ᠬᠡᠦᠬᠡᠳ ᠪᠣᠯ ᠭᠡᠷ ᠪᠦᠯᠢ ᠵᠢᠨ ᠬᠦᠰᠡᠯ ᠡᠷᠡᠮᠡᠯᠵᠡᠯ᠂ ᠡᠬᠡ ᠤᠯᠤᠰ᠎ᠤᠨ ᠢᠷᠡᠭᠡᠳᠦᠢ᠂ ᠲᠣᠩᠭ᠋ᠠᠯᠠᠭ ᠬᠣᠣᠰ ᠮᠡᠯᠮᠡᠢ ᠪᠣᠯ ᠰᠡᠳᠬᠢᠯ᠎ᠤᠨ ᠴᠣᠩᠬᠣ᠂ ᠨᠡᠩ ᠴᠤ᠌ ᠳᠡᠯᠡᠬᠡᠢ ᠵᠢ ᠬᠠᠷᠠᠬᠤ ᠴᠣᠩᠬᠣ ᠮᠥᠨ᠃ ᠲᠣᠩᠭ᠋ᠠᠯᠠᠭ ᠬᠣᠣᠰ ᠮᠡᠯᠮᠡᠢ᠎ᠨᠢ ᠬᠠᠷᠠᠩᠭᠤᠶ ᠵᠢᠨ ᠭᠠᠭᠴᠠᠭ᠋ᠠᠷᠳᠠᠯᠢ ᠦᠯᠳᠡᠵᠦ᠂ ᠳᠡᠯᠡᠬᠡᠶ ᠵᠢᠨ ᠭᠣᠶᠤ ᠰᠠᠶ᠋ᠢᠬᠠᠨ᠎ᠢ ᠲᠠᠨᠢᠵᠤ᠂ ᠨᠡᠷᠡᠨ᠎ᠤ ᠭᠡᠷᠡᠯᠳᠤ ᠤᠮᠳᠠᠯᠠᠭᠳᠠᠵᠤ᠂ ᠠᠮᠢᠳᠤᠷᠠᠯ᠎ᠤᠨ ᠰᠠᠶ᠋ᠢᠨ ᠰᠠᠶ᠋ᠢᠬᠠᠨ᠎ᠢ ᠣᠢ᠌ᠯᠠᠭ᠋ᠠᠭᠤᠯᠤᠨᠠ᠃
ᠬᠢᠵᠢᠭ᠎ᠤᠨ ᠨᠥᠯᠥᠭᠡ᠎ᠠᠴᠠ ᠪᠣᠯᠵᠣ᠂ ᠬᠡᠦᠬᠡᠳ ᠵᠠᠯᠠᠭᠤᠴᠤᠳ ᠪᠠᠭ᠋ᠠᠴᠤᠳ᠎ᠤᠨ ᠭᠠᠳᠠᠨᠠᠬᠢ ᠬᠥᠳᠡᠯᠭᠡᠭᠡᠨ᠎ᠤ ᠴᠠᠭ ᠪᠠᠭ᠋ᠠᠰᠴᠤ᠂ ᠡᠯᠧᠺᠲᠷᠣᠨ ᠦᠢ᠍ᠯᠡᠳᠭᠦᠨ ᠬᠡᠷᠡᠭᠯᠡᠬᠦ᠂ ᠣᠶ᠋ᠢᠷ᠎ᠠ ᠵᠠᠶ᠎ᠳᠤ ᠨᠢᠳᠦ ᠬᠡᠷᠡᠭᠯᠡᠬᠦ ᠴᠠᠭ ᠬᠠᠷᠢᠴᠠᠩᠭᠤᠶ᠎ᠪᠠᠷ ᠨᠡᠮᠡᠭᠳᠡᠵᠦ᠂ ᠣᠶ᠋ᠢᠷ᠎ᠠ ᠬᠠᠷᠠᠭ᠎ᠠ ᠵᠢ ᠰᠡᠷᠭᠡᠶ᠋ᠢᠯᠡᠨ ᠡᠵᠡᠮᠳᠡᠬᠦ᠎ᠳᠤ ᠰᠢᠨ᠎ᠡ ᠳᠠᠷᠤᠯᠲᠠ ᠲᠤᠯᠭ᠋ᠠᠷᠠᠵᠤ ᠪᠠᠶ᠋ᠢᠨ᠎ᠠ᠃ ᠰᠤᠷᠤᠭᠴᠢᠳ᠎ᠤᠨ ᠰᠢᠨᠵᠢᠯᠡᠬᠦ ᠤᠬᠠᠭ᠋ᠠᠨᠴᠢ᠎ᠪᠠᠷ ᠨᠢᠳᠦ᠎ᠪᠠᠨ ᠬᠠᠮᠠᠭ᠋ᠠᠯᠠᠬᠤ ᠦᠢ᠍ᠯᠡ ᠠᠵᠢᠯᠯᠠᠭ᠋ᠠᠨ᠎ᠤ ᠵᠢᠯᠣᠭᠣᠳᠣᠯᠭ᠎ᠠ ᠵᠢ ᠴᠢᠩᠭ᠋ᠠᠳᠬᠠᠵᠤ᠂ ᠰᠤᠷᠤᠭᠴᠢᠳ᠎ᠢ ᠱᠠᠭ᠋ᠠᠷᠳᠠᠵᠤ ᠨᠢᠳᠦ᠎ᠪᠠᠨ ᠬᠡᠷᠡᠭᠯᠡᠬᠦ ᠵᠥᠪ ᠳᠠᠳᠬᠠᠯ᠎ᠲᠠᠢ ᠪᠣᠯᠭ᠋ᠠᠵᠤ᠂ ᠰᠣᠷᠣᠭᠴᠢ ᠵᠢᠴᠢ ᠬᠡᠷ᠎ᠤᠨ ᠠᠬᠠᠮᠠᠳ᠎ᠤᠨ ᠨᠢᠳᠦ᠎ᠪᠠᠨ ᠬᠠᠶ᠋ᠢᠷᠠᠯᠠᠵᠤ ᠨᠢᠳᠦ᠎ᠪᠠᠨ ᠬᠠᠮᠠᠭ᠋ᠠᠯᠠᠬᠤ ᠤᠬᠠᠮᠰᠠᠷ᠎ᠢ ᠬᠥᠮᠦᠵᠢᠭᠦᠯᠬᠦ ᠵᠢᠨ ᠲᠥᠯᠥᠭᠡ᠂ 《ᠳᠤᠮᠳᠠᠳᠤ ᠪᠠᠭ᠎ᠠ ᠰᠤᠷᠭ᠋ᠠᠭᠤᠯᠢ ᠵᠢᠨ ᠰᠣᠷᠣᠭᠴᠢ ᠵᠢᠨ ᠨᠢᠳᠦᠨ᠎ᠤ ᠡᠷᠡᠭᠦᠯ ᠮᠡᠨᠳᠦ ᠵᠢ ᠬᠠᠮᠢᠶᠠᠷᠬᠤ ᠰᠣᠷᠣᠭᠴᠢ ᠵᠢᠨ ᠠᠵᠢᠯᠯᠠᠭ᠋ᠠᠨ᠎ᠤ ᠵᠣᠷ》 ᠪᠠ 《ᠳᠤᠮᠳᠠᠳᠤ ᠪᠠᠭ᠎ᠠ ᠰᠤᠷᠭ᠋ᠠᠭᠤᠯᠢ ᠵᠢᠨ ᠰᠣᠷᠣᠭᠴᠢ ᠵᠢᠨ ᠨᠢᠳᠦᠨ᠎ᠤ ᠡᠷᠡᠭᠦᠯ ᠮᠡᠨᠳᠦ ᠵᠢ ᠬᠠᠮᠢᠶᠠᠷᠬᠤ ᠬᠡᠷ ᠪᠦᠯᠢ ᠵᠢᠨ ᠠᠵᠢᠯᠯᠠᠭ᠋ᠠᠨ᠎ᠤ ᠵᠣᠷ》 ᠵᠢᠴᠢ ᠣᠶ᠋ᠢᠷ᠎ᠠ ᠬᠠᠷᠠᠭ᠎ᠠ ᠵᠢ ᠰᠡᠷᠭᠡᠶ᠋ᠢᠯᠡᠨ ᠡᠵᠡᠮᠳᠡᠬᠦ ᠰᠢᠨᠵᠢᠯᠡᠬᠦ ᠤᠬᠠᠭ᠋ᠠᠨ᠎ᠢ ᠲᠦᠭᠡᠮᠡᠯᠵᠢᠭᠦᠯᠬᠦ ᠮᠡᠳᠡᠯᠭᠡ ᠵᠢ ᠣᠯᠠᠨ᠎ᠲᠠᠢ ᠬᠤᠪᠢᠶᠠᠯᠴᠠᠨ ᠡᠳ᠋ᠯᠡᠶ᠎ᠡ᠂ ᠪᠢᠳᠡ ᠬᠠᠮᠲᠤ᠎ᠪᠠᠷ ᠬᠡᠦᠬᠡᠳ ᠵᠠᠯᠠᠭᠤᠴᠤᠳ ᠪᠠᠭ᠋ᠠᠴᠤᠳ᠎ᠤᠨ ᠰᠤᠷᠤᠯᠭ᠎ᠠ᠂ ᠠᠮᠢᠳᠤᠷᠠᠯ᠎ᠢ ᠵᠦᠢ ᠵᠣᠬᠢᠰᠲᠠᠢ ᠲᠣᠬᠢᠷᠠᠭᠤᠯᠵᠤ᠂ ᠰᠢᠨᠵᠢᠯᠡᠬᠦ ᠤᠬᠠᠭ᠋ᠠᠨᠴᠢ ᠡᠷᠡᠭᠦᠯ ᠮᠡᠨᠳᠦ᠎ᠪᠠᠷ ᠨᠢᠳᠦ᠎ᠪᠠᠨ ᠬᠠᠮᠠᠭ᠋ᠠᠯᠠᠬᠤ᠎ᠪᠠᠷ ᠴᠢᠷᠮᠠᠶ᠋ᠢᠵᠠᠭ᠋ᠠᠶ᠎ᠠ᠃
ᠨᠢᠭᠡ᠂ ᠰᠤᠷᠤᠭᠴᠢ ᠵᠢᠨ ᠠᠵᠢᠯᠯᠠᠭ᠎ᠠ
1 . ᠡᠷᠡᠭᠦᠯ ᠮᠡᠨᠳᠦ ᠵᠢᠨ ᠤᠬᠠᠮᠰᠠᠷ ᠵᠶ᠋ᠠᠨ ᠴᠢᠩᠭ᠋ᠠᠳᠬᠠᠨ᠎ᠠ᠃ ᠰᠣᠷᠣᠭᠴᠢ ᠨᠢᠭᠡ ᠪᠦᠷᠢ ᠴᠥᠮ 《ᠬᠥᠮᠦᠨ ᠪᠣᠯᠭ᠋ᠠᠨ ᠥᠪᠡᠷ᠎ᠤᠨ ᠡᠷᠡᠭᠦᠯ ᠮᠡᠨᠳᠦ ᠵᠢᠨ ᠨᠢᠭᠡᠳᠦᠭᠡᠷ ᠬᠠᠷᠢᠭᠤᠴᠠᠯᠭ᠋ᠠᠲᠠᠨ ᠮᠥᠨ》 ᠭᠡᠬᠦ ᠤᠬᠠᠮᠰᠠᠷ ᠵᠶ᠋ᠠᠨ ᠴᠢᠩᠭ᠋ᠠᠳᠬᠠᠵᠤ᠂ ᠰᠢᠨᠵᠢᠯᠡᠬᠦ ᠤᠬᠠᠭ᠋ᠠᠨᠴᠢ᠎ᠪᠠᠷ ᠨᠢᠳᠦ᠎ᠪᠠᠨ ᠬᠡᠷᠡᠭᠯᠡᠬᠦ᠂ ᠨᠢᠳᠦ᠎ᠪᠠᠨ ᠬᠠᠮᠠᠭ᠋ᠠᠯᠠᠬᠤ ᠵᠡᠷᠭᠡ ᠡᠷᠡᠭᠦᠯ ᠮᠡᠨᠳᠦ ᠵᠢᠨ ᠮᠡᠳᠡᠯᠭᠡ ᠵᠢ ᠰᠠᠨᠠᠭ᠋ᠠᠴᠢᠯᠠᠭ᠎ᠠ᠎ᠠᠴᠠ᠎ᠪᠠᠨ ᠰᠤᠷᠤᠯᠴᠠᠨ ᠡᠵᠡᠮᠰᠢᠬᠦ ᠵᠢᠨ ᠬᠠᠮᠲᠤ ᠬᠡᠷ᠎ᠤᠨ ᠠᠬᠠᠮᠠᠳ᠎ᠲᠤ᠎ᠪᠠᠨ ᠤᠬᠠᠭᠤᠯᠬᠤ ᠬᠡᠷᠡᠭᠲᠡᠶ᠃ ᠥᠪᠡᠷ᠎ᠤᠨ ᠬᠠᠷᠠᠭ᠋ᠠᠨ᠎ᠤ ᠪᠠᠶ᠋ᠢᠳᠠᠯ ᠵᠶ᠋ᠠᠨ ᠢᠳᠡᠪᠬᠢᠲᠡᠶ ᠠᠩᠬᠠᠷᠴᠤ᠂ ᠬᠠᠷᠠᠭ᠎ᠠ᠎ᠪᠠᠨ ᠢᠯᠡᠷᠬᠡᠶ ᠬᠤᠪᠢᠷᠠᠯᠲᠠ᠎ᠲᠠᠢ ᠰᠠᠨᠠᠭᠳᠠᠪᠠᠯ᠂ ᠬᠡᠷ᠎ᠤᠨ ᠠᠬᠠᠮᠠᠳ ᠪᠠ ᠪᠠᠭᠰᠢ ᠨᠠᠷ᠎ᠲᠤ᠎ᠪᠠᠨ ᠡᠷᠲᠡᠬᠡᠨ ᠮᠡᠳᠡᠭᠳᠡᠵᠦ᠂ ᠨᠢᠳᠦᠨ᠎ᠤ ᠡᠮᠴᠢᠯᠡᠭᠡᠨ᠎ᠤ ᠪᠠᠢ᠌ᠭᠤᠯᠤᠮᠵᠢ᠎ᠳᠤ ᠣᠴᠢᠬᠤ ᠪᠠᠢ᠌ᠴᠠᠭ᠋ᠠᠯᠭ᠋ᠠᠵᠤ ᠡᠮᠨᠡᠭᠦᠯᠦᠨ᠎ᠡ᠃
2 . ᠡᠷᠡᠭᠦᠯ ᠮᠡᠨᠳᠦ ᠵᠢᠨ ᠳᠠᠳᠬᠠᠯ᠎ᠢ ᠪᠣᠢ᠌ᠵᠢᠭᠤᠯᠤᠨ᠎ᠠ᠃ ᠣᠶ᠋ᠢᠷ᠎ᠠ ᠬᠠᠷᠠᠭ᠎ᠠ ᠵᠢ ᠰᠡᠷᠭᠡᠶ᠋ᠢᠯᠡᠨ ᠡᠵᠡᠮᠳᠡᠬᠦ ᠡᠯ᠎ᠡ ᠵᠦᠢ᠍ᠯ᠎ᠤᠨ ᠱᠠᠭ᠋ᠠᠷᠳᠠᠯᠭ᠎ᠠ ᠵᠢ ᠵᠢᠷᠤᠮᠯᠠᠵᠤ᠂ ᠨᠢᠳᠦᠨ᠎ᠤ ᠡᠷᠡᠭᠦᠯᠵᠢᠯ᠎ᠤᠨ ᠲᠠᠮᠢᠷ᠎ᠢ ᠨᠠᠷᠢᠨ ᠬᠢᠨᠠᠮᠠᠭ᠋ᠠᠶ ᠵᠢᠷᠤᠮᠵᠢᠭᠤᠯᠵᠤ᠂ ᠤᠩᠰᠢᠵᠤ ᠪᠢᠴᠢᠬᠦ ᠵᠥᠪ ᠳᠦᠷᠢ ᠪᠠᠶ᠋ᠢᠳᠠᠯ᠎ᠢ ᠪᠠᠲᠤᠯᠠᠵᠤ᠂ ᠪᠡᠶ᠎ᠡ ᠵᠢᠨ ᠲᠠᠮᠢᠷ᠎ᠤᠨ ᠪᠣᠯᠪᠠᠰᠤᠷᠠᠯ ᠪᠠ ᠭᠠᠳᠠᠨᠠᠬᠢ ᠬᠥᠳᠡᠯᠭᠡᠭᠡᠨ᠎ᠳᠤ ᠢᠳᠡᠪᠬᠢᠲᠡᠶ ᠣᠷᠣᠯᠴᠠᠵᠤ᠂ ᠭᠠᠷᠠᠭ ᠪᠦᠷᠢ ᠳᠤᠮᠳᠠ ᠵᠡᠷᠭᠡ ᠵᠢᠨ ᠬᠦᠴᠦᠯᠡᠴᠡ᠎ᠲᠠᠢ ᠪᠡᠶ᠎ᠡ ᠵᠢᠨ ᠲᠠᠮᠢᠷ᠎ᠤᠨ ᠬᠥᠳᠡᠯᠭᠡᠭᠡᠨ᠎ᠳᠤ 3 ᠤᠳᠠᠭ᠎ᠠ᠎ᠠᠴᠠ ᠳᠡᠭᠡᠭᠰᠢ ᠣᠷᠣᠯᠴᠠᠵᠤ᠂ ᠰᠠᠶ᠋ᠢᠨ ᠰᠠᠶ᠋ᠢᠬᠠᠨ ᠠᠮᠢᠳᠤᠷᠠᠯ᠎ᠤᠨ ᠠᠷᠭ᠎ᠠ ᠮᠠᠶᠢᠭ᠎ᠲᠤ ᠳᠠᠰᠴᠤ᠂ ᠰᠥᠨᠢᠵᠢᠨ ᠰᠠᠭᠤᠬᠤ ᠥᠬᠡᠶ᠂ ᠰᠢᠬᠢᠷ ᠪᠠᠭ᠎ᠠ ᠢᠳᠡᠵᠦ᠂ ᠢᠳᠡᠰᠢ ᠭᠣᠯᠣᠬᠤ ᠥᠬᠡᠶ ᠪᠠᠶ᠋ᠢᠵᠤ᠂ ᠡᠯᠧᠺᠲᠷᠣᠨ ᠦᠢ᠍ᠯᠡᠳᠭᠦᠨ᠎ᠢ ᠬᠡᠷᠡᠭᠯᠡᠬᠦ ᠵᠢ ᠤᠬᠠᠮᠰᠠᠷ᠎ᠠᠴᠠ᠎ᠪᠠᠨ ᠪᠠᠭ᠋ᠠᠰᠬᠠᠨ᠎ᠠ᠃
ᠬᠣᠶᠠᠷ᠂ ᠬᠡᠷ ᠪᠦᠯᠢ ᠵᠢᠨ ᠠᠵᠢᠯᠯᠠᠭ᠎ᠠ
(ᠨᠢᠭᠡ) ᠬᠡᠦᠬᠡᠳ᠎ᠤᠨ ᠨᠣᠮ ᠤᠩᠰᠢᠬᠤ᠂ ᠪᠢᠴᠢᠭ ᠪᠢᠴᠢᠬᠦ ᠳᠦᠷᠢ ᠪᠠᠶ᠋ᠢᠳᠠᠯ᠎ᠢ ᠠᠩᠬᠠᠷᠤᠨ᠎ᠠ᠃
1 . ᠬᠡᠦᠬᠡᠳ᠎ᠤᠨ ᠵᠥᠪ ᠰᠠᠭᠤᠯᠲᠠ ᠵᠢ ᠬᠥᠮᠦᠵᠢᠭᠦᠯᠵᠦ᠂ ᠨᠢᠷᠤᠭᠤ᠎ᠪᠠᠨ ᠠᠰᠬᠠᠨ ᠪᠠᠶ᠋ᠢᠯᠭ᠋ᠠᠵᠤ᠂ ᠲᠣᠯᠣᠭ᠋ᠠᠢ᠎ᠪᠠᠨ ᠲᠡᠭᠰᠢᠬᠡᠨ ᠪᠠᠶ᠋ᠢᠯᠭ᠋ᠠᠬᠤ ᠬᠡᠷᠡᠭᠲᠡᠢ᠃ ᠰᠢᠷᠡᠭᠡᠨ ᠳᠡᠭᠡᠷ᠎ᠡ ᠡᠯᠢᠭᠡᠳᠡᠬᠦ ᠪᠤᠶᠤ ᠬᠠᠵᠠᠭ᠋ᠠᠢ ᠰᠠᠭᠤᠵᠤ ᠪᠣᠯᠬᠤ ᠦᠭᠡᠢ᠃ ᠨᠣᠮ ᠳᠡᠪᠲᠡᠷ ᠪᠣᠯᠤᠨ ᠨᠢᠳᠦ ᠵᠢ ᠲᠣᠬᠣᠢ ᠵᠠᠢ᠌ᠲᠠᠢ ᠪᠠᠶ᠋ᠢᠯᠭ᠋ᠠᠵᠤ᠂ ᠪᠡᠶ᠎ᠡ᠎ᠪᠠᠨ ᠪᠢᠴᠢᠭ᠎ᠤᠨ ᠰᠢᠷᠡᠭᠡ᠎ᠠᠴᠠ ᠨᠢᠳᠤᠷᠭ᠎ᠠ (ᠲᠣᠮᠤ ᠬᠥᠮᠦᠨ) ᠵᠠᠢ᠌ᠲᠠᠢ ᠪᠠᠶ᠋ᠢᠯᠭ᠋ᠠᠵᠤ᠂ ᠭᠠᠷ ᠵᠶ᠋ᠠᠨ ᠪᠢᠷ᠎ᠤᠨ ᠦᠵᠦᠭᠦᠷ᠎ᠠᠴᠠ ᠢᠮᠠᠬᠤ ᠵᠠᠶ᠋ᠢᠲᠠᠶ ᠪᠠᠢ᠌ᠯᠭ᠋ᠠᠵᠤ ᠲᠣᠬᠣᠢ᠂ ᠨᠢᠳᠤᠷᠭ᠎ᠠ᠂ ᠢᠮᠠᠬᠤ ᠵᠢᠨ 《ᠭᠤᠷᠪᠠᠨ ᠨᠢᠭᠡ》 ᠵᠢ ᠪᠡᠶᠡᠯᠡᠭᠦᠯᠦᠨ᠎ᠡ᠃
2 . ᠪᠢᠴᠢᠭ ᠪᠢᠴᠢᠬᠦ᠎ᠳᠤ᠎ᠪᠠᠨ ᠪᠢᠷ ᠪᠠᠷᠢᠬᠤ ᠥᠨᠴᠥᠭᠢ ᠲᠣᠬᠢᠷᠠᠮᠵᠢᠲᠠᠢ ᠪᠠᠶ᠋ᠢᠯᠭ᠋ᠠᠵᠤ᠂ ᠬᠠᠷᠠᠨᠳᠠ᠂ ᠪᠤᠯᠤᠳ ᠪᠢᠷ᠂ ᠲᠣᠰ᠎ᠤᠨ ᠪᠢᠷ ᠵᠡᠷᠭᠡ ᠵᠢ ᠬᠡᠷᠡᠭᠯᠡᠬᠦ ᠬᠡᠷᠡᠭᠲᠡᠢ᠃ ᠪᠢᠴᠢᠭ ᠪᠢᠴᠢᠬᠦ ᠳᠤ᠎ᠪᠠᠨ ᠪᠢᠷ᠎ᠤᠨ ᠡᠰᠢ ᠪᠣᠯᠤᠨ ᠴᠠᠭ᠋ᠠᠰᠤᠨ᠎ᠤ ᠭᠠᠳᠠᠷᠭᠤ ᠵᠢᠨ ᠥᠨᠴᠥᠭ᠎ᠨᠢ 40 - 50 ᠭ᠋ᠷᠠᠳᠦ᠋ᠰ᠎ᠤᠨ ᠬᠣᠭᠣᠷᠣᠨᠳᠣ ᠪᠠᠶ᠋ᠢᠵᠤ᠂ ᠦᠰᠦᠨ ᠪᠢᠷ ᠵᠶ᠋ᠠᠷ ᠪᠢᠴᠢᠭ ᠪᠢᠴᠢᠬᠦ᠎ᠳᠤ ᠪᠢᠷ᠎ᠢ ᠠᠰᠬᠠᠨ ᠪᠠᠶ᠋ᠢᠯᠭ᠋ᠠᠨ᠎ᠠ᠃
3 . ᠲᠣᠯᠤᠭ᠋ᠠᠢ᠎ᠪᠠᠨ ᠬᠠᠵᠠᠢ᠌ᠯᠭ᠋ᠠᠬᠤ ᠪᠤᠶᠤ ᠬᠡᠪᠲᠡᠵᠦ ᠪᠠᠶ᠋ᠢᠭ᠋ᠠᠳ ᠨᠣᠮ ᠦᠵᠡᠬᠦ ᠦᠭᠡᠢ᠂ ᠠᠯᠬᠤᠵᠤ ᠪᠠᠶ᠋ᠢᠭ᠋ᠠᠳ ᠨᠣᠮ ᠦᠵᠡᠬᠦ ᠦᠭᠡᠢ᠂ ᠰᠠᠵᠢᠯᠠᠵᠤ ᠪᠠᠶ᠋ᠢᠭ᠎ᠠ ᠲᠡᠷᠭᠡ ᠪᠤᠶᠤ ᠣᠩᠭᠣᠴᠠᠨ ᠳᠡᠭᠡᠷ᠎ᠡ ᠨᠣᠮ ᠦᠵᠡᠬᠦ ᠦᠭᠡᠢ᠃
4 . ᠬᠡᠦᠬᠡᠳ᠎ᠤᠨ ᠨᠢᠳᠦ ᠬᠡᠷᠡᠭᠯᠡᠬᠦ ᠴᠠᠭ᠎ᠢ ᠴᠢᠩᠭ᠎ᠠ ᠡᠵᠡᠮᠳᠡᠵᠦ᠂ ᠨᠣᠮ ᠦᠵᠡᠬᠦ᠂ ᠪᠢᠴᠢᠭ ᠪᠢᠴᠢᠬᠦ ᠴᠠᠭ᠎ᠢ ᠤᠳᠠᠭ᠋ᠠᠨ ᠪᠠᠢ᠌ᠯᠭ᠋ᠠᠵᠤ ᠦᠭᠡᠢ᠂ ᠶᠡᠷᠦ᠎ᠳᠤ᠎ᠪᠠᠨ 30 - 40 ᠮᠢᠨᠦ᠋ᠲ ᠦᠷᠭᠦᠯᠵᠢᠯᠡᠭᠰᠡᠨᠤ ᠳᠠᠷᠠᠭ᠎ᠠ 10 ᠮᠢᠨᠦ᠋ᠲ ᠠᠮᠠᠷᠠᠭᠤᠯᠤᠨ᠎ᠠ᠃ ᠺᠣᠮᠫᠢᠦ᠋ᠲ᠋ᠧᠷ᠎ᠤᠨ ᠲᠣᠭᠯᠠᠭ᠋ᠠᠮ ᠨᠠᠭ᠋ᠠᠳᠬᠤ ᠴᠠᠭ᠎ᠢ ᠶᠠᠭ᠋ᠠᠬᠢᠭᠰᠠᠨ ᠴᠤ᠌ ᠬᠠᠭ᠋ᠠᠰ ᠴᠠᠭ᠎ᠠᠴᠠ ᠬᠡᠲᠦᠷᠡᠭᠦᠯᠵᠦ ᠪᠣᠯᠬᠤ ᠦᠭᠡᠢ᠂ ᠤᠴᠢᠷ᠎ᠨᠢ ᠺᠣᠮᠫᠢᠦ᠋ᠲ᠋ᠧᠷ᠎ᠤᠨ ᠳᠡᠯᠭᠡᠴᠡ ᠵᠢᠨ ᠭᠡᠷᠡᠯᠲᠦᠴᠡ ᠪᠠ ᠲᠣᠳᠤᠴᠠ ᠵᠢᠨ ᠨᠢᠳᠦᠨ᠎ᠳᠤ ᠥᠭᠬᠦ ᠰᠡᠳᠦᠯᠲᠡ᠎ᠨᠢ ᠲᠧᠯᠸᠢᠰ ᠪᠠ ᠨᠣᠮ ᠦᠵᠡᠬᠦ᠎ᠠᠴᠠ ᠬᠣᠯᠠ ᠢᠯᠡᠭᠦᠦ ᠶᠤᠮ᠃

(ᠬᠣᠶᠠᠷ) ᠬᠡᠦᠬᠡᠳ᠎ᠤᠨ ᠰᠤᠷᠤᠯᠴᠠᠬᠤ ᠣᠷᠴᠢᠨ ᠲᠣᠭᠣᠷᠢᠨ᠎ᠢ ᠰᠠᠶ᠋ᠢᠵᠢᠷᠠᠭᠤᠯᠤᠨ᠎ᠠ᠃
1 . ᠨᠣᠮ ᠤᠩᠰᠢᠬᠤ᠂ ᠪᠢᠴᠢᠭ ᠪᠢᠴᠢᠬᠦ ᠦᠶ᠎ᠡ᠎ᠳᠤ ᠭᠦᠢ᠍ᠴᠡᠳ ᠭᠡᠷᠡᠯ᠎ᠲᠠᠢ ᠪᠠᠢ᠌ᠯᠭ᠋ᠠᠵᠤ᠂ ᠴᠣᠩᠬᠣᠨ ᠭᠡᠷᠡᠯ ᠪᠤᠶᠤ ᠲᠠᠯᠪᠢᠭᠤᠷ ᠳ᠋ᠧᠩ᠎ᠤᠨ ᠭᠡᠷᠡᠯ᠎ᠢ ᠵᠡᠭᠦᠨ ᠡᠮᠦᠨ᠎ᠡ ᠲᠠᠯ᠎ᠠ᠎ᠠᠴᠠ ᠲᠣᠰᠬᠤ᠎ᠪᠠᠷ ᠲᠣᠬᠢᠷᠠᠭᠤᠯᠤᠨ᠎ᠠ᠃ ᠬᠡᠲᠦᠷᠬᠡᠶ ᠭᠡᠷᠡᠯ᠎ᠲᠠᠢ᠂ ᠬᠡᠲᠦᠷᠬᠡᠶ ᠬᠠᠷᠠᠩᠭᠤᠶ᠎ᠳᠤ ᠨᠣᠮ ᠤᠩᠰᠢᠵᠤ ᠪᠣᠯᠬᠤ ᠦᠭᠡᠢ (ᠵᠢᠱ᠌ᠢᠶᠡᠯᠡᠪᠡᠯ ᠨᠡᠷᠡᠨ᠎ᠤ ᠡᠭᠴᠡ ᠭᠡᠷᠡᠯ᠂ ᠦᠳᠡᠰᠢ ᠵᠢᠨ ᠪᠦᠷᠦᠢ); ᠠᠯᠢ ᠴᠢᠳᠠᠬᠤ᠎ᠪᠠᠷ ᠬᠡᠲᠦ ᠨᠠᠷᠢᠨ ᠪᠢᠷ ᠵᠶ᠋ᠠᠷ ᠳᠠᠰᠬᠠᠯ ᠬᠢᠬᠦ ᠥᠬᠡᠶ᠂ ᠲᠤᠭᠤᠯᠭ᠋ᠠᠨ ᠭᠤᠤᠯ᠎ᠤᠨ ᠵᠥᠭᠡᠯᠡᠨ ᠬᠠᠲᠠᠭᠤ᠎ᠨᠢ ᠲᠣᠬᠢᠷᠠᠮᠵᠢᠲᠠᠶ᠂ ᠳᠠᠰᠬᠠᠯ ᠬᠢᠬᠦ᠎ᠳᠤ ᠬᠡᠷᠡᠭᠯᠡᠬᠦ ᠴᠠᠭ᠋ᠠᠰᠤ᠎ᠨᠢ ᠴᠡᠪᠡᠷ ᠪᠠᠢ᠌ᠵᠤ᠂ ᠪᠢᠴᠢᠬᠦ ᠥᠰᠥᠭ᠎ᠤᠨ ᠲᠢᠭ ᠬᠡᠲᠦ ᠪᠠᠭ᠎ᠠ ᠪᠠᠶ᠋ᠢᠵᠤ ᠪᠣᠯᠬᠤ ᠥᠬᠡᠶ; ᠲᠣᠬᠢᠷᠠᠮᠵᠢᠲᠠᠢ ᠰᠢᠷᠡᠭᠡ ᠰᠠᠨᠳᠠᠯᠢ ᠰᠣᠩᠭᠣᠵᠤ ᠨᠣᠮ ᠤᠩᠰᠢᠵᠤ ᠪᠢᠴᠢᠭ ᠪᠢᠴᠢᠨ᠎ᠡ᠂ ᠪᠢᠴᠢᠭ᠎ᠤᠨ ᠰᠢᠷᠡᠭᠡᠨ᠎ᠤ ᠥᠨᠳᠥᠷ᠎ᠤᠨ ᠬᠡᠮᠵᠢᠶ᠎ᠡ ᠬᠡᠪᠡᠯᠢ ᠵᠢᠨ ᠳᠡᠭᠡᠳᠦ ᠬᠡᠰᠡᠭ᠎ᠲᠠᠢ ᠰᠠᠴᠠᠭᠤ ᠪᠣᠯ ᠲᠣᠬᠢᠷᠠᠮᠵᠢᠲᠠᠢ᠃
2 . ᠲᠧᠯᠸᠢᠰ ᠦᠵᠡᠬᠦ ᠦᠶᠡᠰ᠂ ᠲᠧᠯᠸᠢᠰ᠎ᠠᠴᠠ ᠭᠤᠷᠪᠠᠨ ᠮᠧᠲᠷ᠎ᠠᠴᠠ ᠳᠡᠭᠡᠭᠰᠢ ᠵᠠᠢ᠌ᠲᠠᠢ ᠪᠠᠶ᠋ᠢᠬᠤ ᠬᠡᠷᠡᠭᠲᠡᠶ (ᠡᠰᠡᠬᠦᠯ᠎ᠡ ᠲᠧᠯᠸᠢᠰ᠎ᠤᠨ ᠳᠡᠯᠭᠡᠴᠡ ᠵᠢᠨ ᠲᠠᠰᠢᠭᠤᠪᠴᠢ ᠱᠤᠭᠤᠮ᠎ᠠᠴᠠ 5 ᠳᠠᠬᠢᠨ ᠢᠯᠡᠭᠦᠦ ᠵᠠᠢ᠌ᠲᠠᠢ ᠪᠠᠶ᠋ᠢᠬᠤ ᠬᠡᠷᠡᠭᠲᠡᠶ); ᠲᠧᠯᠸᠢᠰ᠎ᠤᠨ ᠳᠡᠯᠭᠡᠴᠡ ᠵᠢᠨ ᠥᠨᠳᠥᠷ᠎ᠤᠨ ᠬᠡᠮᠵᠢᠶ᠎ᠡ᠎ᠨᠢ ᠲᠧᠯᠸᠢᠰ ᠦᠵᠡᠭᠴᠢ ᠵᠢᠨ ᠬᠠᠷᠠᠭ᠋ᠠᠨ ᠱᠤᠭᠤᠮ᠎ᠲᠠᠢ ᠵᠡᠷᠭᠡᠴᠡᠭᠡ ᠪᠤᠶᠤ ᠵᠢᠭ᠋ᠠᠬᠠᠨ ᠳᠤᠤᠷ᠎ᠠ ᠪᠠᠶ᠋ᠢᠪᠠᠯ ᠵᠣᠬᠢᠨ᠎ᠠ; ᠲᠧᠯᠸᠢᠰ᠎ᠢ ᠰᠡᠭᠦᠳᠡᠷ ᠭᠠᠵᠠᠷ ᠲᠠᠯᠪᠢᠨ᠎ᠠ; ᠲᠧᠯᠸᠢᠰ᠎ᠤᠨ ᠭᠡᠷᠡᠯᠲᠦᠴᠡ᠎ᠨᠢ ᠲᠣᠬᠢᠷᠠᠮᠵᠢᠲᠠᠶ ᠪᠠᠢ᠌ᠬᠤ ᠬᠡᠷᠡᠭᠲᠡᠶ᠂ ᠬᠡᠲᠦᠷᠬᠡᠶ ᠭᠡᠷᠡᠯᠲᠡᠢ ᠪᠤᠶᠤ ᠬᠡᠲᠦᠷᠬᠡᠶ ᠬᠠᠷᠠᠩᠭᠤᠶ ᠪᠠᠶ᠋ᠢᠵᠤ ᠪᠣᠯᠬᠤ ᠦᠭᠡᠢ᠃ ᠦᠷᠭᠦᠯᠵᠢᠯᠡᠨ 30 - 40 ᠮᠢᠨᠦ᠋ᠲ ᠲᠧᠯᠸᠢᠰ ᠦᠵᠡᠭᠰᠡᠨ᠎ᠤ ᠳᠠᠷᠠᠭ᠎ᠠ ᠣᠬᠣᠷ ᠴᠠᠭ ᠠᠮᠠᠷᠠᠵᠤ᠂ ᠬᠠᠮᠤᠭ ᠰᠠᠶ᠋ᠢᠨ᠎ᠨᠢ ᠬᠣᠯᠠ ᠵᠢ ᠬᠠᠷᠠᠨ᠎ᠠ᠃
3 . ᠺᠣᠮᠫᠢᠦ᠋ᠲ᠋ᠧᠷ ᠣᠷᠣᠯᠳᠤᠬᠤ ᠦᠶ᠎ᠡ᠎ᠳᠤ ᠺᠣᠮᠫᠢᠦ᠋ᠲ᠋ᠧᠷ᠎ᠤᠨ ᠳᠡᠯᠭᠡᠴᠡ ᠵᠢ ᠬᠠᠮᠤᠭ᠎ᠤᠨ ᠰᠠᠶ᠋ᠢᠨ᠎ᠨᠢ ᠴᠣᠩᠬᠤ᠎ᠲᠠᠢ ᠡᠰᠡᠷᠬᠦ ᠪᠤᠶᠤ ᠬᠠᠵᠠᠭᠤ ᠲᠡᠶ᠋ᠢᠰᠢ ᠬᠠᠨᠳᠤᠭᠤᠯᠵᠤ᠂ ᠬᠡᠷᠡᠯ ᠣᠶ᠋ᠢᠬᠤ ᠦᠵᠡᠭᠳᠡᠯ ᠭᠠᠷᠬᠤ᠎ᠠᠴᠠ ᠵᠠᠢ᠌ᠯᠠᠰᠬᠢᠬᠤ ᠬᠡᠷᠡᠭᠲᠡᠶ; ᠺᠣᠮᠫᠢᠦ᠋ᠲ᠋ᠧᠷ᠎ᠤᠨ ᠠᠵᠢᠯᠯᠠᠬᠤ ᠲᠠᠢ᠌ᠰᠠ ᠡᠩ᠎ᠤᠨ ᠬᠢᠴᠢᠶᠡᠯ᠎ᠤᠨ ᠰᠢᠷᠡᠭᠡᠨ᠎ᠤ ᠥᠨᠳᠥᠷ᠎ᠠᠴᠠ ᠳᠤᠤᠷ᠎ᠠ ᠪᠠᠢ᠌ᠪᠠᠯ ᠵᠣᠬᠢᠨ᠎ᠠ᠂ ᠰᠠᠭᠤᠳᠠᠯ᠎ᠤᠨ ᠬᠠᠮᠤᠭ᠎ᠤᠨ ᠰᠠᠶ᠋ᠢᠨ᠎ᠨᠢ ᠥᠨᠳᠥᠷ ᠪᠣᠭᠣᠨᠢ ᠵᠢ ᠲᠣᠬᠢᠷᠠᠭᠤᠯᠵᠤ ᠪᠣᠯᠤᠨ᠎ᠠ᠃ ᠺᠣᠮᠫᠢᠦ᠋ᠲ᠋ᠧᠷ᠎ᠤᠨ ᠳᠡᠯᠭᠡᠴᠡ ᠵᠢᠨ ᠲᠥᠪ᠎ᠨᠢ ᠴᠡᠭᠡᠵᠢ᠎ᠲᠠᠢ ᠨᠢᠭᠡ ᠱᠤᠭᠤᠮ ᠳᠡᠭᠡᠷ᠎ᠡ ᠪᠠᠢ᠌ᠪᠠᠯ ᠵᠣᠬᠢᠨ᠎ᠠ; ᠺᠣᠮᠫᠢᠦ᠋ᠲ᠋ᠧᠷ᠎ᠤᠨ ᠳᠡᠯᠭᠡᠴᠡ ᠪᠣᠯᠤᠨ ᠨᠢᠳᠦᠨ᠎ᠤ ᠬᠣᠭᠣᠷᠣᠨᠳᠣᠬᠢ ᠵᠠᠶ ᠵᠢ 50 ᠰᠠᠨᠲ᠋ᠢᠮᠧᠲᠷ᠎ᠠᠴᠠ ᠳᠤᠤᠷ᠎ᠠ ᠪᠠᠶ᠋ᠢᠯᠭ᠋ᠠᠵᠤ ᠪᠣᠯᠬᠤ ᠥᠬᠡᠶ᠂ ᠬᠠᠷᠠᠭ᠎ᠠ ᠵᠢ ᠬᠡᠪᠲᠡᠭᠡ ᠱᠤᠭᠤᠮ᠎ᠠᠴᠠ 10 - 20 ᠭ᠋ᠷᠠᠳᠦ᠋ᠰ᠎ᠠᠴᠠ ᠳᠤᠤᠷ᠎ᠠ ᠪᠠᠶ᠋ᠢᠯᠭ᠋ᠠᠪᠠᠯ ᠵᠣᠬᠢᠨ᠎ᠠ; ᠺᠣᠮᠫᠢᠦ᠋ᠲ᠋ᠧᠷ᠎ᠤᠨ ᠥᠷᠦᠭᠡᠨᠤ ᠭᠡᠷᠡᠯ ᠬᠡᠲᠦᠷᠬᠡᠢ ᠪᠠᠭᠤᠷᠠᠢ ᠪᠤᠶᠤ ᠬᠡᠲᠦᠷᠬᠡᠢ ᠴᠢᠩᠭ᠎ᠠ ᠪᠠᠶ᠋ᠢᠵᠤ ᠪᠣᠯᠬᠤ ᠦᠭᠡᠢ (12 ᠲᠡᠭᠰᠢ ᠳᠥᠷᠪᠡᠯᠵᠢᠨ ᠮᠧᠲᠷ᠎ᠤᠨ ᠭᠡᠷ᠎ᠲᠤ 40 ᠸᠠᠲ᠎ᠤᠨ ᠨᠡᠷᠡᠨ ᠳ᠋ᠧᠩ ᠤᠭᠰᠠᠷᠠᠪᠠᠯ ᠳᠠᠷᠤᠢ ᠬᠡᠷᠡᠭᠰᠡᠬᠦ ᠭᠡᠷᠡᠯᠳᠦᠴᠡ ᠵᠢ ᠬᠠᠩᠭ᠋ᠠᠵᠤ ᠳᠡᠢ᠌ᠯᠦᠨ᠎ᠡ)᠃

4 . ᠨᠢᠳᠦᠨ᠎ᠤ ᠡᠷᠡᠭᠦᠯᠵᠢᠯ᠎ᠤᠨ ᠲᠠᠮᠢᠷ᠎ᠢ ᠨᠠᠷᠢᠨ ᠬᠢᠨᠠᠮᠠᠭ᠋ᠠᠢ ᠬᠢᠬᠦ᠎ᠨᠢ ᠨᠢᠳᠦᠨ᠎ᠤ ᠶᠠᠳᠠᠷᠠᠭ᠎ᠠ ᠵᠢ ᠲᠠᠢ᠌ᠯᠬᠤ᠎ᠳᠤ ᠨᠡᠯᠢᠶᠡᠳ ᠰᠠᠶ᠋ᠢᠨ ᠦᠢ᠍ᠯᠡᠳᠦᠯ᠎ᠲᠠᠢ᠃ ᠰᠤᠷᠤᠭᠴᠢ ᠰᠤᠷᠭ᠋ᠠᠭᠤᠯᠢ᠎ᠳᠤ ᠪᠠᠢ᠌ᠬᠤ ᠬᠤᠭᠤᠴᠠᠭ᠋ᠠᠨ᠎ᠳᠤ ᠰᠤᠷᠭ᠋ᠠᠭᠤᠯᠢ᠎ᠠᠴᠠ ᠨᠢᠭᠡᠳᠦᠯᠲᠡᠶ ᠨᠢᠳᠦᠨ᠎ᠤ ᠲᠠᠮᠢᠷ ᠬᠢᠯᠭᠡᠬᠦ᠎ᠨᠢ ᠰᠤᠷᠤᠭᠴᠢ ᠵᠢᠨ ᠨᠢᠳᠦᠨ᠎ᠤ ᠶᠠᠳᠠᠷᠠᠭ᠎ᠠ ᠵᠢ ᠲᠠᠢ᠌ᠯᠬᠤ ᠵᠢᠨ ᠲᠥᠯᠦᠭᠡ ᠶᠤᠮ᠃ ᠬᠢᠴᠢᠶᠡᠯ᠎ᠤᠨ ᠳᠠᠷᠠᠭ᠎ᠠ ᠪᠠᠭᠰᠢ᠎ᠠᠴᠠ ᠰᠤᠷᠤᠭᠴᠢᠳ᠎ᠢ ᠭᠡᠷ᠎ᠤᠨ ᠭᠠᠳᠠᠨ᠎ᠠ ᠬᠥᠳᠡᠯᠭᠡᠭᠡᠨ ᠬᠢᠯᠭᠡᠬᠦ ᠪᠤᠶᠤ ᠠᠯᠤᠰ᠎ᠢ ᠬᠠᠷᠠᠭᠤᠯᠤᠨ᠎ᠠ᠃ ᠰᠤᠷᠤᠭᠴᠢᠳ ᠭᠡᠷ᠎ᠲᠤ᠎ᠪᠠᠨ ᠰᠠᠭᠤᠬᠤ᠎ᠳᠤ ᠵᠣᠬᠢᠬᠤ ᠰᠤᠷᠤᠯᠴᠠᠬᠤ ᠡᠭᠦᠷᠭᠡ᠎ᠲᠠᠢ ᠮᠥᠷᠲᠡᠭᠡᠨ ᠳ᠋ᠧᠩ᠎ᠤᠨ ᠭᠡᠷᠡᠯ᠎ᠢ ᠠᠰᠢᠭᠯᠠᠬᠤ ᠴᠠᠭ᠎ᠨᠢ ᠠᠷᠪᠢᠨ ᠪᠠᠶ᠋ᠢᠵᠤ᠂ ᠨᠢᠳᠦ᠎ᠨᠢ ᠨᠡᠩ ᠠᠮᠠᠷᠬᠠᠨ ᠶᠠᠳᠠᠷᠠᠳᠠᠭ᠃ ᠭᠡᠷ᠎ᠤᠨ ᠠᠬᠠᠮᠠᠳ ᠬᠡᠦᠬᠡᠳ ᠵᠶ᠋ᠠᠨ 40 ᠮᠢᠨᠦ᠋ᠲ ᠠᠯᠤᠰᠯᠠᠬᠤ ᠪᠦᠷᠢ10 ᠮᠢᠨᠦ᠋ᠲ ᠣᠷᠴᠢᠮ ᠠᠮᠠᠷᠠᠭᠤᠯᠬᠤ᠎ᠪᠠᠷ ᠱᠠᠭ᠋ᠠᠷᠳᠠᠵᠤ᠂ ᠠᠯᠤᠰ᠎ᠢ ᠬᠠᠷᠠᠭᠤᠯᠬᠤ ᠪᠤᠶᠤ ᠨᠢᠳᠦᠨ᠎ᠤ ᠡᠷᠡᠭᠦᠯᠵᠢᠯ᠎ᠤᠨ ᠲᠠᠮᠢᠷ ᠬᠢᠯᠭᠡᠨ᠎ᠡ᠃

ᠬᠣᠶᠠᠷ ᠬᠡᠮᠵᠢᠯᠳᠦ ᠺᠣᠳ᠋᠎ᠢ ᠰᠢᠷᠪᠢᠵᠦ ᠨᠢᠳᠦ ᠬᠠᠮᠠᠭ᠋ᠠᠯᠠᠬᠤ ᠲᠠᠮᠢᠷ᠎ᠤᠨ ᠸᠢᠳᠢᠣ᠋ ᠵᠢ ᠰᠣᠨᠢᠷᠬᠠᠭ᠋ᠠᠷᠠᠢ
(ᠭᠤᠷᠪᠠ) ᠭᠠᠳᠠᠨᠠᠬᠢ ᠪᠡᠶ᠎ᠡ ᠵᠢᠨ ᠲᠠᠮᠢᠷ᠎ᠤᠨ ᠪᠣᠯᠪᠠᠰᠤᠷᠠᠯ᠎ᠢ ᠪᠠᠷᠢᠮᠲᠠᠯᠠᠨ᠎ᠠ᠃
ᠭᠠᠳᠠᠨᠠᠬᠢ ᠬᠥᠳᠡᠯᠭᠡᠭᠡᠨ᠎ᠨᠢ ᠤᠢ᠌ᠷ᠎ᠠ ᠬᠠᠷᠠᠭ᠎ᠠ᠎ᠲᠠᠢ ᠪᠣᠯᠬᠤ ᠪᠠ ᠬᠦᠨᠳᠦᠷᠡᠬᠦ ᠵᠢ ᠪᠦᠲᠦᠮᠵᠢᠲᠡᠶ ᠬᠢᠵᠠᠭ᠋ᠠᠷᠯᠠᠨ᠎ᠠ᠃ ᠭᠠᠳᠠᠨᠠᠬᠢ ᠭᠡᠷᠡᠯ᠎ᠤᠨ ᠥᠨᠳᠥᠷ ᠲᠤᠰᠤᠯᠲᠠ᠎ᠨᠢ ᠬᠥᠮᠦᠨ᠎ᠤ ᠪᠡᠶ᠎ᠡ᠎ᠳᠤ ᠳ᠋ᠣᠫᠠᠮᠸᠠ ᠵᠢ ᠢᠯᠭ᠋ᠠᠷᠠᠭᠤᠯᠵᠤ᠂ ᠰᠢᠨ᠎ᠡ ᠰᠣᠷᠭᠣᠭ ᠠᠭ᠋ᠠᠷ᠂ ᠵᠣᠬᠢᠰᠲᠠᠶ ᠪᠡᠶ᠎ᠡ ᠵᠢᠨ ᠲᠠᠮᠢᠷ᠎ᠤᠨ ᠪᠣᠯᠪᠠᠰᠤᠷᠠᠯ ᠪᠠ ᠬᠠᠷᠠᠭ᠋ᠠᠨ᠎ᠤ ᠥᠷᠭᠡᠳᠭᠡᠯ᠂ ᠵᠢᠱ᠌ᠢᠶᠡᠯᠡᠪᠡᠯ᠂ ᠭᠡᠷ᠎ᠤᠨ ᠭᠠᠳᠠᠨᠠᠬᠢ ᠪᠥᠮᠪᠥᠭᠡᠨ᠎ᠤ ᠵᠦᠢ᠍ᠯ᠎ᠤᠨ ᠬᠥᠳᠡᠯᠭᠡᠭᠡᠨ᠂ ᠠᠭᠤᠯᠠ ᠠᠪᠠᠷᠢᠬᠤ᠂ ᠬᠦᠷᠳᠦᠲᠦ ᠭᠤᠯᠭᠤᠭᠤᠷ᠂ ᠴᠠᠭ᠋ᠠᠰᠤᠨ ᠰᠢᠪᠠᠭᠤ ᠨᠢᠰᠭᠡᠬᠦ ᠵᠡᠷᠭᠡ᠎ᠨᠢ ᠪᠦᠷ ᠣᠶ᠋ᠢᠷ᠎ᠠ ᠬᠠᠷᠠᠭ᠎ᠠ᠎ᠲᠠᠢ ᠪᠣᠯᠬᠤ ᠵᠢ ᠰᠡᠷᠭᠡᠶ᠋ᠢᠯᠡᠵᠦ ᠴᠢᠳᠠᠨ᠎ᠠ᠃ ᠡᠶ᠋ᠢᠮᠦ᠎ᠠᠴᠠ ᠨᠢᠳᠦᠨ᠎ᠤ ᠰᠠᠯᠠᠭ᠋ᠠᠨ᠎ᠤ ᠲᠤᠰᠬᠠᠶ ᠮᠡᠷᠭᠡᠵᠢᠯᠲᠡᠨ᠎ᠠᠴᠠ ᠰᠠᠨᠠᠭᠤᠯᠤᠭᠰᠠᠨ᠎ᠨᠢ᠂ ᠡᠳᠦᠷ ᠪᠦᠷᠢ 1-2 ᠴᠠᠭ᠎ᠤᠨ ᠬᠡᠷ᠎ᠤᠨ ᠭᠠᠳᠠᠨᠠᠬᠢ ᠬᠥᠳᠡᠯᠭᠡᠭᠡᠨ᠎ᠢ ᠪᠠᠲᠤᠯᠠᠵᠤ᠂ ᠬᠡᠦᠬᠡᠳ᠎ᠤᠨ ᠡᠳᠦᠷ ᠪᠦᠷᠢ ᠵᠢᠨ ᠪᠠᠶ᠋ᠢᠭ᠋ᠠᠯᠢ ᠵᠢᠨ ᠬᠡᠷᠡᠯ᠎ᠲᠠᠢ ᠬᠦᠷᠦᠯᠴᠡᠬᠦ ᠴᠠᠭ᠎ᠢ 60 ᠮᠢᠨᠦ᠋ᠲ᠎ᠠᠴᠠ ᠳᠡᠭᠡᠭᠰᠢ ᠪᠠᠶ᠋ᠢᠯᠭ᠋ᠠᠵᠤ᠂ 1᠎ᠠᠴᠠ 2 ᠵᠦᠢ᠍ᠯ᠎ᠤᠨ ᠲᠠᠮᠢᠷ᠎ᠤᠨ ᠬᠥᠳᠡᠯᠭᠡᠭᠡᠨ᠎ᠤ ᠤᠷ᠎ᠠ ᠴᠢᠳᠠᠪᠤᠷᠢ ᠵᠢ ᠡᠵᠡᠮᠰᠢᠭᠦᠯᠬᠦ ᠬᠡᠷᠡᠭᠲᠡᠶ ᠭᠡᠵᠡᠢ᠃

(ᠳᠥᠷᠪᠡ) ᠬᠣᠭᠣᠯᠠ ᠤᠮᠳᠠ᠂ ᠰᠢᠮ᠎ᠡ ᠲᠡᠵᠢᠭᠡᠯ᠎ᠢ ᠲᠡᠩᠴᠡᠭᠦᠷᠢᠲᠡᠢ ᠪᠠᠢ᠌ᠯᠭ᠋ᠠᠨ᠎ᠠ᠃ ᠬᠡᠦᠬᠡᠳ᠎ᠢ ᠬᠠᠪᠰᠤᠷᠴᠤ ᠢᠳᠡᠰᠢ ᠭᠣᠯᠣᠬᠤ ᠦᠭᠡᠢ᠂ ᠢᠳᠡᠰᠢ ᠱᠠᠯᠢᠬᠤ ᠦᠭᠡᠢ ᠳᠠᠳᠬᠠᠯ᠎ᠲᠠᠢ ᠪᠣᠯᠭ᠋ᠠᠵᠤ᠂ ᠢᠳᠡᠭᠡᠨ ᠤᠮᠳᠠᠭ᠋ᠠᠨ᠎ᠤ ᠳᠣᠲᠣᠷᠠᠬᠢ ᠪᠢᠴᠢᠯ ᠡᠯᠧᠮᠧᠨ᠋ᠲ᠎ᠤᠨ ᠨᠥᠬᠦᠪᠦᠷᠢᠯᠡᠬᠦ ᠵᠢ ᠠᠩᠬᠠᠷᠤᠨ᠎ᠠ᠂ ᠵᠢᠱ᠌ᠢᠶᠡᠯᠡᠪᠡᠯ ᠴᠠᠶ᠋ᠢᠷ᠂ ᠾᠷᠣᠮ ᠵᠡᠷᠭᠡ ᠵᠢ ᠠᠩᠬᠠᠷᠴᠤ᠂ ᠢᠳᠡᠰᠢᠨ ᠨᠣᠭᠣᠭ᠎ᠠ ᠭᠤᠸ᠎ᠠ ᠵᠢᠮᠢᠰ᠎ᠢ ᠢᠯᠡᠭᠦᠬᠡᠨ ᠢᠳᠡᠭᠦᠯᠵᠦ᠂ ᠦᠷᠭᠦᠯᠵᠢ ᠸᠢᠲ᠋ᠠᠮᠢᠨ A ᠡᠯᠪᠡᠭ ᠠᠭᠤᠯᠤᠭᠰᠠᠨ ᠢᠳᠡᠭᠡᠨ (ᠵᠢᠱ᠌ᠢᠶᠡᠯᠡᠪᠡᠯ ᠰᠢᠷ᠎ᠠ ᠯᠤᠤᠪᠠᠩ᠂ ᠥᠷᠭᠡᠰᠦᠲᠦ ᠨᠣᠭᠣᠭ᠎ᠠ᠂ ᠠᠮᠢᠲᠠᠨ᠎ᠤ ᠡᠯᠢᠭᠡ᠂ ᠭᠦᠢ᠍ᠯᠡᠰᠦ᠂ ᠡᠯᠵᠢᠭᠡᠨ ᠴᠢᠬᠢ ᠵᠡᠷᠭᠡ)᠎ᠢ ᠢᠳᠡᠭᠦᠯᠦᠨ᠎ᠡ᠃ ᠵᠣᠬᠢᠰᠲᠠᠶ ᠢᠳᠡᠭᠡᠨ ᠤᠮᠳᠠᠭ᠋ᠠᠨ᠂ ᠡᠯᠪᠡᠭ ᠪᠠᠶᠠᠯᠢᠭ ᠤᠭᠤᠷᠠᠭ ᠪᠠ ᠸᠢᠲ᠋ᠠᠮᠢᠨ᠎ᠨᠢ ᠨᠢᠳᠦᠨ ᠬᠠᠷᠠᠭ᠎ᠠ ᠵᠢ ᠬᠠᠮᠠᠭ᠋ᠠᠯᠠᠬᠤ᠎ᠳᠤ ᠴᠢᠬᠤᠯᠠ ᠦᠢ᠍ᠯᠡᠳᠦᠯ᠎ᠲᠠᠢ᠃ ᠢᠳᠡᠰᠢᠨ ᠨᠣᠭᠣᠭ᠎ᠠ᠂ ᠵᠢᠮᠢᠰ ᠵᠢᠴᠢ ᠠᠮᠢᠲᠠᠨ᠎ᠤ ᠡᠯᠢᠭᠡ ᠵᠢ ᠢᠳᠡᠭᠦᠯᠵᠦ᠂ ᠰᠢᠬᠢᠷᠯᠢᠭ ᠢᠳᠡᠭᠡᠨ ᠪᠠ ᠭᠤᠱ᠌ᠤᠭᠤᠨ ᠢᠳᠡᠭᠡᠨ᠎ᠢ ᠪᠠᠭ᠎ᠠ ᠢᠳᠡᠭᠦᠯᠦᠨ᠎ᠡ᠃

(ᠲᠠᠪᠤ) ᠬᠡᠦᠬᠡᠳ ᠭᠦᠢ᠍ᠴᠡᠳ ᠤᠨᠲᠠᠬᠤ ᠵᠢ ᠪᠠᠲᠤᠯᠠᠨ᠎ᠠ᠃
ᠪᠠᠭ᠎ᠠ ᠰᠤᠷᠭ᠋ᠠᠭᠤᠯᠢ ᠵᠢᠨ ᠰᠤᠷᠤᠭᠴᠢᠳ᠎ᠤᠨ ᠡᠳᠦᠷ ᠪᠦᠷᠢ ᠵᠢᠨ ᠤᠨᠲᠠᠬᠤ ᠴᠠᠭ᠎ᠢ 10 ᠴᠠᠭ᠂ ᠠᠩᠬ᠎ᠠ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠰᠤᠷᠤᠭᠴᠢᠳ᠎ᠤᠨ ᠡᠳᠦᠷ ᠪᠦᠷᠢ ᠵᠢᠨ ᠤᠨᠲᠠᠬᠤ ᠴᠠᠭ᠎ᠢ 9 ᠴᠠᠭ᠂ ᠳᠡᠭᠡᠳᠦ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠰᠤᠷᠤᠭᠴᠢᠳ᠎ᠤᠨ ᠡᠳᠦᠷ ᠪᠦᠷᠢ ᠵᠢᠨ ᠤᠨᠲᠠᠬᠤ ᠴᠠᠭ᠎ᠢ 8 ᠴᠠᠭ ᠪᠠᠶ᠋ᠢᠯᠭ᠋ᠠᠬᠤ ᠵᠢ ᠪᠠᠲᠤᠯᠠᠬᠤ ᠬᠡᠷᠡᠭᠲᠡᠢ᠃
(ᠵᠢᠷᠭᠤᠭ᠎ᠠ) ᠡᠷᠲᠡ ᠮᠡᠳᠡᠵᠦ᠂ ᠡᠷᠲᠡ ᠰᠡᠷᠭᠡᠢ᠌ᠯᠡᠨ᠎ᠡ᠃
《ᠵᠠᠰᠠᠬᠤ ᠵᠢ ᠴᠢᠬᠤᠯᠠᠴᠢᠯᠠᠵᠤ ᠰᠡᠷᠭᠡᠶ᠋ᠢᠯᠡᠬᠦ ᠵᠢ ᠬᠥᠩᠭᠡᠪᠴᠢᠯᠡᠬᠦ》 ᠦᠵᠡᠯᠲᠡ ᠵᠢ ᠬᠤᠪᠢᠷᠠᠭᠤᠯᠵᠤ᠂ ᠬᠡᠷ ᠳᠣᠲᠣᠷᠠᠬᠢ ᠭᠡᠷᠡᠯᠲᠦᠭᠦᠯᠭᠡ ᠵᠢᠨ ᠪᠠᠶ᠋ᠢᠳᠠᠯ᠎ᠢ ᠦᠷᠭᠦᠯᠵᠢ ᠠᠩᠬᠠᠷᠴᠤ᠂ ᠬᠡᠦᠬᠡᠳ᠎ᠤᠨ ᠨᠢᠳᠦ᠎ᠪᠠᠨ ᠬᠡᠷᠡᠭᠯᠡᠬᠦ ᠰᠠᠶ᠋ᠢᠨ ᠰᠠᠶ᠋ᠢᠬᠠᠨ ᠳᠠᠳᠬᠠᠯ᠎ᠢ ᠬᠥᠮᠦᠵᠢᠭᠦᠯᠬᠦ ᠵᠢ ᠴᠢᠬᠤᠯᠠᠴᠢᠯᠠᠬᠤ ᠬᠡᠷᠡᠭᠲᠡᠶ᠃ ᠬᠡᠦᠬᠡᠳ᠎ᠤᠨ ᠨᠢᠳᠦᠨ᠎ᠤ ᠪᠣᠶ᠋ᠢᠵᠢᠯᠲᠠ ᠪᠠ ᠬᠠᠷᠠᠭ᠋ᠠᠨ᠎ᠤ ᠡᠷᠡᠭᠦᠯ ᠮᠡᠨᠳᠦ ᠵᠢᠨ ᠪᠠᠶ᠋ᠢᠳᠠᠯ᠎ᠢ ᠡᠵᠡᠮᠰᠢᠵᠦ᠂ ᠬᠡᠦᠬᠡᠳ᠎ᠤᠨ ᠬᠠᠷᠠᠭ᠋ᠠᠨ᠎ᠤ ᠬᠡᠪ᠎ᠤᠨ ᠪᠤᠰᠤ ᠪᠠᠶ᠋ᠢᠳᠠᠯ᠎ᠢ ᠴᠠᠭ ᠢᠮᠠᠭᠲᠠ ᠠᠩᠬᠠᠷᠴᠤ᠂ ᠬᠡᠦᠬᠡᠳ᠎ᠲᠤ ᠬᠢᠴᠢᠶᠡᠯ᠎ᠤᠨ ᠬᠡᠷ᠎ᠤᠨ ᠡᠮᠦᠨ᠎ᠡ ᠮᠥᠷ᠎ᠲᠤ ᠰᠠᠭᠤᠪᠠᠯ ᠰᠠᠶᠢ ᠰᠠᠮᠪᠠᠷ᠎ᠠ᠎ᠤᠨ ᠦᠰᠦᠭ᠎ᠢ ᠲᠣᠳᠣᠷᠬᠠᠶ ᠣᠯᠵᠤ ᠦᠵᠡᠬᠦ᠂ ᠲᠧᠯᠸᠢᠰ ᠦᠵᠡᠬᠦ᠎ᠳᠤ᠎ᠪᠠᠨ ᠳᠡᠯᠭᠡᠴᠡ᠎ᠲᠠᠢ ᠣᠢ᠌ᠷᠠᠳᠴᠤ᠂ ᠲᠣᠯᠣᠭ᠋ᠠᠶ ᠡᠪᠡᠳᠬᠦ ᠪᠤᠶᠤ ᠨᠢᠳᠦ᠎ᠨᠢ ᠶᠠᠳᠠᠷᠠᠵᠤ ᠪᠠᠶ᠋ᠢᠬᠤ᠂ ᠦᠷᠭᠦᠯᠵᠢ ᠨᠢᠳᠦ᠎ᠪᠠᠨ ᠨᠤᠬᠤᠯᠠᠵᠤ ᠪᠠᠶ᠋ᠢᠬᠤ ᠵᠡᠷᠭᠡ ᠪᠠᠶ᠋ᠢᠳᠠᠯ ᠢᠯᠡᠷᠡᠪᠡᠯ᠂ ᠳᠠᠷᠤᠢ᠎ᠳᠤ᠎ᠨᠢ ᠵᠢᠩᠬᠢᠨᠢ ᠨᠢᠳᠦᠨ ᠰᠠᠯᠠᠭ᠋ᠠᠨ᠎ᠤ ᠡᠮᠴᠢᠯᠡᠭᠡᠨ᠎ᠤ ᠪᠠᠶ᠋ᠢᠭᠤᠯᠤᠮᠵᠢ᠎ᠳᠤ ᠠᠪᠠᠴᠢᠵᠤ ᠪᠠᠶ᠋ᠢᠴᠠᠭ᠋ᠠᠯᠭ᠋ᠠᠨ᠎ᠠ᠃ ᠡᠮᠴᠢ ᠵᠢᠨ ᠵᠢᠭ᠋ᠠᠪᠤᠷᠢ ᠵᠢ ᠵᠢᠷᠤᠮᠯᠠᠵᠤ᠂ ᠰᠢᠨᠵᠢᠯᠡᠬᠦ ᠤᠬᠠᠭ᠋ᠠᠨᠴᠢ᠎ᠪᠠᠷ ᠡᠮᠨᠡᠭᠦᠯᠬᠦ ᠪᠠ ᠣᠢ᠌ᠷ᠎ᠠ ᠬᠠᠷᠠᠭ᠎ᠠ ᠵᠢ᠎ᠨᠢ ᠵᠠᠰᠠᠨ᠎ᠠ᠃ ᠠᠯᠢ ᠴᠢᠳᠠᠬᠤ᠎ᠪᠠᠷ ᠨᠢᠳᠦᠨ᠎ᠤ ᠰᠠᠯᠠᠭ᠋ᠠᠨ᠎ᠤ ᠡᠮᠴᠢᠯᠡᠭᠡᠨ᠎ᠤ ᠪᠠᠶ᠋ᠢᠭᠤᠯᠤᠮᠵᠢ᠎ᠳᠤ ᠬᠠᠷᠠᠭ᠎ᠠ ᠵᠢ᠎ᠨᠢ ᠪᠠᠢ᠌ᠴᠠᠭ᠋ᠠᠯᠭ᠋ᠠᠵᠤ᠂ ᠪᠤᠷᠤᠭᠤ ᠵᠠᠰᠠᠬᠤ ᠠᠴᠠ ᠪᠣᠯᠵᠣ ᠣᠶ᠋ᠢᠷ᠎ᠠ ᠬᠠᠷᠠᠭ᠎ᠠ ᠵᠢ ᠬᠦᠨᠳᠦᠷᠡᠭᠦᠯᠬᠦ᠎ᠠᠴᠠ ᠵᠠᠢ᠌ᠯᠠᠰᠬᠢᠬᠤ ᠬᠡᠷᠡᠭᠲᠡᠶ᠃
ᠰᠤᠷᠭ᠋ᠠᠭᠤᠯᠢ᠂ ᠭᠡᠷ ᠪᠦᠯᠢ᠂ ᠨᠡᠶ᠋ᠢᠭᠡᠮ ᠬᠠᠮᠲᠤ᠎ᠪᠠᠷ ᠴᠢᠷᠮᠠᠶ᠋ᠢᠵᠤ ᠣᠳᠣᠬᠠᠨ᠎ᠤ ᠵᠠᠯᠠᠭᠤᠴᠤᠳ ᠪᠠᠭ᠋ᠠᠴᠤᠳ᠎ᠤᠨ ᠬᠠᠷᠠᠭ᠎ᠠ ᠮᠠᠭᠤᠳᠠᠬᠤ ᠵᠢ ᠪᠠᠢ᠌ᠴᠠᠭ᠋ᠠᠵᠤ ᠭᠠᠷᠭ᠋ᠠᠭᠰᠠᠨ ᠨᠤᠷᠮ᠎ᠠ ᠦᠷᠭᠦᠯᠵᠢᠯᠡᠨ ᠳᠡᠭᠡᠭᠰᠢᠯᠡᠵᠦ ᠪᠠᠶ᠋ᠢᠭ᠎ᠠ ᠠᠰᠢᠭ ᠦᠭᠡᠢ ᠬᠠᠨᠳᠤᠰᠢ ᠵᠢ ᠬᠤᠪᠢᠷᠠᠭᠤᠯᠬᠤ ᠬᠡᠷᠡᠭᠲᠡᠢ᠃ 《ᠡᠷᠡᠭᠦᠯ ᠴᠢᠭᠢᠷᠠᠭ᠎ᠢ ᠲᠡᠷᠢᠭᠦᠨ᠎ᠳᠤ ᠲᠠᠯᠪᠢᠬᠤ》 ᠪᠠ ᠤᠷᠢᠳᠴᠢᠯᠠᠨ ᠰᠡᠷᠭᠡᠶ᠋ᠢᠯᠡᠬᠦ᠎ᠪᠠᠷ ᠭᠣᠣᠯ ᠪᠣᠯᠭ᠋ᠠᠬᠤ ᠵᠢᠯᠣᠭᠣᠳᠬᠤ ᠦᠵᠡᠯ ᠰᠠᠨᠠᠭ᠎ᠠ ᠵᠢ ᠴᠢᠩᠭ᠋ᠠᠳᠬᠠᠵᠤ᠂ ᠵᠠᠯᠠᠭᠤᠴᠤᠳ ᠪᠠᠭ᠋ᠠᠴᠤᠳ᠎ᠤᠨ ᠪᠡᠶ᠎ᠡ ᠮᠠᠬᠠᠪᠣᠳ᠎ᠤᠨ ᠡᠷᠡᠭᠦᠯ ᠴᠢᠭᠢᠷᠠᠭ᠎ᠢ ᠬᠠᠮᠠᠭ᠋ᠠᠯᠠᠬᠤ ᠵᠢ ᠴᠢᠷᠮᠠᠶ᠋ᠢᠨ ᠳᠡᠭᠡᠭᠰᠢᠯᠡᠭᠦᠯᠦᠶ᠎ᠡ᠃