ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠤᠷᠭᠠᠨ ᠬᠦᠮᠦᠵᠢᠯ᠎ᠤᠨ ᠬᠠᠨᠲᠤᠯᠭ᠎ᠠ
ᠰᠣᠨᠤᠷ᠎ᠤᠨ ᠲᠠᠪᠴᠠᠩ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠦᠢᠯᠡᠴᠢᠯᠡᠭᠡ   -   ᠲᠠᠨ᠎ᠳᠤ ᠦᠢᠯᠡᠴᠢᠯᠡᠬᠦ᠌
6 ᠲᠠᠯ᠎ᠠ᠎ᠪᠠᠷ ᠲᠣᠬᠢᠷᠠᠭᠤᠯᠤᠭᠰᠠᠨ᠄ ᠰᠤᠷᠭ᠋ᠠᠨ ᠬᠥᠮᠦᠵᠢᠯ᠎ᠤᠨ ᠶᠠᠮᠤᠨ ᠤᠯᠤᠰ᠎ᠤᠨ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ᠎ᠲᠠᠢ ᠬᠠᠮᠲᠤᠷᠠᠨ ᠳᠡᠭᠡᠳᠦ ᠰᠤᠷᠭ᠋ᠠᠭᠤᠯᠢ᠂ ᠳᠤᠮᠳᠠᠳᠤ ᠪᠠᠭ᠎ᠠ ᠰᠤᠷᠭ᠋ᠠᠭᠤᠯᠢ ᠪᠣᠯᠤᠨ ᠬᠡᠦᠬᠡᠳ᠎ᠤᠨ ᠴᠡᠴᠡᠷᠯᠢᠭ ᠬᠡᠦᠬᠡᠳ ᠰᠠᠭ᠋ᠠᠲᠠᠭᠤᠯᠬᠤ ᠪᠠᠶ᠋ᠢᠭᠤᠯᠤᠮᠵᠢ ᠵᠢᠨ ᠰᠢᠨ᠎ᠡ ᠲᠢᠲᠢᠮᠯᠢᠭ ᠠᠭᠤᠰᠬᠢᠨ᠎ᠤ ᠦᠷᠪᠢᠰᠦᠯ᠎ᠤᠨ ᠬᠢᠵᠢᠭ᠎ᠢ ᠰᠡᠷᠭᠡᠶ᠋ᠢᠯᠡᠨ ᠡᠵᠡᠮᠳᠡᠬᠦ ᠮᠡᠷᠭᠡᠵᠢᠯ᠎ᠤᠨ ᠲᠥᠰᠦᠯ (ᠲᠠᠪᠤᠳᠤᠭ᠋ᠠᠷ ᠬᠡᠪᠯᠡᠯ)᠎ᠢ ᠳᠠᠷᠤᠮᠠᠯᠯᠠᠨ ᠲᠠᠷᠬᠠᠭ᠋ᠠᠪᠠ
ᠨᠡᠶ᠋ᠢᠲᠡᠯᠡᠭᠰᠡᠨ ᠴᠠᠭ᠄ 2022-04-13


      ᠳᠡᠭᠡᠳᠦ ᠰᠤᠷᠭ᠋ᠠᠭᠤᠯᠢ ᠵᠢ ᠤᠯᠠᠮ ᠨᠢᠭᠡ ᠠᠯᠬᠤᠮ ᠰᠢᠨᠵᠢᠯᠡᠬᠦ ᠤᠬᠠᠭ᠋ᠠᠨᠴᠢ᠎ᠪᠠᠷ ᠵᠢᠯᠣᠭᠣᠳᠴᠤ᠂ ᠳᠤᠮᠳᠠᠳᠤ ᠪᠠᠭ᠎ᠠ ᠰᠤᠷᠭ᠋ᠠᠭᠤᠯᠢ ᠪᠠ ᠬᠡᠦᠬᠡᠳ᠎ᠤᠨ ᠴᠡᠴᠡᠷᠯᠢᠭ ᠬᠡᠦᠬᠡᠳ ᠰᠠᠭ᠋ᠠᠲᠠᠭᠤᠯᠬᠤ ᠪᠠᠶ᠋ᠢᠭᠤᠯᠤᠮᠵᠢ ᠵᠢᠨ ᠰᠢᠨ᠎ᠡ ᠲᠢᠲᠢᠮᠯᠢᠭ ᠠᠭᠤᠰᠬᠢᠨ᠎ᠤ ᠦᠷᠪᠢᠰᠦᠯ᠎ᠤᠨ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠠᠵᠢᠯ᠎ᠢ ᠰᠠᠶ᠋ᠢᠲᠤᠷ   ᠬᠢᠵᠦ᠂ ᠰᠤᠷᠭ᠋ᠠᠭᠤᠯᠢ ᠵᠢᠨ ᠬᠦᠷᠢᠶᠡᠨ᠎ᠤ ᠰᠡᠷᠭᠡᠶ᠋ᠢᠯᠡᠨ ᠡᠵᠡᠮᠳᠡᠬᠦ ᠭᠤᠤᠯ ᠴᠣᠭᠴᠠ ᠵᠢᠨ ᠬᠠᠷᠢᠭᠤᠴᠠᠯᠭ᠎ᠠ ᠵᠢ ᠪᠣᠳᠠᠲᠠᠢ᠌ᠵᠢᠭᠤᠯᠵᠤ᠂ ᠪᠠᠢ᠌ᠩᠭᠤ ᠰᠡᠷᠭᠡᠶ᠋ᠢᠯᠡᠨ ᠡᠵᠡᠮᠳᠡᠬᠦ ᠪᠠ ᠪᠠᠴᠢᠮ ᠪᠠᠶ᠋ᠢᠳᠠᠯ᠎ᠢ ᠠᠷᠭ᠋ᠠᠴᠠᠨ ᠰᠢᠢ᠍ᠳᠪᠦᠷᠢᠯᠡᠬᠦ ᠠᠷᠭ᠎ᠠ ᠬᠡᠮᠵᠢᠶ᠎ᠡ ᠵᠢ ᠡᠮᠬᠢ ᠵᠢᠷᠤᠮᠲᠠᠢ ᠨᠠᠢ᠌ᠳᠠᠪᠤᠷᠢᠵᠢᠭᠤᠯᠬᠤ ᠵᠢᠨ ᠲᠥᠯᠦᠭᠡ᠂ ᠣᠶ᠋ᠢᠷ᠎ᠠ᠎ᠳᠤ ᠰᠤᠷᠭ᠋ᠠᠨ ᠬᠥᠮᠦᠵᠢᠯ᠎ᠤᠨ ᠶᠠᠮᠤᠨ ᠤᠯᠤᠰ᠎ᠤᠨ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ᠎ᠲᠠᠢ ᠬᠠᠮᠲᠤᠷᠠᠨ ᠰᠢᠨ᠎ᠡ ᠲᠢᠲᠢᠮᠯᠢᠭ ᠠᠭᠤᠰᠬᠢᠨ᠎ᠤ ᠦᠷᠪᠢᠰᠦᠯ᠎ᠢ ᠰᠡᠷᠭᠡᠶ᠋ᠢᠯᠡᠨ ᠡᠵᠡᠮᠳᠡᠬᠦ ᠲᠥᠰᠦᠯ ᠪᠣᠯᠤᠨ ᠣᠳᠣᠬᠠᠨ᠎ᠤ ᠬᠢᠵᠢᠭ᠎ᠤᠨ ᠪᠠᠶ᠋ᠢᠳᠠᠯ᠎ᠤᠨ ᠬᠡᠷᠡᠭᠴᠡᠭᠡ ᠵᠢ ᠦᠨᠳᠦᠰᠦᠯᠡᠨ᠂ ᠡᠭᠦᠨ᠎ᠠᠴᠠ ᠡᠮᠦᠨᠡᠬᠢ ᠬᠣᠯᠪᠤᠭᠳᠠᠬᠤ ᠮᠡᠷᠭᠡᠵᠢᠯ᠎ᠤᠨ ᠲᠥᠰᠦᠯ᠎ᠳᠤ ᠵᠠᠰᠠᠪᠤᠷᠢ ᠣᠷᠣᠭᠤᠯᠵᠤ ᠲᠣᠬᠢᠷᠠᠭᠤᠯᠪᠠ᠂ 《ᠳᠡᠭᠡᠳᠦ ᠰᠤᠷᠭ᠋ᠠᠭᠤᠯᠢ ᠵᠢᠨ ᠰᠢᠨ᠎ᠡ ᠲᠢᠲᠢᠮᠯᠢᠭ ᠠᠭᠤᠰᠬᠢᠨ᠎ᠤ ᠦᠷᠪᠢᠰᠦᠯ᠎ᠤᠨ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠮᠡᠷᠭᠡᠵᠢᠯ᠎ᠤᠨ ᠲᠥᠰᠦᠯ (ᠲᠠᠪᠤᠳᠤᠭ᠋ᠠᠷ ᠬᠡᠪᠯᠡᠯ)》᠂ 《ᠳᠤᠮᠳᠠᠳᠤ ᠪᠠᠭ᠎ᠠ ᠰᠤᠷᠭ᠋ᠠᠭᠤᠯᠢ ᠵᠢᠨ ᠰᠢᠨ᠎ᠡ ᠲᠢᠲᠢᠮᠯᠢᠭ ᠠᠭᠤᠰᠬᠢᠨ᠎ᠤ ᠦᠷᠪᠢᠰᠦᠯ᠎ᠤᠨ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠮᠡᠷᠭᠡᠵᠢᠯ᠎ᠤᠨ ᠲᠥᠰᠦᠯ (ᠲᠠᠪᠤᠳᠤᠭ᠋ᠠᠷ ᠬᠡᠪᠯᠡᠯ)》 ᠪᠣᠯᠤᠨ 《ᠬᠡᠦᠬᠡᠳ᠎ᠤᠨ ᠴᠡᠴᠡᠷᠯᠢᠭ ᠬᠡᠦᠬᠡᠳ ᠰᠠᠭ᠋ᠠᠲᠠᠭᠤᠯᠬᠤ ᠪᠠᠶ᠋ᠢᠭᠤᠯᠤᠮᠵᠢ ᠵᠢᠨ ᠰᠢᠨ᠎ᠡ ᠲᠢᠲᠢᠮᠯᠢᠭ ᠠᠭᠤᠰᠬᠢᠨ᠎ᠤ ᠦᠷᠪᠢᠰᠦᠯ᠎ᠤᠨ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠮᠡᠷᠭᠡᠵᠢᠯ᠎ᠤᠨ ᠲᠥᠰᠦᠯ (ᠲᠠᠪᠤᠳᠤᠭ᠋ᠠᠷ ᠬᠡᠪᠯᠡᠯ)》᠎ᠢ ᠳᠠᠷᠤᠮᠠᠯᠯᠠᠨ ᠲᠠᠷᠬᠠᠭ᠋ᠠᠪᠠ᠃ ᠰᠢᠨ᠎ᠡ ᠬᠡᠪᠯᠡᠯ᠎ᠤᠨ ᠮᠡᠷᠭᠡᠵᠢᠯ᠎ᠤᠨ ᠲᠥᠰᠦᠯ᠎ᠳᠤ ᠶᠠᠮᠠᠷ ᠲᠣᠬᠢᠷᠠᠭᠤᠯᠤᠯᠲᠠ ᠬᠢᠭᠰᠡᠨ ᠪᠣᠶ? ᠬᠠᠮᠲᠤ᠎ᠳᠤ᠎ᠪᠠᠨ ᠦᠵᠡᠵᠡᠭᠡᠶ᠎ᠡ!



      ᠰᠢᠨ᠎ᠡ ᠬᠡᠪᠯᠡᠯ᠎ᠤᠨ ᠮᠡᠷᠭᠡᠵᠢᠯ᠎ᠤᠨ ᠲᠥᠰᠦᠯ᠎ᠨᠢ ᠬᠢᠵᠢᠭ᠎ᠤᠨ ᠪᠠᠶ᠋ᠢᠳᠠᠯ᠎ᠢ ᠪᠠᠢ᠌ᠩᠭᠤ ᠰᠡᠷᠭᠡᠶ᠋ᠢᠯᠡᠨ ᠡᠵᠡᠮᠳᠡᠬᠦ ᠬᠠᠮᠢᠶᠠᠷᠤᠯᠲᠠ ᠵᠢᠨ ᠱᠠᠭ᠋ᠠᠷᠳᠠᠯᠭ᠎ᠠ ᠵᠢ ᠤᠯᠠᠮ ᠴᠠᠭ᠋ᠠᠰᠢᠲᠠ ᠴᠢᠩᠭ᠋ᠠᠳᠬᠠᠭᠰᠠᠨ ᠰᠠᠭᠤᠷᠢᠨ ᠳᠡᠭᠡᠷ᠎ᠡ᠂ ᠰᠤᠷᠭ᠋ᠠᠭᠤᠯᠢ ᠵᠢᠨ ᠬᠦᠷᠢᠶᠡᠨ᠎ᠤ ᠪᠠᠢ᠌ᠩᠭᠤ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠵᠢ ᠨᠡᠮᠡᠵᠦ᠂ ᠬᠢᠵᠢᠭ᠎ᠤᠨ ᠪᠠᠶ᠋ᠢᠳᠠᠯ ᠭᠠᠷᠤᠭᠰᠠᠨ᠎ᠤ ᠳᠠᠷᠠᠭ᠋ᠠᠬᠢ ᠪᠠᠴᠢᠮ ᠪᠠᠶ᠋ᠢᠳᠠᠯ᠎ᠢ ᠠᠷᠭ᠋ᠠᠴᠠᠨ ᠰᠢᠢ᠍ᠳᠪᠦᠷᠢᠯᠡᠬᠦ ᠠᠷᠭ᠎ᠠ ᠬᠡᠮᠵᠢᠶ᠎ᠡ ᠪᠣᠯᠤᠨ ᠡᠷᠡᠭᠦᠯ ᠬᠠᠮᠠᠭ᠋ᠠᠯᠠᠯ᠎ᠤᠨ ᠪᠠᠲᠤᠯᠠᠭ᠋ᠠᠨ᠎ᠤ ᠱᠠᠭ᠋ᠠᠷᠳᠠᠯᠭ᠎ᠠ ᠵᠢ ᠨᠠᠷᠢᠯᠢᠬ᠍ᠵᠢᠭᠤᠯᠤᠨ ᠲᠡᠭᠦᠯᠳᠡᠷᠵᠢᠭᠦᠯᠪᠡ᠃
      ᠮᠡᠷᠭᠡᠵᠢᠯ᠎ᠤᠨ ᠰᠢᠨ᠎ᠡ ᠲᠥᠰᠦᠯ᠎ᠳᠤ ᠭᠣᠣᠯᠳᠠᠭᠤ ᠵᠢᠷᠭᠤᠭ᠋ᠠᠨ ᠲᠠᠯ᠎ᠠ ᠵᠢᠨ ᠲᠤᠬᠢᠷᠠᠭᠤᠯᠤᠯᠳᠡ ᠬᠢᠪᠡ᠃
      ᠨᠢᠭᠡ᠎ᠳᠤ᠂ ᠬᠢᠵᠢᠭ᠎ᠤᠨ ᠪᠠᠶ᠋ᠢᠳᠠᠯ᠎ᠢ ᠪᠠᠢ᠌ᠩᠭᠤ ᠰᠡᠷᠭᠡᠶ᠋ᠢᠯᠡᠨ ᠡᠵᠡᠮᠳᠡᠬᠦ ᠬᠠᠮᠢᠶᠠᠷᠤᠯᠲᠠ ᠵᠢᠨ ᠱᠠᠭ᠋ᠠᠷᠳᠠᠯᠭ᠎ᠠ ᠵᠢ ᠴᠢᠩᠭ᠋ᠠᠳᠬᠠᠵᠤ᠂ ᠠᠳᠠᠯᠢ ᠪᠤᠰᠤ ᠰᠤᠷᠭ᠋ᠠᠭᠤᠯᠢ ᠵᠢᠨ ᠣᠷᠴᠢᠨ ᠲᠣᠭᠣᠷᠢᠨ ᠪᠠ ᠪᠠᠭᠰᠢ ᠰᠤᠷᠤᠭᠴᠢᠳ᠎ᠤᠨ ᠢᠷᠡᠯᠲᠡ ᠵᠢᠨ ᠣᠨᠴᠠᠯᠢᠭ᠎ᠢ ᠦᠨᠳᠦᠰᠦᠯᠡᠨ᠂ ᠰᠤᠷᠭ᠋ᠠᠭᠤᠯᠢ ᠵᠢᠨ ᠬᠦᠷᠢᠶᠡᠨ᠎ᠳᠤ ᠣᠷᠣᠵᠤ ᠭᠠᠷᠬᠤ ᠬᠠᠮᠢᠶᠠᠷᠤᠯᠲᠠ᠂ ᠪᠠᠭᠰᠢ ᠰᠣᠷᠣᠭᠴᠢ ᠠᠵᠢᠯᠲᠠᠨ᠎ᠤ ᠬᠠᠮᠢᠶᠠᠷᠤᠯᠲᠠ᠂ ᠭᠣᠣᠯᠳᠠᠯᠭ᠋ᠠᠲᠠᠢ ᠪᠠᠢ᠌ᠷᠢ ᠲᠠᠯᠠᠪᠤᠷ ᠪᠠ ᠣᠷᠣᠨ ᠪᠦᠰᠡ ᠵᠢᠨ ᠬᠠᠮᠢᠶᠠᠷᠤᠯᠲᠠ᠂ ᠣᠷᠴᠢᠨ ᠲᠣᠭᠣᠷᠢᠨ᠎ᠤ ᠡᠷᠡᠭᠦᠯ ᠬᠠᠮᠠᠭ᠋ᠠᠯᠠᠯ᠎ᠢ ᠴᠡᠭᠴᠡᠯᠡᠨ ᠥᠭᠡᠷᠡᠴᠢᠯᠡᠬᠦ᠂ ᠰᠤᠷᠭ᠋ᠠᠭᠤᠯᠢ᠎ᠳᠠᠬᠢ ᠬᠤᠪᠢ ᠬᠥᠮᠦᠨ᠎ᠤ ᠰᠡᠷᠭᠡᠶ᠋ᠢᠯᠡᠯᠲᠡ ᠬᠠᠮᠠᠭ᠋ᠠᠯᠠᠯᠲᠠ ᠵᠡᠷᠭᠡ ᠠᠷᠭ᠎ᠠ ᠬᠡᠮᠵᠢᠶ᠎ᠡ ᠵᠢ   ᠬᠠᠨᠳᠤᠯᠭ᠋ᠠᠲᠠᠢ᠎ᠪᠠᠷ ᠨᠠᠶ᠋ᠢᠳᠠᠪᠤᠷᠢᠵᠢᠭᠤᠯᠵᠤ᠂ ᠬᠢᠵᠢᠭ᠎ᠤᠨ ᠪᠠᠢ᠌ᠳᠠᠯ ᠰᠤᠷᠭ᠋ᠠᠭᠤᠯᠢ ᠵᠢᠨ ᠬᠦᠷᠢᠶᠡᠨ᠎ᠳᠤ ᠣᠷᠣᠵᠤ ᠢᠷᠡᠬᠦ ᠵᠢ ᠬᠦᠴᠦᠯᠡᠨ ᠰᠡᠷᠭᠡᠢ᠌ᠯᠡᠬᠦ ᠬᠡᠷᠡᠭᠲᠡᠢ᠃
      ᠬᠣᠶᠠᠷ᠎ᠲᠤ᠂ ᠰᠤᠷᠭ᠋ᠠᠭᠤᠯᠢ ᠵᠢᠨ ᠬᠦᠷᠢᠶᠡᠨ᠎ᠤ ᠬᠢᠵᠢᠭ᠎ᠤᠨ ᠪᠠᠶ᠋ᠢᠳᠠᠯ᠎ᠢ ᠪᠠᠢ᠌ᠩᠭᠤ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠵᠢ ᠴᠢᠩᠭ᠋ᠠᠳᠬᠠᠵᠤ᠂ ᠬᠢᠵᠢᠭ᠎ᠤᠨ ᠪᠠᠶ᠋ᠢᠳᠠᠯ᠎ᠤᠨ ᠬᠤᠪᠢᠷᠠᠯᠲᠠ ᠵᠢ ᠳᠠᠷᠤᠢ᠎ᠳᠤ᠎ᠨᠢ ᠬᠢᠨᠠᠨ ᠬᠡᠮᠵᠢᠵᠦ᠂ ᠬᠥᠮᠦᠰ᠎ᠤᠨ ᠡᠷᠡᠭᠦᠯ ᠮᠡᠨᠳᠦ ᠵᠢᠨ ᠬᠢᠨᠠᠨ ᠬᠡᠮᠵᠢᠯᠲᠡ᠂ ᠪᠡᠶ᠎ᠡ ᠵᠢᠨ ᠬᠠᠯᠠᠭᠤᠨ᠎ᠤ ᠬᠢᠨᠠᠨ ᠬᠡᠮᠵᠢᠯᠲᠡ᠂ ᠥᠷᠯᠥᠭᠡ ᠦᠳᠡ ᠵᠢᠨ ᠪᠠᠶ᠋ᠢᠴᠠᠭ᠋ᠠᠯᠲᠠ ᠪᠠ ᠡᠪᠡᠳᠴᠢᠨ᠎ᠠᠴᠠ ᠪᠣᠯᠵᠣ ᠬᠢᠴᠢᠶᠡᠯ ᠰᠠᠭ᠋ᠠᠲᠠᠭᠰᠠᠳ᠎ᠢ ᠮᠥᠷᠳᠡᠨ ᠳᠠᠩᠰᠠᠯᠠᠬᠤ ᠵᠡᠷᠭᠡ ᠠᠷᠭ᠎ᠠ ᠬᠡᠮᠵᠢᠶ᠎ᠡ ᠵᠢ ᠴᠢᠩᠭ᠎ᠠ ᠬᠡᠷᠡᠭᠵᠢᠭᠦᠯᠵᠦ᠂ ᠲᠣᠭᠲᠠᠮᠠᠯ ᠬᠤᠭᠤᠴᠠᠭ᠋ᠠᠲᠠᠢ᠎ᠪᠠᠷ ᠪᠠᠭᠰᠢ ᠰᠣᠷᠣᠭᠴᠢ ᠠᠵᠢᠯᠲᠠᠨ᠎ᠢ ᠵᠣᠬᠢᠶᠠᠨ ᠪᠠᠶ᠋ᠢᠭᠤᠯᠵᠤ ᠪᠥᠭᠡᠮ ᠬᠦᠴᠢᠯ᠎ᠤᠨ ᠪᠠᠶ᠋ᠢᠴᠠᠭ᠋ᠠᠯᠲᠠ ᠵᠢᠨ ᠰᠤᠭᠤᠴᠢᠨ ᠪᠠᠢ᠌ᠴᠠᠭ᠋ᠠᠯᠲᠠ ᠬᠢᠨ᠎ᠡ᠃ ᠵᠢᠱ᠌ᠢᠶᠡᠯᠡᠪᠡᠯ ᠰᠠᠭᠤᠭ᠎ᠠ ᠰᠢᠶᠠᠨ (ᠬᠣᠲᠠ᠂ ᠲᠣᠭᠣᠷᠢᠭ᠂ ᠬᠣᠰᠢᠭᠤ)᠎ᠳᠤ ᠬᠢᠵᠢᠭ᠎ᠤᠨ ᠪᠠᠶ᠋ᠢᠳᠠᠯ ᠭᠠᠷᠪᠠᠯ᠂ ᠬᠢᠵᠢᠭ᠎ᠤᠨ ᠪᠠᠶ᠋ᠢᠳᠠᠯ᠎ᠤᠨ ᠲᠠᠷᠬᠠᠯᠲᠠ ᠵᠢᠨ ᠲᠦᠭᠰᠢᠭᠦᠷᠢ ᠵᠢ ᠦᠨᠳᠦᠰᠦᠯᠡᠨ ᠪᠥᠭᠡᠮ ᠬᠦᠴᠢᠯ᠎ᠤᠨ ᠰᠢᠯᠭ᠋ᠠᠨ ᠪᠠᠶ᠋ᠢᠴᠠᠭ᠋ᠠᠯᠲᠠ ᠵᠢᠨ ᠤᠳᠠᠭ᠎ᠠ ᠵᠢ ᠨᠢᠭᠲᠠᠷᠠᠭᠤᠯᠵᠤ᠂ ᠪᠥᠭᠡᠮ ᠬᠦᠴᠢᠯ᠎ᠤᠨ ᠰᠢᠯᠭ᠋ᠠᠨ ᠪᠠᠶ᠋ᠢᠴᠠᠭ᠋ᠠᠯᠲᠠ ᠵᠢᠨ ᠰᠤᠭᠤᠴᠢᠨ ᠪᠠᠶ᠋ᠢᠴᠠᠭ᠋ᠠᠯᠲᠠ ᠵᠢᠨ ᠬᠠᠷᠢᠴᠠᠯ᠎ᠢ ᠳᠡᠭᠡᠭᠰᠢᠯᠡᠭᠦᠯᠵᠦ᠂ ᠥᠳᠥᠭᠡᠭᠴᠢ ᠵᠢ ᠰᠢᠯᠭ᠋ᠠᠨ ᠪᠠᠶ᠋ᠢᠴᠠᠭ᠋ᠠᠬᠤ ᠵᠢ ᠵᠣᠷᠢᠭᠵᠢᠭᠤᠯᠤᠨ ᠨᠡᠮᠡᠭᠳᠡᠭᠦᠯᠵᠦ᠂ ᠰᠤᠷᠭ᠋ᠠᠭᠤᠯᠢ ᠵᠢᠨ ᠬᠢᠵᠢᠭ᠎ᠤᠨ ᠪᠠᠶ᠋ᠢᠳᠠᠯ᠎ᠢ ᠡᠷᠲᠡ ᠢᠯᠡᠷᠡᠭᠦᠯᠬᠦ ᠡᠷᠴᠢᠮ᠎ᠢ ᠴᠢᠩᠭ᠋ᠠᠳᠬᠠᠬᠤ     ᠬᠡᠷᠡᠭᠲᠡᠢ᠃  
      ᠭᠤᠷᠪᠠ᠎ᠳᠤ᠂ ᠬᠢᠵᠢᠭ᠎ᠤᠨ ᠪᠠᠶ᠋ᠢᠳᠠᠯ᠎ᠢ ᠪᠠᠴᠢᠮ ᠠᠷᠭ᠋ᠠᠴᠠᠨ ᠰᠢᠢ᠍ᠳᠪᠦᠷᠢᠯᠡᠬᠦ ᠱᠠᠭ᠋ᠠᠷᠳᠠᠯᠭ᠎ᠠ ᠵᠢ ᠨᠠᠷᠢᠯᠢᠭᠵᠢᠭᠤᠯᠤᠨ ᠲᠡᠭᠦᠯᠳᠡᠷᠵᠢᠭᠦᠯᠵᠦ᠂ ᠬᠡᠷᠪᠡ ᠰᠤᠷᠭ᠋ᠠᠭᠤᠯᠢ ᠵᠢᠨ ᠬᠦᠷᠢᠶᠡᠨ᠎ᠳᠤ ᠬᠢᠵᠢᠭ᠎ᠤᠨ ᠪᠠᠶ᠋ᠢᠳᠠᠯ ᠭᠠᠷᠤᠭᠰᠠᠨ᠎ᠤ ᠳᠠᠷᠠᠭ᠎ᠠ᠂ ᠪᠠᠢ᠌ᠩᠭᠤ ᠵᠢᠨ ᠪᠠ ᠪᠠᠴᠢᠮ ᠪᠠᠶ᠋ᠢᠳᠠᠯ᠎ᠢ ᠠᠷᠭ᠋ᠠᠴᠠᠬᠤ ᠲᠣᠭᠲᠠᠴᠠ ᠵᠢᠨ ᠰᠣᠯᠢᠭᠳᠠᠯ᠎ᠢ ᠳᠠᠷᠤᠶ᠋ᠢᠬᠠᠨ ᠪᠡᠶᠡᠯᠡᠭᠦᠯᠵᠦ᠂ ᠬᠠᠯᠳᠠᠪᠤᠷᠢᠯᠠᠬᠤ ᠡᠬᠢ ᠰᠤᠷᠪᠤᠯᠵᠢ ᠵᠢ ᠡᠵᠡᠮᠳᠡᠬᠦ ᠪᠠ ᠬᠠᠮᠢᠶᠠᠷᠬᠤ᠂ ᠲᠦᠭᠰᠢᠭᠦᠷᠢᠲᠦ ᠣᠷᠣᠨ ᠪᠦᠰᠡ ᠪᠣᠯᠤᠨ ᠲᠦᠭᠰᠢᠭᠦᠷᠢᠲᠦ ᠬᠥᠮᠦᠰ᠎ᠢ ᠬᠤᠪᠢᠶᠠᠷᠢᠯᠠᠨ ᠲᠣᠭᠲᠠᠭ᠋ᠠᠵᠤ ᠬᠠᠮᠢᠶᠠᠷᠤᠨ ᠡᠵᠡᠮᠳᠡᠬᠦ ᠠᠵᠢᠯ᠎ᠢ ᠰᠠᠶ᠋ᠢᠲᠤᠷ ᠬᠢᠯᠭᠡᠵᠦ᠂ ᠪᠢᠲᠡᠭᠦᠮᠵᠢᠯᠡᠨ ᠬᠠᠮᠢᠶᠠᠷᠬᠤ᠂ ᠬᠥᠮᠦᠰ᠎ᠢ ᠰᠢᠯᠵᠢᠭᠦᠯᠦᠨ ᠵᠥᠭᠡᠭᠡᠪᠦᠷᠢᠯᠡᠬᠦ᠂ ᠪᠥᠭᠡᠮ ᠬᠦᠴᠢᠯ ᠵᠶ᠋ᠠᠷ ᠰᠢᠯᠭ᠋ᠠᠨ ᠪᠠᠶ᠋ᠢᠴᠠᠭ᠋ᠠᠬᠤ᠂ ᠡᠷᠡᠭᠦᠯ ᠮᠡᠨᠳᠦ ᠵᠢ ᠬᠢᠨᠠᠨ ᠬᠡᠮᠵᠢᠬᠦ᠂ ᠣᠷᠴᠢᠨ ᠲᠣᠭᠣᠷᠢᠨ᠎ᠢ ᠠᠷᠢᠭᠤᠳᠬᠠᠬᠤ ᠪᠠ ᠬᠣᠭ ᠨᠣᠪᠰᠢ ᠵᠢ ᠰᠢᠢ᠍ᠳᠪᠦᠷᠢᠯᠡᠬᠦ ᠵᠡᠷᠭᠡ ᠵᠢ ᠡᠮᠬᠢ ᠵᠢᠷᠤᠮᠲᠠᠢ ᠨᠠᠶ᠋ᠢᠳᠠᠪᠤᠷᠢᠵᠢᠭᠤᠯᠵᠤ᠂ ᠬᠠᠮᠤᠭ᠎ᠤᠨ ᠣᠬᠣᠷ ᠬᠤᠭᠤᠴᠠᠭ᠋ᠠᠨ᠎ᠳᠤ ᠬᠢᠵᠢᠭ᠎ᠤᠨ ᠳᠠᠷᠬᠠᠨ ᠳᠡᠯᠭᠡᠷᠡᠬᠦ ᠵᠢ ᠬᠣᠷᠢᠭᠯᠠᠬᠤ ᠵᠢ ᠦᠨᠡᠨ ᠬᠦ᠌ ᠪᠠᠲᠤᠯᠠᠬᠤ ᠬᠡᠷᠡᠭᠲᠡᠶ᠃
      ᠳᠥᠷᠪᠡ᠎ᠳᠤ᠂ ᠵᠣᠬᠢᠬᠤ ᠨᠠᠰᠤᠨ᠎ᠤ ᠬᠥᠮᠦᠰ᠎ᠤᠨ ᠸᠠᠺᠼᠢᠨ᠎ᠤ ᠲᠠᠷᠢᠯᠭ᠎ᠠ ᠬᠢᠬᠦ ᠠᠵᠢᠯ᠎ᠳᠤ ᠱᠠᠭ᠋ᠠᠷᠳᠠᠯᠭ᠎ᠠ ᠳᠤᠷᠠᠳᠴᠤ᠂ ᠪᠠᠶ᠋ᠢᠳᠠᠯ᠎ᠢ ᠮᠡᠳᠡᠬᠦ᠂ ᠵᠥᠪᠰᠢᠶᠡᠷᠡᠬᠦ᠂ ᠰᠠᠶ᠋ᠢᠨ ᠳᠤᠷ᠎ᠠ᠎ᠠᠴᠠ᠎ᠪᠠᠨ ᠪᠠᠶ᠋ᠢᠬᠤ ᠵᠠᠷᠴᠢᠮ᠎ᠢ ᠪᠠᠷᠢᠮᠲᠠᠯᠠᠵᠤ᠂ 3 ᠨᠠᠰᠤᠨ᠎ᠠᠴᠠ ᠳᠡᠭᠡᠭᠰᠢᠬᠢ ᠲᠠᠷᠢᠯᠭ᠎ᠠ ᠬᠢᠬᠦ᠎ᠳᠤ ᠴᠡᠭᠡᠷ ᠦᠭᠡᠢ ᠬᠥᠮᠦᠰ᠎ᠤᠨ ᠲᠠᠷᠢᠯᠭ᠎ᠠ ᠬᠢᠬᠦ ᠴᠢᠬᠤᠯᠠᠲᠠᠶ ᠵᠢ ᠪᠥᠭᠦᠳᠡᠭᠡᠷ ᠳᠠᠷᠢᠬᠤ ᠵᠢ ᠵᠣᠷᠢᠭᠵᠢᠭᠤᠯᠵᠤ᠂ ᠨᠥᠬᠥᠴᠡᠯ᠎ᠳᠤ ᠨᠡᠶ᠋ᠢᠴᠡᠬᠦ 18 ᠨᠠᠰᠤᠨ᠎ᠠᠴᠠ ᠳᠡᠭᠡᠭᠰᠢᠬᠢ ᠬᠠᠷᠠᠯᠲᠠᠲᠤ ᠬᠥᠮᠦᠰ᠎ᠤᠨ ᠴᠢᠩᠭ᠋ᠠᠷᠠᠭᠤᠯᠬᠤ ᠲᠠᠷᠢᠯᠭ᠎ᠠ ᠬᠢᠬᠦ ᠵᠢ ᠠᠬᠢᠭᠤᠯᠬᠤ ᠬᠡᠷᠡᠭᠲᠡᠢ᠃
      ᠲᠠᠪᠤ᠎ᠳᠤ᠂ ᠪᠠᠭᠰᠢ ᠰᠣᠷᠣᠭᠴᠢ ᠠᠵᠢᠯᠲᠠᠨ ᠠᠵᠢᠯᠴᠢᠨ᠎ᠤ ᠬᠥᠮᠦᠯᠢᠭ ᠬᠠᠯᠠᠮᠵᠢᠯᠠᠯ ᠪᠠ ᠦᠢ᠍ᠯᠡᠴᠢᠯᠡᠭᠡᠨ᠎ᠤ ᠪᠠᠲᠤᠯᠠᠭ᠎ᠠ ᠵᠢ ᠰᠠᠶ᠋ᠢᠲᠤᠷ ᠬᠢᠵᠦ᠂ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠬᠤᠭᠤᠴᠠᠭ᠋ᠠᠨ᠎ᠳᠠᠬᠢ ᠤᠬᠠᠭᠤᠯᠭ᠎ᠠ ᠵᠢᠯᠣᠭᠣᠳᠣᠯᠭ᠎ᠠ ᠪᠠ ᠰᠡᠳᠬᠢᠴᠡ ᠵᠢᠨ ᠵᠢᠯᠣᠭᠣᠳᠣᠯᠭ᠎ᠠ ᠵᠢ ᠴᠢᠩᠭ᠋ᠠᠳᠬᠠᠵᠤ᠂ ᠪᠠᠭᠰᠢ ᠰᠣᠷᠣᠭᠴᠢ ᠠᠵᠢᠯᠲᠠᠨ ᠠᠵᠢᠯᠴᠢᠨ᠎ᠤ ᠵᠦᠶ ᠶᠣᠰᠣᠨ᠎ᠤ ᠬᠦᠰᠡᠯ ᠱᠠᠭ᠋ᠠᠷᠳᠠᠯᠭ᠎ᠠ ᠪᠠ ᠠᠩᠬᠠᠷᠤᠯ ᠲᠠᠯᠪᠢᠵᠤ ᠪᠠᠶ᠋ᠢᠭ᠎ᠠ ᠠᠰᠠᠭᠤᠳᠠᠯ᠎ᠳᠤ ᠴᠠᠭ ᠲᠤᠬᠠᠶ᠎ᠳᠤ᠎ᠨᠢ ᠬᠠᠷᠢᠭᠤᠯᠲᠠ ᠥᠭᠬᠦ ᠬᠡᠷᠡᠭᠲᠡᠶ᠃
      ᠵᠢᠷᠭᠤᠭ᠎ᠠ᠎ᠳᠤ᠂ ᠰᠤᠷᠭ᠋ᠠᠭᠤᠯᠢ ᠵᠢᠨ ᠬᠦᠷᠢᠶᠡᠨ᠎ᠤ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠠᠵᠢᠯ᠎ᠢ ᠬᠢᠨᠠᠨ ᠵᠢᠯᠣᠭᠣᠳᠴᠤ ᠪᠠᠶ᠋ᠢᠴᠠᠭ᠋ᠠᠬᠤ ᠪᠠ ᠲᠦᠭᠰᠢᠭᠦᠷᠢ ᠵᠢ ᠵᠢᠭᠰᠠᠭ᠋ᠠᠨ ᠪᠠᠶ᠋ᠢᠴᠠᠭ᠋ᠠᠬᠤ ᠠᠵᠢᠯ᠎ᠢ ᠴᠢᠬᠤᠯᠠᠴᠢᠯᠠᠵᠤ᠂ ᠬᠣᠯᠪᠤᠭᠳᠠᠬᠤ ᠰᠠᠯᠠᠭ᠎ᠠ ᠮᠥᠴᠢᠷ᠎ᠤᠨ᠎ᠬᠢᠨ ᠲᠤᠰᠬᠠᠶ ᠬᠥᠮᠦᠨ ᠲᠣᠬᠢᠷᠠᠭᠤᠯᠤᠨ ᠲᠣᠭᠲᠠᠮᠠᠯ ᠬᠤᠭᠤᠴᠠᠭ᠋ᠠᠲᠠᠢ᠎ᠪᠠᠷ ᠬᠢᠨᠠᠨ ᠪᠠᠢ᠌ᠴᠠᠭ᠋ᠠᠵᠤ ᠦᠨᠡᠯᠡᠨ ᠵᠢᠱ᠌ᠢᠵᠦ᠂ ᠰᠤᠷᠭ᠋ᠠᠭᠤᠯᠢ ᠵᠢᠨ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠡᠯ᠎ᠡ ᠵᠦᠢ᠍ᠯ᠎ᠤᠨ ᠠᠷᠭ᠎ᠠ ᠬᠡᠮᠵᠢᠶ᠎ᠡ ᠵᠢ ᠪᠣᠳᠠᠲᠠᠢ᠌ᠵᠢᠭᠤᠯᠤᠨ ᠨᠠᠶ᠋ᠢᠳᠠᠪᠤᠷᠢᠵᠢᠭᠤᠯᠬᠤ ᠵᠢ ᠦᠨᠡᠨ ᠬᠦ᠌ ᠪᠠᠲᠤᠯᠠᠬᠤ ᠬᠡᠷᠡᠭᠲᠡᠢ᠃
      ᠡᠭᠦᠨ᠎ᠠᠴᠠ ᠡᠮᠦᠨ᠎ᠡ᠂ ᠰᠤᠷᠭ᠋ᠠᠨ ᠬᠥᠮᠦᠵᠢᠯ᠎ᠤᠨ ᠶᠠᠮᠤᠨ ᠤᠯᠤᠰ᠎ᠤᠨ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ᠎ᠲᠠᠢ ᠬᠠᠮᠲᠤᠷᠠᠨ ᠲᠣᠰ ᠲᠣᠰ 2020 ᠣᠨ᠎ᠤ 4 - 5 ᠰᠠᠷ᠎ᠠ᠂ 2020 ᠣᠨ᠎ᠤ 8 ᠰᠠᠷ᠎ᠠ᠂ 2021 ᠣᠨ᠎ᠤ 2 ᠰᠠᠷ᠎ᠠ᠂ 2021 ᠣᠨ᠎ᠤ 8 ᠰᠠᠷ᠎ᠠ᠎ᠳᠤ ᠳᠡᠭᠡᠳᠦ ᠰᠤᠷᠭ᠋ᠠᠭᠤᠯᠢ᠂ ᠳᠤᠮᠳᠠᠳᠤ ᠪᠠᠭ᠎ᠠ ᠰᠤᠷᠭ᠋ᠠᠭᠤᠯᠢ ᠪᠣᠯᠤᠨ ᠬᠡᠦᠬᠡᠳ᠎ᠤᠨ ᠴᠡᠴᠡᠷᠯᠢᠭ ᠬᠡᠦᠬᠡᠳ ᠰᠠᠭ᠋ᠠᠲᠠᠭᠤᠯᠬᠤ ᠪᠠᠶ᠋ᠢᠭᠤᠯᠤᠮᠵᠢ ᠵᠢᠨ ᠰᠢᠨ᠎ᠡ ᠲᠢᠲᠢᠮᠯᠢᠭ ᠠᠭᠤᠰᠬᠢᠨ᠎ᠤ ᠦᠷᠪᠢᠰᠦᠯ᠎ᠤᠨ ᠬᠢᠵᠢᠭ᠎ᠢ ᠰᠡᠷᠭᠡᠶ᠋ᠢᠯᠡᠨ ᠡᠵᠡᠮᠳᠡᠬᠦ ᠮᠡᠷᠭᠡᠵᠢᠯ᠎ᠤᠨ ᠲᠥᠰᠦᠯ᠎ᠤᠨ ᠨᠢᠭᠡᠳᠦᠭᠡᠷ᠎ᠠᠴᠠ ᠳᠥᠷᠪᠡᠳᠦᠭᠡᠷ ᠬᠡᠪᠯᠡᠯ᠎ᠢ ᠳᠠᠷᠤᠮᠠᠯᠯᠠᠨ ᠲᠠᠷᠬᠠᠭ᠋ᠠᠪᠠ᠃


ᠢᠷᠡᠯᠲᠡ᠄ ᠥᠪᠥᠷ ᠮᠣᠩᠭᠤᠯ᠎ᠤᠨ ᠦᠪᠡᠷᠲᠡᠭᠡᠨ ᠵᠠᠰᠠᠬᠤ ᠣᠷᠣᠨ᠎ᠤ ᠰᠣᠷᠭ᠋ᠠᠨ ᠬᠦᠮᠦᠵᠢᠯ᠎ᠤᠨ ᠲᠢᠩᠬᠡᠮ
          
ᠬᠠᠮᠢᠶ᠎ᠡ ᠪᠦᠬᠦᠢ ᠰᠣᠨᠢᠨ
ᠰᠤᠷᠭ᠋ᠠᠨ ᠬᠥᠮᠦᠵᠢᠯ᠎ᠤᠨ ᠶᠠᠮᠤᠨ ᠠᠯᠪᠠᠨ ᠪᠢᠴᠢᠭ ᠮᠠᠲ᠋ᠧᠷᠢᠶᠠᠯ ᠲᠠᠷᠬᠠᠭ᠋ᠠᠵᠤ᠂ 《5·1》᠎ᠤ ᠠᠮᠠᠷᠠᠯᠲᠠ ᠵᠢᠨ ᠬᠤᠭᠤᠴᠠᠭ᠋ᠠᠨ᠎ᠳᠠᠬᠢ ᠰᠤᠷᠭ᠋ᠠᠨ ᠬᠥᠮᠦᠵᠢᠯ᠎ᠤᠨ ᠰᠢᠰᠲ᠋ᠧᠮ᠎ᠤᠨ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠠᠵᠢᠯ᠎ᠢ ᠪᠠᠶ᠋ᠢᠷᠢᠯᠠᠭᠤᠯᠪᠠ
ᠪᠥᠬᠥ ᠣᠷᠣᠨ᠎ᠤ 《ᠰᠤᠷᠤᠭᠴᠢ ᠵᠢᠨ ᠬᠥᠳᠡᠯᠮᠦᠷᠢ ᠵᠢᠨ ᠬᠥᠮᠦᠵᠢᠯ᠎ᠤᠨ ᠤᠬᠠᠭᠤᠯᠭ᠎ᠠ ᠵᠢᠨ ᠰᠠᠷ᠎ᠠ》 ᠵᠢᠨ ᠠᠵᠢᠯᠯᠠᠭ᠎ᠠ ᠡᠬᠢᠯᠡᠪᠡ
ᠥᠪᠥᠷ ᠮᠣᠩᠭᠣᠯ᠎ᠤᠨ 2022 ᠣᠨ᠎ᠤ ᠡᠩ᠎ᠤᠨ ᠳᠡᠭᠡᠳᠦ ᠰᠤᠷᠭ᠋ᠠᠭᠤᠯᠢ᠎ᠳᠤ ᠰᠣᠷᠣᠭᠴᠢ ᠡᠯᠰᠡᠬᠦ ᠪᠥᠬᠦ ᠤᠯᠤᠰ᠎ᠤᠨ ᠨᠢᠭᠡᠳᠦᠯᠲᠡᠶ ᠰᠢᠯᠭ᠋ᠠᠯᠲᠠ᠎ᠳᠤ ᠰᠢᠯᠭ᠋ᠠᠭᠤᠯᠤᠭᠰᠠᠳ ᠠᠩᠬᠠᠷᠤᠭ᠋ᠠᠷᠠᠶ!
ᠬᠡᠦᠬᠡᠳ᠎ᠤᠨ ᠣᠢ᠌ᠷ᠎ᠠ ᠬᠠᠷᠠᠭ᠎ᠠ ᠵᠢ ᠶᠠᠭ᠋ᠠᠬᠢᠵᠤ ᠰᠡᠷᠭᠡᠶ᠋ᠢᠯᠡᠬᠦ ᠪᠣᠶ? ᠭᠡᠷ᠎ᠤᠨ ᠠᠬᠠᠮᠠᠳ ᠡᠳᠡᠭᠡᠷ ᠵᠦᠢ᠍ᠯ᠎ᠢ ᠠᠩᠬᠠᠷᠤᠭ᠋ᠠᠷᠠᠢ!
ᠰᠤᠷᠭ᠋ᠠᠭᠤᠯᠢ ᠵᠢᠨ ᠨᠠᠰᠤᠨ᠎ᠠᠴᠠ ᠡᠮᠦᠨᠡᠬᠢ ᠰᠤᠷᠭ᠋ᠠᠨ ᠬᠥᠮᠦᠵᠢᠯ᠎ᠤᠨ ᠤᠬᠠᠭᠤᠯᠭ᠎ᠠ ᠵᠢᠨ ᠰᠠᠷ᠎ᠠ ᠢᠷᠡᠯ᠎ᠡ᠂ ᠠᠵᠢᠯᠯᠠᠭ᠋ᠠᠨ᠎ᠤ ᠭᠤᠤᠯᠳᠠᠯᠭ᠎ᠠ ᠵᠢ ᠦᠵᠡᠵᠡᠭᠡᠶ᠎ᠡ!
 
             蒙ICP备05000248号