2022 ᠣᠨ᠎ᠤ 9 ᠰᠠᠷ᠎ᠠ ᠵᠢᠨ 12 — 9 ᠰᠠᠷ᠎ᠠ ᠵᠢᠨ 18᠎ᠤ ᠡᠳᠦᠷ ᠪᠣᠯ 25 ᠳ᠋ᠤᠭ᠋ᠠᠷ ᠬᠤᠭᠤᠴᠠᠭ᠋ᠠᠨ᠎ᠤ ᠪᠥᠬᠥ ᠤᠯᠤᠰ᠎ᠤᠨ ᠨᠡᠶ᠋ᠢᠲᠡᠯᠢᠭ ᠬᠡᠯᠡ ᠵᠢ ᠳᠡᠯᠭᠡᠷᠡᠭᠦᠯᠬᠦ ᠤᠬᠠᠭᠤᠯᠭ᠎ᠠ ᠵᠢᠨ ᠭᠠᠷᠠᠭ ᠪᠣᠯᠤᠨ᠎ᠠ᠂ ᠥᠪᠡᠷᠲᠡᠭᠡᠨ ᠵᠠᠰᠠᠬᠤ ᠣᠷᠣᠨ᠎ᠤ ᠨᠡᠶ᠋ᠢᠲᠡᠯᠢᠭ ᠬᠡᠯᠡ ᠵᠢ ᠳᠡᠯᠭᠡᠷᠡᠭᠦᠯᠬᠦ ᠤᠬᠠᠭᠤᠯᠭ᠎ᠠ ᠵᠢᠨ ᠠᠵᠢᠯ᠎ᠢ ᠰᠠᠶ᠋ᠢᠲᠤᠷ ᠬᠢᠬᠦ ᠵᠢᠨ ᠲᠥᠯᠥᠭᠡ᠂ ᠮᠠᠨ᠎ᠤ ᠣᠷᠣᠨ ᠨᠡᠶ᠋ᠢᠲᠡᠯᠢᠭ ᠬᠡᠯᠡ ᠵᠢ ᠳᠡᠯᠭᠡᠷᠡᠭᠦᠯᠵᠦ ᠤᠬᠠᠭᠤᠯᠬᠤ ᠪᠦᠲᠦᠭᠡᠯ᠎ᠢ ᠡᠯᠰᠡᠬᠦ ᠠᠵᠢᠯᠯᠠᠭ᠎ᠠ ᠵᠢ ᠥᠷᠨᠢᠭᠦᠯᠬᠦ᠎ᠪᠠᠷ ᠲᠣᠭᠲᠠᠪᠠ᠃
ᠨᠢᠭᠡ᠂ ᠤᠬᠠᠭᠤᠯᠬᠤ ᠪᠦᠲᠦᠭᠡᠯ᠎ᠤᠨ ᠭᠣᠣᠯ ᠰᠡᠳᠦᠪ
ᠨᠡᠶ᠋ᠢᠲᠡᠯᠢᠭ ᠬᠡᠯᠡ ᠵᠢ ᠳᠡᠯᠭᠡᠷᠡᠭᠦᠯᠵᠦ᠂ ᠬᠣᠷᠢᠳᠤᠭ᠋ᠠᠷ ᠶᠡᠬᠡ ᠬᠤᠷᠠᠯ᠎ᠢ ᠪᠠᠶᠠᠷᠯᠠᠨ ᠤᠭᠲᠤᠨᠠᠮ
ᠬᠣᠶᠠᠷ᠂ ᠤᠬᠠᠭᠤᠯᠬᠤ ᠪᠦᠲᠦᠭᠡᠯ᠎ᠤᠨ ᠲᠥᠷᠥᠯ ᠢᠯᠭ᠋ᠠᠯ ᠵᠢᠴᠢ ᠱᠠᠭ᠋ᠠᠷᠳᠠᠯᠭ᠎ᠠ
(ᠨᠢᠭᠡ) ᠤᠬᠠᠭᠤᠯᠬᠤ ᠣᠬᠣᠷ ᠸᠢᠳᠢᠣ᠋᠃ ᠸᠢᠳᠢᠣ᠋ ᠣᠬᠣᠷ ᠺᠢᠨᠣ᠋ ᠪᠤᠶᠤ ᠺᠣᠮᠫᠢᠦ᠋ᠲ᠋ᠧᠷ᠎ᠤᠨ ᠺᠠᠷᠲ᠋ᠣᠨ ᠵᠢᠷᠤᠭ (FLASH) ᠵᠡᠷᠭᠡ ᠬᠡᠯᠪᠡᠷᠢ ᠵᠢ ᠠᠪᠴᠤ᠂ ᠴᠠᠭ᠎ᠤᠨ ᠤᠷᠲᠤ 30 - 60 ᠰᠧᠺᠦ᠋ᠨ᠋ᠳ᠋᠃
(ᠬᠣᠶᠠᠷ) ᠤᠬᠠᠭᠤᠯᠬᠤ ᠮᠡᠳᠡᠭᠳᠡᠯ᠃ ᠭᠠᠷ ᠵᠶ᠋ᠠᠷ ᠵᠢᠷᠤᠭᠰᠠᠨ ᠵᠢᠷᠤᠭ᠂ ᠺᠣᠮᠫᠢᠦ᠋ᠲ᠋ᠧᠷ ᠵᠶ᠋ᠠᠷ ᠳᠠᠷᠤᠮᠠᠯᠯᠠᠭᠰᠠᠨ ᠵᠢᠷᠤᠭ ᠵᠡᠷᠭᠡ ᠬᠡᠯᠪᠡᠷᠢ ᠵᠢ ᠠᠪᠴᠤ᠂ JPG ᠡᠯᠧᠺᠲᠷᠣᠨ ᠵᠢᠷᠤᠭ᠎ᠤᠨ ᠬᠡᠯᠪᠡᠷᠢ᠂ 5 M᠎ᠠᠴᠠ ᠪᠠᠭ᠎ᠠ ᠪᠠᠢ᠌ᠵᠤ ᠪᠣᠯᠬᠣ ᠦᠭᠡᠢ᠃
(ᠭᠤᠷᠪᠠ) ᠤᠬᠠᠭᠤᠯᠬᠤ ᠤᠷᠢᠶ᠎ᠠ᠃ ᠤᠷᠢᠶ᠎ᠠ ᠵᠢᠨ ᠭᠤᠤᠯ ᠰᠡᠳᠦᠪ ᠲᠣᠪᠤᠢ᠌ᠮ᠎ᠠ᠂ ᠣᠨᠴᠠᠯᠢᠭ ᠢᠯᠡ ᠲᠣᠳᠣ᠃ 20 ᠦᠰᠦᠭ᠎ᠠᠴᠠ ᠬᠡᠲᠦᠷᠡᠭᠦᠯᠵᠦ ᠪᠣᠯᠬᠣ ᠦᠭᠡᠢ᠃
(ᠳᠥᠷᠪᠡ) ᠤᠬᠠᠭᠤᠯᠬᠤ ᠬᠡᠯᠡᠨ᠎ᠤ ᠳᠠᠭᠤᠷᠢᠶᠠᠯ ᠦᠵᠡᠭᠦᠯᠬᠦ ᠤᠷᠠᠨ ᠲᠣᠳᠤ ᠤᠩᠰᠢᠯᠭ᠎ᠠ ᠵᠢᠨ ᠸᠢᠳᠢᠣ᠋᠃ ᠤᠯᠤᠰ᠎ᠤᠨ ᠳᠡᠰ᠂ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠨᠡᠶ᠋ᠢᠲᠡᠯᠢᠭ ᠬᠡᠯᠡᠨ᠎ᠤ ᠬᠢᠷᠢ ᠲᠦᠪᠰᠢᠨ᠎ᠢ ᠰᠣᠷᠢᠭᠴᠢ ᠵᠢᠨ ᠤᠬᠠᠭᠤᠯᠬᠤ ᠬᠡᠯᠡᠨ᠎ᠤ ᠳᠠᠭᠤᠷᠢᠶᠠᠯ ᠦᠵᠡᠭᠦᠯᠬᠦ ᠤᠷᠠᠨ ᠲᠣᠳᠣ ᠤᠩᠰᠢᠯᠭ᠎ᠠ ᠵᠢᠨ ᠸᠢᠳᠢᠤ᠋᠂ MP 4 ᠵᠠᠭᠪᠤᠷ᠂ ᠴᠠᠭ᠎ᠢ 15 ᠰᠧᠺᠦ᠋ᠨ᠋ᠳ᠋᠎ᠠᠴᠠ ᠬᠡᠲᠦᠷᠡᠭᠦᠯᠵᠦ ᠪᠣᠯᠬᠤ ᠦᠭᠡᠶ᠃
ᠭᠤᠷᠪᠠ᠂ ᠪᠤᠰᠤᠳ ᠱᠠᠭ᠋ᠠᠷᠳᠠᠯᠭ᠎ᠠ
(ᠨᠢᠭᠡ) ᠦᠭᠡ ᠬᠡᠯᠡ ᠦᠰᠦᠭ ᠪᠢᠴᠢᠭ᠎ᠤᠨ ᠠᠵᠢᠯ᠎ᠢ ᠬᠠᠯᠠᠮᠵᠢᠯᠠᠨ ᠬᠠᠶ᠋ᠢᠷᠠᠯᠠᠬᠤ ᠨᠡᠶ᠋ᠢᠭᠡᠮ᠎ᠤᠨ ᠪᠠᠶ᠋ᠢᠭᠤᠯᠤᠮᠵᠢ ᠪᠠ ᠣᠯᠠᠨ ᠨᠡᠶ᠋ᠢᠲᠡ᠂ ᠡᠯ᠎ᠡ ᠱᠠᠲᠤᠨ᠎ᠤ ᠡᠯ᠎ᠡ ᠲᠥᠷᠥᠯ᠎ᠤᠨ ᠰᠤᠷᠭ᠋ᠠᠭᠤᠯᠢ ᠵᠢᠨ ᠪᠠᠭᠰᠢ ᠠᠵᠢᠯᠲᠠᠨ ᠠᠵᠢᠯᠴᠢᠨ ᠵᠢᠴᠢ ᠥᠷᠭᠡᠨ ᠣᠯᠠᠨ ᠰᠤᠷᠤᠭᠴᠢ ᠴᠥᠮ ᠣᠷᠣᠯᠴᠠᠵᠤ ᠪᠣᠯᠤᠨ᠎ᠠ᠃ ᠣᠷᠣᠯᠴᠠᠭᠰᠠᠨ ᠨᠢᠭᠡᠴᠢ᠂ ᠬᠤᠪᠢ ᠬᠥᠮᠦᠨ ᠣᠯᠠᠨ ᠲᠥᠷᠦᠯ᠎ᠤᠨ ᠤᠬᠠᠭᠤᠯᠬᠤ ᠪᠦᠲᠦᠭᠡᠯ᠎ᠳᠤ ᠣᠷᠣᠯᠴᠠᠬᠤ᠎ᠪᠠᠷ ᠡᠬᠡ ᠪᠢᠴᠢᠭ ᠥᠭᠬᠦ ᠪᠤᠶᠤ ᠨᠢᠭᠡ ᠲᠥᠷᠥᠯ᠎ᠳᠤ ᠣᠯᠠᠨ ᠪᠦᠲᠦᠭᠡᠯ ᠥᠭᠴᠦ ᠪᠣᠯᠤᠨ᠎ᠠ᠃
(ᠬᠣᠶᠠᠷ) ᠡᠨᠡ ᠤᠳᠠᠭ᠋ᠠᠨ᠎ᠤ ᠠᠵᠢᠯᠯᠠᠭ᠎ᠠ᠎ᠳᠤ ᠳᠠᠷᠤᠮᠠᠯᠯᠠᠭᠰᠠᠨ ᠡᠬᠡ ᠪᠢᠴᠢᠭ ᠢᠯᠡᠭᠡᠬᠦ ᠵᠢ ᠭᠥᠯᠢᠶᠡᠨ ᠠᠪᠬᠤ ᠥᠬᠡᠶ᠂ ᠡᠬᠡ ᠪᠢᠴᠢᠭ᠎ᠢ ᠲᠣᠭᠲᠠᠭᠰᠠᠨ ᠡᠯᠧᠺᠲᠷᠣᠨ ᠪᠢᠴᠢᠭ ᠮᠠᠲ᠋ᠧᠷᠢᠶᠠᠯ᠎ᠤᠨ ᠬᠡᠯᠪᠡᠷᠢ᠎ᠪᠠᠷ ᠢᠮᠧᠯ:
nmgjyt_yyc@163.com᠎ᠳᠤ ᠢᠯᠡᠭᠡᠨ᠎ᠡ᠃
(ᠭᠤᠷᠪᠠ) ᠮᠡᠳᠡᠭᠦᠯᠦᠭᠰᠡᠨ ᠪᠦᠲᠦᠭᠡᠯ᠎ᠨᠢ ᠡᠷᠬᠡᠪᠰᠢ ᠤᠬ ᠪᠦᠲᠦᠭᠡᠯ ᠪᠠᠶ᠋ᠢᠬᠤ ᠬᠡᠷᠡᠭᠲᠡᠢ᠂ ᠡᠭᠡ ᠪᠢᠴᠢᠭ ᠥᠭᠭᠦᠭᠴᠢ ᠮᠡᠳᠡᠯᠭᠡ ᠵᠢᠨ ᠥᠮᠴᠢᠯᠡᠯ ᠡᠷᠬᠡ ᠵᠢᠨ ᠬᠣᠯᠪᠤᠭᠳᠠᠬᠤ ᠬᠠᠷᠢᠭᠤᠴᠠᠯᠭ᠎ᠠ ᠵᠢ ᠥᠪᠡᠰᠦᠪᠡᠨ ᠡᠭᠦᠷᠭᠡᠯᠡᠨ᠎ᠡ᠃ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ (ᠦᠭᠡ ᠬᠡᠯᠡ ᠦᠰᠦᠭ ᠪᠢᠴᠢᠭ᠎ᠤᠨ ᠠᠵᠢᠯ᠎ᠤᠨ ᠵᠥᠪᠯᠡᠯ᠎ᠤᠨ ᠠᠯᠪᠠᠨ ᠭᠡᠷ) ᠮᠡᠳᠡᠭᠦᠯᠦᠭᠰᠡᠨ ᠪᠦᠲᠦᠭᠡᠯ᠎ᠢ ᠬᠡᠷᠡᠭᠯᠡᠬᠦ ᠡᠷᠬᠡ᠎ᠲᠠᠢ᠃
ᠳᠥᠷᠪᠡ᠂ ᠠᠵᠢᠯᠯᠠᠭ᠋ᠠᠨ᠎ᠤ ᠴᠠᠭ
(ᠨᠢᠭᠡ) ᠡᠨᠡ ᠤᠳᠠᠭ᠋ᠠᠨ᠎ᠤ ᠡᠯᠰᠡᠬᠦ ᠠᠵᠢᠯᠯᠠᠭ᠎ᠠ 2022 ᠣᠨ᠎ᠤ 8 ᠰᠠᠷ᠎ᠠ ᠵᠢᠨ 16 — 9 ᠰᠠᠷ᠎ᠠ ᠵᠢᠨ 10᠎ᠤ ᠡᠳᠦᠷ ᠪᠣᠯᠲᠠᠯ᠎ᠠ ᠶᠠᠪᠤᠭᠳᠠᠨ᠎ᠠ᠃
(ᠬᠣᠶᠠᠷ) ᠰᠢᠯᠭ᠋ᠠᠷᠠᠭᠤᠯᠬᠤ ᠴᠠᠭ᠄ 2022 ᠣᠨ᠎ᠤ 9 ᠳ᠋ᠦ᠍ᠭᠡᠷ ᠰᠠᠷ᠎ᠠ᠃
ᠲᠠᠪᠤ᠂ ᠱᠠᠩᠨᠠᠯ᠎ᠤᠨ ᠲᠣᠬᠢᠷᠠᠭᠤᠯᠤᠯᠲᠠ ᠵᠢᠴᠢ ᠬᠡᠷᠡᠭᠯᠡᠯᠲᠡ
(ᠨᠢᠭᠡ) ᠤᠬᠠᠭᠤᠯᠬᠤ ᠣᠬᠣᠷ ᠸᠢᠳᠢᠣ᠋᠃ ᠨᠢᠭᠡᠳᠦᠭᠡᠷ ᠳᠡᠰ᠎ᠤᠨ ᠱᠠᠩᠨᠠᠯ 1 ᠨᠡᠷ᠎ᠡ᠂ ᠬᠣᠶᠠᠳᠤᠭ᠋ᠠᠷ ᠳᠡᠰ᠎ᠤᠨ ᠱᠠᠩᠨᠠᠯ 2 ᠨᠡᠷ᠎ᠡ᠂ ᠭᠤᠷᠪᠠᠳᠤᠭ᠋ᠠᠷ ᠳᠡᠰ᠎ᠤᠨ ᠱᠠᠩᠨᠠᠯ 5 ᠨᠡᠷ᠎ᠡ᠂ ᠰᠢᠯᠢᠳᠡᠭ ᠱᠠᠩᠨᠠᠯ ᠬᠡᠳᠦᠨ ᠨᠡᠷ᠎ᠡ ᠪᠤᠢ᠃
(ᠬᠣᠶᠠᠷ) ᠤᠬᠠᠭᠤᠯᠬᠤ ᠮᠡᠳᠡᠭᠳᠡᠯ᠃ ᠨᠢᠭᠡᠳᠦᠭᠡᠷ ᠳᠡᠰ᠎ᠤᠨ ᠱᠠᠩᠨᠠᠯ 3 ᠨᠡᠷ᠎ᠡ᠂ ᠬᠣᠶᠠᠳᠤᠭ᠋ᠠᠷ ᠳᠡᠰ᠎ᠤᠨ ᠱᠠᠩᠨᠠᠯ 5 ᠨᠡᠷ᠎ᠡ᠂ ᠭᠤᠷᠪᠠᠳᠤᠭ᠋ᠠᠷ ᠳᠡᠰ᠎ᠤᠨ ᠱᠠᠩᠨᠠᠯ 10 ᠨᠡᠷ᠎ᠡ᠂ ᠰᠢᠯᠢᠳᠡᠭ ᠱᠠᠩᠨᠠᠯ᠎ᠨᠢ ᠬᠡᠳᠦᠨ ᠨᠡᠷ᠎ᠡ ᠪᠤᠢ᠃
(ᠭᠤᠷᠪᠠ) ᠤᠬᠠᠭᠤᠯᠬᠤ ᠤᠷᠢᠶ᠎ᠠ᠃ ᠨᠢᠭᠡᠳᠦᠭᠡᠷ ᠳᠡᠰ᠎ᠤᠨ ᠱᠠᠩᠨᠠᠯ 5 ᠨᠡᠷ᠎ᠡ᠂ ᠬᠣᠶᠠᠳᠤᠭ᠋ᠠᠷ ᠳᠡᠰ᠎ᠤᠨ ᠱᠠᠩᠨᠠᠯ 10 ᠨᠡᠷ᠎ᠡ᠂ ᠭᠤᠷᠪᠠᠳᠤᠭ᠋ᠠᠷ ᠳᠡᠰ᠎ᠤᠨ ᠱᠠᠩᠨᠠᠯ 10 ᠨᠡᠷ᠎ᠡ᠂ ᠰᠢᠯᠢᠳᠡᠭ ᠱᠠᠩᠨᠠᠯ ᠬᠡᠳᠦᠨ ᠨᠡᠷ᠎ᠡ ᠪᠤᠢ᠃
(ᠳᠥᠷᠪᠡ) ᠤᠬᠠᠭᠤᠯᠬᠤ ᠬᠡᠯᠡᠨ᠎ᠤ ᠳᠠᠭᠤᠷᠢᠶᠠᠯ ᠦᠵᠡᠭᠦᠯᠬᠦ ᠤᠷᠠᠨ ᠲᠣᠳᠤ ᠤᠩᠰᠢᠯᠭ᠎ᠠ ᠵᠢᠨ ᠸᠢᠳᠢᠣ᠋᠃ ᠨᠢᠭᠡᠳᠦᠭᠡᠷ ᠳᠡᠰ᠎ᠤᠨ ᠱᠠᠩᠨᠠᠯ 5 ᠨᠡᠷ᠎ᠡ᠂ ᠬᠣᠶᠠᠳᠤᠭ᠋ᠠᠷ ᠳᠡᠰ᠎ᠤᠨ ᠱᠠᠩᠨᠠᠯ 10 ᠨᠡᠷ᠎ᠡ᠂ ᠭᠤᠷᠪᠠᠳᠤᠭ᠋ᠠᠷ ᠳᠡᠰ᠎ᠤᠨ ᠱᠠᠩᠨᠠᠯ 10 ᠨᠡᠷ᠎ᠡ ᠪᠣᠢ᠃
ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ (ᠦᠭᠡ ᠬᠡᠯᠡ ᠦᠰᠦᠭ ᠪᠢᠴᠢᠭ᠎ᠤᠨ ᠠᠵᠢᠯ᠎ᠤᠨ ᠵᠥᠪᠯᠡᠯ᠎ᠤᠨ ᠠᠯᠪᠠᠨ ᠭᠡᠷ) ᠱᠠᠩᠨᠠᠯ ᠣᠯᠤᠭᠰᠠᠨ ᠪᠦᠲᠦᠭᠡᠯ᠎ᠠᠴᠠ ᠰᠢᠯᠢᠳᠡᠭ᠎ᠢ᠎ᠨᠢ ᠰᠣᠩᠭᠣᠨ ᠬᠡᠷᠡᠭᠯᠡᠵᠦ᠂ ᠲᠤᠰ ᠬᠤᠭᠤᠴᠠᠭ᠋ᠠᠨ᠎ᠤ ᠨᠡᠢ᠌ᠲᠡᠯᠢᠭ ᠬᠡᠯᠡ ᠵᠢ ᠳᠡᠯᠭᠡᠷᠡᠭᠦᠯᠬᠦ ᠤᠬᠠᠭᠤᠯᠭ᠎ᠠ ᠵᠢᠨ ᠭᠠᠷᠠᠭ᠎ᠤᠨ ᠥᠪᠡᠷᠲᠡᠭᠡᠨ ᠵᠠᠰᠠᠬᠤ ᠣᠷᠣᠨ᠎ᠤ ᠨᠡᠢ᠌ᠲᠡᠯᠢᠭ ᠬᠡᠯᠡ ᠵᠢ ᠳᠡᠯᠭᠡᠷᠡᠭᠦᠯᠵᠦ ᠤᠬᠠᠭᠤᠯᠬᠤ ᠪᠦᠲᠦᠭᠡᠯ ᠪᠣᠯᠭ᠋ᠠᠵᠤ᠂ ᠪᠦᠬᠦ ᠣᠷᠣᠨ᠎ᠤ ᠬᠡᠪᠴᠢᠶᠡᠨ᠎ᠳᠤ ᠤᠬᠠᠭᠤᠯᠤᠨ ᠬᠡᠷᠡᠭᠯᠡᠬᠦ ᠵᠢᠨ ᠬᠠᠮᠲᠤ ᠵᠣᠬᠢᠶᠠᠭᠴᠢ᠎ᠳᠤ ᠵᠣᠬᠢᠶᠠᠨ ᠪᠥᠲᠦᠭᠡᠭᠰᠡᠨ ᠵᠠᠷᠤᠳᠠᠯ ᠥᠭᠭᠦᠨ᠎ᠡ᠃ ᠤᠬᠠᠭᠤᠯᠬᠤ ᠣᠬᠣᠷ ᠸᠢᠳᠢᠣ᠋ ᠨᠢᠭᠡ ᠪᠦᠷᠢ 5000 ᠲᠥᠭᠥᠷᠢᠭ᠂ ᠤᠬᠠᠭᠤᠯᠬᠤ ᠮᠡᠳᠡᠭᠳᠡᠯ ᠨᠢᠭᠡ ᠪᠦᠷᠢ 2000 ᠲᠥᠭᠥᠷᠢᠭ᠂ ᠤᠬᠠᠭᠤᠯᠬᠤ ᠤᠷᠢᠶ᠎ᠠ ᠨᠢᠭᠡ ᠪᠦᠷᠢ 100 ᠲᠥᠭᠥᠷᠢᠭ᠃