ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠤᠷᠭᠠᠨ ᠬᠦᠮᠦᠵᠢᠯ᠎ᠤᠨ ᠬᠠᠨᠲᠤᠯᠭ᠎ᠠ
ᠰᠣᠨᠤᠷ᠎ᠤᠨ ᠲᠠᠪᠴᠠᠩ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠦᠢᠯᠡᠴᠢᠯᠡᠭᠡ   -   ᠲᠠᠨ᠎ᠳᠤ ᠦᠢᠯᠡᠴᠢᠯᠡᠬᠦ᠌
2023 ᠣᠨ᠎ᠤ ᠮᠠᠰᠲ᠋ᠧᠷ᠎ᠤᠨ ᠰᠢᠯᠭ᠋ᠠᠯᠲᠠ ᠵᠢᠨ ᠴᠠᠭ᠎ᠢ ᠨᠡᠶ᠋ᠢᠲᠡᠯᠡᠪᠡ
ᠨᠡᠶ᠋ᠢᠲᠡᠯᠡᠭᠰᠡᠨ ᠴᠠᠭ᠄ 2022-09-07


      ᠰᠤᠷᠭ᠋ᠠᠨ ᠬᠥᠮᠦᠵᠢᠯ᠎ᠤᠨ ᠶᠠᠮᠤᠨ ᠣᠶ᠋ᠢᠷ᠎ᠠ᠎ᠳᠤ 《2023 ᠣᠨ᠎ᠤ ᠪᠥᠬᠥ ᠤᠯᠤᠰ᠎ᠤᠨ ᠮᠠᠰᠲ᠋ᠧᠷ ᠡᠯᠰᠡᠬᠦ ᠠᠵᠢᠯ᠎ᠤᠨ ᠬᠠᠮᠢᠶᠠᠷᠤᠯᠲᠠ ᠵᠢᠨ ᠲᠣᠭᠲᠠᠭ᠋ᠠᠯ》 (ᠳᠣᠷᠣᠭᠰᠢ 《ᠲᠣᠭᠲᠠᠭ᠋ᠠᠯ》 ᠭᠡᠵᠦ ᠳᠦᠭᠦᠮᠴᠢᠯᠡᠨ᠎ᠡ)᠎ᠢ ᠳᠠᠷᠤᠮᠠᠯᠯᠠᠨ ᠲᠠᠷᠬᠠᠭ᠋ᠠᠵᠤ᠂ ᠡᠯ᠎ᠡ ᠭᠠᠵᠠᠷ᠎ᠤᠨ ᠡᠯ᠎ᠡ ᠰᠣᠷᠣᠭᠴᠢ ᠡᠯᠰᠡᠬᠦ ᠨᠢᠭᠡᠴᠢ ᠵᠢᠨ᠎ᠬᠢᠨ ᠬᠢᠵᠢᠭ᠎ᠤᠨ ᠪᠠᠢ᠌ᠳᠠᠯ᠎ᠢ ᠰᠡᠷᠭᠡᠶ᠋ᠢᠯᠡᠨ ᠡᠵᠡᠮᠳᠡᠬᠦ ᠵᠢ ᠪᠠᠶ᠋ᠢᠩᠭᠤᠵᠢᠭᠤᠯᠤᠭᠰᠠᠨ ᠨᠥᠬᠥᠴᠡᠯ᠎ᠳᠤ ᠮᠠᠰᠲ᠋ᠧᠷ ᠡᠯᠰᠡᠬᠦ ᠰᠢᠯᠭ᠋ᠠᠯᠲᠠ ᠵᠢᠨ ᠠᠵᠢᠯ᠎ᠢ ᠨᠢᠭᠡᠳᠦᠯᠲᠡᠶ ᠲᠥᠯᠥᠪᠯᠡᠨ ᠰᠠᠶ᠋ᠢᠲᠤᠷ ᠬᠢᠬᠦ ᠲᠤᠬᠠᠶ ᠪᠠᠶ᠋ᠢᠷᠢᠯᠠᠭᠤᠯᠪᠠ᠃ 2023 ᠣᠨ᠎ᠤ ᠪᠥᠬᠥ ᠤᠯᠤᠰ᠎ᠤᠨ ᠮᠠᠰᠲ᠋ᠧᠷ ᠡᠯᠰᠡᠬᠦ ᠰᠢᠯᠭ᠋ᠠᠯᠲᠠ ᠵᠢᠨ ᠠᠩᠬᠠᠨ᠎ᠤ ᠰᠢᠯᠭ᠋ᠠᠯᠲᠠ ᠵᠢ 2022 ᠣᠨ᠎ᠤ 12 ᠰᠠᠷ᠎ᠠ ᠵᠢᠨ 24 — 25᠎ᠤ ᠡᠳᠦᠷ ᠶᠠᠪᠤᠭᠳᠠᠭᠤᠯᠵᠤ᠂ ᠰᠢᠯᠭ᠋ᠠᠯᠲᠠ ᠵᠢᠨ ᠴᠠᠭ᠎ᠨᠢ 3 ᠴᠠᠭ᠎ᠠᠴᠠ ᠬᠡᠲᠦᠷᠡᠬᠦ ᠪᠤᠶᠤ ᠵᠢᠷᠤᠭ᠎ᠤᠨ ᠬᠠᠪᠲᠠᠰᠤ ᠬᠡᠷᠡᠭᠯᠡᠬᠦ ᠵᠡᠷᠭᠡ ᠣᠨᠴᠠᠭ᠋ᠠᠶ ᠱᠠᠭ᠋ᠠᠷᠳᠠᠯᠭ᠎ᠠ᠎ᠲᠠᠢ ᠴᠥᠭᠡᠨ ᠲᠣᠭ᠋ᠠᠨ᠎ᠤ ᠰᠢᠯᠭ᠋ᠠᠬᠤ ᠬᠢᠴᠢᠶᠡᠯ ᠲᠥᠷᠥᠯ᠎ᠢ 12 ᠰᠠᠷ᠎ᠠ ᠵᠢᠨ 26᠎ᠤ ᠡᠳᠦᠷ ᠰᠢᠯᠭ᠋ᠠᠨ᠎ᠠ᠃ ᠨᠠᠩ ᠣᠯᠠᠨ ᠮᠡᠳᠡᠭᠡ ᠵᠠᠩᠭᠢ ᠵᠢ ᠬᠠᠮᠲᠤ᠎ᠳᠤ᠎ᠪᠠᠨ ᠦᠵᠡᠵᠡᠭᠡᠶ᠎ᠡ᠃



      ᠪᠥᠬᠥ ᠤᠯᠤᠰ᠎ᠤᠨ ᠮᠠᠰᠲ᠋ᠧᠷ ᠡᠯᠰᠡᠬᠦ ᠰᠢᠯᠭ᠋ᠠᠯᠲᠠ ᠵᠢᠨ ᠨᠡᠷ᠎ᠡ ᠮᠡᠳᠡᠭᠦᠯᠬᠦ ᠠᠵᠢᠯ ᠰᠦᠯᠵᠢᠶᠡᠨ᠎ᠳᠤ ᠨᠡᠷ᠎ᠡ ᠮᠡᠳᠡᠭᠦᠯᠬᠦ ᠪᠠ ᠰᠦᠯᠵᠢᠶᠡᠨ᠎ᠳᠤ ᠨᠤᠲᠠᠯᠠᠬᠤ ᠬᠣᠶᠠᠷ ᠱᠠᠲᠤ ᠵᠢ ᠪᠠᠭᠲᠠᠭ᠋ᠠᠨ᠎ᠠ᠃ ᠰᠦᠯᠵᠢᠶᠡᠨ᠎ᠳᠤ ᠨᠡᠷ᠎ᠡ ᠮᠡᠳᠡᠭᠦᠯᠬᠦ ᠠᠵᠢᠯ᠎ᠢ 10 ᠰᠠᠷ᠎ᠠ ᠵᠢᠨ 5 — 10 ᠰᠠᠷ᠎ᠠ ᠵᠢᠨ 25᠎ᠤ ᠡᠳᠦᠷ (ᠡᠳᠦᠷ ᠪᠦᠷᠢ ᠵᠢᠨ 9᠄ 00 — 22᠄ 00)᠂ ᠤᠷᠢᠳᠴᠢᠯᠠᠨ ᠨᠡᠷ᠎ᠡ ᠮᠡᠳᠡᠭᠦᠯᠬᠦ ᠠᠵᠢᠯ᠎ᠢ 9 ᠰᠠᠷ᠎ᠠ ᠵᠢᠨ 24 — 9 ᠰᠠᠷ᠎ᠠ ᠵᠢᠨ 27᠎ᠤ ᠡᠳᠦᠷ (ᠡᠳᠦᠷ ᠪᠦᠷᠢ ᠵᠢᠨ 9᠄ 00—22᠄ 00) ᠲᠣᠬᠢᠷᠠᠭᠤᠯᠪᠠ᠃ ᠪᠥᠬᠥ ᠤᠯᠤᠰ᠎ᠤᠨ ᠮᠠᠰᠲ᠋ᠧᠷ ᠡᠯᠰᠡᠬᠦ ᠰᠢᠯᠭ᠋ᠠᠯᠲᠠ᠎ᠳᠤ ᠣᠷᠣᠯᠴᠠᠬᠤ ᠪᠣᠶ ᠪᠥᠬᠥᠶ ᠰᠢᠯᠭ᠋ᠠᠭᠤᠯᠤᠭᠴᠢ ᠴᠥᠮ ᠲᠣᠭᠲᠠᠭᠰᠠᠨ ᠴᠠᠭ᠎ᠲᠤ ᠰᠦᠯᠵᠢᠶᠡᠨ᠎ᠳᠤ ᠨᠡᠷ᠎ᠡ ᠮᠡᠳᠡᠭᠦᠯᠬᠦ ᠪᠠ ᠰᠦᠯᠵᠢᠶᠡᠨ᠎ᠳᠤ ᠨᠣᠲᠠᠯᠠᠭᠤᠯᠬᠤ ᠬᠡᠷᠡᠭᠲᠡᠶ᠃ ᠴᠡᠷᠢᠭ ᠠᠩᠭᠢ᠎ᠳᠤ ᠥᠩᠭᠡ ᠭᠡᠷᠡᠯᠲᠡᠢ᠎ᠪᠠᠷ ᠬᠣᠶᠠᠳᠤᠭ᠋ᠠᠷ ᠳᠡᠰ᠎ᠤᠨ ᠭᠠᠪᠢᠶ᠎ᠠ ᠪᠠᠶ᠋ᠢᠭᠤᠯᠤᠭᠰᠠᠨ ᠵᠡᠷᠭᠡ ᠠᠩᠬ᠎ᠠ ᠰᠢᠯᠭ᠋ᠠᠯᠲᠠ ᠬᠢᠬᠦ ᠥᠬᠡᠶ᠎ᠪᠠᠷ ᠮᠠᠰᠲ᠋ᠧᠷ ᠰᠤᠷᠤᠯᠴᠠᠬᠤ ᠬᠢᠷᠢ ᠬᠡᠮ᠎ᠤᠨ ᠨᠥᠬᠥᠴᠡᠯ᠎ᠳᠤ ᠨᠡᠢ᠌ᠴᠡᠭᠰᠡᠳ ᠤᠯᠤᠰ᠎ᠤᠨ ᠲᠣᠭᠲᠠᠭ᠋ᠠᠭᠰᠠᠨ ᠪᠥᠬᠥ ᠤᠯᠤᠰ᠎ᠤᠨ ᠨᠢᠭᠡᠳᠦᠯᠲᠡᠶ ᠰᠢᠯᠭ᠋ᠠᠯᠲᠠ᠎ᠳᠤ ᠨᠡᠷ᠎ᠡ ᠮᠡᠳᠡᠭᠦᠯᠬᠦ ᠴᠠᠭ᠎ᠲᠤ 《ᠳᠤᠮᠳᠠᠳᠤ ᠤᠯᠤᠰ᠎ᠤᠨ ᠮᠠᠰᠲ᠋ᠧᠷ ᠡᠯᠰᠡᠬᠦ ᠮᠡᠳᠡᠭᠡ ᠵᠠᠩᠭᠢ ᠵᠢᠨ ᠰᠦᠯᠵᠢᠶ᠎ᠡ — ᠪᠥᠬᠥ ᠤᠯᠤᠰ᠎ᠤᠨ ᠰᠢᠯᠭ᠋ᠠᠯᠲᠠ ᠬᠢᠬᠦ ᠥᠬᠡᠶ᠎ᠪᠠᠷ ᠮᠠᠰᠲ᠋ᠧᠷ ᠰᠤᠷᠤᠯᠴᠠᠭᠤᠯᠬᠤ᠎ᠪᠠᠷ ᠲᠠᠨᠢᠯᠴᠠᠭᠤᠯᠤᠨ ᠮᠡᠳᠡᠭᠡ ᠵᠠᠩᠭᠢ ᠵᠢ ᠢᠯᠡ ᠪᠣᠯᠭ᠋ᠠᠬᠤ ᠵᠢᠴᠢ ᠬᠠᠮᠢᠶᠠᠷᠬᠤ ᠦᠢ᠍ᠯᠡᠴᠢᠯᠡᠭᠡᠨ᠎ᠤ ᠰᠢᠰᠲ᠋ᠧᠮ》᠎ᠳᠤ ᠨᠡᠷ᠎ᠡ ᠮᠡᠳᠡᠭᠦᠯᠬᠦ ᠬᠡᠷᠡᠭᠲᠡᠶ᠃
     《ᠲᠣᠭᠲᠠᠭ᠋ᠠᠯ》᠎ᠳᠤ᠂ ᠰᠢᠯᠭ᠋ᠠᠭᠤᠯᠤᠭᠴᠢ᠎ᠳᠤ ᠦᠢ᠍ᠯᠡᠴᠢᠯᠡᠬᠦ ᠵᠢ ᠬᠦᠴᠦᠯᠡᠨ ᠰᠢᠯᠢᠳᠡᠭᠵᠢᠭᠦᠯᠬᠦ ᠬᠡᠷᠡᠭᠲᠡᠶ ᠭᠡᠵᠦ ᠱᠠᠭ᠋ᠠᠷᠳᠠᠪᠠ᠃ ᠥᠷᠭᠡᠨ ᠣᠯᠠᠨ ᠰᠢᠯᠭ᠋ᠠᠭᠤᠯᠤᠭᠴᠢ᠎ᠳᠤ ᠮᠠᠰᠲ᠋ᠧᠷ ᠡᠯᠰᠡᠬᠦ ᠲᠥᠷᠥ ᠵᠢᠨ ᠪᠣᠳᠣᠯᠭ᠎ᠠ ᠵᠢ ᠪᠥᠬᠥ ᠲᠠᠯ᠎ᠠ᠎ᠪᠠᠷ᠂ ᠨᠠᠷᠢᠯᠢᠭ ᠣᠨᠣᠴᠠᠲᠠᠢ ᠣᠶ᠋ᠢᠯᠠᠭ᠋ᠠᠭᠤᠯᠬᠤ ᠵᠢᠨ ᠲᠥᠯᠥᠭᠡ᠂ 《ᠳᠤᠮᠳᠠᠳᠤ ᠤᠯᠤᠰ᠎ᠤᠨ ᠮᠠᠰᠲ᠋ᠧᠷ ᠡᠯᠰᠡᠬᠦ ᠮᠡᠳᠡᠭᠡ ᠵᠠᠩᠭᠢ ᠵᠢᠨ ᠰᠦᠯᠵᠢᠶ᠎ᠡ》 (
https://yz.chsi.com.cn,https://yz.chsi.cn) 2022 ᠣᠨ᠎ᠤ 9 ᠰᠠᠷ᠎ᠠ ᠵᠢᠨ 22 — 26᠎ᠤ ᠡᠳᠦᠷ ᠪᠣᠯᠲᠠᠯ᠎ᠠ 《2023 ᠣᠨ᠎ᠤ ᠪᠥᠬᠥ ᠤᠯᠤᠰ᠎ᠤᠨ ᠮᠠᠰᠲ᠋ᠧᠷ ᠡᠯᠰᠡᠬᠦ ᠵᠢ ᠣᠬᠠᠭᠤᠯᠬᠤ ᠪᠠ ᠵᠥᠪᠯᠡᠯᠭᠡ ᠥᠭᠬᠦ》 ᠠᠵᠢᠯᠯᠠᠭ᠎ᠠ ᠵᠢ ᠥᠷᠨᠢᠭᠦᠯᠵᠦ᠂ ᠪᠣᠶ ᠪᠥᠬᠥᠶ ᠮᠠᠰᠲ᠋ᠧᠷ ᠡᠯᠰᠡᠬᠦ ᠨᠢᠭᠡᠴᠢ᠎ᠠᠴᠠ ᠰᠢᠯᠭ᠋ᠠᠭᠤᠯᠤᠭᠴᠢ ᠵᠢᠨ ᠠᠰᠠᠭᠤᠯᠲᠠ ᠵᠢ ᠰᠦᠯᠵᠢᠶᠡᠨ᠎ᠳᠤ ᠬᠠᠷᠢᠭᠤᠯᠠᠨ᠎ᠠ᠃ ᠵᠡᠮᠳᠡᠭ ᠰᠢᠯᠭ᠋ᠠᠭᠤᠯᠤᠭᠴᠢ ᠵᠢᠨ ᠠᠰᠢᠭ ᠲᠤᠰᠠ ᠵᠢ ᠨᠠᠩ ᠰᠠᠶ᠋ᠢᠲᠤᠷ ᠪᠠᠲᠤᠯᠠᠬᠤ ᠵᠢᠨ ᠲᠥᠯᠥᠭᠡ᠂ ᠡᠯ᠎ᠡ ᠮᠤᠵᠢ ᠵᠢᠨ ᠳᠡᠰ᠎ᠤᠨ ᠰᠣᠷᠣᠭᠴᠢ ᠡᠯᠰᠡᠬᠦ ᠰᠢᠯᠭ᠋ᠠᠯᠲᠠ ᠵᠢᠨ ᠪᠠᠶ᠋ᠢᠭᠤᠯᠤᠮᠵᠢ ᠪᠠ ᠰᠣᠷᠣᠭᠴᠢ ᠡᠯᠰᠡᠬᠦ ᠨᠢᠭᠡᠴᠢ᠎ᠳᠤ ᠬᠣᠯᠪᠤᠭᠳᠠᠬᠤ ᠲᠣᠭᠲᠠᠭ᠋ᠠᠯ ᠶᠣᠰᠤ᠎ᠪᠠᠷ ᠵᠡᠮᠳᠡᠭᠴᠦᠳ᠎ᠤᠨ ᠰᠢᠯᠭ᠋ᠠᠯᠲᠠ᠎ᠳᠤ ᠣᠷᠣᠯᠴᠠᠬᠤ᠎ᠳᠤ ᠴᠢᠬᠤᠯᠠ ᠪᠥᠬᠥᠶ ᠳᠡᠮᠵᠢᠬᠦ ᠨᠥᠬᠥᠴᠡᠯ ᠪᠠ ᠵᠦᠶ ᠵᠣᠬᠢᠰᠲᠠᠶ ᠲᠥᠬᠥᠮ ᠨᠥᠬᠥᠴᠡᠯ᠎ᠢ ᠬᠠᠩᠭ᠋ᠠᠨ᠎ᠠ᠃ ᠵᠡᠮᠳᠡᠭ ᠰᠢᠯᠭ᠋ᠠᠭᠤᠯᠤᠭᠴᠢ᠎ᠳᠤ ᠬᠡᠷᠪᠡ ᠰᠢᠯᠭ᠋ᠠᠯᠲᠠ ᠵᠢ ᠵᠣᠬᠢᠶᠠᠨ ᠪᠠᠶ᠋ᠢᠭᠤᠯᠬᠤ ᠨᠢᠭᠡᠴᠢ᠎ᠠᠴᠠ ᠰᠢᠯᠭ᠋ᠠᠯᠲᠠ ᠵᠢᠨ ᠬᠤᠭᠤᠴᠠᠭ᠋ᠠᠨ᠎ᠳᠤ ᠵᠦᠢ ᠵᠣᠬᠢᠰᠲᠠᠢ ᠰᠢᠯᠭ᠋ᠠᠭᠤᠯᠬᠤ᠎ᠳᠤ ᠲᠥᠬᠥᠮ ᠦᠵᠡᠭᠦᠯᠬᠦ ᠦᠢ᠍ᠯᠡᠴᠢᠯᠡᠭᠡ ᠵᠢ ᠬᠠᠩᠭ᠋ᠠᠬᠤ ᠴᠢᠬᠤᠯᠠᠲᠠᠶ ᠪᠣᠯ ᠨᠡᠷ᠎ᠡ ᠮᠡᠳᠡᠭᠦᠯᠬᠦ ᠱᠠᠲᠤᠨ᠎ᠳᠤ ᠰᠢᠯᠭ᠋ᠠᠯᠲᠠ ᠵᠢᠨ ᠴᠡᠭ᠎ᠤᠨ ᠪᠠᠶ᠋ᠢᠭ᠎ᠠ ᠭᠠᠵᠠᠷ᠎ᠤᠨ ᠮᠤᠵᠢ ᠵᠢᠨ ᠳᠡᠰ᠎ᠤᠨ ᠰᠣᠷᠣᠭᠴᠢ ᠡᠯᠰᠡᠬᠦ ᠰᠢᠯᠭ᠋ᠠᠯᠲᠠ ᠵᠢᠨ ᠪᠠᠶ᠋ᠢᠭᠤᠯᠤᠮᠵᠢ ᠪᠠ ᠰᠣᠷᠣᠭᠴᠢ ᠡᠯᠰᠡᠬᠦ ᠨᠢᠭᠡᠴᠢ᠎ᠲᠠᠢ ᠰᠠᠨᠠᠯ ᠵᠶ᠋ᠠᠨ ᠰᠣᠯᠢᠯᠴᠠᠵᠤ᠂ ᠤᠷᠢᠳᠴᠢᠯᠠᠨ ᠰᠠᠶ᠋ᠢᠲᠤᠷ ᠲᠣᠬᠢᠷᠠᠭᠤᠯᠬᠤ᠎ᠳᠤ ᠳᠥᠭᠦᠮ ᠦᠵᠡᠭᠦᠯᠬᠦ ᠬᠡᠷᠡᠭᠲᠡᠶ᠃
      ᠰᠤᠷᠭ᠋ᠠᠨ ᠬᠥᠮᠦᠵᠢᠯ᠎ᠤᠨ ᠶᠠᠮᠤᠨ᠎ᠠᠴᠠ ᠥᠷᠭᠡᠨ ᠣᠯᠠᠨ ᠰᠢᠯᠭ᠋ᠠᠭᠤᠯᠤᠭᠴᠢ᠎ᠳᠤ᠂ ᠰᠦᠯᠵᠢᠶᠡᠨ᠎ᠳᠤ ᠨᠡᠷ᠎ᠡ ᠮᠡᠳᠡᠭᠦᠯᠦᠭᠰᠡᠨ᠎ᠤ ᠳᠠᠷᠠᠭ᠎ᠠ ᠮᠤᠵᠢ ᠵᠢᠨ ᠳᠡᠰ᠎ᠤᠨ ᠰᠤᠷᠭ᠋ᠠᠨ ᠬᠥᠮᠦᠵᠢᠯ᠎ᠤᠨ ᠰᠣᠷᠣᠭᠴᠢ ᠡᠯᠰᠡᠬᠦ ᠰᠢᠯᠭ᠋ᠠᠯᠲᠠ ᠵᠢᠨ ᠪᠠᠶ᠋ᠢᠭᠤᠯᠤᠮᠵᠢ᠂ ᠰᠢᠯᠭ᠋ᠠᠯᠲᠠ᠎ᠳᠤ ᠨᠡᠷ᠎ᠡ ᠮᠡᠳᠡᠭᠦᠯᠬᠦ ᠴᠡᠭ᠂ ᠰᠣᠷᠣᠭᠴᠢ ᠡᠯᠰᠡᠬᠦ ᠨᠢᠭᠡᠴᠢ ᠵᠢᠨ ᠠᠯᠪᠠᠨ ᠰᠦᠯᠵᠢᠶ᠎ᠡ ᠵᠡᠷᠭᠡ ᠵᠢ ᠲᠣᠭᠲᠠᠮᠠᠯ ᠬᠤᠭᠤᠴᠠᠭ᠎ᠠ᠎ᠲᠠᠢ᠎ᠪᠠᠷ ᠪᠠᠶ᠋ᠢᠴᠠᠭ᠋ᠠᠨ ᠦᠵᠡᠬᠦ ᠵᠡᠷᠭᠡ ᠠᠷᠭ᠎ᠠ ᠮᠠᠶᠢᠭ ᠵᠶ᠋ᠠᠷ ᠳᠠᠮᠵᠢᠭᠤᠯᠤᠨ᠂ ᠰᠢᠯᠭ᠋ᠠᠯᠲᠠ ᠵᠢᠨ ᠲᠣᠬᠢᠷᠠᠭᠤᠯᠤᠯᠲᠠ᠂ ᠬᠢᠵᠢᠭ᠎ᠢ ᠰᠡᠷᠭᠡᠶ᠋ᠢᠯᠡᠬᠦ ᠱᠠᠭ᠋ᠠᠷᠳᠠᠯᠭ᠎ᠠ ᠵᠡᠷᠭᠡ ᠵᠦᠢ᠍ᠯ᠎ᠢ ᠰᠠᠨᠠᠭ᠋ᠠᠴᠢᠯᠠᠭ᠎ᠠ᠎ᠠᠴᠠ᠎ᠪᠠᠨ ᠣᠶ᠋ᠢᠯᠠᠭ᠋ᠠᠵᠤ᠂ ᠬᠣᠯᠪᠤᠭᠳᠠᠬᠤ ᠠᠵᠢᠯ᠎ᠢ ᠢᠳᠡᠪᠬᠢᠲᠡᠶ ᠬᠠᠮᠵᠢᠯᠴᠠᠨ ᠪᠡᠶᠡᠯᠡᠭᠦᠯᠵᠦ᠂ ᠰᠢᠯᠭ᠋ᠠᠯᠲᠠ᠎ᠳᠤ ᠤᠷᠤᠭᠰᠢᠲᠠᠶ ᠣᠷᠣᠯᠴᠠᠬᠤ᠎ᠳᠤ ᠲᠥᠬᠥᠮ ᠦᠵᠡᠭᠦᠯᠬᠦ ᠬᠡᠷᠡᠭᠲᠡᠶ ᠭᠡᠵᠦ ᠣᠨᠴᠠᠭ᠋ᠠᠶ᠋ᠢᠯᠠᠨ ᠰᠠᠨᠠᠭᠤᠯᠵᠠᠶ᠃
      ᠡᠭᠦᠨ᠎ᠠᠴᠠ ᠭᠠᠳᠠᠨ᠎ᠠ᠂ 《ᠲᠣᠭᠲᠠᠭ᠋ᠠᠯ》᠎ᠳᠤ 2024 ᠣᠨ᠎ᠤ ᠪᠥᠬᠥ ᠤᠯᠤᠰ᠎ᠤᠨ ᠮᠠᠰᠲ᠋ᠧᠷ ᠡᠯᠰᠡᠬᠦ ᠰᠢᠯᠭ᠋ᠠᠯᠲᠠ᠎ᠠᠴᠠ ᠡᠬᠢᠯᠡᠨ᠂ ᠰᠤᠷᠭ᠋ᠠᠨ ᠬᠥᠮᠦᠵᠢᠯ᠎ᠤᠨ ᠲᠤᠰᠬᠠᠶ ᠮᠡᠷᠭᠡᠵᠢᠯ᠎ᠤᠨ ᠡᠷᠳᠡᠮ᠎ᠤᠨ ᠴᠣᠯᠠ ᠵᠢᠨ ᠲᠤᠬᠠᠶ᠋ᠢᠯᠠᠭᠰᠠᠨ ᠠᠵᠢᠯ᠎ᠤᠨ ᠬᠢᠴᠢᠶᠡᠯ᠎ᠤᠨ ᠰᠢᠯᠭ᠋ᠠᠯᠲᠠ ᠵᠢᠨ ᠬᠢᠴᠢᠶᠡᠯ ᠲᠥᠷᠥᠯ᠎ᠳᠤ ᠪᠥᠬᠥ ᠤᠯᠤᠰ᠎ᠤᠨ ᠨᠢᠭᠡᠳᠦᠯᠲᠡᠶ ᠰᠡᠳᠦᠪ ᠭᠠᠷᠭ᠋ᠠᠬᠤ ᠬᠢᠴᠢᠶᠡᠯ ᠲᠥᠷᠥᠯ᠎ᠢ ᠨᠠᠮᠠᠨ ᠲᠣᠬᠢᠷᠠᠭᠤᠯᠵᠤ᠂ ᠬᠣᠯᠪᠤᠭᠳᠠᠬᠤ ᠰᠣᠷᠣᠭᠴᠢ ᠡᠯᠰᠡᠬᠦ ᠨᠢᠭᠡᠴᠢ ᠪᠡᠶ᠎ᠡ᠎ᠪᠠᠨ ᠳᠠᠭ᠋ᠠᠭ᠋ᠠᠵᠤ ᠰᠣᠩᠭᠣᠨ ᠬᠡᠷᠡᠭᠯᠡᠬᠦ᠎ᠳᠤ ᠬᠠᠩᠭ᠋ᠠᠨ᠎ᠠ ᠭᠡᠵᠦ ᠤᠷᠢᠳᠴᠢᠯᠠᠨ ᠵᠠᠷᠯᠠᠪᠠ᠃


ᠢᠷᠡᠯᠲᠡ᠄ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠥᠵᠢᠯ᠎ᠤᠨ ᠲᠢᠩᠬᠢᠮ
          
ᠬᠠᠮᠢᠶ᠎ᠡ ᠪᠦᠬᠦᠢ ᠰᠣᠨᠢᠨ
ᠬᠢᠵᠢᠭ᠎ᠢ ᠰᠡᠷᠭᠡᠶ᠋ᠢᠯᠡᠨ ᠡᠵᠡᠮᠳᠡᠬᠦ ᠬᠤᠭᠤᠴᠠᠭ᠋ᠠᠨ᠎ᠳᠤ ᠰᠤᠷᠤᠭᠴᠢᠳ᠎ᠢ ᠲᠥᠪᠯᠡᠷᠡᠭᠦᠯᠦᠨ ᠲᠤᠰᠠᠭ᠋ᠠᠷᠯᠠᠵᠤ ᠠᠨᠠᠭ᠋ᠠᠬᠤ ᠤᠬᠠᠭ᠋ᠠᠨ᠎ᠤ ᠠᠵᠢᠭᠯᠠᠯᠲᠠ ᠬᠢᠬᠦ ᠦᠶ᠎ᠡ ᠵᠢᠨ ᠰᠤᠷᠤᠯᠭ᠎ᠠ ᠠᠮᠢᠳᠤᠷᠠᠯ᠎ᠤᠨ ᠡᠷᠡᠭᠦᠯ ᠮᠡᠨᠳᠦ ᠵᠢᠨ ᠵᠦᠭᠯᠡᠭᠦᠷ
ᠬᠢᠵᠢᠭ᠎ᠢ ᠰᠡᠷᠭᠡᠶ᠋ᠢᠯᠡᠨ ᠡᠵᠡᠮᠳᠡᠬᠦ ᠬᠤᠭᠤᠴᠠᠭ᠋ᠠᠨ᠎ᠳᠤ ᠰᠤᠷᠤᠭᠴᠢᠳ ᠬᠡᠷ᠎ᠲᠤ᠎ᠪᠠᠨ ᠰᠠᠭᠤᠵᠤ ᠰᠡᠷᠭᠡᠶ᠋ᠢᠯᠡᠨ ᠬᠠᠮᠠᠭ᠋ᠠᠯᠠᠬᠤ ᠦᠶ᠎ᠡ ᠵᠢᠨ ᠰᠤᠷᠤᠯᠭ᠎ᠠ ᠠᠮᠢᠳᠤᠷᠠᠯ᠎ᠤᠨ ᠡᠷᠡᠭᠦᠯ ᠮᠡᠨᠳᠦ ᠵᠢᠨ ᠵᠦᠭᠯᠡᠭᠦᠷ
ᠬᠢᠵᠢᠭ᠎ᠢ ᠰᠡᠷᠭᠡᠶ᠋ᠢᠯᠡᠨ ᠡᠵᠡᠮᠳᠡᠬᠦ ᠬᠤᠭᠤᠴᠠᠭ᠋ᠠᠨ᠎ᠳᠤ ᠰᠤᠷᠤᠭᠴᠢᠳ᠎ᠤᠨ ᠰᠤᠷᠭ᠋ᠠᠭᠤᠯᠢ᠎ᠳᠠᠬᠢ ᠰᠤᠷᠤᠯᠭ᠎ᠠ ᠠᠮᠢᠳᠤᠷᠠᠯ᠎ᠤᠨ ᠡᠷᠡᠭᠦᠯ ᠮᠡᠨᠳᠦ ᠵᠢᠨ ᠵᠦᠭᠯᠡᠭᠦᠷ
ᠬᠢᠵᠢᠭ᠎ᠢ ᠰᠡᠷᠭᠡᠶ᠋ᠢᠯᠡᠨ ᠡᠵᠡᠮᠳᠡᠬᠦ ᠬᠤᠭᠤᠴᠠᠭ᠋ᠠᠨ᠎ᠳᠤ ᠰᠤᠷᠤᠭᠴᠢᠳ ᠡᠮᠨᠡᠯᠭᠡ᠎ᠳᠤ ᠰᠠᠭᠤᠵᠤ ᠡᠮᠨᠡᠭᠦᠯᠬᠦ ᠦᠶ᠎ᠡ ᠵᠢᠨ ᠰᠤᠷᠤᠯᠭ᠎ᠠ ᠠᠮᠢᠳᠤᠷᠠᠯ᠎ᠤᠨ ᠡᠷᠡᠭᠦᠯ ᠮᠡᠨᠳᠦ ᠵᠢᠨ ᠵᠦᠭᠯᠡᠭᠦᠷ
ᠡᠷᠡᠭᠦᠯᠵᠢᠬᠦ ᠬᠤᠭᠤᠴᠠᠭ᠋ᠠᠨ᠎ᠳᠤ ᠶᠠᠭᠤ ᠵᠢ ᠠᠩᠬᠠᠷᠬᠤ ᠴᠢᠬᠤᠯᠠ᠎ᠲᠠᠢ ᠪᠣᠢ?
 
             蒙ICP备05000248号