ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠤᠷᠭᠠᠨ ᠬᠦᠮᠦᠵᠢᠯ᠎ᠤᠨ ᠬᠠᠨᠲᠤᠯᠭ᠎ᠠ
ᠰᠣᠨᠤᠷ᠎ᠤᠨ ᠲᠠᠪᠴᠠᠩ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠦᠢᠯᠡᠴᠢᠯᠡᠭᠡ   -   ᠲᠠᠨ᠎ᠳᠤ ᠦᠢᠯᠡᠴᠢᠯᠡᠬᠦ᠌
ᠪᠦᠬᠦ ᠣᠷᠣᠨ᠎ᠤ ᠰᠤᠷᠭ᠋ᠠᠭᠤᠯᠢ ᠵᠢᠨ ᠬᠦᠷᠢᠶᠡᠨ᠎ᠤ ᠠᠮᠤᠷ ᠲᠦᠪᠰᠢᠨ᠎ᠢ ᠲᠤᠰᠬᠠᠢ ᠴᠡᠭᠴᠡᠯᠡᠨ ᠵᠠᠰᠠᠬᠤ ᠠᠵᠢᠯᠯᠠᠭ᠎ᠠ ᠡᠬᠢᠯᠡᠪᠡ
ᠨᠡᠶ᠋ᠢᠲᠡᠯᠡᠭᠰᠡᠨ ᠴᠠᠭ᠄ 2023-12-15

      ᠲᠦᠷᠦᠭᠦᠬᠡᠨ᠂ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ 12 ᠰᠠᠯᠠᠭ᠎ᠠ ᠮᠥᠴᠢᠷ᠎ᠲᠠᠢ ᠬᠠᠮᠲᠤᠷᠠᠨ ᠪᠦᠬᠦ ᠣᠷᠣᠨ᠎ᠤ ᠰᠤᠷᠭ᠋ᠠᠨ ᠬᠥᠮᠦᠵᠢᠯ᠎ᠤᠨ ᠰᠢᠰᠲ᠋ᠧᠮ᠎ᠤᠨ ᠰᠤᠷᠭ᠋ᠠᠭᠤᠯᠢ ᠵᠢᠨ ᠬᠦᠷᠢᠶᠡᠨ᠎ᠤ ᠠᠮᠤᠷ ᠲᠦᠪᠰᠢᠨ᠎ᠢ ᠲᠤᠰᠬᠠᠢ ᠴᠡᠭᠴᠡᠯᠡᠨ ᠵᠠᠰᠠᠬᠤ ᠠᠵᠢᠯᠯᠠᠭ᠎ᠠ ᠵᠢ ᠡᠬᠢᠯᠡᠭᠦᠯᠵᠦ᠂ ᠵᠢᠯ᠎ᠤᠨ ᠰᠡᠭᠦᠯᠴᠢ ᠪᠠ ᠵᠢᠯ᠎ᠤᠨ ᠡᠬᠢᠨ᠎ᠤ ᠠᠮᠤᠷ ᠲᠦᠪᠰᠢᠨ᠎ᠤ ᠭᠡᠮ ᠰᠣᠭᠣᠭ᠎ᠢ ᠵᠢᠭᠰᠠᠭ᠋ᠠᠨ ᠪᠠᠶ᠋ᠢᠴᠠᠭ᠋ᠠᠵᠤ ᠴᠡᠭᠴᠡᠯᠡᠨ ᠵᠠᠰᠠᠬᠤ ᠴᠢᠨᠠᠷ ᠴᠢᠨᠰᠠᠭ᠎ᠠ ᠪᠠ ᠦᠷ᠎ᠡ ᠪᠦᠲᠦᠮᠵᠢ ᠵᠢ ᠤᠯᠠᠮ ᠨᠢᠭᠡ ᠠᠯᠬᠤᠮ ᠳᠡᠭᠡᠭᠰᠢᠯᠡᠭᠦᠯᠪᠡ᠃
      ᠡᠨᠡ ᠤᠳᠠᠭ᠋ᠠᠨ᠎ᠤ ᠲᠤᠰᠬᠠᠢ ᠴᠡᠭᠴᠡᠯᠡᠨ ᠵᠠᠰᠠᠯᠲᠠ 12 ᠰᠠᠷ᠎ᠠ ᠵᠢᠨ ᠡᠬᠢᠨ᠎ᠠᠴᠠ 2024 ᠣᠨ᠎ᠤ ᠬᠠᠪᠤᠷ᠎ᠤᠨ ᠤᠯᠠᠷᠢᠯ᠎ᠤᠨ ᠰᠤᠷᠭ᠋ᠠᠭᠤᠯᠢ ᠡᠬᠢᠯᠡᠬᠦ ᠪᠣᠯᠲᠠᠯ᠎ᠠ ᠦᠷᠭᠦᠯᠵᠢᠯᠡᠵᠦ᠂ ᠰᠤᠷᠭ᠋ᠠᠭᠤᠯᠢ ᠵᠢᠨ ᠬᠦᠷᠢᠶᠡᠨ᠎ᠤ ᠠᠮᠤᠷ ᠲᠦᠪᠰᠢᠨ᠎ᠢ ᠵᠣᠬᠢᠶᠠᠨ ᠪᠠᠢ᠌ᠭᠤᠯᠵᠤ ᠤᠳᠤᠷᠢᠳᠬᠤ᠂ ᠰᠤᠷᠭ᠋ᠠᠭᠤᠯᠢ ᠵᠢᠨ ᠬᠦᠷᠢᠶᠡᠨ᠎ᠤ ᠠᠮᠤᠷ ᠲᠦᠪᠰᠢᠨ᠎ᠢ ᠬᠠᠮᠠᠭ᠋ᠠᠯᠠᠬᠤ ᠳᠣᠭᠲᠠᠯᠴᠠᠭ᠎ᠠ ᠵᠢ ᠪᠠᠢ᠌ᠭᠤᠯᠬᠤ᠂ ᠰᠤᠷᠭ᠋ᠠᠭᠤᠯᠢ ᠵᠢᠨ ᠬᠦᠷᠢᠶᠡᠨ᠎ᠤ ᠡᠷᠭᠢᠨ ᠲᠣᠭᠣᠷᠢᠨ᠎ᠤ ᠠᠮᠤᠷ᠎ᠢ ᠬᠠᠮᠠᠭ᠋ᠠᠯᠠᠵᠤ ᠶᠡᠷᠦᠩᠬᠡᠢ᠌ᠯᠡᠨ ᠵᠠᠰᠠᠬᠤ᠂ ᠰᠤᠷᠭ᠋ᠠᠭᠤᠯᠢ ᠵᠢᠨ ᠬᠦᠷᠢᠶᠡᠨ᠎ᠤ ᠪᠠᠶ᠋ᠢᠩᠭᠤ ᠵᠢᠨ ᠡᠷᠡᠭᠦᠯ ᠬᠠᠮᠠᠭ᠋ᠠᠯᠠᠯ ᠪᠠ ᠬᠢᠵᠢᠭ᠎ᠢ ᠰᠡᠷᠭᠡᠶ᠋ᠢᠯᠡᠬᠦ ᠵᠡᠷᠭᠡ ᠵᠢᠨ ᠲᠣᠭᠣᠷᠢᠨ᠎ᠳᠤ ᠭᠣᠣᠯᠳᠠᠯᠭ᠎ᠠ᠎ᠲᠠᠢ ᠶᠡᠷᠦᠩᠬᠡᠶ᠋ᠢᠯᠡᠨ ᠴᠡᠭᠴᠡᠯᠡᠨ ᠵᠠᠰᠠᠬᠤ           ᠪᠣᠯᠤᠨ᠎ᠠ᠃ ᠲᠤᠰᠬᠠᠢ ᠴᠡᠭᠴᠡᠯᠡᠨ ᠵᠠᠰᠠᠬᠤ ᠠᠵᠢᠯ᠎ᠢ ᠥᠷᠨᠢᠭᠦᠯᠬᠦ᠎ᠳᠤ ᠬᠠᠮᠵᠢᠯᠴᠠᠬᠤ ᠵᠢᠨ ᠲᠥᠯᠦᠭᠡ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠰᠤᠷᠭ᠋ᠠᠨ ᠬᠥᠮᠦᠵᠢᠯ᠎ᠢ ᠬᠢᠨᠠᠨ ᠵᠢᠯᠣᠭᠣᠳᠬᠤ ᠵᠥᠪᠯᠡᠯ᠎ᠤᠨ ᠠᠯᠪᠠᠨ ᠭᠡᠷ 4 ᠬᠢᠨᠠᠨ ᠵᠢᠯᠣᠭᠣᠳᠬᠤ ᠳᠤᠭᠤᠶ᠋ᠢᠯᠠᠩ ᠪᠠᠶ᠋ᠢᠭᠤᠯᠵᠤ᠂ ᠠᠶ᠋ᠢᠮᠠᠭ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠎ᠤ ᠰᠤᠷᠭ᠋ᠠᠭᠤᠯᠢ ᠵᠢᠨ ᠬᠦᠷᠢᠶᠡᠨ᠎ᠤ ᠠᠮᠤᠷ ᠲᠦᠪᠰᠢᠨ᠎ᠤ ᠠᠵᠢᠯ᠎ᠢ ᠨᠠᠢ᠌ᠳᠠᠪᠤᠷᠢᠵᠢᠭᠤᠯᠤᠭᠰᠠᠨ ᠪᠠᠢ᠌ᠳᠠᠯ᠎ᠢ ᠬᠢᠨᠠᠨ ᠵᠢᠯᠣᠭᠣᠳᠴᠤ ᠪᠠᠶ᠋ᠢᠴᠠᠭ᠋ᠠᠪᠠ; ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠤᠯᠤᠰ ᠲᠥᠷᠥ ᠬᠠᠤᠯᠢ ᠴᠠᠭ᠋ᠠᠵᠠ ᠵᠢᠨ ᠬᠣᠷᠢᠶ᠎ᠠ᠂ ᠳᠣᠲᠣᠭ᠋ᠠᠳᠤ ᠵᠢ ᠬᠠᠮᠠᠭ᠋ᠠᠯᠠᠬᠤ ᠲᠢᠩᠬᠢᠮ᠂ ᠰᠤᠷᠭ᠋ᠠᠨ ᠬᠥᠮᠦᠵᠢᠯ᠎ᠤᠨ ᠲᠢᠩᠬᠢᠮ 12 ᠪᠠᠶ᠋ᠢᠴᠠᠭ᠋ᠠᠬᠤ ᠳᠤᠭᠤᠶ᠋ᠢᠯᠠᠩ ᠪᠠᠶ᠋ᠢᠭᠤᠯᠵᠤ᠂ ᠠᠶ᠋ᠢᠮᠠᠭ ᠬᠣᠲᠠ ᠵᠢᠨ ᠳᠤᠮᠳᠠᠳᠤ ᠪᠠᠭ᠎ᠠ ᠰᠤᠷᠭ᠋ᠠᠭᠤᠯᠢ ᠬᠡᠦᠬᠡᠳ᠎ᠤᠨ ᠴᠡᠴᠡᠷᠯᠢᠭ᠎ᠤᠨ 《ᠰᠤᠷᠭ᠋ᠠᠭᠤᠯᠢ ᠵᠢ ᠬᠠᠮᠠᠭ᠋ᠠᠯᠠᠵᠤ ᠴᠡᠴᠡᠷᠯᠢᠭ᠎ᠢ ᠠᠮᠤᠷᠵᠢᠭᠤᠯᠬᠤ》 ᠪᠠᠶ᠋ᠢᠳᠠᠯ᠎ᠢ ᠲᠤᠰᠬᠠᠢ ᠪᠠᠢ᠌ᠴᠠᠭ᠋ᠠᠪᠠ; ᠪᠦᠬᠦ ᠣᠷᠣᠨ᠎ᠤ 58 ᠶᠡᠬᠡ ᠳᠡᠭᠡᠳᠦ ᠰᠤᠷᠭ᠋ᠠᠭᠤᠯᠢ ᠰᠣᠯᠪᠢᠴᠠᠵᠤ ᠬᠠᠷᠢᠯᠴᠠᠨ ᠪᠠᠢ᠌ᠴᠠᠭ᠋ᠠᠪᠠ᠃
      ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ᠎ᠠᠴᠠ᠂ ᠡᠯ᠎ᠡ ᠭᠠᠵᠠᠷ᠎ᠤᠨ ᠡᠯ᠎ᠡ ᠰᠤᠷᠭ᠋ᠠᠭᠤᠯᠢ ᠵᠢᠨ᠎ᠬᠢᠨ ᠠᠮᠤᠷ ᠲᠦᠪᠰᠢᠨ᠎ᠤ ᠳᠠᠯᠳᠠ ᠭᠡᠮ᠎ᠤᠨ ᠦᠯᠦ ᠣᠨᠣᠭᠳᠠᠬᠤ ᠭᠠᠵᠠᠷ ᠪᠠ ᠪᠠᠯᠠᠢ ᠭᠠᠵᠠᠷ᠎ᠢ ᠴᠢᠩᠭ᠎ᠠ ᠠᠩᠬᠠᠷᠴᠤ᠂ ᠬᠠᠷᠢᠭᠤᠴᠠᠯᠭ᠎ᠠ ᠵᠢᠨ ᠤᠬᠠᠮᠰᠠᠷ ᠪᠠ ᠡᠭᠦᠷᠭᠡᠯᠡᠯ᠎ᠤᠨ ᠤᠬᠠᠮᠰᠠᠷ ᠵᠶ᠋ᠠᠨ ᠤᠯᠠᠮ ᠴᠠᠭ᠋ᠠᠰᠢᠳᠠ ᠴᠢᠩᠭ᠋ᠠᠳᠬᠠᠵᠤ᠂ ᠲᠦᠭᠰᠢᠭᠦᠷᠢ ᠵᠢ ᠤᠷᠢᠳᠴᠢᠯᠠᠨ ᠰᠡᠷᠭᠡᠶ᠋ᠢᠯᠡᠬᠦ ᠵᠢ ᠦᠨᠡᠨ ᠬᠦ᠌ ᠪᠡᠶᠡᠯᠡᠭᠦᠯᠵᠦ᠂ ᠰᠤᠷᠭ᠋ᠠᠨ ᠬᠥᠮᠦᠵᠢᠯ᠎ᠤᠨ ᠰᠢᠰᠲ᠋ᠧᠮ᠎ᠤᠨ ᠠᠶᠤᠯ ᠦᠭᠡᠢ ᠦᠢ᠍ᠯᠡᠳᠪᠦᠷᠢᠯᠡᠯ᠎ᠤᠨ ᠠᠵᠢᠯ᠎ᠤᠨ ᠬᠢᠷᠢ ᠲᠦᠪᠰᠢᠨ᠎ᠢ ᠲᠠᠰᠤᠷᠠᠯᠲᠠ ᠦᠭᠡᠢ ᠳᠡᠭᠡᠭᠰᠢᠯᠡᠭᠦᠯᠦᠨ᠂ ᠪᠠᠭᠰᠢ ᠰᠤᠷᠤᠭᠴᠢᠳ᠎ᠤᠨ ᠬᠤᠪᠢ ᠪᠡᠶ᠎ᠡ ᠵᠢᠨ ᠠᠮᠤᠷ ᠲᠦᠪᠰᠢᠨ ᠪᠠ ᠬᠡᠪ᠎ᠤᠨ ᠰᠤᠷᠭ᠋ᠠᠨ ᠬᠥᠮᠦᠵᠢᠯ ᠵᠢᠭ᠋ᠠᠨ ᠰᠤᠷᠭ᠋ᠠᠯᠲᠠ ᠵᠢᠨ ᠡᠮᠬᠢ ᠵᠢᠷᠤᠮ᠎ᠢ ᠪᠠᠲᠤᠯᠠᠬᠤ ᠬᠡᠷᠡᠭᠲᠡᠢ᠃

ᠢᠷᠡᠯᠲᠡ᠄ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠥᠵᠢᠯ᠎ᠤᠨ ᠲᠢᠩᠬᠢᠮ
          
ᠬᠠᠮᠢᠶ᠎ᠡ ᠪᠦᠬᠦᠢ ᠰᠣᠨᠢᠨ
ᠪᠦᠬᠦ ᠣᠷᠣᠨ᠎ᠤ ᠡᠯ᠎ᠡ ᠱᠠᠲᠤᠨ᠎ᠤ ᠪᠠᠶ᠋ᠢᠭᠤᠯᠭ᠎ᠠ ᠵᠢᠨ ᠠᠵᠢᠯᠲᠠᠳ᠎ᠤᠨ ᠨᠡᠶ᠋ᠢᠲᠡᠯᠢᠭ ᠬᠡᠯᠡ ᠵᠢ ᠬᠡᠷᠡᠭᠯᠡᠬᠦ ᠴᠢᠳᠠᠪᠤᠷᠢ ᠵᠢ ᠳᠡᠭᠡᠭᠰᠢᠯᠡᠭᠦᠯᠬᠦ ᠰᠦᠯᠵᠢᠶᠡᠨ᠎ᠳᠠᠬᠢ ᠪᠣᠯᠪᠠᠰᠤᠷᠠᠯ ᠲᠠᠨ᠎ᠤ ᠣᠷᠣᠯᠴᠠᠬᠤ ᠵᠢ ᠬᠦᠯᠢᠶᠡᠵᠦ ᠪᠠᠢ᠌ᠨᠠᠮ
2024 ᠣᠨ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠩ᠎ᠤᠨ ᠶᠡᠬᠡ ᠳᠡᠭᠡᠳᠦ ᠰᠤᠷᠭ᠋ᠠᠭᠤᠯᠢ᠎ᠳᠤ ᠰᠤᠷᠤᠭᠴᠢ ᠡᠯᠰᠡᠬᠦ ᠤᠷᠠᠯᠢᠭ᠎ᠤᠨ ᠲᠥᠷᠥᠯ᠎ᠤᠨ ᠲᠤᠰᠬᠠᠢ ᠮᠡᠷᠭᠡᠵᠢᠯ᠎ᠤᠨ ᠥᠪᠡᠷᠲᠡᠭᠡᠨ ᠵᠠᠰᠠᠬᠤ ᠣᠷᠣᠨ᠎ᠤ ᠨᠢᠭᠡᠳᠦᠯᠲᠡᠢ ᠰᠢᠯᠭ᠋ᠠᠯᠲᠠ ᠵᠢᠨ ᠬᠢᠷᠢ ᠪᠦᠲᠦᠮᠵᠢ ᠵᠢ ᠪᠠᠶ᠋ᠢᠴᠠᠭ᠋ᠠᠨ ᠯᠠᠪᠯᠠᠬᠤ ᠵᠢᠴᠢ ᠬᠢᠷᠢ ᠲᠡᠩᠴᠡᠬᠦ ᠬᠢᠵᠠᠭ᠋ᠠᠷ ᠬᠤᠪᠢ ᠵᠢᠨ ᠲᠤᠬᠠᠢ ᠠᠯᠪᠠᠨ ᠵᠠᠷᠯᠠᠯ
ᠡᠪᠦᠯ᠎ᠤᠨ ᠠᠮᠠᠷᠠᠯᠲᠠ ᠵᠢᠨ ᠬᠤᠭᠤᠴᠠᠭ᠋ᠠᠨ᠎ᠳᠤ ᠨᠢᠳᠦ᠎ᠪᠠᠨ ᠬᠠᠮᠠᠭ᠋ᠠᠯᠠᠬᠤ ᠰᠠᠨᠠᠭᠤᠯᠤᠮᠵᠢ
ᠡᠳᠡᠭᠡᠷ ᠲᠠᠯᠠᠪᠤᠷ᠎ᠤᠨ ᠭᠠᠯ ᠰᠡᠷᠭᠡᠶ᠋ᠢᠯᠡᠬᠦ ᠠᠮᠤᠷ ᠲᠦᠪᠰᠢᠨ᠎ᠳᠤ ᠨᠠᠷᠢᠨ ᠨᠢᠮᠪᠠᠢ ᠬᠠᠨᠳᠤᠬᠤ ᠬᠡᠷᠡᠭᠲᠡᠢ
《ᠤᠨᠲᠠᠯᠭ᠎ᠠ》᠎ᠳᠤ ᠬᠣᠯᠪᠤᠭᠳᠠᠬᠤ ᠠᠩᠬᠠᠷᠤᠭᠤᠰᠢᠲᠠᠢ ᠵᠦᠢ᠍ᠯ ᠄ ᠡᠳᠡᠭᠡᠷ ᠪᠠᠶ᠋ᠢᠷᠢ ᠵᠢᠨ ᠠᠮᠤᠷ ᠲᠦᠪᠰᠢᠨ᠎ᠳᠤ ᠬᠣᠯᠪᠤᠭᠳᠠᠬᠤ ᠠᠩᠬᠠᠷᠬᠤ ᠵᠦᠢ᠍ᠯ᠎ᠢ ᠡᠷᠬᠡᠪᠰᠢ ᠪᠠᠲᠤ ᠴᠡᠭᠡᠵᠢᠯᠡᠬᠦ ᠬᠡᠷᠡᠭᠲᠡᠢ
 
             蒙ICP备05000248号