ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠤᠷᠭᠠᠨ ᠬᠦᠮᠦᠵᠢᠯ᠎ᠤᠨ ᠬᠠᠨᠲᠤᠯᠭ᠎ᠠ
ᠰᠣᠨᠤᠷ᠎ᠤᠨ ᠲᠠᠪᠴᠠᠩ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠦᠢᠯᠡᠴᠢᠯᠡᠭᠡ   -   ᠲᠠᠨ᠎ᠳᠤ ᠦᠢᠯᠡᠴᠢᠯᠡᠬᠦ᠌
2022 ᠣᠨ᠎ᠤ ᠥᠪᠥᠷ ᠮᠣᠩᠭᠣᠯ᠎ᠤᠨ ᠡᠩ᠎ᠤᠨ ᠳᠡᠭᠡᠳᠦ ᠰᠤᠷᠭ᠋ᠠᠭᠤᠯᠢ᠎ᠳᠤ ᠰᠣᠷᠣᠭᠴᠢ ᠡᠯᠰᠡᠬᠦ ᠰᠦᠯᠵᠢᠶᠡᠨ᠎ᠳᠤ ᠬᠦᠰᠦᠨᠦᠭᠲᠦ ᠲᠠᠭᠯᠠᠨ ᠡᠷᠡᠮᠡᠯᠵᠡᠯ ᠮᠡᠳᠡᠭᠦᠯᠬᠦ ᠳᠠᠭᠤᠷᠢᠶᠠᠮᠠᠯ ᠰᠣᠷᠢᠯᠲᠠ 6 ᠰᠠᠷ᠎ᠠ ᠵᠢᠨ 24᠎ᠤ ᠡᠳᠦᠷ ᠶᠠᠪᠤᠭᠳᠠᠬᠤ᠎ᠪᠠᠷ ᠪᠠᠢ᠌ᠨ᠎ᠠ
ᠨᠡᠶ᠋ᠢᠲᠡᠯᠡᠭᠰᠡᠨ ᠴᠠᠭ᠄ 2022-06-24


     6 ᠰᠠᠷ᠎ᠠ ᠵᠢᠨ 24᠎ᠤ ᠡᠳᠦᠷ᠎ᠤᠨ 9᠄ 00-17᠄ 00 ᠴᠠᠭ᠎ᠲᠤ᠂ ᠪᠥᠬᠥ ᠤᠯᠤᠰ᠎ᠤᠨ ᠨᠢᠭᠡᠳᠦᠯᠲᠡᠶ ᠰᠢᠯᠭ᠋ᠠᠯᠲᠠ (ᠳᠡᠭᠡᠳᠦ ᠵᠡᠷᠭᠡ ᠵᠢᠨ ᠠᠵᠢᠯ ᠮᠡᠷᠭᠡᠵᠢᠯ᠎ᠤᠨ ᠰᠤᠷᠭ᠋ᠠᠭᠤᠯᠢ ᠵᠢᠨ ᠠᠵᠢᠯ ᠲᠥᠷᠥᠯ ᠵᠶ᠋ᠠᠷ ᠰᠣᠷᠣᠭᠴᠢ ᠡᠯᠰᠡᠬᠦ ᠵᠢ ᠪᠠᠭᠲᠠᠭ᠋ᠠᠨ᠎ᠠ)᠎ᠳᠤ ᠣᠷᠣᠯᠴᠠᠭᠰᠠᠨ ᠪᠥᠬᠦ ᠰᠢᠯᠭ᠋ᠠᠭᠤᠯᠤᠭᠴᠢ ᠰᠦᠯᠵᠢᠶᠡᠨ᠎ᠳᠤ ᠬᠦᠰᠦᠨᠦᠭ ᠲᠠᠭᠯᠠᠨ ᠡᠷᠡᠮᠡᠯᠵᠡᠯ ᠮᠡᠳᠡᠭᠦᠯᠬᠦ ᠰᠣᠷᠢᠯᠲᠠ ᠬᠢᠨ᠎ᠠ᠃ ᠡᠳᠦᠭᠡ ᠰᠣᠷᠢᠯᠲᠠ᠎ᠳᠤ ᠬᠣᠯᠪᠤᠭᠳᠠᠬᠤ ᠵᠦᠢ᠍ᠯ᠎ᠢ ᠮᠡᠳᠡᠭᠳᠡᠶ᠎ᠡ᠄
      ᠨᠢᠭᠡ᠂ ᠰᠢᠯᠭ᠋ᠠᠭᠤᠯᠤᠭᠴᠢ ᠵᠢᠨ ᠲᠠᠩᠰᠠ ᠡᠪᠬᠡᠮᠡᠯ ᠭᠠᠷᠭ᠋ᠠᠬᠤ ᠬᠤᠪᠢ (ᠲᠤᠬᠠᠶ᠋ᠢᠯᠠᠪᠠᠯ ᠰᠣᠶᠣᠯ᠎ᠤᠨ ᠬᠢᠴᠢᠶᠡᠯ᠎ᠤᠨ ᠶᠡᠷᠦᠩᠬᠡᠶ ᠬᠤᠪᠢ ᠳᠡᠭᠡᠷ᠎ᠡ ᠲᠥᠷᠥ ᠵᠢᠨ ᠪᠣᠳᠣᠯᠭ᠎ᠠ ᠵᠢᠨ ᠴᠢᠨᠠᠷᠲᠠᠶ ᠬᠤᠪᠢ ᠨᠡᠮᠡᠬᠦ) ᠵᠢᠴᠢ ᠲᠤᠰᠬᠠᠶ ᠮᠡᠷᠭᠡᠵᠢᠯ᠎ᠤᠨ ᠬᠢᠴᠢᠶᠡᠯ᠎ᠤᠨ ᠪᠥᠬᠦ ᠤᠯᠤᠰ᠎ᠤᠨ ᠨᠢᠭᠡᠳᠦᠯᠲᠡᠶ ᠰᠢᠯᠭ᠋ᠠᠯᠲᠠ (ᠪᠤᠶᠤ ᠰᠤᠷᠭ᠋ᠠᠭᠤᠯᠢ ᠵᠢᠨ ᠰᠢᠯᠭ᠋ᠠᠯᠲᠠ)ᠵᠢᠨ ᠬᠢᠷᠢ ᠪᠦᠲᠦᠮᠵᠢ᠎ᠨᠢ ᠡᠷᠬᠡᠪᠰᠢ ᠵᠣᠬᠢᠴᠠᠭᠰᠠᠨ ᠪᠦᠯᠦᠭ ᠤᠳᠠᠭ᠎ᠠ ᠪᠠ ᠬᠢᠴᠢᠶᠡᠯ ᠲᠥᠷᠥᠯ᠎ᠤᠨ ᠡᠯᠰᠡᠬᠦ ᠬᠠᠮᠤᠭ᠎ᠤᠨ ᠳᠣᠣᠷ᠎ᠠ ᠬᠢᠵᠠᠭ᠋ᠠᠷᠯᠠᠬᠤ ᠬᠤᠪᠢ ᠵᠢᠨ ᠱᠤᠭᠤᠮ᠎ᠳᠤ ᠬᠦᠷᠴᠦ᠂ ᠡᠭᠦᠨ᠎ᠳᠤ ᠨᠡᠷ᠎ᠡ ᠮᠡᠳᠡᠭᠦᠯᠦᠭᠰᠡᠨ ᠳᠡᠭᠡᠳᠦ ᠰᠤᠷᠭ᠋ᠠᠭᠤᠯᠢ ᠵᠢᠨ ᠲᠤᠰᠬᠠᠶ ᠮᠡᠷᠭᠡᠵᠢᠯ᠎ᠨᠢ ᠰᠤᠷᠭ᠋ᠠᠭᠤᠯᠢ ᠵᠢᠨ ᠰᠢᠯᠭ᠋ᠠᠯᠲᠠ ᠵᠢᠨ ᠬᠢᠷᠢ ᠪᠦᠲᠦᠮᠵᠢ ᠵᠢᠨ ᠱᠠᠭ᠋ᠠᠷᠳᠠᠯᠭ᠎ᠠ᠎ᠲᠠᠢ ᠰᠢᠯᠭ᠋ᠠᠭᠤᠯᠤᠭᠴᠢ ᠡᠷᠬᠡᠪᠰᠢ ᠬᠣᠯᠪᠤᠭᠳᠠᠬᠤ ᠱᠠᠭ᠋ᠠᠷᠳᠠᠯᠭ᠎ᠠ᠎ᠳᠤ ᠨᠡᠶ᠋ᠢᠴᠡᠭᠰᠡᠨ ᠪᠠᠶ᠋ᠢᠬᠤ ᠬᠡᠷᠡᠭᠲᠡᠶ᠃
      ᠬᠣᠶᠠᠷ᠂ ᠪᠥᠬᠥ ᠶᠠᠪᠤᠴᠠ᠎ᠳᠤ ᠨᠡᠷᠡᠰ᠎ᠤᠨ ᠵᠢᠭᠰᠠᠭ᠋ᠠᠯᠲᠠ ᠵᠢᠨ ᠪᠠᠢ᠌ᠳᠠᠯ᠎ᠢ ᠬᠠᠩᠭ᠋ᠠᠨ᠎ᠠ᠂ ᠰᠢᠯᠭ᠋ᠠᠭᠤᠯᠤᠭᠰᠠᠳ ᠰᠦᠯᠵᠢᠶᠡᠨ᠎ᠳᠤ ᠡᠷᠡᠮᠡᠯᠵᠡᠯ ᠵᠶ᠋ᠠᠨ ᠰᠢᠨ᠎ᠡ᠎ᠪᠠᠷ ᠲᠠᠭᠯᠠᠭᠰᠠᠨ᠎ᠠᠴᠠ ᠰᠦᠯᠵᠢᠶᠡᠨ᠎ᠳᠤ ᠡᠷᠡᠮᠡᠯᠵᠡᠯ ᠮᠡᠳᠡᠭᠦᠯᠵᠦ ᠳᠠᠭᠤᠰᠬᠤ ᠪᠣᠯᠲᠠᠯ᠎ᠠ ᠴᠥᠮ ᠥᠪᠡᠷ᠎ᠤᠨ ᠨᠡᠷᠡᠰ᠎ᠤᠨ ᠵᠢᠭᠰᠠᠭ᠋ᠠᠯᠲᠠ ᠵᠢᠨ ᠪᠠᠢ᠌ᠳᠠᠯ ᠵᠶ᠋ᠠᠨ ᠴᠠᠭ ᠲᠤᠬᠠᠶ᠎ᠳᠤ᠎ᠨᠢ ᠪᠠᠶ᠋ᠢᠴᠠᠭ᠋ᠠᠨ ᠦᠵᠡᠵᠦ ᠪᠣᠯᠤᠨ᠎ᠠ᠃
      ᠭᠤᠷᠪᠠ᠂ ᠰᠦᠯᠵᠢᠶᠡᠨ᠎ᠳᠤ ᠬᠦᠰᠦᠨᠦᠭ ᠲᠠᠭᠯᠠᠨ ᠡᠷᠡᠮᠡᠯᠵᠡᠯ ᠮᠡᠳᠡᠭᠦᠯᠬᠦ ᠲᠠᠰ ᠳᠠᠷᠠᠭ᠋ᠠᠯᠠᠯ
     1 . 《2022 ᠣᠨ᠎ᠤ ᠡᠩ᠎ᠤᠨ ᠳᠡᠭᠡᠳᠦ ᠰᠤᠷᠭ᠋ᠠᠭᠤᠯᠢ᠎ᠳᠤ ᠰᠣᠷᠣᠭᠴᠢ ᠡᠯᠰᠡᠬᠦ ᠪᠥᠬᠦ ᠤᠯᠤᠰ᠎ᠤᠨ ᠨᠢᠭᠡᠳᠦᠯᠲᠡᠶ ᠰᠢᠯᠭ᠋ᠠᠯᠲᠠ ᠵᠢᠨ   ᠬᠦᠰᠦᠨᠦᠭ ᠲᠠᠭᠯᠠᠨ ᠡᠷᠡᠮᠡᠯᠵᠡᠯ ᠮᠡᠳᠡᠭᠦᠯᠬᠦ ᠲᠤᠰᠬᠠᠶ ᠪᠤᠯᠤᠩ》᠎ᠳᠤ ᠳᠠᠭᠤᠷᠢᠶᠠᠮᠠᠯ ᠰᠣᠷᠢᠯᠲᠠ᠎ᠳᠤ ᠬᠡᠷᠡᠭᠯᠡᠬᠦ ᠰᠣᠷᠣᠭᠴᠢ ᠡᠯᠰᠡᠬᠦ ᠲᠥᠯᠥᠪᠯᠡᠭᠡ ᠵᠢ ᠪᠠᠶ᠋ᠢᠴᠠᠭ᠋ᠠᠨ ᠦᠵᠡᠵᠦ᠂ ᠨᠡᠷ᠎ᠡ ᠮᠡᠳᠡᠭᠦᠯᠬᠦ᠎ᠪᠠᠷ ᠪᠠᠶ᠋ᠢᠭ᠎ᠠ ᠳᠡᠭᠡᠳᠦ ᠰᠤᠷᠭ᠋ᠠᠭᠤᠯᠢ ᠪᠠ ᠲᠤᠰᠬᠠᠶ ᠮᠡᠷᠭᠡᠵᠢᠯ᠎ᠢ ᠰᠣᠩᠭᠣᠨ᠎ᠠ; ᠨᠡᠷ᠎ᠡ ᠮᠡᠳᠡᠭᠦᠯᠬᠦ᠎ᠪᠠᠷ ᠪᠠᠶ᠋ᠢᠭ᠎ᠠ ᠳᠡᠭᠡᠳᠦ ᠰᠤᠷᠭ᠋ᠠᠭᠤᠯᠢ ᠵᠢᠨ ᠣᠷᠣᠯᠠᠬᠤ ᠳ᠋ᠤᠭ᠋ᠠᠷ ᠪᠠ ᠲᠤᠰᠬᠠᠶ ᠮᠡᠷᠭᠡᠵᠢᠯ᠎ᠤᠨ ᠣᠷᠣᠯᠠᠬᠤ ᠳ᠋ᠤᠭ᠋ᠠᠷ᠎ᠢ ᠲᠡᠮᠳᠡᠭᠯᠡᠨ᠎ᠡ; ᠨᠠᠷᠠᠨ ᠭᠡᠷᠡᠯᠲᠦ ᠡᠩ᠎ᠤᠨ ᠳᠡᠭᠡᠳᠦ ᠰᠤᠷᠭ᠋ᠠᠭᠤᠯᠢ᠎ᠳᠤ ᠰᠣᠷᠣᠭᠴᠢ ᠡᠯᠰᠡᠬᠦ ᠪᠥᠬᠦ ᠤᠯᠤᠰ᠎ᠤᠨ ᠨᠢᠭᠡᠳᠦᠯᠲᠡᠢ ᠰᠢᠯᠭ᠋ᠠᠯᠲᠠ ᠵᠢᠨ ᠲᠠᠪᠴᠠᠩ (
http://gaokao.chsi.com.cn)᠎ᠳᠤ ᠳᠡᠭᠡᠳᠦ ᠰᠤᠷᠭ᠋ᠠᠭᠤᠯᠢ ᠵᠢᠨ ᠰᠣᠷᠣᠭᠴᠢ ᠡᠯᠰᠡᠬᠦ ᠲᠦᠷᠢᠮ᠎ᠢ ᠪᠠᠶ᠋ᠢᠴᠠᠭ᠋ᠠᠨ ᠦᠵᠡᠨ᠎ᠡ᠃
     2 . ᠰᠢᠯᠭ᠋ᠠᠭᠤᠯᠤᠭᠰᠠᠳ ᠰᠢᠯᠭ᠋ᠠᠭᠤᠯᠬᠤ ᠲᠡᠮᠳᠡᠭ ᠳᠡᠭᠡᠷ᠎ᠡ ᠳᠠᠷᠤᠮᠠᠯᠯᠠᠭᠰᠠᠨ 《ᠰᠢᠯᠭ᠋ᠠᠭᠤᠯᠤᠭᠰᠠᠳ᠎ᠲᠤ ᠦᠢ᠍ᠯᠡᠴᠢᠯᠡᠬᠦ ᠵᠢᠴᠢ ᠰᠦᠯᠵᠢᠶᠡᠨ᠎ᠳᠤ ᠬᠦᠰᠦᠨᠦᠭ ᠲᠠᠭᠯᠠᠨ ᠡᠷᠡᠮᠡᠯᠵᠡᠯ ᠮᠡᠳᠡᠭᠦᠯᠬᠦ ᠲᠠᠪᠴᠠᠩ》᠎ᠤᠨ ᠰᠦᠯᠵᠢᠶᠡᠨ ᠬᠠᠶᠢᠭ ᠵᠶ᠋ᠠᠷ ᠣᠷᠣᠵᠤ ᠳᠠᠩᠰᠠᠯᠠᠭᠤᠯᠬᠤ ᠵᠢᠨ ᠬᠠᠮᠲᠤ ᠬᠦᠰᠦᠨᠦᠭ ᠲᠠᠭᠯᠠᠨ ᠡᠷᠡᠮᠡᠯᠵᠡᠯ ᠵᠶ᠋ᠠᠨ   ᠮᠡᠳᠡᠭᠦᠯᠵᠦ᠂ ᠨᠡᠷ᠎ᠡ ᠮᠡᠳᠡᠭᠦᠯᠦᠭᠰᠡᠨ ᠳᠡᠭᠡᠳᠦ ᠰᠤᠷᠭ᠋ᠠᠭᠤᠯᠢ ᠪᠤᠶᠤ ᠲᠤᠰᠬᠠᠶ ᠮᠡᠷᠭᠡᠵᠢᠯ᠎ᠤᠨ ᠨᠡᠷᠡᠰ᠎ᠤᠨ ᠵᠢᠭᠰᠠᠭ᠋ᠠᠯᠲᠠ ᠵᠢᠨ ᠪᠠᠢ᠌ᠳᠠᠯ᠎ᠢ ᠪᠠᠶ᠋ᠢᠴᠠᠭ᠋ᠠᠨ ᠦᠵᠡᠨ᠎ᠡ᠃
     3 . ᠬᠦᠰᠦᠨᠦᠭ ᠲᠠᠭᠯᠠᠨ ᠡᠷᠡᠮᠡᠯᠵᠡᠯ ᠮᠡᠳᠡᠭᠦᠯᠬᠦ ᠬᠤᠭᠤᠴᠠᠭ᠋ᠠᠨ᠎ᠳᠤ ᠰᠢᠯᠭ᠋ᠠᠭᠤᠯᠤᠭᠰᠠᠳ ᠨᠡᠷᠡᠰ᠎ᠤᠨ ᠵᠢᠭᠰᠠᠭ᠋ᠠᠯᠲᠠ ᠵᠢᠨ ᠮᠡᠳᠡᠭᠡ ᠵᠠᠩᠭᠢ ᠵᠢ ᠦᠷᠭᠦᠯᠵᠢ ᠪᠠᠶ᠋ᠢᠴᠠᠭ᠋ᠠᠨ ᠦᠵᠡᠵᠦ᠂ ᠡᠷᠡᠮᠡᠯᠵᠡᠯ ᠵᠶ᠋ᠠᠨ ᠲᠠᠰᠤᠷᠠᠯᠲᠠ ᠥᠬᠡᠶ ᠵᠠᠰᠠᠬᠤ ᠬᠡᠷᠡᠭᠲᠡᠶ᠃
      ᠳᠥᠷᠪᠡ᠂ ᠰᠦᠯᠵᠢᠶᠡᠨ᠎ᠳᠤ ᠬᠦᠰᠦᠨᠦᠭ ᠲᠠᠭᠯᠠᠨ ᠡᠷᠡᠮᠡᠯᠵᠡᠯ ᠮᠡᠳᠡᠭᠦᠯᠬᠦ᠎ᠳᠤ ᠠᠩᠬᠠᠷᠬᠤ ᠵᠦᠢ᠍ᠯ
     1 . ᠰᠦᠯᠵᠢᠶᠡᠨ᠎ᠳᠤ ᠬᠦᠰᠦᠨᠦᠭ ᠲᠠᠭᠯᠠᠨ ᠡᠷᠡᠮᠡᠯᠵᠡᠯ ᠮᠡᠳᠡᠭᠦᠯᠬᠦ ᠰᠣᠷᠢᠯᠲᠠ ᠪᠣᠯ ᠵᠥᠪᠬᠡᠨ ᠰᠢᠯᠭ᠋ᠠᠭᠤᠯᠤᠭᠰᠠᠳ ᠰᠦᠯᠵᠢᠶᠡᠨ᠎ᠳᠤ ᠬᠦᠰᠦᠨᠦᠭ ᠲᠠᠭᠯᠠᠨ ᠡᠷᠡᠮᠡᠯᠵᠡᠯ ᠮᠡᠳᠡᠭᠦᠯᠬᠦ ᠶᠠᠪᠤᠴᠠ ᠵᠢ ᠣᠶ᠋ᠢᠯᠠᠭ᠋ᠠᠬᠤ᠎ᠳᠤ ᠵᠣᠷᠢᠭᠤᠯᠤᠭᠰᠠᠨ ᠶᠤᠮ᠂ ᠡᠭᠦᠨ᠎ᠳᠠᠬᠢ ᠬᠦᠰᠦᠨᠦᠭ ᠲᠠᠭᠯᠠᠨ ᠡᠷᠡᠮᠡᠯᠵᠡᠯ ᠮᠡᠳᠡᠭᠦᠯᠦᠭᠰᠡᠨ ᠦᠷ᠎ᠡ ᠳ᠋ᠦᠩ ᠵᠢᠴᠢ ᠲᠠᠩᠰᠠ ᠡᠪᠬᠡᠮᠡᠯ᠎ᠳᠤ ᠣᠷᠣᠭᠤᠯᠬᠤ ᠬᠢᠵᠠᠭ᠋ᠠᠷ ᠬᠤᠪᠢ ᠵᠡᠷᠭᠡ ᠪᠦᠷᠢᠳᠬᠡᠭᠰᠡᠨ ᠦᠷ᠎ᠡ ᠳ᠋ᠦᠩ᠎ᠨᠢ ᠵᠢᠩᠬᠢᠨᠢ᠎ᠪᠠᠷ ᠡᠯᠰᠡᠬᠦ᠎ᠲᠠᠢ ᠶᠠᠮᠠᠷ ᠴᠤ᠌ ᠬᠣᠯᠪᠣᠭ᠎ᠠ ᠥᠬᠡᠶ᠂ ᠮᠥᠨ ᠴᠦ᠍ ᠬᠣᠯᠪᠤᠭᠳᠠᠬᠤ ᠯᠠᠪᠯᠠᠯᠲᠠ ᠪᠣᠯᠭ᠋ᠠᠬᠤ ᠥᠬᠡᠶ᠃
     2 . ᠡᠨᠡ ᠤᠳᠠᠭ᠋ᠠᠨ᠎ᠤ ᠰᠣᠷᠢᠯᠲᠠ᠎ᠨᠢ ᠰᠢᠯᠭ᠋ᠠᠭᠤᠯᠤᠭᠴᠢ ᠵᠢᠴᠢ ᠭᠡᠷ᠎ᠤᠨ ᠠᠬᠠᠮᠠᠳ᠎ᠤᠨ ᠰᠦᠯᠵᠢᠶᠡᠨ᠎ᠳᠤ ᠬᠦᠰᠦᠨᠦᠭ ᠲᠠᠭᠯᠠᠨ ᠡᠷᠡᠮᠡᠯᠵᠡᠯ ᠮᠡᠳᠡᠭᠦᠯᠬᠦ ᠵᠢ ᠰᠤᠷᠴᠤ᠂ ᠣᠢ᠌ᠯᠠᠭ᠋ᠠᠬᠤ ᠲᠣᠬᠢᠶᠠᠯ ᠣᠯᠭᠣᠭᠰᠠᠨ ᠪᠥᠭᠡᠳ ᠡᠯ᠎ᠡ ᠭᠠᠵᠠᠷ᠎ᠤᠨ᠎ᠬᠢᠨ ᠰᠦᠯᠵᠢᠶᠡᠨ᠎ᠳᠤ ᠡᠬᠦ᠋ᠰᠦᠨᠦᠭ ᠲᠠᠭᠯᠠᠨ ᠡᠷᠡᠮᠡᠯᠵᠡᠯ ᠮᠡᠳᠡᠭᠦᠯᠬᠦ ᠪᠣᠳᠠᠲᠤ ᠰᠣᠷᠢᠯᠲᠠ ᠬᠢᠵᠦ᠂ ᠪᠠᠰᠠ ᠰᠦᠯᠵᠢᠶᠡᠨ᠎ᠳᠤ ᠬᠦᠰᠦᠨᠦᠭ ᠲᠠᠭᠯᠠᠨ ᠡᠷᠡᠮᠡᠯᠵᠡᠯ ᠮᠡᠳᠡᠭᠦᠯᠬᠦ ᠰᠢᠰᠲ᠋ᠧᠮ᠎ᠳᠤ ᠪᠦᠬᠦᠯᠢ ᠴᠣᠭᠴᠠ ᠵᠢᠨ ᠬᠢᠨᠠᠨ ᠰᠢᠯᠭ᠋ᠠᠯᠲᠠ ᠬᠢᠭᠰᠡᠨ ᠪᠠᠶ᠋ᠢᠨ᠎ᠠ᠃ ᠬᠡᠷᠪᠡ ᠰᠦᠯᠵᠢᠶᠡᠨ᠎ᠤ ᠲᠦᠭᠵᠢᠷᠡᠯ ᠵᠡᠷᠭᠡ ᠪᠠᠶ᠋ᠢᠳᠠᠯ ᠲᠣᠬᠢᠶᠠᠯᠳᠤᠪᠠᠯ᠂ ᠰᠢᠯᠭ᠋ᠠᠭᠤᠯᠤᠭᠴᠢ ᠪᠠ ᠬᠡᠷ᠎ᠤᠨ ᠠᠬᠠᠮᠠᠳ ᠬᠦᠯᠢᠴᠡᠩᠭᠦᠶ᠎ᠪᠠᠷ ᠬᠦᠯᠢᠶᠡᠬᠦ ᠵᠢᠨ ᠬᠠᠮᠲᠤ ᠤᠶ᠋ᠢᠯᠠᠭ᠋ᠠᠨ ᠳᠡᠮᠵᠢᠵᠦ᠂ ᠬᠣᠯᠪᠤᠭᠳᠠᠬᠤ ᠰᠠᠯᠠᠭ᠎ᠠ ᠮᠥᠴᠢᠷ ᠪᠠ ᠰᠦᠯᠵᠢᠶᠡᠨ᠎ᠳᠤ ᠬᠦᠰᠦᠨᠦᠭ ᠲᠠᠭᠯᠠᠨ ᠡᠷᠡᠮᠡᠯᠵᠡᠯ ᠮᠡᠳᠡᠭᠦᠯᠬᠦ ᠮᠡᠷᠭᠡᠵᠢᠯ᠎ᠤᠨ ᠪᠠᠲᠤᠯᠠᠭ᠋ᠠᠨ᠎ᠤ ᠳᠤᠭᠤᠶ᠋ᠢᠯᠠᠩ ᠠᠯᠢ ᠲᠦᠷᠭᠡᠨ ᠵᠶ᠋ᠠᠷ ᠬᠡᠮ ᠰᠣᠭᠣᠭ᠎ᠢ ᠠᠷᠢᠯᠭ᠋ᠠᠬᠤ ᠵᠢᠨ ᠬᠠᠮᠲᠤ ᠬᠦᠰᠦᠨᠦᠭ ᠲᠠᠭᠯᠠᠨ ᠡᠷᠡᠮᠡᠯᠵᠡᠯ ᠮᠡᠳᠡᠭᠦᠯᠬᠦ ᠲᠤᠰᠬᠠᠶ ᠪᠤᠯᠤᠩ᠎ᠳᠤ ᠨᠡᠶ᠋ᠢᠲᠡᠯᠡᠭᠰᠡᠨ ᠬᠠᠮᠤᠭ᠎ᠤᠨ ᠰᠢᠨ᠎ᠡ ᠮᠡᠳᠡᠭᠡ ᠵᠠᠩᠭᠢ ᠵᠢ ᠨᠢᠭᠲᠠ ᠠᠩᠬᠠᠷᠤᠭ᠋ᠠᠷᠠᠢ᠃
     3 . ᠵᠢᠩᠬᠢᠨᠢ᠎ᠪᠠᠷ ᠰᠦᠯᠵᠢᠶᠡᠨ᠎ᠳᠤ ᠬᠦᠰᠦᠨᠦᠭ ᠲᠠᠭᠯᠠᠨ ᠡᠷᠡᠮᠡᠯᠵᠡᠯ ᠮᠡᠳᠡᠭᠦᠯᠬᠦ᠎ᠲᠠᠢ ᠠᠳᠠᠯᠢ ᠥᠬᠡᠶ᠎ᠨᠢ ᠪᠣᠯ ᠡᠨᠡ ᠤᠳᠠᠭ᠋ᠠᠨ᠎ᠤ ᠳᠠᠭᠤᠷᠢᠶᠠᠮᠠᠯ ᠰᠣᠷᠢᠯᠲᠠ᠎ᠳᠤ ᠰᠢᠨ᠎ᠡ᠎ᠪᠠᠷ ᠬᠦᠰᠦᠨᠦᠭ ᠲᠠᠭᠯᠠᠨ ᠡᠷᠡᠮᠡᠯᠵᠡᠯ ᠮᠡᠳᠡᠭᠦᠯᠬᠦ ᠪᠠ ᠡᠷᠡᠮᠡᠯᠵᠡᠯ ᠬᠠᠰᠤᠬᠤ ᠵᠢ ᠬᠢᠵᠠᠭ᠋ᠠᠷᠯᠠᠬᠤ ᠴᠠᠭ ᠭᠠᠷᠭ᠋ᠠᠬᠤ ᠥᠬᠡᠶ᠂ ᠴᠠᠭ ᠬᠤᠪᠢᠶᠠᠨ ᠬᠡᠰᠡᠭ ᠬᠤᠪᠢᠶᠠᠵᠤ ᠨᠡᠷ᠎ᠡ ᠮᠡᠳᠡᠭᠦᠯᠵᠦ ᠳᠠᠭᠤᠰᠬᠠᠬᠤ ᠴᠠᠭ ᠭᠠᠷᠭ᠋ᠠᠬᠤ ᠥᠬᠡᠶ᠂ ᠪᠠᠰᠠ ᠬᠣᠰᠢᠭᠤ ᠰᠢᠶᠠᠨ ᠲᠣᠭᠣᠷᠢᠭ᠎ᠤᠨ ᠰᠣᠷᠣᠭᠴᠢ ᠡᠯᠰᠡᠬᠦ ᠠᠯᠪᠠᠨ ᠬᠡᠷ᠎ᠠᠴᠠ ᠮᠡᠳᠡᠭᠦᠯᠦᠭᠰᠡᠨ ᠡᠷᠡᠮᠡᠯᠵᠡᠯ᠎ᠢ ᠨᠤᠲᠠᠯᠠᠬᠤ ᠭᠣᠭᠴᠣᠭ᠎ᠠ ᠭᠠᠷᠭ᠋ᠠᠬᠤ ᠥᠬᠡᠶ᠃
     4 . ᠪᠣᠶ ᠪᠥᠬᠥᠶ ᠰᠤᠷᠭ᠋ᠠᠭᠤᠯᠢ ᠵᠢᠨ ᠨᠡᠷ᠎ᠡ ᠮᠡᠳᠡᠭᠦᠯᠦᠭᠰᠡᠨ ᠰᠢᠯᠭ᠋ᠠᠭᠤᠯᠤᠭᠴᠢ ᠰᠤᠷᠭ᠋ᠠᠭᠤᠯᠢ᠎ᠳᠤ ᠬᠦᠰᠦᠨᠦᠭ ᠲᠠᠭᠯᠠᠨ ᠡᠷᠡᠮᠡᠯᠵᠡᠯ ᠵᠶ᠋ᠠᠨ ᠮᠡᠳᠡᠭᠦᠯᠵᠦ᠂ ᠰᠣᠷᠣᠭᠴᠢ ᠡᠯᠰᠡᠬᠦ ᠠᠯᠪᠠᠨ ᠬᠡᠷ᠎ᠲᠤ ᠨᠡᠷ᠎ᠡ ᠮᠡᠳᠡᠭᠦᠯᠦᠭᠰᠡᠨ ᠰᠢᠯᠭ᠋ᠠᠭᠤᠯᠤᠭᠴᠢ ᠬᠣᠰᠢᠭᠤ ᠰᠢᠶᠠᠨ ᠲᠣᠭᠣᠷᠢᠭ᠎ᠤᠨ ᠰᠣᠷᠣᠭᠴᠢ ᠡᠯᠰᠡᠬᠦ ᠠᠯᠪᠠᠨ ᠬᠡᠷ᠎ᠠᠴᠠ ᠲᠣᠬᠢᠷᠠᠭᠤᠯᠤᠭᠰᠠᠨ ᠰᠢᠯᠭ᠋ᠠᠭᠤᠯᠤᠭᠰᠠᠳ᠎ᠲᠤ ᠦᠢ᠍ᠯᠡᠴᠢᠯᠡᠬᠦ ᠲᠥᠪ᠎ᠲᠤ ᠬᠦᠰᠦᠨᠦᠭ ᠲᠠᠭᠯᠠᠨ ᠡᠷᠡᠮᠡᠯᠵᠡᠯ ᠵᠶ᠋ᠠᠨ ᠮᠡᠳᠡᠭᠦᠯᠬᠦ ᠬᠡᠷᠡᠭᠲᠡᠶ᠃
     5 . ᠳᠠᠭᠤᠷᠢᠶᠠᠮᠠᠯ ᠰᠣᠷᠢᠯᠲᠠ ᠵᠢᠨ ᠬᠤᠭᠤᠴᠠᠭ᠋ᠠᠨ᠎ᠳᠤ᠂ ᠡᠯ᠎ᠡ ᠭᠠᠵᠠᠷ᠎ᠤᠨ ᠬᠣᠰᠢᠭᠤ ᠰᠢᠶᠠᠨ (ᠬᠣᠲᠠ᠂ ᠲᠣᠭᠣᠷᠢᠭ)᠎ᠤ ᠰᠤᠷᠭ᠋ᠠᠨ ᠬᠥᠮᠦᠵᠢᠯ᠎ᠤᠨ ᠰᠣᠷᠣᠭᠴᠢ ᠡᠯᠰᠡᠬᠦ ᠰᠢᠯᠭ᠋ᠠᠯᠲᠠ ᠵᠢᠨ ᠪᠠᠶ᠋ᠢᠭᠤᠯᠤᠮᠵᠢ ᠵᠢᠨ ᠵᠢᠵᠢᠭᠦᠷᠯᠡᠭᠴᠢᠳ ᠰᠢᠯᠭ᠋ᠠᠭᠤᠯᠤᠭᠰᠠᠳ᠎ᠤᠨ ᠠᠰᠠᠭᠤᠯᠲᠠ ᠵᠢ ᠭᠥᠯᠢᠶᠡᠨ ᠠᠪᠴᠤ ᠰᠢᠢ᠍ᠳᠪᠦᠷᠢᠯᠡᠬᠦ ᠵᠢᠨ ᠬᠠᠮᠲᠤ ᠠᠰᠠᠭᠤᠯᠲᠠ ᠵᠢ ᠬᠠᠷᠢᠭᠤᠯᠬᠤ ᠪᠤᠶᠤ ᠠᠰᠠᠭᠤᠯᠲᠠ᠎ᠳᠤ ᠬᠠᠷᠢᠭᠤ ᠪᠤᠴᠠᠭ᠋ᠠᠭᠰᠠᠨ ᠵᠶ᠋ᠠᠨ ᠳᠠᠷᠤᠶ᠎ᠳᠤ᠎ᠨᠢ ᠰᠤᠷᠭ᠋ᠠᠨ ᠬᠥᠮᠦᠵᠢᠯ᠎ᠤᠨ ᠰᠣᠷᠣᠭᠴᠢ ᠡᠯᠰᠡᠬᠦ ᠰᠢᠯᠭ᠋ᠠᠯᠲᠠ ᠵᠢᠨ ᠪᠠᠶ᠋ᠢᠭᠤᠯᠤᠮᠵᠢ ᠵᠢᠨ ᠳ᠋ᠢᠩ ᠳ᠋ᠢᠩ ᠴᠤᠭᠯᠠᠷᠠᠯ ᠵᠶ᠋ᠠᠷ ᠳᠠᠮᠵᠢᠭᠤᠯᠤᠨ ᠳᠡᠭᠡᠷ᠎ᠡ ᠱᠠᠲᠤᠨ᠎ᠤ ᠰᠤᠷᠭ᠋ᠠᠨ ᠬᠥᠮᠥᠵᠢᠯ᠎ᠤᠨ ᠰᠤᠷᠤᠭᠴᠢ ᠡᠯᠰᠡᠬᠦ ᠰᠢᠯᠭ᠋ᠠᠯᠲᠠ ᠵᠢᠨ ᠪᠠᠢ᠌ᠭᠤᠯᠤᠮᠵᠢ᠎ᠳᠤ ᠬᠠᠷᠢᠭᠤ ᠮᠡᠳᠡᠭᠦᠯᠵᠦ᠂ ᠬᠠᠷᠢᠭᠤ ᠥᠭᠭᠦᠭᠰᠡᠨ ᠰᠠᠨᠠᠯ᠎ᠢ ᠬᠦᠯᠢᠶᠡᠨ ᠠᠪᠬᠤ ᠵᠢᠨ ᠬᠠᠮᠲᠤ ᠳᠠᠷᠤᠢ᠎ᠳᠤ᠎ᠨᠢ ᠬᠠᠷᠢᠭᠤ ᠪᠤᠴᠠᠭ᠋ᠠᠬᠤ ᠬᠡᠷᠡᠭᠲᠡᠢ᠃
     6 . ᠰᠢᠯᠭ᠋ᠠᠭᠤᠯᠤᠭᠴᠢ ᠵᠢᠨ ᠮᠡᠳᠡᠭᠡ ᠵᠠᠩᠭᠢ ᠵᠢᠨ ᠠᠮᠤᠷ ᠲᠦᠪᠰᠢᠨ᠎ᠢ ᠦᠨᠡᠨ ᠬᠦ᠌ ᠪᠠᠲᠤᠯᠠᠬᠤ ᠵᠢᠨ ᠲᠥᠯᠥᠭᠡ᠂ ᠰᠢᠯᠭ᠋ᠠᠭᠤᠯᠤᠭᠴᠢ ᠡᠷᠬᠡᠪᠰᠢ ᠥᠪᠡᠷ᠎ᠤᠨ ᠨᠢᠭᠤᠴᠠ ᠨᠣᠮᠧᠷ ᠵᠶ᠋ᠠᠨ ᠰᠠᠢ᠌ᠲᠤᠷ ᠬᠠᠳᠠᠭ᠋ᠠᠯᠠᠬᠤ ᠬᠡᠷᠡᠭᠲᠡᠶ᠃ ᠬᠡᠷᠪᠡ ᠨᠢᠭᠤᠴᠠ ᠨᠣᠮᠧᠷ ᠵᠶ᠋ᠠᠨ ᠵᠠᠳᠠᠷᠠᠭᠤᠯᠤᠭᠰᠠᠨ ᠰᠡᠵᠢᠭᠲᠡᠢ ᠪᠣᠯ ᠰᠣᠷᠢᠯᠲᠠ ᠳᠠᠭᠤᠰᠤᠭᠰᠠᠨ᠎ᠤ ᠳᠠᠷᠠᠭ᠎ᠠ ᠬᠦᠰᠦᠨᠦᠭ ᠲᠠᠭᠯᠠᠨ ᠡᠷᠡᠮᠡᠯᠵᠡᠯ ᠮᠡᠳᠡᠭᠦᠯᠬᠦ ᠲᠠᠪᠴᠠᠩ ᠵᠶ᠋ᠠᠷ ᠳᠠᠮᠵᠢᠭᠤᠯᠤᠨ ᠥᠪᠡᠷ᠎ᠤᠨ ᠨᠢᠭᠤᠴᠠ ᠨᠣᠮᠧᠷ ᠵᠶ᠋ᠠᠨ ᠵᠠᠰᠠᠵᠤ ᠪᠣᠯᠤᠨ᠎ᠠ᠂ ᠰᠢᠯᠭ᠋ᠠᠭᠤᠯᠤᠭᠴᠢ ᠪᠠᠰᠠ ᠥᠪᠡᠷ᠎ᠤᠨ ᠰᠠᠭᠤᠭ᠋ᠠᠯᠢ ᠠᠷᠠᠳ᠎ᠤᠨ ᠪᠡᠶ᠎ᠡ ᠵᠢᠨ ᠦᠨᠡᠮᠯᠡᠯ ᠵᠶ᠋ᠠᠨ ᠠᠪᠴᠤ ᠬᠠᠷᠢᠶ᠎ᠠ ᠭᠠᠵᠠᠷ᠎ᠤᠨ ᠰᠤᠷᠭ᠋ᠠᠨ ᠬᠥᠮᠦᠵᠢᠯ᠎ᠤᠨ ᠰᠣᠷᠣᠭᠴᠢ ᠡᠯᠰᠡᠬᠦ ᠰᠢᠯᠭ᠋ᠠᠯᠲᠠ ᠵᠢᠨ ᠪᠠᠶ᠋ᠢᠭᠤᠯᠤᠮᠵᠢ᠎ᠳᠤ ᠣᠴᠢᠵᠤ ᠨᠢᠭᠤᠴᠠ ᠨᠣᠮᠧᠷ ᠵᠶ᠋ᠠᠨ ᠳᠠᠬᠢᠨ ᠠᠪᠴᠤ ᠪᠣᠯᠤᠨ᠎ᠠ᠃
     7 . 《2022 ᠣᠨ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠩ᠎ᠤᠨ ᠳᠡᠭᠡᠳᠦ ᠰᠤᠷᠭ᠋ᠠᠭᠤᠯᠢ ᠵᠢᠨ ᠰᠣᠷᠣᠭᠴᠢ ᠡᠯᠰᠡᠬᠦ ᠠᠵᠢᠯ᠎ᠤᠨ ᠰᠦᠯᠵᠢᠶᠡᠨ᠎ᠳᠤ ᠬᠦᠰᠦᠨᠦᠭ ᠲᠠᠭᠯᠠᠨ ᠡᠷᠡᠮᠡᠯᠵᠡᠯ ᠮᠡᠳᠡᠭᠦᠯᠬᠦ ᠪᠠ ᠲᠠᠩᠰᠠ ᠡᠪᠬᠡᠮᠡᠯ᠎ᠳᠤ ᠣᠷᠣᠭᠤᠯᠵᠤ ᠡᠯᠰᠡᠬᠦ ᠠᠵᠢᠯ᠎ᠢ ᠬᠡᠷᠡᠭᠵᠢᠭᠦᠯᠬᠦ ᠠᠷᠭ᠎ᠠ》᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 2022 ᠣᠨ᠎ᠤ ᠡᠩ᠎ᠤᠨ ᠳᠡᠭᠡᠳᠦ ᠰᠤᠷᠭ᠋ᠠᠭᠤᠯᠢ ᠵᠢᠨ ᠰᠣᠷᠣᠭᠴᠢ ᠡᠯᠰᠡᠬᠦ ᠠᠵᠢᠯ᠎ᠤᠨ ᠳᠦᠷᠢᠮ》 ᠵᠡᠷᠭᠡ ᠪᠢᠴᠢᠭ ᠮᠠᠲ᠋ᠧᠷᠢᠶᠠᠯ᠎ᠤᠨ ᠶᠣᠰᠤ᠎ᠪᠠᠷ ᠬᠡᠷᠡᠭᠵᠢᠭᠦᠯᠦᠨ᠎ᠡ᠃


ᠢᠷᠡᠯᠲᠡ᠄ ᠥᠪᠥᠷ ᠮᠣᠩᠭᠤᠯ᠎ᠤᠨ ᠦᠪᠡᠷᠲᠡᠭᠡᠨ ᠵᠠᠰᠠᠬᠤ ᠣᠷᠣᠨ᠎ᠤ ᠰᠣᠷᠭ᠋ᠠᠨ ᠬᠦᠮᠦᠵᠢᠯ᠎ᠤᠨ ᠲᠢᠩᠬᠡᠮ
          
ᠬᠠᠮᠢᠶ᠎ᠡ ᠪᠦᠬᠦᠢ ᠰᠣᠨᠢᠨ
ᠬᠣᠶᠠᠷ ᠰᠠᠯᠠᠭ᠎ᠠ ᠮᠥᠴᠢᠷ ᠪᠢᠴᠢᠭ ᠮᠠᠲ᠋ᠧᠷᠢᠶᠠᠯ ᠲᠠᠷᠬᠠᠭ᠋ᠠᠪᠠ᠄ ᠳᠤᠮᠳᠠᠳᠤ ᠪᠠᠭ᠎ᠠ ᠰᠤᠷᠭ᠋ᠠᠭᠤᠯᠢ ᠵᠢᠨ ᠰᠤᠷᠤᠭᠴᠢᠳ᠎ᠤᠨ ᠤᠰᠤᠨ ᠳᠡᠭᠡᠷᠡᠬᠢ ᠵᠠᠮ ᠬᠠᠷᠢᠯᠴᠠᠭ᠋ᠠᠨ᠎ᠤ ᠠᠮᠤᠷ ᠲᠦᠪᠰᠢᠨ᠎ᠤ ᠬᠥᠮᠦᠵᠢᠯ ᠪᠠ ᠤᠰᠤᠨ᠎ᠳᠤ ᠤᠨᠠᠬᠤ ᠵᠢ ᠰᠡᠷᠭᠡᠶ᠋ᠢᠯᠡᠬᠦ ᠠᠮᠤᠷ ᠲᠦᠪᠰᠢᠨ᠎ᠤ ᠰᠠᠨᠠᠭᠤᠯᠤᠮᠵᠢ ᠵᠢ ᠥᠷᠭᠡᠨ ᠵᠶ᠋ᠠᠷ ᠥᠷᠨᠢᠭᠦᠯᠬᠦ ᠬᠡᠷᠡᠭᠲᠡᠢ
@ ᠳᠤᠮᠳᠠᠳᠤ ᠪᠠᠭ᠎ᠠ ᠰᠤᠷᠭ᠋ᠠᠭᠤᠯᠢ ᠵᠢᠨ ᠰᠤᠷᠤᠭᠴᠢᠳ ᠪᠣᠯᠤᠨ ᠬᠡᠦᠬᠡᠳ᠎ᠤᠨ ᠬᠡᠷ᠎ᠤᠨ ᠠᠬᠠᠮᠠᠳ᠎ᠲᠤ᠄ ᠵᠣᠨ᠎ᠤ ᠠᠮᠠᠷᠠᠯᠲᠠ ᠵᠢᠨ ᠬᠤᠭᠤᠴᠠᠭ᠋ᠠᠨ᠎ᠤ ᠨᠢᠳᠦ ᠵᠢ ᠬᠠᠮᠠᠭ᠋ᠠᠯᠠᠬᠤ ᠠᠨᠢᠰᠤ
@ ᠡᠩ᠎ᠤᠨ ᠳᠡᠭᠡᠳᠦ ᠰᠤᠷᠭ᠋ᠠᠭᠤᠯᠢ᠎ᠳᠤ ᠰᠣᠷᠣᠭᠴᠢ ᠡᠯᠰᠡᠬᠦ ᠪᠥᠬᠦ ᠤᠯᠤᠰ᠎ᠤᠨ ᠨᠢᠭᠡᠳᠦᠯᠲᠡᠢ ᠰᠢᠯᠭ᠋ᠠᠯᠲᠠ ᠵᠢᠨ ᠰᠢᠯᠭ᠋ᠠᠭᠤᠯᠤᠭᠰᠠᠳ᠂ ᠰᠤᠷᠤᠭᠴᠢ ᠡᠯᠰᠡᠬᠦ ᠬᠤᠭᠤᠴᠠᠭ᠋ᠠᠨ᠎ᠳᠤ ᠠᠷᠪᠠᠨ ᠵᠦᠢ᠍ᠯ᠎ᠢ ᠠᠩᠬᠠᠷᠬᠤ ᠬᠡᠷᠡᠭᠲᠡᠶ
2022 ᠣᠨ᠎ᠤ ᠨᠠᠮᠤᠷ᠎ᠤᠨ ᠤᠯᠠᠷᠢᠯ᠎ᠤᠨ ᠰᠤᠷᠤᠯᠭ᠎ᠠ ᠵᠢᠨ ᠬᠤᠭᠤᠴᠠᠭ᠎ᠠ ᠡᠬᠢᠯᠡᠬᠦ ᠪᠠ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ᠎ᠳᠤ ᠬᠣᠯᠪᠤᠭᠳᠠᠬᠤ ᠰᠤᠷᠭ᠋ᠠᠨ ᠬᠥᠮᠦᠵᠢᠯ᠎ᠤᠨ ᠶᠠᠮᠤᠨ᠎ᠤ ᠬᠠᠮᠤᠭ᠎ᠤᠨ ᠰᠢᠨ᠎ᠡ ᠪᠠᠶ᠋ᠢᠷᠢᠯᠠᠭᠤᠯᠤᠯᠲᠠ
ᠪᠦᠬᠦ ᠤᠯᠤᠰ᠎ᠤᠨ ᠨᠡᠶ᠋ᠢᠲᠡᠯᠢᠭ ᠬᠡᠯᠡ ᠵᠢ ᠳᠡᠯᠭᠡᠷᠡᠭᠦᠯᠬᠦ ᠤᠬᠠᠭᠤᠯᠭ᠎ᠠ ᠵᠢᠨ ᠭᠠᠷᠠᠭ᠎ᠤᠨ ᠤᠬᠠᠭᠤᠯᠬᠤ ᠪᠦᠲᠦᠭᠡᠯ᠎ᠢ ᠡᠯᠰᠡᠵᠦ ᠪᠣᠢ
 
             蒙ICP备05000248号