ᠡᠪᠦᠯ᠎ᠤᠨ ᠠᠮᠠᠷᠠᠯᠲᠠ ᠰᠢᠪᠲᠤᠷᠠᠭ᠋ᠠᠨᠳᠤᠪᠠᠨ ᠣᠷᠣᠵᠤ᠂ ᠰᠤᠷᠭ᠋ᠠᠭᠤᠯᠢ ᠡᠬᠢᠯᠡᠬᠦ᠎ᠪᠠᠷ ᠪᠠᠶ᠋ᠢᠭ᠎ᠠ ᠦᠶ᠎ᠡ᠎ᠳᠤ ᠵᠢᠯ ᠪᠦᠷᠢ ᠪᠠᠭᠰᠢ ᠨᠠᠷ᠎ᠠᠴᠠ ᠡᠪᠦᠯ᠎ᠤᠨ ᠠᠮᠠᠷᠠᠯᠲᠠ ᠳᠠᠭᠤᠰᠴᠤ ᠰᠤᠷᠭ᠋ᠠᠭᠤᠯᠢ ᠡᠬᠢᠯᠡᠭᠰᠡᠨ ᠡᠬᠢᠨ᠎ᠤ ᠬᠤᠭᠤᠴᠠᠭ᠋ᠠᠨ᠎ᠳᠤ ᠬᠢᠴᠢᠶᠡᠯ ᠳᠡᠭᠡᠷ᠎ᠡ ᠨᠢᠭᠡ ᠪᠦᠯᠦᠭ ᠰᠤᠷᠤᠭᠴᠢ ᠨᠢᠭᠡ ᠪᠣᠯ ᠡᠪᠰᠢᠶᠡᠵᠦ᠂ ᠨᠢᠭᠡ ᠪᠣᠯ ᠮᠡᠯᠡᠷᠡᠵᠦ᠂ ᠨᠢᠭᠡ ᠪᠣᠯ ᠰᠡᠳᠬᠢᠯ᠎ᠨᠢ ᠲᠥᠪᠯᠡᠷᠡᠬᠦ ᠦᠭᠡᠢ ᠵᠡᠷᠭᠡ ᠰᠤᠷᠤᠯᠴᠠᠯᠭ᠎ᠠ ᠵᠢᠨ ᠪᠠᠢ᠌ᠳᠠᠯ᠎ᠳᠤ ᠣᠷᠣᠬᠤ ᠦᠭᠡᠢ ᠪᠠᠢ᠌ᠵᠤ᠂ ᠰᠤᠷᠭ᠋ᠠᠭᠤᠯᠢ ᠲᠠᠷᠬᠠᠭᠰᠠᠨ᠎ᠤ ᠳᠠᠷᠠᠭ᠎ᠠ ᠬᠠᠷᠢᠨ ᠦᠰᠦᠷᠴᠦ ᠬᠠᠷᠠᠢ᠌ᠯᠠᠨ ᠶᠠᠮᠠᠷ ᠴᠤ᠌ ᠬᠠᠮᠢᠶ᠎ᠠ ᠦᠭᠡᠢ ᠪᠣᠯᠳᠠᠭ ᠭᠡᠵᠦ ᠲᠤᠰᠬᠠᠳᠠᠭ! ᠡᠳᠡᠭᠡᠷ ᠪᠠᠢ᠌ᠳᠠᠯ ᠪᠣᠯ ᠦᠨᠡᠨ᠎ᠳᠤ᠎ᠪᠠᠨ ᠰᠤᠷᠭ᠋ᠠᠭᠤᠯᠢ ᠡᠬᠢᠯᠡᠬᠦ᠎ᠠᠴᠠ ᠡᠮᠦᠨᠡᠬᠢ ᠰᠡᠳᠬᠢᠯ ᠵᠶ᠋ᠡᠨ ᠬᠤᠷᠢᠶᠠᠬᠤ ᠠᠵᠢᠯ᠎ᠢ ᠰᠠᠢ᠌ᠲᠤᠷ ᠬᠢᠭᠰᠡᠨ ᠦᠭᠡᠢ᠎ᠠᠴᠠ ᠪᠣᠢ ᠪᠣᠯᠤᠭᠰᠠᠨ ᠬᠡᠦᠬᠡᠳ ᠪᠡᠶ᠎ᠡ ᠮᠠᠬᠠᠪᠤᠳ ᠪᠠ ᠰᠡᠳᠬᠢᠴᠡ ᠵᠢᠨ ᠲᠠᠯ᠎ᠠ᠎ᠪᠠᠷ ᠲᠣᠬᠢᠷᠠᠭᠤᠯᠵᠤ ᠳᠡᠢ᠌ᠯᠦᠭᠡ ᠦᠭᠡᠢ ᠪᠠᠢ᠌ᠳᠠᠯ ᠪᠣᠯᠬᠤ ᠶᠤᠮ᠃
ᠤᠳᠠᠯ ᠦᠭᠡᠢ ᠰᠤᠷᠭ᠋ᠠᠭᠤᠯᠢ ᠡᠬᠢᠯᠡᠬᠦ ᠭᠡᠵᠦ ᠪᠠᠢ᠌ᠨ᠎ᠠ᠂ ᠨᠠᠢ᠍ᠷᠠᠭᠤᠯᠤᠭᠴᠢᠠᠴᠠ ᠡᠨᠡ ᠬᠦ᠌ 《ᠰᠤᠷᠭ᠋ᠠᠭᠤᠯᠢ ᠡᠬᠢᠯᠡᠬᠦ ᠠᠷᠭ᠎ᠠ ᠪᠣᠳᠣᠯᠭ᠎ᠠ》 ᠵᠢ ᠪᠡᠯᠡᠳᠭᠡᠪᠡ᠂ ᠪᠠᠭᠰᠢ ᠨᠠᠷ ᠵᠠᠪᠠᠯ ᠭᠡᠷ᠎ᠤᠨ ᠠᠬᠠᠮᠠᠳ᠎ᠲᠤ ᠳᠠᠮᠵᠢᠭᠤᠯᠤᠭ᠋ᠠᠷᠠᠢ! ᠰᠢᠨ᠎ᠡ ᠰᠤᠷᠤᠯᠭ᠎ᠠ ᠵᠢᠨ ᠬᠤᠭᠤᠴᠠᠭ᠎ᠠ᠂ ᠰᠢᠨ᠎ᠡ ᠡᠬᠢᠯᠡᠯᠲᠡ! ᠬᠠᠮᠲᠤ᠎ᠳᠤ᠎ᠪᠠᠨ ᠴᠢᠷᠮᠠᠢ᠌ᠵᠠᠭ᠋ᠠᠶ᠎ᠠ!
ᠭᠡᠷ᠎ᠤᠨ ᠠᠬᠠᠮᠠᠳ᠄ 10 ᠵᠦᠢ᠍ᠯ᠎ᠤᠨ ᠪᠡᠯᠡᠳᠬᠡᠯ ᠠᠵᠢᠯ
1 . ᠬᠡᠦᠬᠡᠳ᠎ᠲᠠᠢ᠎ᠪᠠᠨ ᠬᠠᠮᠲᠤ ᠠᠮᠠᠷᠠᠯᠲᠠ ᠵᠢᠨ ᠬᠤᠭᠤᠴᠠᠭ᠋ᠠᠨ᠎ᠤ ᠠᠮᠢᠳᠤᠷᠠᠯ᠎ᠢ ᠡᠷᠭᠢᠴᠡᠭᠦᠯᠦᠨ᠎ᠡ
ᠭᠡᠷ᠎ᠤᠨ ᠠᠬᠠᠮᠠᠳ ᠪᠣᠯᠤᠨ ᠬᠡᠦᠬᠡᠳ ᠬᠠᠮᠲᠤ᠎ᠪᠠᠷ ᠠᠮᠠᠷᠠᠯᠲᠠ ᠵᠢᠨ ᠬᠤᠭᠤᠴᠠᠭ᠋ᠠᠨ᠎ᠤ ᠠᠮᠢᠳᠤᠷᠠᠯ ᠵᠶ᠋ᠠᠨ 《ᠲᠣᠩᠭᠣᠷᠠᠭᠤ ᠲᠣᠭ᠋ᠠᠴᠢᠯᠲᠠ》 ᠵᠢᠨ ᠬᠡᠯᠪᠡᠷᠢ᠎ᠪᠠᠷ ᠡᠷᠭᠢᠴᠡᠭᠦᠯᠵᠦ᠂ ᠠᠮᠠᠷᠠᠯᠲᠠ ᠵᠢᠨ ᠬᠤᠭᠤᠴᠠᠭ᠋ᠠᠨ᠎ᠤ ᠲᠥᠯᠥᠪᠯᠡᠭᠡ᠎ᠲᠠᠢ᠎ᠪᠠᠨ ᠬᠠᠷᠢᠴᠠᠭᠤᠯᠵᠤ᠂ ᠠᠯᠢ ᠵᠢ᠎ᠨᠢ ᠨᠢᠭᠡᠨᠲᠡ ᠪᠡᠶᠡᠯᠡᠭᠦᠯᠦᠭᠰᠡᠨ᠂ ᠠᠯᠢ ᠵᠢ᠎ᠨᠢ ᠬᠠᠷᠠᠬᠠᠨ ᠪᠡᠶᠡᠯᠡᠭᠦᠯᠦᠭᠡᠳᠦᠢ ᠪᠠᠶ᠋ᠢᠬᠤ ᠵᠢ᠎ᠪᠠᠨ ᠦᠵᠡᠨ᠎ᠡ᠃ ᠣᠯᠤᠯᠲᠠ ᠪᠠ ᠬᠠᠷᠠᠮᠰᠠᠯ (ᠨᠣᠮ ᠤᠩᠰᠢᠬᠤ᠂ ᠠᠮᠠᠷᠠᠬᠤ᠂ ᠵᠤᠭ᠎ᠠ ᠴᠡᠩᠭᠡᠯ᠂ ᠬᠠᠷᠢᠯᠴᠠᠭ᠎ᠠ ᠵᠡᠷᠭᠡ ᠡᠯ᠎ᠡ ᠲᠠᠯ᠎ᠠ) ᠵᠶ᠋ᠠᠨ ᠬᠠᠮᠲᠤ᠎ᠪᠠᠷ ᠬᠤᠪᠢᠶᠠᠯᠴᠠᠵᠤ ᠪᠣᠯᠬᠤ ᠪᠥᠭᠡᠳ ᠲᠤᠷᠰᠢᠯᠭ᠎ᠠ᠎ᠪᠠᠨ ᠳᠠᠷᠤᠢ᠎ᠳᠤ᠎ᠨᠢ ᠳ᠋ᠦᠩᠨᠡᠬᠦ ᠪᠤᠶᠤ ᠰᠢᠯᠲᠠᠭ᠋ᠠᠨ᠎ᠢ ᠵᠠᠳᠠᠯᠵᠤ᠂ ᠬᠡᠷ᠎ᠤᠨ ᠠᠬᠠᠮᠠᠳ ᠪᠠ ᠬᠡᠦᠬᠡᠳ ᠡᠶ᠋ᠢᠮᠦ 《ᠪᠠᠭᠤᠯᠭ᠋ᠠᠪᠤᠷᠢ》 ᠵᠢᠨ ᠬᠡᠯᠪᠡᠷᠢ᠎ᠪᠠᠷ ᠳᠡᠮᠵᠢᠨ ᠨᠠᠩ ᠣᠯᠠᠨ ᠣᠯᠤᠯᠲᠠ᠎ᠲᠠᠢ ᠪᠣᠯᠬᠤ ᠵᠢ ᠢᠲᠡᠭᠡᠵᠦ ᠪᠠᠶ᠋ᠢᠨ᠎ᠠ᠃
2 . ᠬᠡᠦᠬᠡᠳ᠎ᠢ ᠬᠠᠪᠰᠤᠷᠴᠤ ᠰᠡᠳᠬᠢᠯ᠎ᠢ᠎ᠨᠢ ᠬᠤᠷᠢᠶᠠᠯᠭ᠋ᠠᠵᠤ᠂ ᠡᠳᠦᠷ ᠲᠤᠲᠤᠮ᠎ᠤᠨ ᠡᠩ᠎ᠤᠨ ᠪᠠᠶ᠋ᠢᠳᠠᠯ᠎ᠳᠤ ᠣᠷᠣᠭᠤᠯᠤᠨ᠎ᠠ
ᠠᠮᠠᠷᠠᠯᠲᠠ ᠵᠢᠨ ᠬᠤᠭᠤᠴᠠᠭ᠋ᠠᠨ᠎ᠳᠤ ᠬᠡᠦᠬᠡᠳ᠎ᠤᠨ ᠰᠡᠳᠬᠢᠴᠡ ᠵᠢᠨ ᠪᠠᠶ᠋ᠢᠳᠠᠯ ᠶᠡᠷᠦ᠎ᠳᠤ᠎ᠪᠠᠨ ᠨᠡᠯᠢᠶᠡᠳ ᠰᠤᠯᠠ ᠪᠠᠶ᠋ᠢᠳᠠᠭ᠂ ᠰᠤᠷᠭ᠋ᠠᠭᠤᠯᠢ ᠡᠬᠢᠯᠡᠭᠰᠡᠨ᠎ᠤ ᠳᠠᠷᠠᠭ᠎ᠠ ᠬᠠᠷᠢᠨ ᠬᠠᠷᠢᠴᠠᠩᠭᠤᠶ᠎ᠪᠠᠷ ᠪᠠᠴᠢᠮᠳᠠᠭᠤ ᠪᠣᠯᠤᠨ᠎ᠠ᠂ ᠡᠨᠡ ᠬᠣᠶᠠᠷ ᠵᠦᠢ᠍ᠯ᠎ᠤᠨ ᠪᠠᠶ᠋ᠢᠳᠠᠯ᠎ᠢ ᠬᠤᠪᠢᠷᠠᠭᠤᠯᠬᠤ᠎ᠳᠤ ᠶᠡᠷᠦ᠎ᠨᠢ ᠬᠡᠰᠡᠭ ᠬᠤᠭᠤᠴᠠᠭ᠎ᠠ ᠬᠡᠷᠡᠭᠰᠡᠳᠡᠭ᠃ ᠡᠨᠡ ᠠᠰᠠᠭᠤᠳᠠᠯ᠎ᠳᠤ ᠭᠡᠷ᠎ᠤᠨ ᠠᠬᠠᠮᠠᠳ ᠬᠡᠲᠦᠷᠬᠡᠢ ᠶᠠᠭ᠋ᠠᠷᠠᠵᠤ ᠪᠣᠯᠬᠤ ᠦᠭᠡᠢ᠂ ᠠᠯᠬᠤᠮ ᠳᠠᠷᠠᠭ᠎ᠠ᠎ᠲᠠᠢ᠎ᠪᠠᠷ ᠬᠡᠦᠬᠡᠳ᠎ᠢ ᠬᠠᠪᠰᠤᠷᠴᠤ ᠰᠡᠳᠬᠢᠯ᠎ᠢ᠎ᠨᠢ ᠬᠤᠷᠢᠶᠠᠯᠭ᠋ᠠᠬᠤ ᠬᠡᠷᠡᠭᠲᠡᠢ᠂ ᠡᠰᠡ ᠲᠡᠭᠡᠪᠡᠯ ᠬᠡᠦᠬᠡᠳ᠎ᠤᠨ ᠰᠡᠳᠬᠢᠯ᠎ᠤᠨ ᠳᠠᠷᠤᠭ᠋ᠠᠰᠤ ᠵᠢ ᠨᠡᠮᠡᠭᠳᠡᠭᠦᠯᠦᠨ᠎ᠡ᠃ ᠡᠨᠡ ᠬᠦ᠌ ᠱᠠᠲᠤᠨ᠎ᠳᠤ ᠬᠡᠷ᠎ᠤᠨ ᠠᠬᠠᠮᠠᠳ ᠲᠣᠮᠣ ᠬᠡᠯᠪᠡᠷᠢ ᠵᠢᠨ ᠬᠥᠳᠡᠯᠭᠡᠭᠡᠨ᠎ᠢ ᠳᠤᠲᠠᠭᠤ ᠲᠣᠬᠢᠷᠠᠭᠤᠯᠵᠤ᠂ ᠬᠡᠦᠬᠡᠳ᠎ᠤᠨ ᠵᠶ᠋ᠠᠨ ᠰᠡᠳᠬᠢᠯ᠎ᠢ ᠠᠭ᠋ᠠᠵᠢᠮ ᠵᠶ᠋ᠠᠷ ᠲᠠᠶ᠋ᠢᠪᠤᠰᠢᠷᠠᠭᠤᠯᠬᠤ ᠵᠢ ᠰᠠᠨᠠᠭᠤᠯᠤᠶ᠎ᠠ᠃
3 . ᠳᠠᠰᠬᠠᠯ ᠵᠶ᠋ᠠᠨ ᠪᠡᠶᠡᠯᠡᠭᠦᠯᠦᠭᠰᠡᠨ ᠪᠠᠶ᠋ᠢᠳᠠᠯ᠂ ᠣᠷᠬᠢᠭᠳᠠᠭᠤᠯᠤᠭᠰᠠᠨ ᠪᠠᠢ᠌ᠳᠠᠯ᠎ᠢ ᠪᠠᠶ᠋ᠢᠴᠠᠭ᠋ᠠᠵᠤ ᠳᠤᠲᠠᠭᠤ ᠵᠢ ᠨᠥᠬᠦᠪᠦᠷᠢᠯᠡᠨ᠎ᠡ
ᠬᠡᠦᠬᠡᠳ᠎ᠤᠨ ᠵᠶ᠋ᠠᠨ ᠳᠠᠰᠬᠠᠯ ᠪᠡᠶᠡᠯᠡᠭᠦᠯᠦᠭᠰᠡᠨ ᠪᠠᠶ᠋ᠢᠳᠠᠯ᠎ᠢ ᠡᠷᠭᠢᠴᠡᠭᠦᠯᠦᠨ ᠪᠠᠢ᠌ᠴᠠᠭ᠋ᠠᠯᠭ᠋ᠠᠵᠤ᠂ ᠪᠠᠰᠠ ᠠᠯᠢ ᠵᠢ ᠬᠢᠵᠦ ᠪᠠᠷᠠᠭ᠎ᠠ ᠦᠭᠡᠢ ᠪᠣᠯ ᠬᠢᠬᠦ ᠴᠠᠭ ᠣᠯᠭᠣᠵᠤ ᠬᠢᠯᠭᠡᠬᠦ ᠵᠢ ᠰᠠᠨᠠᠭᠤᠯᠤᠶ᠎ᠠ᠃ ᠮᠠᠰᠢ ᠣᠯᠠᠨ ᠬᠡᠦᠬᠡᠳ ᠦᠷᠭᠦᠯᠵᠢ ᠳᠠᠰᠬᠠᠯ ᠵᠶ᠋ᠠᠨ ᠰᠤᠷᠭ᠋ᠠᠭᠤᠯᠢ ᠡᠬᠢᠯᠡᠬᠦ᠎ᠠᠴᠠ ᠡᠮᠦᠨᠡᠬᠢ ᠣᠷᠣᠢ ᠪᠣᠯᠲᠠᠯ᠎ᠠ ᠬᠣᠶ᠋ᠢᠰᠢᠯᠠᠭᠤᠯᠵᠤ᠂ ᠪᠥᠲᠦᠨ ᠰᠥᠨᠢ ᠪᠠᠢ᠌ᠯᠳᠤᠵᠤ᠂ ᠪᠡᠶ᠎ᠡ ᠰᠡᠳᠬᠢᠯ ᠶᠠᠳᠠᠷᠠᠵᠤ ᠵᠦᠳᠡᠷᠡᠭᠰᠡᠨ ᠪᠠᠶ᠋ᠢᠳᠠᠯ᠎ᠳᠤ ᠬᠠᠰᠢ ᠶᠠᠰᠢ ᠠᠷᠭ᠋ᠠᠴᠠᠭ᠋ᠠᠳᠠᠭ᠃ ᠡᠶ᠋ᠢᠮᠦ᠎ᠠᠴᠠ ᠬᠡᠷ᠎ᠤᠨ ᠠᠬᠠᠮᠠᠳ ᠬᠡᠦᠬᠡᠳ᠎ᠲᠠᠢ᠎ᠪᠠᠨ ᠬᠠᠮᠲᠤ ᠰᠤᠷᠭ᠋ᠠᠭᠤᠯᠢ ᠡᠬᠢᠯᠡᠬᠦ᠎ᠠᠴᠠ ᠡᠮᠦᠨᠡᠬᠢ ᠬᠡᠰᠡᠭ ᠬᠤᠭᠤᠴᠠᠭ᠎ᠠ ᠵᠢ ᠵᠦᠶ ᠵᠣᠬᠢᠰᠲᠠᠶ ᠲᠥᠯᠥᠪᠵᠢᠭᠦᠯᠦᠨ ᠲᠣᠬᠢᠷᠠᠭᠤᠯᠵᠤ᠂ ᠣᠷᠬᠢᠭᠳᠠᠭᠤᠯᠤᠭᠰᠠᠨᠢ ᠳᠠᠷᠤᠢ᠎ᠳᠤ᠎ᠨᠢ ᠪᠠᠶ᠋ᠢᠴᠠᠭ᠋ᠠᠨ ᠨᠥᠬᠥᠪᠥᠷᠢᠯᠡᠵᠦ᠂ ᠳᠠᠰᠬᠠᠯ᠎ᠢ ᠴᠢᠨᠠᠷᠯᠢᠭ ᠪᠡᠶᠡᠯᠡᠭᠦᠯᠬᠦ ᠬᠡᠷᠡᠭᠲᠡᠶ᠃
4 . ᠬᠡᠦᠬᠡᠳ᠎ᠢ ᠬᠥᠲᠥᠯᠥᠨ ᠵᠢᠯᠣᠭᠣᠳᠴᠤ ᠮᠠᠬᠠᠪᠤᠳ᠎ᠤᠨ ᠴᠠᠭ᠎ᠢ ᠲᠣᠬᠢᠷᠠᠭᠤᠯᠤᠨ᠎ᠠ
ᠣᠯᠠᠩᠬᠢ ᠬᠡᠦᠬᠡᠳ ᠠᠮᠠᠷᠠᠯᠲᠠ ᠵᠢᠨ ᠬᠤᠭᠤᠴᠠᠭ᠋ᠠᠨ᠎ᠳᠤ ᠣᠷᠣᠢ ᠤᠨᠲᠠᠬᠤ᠂ ᠣᠷᠣᠢ ᠪᠣᠰᠬᠤ ᠵᠡᠷᠭᠡ ᠡᠷᠡᠭᠦᠯ ᠪᠤᠰᠤ ᠠᠮᠢᠳᠤᠷᠠᠯ᠎ᠤᠨ ᠳᠠᠳᠬᠠᠯ᠎ᠲᠠᠢ ᠪᠣᠯᠳᠠᠭ᠂ ᠬᠡᠷᠪᠡ ᠤᠷᠢᠳᠴᠢᠯᠠᠨ ᠵᠣᠬᠢᠴᠠᠭᠤᠯᠬᠤ ᠦᠭᠡᠢ ᠪᠣᠯ ᠰᠤᠷᠭ᠋ᠠᠭᠤᠯᠢ ᠡᠬᠢᠯᠡᠭᠰᠡᠨ ᠡᠬᠢᠨ᠎ᠤ ᠦᠶ᠎ᠡ᠎ᠳᠤ ᠠᠩᠬᠠᠷᠤᠯ ᠲᠥᠪᠯᠡᠷᠡᠬᠦ ᠦᠭᠡᠢ᠂ ᠣᠶᠤᠨ ᠰᠠᠨᠠᠭ᠎ᠠ᠎ᠨᠢ ᠡᠪ ᠦᠭᠡᠢ ᠪᠠᠶ᠋ᠢᠳᠠᠯ ᠢᠯᠡᠷᠡᠵᠦ᠂ ᠬᠡᠦᠬᠡᠳ᠎ᠤᠨ ᠰᠤᠷᠤᠯᠭ᠎ᠠ᠎ᠳᠤ᠎ᠪᠠᠨ ᠵᠣᠬᠢᠴᠠᠬᠤ ᠵᠢ ᠨᠥᠯᠥᠭᠡᠯᠡᠳᠡᠭ᠃ ᠭᠡᠷ᠎ᠤᠨ ᠠᠬᠠᠮᠠᠳ ᠬᠡᠦᠬᠡᠳ᠎ᠲᠠᠢ᠎ᠪᠠᠨ ᠬᠠᠮᠲᠤ ᠰᠤᠷᠭ᠋ᠠᠭᠤᠯᠢ ᠡᠬᠢᠯᠡᠬᠦ᠎ᠠᠴᠠ ᠡᠮᠦᠨᠡᠬᠢ ᠬᠡᠰᠡᠭ ᠬᠤᠭᠤᠴᠠᠭ᠋ᠠᠨ᠎ᠳᠤ ᠰᠤᠷᠭ᠋ᠠᠭᠤᠯᠢ ᠵᠢᠨ ᠠᠮᠢᠳᠤᠷᠠᠯ᠎ᠲᠠᠢ ᠣᠶ᠋ᠢᠷᠠᠯᠴᠠᠭ᠎ᠠ ᠠᠵᠢᠯᠯᠠᠵᠤ ᠠᠮᠠᠷᠠᠬᠤ ᠴᠠᠭ᠎ᠤᠨ ᠬᠦᠰᠦᠨᠦᠭᠲᠦ ᠵᠣᠬᠢᠶᠠᠵᠤ᠂ ᠡᠩ᠎ᠤᠨ ᠴᠠᠭ᠎ᠲᠤ ᠪᠣᠰᠴᠤ᠂ ᠤᠨᠲᠠᠵᠤ᠂ ᠰᠤᠷᠤᠯᠴᠠᠵᠤ᠂ ᠬᠥᠳᠡᠯᠭᠡᠭᠡᠨ ᠬᠢᠵᠦ᠂ ᠵᠢᠮ᠎ᠡ ᠶᠣᠰᠣᠲᠠᠢ ᠠᠵᠢᠯᠯᠠᠵᠤ ᠠᠮᠠᠷᠠᠬᠤ ᠵᠡᠷᠭᠡ ᠠᠷᠭ᠎ᠠ᠎ᠪᠠᠷ ᠪᠠᠴᠢᠮ ᠶᠠᠭ᠋ᠠᠷᠠᠤ ᠰᠤᠷᠤᠯᠭ᠎ᠠ ᠠᠮᠢᠳᠤᠷᠠᠯ᠎ᠳᠤ ᠨᠡᠩ ᠰᠠᠶ᠋ᠢᠨ ᠵᠣᠬᠢᠴᠠᠭᠤᠯᠤᠨ᠎ᠠ᠃
5 . ᠬᠡᠦᠬᠡᠳ᠎ᠲᠠᠢ ᠵᠶ᠋ᠠᠨ ᠬᠠᠮᠲᠤ ᠰᠤᠷᠤᠯᠴᠠᠬᠤ ᠲᠥᠯᠥᠪᠯᠡᠭᠡ ᠲᠣᠭᠲᠠᠭ᠋ᠠᠨ᠎ᠠ
ᠰᠢᠨ᠎ᠡ ᠰᠤᠷᠤᠯᠭ᠎ᠠ ᠵᠢᠨ ᠬᠤᠭᠤᠴᠠᠭ᠎ᠠ᠂ ᠰᠢᠨ᠎ᠡ ᠠᠭᠤᠷ ᠠᠮᠢᠰᠬᠤᠯ᠃ ᠭᠡᠷ᠎ᠤᠨ ᠠᠬᠠᠮᠠᠳ ᠪᠣᠯᠤᠨ ᠬᠡᠦᠬᠡᠳ ᠬᠠᠮᠲᠤ᠎ᠪᠠᠷ ᠢᠷᠡᠭᠡᠳᠦᠢ᠎ᠪᠠᠨ ᠪᠠᠷᠠᠯᠠᠵᠤ᠂ ᠤᠷᠢᠳᠴᠢᠯᠠᠨ ᠲᠥᠯᠥᠪᠯᠡᠭᠡ ᠬᠢᠨ᠎ᠡ᠂ ᠵᠢᠱ᠌ᠢᠶᠡᠯᠡᠪᠡᠯ᠂ ᠳᠠᠷᠠᠭ᠎ᠠ ᠬᠤᠭᠤᠴᠠᠭ᠎ᠠ ᠠᠯᠢ ᠬᠡᠳᠦᠨ ᠲᠥᠷᠥᠯ᠎ᠤᠨ ᠬᠢᠴᠢᠶᠡᠯ᠎ᠤᠨ ᠬᠢᠷᠢ ᠪᠦᠲᠦᠮᠵᠢ ᠵᠢ ᠳᠡᠭᠡᠭᠰᠢᠯᠡᠭᠦᠯᠬᠦ᠂ ᠳᠠᠪᠠᠬᠤ ᠬᠠᠷᠠᠯᠲᠠ᠎ᠨᠢ ᠶᠠᠭᠤ᠂ ᠰᠢᠨ᠎ᠡ ᠰᠤᠷᠤᠯᠭ᠎ᠠ ᠵᠢᠨ ᠬᠤᠭᠤᠴᠠᠭ᠋ᠠᠨ᠎ᠳᠤ ᠨᠢᠭᠡ ᠲᠥᠷᠥᠯ᠎ᠤᠨ ᠰᠢᠨ᠎ᠡ ᠣᠨᠴᠠ ᠴᠢᠳᠠᠪᠤᠷᠢ ᠰᠤᠷᠬᠤ ᠡᠰᠡᠬᠦ ᠵᠡᠷᠭᠡ ᠪᠣᠯᠤᠨ᠎ᠠ᠃
ᠰᠤᠷᠤᠯᠴᠠᠬᠤ ᠲᠥᠯᠥᠪᠯᠡᠭᠡ᠂ ᠬᠠᠷᠠᠯᠲᠠ ᠲᠣᠭᠲᠠᠭ᠋ᠠᠬᠤ᠎ᠨᠢ ᠬᠡᠦᠬᠡᠳ᠎ᠢ ᠬᠠᠪᠰᠤᠷᠤᠨ ᠴᠢᠭᠯᠡᠯ᠎ᠢ᠎ᠨᠢ ᠲᠣᠳᠣᠷᠬᠠᠶ᠋ᠢᠯᠠᠵᠤ᠂ ᠰᠣᠬᠣᠷ ᠪᠠᠯᠠᠢ᠎ᠪᠠᠷ ᠬᠠᠨᠳᠤᠬᠤ᠎ᠠᠴᠠ ᠵᠠᠢ᠌ᠯᠠᠰᠬᠢᠵᠤ᠂ ᠨᠡᠩ ᠰᠠᠶ᠋ᠢᠨ ᠰᠤᠷᠤᠯᠴᠠᠬᠤ ᠪᠠᠶ᠋ᠢᠳᠠᠯ᠎ᠳᠤ ᠣᠷᠣᠭᠤᠯᠬᠤ ᠪᠣᠯᠤᠨ᠎ᠠ᠃
6 . ᠬᠡᠦᠬᠡᠳ᠎ᠢ ᠪᠠᠭᠰᠢ ᠬᠠᠮᠲᠤ ᠰᠤᠷᠤᠯᠭ᠋ᠠᠲᠠᠨᠲᠠᠢᠪᠠᠨ ᠤᠷᠢᠳᠴᠢᠯᠠᠨ ᠬᠠᠷᠢᠯᠴᠠᠬᠤ ᠵᠢ ᠵᠣᠷᠢᠭᠵᠢᠭᠤᠯᠤᠨ᠎ᠠ
ᠨᠢᠭᠡᠨ ᠣᠷᠳᠣ ᠠᠮᠠᠷᠠᠯᠲᠠ ᠵᠢᠨ ᠬᠤᠭᠤᠴᠠᠭ᠋ᠠᠨ᠎ᠤ ᠰᠠᠯᠤᠯᠲᠠ᠎ᠪᠠᠷ ᠳᠡᠮᠵᠢᠨ᠂ ᠬᠠᠮᠲᠤ ᠰᠤᠷᠤᠭᠴᠢᠳ᠎ᠤᠨ ᠬᠣᠭᠣᠷᠣᠨᠳᠣ ᠴᠥᠮ ᠬᠤᠪᠢᠷᠠᠯᠲᠠ ᠭᠠᠷᠳᠠᠭ᠂ ᠬᠡᠦᠬᠡᠳ ᠬᠠᠮᠲᠤ ᠰᠣᠷᠣᠭᠴᠢ ᠪᠠ ᠪᠠᠭᠰᠢ᠎ᠲᠠᠢ᠎ᠪᠠᠨ ᠤᠷᠢᠳᠴᠢᠯᠠᠨ ᠬᠠᠷᠢᠯᠴᠠᠵᠤ᠂ ᠡᠪᠦᠯ᠎ᠤᠨ ᠠᠮᠠᠷᠠᠯᠲᠠ ᠵᠢᠨ ᠦᠵᠡᠵᠦ ᠰᠣᠨᠣᠰᠤᠭᠰᠠᠨ ᠵᠦᠢ᠍ᠯ ᠪᠠ 《ᠰᠢᠨ᠎ᠡ ᠰᠡᠪᠡᠭᠦᠨ ᠶᠠᠪᠤᠳᠠᠯ》 ᠵᠶ᠋ᠠᠨ ᠬᠠᠷᠢᠯᠴᠠᠨ ᠬᠤᠪᠢᠶᠠᠯᠴᠠᠵᠤ᠂ ᠬᠠᠷᠢᠯᠴᠠᠨ ᠬᠠᠯᠠᠮᠵᠢᠯᠠᠵᠤ᠂ ᠬᠠᠷᠢᠯᠴᠠᠨ ᠰᠢᠨ᠎ᠡ ᠰᠤᠷᠤᠯᠭ᠎ᠠ ᠵᠢᠨ ᠬᠤᠭᠤᠴᠠᠭ᠋ᠠᠨ᠎ᠤ ᠬᠦᠰᠡᠯ ᠡᠷᠡᠮᠡᠯᠵᠡᠯ ᠵᠶ᠋ᠠᠨ ᠢᠯᠡᠳᠬᠡᠬᠦ᠎ᠨᠢ ᠬᠠᠮᠲᠤ ᠰᠣᠷᠣᠭᠴᠢ ᠪᠠ ᠪᠠᠭᠰᠢ ᠰᠤᠷᠤᠭᠴᠢᠳ᠎ᠤᠨ ᠬᠣᠭᠣᠷᠣᠨᠳᠣᠬᠢ ᠬᠠᠶ᠋ᠢᠷ᠎ᠠ ᠰᠡᠳᠬᠢᠯᠭᠡ ᠵᠢ ᠨᠡᠮᠡᠭᠳᠡᠭᠦᠯᠬᠦ᠎ᠪᠠᠷ ᠪᠠᠷᠠᠬᠤ ᠥᠬᠡᠶ᠂ ᠪᠠᠰᠠ ᠬᠡᠦᠬᠡᠳ᠎ᠤᠨ ᠬᠥᠮᠦᠰ᠎ᠤᠨ ᠬᠣᠭᠣᠷᠤᠨᠳᠤᠬᠢ ᠬᠠᠷᠢᠯᠴᠠᠭ᠋ᠠᠨ᠎ᠤ ᠴᠢᠳᠠᠪᠤᠷᠢ ᠵᠢ ᠬᠥᠮᠦᠵᠢᠭᠦᠯᠬᠦ᠎ᠳᠤ ᠠᠰᠢᠭᠲᠠᠶ ᠶᠤᠮ᠃
7 . ᠬᠡᠦᠬᠡᠳ ᠵᠶ᠋ᠠᠨ ᠳᠠᠭ᠋ᠠᠭᠤᠯᠤᠨ ᠨᠣᠮ᠎ᠤᠨ ᠰᠠᠩ ᠪᠤᠶᠤ ᠨᠣᠮ᠎ᠤᠨ ᠳᠡᠯᠭᠡᠭᠦᠷ ᠵᠶ᠋ᠠᠷ ᠲᠣᠭᠣᠷᠢᠭᠤᠯᠤᠨᠠ
ᠰᠤᠷᠭ᠋ᠠᠭᠤᠯᠢ ᠡᠬᠢᠯᠡᠬᠦ᠎ᠠᠴᠠ ᠡᠮᠦᠨ᠎ᠡ᠂ ᠬᠡᠷ᠎ᠤᠨ ᠠᠬᠠᠮᠠᠳ ᠨᠠᠷ ᠰᠢᠨ᠎ᠡ ᠰᠤᠷᠤᠯᠭ᠎ᠠ ᠵᠢᠨ ᠬᠤᠭᠤᠴᠠᠭ᠋ᠠᠨ᠎ᠤ ᠲᠥᠯᠥᠪᠯᠡᠭᠡ᠎ᠲᠠᠢ᠎ᠪᠠᠨ ᠤᠶᠠᠯᠳᠤᠭᠤᠯᠤᠨ᠂ ᠬᠡᠦᠬᠡᠳ᠎ᠲᠤ᠎ᠪᠠᠨ ᠪᠠᠷ᠎ᠠ ᠪᠣᠯᠵᠣ ᠨᠣᠮ᠎ᠤᠨ ᠰᠠᠩ᠂ ᠨᠣᠮ᠎ᠤᠨ ᠳᠡᠯᠭᠡᠭᠦᠷ ᠵᠡᠷᠭᠡ ᠭᠠᠵᠠᠷ᠎ᠲᠤ ᠣᠴᠢᠵᠤ᠂ ᠨᠣᠮ ᠪᠢᠴᠢᠭ᠎ᠤᠨ ᠦᠨᠦᠷ ᠠᠮᠲᠠ ᠵᠢ ᠲᠠᠨᠢᠭᠤᠯᠵᠤ᠂ ᠬᠡᠦᠬᠡᠳ᠎ᠤᠨ ᠳᠤᠷᠠᠲᠠᠶ ᠨᠣᠮ ᠮᠠᠲ᠋ᠧᠷᠢᠶᠠᠯ᠎ᠢ ᠪᠠᠶ᠋ᠢᠴᠠᠭ᠋ᠠᠨ ᠦᠵᠡᠬᠦ ᠪᠠ ᠬᠤᠳᠠᠯᠳᠤᠨ ᠠᠪᠴᠤ᠂ ᠬᠡᠦᠬᠡᠳ᠎ᠤᠨ ᠨᠣᠮ ᠤᠩᠰᠢᠬᠤ ᠳᠤᠷ᠎ᠠ ᠰᠣᠨᠢᠷᠬᠠᠯ᠎ᠢ ᠬᠥᠮᠥᠵᠢᠭᠦᠯᠵᠦ᠂ ᠰᠢᠨ᠎ᠡ ᠰᠤᠷᠤᠯᠭ᠎ᠠ ᠵᠢᠨ ᠬᠤᠭᠤᠴᠠᠭ᠋ᠠᠨ᠎ᠤ ᠪᠡᠯᠡᠳᠬᠡᠯ᠎ᠢ ᠵᠤᠬᠢᠰᠲᠠᠢ ᠬᠢᠨ᠎ᠡ᠃
8 . ᠬᠡᠦᠬᠡᠳ᠎ᠢ ᠬᠥᠲᠥᠯᠥᠨ ᠵᠢᠯᠣᠭᠣᠳᠴᠤ ᠵᠣᠬᠢᠰᠲᠠᠢ ᠳᠠᠪᠲᠠᠭᠤᠯᠬᠤ ᠪᠤᠶᠤ ᠤᠷᠢᠳᠴᠢᠯᠠᠨ ᠳᠠᠪᠲᠠᠭᠤᠯᠤᠨ᠎ᠠ
ᠡᠪᠦᠯ᠎ᠤᠨ ᠠᠮᠠᠷᠠᠯᠲᠠ᠎ᠳᠤ ᠬᠡᠦᠬᠡᠳ ᠳᠡᠭᠡᠷ᠎ᠡ ᠬᠤᠭᠤᠴᠠᠭ᠋ᠠᠨ᠎ᠤ ᠮᠡᠳᠡᠯᠭᠡ᠎ᠪᠠᠨ ᠮᠠᠷᠲᠠᠬᠤ ᠪᠣᠯᠬᠤᠷ ᠵᠠᠪ ᠴᠢᠯᠥᠭᠡ᠎ᠪᠠᠷ ᠵᠶ᠋ᠠᠨ ᠭᠣᠣᠯ ᠪᠣᠯᠬᠤ ᠮᠡᠳᠡᠯᠭᠡ ᠵᠢᠨ ᠠᠭᠤᠯᠭ᠎ᠠ᠎ᠪᠠᠨ ᠡᠷᠭᠢᠴᠡᠭᠦᠯᠪᠡᠯ ᠵᠣᠬᠢᠨ᠎ᠠ᠃ ᠡᠭᠦᠨ᠎ᠤ ᠬᠠᠮᠲᠤ ᠪᠠᠰᠠ ᠰᠢᠨ᠎ᠡ ᠰᠤᠷᠤᠯᠭ᠎ᠠ ᠵᠢᠨ ᠬᠤᠭᠤᠴᠠᠭ᠋ᠠᠨ᠎ᠤ ᠵᠢᠭ᠋ᠠᠬᠤ ᠮᠠᠲ᠋ᠧᠷᠢᠶᠠᠯ᠎ᠳᠤ ᠤᠷᠢᠳᠴᠢᠯᠠᠨ ᠨᠢᠳᠦ ᠭᠦᠶᠦᠯᠭᠡᠵᠦ᠂ ᠤᠷᠢᠳᠴᠢᠯᠠᠨ ᠵᠣᠬᠢᠰᠲᠠᠢ ᠳᠠᠪᠲᠠᠭᠤᠯᠤᠨ᠎ᠠ᠂ ᠡᠨᠡ᠎ᠨᠢ ᠰᠢᠨ᠎ᠡ ᠬᠠᠭᠤᠴᠢᠨ ᠮᠡᠳᠡᠯᠭᠡ ᠵᠢ ᠤᠷᠤᠭᠰᠢᠲᠠᠢ ᠵᠣᠯᠭ᠋ᠠᠭᠤᠯᠬᠤ᠎ᠳᠤ ᠠᠰᠢᠭᠲᠠᠢ ᠶᠤᠮ᠃
ᠭᠡᠪᠡᠴᠦ ᠭᠡᠷ᠎ᠤᠨ ᠠᠬᠠᠮᠠᠳ᠎ᠲᠤ ᠰᠠᠨᠠᠭᠤᠯᠬᠤ᠎ᠨᠢ ᠬᠡᠦᠬᠡᠳ᠎ᠤᠨ ᠤᠷᠢᠳᠴᠢᠯᠠᠨ ᠳᠠᠪᠲᠠᠬᠤ ᠵᠢ ᠵᠣᠬᠢᠰᠲᠠᠢ ᠪᠠᠢ᠌ᠯᠭ᠋ᠠᠵᠤ᠂ ᠰᠢᠨ᠎ᠡ ᠮᠡᠳᠡᠯᠭᠡ ᠵᠢ ᠨᠢᠭᠡ ᠤᠳᠠᠭ᠎ᠠ ᠤᠷᠢᠳᠴᠢᠯᠠᠨ ᠰᠤᠷᠬᠤ ᠵᠢ ᠰᠠᠨᠠᠭ᠋ᠠᠴᠢᠯᠠᠬᠤ ᠦᠭᠡᠢ᠂ ᠢᠩᠭᠢᠪᠡᠯ ᠬᠡᠦᠬᠡᠳ ᠠᠯᠪᠠᠨ ᠶᠣᠰᠣᠨ᠎ᠤ ᠰᠤᠷᠤᠯᠴᠠᠯᠭ᠎ᠠ᠎ᠳᠤ ᠰᠢᠨ᠎ᠡ ᠰᠣᠷᠭᠣᠭ ᠲᠥᠷᠥᠭᠳᠡᠯ ᠪᠠ ᠤᠷᠮ᠎ᠠ ᠪᠠᠬᠠᠲᠠᠢ ᠪᠣᠯᠵᠤ ᠴᠢᠳᠠᠬᠤ ᠦᠭᠡᠢ ᠪᠣᠯᠤᠨ᠎ᠠ᠃
9 . ᠬᠡᠦᠬᠡᠳ᠎ᠤᠨ ᠵᠶ᠋ᠠᠨ ᠪᠣᠳᠤᠯ ᠰᠡᠳᠬᠢᠯᠭᠡ ᠵᠢ ᠣᠢ᠌ᠯᠠᠭ᠋ᠠᠨ᠎ᠠ
ᠵᠠᠷᠢᠮ ᠣᠨᠴᠠᠭ᠋ᠠᠢ ᠥᠩᠭᠡᠷᠡᠯᠲᠡ ᠪᠠ ᠲᠥᠷᠥᠭᠳᠡᠯ᠎ᠠᠴᠠ ᠪᠣᠯᠵᠤ᠂ ᠵᠠᠷᠢᠮ ᠬᠡᠦᠬᠡᠳ ᠰᠤᠷᠭ᠋ᠠᠭᠤᠯᠢ᠎ᠳᠤ ᠣᠴᠢᠬᠤ ᠵᠢ 《ᠵᠣᠪᠠᠨᠢᠯ》᠂ ᠴᠠᠭ᠋ᠠᠰᠢᠯᠠᠪᠠᠯ 《ᠡᠮᠢᠶᠡᠯ》 ᠵᠶ᠋ᠠᠷ ᠦᠵᠡᠳᠡᠭ᠂ ᠭᠡᠷ᠎ᠤᠨ ᠠᠬᠠᠮᠠᠳ ᠣᠢ᠌ᠯᠠᠭ᠋ᠠᠯᠴᠠᠨ ᠨᠡᠪᠲᠡᠷᠡᠯᠴᠡᠬᠦ ᠪᠠ ᠬᠥᠲᠥᠯᠥᠨ ᠵᠢᠯᠣᠭᠣᠳᠬᠤ ᠠᠵᠢᠯ᠎ᠢ ᠵᠥᠪ ᠬᠢᠵᠦ᠂ ᠬᠡᠦᠬᠡᠳ᠎ᠤᠨ ᠵᠶ᠋ᠠᠨ ᠡᠳᠡᠭᠡᠷ ᠪᠣᠳᠤᠯ ᠰᠡᠳᠬᠢᠯᠭᠡ ᠵᠢ ᠣᠶ᠋ᠢᠯᠠᠭ᠋ᠠᠵᠤ᠂ ᠪᠤᠶ ᠪᠣᠯᠤᠭᠰᠠᠨ ᠰᠢᠯᠲᠠᠭ᠋ᠠᠨ᠎ᠢ ᠵᠠᠳᠠᠯᠵᠤ᠂ ᠬᠠᠨᠳᠤᠯᠭ᠋ᠠᠲᠠᠢ᠎ᠪᠠᠷ ᠵᠣᠷᠢᠭᠵᠢᠭᠤᠯᠤᠨ ᠳᠡᠮᠵᠢᠬᠦ ᠬᠡᠷᠡᠭᠲᠡᠶ᠃
10 . ᠰᠤᠷᠭ᠋ᠠᠭᠤᠯᠢ᠎ᠲᠠᠢ ᠬᠠᠮᠵᠢᠯᠴᠠᠨ ᠬᠢᠵᠢᠭ᠎ᠢ ᠰᠡᠷᠭᠡᠶ᠋ᠢᠯᠡᠬᠦ ᠵᠡᠷᠭᠡ ᠪᠡᠯᠡᠳᠬᠡᠯ ᠠᠵᠢᠯ᠎ᠢ ᠥᠷᠨᠢᠭᠦᠯᠦᠨ᠎ᠡ
ᠣᠳᠣᠬᠠᠨ᠎ᠳᠤ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠤᠨ ᠪᠠᠶ᠋ᠢᠳᠠᠯ ᠬᠦᠨᠳᠦ ᠬᠡᠴᠡᠭᠦᠦ ᠨᠠᠷᠢᠨ ᠪᠤᠳᠤᠯᠢᠶᠠᠨᠲᠠᠶ ᠪᠠᠶ᠋ᠢᠨ᠎ᠠ᠂ ᠰᠤᠷᠭ᠋ᠠᠭᠤᠯᠢ ᠡᠬᠢᠯᠡᠬᠦ᠎ᠠᠴᠠ ᠡᠮᠦᠨᠡᠬᠢ ᠬᠤᠭᠤᠴᠠᠭ᠋ᠠᠨ᠎ᠳᠠᠬᠢ ᠬᠢᠵᠢᠭ᠎ᠤᠨ ᠪᠠᠢ᠌ᠳᠠᠯ᠎ᠢ ᠰᠡᠷᠭᠡᠶ᠋ᠢᠯᠡᠨ ᠡᠵᠡᠮᠳᠡᠬᠦ᠎ᠳᠤ ᠬᠠᠭᠤᠮᠠᠭ᠋ᠠᠢ᠌ᠷᠠᠵᠤ ᠪᠣᠯᠬᠤ ᠥᠬᠡᠶ᠃ ᠭᠡᠷ᠎ᠤᠨ ᠠᠬᠠᠮᠠᠳ ᠥᠪᠡᠷ᠎ᠤᠨ ᠪᠡᠶ᠎ᠡ ᠪᠠ ᠬᠡᠦᠬᠡᠳ᠎ᠤᠨ ᠪᠡᠶ᠎ᠡ ᠵᠢᠨ ᠬᠠᠯᠠᠭᠤᠨ᠎ᠢ ᠬᠡᠮᠵᠢᠬᠦ ᠵᠢ ᠤᠬᠠᠮᠰᠠᠷ᠎ᠠᠴᠠ᠎ᠪᠠᠨ ᠰᠠᠶ᠋ᠢᠲᠤᠷ ᠬᠢᠵᠦ᠂ ᠬᠡᠷᠪᠡ ᠥᠨᠳᠥᠷ ᠬᠠᠯᠠᠭᠤᠷᠠᠬᠤ ᠪᠤᠶᠤ ᠪᠤᠰᠤᠳ ᠰᠡᠵᠢᠭᠯᠡᠯᠲᠡᠢ ᠡᠪᠡᠳᠴᠢᠨ᠎ᠤ ᠰᠢᠨᠵᠢ ᠢᠯᠡᠷᠡᠪᠡᠯ ᠳᠠᠷᠤᠶ᠋ᠢᠬᠠᠨ ᠰᠠᠶ᠋ᠢᠲᠤᠷ ᠰᠡᠷᠭᠡᠶ᠋ᠢᠯᠡᠨ ᠬᠠᠮᠠᠭ᠋ᠠᠯᠠᠵᠤ᠂ ᠡᠮᠨᠡᠯᠭᠡ᠎ᠳᠤ ᠣᠴᠢᠵᠤ ᠡᠮᠨᠡᠭᠦᠯᠬᠦ ᠬᠡᠷᠡᠭᠲᠡᠢ᠃ ᠡᠭᠦᠨ᠎ᠠᠴᠠ ᠭᠠᠳᠠᠨ᠎ᠠ᠂ ᠪᠠᠭᠰᠢ᠎ᠲᠠᠢ ᠤᠷᠢᠳᠴᠢᠯᠠᠨ ᠬᠠᠷᠢᠯᠴᠠᠵᠤ᠂ ᠰᠤᠷᠭ᠋ᠠᠭᠤᠯᠢ ᠵᠢᠨ ᠬᠢᠵᠢᠭ᠎ᠢ ᠰᠡᠷᠭᠡᠶ᠋ᠢᠯᠡᠬᠦ ᠲᠥᠷᠥ ᠵᠢᠨ ᠪᠣᠳᠣᠯᠭ᠎ᠠ ᠵᠢ ᠣᠶ᠋ᠢᠯᠠᠭ᠋ᠠᠵᠤ᠂ ᠢᠳᠡᠪᠬᠢᠲᠡᠶ ᠬᠠᠮᠵᠢᠯᠴᠠᠨ ᠬᠡᠷᠡᠭᠵᠢᠭᠦᠯᠦᠨ᠎ᠡ᠃
ᠰᠤᠷᠤᠭᠴᠢ ᠄ 8 ᠰᠤᠷᠤᠯᠴᠠᠬᠤ ᠳᠠᠳᠬᠠᠯ
ᠰᠡᠢ᠍ᠢ᠍ᠠ ᠰᠠᠶ᠋ᠢᠬᠠᠨ ᠳᠠᠳᠬᠠᠯ ᠪᠣᠯ ᠬᠡᠦᠬᠡᠳ᠎ᠤᠨ ᠬᠦᠷᠦᠩᠭᠡ ᠪᠠᠢ᠌ᠵᠤ᠂ ᠤᠢ᠍ᠷᠳᠡᠭᠢ ᠲᠡᠰᠦᠷᠡᠯᠳᠠ ᠤᠢ᠍ᠭᠡᠢ ᠨᠡᠮᠡᠭᠳᠡᠭᠦᠯᠳᠡᠭ᠂ ᠭᠡᠲᠡᠯ᠎ᠡ ᠬᠥᠮᠦᠨ᠎ᠤ ᠨᠢᠭᠡ ᠨᠠᠰᠤ ᠪᠣᠯ ᠲᠡᠭᠦᠨ᠎ᠤ ᠬᠦᠦ ᠮᠥᠩᠭᠥ ᠵᠢ ᠡᠳ᠋ᠯᠡᠳᠡᠭ᠃ ᠭᠡᠷ᠎ᠤᠨ ᠠᠬᠠᠮᠠᠳ ᠰᠤᠷᠭ᠋ᠠᠭᠤᠯᠢ ᠡᠬᠢᠯᠡᠬᠦ᠎ᠠᠴᠠ ᠡᠮᠦᠨ᠎ᠡ ᠳᠣᠣᠷᠠᠬᠢ 8 ᠵᠦᠢ᠍ᠯ᠎ᠤᠨ ᠰᠤᠷᠤᠯᠴᠠᠬᠤ ᠳᠠᠳᠬᠠᠯ ᠵᠶ᠋ᠡᠷ ᠬᠡᠦᠬᠡᠳ᠎ᠢ ᠠᠭ᠋ᠠᠵᠢᠮ ᠵᠶ᠋ᠠᠷ ᠬᠠᠪᠰᠤᠷᠴᠤ ᠬᠥᠮᠦᠵᠢᠭᠦᠯᠵᠦ ᠪᠣᠯᠤᠨ᠎ᠠ᠄
1 . ᠨᠣᠮ ᠤᠩᠰᠢᠬᠤ ᠳᠠᠳᠬᠠᠯ᠃ ᠳᠤᠮᠳᠠᠳᠤ ᠭᠠᠳᠠᠭ᠋ᠠᠳᠤ ᠵᠢᠨ ᠨᠡᠷᠡᠲᠦ ᠵᠣᠬᠢᠶᠠᠯ ᠪᠤᠶᠤ ᠠᠭᠤᠤ ᠬᠥᠮᠦᠰ᠎ᠤᠨ ᠨᠠᠮᠲᠠᠷ᠎ᠢ ᠤᠩᠰᠢᠵᠤ᠂ ᠳᠡᠭᠡᠳᠦ ᠳᠡᠰ᠎ᠤᠨ ᠦᠵᠡᠯ ᠰᠠᠨᠠᠭ᠎ᠠ᠎ᠲᠠᠢ ᠰᠣᠯᠢᠯᠴᠠᠵᠤ᠂ ᠡᠳᠦᠷ ᠪᠦᠷᠢ ᠨᠢᠭᠡ ᠬᠣᠶᠠᠷ ᠮᠢᠨᠦ᠋ᠲ ᠤᠩᠰᠢᠪᠠᠯ ᠰᠠᠶ᠋ᠢᠨ ᠲᠠᠯ᠎ᠠ᠎ᠲᠠᠢ᠂ ᠬᠡᠦᠬᠡᠳ᠎ᠤᠨ ᠬᠡᠪᠰᠢᠮᠡᠭᠡᠶ ᠴᠢᠨᠠᠷ᠎ᠨᠢ ᠴᠢᠩᠭ᠎ᠠ ᠪᠠᠶ᠋ᠢᠵᠤ᠂ ᠨᠡᠷᠡᠲᠦ ᠪᠠᠭᠰᠢ᠎ᠲᠠᠢ ᠬᠠᠮᠲᠤ᠂ ᠠᠭᠤᠤ ᠬᠥᠮᠦᠨ᠎ᠲᠠᠢ ᠬᠠᠮᠲᠤ ᠪᠠᠶ᠋ᠢᠬᠤ ᠦᠶᠡᠰ᠂ ᠶᠠᠷᠢᠶᠠᠨ ᠦᠭᠡᠶ ᠮᠠᠰᠢ ᠣᠯᠠᠨ ᠰᠤᠷᠭ᠋ᠠᠨ ᠬᠥᠮᠦᠵᠢᠯ᠎ᠢ ᠭᠦᠷᠲᠡᠵᠦ᠂ ᠲᠡᠷᠡ᠎ᠨᠢ ᠳᠠᠳᠬᠠᠯ ᠪᠣᠯᠵᠤ ᠪᠦᠷᠢᠯᠳᠦᠪᠡᠯ᠂ ᠨᠠᠰᠤᠨ ᠲᠤᠷᠰᠢᠳᠠ ᠠᠰᠢᠭ ᠬᠦᠷᠲᠡᠬᠦ ᠪᠣᠯᠤᠨ᠎ᠠ᠃
2 . ᠵᠣᠬᠢᠶᠠᠨ ᠪᠢᠴᠢᠬᠦ ᠳᠠᠳᠬᠠᠯ᠃ ᠡᠳᠦᠷ᠎ᠤᠨ ᠲᠡᠮᠳᠡᠭᠯᠡᠯ ᠪᠢᠴᠢᠬᠦ᠎ᠳᠤ ᠪᠢᠴᠢᠬᠦ ᠶᠠᠭᠤᠮ᠎ᠠ ᠪᠠᠢ᠌ᠪᠠᠯ ᠤᠷᠲᠤ ᠪᠢᠴᠢᠵᠦ᠂ ᠪᠢᠴᠢᠬᠦ ᠶᠠᠭᠤᠮ᠎ᠠ ᠦᠭᠡᠢ ᠪᠣᠯ ᠣᠬᠣᠷ ᠪᠢᠴᠢᠵᠦ᠂ ᠡᠳᠦᠷ᠎ᠤᠨ ᠲᠡᠮᠳᠡᠭᠯᠡᠯ ᠵᠶ᠋ᠠᠷ ᠳᠠᠮᠵᠢᠨ ᠨᠢᠭᠡ ᠬᠥᠮᠦᠨ᠎ᠤ ᠦᠵᠡᠯ ᠰᠠᠨᠠᠭ᠎ᠠ᠂ ᠲᠤᠭᠤᠰᠢᠲᠠᠢ ᠵᠠᠩ ᠴᠢᠨᠠᠷ᠎ᠢ ᠦᠵᠡᠵᠦ ᠭᠠᠷᠤᠨ᠎ᠠ᠂ ᠡᠳᠦᠷ᠎ᠤᠨ ᠲᠡᠮᠳᠡᠭᠯᠡᠯ᠎ᠠᠴᠠ ᠰᠤᠷᠤᠭᠴᠢ ᠵᠢᠨ ᠬᠢᠷᠢ ᠲᠦᠪᠰᠢᠨ᠎ᠢ ᠦᠵᠡᠵᠦ ᠭᠠᠷᠤᠨ᠎ᠠ᠂ ᠨᠢᠭᠡ ᠮᠢᠨᠦ᠋ᠲ᠎ᠲᠤ ᠭᠤᠴᠢ᠎ᠠᠴᠠ ᠲᠠᠪᠢᠨ ᠦᠰᠦᠭ ᠪᠢᠴᠢᠬᠦ ᠵᠢ ᠪᠠᠷᠢᠮᠲᠠᠯᠠᠵᠤ᠂ ᠪᠢᠴᠢᠭᠡᠳ ᠪᠠᠢ᠌ᠪᠠᠯ ᠳᠠᠷᠤᠢ ᠡᠷᠡᠰ ᠵᠣᠷᠢᠭ ᠡᠷᠴᠢᠯᠡᠭᠳᠡᠨ᠎ᠡ᠃
3 ᠲᠥᠯᠥᠪᠯᠡᠭᠡ ᠲᠣᠭᠲᠠᠭ᠋ᠠᠬᠤ ᠳᠠᠳᠬᠠᠯ᠃ ᠠᠯᠢᠪᠠ ᠶᠠᠪᠤᠳᠠᠯ ᠪᠡᠯᠡᠳᠬᠡᠯ᠎ᠲᠠᠢ ᠪᠣᠯ ᠪᠦᠲᠦᠵᠦ᠂ ᠪᠡᠯᠡᠳᠬᠡᠯ ᠦᠭᠡᠢ ᠪᠣᠯ ᠪᠠᠯᠠᠷᠠᠨ᠎ᠠ᠃ ᠰᠤᠷᠤᠯᠭ᠎ᠠ᠎ᠳᠤ᠎ᠪᠠᠨ ᠬᠤᠴᠤᠷᠴᠤ ᠪᠠᠢ᠌ᠭ᠎ᠠ ᠰᠤᠷᠤᠭᠴᠢ ᠵᠢᠨ ᠭᠡᠮ᠎ᠨᠢ ᠪᠦᠷ ᠲᠥᠯᠥᠪᠯᠡᠭᠡᠲᠦ ᠴᠢᠨᠠᠷ ᠵᠶ᠋ᠠᠷ ᠴᠢᠩᠭ᠎ᠠ ᠪᠢᠰᠢ᠂ ᠬᠥᠮᠦᠨ᠎ᠤ ᠠᠯᠪᠠᠳᠠᠯᠭ᠎ᠠ ᠳᠣᠣᠷ᠎ᠠ ᠬᠢᠳᠡᠭ᠎ᠲᠤ ᠪᠠᠢ᠌ᠵᠤ᠂ ᠰᠢᠯᠢᠳᠡᠭ ᠰᠤᠷᠤᠭᠴᠢ ᠵᠢᠨ ᠳᠠᠪᠠᠭᠤᠯᠢᠭ ᠲᠠᠯ᠎ᠠ᠎ᠨᠢ ᠳᠠᠷᠤᠶ ᠥᠪᠡᠷ᠎ᠤᠨ ᠶᠠᠭᠤ ᠬᠢᠬᠦ᠎ᠪᠠᠨ ᠮᠡᠳᠡᠬᠦ᠎ᠳᠤ ᠪᠠᠢ᠌ᠨ᠎ᠠ᠃
4 . ᠤᠷᠢᠳᠴᠢᠯᠠᠨ ᠰᠤᠷᠬᠤ ᠳᠠᠳᠬᠠᠯ᠃ ᠰᠤᠷᠤᠭᠴᠢ ᠬᠡᠷᠪᠡ ᠰᠠᠨᠠᠭ᠋ᠠᠴᠢᠯᠠᠭ᠎ᠠ᠎ᠠᠴᠠ᠎ᠪᠠᠨ ᠰᠤᠷᠤᠯᠴᠠᠬᠤ ᠵᠢ ᠮᠡᠳᠡᠬᠦ ᠦᠭᠡᠢ ᠪᠣᠯ ᠬᠠᠮᠤᠭ᠎ᠤᠨ ᠳᠥᠭᠥᠮ ᠤᠴᠢᠷ᠎ᠢ ᠴᠤ᠌ ᠪᠠᠭᠰᠢ ᠵᠢᠨ ᠵᠶ᠋ᠠᠨ ᠬᠡᠯᠡᠬᠦ ᠵᠢ ᠬᠦᠯᠢᠶᠡᠨ᠎ᠡ᠂ ᠢᠩᠭᠢᠪᠡᠯ ᠰᠠᠶ᠋ᠢᠨ ᠬᠢᠷᠢ ᠪᠦᠲᠦᠮᠵᠢ ᠣᠯᠬᠤ᠎ᠳᠤ ᠬᠦᠴᠢᠷ ᠪᠣᠯᠤᠨ᠎ᠠ᠃
5 . ᠪᠠᠭ᠎ᠠ ᠤᠴᠢᠷ᠎ᠢ ᠳᠠᠷᠤᠢ᠎ᠳᠤ᠎ᠨᠢ ᠪᠡᠶᠡᠯᠡᠭᠦᠯᠬᠦ ᠳᠠᠳᠬᠠᠯ᠃ ᠡᠨᠡ ᠪᠣᠯ ᠮᠠᠰᠢ ᠴᠢᠬᠤᠯᠠ ᠨᠢᠭᠡ ᠳᠠᠳᠬᠠᠯ᠃ ᠶᠡᠬᠡ ᠬᠠᠷᠠᠯᠲᠠ᠎ᠳᠤ ᠬᠦᠷᠴᠦ ᠳᠡᠢ᠌ᠯᠬᠦ ᠦᠭᠡᠢ ᠪᠣᠯ ᠳᠠᠷᠤᠢ᠎ᠳᠤ᠎ᠨᠢ ᠥᠳᠲᠡᠷ ᠲᠦᠷᠭᠡᠨ ᠪᠠᠭ᠎ᠠ ᠬᠠᠷᠠᠯᠲᠠ ᠵᠢ ᠲᠣᠭᠲᠠᠭ᠎ᠠ᠃ ᠬᠦᠴᠢᠷ ᠰᠡᠳᠦᠪ᠎ᠢ ᠬᠢᠵᠦ ᠳᠡᠢ᠌ᠯᠬᠦ ᠦᠭᠡᠢ ᠪᠣᠯ ᠥᠪᠡᠷ᠎ᠤᠨ ᠪᠡᠶ᠎ᠡ᠎ᠳᠤ᠎ᠪᠠᠨ ᠲᠣᠬᠢᠷᠠᠬᠤ᠂ ᠠᠮᠠᠷᠬᠠᠨ ᠬᠢᠬᠦ ᠰᠡᠳᠦᠪ᠎ᠢ ᠰᠣᠩᠭᠣᠵᠤ ᠬᠢᠨ᠎ᠡ᠃
6 . ᠥᠪᠡᠰᠦᠪᠡᠨ ᠳᠠᠰᠬᠠᠯ ᠦᠯᠡᠳᠡᠭᠡᠬᠦ ᠳᠠᠳᠬᠠᠯ᠃ ᠳᠡᠭᠡᠷ᠎ᠡ ᠠᠩᠭᠢ ᠵᠢᠨ ᠰᠤᠷᠤᠭᠴᠢ᠎ᠳᠤ ᠠᠪᠴᠤ ᠬᠡᠯᠡᠪᠡᠯ ᠪᠠᠭᠰᠢ ᠵᠢᠨ ᠦᠯᠡᠳᠡᠭᠡᠭᠰᠡᠨ ᠳᠠᠰᠬᠠᠯ᠎ᠨᠢ ᠰᠤᠷᠤᠭᠴᠢ ᠪᠣᠯᠭ᠋ᠠᠨ᠎ᠳᠤ ᠲᠣᠬᠢᠷᠠᠬᠤ ᠦᠭᠡᠢ ᠮᠠᠭ᠋ᠠᠳ᠃ ᠬᠡᠦᠬᠡᠳ ᠪᠠ ᠪᠠᠭᠰᠢ ᠵᠢ ᠬᠥᠲᠥᠯᠥᠨ ᠵᠢᠯᠣᠭᠣᠳᠴᠤ ᠥᠪᠡᠷ᠎ᠤᠨ ᠪᠡᠶ᠎ᠡ᠎ᠳᠤᠨᠢ ᠲᠣᠬᠢᠷᠠᠬᠤ ᠬᠢᠴᠢᠶᠡᠯ᠎ᠤᠨ ᠳᠠᠷᠠᠭ᠋ᠠᠬᠢ ᠳᠠᠰᠬᠠᠯ ᠦᠯᠡᠳᠡᠭᠡᠬᠦ ᠵᠢ ᠵᠥᠪᠳᠡᠯᠴᠡᠵᠦ᠂ ᠯᠠᠪᠳᠠᠭᠤᠨ ᠪᠠᠲᠤᠲᠠᠶ ᠬᠢᠵᠦ᠂ ᠰᠤᠷᠤᠯᠴᠠᠪᠠᠯ ᠣᠯᠤᠯᠲᠠ᠎ᠲᠠᠢ ᠪᠣᠯᠭ᠋ᠠᠨ᠎ᠠ᠃
7 . ᠪᠤᠷᠤᠭᠤ ᠬᠢᠭᠰᠡᠨ ᠰᠡᠳᠦᠪ ᠵᠶ᠋ᠠᠨ ᠡᠮᠬᠢᠯᠡᠬᠦ ᠳᠠᠳᠬᠠᠯ᠃ ᠤᠳᠠᠭ᠎ᠠ ᠪᠦᠷᠢ ᠵᠢᠨ ᠰᠢᠯᠭ᠋ᠠᠯᠲᠠ ᠵᠢᠨ ᠳᠠᠷᠠᠭ᠎ᠠ᠂ ᠬᠡᠷᠬᠢᠨ ᠪᠤᠷᠤᠭᠤ ᠬᠢᠭᠰᠡᠨ ᠰᠡᠳᠦᠪ᠎ᠢ ᠡᠮᠬᠢᠯᠡᠬᠦ ᠪᠤᠢ? ᠠᠳᠠᠯᠢ ᠲᠦᠷᠦᠯ᠎ᠤᠨ ᠰᠡᠳᠦᠪ᠂ ᠠᠳᠠᠯᠢ ᠬᠡᠮᠵᠢᠶᠡᠨ᠎ᠤ ᠮᠡᠳᠡᠯᠭᠡ ᠵᠢᠨ ᠴᠡᠭ᠎ᠢ ᠡᠷᠢᠨ ᠣᠯᠵᠤ ᠳᠡᠭᠡᠭᠰᠢᠯᠡᠭᠦᠯᠬᠦ ᠠᠷᠭ᠎ᠠ ᠵᠢ ᠰᠤᠳᠤᠯᠤᠨ᠎ᠠ᠃ ᠪᠤᠷᠤᠭᠤ ᠬᠢᠭᠰᠡᠨ ᠰᠡᠳᠦᠪ᠎ᠤᠨ ᠴᠤᠭᠯᠠᠷᠠᠯ᠎ᠢ ᠡᠮᠬᠢᠯᠡᠬᠦ ᠪᠣᠯ ᠮᠠᠰᠢ ᠣᠯᠠᠨ ᠰᠤᠷᠤᠭᠴᠢ ᠵᠢᠨ ᠨᠡᠶ᠋ᠢᠲᠡ᠎ᠪᠠᠷ ᠵᠶ᠋ᠠᠨ ᠮᠡᠳᠡᠷᠡᠭᠰᠡᠨ ᠰᠠᠶ᠋ᠢᠨ ᠳᠠᠳᠬᠠᠯ᠃
8 . ᠮᠠᠲ᠋ᠧᠷᠢᠶᠠᠯ ᠰᠣᠩᠭᠣᠬᠤ᠂ ᠳ᠋ᠦᠩᠨᠡᠯᠲᠡ ᠬᠢᠬᠦ ᠳᠠᠳᠬᠠᠯ᠃ ᠬᠡᠦᠬᠡᠳ᠎ᠢ ᠥᠪᠡᠷ᠎ᠤᠨ ᠪᠣᠳᠠᠲᠤ ᠪᠠᠶ᠋ᠢᠳᠠᠯ ᠵᠶ᠋ᠠᠨ ᠦᠨᠳᠦᠰᠦᠯᠡᠨ᠂ ᠰᠤᠷᠤᠯᠴᠠᠬᠤ ᠮᠠᠲ᠋ᠧᠷᠢᠶᠠᠯ ᠰᠣᠩᠭᠣᠬᠤ ᠵᠢ ᠬᠥᠲᠥᠯᠥᠨ ᠵᠢᠯᠣᠭᠣᠳᠤᠨ᠎ᠠ᠃