ᠣᠶ᠋ᠢᠷ᠎ᠠ᠎ᠳᠤ᠂ ᠰᠠᠭᠤᠷᠢ ᠵᠢ ᠪᠡᠬᠢᠵᠢᠭᠦᠯᠬᠦ ᠲᠥᠯᠥᠪᠯᠡᠭᠡ᠎ᠳᠤ ᠬᠣᠯᠪᠤᠭᠳᠠᠬᠤ ᠲᠤᠷᠰᠢᠯᠲᠠ ᠵᠢᠨ ᠴᠡᠭ᠎ᠤᠨ ᠳᠡᠭᠡᠳᠦ ᠰᠤᠷᠭ᠋ᠠᠭᠤᠯᠢ 2022 ᠣᠨ᠎ᠤ ᠰᠣᠷᠣᠭᠴᠢ ᠡᠯᠰᠡᠬᠦ ᠲᠣᠪᠴᠢ ᠲᠦᠷᠢᠮ᠎ᠢ ᠵᠠᠯᠭ᠋ᠠᠭ᠎ᠠ᠎ᠪᠠᠷ ᠨᠡᠶ᠋ᠢᠲᠡᠯᠡᠵᠦ᠂ ᠰᠠᠭᠤᠷᠢ ᠵᠢ ᠪᠡᠬᠢᠵᠢᠭᠦᠯᠬᠦ ᠲᠥᠯᠦᠪᠯᠡᠭᠡᠨ᠎ᠤ ᠰᠣᠷᠣᠭᠴᠢ ᠡᠯᠰᠡᠬᠦ ᠠᠵᠢᠯ᠎ᠢ ᠡᠬᠢᠯᠡᠭᠦᠯᠪᠡ᠃
ᠰᠠᠭᠤᠷᠢ ᠵᠢ ᠪᠡᠬᠢᠵᠢᠭᠦᠯᠬᠦ ᠲᠥᠯᠥᠪᠯᠡᠭᠡ ᠵᠢ ᠪᠠᠰᠠ ᠰᠠᠭᠤᠷᠢ ᠰᠢᠨᠵᠢᠯᠡᠭᠡᠨ᠎ᠤ ᠰᠠᠯᠠᠭ᠋ᠠᠨ᠎ᠤ ᠰᠣᠷᠣᠭᠴᠢ ᠡᠯᠰᠡᠬᠦ ᠥᠭᠡᠷᠡᠴᠢᠯᠡᠯᠲᠡ ᠵᠢᠨ ᠲᠤᠷᠰᠢᠯᠲᠠ ᠵᠢᠨ ᠴᠡᠭ ᠭᠡᠳᠡᠭ᠂ 2020 ᠣᠨ᠎ᠳᠤ ᠬᠣᠯᠪᠤᠭᠳᠠᠬᠤ ᠳᠡᠭᠡᠳᠦ ᠰᠤᠷᠭ᠋ᠠᠭᠤᠯᠢ᠎ᠳᠤ ᠡᠬᠢᠯᠡᠨ ᠬᠡᠷᠡᠭᠵᠢᠭᠦᠯᠵᠦ᠂ ᠭᠤᠤᠯᠳᠠᠭᠤ ᠤᠯᠤᠰ᠎ᠤᠨ ᠴᠢᠬᠤᠯᠠ ᠶᠡᠬᠡ ᠪᠠᠶ᠋ᠢᠯᠳᠤᠬᠤ ᠪᠣᠳᠣᠯᠭ᠎ᠠ ᠵᠢᠨ ᠬᠡᠷᠡᠭᠴᠡᠭᠡ᠎ᠳᠤ ᠦᠢ᠍ᠯᠡᠴᠢᠯᠡᠬᠦ ᠬᠦᠰᠡᠯ᠎ᠲᠠᠢ ᠪᠥᠭᠡᠳ ᠶᠡᠷᠦᠩᠬᠡᠶ᠋ᠢᠯᠡᠭᠰᠡᠨ ᠬᠡᠪ ᠪᠣᠯᠪᠠᠰᠤᠷᠠᠯ ᠵᠶ᠋ᠠᠷ ᠰᠢᠯᠢᠳᠡᠭ ᠪᠤᠶᠤ ᠰᠠᠭᠤᠷᠢ ᠰᠢᠨᠵᠢᠯᠡᠭᠡᠨ᠎ᠤ ᠰᠠᠯᠠᠭ᠋ᠠᠨ᠎ᠤ ᠣᠷᠣᠶ᠋ᠢᠯᠠᠭᠰᠠᠨ ᠰᠣᠷᠣᠭᠴᠢ ᠵᠢ ᠰᠢᠯᠢᠨ ᠰᠣᠩᠭᠣᠨ᠎ᠠ᠃ ᠭᠤᠤᠯᠳᠠᠭᠤ ᠲᠣᠭ᠋ᠠᠨ᠎ᠤ ᠤᠬᠠᠭ᠋ᠠᠨ᠂ ᠹᠢᠽᠢᠺ᠂ ᠬᠢᠮᠢ᠂ ᠠᠮᠢᠳᠤ ᠪᠣᠳᠠᠰ᠂ ᠬᠦᠴᠦᠨ᠎ᠤ ᠤᠬᠠᠭ᠋ᠠᠨ᠂ ᠰᠠᠭᠤᠷᠢ ᠠᠨᠠᠭ᠋ᠠᠬᠤ ᠤᠬᠠᠭ᠋ᠠᠨ᠂ ᠡᠭᠦᠯᠳᠡᠷ ᠪᠣᠶ᠋ᠢᠵᠢᠭᠤᠯᠬᠤ ᠵᠢᠴᠢ ᠲᠡᠦᠬᠡ᠂ ᠭᠦᠨ ᠤᠬᠠᠭ᠋ᠠᠨ᠂ ᠡᠷᠲᠡᠨ᠎ᠤ ᠥᠰᠥᠭ ᠪᠢᠴᠢᠭ᠎ᠤᠨ ᠤᠬᠠᠭ᠋ᠠᠨ ᠵᠡᠷᠭᠡ ᠬᠣᠯᠪᠤᠭᠳᠠᠬᠤ ᠲᠤᠰᠬᠠᠶ ᠮᠡᠷᠭᠡᠵᠢᠯ᠎ᠳᠤ ᠰᠣᠷᠣᠭᠴᠢ ᠡᠯᠰᠡᠨ᠎ᠡ᠃
ᠣᠳᠣᠬᠠᠨ᠎ᠳᠤ᠂ ᠰᠠᠭᠤᠷᠢ ᠵᠢ ᠪᠡᠬᠢᠵᠢᠭᠦᠯᠬᠦ ᠲᠥᠯᠦᠪᠯᠡᠭᠡᠨ᠎ᠤ ᠲᠤᠷᠰᠢᠯᠲᠠ ᠵᠢᠨ ᠴᠡᠭ᠎ᠤᠨ ᠠᠵᠢᠯ᠎ᠤᠨ ᠠᠬᠢᠴᠠ ᠤᠷᠤᠭᠰᠢᠲᠠᠢ ᠪᠠᠶ᠋ᠢᠨ᠎ᠠ᠃ ᠡᠨᠡ ᠵᠢᠯ ᠵᠡᠭᠦᠨ ᠬᠣᠶ᠋ᠢᠲᠤ ᠵᠢᠨ ᠶᠡᠬᠡ ᠰᠤᠷᠭ᠋ᠠᠭᠤᠯᠢ᠂ ᠬᠤᠨᠠᠨ ᠶᠡᠬᠡ ᠰᠤᠷᠭ᠋ᠠᠭᠤᠯᠢ᠂ ᠪᠠᠷᠠᠭᠤᠨ ᠬᠣᠶ᠋ᠢᠲᠤ ᠵᠢᠨ ᠲᠠᠷᠢᠶᠠᠯᠠᠩ ᠣᠶ ᠰᠢᠭᠤᠶ ᠵᠢᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠶᠡᠬᠡ ᠰᠤᠷᠭ᠋ᠠᠭᠤᠯᠢ ᠵᠡᠷᠭᠡ ᠭᠤᠷᠪᠠᠨ ᠶᠡᠬᠡ ᠳᠡᠭᠡᠳᠦ ᠰᠤᠷᠭ᠋ᠠᠭᠤᠯᠢ ᠵᠢ ᠨᠡᠮᠡᠵᠦ᠂ ᠰᠠᠭᠤᠷᠢ ᠵᠢ ᠪᠡᠬᠢᠵᠢᠭᠦᠯᠬᠦ ᠲᠥᠯᠦᠪᠯᠡᠭᠡᠨ᠎ᠤ ᠲᠤᠷᠰᠢᠯᠲᠠ ᠵᠢᠨ ᠴᠡᠭ᠎ᠤᠨ ᠠᠵᠢᠯ᠎ᠢ ᠥᠷᠨᠢᠭᠦᠯᠬᠦ ᠪᠣᠯᠤᠨ᠎ᠠ᠃