ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 2022 ᠣᠨ᠎ᠤ ᠡᠩ᠎ᠤᠨ ᠳᠡᠭᠡᠳᠦ ᠰᠤᠷᠭ᠋ᠠᠭᠤᠯᠢ᠎ᠳᠤ ᠰᠣᠷᠣᠭᠴᠢ ᠡᠯᠰᠡᠬᠦ ᠪᠥᠬᠥ ᠤᠯᠤᠰ᠎ᠤᠨ ᠨᠢᠭᠡᠳᠦᠯᠲᠡᠶ ᠰᠢᠯᠭ᠋ᠠᠯᠲᠠ 6 ᠰᠠᠷ᠎ᠠ ᠵᠢᠨ 7᠎ᠤ ᠡᠳᠦᠷ᠎ᠠᠴᠠ 9᠎ᠤ ᠡᠳᠦᠷ ᠪᠣᠯᠲᠠᠯ᠎ᠠ ᠶᠠᠪᠤᠭᠳᠠᠨ᠎ᠠ᠂ ᠥᠷᠭᠡᠨ ᠣᠯᠠᠨ ᠰᠢᠯᠭ᠋ᠠᠭᠤᠯᠤᠭᠴᠢ ᠪᠠ ᠰᠢᠯᠭ᠋ᠠᠯᠲᠠ ᠵᠢᠨ ᠠᠵᠢᠯᠲᠠᠨ᠎ᠤ ᠠᠮᠢ ᠨᠠᠰᠤᠨ᠎ᠤ ᠠᠮᠤᠷ ᠲᠦᠪᠰᠢᠨ ᠪᠠ ᠪᠡᠶ᠎ᠡ ᠮᠠᠬᠠᠪᠣᠳ᠎ᠤᠨ ᠡᠷᠡᠭᠦᠯ ᠮᠡᠨᠳᠦ ᠵᠢ ᠦᠨᠡᠨ ᠬᠦ᠌ ᠪᠠᠲᠤᠯᠠᠬᠤ ᠵᠢᠨ ᠲᠥᠯᠥᠭᠡ᠂ ᠮᠠᠨ᠎ᠤ ᠣᠷᠣᠨ᠎ᠤ ᠣᠳᠣᠬᠠᠨ᠎ᠤ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠱᠠᠭ᠋ᠠᠷᠳᠠᠯᠭ᠎ᠠ᠎ᠲᠠᠢ ᠤᠶᠠᠯᠳᠤᠭᠤᠯᠵᠤ᠂ ᠡᠳᠦᠭᠡ ᠮᠠᠨ᠎ᠤ ᠣᠷᠣᠨ᠎ᠤ 2022 ᠣᠨ᠎ᠤ ᠡᠩ᠎ᠤᠨ ᠳᠡᠭᠡᠳᠦ ᠰᠤᠷᠭ᠋ᠠᠭᠤᠯᠢ᠎ᠳᠤ ᠰᠣᠷᠣᠭᠴᠢ ᠡᠯᠰᠡᠬᠦ ᠪᠥᠬᠦ ᠤᠯᠤᠰ᠎ᠤᠨ ᠨᠢᠭᠡᠳᠦᠯᠲᠡᠢ ᠰᠢᠯᠭ᠋ᠠᠯᠲᠠ ᠵᠢᠨ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠲᠤᠬᠠᠶ ᠡᠷᠬᠡᠪᠰᠢ ᠮᠡᠳᠡᠬᠦ ᠵᠦᠢ᠍ᠯ᠎ᠢ ᠵᠠᠷᠯᠠᠨ ᠮᠡᠳᠡᠭᠳᠡᠶ᠎ᠡ᠄
ᠨᠢᠭᠡ᠂ ᠰᠢᠯᠭ᠋ᠠᠯᠲᠠ᠎ᠠᠴᠠ ᠡᠮᠦᠨᠡᠬᠢ ᠪᠡᠯᠡᠳᠬᠡᠯ
1 . ᠰᠢᠯᠭ᠋ᠠᠭᠤᠯᠤᠭᠰᠠᠳ 5 ᠰᠠᠷ᠎ᠠ ᠵᠢᠨ 23᠎ᠤ ᠡᠳᠦᠷ᠎ᠠᠴᠠ ᠡᠬᠢᠯᠡᠨ᠂ ᠡᠩ᠎ᠤᠨ ᠳᠡᠭᠡᠳᠦ ᠰᠤᠷᠭ᠋ᠠᠭᠤᠯᠢ᠎ᠳᠤ ᠰᠣᠷᠣᠭᠴᠢ ᠡᠯᠰᠡᠬᠦ ᠪᠥᠬᠥ ᠤᠯᠤᠰ᠎ᠤᠨ ᠨᠢᠭᠡᠳᠦᠯᠲᠡᠶ ᠰᠢᠯᠭ᠋ᠠᠯᠲᠠ ᠵᠢᠨ ᠨᠡᠷ᠎ᠡ ᠮᠡᠳᠡᠭᠦᠯᠬᠦ ᠰᠢᠰᠲ᠋ᠧᠮ᠎ᠳᠤ ᠣᠷᠣᠵᠤ᠂ 《ᠰᠢᠯᠭ᠋ᠠᠭᠤᠯᠬᠤ ᠲᠡᠮᠳᠡᠭ》᠂ 《ᠡᠷᠡᠭᠦᠯ ᠮᠡᠨᠳᠦ ᠵᠢᠨ ᠪᠠᠶ᠋ᠢᠳᠠᠯ᠎ᠤᠨ ᠠᠮᠠᠯᠠᠯᠲᠠ ᠵᠢᠨ ᠪᠢᠴᠢᠭ》᠂ 《ᠤᠯᠤᠰ᠎ᠤᠨ ᠰᠤᠷᠭ᠋ᠠᠨ ᠬᠥᠮᠦᠵᠢᠯ᠎ᠤᠨ ᠰᠢᠯᠭ᠋ᠠᠯᠲᠠ ᠵᠢᠨ ᠲᠣᠭᠲᠠᠭ᠋ᠠᠯ᠎ᠠᠴᠠ ᠵᠦᠷᠢᠴᠡᠭᠰᠡᠳ᠎ᠢ ᠰᠢᠢ᠍ᠳᠪᠦᠷᠢᠯᠡᠬᠦ ᠠᠷᠭ᠎ᠠ (ᠲᠣᠪᠴᠢᠯᠠᠯ)》 ᠵᠢ ᠪᠠᠭᠤᠯᠭ᠋ᠠᠨ ᠳᠠᠷᠤᠮᠠᠯᠯᠠᠨ᠎ᠠ᠃ ᠰᠢᠯᠭ᠋ᠠᠭᠤᠯᠤᠭᠰᠠᠳ 《ᠰᠢᠯᠭ᠋ᠠᠭᠤᠯᠬᠤ ᠲᠡᠮᠳᠡᠭ》 ᠳᠡᠭᠡᠷᠡᠬᠢ ᠰᠢᠯᠭ᠋ᠠᠭᠤᠯᠤᠭᠴᠢ ᠵᠢᠨ ᠰᠢᠯᠭ᠋ᠠᠯᠲᠠ ᠵᠢᠨ ᠲᠦᠷᠢᠮ᠎ᠢ ᠨᠠᠷᠢᠨ ᠬᠢᠨᠠᠮᠠᠭ᠋ᠠᠶ ᠤᠩᠰᠢᠬᠤ ᠵᠢᠨ ᠬᠠᠮᠲᠤ ᠬᠣᠯᠪᠤᠭᠳᠠᠬᠤ ᠱᠠᠭ᠋ᠠᠷᠳᠠᠯᠭ᠎ᠠ ᠶᠣᠰᠤ᠎ᠪᠠᠷ ᠰᠢᠯᠭ᠋ᠠᠯᠲᠠ᠎ᠳᠤ ᠣᠷᠣᠯᠴᠠᠬᠤ ᠪᠡᠯᠡᠳᠬᠡᠯ᠎ᠢ ᠰᠠᠶ᠋ᠢᠲᠤᠷ ᠬᠢᠬᠦ ᠬᠡᠷᠡᠭᠲᠡᠶ᠃ ᠰᠢᠯᠭ᠋ᠠᠭᠤᠯᠤᠭᠴᠢ ᠰᠢᠯᠭ᠋ᠠᠯᠲᠠ᠎ᠠᠴᠠ ᠡᠮᠦᠨᠡᠬᠢ 14 ᠡᠳᠦᠷ (5 ᠰᠠᠷ᠎ᠠ ᠵᠢᠨ 24᠎ᠤ ᠡᠳᠦᠷ)᠎ᠠᠴᠠ ᠡᠬᠢᠯᠡᠨ᠂ ᠡᠳᠦᠷ ᠪᠦᠷᠢ ᠪᠡᠶ᠎ᠡ ᠵᠢᠨ ᠬᠠᠯᠠᠭᠤᠨ ᠵᠶ᠋ᠠᠨ ᠬᠡᠮᠵᠢᠬᠦ ᠵᠢᠨ ᠬᠠᠮᠲᠤ 《ᠡᠷᠡᠭᠦᠯ ᠮᠡᠨᠳᠦ ᠵᠢᠨ ᠪᠠᠶ᠋ᠢᠳᠠᠯ᠎ᠤᠨ ᠠᠮᠠᠯᠠᠯᠲᠠ ᠵᠢᠨ ᠪᠢᠴᠢᠭ》᠎ᠲᠤ ᠦᠨᠡᠨ ᠵᠶ᠋ᠠᠷ ᠲᠠᠭᠯᠠᠵᠤ᠂ ᠠᠩᠬᠠᠨ᠎ᠤ ᠲᠠᠯᠠᠪᠠᠢ ᠰᠢᠯᠭ᠋ᠠᠯᠲᠠ᠎ᠳᠤ ᠣᠷᠣᠯᠴᠠᠬᠤ ᠦᠶ᠎ᠡ᠎ᠳᠤ ᠰᠢᠯᠭ᠋ᠠᠯᠲᠠ ᠵᠢᠨ ᠴᠡᠭ᠎ᠤᠨ ᠠᠵᠢᠯᠲᠠᠨ᠎ᠳᠤ ᠲᠤᠰᠢᠶᠠᠬᠤ ᠬᠡᠷᠡᠭᠲᠡᠶ᠃
2 . ᠰᠢᠯᠭ᠋ᠠᠭᠤᠯᠤᠭᠰᠠᠳ᠎ᠤᠨ ᠡᠩ᠎ᠤᠨ ᠳᠡᠭᠡᠳᠦ ᠰᠤᠷᠭ᠋ᠠᠭᠤᠯᠢ᠎ᠳᠤ ᠰᠣᠷᠣᠭᠴᠢ ᠡᠯᠰᠡᠬᠦ ᠪᠥᠬᠥ ᠤᠯᠤᠰ᠎ᠤᠨ ᠨᠢᠭᠡᠳᠦᠯᠲᠡᠶ ᠰᠢᠯᠭ᠋ᠠᠯᠲᠠ᠎ᠳᠤ ᠠᠮᠤᠷ ᠲᠦᠪᠰᠢᠨ ᠤᠷᠤᠭᠰᠢᠲᠠᠶ ᠣᠷᠣᠯᠴᠠᠬᠤ ᠵᠢ ᠪᠠᠲᠤᠯᠠᠬᠤ ᠵᠢᠨ ᠲᠥᠯᠥᠭᠡ᠂ ᠣᠳᠣᠬᠠᠨ᠎ᠳᠤ ᠮᠠᠨ᠎ᠤ ᠣᠷᠣᠨ᠎ᠠᠴᠠ ᠭᠠᠳᠠᠨᠠᠬᠢ ᠪᠤᠰᠤᠳ ᠮᠤᠵᠢ (ᠣᠷᠣᠨ᠂ ᠬᠣᠲᠠ)᠎ᠳᠤ ᠪᠠᠶ᠋ᠢᠭ᠎ᠠ ᠰᠢᠯᠭ᠋ᠠᠭᠤᠯᠤᠭᠴᠢ ᠬᠢᠵᠢᠭ᠎ᠢ ᠰᠡᠷᠭᠡᠶ᠋ᠢᠯᠡᠬᠦ ᠱᠠᠭ᠋ᠠᠷᠳᠠᠯᠭ᠎ᠠ ᠵᠢ ᠴᠢᠩᠭ᠎ᠠ ᠵᠢᠷᠤᠮᠯᠠᠭᠰᠠᠨ ᠤᠷᠢᠲᠠᠯ ᠳᠤᠤᠷ᠎ᠠ ᠡᠷᠬᠡᠪᠰᠢ 5 ᠰᠠᠷ᠎ᠠ ᠵᠢᠨ 24᠎ᠤ ᠡᠳᠦᠷ᠎ᠠᠴᠠ ᠡᠮᠦᠨ᠎ᠡ (ᠡᠩ᠎ᠤᠨ ᠳᠡᠭᠡᠳᠦ ᠰᠤᠷᠭ᠋ᠠᠭᠤᠯᠢ᠎ᠳᠤ ᠰᠣᠷᠣᠭᠴᠢ ᠡᠯᠰᠡᠬᠦ ᠪᠥᠬᠥ ᠤᠯᠤᠰ᠎ᠤᠨ ᠨᠢᠭᠡᠳᠦᠯᠲᠡᠶ ᠰᠢᠯᠭ᠋ᠠᠯᠲᠠ᠎ᠠᠴᠠ ᠡᠮᠦᠨ᠎ᠡ 14 ᠡᠳᠦᠷ) ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠳᠤ᠎ᠪᠠᠨ ᠪᠤᠴᠠᠵᠤ ᠢᠷᠡᠬᠦ ᠬᠡᠷᠡᠭᠲᠡᠢ᠃ ᠳᠡᠭᠡᠷᠡᠬᠢ ᠰᠢᠯᠭ᠋ᠠᠭᠤᠯᠤᠭᠴᠢ ᠡᠷᠬᠡᠪᠰᠢ ᠨᠡᠷ᠎ᠡ ᠮᠡᠳᠡᠭᠦᠯᠦᠭᠰᠡᠨ ᠭᠠᠵᠠᠷ᠎ᠤᠨ ᠵᠶ᠋ᠠᠨ ᠬᠣᠰᠢᠭᠤ ᠰᠢᠶᠠᠨ (ᠬᠣᠲᠠ᠂ ᠲᠣᠭᠣᠷᠢᠭ)᠎ᠤ ᠰᠤᠷᠭ᠋ᠠᠨ ᠬᠥᠮᠦᠵᠢᠯ᠎ᠤᠨ ᠰᠣᠷᠣᠭᠴᠢ ᠡᠯᠰᠡᠬᠦ ᠰᠢᠯᠭ᠋ᠠᠯᠲᠠ ᠵᠢᠨ ᠪᠠᠶ᠋ᠢᠭᠤᠯᠤᠮᠵᠢ᠎ᠲᠠᠢ ᠴᠠᠭ ᠲᠤᠬᠠᠶ᠎ᠳᠤᠨᠢ ᠬᠠᠷᠢᠯᠴᠠᠵᠤ᠂ ᠬᠣᠯᠪᠤᠭᠳᠠᠬᠤ ᠪᠠᠶ᠋ᠢᠳᠠᠯ᠎ᠢ ᠰᠠᠨᠠᠭ᠋ᠠᠴᠢᠯᠠᠭ᠎ᠠ᠎ᠠᠴᠠ᠎ᠪᠠᠨ ᠮᠡᠳᠡᠭᠦᠯᠦᠨ ᠳᠠᠩᠰᠠᠯᠠᠭᠤᠯᠬᠤ ᠬᠡᠷᠡᠭᠲᠡᠶ᠃ ᠰᠢᠯᠭ᠋ᠠᠭᠤᠯᠤᠭᠴᠢ ᠵᠢᠨ ᠬᠤᠪᠢ ᠬᠥᠮᠦᠨ᠎ᠤ ᠰᠢᠯᠲᠠᠭ᠋ᠠᠨ᠎ᠠᠴᠠ ᠪᠣᠯᠵᠣ᠂ ᠣᠳᠣᠬᠠᠨ᠎ᠤ ᠪᠠᠶ᠋ᠢᠳᠠᠯ ᠵᠶ᠋ᠠᠨ ᠰᠠᠨᠠᠭ᠋ᠠᠴᠢᠯᠠᠭ᠎ᠠ᠎ᠠᠴᠠ᠎ᠪᠠᠨ ᠮᠡᠳᠡᠭᠦᠯᠦᠭᠰᠡᠨ ᠥᠬᠡᠶ᠂ ᠮᠡᠳᠡᠭᠡ ᠵᠠᠩᠭᠢ᠎ᠪᠠᠨ ᠬᠤᠳᠠᠯ ᠬᠠᠭᠤᠷᠮᠠᠭ ᠵᠣᠬᠢᠶᠠᠵᠤ᠂ ᠨᠡᠷ᠎ᠡ ᠮᠡᠳᠡᠭᠦᠯᠦᠭᠰᠡᠨ ᠭᠠᠵᠠᠷ᠎ᠤᠨ ᠬᠣᠰᠢᠭᠤ ᠰᠢᠶᠠᠨ (ᠬᠣᠲᠠ᠂ ᠲᠣᠭᠣᠷᠢᠭ)᠎ᠤ ᠰᠤᠷᠭ᠋ᠠᠨ ᠬᠥᠮᠦᠵᠢᠯ᠎ᠤᠨ ᠰᠣᠷᠣᠭᠴᠢ ᠡᠯᠰᠡᠬᠦ ᠰᠢᠯᠭ᠋ᠠᠯᠲᠠ ᠵᠢᠨ ᠪᠠᠶ᠋ᠢᠭᠤᠯᠤᠮᠵᠢ ᠵᠢᠨ ᠮᠡᠳᠡᠭᠡ ᠵᠠᠩᠭᠢ ᠵᠢ ᠤᠶ᠋ᠢᠯᠠᠭ᠋ᠠᠨ ᠵᠢᠭᠰᠠᠭ᠋ᠠᠬᠤ᠎ᠳᠤ ᠬᠠᠮᠵᠢᠯᠴᠠᠬᠤ ᠵᠢ ᠲᠡᠪᠴᠢᠭᠰᠡᠨ᠎ᠠᠴᠠ ᠪᠣᠯᠵᠣ᠂ ᠡᠩ᠎ᠤᠨ ᠪᠠᠶ᠋ᠢᠳᠠᠯ ᠵᠶ᠋ᠠᠷ ᠰᠢᠯᠭ᠋ᠠᠯᠲᠠ᠎ᠳᠤ ᠣᠷᠣᠯᠴᠠᠵᠤ ᠳᠡᠶ᠋ᠢᠯᠬᠦ ᠥᠬᠡᠶ ᠪᠣᠯᠤᠭᠰᠠᠨ ᠪᠣᠯ ᠦᠷ᠎ᠡ ᠳ᠋ᠦᠩ᠎ᠢ ᠰᠢᠯᠭ᠋ᠠᠭᠤᠯᠤᠭᠴᠢ ᠥᠪᠡᠷ ᠵᠶ᠋ᠠᠨ ᠡᠭᠦᠷᠭᠡᠯᠡᠨ᠎ᠡ᠃ ᠰᠢᠯᠭ᠋ᠠᠭᠤᠯᠤᠭᠴᠢ ᠪᠤᠴᠠᠵᠤ ᠢᠷᠡᠭᠰᠡᠨ᠎ᠤ ᠳᠠᠷᠠᠭ᠎ᠠ᠂ ᠶᠠᠪᠤᠵᠤ ᠰᠠᠭᠤᠭᠰᠠᠨ ᠵᠶ᠋ᠠᠨ ᠰᠠᠨᠠᠭ᠋ᠠᠴᠢᠯᠠᠭ᠎ᠠ᠎ᠠᠴᠠ᠎ᠪᠠᠨ ᠨᠡᠷ᠎ᠡ ᠮᠡᠳᠡᠭᠦᠯᠦᠭᠰᠡᠨ ᠭᠠᠵᠠᠷ᠎ᠤᠨ ᠬᠣᠰᠢᠭᠤ ᠰᠢᠶᠠᠨ (ᠬᠣᠲᠠ᠂ ᠲᠣᠭᠣᠷᠢᠭ)᠎ᠤ ᠰᠤᠷᠭ᠋ᠠᠨ ᠬᠥᠮᠦᠵᠢᠯ᠎ᠤᠨ ᠰᠣᠷᠣᠭᠴᠢ ᠡᠯᠰᠡᠬᠦ ᠰᠢᠯᠭ᠋ᠠᠯᠲᠠ ᠵᠢᠨ ᠪᠠᠶ᠋ᠢᠭᠤᠯᠤᠮᠵᠢ᠂ ᠨᠡᠶ᠋ᠢᠭᠡᠮ ᠲᠣᠭᠣᠷᠢᠭ (ᠲᠣᠰᠬᠣᠨ)᠎ᠤᠨ ᠰᠠᠭᠤᠭ᠋ᠠᠯᠢ ᠠᠷᠠᠳ᠎ᠤᠨ ᠵᠥᠪᠯᠡᠯ᠎ᠳᠤ ᠦᠨᠡᠨ ᠵᠶ᠋ᠠᠷ ᠮᠡᠳᠡᠭᠦᠯᠦᠨ ᠳᠠᠩᠰᠠᠯᠠᠭᠤᠯᠬᠤ ᠵᠢᠨ ᠬᠠᠮᠲᠤ ᠴᠢᠬᠤᠯᠠ ᠪᠤᠰᠤ ᠴᠤᠭᠯᠠᠷᠠᠯ ᠪᠠ ᠣᠷᠣᠨ ᠪᠦᠰᠡ ᠠᠯᠤᠰᠯᠠᠨ ᠰᠢᠯᠵᠢᠬᠦ ᠵᠢ ᠪᠠᠭ᠋ᠠᠰᠬᠠᠵᠤ᠂ ᠬᠥᠮᠦᠨ ᠠᠷᠪᠢᠨ ᠴᠤᠭᠯᠠᠷᠠᠬᠤ ᠪᠠᠢ᠌ᠷᠢ ᠲᠠᠯᠠᠪᠤᠷ᠎ᠲᠤ ᠣᠴᠢᠬᠤ ᠥᠬᠡᠶ᠂ ᠳᠤᠮᠳᠠ ᠥᠨᠳᠥᠷ ᠲᠠᠰ᠎ᠤᠨ ᠲᠦᠭᠰᠢᠭᠦᠷᠢᠲᠦ ᠭᠠᠵᠠᠷ ᠣᠷᠣᠨ᠎ᠳᠤ ᠣᠴᠢᠬᠤ ᠥᠬᠡᠶ᠃
3 . 5 ᠰᠠᠷ᠎ᠠ ᠵᠢᠨ 24᠎ᠤ ᠡᠳᠦᠷ᠎ᠠᠴᠠ ᠡᠬᠢᠯᠡᠨ ᠰᠢᠯᠭ᠋ᠠᠯᠲᠠ ᠳᠠᠭᠤᠰᠬᠤ ᠪᠣᠯᠲᠠᠯ᠎ᠠ ᠪᠥᠬᠦ ᠰᠢᠯᠭ᠋ᠠᠭᠤᠯᠤᠭᠴᠢ ᠦᠷᠭᠦᠯᠵᠢᠯᠡᠨ ᠡᠷᠡᠭᠦᠯ ᠮᠡᠨᠳᠦ ᠵᠢᠨ ᠬᠢᠨᠠᠨ ᠪᠠᠢ᠌ᠴᠠᠯᠭ᠋ᠠᠲᠠ ᠬᠢᠬᠦ ᠪᠥᠭᠡᠳ ᠬᠠᠮᠲᠤ ᠠᠮᠢᠳᠤᠷᠠᠭᠰᠠᠳ᠎ᠨᠢ ᠬᠤᠪᠢ ᠬᠥᠮᠦᠨ᠎ᠤ ᠬᠠᠮᠠᠭ᠋ᠠᠯᠠᠯᠲᠠ᠎ᠪᠠᠨ ᠰᠠᠶ᠋ᠢᠲᠤᠷ ᠬᠢᠵᠦ᠂ ᠴᠢᠬᠤᠯᠠ ᠦᠭᠡᠢ ᠪᠣᠯ ᠭᠠᠳᠠᠭᠰᠢ ᠭᠠᠷᠬᠤ ᠥᠬᠡᠶ᠂ ᠴᠤᠭᠯᠠᠷᠠᠬᠤ ᠥᠬᠡᠶ ᠪᠠᠢ᠌ᠵᠤ᠂ ᠬᠡᠷᠪᠡ ᠬᠠᠯᠠᠭᠤᠷᠠᠬᠤ᠂ ᠴᠡᠭᠡᠵᠢ ᠪᠢᠲᠡᠭᠦᠷᠡᠬᠦ᠂ ᠬᠠᠨᠢᠶᠠᠬᠤ᠂ ᠬᠣᠭᠣᠯᠠᠶ ᠡᠪᠡᠳᠬᠦ᠂ ᠠᠮᠢᠰᠬᠤᠯ ᠪᠦᠲᠡᠬᠦ᠂ ᠲᠠᠮᠢᠷᠳᠠᠬᠤ᠂ ᠦᠨᠦᠷᠯᠡᠬᠦ ᠰᠡᠷᠡᠯ ᠮᠠᠭᠤᠳᠠᠬᠤ᠂ ᠰᠠᠭᠤᠯᠭ᠋ᠠᠬᠤ ᠵᠡᠷᠭᠡ ᠡᠪᠡᠳᠴᠢᠨ᠎ᠤ ᠪᠠᠶ᠋ᠢᠳᠠᠯ ᠢᠯᠡᠷᠡᠪᠡᠯ᠂ ᠡᠷᠬᠡᠪᠰᠢ ᠲᠡᠷᠡ ᠳᠠᠷᠤᠶᠳᠤᠨᠢ ᠡᠮᠨᠡᠭᠦᠯᠬᠦ ᠵᠢᠨ ᠬᠠᠮᠲᠤ ᠲᠤᠬᠠᠶ ᠵᠢᠨ ᠭᠠᠵᠠᠷ ᠵᠢᠴᠢ ᠨᠡᠷ᠎ᠡ ᠮᠡᠳᠡᠭᠦᠯᠦᠭᠰᠡᠨ ᠭᠠᠵᠠᠷ᠎ᠤᠨ ᠬᠣᠰᠢᠭᠤ ᠰᠢᠶᠠᠨ (ᠬᠣᠲᠠ᠂ ᠲᠣᠭᠣᠷᠢᠭ)᠎ᠤ ᠰᠤᠷᠭ᠋ᠠᠨ ᠬᠥᠮᠦᠵᠢᠯ᠎ᠤᠨ ᠰᠣᠷᠣᠭᠴᠢ ᠡᠯᠰᠡᠬᠦ ᠰᠢᠯᠭ᠋ᠠᠯᠲᠠ ᠵᠢᠨ ᠪᠠᠶ᠋ᠢᠭᠤᠯᠤᠮᠵᠢ᠂ ᠨᠡᠶ᠋ᠢᠭᠡᠮ ᠲᠣᠭᠣᠷᠢᠭ (ᠲᠣᠰᠬᠣᠨ)᠎ᠤᠨ ᠰᠠᠭᠤᠭ᠋ᠠᠯᠢ ᠠᠷᠠᠳ᠎ᠤᠨ ᠵᠥᠪᠯᠡᠯ᠎ᠳᠤ᠎ᠪᠠᠨ ᠳᠠᠷᠤᠢ᠎ᠳᠤ᠎ᠨᠢ ᠮᠡᠳᠡᠭᠦᠯᠬᠦ ᠬᠡᠷᠡᠭᠲᠡᠢ᠃ ᠡᠷᠡᠭᠦᠯ ᠮᠡᠨᠳᠦ ᠵᠢᠨ ᠬᠢᠨᠠᠨ ᠪᠠᠢ᠌ᠴᠠᠭ᠋ᠠᠯᠲᠠ ᠵᠢᠨ ᠪᠠᠶ᠋ᠢᠳᠠᠯ᠎ᠨᠢ ᠲᠤᠬᠠᠶ ᠵᠢᠨ ᠭᠠᠵᠠᠷ᠎ᠤᠨ ᠬᠢᠵᠢᠭ᠎ᠢ ᠰᠡᠷᠭᠡᠶ᠋ᠢᠯᠡᠬᠦ ᠱᠠᠭ᠋ᠠᠷᠳᠠᠯᠭ᠎ᠠ᠎ᠳᠤ ᠨᠡᠶ᠋ᠢᠴᠡᠬᠦ ᠥᠬᠡᠶ ᠰᠢᠯᠭ᠋ᠠᠭᠤᠯᠤᠭᠴᠢ ᠵᠢ ᠡᠩ᠎ᠤᠨ ᠰᠢᠯᠭ᠋ᠠᠭᠤᠯᠤᠭᠴᠢ᠎ᠲᠠᠢ ᠠᠳᠠᠯᠢ ᠰᠢᠯᠭ᠋ᠠᠯᠲᠠ ᠵᠢᠨ ᠴᠡᠭ (ᠲᠠᠯᠠᠪᠤᠷ)᠎ᠲᠤ ᠰᠢᠯᠭ᠋ᠠᠯᠲᠠ᠎ᠳᠤ ᠣᠷᠣᠯᠴᠠᠬᠤ᠎ᠪᠠᠷ ᠲᠣᠬᠢᠷᠠᠭᠤᠯᠵᠤ ᠪᠣᠯᠬᠤ ᠥᠬᠡᠶ᠂ ᠪᠣᠳᠠᠲᠤ ᠪᠠᠶ᠋ᠢᠳᠠᠯ᠎ᠢ᠎ᠨᠢ ᠦᠨᠳᠦᠰᠦᠯᠡᠨ᠂ ᠲᠤᠰᠠᠭ᠋ᠠᠷᠯᠠᠭᠰᠠᠨ ᠰᠢᠯᠭ᠋ᠠᠯᠲᠠ ᠵᠢᠨ ᠲᠠᠯᠠᠪᠠᠢ ᠪᠤᠶᠤ ᠣᠨᠴᠠᠭ᠋ᠠᠶ ᠰᠢᠯᠭ᠋ᠠᠯᠲᠠ ᠵᠢᠨ ᠲᠠᠯᠠᠪᠠᠢ᠎ᠳᠤ ᠰᠢᠯᠭ᠋ᠠᠯᠲᠠ᠎ᠳᠤ ᠣᠷᠣᠯᠴᠠᠭᠤᠯᠬᠤ᠎ᠪᠠᠷ ᠲᠣᠬᠢᠷᠠᠭᠤᠯᠤᠨ᠎ᠠ᠃
4 . ᠰᠢᠯᠭ᠋ᠠᠭᠤᠯᠤᠭᠰᠠᠳ ᠵᠢᠴᠢ ᠬᠠᠮᠲᠤ ᠠᠮᠢᠳᠤᠷᠠᠭᠰᠠᠳ᠎ᠨᠢ ᠰᠢᠯᠭ᠋ᠠᠯᠲᠠ᠎ᠠᠴᠠ ᠡᠮᠦᠨᠡᠬᠢ 14 ᠡᠳᠦᠷ᠎ᠠᠴᠠ ᠰᠢᠯᠭ᠋ᠠᠯᠲᠠ ᠳᠠᠭᠤᠰᠲᠠᠯ᠎ᠠ ᠬᠡᠷ᠎ᠲᠤ᠎ᠪᠠᠨ ᠰᠠᠭᠤᠬᠤ ᠪᠤᠶᠤ ᠬᠡᠷ ᠰᠤᠷᠭ᠋ᠠᠭᠤᠯᠢ (ᠨᠢᠭᠡᠴᠢ) ᠵᠢᠨ ᠬᠣᠶᠠᠷ ᠴᠡᠭ ᠨᠢᠭᠡ ᠱᠤᠭᠤᠮ᠎ᠢ ᠪᠠᠲᠤᠯᠠᠬᠤ ᠵᠢ ᠰᠠᠨᠠᠭᠤᠯᠤᠶ᠎ᠠ᠃ ᠪᠠᠶ᠋ᠢᠷᠢ᠎ᠳᠤ ᠰᠠᠭᠤᠯᠭ᠋ᠠᠬᠤ ᠨᠥᠬᠥᠴᠡᠯ᠎ᠲᠠᠢ ᠳᠤᠮᠳᠠᠳᠤ ᠰᠤᠷᠭ᠋ᠠᠭᠤᠯᠢ ᠵᠢᠨ᠎ᠬᠢᠨ ᠰᠢᠯᠭ᠋ᠠᠭᠤᠯᠤᠭᠰᠠᠳᠢ ᠰᠢᠯᠭ᠋ᠠᠯᠲᠠ᠎ᠠᠴᠠ 14 ᠡᠳᠦᠷ᠎ᠤᠨ ᠡᠮᠦᠨ᠎ᠡ ᠨᠢᠭᠡᠳᠦᠯᠲᠡᠶ ᠰᠤᠷᠭ᠋ᠠᠭᠤᠯᠢ ᠵᠢᠨ ᠪᠠᠢ᠌ᠷᠢ᠎ᠳᠤ ᠰᠠᠭᠤᠯᠭ᠋ᠠᠵᠤ ᠪᠣᠯᠤᠨ᠎ᠠ᠃
5. ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠪᠠᠶ᠋ᠢᠳᠠᠯ ᠪᠠ ᠰᠢᠨ᠎ᠡ ᠲᠢᠲᠢᠮᠯᠢᠭ ᠠᠭᠤᠰᠬᠢᠨ᠎ᠤ ᠦᠷᠪᠢᠰᠦᠯ᠎ᠤᠨ ᠸᠠᠺᠼᠢᠨ᠎ᠤ ᠲᠠᠷᠢᠯᠭ᠎ᠠ ᠵᠢᠨ ᠱᠠᠭ᠋ᠠᠷᠳᠠᠯᠭ᠎ᠠ ᠵᠢ ᠦᠨᠳᠦᠰᠦᠯᠡᠨ᠂ ᠨᠥᠬᠥᠴᠡᠯ᠎ᠳᠤ ᠨᠡᠶ᠋ᠢᠴᠡᠬᠦ ᠰᠢᠯᠭ᠋ᠠᠭᠤᠯᠤᠭᠴᠢ ᠵᠢᠨ ᠪᠠᠶ᠋ᠢᠳᠠᠯ᠎ᠢ ᠮᠡᠳᠡᠵᠦ᠂ ᠰᠠᠶ᠋ᠢᠨ ᠳᠤᠷ᠎ᠠ ᠵᠢᠨ ᠪᠠᠶ᠋ᠢᠬᠤ ᠵᠢ ᠵᠥᠪᠰᠢᠶᠡᠷᠡᠭᠰᠡᠨ ᠤᠷᠢᠲᠠᠯ ᠳᠤᠤᠷ᠎ᠠ ᠰᠢᠯᠭ᠋ᠠᠯᠲᠠ᠎ᠠᠴᠠ ᠡᠮᠦᠨ᠎ᠡ ᠰᠢᠨ᠎ᠡ ᠲᠢᠲᠢᠮᠯᠢᠭ ᠸᠢᠷᠦ᠋ᠰ᠎ᠤᠨ ᠸᠠᠺᠼᠢᠨ᠎ᠤ ᠲᠠᠷᠢᠯᠭ᠎ᠠ ᠵᠢ 《ᠲᠠᠷᠢᠬᠤ ᠶᠣᠰᠤᠲᠠᠢ ᠵᠢ ᠪᠦᠬᠦᠨ᠎ᠢ ᠲᠠᠷᠢᠬᠤ》 ᠵᠢ ᠪᠡᠶᠡᠯᠡᠭᠦᠯᠬᠦ ᠬᠡᠷᠡᠭᠲᠡᠶ᠃
6 . ᠰᠢᠯᠭ᠋ᠠᠭᠤᠯᠤᠭᠰᠠᠳ ᠰᠠᠭᠤᠭ᠎ᠠ ᠠᠶ᠋ᠢᠮᠠᠭ ᠬᠣᠲᠠ ᠵᠢᠨ ᠵᠶ᠋ᠠᠨ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠱᠠᠭ᠋ᠠᠷᠳᠠᠯᠭ᠎ᠠ ᠵᠢ ᠨᠢᠭᠲᠠ ᠠᠩᠬᠠᠷᠴᠤ᠂ ᠤᠬᠠᠮᠰᠠᠷ᠎ᠠᠴᠠ᠎ᠪᠠᠨ ᠭᠤᠤᠯ ᠵᠠᠭᠤᠴᠢᠯᠠᠭᠤᠷ ᠪᠠ ᠠᠯᠪᠠᠨ ᠲᠠᠯ᠎ᠠ ᠵᠢᠨ ᠠᠷᠭ᠎ᠠ ᠵᠠᠮ ᠵᠶ᠋ᠠᠷ ᠳᠠᠮᠵᠢᠭᠤᠯᠤᠨ ᠰᠢᠨ᠎ᠡ ᠲᠢᠲᠢᠮᠯᠢᠭ ᠸᠢᠷᠦ᠋ᠰ᠎ᠤᠨ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠪᠠ ᠦᠨᠡᠨᠴᠢ ᠢᠲᠡᠭᠡᠮᠵᠢᠲᠡᠶ᠎ᠪᠠᠷ ᠰᠢᠯᠭ᠋ᠠᠯᠲᠠ᠎ᠳᠤ ᠣᠷᠣᠯᠴᠠᠬᠤ ᠶᠡᠷᠦ ᠵᠢᠨ ᠮᠡᠳᠡᠯᠭᠡ ᠵᠢ ᠣᠶ᠋ᠢᠯᠠᠭ᠋ᠠᠵᠤ᠂ ᠬᠢᠵᠢᠭ᠎ᠢ ᠰᠡᠷᠭᠡᠶ᠋ᠢᠯᠡᠬᠦ ᠠᠷᠭ᠎ᠠ ᠬᠡᠮᠵᠢᠶ᠎ᠡ᠂ ᠡᠷᠡᠭᠦᠯ ᠮᠡᠨᠳᠦ ᠵᠢᠨ ᠪᠠᠶ᠋ᠢᠳᠠᠯ᠎ᠢ ᠬᠢᠨᠠᠨ ᠪᠠᠢ᠌ᠴᠠᠭ᠋ᠠᠬᠤ ᠪᠠ ᠰᠢᠯᠭ᠋ᠠᠯᠲᠠ ᠵᠢᠨ ᠲᠠᠯᠠᠪᠠᠢ᠎ᠳᠤ ᠣᠷᠣᠬᠤ ᠠᠮᠤᠷ ᠲᠦᠪᠰᠢᠨ᠎ᠤ ᠪᠠᠶ᠋ᠢᠴᠠᠭ᠋ᠠᠯᠲᠠ ᠵᠢᠨ ᠲᠠᠰ ᠳᠠᠷᠠᠭ᠋ᠠᠯᠠᠯ᠂ ᠬᠤᠪᠢ ᠬᠥᠮᠦᠨ᠎ᠤ ᠰᠡᠷᠭᠡᠶ᠋ᠢᠯᠡᠨ ᠬᠠᠮᠠᠭ᠋ᠠᠯᠠᠯᠲᠠ᠎ᠳᠤ ᠠᠩᠬᠠᠷᠬᠤ ᠵᠦᠢ᠍ᠯ ᠵᠡᠷᠭᠡ ᠵᠢ ᠣᠶ᠋ᠢᠯᠠᠭ᠋ᠠᠭ᠋ᠠᠷᠠᠶ᠃ ᠰᠢᠯᠭ᠋ᠠᠯᠲᠠ᠎ᠳᠤ ᠣᠷᠣᠯᠴᠠᠬᠤ ᠦᠶ᠎ᠡ᠎ᠳᠤ᠂ ᠠᠮᠠᠪᠴᠢ᠂ ᠪᠡᠭᠡᠯᠡᠶ᠂ ᠴᠠᠭ᠋ᠠᠰᠤ᠂ ᠲᠦᠷᠭᠡᠨ ᠬᠠᠲᠠᠬᠤ ᠭᠠᠷ ᠠᠷᠢᠭᠤᠳᠬᠠᠬᠤ ᠡᠳ᠋ ᠵᠡᠷᠭᠡ ᠰᠡᠷᠭᠡᠶ᠋ᠢᠯᠡᠨ ᠬᠠᠮᠠᠭ᠋ᠠᠯᠠᠬᠤ ᠡᠳ᠋ ᠪᠣᠳᠠᠰ᠎ᠢ ᠤᠷᠢᠳᠴᠢᠯᠠᠨ ᠰᠠᠶ᠋ᠢᠲᠤᠷ ᠪᠡᠯᠡᠳᠬᠡᠵᠦ᠂ ᠬᠤᠪᠢ ᠬᠥᠮᠦᠨ᠎ᠤ ᠬᠠᠮᠠᠭ᠋ᠠᠯᠠᠯᠲᠠ ᠵᠢ ᠰᠠᠶ᠋ᠢᠲᠤᠷ ᠬᠢᠬᠦ ᠬᠡᠷᠡᠭᠲᠡᠶ᠃ ᠬᠡᠷᠪᠡ ᠰᠢᠯᠭ᠋ᠠᠭᠤᠯᠤᠭᠴᠢ ᠲᠦᠷᠢᠶᠡᠰᠦᠨ ᠮᠠᠰᠢᠨ ᠲᠡᠷᠭᠡ ᠪᠤᠶᠤ ᠰᠦᠯᠵᠢᠶᠡᠨ᠎ᠳᠤ ᠳᠦᠷᠢᠶᠡᠰᠦᠨ ᠮᠠᠰᠢᠨ ᠲᠡᠷᠭᠡ ᠪᠣᠯᠵᠤᠵᠤ ᠰᠢᠯᠭ᠋ᠠᠯᠲᠠ ᠵᠢᠨ ᠴᠡᠭ᠎ᠲᠤ ᠣᠴᠢᠪᠠᠯ᠂ ᠤᠷᠢᠳᠴᠢᠯᠠᠨ ᠲᠡᠷᠭᠡ ᠵᠠᠬᠢᠶᠠᠯᠠᠵᠤ᠂ ᠲᠡᠷᠭᠡᠨ᠎ᠳᠤ ᠰᠠᠭᠤᠬᠤ᠎ᠳᠤ᠎ᠪᠠᠨ ᠠᠷᠤ ᠵᠢᠨ ᠰᠠᠭᠤᠳᠠᠯ᠎ᠳᠤ ᠰᠠᠭᠤᠬᠤ ᠵᠢᠨ ᠬᠠᠮᠲᠤ ᠪᠥᠬᠥ ᠶᠠᠪᠤᠴᠠ᠎ᠳᠤ ᠠᠮᠠᠪᠴᠢ ᠵᠡᠭᠦᠵᠦ᠂ ᠲᠡᠷᠭᠡᠨ᠎ᠠᠴᠠ ᠪᠠᠭᠤᠭᠰᠠᠨ᠎ᠤ ᠳᠠᠷᠠᠭ᠎ᠠ ᠳᠠᠷᠤᠢ᠎ᠳᠤ᠎ᠨᠢ ᠭᠠᠷ ᠵᠶ᠋ᠠᠨ ᠠᠷᠢᠭᠤᠳᠬᠠᠬᠤ ᠬᠡᠷᠡᠭᠲᠡᠶ᠃ ᠬᠡᠷᠪᠡ ᠰᠢᠯᠭ᠋ᠠᠭᠤᠯᠤᠭᠴᠢ ᠨᠡᠶ᠋ᠢᠲᠡ ᠵᠢᠨ ᠵᠠᠮ ᠬᠠᠷᠢᠯᠴᠠᠭ᠋ᠠᠨ᠎ᠤ ᠪᠠᠭ᠋ᠠᠵᠢ᠎ᠪᠠᠷ ᠰᠢᠯᠭ᠋ᠠᠯᠲᠠ ᠵᠢᠨ ᠴᠡᠭ᠎ᠲᠤ ᠣᠴᠢᠪᠠᠯ᠂ ᠪᠥᠬᠥ ᠶᠠᠪᠤᠴᠠ᠎ᠳᠤ ᠠᠮᠠᠪᠴᠢ ᠵᠡᠭᠦᠵᠦ᠂ ᠨᠢᠭᠡ ᠯᠡ ᠤᠳᠠᠭ᠎ᠠ ᠬᠡᠷᠡᠭᠯᠡᠬᠦ ᠪᠡᠭᠡᠯᠡᠶ ᠵᠡᠭᠦᠵᠦ ᠪᠣᠯᠬᠤ ᠪᠥᠭᠡᠳ ᠭᠠᠷᠤᠨ ᠡᠷᠡᠭᠦᠯ ᠬᠠᠮᠠᠭ᠋ᠠᠯᠠᠯ ᠵᠶ᠋ᠠᠨ ᠰᠠᠶ᠋ᠢᠲᠤᠷ ᠬᠢᠵᠦ᠂ ᠵᠠᠮ᠎ᠳᠤ᠎ᠪᠠᠨ ᠪᠤᠰᠤᠳ ᠡᠳ᠋ ᠪᠣᠳᠠᠰ᠎ᠲᠠᠢ ᠭᠠᠷ ᠬᠦᠷᠦᠯᠴᠡᠬᠦ᠎ᠠᠴᠠ ᠵᠠᠶ᠋ᠢᠯᠠᠰᠬᠢᠵᠦ᠂ ᠡᠷᠬᠢᠨ ᠲᠣᠭᠣᠷᠢᠨ᠎ᠤ ᠠᠶᠠᠨᠴᠢᠳ᠎ᠲᠠᠢ ᠠᠯᠢ ᠴᠢᠳᠠᠬᠤ᠎ᠪᠠᠷ ᠠᠮᠤᠷ ᠲᠦᠪᠰᠢᠨ᠎ᠤ ᠵᠠᠶ᠎ᠪᠠᠨ ᠪᠠᠲᠤᠯᠠᠬᠤ ᠬᠡᠷᠡᠭᠲᠡᠶ᠃ ᠵᠢᠱ᠌ᠢᠶᠡᠯᠡᠪᠡᠯ᠂ ᠰᠢᠯᠭ᠋ᠠᠭᠤᠯᠤᠭᠰᠠᠳ ᠡᠭᠡᠯᠵᠢ ᠵᠢᠨ ᠮᠠᠰᠢᠨ ᠲᠡᠷᠭᠡᠨ᠎ᠳᠤ ᠰᠠᠭᠤᠵᠤ ᠰᠢᠯᠭ᠋ᠠᠯᠲᠠ ᠵᠢᠨ ᠭᠠᠵᠠᠷ᠎ᠲᠤ ᠣᠴᠢᠪᠠᠯ᠂ ᠪᠥᠬᠥ ᠶᠠᠪᠤᠴᠠ᠎ᠳᠤ ᠠᠮᠠᠪᠴᠢ ᠵᠡᠭᠦᠵᠦ᠂ ᠲᠡᠷᠭᠡᠨ᠎ᠤ ᠴᠣᠩᠬᠣ ᠵᠢ᠊ᠨ ᠨᠡᠭᠡᠭᠡᠵᠦ ᠰᠠᠯᠬᠢ ᠨᠡᠪᠲᠡᠷᠡᠭᠦᠯᠦᠨ᠂ ᠲᠠᠷᠠᠬᠠᠶ ᠰᠠᠭᠤᠵᠤ᠂ ᠵᠠᠮ᠎ᠳᠤ᠎ᠪᠠᠨ ᠲᠡᠷᠭᠡᠨ ᠳᠡᠭᠡᠷ᠎ᠡ ᠢᠳᠡᠵᠦ ᠤᠤᠭᠤᠬᠤ ᠪᠤᠶᠤ ᠭᠠᠷ ᠵᠶ᠋ᠠᠷ ᠵᠶ᠋ᠠᠨ ᠪᠤᠰᠤᠳ ᠡᠳ᠋ ᠪᠣᠳᠠᠰ᠎ᠲᠠᠢ ᠣᠶ᠋ᠢᠷᠠᠳᠬᠤ᠎ᠠᠴᠠ ᠵᠠᠶ᠋ᠢᠯᠠᠰᠬᠢᠵᠦ᠂ ᠲᠡᠷᠭᠡᠨ᠎ᠠᠴᠠ ᠪᠠᠭᠤᠭᠰᠠᠨ᠎ᠤ ᠳᠠᠷᠠᠭ᠎ᠠ ᠭᠠᠷ ᠵᠶ᠋ᠠᠨ ᠰᠠᠶ᠋ᠢᠲᠤᠷ ᠠᠷᠢᠭᠤᠳᠬᠠᠬᠤ ᠬᠡᠷᠡᠭᠲᠡᠶ᠃
7 . ᠪᠥᠬᠦ ᠰᠢᠯᠭ᠋ᠠᠭᠤᠯᠤᠭᠴᠢ ᠴᠥᠮ ᠡᠷᠬᠡᠪᠰᠢ ᠮᠠᠨ᠎ᠤ ᠣᠷᠣᠨ᠎ᠤ ᠨᠡᠶ᠋ᠢᠲᠡᠯᠡᠭᠰᠡᠨ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠠᠯᠪᠠᠨ ᠵᠠᠷᠯᠠᠯ᠎ᠤᠨ ᠬᠣᠯᠪᠤᠭᠳᠠᠬᠤ ᠱᠠᠭ᠋ᠠᠷᠳᠠᠯᠭ᠎ᠠ ᠶᠣᠰᠤ᠎ᠪᠠᠷ ᠨᠠᠷᠢᠨ ᠬᠢᠨᠠᠮᠠᠭ᠋ᠠᠶ᠂ ᠦᠨᠡᠨ ᠪᠣᠳᠠᠲᠠᠢ᠂ ᠴᠠᠭ ᠲᠤᠬᠠᠶ᠎ᠳᠤᠨᠢ ᠡᠷᠡᠭᠦᠯ ᠮᠡᠨᠳᠦ ᠵᠢᠨ ᠺᠠᠷᠲ ᠵᠶ᠋ᠠᠷ ᠪᠦᠷᠢᠳᠭᠡᠭᠦᠯᠦᠨ᠎ᠡ᠃
ᠬᠣᠶᠠᠷ᠂ ᠰᠢᠯᠭ᠋ᠠᠭᠤᠯᠤᠭᠴᠢ ᠲᠠᠯᠠᠪᠠᠶ᠎ᠳᠤ ᠣᠷᠣᠬᠤ
1 . ᠪᠥᠬᠦ ᠰᠢᠯᠭ᠋ᠠᠭᠤᠯᠤᠭᠴᠢ ᠡᠷᠬᠡᠪᠰᠢ ᠰᠢᠯᠭ᠋ᠠᠯᠲᠠ᠎ᠠᠴᠠ ᠡᠮᠦᠨᠡᠬᠢ 48 ᠴᠠᠭ᠎ᠤᠨ ᠳᠣᠲᠣᠷᠠᠬᠢ (6 ᠰᠠᠷ᠎ᠠ ᠵᠢᠨ 7᠎ᠤ ᠡᠳᠦᠷ ᠰᠢᠯᠭ᠋ᠠᠬᠤ ᠨᠢᠭᠡᠳᠦᠭᠡᠷ ᠬᠢᠴᠢᠶᠡᠯ ᠲᠥᠷᠥᠯ᠎ᠠᠴᠠ ᠡᠬᠢᠯᠡᠵᠦ ᠪᠣᠳᠤᠨ᠎ᠠ) ᠪᠥᠭᠡᠮ ᠬᠦᠴᠢᠯ᠎ᠤᠨ ᠰᠢᠯᠭ᠋ᠠᠨ ᠪᠠᠶ᠋ᠢᠴᠠᠭ᠋ᠠᠯᠲᠠ ᠵᠢᠨ ᠪᠢᠯᠢᠭ ᠴᠢᠨᠠᠷ᠎ᠤᠨ ᠭᠡᠷᠡᠴᠢ (ᠳᠠᠷᠤᠮᠠᠯᠯᠠᠯ ᠪᠤᠶᠤ ᠡᠯᠧᠺᠲᠷᠣᠨ ᠮᠡᠳᠡᠭᠦᠯᠦᠯᠲᠡ) ᠵᠢ ᠬᠠᠩᠭ᠋ᠠᠵᠤ ᠰᠢᠯᠭ᠋ᠠᠯᠲᠠ᠎ᠳᠤ ᠣᠷᠣᠯᠴᠠᠬᠤ ᠬᠡᠷᠡᠭᠲᠡᠶ᠂ ᠰᠢᠯᠭ᠋ᠠᠭᠤᠯᠤᠭᠴᠢ ᠳᠠᠷᠤᠮᠠᠯᠯᠠᠯ ᠵᠶ᠋ᠠᠨ ᠠᠪᠴᠤ ᠰᠢᠯᠭ᠋ᠠᠯᠲᠠ᠎ᠳᠤ ᠣᠷᠣᠯᠴᠠᠬᠤ ᠵᠢ ᠰᠠᠨᠠᠭᠤᠯᠤᠶ᠎ᠠ᠃ ᠰᠢᠯᠭ᠋ᠠᠯᠲᠠ ᠵᠢᠨ ᠴᠡᠭ᠎ᠤᠨ ᠪᠠᠶ᠋ᠢᠭ᠎ᠠ ᠭᠠᠵᠠᠷ᠎ᠨᠢ ᠪᠥᠭᠡᠮ ᠬᠦᠴᠢᠯ᠎ᠤᠨ ᠰᠢᠯᠭ᠋ᠠᠨ ᠪᠠᠶ᠋ᠢᠴᠠᠭ᠋ᠠᠯᠲᠠ ᠵᠡᠷᠭᠡ᠎ᠳᠤ ᠣᠨᠴᠠᠭ᠋ᠠᠢ ᠱᠠᠭ᠋ᠠᠷᠳᠠᠯᠭ᠎ᠠ᠎ᠲᠠᠢ ᠪᠣᠯ ᠲᠣᠭᠲᠠᠭ᠋ᠠᠯ ᠶᠣᠰᠤ᠎ᠪᠠᠷ ᠬᠡᠷᠡᠭᠵᠢᠭᠦᠯᠦᠨ᠎ᠡ᠃ ᠲᠣᠭᠲᠠᠭ᠋ᠠᠯ ᠶᠣᠰᠤ᠎ᠪᠠᠷ ᠬᠠᠩᠭ᠋ᠠᠬᠤ ᠥᠬᠡᠶ ᠪᠣᠯ ᠡᠩ᠎ᠤᠨ ᠰᠢᠯᠭ᠋ᠠᠭᠤᠯᠤᠭᠴᠢ᠎ᠲᠠᠢ ᠬᠠᠮᠲᠤ ᠰᠢᠯᠭ᠋ᠠᠯᠲᠠ ᠵᠢᠨ ᠴᠡᠭ (ᠲᠠᠯᠠᠪᠠᠢ)᠎ᠲᠤ ᠰᠢᠯᠭ᠋ᠠᠯᠲᠠ᠎ᠳᠤ ᠣᠷᠣᠯᠴᠠᠵᠤ ᠪᠣᠯᠬᠤ ᠥᠬᠡᠶ᠂ ᠪᠣᠳᠠᠲᠤ ᠪᠠᠶ᠋ᠢᠳᠠᠯ᠎ᠢ ᠦᠨᠳᠦᠰᠦᠯᠡᠨ᠂ ᠲᠡᠳᠡᠨ᠎ᠢ ᠲᠤᠰᠠᠭ᠋ᠠᠷᠯᠠᠭᠰᠠᠨ ᠰᠢᠯᠭ᠋ᠠᠯᠲᠠ ᠵᠢᠨ ᠲᠠᠯᠠᠪᠠᠢ ᠪᠤᠶᠤ ᠣᠨᠴᠠᠭ᠋ᠠᠶ ᠰᠢᠯᠭ᠋ᠠᠯᠲᠠ ᠵᠢᠨ ᠲᠠᠯᠠᠪᠠᠢ᠎ᠳᠤ ᠰᠢᠯᠭ᠋ᠠᠯᠲᠠ᠎ᠳᠤ ᠣᠷᠣᠯᠴᠠᠭᠤᠯᠬᠤ᠎ᠪᠠᠷ ᠲᠣᠬᠢᠷᠠᠭᠤᠯᠤᠨ᠎ᠠ᠃
2 . ᠰᠢᠯᠭ᠋ᠠᠭᠤᠯᠤᠭᠴᠢ ᠨᠠᠭ᠋ᠠᠳᠤ ᠵᠠᠬ᠎ᠠ᠎ᠳᠤ᠎ᠪᠠᠨ ᠰᠢᠯᠭ᠋ᠠᠯᠲᠠ ᠡᠬᠢᠯᠡᠬᠦ᠎ᠠᠴᠠ 30 ᠮᠢᠨᠦ᠋ᠲ᠎ᠤᠨ ᠡᠮᠦᠨ᠎ᠡ ᠰᠢᠯᠭ᠋ᠠᠯᠲᠠ ᠵᠢᠨ ᠴᠡᠭ (ᠰᠢᠯᠭ᠋ᠠᠯᠲᠠ ᠵᠢᠨ ᠴᠡᠭ᠎ᠤᠨ ᠪᠠᠶ᠋ᠢᠭ᠎ᠠ ᠭᠠᠵᠠᠷ᠎ᠲᠤ ᠠᠰᠲᠠᠭ᠋ᠠᠨ ᠲᠣᠭᠲᠠᠭ᠋ᠠᠯ᠎ᠲᠠᠢ ᠪᠣᠯ ᠲᠤᠬᠠᠢ ᠵᠢᠨ ᠲᠣᠭᠲᠠᠭ᠋ᠠᠯ᠎ᠢ ᠵᠢᠷᠤᠮᠯᠠᠨ᠎ᠠ)᠎ᠲᠤ ᠬᠦᠷᠴᠦ᠂ ᠲᠣᠰ ᠬᠥᠮᠦᠨ᠎ᠤ ᠰᠠᠭᠤᠭ᠋ᠠᠯᠢ ᠠᠷᠠᠳ᠎ᠤᠨ ᠪᠡᠶ᠎ᠡ ᠵᠢᠨ ᠦᠨᠡᠮᠯᠡᠯ᠂ 《ᠰᠢᠯᠭ᠋ᠠᠭᠤᠯᠬᠤ ᠲᠡᠮᠳᠡᠭ》᠂ 《ᠡᠷᠡᠭᠦᠯ ᠮᠡᠨᠳᠦ ᠵᠢᠨ ᠪᠠᠶ᠋ᠢᠳᠠᠯ᠎ᠤᠨ ᠠᠮᠠᠯᠠᠯᠲᠠ ᠵᠢᠨ ᠪᠢᠴᠢᠭ》᠂ ᠡᠷᠡᠭᠦᠯ ᠮᠡᠨᠳᠦ ᠵᠢᠨ ᠨᠣᠭᠣᠭ᠋ᠠᠨ ᠺᠣᠳ᠋ ᠵᠢᠴᠢ ᠠᠶᠠᠯᠠᠯ᠎ᠤᠨ ᠺᠠᠷᠲ ᠪᠠ ᠬᠦᠴᠦᠨ ᠪᠥᠬᠥᠶ ᠪᠥᠭᠡᠮ ᠬᠦᠴᠢᠯ᠎ᠤᠨ ᠪᠠᠢ᠌ᠴᠠᠭ᠋ᠠᠯᠲᠠ ᠵᠢᠨ ᠪᠢᠯᠢᠭ ᠴᠢᠨᠠᠷ᠎ᠤᠨ ᠭᠡᠷᠡᠴᠢ ᠵᠡᠷᠭᠡ᠎ᠪᠠᠨ ᠠᠪᠴᠤ᠂ ᠪᠡᠶ᠎ᠡ ᠵᠢᠨ ᠡᠷᠡᠭᠦᠯ ᠮᠡᠨᠳᠦ ᠵᠢᠨ ᠬᠢᠨᠠᠨ ᠪᠠᠢ᠌ᠴᠠᠭ᠋ᠠᠯᠲᠠ (ᠪᠡᠶ᠎ᠡ ᠵᠢᠨ ᠬᠠᠯᠠᠭᠤᠨ᠎ᠤ ᠪᠠᠶ᠋ᠢᠴᠠᠭ᠋ᠠᠯᠲᠠ) ᠬᠢᠵᠦ᠊ᠷ ᠬᠡᠰᠡᠭ ᠬᠤᠪᠢᠶᠠᠨ ᠣᠷᠭᠢᠯ ᠵᠦᠷᠢᠭᠦᠯᠵᠦ ᠮᠥᠷᠯᠡᠵᠦ ᠰᠢᠯᠭ᠋ᠠᠯᠲᠠ ᠵᠢᠨ ᠴᠡᠭ᠎ᠲᠤ ᠣᠷᠣᠨ᠎ᠠ᠃ ᠰᠢᠯᠭ᠋ᠠᠭᠤᠯᠤᠭᠴᠢ ᠰᠢᠯᠭ᠋ᠠᠯᠲᠠ ᠵᠢᠨ ᠴᠡᠭ᠎ᠲᠤ ᠣᠷᠣᠬᠤ᠎ᠳᠤ᠎ᠪᠠᠨ ᠡᠷᠬᠡᠪᠰᠢ ᠨᠢᠭᠡ ᠯᠡ ᠤᠳᠠᠭ᠋ᠠᠨ᠎ᠤ ᠴᠢᠨᠠᠷᠲᠠᠶ ᠡᠮᠴᠢᠯᠡᠭᠡᠨ᠎ᠳᠤ ᠬᠡᠷᠡᠭᠯᠡᠬᠦ ᠠᠮᠠᠪᠴᠢ ᠪᠤᠶᠤ ᠡᠮᠴᠢᠯᠡᠭᠡᠨ᠎ᠳᠤ ᠬᠡᠷᠡᠭᠯᠡᠬᠦ ᠭᠠᠳᠠᠷ ᠰᠠᠯᠠᠭ᠋ᠠᠨ᠎ᠤ ᠠᠮᠠᠪᠴᠢ ᠵᠢ ᠵᠡᠭᠦᠬᠦ ᠬᠡᠷᠡᠭᠲᠡᠶ᠂ ᠭᠡᠪᠡᠴᠦ ᠠᠮᠠᠪᠴᠢ ᠵᠡᠭᠦᠭᠰᠡᠨ᠎ᠠᠴᠠ ᠪᠣᠯᠵᠣ ᠪᠡᠶ᠎ᠡ ᠵᠢᠨ ᠬᠢᠷᠢ ᠬᠡᠮ᠎ᠢ ᠢᠯᠭ᠋ᠠᠨ ᠲᠠᠨᠢᠬᠤ ᠪᠠ ᠰᠢᠯᠭ᠋ᠠᠨ ᠨᠤᠲᠠᠯᠠᠬᠤ ᠵᠢ ᠨᠥᠯᠥᠭᠡᠯᠡᠵᠦ ᠪᠣᠯᠬᠤ ᠥᠬᠡᠶ᠃ ᠰᠢᠯᠭ᠋ᠠᠭᠤᠯᠤᠭᠰᠠᠳ ᠰᠢᠯᠭ᠋ᠠᠯᠲᠠ ᠵᠢᠨ ᠴᠡᠭ᠎ᠲᠤ ᠮᠥᠷᠯᠡᠨ ᠣᠷᠣᠬᠤ᠎ᠳᠤ ᠬᠣᠭᠣᠷᠤᠨᠳᠤ᠎ᠪᠠᠨ ᠠᠳᠠᠭ᠎ᠲᠤ᠎ᠪᠠᠨ 1 ᠮᠧᠲᠷ᠎ᠤᠨ ᠵᠠᠢ᠌ᠲᠠᠢ ᠪᠠᠢ᠌ᠬᠤ ᠬᠡᠷᠡᠭᠲᠡᠶ᠃ ᠬᠡᠷᠪᠡ ᠭᠡᠨᠡᠳᠲᠡ ᠵᠢᠨ ᠪᠠᠶ᠋ᠢᠳᠠᠯ ᠲᠣᠬᠢᠶᠠᠯᠳᠤᠪᠠᠯ ᠰᠢᠯᠭ᠋ᠠᠭᠤᠯᠤᠭᠴᠢ ᠡᠷᠬᠡᠪᠰᠢ ᠰᠢᠯᠭ᠋ᠠᠯᠲᠠ ᠵᠢᠨ ᠴᠡᠭ᠎ᠤᠨ ᠠᠵᠢᠯᠲᠠᠨ᠎ᠤ ᠲᠣᠬᠢᠷᠠᠭᠤᠯᠤᠯᠲᠠ ᠵᠢ ᠳᠠᠭ᠋ᠠᠬᠤ ᠬᠡᠷᠡᠭᠲᠡᠶ᠃
3 . ᠰᠢᠯᠭ᠋ᠠᠯᠲᠠ ᠵᠢᠨ ᠲᠤᠬᠠᠶ ᠵᠢᠨ ᠡᠳᠦᠷ᠂ ᠰᠢᠯᠭ᠋ᠠᠭᠤᠯᠤᠭᠴᠢ ᠵᠢᠨ ᠪᠡᠶ᠎ᠡ ᠵᠢᠨ ᠬᠠᠯᠠᠭᠤᠨ᠎ᠨᠢ 37 . 3 ℃ᠠᠴᠠ ᠳᠤᠤᠷ᠎ᠠ ᠪᠣᠯ ᠰᠠᠶᠢ ᠰᠢᠯᠭ᠋ᠠᠯᠲᠠ ᠵᠢᠨ ᠴᠡᠭ᠎ᠲᠤ ᠣᠷᠣᠵᠤ ᠪᠣᠯᠤᠨ᠎ᠠ᠃ ᠨᠢᠭᠡᠳᠦᠭᠡᠷ ᠤᠳᠠᠭ᠎ᠠ ᠪᠡᠶ᠎ᠡ ᠵᠢᠨ ᠬᠠᠯᠠᠭᠤᠨ ᠵᠶ᠋ᠠᠨ ᠬᠡᠮᠵᠢᠭᠡᠳ ᠬᠢᠷᠢ ᠲᠡᠩᠴᠡᠬᠦ ᠦᠭᠡᠢ ᠪᠣᠯ ᠵᠣᠬᠢᠰᠲᠠᠢ ᠠᠮᠠᠷᠠᠭᠰᠠᠨ᠎ᠤ ᠳᠠᠷᠠᠭ᠎ᠠ ᠪᠤᠰᠤᠳ ᠲᠥᠬᠥᠭᠡᠷᠦᠮᠵᠢ ᠪᠤᠶᠤ ᠪᠤᠰᠤᠳ ᠠᠷᠭ᠎ᠠ᠎ᠪᠠᠷ ᠳᠠᠬᠢᠨ ᠬᠡᠮᠵᠢᠨ᠎ᠡ᠃ ᠮᠥᠨ ᠬᠦ᠌ ᠬᠢᠷᠢ ᠲᠡᠩᠴᠡᠭᠦ ᠥᠬᠡᠶ ᠪᠣᠯ ᠡᠷᠬᠡᠪᠰᠢ ᠲᠤᠰᠬᠠᠶ ᠦᠨᠡᠯᠡᠨ ᠵᠢᠱ᠌ᠢᠵᠦ᠂ ᠰᠢᠯᠭ᠋ᠠᠯᠲᠠ᠎ᠳᠤ ᠣᠷᠣᠯᠴᠠᠬᠤ ᠨᠥᠬᠥᠴᠡᠯ᠎ᠢ ᠪᠦᠷᠢᠯᠳᠦᠭᠦᠯᠦᠭᠰᠡᠨ ᠡᠰᠡᠬᠦ ᠵᠢ ᠶᠡᠷᠦᠩᠬᠡᠶ᠋ᠢᠯᠡᠨ ᠰᠤᠳᠤᠯᠤᠨ ᠮᠠᠭ᠋ᠠᠳᠯᠠᠵᠤ ᠦᠨᠡᠯᠡᠨ ᠵᠢᠱ᠌ᠢᠬᠦ ᠬᠡᠷᠡᠭᠲᠡᠶ᠂ ᠬᠣᠯᠪᠤᠭᠳᠠᠬᠤ ᠨᠥᠬᠥᠴᠡᠯ᠎ᠢ ᠪᠦᠷᠢᠯᠳᠦᠭᠦᠯᠦᠭᠰᠡᠨ ᠥᠬᠡᠶ ᠪᠣᠯ ᠡᠩ᠎ᠤᠨ ᠰᠢᠯᠭ᠋ᠠᠭᠤᠯᠤᠭᠴᠢ᠎ᠲᠠᠢ ᠬᠠᠮᠲᠤ ᠰᠢᠯᠭ᠋ᠠᠯᠲᠠ ᠵᠢᠨ ᠴᠡᠭ (ᠲᠠᠯᠠᠪᠠᠢ)᠎ᠲᠤ ᠰᠢᠯᠭ᠋ᠠᠯᠲᠠ᠎ᠳᠤ ᠣᠷᠣᠯᠴᠠᠵᠤ ᠪᠣᠯᠬᠤ ᠥᠬᠡᠶ᠂ ᠪᠣᠳᠠᠲᠠᠶ ᠪᠠᠶ᠋ᠢᠳᠠᠯ᠎ᠢ ᠦᠨᠳᠦᠰᠦᠯᠡᠨ᠂ ᠲᠤᠰᠠᠭ᠋ᠠᠷᠯᠠᠭᠰᠠᠨ ᠰᠢᠯᠭ᠋ᠠᠯᠲᠠ ᠵᠢᠨ ᠲᠠᠯᠠᠪᠠᠢ ᠪᠤᠶᠤ ᠣᠨᠴᠠᠭ᠋ᠠᠶ ᠰᠢᠯᠭ᠋ᠠᠯᠲᠠ ᠵᠢᠨ ᠲᠠᠯᠠᠪᠠᠢ᠎ᠳᠤ ᠰᠢᠯᠭ᠋ᠠᠯᠲᠠ᠎ᠳᠤ ᠣᠷᠣᠬᠤ᠎ᠪᠠᠷ ᠲᠣᠬᠢᠷᠠᠭᠤᠯᠤᠨ᠎ᠠ᠃
4 . ᠰᠢᠨ᠎ᠡ ᠲᠢᠲᠢᠮᠯᠢᠭ ᠠᠭᠤᠰᠬᠢᠨ᠎ᠤ ᠦᠷᠪᠢᠰᠦᠯ ᠵᠶ᠋ᠠᠷ ᠣᠨᠣᠰᠢᠯᠠᠭᠳᠠᠭᠰᠠᠨ ᠡᠪᠡᠳᠴᠢᠲᠡᠨ᠂ ᠡᠪᠡᠳᠴᠢᠨ᠎ᠤ ᠢᠯᠡᠷᠡᠯ ᠦᠭᠡᠢ ᠬᠠᠯᠳᠠᠪᠤᠷᠢᠯᠠᠭᠰᠠᠳ᠂ ᠪᠥᠭᠡᠮ ᠬᠦᠴᠢᠯ᠎ᠤᠨ ᠪᠠᠶ᠋ᠢᠴᠠᠭ᠋ᠠᠯᠲᠠ ᠵᠢᠨ ᠦᠷ᠎ᠡ ᠳ᠋ᠦᠩ᠎ᠨᠢ ᠠᠷᠭ᠎ᠠ ᠴᠢᠨᠠᠷᠲᠠᠢ᠂ ᠲᠤᠰᠠᠭ᠋ᠠᠷᠯᠠᠯᠢ ᠬᠠᠷᠠᠬᠠᠨ ᠲᠠᠶ᠋ᠢᠯᠤᠭ᠋ᠠᠳᠤᠶ ᠨᠢᠭᠲᠠ ᠤᠢ᠌ᠷᠠᠲᠤᠭᠰᠠᠳ ᠪᠠ ᠳᠡᠳ᠋ ᠨᠢᠭᠲᠠ ᠤᠢ᠌ᠷᠠᠲᠤᠭᠰᠠᠳ᠂ 《ᠡᠷᠡᠭᠦᠯ ᠮᠡᠨᠳᠦ ᠵᠢᠨ ᠺᠣᠳ᠋》 ᠬᠡᠪ᠎ᠤᠨ ᠪᠤᠰᠤ (ᠰᠢᠷ᠎ᠠ ᠺᠣᠳ᠋ ᠪᠤᠶᠤ ᠤᠯᠠᠭ᠋ᠠᠨ ᠺᠣᠳ᠋) ᠡᠰᠡᠭᠦᠯ᠎ᠡ 《ᠠᠶᠠᠯᠠᠯ᠎ᠤᠨ ᠺᠠᠷᠲ》 ᠬᠡᠪ᠎ᠤᠨ ᠪᠤᠰᠤ (ᠨᠣᠭᠣᠭ᠋ᠠᠨ ᠥᠩᠭᠡᠲᠡᠢ ᠮᠥᠷᠲᠡᠭᠡᠨ * * ᠲᠡᠮᠳᠡᠭ᠎ᠲᠠᠢ ᠪᠠᠶ᠋ᠢᠳᠠᠯ᠎ᠢ ᠪᠠᠭᠲᠠᠭ᠋ᠠᠨ᠎ᠠ)᠂ ᠰᠢᠯᠭ᠋ᠠᠯᠲᠠ᠎ᠠᠴᠠ ᠡᠮᠦᠨᠡᠬᠢ 14 ᠡᠳᠦᠷ᠎ᠤᠨ ᠳᠣᠲᠣᠷ᠎ᠠ ᠤᠯᠤᠰ᠎ᠤᠨ ᠳᠣᠲᠣᠭ᠋ᠠᠳᠤ ᠵᠢᠨ ᠬᠢᠵᠢᠭ᠎ᠤᠨ ᠪᠠᠶ᠋ᠢᠳᠠᠯ᠎ᠤᠨ ᠳᠤᠮᠳᠠ ᠥᠨᠳᠥᠷ ᠲᠦᠭᠰᠢᠭᠦᠷᠢᠲᠦ ᠭᠠᠵᠠᠷ ᠣᠷᠣᠨ ᠵᠶ᠋ᠠᠷ ᠵᠤᠭ᠋ᠠᠴᠠᠭᠰᠠᠨ ᠲᠡᠦᠬᠡ᠎ᠲᠠᠢ᠂ ᠰᠢᠯᠭ᠋ᠠᠯᠲᠠ᠎ᠠᠴᠠ ᠡᠮᠦᠨ᠎ᠡ 28 ᠡᠳᠦᠷ᠎ᠤᠨ ᠳᠣᠲᠣᠷ᠎ᠠ ᠭᠠᠳᠠᠭ᠋ᠠᠳᠤ᠎ᠳᠤ ᠵᠤᠭ᠋ᠠᠴᠠᠭᠰᠠᠨ ᠲᠡᠦᠬᠡ᠎ᠲᠠᠢ᠂ ᠰᠢᠯᠭ᠋ᠠᠯᠲᠠ᠎ᠠᠴᠠ ᠡᠮᠦᠨ᠎ᠡ 14 ᠡᠳᠦᠷ᠎ᠤᠨ ᠳᠣᠲᠣᠷ᠎ᠠ ᠨᠢᠭᠡᠨᠲᠡ ᠨᠡᠶ᠋ᠢᠲᠡᠯᠡᠭᠰᠡᠨ ᠣᠨᠣᠰᠢᠯᠠᠭᠳᠠᠭᠰᠠᠨ ᠡᠪᠡᠳᠴᠢᠲᠡᠨ᠂ ᠰᠡᠵᠢᠭᠯᠡᠯᠲᠡᠶ ᠡᠪᠡᠳᠴᠢᠨ᠎ᠤ ᠵᠢᠱ᠌ᠢᠶ᠎ᠡ᠂ ᠡᠪᠡᠳᠴᠢᠨ᠎ᠤ ᠢᠯᠡᠷᠡᠯ ᠦᠭᠡᠢ ᠬᠠᠯᠳᠠᠪᠤᠷᠢᠯᠠᠭᠰᠠᠳ᠎ᠤᠨ ᠬᠥᠳᠡᠯᠭᠡᠭᠡᠨ᠎ᠤ ᠵᠠᠮ ᠮᠥᠷ᠎ᠲᠠᠢ ᠰᠣᠯᠪᠢᠴᠠᠭᠰᠠᠨ᠂ ᠨᠢᠭᠡᠨᠲᠡ ᠡᠳᠡᠭᠡᠷᠡᠵᠦ ᠡᠮᠨᠡᠯᠭᠡ᠎ᠠᠴᠠ ᠭᠠᠷᠤᠭᠰᠠᠨ ᠣᠨᠣᠰᠢᠯᠠᠭᠳᠠᠭᠰᠠᠨ ᠡᠪᠡᠳᠴᠢᠲᠡᠨ ᠪᠤᠶᠤ ᠲᠥᠪᠯᠡᠷᠡᠭᠦᠯᠦᠨ ᠲᠤᠰᠠᠭ᠋ᠠᠷᠯᠠᠵᠤ ᠠᠨᠠᠭ᠋ᠠᠬᠤ ᠤᠬᠠᠭ᠋ᠠᠨ᠎ᠤ ᠠᠵᠢᠭᠯᠠᠯᠲᠠ ᠬᠢᠬᠦ᠎ᠠᠴᠠ ᠲᠠᠶ᠋ᠢᠯᠤᠭᠳᠠᠭᠰᠠᠨ ᠡᠪᠡᠳᠴᠢᠨ᠎ᠤ ᠢᠯᠡᠷᠡᠯ ᠥᠬᠡᠶ ᠬᠠᠯᠳᠠᠪᠤᠷᠢᠯᠠᠭᠰᠠᠳ ᠪᠣᠯᠪᠠᠴᠤ ᠬᠠᠷᠠᠬᠠᠨ ᠳᠠᠭ᠋ᠠᠵᠤ ᠠᠩᠬᠠᠷᠬᠤ ᠪᠤᠶᠤ ᠠᠨᠠᠭ᠋ᠠᠬᠤ ᠤᠬᠠᠭ᠋ᠠᠨ᠎ᠤ ᠠᠵᠢᠭᠯᠠᠯᠲᠠ ᠬᠢᠬᠦ ᠬᠤᠭᠤᠴᠠᠭ᠋ᠠᠨ᠎ᠳᠤ ᠪᠠᠢ᠌ᠬᠤ᠂ ᠪᠢᠲᠡᠭᠦᠮᠵᠢᠯᠡᠨ ᠡᠵᠡᠮᠳᠡᠬᠦ ᠣᠷᠣᠨ ᠪᠤᠶᠤ ᠬᠠᠮᠢᠶᠠᠷᠤᠨ ᠡᠵᠡᠮᠳᠡᠬᠦ ᠣᠷᠣᠨ᠎ᠳᠤ ᠪᠠᠶ᠋ᠢᠬᠤ ᠵᠡᠷᠭᠡ ᠪᠢᠲᠡᠭᠦᠮᠵᠢᠯᠡᠯ᠎ᠲᠦ ᠬᠠᠮᠢᠶᠠᠷᠤᠯᠲᠠ᠎ᠳᠤ ᠪᠠᠢ᠌ᠬᠤ᠂ ᠰᠢᠯᠭ᠋ᠠᠯᠲᠠ᠎ᠠᠴᠠ ᠡᠮᠦᠨ᠎ᠡ 14 ᠡᠳᠦᠷ ᠬᠠᠯᠠᠭᠤᠷᠠᠬᠤ᠂ ᠴᠡᠭᠡᠵᠢ ᠪᠢᠲᠡᠭᠦᠷᠡᠬᠦ᠂ ᠬᠠᠨᠢᠶᠠᠬᠤ᠂ ᠵᠠᠯᠭᠢᠭᠤᠷ ᠡᠪᠡᠳᠬᠦ᠂ ᠠᠮᠢᠰᠬᠤᠯ ᠪᠦᠲᠡᠬᠦ᠂ ᠲᠠᠮᠢᠷᠳᠠᠬᠤ᠂ ᠦᠨᠦᠷ᠎ᠤᠨ ᠰᠡᠷᠡᠯ ᠮᠠᠭᠤᠳᠠᠬᠤ᠂ ᠰᠠᠭᠤᠯᠭ᠋ᠠᠬᠤ ᠵᠡᠷᠭᠡ ᠡᠪᠡᠳᠴᠢᠨ᠎ᠤ ᠢᠯᠡᠷᠡᠯ᠎ᠲᠠᠢ ᠰᠢᠯᠭ᠋ᠠᠭᠤᠯᠤᠭᠴᠢ᠂ ᠡᠷᠬᠡᠪᠰᠢ 6 ᠰᠠᠷ᠎ᠠ ᠵᠢᠨ 4᠎ᠤ ᠡᠳᠦᠷ᠎ᠠᠴᠠ ᠡᠮᠦᠨ᠎ᠡ ᠬᠤᠪᠢ ᠬᠥᠮᠦᠨ᠎ᠤ ᠶᠠᠪᠤᠵᠤ ᠰᠠᠭᠤᠭᠰᠠᠨ᠂ ᠡᠷᠡᠭᠦᠯ ᠮᠡᠨᠳᠦ ᠵᠢᠨ ᠪᠠᠶ᠋ᠢᠳᠠᠯ ᠵᠡᠷᠭᠡ ᠪᠣᠳᠠᠲᠠᠶ ᠪᠠᠶ᠋ᠢᠳᠠᠯ ᠵᠶ᠋ᠠᠨ ᠨᠡᠷ᠎ᠡ ᠮᠡᠳᠡᠭᠦᠯᠦᠭᠰᠡᠨ ᠭᠠᠵᠠᠷ᠎ᠤᠨ ᠬᠣᠰᠢᠭᠤ ᠰᠢᠶᠠᠨ (ᠬᠣᠲᠠ᠂ ᠲᠣᠭᠣᠷᠢᠭ)᠎ᠤᠨ ᠰᠤᠷᠭ᠋ᠠᠨ ᠬᠥᠮᠦᠵᠢᠯ᠎ᠤᠨ ᠰᠤᠷᠤᠭᠴᠢ ᠡᠯᠰᠡᠬᠦ ᠰᠢᠯᠭ᠋ᠠᠯᠲᠠ ᠵᠢᠨ ᠪᠠᠶ᠋ᠢᠭᠤᠯᠤᠮᠵᠢ᠎ᠳᠤ ᠪᠢᠴᠢᠭ ᠵᠶ᠋ᠠᠷ ᠮᠡᠳᠡᠭᠦᠯᠦᠨ ᠬᠦᠷᠭᠡᠵᠦ᠂ ᠶᠡᠷᠦᠩᠬᠡᠢ᠌ᠯᠡᠨ ᠦᠨᠡᠯᠡᠨ ᠵᠢᠱ᠌ᠢᠬᠦ᠎ᠪᠠᠷ ᠳᠠᠮᠵᠢᠭ᠋ᠠᠳ ᠰᠢᠯᠭ᠋ᠠᠯᠲᠠ᠎ᠳᠤ ᠣᠷᠣᠯᠴᠠᠬᠤ ᠨᠥᠬᠥᠴᠡᠯ᠎ᠢ ᠪᠦᠷᠢᠯᠳᠦᠭᠦᠯᠦᠭᠰᠡᠳ ᠬᠣᠯᠪᠤᠭᠳᠠᠬᠤ ᠱᠠᠭ᠋ᠠᠷᠳᠠᠯᠭ᠎ᠠ ᠵᠢ ᠦᠨᠳᠦᠰᠦᠯᠡᠵᠦ᠂ ᠲᠥᠷᠥᠯ ᠬᠤᠪᠢᠶᠠᠨ ᠠᠳᠠᠯᠢ ᠪᠤᠰᠤ ᠰᠢᠯᠭ᠋ᠠᠯᠲᠠ ᠵᠢᠨ ᠲᠠᠯᠠᠪᠠᠢ᠎ᠳᠤ ᠰᠢᠯᠭ᠋ᠠᠯᠲᠠ᠎ᠳᠤ ᠣᠷᠣᠯᠴᠠᠨ᠎ᠠ᠃
5 . ᠰᠢᠯᠭ᠋ᠠᠭᠤᠯᠤᠭᠴᠢ᠂ ᠰᠢᠯᠭ᠋ᠠᠯᠲᠠ ᠵᠢᠨ ᠠᠵᠢᠯᠲᠠᠨ ᠰᠢᠯᠭ᠋ᠠᠯᠲᠠ ᠵᠢᠨ ᠲᠠᠯᠠᠪᠠᠶ᠎ᠳᠤ ᠣᠷᠣᠬᠤ᠎ᠠᠴᠠ ᠡᠮᠦᠨ᠎ᠡ ᠲᠦᠷᠭᠡᠨ ᠬᠠᠲᠠᠬᠤ ᠭᠠᠷ ᠠᠷᠢᠭᠤᠳᠬᠠᠬᠤ ᠡᠳ᠋ ᠵᠶ᠋ᠠᠷ ᠭᠠᠷ ᠵᠶ᠋ᠠᠨ ᠠᠷᠢᠭᠤᠳᠬᠠᠬᠤ ᠪᠤᠶᠤ ᠭᠠᠷ ᠵᠶ᠋ᠠᠨ ᠤᠬᠢᠶᠠᠪᠠᠯ ᠵᠣᠬᠢᠨ᠎ᠠ᠃
ᠭᠤᠷᠪᠠ᠂ ᠰᠢᠯᠭ᠋ᠠᠯᠲᠠ ᠵᠢᠨ ᠬᠡᠷᠡᠭᠵᠢᠭᠦᠯᠦᠯᠲᠡ
1 . ᠳᠤᠤᠷ᠎ᠠ ᠲᠦᠭᠰᠢᠭᠦᠷᠢᠲᠦ ᠭᠠᠵᠠᠷ ᠣᠷᠣᠨ᠎ᠤ ᠰᠢᠯᠭ᠋ᠠᠭᠤᠯᠤᠭᠴᠢ ᠰᠢᠯᠭ᠋ᠠᠯᠲᠠ ᠵᠢᠨ ᠲᠠᠯᠠᠪᠠᠶ᠎ᠳᠤ ᠣᠷᠣᠬᠤ᠎ᠠᠴᠠ᠎ᠪᠠᠨ ᠡᠮᠦᠨ᠎ᠡ ᠠᠮᠠᠪᠴᠢ ᠵᠡᠭᠦᠵᠦ᠂ ᠰᠢᠯᠭ᠋ᠠᠯᠲᠠ ᠵᠢᠨ ᠲᠠᠯᠠᠪᠠᠶ᠎ᠳᠤ ᠣᠷᠣᠵᠤ ᠰᠠᠭᠤᠭᠰᠠᠨ᠎ᠤ ᠳᠠᠷᠠᠭ᠎ᠠ᠂ ᠰᠢᠯᠭ᠋ᠠᠭᠤᠯᠤᠭᠴᠢ ᠦᠷᠭᠦᠯᠵᠢᠯᠡᠨ ᠵᠡᠭᠦᠬᠦ ᠡᠰᠡᠬᠦ᠎ᠪᠠᠨ ᠥᠪᠡᠰᠦᠪᠡᠨ ᠡᠵᠡᠨ ᠮᠡᠳᠡᠨ ᠲᠣᠭᠲᠠᠭ᠋ᠠᠵᠤ ᠪᠣᠯᠤᠨ᠎ᠠ; ᠳᠤᠮᠳᠠ ᠥᠨᠳᠥᠷ ᠲᠦᠭᠰᠢᠭᠦᠷᠢᠲᠦ ᠭᠠᠵᠠᠷ ᠣᠷᠣᠨ᠂ ᠲᠤᠰᠠᠭ᠋ᠠᠷᠯᠠᠬᠤ᠎ᠪᠠᠷ ᠪᠡᠯᠡᠳᠬᠡᠭᠰᠡᠨ ᠰᠢᠯᠭ᠋ᠠᠯᠲᠠ ᠵᠢᠨ ᠲᠠᠯᠠᠪᠠᠢ᠂ ᠲᠤᠰᠠᠭ᠋ᠠᠷᠯᠠᠬᠤ ᠴᠡᠭ᠎ᠤᠨ ᠰᠢᠯᠭ᠋ᠠᠯᠲᠠ ᠵᠢᠨ ᠲᠠᠯᠠᠪᠠᠢ᠂ ᠡᠮᠨᠡᠯᠭᠡ ᠵᠢᠨ ᠬᠣᠷᠢᠶᠠᠨ᠎ᠤ ᠰᠢᠯᠭ᠋ᠠᠯᠲᠠ ᠵᠢᠨ ᠲᠠᠯᠠᠪᠠᠢ ᠵᠡᠷᠭᠡ ᠰᠢᠯᠭ᠋ᠠᠯᠲᠠ ᠵᠢᠨ ᠲᠠᠯᠠᠪᠠᠢ ᠵᠢᠨ ᠰᠢᠯᠭ᠋ᠠᠭᠤᠯᠤᠭᠰᠠᠳ ᠡᠷᠬᠡᠪᠰᠢ ᠪᠥᠬᠥ ᠶᠠᠪᠤᠴᠠ᠎ᠳᠤ ᠠᠮᠠᠪᠴᠢ ᠵᠡᠭᠦᠬᠦ ᠬᠡᠷᠡᠭᠲᠡᠶ᠃ ᠰᠢᠯᠭ᠋ᠠᠭᠤᠯᠤᠭᠴᠢ ᠰᠢᠯᠭ᠋ᠠᠯᠲᠠ ᠵᠢᠨ ᠴᠡᠭ᠎ᠲᠤ ᠣᠷᠣᠬᠤ᠎ᠳᠤ᠎ᠪᠠᠨ ᠠᠮᠠᠪᠴᠢ ᠵᠡᠭᠦᠭᠰᠡᠨ᠎ᠠᠴᠠ ᠪᠣᠯᠵᠣ ᠪᠡᠶ᠎ᠡ ᠵᠢᠨ ᠭᠠᠷᠤᠯ᠎ᠢ ᠰᠢᠯᠭ᠋ᠠᠨ ᠭᠡᠷᠡᠴᠢᠯᠡᠬᠦ ᠵᠢ ᠨᠥᠯᠥᠭᠡᠯᠡᠵᠦ ᠪᠣᠯᠬᠤ ᠥᠬᠡᠶ᠃
2 . ᠰᠢᠯᠭ᠋ᠠᠭᠤᠯᠤᠭᠴᠢ ᠰᠢᠯᠭ᠋ᠠᠯᠲᠠ ᠳᠡᠭᠡᠷ᠎ᠡ ᠭᠡᠨᠡᠳᠲᠡ ᠬᠠᠯᠠᠭᠤᠷᠠᠬᠤ (ᠪᠡᠶ᠎ᠡ ᠵᠢᠨ ᠬᠠᠯᠠᠭᠤᠨ᠎ᠨᠢ 37 . 3 °C᠎ᠠᠴᠠ ᠳᠤᠤᠷ᠎ᠠ ᠥᠬᠡᠶ) ᠪᠤᠶᠤ ᠬᠠᠭᠤᠷᠠᠶ᠎ᠪᠠᠷ ᠬᠠᠨᠢᠶᠠᠯᠭ᠋ᠠᠬᠤ᠂ ᠲᠠᠮᠢᠷᠳᠠᠬᠤ᠂ ᠬᠠᠮᠠᠷ ᠪᠥᠭᠯᠡᠷᠡᠬᠦ᠂ ᠨᠢᠰᠤ ᠭᠣᠭᠣᠵᠢᠬᠤ᠂ ᠵᠠᠯᠭᠢᠭᠤᠷ ᠡᠪᠡᠳᠬᠦ᠂ ᠰᠠᠭᠤᠯᠭ᠋ᠠᠬᠤ ᠵᠡᠷᠭᠡ ᠪᠡᠶ᠎ᠡ ᠵᠢᠨ ᠪᠠᠶ᠋ᠢᠳᠠᠯ᠎ᠨᠢ ᠬᠡᠪ᠎ᠤᠨ ᠪᠤᠰᠤ ᠪᠠᠢ᠌ᠳᠠᠯ ᠭᠠᠷᠪᠠᠯ ᠳᠠᠷᠤᠶᠳᠤᠨᠢ ᠰᠢᠯᠭ᠋ᠠᠯᠲᠠ ᠵᠢᠨ ᠠᠵᠢᠯᠲᠠᠨ᠎ᠳᠤ ᠮᠡᠳᠡᠭᠳᠡᠬᠦ ᠵᠢᠨ ᠬᠠᠮᠲᠤ ᠬᠣᠯᠪᠤᠭᠳᠠᠬᠤ ᠰᠠᠯᠠᠭ᠎ᠠ ᠮᠥᠴᠢᠷ᠎ᠲᠠᠢ ᠬᠠᠮᠵᠢᠯᠴᠠᠨ ᠶᠡᠷᠦᠩᠬᠡᠶ᠋ᠢᠯᠡᠨ ᠰᠤᠳᠤᠯᠤᠨ ᠮᠠᠭ᠋ᠠᠳᠯᠠᠬᠤ ᠪᠤᠶᠤ ᠰᠢᠢ᠍ᠳᠪᠦᠷᠢᠯᠡᠬᠦ ᠬᠡᠷᠡᠭᠲᠡᠶ᠃ ᠶᠡᠷᠦᠩᠬᠡᠶ᠋ᠢᠯᠡᠨ ᠰᠤᠳᠤᠯᠤᠨ ᠮᠠᠭ᠋ᠠᠳᠯᠠᠭᠰᠠᠨᠤ ᠳᠠᠷᠠᠭ᠎ᠠ ᠰᠢᠯᠭ᠋ᠠᠯᠲᠠ᠎ᠳᠤ ᠣᠷᠣᠯᠴᠠᠬᠤ ᠬᠡᠪ᠎ᠤᠨ ᠨᠥᠬᠥᠴᠡᠯ᠎ᠢ ᠪᠦᠷᠢᠯᠳᠦᠭᠦᠯᠦᠭᠰᠡᠨ ᠪᠣᠯ ᠲᠤᠰᠠᠭ᠋ᠠᠷᠯᠠᠬᠤ ᠰᠢᠯᠭ᠋ᠠᠯᠲᠠ ᠵᠢᠨ ᠲᠠᠯᠠᠪᠠᠶ᠎ᠳᠤ ᠣᠷᠣᠵᠤ ᠦᠷᠭᠦᠯᠵᠢᠯᠡᠨ ᠰᠢᠯᠭ᠋ᠠᠬᠤ ᠵᠢᠨ ᠬᠠᠮᠲᠤ ᠪᠥᠬᠥ ᠶᠠᠪᠤᠴᠠ᠎ᠳᠤ ᠠᠮᠠᠪᠴᠢ ᠵᠡᠭᠦᠬᠦ ᠬᠡᠷᠡᠭᠲᠡᠶ᠃
3 . ᠰᠢᠯᠭ᠋ᠠᠯᠲᠠ ᠳᠠᠭᠤᠰᠤᠭᠰᠠᠨ᠎ᠤ ᠳᠠᠷᠠᠭ᠎ᠠ᠂ ᠰᠢᠯᠭ᠋ᠠᠭᠤᠯᠤᠭᠰᠠᠳ ᠰᠢᠯᠭ᠋ᠠᠯᠲᠠ ᠬᠢᠨᠠᠭᠴᠢ ᠵᠢᠨ ᠵᠢᠭ᠋ᠠᠪᠤᠷᠢ ᠶᠣᠰᠤ᠎ᠪᠠᠷ ᠡᠮᠬᠢ ᠵᠢᠷᠤᠮ᠎ᠲᠠᠢ ᠲᠠᠯᠠᠪᠠᠢ᠎ᠠᠴᠠ ᠭᠠᠷᠴᠤ᠂ ᠠᠮᠠᠪᠴᠢ ᠵᠡᠭᠦᠵᠦ᠂ ᠠᠮᠤᠷ ᠲᠦᠪᠰᠢᠨ᠎ᠤ ᠵᠠᠶ᠎ᠪᠠᠨ ᠪᠠᠲᠤᠯᠠᠬᠤ ᠬᠡᠷᠡᠭᠲᠡᠶ᠂ ᠰᠢᠬᠠᠯᠳᠤᠵᠤ ᠪᠣᠯᠬᠤ ᠥᠬᠡᠶ᠃
ᠳᠥᠷᠪᠡ᠂ ᠬᠣᠭᠣᠯᠠᠯᠠᠵᠤ ᠬᠤᠨᠣᠬᠤ ᠱᠠᠭ᠋ᠠᠷᠳᠠᠯᠭ᠎ᠠ
1 . ᠰᠢᠯᠭ᠋ᠠᠭᠤᠯᠤᠭᠰᠠᠳ ᠲᠥᠪᠯᠡᠷᠡᠨ ᠬᠣᠭᠣᠯᠠᠯᠠᠬᠤ᠎ᠳᠤ ᠬᠦᠷᠪᠡᠯ ᠣᠷᠭᠢᠯ᠎ᠤᠨ ᠬᠤᠭᠤᠴᠠᠭ᠎ᠠ ᠵᠢ ᠵᠥᠷᠢᠭᠦᠯᠦᠨ ᠬᠣᠭᠣᠯᠠᠯᠠᠬᠤ ᠵᠢ ᠬᠡᠷᠡᠭᠵᠢᠭᠦᠯᠬᠦ ᠬᠡᠷᠡᠭᠲᠡᠶ᠃ ᠬᠣᠭᠣᠯᠠᠯᠠᠬᠤ᠎ᠳᠤ ᠮᠥᠷᠯᠡᠬᠦ ᠦᠶᠡᠰ ᠪᠤᠰᠤᠳ᠎ᠲᠠᠢ 1 ᠮᠧᠲᠷ᠎ᠤᠨ ᠵᠠᠢ᠌ᠲᠠᠢ ᠪᠠᠶ᠋ᠢᠵᠤ᠂ ᠴᠠᠭ ᠬᠤᠪᠢᠶᠠᠬᠤ᠂ ᠣᠷᠭᠢᠯ ᠵᠥᠷᠢᠭᠦᠯᠬᠦ᠂ ᠳᠠᠩ ᠴᠢᠭᠯᠡᠯ ᠵᠶ᠋ᠠᠷ ᠬᠣᠭᠣᠯᠠᠯᠠᠬᠤ ᠵᠠᠷᠴᠢᠮ᠎ᠢ ᠵᠢᠷᠤᠮᠯᠠᠵᠤ᠂ ᠪᠥᠭᠡᠮᠨᠡᠷᠡᠨ ᠬᠣᠭᠣᠯᠠᠯᠠᠬᠤ᠂ ᠨᠢᠭᠤᠷᠳᠠᠨ ᠬᠣᠭᠣᠯᠠᠯᠠᠬᠤ᠂ ᠶᠠᠷᠢᠯᠴᠠᠬᠤ᠎ᠠᠴᠠ ᠵᠠᠢ᠌ᠯᠠᠰᠬᠢᠬᠤ ᠬᠡᠷᠡᠭᠲᠡᠢ᠃ ᠬᠣᠭᠣᠯᠠᠨ᠎ᠤ ᠡᠮᠦᠨ᠎ᠡ ᠬᠣᠶ᠋ᠢᠨ᠎ᠠ ᠵᠠᠪᠠᠯ ᠭᠠᠷ ᠵᠶ᠋ᠠᠨ ᠤᠬᠢᠶᠠᠬᠤ ᠬᠡᠷᠡᠭᠲᠡᠶ᠃
2 . ᠰᠢᠯᠭ᠋ᠠᠭᠤᠯᠤᠭᠰᠠᠳ ᠲᠥᠪᠯᠡᠷᠡᠨ ᠰᠠᠭᠤᠵᠤ ᠪᠠᠶ᠋ᠢᠪᠠᠯ ᠤᠬᠠᠮᠰᠠᠷ᠎ᠠᠴᠠ᠎ᠪᠠᠨ ᠬᠢᠵᠢᠭ᠎ᠢ ᠰᠡᠷᠭᠡᠶ᠋ᠢᠯᠡᠬᠦ ᠬᠠᠮᠢᠶᠠᠷᠤᠯᠲᠠ᠎ᠳᠤ ᠬᠠᠮᠵᠢᠯᠴᠠᠵᠤ᠂ ᠬᠢᠵᠢᠭ᠎ᠢ ᠰᠡᠷᠭᠡᠶ᠋ᠢᠯᠡᠬᠦ ᠱᠠᠭ᠋ᠠᠷᠳᠠᠯᠭ᠎ᠠ ᠵᠢ ᠴᠢᠩᠭ᠎ᠠ ᠨᠠᠶ᠋ᠢᠳᠠᠪᠤᠷᠢᠵᠢᠭᠤᠯᠬᠤ ᠬᠡᠷᠡᠭᠲᠡᠶ᠃
ᠲᠠᠪᠤ᠂ ᠪᠤᠰᠤᠳ ᠵᠦᠢ᠍ᠯ
1 . ᠰᠢᠯᠭ᠋ᠠᠭᠤᠯᠤᠭᠴᠢ ᠵᠢᠨ ᠲᠤᠰᠢᠶᠠᠭᠰᠠᠨ ᠪᠡᠶ᠎ᠡ ᠵᠢᠨ ᠬᠠᠯᠠᠭᠤᠨ ᠵᠶ᠋ᠠᠨ ᠬᠡᠮᠵᠢᠭᠰᠡᠨ ᠳᠠᠩᠰᠠᠯᠠᠯ ᠪᠠ ᠠᠮᠠᠯᠠᠯᠲᠠ᠎ᠨᠢ ᠡᠷᠬᠡᠪᠰᠢ ᠦᠨᠡᠨ ᠪᠣᠳᠠᠲᠠᠶ᠂ ᠵᠥᠪ ᠣᠨᠣᠪᠴᠢᠲᠠᠶ ᠪᠠᠶ᠋ᠢᠬᠤ ᠬᠡᠷᠡᠭᠲᠡᠶ᠃ ᠬᠢᠵᠢᠭ᠎ᠢ ᠰᠡᠷᠭᠡᠶ᠋ᠢᠯᠡᠬᠦ ᠱᠠᠭ᠋ᠠᠷᠳᠠᠯᠭ᠎ᠠ᠎ᠠᠴᠠ ᠵᠥᠷᠢᠴᠡᠨ᠂ ᠵᠤᠭ᠋ᠠᠴᠠᠭᠰᠠᠨ ᠲᠡᠦᠬᠡ᠂ ᠣᠶ᠋ᠢᠷᠠᠲᠤᠭᠰᠠᠨ ᠲᠡᠦᠬᠡ᠂ ᠡᠷᠡᠭᠦᠯ ᠮᠡᠨᠳᠦ ᠵᠢᠨ ᠪᠠᠶ᠋ᠢᠳᠠᠯ ᠵᠶ᠋ᠠᠨ ᠨᠢᠭᠤᠨ ᠳᠠᠯᠳᠠᠯᠠᠭᠰᠠᠨ ᠪᠤᠶᠤ ᠬᠤᠳᠠᠯ ᠵᠶ᠋ᠠᠷ ᠮᠡᠳᠡᠭᠦᠯᠵᠦ᠂ ᠬᠢᠵᠢᠭ᠎ᠢ ᠰᠡᠷᠭᠡᠶ᠋ᠢᠯᠡᠬᠦ ᠠᠵᠢᠯ᠎ᠳᠤ ᠬᠠᠮᠵᠢᠯᠴᠠᠬᠤ ᠦᠭᠡᠶ᠎ᠠᠴᠠ ᠪᠣᠯᠵᠤ ᠬᠦᠨᠳᠦ ᠨᠣᠴᠢᠲᠠᠶ ᠦᠷ᠎ᠡ ᠤᠷᠰᠢᠭ ᠭᠠᠷᠭ᠋ᠠᠭᠰᠠᠨ ᠪᠣᠯ ᠬᠠᠤᠯᠢ ᠲᠣᠭᠲᠠᠭ᠋ᠠᠯ ᠶᠣᠰᠤ᠎ᠪᠠᠷ ᠬᠠᠷᠢᠭᠤᠴᠠᠯᠭ᠎ᠠ ᠨᠡᠬᠡᠮᠵᠢᠯᠡᠨ᠎ᠡ᠃
2 . ᠡᠩ᠎ᠤᠨ ᠳᠡᠭᠡᠳᠦ ᠰᠤᠷᠭ᠋ᠠᠭᠤᠯᠢ᠎ᠳᠤ ᠰᠣᠷᠣᠭᠴᠢ ᠡᠯᠰᠡᠬᠦ ᠪᠥᠬᠥ ᠤᠯᠤᠰ᠎ᠤᠨ ᠨᠢᠭᠡᠳᠦᠯᠲᠡᠶ ᠰᠢᠯᠭ᠋ᠠᠯᠲᠠ ᠵᠢᠨ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠱᠠᠭ᠋ᠠᠷᠳᠠᠯᠭ᠎ᠠ ᠵᠢ ᠦᠨᠳᠦᠰᠦᠯᠡᠨ᠂ ᠤᠯᠤᠰ ᠪᠠ ᠮᠠᠨ᠎ᠤ ᠣᠷᠣᠨ᠎ᠤ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠶᠡᠷᠦᠩᠬᠡᠶ ᠪᠠᠶ᠋ᠢᠷᠢᠯᠠᠭᠤᠯᠤᠯᠲᠠ ᠵᠢᠴᠢ ᠡᠯ᠎ᠡ ᠭᠠᠵᠠᠷ᠎ᠤᠨ ᠬᠠᠮᠤᠭ᠎ᠤᠨ ᠰᠢᠨ᠎ᠡ ᠱᠠᠭ᠋ᠠᠷᠳᠠᠯᠭ᠎ᠠ ᠵᠢ ᠦᠨᠳᠦᠰᠦᠯᠡᠨ ᠬᠥᠳᠡᠯᠦᠩᠭᠦᠶ ᠲᠣᠬᠢᠷᠠᠭᠤᠯᠵᠤ᠂ ᠮᠠᠨ᠎ᠤ ᠣᠷᠣᠨ ᠪᠠ ᠰᠢᠯᠭ᠋ᠠᠯᠲᠠ ᠵᠢᠨ ᠴᠡᠭ᠎ᠤᠨ ᠬᠠᠷᠢᠶ᠎ᠠ ᠭᠠᠵᠠᠷ᠎ᠤᠨ ᠠᠯᠪᠠᠨ᠎ᠤ ᠲᠠᠯ᠎ᠠ ᠵᠢᠨ ᠨᠡᠶ᠋ᠢᠲᠡᠯᠡᠭᠰᠡᠨ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠬᠠᠮᠤᠭ᠎ᠤᠨ ᠰᠢᠨ᠎ᠡ ᠱᠠᠭ᠋ᠠᠷᠳᠠᠯᠭ᠎ᠠ ᠵᠢ ᠨᠠᠷᠢᠨ ᠬᠢᠨᠠᠮᠠᠭ᠋ᠠᠢ ᠠᠩᠬᠠᠷᠴᠤ᠂ ᠰᠢᠯᠭ᠋ᠠᠯᠲᠠ᠎ᠳᠤ ᠣᠷᠣᠯᠴᠠᠬᠤ ᠪᠡᠯᠡᠳᠬᠡᠯ᠎ᠢ ᠰᠠᠶ᠋ᠢᠲᠤᠷ ᠬᠢᠬᠦ ᠵᠢᠨ ᠬᠠᠮᠲᠤ ᠰᠢᠯᠭ᠋ᠠᠯᠲᠠ ᠵᠢᠨ ᠴᠡᠭ᠎ᠤᠨ ᠬᠢᠵᠢᠭ᠎ᠢ ᠰᠡᠷᠭᠡᠶ᠋ᠢᠯᠡᠬᠦ ᠬᠠᠮᠢᠶᠠᠷᠤᠯᠲᠠ ᠵᠢᠨ ᠠᠵᠢᠯ᠎ᠳᠤ ᠰᠠᠨᠠᠭ᠋ᠠᠴᠢᠯᠠᠭ᠎ᠠ᠎ᠠᠴᠠ᠎ᠪᠠᠨ ᠬᠠᠮᠵᠢᠯᠴᠠᠭ᠋ᠠᠷᠠᠶ᠃