ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠤᠷᠭᠠᠨ ᠬᠦᠮᠦᠵᠢᠯ᠎ᠤᠨ ᠬᠠᠨᠲᠤᠯᠭ᠎ᠠ
ᠰᠣᠨᠤᠷ᠎ᠤᠨ ᠲᠠᠪᠴᠠᠩ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠦᠢᠯᠡᠴᠢᠯᠡᠭᠡ   -   ᠲᠠᠨ᠎ᠳᠤ ᠦᠢᠯᠡᠴᠢᠯᠡᠬᠦ᠌
ᠪᠦᠬᠦ ᠣᠷᠣᠨ᠎ᠤ ᠡᠯ᠎ᠡ ᠱᠠᠲᠤᠨ᠎ᠤ ᠪᠠᠶ᠋ᠢᠭᠤᠯᠭ᠎ᠠ ᠵᠢᠨ ᠠᠵᠢᠯᠲᠠᠳ᠎ᠤᠨ ᠨᠡᠶ᠋ᠢᠲᠡᠯᠢᠭ ᠬᠡᠯᠡ ᠵᠢ ᠬᠡᠷᠡᠭᠯᠡᠬᠦ ᠴᠢᠳᠠᠪᠤᠷᠢ ᠵᠢ ᠳᠡᠭᠡᠭᠰᠢᠯᠡᠭᠦᠯᠬᠦ ᠰᠦᠯᠵᠢᠶᠡᠨ᠎ᠳᠠᠬᠢ ᠪᠣᠯᠪᠠᠰᠤᠷᠠᠯ ᠲᠠᠨ᠎ᠤ ᠣᠷᠣᠯᠴᠠᠬᠤ ᠵᠢ ᠬᠦᠯᠢᠶᠡᠵᠦ ᠪᠠᠢ᠌ᠨᠠᠮ
ᠨᠡᠶ᠋ᠢᠲᠡᠯᠡᠭᠰᠡᠨ ᠴᠠᠭ᠄ 2023-12-26

      ᠤᠯᠤᠰ᠎ᠤᠨ ᠨᠡᠶ᠋ᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢ ᠳᠡᠯᠭᠡᠷᠡᠭᠦᠯᠬᠦ ᠡᠷᠴᠢᠮ᠎ᠢ ᠴᠢᠩᠭ᠋ᠠᠳᠬᠠᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ ᠎ᠢ ᠪᠠᠲᠤ ᠪᠡᠬᠢ ᠪᠣᠢ ᠪᠣᠯᠭ᠋ᠠᠵᠤ᠂ ᠶᠡᠷᠦᠩᠬᠡᠢ ᠱᠦᠵᠢ ᠰᠢ ᠵᠢᠨ ᠫᠢᠩ᠎ᠤᠨ ᠥᠪᠥᠷ ᠮᠣᠩᠭᠣᠯ᠎ᠳᠤ ᠰᠢᠨᠵᠢᠯᠡᠨ ᠪᠠᠶ᠋ᠢᠴᠠᠭ᠋ᠠᠬᠤ ᠦᠶ᠎ᠡ ᠵᠢᠨ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠨᠠᠶ᠋ᠢᠳᠠᠪᠤᠷᠢᠵᠢᠭᠤᠯᠤᠨ᠂ ᠪᠦᠬᠦ ᠣᠷᠣᠨ᠎ᠤ ᠭᠣᠣᠯᠳᠠᠯᠭ᠎ᠠ᠎ᠲᠠᠢ ᠬᠥᠮᠦᠰ᠎ᠤᠨ ᠨᠡᠶ᠋ᠢᠲᠡᠯᠢᠭ ᠬᠡᠯᠡ ᠵᠢ ᠬᠡᠷᠡᠭᠯᠡᠬᠦ ᠴᠢᠳᠠᠪᠤᠷᠢ ᠵᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠵᠢᠨ ᠲᠥᠯᠦᠭᠡ᠂ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ᠂ ᠦᠭᠡ ᠬᠡᠯᠡ ᠦᠰᠦᠭ ᠪᠢᠴᠢᠭ᠎ᠤᠨ ᠠᠵᠢᠯ ᠎ᠤᠨ ᠵᠥᠪᠯᠡᠯ᠎ᠤᠨ ᠠᠯᠪᠠᠨ ᠭᠡᠷ ᠪᠦᠬᠦ ᠣᠷᠣᠨ᠎ᠤ ᠡᠯ᠎ᠡ ᠱᠠᠲᠤᠨ᠎ᠤ ᠪᠠᠶ᠋ᠢᠭᠤᠯᠭ᠎ᠠ ᠵᠢᠨ ᠠᠵᠢᠯᠲᠠᠨ᠎ᠳᠤ ᠬᠠᠨᠳᠤᠭᠤᠯᠤᠨ ᠨᠡᠶ᠋ᠢᠲᠡᠯᠢᠭ ᠬᠡᠯᠡ ᠵᠢ ᠬᠡᠷᠡᠭᠯᠡᠬᠦ ᠴᠢᠳᠠᠪᠤᠷᠢ ᠵᠢ ᠳᠡᠭᠡᠭᠰᠢᠯᠡᠭᠦᠯᠬᠦ ᠰᠦᠯᠵᠢᠶᠡᠨ᠎ᠳᠠᠬᠢ ᠨᠡᠭᠡᠭᠡᠯᠲᠡᠲᠦ ᠮᠠᠶᠢᠭ᠎ᠤᠨ ᠰᠦᠢ᠍ᠳᠬᠡᠯ ᠬᠤᠷᠢᠶᠠᠬᠤ ᠦᠭᠡᠢ ᠪᠣᠯᠪᠠᠰᠤᠷᠠᠯ ᠥᠷᠨᠢᠭᠦᠯᠪᠡ᠃  ᠪᠣᠯᠪᠠᠰᠤᠷᠠᠯ᠎ᠳᠤ ᠣᠷᠣᠯᠴᠠᠬᠤ ᠱᠠᠭ᠋ᠠᠷᠳᠠᠯᠭ᠎ᠠ᠎ᠲᠠᠢ ᠬᠥᠮᠦᠰ ᠳᠣᠣᠷᠠᠬᠢ ᠬᠣᠶᠠᠷ ᠬᠡᠮᠵᠢᠯᠳᠦ ᠺᠣᠳ᠋᠎ᠢ ᠰᠢᠷᠪᠢᠵᠦ ᠳᠠᠩᠰᠠᠯᠠᠭᠤᠯᠤᠨ ᠨᠡᠷ᠎ᠡ ᠮᠡᠳᠡᠭᠦᠯᠵᠦ᠂ 《ᠤᠯᠤᠰ᠎ᠤᠨ  ᠨᠡᠢ᠌ᠲᠡᠯᠢᠭ ᠬᠡᠯᠡ ᠵᠢ ᠤᠷᠤᠰᠤᠮ᠎ᠠ ᠶᠠᠷᠢᠬᠤ》 APP᠎ᠪᠠᠷ ᠳᠠᠮᠵᠢᠭᠤᠯᠤᠨ ᠰᠤᠷᠤᠯᠴᠠᠵᠤ ᠪᠣᠯᠤᠨ᠎ᠠ᠃ ᠲᠤᠰ ᠡᠳᠦᠷ᠎ᠠᠴᠠ ᠡᠬᠢᠯᠡᠨ᠂ ᠨᠡᠷ᠎ᠡ ᠮᠡᠳᠡᠭᠦᠯᠦᠮᠡᠭᠴᠡ ᠰᠤᠷᠴᠤ ᠪᠣᠯᠤᠨ᠎ᠠ᠂ ᠬᠤᠭᠤᠴᠠᠭ᠎ᠠ ᠪᠦᠷᠢ ᠵᠢᠨ ᠰᠤᠷᠤᠯᠴᠠᠬᠤ ᠬᠤᠭᠤᠴᠠᠭ᠎ᠠ 15 ᠡᠳᠦᠷ᠂ ᠨᠢᠭᠡ  ᠬᠥᠮᠦᠨ ᠣᠯᠠᠨ ᠤᠳᠠᠭ᠎ᠠ ᠪᠣᠯᠪᠠᠰᠤᠷᠠᠯ᠎ᠳᠤ ᠣᠷᠣᠯᠴᠠᠵᠤ ᠪᠣᠯᠤᠨ᠎ᠠ᠃
   

 

640.png

  


      ᠪᠣᠯᠪᠠᠰᠤᠷᠠᠯ᠎ᠤᠨ ᠠᠭᠤᠯᠭ᠎ᠠ᠎ᠳᠤ ᠤᠯᠤᠰ᠎ᠤᠨ ᠦᠭᠡ ᠬᠡᠯᠡ ᠦᠰᠦᠭ ᠪᠢᠴᠢᠭ᠎ᠤᠨ ᠲᠥᠷᠥ ᠵᠢᠨ ᠪᠣᠳᠣᠯᠭ᠎ᠠ᠂ ᠨᠡᠶ᠋ᠢᠲᠡᠯᠢᠭ ᠬᠡᠯᠡᠨ᠎ᠤ ᠰᠠᠭᠤᠷᠢ ᠣᠨᠣᠯ᠎ᠤᠨ ᠮᠡᠳᠡᠯᠭᠡ᠂ ᠨᠡᠶ᠋ᠢᠲᠡᠯᠢᠭ ᠬᠡᠯᠡᠨ ᠎ᠤ ᠠᠪᠢᠶᠠᠨ᠎ᠤ ᠮᠡᠳᠡᠯᠭᠡ᠂ ᠨᠡᠶ᠋ᠢᠲᠡᠯᠢᠭ ᠬᠡᠯᠡᠨ᠎ᠤ ᠠᠪᠢᠶᠠᠨ᠎ᠤ ᠪᠣᠯᠪᠠᠰᠤᠷᠠᠯ᠂ ᠨᠡᠶ᠋ᠢᠲᠡᠯᠢᠭ ᠬᠡᠯᠡᠨ᠎ᠤ ᠰᠢᠯᠭ᠋ᠠᠯᠲᠠ ᠵᠢᠨ ᠴᠤᠪᠤᠷᠠᠯ ᠠᠭᠤᠯᠭ᠎ᠠ ᠵᠢᠴᠢ ᠰᠢᠯᠭ᠋ᠠᠯᠲᠠ᠎ᠳᠤ ᠣᠷᠣᠯᠴᠠᠬᠤ ᠤᠷ᠎ᠠ ᠮᠡᠷᠭᠡᠵᠢᠯ᠂ ᠨᠡᠶ᠋ᠢᠲᠡᠯᠢᠭ ᠬᠡᠯᠡᠨ᠎ᠤ ᠳᠠᠭᠤᠷᠢᠶᠠᠮᠠᠯ ᠰᠢᠯᠭ᠋ᠠᠯᠲᠠ ᠵᠡᠷᠭᠡ ᠵᠢ ᠪᠠᠭᠲᠠᠭ᠋ᠠᠨ᠎ᠠ᠃ ᠲᠠᠪᠴᠠᠩ᠎ᠠᠴᠠ  ᠰᠢᠰᠲ᠋ᠧᠮᠵᠢᠭᠦᠯᠦᠭᠰᠡᠨ ᠬᠢᠴᠢᠶᠡᠯ᠎ᠤᠨ ᠰᠤᠷᠤᠯᠴᠠᠯᠭ᠎ᠠ ᠵᠢ ᠬᠠᠩᠭ᠋ᠠᠵᠤ᠂ ᠠᠪᠢᠶ᠎ᠠ ᠵᠢ ᠣᠨᠣᠰᠢᠯᠠᠬᠤ᠂ ᠪᠦᠷᠢᠨ ᠵᠢᠩᠬᠢᠨᠢ ᠰᠣᠷᠢᠯᠲᠠ᠂ ᠬᠥᠲᠥᠯᠪᠦᠷᠢ ᠵᠢ ᠰᠤᠷᠤᠯᠴᠠᠬᠤ᠂ ᠨᠡᠷᠡᠲᠦ ᠪᠠᠭᠰᠢ ᠵᠢᠨ ᠬᠢᠴᠢᠶᠡᠯ᠎ᠤᠨ ᠲᠠᠩᠬᠢᠮ᠂ ᠠᠪᠢᠶᠠᠯᠠᠭ᠎ᠠ ᠵᠢᠨ ᠳᠤᠲᠠᠭᠳᠠᠯ᠎ᠢ ᠵᠠᠯᠠᠷᠠᠭᠤᠯᠬᠤ ᠪᠣᠯᠪᠠᠰᠤᠷᠠᠯ ᠵᠡᠷᠭᠡ ᠬᠡᠰᠡᠭ᠎ᠢ ᠪᠠᠭᠲᠠᠭ᠋ᠠᠵᠤ᠂ ᠪᠣᠯᠪᠠᠰᠤᠷᠠᠭᠤᠯᠤᠯ᠎ᠳᠤ ᠣᠷᠣᠯᠴᠠᠭᠰᠠᠳ ᠲᠤᠰ ᠪᠡᠶ᠎ᠡ ᠵᠢᠨ ᠰᠤᠷᠤᠯᠴᠠᠯᠭ᠎ᠠ ᠵᠢᠨ ᠬᠡᠷᠡᠭᠴᠡᠭᠡ ᠱᠠᠭ᠋ᠠᠷᠳᠠᠯᠭ᠎ᠠ᠎ᠪᠠᠨ ᠦᠨᠳᠦᠰᠦᠯᠡᠨ᠂ ᠬᠡᠰᠡᠭ᠎ᠢ ᠥᠪᠡᠰᠦᠪᠡᠨ ᠰᠣᠩᠭᠣᠵᠤ ᠰᠤᠷᠤᠯᠴᠠᠵᠤ ᠪᠣᠯᠤᠨ᠎ᠠ᠃
      ᠲᠠ ᠨᠡᠢ᠌ᠲᠡᠯᠢᠭ ᠬᠡᠯᠡᠨ᠎ᠤ ᠬᠢᠷᠢ ᠲᠦᠪᠰᠢᠨ ᠵᠶ᠋ᠡᠨ ᠤᠯᠠᠮ ᠨᠢᠭᠡ ᠠᠯᠬᠤᠮ ᠳᠡᠭᠡᠭᠰᠢᠯᠡᠭᠦᠯᠦᠶ᠎ᠡ ᠭᠡᠪᠡᠯ ᠬᠤᠷᠳᠤᠬᠠᠨ ᠣᠷᠣᠯᠴᠠᠭ᠋ᠠᠷᠠᠢ!

 

ᠢᠷᠡᠯᠲᠡ᠄ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠥᠵᠢᠯ᠎ᠤᠨ ᠲᠢᠩᠬᠢᠮ
          
ᠬᠠᠮᠢᠶ᠎ᠡ ᠪᠦᠬᠦᠢ ᠰᠣᠨᠢᠨ
2024 ᠣᠨ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠩ᠎ᠤᠨ ᠶᠡᠬᠡ ᠳᠡᠭᠡᠳᠦ ᠰᠤᠷᠭ᠋ᠠᠭᠤᠯᠢ᠎ᠳᠤ ᠰᠤᠷᠤᠭᠴᠢ ᠡᠯᠰᠡᠬᠦ ᠤᠷᠠᠯᠢᠭ᠎ᠤᠨ ᠲᠥᠷᠥᠯ᠎ᠤᠨ ᠲᠤᠰᠬᠠᠢ ᠮᠡᠷᠭᠡᠵᠢᠯ᠎ᠤᠨ ᠥᠪᠡᠷᠲᠡᠭᠡᠨ ᠵᠠᠰᠠᠬᠤ ᠣᠷᠣᠨ᠎ᠤ ᠨᠢᠭᠡᠳᠦᠯᠲᠡᠢ ᠰᠢᠯᠭ᠋ᠠᠯᠲᠠ ᠵᠢᠨ ᠬᠢᠷᠢ ᠪᠦᠲᠦᠮᠵᠢ ᠵᠢ ᠪᠠᠶ᠋ᠢᠴᠠᠭ᠋ᠠᠨ ᠯᠠᠪᠯᠠᠬᠤ ᠵᠢᠴᠢ ᠬᠢᠷᠢ ᠲᠡᠩᠴᠡᠬᠦ ᠬᠢᠵᠠᠭ᠋ᠠᠷ ᠬᠤᠪᠢ ᠵᠢᠨ ᠲᠤᠬᠠᠢ ᠠᠯᠪᠠᠨ ᠵᠠᠷᠯᠠᠯ
ᠡᠪᠦᠯ᠎ᠤᠨ ᠠᠮᠠᠷᠠᠯᠲᠠ ᠵᠢᠨ ᠬᠤᠭᠤᠴᠠᠭ᠋ᠠᠨ᠎ᠳᠤ ᠨᠢᠳᠦ᠎ᠪᠠᠨ ᠬᠠᠮᠠᠭ᠋ᠠᠯᠠᠬᠤ ᠰᠠᠨᠠᠭᠤᠯᠤᠮᠵᠢ
ᠡᠳᠡᠭᠡᠷ ᠲᠠᠯᠠᠪᠤᠷ᠎ᠤᠨ ᠭᠠᠯ ᠰᠡᠷᠭᠡᠶ᠋ᠢᠯᠡᠬᠦ ᠠᠮᠤᠷ ᠲᠦᠪᠰᠢᠨ᠎ᠳᠤ ᠨᠠᠷᠢᠨ ᠨᠢᠮᠪᠠᠢ ᠬᠠᠨᠳᠤᠬᠤ ᠬᠡᠷᠡᠭᠲᠡᠢ
《ᠤᠨᠲᠠᠯᠭ᠎ᠠ》᠎ᠳᠤ ᠬᠣᠯᠪᠤᠭᠳᠠᠬᠤ ᠠᠩᠬᠠᠷᠤᠭᠤᠰᠢᠲᠠᠢ ᠵᠦᠢ᠍ᠯ ᠄ ᠡᠳᠡᠭᠡᠷ ᠪᠠᠶ᠋ᠢᠷᠢ ᠵᠢᠨ ᠠᠮᠤᠷ ᠲᠦᠪᠰᠢᠨ᠎ᠳᠤ ᠬᠣᠯᠪᠤᠭᠳᠠᠬᠤ ᠠᠩᠬᠠᠷᠬᠤ ᠵᠦᠢ᠍ᠯ᠎ᠢ ᠡᠷᠬᠡᠪᠰᠢ ᠪᠠᠲᠤ ᠴᠡᠭᠡᠵᠢᠯᠡᠬᠦ ᠬᠡᠷᠡᠭᠲᠡᠢ
ᠤᠳᠠᠯ ᠦᠭᠡᠢ ᠰᠤᠷᠭ᠋ᠠᠭᠤᠯᠢ ᠡᠬᠢᠯᠡᠬᠦ ᠭᠡᠵᠦ ᠪᠠᠢ᠌ᠭ᠎ᠠ ᠳᠤᠮᠳᠠᠳᠤ ᠪᠠᠭ᠎ᠠ ᠰᠤᠷᠭ᠋ᠠᠭᠤᠯᠢ᠎ᠳᠤ ᠥᠭᠬᠦ ᠰᠠᠨᠠᠭᠤᠯᠤᠮᠵᠢ
 
             蒙ICP备05000248号