ᠨᠠᠮ᠎ᠤᠨ ᠲᠥᠪ ᠬᠣᠷᠢᠶ᠎ᠠ᠂ ᠲᠥᠷᠥ ᠵᠢᠨ ᠶᠠᠪᠤᠳᠠᠯ᠎ᠤᠨ ᠬᠣᠷᠢᠶᠠᠨ᠎ᠤ ᠰᠢᠢ᠍ᠳᠪᠦᠷᠢᠲᠦ ᠪᠣᠳᠣᠯᠭ᠎ᠠ ᠵᠢᠨ ᠪᠠᠶ᠋ᠢᠷᠢᠯᠠᠭᠤᠯᠤᠯᠲᠠ ᠵᠢ ᠭᠦᠨᠵᠡᠭᠡᠶ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ ᠵᠢᠨ ᠲᠥᠯᠥᠭᠡ᠂ 6 ᠰᠠᠷ᠎ᠠ ᠵᠢᠨ 9᠎ᠤ ᠡᠳᠦᠷ᠂ ᠰᠤᠷᠭ᠋ᠠᠨ ᠬᠥᠮᠦᠵᠢᠯ᠎ᠤᠨ ᠶᠠᠮᠤᠨ᠎ᠠᠴᠠ 2022 ᠣᠨ᠎ᠤ ᠪᠥᠬᠥ ᠤᠯᠤᠰ᠎ᠤᠨ ᠰᠤᠷᠭ᠋ᠠᠨ ᠬᠥᠮᠦᠵᠢᠯ᠎ᠤᠨ ᠰᠢᠰᠲ᠋ᠧᠮ᠎ᠤᠨ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠠᠵᠢᠯ᠎ᠤᠨ ᠸᠢᠳᠢᠣ᠋ ᠲᠣᠬᠢᠷᠠᠭᠤᠯᠤᠯᠲᠠ ᠵᠢᠨ ᠬᠤᠷᠠᠯ᠎ᠢ ᠬᠤᠷᠠᠯᠳᠤᠭᠤᠯᠵᠤ᠂ ᠣᠷᠣᠨ ᠨᠤᠲᠤᠭ ᠪᠠ ᠳᠡᠭᠡᠳᠦ ᠰᠤᠷᠭ᠋ᠠᠭᠤᠯᠢ ᠵᠢᠨ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠠᠷᠭ᠎ᠠ ᠪᠠᠷᠢᠯ ᠵᠶ᠋ᠠᠨ ᠰᠣᠯᠢᠯᠴᠠᠵᠤ᠂ ᠣᠳᠣᠬᠠᠨ᠎ᠤ ᠰᠤᠷᠭ᠋ᠠᠨ ᠬᠥᠮᠦᠵᠢᠯ᠎ᠤᠨ ᠰᠢᠰᠲ᠋ᠧᠮ᠎ᠤᠨ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠪᠠ ᠰᠤᠷᠭ᠋ᠠᠨ ᠬᠥᠮᠦᠵᠢᠯ ᠵᠢᠭ᠋ᠠᠨ ᠰᠤᠷᠭ᠋ᠠᠯᠲᠠ ᠵᠢᠨ ᠠᠵᠢᠯ᠎ᠢ ᠨᠢᠭᠡᠳᠦᠯᠲᠡᠶ ᠲᠥᠯᠥᠪᠵᠢᠭᠦᠯᠦᠨ ᠰᠠᠶ᠋ᠢᠲᠤᠷ ᠬᠢᠬᠦ ᠲᠤᠬᠠᠶ ᠪᠠᠶ᠋ᠢᠷᠢᠯᠠᠭᠤᠯᠪᠠ᠃ ᠬᠤᠷᠠᠯ᠎ᠠᠴᠠ ᠶᠠᠮᠠᠷ ᠠᠭᠤᠯᠭ᠎ᠠ ᠵᠢ ᠴᠢᠬᠤᠯᠠᠴᠢᠯᠠᠭᠰᠠᠨ ᠪᠣᠶ? ᠬᠠᠮᠲᠤ᠎ᠳᠤ᠎ᠪᠠᠨ ᠦᠵᠡᠵᠡᠭᠡᠶ᠎ᠡ᠃
ᠬᠤᠷᠠᠯ᠎ᠠᠴᠠ ᠳᠥᠷᠪᠡᠨ ᠵᠦᠢ᠍ᠯ᠎ᠤᠨ ᠪᠠᠶ᠋ᠢᠷᠢᠯᠠᠭᠤᠯᠤᠯᠲᠠ ᠬᠢᠵᠡᠶ᠃
ᠨᠢᠭᠡ᠎ᠳᠤ᠂ ᠳᠡᠭᠡᠳᠦ ᠰᠤᠷᠭ᠋ᠠᠭᠤᠯᠢ ᠵᠢᠨ ᠰᠤᠷᠤᠭᠴᠢᠳ᠎ᠤᠨ ᠰᠤᠷᠭ᠋ᠠᠭᠤᠯᠢ᠎ᠠᠴᠠ᠎ᠪᠠᠨ ᠰᠠᠯᠵᠤ ᠨᠤᠲᠤᠭ᠎ᠲᠤ᠎ᠪᠠᠨ ᠪᠤᠴᠠᠬᠤ ᠲᠥᠷᠥ ᠵᠢᠨ ᠪᠣᠳᠣᠯᠭ᠎ᠠ ᠵᠢᠨ ᠱᠠᠭ᠋ᠠᠷᠳᠠᠯᠭ᠎ᠠ ᠵᠢ ᠦᠷᠭᠦᠯᠵᠢᠯᠡᠨ ᠨᠠᠶ᠋ᠢᠳᠠᠪᠤᠷᠢᠵᠢᠭᠤᠯᠤᠨ᠎ᠠ᠃ ᠡᠯ᠎ᠡ ᠭᠠᠵᠠᠷ᠎ᠤᠨ ᠰᠤᠷᠭ᠋ᠠᠨ ᠬᠥᠮᠦᠵᠢᠯ᠎ᠤᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ ᠪᠣᠯᠤᠨ ᠳᠡᠭᠡᠳᠦ ᠰᠤᠷᠭ᠋ᠠᠭᠤᠯᠢ ᠵᠢᠨ᠎ᠬᠢᠨ 6 ᠰᠠᠷ᠎ᠠ ᠵᠢᠨ 3᠎ᠤ ᠡᠳᠦᠷ ᠲᠥᠷᠥ ᠵᠢᠨ ᠶᠠᠪᠤᠳᠠᠯ᠎ᠤᠨ ᠬᠣᠷᠢᠶᠠᠨ᠎ᠤ ᠰᠢᠨ᠎ᠡ ᠲᠢᠲᠢᠮᠯᠢᠭ ᠠᠭᠤᠰᠬᠢᠨ᠎ᠤ ᠦᠷᠪᠢᠰᠦᠯ᠎ᠤᠨ ᠬᠢᠵᠢᠭ᠎ᠤᠨ ᠪᠠᠶ᠋ᠢᠳᠠᠯ᠎ᠢ ᠬᠣᠯᠪᠣᠭ᠋ᠠᠯᠠᠨ ᠰᠡᠷᠭᠡᠶ᠋ᠢᠯᠡᠵᠦ ᠬᠣᠯᠪᠣᠭ᠋ᠠᠯᠠᠨ ᠡᠵᠡᠮᠳᠡᠬᠦ ᠲᠣᠭᠲᠠᠴᠠ ᠵᠢᠨ ᠶᠡᠷᠦᠩᠬᠡᠶ᠋ᠢᠯᠡᠭᠰᠡᠨ ᠳᠤᠭᠤᠶ᠋ᠢᠯᠠᠩ᠎ᠤᠨ ᠳᠠᠷᠤᠮᠠᠯᠯᠠᠨ ᠲᠠᠷᠬᠠᠭ᠋ᠠᠭᠰᠠᠨ 《ᠪᠥᠬᠥ ᠤᠯᠤᠰ᠎ᠤᠨ ᠳᠡᠭᠡᠳᠦ ᠰᠤᠷᠭ᠋ᠠᠭᠤᠯᠢ ᠵᠢᠨ ᠰᠤᠷᠤᠭᠴᠢᠳ᠎ᠤᠨ ᠰᠤᠷᠭ᠋ᠠᠭᠤᠯᠢ᠎ᠠᠴᠠ᠎ᠪᠠᠨ ᠰᠠᠯᠵᠤ ᠨᠤᠲᠤᠭ᠎ᠲᠤ᠎ᠪᠠᠨ ᠪᠤᠴᠠᠬᠤ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠠᠵᠢᠯ᠎ᠢ ᠰᠠᠶ᠋ᠢᠲᠤᠷ ᠬᠢᠬᠦ ᠲᠤᠬᠠᠶ ᠮᠡᠳᠡᠭᠳᠡᠯ》᠎ᠢ ᠰᠠᠶ᠋ᠢᠲᠤᠷ ᠨᠠᠶ᠋ᠢᠳᠠᠪᠤᠷᠢᠵᠢᠭᠤᠯᠵᠤ᠂ ᠲᠥᠷᠥ ᠵᠢᠨ ᠪᠣᠳᠣᠯᠭ᠎ᠠ ᠵᠢ ᠬᠦᠴᠦᠲᠡᠶ ᠬᠡᠷᠡᠭᠵᠢᠭᠦᠯᠬᠦ᠂ ᠰᠤᠷᠤᠭᠴᠢᠳ᠎ᠤᠨ ᠨᠤᠲᠤᠭ᠎ᠲᠤ᠎ᠪᠠᠨ ᠪᠤᠴᠠᠬᠤ ᠵᠢ ᠤᠷᠤᠭᠰᠢᠲᠠᠶ ᠪᠠᠶ᠋ᠢᠯᠭ᠋ᠠᠬᠤ ᠵᠢ ᠦᠨᠡᠨ ᠬᠦ᠌ ᠪᠠᠲᠤᠯᠠᠵᠤ᠂ ᠣᠨᠴᠠ ᠵᠠᠷᠢᠮ ᠭᠠᠵᠠᠷ ᠣᠷᠣᠨ᠎ᠤ ᠲᠥᠷᠥ ᠵᠢᠨ ᠪᠣᠳᠣᠯᠭ᠎ᠠ ᠵᠢ ᠨᠠᠶ᠋ᠢᠳᠠᠪᠤᠷᠢᠵᠢᠭᠤᠯᠬᠤ ᠦᠶ᠎ᠡ᠎ᠳᠤ ᠣᠷᠣᠰᠢᠵᠤ ᠪᠠᠶ᠋ᠢᠭ᠎ᠠ ᠨᠢᠭᠡ ᠯᠡ ᠪᠠᠷᠢᠮᠵᠢᠶ᠎ᠠ᠎ᠪᠠᠷ ᠱᠠᠭ᠋ᠠᠷᠳᠠᠬᠤ᠂ ᠱᠠᠲᠤ ᠱᠠᠲᠤ᠎ᠪᠠᠷ ᠡᠭᠦᠷᠭᠡ ᠨᠡᠮᠡᠬᠦ ᠵᠡᠷᠭᠡ ᠦᠵᠡᠭᠳᠡᠯ᠎ᠢ ᠴᠠᠭ ᠲᠤᠬᠠᠶ᠎ᠳᠤᠨᠢ ᠵᠠᠯᠠᠷᠠᠭᠤᠯᠬᠤ ᠬᠡᠷᠡᠭᠲᠡᠶ᠃
ᠬᠣᠶᠠᠷ᠎ᠲᠤ᠂ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠪᠠ ᠰᠤᠷᠭ᠋ᠠᠨ ᠬᠥᠮᠦᠵᠢᠯ ᠵᠢᠭ᠋ᠠᠨ ᠰᠤᠷᠭ᠋ᠠᠯᠲᠠ ᠵᠢᠨ ᠠᠵᠢᠯ᠎ᠢ ᠨᠢᠭᠡᠳᠦᠯᠲᠡᠶ ᠲᠥᠯᠥᠪᠵᠢᠭᠦᠯᠦᠨ ᠲᠣᠬᠢᠷᠠᠭᠤᠯᠤᠨ᠎ᠠ᠃ ᠡᠯ᠎ᠡ ᠭᠠᠵᠠᠷ᠎ᠤᠨ ᠰᠤᠷᠭ᠋ᠠᠨ ᠬᠥᠮᠦᠵᠢᠯ᠎ᠤᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ ᠪᠣᠯᠤᠨ ᠳᠡᠭᠡᠳᠦ ᠰᠤᠷᠭ᠋ᠠᠭᠤᠯᠢ ᠵᠢᠨ᠎ᠬᠢᠨ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠪᠠᠶ᠋ᠢᠳᠠᠯ᠂ ᠰᠤᠷᠭ᠋ᠠᠭᠤᠯᠢ ᠵᠢᠨ ᠪᠢᠲᠡᠭᠦᠮᠵᠢᠯᠡᠨ ᠡᠵᠡᠮᠳᠡᠬᠦ ᠬᠠᠮᠢᠶᠠᠷᠤᠯᠲᠠ ᠵᠢᠨ ᠪᠠᠶ᠋ᠢᠳᠠᠯ ᠪᠣᠯᠤᠨ ᠰᠤᠷᠭ᠋ᠠᠭᠤᠯᠢ᠎ᠳᠤ ᠪᠠᠶ᠋ᠢᠭ᠎ᠠ ᠰᠤᠷᠤᠭᠴᠢᠳ᠎ᠤᠨ ᠲᠣᠭ᠎ᠠ ᠵᠢ ᠦᠨᠳᠦᠰᠦᠯᠡᠨ᠂ 《ᠮᠤᠵᠢ ᠵᠢᠨ ᠳᠣᠲᠣᠷ᠎ᠠ ᠨᠢᠭᠡᠳᠦᠯᠲᠡᠶ ᠲᠥᠯᠦᠪᠯᠡᠬᠦ᠂ ᠨᠢᠭᠡ ᠰᠤᠷᠭ᠋ᠠᠭᠤᠯᠢ ᠨᠢᠭᠡ ᠠᠷᠭ᠎ᠠ ᠪᠣᠳᠣᠯᠭ᠎ᠠ》 ᠵᠢᠨ ᠵᠠᠷᠴᠢᠮ ᠶᠣᠰᠤ᠎ᠪᠠᠷ ᠰᠤᠷᠭ᠋ᠠᠭᠤᠯᠢ ᠵᠢᠨ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠪᠠ ᠰᠤᠷᠭ᠋ᠠᠨ ᠬᠥᠮᠦᠵᠢᠯ ᠵᠢᠭ᠋ᠠᠨ ᠰᠤᠷᠭ᠋ᠠᠯᠲᠠ ᠵᠢᠨ ᠠᠵᠢᠯ᠎ᠢ ᠨᠠᠷᠢᠯᠢᠭ ᠣᠨᠣᠴᠠᠲᠠᠢ ᠰᠤᠳᠤᠯᠤᠨ ᠮᠠᠭ᠋ᠠᠳᠯᠠᠵᠤ᠂ ᠨᠢᠭᠡᠳᠦᠯᠲᠡᠶ ᠲᠥᠯᠥᠪᠵᠢᠭᠦᠯᠦᠨ ᠲᠣᠬᠢᠷᠠᠭᠤᠯᠬᠤ ᠬᠡᠷᠡᠭᠲᠡᠢ᠃
ᠭᠤᠷᠪᠠ᠎ᠳᠤ᠂ ᠰᠤᠷᠤᠭᠴᠢᠳ᠎ᠢ ᠬᠠᠯᠠᠮᠵᠢᠯᠠᠨ ᠬᠠᠶ᠋ᠢᠷᠠᠯᠠᠬᠤ ᠵᠢ ᠴᠢᠩᠭ᠋ᠠᠳᠬᠠᠨ᠎ᠠ᠃ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠪᠠ ᠰᠤᠷᠭ᠋ᠠᠭᠤᠯᠢ ᠵᠢᠨ ᠬᠦᠷᠢᠶᠡᠨ᠎ᠤ ᠦᠢ᠍ᠯᠡᠴᠢᠯᠡᠭᠡ ᠵᠢ ᠪᠠᠲᠤᠯᠠᠬᠤ ᠠᠷᠭ᠎ᠠ ᠬᠡᠮᠵᠢᠶ᠎ᠡ ᠵᠢ ᠨᠢᠭᠡᠳᠦᠯᠲᠡᠶ ᠲᠥᠯᠥᠪᠵᠢᠭᠦᠯᠦᠨ ᠨᠠᠶ᠋ᠢᠳᠠᠪᠤᠷᠢᠵᠢᠭᠤᠯᠵᠤ᠂ ᠰᠤᠷᠤᠭᠴᠢᠳ᠎ᠤᠨ ᠬᠦᠰᠡᠯ ᠱᠠᠭ᠋ᠠᠷᠳᠠᠯᠭ᠎ᠠ ᠵᠢ ᠭᠦᠢ᠍ᠴᠡᠳ ᠣᠶ᠋ᠢᠯᠠᠭ᠋ᠠᠵᠤ᠂ ᠰᠤᠷᠤᠭᠴᠢᠳ᠎ᠤᠨ ᠰᠤᠷᠤᠯᠴᠠᠯᠭ᠎ᠠ᠂ ᠡᠷᠳᠡᠮ ᠰᠢᠨᠵᠢᠯᠡᠭᠡ᠂ ᠳᠠᠳᠤᠯᠭ᠎ᠠ᠂ ᠰᠢᠯᠭ᠋ᠠᠯᠲᠠ ᠵᠡᠷᠭᠡ ᠵᠢ ᠲᠣᠬᠢᠲᠠᠶ ᠰᠠᠶ᠋ᠢᠲᠤᠷ ᠲᠣᠬᠢᠷᠠᠭᠤᠯᠵᠤ᠂ ᠰᠤᠷᠤᠭᠴᠢᠳ᠎ᠢ ᠬᠠᠯᠠᠮᠵᠢᠯᠠᠨ ᠬᠠᠶ᠋ᠢᠷᠠᠯᠠᠬᠤ ᠵᠢ ᠴᠢᠩᠭ᠋ᠠᠳᠬᠠᠬᠤ ᠬᠡᠷᠡᠭᠲᠡᠶ᠃
ᠳᠥᠷᠪᠡ᠎ᠳᠤ᠂ ᠵᠣᠨ᠎ᠤ ᠠᠮᠠᠷᠠᠯᠲᠠ ᠵᠢᠨ ᠬᠤᠭᠤᠴᠠᠭ᠋ᠠᠨ᠎ᠤ ᠰᠤᠷᠭ᠋ᠠᠭᠤᠯᠢ ᠵᠢᠨ ᠬᠦᠷᠢᠶᠡᠨ᠎ᠤ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠠᠵᠢᠯ᠎ᠢ ᠰᠠᠶ᠋ᠢᠲᠤᠷ ᠠᠳᠬᠤᠨ᠎ᠠ᠃ ᠵᠤᠨ᠎ᠤ ᠠᠮᠠᠷᠠᠯᠲᠠ ᠣᠶ᠋ᠢᠷᠠᠳᠴᠤ᠂ ᠡᠯ᠎ᠡ ᠭᠠᠵᠠᠷ᠎ᠤᠨ ᠰᠤᠷᠭ᠋ᠠᠨ ᠬᠥᠮᠦᠵᠢᠯ᠎ᠤᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ ᠪᠣᠯᠤᠨ ᠳᠡᠭᠡᠳᠦ ᠰᠤᠷᠭ᠋ᠠᠭᠤᠯᠢ ᠵᠢᠨ᠎ᠬᠢᠨ ᠵᠤᠨ᠎ᠤ ᠠᠮᠠᠷᠠᠯᠲᠠ᠎ᠳᠤ ᠴᠢᠯᠥᠭᠡ ᠲᠠᠯᠪᠢᠬᠤ᠂ ᠨᠠᠮᠤᠷ᠎ᠤᠨ ᠤᠯᠠᠷᠢᠯ᠎ᠤᠨ ᠰᠤᠷᠤᠯᠭ᠎ᠠ ᠵᠢᠨ ᠬᠤᠭᠤᠴᠠᠭ᠎ᠠ ᠡᠬᠢᠯᠡᠬᠦ ᠲᠤᠬᠢᠷᠠᠭᠤᠯᠤᠯᠳᠠ ᠵᠢ ᠤᠷᠢᠳᠴᠢᠯᠠᠨ ᠲᠥᠯᠥᠪᠵᠢᠭᠦᠯᠵᠦ᠂ ᠵᠤᠨ᠎ᠤ ᠤᠯᠠᠷᠢᠯ᠎ᠤᠨ ᠰᠤᠷᠭ᠋ᠠᠭᠤᠯᠢ ᠵᠢᠨ ᠬᠦᠷᠢᠶᠡᠨ᠎ᠤ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠲᠥᠰᠦᠯ᠎ᠢ ᠨᠠᠷᠢᠯᠢᠭᠵᠢᠭᠤᠯᠵᠤ᠂ ᠵᠢᠭ᠋ᠠᠨ ᠰᠤᠷᠭ᠋ᠠᠯᠲᠠ ᠡᠷᠳᠡᠮ ᠰᠢᠨᠵᠢᠯᠡᠭᠡ᠂ ᠠᠷᠤ ᠲᠠᠯ᠎ᠠ ᠵᠢᠨ ᠦᠢ᠍ᠯᠡᠴᠢᠯᠡᠭᠡᠨ᠎ᠤ ᠪᠠᠲᠤᠯᠠᠭ᠎ᠠ ᠵᠡᠷᠭᠡ ᠠᠵᠢᠯ᠎ᠤᠨ ᠪᠣᠳᠠᠲᠤ ᠪᠠᠶ᠋ᠢᠳᠠᠯ᠎ᠢ ᠦᠨᠳᠦᠰᠦᠯᠡᠵᠦ᠂ ᠵᠤᠨ᠎ᠤ ᠠᠮᠠᠷᠠᠯᠲᠠ᠎ᠳᠤ ᠰᠤᠷᠭ᠋ᠠᠭᠤᠯᠢ᠎ᠳᠤ ᠦᠯᠡᠳᠡᠬᠦ ᠠᠵᠢᠯᠳᠠᠨ᠎ᠢ ᠵᠣᠬᠢᠰᠲᠠᠢ ᠲᠣᠬᠢᠷᠠᠭᠤᠯᠵᠤ᠂ ᠰᠤᠷᠭ᠋ᠠᠭᠤᠯᠢ᠎ᠳᠤ ᠦᠯᠡᠳᠡᠭᠰᠡᠨ ᠪᠠᠭᠰᠢ ᠰᠤᠷᠤᠬ᠍ᠴᠢ ᠠᠵᠢᠯᠳᠠᠨ᠎ᠤ ᠬᠠᠮᠢᠶᠠᠷᠤᠯᠲᠠ ᠵᠢ ᠴᠢᠩᠭ᠎ᠠ ᠨᠠᠶ᠋ᠢᠳᠠᠪᠤᠷᠢᠵᠢᠭᠤᠯᠵᠤ᠂ ᠪᠠᠭᠰᠢ ᠰᠤᠷᠤᠬ᠍ᠴᠢ ᠵᠢᠨ ᠡᠷᠡᠭᠦᠯ ᠮᠡᠨᠳᠦ᠂ ᠰᠤᠷᠭ᠋ᠠᠭᠤᠯᠢ ᠵᠢᠨ ᠬᠦᠷᠢᠶᠡᠨ᠎ᠤ ᠠᠮᠤᠷ ᠲᠦᠪᠰᠢᠨ᠎ᠢ ᠦᠨᠡᠨ ᠬᠦ᠌ ᠪᠠᠲᠤᠯᠠᠬᠤ ᠬᠡᠷᠡᠭᠲᠡᠢ᠃
ᠪᠡᠭᠡᠵᠢᠩ ᠬᠣᠲᠠ ᠵᠢᠨ ᠰᠤᠷᠭ᠋ᠠᠨ ᠬᠥᠮᠦᠵᠢᠯ᠎ᠤᠨ ᠵᠥᠪᠯᠡᠯ᠂ ᠱᠠᠩᠬᠠᠶ ᠬᠣᠲᠠ ᠵᠢᠨ ᠰᠤᠷᠭ᠋ᠠᠨ ᠬᠥᠮᠦᠵᠢᠯ᠎ᠤᠨ ᠵᠥᠪᠯᠡᠯ᠂ ᠾᠧᠨᠠᠨ ᠮᠤᠵᠢ ᠵᠢᠨ ᠰᠤᠷᠭ᠋ᠠᠨ ᠬᠥᠮᠦᠵᠢᠯ᠎ᠤᠨ ᠲᠢᠩᠬᠢᠮ᠂ ᠶᠦᠨᠨᠠᠨ ᠮᠤᠵᠢ ᠵᠢᠨ ᠰᠤᠷᠭ᠋ᠠᠨ ᠬᠥᠮᠦᠵᠢᠯ᠎ᠤᠨ ᠲᠢᠩᠬᠢᠮ᠂ ᠳᠤᠮᠳᠠᠳᠤ ᠤᠯᠤᠰ᠎ᠤᠨ ᠠᠷᠠᠳ᠎ᠤᠨ ᠶᠡᠬᠡ ᠰᠤᠷᠭ᠋ᠠᠭᠤᠯᠢ᠂ ᠪᠡᠭᠡᠵᠢᠩ᠎ᠤᠨ ᠵᠠᠮ ᠬᠠᠷᠢᠯᠴᠠᠭ᠋ᠠᠨ᠎ᠤ ᠶᠡᠬᠡ ᠰᠤᠷᠭ᠋ᠠᠭᠤᠯᠢ ᠵᠡᠷᠭᠡ 6 ᠨᠢᠭᠡᠴᠢ ᠵᠢᠨ ᠬᠠᠷᠢᠭᠤᠴᠠᠯᠭ᠋ᠠᠲᠠᠨ ᠰᠠᠨᠠᠯ ᠵᠶ᠋ᠠᠨ ᠰᠣᠯᠢᠯᠴᠠᠪᠠ᠃ ᠰᠤᠷᠭ᠋ᠠᠨ ᠬᠥᠮᠦᠵᠢᠯ᠎ᠤᠨ ᠶᠠᠮᠤᠨ᠎ᠤ ᠰᠢᠨ᠎ᠡ ᠲᠢᠲᠢᠮᠯᠢᠭ ᠠᠭᠤᠰᠬᠢᠨ᠎ᠤ ᠦᠷᠪᠢᠰᠦᠯ᠎ᠤᠨ ᠬᠢᠵᠢᠭ᠎ᠤᠨ ᠪᠠᠶ᠋ᠢᠳᠠᠯ᠎ᠢ ᠠᠷᠭ᠋ᠠᠴᠠᠬᠤ ᠠᠵᠢᠯ᠎ᠤᠨ ᠤᠳᠤᠷᠢᠳᠬᠤ ᠳᠤᠭᠤᠶ᠋ᠢᠯᠠᠩ᠎ᠤᠨ ᠡᠯ᠎ᠡ ᠲᠤᠰᠬᠠᠶ ᠠᠵᠢᠯ᠎ᠤᠨ ᠳᠤᠭᠤᠶ᠋ᠢᠯᠠᠩ᠎ᠤᠨ ᠬᠠᠷᠢᠭᠤᠴᠠᠯᠭ᠋ᠠᠲᠠᠨ᠂ ᠡᠯ᠎ᠡ ᠮᠤᠵᠢ ᠵᠢᠨ ᠱᠠᠲᠤᠨ᠎ᠤ ᠰᠤᠷᠭ᠋ᠠᠨ ᠬᠥᠮᠦᠵᠢᠯ᠎ᠤᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠂ ᠰᠤᠷᠭ᠋ᠠᠨ ᠬᠥᠮᠦᠵᠢᠯ᠎ᠤᠨ ᠶᠠᠮᠤᠨ᠎ᠤ ᠰᠢᠭᠤᠳ ᠬᠠᠷᠢᠶ᠎ᠠ ᠡᠯ᠎ᠡ ᠳᠡᠭᠡᠳᠦ ᠰᠤᠷᠭ᠋ᠠᠭᠤᠯᠢ᠂ ᠶᠠᠮᠤᠨ ᠪᠠ ᠮᠤᠵᠢ ᠵᠢᠨ ᠬᠠᠮᠲᠤᠷᠠᠨ ᠪᠠᠶ᠋ᠢᠭᠤᠯᠤᠭᠰᠠᠨ ᠡᠯ᠎ᠡ ᠳᠡᠭᠡᠳᠦ ᠰᠤᠷᠭ᠋ᠠᠭᠤᠯᠢ ᠵᠢᠨ ᠬᠠᠷᠢᠭᠤᠴᠠᠯᠭ᠋ᠠᠲᠠᠨ ᠲᠣᠰ ᠲᠣᠰ ᠭᠤᠤᠯ ᠬᠤᠷᠠᠯ᠎ᠤᠨ ᠲᠠᠯᠠᠪᠠᠶ ᠪᠠ ᠬᠤᠪᠢᠶᠠᠷᠢ ᠬᠤᠷᠠᠯ᠎ᠤᠨ ᠲᠠᠯᠠᠪᠠᠶ᠎ᠳᠤ ᠬᠤᠷᠠᠯ᠎ᠳᠤ ᠣᠷᠣᠯᠴᠠᠪᠠ᠃