ᠨᠠᠮ᠎ᠤᠨ ᠲᠥᠪ ᠬᠣᠷᠢᠶ᠎ᠠ᠂ ᠲᠦᠷᠦ ᠵᠢᠨ ᠶᠠᠪᠤᠳᠠᠯ᠎ᠤᠨ ᠬᠣᠷᠢᠶᠠᠨ᠎ᠤ ᠰᠢᠢ᠍ᠳᠪᠦᠷᠢᠲᠦ ᠪᠤᠳᠤᠯᠭ᠎ᠠ ᠵᠢᠨ ᠪᠠᠶ᠋ᠢᠷᠢᠯᠠᠭᠤᠯᠤᠯᠲᠠ ᠵᠢ ᠭᠦᠨᠵᠡᠭᠡᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ ᠵᠢᠨ ᠲᠥᠯᠥᠭᠡ᠂ 8 ᠰᠠᠷ᠎ᠠ ᠵᠢᠨ 16᠎ᠤ ᠡᠳᠦᠷ᠂ ᠰᠤᠷᠭ᠋ᠠᠨ ᠬᠥᠮᠦᠵᠢᠯ᠎ᠤᠨ ᠶᠠᠮᠤᠨ ᠮᠡᠳᠡᠭᠳᠡᠯ ᠳᠠᠷᠤᠮᠠᠯᠯᠠᠨ ᠲᠠᠷᠬᠠᠭ᠋ᠠᠵᠤ᠂ ᠡᠯ᠎ᠡ ᠭᠠᠵᠠᠷ᠎ᠤᠨ ᠰᠤᠷᠭ᠋ᠠᠨ ᠬᠥᠮᠦᠵᠢᠯ᠎ᠤᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ ᠪᠣᠯᠤᠨ ᠳᠡᠭᠡᠳᠦ ᠰᠤᠷᠭ᠋ᠠᠭᠤᠯᠢ ᠵᠢᠨ᠎ᠬᠢᠨ ᠰᠢᠨ᠎ᠡ ᠲᠢᠲᠢᠮᠯᠢᠭ ᠠᠭᠤᠰᠬᠢᠨ᠎ᠤ ᠦᠷᠪᠢᠰᠦᠯ᠎ᠤᠨ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠪᠠ ᠰᠤᠷᠭ᠋ᠠᠨ ᠬᠥᠮᠦᠵᠢᠯ᠎ᠤᠨ ᠥᠭᠡᠷᠡᠴᠢᠯᠡᠯᠲᠡ ᠬᠥᠭᠵᠢᠭᠦᠯᠦᠯᠲᠡ ᠵᠢ ᠥᠨᠳᠥᠷ ᠪᠦᠲᠦᠮᠵᠢᠲᠡᠢ ᠨᠢᠭᠡᠳᠦᠯᠲᠡᠢ ᠲᠥᠯᠥᠪᠵᠢᠭᠦᠯᠵᠦ᠂ 2022 ᠣᠨ᠎ᠤ ᠨᠠᠮᠤᠷ᠎ᠤᠨ ᠤᠯᠠᠷᠢᠯ᠎ᠤᠨ ᠰᠤᠷᠤᠯᠭ᠎ᠠ ᠵᠢᠨ ᠬᠤᠭᠤᠴᠠᠭ᠋ᠠᠨ᠎ᠤ ᠰᠤᠷᠤᠯᠭ᠎ᠠ ᠡᠬᠢᠯᠡᠬᠦ ᠪᠠ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠠᠵᠢᠯ᠎ᠢ ᠯᠠᠪᠳᠠᠭᠤᠨ ᠪᠠᠲᠤᠲᠠᠢ ᠰᠠᠶ᠋ᠢᠲᠤᠷ ᠬᠢᠬᠦ ᠬᠡᠷᠡᠭᠲᠡᠢ ᠭᠡᠵᠦ ᠱᠠᠭ᠋ᠠᠷᠳᠠᠪᠠ᠃ ᠮᠡᠳᠡᠭᠳᠡᠯ᠎ᠳᠤ ᠲᠤᠯᠤᠭ᠋ᠠᠨ ᠵᠦᠢ᠍ᠯ᠎ᠢ ᠪᠠᠢ᠌ᠷᠢᠯᠠᠭᠤᠯᠪᠠ᠂ ᠪᠣᠳᠠᠲᠠᠶ ᠠᠭᠤᠯᠭ᠎ᠠ ᠵᠢ ᠬᠠᠮᠲᠤ᠎ᠳᠤ᠎ᠪᠠᠨ ᠣᠢ᠌ᠯᠠᠭ᠋ᠠᠵᠠᠭ᠋ᠠᠶ᠎ᠠ!
ᠨᠢᠭᠡ᠎ᠳᠤ᠂ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠴᠢᠭᠯᠡᠯᠲᠡ ᠲᠥᠷᠥ ᠵᠢᠨ ᠪᠣᠳᠣᠯᠭ᠎ᠠ ᠵᠢ ᠡᠷᠡᠰ ᠲᠤᠭᠤᠰᠢᠯᠠᠭᠤᠯᠤᠨ᠎ᠠ᠃ 《ᠭᠠᠳᠠᠨ᠎ᠠ᠎ᠠᠴᠠ ᠬᠠᠯᠳᠠᠪᠤᠷᠢᠯᠠᠨ ᠣᠷᠣᠵᠤ ᠢᠷᠡᠬᠦ ᠵᠢ ᠰᠡᠷᠭᠡᠶ᠋ᠢᠯᠡᠬᠦ᠂ ᠳᠣᠲᠣᠭ᠋ᠠᠳᠤ᠎ᠳᠤ᠎ᠪᠠᠨ ᠲᠠᠬᠢᠨ ᠡᠭᠦᠰᠬᠦ ᠵᠢ ᠰᠡᠷᠭᠡᠶ᠋ᠢᠯᠡᠬᠦ》 ᠶᠡᠷᠦᠩᠬᠡᠢ ᠠᠷᠭ᠎ᠠ ᠪᠤᠳᠤᠯᠭ᠎ᠠ ᠪᠣᠯᠤᠨ 《ᠬᠢᠵᠢᠭ᠎ᠤᠨ ᠪᠠᠶ᠋ᠢᠳᠠᠯ᠎ᠢ ᠴᠡᠪᠡᠷ ᠠᠷᠢᠯᠭ᠋ᠠᠬᠤ》 ᠶᠡᠷᠦᠩᠬᠡᠢ ᠴᠢᠭᠯᠡᠯᠲᠡ ᠵᠢ ᠡᠷᠡᠰ ᠭᠤᠶ᠋ᠢᠪᠢᠰᠢ ᠦᠭᠡᠢ ᠪᠠᠷᠢᠮᠲᠠᠯᠠᠵᠤ᠂ ᠪᠠᠢ᠌ᠩᠭᠤ ᠵᠢᠨ᠂ ᠰᠢᠨᠵᠢᠯᠡᠬᠦ ᠤᠬᠠᠭ᠋ᠠᠨᠴᠢ᠂ ᠨᠠᠷᠢᠯᠢᠭ ᠣᠨᠣᠴᠠᠲᠠᠢ᠎ᠪᠠᠷ ᠰᠡᠷᠭᠡᠶ᠋ᠢᠯᠡᠨ ᠡᠵᠡᠮᠳᠡᠬᠦ ᠪᠠ ᠪᠠᠴᠢᠮ ᠪᠠᠶ᠋ᠢᠳᠠᠯ᠎ᠢ ᠠᠷᠭ᠋ᠠᠴᠠᠨ ᠰᠢᠢ᠍ᠳᠪᠦᠷᠢᠯᠡᠬᠦ ᠵᠢ ᠬᠠᠷᠢᠯᠴᠠᠨ ᠤᠶᠠᠯᠳᠤᠭᠤᠯᠬᠤ ᠵᠢ ᠪᠠᠷᠢᠮᠲᠠᠯᠠᠵᠤ᠂ ᠴᠠᠭ ᠪᠠ ᠪᠠᠶ᠋ᠢᠳᠠᠯ᠎ᠳᠤ ᠵᠣᠬᠢᠴᠠᠭᠤᠯᠵᠤ ᠰᠡᠷᠭᠡᠶ᠋ᠢᠯᠡᠨ ᠡᠵᠡᠮᠳᠡᠬᠦ ᠠᠷᠭ᠎ᠠ ᠬᠡᠮᠵᠢᠶ᠎ᠡ᠎ᠪᠠᠨ ᠲᠤᠬᠢᠷᠠᠭᠤᠯᠤᠨ ᠰᠢᠯᠢᠳᠡᠭᠵᠢᠭᠦᠯᠵᠦ᠂ ᠨᠠᠷᠢᠯᠢᠭ ᠣᠨᠣᠴᠠᠲᠠᠢ᠂ ᠬᠥᠮᠦᠨᠯᠢᠭ ᠪᠡᠶᠡᠯᠡᠭᠦᠯᠵᠦ᠂ ᠬᠢᠵᠢᠭ᠎ᠤᠨ ᠪᠠᠶ᠋ᠢᠳᠠᠯ᠎ᠤᠨ ᠰᠤᠷᠭ᠋ᠠᠨ ᠬᠥᠮᠦᠵᠢᠯ ᠵᠢᠭ᠋ᠠᠨ ᠰᠤᠷᠭ᠋ᠠᠯᠲᠠ᠎ᠳᠤ ᠦᠵᠡᠭᠦᠯᠬᠦ ᠨᠥᠯᠥᠭᠡ ᠵᠢ ᠬᠠᠮᠤᠭ᠎ᠤᠨ ᠶᠡᠬᠡ ᠬᠡᠮᠵᠢᠶ᠎ᠡ᠎ᠪᠠᠷ ᠪᠠᠭ᠋ᠠᠰᠬᠠᠵᠤ᠂ ᠪᠠᠭᠰᠢ ᠰᠤᠷᠤᠭᠴᠢᠳ᠎ᠤᠨ ᠡᠷᠡᠭᠦᠯ ᠮᠡᠨᠳᠦ ᠪᠣᠯᠤᠨ ᠰᠤᠷᠭ᠋ᠠᠭᠤᠯᠢ ᠵᠢᠨ ᠬᠦᠷᠢᠶᠡᠨ᠎ᠤ ᠠᠮᠤᠷ ᠲᠦᠪᠰᠢᠨ᠎ᠢ ᠦᠨᠡᠨ ᠬᠦ᠌ ᠪᠠᠲᠤᠯᠠᠬᠤ ᠬᠡᠷᠡᠭᠲᠡᠢ᠃
ᠬᠣᠶᠠᠷ᠎ᠲᠤ᠂ ᠨᠠᠮᠤᠷ᠎ᠤᠨ ᠤᠯᠠᠷᠢᠯ᠎ᠤᠨ ᠰᠤᠷᠤᠯᠭ᠎ᠠ ᠵᠢᠨ ᠬᠤᠭᠤᠴᠠᠭ᠋ᠠᠨ᠎ᠤ ᠰᠤᠷᠤᠯᠭ᠎ᠠ ᠡᠬᠢᠯᠡᠬᠦ ᠠᠵᠢᠯ᠎ᠢ ᠠᠮᠤᠷ ᠲᠦᠪᠰᠢᠨ ᠡᠮᠬᠢ ᠵᠢᠷᠤᠮ᠎ᠲᠠᠢ᠎ᠪᠠᠷ ᠠᠬᠢᠭᠤᠯᠤᠨ᠎ᠠ᠃ ᠬᠠᠷᠢᠶ᠎ᠠ ᠣᠷᠣᠨ᠎ᠳᠤᠨᠢ ᠬᠠᠮᠢᠶᠠᠷᠤᠭᠤᠯᠬᠤ᠂ ᠣᠷᠣᠨ ᠪᠦᠰᠡ᠎ᠪᠠᠷ ᠨᠢᠭᠡᠳᠦᠯᠲᠡᠶ ᠲᠥᠯᠥᠪᠵᠢᠭᠦᠯᠬᠦ ᠵᠢ ᠪᠠᠷᠢᠮᠲᠠᠯᠠᠵᠤ᠂ ᠲᠤᠬᠠᠶ ᠵᠢᠨ ᠭᠠᠵᠠᠷ᠎ᠤᠨ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠪᠠᠶ᠋ᠢᠳᠠᠯ᠎ᠢ ᠶᠡᠷᠦᠩᠬᠡᠶ᠋ᠢᠯᠡᠨ ᠰᠤᠳᠤᠯᠤᠨ ᠮᠠᠭ᠋ᠠᠳᠯᠠᠵᠤ᠂ 《ᠨᠢᠭᠡ ᠭᠠᠵᠠᠷ ᠨᠢᠭᠡ ᠲᠥᠰᠦᠯ》᠂ 《ᠨᠢᠭᠡ ᠰᠤᠷᠭ᠋ᠠᠭᠤᠯᠢ ᠨᠢᠭᠡ ᠠᠷᠭ᠎ᠠ ᠪᠣᠳᠣᠯᠭ᠎ᠠ》᠎ᠪᠠᠷ ᠰᠤᠷᠭ᠋ᠠᠭᠤᠯᠢ ᠡᠬᠢᠯᠡᠬᠦ ᠠᠵᠢᠯ᠎ᠢ ᠰᠠᠶ᠋ᠢᠲᠤᠷ ᠬᠢᠬᠦ ᠬᠡᠷᠡᠭᠲᠡᠶ᠃
ᠭᠤᠷᠪᠠ᠎ᠳᠤ᠂ ᠪᠠᠭᠰᠢ ᠰᠣᠷᠣᠭᠴᠢ ᠠᠵᠢᠯᠲᠠᠨ ᠠᠵᠢᠯᠴᠢᠨ᠎ᠤ ᠰᠤᠷᠭ᠋ᠠᠭᠤᠯᠢ᠎ᠳᠤ᠎ᠪᠠᠨ ᠪᠤᠴᠠᠬᠤ ᠵᠢ ᠨᠠᠷᠢᠨ ᠨᠢᠮᠪᠠᠶ ᠪᠠᠶ᠋ᠢᠷᠢᠯᠠᠭᠤᠯᠤᠨ᠎ᠠ᠃ ᠬᠠᠷᠢᠶ᠎ᠠ ᠭᠠᠵᠠᠷ᠎ᠤᠨ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠲᠥᠷᠥ ᠵᠢᠨ ᠪᠣᠳᠣᠯᠭ᠎ᠠ ᠵᠢᠨ ᠱᠠᠭ᠋ᠠᠷᠳᠠᠯᠭ᠎ᠠ ᠶᠣᠰᠤ᠎ᠪᠠᠷ ᠪᠠᠭᠰᠢ ᠰᠣᠷᠣᠭᠴᠢ ᠠᠵᠢᠯᠲᠠᠨ ᠠᠵᠢᠯᠴᠢᠨ᠎ᠤ ᠰᠤᠷᠭ᠋ᠠᠭᠤᠯᠢ᠎ᠳᠤ᠎ᠪᠠᠨ ᠪᠤᠴᠠᠬᠤ ᠨᠥᠬᠥᠴᠡᠯ᠎ᠢ ᠲᠣᠳᠣᠷᠬᠠᠶ᠋ᠢᠯᠠᠵᠤ᠂ ᠰᠤᠷᠭ᠋ᠠᠭᠤᠯᠢ᠎ᠳᠤ᠎ᠪᠠᠨ ᠪᠤᠴᠠᠬᠤ ᠠᠵᠢᠯ᠎ᠤᠨ ᠲᠥᠰᠦᠯ᠂ ᠪᠠᠴᠢᠮ ᠪᠠᠶ᠋ᠢᠳᠠᠯ᠎ᠢ ᠠᠷᠭ᠋ᠠᠴᠠᠬᠤ ᠪᠡᠯᠡᠳᠬᠡᠯ ᠲᠥᠰᠦᠯ᠎ᠢ ᠲᠣᠭᠲᠠᠭ᠋ᠠᠵᠤ᠂ ᠲᠣᠭᠣᠷᠢᠭ ᠬᠤᠪᠢᠶᠠᠨ ᠲᠠᠰ ᠬᠤᠪᠢᠶᠠᠵᠤ᠂ ᠣᠷᠭᠢᠯ᠎ᠤᠨ ᠬᠤᠭᠤᠴᠠᠭ᠎ᠠ ᠵᠢ ᠵᠥᠷᠢᠭᠦᠯᠦᠨ ᠰᠤᠷᠭ᠋ᠠᠭᠤᠯᠢ᠎ᠳᠤ ᠪᠤᠴᠠᠬᠤ ᠪᠦᠯᠦᠭ ᠤᠳᠠᠭ᠎ᠠ ᠪᠠ ᠪᠣᠳᠠᠲᠠᠶ ᠴᠠᠭ᠎ᠢ ᠲᠣᠭᠲᠠᠭ᠋ᠠᠬᠤ ᠬᠡᠷᠡᠭᠲᠡᠶ᠃
ᠲᠦᠷᠪᠡ᠎ᠳᠤ᠂ ᠬᠢᠵᠢᠭ᠎ᠤᠨ ᠪᠠᠶ᠋ᠢᠳᠠᠯ᠎ᠢ ᠪᠠᠢ᠌ᠩᠭᠤ ᠰᠡᠷᠭᠡᠶ᠋ᠢᠯᠡᠨ ᠡᠵᠡᠮᠳᠡᠬᠦ ᠵᠢ ᠰᠢᠨᠵᠢᠯᠡᠬᠦ ᠤᠬᠠᠭ᠋ᠠᠨᠴᠢ᠂ ᠨᠠᠷᠢᠯᠢᠭ ᠣᠨᠣᠴᠠᠲᠠᠢ ᠰᠠᠶ᠋ᠢᠲᠤᠷ ᠠᠳᠬᠤᠨ᠎ᠠ᠃ ᠰᠤᠷᠭ᠋ᠠᠭᠤᠯᠢ ᠵᠢᠨ ᠬᠦᠷᠢᠶᠡᠨ᠎ᠤ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠲᠥᠰᠦᠯ᠎ᠢ ᠲᠠᠰᠤᠷᠠᠯᠲᠠ ᠥᠬᠡᠶ ᠲᠡᠭᠦᠯᠳᠡᠷᠵᠢᠭᠦᠯᠵᠦ᠂ ᠬᠢᠵᠢᠭ᠎ᠤᠨ ᠪᠠᠶ᠋ᠢᠳᠠᠯ᠎ᠢ ᠪᠠᠢ᠌ᠩᠭᠤ ᠰᠡᠷᠭᠡᠶ᠋ᠢᠯᠡᠨ ᠡᠵᠡᠮᠳᠡᠬᠦ ᠠᠷᠭ᠎ᠠ ᠬᠡᠮᠵᠢᠶ᠎ᠡ ᠵᠢ ᠰᠢᠨᠵᠢᠯᠡᠬᠦ ᠤᠬᠠᠭ᠋ᠠᠨᠴᠢ᠎ᠪᠠᠷ ᠨᠠᠷᠢᠯᠢᠭ ᠣᠨᠣᠴᠠᠲᠠᠶ ᠨᠠᠶ᠋ᠢᠳᠠᠪᠤᠷᠢᠵᠢᠭᠤᠯᠵᠤ᠂ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠲᠤᠰᠬᠠᠶ ᠰᠡᠳᠦᠪᠲᠦ ᠪᠣᠯᠪᠠᠰᠤᠷᠠᠭᠤᠯᠤᠯ ᠪᠣᠯᠤᠨ ᠡᠷᠡᠭᠦᠯ ᠮᠡᠨᠳᠦ ᠵᠢᠨ ᠬᠠᠮᠢᠶᠠᠷᠤᠯᠲᠠ᠂ ᠣᠯᠠᠨ ᠨᠡᠶ᠋ᠢᠲᠡ ᠵᠢᠨ ᠪᠠᠢ᠌ᠷᠢ ᠲᠠᠯᠠᠪᠤᠷ᠎ᠢ ᠴᠡᠪᠡᠷᠯᠡᠨ ᠠᠷᠢᠭᠤᠳᠬᠠᠬᠤ ᠪᠠ ᠰᠠᠯᠬᠢ ᠨᠡᠪᠲᠡᠷᠡᠭᠦᠯᠦᠨ ᠠᠭ᠋ᠠᠷ ᠰᠣᠯᠢᠬᠤ᠂ ᠬᠢᠵᠢᠭ᠎ᠢ ᠰᠡᠷᠭᠡᠶ᠋ᠢᠯᠡᠬᠦ ᠡᠳ᠋ ᠪᠣᠳᠠᠰ ᠪᠣᠯᠤᠨ ᠪᠥᠭᠡᠮ ᠬᠦᠴᠢᠯ᠎ᠤᠨ ᠰᠢᠯᠭ᠋ᠠᠨ ᠪᠠᠢ᠌ᠴᠠᠭ᠋ᠠᠬᠤ ᠴᠢᠳᠠᠪᠤᠷᠢ ᠵᠢ ᠨᠥᠭᠡᠴᠡᠯᠡᠬᠦ ᠵᠡᠷᠭᠡ ᠵᠢ ᠴᠢᠩᠭ᠋ᠠᠳᠬᠠᠬᠤ ᠬᠡᠷᠡᠭᠲᠡᠶ᠃
ᠲᠠᠪᠤ᠎ᠳᠤ᠂ ᠰᠤᠷᠭ᠋ᠠᠨ ᠬᠥᠮᠦᠵᠢᠯ ᠵᠢᠭ᠋ᠠᠨ ᠰᠤᠷᠭ᠋ᠠᠯᠲᠠ ᠵᠢᠨ ᠬᠡᠪ᠎ᠤᠨ ᠡᠮᠬᠢ ᠳᠢᠭᠯᠢᠮ᠎ᠢ ᠪᠥᠬᠥ ᠬᠦᠴᠦᠨ ᠵᠶ᠋ᠠᠷ ᠵᠶ᠋ᠠᠨ ᠪᠠᠲᠤᠯᠠᠨ᠎ᠠ᠃ ᠪᠠᠢ᠌ᠩᠭᠤ ᠵᠢᠨ ᠰᠡᠷᠭᠡᠶ᠋ᠢᠯᠡᠨ ᠡᠵᠡᠮᠳᠡᠬᠦ ᠠᠷᠭ᠎ᠠ ᠬᠡᠮᠵᠢᠶ᠎ᠡ ᠵᠢ ᠨᠠᠶ᠋ᠢᠳᠠᠪᠤᠷᠢᠵᠢᠭᠤᠯᠤᠭᠰᠠᠨ ᠪᠠᠶ᠋ᠢᠳᠠᠯ ᠳᠤᠤᠷ᠎ᠠ ᠬᠡᠪ᠎ᠤᠨ ᠰᠤᠷᠭ᠋ᠠᠨ ᠬᠥᠮᠦᠵᠢᠯ ᠵᠢᠭ᠋ᠠᠨ ᠰᠤᠷᠭ᠋ᠠᠯᠲᠠ ᠵᠢᠨ ᠲᠣᠬᠢᠷᠠᠭᠤᠯᠤᠯᠲᠠ ᠪᠠ ᠰᠤᠷᠭ᠋ᠠᠭᠤᠯᠢ ᠵᠢᠨ ᠬᠦᠷᠢᠶᠡᠨ᠎ᠤ ᠠᠮᠢᠳᠤᠷᠠᠯ᠎ᠢ ᠬᠠᠮᠤᠭ᠎ᠤᠨ ᠶᠡᠬᠡ ᠬᠡᠮᠵᠢᠶ᠎ᠡ᠎ᠪᠠᠷ ᠪᠠᠲᠤᠯᠠᠵᠤ᠂ ᠰᠤᠷᠭ᠋ᠠᠭᠤᠯᠢ ᠵᠢᠨ ᠬᠦᠷᠢᠶᠡᠨ᠎ᠤ ᠬᠠᠮᠢᠶᠠᠷᠤᠯᠲᠠ ᠦᠢ᠍ᠯᠡᠴᠢᠯᠡᠭᠡ ᠵᠢ ᠨᠠᠷᠢᠯᠢᠬ᠍ᠵᠢᠭᠤᠯᠤᠨ ᠰᠢᠯᠢᠳᠡᠭᠵᠢᠭᠦᠯᠵᠦ᠂ ᠪᠠᠭᠰᠢ ᠰᠤᠷᠤᠭᠴᠢᠳ᠎ᠤᠨ ᠵᠦᠶ ᠵᠣᠬᠢᠰᠲᠠᠶ ᠬᠡᠷᠡᠭᠴᠡᠭᠡ ᠵᠢ ᠭᠦᠢ᠍ᠴᠡᠳ ᠪᠠᠲᠤᠯᠠᠵᠤ᠂ ᠠᠮᠤᠷ ᠲᠦᠪᠰᠢᠨ ᠲᠠᠭ᠋ᠠᠯᠠᠮᠵᠢᠲᠠᠶ ᠰᠤᠷᠭ᠋ᠠᠭᠤᠯᠢ ᠵᠢᠨ ᠬᠦᠷᠢᠶᠡᠨ᠎ᠤ ᠣᠷᠴᠢᠨ ᠲᠣᠭᠣᠷᠢᠨ᠎ᠢ ᠪᠠᠢ᠌ᠭᠤᠯᠬᠤ ᠬᠡᠷᠡᠭᠲᠡᠢ᠃
ᠵᠢᠷᠭᠤᠭ᠎ᠠ᠎ᠳᠤ᠂ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠬᠥᠮᠦᠵᠢᠯ᠎ᠢ ᠢᠳᠡᠪᠬᠢᠲᠡᠶ ᠪᠥᠭᠡᠳ ᠪᠦᠲᠦᠮᠵᠢᠲᠡᠶ ᠥᠷᠨᠢᠭᠦᠯᠦᠨ᠎ᠡ᠃ 《ᠭᠡᠷ ᠪᠦᠯᠢ ᠰᠤᠷᠭ᠋ᠠᠭᠤᠯᠢ ᠬᠣᠷᠰᠢᠶᠠᠯᠠᠬᠤ》 ᠬᠠᠮ ᠬᠦᠴᠦᠨ᠎ᠢ ᠨᠢᠭᠲᠠᠷᠠᠭᠤᠯᠵᠤ᠂ ᠰᠢᠨ᠎ᠡ ᠲᠢᠲᠢᠮᠯᠢᠭ ᠠᠭᠤᠰᠬᠢᠨ᠎ᠤ ᠦᠷᠪᠢᠰᠦᠯ ᠪᠣᠯᠤᠨ ᠨᠠᠮᠤᠷ ᠡᠪᠦᠯ᠎ᠤᠨ ᠤᠯᠠᠷᠢᠯ ᠪᠠᠶ᠋ᠢᠩᠭᠤ ᠲᠣᠬᠢᠶᠠᠯᠳᠤᠳᠠᠭ ᠬᠠᠯᠳᠠᠪᠤᠷᠢᠲᠤ ᠡᠪᠡᠳᠴᠢᠨ᠎ᠢ ᠰᠡᠷᠭᠡᠶ᠋ᠢᠯᠡᠨ ᠡᠵᠡᠮᠳᠡᠬᠦ ᠮᠡᠳᠡᠯᠭᠡ ᠵᠢ ᠤᠬᠠᠭᠤᠯᠬᠤ ᠬᠡᠷᠡᠭᠲᠡᠢ᠃ ᠪᠠᠭᠰᠢ ᠰᠣᠷᠣᠭᠴᠢ ᠠᠵᠢᠯᠲᠠᠨ ᠠᠵᠢᠯᠴᠢᠨ᠎ᠢ ᠬᠥᠮᠦᠵᠢᠭᠦᠯᠦᠨ ᠵᠢᠯᠣᠭᠣᠳᠴᠤ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠠᠷᠭ᠎ᠠ ᠬᠡᠮᠵᠢᠶ᠎ᠡ᠎ᠲᠠᠢ ᠢᠳᠡᠪᠬᠢᠲᠡᠶ ᠬᠠᠮᠵᠢᠯᠴᠠᠭᠤᠯᠵᠤ᠂ ᠰᠠᠶ᠋ᠢᠨ ᠰᠠᠶ᠋ᠢᠬᠠᠨ ᠡᠷᠡᠭᠦᠯ ᠬᠠᠮᠠᠭ᠋ᠠᠯᠠᠯ᠎ᠤᠨ ᠳᠠᠳᠬᠠᠯ᠎ᠢ ᠪᠠᠷᠢᠮᠲᠠᠯᠠᠵᠤ᠂ ᠥᠪᠡᠷ ᠪᠡᠶ᠎ᠡ ᠵᠢᠨ ᠡᠷᠡᠭᠦᠯ ᠮᠡᠨᠳᠦ ᠵᠢᠨ ᠬᠡᠪ ᠪᠣᠯᠪᠠᠰᠤᠷᠠᠯ ᠵᠶ᠋ᠠᠨ ᠳᠡᠭᠡᠭᠰᠢᠯᠡᠭᠦᠯᠵᠦ᠂ ᠬᠤᠪᠢ ᠬᠥᠮᠦᠨ᠎ᠤ ᠰᠡᠷᠭᠡᠶ᠋ᠢᠯᠡᠯᠲᠡ ᠬᠠᠮᠠᠭ᠋ᠠᠯᠠᠯᠲᠠ ᠵᠢ ᠰᠠᠶ᠋ᠢᠲᠤᠷ ᠬᠢᠬᠦ ᠬᠡᠷᠡᠭᠲᠡᠶ᠃
ᠳᠣᠯᠣᠭ᠎ᠠ᠎ᠳᠤ᠂ ᠪᠠᠴᠢᠮ ᠪᠠᠶ᠋ᠢᠳᠠᠯ᠎ᠢ ᠠᠷᠭ᠋ᠠᠴᠠᠨ ᠰᠢᠢ᠍ᠳᠪᠦᠷᠢᠯᠡᠬᠦ ᠴᠢᠳᠠᠪᠤᠷᠢ ᠵᠢᠨ ᠬᠢᠷᠢ ᠲᠦᠪᠰᠢᠨ᠎ᠢ ᠦᠨᠡᠨ ᠬᠦ᠌ ᠳᠡᠭᠡᠭᠰᠢᠯᠡᠭᠦᠯᠦᠨ᠎ᠡ᠃ ᠬᠠᠷᠢᠶ᠎ᠠ ᠭᠠᠵᠠᠷ᠎ᠤᠨ ᠬᠢᠵᠢᠭ᠎ᠤᠨ ᠪᠠᠶ᠋ᠢᠳᠠᠯ᠎ᠢ ᠬᠣᠯᠪᠣᠭ᠋ᠠᠯᠠᠨ ᠰᠡᠷᠭᠡᠶ᠋ᠢᠯᠡᠵᠦ ᠬᠣᠯᠪᠣᠭ᠋ᠠᠯᠠᠨ ᠡᠵᠡᠮᠳᠡᠬᠦ ᠲᠣᠭᠲᠠᠴᠠ (ᠤᠳᠤᠷᠢᠳᠬᠤ ᠳᠤᠭᠤᠶ᠋ᠢᠯᠠᠩ᠂ ᠵᠢᠯᠣᠭᠣᠳᠬᠤ ᠭᠠᠵᠠᠷ) ᠵᠢᠨ ᠨᠢᠭᠡᠳᠦᠯᠲᠡᠶ ᠲᠥᠯᠥᠪᠵᠢᠭᠦᠯᠭᠡ ᠳᠤᠤᠷ᠎ᠠ ᠬᠠᠮᠵᠢᠯᠴᠠᠬᠤ ᠪᠠ ᠮᠡᠳᠡᠭᠡ ᠵᠠᠩᠭᠢ ᠵᠢ ᠬᠠᠮᠲᠤ᠎ᠪᠠᠷ ᠡᠳ᠋ᠯᠡᠬᠦ ᠵᠢ ᠴᠢᠩᠭ᠋ᠠᠳᠬᠠᠵᠤ᠂ ᠰᠤᠷᠭ᠋ᠠᠭᠤᠯᠢ ᠵᠢᠨ ᠬᠦᠷᠢᠶᠡᠨ᠎ᠤ ᠭᠡᠨᠡᠳᠲᠡ ᠵᠢᠨ ᠬᠢᠵᠢᠭ᠎ᠤᠨ ᠪᠠᠶ᠋ᠢᠳᠠᠯ᠎ᠢ ᠪᠠᠴᠢᠮ ᠠᠷᠭ᠋ᠠᠴᠠᠨ ᠰᠢᠢ᠍ᠳᠪᠦᠷᠢᠯᠡᠬᠦ ᠪᠡᠯᠡᠳᠬᠡᠯ ᠲᠥᠰᠦᠯ᠎ᠢ ᠲᠡᠭᠦᠯᠳᠡᠷᠵᠢᠭᠦᠯᠵᠦ᠂ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠣᠯᠠᠨ ᠦᠵᠡᠭᠳᠡᠯ᠂ ᠪᠣᠳᠠᠲᠠᠶ ᠠᠵᠢᠯᠯᠠᠭ᠋ᠠᠨ᠎ᠤ ᠴᠢᠨᠠᠷᠲᠠᠶ ᠪᠠᠴᠢᠮ ᠪᠠᠶ᠋ᠢᠳᠠᠯ᠎ᠢ ᠠᠷᠭ᠋ᠠᠴᠠᠬᠤ ᠰᠣᠷᠢᠯᠲᠠ ᠵᠢ ᠥᠷᠨᠢᠭᠦᠯᠵᠦ᠂ ᠰᠤᠷᠭ᠋ᠠᠭᠤᠯᠢ ᠵᠢᠨ ᠬᠦᠷᠢᠶᠡᠨ᠎ᠤ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠪᠠ ᠪᠠᠴᠢᠮ ᠪᠠᠶ᠋ᠢᠳᠠᠯ᠎ᠢ ᠠᠷᠭ᠋ᠠᠴᠠᠨ ᠬᠤᠪᠢᠷᠠᠭᠤᠯᠵᠤ ᠥᠨᠳᠥᠷ ᠪᠦᠲᠦᠮᠵᠢᠲᠡᠶ ᠰᠠᠭ᠋ᠠᠳ ᠥᠬᠡᠶ ᠨᠡᠪᠲᠡᠷᠡᠬᠦ᠂ ᠲᠦᠷᠭᠡᠨ ᠪᠥᠭᠡᠳ ᠬᠦᠴᠦᠲᠡᠶ ᠰᠢᠢ᠍ᠳᠪᠦᠷᠢᠯᠡᠬᠦ ᠵᠢ ᠪᠠᠲᠤᠯᠠᠬᠤ ᠬᠡᠷᠡᠭᠲᠡᠶ᠃