ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠤᠷᠭᠠᠨ ᠬᠦᠮᠦᠵᠢᠯ᠎ᠤᠨ ᠬᠠᠨᠲᠤᠯᠭ᠎ᠠ
ᠰᠣᠨᠤᠷ᠎ᠤᠨ ᠲᠠᠪᠴᠠᠩ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠦᠢᠯᠡᠴᠢᠯᠡᠭᠡ   -   ᠲᠠᠨ᠎ᠳᠤ ᠦᠢᠯᠡᠴᠢᠯᠡᠬᠦ᠌
ᠲᠠᠪᠤᠨ ᠪᠣᠯᠬᠤ ᠦᠭᠡᠢ! ᠳᠤᠮᠳᠠᠳᠤ ᠪᠠᠭ᠎ᠠ ᠰᠤᠷᠭ᠋ᠠᠭᠤᠯᠢ ᠵᠢᠨ ᠰᠤᠷᠤᠭᠴᠢᠳ᠎ᠤᠨ ᠪᠥᠵᠢᠭ ᠵᠡᠷᠭᠡ ᠪᠡᠶ᠎ᠡ ᠵᠢᠨ ᠲᠠᠮᠢᠷ ᠤᠷᠠᠯᠢᠭ᠎ᠤᠨ ᠲᠥᠷᠥᠯ᠎ᠤᠨ ᠰᠤᠷᠭ᠋ᠠᠭᠤᠯᠢ ᠵᠢᠨ ᠭᠠᠳᠠᠨᠠᠬᠢ ᠪᠣᠯᠪᠠᠰᠤᠷᠠᠯ᠎ᠤᠨ ᠠᠮᠤᠷ ᠲᠦᠪᠰᠢᠨ᠎ᠤ ᠰᠠᠨᠠᠭᠤᠯᠤᠮᠵᠢ ᠵᠢ ᠨᠡᠶ᠋ᠢᠲᠡᠯᠡᠪᠡ
ᠨᠡᠶ᠋ᠢᠲᠡᠯᠡᠭᠰᠡᠨ ᠴᠠᠭ᠄ 2023-11-14

      ᠣᠶ᠋ᠢᠷ᠎ᠠ᠎ᠳᠤ᠂ ᠰᠤᠷᠭ᠋ᠠᠨ ᠬᠥᠮᠦᠵᠢᠯ᠎ᠤᠨ ᠶᠠᠮᠤᠨ ᠳᠣᠲᠣᠭ᠋ᠠᠳᠤ ᠵᠢ ᠬᠠᠮᠠᠭ᠋ᠠᠯᠠᠬᠤ ᠶᠠᠮᠤᠨ᠂ ᠤᠯᠤᠰ᠎ᠤᠨ ᠭᠠᠯ ᠰᠡᠷᠭᠡᠢ᠌ᠯᠡᠵᠦ ᠠᠪᠤᠷᠠᠨ ᠲᠤᠰᠠᠯᠠᠬᠤ ᠲᠣᠪᠴᠢᠶ᠎ᠠ᠎ᠲᠠᠢ ᠬᠠᠮᠲᠤᠷᠠᠨ ᠳᠤᠮᠳᠠᠳᠤ ᠪᠠᠭ᠎ᠠ ᠰᠤᠷᠭ᠋ᠠᠭᠤᠯᠢ ᠵᠢᠨ ᠰᠤᠷᠤᠭᠴᠢᠳ᠎ᠤᠨ ᠰᠤᠷᠭ᠋ᠠᠭᠤᠯᠢ ᠵᠢᠨ ᠭᠠᠳᠠᠨᠠᠬᠢ ᠪᠣᠯᠪᠠᠰᠤᠷᠠᠯ᠎ᠤᠨ 《ᠠᠮᠤᠷ ᠲᠦᠪᠰᠢᠨ᠎ᠢ ᠬᠠᠮᠠᠭ᠋ᠠᠯᠠᠬᠤ》 ᠲᠤᠰᠬᠠᠢ ᠠᠵᠢᠯᠯᠠᠭ᠎ᠠ ᠵᠢ ᠥᠷᠨᠢᠭᠦᠯᠵᠦ᠂ ᠳᠤᠮᠳᠠᠳᠤ ᠪᠠᠭ᠎ᠠ ᠰᠤᠷᠭ᠋ᠠᠭᠤᠯᠢ ᠵᠢᠨ ᠰᠤᠷᠤᠭᠴᠢᠳ᠎ᠤᠨ ᠪᠣᠯᠪᠠᠰᠤᠷᠠᠯ᠎ᠤᠨ ᠠᠮᠤᠷ ᠲᠦᠪᠰᠢᠨ᠎ᠢ ᠪᠦᠬᠦ ᠲᠠᠯ᠎ᠠ᠎ᠪᠠᠷ ᠰᠠᠬᠢᠨ ᠬᠠᠮᠠᠭ᠋ᠠᠯᠠᠪᠠ᠃ ᠪᠥᠵᠢᠭ᠂ ᠪᠡᠶ᠎ᠡ ᠵᠢᠨ ᠲᠠᠮᠢᠷ ᠵᠡᠷᠭᠡ ᠪᠡᠶ᠎ᠡ ᠮᠠᠬᠠᠪᠣᠳ᠎ᠤᠨ ᠪᠣᠯᠪᠠᠰᠤᠷᠠᠯ ᠵᠶ᠋ᠠᠷ ᠭᠣᠣᠯ ᠪᠣᠯᠭ᠋ᠠᠭᠰᠠᠨ᠂ ᠰᠢᠷᠬᠠᠲᠤᠯ᠎ᠤᠨ ᠠᠶᠤᠯ ᠲᠦᠭᠰᠢᠭᠦᠷᠢ ᠨᠡᠯᠢᠶᠡᠳ ᠠᠮᠠᠷᠬᠠᠨ ᠭᠠᠷᠬᠤ ᠪᠣᠯᠪᠠᠰᠤᠷᠠᠯ᠎ᠤᠨ ᠠᠵᠢᠯᠯᠠᠭ᠎ᠠ᠎ᠳᠤ ᠴᠢᠭᠯᠡᠭᠦᠯᠦᠨ᠂ ᠰᠤᠷᠭ᠋ᠠᠭᠤᠯᠢ ᠵᠢᠨ ᠭᠠᠳᠠᠨᠠᠬᠢ ᠪᠣᠯᠪᠠᠰᠤᠷᠠᠯ᠎ᠤᠨ ᠠᠮᠤᠷ ᠲᠦᠪᠰᠢᠨ᠎ᠤ ᠰᠠᠨᠠᠭᠤᠯᠤᠮᠵᠢ 《ᠲᠠᠪᠤᠨ ᠪᠣᠯᠬᠤ ᠦᠭᠡᠢ》 ᠵᠢ ᠣᠨᠴᠠᠭ᠋ᠠᠶ᠋ᠢᠯᠠᠨ ᠳᠤᠷᠠᠳᠪᠠ᠃
      ᠨᠢᠭᠡ᠎ᠳᠤ᠂ ᠠᠮᠤᠷ ᠲᠦᠪᠰᠢᠨ᠎ᠤ ᠪᠠᠲᠤᠯᠠᠭ᠎ᠠ ᠦᠭᠡᠢ ᠪᠠᠶ᠋ᠢᠳᠠᠯ᠎ᠳᠤ ᠪᠣᠯᠪᠠᠰᠤᠷᠠᠯ ᠬᠢᠵᠦ ᠪᠣᠯᠬᠤ ᠦᠭᠡᠢ᠃ ᠬᠡᠦᠬᠡᠳ ᠪᠣᠯᠪᠠᠰᠤᠷᠠᠯ ᠬᠢᠬᠦ᠎ᠳᠤ ᠬᠠᠮᠢᠶ᠎ᠠ ᠪᠦᠬᠦᠢ  ᠲᠤᠰᠬᠠᠢ ᠮᠡᠷᠭᠡᠵᠢᠯ᠎ᠤᠨ ᠬᠠᠮᠠᠭ᠋ᠠᠯᠠᠯᠲᠠ ᠱᠠᠭ᠋ᠠᠷᠳᠠᠭᠳᠠᠨ᠎ᠠ᠃ ᠭᠦᠯᠢᠭᠡᠷ ᠱᠠᠭ᠋ᠠᠵᠠᠩ ᠲᠣᠭᠣᠰᠬ᠎ᠠ ᠪᠣᠯᠤᠨ ᠱᠦᠢ᠍ᠨᠢ ᠭᠠᠵᠠᠷ ᠵᠡᠷᠭᠡ ᠲᠠᠯᠠᠪᠤᠷ ᠭᠠᠵᠠᠷ ᠪᠣᠯᠪᠠᠰᠤᠷᠠᠬᠤ᠂ ᠭᠦᠢ᠍ᠴᠡᠳ ᠪᠡᠯᠡᠳᠬᠡᠯ ᠬᠢᠭᠰᠡᠨ ᠦᠭᠡᠢ ᠪᠣᠯᠪᠠᠰᠤᠷᠠᠬᠤ᠂ ᠬᠠᠮᠠᠭ᠋ᠠᠯᠠᠯᠲᠠ ᠦᠭᠡᠢ᠎ᠪᠠᠷ ᠳᠡᠭᠡᠳᠦ ᠵᠡᠷᠭᠡ ᠵᠢᠨ ᠠᠶᠤᠯ ᠲᠦᠭᠰᠢᠭᠦᠷᠢᠲᠡᠢ ᠪᠣᠯᠪᠠᠰᠤᠷᠠᠯ ᠬᠢᠬᠦ᠂ ᠶᠠᠳᠠᠷᠠᠯ᠎ᠲᠠᠢ ᠪᠠᠶ᠋ᠢᠳᠠᠯ᠎ᠳᠤ ᠪᠣᠯᠪᠠᠰᠤᠷᠠᠬᠤ ᠵᠡᠷᠭᠡ᠎ᠨᠢ ᠬᠡᠦᠬᠡᠳ᠎ᠤᠨ ᠰᠢᠷᠬᠠᠲᠤᠬᠤ ᠲᠦᠭᠰᠢᠭᠦᠷᠢ ᠵᠢ ᠨᠡᠮᠡᠭᠳᠡᠭᠦᠯᠬᠦ ᠪᠣᠯᠬᠤᠷ ᠵᠠᠢ᠌ᠯᠠᠰᠬᠢᠬᠤ ᠬᠡᠷᠡᠭᠲᠡᠢ᠃
      ᠬᠣᠶᠠᠷ᠂ ᠬᠡᠦᠬᠡᠳ ᠬᠡᠲᠦ ᠡᠷᠲᠡ ᠬᠡᠲᠦ ᠴᠢᠩᠭ᠎ᠠ ᠬᠡᠲᠦ ᠤᠶᠠᠨ ᠵᠦᠭᠡᠯᠡᠨ ᠪᠣᠯᠪᠠᠰᠤᠷᠠᠯ ᠬᠢᠵᠦ ᠪᠣᠯᠬᠤ ᠦᠭᠡᠢ᠃ ᠬᠡᠦᠬᠡᠳ᠎ᠤᠨ ᠪᠡᠶ᠎ᠡ ᠵᠢᠨ ᠪᠣᠶ᠋ᠢᠵᠢᠯᠲᠠ ᠠᠳᠠᠯᠢ ᠪᠤᠰᠤ ᠱᠠᠲᠤᠨ᠎ᠳᠤ ᠠᠳᠠᠯᠢ ᠪᠣᠰᠤ ᠪᠣᠯᠬᠤᠷ ᠰᠢᠨᠵᠢᠯᠡᠬᠦ ᠤᠬᠠᠭ᠋ᠠᠨᠴᠢ᠎ᠪᠠᠷ ᠪᠣᠯᠪᠠᠰᠤᠷᠠᠭᠤᠯᠬᠤ ᠬᠡᠷᠡᠭᠲᠡᠢ᠃ ᠬᠡᠳᠦ ᠡᠷᠲᠡ ᠬᠡᠳᠦ ᠴᠢᠩᠭ᠎ᠠ ᠬᠡᠲᠦ ᠤᠶᠠᠨ ᠵᠦᠭᠡᠯᠡᠨ ᠪᠣᠯᠪᠠᠰᠤᠷᠠᠯ ᠬᠢᠯᠭᠡᠪᠡᠯ ᠬᠡᠦᠬᠡᠳ᠎ᠤᠨ ᠡᠷᠬᠡᠲᠡᠨ᠎ᠤ ᠪᠣᠶ᠋ᠢᠵᠢᠯᠲᠠ ᠮᠠᠭᠤᠳᠠᠬᠤ᠂ ᠪᠤᠯᠴᠢᠩ᠎ᠤᠨ ᠪᠣᠶ᠋ᠢᠵᠢᠯᠲᠠ ᠭᠦᠢ᠍ᠴᠡᠳ ᠪᠣᠰᠤ ᠪᠣᠯᠬᠤ ᠵᠡᠷᠭᠡ ᠠᠰᠠᠭᠤᠳᠠᠯ ᠭᠠᠷᠴᠤ ᠮᠡᠳᠡᠨ᠎ᠡ᠃
      ᠭᠤᠷᠪᠠ᠎ᠳᠤ᠂ ᠰᠡᠭᠡᠷ ᠨᠢᠷᠤᠭᠤ᠂ ᠨᠢᠷᠤᠭᠤᠨ᠎ᠤ ᠬᠡᠰᠡᠭ᠎ᠲᠤ ᠬᠡᠲᠦᠷᠬᠡᠢ ᠳᠠᠷᠤᠯᠲᠠ ᠥᠭᠴᠦ ᠪᠣᠯᠬᠤ ᠦᠭᠡᠢ᠃ ᠬᠡᠦᠬᠡᠳ᠎ᠤᠨ ᠪᠡᠶ᠎ᠡ ᠵᠢᠨ ᠦᠰᠦᠨ ᠪᠣᠶ᠋ᠢᠵᠢᠯᠲᠠ ᠵᠥᠷᠢᠶ᠎ᠡ᠎ᠲᠠᠢ ᠪᠠᠢ᠌ᠵᠤ᠂ ᠭᠠᠳᠠᠨᠠᠬᠢ ᠬᠦᠴᠦ ᠵᠢ ᠬᠦᠯᠢᠶᠡᠬᠦ᠂ ᠳᠠᠷᠤᠬᠤ᠂ ᠳᠠᠲᠠᠬᠤ ᠵᠡᠷᠭᠡ ᠦᠶ᠎ᠡ ᠭᠡᠰᠢᠭᠦᠦ᠂ ᠰᠡᠭᠡᠷ ᠨᠢᠷᠤᠭᠤ᠂ ᠰᠢᠨᠳᠠᠰᠤ ᠵᠡᠷᠭᠡ ᠵᠢᠨ ᠪᠣᠯᠪᠠᠰᠤᠷᠠᠯ᠎ᠢ ᠬᠡᠲᠦ ᠬᠢᠪᠡᠯ᠂ ᠠᠷᠤᠭ ᠶᠠᠰᠤᠨ᠎ᠤ ᠪᠠᠶ᠋ᠢᠷᠢ ᠰᠣᠯᠪᠢᠴᠠᠨ ᠬᠤᠪᠢᠷᠠᠬᠤ᠂ ᠦᠶ᠎ᠡ ᠭᠡᠰᠢᠭᠦᠦ ᠡᠪᠡᠳᠬᠦ ᠵᠡᠷᠭᠡ ᠪᠠᠶ᠋ᠢᠳᠠᠯ ᠭᠠᠷᠴᠤ ᠮᠡᠳᠡᠬᠦ ᠪᠣᠯᠬᠣᠷ ᠶᠠᠰᠤᠨ᠎ᠤ ᠥᠰᠥᠯᠲᠡ ᠪᠠ ᠪᠣᠶ᠋ᠢᠵᠢᠯᠲᠠ ᠵᠢ ᠬᠦᠨᠳᠦ ᠨᠣᠴᠢᠲᠠᠢ ᠨᠥᠯᠥᠭᠡᠯᠡᠳᠡᠭ᠃
      ᠳᠥᠷᠪᠡ᠎ᠳᠤ᠂ ᠬᠡᠲᠦ ᠬᠦᠴᠢᠷ᠎ᠲᠠᠢ ᠪᠣᠯᠪᠠᠰᠤᠷᠠᠯ ᠬᠢᠵᠦ ᠪᠣᠯᠬᠤ ᠦᠭᠡᠢ᠃ ᠥᠨᠳᠦᠷ ᠦᠰᠦᠷᠴᠦ ᠡᠷᠭᠢᠯᠳᠦᠬᠦ᠂ ᠪᠥᠬᠦᠢ᠌ᠬᠦ᠂ ᠬᠥᠯ ᠵᠶ᠋ᠠᠨ ᠰᠠᠯᠭ᠋ᠠᠬᠤ᠂ ᠰᠠᠯᠲᠠᠭ᠋ᠠᠯᠠᠨ ᠰᠠᠭᠤᠬᠤ ᠵᠡᠷᠭᠡ ᠬᠥᠳᠡᠯᠭᠡᠭᠡᠨ᠎ᠢ ᠬᠢᠬᠦ᠎ᠳᠤ ᠰᠢᠰᠲ᠋ᠧᠮᠵᠢᠭᠦᠯᠦᠭᠰᠡᠨ ᠲᠤᠰᠬᠠᠢ ᠮᠡᠷᠭᠡᠵᠢᠯ᠎ᠤᠨ ᠪᠣᠯᠪᠠᠰᠤᠷᠠᠯ᠎ᠤᠨ ᠰᠠᠭᠤᠷᠢ᠎ᠲᠠᠢ ᠪᠠᠶ᠋ᠢᠬᠤ ᠬᠡᠷᠡᠭᠲᠡᠢ ᠪᠥᠭᠡᠳ ᠲᠤᠰᠬᠠᠢ ᠮᠡᠷᠭᠡᠵᠢᠯ᠎ᠤᠨ ᠠᠵᠢᠯᠲᠠᠨ ᠵᠢᠯᠣᠭᠣᠳᠬᠤ ᠪᠠ ᠨᠠᠰᠤᠨ᠎ᠳᠤ ᠬᠦᠷᠦᠭᠰᠡᠳ ᠬᠠᠷᠠᠵᠤ  ᠬᠠᠮᠠᠭ᠋ᠠᠯᠠᠨ᠂ ᠠᠩᠬ᠎ᠠ ᠰᠤᠷᠤᠭᠰᠠᠳ ᠪᠠ ᠲᠤᠰᠬᠠᠢ ᠮᠡᠷᠭᠡᠵᠢᠯ᠎ᠤᠨ ᠪᠤᠰᠤ ᠬᠥᠮᠦᠰ᠎ᠲᠤ ᠲᠣᠬᠢᠷᠠᠬᠤ ᠦᠭᠡᠢ᠃ ᠲᠤᠰᠬᠠᠢ ᠮᠡᠷᠭᠡᠵᠢᠯᠲᠡᠨ᠎ᠠᠴᠠ 10 ᠨᠠᠰᠤ ᠬᠦᠷᠦᠭᠡ ᠦᠭᠡᠢ ᠬᠡᠦᠬᠡᠳ 《ᠪᠥᠬᠦᠢ᠌ᠬᠦ》 ᠵᠡᠷᠭᠡ ᠰᠡᠭᠡᠷ ᠨᠢᠷᠤᠭᠤ᠂ ᠨᠢᠷᠤᠭᠤᠨ ᠬᠡᠰᠡᠭ᠎ᠤᠨ ᠪᠡᠶ᠎ᠡ ᠵᠢᠨ ᠪᠣᠯᠪᠠᠰᠤᠷᠠᠯ᠎ᠢ ᠪᠣᠯᠭᠣᠮᠵᠢᠲᠠᠢ ᠬᠢᠵᠦ᠂ ᠰᠢᠷᠬᠠᠲᠤᠬᠤ᠎ᠠᠴᠠ ᠵᠠᠢ᠌ᠯᠠᠰᠬᠢᠬᠤ ᠵᠢ ᠰᠠᠨᠠᠭᠤᠯᠵᠤ ᠪᠠᠶ᠋ᠢᠨ᠎ᠠ᠃
      ᠲᠠᠪᠤ᠎ᠳᠤ᠂ ᠬᠡᠦᠬᠡᠳ᠎ᠲᠤ ᠪᠡᠶ᠎ᠡ ᠰᠡᠳᠬᠢᠯ᠎ᠤᠨ ᠡᠷᠡᠭᠦᠯ ᠮᠡᠨᠳᠦ᠎ᠲᠠᠢ ᠨᠡᠶ᠋ᠢᠴᠡᠬᠦ ᠦᠭᠡᠢ ᠠᠭᠤᠯᠭ᠎ᠠ ᠪᠥᠬᠦᠢ ᠪᠣᠯᠪᠠᠰᠤᠷᠠᠯ᠎ᠢ ᠬᠢᠯᠭᠡᠵᠦ ᠪᠣᠯᠬᠤ ᠦᠭᠡᠢ᠃ ᠵᠢᠭ᠋ᠠᠨ ᠰᠤᠷᠭ᠋ᠠᠯᠲᠠ ᠵᠢᠨ ᠲᠣᠭᠯᠠᠯᠲᠠ ᠵᠢᠨ ᠠᠭᠤᠯᠭ᠎ᠠ ᠠᠳᠠᠯᠢ ᠪᠤᠰᠤ ᠨᠠᠰᠤᠨ᠎ᠤ ᠬᠡᠦᠬᠡᠳ᠎ᠤᠨ ᠪᠡᠶ᠎ᠡ ᠰᠡᠳᠬᠢᠯ᠎ᠤᠨ ᠬᠥᠭᠵᠢᠯᠲᠡ ᠵᠢᠨ ᠣᠨᠴᠠᠯᠢᠭ᠎ᠲᠤ ᠨᠡᠶ᠋ᠢᠴᠡᠭᠰᠡᠨ ᠪᠠᠶ᠋ᠢᠬᠤ ᠬᠡᠷᠡᠭᠲᠡᠢ᠂ ᠰᠣᠩᠭᠣᠭᠰᠠᠨ ᠪᠦᠲᠦᠭᠡᠯ᠎ᠨᠢ ᠬᠦᠴᠦᠷᠬᠡᠭᠯᠡᠯ᠂ ᠴᠢᠰᠤᠲᠤ᠂ ᠱᠠᠯᠢᠭ ᠵᠠᠪᠬᠠᠢ ᠵᠡᠷᠭᠡ ᠬᠡᠦᠬᠡᠳ᠎ᠲᠤ ᠲᠣᠬᠢᠷᠠᠬᠤ ᠦᠭᠡᠢ ᠠᠭᠤᠯᠭ᠎ᠠ ᠭᠠᠷᠬᠤ᠎ᠠᠴᠠ ᠵᠠᠶ᠋ᠢᠯᠠᠰᠬᠢᠵᠦ᠂ ᠬᠡᠦᠬᠡᠳ᠎ᠤᠨ ᠥᠭᠡᠳᠡᠯᠡᠨ ᠳᠠᠪᠰᠢᠵᠤ ᠰᠠᠶ᠋ᠢᠨ ᠰᠠᠶ᠋ᠢᠬᠠᠨ ᠪᠠᠶ᠋ᠢᠬᠤ ᠬᠦᠴᠦᠨ᠎ᠢ ᠢᠳᠡᠪᠬᠢᠲᠡᠢ ᠪᠣᠶ᠋ᠢᠵᠢᠭᠤᠯᠬᠤ ᠬᠡᠷᠡᠭᠲᠡᠢ᠃
      ᠬᠡᠦᠬᠡᠳ᠎ᠤᠨ ᠡᠷᠡᠭᠦᠯ ᠥᠰᠥᠯᠲᠡ ᠪᠣᠶ᠋ᠢᠵᠢᠯᠲᠠ ᠪᠣᠯ ᠪᠢᠳᠡᠨ᠎ᠤ ᠬᠠᠮᠲᠤ ᠵᠢᠨ ᠰᠠᠨᠠᠭ᠋ᠠᠰᠢᠷᠠᠯ᠃ ᠥᠷᠭᠡᠨ ᠣᠯᠠᠨ ᠭᠡᠷ᠎ᠤᠨ ᠠᠬᠠᠮᠠᠳ ᠨᠠᠶ᠋ᠢᠵᠠ ᠨᠠᠷ᠎ᠲᠤ᠂ ᠰᠤᠷᠭ᠋ᠠᠭᠤᠯᠢ ᠵᠢᠨ ᠭᠠᠳᠠᠨᠠᠬᠢ ᠪᠣᠯᠪᠠᠰᠤᠷᠠᠯ᠎ᠳᠤ ᠤᠶᠤᠨᠴᠢ᠎ᠪᠠᠷ ᠬᠠᠨᠳᠤᠵᠤ᠂ ᠬᠡᠦᠬᠡᠳ᠎ᠤᠨ ᠳᠤᠷ᠎ᠠ ᠰᠣᠨᠢᠷᠬᠠᠯ ᠪᠠ ᠨᠠᠰᠤᠨ᠎ᠤ ᠣᠨᠴᠠᠯᠢᠭ᠂ ᠪᠡᠶ᠎ᠡ ᠮᠠᠬᠠᠪᠣᠳ᠎ᠤᠨ ᠪᠠᠶ᠋ᠢᠳᠠᠯ ᠵᠡᠷᠭᠡ ᠵᠢ ᠦᠨᠳᠦᠰᠦᠯᠡᠨ᠂ ᠪᠣᠯᠪᠠᠰᠤᠷᠠᠯ᠎ᠳᠤ ᠣᠷᠣᠯᠴᠠᠬᠤ ᠡᠰᠡᠬᠦ ᠪᠤᠶᠤ ᠶᠠᠮᠠᠷ ᠵᠦᠢ᠍ᠯ᠎ᠤᠨ ᠪᠣᠯᠪᠠᠰᠤᠷᠠᠯ᠎ᠤᠨ ᠲᠥᠷᠥᠯ ᠵᠦᠢ᠍ᠯ᠎ᠢ ᠰᠣᠩᠭᠣᠬᠤ ᠵᠢ ᠶᠡᠷᠦᠩᠬᠡᠶ᠋ᠢᠯᠡᠨ ᠪᠣᠳᠣᠯᠬᠢᠯᠠᠵᠤ᠂ ᠰᠣᠬᠣᠷ ᠪᠠᠯᠠᠢ᠎ᠪᠠᠷ ᠬᠥᠭᠡᠭᠡᠴᠡᠯᠳᠦᠬᠦ ᠦᠭᠡᠢ᠂  ᠡᠯᠳᠡᠪ ᠤᠷᠤᠰᠬᠠᠯ᠎ᠢ ᠳᠠᠭ᠋ᠠᠬᠤ ᠦᠭᠡᠢ᠂ ᠬᠡᠦᠬᠡᠳ᠎ᠤᠨ ᠪᠡᠶ᠎ᠡ ᠮᠠᠬᠠᠪᠣᠳ᠎ᠤᠨ ᠪᠠᠶ᠋ᠢᠳᠠᠯ᠎ᠢ ᠴᠠᠭ ᠲᠤᠬᠠᠢ᠎ᠳᠤ᠎ᠨᠢ ᠠᠩᠬᠠᠷᠬᠤ ᠬᠡᠷᠡᠭᠲᠡᠢ᠂ ᠬᠡᠷᠪᠡ ᠡᠪ ᠦᠭᠡᠢ ᠪᠠᠶ᠋ᠢᠳᠠᠯ᠎ᠲᠠᠢ ᠪᠣᠯ ᠶᠠᠭ᠋ᠠᠬᠢᠭᠰᠠᠨ ᠴᠤ᠌ ᠴᠢᠷᠮᠠᠶ᠋ᠢᠨ ᠪᠠᠷᠢᠮᠲᠠᠯᠠᠵᠤ ᠪᠣᠯᠬᠤ ᠦᠭᠡᠢ; ᠲᠣᠭᠲᠠᠭ᠋ᠠᠯ᠎ᠳᠤ ᠨᠡᠶ᠋ᠢᠴᠡᠭᠰᠡᠨ ᠪᠣᠯᠪᠠᠰᠤᠷᠠᠯ᠎ᠤᠨ ᠪᠠᠶ᠋ᠢᠭᠤᠯᠤᠮᠵᠢ ᠵᠢ ᠰᠣᠩᠭᠣᠵᠤ᠂ ᠪᠠᠶ᠋ᠢᠭᠤᠯᠤᠮᠵᠢ ᠵᠢᠨ ᠰᠤᠷᠭ᠋ᠠᠭᠤᠯᠢ ᠡᠷᠬᠢᠯᠡᠬᠦ ᠵᠥᠪᠰᠢᠶᠡᠷᠡᠯ ᠪᠠ ᠡᠵᠡᠩᠨᠡᠯᠲᠡ ᠵᠢᠨ ᠦᠨᠡᠮᠯᠡᠯ᠎ᠨᠢ ᠪᠦᠷᠢᠨ ᠭᠦᠢ᠍ᠴᠡᠳ ᠪᠠᠶ᠋ᠢᠬᠤ ᠡᠰᠡᠬᠦ᠂ ᠪᠠᠭᠰᠢ ᠵᠢᠨ ᠡᠩᠨᠡᠭᠡ ᠪᠠ ᠬᠢᠴᠢᠶᠡᠯ᠎ᠤᠨ ᠵᠢᠭ᠋ᠠᠨ ᠰᠤᠷᠭ᠋ᠠᠯᠲᠠ᠎ᠨᠢ ᠵᠢᠷᠤᠮᠵᠢᠯ᠎ᠲᠠᠢ ᠪᠠᠶ᠋ᠢᠬᠤ ᠡᠰᠡᠬᠦ᠂ ᠲᠠᠯᠠᠪᠤᠷ ᠲᠥᠬᠥᠭᠡᠷᠦᠮᠵᠢ᠎ᠨᠢ ᠠᠮᠤᠷ ᠲᠦᠪᠰᠢᠨ᠎ᠤ ᠬᠢᠷᠢ ᠲᠡᠩᠴᠡᠭᠰᠡᠨ ᠡᠰᠡᠬᠦ ᠵᠡᠷᠭᠡ ᠵᠢ ᠦᠵᠡᠵᠦ᠂ ᠡᠷᠬᠡᠪᠰᠢ ᠵᠢᠩᠬᠢᠨᠢ ᠪᠠᠶ᠋ᠢᠭᠤᠯᠤᠮᠵᠢ᠎ᠶᠢ ᠰᠣᠩᠭᠣᠵᠤ᠂ ᠬᠡᠦᠬᠡᠳ᠎ᠤᠨ ᠪᠡᠶ᠎ᠡ ᠰᠡᠳᠬᠢᠯ᠎ᠤᠨ ᠡᠷᠡᠭᠦᠯ ᠮᠡᠨᠳᠦ᠎ᠳᠤ ᠠᠮᠤᠷ ᠲᠦᠪᠰᠢᠨ᠎ᠤ ᠪᠠᠲᠤᠯᠠᠭ᠎ᠠ ᠬᠠᠩᠭ᠋ᠠᠬᠤ ᠬᠡᠷᠡᠭᠲᠡᠢ᠃

 


ᠢᠷᠡᠯᠲᠡ᠄ ᠥᠪᠥᠷ ᠮᠣᠩᠭᠤᠯ᠎ᠤᠨ ᠦᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠦᠮᠦᠵᠢᠯ᠎ᠤᠨ ᠲᠢᠩᠬᠢᠮ
          
ᠬᠠᠮᠢᠶ᠎ᠡ ᠪᠦᠬᠦᠢ ᠰᠣᠨᠢᠨ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 2023 ᠣᠨ᠎ᠤ ᠨᠠᠰᠤᠨ᠎ᠳᠤ ᠬᠦᠷᠦᠭᠰᠡᠳ᠎ᠤᠨ ᠳᠡᠭᠡᠳᠦ ᠰᠤᠷᠭ᠋ᠠᠭᠤᠯᠢ ᠵᠢᠨ ᠰᠤᠷᠤᠭᠴᠢ ᠡᠯᠰᠡᠬᠦ ᠰᠢᠯᠭ᠋ᠠᠯᠲᠠ ᠵᠢᠨ ᠬᠢᠷᠢ ᠪᠦᠲᠦᠮᠵᠢ ᠵᠢ ᠥᠨᠥᠳᠦᠷ᠎ᠠᠴᠠ ᠡᠬᠢᠯᠡᠵᠦ ᠪᠠᠶ᠋ᠢᠴᠠᠭ᠋ᠠᠨ ᠯᠠᠪᠯᠠᠵᠤ ᠪᠣᠯᠤᠨ᠎ᠠ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ ᠮᠡᠳᠡᠭᠳᠡᠯ ᠳᠠᠷᠤᠮᠠᠯᠯᠠᠨ ᠲᠠᠷᠬᠠᠭ᠋ᠠᠵᠤ ᠡᠯ᠎ᠡ ᠭᠠᠵᠠᠷ᠎ᠤᠨ ᠡᠯ᠎ᠡ ᠰᠤᠷᠭ᠋ᠠᠭᠤᠯᠢ ᠵᠢᠨ ᠡᠪᠦᠯ᠎ᠤᠨ ᠤᠯᠠᠷᠢᠯ᠎ᠤᠨ ᠬᠠᠯᠳᠠᠪᠤᠷᠢᠲᠤ ᠡᠪᠡᠳᠴᠢᠨ᠎ᠢ ᠰᠡᠷᠭᠡᠶ᠋ᠢᠯᠡᠨ ᠡᠵᠡᠮᠳᠡᠬᠦ ᠠᠵᠢᠯ᠎ᠢ ᠰᠠᠶ᠋ᠢᠲᠤᠷ ᠬᠢᠬᠦ ᠲᠤᠬᠠᠢ ᠪᠠᠶ᠋ᠢᠷᠢᠯᠠᠭᠤᠯᠪᠠ
ᠪᠦᠬᠦ ᠣᠷᠣᠨ᠎ᠤ ᠰᠤᠷᠭ᠋ᠠᠭᠤᠯᠢ ᠵᠢᠨ ᠬᠦᠷᠢᠶᠡᠨ᠎ᠤ ᠠᠮᠤᠷ ᠲᠦᠪᠰᠢᠨ᠎ᠢ ᠲᠤᠰᠬᠠᠢ ᠴᠡᠭᠴᠡᠯᠡᠨ ᠵᠠᠰᠠᠬᠤ ᠠᠵᠢᠯᠯᠠᠭ᠎ᠠ ᠡᠬᠢᠯᠡᠪᠡ
ᠪᠦᠬᠦ ᠣᠷᠣᠨ᠎ᠤ ᠡᠯ᠎ᠡ ᠱᠠᠲᠤᠨ᠎ᠤ ᠪᠠᠶ᠋ᠢᠭᠤᠯᠭ᠎ᠠ ᠵᠢᠨ ᠠᠵᠢᠯᠲᠠᠳ᠎ᠤᠨ ᠨᠡᠶ᠋ᠢᠲᠡᠯᠢᠭ ᠬᠡᠯᠡ ᠵᠢ ᠬᠡᠷᠡᠭᠯᠡᠬᠦ ᠴᠢᠳᠠᠪᠤᠷᠢ ᠵᠢ ᠳᠡᠭᠡᠭᠰᠢᠯᠡᠭᠦᠯᠬᠦ ᠰᠦᠯᠵᠢᠶᠡᠨ᠎ᠳᠠᠬᠢ ᠪᠣᠯᠪᠠᠰᠤᠷᠠᠯ ᠲᠠᠨ᠎ᠤ ᠣᠷᠣᠯᠴᠠᠬᠤ ᠵᠢ ᠬᠦᠯᠢᠶᠡᠵᠦ ᠪᠠᠢ᠌ᠨᠠᠮ
2024 ᠣᠨ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠩ᠎ᠤᠨ ᠶᠡᠬᠡ ᠳᠡᠭᠡᠳᠦ ᠰᠤᠷᠭ᠋ᠠᠭᠤᠯᠢ᠎ᠳᠤ ᠰᠤᠷᠤᠭᠴᠢ ᠡᠯᠰᠡᠬᠦ ᠤᠷᠠᠯᠢᠭ᠎ᠤᠨ ᠲᠥᠷᠥᠯ᠎ᠤᠨ ᠲᠤᠰᠬᠠᠢ ᠮᠡᠷᠭᠡᠵᠢᠯ᠎ᠤᠨ ᠥᠪᠡᠷᠲᠡᠭᠡᠨ ᠵᠠᠰᠠᠬᠤ ᠣᠷᠣᠨ᠎ᠤ ᠨᠢᠭᠡᠳᠦᠯᠲᠡᠢ ᠰᠢᠯᠭ᠋ᠠᠯᠲᠠ ᠵᠢᠨ ᠬᠢᠷᠢ ᠪᠦᠲᠦᠮᠵᠢ ᠵᠢ ᠪᠠᠶ᠋ᠢᠴᠠᠭ᠋ᠠᠨ ᠯᠠᠪᠯᠠᠬᠤ ᠵᠢᠴᠢ ᠬᠢᠷᠢ ᠲᠡᠩᠴᠡᠬᠦ ᠬᠢᠵᠠᠭ᠋ᠠᠷ ᠬᠤᠪᠢ ᠵᠢᠨ ᠲᠤᠬᠠᠢ ᠠᠯᠪᠠᠨ ᠵᠠᠷᠯᠠᠯ
 
             蒙ICP备05000248号