ᠤᠷᠢᠳᠴᠢᠯᠠᠨ ᠬᠤᠪᠢ ᠪᠠᠶ᠋ᠢᠴᠠᠭ᠋ᠠᠬᠤ᠂ ᠰᠦᠢ᠍ᠳᠭᠡᠯ ᠬᠤᠷᠢᠶᠠᠵᠤ ᠨᠥᠬᠥᠨ ᠡᠯᠰᠡᠬᠦ᠂ ᠬᠤᠳᠠᠯ ᠬᠠᠭᠤᠷᠮᠠᠭ ᠨᠥᠬᠥᠪᠥᠷᠢ ᠮᠥᠩᠭᠥ ᠁ ᠡᠩ᠎ᠤᠨ ᠳᠡᠭᠡᠳᠦ ᠰᠤᠷᠭ᠋ᠠᠭᠤᠯᠢ᠎ᠳᠤ ᠰᠤᠷᠤᠭᠴᠢ ᠡᠯᠰᠡᠬᠦ ᠪᠥᠬᠦ ᠤᠯᠤᠰ᠎ᠤᠨ ᠨᠢᠭᠡᠳᠦᠯᠲᠡᠢ ᠰᠢᠯᠭ᠋ᠠᠯᠲᠠ ᠳᠠᠭᠤᠰᠪᠠ᠂ ᠡᠲᠡᠭᠡᠷ ᠮᠡᠬᠡᠯᠡᠯ᠎ᠢ ᠰᠢᠯᠭ᠋ᠠᠭᠤᠯᠤᠭᠴᠢ ᠵᠢᠨ ᠬᠡᠷ᠎ᠤᠨ ᠠᠬᠠᠮᠠᠳ ᠰᠡᠷᠡᠮᠵᠢᠯᠡᠬᠦ ᠬᠡᠷᠡᠭᠲᠡᠶ᠃ ᠬᠠᠮᠲᠤ᠎ᠳᠤ᠎ᠪᠠᠨ ᠡᠩ᠎ᠤᠨ ᠳᠡᠭᠡᠳᠦ ᠰᠤᠷᠭ᠋ᠠᠭᠤᠯᠢ᠎ᠳᠤ ᠰᠤᠷᠤᠭᠴᠢ ᠡᠯᠰᠡᠬᠦ ᠪᠥᠬᠦ ᠤᠯᠤᠰ᠎ᠤᠨ ᠨᠢᠭᠡᠳᠦᠯᠲᠡᠢ ᠰᠢᠯᠭ᠋ᠠᠯᠲᠠ ᠵᠢᠨ ᠮᠡᠬᠡᠯᠡᠯ᠎ᠢ ᠰᠡᠷᠭᠡᠶ᠋ᠢᠯᠡᠬᠦ ᠲᠤᠬᠠᠢ ᠬᠢᠴᠢᠶᠡᠯ᠎ᠢ ᠰᠣᠨᠣᠰᠴᠠᠭ᠋ᠠᠶ᠎ᠠ!
01 . 《ᠤᠷᠢᠳᠴᠢᠯᠠᠨ ᠬᠤᠪᠢ ᠪᠠᠶ᠋ᠢᠴᠠᠭ᠋ᠠᠬᠤ》 ᠮᠡᠬᠡᠯᠡᠯ
ᠡᠩ᠎ᠤᠨ ᠳᠡᠭᠡᠳᠦ ᠰᠤᠷᠭ᠋ᠠᠭᠤᠯᠢ᠎ᠳᠤ ᠰᠤᠷᠤᠭᠴᠢ ᠡᠯᠰᠡᠬᠦ ᠪᠥᠬᠦ ᠤᠯᠤᠰ᠎ᠤᠨ ᠨᠢᠭᠡᠳᠦᠯᠲᠡᠢ ᠰᠢᠯᠭ᠋ᠠᠯᠲᠠ ᠳᠠᠭᠤᠰᠤᠭᠰᠠᠨ᠎ᠤ ᠳᠠᠷᠠᠭ᠎ᠠ ᠰᠣᠷᠣᠭᠴᠢ ᠪᠠ ᠬᠡᠷ᠎ᠤᠨ ᠠᠬᠠᠮᠠᠳ᠎ᠤᠨ ᠬᠠᠮᠤᠭ᠎ᠤᠨ ᠮᠡᠳᠡᠶ᠎ᠡ ᠭᠡᠵᠦ ᠪᠤᠳᠤᠵᠤ ᠪᠠᠶ᠋ᠢᠭ᠎ᠠ ᠵᠦᠢ᠍ᠯ ᠪᠣᠯ ᠰᠢᠯᠭ᠋ᠠᠯᠲᠠ ᠵᠢᠨ ᠬᠤᠪᠢ ᠪᠣᠯᠬᠤ᠎ᠨᠢ ᠳᠠᠮᠵᠢᠭ ᠦᠭᠡᠢ᠂ ᠡᠢ᠌ᠮᠦ᠎ᠠᠴᠠ ᠮᠡᠬᠡᠯᠡᠭᠴᠢ᠎ᠠᠴᠠ ᠰᠢᠯᠭ᠋ᠠᠭᠤᠯᠤᠭᠴᠢ ᠪᠠ ᠬᠡᠷ᠎ᠤᠨ ᠠᠬᠠᠮᠠᠳ᠎ᠤᠨ ᠰᠠᠨᠠᠭ᠋ᠠᠰᠢᠷᠠᠩᠭᠤᠢ ᠰᠡᠳᠬᠢᠯᠭᠡ ᠵᠢ ᠠᠰᠢᠭᠯᠠᠨ᠂ ᠬᠡᠷ᠎ᠤᠨ ᠠᠬᠠᠮᠠᠳ᠎ᠤᠨ ᠵᠢᠷᠭᠢᠶ᠎ᠡ᠂ ᠰᠢᠯᠭ᠋ᠠᠯᠲᠠ ᠵᠢᠨ ᠵᠢᠷᠭᠢᠶ᠎ᠡ᠂ ᠭᠠᠷ ᠤᠲᠠᠰᠤᠨ᠎ᠤ ᠣᠬᠣᠷ ᠮᠡᠳᠡᠭᠡ ᠵᠡᠷᠭᠡ ᠠᠷᠭ᠎ᠠ ᠵᠠᠮ ᠵᠶ᠋ᠠᠷ ᠳᠠᠮᠵᠢᠭᠤᠯᠤᠨ 《ᠤᠷᠢᠳᠴᠢᠯᠠᠨ ᠬᠤᠪᠢ ᠪᠠᠢ᠌ᠴᠠᠭ᠋ᠠᠬᠤ》 ᠬᠤᠳᠠᠯ ᠬᠠᠭᠤᠷᠮᠠᠭ ᠵᠠᠷ᠎ᠤᠨ ᠴᠥᠷᠬᠡᠯᠡᠭᠡ᠎ᠪᠠᠷ ᠮᠡᠬᠡᠯᠡᠯ ᠶᠠᠪᠤᠭᠤᠯᠳᠠᠭ᠃ ᠴᠥᠷᠬᠡᠯᠡᠬᠦ ᠶᠠᠪᠤᠴᠠ᠎ᠳᠤ ᠪᠡᠶ᠎ᠡ ᠵᠢᠨ ᠦᠨᠡᠮᠯᠡᠯ᠂ ᠰᠢᠯᠭ᠋ᠠᠭᠤᠯᠬᠤ ᠲᠡᠮᠳᠡᠭ ᠵᠡᠷᠭᠡ ᠬᠣᠯᠪᠤᠭᠳᠠᠬᠤ ᠮᠡᠳᠡᠭᠡ ᠵᠠᠩᠭᠢ᠎ᠪᠠᠨ ᠲᠠᠭᠯᠠᠬᠤ ᠵᠢᠨ ᠬᠠᠮᠲᠤ ᠵᠣᠬᠢᠬᠤ ᠪᠠᠶ᠋ᠢᠴᠠᠭ᠋ᠠᠨ ᠯᠠᠪᠯᠠᠬᠤ ᠰᠦᠢ᠍ᠳᠭᠡᠯ ᠲᠤᠰᠢᠶᠠᠨ᠎ᠠ᠂ ᠠᠷᠭ᠋ᠠᠨᠳᠤᠨᠢ ᠤᠨᠠᠪᠠᠯ ᠡᠳ᠋ ᠬᠥᠷᠥᠩᠭᠡ ᠬᠣᠬᠢᠷᠠᠬᠤ᠎ᠪᠠᠷ ᠪᠠᠷᠠᠬᠤ ᠥᠬᠡᠶ ᠪᠠᠰᠠ ᠬᠤᠪᠢ ᠬᠥᠮᠦᠨ᠎ᠤ ᠮᠡᠳᠡᠭᠡ ᠵᠠᠩᠭᠢ᠎ᠪᠠᠨ ᠵᠠᠳᠠᠷᠠᠭᠤᠯᠬᠤ ᠪᠣᠯᠤᠨ᠎ᠠ᠃
ᠴᠠᠭᠳᠠᠭ᠋ᠠᠨ᠎ᠤ ᠲᠠᠯ᠎ᠠ ᠵᠢᠨ ᠰᠠᠨᠠᠭᠤᠯᠤᠮᠵᠢ
ᠰᠢᠯᠭ᠋ᠠᠭᠤᠯᠤᠭᠴᠢ ᠪᠤᠶᠤ ᠬᠡᠷ᠎ᠤᠨ ᠠᠬᠠᠮᠠᠳ ᠬᠤᠪᠢ ᠪᠠᠶ᠋ᠢᠴᠠᠭ᠋ᠠᠬᠤ ᠦᠶ᠎ᠡ᠎ᠳᠤ ᠰᠤᠷᠭ᠋ᠠᠨ ᠬᠥᠮᠦᠵᠢᠯ᠎ᠤᠨ ᠰᠠᠯᠠᠭ᠎ᠠ ᠮᠥᠴᠢᠷ᠎ᠤᠨ ᠵᠢᠭ᠋ᠠᠨ ᠲᠣᠭᠲᠠᠭ᠋ᠠᠭᠰᠠᠨ ᠪᠠᠶ᠋ᠢᠴᠠᠭ᠋ᠠᠨ ᠯᠠᠪᠯᠠᠬᠤ ᠠᠷᠭ᠎ᠠ ᠬᠡᠯᠪᠡᠷᠢ ᠵᠢᠴᠢ ᠬᠤᠪᠢ ᠪᠠᠶ᠋ᠢᠴᠠᠭ᠋ᠠᠬᠤ ᠰᠦᠯᠵᠢᠶᠡᠨ ᠬᠠᠶᠢᠭ᠎ᠢ ᠵᠥᠪ ᠲᠠᠨᠢᠵᠤ᠂ ᠢᠷᠡᠯᠲᠡ᠎ᠨᠢ ᠲᠣᠳᠣᠷᠬᠠᠶ ᠥᠬᠡᠶ ᠴᠦᠷᠬᠡᠯᠡᠭᠡ ᠵᠢ ᠬᠥᠩᠭᠡᠨ ᠬᠠᠭᠤᠳᠠᠮ ᠵᠶ᠋ᠠᠷ ᠲᠣᠪᠴᠢᠳᠠᠨ ᠣᠷᠣᠵᠤ ᠪᠣᠯᠬᠤ ᠥᠬᠡᠶ᠃
02 . 《ᠣᠷᠣᠨ ᠲᠣᠭ᠎ᠠ᠂ ᠳᠣᠲᠣᠭ᠋ᠠᠳᠤ ᠵᠢᠨ ᠭᠦᠢ᠍ᠴᠡᠳᠬᠡᠯ ᠲᠣᠭ᠎ᠠ᠎ᠪᠠᠷ ᠨᠥᠬᠦᠨ ᠡᠯᠰᠡᠬᠦ》 ᠮᠡᠬᠡᠯᠡᠯ
《ᠨᠥᠬᠥᠨ ᠡᠯᠰᠡᠬᠦ》 ᠮᠡᠬᠡᠯᠡᠯ ᠦᠷᠭᠦᠯᠵᠢ ᠡᠩ᠎ᠤᠨ ᠳᠡᠭᠡᠳᠦ ᠰᠤᠷᠭ᠋ᠠᠭᠤᠯᠢ᠎ᠳᠤ ᠰᠤᠷᠤᠭᠴᠢ ᠡᠯᠰᠡᠬᠦ ᠪᠥᠬᠦ ᠤᠯᠤᠰ᠎ᠤᠨ ᠨᠢᠭᠡᠳᠦᠯᠲᠡᠢ ᠰᠢᠯᠭ᠋ᠠᠯᠲᠠ ᠵᠢᠨ ᠡᠷᠡᠮᠡᠯᠵᠡᠯ ᠲᠠᠭᠯᠠᠬᠤ ᠠᠵᠢᠯ ᠳᠠᠭᠤᠰᠤᠭᠰᠠᠨ᠎ᠤ ᠳᠠᠷᠠᠭ᠎ᠠ ᠢᠯᠡᠷᠡᠳᠡᠭ᠂ ᠮᠡᠬᠡᠯᠡᠭᠴᠢ᠎ᠠᠴᠠ ᠰᠢᠯᠭ᠋ᠠᠭᠤᠯᠤᠭᠴᠢ ᠵᠢᠨ ᠬᠡᠷ᠎ᠤᠨ ᠠᠬᠠᠮᠠᠳ᠎ᠲᠤ ᠶᠠᠮᠠᠷ ᠨᠢᠭᠡᠨ ᠳᠡᠭᠡᠳᠦ ᠰᠤᠷᠭ᠋ᠠᠭᠤᠯᠢ ᠵᠢᠨ᠎ᠬᠢᠨ ᠰᠤᠷᠤᠭᠴᠢ ᠡᠯᠰᠡᠬᠦ ᠣᠷᠣᠨ ᠲᠣᠭ᠎ᠠ ᠳᠦᠭᠦᠷᠦᠭᠡ ᠥᠬᠡᠶ ᠭᠡᠵᠦ ᠬᠤᠳᠠᠯ ᠬᠡᠯᠡᠵᠦ᠂ ᠵᠣᠭᠣᠰ ᠵᠠᠷᠤᠴᠠᠭᠤᠯᠵᠤ 《ᠬᠠᠷᠢᠴᠠᠭ᠎ᠠ ᠪᠠᠢ᠌ᠭᠤᠯᠤᠨ》 ᠰᠢᠯᠭ᠋ᠠᠭᠤᠯᠤᠭᠴᠢ᠎ᠳᠤ ᠨᠥᠬᠥᠨ ᠡᠯᠰᠡᠬᠦ ᠣᠷᠣᠨ ᠲᠣᠭ᠎ᠠ ᠣᠯᠭᠤᠨ᠎ᠠ ᠭᠡᠵᠦ ᠰᠢᠯᠭ᠋ᠠᠭᠤᠯᠤᠭᠴᠢ ᠵᠢᠨ ᠬᠡᠷ᠎ᠤᠨ ᠠᠬᠠᠮᠠᠳ᠎ᠤᠨ ᠵᠣᠭᠣᠰ ᠮᠥᠩᠭᠥ ᠵᠢ ᠮᠡᠬᠡᠯᠡᠨ ᠠᠪᠲᠠᠭ᠂ ᠪᠠᠰᠠ ᠵᠠᠷᠢᠮ ᠰᠡᠵᠢᠭᠯᠡᠯᠲᠡᠢ ᠡᠲᠡᠭᠡᠳ ᠰᠢᠯᠭ᠋ᠠᠯᠲᠠ᠎ᠠᠴᠠ ᠡᠮᠦᠨ᠎ᠡ ᠡᠯᠳᠡᠪ ᠵᠦᠢ᠍ᠯ᠎ᠤᠨ ᠰᠢᠯᠲᠠᠭ ᠵᠶ᠋ᠠᠷ ᠬᠡᠷ᠎ᠤᠨ ᠠᠬᠠᠮᠠᠳ᠎ᠢ ᠠᠷᠭ᠋ᠠᠯᠠᠵᠤ ᠵᠣᠭᠣᠰ ᠲᠤᠰᠢᠶᠠᠪᠠᠯ ᠣᠷᠣᠨ ᠲᠣᠭ᠎ᠠ ᠦᠯᠡᠳᠡᠭᠡᠨ᠎ᠡ ᠭᠡᠳᠡᠭ᠃ ᠪᠠᠰᠠ ᠵᠠᠷᠢᠮ ᠮᠡᠬᠡᠯᠡᠯ᠎ᠳᠤ ᠮᠡᠬᠡᠯᠡᠭᠴᠢ᠎ᠠᠴᠠ ᠣᠨᠴᠠᠭ᠋ᠠᠶ ᠬᠠᠷᠢᠴᠠᠭ᠎ᠠ᠎ᠪᠠᠷ 《ᠳᠣᠲᠣᠭ᠋ᠠᠳᠤ ᠵᠢᠨ ᠭᠦᠢ᠍ᠴᠡᠳᠭᠡᠯ ᠲᠣᠭ᠎ᠠ》᠂ 《ᠲᠥᠯᠦᠪᠯᠡᠭᠡᠨ᠎ᠤ ᠭᠠᠳᠠᠨᠠᠬᠢ ᠭᠦᠢ᠍ᠴᠡᠳᠭᠡᠯ ᠲᠣᠭ᠎ᠠ》 ᠵᠢ ᠬᠤᠳᠠᠯᠳᠤᠨ ᠠᠪᠴᠤ ᠪᠣᠯᠤᠨ᠎ᠠ ᠭᠡᠵᠦ ᠬᠤᠳᠠᠯ ᠬᠡᠯᠡᠳᠡᠭ᠃
ᠴᠠᠭᠳᠠᠭ᠋ᠠᠨ᠎ᠤ ᠲᠠᠯ᠎ᠠ ᠵᠢᠨ ᠰᠠᠨᠠᠭᠤᠯᠤᠮᠵᠢ
ᠵᠢᠩᠬᠢᠨᠢ ᠰᠤᠷᠤᠭᠴᠢ ᠡᠯᠰᠡᠬᠦ᠎ᠳᠤ ᠶᠠᠮᠠᠷ ᠴᠤ᠌ ᠨᠡᠮᠡᠯᠲᠡ ᠵᠠᠷᠤᠳᠠᠯ ᠠᠪᠬᠤ ᠦᠭᠡᠶ᠂ ᠶᠠᠮᠠᠷᠪᠠ ᠪᠠᠲᠤᠯᠠᠭ᠋ᠠᠨ᠎ᠤ ᠮᠥᠩᠭᠥ᠂ ᠡᠯᠰᠡᠬᠦ ᠰᠦᠢ᠍ᠳᠬᠡᠯ᠂ ᠭᠦᠢ᠍ᠴᠡᠳᠬᠡᠯ ᠲᠣᠭ᠋ᠠᠨ᠎ᠤ ᠰᠦᠢ᠍ᠳᠬᠡᠯ ᠬᠤᠷᠢᠶᠠᠬᠤ ᠴᠢᠬᠤᠯᠠᠲᠠᠶ 《ᠰᠤᠷᠤᠭᠴᠢ ᠡᠯᠰᠡᠬᠦ ᠭᠦᠢ᠍ᠴᠡᠳᠬᠡᠯ ᠲᠣᠭ᠎ᠠ》 ᠪᠣᠯ 100 % ᠵᠢᠨ ᠮᠡᠬᠡᠯᠡᠯ ᠪᠣᠯᠤᠨ᠎ᠠ!
03 . 《ᠨᠥᠬᠥᠪᠥᠷᠢ ᠮᠥᠩᠭᠥ》 ᠵᠢᠨ ᠮᠡᠬᠡᠯᠡᠯ
ᠬᠠᠤᠯᠢ ᠪᠤᠰᠤ ᠡᠲᠡᠭᠡᠳ ᠬᠠᠤᠯᠢ ᠪᠤᠰᠤ ᠠᠷᠭ᠎ᠠ ᠵᠠᠮ ᠵᠶ᠋ᠠᠷ ᠰᠢᠯᠭ᠋ᠠᠭᠤᠯᠤᠭᠴᠢ ᠵᠢᠨ ᠪᠡᠶ᠎ᠡ ᠵᠢᠨ ᠬᠢᠷᠢ ᠬᠡᠮ᠎ᠤᠨ ᠮᠡᠳᠡᠭᠡ ᠵᠠᠩᠭᠢ ᠵᠢ ᠣᠯᠤᠭᠰᠠᠨ᠎ᠤ ᠳᠠᠷᠠᠭ᠎ᠠ᠂ ᠰᠤᠷᠭ᠋ᠠᠨ ᠬᠥᠮᠦᠵᠢᠯ᠎ᠤᠨ ᠰᠠᠯᠠᠭ᠎ᠠ ᠮᠥᠴᠢᠷ᠎ᠤᠨ ᠠᠵᠢᠯᠲᠠᠨ ᠵᠡᠷᠭᠡ᠎ᠪᠠᠷ ᠬᠠᠭᠤᠷᠮᠠᠭᠯᠠᠵᠤ᠂ 《ᠰᠤᠷᠤᠯᠭ᠎ᠠ ᠵᠢᠨ ᠱᠠᠩᠨᠠᠯ᠎ᠤᠨ ᠮᠥᠩᠭᠥ》 ᠪᠤᠶᠤ 《ᠡᠩ᠎ᠤᠨ ᠳᠡᠭᠡᠳᠦ ᠰᠤᠷᠭ᠋ᠠᠭᠤᠯᠢ᠎ᠳᠤ ᠰᠣᠷᠣᠭᠴᠢ ᠡᠯᠰᠡᠬᠦ ᠪᠥᠬᠦ ᠤᠯᠤᠰ᠎ᠤᠨ ᠨᠢᠭᠡᠳᠦᠯᠲᠡᠶ ᠰᠢᠯᠭ᠋ᠠᠯᠲᠠ ᠵᠢᠨ ᠨᠥᠬᠥᠪᠥᠷᠢ ᠮᠥᠩᠭᠥ》 ᠵᠢᠨ ᠬᠢᠷᠢ ᠬᠡᠮ᠎ᠳᠤ ᠨᠡᠶ᠋ᠢᠴᠡᠭᠰᠡᠨ ᠵᠶ᠋ᠠᠷ ᠰᠢᠯᠲᠠᠭ ᠪᠣᠯᠭ᠋ᠠᠵᠤ᠂ ᠪᠠᠷᠢᠴᠠᠭ᠋ᠠᠨ᠎ᠤ ᠮᠥᠩᠭᠥ ᠪᠤᠶᠤ ᠭᠠᠷ ᠭᠦᠢ᠍ᠴᠡᠳᠭᠡᠯ᠎ᠤᠨ ᠵᠠᠷᠤᠳᠠᠯ᠎ᠢ ᠮᠡᠬᠡᠯᠡᠨ ᠠᠪᠳᠠᠭ᠃
ᠴᠠᠭᠳᠠᠭ᠋ᠠᠨ᠎ᠤ ᠲᠠᠯ᠎ᠠ ᠵᠢᠨ ᠰᠠᠨᠠᠭᠤᠯᠤᠮᠵᠢ
ᠳᠡᠭᠡᠳᠦ ᠰᠤᠷᠭ᠋ᠠᠭᠤᠯᠢ᠂ ᠰᠤᠷᠭ᠋ᠠᠨ ᠬᠥᠮᠦᠵᠢᠯ᠂ ᠡᠳ᠋᠎ᠤᠨ ᠵᠠᠰᠠᠭ ᠵᠡᠷᠭᠡ ᠵᠢᠨ ᠠᠵᠢᠯᠲᠠᠨ ᠵᠶ᠋ᠠᠷ ᠨᠡᠷ᠎ᠡ ᠪᠤᠷᠤᠭᠤᠯᠠᠭᠰᠠᠨ 《ᠤᠯᠤᠰ᠎ᠤᠨ ᠰᠤᠷᠤᠯᠭ᠎ᠠ ᠵᠢᠨ ᠲᠡᠳᠬᠦᠮᠵᠢ ᠵᠢᠨ ᠮᠥᠩᠭᠥ》᠂ 《ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠤᠨ ᠰᠦᠢ᠍ᠳᠭᠡᠯ᠎ᠢ ᠪᠤᠴᠠᠭ᠋ᠠᠬᠤ》᠂ 《ᠰᠤᠷᠤᠯᠭ᠎ᠠ ᠵᠢ ᠳᠡᠳᠬᠦᠬᠦ ᠲᠤᠰᠠᠯᠠᠮᠵᠢ ᠵᠢᠨ ᠮᠥᠩᠭᠥ》 ᠵᠢ ᠣᠯᠭᠣᠬᠤ ᠭᠡᠬᠦ ᠤᠲᠠᠰᠤ᠂ ᠮᠡᠳᠡᠭᠡ ᠵᠠᠩᠭᠢ ᠵᠢ ᠣᠯᠤᠭᠰᠠᠨ᠎ᠤ ᠳᠠᠷᠠᠭ᠎ᠠ᠂ ᠰᠢᠯᠭ᠋ᠠᠭᠤᠯᠤᠭᠴᠢ ᠵᠢᠴᠢ ᠬᠡᠷ᠎ᠤᠨ ᠠᠬᠠᠮᠠᠳ ᠡᠷᠬᠡᠪᠰᠢ ᠲᠤᠬᠠᠶ ᠵᠢᠨ ᠭᠠᠵᠠᠷ᠎ᠤᠨ ᠰᠤᠷᠭ᠋ᠠᠨ ᠬᠥᠮᠦᠵᠢᠯ᠎ᠤᠨ ᠰᠠᠯᠠᠭ᠎ᠠ ᠮᠥᠴᠢᠷ ᠪᠤᠶᠤ ᠰᠤᠷᠭ᠋ᠠᠭᠤᠯᠢ᠎ᠲᠠᠢ ᠰᠠᠨᠠᠭ᠋ᠠᠴᠢᠯᠠᠭ᠎ᠠ᠎ᠠᠴᠠ᠎ᠪᠠᠨ ᠬᠠᠷᠢᠯᠴᠠᠵᠤ ᠭᠡᠷᠡᠴᠢᠯᠡᠬᠦ ᠬᠡᠷᠡᠭᠲᠡᠶ᠃
04 . 《ᠡᠷᠡᠮᠡᠯᠵᠡᠯ ᠲᠠᠭᠯᠠᠬᠤ ᠵᠢ ᠵᠢᠭ᠋ᠠᠨ ᠵᠢᠯᠣᠭᠣᠳᠬᠤ》 ᠮᠡᠬᠡᠯᠡᠯ
ᠬᠠᠤᠯᠢ ᠪᠤᠰᠤ ᠡᠲᠡᠭᠡᠳ 《ᠡᠷᠬᠡ ᠰᠦᠷᠲᠦ ᠲᠤᠰᠬᠠᠶ ᠮᠡᠷᠭᠡᠵᠢᠯᠲᠡᠨ》 ᠵᠶ᠋ᠠᠷ ᠣᠪᠯᠠᠵᠤ᠂ ᠥᠪᠡᠷ᠎ᠢ᠎ᠪᠠᠨ 《ᠳᠣᠲᠣᠭ᠋ᠠᠳᠤ ᠵᠢᠨ ᠲᠣᠮᠣ ᠳ᠋ᠠᠶ᠋ᠢᠲ᠋ᠠ》 ᠵᠢ ᠡᠵᠡᠮᠰᠢᠵᠦ᠂ ᠵᠠᠭᠤᠴᠢ ᠪᠤᠶᠤ ᠰᠦᠯᠵᠢᠶ᠎ᠡ᠂ APP ᠵᠡᠷᠭᠡ ᠵᠢ ᠠᠰᠢᠭᠯᠠᠨ ᠰᠢᠯᠭ᠋ᠠᠭᠤᠯᠤᠭᠴᠢ᠎ᠳᠤ ᠡᠷᠡᠮᠡᠯᠵᠡᠯ ᠲᠠᠭᠯᠠᠬᠤ ᠵᠢ ᠵᠢᠯᠣᠭᠣᠳᠴᠤ ᠵᠣᠭᠣᠰ ᠮᠥᠩᠭᠥ ᠮᠡᠬᠡᠯᠡᠨ ᠠᠪᠳᠠᠭ᠃
ᠴᠠᠭᠳᠠᠭ᠋ᠠᠨ᠎ᠤ ᠲᠠᠯ᠎ᠠ ᠵᠢᠨ ᠰᠠᠨᠠᠭᠤᠯᠤᠮᠵᠢ
ᠡᠷᠡᠮᠡᠯᠵᠡᠯ ᠲᠠᠭᠯᠠᠬᠤ᠎ᠳᠤ ᠰᠦᠯᠵᠢᠶᠡᠨ᠎ᠠᠴᠠ ᠯᠠᠪᠯᠠᠬᠤ ᠮᠠᠲ᠋ᠧᠷᠢᠶᠠᠯ ᠡᠷᠢᠵᠦ ᠪᠣᠯᠤᠨ᠎ᠠ᠂ ᠭᠡᠪᠡᠴᠦ ᠰᠦᠢ᠍ᠳᠭᠡᠯ ᠬᠤᠷᠢᠶᠠᠵᠤ ᠵᠢᠯᠣᠭᠣᠳᠬᠤ᠎ᠳᠤ ᠵᠠᠪᠠᠯ ᠰᠣᠨᠣᠷ ᠰᠡᠷᠡᠮᠵᠢ᠎ᠲᠠᠢ ᠪᠠᠶ᠋ᠢᠵᠤ᠂ ᠥᠪᠡᠷ᠎ᠤᠨ ᠬᠤᠪᠢ ᠵᠠᠶᠠᠭ᠎ᠠ᠎ᠪᠠᠨ ᠥᠪᠡᠷ ᠵᠶ᠋ᠠᠨ ᠡᠵᠡᠮᠳᠡᠵᠦ᠂ ᠮᠡᠬᠡᠯᠡᠭᠴᠢ ᠵᠢ ᠵᠠᠪᠰᠢᠶᠠᠨ ᠳᠠᠯᠢᠮᠳᠠᠭᠤᠯᠬᠤ ᠵᠢ ᠰᠡᠷᠭᠡᠢ᠌ᠯᠡᠬᠦ ᠬᠡᠷᠡᠭᠲᠡᠢ᠃
05 . 《ᠡᠯᠰᠡᠬᠦ ᠮᠡᠳᠡᠭᠳᠡᠯ᠎ᠤᠨ ᠪᠢᠴᠢᠭ᠎ᠢ ᠬᠠᠭᠤᠷᠮᠠᠭᠯᠠᠨ ᠵᠣᠬᠢᠶᠠᠬᠤ》 ᠮᠡᠬᠡᠯᠡᠯ
ᠮᠡᠬᠡᠯᠡᠭᠴᠢ ᠳᠡᠭᠡᠳᠦ ᠰᠤᠷᠭ᠋ᠠᠭᠤᠯᠢ ᠵᠢᠨ ᠰᠣᠷᠣᠭᠴᠢ ᠡᠯᠰᠡᠬᠦ ᠠᠯᠪᠠᠨ ᠬᠡᠷ᠎ᠤᠨ ᠠᠵᠢᠯᠲᠠᠨ ᠵᠶ᠋ᠠᠷ ᠣᠪᠯᠠᠵᠤ᠂ ᠰᠢᠯᠭ᠋ᠠᠭᠤᠯᠤᠭᠴᠢ᠎ᠳᠤ ᠰᠣᠷᠣᠭᠴᠢ ᠡᠯᠰᠡᠭᠰᠡᠨ ᠬᠤᠳᠠᠯ ᠬᠠᠭᠤᠷᠮᠠᠭ ᠮᠡᠳᠡᠭᠳᠡᠯ᠎ᠤᠨ ᠪᠢᠴᠢᠭ ᠢᠯᠡᠭᠡᠵᠦ᠂ ᠰᠢᠯᠭ᠋ᠠᠭᠤᠯᠤᠭᠴᠢ ᠵᠢ ᠰᠤᠷᠤᠯᠭ᠎ᠠ ᠵᠢᠨ ᠰᠦᠢ᠍ᠳᠭᠡᠯ ᠵᠶ᠋ᠠᠨ ᠵᠢᠭ᠋ᠠᠨ ᠲᠣᠭᠲᠠᠭ᠋ᠠᠭᠰᠠᠨ ᠪᠠᠩᠬᠢ ᠵᠢᠨ ᠲᠠᠩᠰᠠᠨ ᠨᠣᠮᠧᠷᠲᠤ ᠣᠷᠣᠭᠤᠯᠤᠭᠤᠯᠵᠤ᠂ ᠵᠣᠭᠣᠰ ᠮᠥᠩᠭᠥ ᠮᠡᠬᠡᠯᠡᠨ ᠠᠪᠳᠠᠭ᠃ ᠡᠢ᠌ᠮᠦᠷᠬᠦᠦ ᠮᠡᠬᠡᠯᠡᠯ᠎ᠳᠤ ᠪᠠᠰᠠ ᠬᠡᠷᠡᠭᠯᠡᠭᠴᠢ ᠵᠢ ᠮᠡᠬᠡᠯᠡᠬᠦ ᠬᠤᠳᠠᠯ ᠬᠠᠭᠤᠷᠮᠠᠭ ᠰᠦᠯᠵᠢᠶᠡᠨ ᠥᠷᠲᠡᠭᠡ ᠪᠠᠶ᠋ᠢᠳᠠᠭ᠂ ᠮᠡᠬᠡᠯᠡᠭᠴᠢ ᠵᠢᠨ ᠵᠣᠷᠢᠯᠭ᠎ᠠ᠎ᠨᠢ ᠳᠠᠷᠤᠶ ᠰᠤᠷᠤᠭᠴᠢᠳ᠎ᠤᠨ ᠠᠮᠢᠳᠤᠷᠠᠯ᠎ᠤᠨ ᠵᠠᠷᠤᠳᠠᠯ᠂ ᠰᠤᠷᠤᠯᠭ᠎ᠠ ᠵᠢᠨ ᠰᠤᠯᠠ ᠵᠠᠷᠤᠳᠠᠯ᠎ᠢ ᠮᠡᠬᠡᠯᠡᠨ ᠠᠪᠬᠤ ᠵᠢᠨ ᠲᠥᠯᠥᠭᠡ ᠶᠤᠮ᠃
ᠴᠠᠭᠳᠠᠭ᠋ᠠᠨ᠎ᠤ ᠲᠠᠯ᠎ᠠ ᠵᠢᠨ ᠰᠠᠨᠠᠭᠤᠯᠤᠮᠵᠢ
ᠡᠢ᠌ᠮᠦᠷᠬᠦᠦ ᠮᠡᠬᠡᠯᠡᠯ᠎ᠳᠤ᠂ ᠮᠡᠬᠡᠯᠡᠭᠴᠢ ᠵᠢᠨ ᠪᠡᠯᠡᠳᠬᠡᠯ ᠠᠵᠢᠯ᠎ᠨᠢ ᠪᠦᠷ ᠮᠠᠰᠢ ᠲᠤᠰᠬᠠᠶ ᠮᠡᠷᠭᠡᠵᠢᠯ᠎ᠤᠨ᠎ᠬᠢ ᠪᠠᠢ᠌ᠳᠠᠭ᠃ ᠤᠤᠯ᠎ᠤᠨ ᠰᠤᠷᠭ᠋ᠠᠭᠤᠯᠢ᠎ᠲᠠᠢ ᠠᠳᠠᠯᠢᠪᠲᠤᠷ ᠰᠤᠷᠭ᠋ᠠᠭᠤᠯᠢ ᠵᠢᠨ ᠰᠦᠯᠳᠡ᠂ logo ᠵᠢ ᠬᠡᠷᠡᠭᠯᠡᠵᠦ ᠴᠢᠳᠠᠬᠤ᠎ᠪᠠᠷ ᠪᠠᠷᠠᠬᠤ ᠦᠭᠡᠢ᠂ ᠪᠠᠰᠠ ᠪᠦᠬᠦ ᠬᠢᠴᠢᠶᠡᠯ᠎ᠤᠨ ᠮᠠᠲ᠋ᠧᠷᠢᠶᠠᠯ᠎ᠢ ᠲᠣᠬᠢᠷᠠᠭᠤᠯᠵᠤ᠂ ᠲᠠᠭᠯᠠᠭᠰᠠᠨ ᠶᠡᠬᠡ ᠰᠤᠷᠭ᠋ᠠᠭᠤᠯᠢ ᠵᠢᠨ ᠬᠠᠶᠢᠭ᠎ᠨᠢ ᠵᠢᠩᠬᠢᠨᠢ ᠬᠡᠪᠯᠡᠯ᠎ᠲᠠᠢ ᠠᠳᠠᠯᠢᠬᠠᠨ ᠶᠤᠮ᠃ ᠡᠶ᠋ᠢᠮᠦ᠎ᠠᠴᠠ ᠰᠢᠯᠭ᠋ᠠᠭᠤᠯᠤᠭᠴᠢ ᠪᠠ ᠬᠡᠷ᠎ᠤᠨ ᠠᠬᠠᠮᠠᠳ ᠰᠤᠷᠭ᠋ᠠᠭᠤᠯᠢ ᠪᠠ ᠰᠤᠷᠭ᠋ᠠᠨ ᠬᠥᠮᠦᠵᠢᠯ᠎ᠤᠨ ᠰᠠᠯᠠᠭ᠎ᠠ ᠮᠥᠴᠢᠷ᠎ᠤᠨ ᠰᠦᠯᠵᠢᠶᠡᠨ᠎ᠳᠤ ᠭᠠᠷᠬᠤ᠎ᠳᠤ᠎ᠪᠠᠨ ᠦᠨᠡᠨ ᠬᠤᠳᠠᠯ᠎ᠢ ᠢᠯᠭ᠋ᠠᠨ ᠲᠠᠨᠢᠬᠤ ᠤᠬᠠᠮᠰᠠᠷ᠎ᠲᠠᠢ ᠪᠠᠶ᠋ᠢᠬᠤ ᠬᠡᠷᠡᠭᠲᠡᠶ᠃ ᠠᠯᠪᠠᠨ ᠰᠦᠯᠵᠢᠶᠡᠨ᠎ᠤ ᠭᠡᠷᠡᠴᠢᠯᠡᠭᠡ ᠪᠠᠢ᠌ᠬᠤ ᠴᠥᠷᠬᠡᠯᠡᠭᠡ ᠪᠤᠶᠤ ᠰᠤᠷᠭ᠋ᠠᠭᠤᠯᠢ᠂ ᠰᠤᠷᠭ᠋ᠠᠨ ᠬᠥᠮᠦᠵᠢᠯ᠎ᠤᠨ ᠰᠠᠯᠠᠭ᠎ᠠ ᠮᠥᠴᠢᠷ᠎ᠤᠨ ᠠᠯᠪᠠᠨ ᠲᠠᠯ᠎ᠠ ᠵᠢᠨ ᠨᠡᠶ᠋ᠢᠲᠡᠯᠡᠭᠰᠡᠨ ᠰᠦᠯᠵᠢᠶᠡᠨ ᠬᠠᠶᠢᠭ ᠵᠶ᠋ᠠᠷ ᠣᠷᠣᠵᠤ᠂ ᠲᠠᠩᠰᠠ ᠰᠢᠯᠵᠢᠭᠦᠯᠵᠦ ᠵᠣᠭᠣᠰ ᠭᠤᠪᠢᠭᠤᠯᠬᠤᠳᠤᠪᠠᠨ ᠣᠯᠠᠨ ᠵᠦᠢ᠍ᠯ᠎ᠤᠨ ᠠᠷᠭ᠎ᠠ ᠵᠠᠮ ᠵᠶ᠋ᠠᠷ ᠳᠠᠮᠵᠢᠭᠤᠯᠤᠨ ᠲᠠᠩᠰᠠᠨ᠎ᠤ ᠨᠣᠮᠧᠷ᠎ᠤᠨ ᠦᠨᠡᠨ ᠬᠤᠳᠠᠯ᠎ᠢ ᠬᠢᠨᠠᠨ ᠪᠠᠢ᠌ᠴᠠᠭ᠋ᠠᠬᠤ ᠬᠡᠷᠡᠭᠲᠡᠶ᠃