ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠤᠷᠭᠠᠨ ᠬᠦᠮᠦᠵᠢᠯ᠎ᠤᠨ ᠬᠠᠨᠲᠤᠯᠭ᠎ᠠ
ᠰᠣᠨᠤᠷ᠎ᠤᠨ ᠲᠠᠪᠴᠠᠩ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠦᠢᠯᠡᠴᠢᠯᠡᠭᠡ   -   ᠲᠠᠨ᠎ᠳᠤ ᠦᠢᠯᠡᠴᠢᠯᠡᠬᠦ᠌
ᠰᠤᠷᠭ᠋ᠠᠭᠤᠯᠢ ᠵᠢᠨ ᠨᠠᠰᠤᠨ᠎ᠠᠴᠠ ᠡᠮᠦᠨᠡᠬᠢ ᠰᠤᠷᠭ᠋ᠠᠨ ᠬᠥᠮᠦᠵᠢᠯ᠎ᠤᠨ ᠤᠬᠠᠭᠤᠯᠭ᠎ᠠ ᠵᠢᠨ ᠰᠠᠷ᠎ᠠ ᠢᠷᠡᠯ᠎ᠡ᠂ ᠠᠵᠢᠯᠯᠠᠭ᠋ᠠᠨ᠎ᠤ ᠭᠤᠤᠯᠳᠠᠯᠭ᠎ᠠ ᠵᠢ ᠦᠵᠡᠵᠡᠭᠡᠶ᠎ᠡ!
ᠨᠡᠶ᠋ᠢᠲᠡᠯᠡᠭᠰᠡᠨ ᠴᠠᠭ᠄ 2022-05-23


      ᠰᠤᠷᠭ᠋ᠠᠭᠤᠯᠢ ᠵᠢᠨ ᠨᠠᠰᠤᠨ᠎ᠠᠴᠠ ᠡᠮᠦᠨᠡᠬᠢ ᠰᠤᠷᠭ᠋ᠠᠨ ᠬᠥᠮᠦᠵᠢᠯ᠎ᠤᠨ ᠤᠬᠠᠭᠤᠯᠭ᠎ᠠ ᠵᠢᠨ ᠰᠠᠷ᠎ᠠ
          ᠬᠡᠦᠬᠡᠳ᠎ᠤᠨ ᠴᠡᠴᠡᠷᠯᠢᠭ   ᠪᠣᠯᠤᠨ ᠪᠠᠭ᠎ᠠ ᠰᠤᠷᠭ᠋ᠠᠭᠤᠯᠢ ᠵᠢ ᠵᠣᠯᠭ᠋ᠠᠭᠤᠯᠬᠤ ᠠᠵᠢᠯᠯᠠᠭ᠎ᠠ


      ᠲᠦᠷᠦᠭᠦᠬᠡᠨ᠂ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ 《2022 ᠣᠨ᠎ᠤ ᠰᠤᠷᠭ᠋ᠠᠭᠤᠯᠢ ᠵᠢᠨ ᠨᠠᠰᠤᠨ᠎ᠠᠴᠠ ᠡᠮᠦᠨᠡᠬᠢ ᠰᠤᠷᠭ᠋ᠠᠨ ᠬᠥᠮᠦᠵᠢᠯ᠎ᠤᠨ ᠤᠬᠠᠭᠤᠯᠭ᠎ᠠ ᠵᠢᠨ ᠰᠠᠷ᠎ᠠ ᠵᠢᠨ ᠠᠵᠢᠯᠯᠠᠭ᠎ᠠ ᠵᠢ ᠥᠷᠨᠢᠭᠦᠯᠬᠦ ᠲᠤᠬᠠᠶ ᠮᠡᠳᠡᠭᠳᠡᠯ》᠎ᠢ ᠳᠠᠷᠤᠮᠠᠯᠯᠠᠨ ᠲᠠᠷᠬᠠᠭ᠋ᠠᠪᠠ᠃ ᠡᠨᠡ ᠪᠣᠯ ᠠᠷᠪᠠᠨ ᠨᠢᠭᠡᠳᠦᠭᠡᠷ ᠤᠳᠠᠭ᠋ᠠᠨ᠎ᠤ ᠪᠥᠬᠥ ᠤᠯᠤᠰ᠎ᠤᠨ ᠰᠤᠷᠭ᠋ᠠᠭᠤᠯᠢ ᠵᠢᠨ ᠨᠠᠰᠤᠨ᠎ᠠᠴᠠ ᠡᠮᠦᠨᠡᠬᠢ ᠰᠤᠷᠭ᠋ᠠᠨ ᠬᠥᠮᠦᠵᠢᠯ᠎ᠤᠨ ᠤᠬᠠᠭᠤᠯᠭ᠎ᠠ ᠵᠢᠨ ᠰᠠᠷ᠎ᠠ ᠵᠢᠨ ᠠᠵᠢᠯᠯᠠᠭ᠎ᠠ ᠪᠣᠯᠤᠨ᠎ᠠ᠂ ᠠᠵᠢᠯᠯᠠᠭ᠋ᠠᠨ᠎ᠤ ᠭᠤᠤᠯ ᠰᠡᠳᠦᠪ᠎ᠨᠢ 《ᠬᠡᠦᠬᠡᠳ᠎ᠤᠨ ᠴᠡᠴᠡᠷᠯᠢᠭ ᠪᠣᠯᠤᠨ ᠪᠠᠭ᠎ᠠ ᠰᠤᠷᠭ᠋ᠠᠭᠤᠯᠢ ᠵᠢ ᠵᠣᠯᠭ᠋ᠠᠭᠤᠯᠬᠤ ᠠᠵᠢᠯᠯᠠᠭ᠎ᠠ》᠂ ᠠᠵᠢᠯᠯᠠᠭ᠋ᠠᠨ᠎ᠤ ᠴᠠᠭ᠎ᠨᠢ 5 ᠰᠠᠷ᠎ᠠ ᠵᠢᠨ 20 — 6 ᠰᠠᠷ᠎ᠠ ᠵᠢᠨ 20᠎ᠤ ᠡᠳᠦᠷ ᠪᠣᠯᠤᠨ᠎ᠠ᠃ ᠬᠠᠮᠲᠤ᠎ᠳᠤ᠎ᠪᠠᠨ ᠮᠡᠳᠡᠭᠳᠡᠯ᠎ᠤᠨ ᠭᠣᠣᠯᠳᠠᠯᠭ᠎ᠠ ᠵᠢ ᠦᠵᠡᠵᠡᠭᠡᠶ᠎ᠡ᠃

      ᠤᠬᠠᠭᠤᠯᠬᠤ ᠭᠣᠣᠯᠳᠠᠯᠭ᠎ᠠ
     (ᠨᠢᠭᠡ) ᠤᠯᠤᠰ ᠪᠠ ᠥᠪᠡᠷᠲᠡᠭᠡᠨ ᠵᠠᠰᠠᠬᠤ ᠣᠷᠣᠨ᠎ᠤ ᠬᠣᠯᠪᠤᠭᠳᠠᠬᠤ ᠲᠥᠷᠥ ᠵᠢᠨ ᠪᠣᠳᠣᠯᠭ᠎ᠠ᠃ ᠡᠯ᠎ᠡ ᠠᠶ᠋ᠢᠮᠠᠭ ᠬᠣᠲᠠ ᠵᠢᠨ᠎ᠬᠢᠨ ᠰᠤᠷᠭ᠋ᠠᠨ ᠬᠥᠮᠦᠵᠢᠯ᠎ᠤᠨ ᠶᠠᠮᠤᠨ᠎ᠤ 《ᠬᠡᠦᠬᠡᠳ᠎ᠤᠨ ᠴᠡᠴᠡᠷᠯᠢᠭ ᠪᠣᠯᠤᠨ ᠪᠠᠭ᠎ᠠ ᠰᠤᠷᠭ᠋ᠠᠭᠤᠯᠢ ᠵᠢ ᠰᠢᠨᠵᠢᠯᠡᠬᠦ ᠤᠬᠠᠭ᠋ᠠᠨᠴᠢ᠎ᠪᠠᠷ ᠵᠣᠯᠭ᠋ᠠᠭᠤᠯᠬᠤ ᠵᠢ ᠶᠡᠬᠡ᠎ᠪᠠᠷ ᠠᠬᠢᠭᠤᠯᠬᠤ ᠲᠤᠬᠠᠶ ᠵᠢᠯᠣᠭᠣᠳᠬᠤ ᠰᠠᠨᠠᠯ》 (ᠳᠣᠷᠣᠭᠰᠢ 《ᠵᠢᠯᠣᠭᠣᠳᠬᠤ ᠰᠠᠨᠠᠯ》 ᠭᠡᠵᠦ ᠳᠦᠭᠦᠮᠴᠢᠯᠡᠨ᠎ᠡ)᠂ 《ᠬᠡᠦᠬᠡᠳ᠎ᠤᠨ ᠴᠡᠴᠡᠷᠯᠢᠭ᠎ᠠᠴᠠ ᠪᠠᠭ᠎ᠠ ᠰᠤᠷᠭ᠋ᠠᠭᠤᠯᠢ᠎ᠳᠤ ᠣᠷᠣᠬᠤ ᠪᠡᠯᠡᠳᠬᠡᠯ ᠬᠥᠮᠦᠵᠢᠯ᠎ᠤᠨ ᠵᠢᠯᠣᠭᠣᠳᠬᠤ ᠭᠤᠤᠯᠳᠠᠯᠭ᠎ᠠ》᠂ 《ᠪᠠᠭ᠎ᠠ ᠰᠤᠷᠭ᠋ᠠᠭᠤᠯᠢ᠎ᠳᠤ ᠣᠷᠣᠬᠤ᠎ᠳᠤ ᠵᠣᠬᠢᠴᠠᠬᠤ ᠰᠤᠷᠭ᠋ᠠᠨ ᠬᠥᠮᠦᠵᠢᠯ᠎ᠤᠨ ᠵᠢᠯᠣᠭᠣᠳᠬᠤ ᠭᠤᠤᠯᠳᠠᠯᠭ᠎ᠠ》 ᠵᠢᠴᠢ ᠥᠪᠡᠷᠲᠡᠭᠡᠨ ᠵᠠᠰᠠᠬᠤ ᠣᠷᠣᠨ᠎ᠤ 《ᠬᠡᠦᠬᠡᠳ᠎ᠤᠨ ᠴᠡᠴᠡᠷᠯᠢᠭ ᠪᠣᠯᠤᠨ ᠪᠠᠭ᠎ᠠ ᠰᠤᠷᠭ᠋ᠠᠭᠤᠯᠢ ᠵᠢ ᠰᠢᠨᠵᠢᠯᠡᠬᠦ ᠤᠬᠠᠭ᠋ᠠᠨᠴᠢ᠎ᠪᠠᠷ ᠵᠣᠯᠭ᠋ᠠᠭᠤᠯᠬᠤ ᠵᠢ ᠠᠬᠢᠭᠤᠯᠬᠤ ᠲᠤᠬᠠᠶ ᠬᠡᠷᠡᠭᠵᠢᠭᠦᠯᠬᠦ ᠲᠥᠰᠦᠯ》᠎ᠢ ᠥᠷᠭᠡᠨ ᠵᠶ᠋ᠠᠷ ᠤᠬᠠᠭᠤᠯᠤᠨ ᠲᠠᠶ᠋ᠢᠯᠪᠤᠷᠢᠯᠠᠵᠤ᠂ ᠤᠯᠤᠰ ᠪᠠ ᠥᠪᠡᠷᠲᠡᠭᠡᠨ ᠵᠠᠰᠠᠬᠤ ᠣᠷᠣᠨ᠎ᠤ ᠬᠡᠦᠬᠡᠳ᠎ᠤᠨ ᠴᠡᠴᠡᠷᠯᠢᠭ ᠪᠣᠯᠤᠨ ᠪᠠᠭ᠎ᠠ ᠰᠤᠷᠭ᠋ᠠᠭᠤᠯᠢ᠎ᠳᠤ ᠬᠣᠯᠪᠤᠭᠳᠠᠬᠤ ᠲᠥᠷᠥ ᠵᠢᠨ ᠪᠣᠳᠣᠯᠭ᠎ᠠ ᠵᠢᠨ ᠱᠠᠭ᠋ᠠᠷᠳᠠᠯᠭ᠎ᠠ ᠵᠢ ᠭᠦᠨᠵᠡᠭᠡᠶ ᠣᠶ᠋ᠢᠯᠠᠭ᠋ᠠᠬᠤ ᠪᠠ ᠨᠠᠶ᠋ᠢᠳᠠᠪᠤᠷᠢᠵᠢᠭᠤᠯᠬᠤ ᠵᠢ ᠠᠬᠢᠭᠤᠯᠬᠤ ᠬᠡᠷᠡᠭᠲᠡᠶ᠃
     (ᠬᠣᠶᠠᠷ) ᠨᠢᠭᠡᠳᠦᠭᠡᠷ ᠹᠷᠣᠨᠲ᠎ᠤᠨ ᠦᠢ᠍ᠯᠡᠳᠦᠯᠭᠡ ᠰᠦᠪᠡᠭᠴᠢᠯᠡᠯᠲᠡ ᠵᠢᠨ ᠲᠤᠷᠰᠢᠯᠭ᠎ᠠ᠃ ᠡᠯ᠎ᠡ ᠠᠶ᠋ᠢᠮᠠᠭ ᠬᠣᠲᠠ ᠵᠢᠨ᠎ᠬᠢᠨ ᠲᠤᠰ ᠭᠠᠵᠠᠷ ᠣᠷᠣᠨ᠎ᠤ᠎ᠪᠠᠨ ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠤᠨ ᠬᠢᠴᠢᠶᠡᠯ᠎ᠤᠨ ᠵᠢᠭ᠋ᠠᠨ ᠰᠤᠷᠭ᠋ᠠᠯᠲᠠ ᠵᠢᠨ ᠥᠭᠡᠷᠡᠴᠢᠯᠡᠯᠲᠡ᠂ ᠬᠡᠦᠬᠡᠳ᠎ᠤᠨ ᠴᠡᠴᠡᠷᠯᠢᠭ᠎ᠤᠨ ᠠᠰᠠᠷᠠᠨ ᠬᠥᠮᠦᠵᠢᠭᠦᠯᠬᠦ   ᠠᠵᠢᠯᠯᠠᠭ᠋ᠠᠨ᠎ᠤ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠬᠦ ᠪᠣᠳᠠᠲᠠᠶ ᠠᠷᠭ᠎ᠠ ᠪᠠᠷᠢᠯ ᠪᠣᠯᠤᠨ ᠪᠠᠭ᠎ᠠ ᠰᠤᠷᠭ᠋ᠠᠭᠤᠯᠢ᠎ᠳᠤ ᠣᠷᠣᠬᠤ᠎ᠳᠤ ᠲᠣᠬᠢᠷᠠᠬᠤ ᠰᠤᠷᠭ᠋ᠠᠨ ᠬᠥᠮᠦᠵᠢᠯ᠂ ᠬᠡᠦᠬᠡᠳ᠎ᠤᠨ ᠴᠡᠴᠡᠷᠯᠢᠭ᠎ᠲᠤ ᠣᠷᠣᠬᠤ ᠪᠡᠯᠡᠳᠬᠡᠯ ᠰᠤᠷᠭ᠋ᠠᠨ ᠬᠥᠮᠦᠵᠢᠯ᠎ᠢ ᠰᠢᠨᠵᠢᠯᠡᠬᠦ ᠤᠬᠠᠭ᠋ᠠᠨᠴᠢ᠎ᠪᠠᠷ ᠥᠷᠨᠢᠭᠦᠯᠦᠭᠰᠡᠨ ᠠᠰᠢᠭᠲᠠᠶ ᠲᠤᠷᠰᠢᠯᠭ᠎ᠠ᠎ᠪᠠᠨ ᠣᠯᠠᠨ ᠠᠷᠭ᠎ᠠ ᠵᠠᠮ ᠵᠶ᠋ᠠᠷ ᠳᠡᠯᠭᠡᠨ ᠦᠵᠡᠭᠦᠯᠵᠦ᠂ ᠦᠨᠳᠦᠰᠦᠨ ᠱᠠᠲᠤᠨ᠎ᠤ ᠬᠡᠦᠬᠡᠳ᠎ᠤᠨ ᠴᠡᠴᠡᠷᠯᠢᠭ ᠪᠠ ᠪᠠᠭ᠎ᠠ ᠰᠤᠷᠭ᠋ᠠᠭᠤᠯᠢ ᠵᠢ ᠵᠣᠯᠭ᠋ᠠᠭᠤᠯᠬᠤ ᠦᠢ᠍ᠯᠡᠳᠦᠯᠭᠡ ᠵᠢᠨ ᠰᠥᠪᠡᠭᠴᠢᠯᠡᠯᠲᠡ ᠵᠢ ᠭᠦᠨᠵᠡᠭᠡᠶ ᠠᠬᠢᠭᠤᠯᠬᠤ ᠬᠡᠷᠡᠭᠲᠡᠶ᠃
     (ᠭᠤᠷᠪᠠ) ᠠᠵᠢᠯ᠎ᠤᠨ ᠠᠷᠭ᠎ᠠ ᠬᠡᠮᠵᠢᠶ᠎ᠡ ᠵᠢ ᠪᠣᠳᠠᠲᠠᠢ᠌ᠵᠢᠭᠤᠯᠤᠨ ᠨᠠᠶ᠋ᠢᠳᠠᠪᠤᠷᠢᠵᠢᠭᠤᠯᠤᠨ᠎ᠠ᠃ ᠡᠯ᠎ᠡ ᠠᠶ᠋ᠢᠮᠠᠭ ᠬᠣᠲᠠ ᠵᠢᠨ᠎ᠬᠢᠨ ᠲᠤᠰ ᠭᠠᠵᠠᠷ ᠣᠷᠣᠨ᠎ᠤ᠎ᠪᠠᠨ ᠬᠡᠦᠬᠡᠳ᠎ᠤᠨ ᠴᠡᠴᠡᠷᠯᠢᠭ ᠪᠣᠯᠤᠨ ᠪᠠᠭ᠎ᠠ ᠰᠤᠷᠭ᠋ᠠᠭᠤᠯᠢ ᠵᠢ ᠵᠣᠯᠭ᠋ᠠᠭᠤᠯᠬᠤ ᠠᠵᠢᠯ᠎ᠤᠨ ᠠᠷᠭ᠎ᠠ ᠬᠡᠮᠵᠢᠶ᠎ᠡ ᠵᠢ ᠨᠠᠶ᠋ᠢᠳᠠᠪᠤᠷᠢᠵᠢᠭᠤᠯᠬᠤ ᠵᠢ ᠥᠷᠭᠡᠨ ᠵᠶ᠋ᠠᠷ ᠬᠤᠪᠢᠶᠠᠯᠴᠠᠵᠤ᠂ ᠰᠤᠳᠤᠯᠤᠨ ᠶᠠᠷᠢᠯᠴᠠᠬᠤ ᠬᠤᠷᠠᠯ᠂ ᠠᠬᠢᠭᠤᠯᠬᠤ ᠬᠤᠷᠠᠯ᠎ᠢ ᠢᠳᠡᠪᠬᠢᠲᠡᠢ ᠬᠤᠷᠠᠯᠳᠤᠭᠤᠯᠬᠤ ᠵᠡᠷᠭᠡ ᠠᠷᠭ᠎ᠠ ᠮᠠᠶᠢᠭ ᠵᠶ᠋ᠠᠷ ᠠᠵᠢᠯ᠎ᠤᠨ ᠠᠬᠢᠴᠠ᠎ᠪᠠᠨ ᠰᠣᠯᠢᠯᠴᠠᠵᠤ᠂ ᠠᠰᠠᠭᠤᠳᠠᠯ᠎ᠢ ᠰᠤᠳᠤᠯᠤᠨ ᠶᠠᠷᠢᠯᠴᠠᠵᠤ᠂ 《ᠵᠢᠯᠣᠭᠣᠳᠬᠤ ᠰᠠᠨᠠᠯ》᠎ᠤᠨ ᠰᠡᠳᠬᠢᠮᠵᠢ ᠪᠠ ᠠᠷᠭ᠎ᠠ ᠬᠡᠮᠵᠢᠶ᠎ᠡ ᠵᠢ ᠤᠯᠠᠮ ᠨᠢᠭᠡ ᠠᠯᠬᠤᠮ ᠭᠦᠨᠵᠡᠭᠡᠶ ᠨᠠᠶ᠋ᠢᠳᠠᠪᠤᠷᠢᠵᠢᠭᠤᠯᠬᠤ ᠬᠡᠷᠡᠭᠲᠡᠶ᠃
      ᠤᠬᠠᠭᠤᠯᠬᠤ ᠬᠡᠯᠪᠡᠷᠢ
     (ᠨᠢᠭᠡ) ᠰᠦᠯᠵᠢᠶᠡᠨ᠎ᠳᠠᠬᠢ ᠤᠬᠠᠭᠤᠯᠭ᠎ᠠ᠃ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ᠎ᠤᠨ ᠠᠯᠪᠠᠨ ᠰᠦᠯᠵᠢᠶ᠎ᠡ᠎ᠠᠴᠠ ᠰᠦᠯᠵᠢᠶᠡᠨ᠎ᠳᠤ ᠲᠣᠭᠣᠷᠢᠨ ᠦᠵᠡᠭᠦᠯᠬᠦ ᠲᠤᠰᠬᠠᠶ ᠪᠤᠯᠤᠩ ᠭᠠᠷᠭ᠋ᠠᠬᠤ ᠵᠢᠨ ᠬᠠᠮᠲᠤ ᠡᠯ᠎ᠡ ᠠᠶ᠋ᠢᠮᠠᠭ ᠬᠣᠲᠠ ᠵᠢᠨ ᠠᠯᠪᠠᠨ ᠰᠦᠯᠵᠢᠶ᠎ᠡ᠎ᠲᠠᠢ ᠬᠣᠯᠪᠤᠯᠳᠤᠵᠤ᠂ ᠦᠰᠦᠭ ᠪᠢᠴᠢᠭ᠂ ᠬᠦᠰᠦᠨᠦᠭᠲᠦ᠂ ᠵᠢᠷᠤᠭ ᠪᠠ ᠸᠢᠳᠢᠤ᠋ ᠵᠡᠷᠭᠡ ᠣᠯᠠᠨ ᠵᠦᠢ᠍ᠯ᠎ᠤᠨ ᠬᠡᠯᠪᠡᠷᠢ᠎ᠪᠠᠷ ᠬᠡᠦᠬᠡᠳ᠎ᠤᠨ ᠴᠡᠴᠡᠷᠯᠢᠭ ᠪᠠ ᠪᠠᠭ᠎ᠠ ᠰᠤᠷᠭ᠋ᠠᠭᠤᠯᠢ ᠵᠢ ᠵᠣᠯᠭ᠋ᠠᠭᠤᠯᠬᠤ ᠬᠣᠯᠪᠤᠭᠳᠠᠬᠤ ᠲᠥᠷᠥ ᠵᠢᠨ ᠪᠣᠳᠣᠯᠭ᠎ᠠ᠂ ᠴᠢᠬᠤᠯᠠ ᠠᠴᠢ ᠬᠣᠯᠪᠣᠭᠳᠠᠯ ᠵᠢᠴᠢ ᠨᠡᠶ᠋ᠢᠲᠡᠯᠢᠭ ᠦᠢ᠍ᠯᠡᠳᠦᠯᠭᠡ ᠵᠢᠨ ᠬᠡᠷᠡᠭ᠎ᠤᠨ ᠵᠢᠱ᠌ᠢᠶ᠎ᠡ ᠵᠢ ᠤᠬᠠᠭᠤᠯᠤᠨ᠎ᠠ᠃ ᠠᠶ᠋ᠢᠮᠠᠭ ᠬᠣᠲᠠ᠂ ᠬᠣᠰᠢᠭᠤ ᠰᠢᠶᠠᠨ (ᠬᠣᠲᠠ᠂ ᠲᠣᠭᠣᠷᠢᠭ)᠎ᠤ ᠰᠤᠷᠭ᠋ᠠᠨ ᠬᠥᠮᠦᠵᠢᠯ᠎ᠤᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠂ ᠬᠡᠦᠬᠡᠳ᠎ᠤᠨ ᠴᠡᠴᠡᠷᠯᠢᠭ᠎ᠨᠢ ᠥᠪᠡᠷ᠎ᠤᠨ ᠰᠦᠯᠵᠢᠶᠡᠨ᠎ᠤ ᠲᠠᠪᠴᠠᠩ᠎ᠳᠤ ᠲᠦᠰᠢᠭᠯᠡᠨ ᠤᠬᠠᠭᠤᠯᠬᠤ ᠵᠢᠨ ᠬᠠᠮᠲᠤ ᠲᠠᠪᠴᠠᠩ᠎ᠤᠨ ᠨᠢᠭᠤᠷ᠎ᠤᠨ ᠢᠯᠡ ᠲᠣᠳᠣ ᠪᠠᠶ᠋ᠢᠷᠢᠨ᠎ᠳᠤ ᠰᠤᠷᠭ᠋ᠠᠨ ᠬᠥᠮᠦᠵᠢᠯ᠎ᠤᠨ ᠶᠠᠮᠤᠨ᠂ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ᠎ᠤᠨ ᠰᠦᠯᠵᠢᠶᠡᠨ᠎ᠳᠤ ᠲᠣᠭᠣᠷᠢᠨ ᠦᠵᠡᠭᠦᠯᠬᠦ ᠲᠤᠰᠬᠠᠶ ᠪᠤᠯᠤᠩ᠎ᠢ ᠴᠥᠷᠬᠡᠯᠡᠨ᠎ᠡ᠃
     (ᠬᠣᠶᠠᠷ) ᠰᠦᠯᠵᠢᠶᠡᠨ ᠭᠠᠳᠠᠨᠠᠬᠢ ᠤᠬᠠᠭᠤᠯᠭ᠎ᠠ᠃ ᠡᠯ᠎ᠡ ᠠᠶ᠋ᠢᠮᠠᠭ ᠬᠣᠲᠠ ᠵᠢᠨ᠎ᠬᠢᠨ ᠲᠤᠰ ᠭᠠᠵᠠᠷ ᠣᠷᠣᠨ᠎ᠤ ᠪᠣᠳᠠᠲᠠᠶ᠎ᠲᠠᠢ᠎ᠪᠠᠨ ᠤᠶᠠᠯᠳᠤᠭᠤᠯᠤᠨ᠂ ᠬᠡᠷᠡᠭᠴᠡᠭᠡ ᠶᠣᠰᠤ᠎ᠪᠠᠷ ᠤᠬᠠᠭᠤᠯᠭ᠎ᠠ ᠵᠢᠨ ᠰᠠᠷ᠎ᠠ ᠵᠢᠨ ᠠᠬᠤᠢ ᠲᠠᠯᠠᠪᠠᠢ ᠵᠢᠨ ᠡᠬᠢᠯᠡᠯᠲᠡ ᠵᠢᠨ ᠶᠣᠰᠣᠯᠠᠯ᠂ ᠦᠷ᠎ᠡ ᠪᠦᠲᠦᠭᠡᠯ᠎ᠤᠨ ᠦᠵᠡᠰᠬᠦᠯᠡᠩ᠂ ᠨᠡᠶ᠋ᠢᠭᠡᠮ ᠲᠣᠭᠣᠷᠢᠭ᠎ᠤᠨ ᠭᠤᠤᠯ ᠰᠡᠳᠦᠪᠲᠦ ᠠᠵᠢᠯᠯᠠᠭ᠎ᠠ ᠵᠡᠷᠭᠡ ᠵᠢ ᠵᠣᠬᠢᠶᠠᠨ ᠪᠠᠶ᠋ᠢᠭᠤᠯᠤᠨ᠎ᠠ᠃ ᠬᠡᠦᠬᠡᠳ᠎ᠤᠨ ᠴᠡᠴᠡᠷᠯᠢᠭ᠎ᠤᠨ᠎ᠬᠢᠨ ᠭᠤᠤᠯ ᠰᠡᠳᠦᠪᠲᠦ ᠨᠡᠭᠡᠭᠡᠯᠲᠡᠲᠦ ᠡᠳᠦᠷ᠂ ᠬᠡᠷ᠎ᠤᠨ ᠠᠬᠠᠮᠠᠳ᠎ᠤᠨ ᠲᠠᠶ᠋ᠢᠯᠤᠮᠵᠢ᠂ ᠡᠴᠢᠭᠡ ᠡᠬᠡ ᠦᠷ᠎ᠡ ᠬᠡᠦᠬᠡᠳ᠎ᠤᠨ ᠲᠣᠭᠯᠠᠭ᠋ᠠᠮ ᠵᠡᠷᠭᠡ ᠣᠯᠠᠨ ᠵᠦᠢ᠍ᠯ᠎ᠤᠨ ᠠᠵᠢᠯᠯᠠᠭ᠎ᠠ ᠡᠷᠭᠢᠯᠡᠬᠦ᠎ᠪᠠᠷ ᠳᠠᠮᠵᠢᠭᠤᠯᠤᠨ᠂ ᠰᠢᠨᠵᠢᠯᠡᠬᠦ ᠤᠬᠠᠭ᠋ᠠᠨᠴᠢ᠎ᠪᠠᠷ ᠠᠰᠠᠷᠠᠨ ᠬᠥᠮᠦᠵᠢᠭᠦᠯᠦᠭᠰᠡᠨ ᠦᠷ᠎ᠡ ᠪᠦᠲᠦᠭᠡᠯ ᠪᠠ ᠲᠤᠷᠰᠢᠯᠭ᠎ᠠ ᠵᠢ ᠤᠬᠠᠭᠤᠯᠤᠨ᠎ᠠ᠃
      ᠬᠣᠯᠪᠤᠭᠳᠠᠬᠤ ᠱᠠᠭ᠋ᠠᠷᠳᠠᠯᠭ᠎ᠠ
     (ᠨᠢᠭᠡ) ᠨᠠᠷᠢᠨ ᠨᠢᠮᠪᠠᠶ ᠵᠣᠬᠢᠶᠠᠨ ᠪᠠᠶ᠋ᠢᠭᠤᠯᠵᠤ ᠪᠠᠶ᠋ᠢᠷᠢᠯᠠᠭᠤᠯᠤᠨ᠎ᠠ᠃ ᠡᠯ᠎ᠡ ᠠᠶ᠋ᠢᠮᠠᠭ ᠬᠣᠲᠠ ᠵᠢᠨ᠎ᠬᠢᠨ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ᠂ 2022 ᠣᠨ᠎ᠤ ᠤᠬᠠᠭᠤᠯᠭ᠎ᠠ ᠵᠢᠨ ᠰᠠᠷ᠎ᠠ ᠵᠢᠨ ᠠᠵᠢᠯᠯᠠᠭ᠎ᠠ ᠵᠢ ᠲᠣᠰ ᠭᠠᠵᠠᠷ᠎ᠤᠨ ᠵᠶ᠋ᠠᠨ ᠰᠠᠭᠤᠷᠢ ᠰᠤᠷᠭ᠋ᠠᠨ ᠬᠥᠮᠦᠵᠢᠯ᠎ᠤᠨ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠬᠦ᠂ ᠬᠡᠦᠬᠡᠳ᠎ᠤᠨ ᠴᠡᠴᠡᠷᠯᠢᠭ ᠪᠠ ᠪᠠᠭ᠎ᠠ ᠰᠤᠷᠭ᠋ᠠᠭᠤᠯᠢ ᠵᠢ ᠵᠣᠯᠭ᠋ᠠᠭᠤᠯᠬᠤ ᠠᠵᠢᠯ᠎ᠢ ᠠᠬᠢᠭᠤᠯᠬᠤ ᠴᠢᠬᠤᠯᠠ ᠠᠷᠭ᠎ᠠ ᠬᠡᠮᠵᠢᠶ᠎ᠡ ᠪᠣᠯᠭ᠋ᠠᠬᠤ ᠬᠡᠷᠡᠭᠲᠡᠶ᠃ ᠲᠣᠰ ᠭᠠᠵᠠᠷ᠎ᠤᠨ ᠪᠣᠳᠠᠲᠠᠶ᠎ᠲᠠᠢ᠎ᠪᠠᠨ ᠤᠶᠠᠯᠳᠤᠭᠤᠯᠤᠨ᠂ 2022 ᠣᠨ᠎ᠤ ᠤᠬᠠᠭᠤᠯᠭ᠎ᠠ ᠵᠢᠨ ᠰᠠᠷ᠎ᠠ ᠵᠢᠨ ᠠᠵᠢᠯᠯᠠᠭ᠋ᠠᠨ᠎ᠤ ᠪᠣᠳᠠᠲᠠᠶ ᠬᠡᠷᠡᠭᠵᠢᠭᠦᠯᠬᠦ ᠲᠥᠰᠦᠯ᠎ᠢ ᠰᠤᠳᠤᠯᠤᠨ ᠲᠣᠭᠲᠠᠭ᠋ᠠᠵᠤ᠂ ᠡᠯ᠎ᠡ ᠵᠦᠢ᠍ᠯ᠎ᠤᠨ ᠠᠵᠢᠯᠯᠠᠭ᠋ᠠᠨ᠎ᠤ ᠲᠣᠬᠢᠷᠠᠭᠤᠯᠤᠯᠲᠠ ᠪᠠ ᠪᠠᠶ᠋ᠢᠷᠢᠯᠠᠭᠤᠯᠤᠯᠲᠠ ᠵᠢ ᠰᠠᠶ᠋ᠢᠲᠤᠷ ᠬᠢᠬᠦ ᠬᠡᠷᠡᠭᠲᠡᠶ᠃ ᠤᠬᠠᠭᠤᠯᠭ᠎ᠠ ᠵᠢᠨ ᠰᠢᠨᠵᠢᠯᠡᠬᠦ ᠤᠬᠠᠭ᠋ᠠᠨᠴᠢ ᠤᠳᠤᠷᠢᠳᠤᠮᠵᠢ ᠵᠢ ᠴᠢᠬᠤᠯᠠᠴᠢᠯᠠᠵᠤ᠂ ᠤᠬᠠᠭᠤᠯᠭ᠎ᠠ ᠵᠢᠨ ᠬᠠᠨᠳᠤᠯᠭ᠋ᠠᠲᠤ ᠴᠢᠨᠠᠷ ᠪᠣᠯᠤᠨ ᠰᠢᠨᠵᠢᠯᠡᠬᠦ ᠤᠬᠠᠭ᠋ᠠᠨᠴᠢ ᠴᠢᠨᠠᠷ᠎ᠢ ᠦᠨᠡᠨ ᠬᠦ᠌ ᠪᠠᠲᠤᠯᠠᠬᠤ ᠬᠡᠷᠡᠭᠲᠡᠶ᠃ ᠭᠡᠷ᠎ᠤᠨ ᠠᠬᠠᠮᠠᠳ ᠵᠢᠴᠢ ᠨᠡᠶ᠋ᠢᠭᠡᠮ᠎ᠤᠨ ᠡᠷᠡᠭᠡᠯᠵᠡᠯ ᠪᠣᠯᠤᠨ ᠲᠥᠪᠯᠡᠷᠡᠯ᠎ᠤᠨ ᠴᠡᠭ᠎ᠢ ᠠᠩᠬᠠᠷᠴᠤ᠂ ᠤᠬᠠᠭᠤᠯᠭ᠎ᠠ ᠵᠢᠨ ᠬᠠᠨᠳᠤᠯᠭ᠋ᠠᠲᠤ ᠴᠢᠨᠠᠷ ᠪᠣᠯᠤᠨ ᠪᠦᠳᠦᠮᠵᠢᠳᠤ ᠴᠢᠨᠠᠷ᠎ᠢ ᠳᠡᠭᠡᠭᠰᠢᠯᠡᠭᠦᠯᠬᠦ ᠬᠡᠷᠡᠭᠲᠡᠢ᠃  
     (ᠬᠣᠶᠠᠷ) ᠠᠵᠢᠯ᠎ᠤᠨ ᠦᠷ᠎ᠡ ᠪᠦᠲᠦᠭᠡᠯ ᠵᠶ᠋ᠠᠨ ᠰᠢᠰᠲ᠋ᠧᠮᠲᠡᠢ ᠳ᠋ᠦᠩᠨᠡᠨ᠎ᠡ᠃ ᠡᠯ᠎ᠡ ᠠᠶ᠋ᠢᠮᠠᠭ ᠬᠣᠲᠠ ᠵᠢᠨ᠎ᠬᠢᠨ ᠲᠤᠰᠬᠠᠶ ᠮᠡᠷᠭᠡᠵᠢᠯ᠎ᠤᠨ ᠬᠦᠴᠦᠨ᠎ᠢ ᠵᠣᠬᠢᠶᠠᠨ ᠪᠠᠶ᠋ᠢᠭᠤᠯᠤᠨ ᠲᠣᠰ ᠭᠠᠵᠠᠷ ᠣᠷᠣᠨ᠎ᠤ᠎ᠪᠠᠨ 《ᠵᠢᠯᠣᠭᠣᠳᠬᠤ ᠰᠠᠨᠠᠯ》᠎ᠢ ᠨᠠᠶ᠋ᠢᠳᠠᠪᠤᠷᠢᠵᠢᠭᠤᠯᠤᠭᠰᠠᠨ ᠦᠨᠡᠨ ᠪᠣᠳᠠᠲᠠᠶ ᠬᠡᠷᠡᠭ᠎ᠤᠨ ᠵᠢᠱ᠌ᠢᠶᠡᠨ᠎ᠤ ᠲᠤᠷᠰᠢᠯᠭ᠎ᠠ᠎ᠪᠠᠨ ᠡᠮᠬᠢᠯᠡᠨ ᠳ᠋ᠦᠩᠨᠡᠵᠦ᠂ ᠣᠨᠴᠠᠭ᠋ᠠᠢ᠌ᠯᠠᠨ ᠪᠠᠭ᠎ᠠ ᠰᠤᠷᠭ᠋ᠠᠭᠤᠯᠢ ᠪᠣᠯᠤᠨ ᠬᠡᠦᠬᠡᠳ᠎ᠤᠨ ᠴᠡᠴᠡᠷᠯᠢᠭ᠎ᠤᠨ ᠬᠡᠦᠬᠡᠳ᠎ᠤᠨ ᠪᠡᠶ᠎ᠡ ᠰᠡᠳᠬᠢᠯ᠂ ᠠᠮᠢᠳᠤᠷᠠᠯ᠂ ᠨᠡᠶ᠋ᠢᠭᠡᠮ ᠵᠡᠷᠭᠡ ᠡᠯ᠎ᠡ ᠲᠠᠯ᠎ᠠ ᠵᠢᠨ ᠰᠤᠷᠭ᠋ᠠᠭᠤᠯᠢ᠎ᠳᠤ ᠣᠷᠣᠬᠤ᠎ᠳᠤ ᠵᠣᠬᠢᠴᠠᠬᠤ ᠪᠠ ᠪᠡᠯᠡᠳᠭᠡᠬᠦ ᠪᠣᠳᠠᠲᠠᠶ ᠠᠷᠭ᠎ᠠ ᠵᠢ ᠰᠠᠶ᠋ᠢᠲᠤᠷ ᠬᠢᠬᠦ ᠬᠡᠷᠡᠭᠲᠡᠶ᠃ ᠬᠡᠦᠬᠡᠳ᠎ᠤᠨ ᠴᠡᠴᠡᠷᠯᠢᠭ᠎ᠤᠨ᠎ᠬᠢᠨ ᠰᠤᠷᠭ᠋ᠠᠭᠤᠯᠢ᠎ᠳᠤ ᠣᠷᠣᠬᠤ ᠪᠡᠯᠡᠳᠬᠡᠯ ᠰᠤᠷᠭ᠋ᠠᠨ ᠬᠥᠮᠦᠵᠢᠯ᠎ᠢ ᠬᠡᠦᠬᠡᠳ᠎ᠤᠨ ᠡᠳᠦᠷ ᠪᠦᠷᠢ ᠵᠢᠨ ᠠᠮᠢᠳᠤᠷᠠᠯ ᠪᠠ ᠲᠣᠭᠯᠠᠭ᠋ᠠᠮ᠎ᠳᠤ ᠠᠶᠠᠨᠳᠠᠭ᠋ᠠᠨ ᠠᠭᠤᠰᠬᠠᠬᠤ ᠵᠢ ᠳᠣᠪᠣᠶ᠋ᠢᠯᠭ᠋ᠠᠵᠤ᠂ ᠪᠡᠶ᠎ᠡ ᠰᠡᠳᠬᠢᠯ᠎ᠤᠨ ᠡᠯ᠎ᠡ ᠲᠠᠯ᠎ᠠ ᠵᠢᠨ ᠪᠡᠯᠡᠳᠬᠡᠯ᠎ᠢ ᠠᠯᠬᠤᠮ ᠳᠠᠷᠠᠭ᠎ᠠ᠎ᠲᠠᠢ᠎ᠪᠠᠷ ᠰᠠᠶ᠋ᠢᠲᠤᠷ ᠬᠢᠬᠦ ᠠᠷᠭ᠎ᠠ ᠠᠪᠬᠤ ᠬᠡᠷᠡᠭᠲᠡᠶ; ᠡᠯ᠎ᠡ ᠪᠠᠭ᠎ᠠ ᠰᠤᠷᠭ᠋ᠠᠭᠤᠯᠢ 《ᠬᠡᠦᠬᠡᠳ᠎ᠲᠤ ᠰᠤᠷᠭ᠋ᠠᠭᠤᠯᠢ ᠵᠢ ᠰᠠᠶ᠋ᠢᠲᠤᠷ ᠪᠡᠯᠡᠳᠭᠡᠵᠦ ᠥᠭᠬᠦ》 ᠣᠨᠣᠯᠵᠢᠬᠤᠨ᠎ᠢ ᠲᠣᠪᠤᠢ᠌ᠯᠭ᠋ᠠᠵᠤ᠂ ᠰᠢᠨ᠎ᠡ᠎ᠪᠠᠷ ᠰᠤᠷᠭ᠋ᠠᠭᠤᠯᠢ᠎ᠳᠤ ᠣᠷᠣᠬᠤ ᠬᠡᠦᠬᠡᠳ᠎ᠤᠨ ᠬᠥᠭᠵᠢᠯᠲᠡ ᠵᠢᠨ ᠪᠠᠶ᠋ᠢᠳᠠᠯ ᠪᠣᠯᠤᠨ ᠬᠤᠪᠢ ᠪᠡᠶ᠎ᠡ ᠵᠢᠨ ᠵᠥᠷᠢᠶ᠎ᠡ ᠵᠢ ᠠᠩᠬᠠᠷᠴᠤ᠂ ᠨᠢᠭᠡᠳᠦᠭᠡᠷ ᠣᠨ᠎ᠤ ᠬᠢᠴᠢᠶᠡᠯ ᠵᠢᠭ᠋ᠠᠬᠤ ᠠᠷᠭ᠎ᠠ ᠮᠠᠶᠢᠭ ᠵᠶ᠋ᠠᠨ ᠲᠣᠬᠢᠷᠠᠭᠤᠯᠵᠤ᠂ ᠲᠣᠭᠯᠠᠭ᠋ᠠᠮᠴᠢᠯᠠᠬᠤ᠂ ᠠᠮᠢᠳᠤᠷᠠᠯᠵᠢᠭᠤᠯᠬᠤ ᠵᠡᠷᠭᠡ ᠠᠷᠭ᠎ᠠ ᠮᠠᠶᠢᠭ᠎ᠢ ᠠᠪᠴᠤ ᠰᠤᠷᠭ᠋ᠠᠭᠤᠯᠢ᠎ᠳᠤ ᠣᠷᠣᠬᠤ᠎ᠳᠤ ᠲᠣᠬᠢᠷᠠᠬᠤ ᠰᠤᠷᠭ᠋ᠠᠨ ᠬᠥᠮᠦᠵᠢᠯ᠎ᠤᠨ ᠠᠷᠭ᠎ᠠ ᠪᠠᠷᠢᠯ᠎ᠢ ᠬᠡᠷᠡᠭᠵᠢᠭᠦᠯᠬᠦ ᠬᠡᠷᠡᠭᠲᠡᠶ᠃ ᠡᠭᠦᠨ᠎ᠤ ᠬᠠᠮᠲᠤ᠂ ᠬᠡᠷ ᠪᠥᠯᠢ᠂ ᠬᠡᠦᠬᠡᠳ᠎ᠤᠨ ᠴᠡᠴᠡᠷᠯᠢᠭ ᠪᠠ ᠰᠤᠷᠭ᠋ᠠᠭᠤᠯᠢ ᠵᠢᠨ ᠨᠡᠪᠲᠡᠷᠡᠯᠴᠡᠭᠡ ᠪᠠ ᠬᠠᠮᠵᠢᠯᠴᠠᠭ᠎ᠠ ᠵᠢ ᠠᠩᠬᠠᠷᠴᠤ᠂ ᠬᠡᠷ᠎ᠤᠨ ᠠᠬᠠᠮᠠᠳ᠎ᠤᠨ ᠠᠵᠢᠯ ᠵᠶ᠋ᠡᠨ ᠥᠷᠨᠢᠭᠦᠯᠦᠭᠰᠡᠨ ᠪᠦᠲᠦᠮᠵᠢᠲᠡᠶ ᠠᠷᠭ᠎ᠠ ᠪᠣᠳᠣᠯᠭ᠎ᠠ ᠵᠢᠴᠢ ᠦᠷ᠎ᠡ ᠪᠦᠲᠦᠮᠵᠢ ᠵᠢ ᠳ᠋ᠦᠩᠨᠡᠬᠦ ᠬᠡᠷᠡᠭᠲᠡᠶ᠃
     (ᠭᠤᠷᠪᠠ) ᠤᠬᠠᠭᠤᠯᠭ᠎ᠠ ᠵᠢ ᠦᠷᠭᠦᠯᠵᠢᠯᠡᠨ ᠭᠦᠨᠵᠡᠭᠡᠶ ᠥᠷᠨᠢᠭᠦᠯᠦᠨ᠎ᠡ᠃ ᠡᠯ᠎ᠡ ᠠᠶ᠋ᠢᠮᠠᠭ ᠬᠣᠲᠠ ᠵᠢᠨ᠎ᠬᠢᠨ ᠰᠤᠷᠭ᠋ᠠᠨ ᠬᠥᠮᠦᠵᠢᠯ᠎ᠤᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠂ ᠵᠢᠭ᠋ᠠᠬᠤ ᠵᠢ ᠰᠤᠳᠤᠯᠬᠤ ᠰᠠᠯᠠᠭ᠎ᠠ ᠮᠥᠴᠢᠷ ᠵᠡᠷᠭᠡ ᠣᠯᠠᠨ ᠲᠠᠯ᠎ᠠ ᠵᠢᠨ ᠬᠦᠴᠦᠨ᠎ᠢ ᠨᠢᠭᠡᠳᠦᠯᠲᠡᠶ ᠲᠥᠯᠦᠪᠯᠡᠵᠦ᠂ ᠲᠤᠰᠬᠠᠶ ᠮᠡᠷᠭᠡᠵᠢᠯᠲᠡᠨ᠂   ᠬᠡᠦᠬᠡᠳ᠎ᠤᠨ ᠴᠡᠴᠡᠷᠯᠢᠭ᠎ᠤᠨ ᠳᠠᠷᠤᠭ᠎ᠠ᠂ ᠪᠠᠭᠰᠢ᠂ ᠭᠡᠷ᠎ᠤᠨ ᠠᠬᠠᠮᠠᠳ ᠵᠡᠷᠭᠡ ᠡᠯ᠎ᠡ ᠲᠥᠷᠥᠯ᠎ᠤᠨ ᠬᠠᠮᠲᠤᠯᠢᠭ᠎ᠢ ᠳᠠᠶ᠋ᠢᠴᠢᠯᠠᠵᠤ᠂ ᠣᠯᠠᠨ ᠲᠥᠷᠦᠯ᠎ᠤᠨ ᠵᠠᠭᠤᠴᠢᠯᠠᠭᠤᠷ᠎ᠢ ᠥᠷᠭᠡᠨ ᠵᠶ᠋ᠠᠷ ᠠᠰᠢᠭᠯᠠᠵᠤ᠂ ᠲᠣᠮᠣ ᠬᠡᠯᠪᠡᠷᠢ ᠵᠢᠨ ᠨᠡᠶ᠋ᠢᠲᠡ ᠵᠢᠨ ᠠᠰᠠᠷᠠᠮᠵᠢ ᠵᠢᠨ ᠲᠠᠶ᠋ᠢᠯᠤᠮᠵᠢ ᠬᠢᠬᠦ᠂ ᠲᠤᠰᠬᠠᠶ ᠮᠡᠷᠭᠡᠵᠢᠯᠲᠡᠨ᠎ᠢ ᠰᠤᠷᠪᠤᠯᠵᠢᠯᠠᠨ ᠶᠠᠷᠢᠯᠴᠠᠬᠤ᠂ ᠲᠤᠬᠠᠶ ᠵᠢᠨ ᠭᠠᠵᠠᠷ᠎ᠲᠤ᠎ᠨᠢ ᠵᠦᠪᠯᠡᠯᠭᠡ ᠥᠭᠬᠦ ᠵᠡᠷᠭᠡ ᠭᠣᠣᠯ ᠰᠡᠳᠦᠪᠲᠦ ᠤᠬᠠᠭᠤᠯᠭ᠎ᠠ ᠵᠢᠨ ᠠᠵᠢᠯᠯᠠᠭ᠎ᠠ ᠵᠢ ᠵᠣᠬᠢᠶᠠᠨ ᠪᠠᠶ᠋ᠢᠭᠤᠯᠤᠨ ᠥᠷᠨᠢᠭᠦᠯᠬᠦ ᠬᠡᠷᠡᠭᠲᠡᠶ᠃ ᠬᠡᠦᠬᠡᠳ᠎ᠤᠨ ᠴᠡᠴᠡᠷᠯᠢᠭ ᠪᠣᠯᠤᠨ ᠰᠤᠷᠭ᠋ᠠᠭᠤᠯᠢ ᠵᠢᠨ ᠤᠬᠠᠭᠤᠯᠭ᠎ᠠ ᠵᠢᠨ ᠭᠤᠤᠯ ᠵᠢᠭᠰᠠᠭ᠋ᠠᠯ᠎ᠤᠨ ᠭᠠᠵᠠᠷ᠎ᠤᠨ ᠦᠢ᠍ᠯᠡᠳᠦᠯ᠎ᠢ ᠭᠦᠢ᠍ᠴᠡᠳ ᠪᠠᠳᠠᠷᠠᠭᠤᠯᠵᠤ᠂ ᠨᠡᠭᠡᠭᠡᠯᠲᠡᠲᠦ ᠡᠳᠦᠷ᠂ ᠭᠡᠷ᠎ᠤᠨ ᠠᠬᠠᠮᠠᠳ᠎ᠤᠨ ᠲᠠᠶ᠋ᠢᠯᠤᠮᠵᠢ ᠵᠡᠷᠭᠡ ᠣᠯᠠᠨ ᠵᠦᠢ᠍ᠯ᠎ᠤᠨ ᠠᠵᠢᠯᠯᠠᠭ᠎ᠠ᠎ᠪᠠᠷ ᠳᠠᠮᠵᠢᠭᠤᠯᠤᠨ᠂ ᠪᠦᠬᠦ ᠨᠡᠶ᠋ᠢᠭᠡᠮ ᠵᠶ᠋ᠠᠷ ᠵᠶ᠋ᠠᠨ ᠣᠶ᠋ᠢᠯᠠᠭ᠋ᠠᠵᠤ ᠳᠡᠮᠵᠢᠭᠰᠡᠨ ᠬᠡᠦᠬᠡᠳ᠎ᠤᠨ ᠴᠡᠴᠡᠷᠯᠢᠭ ᠪᠠ ᠪᠠᠭ᠎ᠠ ᠰᠤᠷᠭ᠋ᠠᠭᠤᠯᠢ ᠵᠢ ᠵᠣᠯᠭ᠋ᠠᠭᠤᠯᠬᠤ ᠠᠵᠢᠯ᠎ᠤᠨ ᠠᠭᠤᠷ ᠠᠮᠢᠰᠬᠤᠯ᠎ᠢ ᠪᠣᠶ ᠪᠣᠯᠭ᠋ᠠᠬᠤ ᠬᠡᠷᠡᠭᠲᠡᠶ᠃ ᠡᠭᠦᠨ᠎ᠤ ᠬᠠᠮᠲᠤ᠂ ᠤᠬᠠᠭᠤᠯᠬᠤ ᠴᠢᠭᠯᠡᠯ᠎ᠢ ᠴᠢᠩᠭ᠎ᠠ ᠠᠳᠬᠤᠵᠤ᠂ ᠬᠡᠦᠬᠡᠳ᠎ᠤᠨ ᠴᠡᠴᠡᠷᠯᠢᠭ ᠪᠠ ᠪᠠᠭ᠎ᠠ ᠰᠤᠷᠭ᠋ᠠᠭᠤᠯᠢ ᠵᠢ ᠵᠣᠯᠭ᠋ᠠᠭᠤᠯᠬᠤ ᠨᠡᠷ᠎ᠡ᠎ᠪᠠᠷ 《ᠪᠠᠭ᠎ᠠ ᠰᠤᠷᠭ᠋ᠠᠭᠤᠯᠢᠴᠢᠯᠠᠬᠤ》 ᠰᠢᠨ᠎ᠡ ᠦᠢ᠍ᠯᠡ ᠠᠵᠢᠯᠯᠠᠭ᠎ᠠ ᠭᠠᠷᠬᠤ ᠵᠢ ᠰᠡᠷᠭᠡᠶ᠋ᠢᠯᠡᠵᠦ᠂ ᠳᠠᠭ᠋ᠠᠯᠳᠤᠭᠤᠯᠤᠨ ᠬᠤᠳᠠᠯᠳᠤᠭ᠋ᠠᠴᠢᠯᠠᠭᠰᠠᠨ ᠤᠬᠠᠭᠤᠯᠭ᠎ᠠ ᠬᠢᠬᠦ ᠵᠢ ᠴᠢᠩᠭ᠎ᠠ ᠰᠡᠷᠭᠡᠶ᠋ᠢᠯᠡᠬᠦ ᠬᠡᠷᠡᠭᠲᠡᠶ᠃
     (ᠳᠥᠷᠪᠡ) ᠰᠤᠷᠭ᠋ᠠᠭᠤᠯᠢ ᠵᠢᠨ ᠨᠠᠰᠤᠨ᠎ᠠᠴᠠ ᠡᠮᠦᠨᠡᠬᠢ ᠰᠤᠷᠭ᠋ᠠᠨ ᠬᠥᠮᠦᠵᠢᠯ᠎ᠤᠨ ᠬᠡᠷᠡᠭ᠎ᠤᠨ ᠵᠢᠱ᠌ᠢᠶ᠎ᠡ ᠵᠢ ᠴᠤᠭᠯᠠᠭᠤᠯᠬᠤ ᠵᠢᠨ ᠬᠠᠮᠲᠤ ᠳᠠᠷᠤᠢ᠎ᠳᠤ᠎ᠨᠢ ᠮᠡᠳᠡᠭᠦᠯᠦᠨ ᠬᠦᠷᠭᠡᠬᠦ ᠬᠡᠷᠡᠭᠲᠡᠶ᠃ ᠤᠬᠠᠭᠤᠯᠭ᠎ᠠ ᠵᠢᠨ ᠰᠠᠷ᠎ᠠ ᠵᠢᠨ ᠬᠤᠭᠤᠴᠠᠭ᠋ᠠᠨ᠎ᠳᠤ ᠰᠤᠷᠭ᠋ᠠᠨ ᠬᠥᠮᠦᠵᠢᠯ᠎ᠤᠨ ᠶᠠᠮᠤᠨ ᠡᠯ᠎ᠡ ᠭᠠᠵᠠᠷ᠎ᠤᠨ ᠬᠡᠦᠬᠡᠳ᠎ᠤᠨ ᠴᠡᠴᠡᠷᠯᠢᠭ ᠪᠣᠯᠤᠨ ᠪᠠᠭ᠎ᠠ ᠰᠤᠷᠭ᠋ᠠᠭᠤᠯᠢ ᠵᠢ ᠰᠠᠢ᠌ᠲᠤᠷ ᠵᠣᠯᠭ᠋ᠠᠭᠤᠯᠤᠭᠰᠠᠨ ᠰᠠᠶ᠋ᠢᠨ ᠲᠤᠷᠰᠢᠯᠭ᠎ᠠ ᠰᠠᠶ᠋ᠢᠨ ᠠᠷᠭ᠎ᠠ ᠪᠠᠷᠢᠯ᠎ᠲᠠᠢ ᠨᠡᠶ᠋ᠢᠲᠡᠯᠢᠭ ᠬᠡᠷᠡᠭ᠎ᠤᠨ ᠵᠢᠱ᠌ᠢᠶ᠎ᠡ ᠵᠢ ᠲᠥᠪᠯᠡᠷᠡᠭᠦᠯᠦᠨ ᠤᠬᠠᠭᠤᠯᠬᠤ ᠪᠣᠯᠤᠨ᠎ᠠ᠃ ᠡᠯ᠎ᠡ ᠠᠶ᠋ᠢᠮᠠᠭ ᠬᠣᠲᠠ ᠵᠢᠨ᠎ᠬᠢᠨ ᠲᠣᠬᠢᠶᠠᠯ᠎ᠢ ᠵᠠᠪᠳᠤᠨ᠂ ᠠᠵᠢᠯ᠎ᠤᠨ ᠠᠬᠢᠴᠠ ᠪᠣᠯᠤᠨ ᠲᠤᠷᠰᠢᠯᠭ᠎ᠠ᠎ᠪᠠᠨ ᠨᠠᠷᠢᠨ ᠬᠢᠨᠠᠮᠠᠭ᠋ᠠᠶ ᠡᠮᠬᠢᠯᠡᠨ ᠳ᠋ᠦᠩᠨᠡᠭᠰᠡᠨ ᠰᠠᠭᠤᠷᠢᠨ ᠳᠡᠭᠡᠷ᠎ᠡ ᠬᠡᠦᠬᠡᠳ᠎ᠤᠨ ᠴᠡᠴᠡᠷᠯᠢᠭ ᠪᠣᠯᠤᠨ ᠪᠠᠭ᠎ᠠ ᠰᠤᠷᠭ᠋ᠠᠭᠤᠯᠢ᠎ᠳᠤ ᠬᠠᠨᠳᠤᠭᠤᠯᠤᠨ ᠨᠢᠭᠡ ᠪᠦᠯᠦᠭ ᠴᠢᠭᠯᠡᠯ ᠪᠣᠯᠤᠨ ᠣᠨᠣᠯᠵᠢᠬᠤᠨ ᠵᠥᠪ ᠣᠨᠣᠪᠴᠢᠲᠠᠢ᠂ ᠬᠡᠦᠬᠡᠳ᠎ᠤᠨ ᠴᠡᠴᠡᠷᠯᠢᠭ ᠪᠣᠯᠤᠨ ᠪᠠᠭ᠎ᠠ ᠰᠤᠷᠭ᠋ᠠᠭᠤᠯᠢ ᠵᠢᠨ ᠥᠷᠨᠢᠭᠦᠯᠦᠭᠰᠡᠨ ᠬᠡᠦᠬᠡᠳ᠎ᠤᠨ ᠴᠡᠴᠡᠷᠯᠢᠭ ᠪᠣᠯᠤᠨ ᠪᠠᠭ᠎ᠠ ᠰᠤᠷᠭ᠋ᠠᠭᠤᠯᠢ ᠵᠢ ᠵᠣᠯᠭ᠋ᠠᠭᠤᠯᠬᠤ ᠰᠠᠵᠢᠯ᠎ᠤᠨ ᠪᠣᠳᠠᠲᠠᠢ ᠬᠡᠷᠡᠭ᠎ᠤᠨ ᠵᠢᠱ᠌ᠢᠶ᠎ᠡ ᠵᠢ ᠰᠢᠯᠢᠨ ᠰᠣᠩᠭᠤᠵᠤ ᠡᠯᠰᠡᠬᠦ ᠬᠡᠷᠡᠭᠲᠡᠶ᠃


ᠢᠷᠡᠯᠲᠡ᠄ ᠥᠪᠥᠷ ᠮᠣᠩᠭᠤᠯ᠎ᠤᠨ ᠦᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠦᠮᠦᠵᠢᠯ᠎ᠤᠨ ᠲᠢᠩᠬᠢᠮ
          
ᠬᠠᠮᠢᠶ᠎ᠡ ᠪᠦᠬᠦᠢ ᠰᠣᠨᠢᠨ
ᠥᠨᠥᠳᠦᠷ᠎ᠠᠴᠠ ᠡᠬᠢᠯᠡᠨ ᠰᠢᠯᠭ᠋ᠠᠭᠤᠯᠬᠤ ᠲᠡᠮᠳᠡᠭ᠎ᠢ ᠳᠠᠷᠤᠮᠠᠯᠯᠠᠵᠤ ᠪᠣᠯᠤᠨ᠎ᠠ! ᠡᠩ᠎ᠤᠨ ᠳᠡᠭᠡᠳᠦ ᠰᠤᠷᠭ᠋ᠠᠭᠤᠯᠢ᠎ᠳᠤ ᠰᠤᠷᠤᠭᠴᠢ ᠡᠯᠰᠡᠬᠦ ᠪᠥᠬᠦ ᠤᠯᠤᠰ᠎ᠤᠨ ᠨᠢᠭᠡᠳᠦᠯᠲᠡᠢ ᠰᠢᠯᠭ᠋ᠠᠯᠲᠠ᠎ᠳᠤ ᠣᠷᠣᠯᠴᠠᠭᠰᠠᠳ ᠠᠩᠬᠠᠷᠤᠭ᠋ᠠᠷᠠᠶ ᠁
@ ᠪᠥᠬᠥ ᠰᠢᠯᠭ᠋ᠠᠭᠤᠯᠤᠭᠴᠢ ᠵᠢᠨ ᠬᠡᠷ᠎ᠤᠨ ᠠᠬᠠᠮᠠᠳ᠂ 2022 ᠣᠨ᠎ᠤ ᠡᠩ᠎ᠤᠨ ᠳᠡᠭᠡᠳᠦ ᠰᠤᠷᠭ᠋ᠠᠭᠤᠯᠢ᠎ᠳᠤ ᠰᠣᠷᠣᠭᠴᠢ ᠡᠯᠰᠡᠬᠦ ᠪᠥᠬᠦ ᠤᠯᠤᠰ᠎ᠤᠨ ᠨᠢᠭᠡᠳᠦᠯᠲᠡᠢ ᠰᠢᠯᠭ᠋ᠠᠯᠲᠠ ᠳᠠᠭᠤᠰᠪᠠ᠂ ᠡᠲᠡᠭᠡᠷ ᠮᠡᠬᠡᠯᠡᠯ᠎ᠢ ᠰᠡᠷᠡᠮᠵᠢᠯᠡᠬᠦ ᠴᠢᠬᠤᠯᠠᠲᠠᠶ ᠪᠠᠶ᠋ᠢᠨ᠎ᠠ!
ᠰᠤᠷᠭ᠋ᠠᠨ ᠬᠥᠮᠦᠵᠢᠯ᠎ᠤᠨ ᠶᠠᠮᠤᠨ᠎ᠠᠴᠠ ᠣᠳᠣᠬᠠᠨ᠎ᠤ ᠰᠤᠷᠭ᠋ᠠᠨ ᠬᠥᠮᠦᠵᠢᠯ᠎ᠤᠨ ᠰᠢᠰᠲ᠋ᠧᠮ᠎ᠤᠨ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠪᠠ ᠰᠤᠷᠭ᠋ᠠᠨ ᠬᠥᠮᠦᠵᠢᠯ ᠵᠢᠭ᠋ᠠᠨ ᠰᠤᠷᠭ᠋ᠠᠯᠲᠠ ᠵᠢᠨ ᠠᠵᠢᠯ᠎ᠢ ᠨᠢᠭᠡᠳᠦᠯᠲᠡᠶ ᠲᠥᠯᠥᠪᠵᠢᠭᠦᠯᠦᠨ ᠰᠠᠶ᠋ᠢᠲᠤᠷ ᠬᠢᠬᠦ ᠲᠤᠬᠠᠢ 4 ᠱᠠᠭ᠋ᠠᠷᠳᠠᠯᠭ᠎ᠠ ᠳᠤᠷᠠᠳᠪᠠ
2022 ᠣᠨ᠎ᠤ ᠥᠪᠥᠷ ᠮᠣᠩᠭᠣᠯ᠎ᠤᠨ ᠡᠩ᠎ᠤᠨ ᠳᠡᠭᠡᠳᠦ ᠰᠤᠷᠭ᠋ᠠᠭᠤᠯᠢ᠎ᠳᠤ ᠰᠣᠷᠣᠭᠴᠢ ᠡᠯᠰᠡᠬᠦ ᠰᠦᠯᠵᠢᠶᠡᠨ᠎ᠳᠤ ᠬᠦᠰᠦᠨᠦᠭᠲᠦ ᠲᠠᠭᠯᠠᠨ ᠡᠷᠡᠮᠡᠯᠵᠡᠯ ᠮᠡᠳᠡᠭᠦᠯᠬᠦ ᠳᠠᠭᠤᠷᠢᠶᠠᠮᠠᠯ ᠰᠣᠷᠢᠯᠲᠠ 6 ᠰᠠᠷ᠎ᠠ ᠵᠢᠨ 24᠎ᠤ ᠡᠳᠦᠷ ᠶᠠᠪᠤᠭᠳᠠᠬᠤ᠎ᠪᠠᠷ ᠪᠠᠢ᠌ᠨ᠎ᠠ
ᠬᠣᠶᠠᠷ ᠰᠠᠯᠠᠭ᠎ᠠ ᠮᠥᠴᠢᠷ ᠪᠢᠴᠢᠭ ᠮᠠᠲ᠋ᠧᠷᠢᠶᠠᠯ ᠲᠠᠷᠬᠠᠭ᠋ᠠᠪᠠ᠄ ᠳᠤᠮᠳᠠᠳᠤ ᠪᠠᠭ᠎ᠠ ᠰᠤᠷᠭ᠋ᠠᠭᠤᠯᠢ ᠵᠢᠨ ᠰᠤᠷᠤᠭᠴᠢᠳ᠎ᠤᠨ ᠤᠰᠤᠨ ᠳᠡᠭᠡᠷᠡᠬᠢ ᠵᠠᠮ ᠬᠠᠷᠢᠯᠴᠠᠭ᠋ᠠᠨ᠎ᠤ ᠠᠮᠤᠷ ᠲᠦᠪᠰᠢᠨ᠎ᠤ ᠬᠥᠮᠦᠵᠢᠯ ᠪᠠ ᠤᠰᠤᠨ᠎ᠳᠤ ᠤᠨᠠᠬᠤ ᠵᠢ ᠰᠡᠷᠭᠡᠶ᠋ᠢᠯᠡᠬᠦ ᠠᠮᠤᠷ ᠲᠦᠪᠰᠢᠨ᠎ᠤ ᠰᠠᠨᠠᠭᠤᠯᠤᠮᠵᠢ ᠵᠢ ᠥᠷᠭᠡᠨ ᠵᠶ᠋ᠠᠷ ᠥᠷᠨᠢᠭᠦᠯᠬᠦ ᠬᠡᠷᠡᠭᠲᠡᠢ
 
             蒙ICP备05000248号