ᠠᠵᠢᠯ᠎ᠤᠨ ᠲᠣᠬᠢᠷᠠᠭᠤᠯᠤᠯᠲᠠ ᠵᠢ ᠦᠨᠳᠦᠰᠦᠯᠡᠨ᠂ ᠡᠳᠦᠭᠡ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 2023 ᠣᠨ᠎ᠤ ᠨᠠᠰᠤᠨ᠎ᠳᠤ ᠬᠦᠷᠦᠭᠰᠡᠳ᠎ᠤᠨ ᠳᠡᠭᠡᠳᠦ ᠰᠤᠷᠭ᠋ᠠᠭᠤᠯᠢ ᠵᠢᠨ ᠰᠤᠷᠤᠭᠴᠢ ᠡᠯᠰᠡᠬᠦ ᠰᠢᠯᠭ᠋ᠠᠯᠲᠠ ᠵᠢᠨ ᠬᠢᠷᠢ ᠪᠦᠲᠦᠮᠵᠢ ᠵᠢ ᠪᠠᠶ᠋ᠢᠴᠠᠭ᠋ᠠᠨ ᠯᠠᠪᠯᠠᠬᠤ ᠵᠢᠴᠢ ᠳᠠᠬᠢᠨ ᠬᠢᠨᠠᠬᠤ ᠬᠣᠯᠪᠣᠭᠳᠠᠯ ᠪᠦᠬᠦᠢ ᠵᠦᠢ᠍ᠯ᠎ᠢ ᠳᠣᠣᠷᠠᠬᠢ ᠮᠡᠲᠦ ᠮᠡᠳᠡᠭᠳᠡᠪᠡ᠄
ᠨᠢᠭᠡ᠂ ᠬᠢᠷᠢ ᠪᠦᠲᠦᠮᠵᠢ ᠵᠢ ᠪᠠᠶ᠋ᠢᠴᠠᠭ᠋ᠠᠨ ᠯᠠᠪᠯᠠᠬᠤ
2023 ᠣᠨ᠎ᠤ 11 ᠰᠠᠷ᠎ᠠ ᠵᠢᠨ 21᠎ᠤ ᠡᠳᠦᠷ᠎ᠤᠨ 9 ᠴᠠᠭ᠎ᠠᠴᠠ ᠡᠬᠢᠯᠡᠨ᠂ ᠰᠢᠯᠭ᠋ᠠᠭᠤᠯᠤᠭᠴᠢ 2023 ᠣᠨ᠎ᠤ ᠨᠠᠰᠤᠨ᠎ᠳᠤ ᠬᠦᠷᠦᠭᠰᠡᠳ᠎ᠤᠨ ᠳᠡᠭᠡᠳᠦ ᠰᠤᠷᠭ᠋ᠠᠭᠤᠯᠢ ᠵᠢᠨ ᠰᠤᠷᠤᠭᠴᠢ ᠡᠯᠰᠡᠬᠦ ᠰᠢᠯᠭ᠋ᠠᠯᠲᠠ ᠵᠢᠨ ᠬᠢᠷᠢ ᠪᠦᠲᠦᠮᠵᠢ ᠵᠢ ᠪᠠᠶ᠋ᠢᠴᠠᠭ᠋ᠠᠨ ᠯᠠᠪᠯᠠᠵᠤ ᠪᠣᠯᠤᠨ᠎ᠠ᠃ ᠪᠠᠶ᠋ᠢᠴᠠᠭ᠋ᠠᠨ ᠯᠠᠪᠯᠠᠬᠤ ᠠᠷᠭ᠎ᠠ ᠮᠠᠶᠢᠭ᠄ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠰᠤᠷᠤᠭᠴᠢ ᠡᠯᠰᠡᠬᠦ ᠰᠢᠯᠭ᠋ᠠᠯᠲᠠ ᠵᠢᠨ ᠲᠥᠪ᠎ᠤᠨ ᠰᠢᠯᠭ᠋ᠠᠭᠤᠯᠤᠭᠴᠢ ᠵᠢᠨ ᠶᠡᠷᠦᠩᠬᠡᠶ᠋ᠢᠯᠡᠭᠰᠡᠨ ᠦᠢ᠍ᠯᠡᠴᠢᠯᠡᠭᠡᠨ᠎ᠤ ᠲᠠᠪᠴᠠᠩ》 (ᠰᠦᠯᠵᠢᠶᠡᠨ ᠬᠠᠶᠢᠭ᠄ https://www4.nm.zsks.cn/BaseStudent/)᠎ᠲᠤ ᠣᠷᠣᠵᠤ᠂ 《ᠰᠢᠯᠭ᠋ᠠᠭᠤᠯᠤᠭᠴᠢ ᠵᠢᠨ ᠦᠢ᠍ᠯᠡᠴᠢᠯᠡᠭᠡᠨ᠎ᠤ ᠲᠢᠩᠬᠢᠮ》᠎ᠳᠠᠬᠢ 《ᠬᠢᠷᠢ ᠪᠦᠲᠦᠮᠵᠢ / ᠰᠤᠷᠤᠭᠴᠢ ᠡᠯᠰᠡᠬᠦ ᠵᠢ ᠪᠠᠶ᠋ᠢᠴᠠᠭ᠋ᠠᠨ ᠯᠠᠪᠯᠠᠬᠤ》 ᠬᠡᠰᠡᠭ᠎ᠲᠤ ᠰᠣᠩᠭᠣᠬᠤ ᠵᠢᠨ ᠬᠠᠮᠲᠤ 《ᠨᠠᠰᠤᠨ᠎ᠳᠤ ᠬᠦᠷᠦᠭᠰᠡᠳ᠎ᠤᠨ ᠳᠡᠭᠡᠳᠦ ᠰᠤᠷᠭ᠋ᠠᠭᠤᠯᠢ᠎ᠳᠤ ᠰᠤᠷᠤᠭᠴᠢ ᠡᠯᠰᠡᠬᠦ ᠰᠢᠯᠭ᠋ᠠᠯᠲᠠ ᠵᠢᠨ ᠬᠢᠷᠢ ᠪᠦᠲᠦᠮᠵᠢ ᠵᠢ ᠪᠠᠶ᠋ᠢᠴᠠᠭ᠋ᠠᠨ ᠯᠠᠪᠯᠠᠬᠤ》 ᠬᠡᠰᠡᠭ᠎ᠲᠤ ᠣᠷᠣᠵᠤ᠂ ᠰᠢᠯᠭ᠋ᠠᠯᠲᠠ ᠵᠢᠨ ᠬᠢᠷᠢ ᠪᠦᠲᠦᠮᠵᠢ ᠵᠢ ᠪᠠᠶ᠋ᠢᠴᠠᠭ᠋ᠠᠨ ᠯᠠᠪᠯᠠᠵᠤ ᠪᠣᠯᠤᠨ᠎ᠠ᠃
ᠬᠣᠶᠠᠷ᠂ ᠬᠢᠷᠢ ᠪᠦᠲᠦᠮᠵᠢ ᠵᠢ ᠳᠠᠬᠢᠨ ᠬᠢᠨᠠᠬᠤ
ᠰᠢᠯᠭ᠋ᠠᠭᠤᠯᠤᠭᠴᠢ ᠬᠢᠷᠢ ᠪᠦᠲᠦᠮᠵᠢ᠎ᠳᠤ᠎ᠪᠠᠨ ᠮᠠᠳᠠᠭ᠎ᠲᠠᠢ ᠪᠣᠯ᠂ 2023 ᠣᠨ᠎ᠤ 11 ᠰᠠᠷ᠎ᠠ ᠵᠢᠨ 21᠎ᠤ ᠡᠳᠦᠷ᠎ᠤᠨ 9 ᠴᠠᠭ᠎ᠠᠴᠠ 23᠎ᠤ ᠡᠳᠦᠷ᠎ᠤᠨ 17 ᠴᠠᠭ ᠪᠣᠯᠲᠠᠯᠠᠬᠢ ᠬᠤᠭᠤᠴᠠᠭ᠋ᠠᠨ᠎ᠳᠤ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠰᠤᠷᠤᠭᠴᠢ ᠡᠯᠰᠡᠬᠦ ᠰᠢᠯᠭ᠋ᠠᠯᠲᠠ ᠵᠢᠨ ᠲᠥᠪ᠎ᠤᠨ ᠰᠢᠯᠭ᠋ᠠᠭᠤᠯᠤᠭᠴᠢ ᠵᠢᠨ ᠶᠡᠷᠦᠩᠬᠡᠶ᠋ᠢᠯᠡᠭᠰᠡᠨ ᠦᠢ᠍ᠯᠡᠴᠢᠯᠡᠭᠡᠨ᠎ᠤ ᠲᠠᠪᠴᠠᠩ》 (ᠰᠦᠯᠵᠢᠶᠡᠨ᠎ᠤ ᠬᠠᠶᠢᠭ᠄ https://www4.nm.zsks.cn/BaseStudent/)᠎ᠳᠤ ᠣᠷᠣᠵᠤ᠂ 《ᠰᠢᠯᠭ᠋ᠠᠭᠤᠯᠤᠭᠴᠢ ᠵᠢᠨ ᠦᠢ᠍ᠯᠡᠴᠢᠯᠡᠭᠡᠨ᠎ᠤ ᠲᠢᠩᠬᠢᠮ》᠎ᠳᠠᠬᠢ 《ᠭᠤᠶᠤᠴᠢᠯᠠᠨ ᠭᠦᠢ᠍ᠴᠡᠳᠭᠡᠬᠦ》 ᠭᠡᠰᠡᠭ᠎ᠲᠤ ᠣᠷᠣᠵᠤ᠂ 《ᠨᠠᠰᠤᠨ᠎ᠳᠤ ᠬᠦᠷᠦᠭᠰᠡᠳ᠎ᠤᠨ ᠳᠡᠭᠡᠳᠦ ᠰᠤᠷᠭ᠋ᠠᠭᠤᠯᠢ᠎ᠳᠤ ᠰᠤᠷᠤᠭᠴᠢ ᠡᠯᠰᠡᠬᠦ ᠰᠢᠯᠭ᠋ᠠᠯᠲᠠ ᠵᠢᠨ ᠬᠢᠷᠢ ᠪᠦᠲᠦᠮᠵᠢ ᠵᠢ ᠳᠠᠬᠢᠨ ᠬᠢᠨᠠᠬᠤ ᠵᠢ ᠭᠤᠶᠤᠴᠢᠯᠠᠬᠤ》 ᠬᠡᠰᠡᠭ᠎ᠢ ᠰᠣᠩᠭᠤᠵᠤ᠂ ᠬᠢᠷᠢ ᠪᠦᠲᠦᠮᠵᠢ ᠵᠢ ᠳᠠᠬᠢᠨ ᠬᠢᠨᠠᠬᠤ ᠵᠢ ᠭᠤᠶᠤᠴᠢᠯᠠᠨ᠂ ᠬᠤᠭᠤᠴᠠᠭ᠎ᠠ ᠬᠡᠲᠦᠷᠡᠪᠡᠯ ᠬᠦᠯᠢᠶᠡᠨ ᠠᠪᠴᠤ ᠰᠢᠢ᠍ᠳᠪᠦᠷᠢᠯᠡᠬᠦ ᠦᠭᠡᠢ᠃ ᠡᠨᠡ ᠬᠦ᠌ ᠬᠤᠭᠤᠴᠠᠭ᠎ᠠ ᠳᠠᠭᠤᠰᠤᠭᠰᠠᠨ᠎ᠤ ᠳᠠᠷᠠᠭ᠋ᠠᠬᠢ 3 ᠠᠵᠢᠯ᠎ᠤᠨ ᠡᠳᠦᠷ᠎ᠤᠨ ᠳᠣᠲᠣᠷ᠎ᠠ ᠬᠢᠷᠢ ᠪᠦᠲᠦᠮᠵᠢ ᠵᠢ ᠳᠠᠬᠢᠨ ᠬᠢᠨᠠᠭᠰᠠᠨ ᠬᠠᠭᠤᠳᠠᠰᠤ᠎ᠪᠠᠷ ᠳᠠᠬᠢᠨ ᠬᠢᠨᠠᠭᠰᠠᠨ ᠦᠷ᠎ᠡ ᠳ᠋ᠦᠩ᠎ᠢ ᠬᠠᠷᠢᠭᠤ ᠲᠤᠰᠬᠠᠨ᠎ᠠ᠂ ᠰᠢᠯᠭ᠋ᠠᠭᠰᠠᠳ ᠴᠠᠭ ᠲᠤᠬᠠᠢᠳᠤᠨᠢ ᠪᠠᠶ᠋ᠢᠴᠠᠭ᠋ᠠᠨ ᠯᠠᠪᠯᠠᠭ᠋ᠠᠷᠠᠢ᠃
ᠬᠢᠷᠢ ᠪᠦᠲᠦᠮᠵᠢ ᠵᠢ ᠳᠠᠬᠢᠨ ᠬᠢᠨᠠᠭᠤᠯᠬᠤ᠎ᠪᠠᠷ ᠭᠤᠶᠤᠴᠢᠯᠠᠬᠤ ᠦᠶ᠎ᠡ᠎ᠳᠤ᠂ ᠠᠳᠠᠯᠢ ᠨᠢᠭᠡᠨ ᠲᠥᠷᠥᠯ᠎ᠢ ᠵᠥᠪᠬᠡᠨ ᠨᠢᠭᠡ ᠯᠡ ᠤᠳᠠᠭ᠎ᠠ ᠳᠠᠬᠢᠨ ᠬᠢᠨᠠᠭᠤᠯᠬᠤ᠎ᠪᠠᠷ ᠭᠤᠶᠤᠴᠢᠯᠠᠵᠤ ᠪᠣᠯᠤᠨ᠎ᠠ᠂ ᠳᠠᠬᠢᠨ ᠬᠢᠨᠠᠭᠤᠯᠬᠤ ᠠᠭᠤᠯᠭ᠎ᠠ ᠳᠠᠬᠢ ᠬᠠᠷᠠᠭ᠋ᠠᠯᠵᠠᠭᠰᠠᠨ ᠰᠡᠳᠦᠪ ᠬᠠᠷᠢᠭᠤᠯᠬᠤ ᠺᠠᠷᠲ᠎ᠤᠨ ᠵᠢᠷᠤᠭ᠎ᠨᠢ ᠭᠤᠶᠤᠴᠢᠯᠠᠭᠴᠢ ᠵᠢᠨ ᠬᠠᠷᠢᠭᠤᠯᠤᠭᠰᠠᠨ ᠰᠢᠯᠭ᠋ᠠᠯᠲᠠ ᠵᠢᠨ ᠰᠢᠷᠪᠢᠯᠲᠡ ᠵᠢᠨ ᠵᠢᠷᠤᠭ ᠪᠠᠶ᠋ᠢᠬᠤ ᠡᠰᠡᠬᠦ᠂ ᠣᠷᠬᠢᠭᠳᠠᠭᠤᠯᠤᠭᠰᠠᠨ ᠦᠵᠡᠭᠳᠡᠯ ᠪᠠᠶ᠋ᠢᠬᠤ ᠡᠰᠡᠬᠦ᠂ ᠨᠡᠶ᠋ᠢᠯᠡᠮᠡᠯ ᠬᠤᠪᠢ ᠪᠠᠶ᠋ᠢᠬᠤ ᠡᠰᠡᠬᠦ᠂ ᠬᠢᠴᠢᠶᠡᠯ ᠲᠥᠷᠥᠯ᠎ᠤᠨ ᠶᠡᠷᠦᠩᠬᠡᠢ ᠬᠤᠪᠢ᠎ᠨᠢ ᠭᠤᠶᠤᠴᠢᠯᠠᠭᠴᠢ ᠵᠢᠨ ᠨᠡᠶ᠋ᠢᠲᠡᠯᠡᠭᠰᠡᠨ ᠬᠢᠷᠢ ᠪᠦᠲᠦᠮᠵᠢᠯᠦᠭᠡ ᠨᠢᠭᠡᠳᠦᠯᠲᠡᠢ ᠪᠠᠶ᠋ᠢᠬᠤ ᠡᠰᠡᠬᠦ ᠵᠢ ᠪᠠᠭᠲᠠᠭ᠋ᠠᠨ᠎ᠠ᠃ ᠬᠤᠪᠢ ᠳᠣᠭᠲᠠᠭ᠋ᠠᠬᠤ ᠠᠭᠤᠳᠠᠮᠴᠢ ᠴᠢᠩᠭ᠎ᠠ ᠪᠠᠢ᠌ᠵᠤ ᠳᠠᠬᠢᠨ ᠬᠢᠨᠠᠬᠤ ᠬᠡᠪᠴᠢᠶᠡᠨ᠎ᠳᠤ ᠬᠠᠷᠢᠶᠠᠯᠠᠭᠳᠠᠬᠤ ᠦᠭᠡᠢ᠂ ᠰᠢᠯᠭ᠋ᠠᠭᠤᠯᠤᠭᠰᠠᠳ᠎ᠤᠨ ᠬᠢᠷᠢ ᠪᠦᠲᠦᠮᠵᠢ ᠵᠢ ᠳᠠᠬᠢᠨ ᠬᠢᠨᠠᠭᠰᠠᠨ᠎ᠤ ᠳᠠᠷᠠᠭ᠎ᠠ᠂ ᠴᠥᠮ ᠳᠠᠬᠢᠨ ᠬᠢᠨᠠᠭᠰᠠᠨ᠎ᠤ ᠳᠠᠷᠠᠭ᠋ᠠᠬᠢ ᠬᠤᠪᠢ᠎ᠪᠠᠷ ᠪᠠᠷᠢᠮᠵᠢᠶ᠎ᠠ ᠪᠣᠯᠭ᠋ᠠᠨ᠎ᠠ᠃
2023 ᠣᠨ᠎ᠳᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠰᠤᠨ᠎ᠳᠤ ᠬᠦᠷᠦᠭᠰᠡᠳ᠎ᠤᠨ ᠳᠡᠭᠡᠳᠦ ᠰᠤᠷᠭ᠋ᠠᠭᠤᠯᠢ ᠵᠢᠨ ᠰᠤᠷᠤᠭᠴᠢ ᠡᠯᠰᠡᠬᠦ ᠬᠠᠮᠤᠭ᠎ᠤᠨ ᠳᠣᠣᠷ᠎ᠠ ᠬᠢᠵᠠᠭ᠋ᠠᠷ ᠬᠤᠪᠢ ᠵᠢ ᠶᠠᠭ ᠲᠣᠭᠲᠠᠭ᠋ᠠᠵᠤ ᠪᠠᠶ᠋ᠢᠨ᠎ᠠ᠂ ᠰᠢᠯᠭ᠋ᠠᠭᠤᠯᠤᠭᠴᠢ ᠠᠯᠪᠠᠨ᠎ᠤ ᠸᠢᠴᠠᠲ᠎ᠤᠨ ᠣᠯᠠᠨ ᠨᠡᠢ᠌ᠲᠡ ᠵᠢᠨ ᠳ᠋ᠤᠭ᠋ᠠᠷ 《ᠥᠪᠥᠷ ᠮᠣᠩᠭᠣᠯ᠎ᠤᠨ ᠰᠤᠷᠤᠭᠴᠢ ᠡᠯᠰᠡᠬᠦ ᠰᠢᠯᠭ᠋ᠠᠯᠲᠠ》 ᠪᠠ ᠠᠯᠪᠠᠨ᠎ᠤ ᠰᠦᠯᠵᠢᠶ᠎ᠡ ᠵᠢᠨ 《ᠥᠪᠥᠷ ᠮᠣᠩᠭᠣᠯ᠎ᠤᠨ ᠰᠤᠷᠤᠭᠴᠢ ᠡᠯᠰᠡᠬᠦ ᠰᠢᠯᠭ᠋ᠠᠯᠲᠠ ᠵᠢᠨ ᠮᠡᠳᠡᠭᠡ ᠵᠠᠩᠭᠢ ᠵᠢᠨ ᠰᠦᠯᠵᠢᠶ᠎ᠡ》 ᠵᠢ ᠴᠠᠭ ᠲᠤᠬᠠᠢᠳᠤᠨᠢ ᠠᠩᠬᠠᠷᠬᠤ ᠵᠢ ᠬᠦᠰᠡᠵᠦ ᠪᠠᠶ᠋ᠢᠨ᠎ᠠ᠃