ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠤᠷᠭᠠᠨ ᠬᠦᠮᠦᠵᠢᠯ᠎ᠤᠨ ᠬᠠᠨᠲᠤᠯᠭ᠎ᠠ
ᠰᠣᠨᠤᠷ᠎ᠤᠨ ᠲᠠᠪᠴᠠᠩ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠦᠢᠯᠡᠴᠢᠯᠡᠭᠡ   -   ᠲᠠᠨ᠎ᠳᠤ ᠦᠢᠯᠡᠴᠢᠯᠡᠬᠦ᠌
ᠥᠪᠥᠷ ᠮᠣᠩᠭᠣᠯ᠎ᠤᠨ 2022 ᠣᠨ᠎ᠤ ᠡᠩ᠎ᠤᠨ ᠳᠡᠭᠡᠳᠦ ᠰᠤᠷᠭ᠋ᠠᠭᠤᠯᠢ᠎ᠳᠤ ᠰᠣᠷᠣᠭᠴᠢ ᠡᠯᠰᠡᠬᠦ ᠪᠥᠬᠦ ᠤᠯᠤᠰ᠎ᠤᠨ ᠨᠢᠭᠡᠳᠦᠯᠲᠡᠶ ᠰᠢᠯᠭ᠋ᠠᠯᠲᠠ᠎ᠳᠤ ᠰᠢᠯᠭ᠋ᠠᠭᠤᠯᠤᠭᠰᠠᠳ ᠠᠩᠬᠠᠷᠤᠭ᠋ᠠᠷᠠᠶ!
ᠨᠡᠶ᠋ᠢᠲᠡᠯᠡᠭᠰᠡᠨ ᠴᠠᠭ᠄ 2022-05-10


      ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 2022 ᠣᠨ᠎ᠤ ᠡᠩ᠎ᠤᠨ  

      ᠳᠡᠭᠡᠳᠦ ᠰᠤᠷᠭ᠋ᠠᠭᠤᠯᠢ᠎ᠳᠤ ᠰᠣᠷᠣᠭᠴᠢ ᠡᠯᠰᠡᠬᠦ ᠪᠥᠬᠦ ᠤᠯᠤᠰ᠎ᠤᠨ ᠨᠢᠭᠡᠳᠦᠯᠲᠡᠢ ᠰᠢᠯᠭ᠋ᠠᠯᠲᠠ

     ᠎ᠳᠤ ᠰᠢᠯᠭ᠋ᠠᠭᠤᠯᠤᠭᠰᠠᠳ᠎ᠤᠨ ᠬᠢᠵᠢᠭ᠎ᠢ ᠰᠡᠷᠭᠡᠢ᠌ᠯᠡᠬᠦ ᠪᠠᠢ᠌ᠳᠠᠯ᠎ᠢ ᠣᠢ᠌ᠯᠠᠭ᠋ᠠᠬᠤ ᠠᠯᠪᠠᠨ ᠵᠠᠷᠯᠠᠯ


      ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 2022 ᠣᠨ᠎ᠤ ᠡᠩ᠎ᠤᠨ ᠳᠡᠭᠡᠳᠦ ᠰᠤᠷᠭ᠋ᠠᠭᠤᠯᠢ᠎ᠳᠤ ᠰᠣᠷᠣᠭᠴᠢ ᠡᠯᠰᠡᠬᠦ ᠪᠥᠬᠦ ᠤᠯᠤᠰ᠎ᠤᠨ ᠨᠢᠭᠡᠳᠦᠯᠲᠡᠶ ᠰᠢᠯᠭ᠋ᠠᠯᠲᠠ ᠵᠢᠨ ᠳᠤᠭᠤᠶ᠋ᠢᠯᠠᠩ᠎ᠤᠨ᠎ᠬᠢᠨ ᠬᠢᠵᠢᠭ᠎ᠢ ᠰᠡᠷᠭᠡᠶ᠋ᠢᠯᠡᠬᠦ ᠠᠵᠢᠯ᠎ᠢ ᠰᠠᠶ᠋ᠢᠲᠤᠷ ᠬᠢᠵᠦ᠂ ᠬᠢᠵᠢᠭ᠎ᠢ ᠰᠡᠷᠭᠡᠶ᠋ᠢᠯᠡᠬᠦ ᠰᠢᠪᠲᠤᠯᠤᠯᠲᠠ ᠵᠢᠨ ᠳᠠᠶ᠋ᠢᠯᠠᠯᠳᠤᠭ᠋ᠠᠨ᠎ᠳᠤ ᠵᠠᠪᠠᠯ ᠢᠯᠠᠵᠤ᠂ ᠥᠷᠭᠡᠨ ᠣᠯᠠᠨ ᠰᠢᠯᠭ᠋ᠠᠭᠤᠯᠤᠭᠴᠢ ᠵᠢᠨ ᠠᠮᠢ ᠨᠠᠰᠤᠨ᠎ᠤ ᠠᠮᠤᠷ ᠲᠦᠪᠰᠢᠨ ᠪᠠ ᠪᠡᠶ᠎ᠡ ᠮᠠᠬᠠᠪᠣᠳ᠎ᠤᠨ ᠡᠷᠡᠭᠦᠯ ᠮᠡᠨᠳᠦ ᠵᠢ ᠦᠨᠡᠨ ᠬᠦ᠌ ᠪᠠᠲᠤᠯᠠᠬᠤ ᠵᠢᠨ ᠲᠥᠯᠥᠭᠡ᠂ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠰᠣᠷᠣᠭᠴᠢ ᠡᠯᠰᠡᠬᠦ ᠰᠢᠯᠭ᠋ᠠᠯᠲᠠ ᠵᠢᠨ ᠲᠥᠪ᠎ᠠᠴᠠ ᠪᠥᠬᠦ ᠰᠢᠯᠭ᠋ᠠᠭᠤᠯᠤᠭᠴᠢ ᠵᠢ ᠳᠤᠤᠷᠠᠬᠢ ᠬᠢᠵᠢᠭ᠎ᠢ ᠰᠡᠷᠭᠡᠢ᠌ᠯᠡᠬᠦ ᠪᠠᠶ᠋ᠢᠳᠠᠯ᠎ᠢ ᠰᠠᠶ᠋ᠢᠲᠤᠷ ᠣᠶ᠋ᠢᠯᠠᠭ᠋ᠠᠬᠤ ᠬᠡᠷᠡᠭᠲᠡᠶ ᠭᠡᠵᠦ ᠱᠠᠭ᠋ᠠᠷᠳᠠᠪᠠ᠄
      ᠨᠢᠭᠡ᠂ ᠠᠯᠢ ᠴᠢᠳᠠᠬᠤ᠎ᠪᠠᠷ 5 ᠰᠠᠷ᠎ᠠ ᠵᠢᠨ 24᠎ᠤ ᠡᠳᠦᠷ᠎ᠠᠴᠠ ᠡᠮᠦᠨ᠎ᠡ (ᠰᠢᠯᠭ᠋ᠠᠬᠤ᠎ᠠᠴᠠ 14 ᠡᠳᠦᠷ᠎ᠤᠨ ᠡᠮᠦᠨ᠎ᠡ) ᠰᠢᠯᠭ᠋ᠠᠯᠲᠠ ᠵᠢᠨ ᠴᠡᠭ᠎ᠤᠨ ᠪᠠᠶ᠋ᠢᠭ᠎ᠠ ᠭᠠᠵᠠᠷ᠎ᠲᠤ ᠬᠦᠷᠦᠨ᠎ᠡ᠃
      ᠬᠣᠶᠠᠷ᠂ 5 ᠰᠠᠷ᠎ᠠ ᠵᠢᠨ 8᠎ᠤ ᠡᠳᠦᠷ᠎ᠤᠨ 00᠄ 00-5 ᠰᠠᠷ᠎ᠠ ᠵᠢᠨ 9᠎ᠤ ᠡᠳᠦᠷ᠎ᠤᠨ 12᠄ 00 ᠴᠠᠭ᠎ᠠᠴᠠ ᠡᠮᠦᠨ᠎ᠡ ᠨᠢᠭᠡᠳᠦᠭᠡᠷ ᠤᠳᠠᠭ᠎ᠠ ᠡᠷᠡᠭᠦᠯ ᠮᠡᠨᠳᠦ ᠵᠢᠨ ᠺᠠᠷᠲ ᠵᠶ᠋ᠠᠷ ᠪᠦᠷᠢᠳᠭᠡᠭᠦᠯᠦᠨ᠎ᠡ᠃
      ᠭᠤᠷᠪᠠ᠂ 5 ᠰᠠᠷ᠎ᠠ ᠵᠢᠨ 14᠎ᠤ ᠡᠳᠦᠷ᠎ᠤᠨ 22᠄ 00-5 ᠰᠠᠷ᠎ᠠ ᠵᠢᠨ 16᠎ᠤ ᠡᠳᠦᠷ᠎ᠤᠨ 12᠄ 00 ᠴᠠᠭ᠎ᠠᠴᠠ ᠡᠮᠦᠨ᠎ᠡ ᠬᠣᠶᠠᠳᠤᠭ᠋ᠠᠷ ᠤᠳᠠᠭ᠎ᠠ ᠡᠷᠡᠭᠦᠯ ᠮᠡᠨᠳᠦ ᠵᠢᠨ ᠺᠠᠷᠲ ᠵᠶ᠋ᠠᠷ ᠪᠦᠷᠢᠳᠭᠡᠭᠦᠯᠦᠨ᠎ᠡ᠃
      ᠳᠥᠷᠪᠡ᠂ 5 ᠰᠠᠷ᠎ᠠ ᠵᠢᠨ 23᠎ᠤ ᠡᠳᠦᠷ᠎ᠠᠴᠠ 6 ᠰᠠᠷ᠎ᠠ ᠵᠢᠨ 9᠎ᠤ ᠡᠳᠦᠷ ᠪᠣᠯᠲᠠᠯ᠎ᠠ᠂ ᠡᠳᠦᠷ ᠪᠦᠷᠢ ᠵᠢᠨ 14᠄ 00- ᠬᠣᠶᠠᠳᠤᠭ᠋ᠠᠷ ᠡᠳᠦᠷ᠎ᠤᠨ 12᠄ 00 ᠴᠠᠭ᠎ᠠᠴᠠ ᠡᠮᠦᠨ᠎ᠡ ᠡᠳᠦᠷ ᠪᠦᠷᠢ ᠨᠢᠭᠡ ᠤᠳᠠᠭ᠎ᠠ ᠺᠠᠷᠲ ᠵᠶ᠋ᠠᠷ ᠪᠦᠷᠢᠳᠭᠡᠭᠦᠯᠦᠨ᠎ᠡ᠃
      ᠲᠠᠪᠤ᠂ ᠳᠡᠭᠡᠷᠡᠬᠢ ᠱᠠᠭ᠋ᠠᠷᠳᠠᠯᠭ᠎ᠠ ᠵᠢ ᠭᠦᠢ᠍ᠴᠡᠳᠭᠡᠭᠰᠡᠨ ᠥᠬᠡᠶ᠎ᠠᠴᠠ ᠪᠣᠯᠵᠤ ᠰᠢᠯᠭ᠋ᠠᠯᠲᠠ᠎ᠳᠤ ᠪᠡᠯᠡᠳᠬᠡᠬᠦ᠂ ᠰᠢᠯᠭ᠋ᠠᠬᠤ ᠵᠡᠷᠭᠡ᠎ᠨᠢ ᠨᠥᠯᠦᠭᠡᠯᠡᠭᠳᠡᠭᠰᠡᠨ ᠪᠣᠯ ᠰᠢᠯᠭ᠋ᠠᠭᠤᠯᠤᠭᠰᠠᠳ ᠥᠪᠡᠰᠦᠪᠡᠨ ᠬᠠᠷᠢᠭᠤᠴᠠᠯᠭ᠎ᠠ ᠡᠭᠦᠷᠭᠡᠯᠡᠨ᠎ᠡ᠃
      ᠶᠠᠭᠤᠨ᠎ᠤ ᠡᠮᠦᠨ᠎ᠡ ᠭᠠᠷ ᠤᠲᠠᠰᠤᠨ᠎ᠳᠤ᠎ᠪᠠᠨ ᠬᠠᠮᠤᠭ᠎ᠤᠨ ᠰᠢᠨ᠎ᠡ 《ᠪᠠᠶ ᠳ᠋ᠦ᠋ APP》᠎ᠢ ᠤᠭᠰᠠᠷᠠᠵᠤ᠂ 《ᠪᠠᠶ ᠳ᠋ᠦ᠋ APP》 ᠵᠶ᠋ᠠᠷ ᠳᠠᠮᠵᠢᠭᠤᠯᠤᠨ 《ᠥᠪᠥᠷ ᠮᠣᠩᠭᠣᠯ᠎ᠤᠨ ᠰᠤᠷᠭ᠋ᠠᠨ ᠬᠥᠮᠦᠵᠢᠯ᠎ᠤᠨ ᠰᠣᠷᠣᠭᠴᠢ ᠡᠯᠰᠡᠬᠦ ᠰᠢᠯᠭ᠋ᠠᠯᠲᠠ ᠵᠢᠨ ᠲᠥᠪ》᠎ᠢ ᠡᠷᠢᠬᠦ ᠪᠤᠶᠤ ᠳᠤᠤᠷᠠᠬᠢ ᠬᠣᠶᠠᠷ ᠬᠡᠮᠵᠢᠯᠳᠦ ᠺᠣᠳ᠋᠎ᠢ ᠰᠢᠷᠪᠢᠵᠦ ᠵᠢᠵᠢᠭ ᠫᠷᠤᠭ᠌ᠷᠠᠮ᠎ᠳᠤ ᠣᠷᠣᠨ᠎ᠠ᠃



     《ᠰᠣᠷᠣᠭᠴᠢ ᠵᠢᠨ ᠡᠷᠡᠭᠦᠯ ᠮᠡᠨᠳᠦ ᠵᠢᠨ ᠺᠠᠷᠲ ᠵᠶ᠋ᠠᠷ ᠪᠦᠷᠢᠳᠬᠡᠭᠦᠯᠬᠦ ᠰᠢᠰᠲ᠋ᠧᠮ》᠎ᠢ ᠲᠣᠪᠴᠢᠳᠠᠨ ᠳᠠᠩᠰᠠᠯᠠᠬᠤ ᠨᠢᠭᠤᠷ᠎ᠲᠤ ᠣᠷᠣᠵᠤ᠂ ᠰᠢᠯᠭ᠋ᠠᠭᠤᠯᠤᠭᠴᠢ ᠵᠢᠨ ᠪᠡᠶ᠎ᠡ ᠵᠢᠨ ᠦᠨᠡᠮᠯᠡᠯ᠎ᠤᠨ ᠨᠣᠮᠧᠷ᠂ ᠣᠪᠣᠭ ᠨᠡᠷ᠎ᠡ᠂ ᠡᠩ᠎ᠤᠨ ᠳᠡᠭᠡᠳᠦ ᠰᠤᠷᠭ᠋ᠠᠭᠤᠯᠢ᠎ᠳᠤ ᠰᠣᠷᠣᠭᠴᠢ ᠡᠯᠰᠡᠬᠦ ᠪᠥᠬᠦ ᠤᠯᠤᠰ᠎ᠤᠨ ᠨᠢᠭᠡᠳᠦᠯᠲᠡᠶ ᠰᠢᠯᠭ᠋ᠠᠯᠲᠠ ᠵᠢᠨ ᠨᠡᠷ᠎ᠡ ᠮᠡᠳᠡᠭᠦᠯᠬᠦ ᠨᠢᠭᠤᠴᠠ ᠨᠣᠮᠧᠷ ᠪᠠ ᠰᠢᠯᠭ᠋ᠠᠨ ᠪᠠᠲᠤᠯᠠᠬᠤ ᠺᠣᠳ᠋ (ᠰᠢᠯᠭ᠋ᠠᠨ ᠪᠠᠲᠤᠯᠠᠬᠤ ᠺᠣᠳ᠋᠎ᠢ ᠶᠡᠬᠡ ᠪᠠᠭ᠎ᠠ ᠪᠢᠴᠢᠯᠭᠡ ᠭᠡᠵᠦ ᠢᠯᠭ᠋ᠠᠬᠤ ᠥᠬᠡᠶ) ᠵᠶ᠋ᠠᠨ ᠣᠷᠣᠭᠤᠯᠤᠨ᠎ᠠ᠃
     1 . ᠰᠢᠯᠭ᠋ᠠᠭᠤᠯᠤᠭᠴᠢ ᠵᠢᠨ ᠺᠠᠷᠲ ᠵᠶ᠋ᠠᠷ ᠪᠦᠷᠢᠳᠬᠡᠭᠦᠯᠬᠦ ᠬᠠᠶᠢᠭ
      ᠰᠢᠯᠭ᠋ᠠᠭᠤᠯᠤᠭᠴᠢ ᠵᠢᠨ ᠣᠳᠣ ᠵᠢᠨ ᠰᠠᠭᠤᠭ᠎ᠠ ᠭᠠᠵᠠᠷ᠄ ᠳᠣᠪᠴᠢᠳᠠᠵᠤ ᠣᠷᠣᠨ ᠪᠠᠶ᠋ᠢᠷᠢ ᠲᠣᠭᠲᠠᠭ᠋ᠠᠬᠤ ᠬᠠᠶᠢᠭ (ᠭᠠᠷ ᠤᠲᠠᠰᠤᠨ᠎ᠤ᠎ᠪᠠᠨ ᠭᠠᠵᠠᠷ ᠵᠦᠶ ᠵᠢᠨ ᠣᠷᠣᠨ ᠪᠠᠶ᠋ᠢᠷᠢ ᠳᠣᠭᠲᠠᠭ᠋ᠠᠬᠤ ᠴᠢᠳᠠᠮᠵᠢ ᠵᠢ ᠨᠢᠭᠡᠨᠲᠡ ᠨᠡᠭᠡᠭᠡᠭᠰᠡᠨ᠎ᠢ ᠦᠨᠡᠨ ᠬᠦ᠌ ᠪᠠᠲᠤᠯᠠᠨ᠎ᠠ)᠎ᠢ ᠣᠯᠤᠨ᠎ᠠ᠃
      ᠨᠠᠷᠢᠨ ᠲᠣᠳᠤᠷᠬᠠᠢ ᠬᠠᠶᠢᠭ᠄ ᠵᠡᠭᠡᠯᠢ ᠭᠤᠳᠤᠮᠵᠢ (ᠰᠢᠶᠠᠩ ᠪᠠᠯᠭ᠋ᠠᠰᠤ᠂ ᠰᠤᠮᠤ)᠂ ᠲᠣᠭᠣᠷᠢᠭ (ᠲᠣᠰᠬᠣᠨ᠂ ᠭᠠᠴᠠᠭ᠎ᠠ) ᠬᠦᠷᠲᠡᠯ᠎ᠡ ᠪᠣᠳᠠᠲᠠᠢ ᠪᠠᠢ᠌ᠬᠤ
     2 . ᠰᠢᠯᠭ᠋ᠠᠭᠤᠯᠤᠭᠴᠢ ᠰᠢᠯᠭ᠋ᠠᠯᠲᠠ ᠵᠢᠨ ᠴᠡᠭ᠎ᠠᠴᠠ ᠭᠠᠳᠠᠨᠠᠬᠢ ᠭᠠᠵᠠᠷ ᠣᠷᠣᠨ᠎ᠳᠤ ᠰᠠᠭᠤᠵᠤ ᠪᠠᠢ᠌ᠭᠰᠠᠨ ᠪᠠᠶ᠋ᠢᠳᠠᠯ
      ᠰᠢᠯᠭ᠋ᠠᠯᠲᠠ ᠵᠢᠨ ᠴᠡᠭ᠎ᠠᠴᠠ ᠭᠠᠳᠠᠨᠠᠬᠢ ᠬᠣᠰᠢᠭᠤ ᠰᠢᠶᠠᠨ (ᠬᠣᠲᠠ᠂ ᠲᠣᠭᠣᠷᠢᠭ)᠎ᠳᠤ ᠰᠠᠭᠤᠵᠤ ᠪᠠᠢ᠌ᠭᠰᠠᠨ ᠪᠣᠯ ᠡᠷᠬᠡᠪᠰᠢ ᠳᠣᠣᠷᠠᠬᠢ 4 ᠵᠦᠢ᠍ᠯ᠎ᠤᠨ ᠠᠭᠤᠯᠭ᠎ᠠ ᠵᠢ ᠣᠷᠣᠭᠤᠯᠬᠤ ᠬᠡᠷᠡᠭᠲᠡᠶ᠃
     (1) ᠰᠢᠯᠭ᠋ᠠᠯᠲᠠ ᠵᠢᠨ ᠴᠡᠭ᠎ᠠᠴᠠ ᠭᠠᠳᠠᠨᠠᠬᠢ ᠬᠣᠰᠢᠭᠤ ᠰᠢᠶᠠᠨ᠎ᠳᠤ ᠰᠠᠭᠤᠵᠤ ᠪᠠᠢ᠌ᠭᠰᠠᠨ ᠰᠢᠯᠲᠠᠭ᠋ᠠᠨ᠄ ᠬᠢᠵᠢᠭ᠎ᠤᠨ ᠪᠠᠶ᠋ᠢᠳᠠᠯ᠎ᠢ ᠬᠠᠮᠢᠶᠠᠷᠤᠨ ᠡᠵᠡᠮᠳᠡᠬᠦ᠎ᠠᠴᠠ ᠪᠣᠯᠵᠣ ᠰᠠᠭᠤᠵᠤ ᠪᠠᠢ᠌ᠭᠰᠠᠨ ᠭᠠᠵᠠᠷ᠎ᠠᠴᠠ ᠰᠠᠯᠵᠤ ᠴᠢᠳᠠᠬᠤ ᠥᠬᠡᠶ ᠪᠣᠯᠤᠭᠰᠠᠨ ᠪᠣᠯ 《ᠬᠢᠵᠢᠭ᠎ᠢ ᠰᠡᠷᠭᠡᠶ᠋ᠢᠯᠡᠬᠦ ᠲᠥᠷᠥ ᠵᠢᠨ ᠪᠣᠳᠣᠯᠭ᠎ᠠ》 ᠵᠢ ᠰᠣᠩᠭᠤᠵᠤ᠂ ᠭᠠᠳᠠᠷ ᠣᠷᠣᠨ᠎ᠳᠤ ᠰᠤᠷᠤᠯᠴᠠᠵᠤ ᠪᠠᠶ᠋ᠢᠭ᠎ᠠ ᠵᠡᠷᠭᠡ ᠬᠢᠵᠢᠭ᠎ᠢ ᠰᠡᠷᠭᠡᠶ᠋ᠢᠯᠡᠬᠦ ᠲᠥᠷᠥ ᠵᠢᠨ ᠪᠣᠳᠣᠯᠭ᠎ᠠ ᠵᠢᠨ ᠬᠢᠵᠠᠭ᠋ᠠᠷᠯᠠᠯ᠎ᠠᠴᠠ ᠪᠣᠯᠤᠭᠰᠠᠨ ᠪᠣᠰᠤ ᠪᠣᠯ 《ᠬᠢᠵᠢᠭ᠎ᠤᠨ ᠪᠤᠰᠤ ᠰᠢᠯᠲᠠᠭ᠋ᠠᠨ》᠎ᠢ ᠰᠣᠩᠭᠤᠨ᠎ᠠ
     (2) ᠪᠣᠳᠠᠲᠠᠢ ᠰᠢᠯᠲᠠᠭ᠋ᠠᠨ᠄ ᠵᠢᠱ᠌ᠢᠶᠡᠯᠡᠪᠡᠯ᠂ ᠶᠠᠮᠠᠷ ᠨᠢᠭᠡᠨ ᠮᠤᠵᠢ ᠵᠢᠨ ᠶᠠᠮᠠᠷ ᠨᠢᠭᠡᠨ ᠬᠣᠲᠠ᠂ ᠰᠢᠶᠠᠨ᠎ᠤ ᠶᠠᠮᠠᠷ ᠨᠢᠭᠡᠨ ᠳᠤᠮᠳᠠᠳᠤ ᠰᠤᠷᠭ᠋ᠠᠭᠤᠯᠢ᠎ᠳᠤ ᠰᠤᠷᠤᠯᠴᠠᠵᠤ ᠪᠠᠶ᠋ᠢᠬᠤ
     (3) ᠪᠤᠴᠠᠬᠤ᠎ᠪᠠᠷ ᠵᠢᠱ᠌ᠢᠭᠰᠡᠨ ᠡᠳᠦᠷ ᠬᠤᠭᠤᠴᠠᠭ᠎ᠠ᠄ ᠵᠢᠱ᠌ᠢᠶᠡᠯᠡᠪᠡᠯ᠂ 2022 - 05 - 10
     (4) ᠪᠤᠴᠠᠬᠤ ᠵᠠᠮ ᠬᠠᠷᠢᠯᠴᠠᠭ᠋ᠠᠨ᠎ᠤ ᠠᠷᠭ᠎ᠠ ᠮᠠᠶᠢᠭ᠄ ᠵᠢᠱ᠌ᠢᠶᠡᠯᠡᠪᠡᠯ᠂ ᠭᠠᠯᠲᠤ ᠲᠡᠷᠭᠡ
     3 . ᠡᠷᠡᠭᠦᠯ ᠮᠡᠨᠳᠦ ᠵᠢᠨ ᠪᠠᠶ᠋ᠢᠳᠠᠯ
     (1) ᠥᠨᠥᠳᠦᠷ᠎ᠤᠨ ᠪᠡᠶ᠎ᠡ ᠵᠢᠨ   ᠬᠠᠯᠠᠭᠤᠨ (°C)
      ᠡᠷᠡᠭᠦᠯ (37 . 3℃᠎ᠠᠴᠠ ᠪᠠᠭ᠎ᠠ) ᠪᠤᠶᠤ ᠬᠠᠯᠠᠭᠤᠷᠠᠬᠤ (37 . 3℃᠎ᠠᠴᠠ ᠶᠡᠬᠡ) ᠵᠢ ᠰᠣᠩᠭᠣᠬᠤ
     (2) ᠪᠡᠶ᠎ᠡ ᠵᠢᠨ ᠪᠠᠶ᠋ᠢᠳᠠᠯ (ᠰᠣᠩᠭᠣᠵᠤ ᠲᠠᠭᠯᠠᠬᠤ᠂ ᠢᠯᠡᠭᠦᠦ ᠰᠣᠩᠭᠣᠵᠤ ᠪᠣᠯᠤᠨ᠎ᠠ)᠂ ᠬᠡᠷᠪᠡ ᠪᠡᠶ᠎ᠡ ᠡᠪ ᠦᠭᠡᠢ ᠪᠠᠶ᠋ᠢᠳᠠᠯ ᠦᠭᠡᠢ ᠪᠣᠯ ᠰᠣᠩᠭᠣᠬᠤ ᠦᠭᠡᠢ ᠪᠠᠶ᠋ᠢᠵᠤ ᠪᠣᠯᠤᠨ᠎ᠠ
     4 . ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ᠎ᠳᠤ ᠡᠷᠬᠡᠪᠰᠢ ᠮᠡᠳᠡᠬᠦ ᠵᠦᠢ᠍ᠯ
     《ᠬᠤᠪᠢ ᠬᠥᠮᠦᠨ᠎ᠤ ᠠᠮᠠᠯᠠᠯᠲᠠ》 ᠵᠢ ᠰᠣᠩᠭᠣᠬᠤ
      ᠲᠤᠰ ᠬᠥᠮᠦᠨ ᠮᠡᠳᠡᠭᠡ ᠵᠠᠩᠭᠢ ᠵᠢᠨ ᠠᠭᠤᠯᠭ᠎ᠠ ᠵᠢᠨ ᠦᠨᠡᠨ ᠪᠣᠳᠠᠲᠤ ᠴᠢᠨᠠᠷ ᠪᠠ ᠪᠦᠷᠢᠨ ᠪᠦᠲᠦᠨ ᠴᠢᠨᠠᠷ᠎ᠲᠤ᠎ᠪᠠᠨ ᠬᠠᠷᠢᠭᠤᠴᠠᠨ᠎ᠠ᠂ ᠬᠡᠷᠪᠡ ᠮᠡᠳᠡᠭᠡ ᠵᠠᠩᠭᠢ ᠪᠤᠷᠤᠭᠤ ᠪᠤᠶᠤ ᠳᠤᠲᠠᠭᠤ ᠪᠣᠯ ᠲᠤᠰ ᠬᠥᠮᠦᠨ ᠡᠭᠦᠨ᠎ᠠᠴᠠ ᠪᠣᠯᠤᠭᠰᠠᠨ ᠠᠯᠢᠪᠠ ᠦᠷ᠎ᠡ ᠳ᠋ᠦᠩ᠎ᠢ ᠳᠤᠷᠠᠲᠠᠶ᠎ᠠ ᠡᠭᠦᠷᠭᠡᠯᠡᠨ᠎ᠡ᠃


ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠤᠨ᠎ᠤ ᠰᠤᠷᠭ᠋ᠠᠨ ᠬᠥᠮᠦᠵᠢᠯ᠎ᠤᠨ ᠲᠢᠩᠬᠢᠮ
          
ᠬᠠᠮᠢᠶ᠎ᠡ ᠪᠦᠬᠦᠢ ᠰᠣᠨᠢᠨ
ᠬᠡᠦᠬᠡᠳ᠎ᠤᠨ ᠣᠢ᠌ᠷ᠎ᠠ ᠬᠠᠷᠠᠭ᠎ᠠ ᠵᠢ ᠶᠠᠭ᠋ᠠᠬᠢᠵᠤ ᠰᠡᠷᠭᠡᠶ᠋ᠢᠯᠡᠬᠦ ᠪᠣᠶ? ᠭᠡᠷ᠎ᠤᠨ ᠠᠬᠠᠮᠠᠳ ᠡᠳᠡᠭᠡᠷ ᠵᠦᠢ᠍ᠯ᠎ᠢ ᠠᠩᠬᠠᠷᠤᠭ᠋ᠠᠷᠠᠢ!
ᠰᠤᠷᠭ᠋ᠠᠭᠤᠯᠢ ᠵᠢᠨ ᠨᠠᠰᠤᠨ᠎ᠠᠴᠠ ᠡᠮᠦᠨᠡᠬᠢ ᠰᠤᠷᠭ᠋ᠠᠨ ᠬᠥᠮᠦᠵᠢᠯ᠎ᠤᠨ ᠤᠬᠠᠭᠤᠯᠭ᠎ᠠ ᠵᠢᠨ ᠰᠠᠷ᠎ᠠ ᠢᠷᠡᠯ᠎ᠡ᠂ ᠠᠵᠢᠯᠯᠠᠭ᠋ᠠᠨ᠎ᠤ ᠭᠤᠤᠯᠳᠠᠯᠭ᠎ᠠ ᠵᠢ ᠦᠵᠡᠵᠡᠭᠡᠶ᠎ᠡ!
ᠥᠨᠥᠳᠦᠷ᠎ᠠᠴᠠ ᠡᠬᠢᠯᠡᠨ ᠰᠢᠯᠭ᠋ᠠᠭᠤᠯᠬᠤ ᠲᠡᠮᠳᠡᠭ᠎ᠢ ᠳᠠᠷᠤᠮᠠᠯᠯᠠᠵᠤ ᠪᠣᠯᠤᠨ᠎ᠠ! ᠡᠩ᠎ᠤᠨ ᠳᠡᠭᠡᠳᠦ ᠰᠤᠷᠭ᠋ᠠᠭᠤᠯᠢ᠎ᠳᠤ ᠰᠤᠷᠤᠭᠴᠢ ᠡᠯᠰᠡᠬᠦ ᠪᠥᠬᠦ ᠤᠯᠤᠰ᠎ᠤᠨ ᠨᠢᠭᠡᠳᠦᠯᠲᠡᠢ ᠰᠢᠯᠭ᠋ᠠᠯᠲᠠ᠎ᠳᠤ ᠣᠷᠣᠯᠴᠠᠭᠰᠠᠳ ᠠᠩᠬᠠᠷᠤᠭ᠋ᠠᠷᠠᠶ ᠁
@ ᠪᠥᠬᠥ ᠰᠢᠯᠭ᠋ᠠᠭᠤᠯᠤᠭᠴᠢ ᠵᠢᠨ ᠬᠡᠷ᠎ᠤᠨ ᠠᠬᠠᠮᠠᠳ᠂ 2022 ᠣᠨ᠎ᠤ ᠡᠩ᠎ᠤᠨ ᠳᠡᠭᠡᠳᠦ ᠰᠤᠷᠭ᠋ᠠᠭᠤᠯᠢ᠎ᠳᠤ ᠰᠣᠷᠣᠭᠴᠢ ᠡᠯᠰᠡᠬᠦ ᠪᠥᠬᠦ ᠤᠯᠤᠰ᠎ᠤᠨ ᠨᠢᠭᠡᠳᠦᠯᠲᠡᠢ ᠰᠢᠯᠭ᠋ᠠᠯᠲᠠ ᠳᠠᠭᠤᠰᠪᠠ᠂ ᠡᠲᠡᠭᠡᠷ ᠮᠡᠬᠡᠯᠡᠯ᠎ᠢ ᠰᠡᠷᠡᠮᠵᠢᠯᠡᠬᠦ ᠴᠢᠬᠤᠯᠠᠲᠠᠶ ᠪᠠᠶ᠋ᠢᠨ᠎ᠠ!
ᠰᠤᠷᠭ᠋ᠠᠨ ᠬᠥᠮᠦᠵᠢᠯ᠎ᠤᠨ ᠶᠠᠮᠤᠨ᠎ᠠᠴᠠ ᠣᠳᠣᠬᠠᠨ᠎ᠤ ᠰᠤᠷᠭ᠋ᠠᠨ ᠬᠥᠮᠦᠵᠢᠯ᠎ᠤᠨ ᠰᠢᠰᠲ᠋ᠧᠮ᠎ᠤᠨ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠪᠠ ᠰᠤᠷᠭ᠋ᠠᠨ ᠬᠥᠮᠦᠵᠢᠯ ᠵᠢᠭ᠋ᠠᠨ ᠰᠤᠷᠭ᠋ᠠᠯᠲᠠ ᠵᠢᠨ ᠠᠵᠢᠯ᠎ᠢ ᠨᠢᠭᠡᠳᠦᠯᠲᠡᠶ ᠲᠥᠯᠥᠪᠵᠢᠭᠦᠯᠦᠨ ᠰᠠᠶ᠋ᠢᠲᠤᠷ ᠬᠢᠬᠦ ᠲᠤᠬᠠᠢ 4 ᠱᠠᠭ᠋ᠠᠷᠳᠠᠯᠭ᠎ᠠ ᠳᠤᠷᠠᠳᠪᠠ
 
             蒙ICP备05000248号