷᠬᠤ ᠬᠡᠷᠡᠭᠲᠡᠶ᠃ ᠬᠤᠪᠢ ᠬᠥᠮᠦᠨ᠎ᠤ ᠰᠡᠷᠭᠡᠶ᠋ᠢᠯᠡᠨ ᠡᠵᠡᠮᠳᠡᠬᠦ ᠬᠠᠷᠢᠭᠤᠴᠠᠯᠭ᠎ᠠ ᠵᠢ ᠨᠠᠶ᠋ᠢᠳᠠᠪᠤᠷᠢᠵᠢᠭᠤᠯᠤᠨ᠎ᠠ᠃ ᠪᠠᠭᠰᠢ ᠰᠤᠷᠤᠭᠴᠢᠳ᠎ᠤᠨ 14 ᠡᠳᠦᠷ᠎ᠤᠨ ᠡᠷᠡᠭᠦᠯ ᠮᠡᠨᠳᠦ ᠵᠢᠨ ᠪᠠᠢ᠌ᠴᠠᠭ᠋ᠠᠯᠲᠠ ᠵᠢᠴᠢ ᠶᠠᠪᠤᠵᠤ ᠰᠠᠭᠤᠭᠰᠠᠨ ᠮᠡᠳᠡᠭᠡ ᠵᠠᠩᠭᠢ ᠵᠢᠨ ᠮᠡᠳᠡᠭᠦᠯᠦᠯᠲᠡ ᠵᠢᠨ ᠲᠦᠷᠢᠮ᠎ᠢ ᠨᠠᠶ᠋ᠢᠳᠠᠪᠤᠷᠢᠵᠢᠭᠤᠯᠤᠨ᠎ᠠ᠃
ᠤᠯᠠᠭ᠋ᠠᠨᠴᠠᠪ ᠬᠤᠳᠠ
ᠳᠡᠭᠡᠳᠦ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠨᠢᠭᠡᠳᠦᠭᠡᠷ ᠣᠨ᠂ ᠠᠩᠬ᠎ᠠ ᠵᠡᠷᠭᠡ ᠵᠢᠨ ᠳᠤᠮᠳᠠᠳᠤ ᠰᠤᠷᠭ᠋ᠠᠭᠤᠯᠢ᠂ ᠪᠠᠭ᠎ᠠ ᠰᠤᠷᠭ᠋ᠠᠭᠤᠯᠢ᠂ ᠬᠡᠦᠬᠡᠳ᠎ᠤᠨ ᠴᠡᠴᠡᠷᠯᠢᠭ 3 ᠰᠠᠷ᠎ᠠ ᠵᠢᠨ 1᠎ᠤ ᠡᠳᠦᠷ ᠰᠤᠷᠭ᠋ᠠᠭᠤᠯᠢ ᠡᠬᠢᠯᠡᠬᠦ᠎ᠪᠠᠷ ᠲᠥᠯᠥᠪᠯᠡᠵᠦ ᠪᠤᠢ᠃
ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠱᠠᠭ᠋ᠠᠷᠳᠠᠯᠭ᠎ᠠ᠄ ᠡᠯ᠎ᠡ ᠬᠣᠰᠢᠭᠤ ᠰᠢᠶᠠᠨ ᠲᠣᠭᠣᠷᠢᠭ᠎ᠤᠨ᠎ᠬᠢᠨ ᠬᠠᠷᠢᠶ᠎ᠠ ᠭᠠᠵᠠᠷ᠂ ᠰᠠᠯᠠᠭ᠎ᠠ ᠮᠥᠴᠢᠷ᠂ ᠰᠤᠷᠭ᠋ᠠᠭᠤᠯᠢ᠂ ᠬᠡᠷ ᠪᠦᠯᠢ ᠪᠣᠯᠤᠨ ᠬᠤᠪᠢ ᠬᠥᠮᠦᠨ᠎ᠤ ᠬᠠᠷᠢᠭᠤᠴᠠᠯᠭ᠎ᠠ ᠵᠢ ᠴᠢᠩᠭ᠎ᠠ ᠨᠠᠶ᠋ᠢᠳᠠᠪᠤᠷᠢᠵᠢᠭᠤᠯᠵᠤ᠂ 《ᠬᠣᠶᠠᠷ ᠬᠡᠷᠡᠭ ᠶᠢᠰᠦᠨ ᠲᠦᠷᠢᠮ》᠎ᠢ ᠴᠢᠩᠭ᠎ᠠ ᠨᠠᠶ᠋ᠢᠳᠠᠪᠤᠷᠢᠵᠢᠭᠤᠯᠬᠤ ᠬᠡᠷᠡᠭᠲᠡᠶ᠃ ᠬᠣᠯᠪᠣᠭ᠋ᠠᠯᠠᠨ ᠬᠥᠳᠡᠯᠦᠯᠴᠡᠬᠦ ᠵᠢ ᠴᠢᠩᠭ᠋ᠠᠳᠬᠠᠵᠤ᠂ ᠢᠳᠡᠪᠬᠢᠲᠡᠶ ᠵᠢᠭ᠋ᠠᠨ ᠵᠢᠯᠣᠭᠣᠳᠴᠤ᠂ ᠰᠤᠷᠭ᠋ᠠᠭᠤᠯᠢ ᠬᠢᠭᠡᠳ ᠡᠪᠡᠳᠴᠢᠨ ᠡᠮᠭᠡᠭ᠎ᠢ ᠰᠡᠷᠭᠡᠶ᠋ᠢᠯᠡᠨ ᠡᠵᠡᠮᠳᠡᠬᠦ ᠪᠠᠶ᠋ᠢᠭᠤᠯᠤᠮᠵᠢ᠂ ᠣᠶ᠋ᠢᠷ᠎ᠠ ᠬᠠᠪᠢ ᠵᠢᠨ ᠲᠣᠭᠲᠠᠭᠰᠠᠨ ᠡᠮᠴᠢᠯᠡᠭᠡᠨ᠎ᠤ ᠪᠠᠶ᠋ᠢᠭᠤᠯᠤᠮᠵᠢ᠂ ᠨᠡᠶ᠋ᠢᠭᠡᠮ ᠲᠣᠭᠣᠷᠢᠭ᠎ᠤᠨ ᠡᠷᠡᠭᠦᠯ ᠬᠠᠮᠠᠭ᠋ᠠᠯᠠᠯ᠎ᠤᠨ ᠦᠢ᠍ᠯᠡᠴᠢᠯᠡᠭᠡᠨ᠎ᠤ ᠲᠥᠪ᠎ᠲᠠᠢ ᠨᠡᠪᠲᠡᠷᠡᠨ ᠵᠣᠬᠢᠴᠠᠭᠤᠯᠬᠤ ᠵᠢ ᠠᠬᠢᠭᠤᠯᠵᠤ᠂ ᠬᠣᠯᠪᠣᠭ᠋ᠠᠯᠠᠨ ᠰᠡᠷᠭᠡᠶ᠋ᠢᠯᠡᠵᠦ ᠬᠣᠯᠪᠣᠭ᠋ᠠᠯᠠᠨ ᠡᠵᠡᠮᠳᠡᠬᠦ ᠵᠢ ᠢᠳᠡᠪᠬᠢᠲᠡᠶ ᠥᠷᠨᠢᠭᠦᠯᠦᠨ᠎ᠡ᠃ ᠬᠦᠢ᠍ᠲᠡᠨ ᠬᠡᠯᠬᠢᠶᠡᠲᠦ ᠢᠳᠡᠭᠡᠨ᠎ᠤ ᠪᠣᠭᠣᠳᠠᠯ᠂ ᠰᠢᠦᠳᠠᠨ᠎ᠤ ᠲᠦᠷᠭᠡᠨ ᠬᠦᠷᠭᠡᠯᠲᠡ ᠪᠣᠭᠣᠳᠠᠯ᠎ᠳᠤ ᠰᠡᠷᠭᠡᠶ᠋ᠢᠯᠡᠬᠦ ᠴᠢᠨᠠᠷᠲᠠᠶ ᠠᠷᠢᠭᠤᠳᠬᠠᠯ ᠬᠢᠬᠦ ᠵᠢ ᠴᠢᠩᠭ᠋ᠠᠳᠬᠠᠨ᠎ᠠ᠃ ᠡᠯ᠎ᠡ ᠱᠠᠲᠤᠨ᠎ᠤ ᠡᠯ᠎ᠡ ᠲᠥᠷᠥᠯ᠎ᠤᠨ ᠰᠤᠷᠭ᠋ᠠᠭᠤᠯᠢ ᠠᠯᠪᠠᠨ ᠲᠠᠯ᠎ᠠ ᠵᠢᠨ ᠸᠢᠴᠠᠲ᠎ᠤᠨ ᠣᠯᠠᠨ ᠨᠡᠶ᠋ᠢᠲᠡ ᠵᠢᠨ ᠳ᠋ᠤᠭ᠋ᠠᠷ᠂ ᠠᠩᠭᠢ ᠵᠢᠨ ᠸᠢᠴᠠᠲ᠎ᠤᠨ ᠬᠣᠯᠪᠣᠭ᠎ᠠ᠂ ᠤᠲᠠᠰᠤ ᠵᠡᠷᠭᠡ ᠠᠷᠭ᠎ᠠ ᠮᠠᠶᠢᠭ᠎ᠢ ᠠᠰᠢᠭᠯᠠᠨ ᠠᠩᠬᠠᠷᠬᠤ ᠵᠦᠢ᠍ᠯ᠎ᠢ ᠰᠣᠷᠣᠭᠴᠢ ᠪᠤᠶᠤ ᠬᠡᠷ᠎ᠤᠨ ᠠᠬᠠᠮᠠᠳ ᠨᠢᠭᠡ ᠪᠦᠷᠢ᠎ᠳᠤ ᠮᠡᠳᠡᠭᠳᠡᠬᠦ ᠬᠡᠷᠡᠭᠲᠡᠶ ᠭᠡᠵᠦ ᠱᠠᠭ᠋ᠠᠷᠳᠠᠪᠠ᠃ ᠪᠠᠭᠰᠢ ᠰᠤᠷᠤᠭᠴᠢᠳ᠎ᠤᠨ14 ᠡᠳᠦᠷ᠎ᠤᠨ ᠡᠷᠡᠭᠦᠯ ᠮᠡᠨᠳᠦ ᠵᠢᠨ ᠪᠠᠢ᠌ᠴᠠᠭ᠋ᠠᠯᠲᠠ ᠵᠢᠴᠢ ᠶᠠᠪᠤᠵᠤ ᠰᠠᠭᠤᠭᠰᠠᠨ ᠮᠡᠳᠡᠭᠡ ᠵᠠᠩᠭᠢ ᠵᠢᠨ ᠮᠡᠳᠡᠭᠦᠯᠦᠯᠲᠡ ᠵᠢᠨ ᠲᠦᠷᠢᠮ᠎ᠢ ᠨᠠᠶ᠋ᠢᠳᠠᠪᠤᠷᠢᠵᠢᠭᠤᠯᠤᠨ᠎ᠠ᠃
ᠣᠷᠳᠣᠰ ᠬᠣᠲᠠ
ᠳᠡᠭᠡᠳᠦ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠨᠢᠭᠡᠳᠦᠭᠡᠷ ᠣᠨ᠂ ᠳᠡᠭᠡᠳᠦ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠬᠣᠶᠠᠳᠤᠭ᠋ᠠᠷ ᠣᠨ 2 ᠰᠠᠷ᠎ᠠ ᠵᠢᠨ 21᠎ᠤ ᠡᠳᠦᠷ ᠰᠤᠷᠭ᠋ᠠᠭᠤᠯᠢ ᠡᠬᠢᠯᠡᠬᠦ᠎ᠪᠠᠷ ᠲᠥᠯᠥᠪᠯᠡᠵᠦ ᠪᠣᠢ᠃ ᠠᠩᠬ᠎ᠠ ᠵᠡᠷᠭᠡ ᠵᠢᠨ ᠳᠤᠮᠳᠠᠳᠤ ᠰᠤᠷᠭ᠋ᠠᠭᠤᠯᠢ᠂ ᠪᠠᠭ᠎ᠠ ᠰᠤᠷᠭ᠋ᠠᠭᠤᠯᠢ᠂ ᠬᠡᠦᠬᠡᠳ᠎ᠤᠨ ᠴᠡᠴᠡᠷᠯᠢᠭ 2 ᠰᠠᠷ᠎ᠠ ᠵᠢᠨ 28᠎ᠤ ᠡᠳᠦᠷ ᠰᠤᠷᠭ᠋ᠠᠭᠤᠯᠢ ᠡᠬᠢᠯᠡᠬᠦ᠎ᠪᠠᠷ ᠲᠥᠯᠥᠪᠯᠡᠵᠦ ᠪᠣᠢ᠃
ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠱᠠᠭ᠋ᠠᠷᠳᠠᠯᠭ᠎ᠠ᠄ ᠡᠯ᠎ᠡ ᠱᠠᠲᠤᠨ᠎ᠤ ᠡᠯ᠎ᠡ ᠲᠥᠷᠥᠯ᠎ᠤᠨ ᠰᠤᠷᠭ᠋ᠠᠭᠤᠯᠢ ᠰᠤᠷᠭ᠋ᠠᠭᠤᠯᠢ ᠡᠬᠢᠯᠡᠬᠦ ᠪᠡᠯᠡᠳᠬᠡᠯ ᠲᠥᠰᠦᠯ᠎ᠢ ᠤᠷᠢᠳᠴᠢᠯᠠᠨ ᠰᠠᠶ᠋ᠢᠲᠤᠷ ᠬᠢᠬᠦ ᠵᠢᠨ ᠬᠠᠮᠲᠤ ᠰᠣᠷᠢᠯᠲᠠ ᠬᠢᠵᠦ᠂ 《ᠬᠣᠶᠠᠷ ᠲᠥᠰᠦᠪ ᠬᠣᠶᠠᠷ ᠵᠢᠷᠤᠭ ᠨᠠᠢ᠍ᠮᠠᠨ ᠲᠦᠷᠢᠮ》 ᠪᠣᠯᠤᠨ ᠡᠯ᠎ᠡ ᠵᠦᠢ᠍ᠯ᠎ᠤᠨ ᠰᠡᠷᠭᠡᠶ᠋ᠢᠯᠡᠨ ᠡᠵᠡᠮᠳᠡᠬᠦ ᠠᠷᠭ᠎ᠠ ᠬᠡᠮᠵᠢᠶ᠎ᠡ ᠵᠢ ᠨᠠᠶ᠋ᠢᠳᠠᠪᠤᠷᠢᠵᠢᠭᠤᠯᠬᠤ ᠬᠡᠷᠡᠭᠲᠡᠶ᠃ ᠰᠤᠷᠭ᠋ᠠᠭᠤᠯᠢ ᠵᠢᠨ ᠬᠦᠷᠢᠶᠡᠨ᠎ᠤ ᠭᠣᠣᠯᠳᠠᠯᠭ᠋ᠠᠲᠠᠢ ᠪᠠᠢ᠌ᠷᠢ ᠲᠠᠯᠠᠪᠤᠷ᠎ᠢ ᠠᠷᠢᠭᠤᠳᠬᠠᠬᠤ᠂ ᠰᠠᠯᠬᠢ ᠨᠡᠪᠲᠡᠷᠡᠭᠦᠯᠬᠦ ᠵᠢᠴᠢ ᠴᠡᠪᠡᠷᠯᠡᠬᠦ ᠬᠡᠷᠡᠭᠲᠡᠶ᠃ ᠰᠤᠷᠭ᠋ᠠᠭᠤᠯᠢ (ᠬᠡᠦᠬᠡᠳ᠎ᠤᠨ ᠴᠡᠴᠡᠷᠯᠢᠭ) ᠵᠢᠨ ᠬᠠᠷᠢᠭᠤᠴᠠᠯᠭ᠋ᠠᠲᠠᠨ ᠪᠣᠯᠤᠨ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠭᠤᠤᠯᠯᠠᠭᠴᠢ ᠬᠥᠮᠦᠰ᠎ᠢ ᠤᠷᠢᠳᠴᠢᠯᠠᠨ ᠪᠣᠯᠪᠠᠰᠤᠷᠠᠭᠤᠯᠵᠤ᠂ ᠰᠤᠷᠭ᠋ᠠᠭᠤᠯᠢ ᠵᠢᠨ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠴᠢᠳᠠᠪᠤᠷᠢ ᠪᠣᠯᠤᠨ ᠬᠢᠷᠢ ᠲᠦᠪᠰᠢᠨ᠎ᠢ ᠳᠡᠭᠡᠭᠰᠢᠯᠡᠭᠦᠯᠬᠦ ᠬᠡᠷᠡᠭᠲᠡᠶ᠃ ᠪᠠᠭᠰᠢ ᠰᠤᠷᠤᠭᠴᠢᠳ᠎ᠤᠨ 14 ᠡᠳᠦᠷ᠎ᠤᠨ ᠡᠷᠡᠭᠦᠯ ᠮᠡᠨᠳᠦ ᠵᠢᠨ ᠪᠠᠢ᠌ᠴᠠᠭ᠋ᠠᠯᠲᠠ ᠵᠢᠴᠢ ᠶᠠᠪᠤᠵᠤ ᠰᠠᠭᠤᠭᠰᠠᠨ ᠮᠡᠳᠡᠭᠡ ᠵᠠᠩᠭᠢ ᠵᠢᠨ ᠮᠡᠳᠡᠭᠦᠯᠦᠯᠲᠡ ᠵᠢᠨ ᠲᠦᠷᠢᠮ᠎ᠢ ᠨᠠᠶ᠋ᠢᠳᠠᠪᠤᠷᠢᠵᠢᠭᠤᠯᠤᠨ᠎ᠠ᠃
ᠪᠠᠶᠠᠨᠨᠠᠭᠤᠷ ᠬᠣᠲᠠ
ᠳᠡᠭᠡᠳᠦ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠨᠢᠭᠡᠳᠦᠭᠡᠷ ᠣᠨ᠂ ᠳᠡᠭᠡᠳᠦ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠬᠣᠶᠠᠳᠤᠭ᠋ᠠᠷ ᠣᠨ 2 ᠰᠠᠷ᠎ᠠ ᠵᠢᠨ 21᠎ᠤ ᠡᠳᠦᠷ ᠰᠤᠷᠭ᠋ᠠᠭᠤᠯᠢ ᠡᠬᠢᠯᠡᠬᠦ᠎ᠪᠠᠷ ᠲᠥᠯᠥᠪᠯᠡᠵᠦ ᠪᠣᠢ᠃ ᠠᠩᠬ᠎ᠠ ᠵᠡᠷᠭᠡ ᠵᠢᠨ ᠳᠤᠮᠳᠠᠳᠤ ᠰᠤᠷᠭ᠋ᠠᠭᠤᠯᠢ᠂ ᠪᠠᠭ᠎ᠠ ᠰᠤᠷᠭ᠋ᠠᠭᠤᠯᠢ᠂ ᠬᠡᠦᠬᠡᠳ᠎ᠤᠨ ᠴᠡᠴᠡᠷᠯᠢᠭ 2 ᠰᠠᠷ᠎ᠠ ᠵᠢᠨ 28᠎ᠤ ᠡᠳᠦᠷ ᠰᠤᠷᠭ᠋ᠠᠭᠤᠯᠢ ᠡᠬᠢᠯᠡᠬᠦ᠎ᠪᠠᠷ ᠲᠥᠯᠥᠪᠯᠡᠵᠦ ᠪᠣᠢ᠃
ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠱᠠᠭ᠋ᠠᠷᠳᠠᠯᠭ᠎ᠠ᠄ ᠡᠯ᠎ᠡ ᠭᠠᠵᠠᠷ᠎ᠤᠨ ᠡᠯ᠎ᠡ ᠱᠠᠲᠤᠨ᠎ᠤ ᠡᠯ᠎ᠡ ᠲᠥᠷᠥᠯ᠎ᠤᠨ ᠰᠤᠷᠭ᠋ᠠᠭᠤᠯᠢ ᠬᠠᠷᠢᠶ᠎ᠠ ᠭᠠᠵᠠᠷ᠎ᠤᠨ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠰᠠᠯᠠᠭ᠎ᠠ ᠮᠥᠴᠢᠷ᠎ᠤᠨ ᠵᠢᠯᠣᠭᠣᠳᠣᠯᠭ᠎ᠠ᠎ᠪᠠᠷ ᠬᠠᠪᠤᠷ᠎ᠤᠨ ᠤᠯᠠᠷᠢᠯ᠎ᠤᠨ ᠰᠤᠷᠭ᠋ᠠᠭᠤᠯᠢ ᠡᠬᠢᠯᠡᠬᠦ ᠠᠵᠢᠯ᠎ᠢ ᠡᠷᠲᠡᠬᠡᠨ ᠲᠥᠯᠥᠪᠵᠢᠭᠦᠯᠵᠦ᠂ ᠣᠷᠭᠢᠯ ᠵᠥᠷᠢᠭᠦᠯᠦᠨ ᠬᠠᠪᠤᠷ᠎ᠤᠨ ᠤᠯᠠᠷᠢᠯ᠎ᠤᠨ ᠰᠤᠷᠤᠯᠭ᠎ᠠ ᠵᠢᠨ ᠬᠤᠭᠤᠴᠠᠭ᠋ᠠᠨ᠎ᠤ ᠰᠤᠷᠭ᠋ᠠᠭᠤᠯᠢ ᠡᠬᠢᠯᠡᠵᠦ ᠰᠤᠷᠭ᠋ᠠᠭᠤᠯᠢ᠎ᠳᠤ᠎ᠪᠠᠨ ᠪᠤᠴᠠᠬᠤ ᠴᠠᠭ᠎ᠢ ᠲᠣᠬᠢᠷᠠᠭᠤᠯᠬᠤ ᠬᠡᠷᠡᠭᠲᠡᠶ᠃ ᠰᠤᠷᠭ᠋ᠠᠭᠤᠯᠢ ᠡᠬᠢᠯᠡᠬᠦ᠎ᠠᠴᠠ ᠡᠮᠦᠨ᠎ᠡ 14 ᠡᠳᠦᠷ᠎ᠤᠨ ᠡᠷᠡᠭᠦᠯ ᠮᠡᠨᠳᠦ ᠵᠢᠨ ᠺᠣᠳ᠋ ᠪᠠ ᠠᠶᠠᠯᠠᠯ᠎ᠤᠨ ᠺᠣᠳ᠋᠎ᠢ ᠴᠤᠭᠯᠠᠭᠤᠯᠵᠤ᠂ ᠪᠠᠭᠰᠢ ᠰᠣᠷᠣᠭᠴᠢ ᠰᠤᠷᠭ᠋ᠠᠭᠤᠯᠢ ᠵᠢᠨ ᠬᠦᠷᠢᠶᠡᠨ᠎ᠳᠤ ᠣᠷᠣᠬᠤ᠎ᠠᠴᠠ ᠡᠮᠦᠨ᠎ᠡ ᠡᠷᠬᠡᠪᠰᠢ ᠪᠡᠶ᠎ᠡ ᠵᠢᠨ ᠬᠠᠯᠠᠭᠤᠨ᠎ᠢ ᠬᠡᠮᠵᠢᠬᠦ ᠬᠡᠷᠡᠭᠲᠡᠶ᠃
ᠦᠬᠠᠶ ᠬᠣᠲᠠ
ᠳᠡᠭᠡᠳᠦ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠨᠢᠭᠡᠳᠦᠭᠡᠷ ᠣᠨ᠂ ᠳᠡᠭᠡᠳᠦ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠬᠣᠶᠠᠳᠤᠭ᠋ᠠᠷ ᠣᠨ᠂ ᠠᠩᠬ᠎ᠠ ᠵᠡᠷᠭᠡ ᠵᠢᠨ ᠳᠤᠮᠳᠠᠳᠤ ᠰᠤᠷᠭ᠋ᠠᠭᠤᠯᠢ᠂ ᠪᠠᠭ᠎ᠠ ᠰᠤᠷᠭ᠋ᠠᠭᠤᠯᠢ 2 ᠰᠠᠷ᠎ᠠ ᠵᠢᠨ 21᠎ᠤ ᠡᠳᠦᠷ ᠰᠤᠷᠭ᠋ᠠᠭᠤᠯᠢ ᠡᠬᠢᠯᠡᠬᠦ᠎ᠪᠠᠷ ᠲᠥᠯᠥᠪᠯᠡᠵᠦ ᠪᠣᠢ᠃ ᠬᠡᠦᠬᠡᠳ᠎ᠤᠨ ᠴᠡᠴᠡᠷᠯᠢᠭ 3 ᠰᠠᠷ᠎ᠠ ᠵᠢᠨ 1᠎ᠤ ᠡᠳᠦᠷ ᠰᠤᠷᠭ᠋ᠠᠭᠤᠯᠢ ᠡᠬᠢᠯᠡᠬᠦ᠎ᠪᠠᠷ ᠲᠥᠯᠥᠪᠯᠡᠵᠦ ᠪᠣᠢ᠃
ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠱᠠᠭ᠋ᠠᠷᠳᠠᠯᠭ᠎ᠠ᠄ 《ᠭᠠᠳᠠᠨ᠎ᠠ᠎ᠠᠴᠠ ᠬᠠᠯᠳᠠᠪᠤᠷᠢᠯᠠᠬᠤ ᠵᠢ ᠰᠡᠷᠭᠡᠶ᠋ᠢᠯᠡᠬᠦ》᠂ 《ᠳᠣᠲᠣᠭ᠋ᠠᠳᠤ᠎ᠳᠤ᠎ᠪᠠᠨ ᠳᠠᠬᠢᠨ ᠡᠭᠦᠰᠬᠦ ᠵᠢ ᠰᠡᠷᠭᠡᠶ᠋ᠢᠯᠡᠬᠦ》᠂ ᠬᠥᠮᠦᠨ᠂ ᠪᠣᠳᠠᠰ᠂ ᠣᠷᠴᠢᠨ ᠲᠣᠭᠣᠷᠢᠨ᠎ᠢ ᠬᠠᠮᠲᠤ᠎ᠪᠠᠷ ᠰᠡᠷᠭᠡᠶ᠋ᠢᠯᠡᠬᠦ᠂ ᠣᠯᠠᠨ ᠡᠪᠡᠳᠴᠢᠨ᠎ᠢ ᠵᠡᠷᠭᠡ᠎ᠪᠠᠷ ᠰᠡᠷᠭᠡᠶ᠋ᠢᠯᠡᠬᠦ ᠶᠡᠷᠦᠩᠬᠡᠶ ᠱᠠᠭ᠋ᠠᠷᠳᠠᠯᠭ᠎ᠠ ᠵᠢ ᠪᠠᠷᠢᠮᠲᠠᠯᠠᠵᠤ᠂ ᠪᠠᠭᠰᠢ ᠰᠤᠷᠤᠭᠴᠢᠳ᠎ᠤᠨ ᠡᠷᠡᠭᠦᠯ ᠮᠡᠨᠳᠦ ᠵᠢᠨ ᠪᠠᠢ᠌ᠴᠠᠭ᠋ᠠᠯᠲᠠ ᠵᠢᠴᠢ ᠶᠠᠪᠤᠵᠤ ᠰᠠᠭᠤᠭᠰᠠᠨ ᠮᠡᠳᠡᠭᠡ ᠵᠠᠩᠭᠢ ᠵᠢᠨ ᠡᠬᠡ ᠲᠠᠩᠰᠠ ᠵᠢ ᠪᠠᠶ᠋ᠢᠭᠤᠯᠵᠤ᠂ ᠪᠠᠭᠰᠢ ᠰᠤᠷᠤᠭᠴᠢᠳ᠎ᠤᠨ 14 ᠡᠳᠦᠷ᠎ᠤᠨ ᠡᠷᠡᠭᠦᠯ ᠮᠡᠨᠳᠦ ᠵᠢᠨ ᠪᠠᠢ᠌ᠴᠠᠭ᠋ᠠᠯᠲᠠ ᠵᠢᠴᠢ ᠶᠠᠪᠤᠵᠤ ᠰᠠᠭᠤᠭᠰᠠᠨ ᠮᠡᠳᠡᠭᠡ ᠵᠠᠩᠭᠢ ᠵᠢᠨ ᠮᠡᠳᠡᠭᠦᠯᠦᠯᠲᠡ ᠵᠢᠨ ᠲᠦᠷᠢᠮ᠎ᠢ ᠨᠠᠶ᠋ᠢᠳᠠᠪᠤᠷᠢᠵᠢᠭᠤᠯᠤᠨ᠎ᠠ᠃ ᠡᠪᠦᠯ᠎ᠤᠨ ᠠᠮᠠᠷᠠᠯᠲᠠ ᠵᠢᠨ ᠬᠤᠭᠤᠴᠠᠭ᠋ᠠᠨ᠎ᠳᠤ ᠰᠤᠷᠤᠭᠴᠢᠳ ᠬᠠᠯᠠᠭᠤᠷᠠᠬᠤ᠂ ᠬᠠᠨᠢᠶᠠᠬᠤ᠂ ᠬᠣᠭᠣᠯᠠᠶ ᠡᠪᠡᠳᠬᠦ᠂ ᠲᠠᠮᠢᠷᠳᠠᠬᠤ ᠵᠡᠷᠭᠡ ᠰᠡᠵᠢᠭᠯᠡᠯᠲᠡᠶ ᠡᠪᠡᠳᠴᠢᠨ᠎ᠤ ᠢᠯᠡᠷᠡᠯ ᠭᠠᠷᠪᠠᠯ ᠳᠠᠷᠤᠶ ᠲᠦᠷᠭᠡᠨ ᠣᠶ᠋ᠢᠷ᠎ᠠ ᠬᠠᠪᠢ ᠵᠢᠨ ᠡᠮᠨᠡᠯᠭᠡ ᠵᠢᠨ ᠬᠣᠷᠢᠶᠠᠨ᠎ᠤ ᠬᠠᠯᠠᠭᠤᠷᠠᠬᠤ ᠡᠭᠦᠳᠡᠨ ᠡᠮᠨᠡᠯᠭᠡ᠎ᠳᠤ ᠬᠦᠷᠴᠦ ᠡᠮᠨᠡᠭᠦᠯᠬᠦ ᠵᠢᠨ ᠬᠠᠮᠲᠤ ᠰᠤᠷᠭ᠋ᠠᠭᠤᠯᠢ᠎ᠳᠤ᠎ᠪᠠᠨ ᠮᠡᠳᠡᠭᠦᠯᠵᠦ᠂ ᠰᠤᠷᠭ᠋ᠠᠭᠤᠯᠢ ᠵᠢᠨ ᠠᠮᠤᠷ ᠲᠦᠪᠰᠢᠨ ᠡᠮᠬᠢ ᠵᠢᠷᠤᠮ᠎ᠲᠠᠢ ᠰᠤᠷᠤᠯᠭ᠎ᠠ ᠡᠬᠢᠯᠡᠬᠦ ᠵᠢ ᠪᠠᠲᠤᠯᠠᠬᠤ ᠬᠡᠷᠡᠭᠲᠡᠶ᠃
ᠠᠯᠠᠱ᠌ᠠ ᠠᠶ᠋ᠢᠮᠠᠭ
ᠳᠡᠭᠡᠳᠦ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠨᠢᠭᠡᠳᠦᠭᠡᠷ ᠣᠨ᠂ ᠳᠡᠭᠡᠳᠦ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠬᠣᠶᠠᠳᠤᠭ᠋ᠠᠷ ᠣᠨ 2 ᠰᠠᠷ᠎ᠠ ᠵᠢᠨ 21᠎ᠤ ᠡᠳᠦᠷ ᠰᠤᠷᠭ᠋ᠠᠭᠤᠯᠢ ᠡᠬᠢᠯᠡᠬᠦ᠎ᠪᠠᠷ ᠲᠥᠯᠥᠪᠯᠡᠵᠦ ᠪᠣᠢ᠃ ᠠᠩᠬ᠎ᠠ ᠵᠡᠷᠭᠡ ᠵᠢᠨ ᠳᠤᠮᠳᠠᠳᠤ ᠰᠤᠷᠭ᠋ᠠᠭᠤᠯᠢ᠂ ᠪᠠᠭ᠎ᠠ ᠰᠤᠷᠭ᠋ᠠᠭᠤᠯᠢ᠂ ᠬᠡᠦᠬᠡᠳ᠎ᠤᠨ ᠴᠡᠴᠡᠷᠯᠢᠭ 3 ᠰᠠᠷ᠎ᠠ ᠵᠢᠨ 1᠎ᠤ ᠡᠳᠦᠷ ᠰᠤᠷᠭ᠋ᠠᠭᠤᠯᠢ ᠡᠬᠢᠯᠡᠬᠦ᠎ᠪᠠᠷ ᠲᠥᠯᠥᠪᠯᠡᠵᠦ ᠪᠣᠢ᠃
ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠱᠠᠭ᠋ᠠᠷᠳᠠᠯᠭ᠎ᠠ᠄ ᠬᠠᠷᠢᠶ᠎ᠠ ᠭᠠᠵᠠᠷ᠎ᠤᠨ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠪᠠᠶ᠋ᠢᠳᠠᠯ᠎ᠢ ᠭᠣᠣᠯᠳᠠᠯᠭ᠋ᠠᠲᠠᠢ ᠠᠩᠬᠠᠷᠴᠤ᠂ ᠡᠯ᠎ᠡ ᠱᠠᠲᠤᠨ᠎ᠤ ᠡᠯ᠎ᠡ ᠲᠥᠷᠥᠯ᠎ᠤᠨ ᠰᠤᠷᠭ᠋ᠠᠭᠤᠯᠢ ᠵᠢᠨ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠭᠤᠤᠯ ᠴᠣᠭᠴᠠ ᠵᠢᠨ ᠬᠠᠷᠢᠭᠤᠴᠠᠯᠭ᠎ᠠ ᠵᠢ ᠪᠣᠳᠠᠲᠠᠶ᠋ᠢᠵᠢᠭᠤᠯᠵᠤ᠂ ᠰᠤᠷᠭ᠋ᠠᠭᠤᠯᠢ ᠵᠢᠨ ᠬᠦᠷᠢᠶᠡᠨ᠎ᠤ ᠭᠣᠣᠯᠳᠠᠯᠭ᠋ᠠᠲᠠᠢ ᠪᠠᠢ᠌ᠷᠢ ᠲᠠᠯᠠᠪᠤᠷ᠎ᠢ ᠠᠷᠢᠭᠤᠳᠬᠠᠬᠤ ᠠᠵᠢᠯ᠎ᠢ ᠴᠢᠩᠭ᠋ᠠᠳᠬᠠᠵᠤ᠂ ᠰᠤᠷᠭ᠋ᠠᠭᠤᠯᠢ ᠵᠢᠨ ᠪᠣᠭᠣᠮᠲᠠ ᠵᠢ ᠴᠢᠩᠭ᠎ᠠ ᠰᠠᠬᠢᠬᠤ ᠬᠡᠷᠡᠭᠲᠡᠶ᠃ ᠬᠠᠷᠢᠶ᠎ᠠ ᠭᠠᠵᠠᠷ᠎ᠤᠨ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠰᠠᠯᠠᠭ᠎ᠠ ᠮᠥᠴᠢᠷ᠎ᠤᠨ ᠵᠢᠯᠣᠭᠣᠳᠣᠯᠭ᠎ᠠ᠎ᠪᠠᠷ ᠤᠯᠤᠰ᠎ᠤᠨ ᠳᠣᠲᠣᠭ᠋ᠠᠳᠤ ᠵᠢᠨ ᠬᠢᠵᠢᠭ᠎ᠤᠨ ᠪᠠᠶ᠋ᠢᠳᠠᠯ᠎ᠤᠨ ᠬᠤᠪᠢᠷᠠᠯᠲᠠ ᠪᠣᠯᠤᠨ ᠰᠤᠷᠭ᠋ᠠᠭᠤᠯᠢ ᠵᠢᠨ ᠰᠤᠷᠭ᠋ᠠᠨ ᠬᠥᠮᠦᠵᠢᠯ ᠵᠢᠭ᠋ᠠᠨ ᠰᠤᠷᠭ᠋ᠠᠯᠲᠠ ᠵᠢᠨ ᠲᠣᠬᠢᠷᠠᠭᠤᠯᠤᠯᠲᠠ ᠵᠢ ᠨᠢᠭᠡᠳᠦᠯᠲᠡᠶ ᠲᠥᠯᠥᠪᠵᠢᠭᠦᠯᠵᠦ᠂ ᠬᠠᠪᠤᠷ᠎ᠤᠨ ᠤᠯᠠᠷᠢᠯ᠎ᠤᠨ ᠰᠤᠷᠤᠯᠭ᠎ᠠ ᠵᠢᠨ ᠬᠤᠭᠤᠴᠠᠭ᠎ᠠ ᠡᠬᠢᠯᠡᠬᠦ ᠡᠯ᠎ᠡ ᠵᠦᠢ᠍ᠯ᠎ᠤᠨ ᠠᠵᠢᠯ᠎ᠢ ᠤᠷᠢᠳᠴᠢᠯᠠᠨ ᠲᠥᠯᠥᠪᠵᠢᠭᠦᠯᠵᠦ᠂ ᠰᠤᠷᠭ᠋ᠠᠭᠤᠯᠢ ᠡᠬᠢᠯᠡᠬᠦ᠎ᠠᠴᠠ ᠡᠮᠦᠨᠡᠬᠢ ᠰᠡᠷᠭᠡᠶ᠋ᠢᠯᠡᠨ ᠡᠵᠡᠮᠳᠡᠬᠦ ᠠᠷᠭ᠎ᠠ ᠬᠡᠮᠵᠢᠶ᠎ᠡ ᠵᠢ ᠨᠠᠶ᠋ᠢᠳᠠᠪᠤᠷᠢᠵᠢᠭᠤᠯᠬᠤ᠂ ᠰᠤᠷᠭ᠋ᠠᠭᠤᠯᠢ ᠵᠢᠨ ᠬᠦᠷᠢᠶᠡᠨ᠎ᠤ ᠣᠷᠴᠢᠨ ᠲᠣᠭᠣᠷᠢᠨ᠎ᠢ ᠬᠠᠮᠠᠭ᠋ᠠᠯᠠᠬᠤ᠂ ᠬᠥᠮᠦᠨ ᠬᠠᠷ᠎ᠠ ᠡᠳ᠋ ᠪᠣᠳᠠᠰ᠎ᠢ ᠨᠥᠭᠡᠴᠡᠯᠡᠬᠦ᠂ ᠰᠤᠷᠭ᠋ᠠᠨ ᠬᠥᠮᠦᠵᠢᠯ ᠵᠢᠭ᠋ᠠᠨ ᠰᠤᠷᠭ᠋ᠠᠯᠲᠠ ᠵᠢᠨ ᠲᠣᠬᠢᠷᠠᠭᠤᠯᠤᠯᠲᠠ ᠵᠡᠷᠭᠡ ᠡᠯ᠎ᠡ ᠵᠦᠢ᠍ᠯ᠎ᠤᠨ ᠠᠵᠢᠯ᠎ᠤᠨ ᠪᠡᠯᠡᠳᠬᠡᠯ᠎ᠢ ᠰᠠᠶ᠋ᠢᠲᠤᠷ ᠬᠢᠨ᠎ᠠ᠃ ᠪᠠᠭᠰᠢ ᠰᠤᠷᠤᠭᠴᠢᠳ᠎ᠤᠨ 14 ᠡᠳᠦᠷ᠎ᠤᠨ᠎ᠤᠨ ᠡᠷᠡᠭᠦᠯ ᠮᠡᠨᠳᠦ ᠵᠢᠨ ᠪᠠᠢ᠌ᠴᠠᠭ᠋ᠠᠯᠲᠠ ᠵᠢᠴᠢ ᠶᠠᠪᠤᠵᠤ ᠰᠠᠭᠤᠭᠰᠠᠨ ᠮᠡᠳᠡᠭᠡ ᠵᠠᠩᠭᠢ ᠵᠢᠨ ᠮᠡᠳᠡᠭᠦᠯᠦᠯᠲᠡ ᠵᠢᠨ ᠲᠦᠷᠢᠮ᠎ᠢ ᠨᠠᠶ᠋ᠢᠳᠠᠪᠤᠷᠢᠵᠢᠭᠤᠯᠤᠨ᠎ᠠ᠃
ᠣᠳᠣᠬᠠᠨ᠎ᠳᠤ᠂ ᠪᠥᠬᠥ ᠣᠷᠣᠨ᠎ᠤ ᠡᠯ᠎ᠡ ᠠᠶ᠋ᠢᠮᠠᠭ ᠬᠣᠲᠠ ᠵᠢᠨ ᠳᠡᠭᠡᠳᠦ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠭᠤᠷᠪᠠᠳᠤᠭ᠋ᠠᠷ ᠣᠨ ᠨᠢᠭᠡᠨᠲᠡ ᠵᠠᠯᠭ᠋ᠠᠭ᠎ᠠ᠎ᠪᠠᠷ ᠰᠤᠷᠭ᠋ᠠᠭᠤᠯᠢ ᠡᠬᠢᠯᠡᠪᠡ᠃ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ᠎ᠠᠴᠠ ᠡᠯ᠎ᠡ ᠠᠶ᠋ᠢᠮᠠᠭ ᠬᠣᠲᠠ᠂ ᠬᠣᠰᠢᠭᠤ ᠰᠢᠶᠠᠨ᠎ᠤ ᠰᠤᠷᠭ᠋ᠠᠨ ᠬᠥᠮᠦᠵᠢᠯ᠎ᠤᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠤᠨ᠎ᠬᠢᠨ ᠲᠣᠭᠲᠠᠭᠰᠠᠨ ᠰᠤᠷᠭ᠋ᠠᠭᠤᠯᠢ ᠡᠬᠢᠯᠡᠬᠦ ᠴᠠᠭ ᠬᠤᠭᠤᠴᠠᠭ᠎ᠠ ᠶᠣᠰᠤ᠎ᠪᠠᠷ ᠰᠢᠨᠵᠢᠯᠡᠬᠦ ᠤᠬᠠᠭ᠋ᠠᠨᠴᠢ᠎ᠪᠠᠷ ᠲᠥᠯᠥᠪᠵᠢᠭᠦᠯᠵᠦ᠂ ᠪᠤᠰᠤᠳ ᠣᠨ᠎ᠤ ᠰᠤᠷᠭ᠋ᠠᠭᠤᠯᠢ ᠡᠬᠢᠯᠡᠬᠦ ᠠᠵᠢᠯ᠎ᠢ ᠨᠠᠷᠢᠨ ᠬᠢᠨᠠᠮᠠᠭ᠋ᠠᠶ ᠰᠠᠶ᠋ᠢᠲᠤᠷ ᠵᠣᠬᠢᠶᠠᠨ ᠪᠠᠶ᠋ᠢᠭᠤᠯᠬᠤ ᠬᠡᠷᠡᠭᠲᠡᠶ᠃ ᠰᠤᠷᠭ᠋ᠠᠨ ᠬᠥᠮᠦᠵᠢᠯ᠎ᠤᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠨ ᠵᠦᠪᠰᠢᠶᠡᠷᠡᠯ ᠦᠭᠡᠢ᠎ᠪᠠᠷ ᠳᠤᠷ᠎ᠠ᠎ᠪᠠᠷ ᠵᠶ᠋ᠠᠨ ᠤᠷᠢᠳᠴᠢᠯᠠᠨ ᠰᠤᠷᠭ᠋ᠠᠭᠤᠯᠢ ᠡᠬᠢᠯᠡᠵᠦ ᠪᠣᠯᠬᠤ ᠦᠭᠡᠶ᠃ ᠬᠠᠷᠢᠶ᠎ᠠ ᠭᠠᠵᠠᠷ᠎ᠤᠨ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠲᠥᠷᠥ ᠵᠢᠨ ᠪᠣᠳᠣᠯᠭ᠎ᠠ ᠵᠢᠨ ᠱᠠᠭ᠋ᠠᠷᠳᠠᠯᠭ᠎ᠠ ᠵᠢ ᠴᠢᠩᠭ᠎ᠠ ᠨᠠᠶ᠋ᠢᠳᠠᠪᠤᠷᠢᠵᠢᠭᠤᠯᠵᠤ᠂ ᠰᠤᠷᠭ᠋ᠠᠭᠤᠯᠢ ᠡᠬᠢᠯᠡᠬᠦ᠎ᠠᠴᠠ ᠡᠮᠦᠨᠡᠬᠢ ᠡᠯ᠎ᠡ ᠵᠦᠢ᠍ᠯ᠎ᠤᠨ ᠪᠡᠯᠡᠳᠬᠡᠯ ᠠᠵᠢᠯ᠎ᠢ ᠰᠠᠶ᠋ᠢᠲᠤᠷ ᠬᠢᠬᠦ ᠬᠡᠷᠡᠭᠲᠡᠶ᠃ ᠡᠯ᠎ᠡ ᠱᠠᠲᠤᠨ᠎ᠤ ᠡᠯ᠎ᠡ ᠲᠥᠷᠥᠯ᠎ᠤᠨ ᠰᠤᠷᠭ᠋ᠠᠭᠤᠯᠢ ᠵᠢᠨ ᠪᠠᠭᠰᠢ ᠰᠣᠷᠣᠭᠴᠢ ᠠᠵᠢᠯᠳᠠᠨ ᠠᠵᠢᠯᠴᠢᠨ ᠰᠤᠷᠭ᠋ᠠᠭᠤᠯᠢ᠎ᠳᠤ᠎ᠪᠠᠨ ᠪᠤᠴᠠᠵᠤ ᠰᠤᠷᠭ᠋ᠠᠭᠤᠯᠢ᠎ᠳᠤ ᠣᠷᠣᠬᠤ᠎ᠳᠤ᠎ᠪᠠᠨ ᠪᠡᠶ᠎ᠡ ᠵᠢᠨ ᠬᠠᠯᠠᠭᠤᠨ᠂ ᠪᠡᠶ᠎ᠡ ᠵᠢᠨ ᠭᠠᠷᠤᠯ᠂ ᠡᠷᠡᠭᠦᠯ ᠮᠡᠨᠳᠦ ᠵᠢᠨ ᠺᠣᠳ᠋ ᠪᠠ ᠠᠶᠠᠯᠠᠯ᠎ᠤᠨ ᠺᠠᠷᠲ ᠵᠶ᠋ᠠᠨ ᠪᠠᠢ᠌ᠴᠠᠭ᠋ᠠᠯᠭ᠋ᠠᠬᠤ ᠬᠡᠷᠡᠭᠲᠡᠶ᠃ ᠮᠤᠵᠢ ᠪᠠ ᠣᠷᠣᠨ ᠠᠯᠤᠰᠯᠠᠨ ᠰᠤᠷᠭ᠋ᠠᠭᠤᠯᠢ᠎ᠳᠤ᠎ᠪᠠᠨ ᠪᠤᠴᠠᠬᠤ ᠪᠠᠭᠰᠢ ᠰᠣᠷᠣᠭᠴᠢ ᠠᠵᠢᠯᠲᠠᠨ ᠠᠵᠢᠯᠴᠢᠨ ᠰᠤᠷᠭ᠋ᠠᠭᠤᠯᠢ᠎ᠳᠤ ᠣᠷᠣᠬᠤ᠎ᠠᠴᠠ᠎ᠪᠠᠨ ᠡᠮᠦᠨ᠎ᠡ ᠡᠷᠬᠡᠪᠰᠢ 48 ᠴᠠᠭ᠎ᠤᠨ ᠳᠣᠲᠣᠷᠠᠬᠢ ᠪᠥᠭᠡᠮ ᠬᠦᠴᠢᠯ᠎ᠤᠨ ᠪᠠᠶ᠋ᠢᠴᠠᠭ᠋ᠠᠯᠲᠠ ᠵᠢᠨ ᠪᠢᠯᠢᠭ ᠴᠢᠨᠠᠷ᠎ᠤᠨ ᠭᠡᠷᠡᠴᠢ ᠪᠠᠶ᠋ᠢᠬᠤ ᠬᠡᠷᠡᠭᠲᠡᠶ᠃ ᠡᠯ᠎ᠡ ᠭᠠᠵᠠᠷ᠎ᠤᠨ ᠡᠯ᠎ᠡ ᠰᠤᠷᠭ᠋ᠠᠭᠤᠯᠢ ᠵᠢᠨ᠎ᠬᠢᠨ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠵᠢ ᠪᠠᠶ᠋ᠢᠩᠭᠤᠵᠢᠭᠤᠯᠬᠤ ᠠᠷᠭ᠎ᠠ ᠬᠡᠮᠵᠢᠶ᠎ᠡ ᠵᠢ ᠨᠠᠷᠢᠨ ᠬᠢᠨᠠᠮᠠᠭ᠋ᠠᠶ ᠨᠠᠶ᠋ᠢᠳᠠᠪᠤᠷᠢᠵᠢᠭᠤᠯᠵᠤ᠂ ᠪᠠᠭᠰᠢ ᠰᠤᠷᠤᠭᠴᠢᠳ᠎ᠤᠨ ᠰᠢᠨ᠎ᠡ ᠲᠢᠲᠢᠮᠯᠢᠭ ᠸᠢᠷᠦ᠋ᠰ᠎ᠤᠨ ᠸᠠᠺᠼᠢᠨ᠎ᠤ ᠲᠠᠷᠢᠯᠭ᠎ᠠ ᠵᠢ ᠦᠷᠭᠦᠯᠵᠢᠯᠡᠨ ᠰᠠᠶ᠋ᠢᠲᠤᠷ ᠬᠢᠵᠦ᠂ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠭᠣᠣᠯᠳᠠᠯᠭ᠋ᠠᠲᠠᠢ ᠭᠣᠭᠴᠣᠭ᠎ᠠ ᠵᠢ ᠰᠢᠮᠳᠠᠭᠤᠯᠤᠨ ᠵᠢᠯᠣᠭᠣᠳᠴᠤ ᠪᠠᠶ᠋ᠢᠴᠠᠭ᠋ᠠᠬᠤ᠎ᠪᠠᠨ ᠴᠢᠩᠭ᠋ᠠᠳᠬᠠᠬᠤ ᠬᠡᠷᠡᠭᠲᠡᠶ᠃ ᠪᠠᠴᠢᠮ ᠪᠠᠶ᠋ᠢᠳᠠᠯ᠎ᠢ ᠠᠷᠭ᠋ᠠᠴᠠᠬᠤ ᠪᠡᠯᠡᠳᠬᠡᠯ ᠲᠥᠰᠦᠯ᠎ᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠣᠷᠴᠢᠨ ᠲᠣᠭᠣᠷᠢᠨ᠎ᠢ ᠠᠷᠢᠭᠤᠳᠬᠠᠬᠤ᠂ ᠰᠤᠷᠭ᠋ᠠᠨ ᠬᠥᠮᠦᠵᠢᠯ ᠵᠢᠭ᠋ᠠᠨ ᠰᠤᠷᠭ᠋ᠠᠯᠲᠠ ᠵᠢᠨ ᠪᠠᠴᠢᠮ ᠪᠠᠶ᠋ᠢᠳᠠᠯ᠎ᠢ ᠠᠷᠭ᠋ᠠᠴᠠᠬᠤ ᠲᠥᠰᠦᠯ ᠪᠣᠯᠤᠨ ᠠᠷᠤ ᠲᠠᠯ᠎ᠠ ᠵᠢᠨ ᠦᠢ᠍ᠯᠡᠴᠢᠯᠡᠭᠡᠨ᠎ᠤ ᠪᠠᠲᠤᠯᠠᠭ᠎ᠠ ᠵᠢ ᠰᠠᠶ᠋ᠢᠲᠤᠷ ᠬᠢᠵᠦ᠂ ᠪᠠᠴᠢᠮ ᠪᠠᠶ᠋ᠢᠳᠠᠯ᠎ᠢ ᠠᠷᠭ᠋ᠠᠴᠠᠬᠤ ᠪᠡᠯᠡᠳᠬᠡᠯ ᠲᠥᠰᠦᠯ᠎ᠤᠨ ᠰᠣᠷᠢᠯᠲᠠ ᠪᠣᠯᠪᠠᠰᠤᠷᠠᠯ᠎ᠢ ᠴᠠᠭ ᠢᠮᠠᠭᠲᠠ ᠡᠬᠢᠯᠡᠭᠦᠯᠬᠦ ᠵᠢ ᠦᠨᠡᠨ ᠬᠦ᠌ ᠪᠠᠲᠤᠯᠠᠬᠤ ᠬᠡᠷᠡᠭᠲᠡᠶ᠃ ᠪᠠᠭᠰᠢ ᠰᠤᠷᠤᠭᠴᠢ ᠵᠢᠨ ᠬᠥᠮᠦᠯᠢᠭ ᠬᠠᠯᠠᠮᠵᠢᠯᠠᠯ᠎ᠢ ᠴᠢᠩᠭ᠋ᠠᠳᠬᠠᠵᠤ᠂ ᠡᠯ᠎ᠡ ᠵᠦᠢ᠍ᠯ᠎ᠤᠨ ᠰᠡᠷᠭᠡᠶ᠋ᠢᠯᠡᠨ ᠡᠵᠡᠮᠳᠡᠬᠦ ᠠᠷᠭ᠎ᠠ ᠬᠡᠮᠵᠢᠶ᠎ᠡ ᠵᠢ ᠴᠢᠩᠭ᠎ᠠ ᠬᠦᠴᠦᠲᠡᠢ᠂ ᠯᠠᠪᠳᠠᠭᠤᠨ ᠪᠠᠲᠤᠲᠠᠢ ᠪᠥᠭᠡᠳ ᠪᠦᠲᠦᠮᠵᠢᠲᠡᠢ ᠨᠠᠶ᠋ᠢᠳᠠᠪᠤᠷᠢᠵᠢᠭᠤᠯᠵᠤ᠂ ᠪᠠᠭᠰᠢ ᠰᠤᠷᠤᠭᠴᠢ ᠵᠢᠨ ᠠᠮᠢ ᠨᠠᠰᠤᠨ᠎ᠤ ᠡᠷᠡᠭᠦᠯ ᠮᠡᠨᠳᠦ ᠪᠠ ᠰᠤᠷᠭ᠋ᠠᠭᠤᠯᠢ ᠵᠢᠨ ᠬᠦᠷᠢᠶᠡᠨ᠎ᠤ ᠠᠮᠤᠷ ᠲᠦᠪᠰᠢᠨ᠎ᠢ ᠦᠨᠡᠨ ᠬᠦ᠌ ᠪᠠᠲᠤᠯᠠᠬᠤ ᠬᠡᠷᠡᠭᠲᠡᠢ ᠭᠡᠵᠦ ᠱᠠᠭ᠋ᠠᠷᠳᠠᠪᠠ᠃