12 ᠳ᠋ᠤᠭ᠋ᠠᠷ ᠰᠠᠷ᠎ᠠ ᠵᠢᠨ 8᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ ᠮᠡᠳᠡᠭᠳᠡᠯ ᠳᠠᠷᠤᠮᠠᠯᠯᠠᠨ ᠲᠠᠷᠬᠠᠭ᠋ᠠᠵᠤ᠂ ᠡᠯ᠎ᠡ ᠭᠠᠵᠠᠷ᠎ᠤᠨ ᠡᠯ᠎ᠡ ᠰᠤᠷᠭ᠋ᠠᠭᠤᠯᠢ ᠵᠢᠨ ᠡᠪᠦᠯ᠎ᠤᠨ ᠤᠯᠠᠷᠢᠯ᠎ᠤᠨ ᠬᠠᠯᠳᠠᠪᠤᠷᠢᠲᠤ ᠡᠪᠡᠳᠴᠢᠨ᠎ᠢ ᠰᠡᠷᠭᠡᠶ᠋ᠢᠯᠡᠨ ᠡᠵᠡᠮᠳᠡᠬᠦ ᠠᠵᠢᠯ ᠢ ᠰᠠᠶ᠋ᠢᠲᠤᠷ ᠬᠢᠬᠦ ᠲᠤᠬᠠᠢ ᠱᠠᠭ᠋ᠠᠷᠳᠠᠯᠭ᠎ᠠ ᠳᠤᠷᠠᠳᠪᠠ᠄
ᠨᠢᠭᠡ᠂ ᠪᠠᠭᠰᠢ ᠰᠤᠷᠤᠭᠴᠢᠳ᠎ᠤᠨ ᠡᠷᠡᠭᠦᠯ ᠮᠡᠨᠳᠦ ᠵᠢ ᠬᠢᠨᠠᠨ ᠰᠢᠯᠭ᠋ᠠᠵᠤ ᠰᠡᠷᠡᠮᠵᠢᠯᠡᠭᠦᠯᠬᠦ ᠵᠢ ᠴᠢᠩᠭ᠋ᠠᠳᠬᠠᠨ᠎ᠠ
ᠡᠯ᠎ᠡ ᠭᠠᠵᠠᠷ᠎ᠤᠨ ᠡᠯ᠎ᠡ ᠰᠤᠷᠭ᠋ᠠᠭᠤᠯᠢ ᠥᠷᠯᠥᠭᠡ (ᠦᠳᠡ) ᠵᠢᠨ ᠪᠠᠶ᠋ᠢᠴᠠᠭ᠋ᠠᠯᠲᠠ᠂ ᠡᠪᠡᠳᠴᠢᠨ᠎ᠠᠴᠠ ᠪᠣᠯᠵᠤ ᠬᠢᠴᠢᠶᠡᠯ (ᠠᠵᠢᠯ) ᠰᠠᠭ᠋ᠠᠲᠠᠬᠤ ᠪᠤᠶᠤ ᠡᠪᠡᠳᠴᠢᠨ ᠡᠳᠡᠭᠡᠷᠡᠵᠦ ᠰᠤᠷᠭ᠋ᠠᠭᠤᠯᠢ᠎ᠳᠤ᠎ᠪᠠᠨ ᠪᠤᠴᠠᠬᠤ ᠵᠢ ᠪᠠᠶ᠋ᠢᠴᠠᠭ᠋ᠠᠨ ᠰᠢᠯᠭ᠋ᠠᠬᠤ ᠳᠦᠷᠢᠮ᠎ᠢ ᠴᠢᠩᠭ᠎ᠠ ᠨᠠᠶ᠋ᠢᠳᠠᠪᠤᠷᠢᠵᠢᠭᠤᠯᠵᠤ᠂ ᠬᠠᠯᠳᠠᠪᠤᠷᠢᠲᠤ ᠲᠠᠭᠰᠢᠭᠤᠷ᠎ᠢ ᠬᠢᠨᠠᠨ ᠰᠢᠯᠭ᠋ᠠᠵᠤ ᠰᠡᠷᠡᠮᠵᠢᠯᠡᠭᠦᠯᠬᠦ ᠵᠢ ᠴᠢᠩᠭ᠋ᠠᠳᠬᠠᠬᠤ ᠬᠡᠷᠡᠭᠲᠡᠢ᠃ ᠬᠠᠷᠢᠶ᠎ᠠ ᠭᠠᠵᠠᠷ᠎ᠤᠨ ᠡᠷᠡᠭᠦᠯ ᠬᠠᠮᠠᠭ᠋ᠠᠯᠠᠯ ᠡᠷᠡᠭᠦᠯ ᠮᠡᠨᠳᠦ ᠪᠠ ᠡᠪᠡᠳᠴᠢᠨ ᠡᠮᠭᠡᠭ᠎ᠢ ᠰᠡᠷᠭᠡᠶ᠋ᠢᠯᠡᠨ ᠡᠵᠡᠮᠳᠡᠬᠦ ᠰᠠᠯᠠᠭ᠎ᠠ ᠮᠥᠴᠢᠷ᠎ᠲᠠᠢ ᠨᠢᠭᠲᠠ ᠬᠠᠷᠢᠴᠠᠭ᠎ᠠ ᠪᠠᠢ᠌ᠭᠤᠯᠵᠤ᠂ ᠲᠦᠭᠰᠢᠭᠦᠷᠢ ᠵᠢ ᠰᠤᠳᠤᠯᠤᠨ ᠮᠠᠭ᠋ᠠᠳᠯᠠᠬᠤ ᠪᠠ ᠬᠢᠨᠠᠨ ᠰᠢᠯᠭ᠋ᠠᠵᠤ ᠰᠡᠷᠡᠮᠵᠢᠯᠡᠭᠦᠯᠬᠦ ᠵᠢ ᠬᠠᠮᠵᠢᠯᠴᠠᠨ ᠥᠷᠨᠢᠭᠦᠯᠵᠦ᠂ ᠰᠤᠷᠭ᠋ᠠᠭᠤᠯᠢ ᠵᠢᠨ ᠬᠦᠷᠢᠶᠡᠨ᠎ᠤ ᠴᠤᠭᠯᠠᠷᠠᠯ᠎ᠤᠨ ᠴᠢᠨᠠᠷᠲᠠᠢ ᠬᠢᠵᠢᠭ᠎ᠤᠨ ᠪᠠᠶ᠋ᠢᠳᠠᠯ᠎ᠢ ᠣᠯᠵᠤ ᠮᠡᠳᠡᠪᠡᠯ ᠳᠡᠰ ᠳᠠᠷᠠᠭ᠋ᠠᠯᠠᠯ ᠶᠣᠰᠣᠭ᠋ᠠᠷ ᠴᠠᠭ ᠲᠤᠬᠠᠢᠳᠤᠨᠢ ᠮᠡᠳᠡᠭᠦᠯᠵᠦ᠂ ᠲᠤᠰᠬᠠᠢ ᠪᠠᠶ᠋ᠢᠭᠤᠯᠤᠮᠵᠢ᠎ᠲᠠᠢ ᠬᠠᠮᠵᠢᠯᠴᠠᠨ ᠰᠢᠨᠵᠢᠯᠡᠬᠦ ᠤᠬᠠᠭ᠋ᠠᠨᠴᠢ᠎ᠪᠠᠷ ᠠᠷᠭ᠋ᠠᠴᠠᠬᠤ ᠪᠠ ᠰᠢᠢ᠍ᠳᠪᠦᠷᠢᠯᠡᠬᠦ ᠠᠵᠢᠯ᠎ᠢ ᠰᠠᠶ᠋ᠢᠲᠤᠷ ᠬᠢᠵᠦ᠂ ᠪᠠᠭᠰᠢ ᠰᠤᠷᠤᠭᠴᠢᠳ᠎ᠤᠨ ᠪᠡᠶ᠎ᠡ ᠮᠠᠬᠠᠪᠣᠳ᠎ᠤᠨ ᠡᠷᠡᠭᠦᠯ ᠮᠡᠨᠳᠦ ᠵᠢ ᠦᠨᠡᠨ ᠬᠦ᠌ ᠪᠠᠲᠤᠯᠠᠬᠤ ᠬᠡᠷᠡᠭᠲᠡᠢ᠃ ᠡᠷᠡᠭᠦᠯ ᠬᠠᠮᠠᠭ᠋ᠠᠯᠠᠯ᠎ᠤᠨ ᠲᠠᠰᠤᠭ (ᠡᠷᠡᠭᠦᠯᠵᠢᠭᠦᠯᠬᠦ ᠲᠠᠰᠤᠭ)᠎ᠤᠨ ᠪᠠᠶ᠋ᠢᠭᠤᠯᠤᠯᠲᠠ ᠵᠢ ᠴᠢᠩᠭ᠋ᠠᠳᠬᠠᠵᠤ᠂ ᠠᠵᠢᠯᠲᠠᠨ᠎ᠤ ᠲᠤᠰᠬᠠᠢ ᠮᠡᠷᠭᠡᠵᠢᠯ᠎ᠤᠨ ᠪᠣᠯᠪᠠᠰᠤᠷᠠᠯ᠎ᠢ ᠴᠢᠩᠭ᠋ᠠᠳᠬᠠᠨ᠂ ᠡᠪᠡᠳᠴᠢᠨ᠎ᠳᠤ᠎ᠨᠢ ᠲᠣᠬᠢᠷᠠᠭᠤᠯᠤᠨ ᠡᠮᠨᠡᠨ ᠵᠠᠰᠠᠬᠤ ᠡᠮ ᠪᠡᠯᠡᠳᠭᠡᠬᠦ ᠵᠡᠷᠭᠡ ᠡᠮᠴᠢᠯᠡᠭᠡᠨ᠎ᠤ ᠡᠳ᠋ ᠪᠣᠳᠠᠰ᠎ᠢ ᠨᠥᠭᠡᠴᠡᠯᠡᠬᠦ ᠬᠡᠷᠡᠭᠲᠡᠢ᠃ ᠪᠠᠭᠰᠢ ᠰᠤᠷᠤᠭᠴᠢᠳ᠎ᠲᠤ ᠬᠠᠯᠠᠭᠤᠷᠠᠬᠤ᠂ ᠬᠠᠨᠢᠶᠠᠬᠤ ᠵᠡᠷᠭᠡ ᠬᠠᠮᠢᠶ᠎ᠠ ᠪᠦᠬᠦᠢ ᠡᠪᠡᠳᠴᠢᠨ᠎ᠤ ᠢᠯᠡᠷᠡᠯ᠎ᠲᠠᠢ ᠪᠣᠯ ᠴᠠᠭ ᠲᠤᠬᠠᠢᠳᠤᠨᠢ ᠡᠮᠨᠡᠭᠦᠯᠬᠦ ᠵᠢᠨ ᠬᠠᠮᠲᠤ ᠰᠤᠷᠭ᠋ᠠᠭᠤᠯᠢ᠎ᠳᠤ ᠮᠡᠳᠡᠭᠦᠯᠦᠨ ᠳᠠᠩᠰᠠᠯᠠᠭᠤᠯᠵᠤ᠂ ᠡᠪᠡᠳᠴᠢᠯᠡᠭᠰᠡᠨ ᠪᠠᠭᠰᠢ ᠰᠤᠷᠤᠭᠴᠢᠳ᠎ᠤᠨ ᠡᠷᠡᠭᠦᠯᠵᠢᠭᠰᠡᠨᠢ ᠨᠣᠲᠠᠯᠠᠭᠰᠠᠨ᠎ᠤ ᠳᠠᠷᠠᠭ᠎ᠠ ᠰᠤᠷᠭ᠋ᠠᠭᠤᠯᠢ᠎ᠳᠤ᠎ᠪᠠᠨ ᠪᠤᠴᠠᠵᠤ᠂ ᠡᠪᠡᠳᠴᠢᠨ᠎ᠲᠠᠢ ᠰᠤᠷᠭ᠋ᠠᠭᠤᠯᠢ᠎ᠳᠤ ᠣᠴᠢᠵᠤ ᠠᠵᠢᠯᠯᠠᠬᠤ ᠪᠠ ᠰᠤᠷᠤᠯᠴᠠᠵᠤ ᠪᠣᠯᠬᠤ ᠦᠭᠡᠢ ᠭᠡᠵᠦ ᠰᠠᠨᠠᠭᠤᠯᠪᠠ᠃
ᠬᠣᠶᠠᠷ᠂ ᠤᠬᠠᠭᠤᠯᠤᠨ ᠬᠥᠮᠥᠵᠢᠭᠦᠯᠬᠦ ᠪᠠ ᠬᠠᠯᠠᠮᠵᠢᠯᠠᠨ ᠬᠠᠶ᠋ᠢᠷᠠᠯᠠᠬᠤ ᠵᠢ ᠴᠢᠩᠭ᠋ᠠᠳᠬᠠᠨ᠎ᠠ
ᠡᠯ᠎ᠡ ᠭᠠᠵᠠᠷ᠎ᠤᠨ ᠡᠯ᠎ᠡ ᠰᠤᠷᠭ᠋ᠠᠭᠤᠯᠢ ᠪᠠᠭᠰᠢ ᠰᠤᠷᠤᠭᠴᠢᠳ᠎ᠢ ᠬᠥᠲᠥᠯᠥᠨ ᠵᠢᠯᠣᠭᠣᠳᠴᠤ 《ᠡᠷᠡᠭᠦᠯ ᠮᠡᠨᠳᠦ ᠵᠢ ᠲᠡᠷᠢᠭᠦᠨ᠎ᠳᠤ ᠲᠠᠯᠪᠢᠬᠤ》 ᠣᠨᠣᠯᠵᠢᠬᠤᠨ᠎ᠢ ᠪᠠᠲᠤ ᠪᠡᠬᠢ ᠪᠣᠢ ᠪᠣᠯᠭ᠋ᠠᠬᠤ ᠵᠢᠨ ᠬᠠᠮᠲᠤ ᠤᠬᠠᠮᠰᠠᠷ᠎ᠠᠴᠠ᠎ᠪᠠᠨ ᠦᠢ᠍ᠯᠡᠳᠦᠯᠭᠡᠵᠢᠭᠦᠯᠵᠦ᠂ ᠡᠷᠡᠭᠦᠯ ᠰᠠᠷᠠᠭᠤᠯ ᠠᠮᠢᠳᠤᠷᠠᠯ᠎ᠤᠨ ᠠᠷᠭ᠎ᠠ ᠮᠠᠶᠢᠭ᠎ᠢ ᠪᠠᠲᠤᠯᠠᠵᠤ᠂ ᠥᠪᠡᠷ ᠪᠡᠶ᠎ᠡ ᠵᠢᠨ ᠡᠷᠡᠭᠦᠯ ᠮᠡᠨᠳᠦ ᠵᠢᠨ ᠨᠢᠭᠡᠳᠦᠭᠡᠷ ᠬᠠᠷᠢᠭᠤᠴᠠᠯᠭ᠋ᠠᠲᠠᠨ ᠪᠣᠯᠬᠤ ᠬᠡᠷᠡᠭᠲᠡᠢ᠃ ᠬᠠᠯᠳᠠᠪᠤᠷᠢᠲᠤ ᠲᠠᠭᠰᠢᠭᠤᠷ᠎ᠤᠨ ᠬᠢᠵᠢᠭ᠎ᠤᠨ ᠪᠠᠶ᠋ᠢᠳᠠᠯ ᠪᠣᠯᠤᠨ ᠤᠷᠢᠳᠴᠢᠯᠠᠨ ᠰᠡᠷᠭᠡᠶ᠋ᠢᠯᠡᠬᠦ ᠮᠡᠳᠡᠯᠭᠡ ᠵᠢ ᠰᠢᠨᠵᠢᠯᠡᠬᠦ ᠤᠬᠠᠭ᠋ᠠᠨᠴᠢ᠎ᠪᠠᠷ ᠤᠬᠠᠭᠤᠯᠵᠤ᠂ ᠣᠯᠠᠨ ᠵᠦᠢ᠍ᠯ᠎ᠤᠨ ᠬᠡᠯᠪᠡᠷᠢ ᠵᠢᠨ ᠡᠷᠡᠭᠦᠯ ᠮᠡᠨᠳᠦ ᠵᠢᠨ ᠬᠥᠮᠦᠵᠢᠯ᠎ᠢ ᠵᠣᠬᠢᠶᠠᠨ ᠪᠠᠶ᠋ᠢᠭᠤᠯᠤᠨ ᠥᠷᠨᠢᠭᠦᠯᠵᠦ᠂ ᠰᠤᠷᠤᠭᠴᠢᠳ᠎ᠤᠨ ᠰᠠᠶ᠋ᠢᠨ ᠰᠠᠶ᠋ᠢᠬᠠᠨ ᠡᠷᠡᠭᠦᠯ ᠬᠠᠮᠠᠭ᠋ᠠᠯᠠᠯ᠎ᠤᠨ ᠳᠠᠳᠬᠠᠯ᠎ᠢ ᠬᠥᠮᠦᠵᠢᠭᠦᠯᠵᠦ᠂ ᠬᠠᠯᠳᠠᠪᠤᠷᠢᠲᠤ ᠡᠪᠡᠳᠴᠢᠨ᠎ᠢ ᠰᠡᠷᠭᠡᠶ᠋ᠢᠯᠡᠬᠦ ᠬᠠᠮᠢᠶ᠎ᠠ ᠪᠦᠬᠦᠢ ᠮᠡᠳᠡᠯᠭᠡ ᠵᠢ ᠲᠦᠭᠡᠮᠡᠯᠵᠢᠭᠦᠯᠬᠦ ᠬᠡᠷᠡᠭᠲᠡᠢ᠃ ᠰᠤᠷᠤᠭᠴᠢᠳ᠎ᠤᠨ ᠵᠣᠬᠢᠰᠲᠠᠢ ᠬᠣᠭᠣᠯᠠᠯᠠᠵᠤ᠂ ᠵᠢᠮ᠎ᠡ ᠶᠣᠰᠣᠲᠠᠢ ᠠᠵᠢᠯᠯᠠᠵᠤ ᠠᠮᠠᠷᠠᠨ᠂ ᠰᠢᠨᠵᠢᠯᠡᠬᠦ ᠤᠬᠠᠭ᠋ᠠᠨᠴᠢ᠎ᠪᠠᠷ ᠪᠣᠯᠪᠠᠰᠤᠷᠠᠵᠤ᠂ ᠪᠡᠶ᠎ᠡ ᠮᠠᠬᠠᠪᠣᠳ ᠵᠶ᠋ᠠᠨ ᠴᠢᠭᠢᠷᠠᠭᠵᠢᠭᠤᠯᠬᠤ ᠵᠢ ᠵᠢᠯᠣᠭᠣᠳᠴᠤ᠂ ᠡᠷᠡᠭᠦᠯ ᠮᠡᠨᠳᠦ ᠵᠢᠨ ᠬᠢᠷᠢ ᠲᠦᠪᠰᠢᠨ᠎ᠢ ᠳᠡᠭᠡᠭᠰᠢᠯᠡᠭᠦᠯᠬᠦ ᠬᠡᠷᠡᠭᠲᠡᠢ᠃ ᠰᠤᠷᠭ᠋ᠠᠭᠤᠯᠢ ᠰᠤᠷᠤᠭᠴᠢᠳ᠎ᠤᠨ ᠡᠪᠡᠳᠴᠢᠨ᠎ᠲᠠᠢ ᠬᠤᠭᠤᠴᠠᠭ᠋ᠠᠨ᠎ᠤ ᠳᠠᠰᠬᠠᠯ᠎ᠳᠤ ᠬᠠᠲᠠᠭᠤ ᠱᠠᠭ᠋ᠠᠷᠳᠠᠯᠭ᠎ᠠ ᠲᠠᠯᠪᠢᠵᠤ ᠪᠣᠯᠬᠤ ᠦᠭᠡᠢ᠂ ᠭᠡᠷ᠎ᠤᠨ ᠠᠬᠠᠮᠠᠳ᠎ᠢ ᠬᠥᠲᠥᠯᠥᠨ ᠵᠢᠯᠣᠭᠣᠳᠴᠤ ᠡᠪᠡᠳᠴᠢᠯᠡᠭᠰᠡᠨ ᠰᠤᠷᠤᠭᠴᠢᠳ᠎ᠢ ᠭᠦᠢ᠍ᠴᠡᠳ ᠡᠮᠨᠡᠨ ᠵᠠᠰᠠᠭᠤᠯᠬᠤ ᠪᠠ ᠠᠮᠠᠷᠠᠭᠤᠯᠵᠤ᠂ ᠰᠤᠷᠤᠭᠴᠢᠳ᠎ᠲᠤ ᠡᠪᠡᠳᠴᠢᠯᠡᠭᠰᠡᠨ ᠬᠤᠭᠤᠴᠠᠭ᠋ᠠᠨ᠎ᠳᠤ᠎ᠪᠠᠨ ᠵᠠᠪᠳᠤᠭᠤᠯᠵᠤ ᠳᠠᠰᠬᠠᠯ ᠬᠢᠬᠦ ᠵᠢ ᠰᠠᠨᠠᠭᠤᠯᠬᠤ ᠦᠭᠡᠢ ᠪᠠᠶ᠋ᠢᠵᠤ᠂ ᠰᠤᠷᠤᠭᠴᠢᠳ᠎ᠤᠨ ᠡᠷᠡᠭᠦᠯ ᠮᠡᠨᠳᠦ ᠠᠮᠤᠷ ᠲᠦᠪᠰᠢᠨ᠎ᠢ ᠬᠠᠮᠤᠭ᠎ᠤᠨ ᠶᠡᠬᠡ ᠬᠡᠮᠵᠢᠶ᠎ᠡ᠎ᠪᠠᠷ ᠪᠠᠲᠤᠯᠠᠬᠤ ᠬᠡᠷᠡᠭᠲᠡᠢ᠃
ᠭᠤᠷᠪᠠ᠂ ᠣᠯᠠᠨ ᠡᠪᠡᠳᠴᠢᠨ᠎ᠢ ᠬᠠᠮᠲᠤ᠎ᠪᠠᠷ ᠰᠡᠷᠭᠡᠶ᠋ᠢᠯᠡᠵᠦ ᠡᠷᠡᠭᠦᠯ ᠮᠡᠨᠳᠦ ᠵᠢᠨ ᠰᠡᠷᠭᠡᠶ᠋ᠢᠯᠡᠯᠲᠡ ᠵᠢᠨ ᠱᠤᠭᠤᠮ᠎ᠢ ᠪᠠᠲᠤ ᠴᠣᠭᠴᠠᠯᠠᠨ᠎ᠠ
ᠣᠶ᠋ᠢᠷ᠎ᠠ ᠵᠢᠨ ᠬᠤᠭᠤᠴᠠᠭ᠎ᠠ ᠪᠣᠯ ᡁᠢ ᠶᠤᠸᠠᠨ ᠠᠩᠬᠠᠨ᠎ᠤ ᠪᠡᠶ᠎ᠡ ᠵᠢᠨ ᠠᠭᠤᠰᠬᠢᠨ ᠦᠷᠪᠢᠰᠦᠯ᠂ ᠭᠠᠷ ᠬᠥᠯ ᠠᠮᠠᠨ᠎ᠤ ᠡᠪᠡᠳᠴᠢᠨ᠂ ᠨᠦᠸᠧ ᠷᠤ ᠸᠢᠷᠦ᠋ᠰ᠎ᠤᠨ ᠬᠠᠯᠳᠠᠪᠤᠷᠢᠯᠠᠯ᠎ᠤᠨ ᠴᠢᠨᠠᠷᠲᠠᠢ ᠰᠠᠭᠤᠯᠭ᠋ᠠᠬᠤ ᠵᠡᠷᠭᠡ ᠡᠪᠦᠯ᠎ᠤᠨ ᠤᠯᠠᠷᠢᠯ᠎ᠤᠨ ᠬᠠᠯᠳᠠᠪᠤᠷᠢᠲᠤ ᠡᠪᠡᠳᠴᠢᠨ ᠣᠯᠠᠨ ᠡᠭᠦᠰᠬᠦ ᠤᠯᠠᠷᠢᠯ ᠪᠣᠯᠤᠨ᠎ᠠ᠃ ᠡᠯ᠎ᠡ ᠱᠠᠲᠤᠨ᠎ᠤ ᠡᠯ᠎ᠡ ᠲᠥᠷᠥᠯ᠎ᠤᠨ ᠰᠤᠷᠭ᠋ᠠᠭᠤᠯᠢ ᠰᠤᠷᠭ᠋ᠠᠭᠤᠯᠢ ᠵᠢᠨ ᠬᠦᠷᠢᠶᠡᠨ᠎ᠤ ᠬᠠᠯᠳᠠᠪᠤᠷᠢᠲᠤ ᠡᠪᠡᠳᠴᠢᠨ᠎ᠢ ᠰᠡᠷᠭᠡᠶ᠋ᠢᠯᠡᠨ ᠡᠵᠡᠮᠳᠡᠬᠦ ᠠᠵᠢᠯ᠎ᠤᠨ ᠴᠢᠬᠤᠯᠠ ᠴᠢᠨᠠᠷ᠎ᠢ ᠭᠦᠢ᠍ᠴᠡᠳ ᠲᠠᠨᠢᠵᠤ᠂ ᠰᠡᠷᠭᠡᠶ᠋ᠢᠯᠡᠨ ᠡᠵᠡᠮᠳᠡᠬᠦ ᠬᠠᠷᠢᠭᠤᠴᠠᠯᠭ᠎ᠠ ᠵᠢ ᠤᠯᠠᠮ ᠨᠢᠭᠡ ᠠᠯᠬᠤᠮ ᠪᠣᠳᠠᠲᠠᠶ᠋ᠢᠵᠢᠭᠤᠯᠤᠨ᠂ ᠵᠣᠬᠢᠶᠠᠨ ᠪᠠᠶ᠋ᠢᠭᠤᠯᠤᠯᠲᠠ ᠵᠢᠨ ᠤᠳᠤᠷᠢᠳᠤᠯᠭ᠎ᠠ᠎ᠪᠠᠨ ᠴᠢᠩᠭ᠋ᠠᠳᠬᠠᠵᠤ᠂ ᠰᠤᠷᠭ᠋ᠠᠭᠤᠯᠢ ᠵᠢᠨ ᠬᠠᠯᠳᠠᠪᠤᠷᠢᠲᠤ ᠡᠪᠡᠳᠴᠢᠨ᠎ᠤ ᠬᠢᠵᠢᠭ᠎ᠤᠨ ᠪᠠᠶ᠋ᠢᠳᠠᠯ᠎ᠳᠤ ᠰᠡᠷᠭᠡᠭ ᠬᠠᠨᠳᠤᠵᠤ᠂ ᠰᠣᠨᠣᠷ ᠰᠡᠷᠡᠮᠵᠢ᠎ᠪᠠᠨ ᠦᠨᠡᠨ ᠬᠦ᠌ ᠳᠡᠭᠡᠭᠰᠢᠯᠡᠭᠦᠯᠬᠦ ᠬᠡᠷᠡᠭᠲᠡᠢ᠃ ᠡᠯ᠎ᠡ ᠭᠠᠵᠠᠷ᠎ᠤᠨ ᠡᠯ᠎ᠡ ᠰᠤᠷᠭ᠋ᠠᠭᠤᠯᠢ ᠰᠤᠷᠭ᠋ᠠᠭᠤᠯᠢ ᠵᠢᠨ ᠬᠦᠷᠢᠶᠡᠨ᠎ᠤ ᠡᠯ᠎ᠡ ᠵᠦᠢ᠍ᠯ᠎ᠤᠨ ᠰᠡᠷᠭᠡᠶ᠋ᠢᠯᠡᠨ ᠡᠵᠡᠮᠳᠡᠬᠦ ᠠᠷᠭ᠎ᠠ ᠬᠡᠮᠵᠢᠶ᠎ᠡ ᠪᠠ ᠪᠠᠴᠢᠮ ᠪᠠᠶ᠋ᠢᠳᠠᠯ᠎ᠢ ᠠᠷᠭ᠋ᠠᠴᠠᠬᠤ ᠪᠡᠯᠡᠳᠬᠡᠯ ᠲᠥᠰᠦᠯ᠎ᠢ ᠴᠠᠭ ᠲᠤᠬᠠᠢᠳᠤᠨᠢ ᠲᠣᠬᠢᠷᠠᠭᠤᠯᠤᠨ ᠲᠡᠭᠦᠯᠳᠡᠷᠵᠢᠭᠦᠯᠵᠦ᠂ ᠰᠤᠷᠭ᠋ᠠᠭᠤᠯᠢ᠎ᠠᠴᠠ ᠰᠤᠷᠭ᠋ᠠᠭᠤᠯᠢ ᠵᠢᠨ ᠬᠦᠷᠢᠶᠡᠨ᠎ᠳᠠᠬᠢ ᠣᠯᠠᠨ ᠨᠡᠶ᠋ᠢᠲᠡ ᠵᠢᠨ ᠣᠷᠣᠨ ᠪᠦᠰᠡ ᠵᠢᠨ ᠡᠷᠡᠭᠦᠯ ᠬᠠᠮᠠᠭ᠋ᠠᠯᠠᠯ᠎ᠤᠨ ᠬᠠᠮᠢᠶᠠᠷᠤᠯᠲᠠ ᠵᠢᠨ ᠳᠦᠷᠢᠮ ᠪᠠ ᠠᠷᠢᠭᠤᠳᠬᠠᠬᠤ ᠳᠦᠷᠢᠮ᠎ᠢ ᠨᠠᠶ᠋ᠢᠳᠠᠪᠤᠷᠢᠵᠢᠭᠤᠯᠤᠨ᠂ ᠢᠳᠡᠭᠡᠨ ᠪᠠ ᠤᠤᠭᠤᠬᠤ ᠤᠰᠤᠨ᠎ᠤ ᠠᠷᠢᠭᠤᠨ ᠴᠡᠪᠡᠷ ᠤᠨ ᠠᠮᠤᠷ ᠲᠦᠪᠰᠢᠨ᠎ᠤ ᠬᠠᠮᠢᠶᠠᠷᠤᠯᠲᠠ ᠵᠢ ᠴᠢᠩᠭ᠋ᠠᠳᠬᠠᠵᠤ᠂ ᠬᠥᠮᠦᠨ᠂ ᠪᠣᠳᠠᠰ᠂ ᠣᠷᠴᠢᠨ ᠲᠣᠭᠣᠷᠢᠨ᠎ᠢ ᠵᠡᠷᠭᠡ᠎ᠪᠠᠷ ᠰᠡᠷᠭᠡᠶ᠋ᠢᠯᠡᠬᠦ ᠪᠠ ᠣᠯᠠᠨ ᠡᠪᠡᠳᠴᠢᠨ᠎ᠢ ᠬᠠᠮᠲᠤ᠎ᠪᠠᠷ ᠰᠡᠷᠭᠡᠶ᠋ᠢᠯᠡᠬᠦ ᠵᠢ ᠪᠠᠷᠢᠮᠲᠠᠯᠠᠨ᠂ ᠰᠤᠷᠭ᠋ᠠᠭᠤᠯᠢ ᠵᠢᠨ ᠰᠤᠷᠭ᠋ᠠᠨ ᠬᠥᠮᠦᠵᠢᠯ ᠵᠢᠭ᠋ᠠᠨ ᠰᠤᠷᠭ᠋ᠠᠯᠲᠠ ᠪᠠ ᠠᠮᠢᠳᠤᠷᠠᠯ᠎ᠤᠨ ᠡᠮᠬᠢ ᠳᠢᠭᠯᠢᠮ᠎ᠤᠨ ᠠᠮᠤᠷ ᠲᠣᠭᠲᠠᠭᠤᠨ᠎ᠢ ᠦᠨᠡᠨ ᠬᠦ᠌ ᠪᠠᠲᠤᠯᠠᠬᠤ ᠬᠡᠷᠡᠭᠲᠡᠢ᠃