2022 ᠣᠨ᠎ᠤ ᠡᠩ᠎ᠤᠨ ᠳᠡᠭᠡᠳᠦ ᠰᠤᠷᠭ᠋ᠠᠭᠤᠯᠢ᠎ᠳᠤ ᠰᠣᠷᠣᠭᠴᠢ ᠡᠯᠰᠡᠬᠦ ᠪᠥᠬᠦ ᠤᠯᠤᠰ᠎ᠤᠨ ᠨᠢᠭᠡᠳᠦᠯᠲᠡᠢ ᠰᠢᠯᠭ᠋ᠠᠯᠲᠠ ᠵᠢᠨ ᠰᠤᠷᠤᠭᠴᠢ ᠡᠯᠰᠡᠬᠦ ᠬᠤᠭᠤᠴᠠᠭ᠋ᠠᠨ᠎ᠳᠤ᠂ ᠰᠢᠯᠭ᠋ᠠᠭᠤᠯᠤᠭᠴᠢ ᠪᠠ ᠬᠡᠷ᠎ᠤᠨ ᠠᠬᠠᠮᠠᠳ ᠶᠠᠮᠠᠷ ᠵᠠᠩᠭᠢᠯᠠᠭ᠎ᠠ ᠵᠢᠨ ᠭᠣᠭᠴᠣᠭ᠎ᠠ ᠪᠤᠶᠤ ᠨᠠᠷᠢᠨ ᠵᠦᠢ᠍ᠯ᠎ᠢ ᠣᠶ᠋ᠢᠯᠠᠭ᠋ᠠᠵᠤ ᠠᠩᠬᠠᠷᠬᠤ ᠴᠢᠬᠤᠯᠠᠲᠠᠶ ᠪᠣᠶ? ᠬᠠᠮᠲᠤ᠎ᠳᠤ᠎ᠪᠠᠨ ᠡᠲᠡᠭᠡᠷ ᠠᠩᠬᠠᠷᠬᠤ ᠵᠦᠢ᠍ᠯ᠎ᠢ ᠦᠵᠡᠵᠡᠭᠡᠶ᠎ᠡ!

01 ᠰᠠᠭᠤᠭ᠎ᠠ ᠮᠤᠵᠢ ᠵᠢᠨ ᠵᠶ᠋ᠠᠨ ᠰᠣᠷᠣᠭᠴᠢ ᠡᠯᠰᠡᠬᠦ ᠡᠳᠦᠷ᠎ᠤᠨ ᠲᠣᠬᠢᠷᠠᠭᠤᠯᠤᠯᠲᠠ ᠵᠢ
ᠣᠢ᠌ᠯᠠᠭ᠋ᠠᠬᠤ ᠬᠡᠷᠡᠭᠲᠡᠢ
ᠰᠣᠷᠣᠭᠴᠢ ᠡᠯᠰᠡᠬᠦ ᠬᠤᠭᠤᠴᠠᠭ᠋ᠠᠨ᠎ᠳᠤ᠂ ᠰᠢᠯᠭ᠋ᠠᠭᠤᠯᠤᠭᠴᠢ ᠪᠠ ᠬᠡᠷ᠎ᠤᠨ ᠠᠬᠠᠮᠠᠳ ᠡᠷᠬᠡᠪᠰᠢ ᠡᠯ᠎ᠡ ᠪᠦᠯᠦᠭ ᠤᠳᠠᠭ᠋ᠠᠨ᠎ᠤ ᠡᠷᠡᠮᠡᠯᠵᠡᠯ᠎ᠤᠨ ᠬᠦᠰᠦᠨᠦᠭ ᠲᠠᠭᠯᠠᠬᠤ᠂ ᠲᠠᠩᠰᠠ ᠡᠪᠬᠡᠮᠡᠯ ᠭᠠᠷᠭ᠋ᠠᠬᠤ᠂ ᠰᠤᠷᠤᠭᠴᠢ ᠡᠯᠰᠡᠬᠦ ᠴᠠᠭ᠎ᠤᠨ ᠲᠣᠬᠢᠷᠠᠭᠤᠯᠤᠯᠲᠠ ᠵᠢ ᠣᠢ᠌ᠯᠠᠭ᠋ᠠᠵᠤ (ᠨᠠᠷᠠᠨ ᠭᠡᠷᠡᠯᠲᠦ ᠡᠩ᠎ᠤᠨ ᠳᠡᠭᠡᠳᠦ ᠰᠤᠷᠭ᠋ᠠᠭᠤᠯᠢ᠎ᠳᠤ ᠰᠣᠷᠣᠭᠴᠢ ᠡᠯᠰᠡᠬᠦ ᠪᠥᠬᠦ ᠤᠯᠤᠰ᠎ᠤᠨ ᠨᠢᠭᠡᠳᠦᠯᠲᠡᠶ ᠰᠢᠯᠭ᠋ᠠᠯᠲᠠ ᠵᠢᠨ ᠮᠡᠳᠡᠭᠡ ᠵᠠᠩᠭᠢ ᠵᠢᠨ ᠲᠠᠪᠴᠠᠩ᠎ᠤᠨ ᠰᠦᠯᠵᠢᠶ᠎ᠡ᠄ https://gaokao.chsi.com.cn/z/gkbmfslq/lqjg.jsp᠎ᠳᠤ ᠳᠠᠩᠰᠠᠯᠠᠭᠤᠯᠤᠭ᠋ᠠᠷᠠᠢ)᠂ ᠥᠪᠡᠷ᠎ᠤᠨ ᠡᠯᠰᠡᠭᠳᠡᠭᠰᠡᠨ ᠪᠠᠶ᠋ᠢᠳᠠᠯ ᠵᠶ᠋ᠡᠨ ᠴᠠᠭ ᠲᠤᠬᠠᠶ᠎ᠳᠤᠨᠢ ᠪᠠᠶ᠋ᠢᠴᠠᠭ᠋ᠠᠨ ᠯᠠᠪᠯᠠᠭ᠋ᠠᠷᠠᠢ᠃᠂ ᠰᠤᠷᠤᠭᠴᠢ ᠡᠯᠰᠡᠬᠦ ᠶᠠᠪᠤᠴᠠ᠎ᠳᠠᠬᠢ ᠮᠠᠳᠠᠭᠲᠠᠢᠢ ᠠᠰᠠᠭᠤᠳᠠᠯ᠎ᠳᠤ ᠴᠢᠭᠯᠡᠭᠦᠯᠦᠨ ᠵᠢᠩᠬᠢᠨᠢ ᠠᠷᠭ᠎ᠠ ᠵᠠᠮ ᠵᠶ᠋ᠠᠷ ᠬᠣᠯᠪᠤᠭᠳᠠᠬᠤ ᠳᠡᠭᠡᠳᠦ ᠰᠤᠷᠭ᠋ᠠᠭᠤᠯᠢ ᠪᠣᠯᠤᠨ ᠰᠤᠷᠤᠭᠴᠢ ᠡᠯᠰᠡᠬᠦ ᠪᠠᠶ᠋ᠢᠭᠤᠯᠤᠮᠵᠢ᠎ᠲᠠᠢ ᠨᠡᠪᠲᠡᠷᠡᠯᠴᠡᠬᠦ ᠬᠡᠷᠡᠭᠲᠡᠶ᠃
02 ᠳᠣᠭᠲᠠᠭ᠋ᠠᠭᠰᠠᠨ ᠴᠠᠭ᠎ᠤᠨ ᠳᠣᠲᠣᠷ᠎ᠠ ᠡᠷᠡᠮᠡᠯᠵᠡᠯ᠎ᠤᠨ ᠬᠦᠰᠦᠨᠦᠭ᠎ᠢ ᠲᠠᠭᠯᠠᠨ
ᠮᠡᠳᠡᠭᠦᠯᠬᠦ ᠵᠢ ᠪᠡᠶᠡᠯᠡᠭᠦᠯᠬᠦ ᠬᠡᠷᠡᠭᠲᠡᠢ
ᠰᠤᠷᠭ᠋ᠠᠨ ᠬᠥᠮᠦᠵᠢᠯ᠎ᠤᠨ ᠶᠠᠮᠤᠨ ᠪᠠ ᠰᠠᠭᠤᠭ᠎ᠠ ᠮᠤᠵᠢ ᠵᠢᠨ ᠵᠶ᠋ᠡᠨ ᠬᠣᠯᠪᠤᠭᠳᠠᠬᠤ ᠲᠣᠭᠲᠠᠭ᠋ᠠᠯ᠎ᠢ ᠦᠨᠳᠦᠰᠦᠯᠡᠨ᠂ ᠰᠣᠷᠣᠭᠴᠢ ᠡᠯᠰᠡᠬᠦ 《ᠨᠠᠷᠠᠨ ᠭᠡᠷᠡᠯᠲᠦ ᠢᠨᠵᠧᠨᠧᠷᠢᠩ》᠎ᠤᠨ ᠱᠠᠭ᠋ᠠᠷᠳᠠᠯᠭ᠎ᠠ ᠶᠣᠰᠤ᠎ᠪᠠᠷ ᠡᠩ᠎ᠤᠨ ᠳᠡᠭᠡᠳᠦ ᠰᠤᠷᠭ᠋ᠠᠭᠤᠯᠢ᠎ᠳᠤ ᠰᠣᠷᠣᠭᠴᠢ ᠡᠯᠰᠡᠬᠦ ᠪᠥᠬᠦ ᠤᠯᠤᠰ᠎ᠤᠨ ᠨᠢᠭᠡᠳᠦᠯᠲᠡᠢ ᠰᠢᠯᠭ᠋ᠠᠯᠲᠠ ᠵᠢᠨ ᠰᠢᠯᠭ᠋ᠠᠭᠤᠯᠤᠭᠰᠠᠳ᠎ᠤᠨ ᠡᠷᠡᠮᠡᠯᠵᠡᠯ᠎ᠤᠨ ᠬᠦᠰᠦᠨᠦᠭ ᠲᠠᠭᠯᠠᠬᠤ ᠬᠠᠨᠤᠮᠵᠢ ᠵᠢᠨ ᠬᠡᠮᠵᠢᠶ᠎ᠡ ᠵᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠵᠢᠨ ᠲᠥᠯᠥᠭᠡ᠂ ᠪᠦᠯᠦᠭ ᠤᠳᠠᠭ᠎ᠠ ᠪᠦᠷᠢ ᠵᠢᠨ ᠰᠣᠷᠣᠭᠴᠢ ᠡᠯᠰᠡᠬᠦ ᠲᠥᠯᠥᠪᠯᠡᠭᠡ ᠵᠢ ᠪᠡᠶᠡᠯᠡᠭᠦᠯᠦᠭᠡᠳᠦᠶ ᠪᠣᠯ ᠴᠥᠮ ᠢᠯᠡ᠎ᠪᠠᠷ ᠡᠷᠡᠮᠡᠯᠵᠡᠯ᠎ᠢ ᠴᠤᠭᠯᠠᠭᠤᠯᠬᠤ ᠠᠷᠭ᠎ᠠ᠎ᠪᠠᠷ ᠰᠣᠷᠣᠭᠴᠢ ᠵᠢᠨ ᠢᠷᠡᠯᠲᠡ ᠵᠢ ᠨᠥᠬᠥᠪᠥᠷᠢᠯᠡᠵᠦ᠂ ᠡᠯᠰᠡᠭᠳᠡᠭᠰᠡᠨ ᠥᠬᠡᠶ ᠪᠣᠯᠪᠠᠴᠤ ᠨᠥᠬᠥᠴᠡᠯ᠎ᠳᠤ ᠨᠡᠶ᠋ᠢᠴᠡᠬᠦ ᠰᠢᠯᠭ᠋ᠠᠭᠤᠯᠤᠭᠴᠢ ᠡᠷᠡᠮᠡᠯᠵᠡᠯ᠎ᠢ ᠴᠤᠭᠯᠠᠭᠤᠯᠬᠤ ᠬᠦᠰᠦᠨᠦᠭ᠎ᠢ ᠲᠠᠭᠯᠠᠨ ᠮᠡᠳᠡᠭᠦᠯᠵᠦ ᠪᠣᠯᠤᠨ᠎ᠠ᠃ ᠡᠷᠡᠮᠡᠯᠵᠡᠯ᠎ᠢ ᠴᠤᠭᠯᠠᠭᠤᠯᠬᠤ ᠪᠣᠯ ᠥᠪᠡᠷ᠎ᠤᠨ ᠡᠷᠡᠮᠡᠯᠵᠡᠯ᠎ᠤᠨ ᠬᠦᠰᠦᠨᠦᠭ ᠲᠠᠭᠯᠠᠨ ᠮᠡᠳᠡᠭᠦᠯᠦᠭᠰᠡᠨ ᠠᠯᠳᠠᠰᠢ᠎ᠪᠠᠨ ᠨᠥᠬᠥᠪᠥᠷᠢᠯᠡᠵᠦ᠂ ᠰᠣᠷᠣᠭᠴᠢ ᠡᠯᠰᠡᠬᠦ ᠲᠣᠬᠢᠶᠠᠯ᠎ᠢ ᠨᠡᠮᠡᠭᠳᠡᠭᠦᠯᠬᠦ ᠴᠢᠬᠤᠯᠠ ᠲᠣᠬᠢᠶᠠᠯ ᠮᠥᠨ᠂ ᠰᠢᠯᠭ᠋ᠠᠭᠤᠯᠤᠭᠴᠢ ᠲᠣᠬᠢᠶᠠᠯ᠎ᠢ ᠶᠠᠭ᠋ᠠᠬᠢᠭᠰᠠᠨ ᠴᠤ᠌ ᠠᠯᠳᠠᠵᠤ ᠪᠣᠯᠬᠤ ᠥᠬᠡᠶ᠃
03 ᠥᠪᠡᠷ᠎ᠤᠨ ᠲᠠᠩᠰᠠᠨ ᠨᠣᠮᠧᠷ ᠪᠠ ᠨᠢᠭᠤᠴᠠ ᠨᠣᠮᠧᠷ ᠵᠶ᠋ᠠᠨ ᠰᠠᠢ᠌ᠲᠤᠷ ᠬᠠᠳᠠᠭ᠋ᠠᠯᠠᠬᠤ ᠬᠡᠷᠡᠭᠲᠡᠢ
ᠰᠢᠯᠭ᠋ᠠᠭᠤᠯᠤᠭᠴᠢ ᠥᠪᠡᠷ᠎ᠤᠨ ᠡᠷᠡᠮᠡᠯᠵᠡᠯ᠎ᠤᠨ ᠬᠦᠰᠦᠨᠦᠭ ᠲᠠᠭᠯᠠᠬᠤ ᠦᠶ᠎ᠡ ᠵᠢᠨ ᠲᠠᠩᠰᠠᠨ ᠨᠣᠮᠧᠷ ᠪᠠ ᠨᠢᠭᠤᠴᠠ ᠨᠣᠮᠧᠷ ᠵᠶ᠋ᠠᠨ ᠰᠠᠶ᠋ᠢᠲᠤᠷ ᠬᠠᠳᠠᠭ᠋ᠠᠯᠠᠵᠤ᠂ ᠭᠡᠭᠡᠬᠦ ᠪᠤᠶᠤ ᠵᠠᠳᠠᠷᠠᠭᠤᠯᠬᠤ᠎ᠠᠴᠠ ᠰᠡᠷᠭᠡᠶ᠋ᠢᠯᠡᠬᠦ ᠬᠡᠷᠡᠭᠲᠡᠶ᠃ ᠬᠡᠷᠪᠡ ᠣᠨᠳᠣᠤ ᠵᠣᠷᠢᠯᠭ᠎ᠠ᠎ᠲᠠᠢ ᠬᠥᠮᠦᠨ ᠨᠠᠶ᠋ᠢᠵᠠ ᠵᠢᠨ ᠲᠣᠭᠣᠷᠢᠭ ᠪᠤᠶᠤ ᠪᠤᠰᠤᠳ ᠨᠡᠶ᠋ᠢᠭᠡᠮ᠎ᠤᠨ ᠬᠠᠷᠢᠯᠴᠠᠭ᠋ᠠᠨ᠎ᠤ ᠲᠠᠪᠴᠠᠩ᠎ᠠᠴᠠ ᠣᠯᠵᠤ ᠠᠪᠤᠪᠠᠯ᠂ ᠠᠰᠢᠭᠯᠠᠭᠳᠠᠨ ᠮᠡᠬᠡᠯᠡᠭᠳᠡᠵᠦ ᠮᠡᠳᠡᠨ᠎ᠡ᠃ ᠥᠷᠭᠡᠨ ᠣᠯᠠᠨ ᠰᠢᠯᠭ᠋ᠠᠭᠤᠯᠤᠭᠴᠢ ᠪᠠ ᠬᠡᠷ᠎ᠤᠨ ᠠᠬᠠᠮᠠᠳ ᠰᠡᠷᠭᠡᠶ᠋ᠢᠯᠡᠬᠦ ᠤᠬᠠᠮᠰᠠᠷ ᠵᠶ᠋ᠠᠨ ᠴᠢᠩᠭ᠋ᠠᠳᠬᠠᠵᠤ᠂ ᠢᠯᠭ᠋ᠠᠨ ᠲᠠᠨᠢᠬᠤ ᠴᠢᠳᠠᠪᠤᠷᠢ᠎ᠪᠠᠨ ᠳᠡᠭᠡᠭᠰᠢᠯᠡᠭᠦᠯᠵᠦ᠂ ᠰᠣᠷᠣᠭᠴᠢ ᠡᠯᠰᠡᠬᠦ ᠮᠡᠬᠡᠯᠡᠯ᠎ᠢ ᠬᠢᠴᠢᠶᠡᠨ ᠰᠡᠷᠭᠡᠶ᠋ᠢᠯᠡᠵᠦ᠂ ᠮᠡᠬᠡᠯᠡᠭᠳᠡᠬᠦ᠎ᠠᠴᠠ ᠵᠠᠢ᠌ᠯᠠᠰᠬᠢᠬᠤ ᠬᠡᠷᠡᠭᠲᠡᠶ᠃
04 ᠤᠲᠠᠰᠤ ᠰᠠᠭ᠋ᠠᠳ ᠥᠬᠡᠶ ᠨᠡᠪᠲᠡᠷᠡᠬᠦ ᠵᠢ ᠪᠠᠲᠤᠯᠠᠬᠤ ᠬᠡᠷᠡᠭᠲᠡᠢ
ᠰᠣᠷᠣᠭᠴᠢ ᠡᠯᠰᠡᠬᠦ ᠬᠤᠭᠤᠴᠠᠭ᠋ᠠᠨ᠎ᠳᠤ᠂ ᠰᠣᠷᠣᠭᠴᠢ ᠡᠯᠰᠡᠬᠦ ᠶᠡᠬᠡ ᠳᠡᠭᠡᠳᠦ ᠰᠤᠷᠭ᠋ᠠᠭᠤᠯᠢ ᠪᠤᠶᠤ ᠰᠣᠷᠣᠭᠴᠢ ᠡᠯᠰᠡᠬᠦ ᠪᠠᠶ᠋ᠢᠭᠤᠯᠤᠮᠵᠢ᠎ᠨᠢ ᠰᠤᠷᠤᠭᠴᠢ ᠡᠯᠰᠡᠬᠦ ᠤᠴᠢᠷ ᠶᠠᠪᠤᠳᠠᠯ ᠵᠶ᠋ᠠᠷ ᠰᠢᠯᠭ᠋ᠠᠭᠤᠯᠤᠭᠴᠢ᠎ᠲᠠᠢ ᠬᠠᠷᠢᠯᠴᠠᠵᠤ ᠮᠡᠳᠡᠨ᠎ᠡ᠃ ᠰᠢᠯᠭ᠋ᠠᠭᠤᠯᠤᠭᠴᠢ ᠪᠠᠲᠤᠲᠠᠢ ᠡᠯᠰᠡᠭᠳᠡᠭᠰᠡᠨ ᠳ᠋ᠦᠩ ᠵᠶ᠋ᠡᠨ ᠡᠷᠢᠵᠦ ᠤᠯᠬᠤ᠎ᠠᠴᠠ ᠡᠮᠦᠨ᠎ᠡ᠂ ᠨᠡᠷ᠎ᠡ ᠮᠡᠳᠡᠭᠦᠯᠬᠦ ᠦᠶ᠎ᠡ᠎ᠳᠤ ᠦᠯᠡᠳᠡᠭᠡᠭᠰᠡᠨ ᠤᠲᠠᠰᠤᠨ ᠨᠣᠮᠧᠷ ᠵᠶ᠋ᠡᠨ ᠵᠠᠪᠠᠯ ᠰᠠᠭ᠋ᠠᠳ ᠥᠬᠡᠶ ᠨᠡᠪᠲᠡᠷᠡᠭᠦᠯᠬᠦ ᠬᠡᠷᠡᠭᠲᠡᠶ᠃
05 ᠰᠣᠷᠣᠭᠴᠢ ᠡᠯᠰᠡᠬᠦ ᠮᠡᠬᠡᠯᠡᠯ᠎ᠢ ᠬᠢᠴᠢᠶᠡᠨ ᠰᠡᠷᠡᠮᠵᠢᠯᠡᠬᠦ ᠬᠡᠷᠡᠭᠲᠡᠢ
ᠵᠢᠯ ᠪᠦᠷᠢ ᠵᠢᠨ ᠰᠣᠷᠣᠭᠴᠢ ᠡᠯᠰᠡᠬᠦ ᠬᠤᠭᠤᠴᠠᠭ᠋ᠠᠨ᠎ᠳᠤ᠂ ᠨᠢᠭᠡ ᠪᠦᠯᠦᠭ ᠰᠤᠷᠤᠭᠴᠢ ᠡᠯᠰᠡᠬᠦ ᠮᠡᠬᠡᠯᠡᠭᠴᠢ ᠪᠤᠶᠤ ᠳᠡᠭᠡᠳᠦ ᠰᠤᠷᠭ᠋ᠠᠭᠤᠯᠢ ᠵᠢᠨ ᠰᠣᠷᠣᠭᠴᠢ ᠡᠯᠰᠡᠬᠦ ᠠᠵᠢᠯᠲᠠᠨ ᠵᠶ᠋ᠠᠷ ᠣᠪᠯᠠᠭᠰᠠᠨ᠂ ᠡᠰᠡᠬᠦᠯ᠎ᠡ ᠰᠣᠷᠣᠭᠴᠢ ᠡᠯᠰᠡᠬᠦ ᠪᠠᠶ᠋ᠢᠭᠤᠯᠤᠮᠵᠢ ᠵᠢᠨ ᠠᠵᠢᠯᠲᠠᠨ ᠵᠶ᠋ᠠᠷ ᠣᠪᠯᠠᠭᠰᠠᠳᠤᠨ ᠮᠡᠬᠡᠯᠡᠯ᠎ᠢ ᠰᠡᠷᠭᠡᠶ᠋ᠢᠯᠡᠬᠦ ᠬᠡᠷᠡᠭᠲᠡᠶ᠃ ᠰᠢᠯᠭ᠋ᠠᠭᠤᠯᠤᠭᠴᠢ ᠵᠢᠴᠢ ᠬᠡᠷ᠎ᠤᠨ ᠠᠬᠠᠮᠠᠳ᠎ᠲᠤ ᠣᠨᠴᠠᠭ᠋ᠠᠶ᠋ᠢᠯᠠᠨ ᠰᠠᠨᠠᠭᠤᠯᠬᠤ᠎ᠨᠢ᠂ ᠰᠣᠷᠣᠭᠴᠢ ᠡᠯᠰᠡᠬᠦ ᠠᠵᠢᠯ ᠪᠣᠯ ᠲᠥᠪ ᠴᠢᠩᠭ᠎ᠠ ᠪᠥᠭᠡᠳ ᠢᠯᠡ ᠲᠣᠳᠣᠷᠬᠠᠶ᠂ ᠪᠣᠶ ᠪᠥᠬᠥᠶ ᠡᠯᠰᠡᠬᠦ ᠠᠵᠢᠯ ᠴᠥᠮ ᠵᠠᠭᠤᠴᠢ ᠪᠠᠶ᠋ᠢᠭᠤᠯᠤᠮᠵᠢ ᠪᠤᠶᠤ ᠵᠠᠪᠰᠠᠷ᠎ᠤᠨ ᠬᠥᠮᠦᠨ ᠵᠶ᠋ᠠᠷ ᠳᠠᠮᠵᠢᠬᠤ ᠴᠢᠬᠤᠯᠠ ᠥᠬᠡᠶ ᠶᠤᠮ᠃ ᠰᠣᠷᠣᠭᠴᠢ ᠡᠯᠰᠡᠬᠦ ᠵᠠᠭᠤᠴᠢ ᠪᠠᠶ᠋ᠢᠭᠤᠯᠤᠮᠵᠢ ᠪᠤᠶᠤ ᠵᠠᠪᠰᠠᠷ᠎ᠤᠨ ᠬᠥᠮᠦᠨ᠎ᠤ ᠬᠤᠳᠠᠯ ᠦᠭᠡ᠎ᠳᠤ ᠴᠢᠭᠯᠡᠭᠦᠯᠦᠨ᠂ ᠰᠢᠯᠭ᠋ᠠᠭᠤᠯᠤᠭᠴᠢ ᠪᠠ ᠬᠡᠷ᠎ᠤᠨ ᠠᠬᠠᠮᠠᠳ ᠰᠣᠷᠣᠭᠴᠢ ᠡᠯᠰᠡᠬᠦ ᠲᠥᠷᠥ ᠵᠢᠨ ᠪᠣᠳᠣᠯᠭ᠎ᠠ ᠪᠠ ᠲᠦᠷᠢᠮ ᠲᠣᠭᠲᠠᠭ᠋ᠠᠯ᠎ᠢ ᠢᠯᠡᠭᠦᠬᠡᠨ ᠣᠶ᠋ᠢᠯᠠᠭ᠋ᠠᠵᠤ᠂ 《ᠬᠤᠪᠢ ᠭᠦᠷᠦᠭᠰᠡᠨ ᠪᠣᠯ ᠬᠡᠨ᠎ᠢ ᠴᠦ᠍ ᠡᠷᠢᠬᠦ ᠬᠡᠷᠡᠭ ᠥᠬᠡᠶ; ᠬᠤᠪᠢ ᠬᠦᠷᠦᠭᠰᠡᠨ ᠦᠭᠡᠢ ᠪᠣᠯ ᠬᠡᠨ᠎ᠢ ᠡᠷᠢᠭᠰᠡᠨ ᠴᠦ᠍ ᠬᠡᠷᠡᠭ ᠦᠭᠡᠢ》 ᠭᠡᠬᠦ ᠦᠨᠳᠦᠰᠦᠨ ᠲᠠᠨᠢᠯᠲᠠ᠎ᠲᠠᠢ ᠪᠠᠢ᠌ᠵᠤ᠂ ᠮᠡᠬᠡᠯᠡᠭᠳᠡᠬᠦ ᠵᠢ ᠬᠢᠴᠢᠶᠡᠨ ᠰᠡᠷᠡᠮᠵᠢᠯᠡᠬᠦ ᠬᠡᠷᠡᠭᠲᠡᠢ᠃
06 ᠰᠤᠷᠤᠭᠴᠢ ᠡᠯᠰᠡᠬᠦ᠎ᠲᠠᠢ ᠬᠣᠯᠪᠤᠭᠳᠠᠬᠤ ᠮᠡᠳᠡᠭᠡ ᠵᠠᠩᠭᠢ ᠵᠢ ᠨᠡᠢ᠌ᠲᠡᠯᠡᠬᠦ ᠠᠯᠪᠠᠨ ᠲᠠᠯ᠎ᠠ ᠵᠢᠨ
ᠠᠷᠭ᠎ᠠ ᠵᠠᠮ᠎ᠢ ᠣᠢ᠌ᠯᠠᠭ᠋ᠠᠬᠤ ᠬᠡᠷᠡᠭᠲᠡᠢ
ᠰᠤᠷᠤᠭᠴᠢ ᠡᠯᠰᠡᠬᠦ ᠬᠤᠭᠤᠴᠠᠭ᠋ᠠᠨ᠎ᠳᠠᠬᠢ ᠬᠣᠯᠪᠤᠭᠳᠠᠬᠤ ᠮᠡᠳᠡᠭᠡ ᠵᠠᠩᠭᠢ ᠵᠢ ᠰᠢᠯᠭ᠋ᠠᠭᠤᠯᠤᠭᠴᠢ ᠪᠠ ᠬᠡᠷ᠎ᠤᠨ ᠠᠬᠠᠮᠠᠳ᠎ᠠᠴᠠ ᠨᠠᠷᠠᠨ ᠭᠡᠷᠡᠯᠲᠦ ᠡᠩ᠎ᠤᠨ ᠳᠡᠭᠡᠳᠦ ᠰᠤᠷᠭ᠋ᠠᠭᠤᠯᠢ᠎ᠳᠤ ᠰᠣᠷᠣᠭᠴᠢ ᠡᠯᠰᠡᠬᠦ ᠪᠥᠬᠦ ᠤᠯᠤᠰ᠎ᠤᠨ ᠨᠢᠭᠡᠳᠦᠯᠲᠡᠶ ᠰᠢᠯᠭ᠋ᠠᠯᠲᠠ ᠵᠢᠨ ᠮᠡᠳᠡᠭᠡ ᠵᠠᠩᠭᠢ ᠵᠢᠨ ᠲᠠᠪᠴᠠᠩ᠎ᠤᠨ ᠠᠯᠪᠠᠨ ᠰᠦᠯᠵᠢᠶ᠎ᠡ᠂ 《ᠨᠠᠷᠠᠨ ᠭᠡᠷᠡᠯᠲᠦ ᠡᠩ᠎ᠤᠨ ᠳᠡᠭᠡᠳᠦ ᠰᠤᠷᠭ᠋ᠠᠭᠤᠯᠢ᠎ᠳᠤ ᠰᠣᠷᠣᠭᠴᠢ ᠡᠯᠰᠡᠬᠦ ᠪᠥᠬᠦ ᠤᠯᠤᠰ᠎ᠤᠨ ᠨᠢᠭᠡᠳᠦᠯᠲᠡᠶ ᠰᠢᠯᠭ᠋ᠠᠯᠲᠠ ᠵᠢᠨ ᠮᠡᠳᠡᠭᠡ ᠵᠠᠩᠭᠢ ᠵᠢᠨ ᠲᠠᠪᠴᠠᠩ》᠎ᠤᠨ ᠸᠢᠴᠠᠲ᠎ᠤᠨ ᠣᠯᠠᠨ ᠨᠡᠶ᠋ᠢᠲᠡ ᠵᠢᠨ ᠳ᠋ᠤᠭ᠋ᠠᠷ᠂ ᠰᠠᠭᠤᠭ᠎ᠠ ᠮᠤᠵᠢ ᠵᠢᠨ ᠨᠠᠮ᠎ᠤᠨ ᠬᠣᠷᠢᠶᠠᠨ᠎ᠤ ᠰᠤᠷᠭ᠋ᠠᠨ ᠬᠥᠮᠦᠵᠢᠯ᠎ᠤᠨ ᠠᠵᠢᠯ᠎ᠤᠨ ᠬᠣᠷᠢᠶ᠎ᠠ᠂ ᠮᠤᠵᠢ ᠵᠢᠨ ᠰᠤᠷᠭ᠋ᠠᠨ ᠬᠥᠮᠦᠵᠢᠯ᠎ᠤᠨ ᠲᠢᠩᠬᠢᠮ᠎ᠤᠨ ᠠᠯᠪᠠᠨ ᠰᠦᠯᠵᠢᠶ᠎ᠡ; ᠮᠤᠵᠢ ᠵᠢᠨ ᠨᠠᠮ᠎ᠤᠨ ᠬᠣᠷᠢᠶᠠᠨ᠎ᠤ ᠰᠤᠷᠭ᠋ᠠᠨ ᠬᠥᠮᠦᠵᠢᠯ᠎ᠤᠨ ᠠᠵᠢᠯ᠎ᠤᠨ ᠬᠣᠷᠢᠶ᠎ᠠ᠂ ᠮᠤᠵᠢ ᠵᠢᠨ ᠰᠤᠷᠭ᠋ᠠᠨ ᠬᠥᠮᠦᠵᠢᠯ᠎ᠤᠨ ᠲᠢᠩᠬᠢᠮ᠎ᠤᠨ ᠠᠯᠪᠠᠨ ᠸᠢᠴᠠᠲ᠎ᠤᠨ ᠣᠯᠠᠨ ᠨᠡᠶ᠋ᠢᠲᠡ ᠵᠢᠨ ᠳ᠋ᠤᠭ᠋ᠠᠷ᠂ ᠮᠤᠵᠢ ᠵᠢᠨ ᠰᠤᠷᠭ᠋ᠠᠨ ᠬᠥᠮᠦᠵᠢᠯ᠎ᠤᠨ ᠲᠢᠩᠬᠢᠮ᠎ᠤᠨ ᠠᠯᠪᠠᠨ ᠪᠢᠴᠢᠯ ᠪᠯᠤᠭ᠂ ᠮᠤᠵᠢ ᠵᠢᠨ ᠰᠤᠷᠭ᠋ᠠᠨ ᠬᠥᠮᠦᠵᠢᠯ᠎ᠤᠨ ᠰᠢᠯᠭ᠋ᠠᠯᠲᠠ ᠵᠢᠨ ᠬᠦᠷᠢᠶᠡᠯᠡᠩ᠎ᠤᠨ ᠠᠯᠪᠠᠨ ᠰᠦᠯᠵᠢᠶ᠎ᠡ᠂ ᠮᠤᠵᠢ ᠵᠢᠨ ᠰᠤᠷᠭ᠋ᠠᠨ ᠬᠥᠮᠦᠵᠢᠯ᠎ᠤᠨ ᠰᠢᠯᠭ᠋ᠠᠯᠲᠠ ᠵᠢᠨ ᠬᠦᠷᠢᠶᠡᠯᠡᠩ᠎ᠤᠨ ᠠᠯᠪᠠᠨ ᠸᠢᠴᠠᠲ᠎ᠤᠨ ᠣᠯᠠᠨ ᠨᠡᠶ᠋ᠢᠲᠡ ᠵᠢᠨ ᠳ᠋ᠤᠭ᠋ᠠᠷ ᠵᠢᠴᠢ ᠮᠤᠵᠢ ᠵᠢᠨ ᠰᠤᠷᠭ᠋ᠠᠨ ᠬᠥᠮᠦᠵᠢᠯ᠎ᠤᠨ ᠰᠢᠯᠭ᠋ᠠᠯᠲᠠ ᠵᠢᠨ ᠬᠦᠷᠢᠶᠡᠯᠡᠩ᠎ᠤᠨ ᠬᠠᠩᠭ᠋ᠠᠭᠰᠠᠨ ᠪᠤᠰᠤᠳ ᠠᠷᠭ᠎ᠠ ᠵᠠᠮ ᠵᠶ᠋ᠠᠷ ᠳᠠᠮᠵᠢᠭᠤᠯᠤᠨ ᠣᠢ᠌ᠯᠭ᠋ᠠᠬᠤ ᠬᠡᠷᠡᠭᠲᠡᠢ᠃ ᠰᠤᠷᠤᠭᠴᠢ ᠡᠯᠰᠡᠬᠦ ᠮᠡᠳᠡᠭᠡ ᠵᠠᠩᠭᠢ ᠵᠢ ᠪᠠᠰᠠ ᠶᠡᠬᠡ ᠳᠡᠭᠡᠳᠦ ᠰᠤᠷᠭ᠋ᠠᠭᠤᠯᠢ ᠵᠢᠨ ᠠᠯᠪᠠᠨ ᠰᠦᠯᠵᠢᠶ᠎ᠡ ᠪᠤᠶᠤ ᠸᠢᠴᠠᠲ᠎ᠤᠨ ᠣᠯᠠᠨ ᠨᠡᠶ᠋ᠢᠲᠡ ᠵᠢᠨ ᠳ᠋ᠤᠭ᠋ᠠᠷ ᠵᠶ᠋ᠠᠷ ᠳᠠᠮᠵᠢᠭᠤᠯᠤᠨ ᠪᠠᠶ᠋ᠢᠴᠠᠭ᠋ᠠᠨ ᠯᠠᠪᠯᠠᠵᠤ ᠪᠣᠯᠤᠨ᠎ᠠ᠃
07 ᠰᠤᠷᠤᠭᠴᠢ ᠡᠯᠰᠡᠬᠦ ᠮᠡᠳᠡᠭᠳᠡᠯ᠎ᠤᠨ ᠪᠢᠴᠢᠭ᠎ᠤᠨ ᠦᠨᠡᠨ ᠬᠤᠳᠠᠯ᠎ᠢ ᠢᠯᠭ᠋ᠠᠨ ᠲᠣᠳᠤᠯᠠᠬᠤ ᠬᠡᠷᠡᠭᠲᠡᠢ
ᠡᠯᠰᠡᠭᠳᠡᠭᠰᠡᠨ ᠮᠡᠳᠡᠭᠳᠡᠯ᠎ᠤᠨ ᠪᠢᠴᠢᠭ᠎ᠢ ᠣᠯᠤᠭᠰᠠᠨ᠎ᠤ ᠳᠠᠷᠠᠭ᠎ᠠ᠂ ᠬᠡᠴᠦᠨᠡᠬᠡᠨ ᠪᠠᠶᠠᠷᠯᠠᠭᠰᠠᠨ ᠴᠤ᠌ ᠮᠡᠳᠡᠭᠳᠡᠯ᠎ᠤᠨ ᠪᠢᠴᠢᠭ᠎ᠤᠨ ᠬᠣᠯᠪᠤᠭᠳᠠᠬᠤ ᠮᠡᠳᠡᠭᠡ ᠵᠠᠩᠭᠢ ᠵᠢ ᠬᠢᠨᠠᠨ ᠲᠣᠳᠤᠯᠠᠵᠤ᠂ ᠬᠤᠳᠠᠯ ᠬᠠᠭᠤᠷᠮᠠᠭ ᠮᠡᠳᠡᠭᠳᠡᠯ᠎ᠤᠨ ᠪᠢᠴᠢᠭ᠎ᠤᠨ ᠵᠠᠪᠰᠢᠶᠠᠨ ᠳᠠᠯᠢᠮᠳᠠᠭᠤᠯᠬᠤ᠎ᠠᠴᠠ ᠵᠠᠢ᠌ᠯᠠᠰᠬᠢᠬᠤ ᠬᠡᠷᠡᠭᠲᠡᠢ᠃ ᠰᠢᠯᠭ᠋ᠠᠭᠤᠯᠤᠭᠴᠢ ᠳᠤᠤᠷᠠᠬᠢ ᠠᠷᠭ᠎ᠠ᠎ᠪᠠᠷ ᠰᠣᠷᠣᠭᠴᠢ ᠡᠯᠰᠡᠬᠦ ᠮᠡᠳᠡᠭᠳᠡᠯ᠎ᠤᠨ ᠪᠢᠴᠢᠭ᠎ᠤᠨ ᠦᠨᠡᠨ ᠬᠤᠳᠠᠯ᠎ᠢ ᠢᠯᠭ᠋ᠠᠨ ᠲᠣᠳᠤᠯᠠᠵᠤ ᠪᠣᠯᠤᠨ᠎ᠠ᠄ ᠰᠤᠷᠤᠭᠴᠢ ᠡᠯᠰᠡᠬᠦ ᠮᠡᠳᠡᠭᠡ ᠵᠠᠩᠭᠢ ᠵᠢ ᠪᠠᠢ᠌ᠴᠠᠭ᠋ᠠᠵᠤ᠂ ᠥᠪᠡᠷ᠎ᠤᠨ ᠡᠯᠰᠡᠭᠳᠡᠭᠰᠡᠨ ᠶᠡᠬᠡ ᠳᠡᠭᠡᠳᠦ ᠰᠤᠷᠭ᠋ᠠᠭᠤᠯᠢ ᠵᠢᠨ ᠨᠡᠷᠡᠶ᠋ᠢᠳᠦᠯ᠂ ᠪᠦᠯᠦᠭ ᠤᠳᠠᠭ᠎ᠠ ᠵᠢᠴᠢ ᠲᠤᠰᠬᠠᠶ ᠮᠡᠷᠭᠡᠵᠢᠯ᠎ᠢ ᠬᠢᠨᠠᠨ ᠲᠣᠳᠤᠯᠠᠨ᠎ᠠ; ᠰᠤᠷᠭ᠋ᠠᠭᠤᠯᠢ ᠵᠢᠨ ᠮᠡᠳᠡᠭᠡ ᠵᠠᠩᠭᠢ ᠵᠢ ᠪᠠᠢ᠌ᠴᠠᠭ᠋ᠠᠵᠤ᠂ ᠰᠤᠷᠭ᠋ᠠᠭᠤᠯᠢ᠎ᠨᠢ ᠰᠤᠷᠤᠯᠭ᠎ᠠ ᠵᠢᠨ ᠨᠠᠮᠲᠠᠷ᠎ᠤᠨ ᠰᠤᠷᠭ᠋ᠠᠨ ᠬᠥᠮᠦᠵᠢᠯ᠎ᠤᠨ ᠬᠢᠷᠢ ᠬᠡᠮ ᠪᠠᠢ᠌ᠬᠤ ᠡᠰᠡᠬᠦ ᠵᠢᠴᠢ ᠡᠨᠡ ᠵᠢᠯ ᠲᠠᠨ᠎ᠤ ᠰᠠᠭᠤᠭ᠎ᠠ ᠮᠤᠵᠢ᠎ᠠᠴᠠ ᠰᠤᠷᠤᠭᠴᠢ ᠡᠯᠰᠡᠬᠦ ᠡᠰᠡᠬᠦ ᠵᠢ ᠨᠤᠲᠠᠯᠠᠨ᠎ᠠ; ᠰᠤᠷᠤᠭᠴᠢ ᠡᠯᠰᠡᠬᠦ ᠮᠡᠳᠡᠭᠳᠡᠯ᠎ᠤᠨ ᠪᠢᠴᠢᠭ᠎ᠤᠨ ᠠᠭᠤᠯᠭ᠎ᠠ ᠵᠢ ᠪᠠᠢ᠌ᠴᠠᠭ᠋ᠠᠵᠤ᠂ ᠭᠠᠷᠤᠨ ᠥᠰᠥᠭ ᠵᠢᠷᠤᠭᠰᠠᠨ᠂ ᠲᠠᠮᠠᠭ᠎ᠠ ᠳᠠᠷᠤᠳᠠᠰᠤ ᠵᠢ ᠨᠢᠭᠡ ᠵᠢ ᠴᠦ᠍ ᠣᠷᠬᠢᠭᠳᠠᠭᠤᠯᠵᠤ ᠪᠣᠯᠬᠤ ᠥᠬᠡᠶ; ᠰᠢᠤᠳᠠᠨ᠎ᠤ ᠮᠡᠳᠡᠭᠡ ᠵᠠᠩᠭᠢ ᠵᠢ ᠪᠠᠶ᠋ᠢᠴᠠᠭ᠋ᠠᠵᠤ᠂ ᠰᠤᠷᠤᠭᠴᠢ ᠡᠯᠰᠡᠬᠦ ᠮᠡᠳᠡᠭᠳᠡᠯ᠎ᠤᠨ ᠪᠢᠴᠢᠭ᠎ᠤᠨ ᠰᠢᠤᠳᠠᠨ᠎ᠤ ᠵᠠᠮ ᠮᠥᠷ᠎ᠢ ᠣᠶ᠋ᠢᠯᠠᠭ᠋ᠠᠨ᠎ᠠ᠃
08 ᠥᠪᠡᠷ᠎ᠤᠨ ᠵᠶ᠋ᠠᠨ ᠡᠯᠰᠡᠭᠳᠡᠭᠰᠡᠨ ᠮᠡᠳᠡᠭᠳᠡᠯ᠎ᠤᠨ ᠪᠢᠴᠢᠭ᠎ᠤᠨ ᠪᠠᠶ᠋ᠢᠳᠠᠯ᠎ᠳᠤ
ᠠᠩᠬᠠᠷᠤᠯ ᠵᠶ᠋ᠠᠨ ᠬᠠᠨᠳᠤᠭᠤᠯᠬᠤ ᠬᠡᠷᠡᠭᠲᠡᠢ
ᠡᠯᠰᠡᠭᠳᠡᠭᠰᠡᠨ ᠰᠣᠷᠣᠭᠴᠢ ᠨᠢᠭᠡ ᠪᠦᠷᠢ ᠵᠥᠪᠬᠡᠨ ᠨᠢᠭᠡ ᠬᠤᠪᠢ ᠵᠢᠩᠬᠢᠨᠢ ᠰᠤᠷᠤᠭᠴᠢ ᠡᠯᠰᠡᠬᠦ ᠮᠡᠳᠡᠭᠳᠡᠯ᠎ᠤᠨ ᠪᠢᠴᠢᠭ ᠣᠯᠤᠨ᠎ᠠ᠂ ᠰᠢᠯᠭ᠋ᠠᠭᠤᠯᠤᠭᠴᠢ ᠥᠪᠡᠷ᠎ᠤᠨ ᠰᠢᠯᠭ᠋ᠠᠭᠤᠯᠬᠤ ᠲᠡᠮᠳᠡᠭ᠎ᠤᠨ ᠨᠣᠮᠧᠷ ᠵᠶ᠋ᠠᠷ ᠲᠥᠷᠥ ᠵᠢᠨ ᠶᠠᠪᠤᠳᠠᠯ᠎ᠤᠨ ᠬᠣᠷᠢᠶᠠᠨ᠎ᠤ ᠬᠡᠷᠡᠭᠯᠡᠭᠴᠢ ᠵᠢᠨ ᠦᠵᠦᠭᠦᠷ᠎ᠤᠨ ᠵᠢᠵᠢᠭ ᠫᠷᠤᠭ᠌ᠷᠠᠮ【ᠡᠩ᠎ᠤᠨ ᠳᠡᠭᠡᠳᠦ ᠰᠤᠷᠭ᠋ᠠᠭᠤᠯᠢ᠎ᠳᠤ ᠰᠣᠷᠣᠭᠴᠢ ᠡᠯᠰᠡᠬᠦ ᠪᠥᠬᠦ ᠤᠯᠤᠰ᠎ᠤᠨ ᠨᠢᠭᠡᠳᠦᠯᠲᠡᠢ ᠰᠢᠯᠭ᠋ᠠᠯᠲᠠ ᠵᠢᠨ ᠰᠤᠷᠤᠭᠴᠢ ᠡᠯᠰᠡᠬᠦ ᠮᠡᠳᠡᠭᠳᠡᠯ᠎ᠤᠨ ᠪᠢᠴᠢᠭ᠎ᠤᠨ ᠲᠡᠭᠡᠭᠡᠪᠦᠷᠢ ᠵᠢᠨ ᠨᠠᠷᠢᠨ ᠳᠠᠩᠰᠠ ᠵᠢ ᠪᠠᠶ᠋ᠢᠴᠠᠭ᠋ᠠᠨ ᠯᠠᠪᠯᠠᠬᠤ】 ᠪᠤᠶᠤ 《EMS ᠳᠤᠮᠳᠠᠳᠤ ᠤᠯᠤᠰ᠎ᠤᠨ ᠰᠢᠤᠳᠠᠨ᠎ᠤ ᠲᠦᠷᠭᠡᠨ ᠬᠦᠷᠭᠡᠯᠲᠡ ᠵᠢᠨ ᠡᠳ᠋ ᠪᠠᠷᠠᠭ᠋ᠠᠨ᠎ᠤ ᠭᠦᠢ᠍ᠯᠭᠡᠭᠡ》 ᠵᠢᠨ ᠸᠢᠴᠠᠲ᠎ᠤᠨ ᠣᠯᠠᠨ ᠨᠡᠶ᠋ᠢᠲᠡ ᠵᠢᠨ ᠳ᠋ᠤᠭ᠋ᠠᠷ ᠵᠶ᠋ᠠᠷ ᠳᠠᠮᠵᠢᠭᠤᠯᠤᠨ ᠰᠤᠷᠤᠭᠴᠢ ᠡᠯᠰᠡᠬᠦ ᠮᠡᠳᠡᠭᠳᠡᠯ᠎ᠤᠨ ᠪᠢᠴᠢᠭ᠎ᠤᠨ ᠪᠠᠶ᠋ᠢᠳᠠᠯ᠎ᠢ ᠪᠠᠶ᠋ᠢᠴᠠᠭ᠋ᠠᠨ ᠯᠠᠪᠯᠠᠵᠤ ᠪᠣᠯᠤᠨ᠎ᠠ᠃ ᠬᠡᠷᠪᠡ ᠰᠢᠤᠳᠠᠨ ᠵᠶ᠋ᠠᠷ ᠢᠯᠡᠭᠡᠭᠰᠡᠨᠤ ᠳᠠᠷᠠᠭ᠎ᠠ ᠰᠤᠷᠤᠭᠴᠢ ᠡᠯᠰᠡᠬᠦ ᠮᠡᠳᠡᠭᠳᠡᠯ᠎ᠤᠨ ᠪᠢᠴᠢᠭ᠎ᠢ ᠴᠠᠭ᠎ᠲᠤ᠎ᠪᠠᠨ ᠣᠯᠤᠭᠰᠠᠨ ᠥᠬᠡᠶ ᠪᠣᠯ ᠰᠤᠷᠭ᠋ᠠᠭᠤᠯᠢ ᠵᠢᠨ ᠰᠣᠷᠣᠭᠴᠢ ᠡᠯᠰᠡᠬᠦ ᠠᠵᠢᠯ᠎ᠤᠨ ᠠᠯᠪᠠᠨ ᠬᠡᠷ᠎ᠠᠴᠠ ᠠᠰᠠᠭᠤᠨ ᠯᠠᠪᠯᠠᠵᠤ᠂ ᠲᠦᠷᠭᠡᠨ ᠬᠦᠷᠭᠡᠯᠲᠡ ᠵᠢᠨ ᠳᠠᠩᠰᠠᠨ ᠨᠣᠮᠧᠷ᠎ᠢ ᠣᠯᠤᠭᠰᠠᠨ᠎ᠤ ᠳᠠᠷᠠᠭ᠎ᠠ ᠰᠢᠤᠳᠠᠨ᠎ᠲᠠᠢ ᠤᠯᠠᠮ ᠨᠢᠭᠡ ᠠᠯᠬᠤᠮ ᠬᠢᠨᠠᠨ ᠬᠠᠷᠭᠤᠭᠤᠯᠬᠤ ᠵᠢ ᠰᠠᠨᠠᠭᠤᠯᠤᠶ᠎ᠠ᠃ ᠡᠭᠦᠨ᠎ᠠᠴᠠ ᠭᠠᠳᠠᠨ᠎ᠠ᠂ ᠰᠤᠷᠤᠭᠴᠢ ᠡᠯᠰᠡᠬᠦ ᠮᠡᠳᠡᠭᠳᠡᠯ᠎ᠤᠨ ᠪᠢᠴᠢᠭ ᠪᠣᠯ ᠰᠤᠷᠭ᠋ᠠᠭᠤᠯᠢ᠎ᠳᠤ ᠣᠷᠣᠬᠤ ᠴᠢᠬᠤᠯᠠ ᠭᠡᠷᠡᠴᠢ ᠪᠠᠷᠢᠮᠲᠠ ᠮᠥᠨ᠂ ᠡᠯᠰᠡᠭᠳᠡᠭᠰᠡᠨ ᠮᠡᠳᠡᠭᠳᠡᠯ᠎ᠤᠨ ᠪᠢᠴᠢᠭ᠎ᠢ ᠣᠯᠤᠭᠰᠠᠨ᠎ᠤ ᠳᠠᠷᠠᠭ᠎ᠠ ᠡᠷᠬᠡᠪᠰᠢ ᠰᠠᠶ᠋ᠢᠲᠤᠷ ᠬᠠᠳᠠᠭ᠋ᠠᠯᠠᠬᠤ ᠵᠢᠨ ᠬᠠᠮᠲᠤ ᠰᠣᠷᠣᠭᠴᠢ ᠡᠯᠰᠡᠬᠦ ᠮᠡᠳᠡᠭᠳᠡᠯ᠎ᠤᠨ ᠪᠢᠴᠢᠭ ᠵᠶ᠋ᠠᠷ ᠭᠠᠯᠲᠤ ᠲᠡᠷᠭᠡᠨ᠎ᠤ ᠪᠢᠯᠧᠲ᠎ᠢ ᠬᠠᠭ᠋ᠠᠰ ᠦᠨ᠎ᠡ᠎ᠪᠠᠷ ᠬᠤᠳᠠᠯᠳᠤᠨ ᠠᠪᠬᠤ ᠵᠡᠷᠭᠡ ᠬᠠᠷᠠᠭ᠋ᠠᠯᠵᠠᠯ᠎ᠢ ᠭᠥᠷᠳᠡᠵᠦ ᠪᠣᠯᠤᠨ᠎ᠠ᠃
09 ᠡᠯᠰᠡᠭᠳᠡᠬᠦ᠎ᠠᠴᠠ ᠡᠮᠦᠨ᠎ᠡ ᠭᠠᠳᠠᠭᠰᠢ ᠭᠠᠷᠴᠤ ᠬᠣᠯᠠ ᠶᠠᠪᠤᠬᠤ ᠦᠭᠡᠢ ᠵᠢ ᠰᠠᠨᠠᠭᠤᠯᠤᠶ᠎ᠠ
ᠰᠤᠷᠤᠭᠴᠢ ᠡᠯᠰᠡᠬᠦ ᠶᠠᠪᠤᠴᠠ᠎ᠳᠤ᠂ ᠡᠯᠰᠡᠬᠦ ᠬᠡᠷᠡᠭᠴᠡᠭᠡ᠎ᠠᠴᠠ ᠪᠣᠯᠵᠣ ᠰᠢᠯᠭ᠋ᠠᠭᠤᠯᠤᠭᠴᠢ᠎ᠲᠠᠢ ᠬᠠᠷᠢᠯᠴᠠᠵᠤ ᠮᠡᠳᠡᠨ᠎ᠡ᠂ ᠵᠢᠱ᠌ᠢᠶᠯᠡᠡᠪᠡᠯ᠂ ᠵᠠᠷᠢᠮ ᠦᠶ᠎ᠡ ᠰᠢᠯᠭ᠋ᠠᠭᠤᠯᠤᠭᠴᠢ ᠵᠢᠨ ᠪᠡᠶ᠎ᠡ ᠵᠢᠨ ᠪᠠᠶ᠋ᠢᠴᠠᠭ᠋ᠠᠯᠲᠠ ᠵᠢᠨ ᠮᠡᠳᠡᠭᠡ ᠵᠠᠩᠭᠢ ᠵᠢ ᠨᠥᠬᠦᠨ ᠠᠪᠬᠤ ᠪᠤᠶᠤ ᠬᠣᠯᠪᠤᠭᠳᠠᠬᠤ ᠮᠠᠲ᠋ᠧᠷᠢᠶᠠᠯ᠎ᠢ ᠨᠥᠬᠦᠨ ᠠᠪᠤᠨ᠎ᠠ᠃ ᠬᠡᠷᠪᠡ ᠰᠢᠯᠭ᠋ᠠᠭᠤᠯᠤᠭᠰᠠᠳ ᠭᠠᠳᠠᠭᠰᠢ ᠭᠠᠷᠴᠤ᠂ ᠬᠠᠷᠢᠯᠴᠠᠬᠤ᠎ᠳᠤ ᠰᠠᠭ᠋ᠠᠳ ᠭᠠᠷᠪᠠᠯ᠂ ᠥᠪᠡᠷ᠎ᠤᠨ ᠡᠯᠰᠡᠭᠳᠡᠬᠦᠢ ᠨᠥᠯᠦᠭᠡᠯᠡᠵᠦ ᠮᠡᠳᠡᠨ᠎ᠡ᠃ ᠡᠶ᠋ᠢᠮᠦ᠎ᠠᠴᠠ ᠰᠢᠯᠭ᠋ᠠᠭᠤᠯᠤᠭᠴᠢ ᠡᠯᠰᠡᠭᠳᠡᠭᠰᠡᠨ ᠵᠢᠩᠬᠢᠨᠢ ᠳ᠋ᠦᠩ᠎ᠢ ᠤᠯᠬᠤ᠎ᠠᠴᠠ ᠡᠮᠦᠨ᠎ᠡ᠂ ᠤᠷᠢᠳ ᠵᠶ᠋ᠠᠷ ᠬᠣᠯᠠ ᠶᠠᠪᠤᠬᠤᠢ ᠲᠥᠯᠦᠪᠯᠡᠬᠦ ᠥᠬᠡᠶ ᠪᠠᠢ᠌ᠪᠠᠯ ᠵᠣᠬᠢᠨ᠎ᠠ᠃
10 ᠬᠤᠪᠢ ᠬᠥᠮᠦᠨ᠎ᠤ ᠰᠤᠷᠤᠭᠴᠢ ᠡᠯᠰᠡᠬᠦ ᠮᠡᠳᠡᠭᠡ ᠵᠠᠩᠭᠢ᠎ᠪᠠᠨ ᠬᠠᠮᠠᠭ᠋ᠠᠯᠠᠬᠤ ᠵᠢ ᠠᠩᠬᠠᠷᠬᠤ ᠬᠡᠷᠡᠭᠲᠡᠢ
ᠮᠠᠰᠢ ᠣᠯᠠᠨ ᠰᠢᠯᠭ᠋ᠠᠭᠤᠯᠤᠭᠴᠢ ᠰᠤᠷᠤᠭᠴᠢ ᠡᠯᠰᠡᠬᠦ ᠮᠡᠳᠡᠭᠳᠡᠯ᠎ᠤᠨ ᠪᠢᠴᠢᠭ᠎ᠢ ᠣᠯᠤᠭᠰᠠᠨ᠎ᠤ ᠳᠠᠷᠠᠭ᠎ᠠ᠂ ᠨᠠᠶ᠋ᠢᠵᠠ ᠵᠢᠨ ᠲᠣᠭᠣᠷᠢᠭ ᠵᠡᠷᠭᠡ ᠨᠡᠶ᠋ᠢᠭᠡᠮ᠎ᠤᠨ ᠬᠠᠷᠢᠯᠴᠠᠭ᠋ᠠᠨ᠎ᠤ ᠲᠠᠪᠴᠠᠩ᠎ᠳᠤ ᠲᠠᠷᠬᠠᠭ᠋ᠠᠵᠤ 《ᠭᠠᠢ᠌ᠬᠠᠭᠤᠯᠬᠤ》 ᠳᠤᠷᠠᠲᠠᠶ ᠪᠠᠶ᠋ᠢᠳᠠᠭ᠃ 《ᠭᠠᠢ᠌ᠬᠠᠭᠤᠯᠬᠤ》᠎ᠳᠤ᠎ᠪᠠᠨ ᠣᠪᠣᠭ ᠨᠡᠷ᠎ᠡ᠂ ᠰᠢᠯᠭ᠋ᠠᠯᠲᠠ ᠵᠢᠨ ᠨᠣᠮᠧᠷ᠂ ᠪᠡᠶ᠎ᠡ ᠵᠢᠨ ᠦᠨᠡᠮᠯᠡᠯ᠎ᠤᠨ ᠨᠣᠮᠧᠷ ᠵᠡᠷᠭᠡ ᠴᠢᠬᠤᠯᠠ ᠮᠡᠳᠡᠭᠡ ᠵᠠᠩᠭᠢ᠎ᠪᠠᠨ ᠨᠢᠭᠤᠬᠤ ᠵᠢ ᠠᠩᠬᠠᠷᠴᠤ᠂ ᠵᠠᠳᠠᠷᠠᠭᠤᠯᠬᠤ᠎ᠠᠴᠠ ᠵᠠᠢ᠌ᠯᠠᠰᠬᠢᠬᠤ ᠬᠡᠷᠡᠭᠲᠡᠶ᠃