ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠤᠷᠭᠠᠨ ᠬᠦᠮᠦᠵᠢᠯ᠎ᠤᠨ ᠬᠠᠨᠲᠤᠯᠭ᠎ᠠ
ᠰᠣᠨᠤᠷ᠎ᠤᠨ ᠲᠠᠪᠴᠠᠩ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠦᠢᠯᠡᠴᠢᠯᠡᠭᠡ   -   ᠲᠠᠨ᠎ᠳᠤ ᠦᠢᠯᠡᠴᠢᠯᠡᠬᠦ᠌
ᠥᠪᠥᠷ ᠮᠣᠩᠭᠣᠯ 10 ᠵᠤᠷᠪᠤᠰ ᠠᠷᠭ᠎ᠠ ᠬᠡᠮᠵᠢᠶ᠎ᠡ ᠨᠡᠶ᠋ᠢᠲᠡᠯᠡᠵᠦ ᠳᠤᠮᠳᠠᠳᠤ ᠪᠠᠭ᠎ᠠ ᠰᠤᠷᠭ᠋ᠠᠭᠤᠯᠢ ᠵᠢᠨ ᠰᠡᠳᠬᠢᠴᠡ ᠵᠢᠨ ᠡᠷᠡᠭᠦᠯ ᠮᠡᠨᠳᠦ ᠵᠢᠨ ᠬᠥᠮᠦᠵᠢᠯ᠎ᠢ ᠴᠢᠩᠭ᠋ᠠᠳᠬᠠᠪᠠ
ᠨᠡᠶ᠋ᠢᠲᠡᠯᠡᠭᠰᠡᠨ ᠴᠠᠭ᠄ 2023-02-21


      ᠣᠶ᠋ᠢᠷ᠎ᠠ ᠵᠢᠨ ᠵᠢᠯ᠂ ᠥᠪᠥᠷ ᠮᠣᠩᠭᠣᠯ ᠰᠤᠷᠤᠭᠴᠢᠳ᠎ᠤᠨ ᠰᠡᠳᠬᠢᠴᠡ ᠵᠢᠨ ᠡᠷᠡᠭᠦᠯ ᠮᠡᠨᠳᠦ ᠵᠢᠨ ᠬᠥᠮᠦᠵᠢᠯ᠎ᠢ ᠳᠡᠭᠡᠳᠦ ᠰᠤᠷᠭ᠋ᠠᠭᠤᠯᠢ᠂ ᠳᠤᠮᠳᠠᠳᠤ ᠪᠠᠭ᠎ᠠ ᠰᠤᠷᠭ᠋ᠠᠭᠤᠯᠢ ᠵᠢᠨ ᠶᠣᠰᠣ ᠰᠤᠷᠲᠠᠬᠤᠨ᠎ᠤ ᠬᠥᠮᠦᠵᠢᠯ᠎ᠤᠨ ᠠᠵᠢᠯ᠎ᠤᠨ ᠴᠢᠬᠤᠯᠠ ᠠᠭᠤᠯᠭ᠎ᠠ᠎ᠳᠤ ᠣᠷᠣᠭᠤᠯᠵᠤ᠂ ᠬᠡᠪ ᠴᠢᠨᠠᠷ᠎ᠤᠨ ᠰᠤᠷᠭ᠋ᠠᠨ ᠬᠥᠮᠦᠵᠢᠯ᠎ᠢ ᠪᠥᠬᠥ ᠲᠠᠯ᠎ᠠ᠎ᠪᠠᠷ ᠬᠡᠷᠡᠭᠵᠢᠭᠦᠯᠬᠦ ᠵᠢᠨ ᠴᠢᠬᠤᠯᠠ ᠵᠦᠢ᠍ᠯ ᠪᠣᠯᠭ᠋ᠠᠵᠤ᠂ ᠰᠤᠷᠤᠭᠴᠢᠳ᠎ᠤᠨ ᠡᠷᠡᠭᠦᠯ ᠵᠶ᠋ᠠᠷ ᠦᠰᠦᠨ ᠪᠣᠶ᠋ᠢᠵᠢᠬᠤ ᠵᠢ ᠪᠥᠬᠥ ᠬᠦᠴᠦᠨ ᠵᠶ᠋ᠠᠷ ᠵᠶ᠋ᠠᠨ ᠬᠠᠮᠠᠭ᠋ᠠᠯᠠᠵᠤ᠂ ᠶᠣᠰᠣ ᠰᠤᠷᠲᠠᠬᠤᠨ᠎ᠢ ᠪᠣᠢ ᠪᠣᠯᠭ᠋ᠠᠵᠤ ᠬᠥᠮᠦᠨ᠎ᠢ ᠬᠥᠮᠦᠵᠢᠭᠦᠯᠬᠦ ᠦᠨᠳᠦᠰᠦᠨ ᠡᠭᠦᠷᠭᠡ ᠵᠢᠨ ᠨᠠᠶ᠋ᠢᠳᠠᠪᠤᠷᠢᠵᠢᠭᠤᠯᠤᠯᠲᠠ ᠵᠢ ᠠᠬᠢᠭᠤᠯᠪᠠ᠃ ᠣᠶ᠋ᠢᠷ᠎ᠠ᠎ᠳᠤ᠂ ᠣᠳᠣᠬᠠᠨ᠎ᠤ ᠰᠤᠷᠤᠭᠴᠢᠳ᠎ᠤᠨ ᠰᠡᠳᠬᠢᠴᠡ ᠵᠢᠨ ᠡᠷᠡᠭᠦᠯ ᠮᠡᠨᠳᠦ ᠵᠢᠨ ᠪᠠᠶ᠋ᠢᠳᠠᠯ᠎ᠤᠨ ᠬᠤᠪᠢᠷᠠᠯᠲᠠ᠎ᠳᠤ ᠴᠢᠭᠯᠡᠭᠦᠯᠦᠨ᠂ ᠳᠤᠮᠳᠠᠳᠤ ᠪᠠᠭ᠎ᠠ ᠰᠤᠷᠭ᠋ᠠᠭᠤᠯᠢ ᠵᠢᠨ ᠰᠤᠷᠤᠭᠴᠢᠳ᠎ᠤᠨ ᠰᠡᠳᠬᠢᠴᠡ ᠵᠢᠨ ᠡᠷᠡᠭᠦᠯ ᠮᠡᠨᠳᠦ ᠵᠢᠨ ᠠᠵᠢᠯ᠎ᠤᠨ ᠬᠠᠨᠳᠤᠯᠭ᠋ᠠᠲᠤ ᠴᠢᠨᠠᠷ ᠪᠠ ᠪᠦᠲᠦᠮᠵᠢᠲᠦ ᠴᠢᠨᠠᠷ᠎ᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠵᠢᠨ ᠲᠥᠯᠦᠭᠡ᠂ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ 10 ᠵᠤᠷᠪᠤᠰ ᠪᠣᠳᠠᠲᠠᠶ ᠠᠷᠭ᠎ᠠ ᠬᠡᠮᠵᠢᠶ᠎ᠡ ᠵᠢ ᠨᠡᠶ᠋ᠢᠲᠡᠯᠡᠵᠦ᠂ ᠳᠤᠮᠳᠠᠳᠤ ᠪᠠᠭ᠎ᠠ ᠰᠤᠷᠭ᠋ᠠᠭᠤᠯᠢ ᠵᠢᠨ ᠰᠡᠳᠬᠢᠴᠡ ᠵᠢᠨ ᠡᠷᠡᠭᠦᠯ ᠮᠡᠨᠳᠦ ᠵᠢᠨ ᠬᠥᠮᠦᠵᠢᠯ᠎ᠤᠨ ᠠᠵᠢᠯ᠎ᠢ ᠤᠯᠠᠮ ᠨᠢᠭᠡ ᠠᠯᠬᠤᠮ ᠲᠣᠳᠣᠷᠬᠠᠶ᠋ᠢᠯᠠᠨ ᠴᠢᠩᠭ᠋ᠠᠳᠬᠠᠪᠠ᠃
      ᠨᠢᠭᠡ᠎ᠳᠤ᠂ ᠳᠤᠮᠳᠠᠳᠤ ᠪᠠᠭ᠎ᠠ ᠰᠤᠷᠭ᠋ᠠᠭᠤᠯᠢ ᠵᠢᠨ ᠰᠡᠳᠬᠢᠴᠡ ᠵᠢᠨ ᠡᠷᠡᠭᠦᠯ ᠮᠡᠨᠳᠦ ᠵᠢᠨ ᠲᠠᠰ ᠬᠤᠪᠢᠶᠠᠭᠰᠠᠨ ᠠᠵᠢᠯ᠎ᠤᠨ ᠲᠣᠭᠲᠠᠴᠠ ᠵᠢ ᠪᠠᠢ᠌ᠭᠤᠯᠪᠠ᠃ ᠡᠯ᠎ᠡ ᠭᠠᠵᠠᠷ ᠡᠯ᠎ᠡ ᠠᠶ᠋ᠢᠮᠠᠭ ᠬᠣᠲᠠ ᠰᠡᠳᠬᠢᠴᠡ ᠵᠢ ᠬᠠᠪᠰᠤᠷᠤᠨ ᠵᠢᠯᠣᠭᠣᠳᠬᠤ ᠥᠷᠲᠡᠭᠡ ᠪᠠᠢ᠌ᠭᠤᠯᠤᠨ᠂ ᠬᠣᠰᠢᠭᠤ ᠰᠢᠶᠠᠨ (ᠬᠣᠲᠠ᠂ ᠲᠣᠭᠣᠷᠢᠭ) ᠰᠡᠳᠬᠢᠴᠡ ᠵᠢ ᠬᠠᠪᠰᠤᠷᠤᠨ ᠵᠢᠯᠣᠭᠣᠳᠬᠤ ᠲᠥᠪ ᠪᠠᠶ᠋ᠢᠭᠤᠯᠵᠤ᠂ ᠳᠤᠮᠳᠠᠳᠤ ᠪᠠᠭ᠎ᠠ ᠰᠤᠷᠭ᠋ᠠᠭᠤᠯᠢ᠎ᠳᠤ ᠰᠡᠳᠬᠢᠴᠡ ᠵᠢᠨ ᠬᠥᠮᠦᠵᠢᠯ ᠪᠣᠯᠤᠨ ᠵᠥᠪᠯᠡᠯᠭᠡ ᠥᠭᠬᠦ ᠡᠭᠦᠷᠭᠡ ᠴᠢᠳᠠᠮᠵᠢᠲᠤ ᠪᠠᠶ᠋ᠢᠭᠤᠯᠤᠮᠵᠢ ᠵᠢ ᠪᠠᠶ᠋ᠢᠭᠤᠯᠵᠤ᠂ ᠥᠪᠡᠷᠲᠡᠭᠡᠨ ᠵᠠᠰᠠᠬᠤ ᠣᠷᠣᠨ᠎ᠠᠴᠠ ᠨᠢᠭᠡᠳᠦᠯᠲᠡᠶ ᠲᠥᠯᠥᠪᠯᠡᠬᠦ᠂ ᠠᠶ᠋ᠢᠮᠠᠭ ᠬᠣᠲᠠ ᠵᠢᠨ ᠰᠡᠳᠬᠢᠴᠡ ᠵᠢ ᠬᠠᠪᠰᠤᠷᠤᠨ ᠵᠢᠯᠣᠭᠣᠳᠬᠤ ᠥᠷᠲᠡᠭᠡ ᠲᠦᠷᠦᠭᠦᠯᠡᠨ ᠬᠢᠬᠦ᠂ ᠬᠣᠰᠢᠭᠤ ᠰᠢᠶᠠᠨ᠎ᠤ ᠰᠡᠳᠬᠢᠴᠡ ᠵᠢ ᠬᠠᠪᠰᠤᠷᠤᠨ ᠵᠢᠯᠣᠭᠣᠳᠬᠤ ᠲᠥᠪ᠎ᠠᠴᠠ ᠵᠢᠯᠣᠭᠣᠳᠬᠤ᠂ ᠰᠤᠷᠭ᠋ᠠᠭᠤᠯᠢ ᠵᠢᠨ ᠰᠡᠳᠬᠢᠴᠡ ᠵᠢᠨ ᠰᠠᠯᠠᠭ᠎ᠠ ᠮᠥᠴᠢᠷ᠎ᠤᠨ᠎ᠬᠢᠨ ᠬᠡᠷᠡᠭᠵᠢᠭᠦᠯᠬᠦ᠂ ᠠᠩᠭᠢ ᠪᠠ ᠪᠠᠶ᠋ᠢᠷᠢ ᠵᠢᠨ ᠵᠠᠩᠭᠢᠴᠢᠨ ᠤᠷᠢᠳᠴᠢᠯᠠᠨ ᠰᠡᠷᠡᠮᠵᠢᠯᠡᠭᠦᠯᠬᠦ ᠵᠡᠷᠭᠡ ᠱᠠᠲᠤ ᠬᠤᠪᠢᠶᠠᠨ ᠠᠵᠢᠯᠯᠠᠬᠤ ᠲᠣᠭᠲᠠᠴᠠ ᠵᠢ ᠪᠠᠶ᠋ᠢᠭᠤᠯᠬᠤ ᠬᠡᠷᠡᠭᠲᠡᠶ ᠭᠡᠵᠦ ᠱᠠᠭ᠋ᠠᠷᠳᠠᠪᠠ᠃
      ᠬᠣᠶᠠᠷ᠎ᠲᠤ᠂ ᠳᠤᠮᠳᠠᠳᠤ ᠪᠠᠭ᠎ᠠ ᠰᠤᠷᠭ᠋ᠠᠭᠤᠯᠢ ᠵᠢᠨ ᠰᠤᠷᠤᠭᠴᠢᠳ᠎ᠤᠨ ᠬᠥᠭᠵᠢᠯᠲᠡ ᠵᠢ ᠵᠢᠯᠣᠭᠣᠳᠬᠤ ᠲᠥᠪ᠎ᠢ ᠵᠢᠷᠤᠮᠵᠢᠭᠤᠯᠤᠨ ᠪᠠᠢ᠌ᠭᠤᠯᠪᠠ᠃ ᠳᠤᠮᠳᠠᠳᠤ ᠪᠠᠭ᠎ᠠ ᠰᠤᠷᠭ᠋ᠠᠭᠤᠯᠢ ᠵᠢᠨ ᠰᠤᠷᠭ᠋ᠠᠭᠤᠯᠢ ᠵᠢᠨ ᠲᠡᠰ᠎ᠤᠨ ᠰᠡᠳᠬᠢᠴᠡ ᠵᠢᠨ ᠬᠥᠮᠦᠵᠢᠯ ᠪᠣᠯᠤᠨ ᠵᠥᠪᠯᠡᠯᠭᠡ ᠥᠭᠬᠦ ᠪᠠᠶ᠋ᠢᠭᠤᠯᠤᠮᠵᠢ᠎ᠠᠴᠠ 《ᠰᠤᠷᠤᠭᠴᠢᠳ᠎ᠤᠨ ᠬᠥᠭᠵᠢᠯᠲᠡ ᠵᠢᠨ ᠵᠢᠯᠣᠭᠣᠳᠬᠤ ᠲᠥᠪ》᠎ᠢ ᠲᠣᠳᠣᠷᠬᠠᠢ ᠲᠣᠭᠲᠠᠭ᠋ᠠᠬᠤ ᠵᠢᠨ ᠬᠠᠮᠲᠤ ᠱᠠᠭ᠋ᠠᠷᠳᠠᠯᠭ᠎ᠠ ᠶᠣᠰᠤ᠎ᠪᠠᠷ ᠰᠡᠳᠬᠢᠴᠡ ᠵᠢᠨ ᠬᠥᠮᠦᠵᠢᠯ ᠪᠣᠯᠤᠨ ᠵᠥᠪᠯᠡᠯᠭᠡ ᠥᠭᠬᠦ ᠵᠡᠷᠭᠡ ᠠᠵᠢᠯ᠎ᠢ ᠲᠣᠭᠲᠠᠮᠠᠯ ᠬᠤᠭᠤᠴᠠᠭ᠎ᠠ᠎ᠲᠠᠢ ᠥᠷᠨᠢᠭᠦᠯᠪᠡ᠃
      ᠭᠤᠷᠪᠠ᠎ᠳᠤ᠂ ᠰᠡᠳᠬᠢᠴᠡ ᠵᠢᠨ ᠡᠷᠡᠭᠦᠯ ᠮᠡᠨᠳᠦ ᠵᠢᠨ ᠬᠥᠮᠦᠵᠢᠯ᠎ᠤᠨ ᠬᠢᠴᠢᠶᠡᠯ᠎ᠤᠨ ᠴᠠᠭ᠎ᠢ ᠤᠯᠠᠮ ᠨᠢᠭᠡ ᠠᠯᠬᠤᠮ ᠲᠣᠳᠤᠷᠬᠠᠢ᠌ᠯᠠᠪᠠ᠃ ᠡᠯ᠎ᠡ ᠭᠠᠵᠠᠷ᠎ᠤᠨ ᠡᠯ᠎ᠡ ᠰᠤᠷᠭ᠋ᠠᠭᠤᠯᠢ 《ᠬᠤᠤᠰ ᠭᠠᠷᠠᠭ᠎ᠲᠤ 1 ᠬᠢᠴᠢᠶᠡᠯ᠎ᠤᠨ ᠴᠠᠭ》᠎ᠤᠨ ᠪᠠᠷᠢᠮᠵᠢᠶ᠎ᠠ ᠵᠢ ᠴᠢᠩᠭ᠎ᠠ ᠨᠠᠶ᠋ᠢᠳᠠᠪᠤᠷᠢᠵᠢᠭᠤᠯᠵᠤ᠂ ᠪᠡᠶ᠎ᠡ ᠵᠢᠨ ᠲᠠᠮᠢᠷ ᠪᠣᠯᠤᠨ ᠡᠷᠡᠭᠦᠯ ᠮᠡᠨᠳᠦ᠂ ᠠᠩᠭᠢ ᠪᠠ ᠪᠦᠯᠬᠦᠮ᠎ᠤᠨ ᠠᠵᠢᠯᠯᠠᠭ᠎ᠠ᠂ ᠣᠷᠣᠨ ᠨᠤᠲᠤᠭ ᠪᠠ ᠰᠤᠷᠭ᠋ᠠᠭᠤᠯᠢ ᠵᠢᠨ ᠬᠢᠴᠢᠶᠡᠯ᠂ ᠶᠡᠷᠦᠩᠬᠡᠶ᠋ᠢᠯᠡᠭᠰᠡᠨ ᠦᠢ᠍ᠯᠡᠳᠦᠯᠭᠡ ᠵᠢᠨ ᠠᠵᠢᠯᠯᠠᠭ᠋ᠠᠨ᠎ᠤ ᠬᠢᠴᠢᠶᠡᠯ᠎ᠳᠤ ᠰᠡᠳᠬᠢᠴᠡ ᠵᠢᠨ ᠡᠷᠡᠭᠦᠯ ᠮᠡᠨᠳᠦ ᠵᠢᠨ ᠬᠥᠮᠦᠵᠢᠯ᠎ᠤᠨ ᠬᠢᠴᠢᠶᠡᠯ᠎ᠤᠨ ᠲᠤᠰᠬᠠᠶ ᠬᠢᠴᠢᠶᠡᠯ᠎ᠤᠨ ᠴᠠᠭ᠎ᠢ ᠨᠠᠶ᠋ᠢᠳᠠᠪᠤᠷᠢᠵᠢᠭᠤᠯᠬᠤ ᠬᠡᠷᠡᠭᠲᠡᠶ᠃ ᠠᠳᠠᠭ᠎ᠲᠤ᠎ᠪᠠᠨ 1 ᠲᠥᠷᠥᠯ᠎ᠤᠨ ᠰᠡᠳᠬᠢᠴᠡ ᠵᠢᠨ ᠡᠷᠡᠭᠦᠯ ᠮᠡᠨᠳᠦ ᠵᠢᠨ ᠬᠥᠮᠦᠵᠢᠯ᠎ᠤᠨ ᠰᠤᠷᠭ᠋ᠠᠭᠤᠯᠢ ᠵᠢᠨ ᠬᠢᠴᠢᠶᠡᠯ᠎ᠢ ᠢᠳᠡᠪᠬᠢᠲᠡᠶ ᠨᠡᠭᠡᠭᠡᠨ ᠬᠥᠭᠵᠢᠭᠦᠯᠵᠦ᠂ ᠠᠳᠠᠭ᠎ᠲᠤ᠎ᠪᠠᠨ 1 ᠵᠦᠢ᠍ᠯ᠎ᠤᠨ ᠰᠡᠳᠬᠢᠴᠡ ᠵᠢᠨ ᠡᠷᠡᠭᠦᠯ ᠮᠡᠨᠳᠦ ᠵᠢᠨ ᠪᠠᠭᠰᠢ ᠵᠢᠯᠣᠭᠣᠳᠤᠭᠰᠠᠨ ᠰᠤᠷᠤᠭᠴᠢᠳ᠎ᠤᠨ ᠨᠡᠶ᠋ᠢᠭᠡᠮᠯᠢᠭ᠎ᠢ ᠵᠣᠬᠢᠶᠠᠨ ᠪᠠᠢ᠌ᠭᠤᠯᠬᠤ ᠬᠡᠷᠡᠭᠲᠡᠢ ᠭᠡᠵᠦ ᠱᠠᠭ᠋ᠠᠷᠳᠠᠪᠠ᠃
      ᠳᠥᠷᠪᠡ᠎ᠳᠤ᠂ ᠰᠡᠳᠬᠢᠴᠡ ᠵᠢᠨ ᠡᠷᠡᠭᠦᠯ ᠮᠡᠨᠳᠦ ᠵᠢᠨ ᠬᠥᠮᠦᠵᠢᠯ᠎ᠤᠨ ᠪᠠᠭᠰᠢ ᠵᠢᠨ ᠡᠩᠨᠡᠭᠡ ᠵᠢ ᠲᠡᠭᠦᠯᠳᠡᠷᠵᠢᠭᠦᠯᠦᠨ ᠴᠢᠩᠭ᠋ᠠᠳᠬᠠᠪᠠ᠃ ᠡᠯ᠎ᠡ ᠠᠶ᠋ᠢᠮᠠᠭ ᠬᠣᠲᠠ ᠵᠢᠨ ᠰᠡᠳᠬᠢᠴᠡ ᠵᠢ ᠬᠠᠪᠰᠤᠷᠤᠨ ᠵᠢᠯᠣᠭᠣᠳᠬᠤ ᠥᠷᠲᠡᠭᠡ᠂ ᠬᠣᠰᠢᠭᠤ ᠰᠢᠶᠠᠨ (ᠬᠣᠲᠠ᠂ ᠲᠣᠭᠣᠷᠢᠭ)᠎ᠤ ᠰᠡᠳᠬᠢᠴᠡ ᠵᠢ ᠬᠠᠪᠰᠤᠷᠤᠨ ᠵᠢᠯᠣᠭᠣᠳᠬᠤ ᠲᠥᠪ᠎ᠲᠤ ᠠᠳᠠᠭ᠎ᠲᠤ᠎ᠪᠠᠨ 1 ᠲᠤᠰᠬᠠᠶ ᠰᠡᠳᠬᠢᠴᠡ ᠵᠢᠨ ᠵᠢᠭ᠋ᠠᠬᠤ ᠵᠢ ᠰᠤᠳᠤᠯᠤᠭᠴᠢ ᠵᠢ ᠳᠣᠭᠢᠷᠠᠭᠤᠯᠵᠤ᠂ ᠡᠯ᠎ᠡ ᠳᠤᠮᠳᠠᠳᠤ ᠪᠠᠭ᠎ᠠ ᠰᠤᠷᠭ᠋ᠠᠭᠤᠯᠢ᠎ᠳᠤ ᠠᠳᠠᠭ᠎ᠲᠤ᠎ᠪᠠᠨ 1 ᠲᠤᠰᠬᠠᠶ ᠰᠡᠳᠬᠢᠴᠡ ᠵᠢᠨ ᠡᠷᠡᠭᠦᠯ ᠮᠡᠨᠳᠦ ᠵᠢᠨ ᠪᠠᠭᠰᠢ ᠵᠢ ᠲᠣᠬᠢᠷᠠᠭᠤᠯᠤᠨ᠂ ᠬᠡᠪᠴᠢᠶ᠎ᠡ᠎ᠪᠠᠷ ᠨᠡᠯᠢᠶᠡᠳ ᠶᠡᠬᠡ ᠰᠤᠷᠭ᠋ᠠᠭᠤᠯᠢ᠎ᠳᠤ ᠪᠠᠭᠰᠢ ᠰᠣᠷᠣᠭᠴᠢ 1᠄ 1000 ᠵᠢᠨ ᠬᠠᠷᠢᠴᠠᠯ ᠵᠶ᠋ᠠᠷ ᠲᠤᠰᠬᠠᠶ ᠰᠡᠳᠬᠢᠴᠡ ᠵᠢᠨ ᠡᠷᠡᠭᠦᠯ ᠮᠡᠨᠳᠦ ᠵᠢᠨ ᠪᠠᠭᠰᠢ ᠵᠢ ᠳᠣᠭᠢᠷᠠᠭᠤᠯᠬᠤ ᠬᠡᠷᠡᠭᠲᠡᠶ ᠭᠡᠵᠦ ᠱᠠᠭ᠋ᠠᠷᠳᠠᠪᠠ᠃
      ᠲᠠᠪᠤ᠎ᠳᠤ᠂ ᠰᠡᠳᠬᠢᠴᠡ ᠵᠢᠨ ᠡᠷᠡᠭᠦᠯ ᠮᠡᠨᠳᠦ ᠵᠢᠨ ᠪᠠᠭᠰᠢ ᠵᠢᠨ ᠪᠣᠯᠪᠠᠰᠤᠷᠠᠭᠤᠯᠤᠯ᠎ᠢ ᠦᠷᠭᠦᠯᠵᠢᠯᠡᠨ ᠰᠠᠶ᠋ᠢᠲᠤᠷ ᠬᠢᠪᠡ᠃ ᠰᠡᠳᠬᠢᠴᠡ ᠵᠢᠨ ᠡᠷᠡᠭᠦᠯ ᠮᠡᠨᠳᠦ ᠵᠢᠨ ᠪᠠᠭᠰᠢ ᠵᠢᠨ ᠪᠣᠯᠪᠠᠰᠤᠷᠠᠭᠤᠯᠤᠯ᠎ᠢ ᠪᠠᠭᠰᠢ ᠵᠢᠨ ᠪᠣᠯᠪᠠᠰᠤᠷᠠᠭᠤᠯᠤᠯ᠎ᠤᠨ ᠪᠦᠬᠦᠯᠢ ᠴᠣᠭᠴᠠ ᠵᠢᠨ ᠲᠥᠯᠥᠪᠯᠡᠭᠡ᠎ᠳᠤ ᠣᠷᠣᠭᠤᠯᠤᠨ ᠲᠠᠰ ᠪᠠ ᠲᠥᠷᠥᠯ ᠬᠤᠪᠢᠶᠠᠨ ᠪᠣᠯᠪᠠᠰᠤᠷᠠᠭᠤᠯᠬᠤ ᠵᠢ ᠬᠡᠷᠡᠭᠵᠢᠭᠦᠯᠵᠦ᠂ ᠰᠡᠳᠬᠢᠴᠡ ᠵᠢᠨ ᠡᠷᠡᠭᠦᠯ ᠮᠡᠨᠳᠦ ᠵᠢᠨ ᠪᠠᠭᠰᠢ ᠵᠢᠨ 《ᠭᠤᠷᠪᠠᠨ ᠵᠢᠯ᠎ᠳᠤ ᠨᠢᠭᠡ ᠦᠶᠡᠯᠡᠯ》 ᠵᠶ᠋ᠠᠷ ᠪᠥᠬᠥ ᠠᠵᠢᠯᠲᠠᠨ᠎ᠢ ᠡᠭᠡᠯᠵᠢᠯᠡᠨ ᠪᠣᠯᠪᠠᠰᠤᠷᠠᠭᠤᠯᠬᠤ ᠲᠦᠷᠢᠮ᠎ᠢ ᠪᠠᠶ᠋ᠢᠭᠤᠯᠬᠤ ᠬᠡᠷᠡᠭᠲᠡᠶ᠃ ᠪᠥᠬᠥ ᠣᠷᠣᠨ᠎ᠤ ᠳᠡᠭᠡᠳᠦ ᠰᠤᠷᠭ᠋ᠠᠭᠤᠯᠢ᠂ ᠳᠤᠮᠳᠠᠳᠤ ᠪᠠᠭ᠎ᠠ ᠰᠤᠷᠭ᠋ᠠᠭᠤᠯᠢ ᠵᠢᠨ ᠰᠡᠳᠬᠢᠴᠡ ᠵᠢᠨ ᠡᠷᠡᠭᠦᠯ ᠮᠡᠨᠳᠦ ᠵᠢᠨ ᠬᠥᠮᠦᠵᠢᠯ᠎ᠤᠨ ᠨᠡᠶ᠋ᠢᠲᠡ ᠵᠢᠨ ᠠᠰᠠᠷᠠᠮᠵᠢ ᠵᠢᠨ ᠰᠦᠯᠵᠢᠶᠡᠨ᠎ᠳᠠᠬᠢ 《ᠰᠡᠳᠬᠢᠯ᠎ᠢ ᠳᠤᠯᠠᠭ᠋ᠠᠴᠠᠭᠤᠯᠬᠤ ᠶᠠᠷᠢᠶᠠᠨ᠎ᠤ ᠳᠠᠪᠴᠠᠩ》᠎ᠢ ᠰᠠᠶ᠋ᠢᠲᠤᠷ   ᠬᠡᠷᠡᠭᠯᠡᠬᠦ ᠬᠡᠷᠡᠭᠲᠡᠢ ᠭᠡᠵᠢ ᠱᠠᠭ᠋ᠠᠷᠳᠠᠪᠠ᠃
      ᠵᠢᠷᠭᠤᠭ᠎ᠠ᠎ᠳᠤ᠂ ᠵᠠᠯᠠᠭᠤᠴᠤᠳ ᠪᠠᠭ᠋ᠠᠴᠤᠳ᠎ᠤᠨ ᠰᠡᠳᠬᠢᠴᠡ ᠵᠢᠨ ᠬᠢᠮᠤᠷᠠᠯ᠎ᠢ ᠰᠡᠷᠭᠡᠶ᠋ᠢᠯᠡᠬᠦ ᠪᠠ ᠬᠠᠮᠢᠶᠠᠷᠤᠨ ᠲᠠᠨᠢᠯᠴᠠᠭᠤᠯᠬᠤ ᠲᠦᠷᠢᠮ᠎ᠢ ᠲᠡᠭᠦᠯᠳᠡᠷᠵᠢᠭᠦᠯᠪᠡ᠃ ᠰᠤᠷᠭ᠋ᠠᠭᠤᠯᠢ ᠵᠢ ᠰᠡᠳᠬᠢᠴᠡ ᠵᠢᠨ ᠬᠢᠮᠤᠷᠠᠯ᠎ᠢ ᠰᠡᠷᠭᠡᠶ᠋ᠢᠯᠡᠬᠦ᠂ ᠬᠠᠮᠢᠶᠠᠷᠬᠤ ᠪᠠ ᠰᠢᠯᠵᠢᠭᠦᠯᠦᠨ ᠲᠠᠨᠢᠯᠴᠠᠭᠤᠯᠬᠤ ᠳᠦᠷᠢᠮ᠎ᠢ ᠪᠠᠶ᠋ᠢᠭᠤᠯᠤᠨ ᠲᠡᠭᠦᠯᠳᠡᠷᠵᠢᠭᠦᠯᠬᠦ ᠬᠡᠷᠡᠭᠲᠡᠢ᠃ ᠬᠣᠰᠢᠭᠤ ᠰᠢᠶᠠᠨ (ᠬᠣᠲᠠ᠂ ᠲᠣᠭᠣᠷᠢᠭ)᠎ᠤ ᠰᠤᠷᠭ᠋ᠠᠨ ᠬᠥᠮᠦᠵᠢᠯ᠎ᠤᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠤᠨ᠎ᠬᠢᠨ ᠵᠢᠯ ᠪᠦᠷᠢ ᠨᠢᠭᠡ ᠤᠳᠠᠭ᠎ᠠ ᠪᠦᠬᠦᠨ᠎ᠢ ᠬᠠᠮᠤᠷᠤᠭᠰᠠᠨ ᠰᠡᠳᠬᠢᠴᠡ ᠵᠢᠨ ᠡᠷᠡᠭᠦᠯ ᠮᠡᠨᠳᠦ ᠵᠢ ᠬᠢᠨᠠᠨ ᠲᠣᠭᠲᠠᠭ᠋ᠠᠬᠤ ᠠᠵᠢᠯ᠎ᠢ ᠵᠣᠬᠢᠶᠠᠨ ᠪᠠᠢ᠌ᠭᠤᠯᠬᠤ ᠬᠡᠷᠡᠭᠲᠡᠢ᠃ ᠰᠤᠷᠭ᠋ᠠᠭᠤᠯᠢ ᠪᠣᠯᠤᠨ ᠲᠤᠰᠬᠠᠶ ᠡᠮᠴᠢᠯᠡᠭᠡᠨ᠎ᠤ ᠪᠠᠶ᠋ᠢᠭᠤᠯᠤᠮᠵᠢ ᠵᠢᠨ ᠬᠠᠮᠵᠢᠯᠴᠠᠭ᠎ᠠ ᠵᠢ ᠴᠢᠩᠭ᠋ᠠᠳᠬᠠᠵᠤ᠂ 《ᠰᠠᠭ᠋ᠠᠳ ᠥᠬᠡᠶ ᠨᠡᠪᠲᠡᠷᠡᠬᠦ ᠵᠠᠮ》᠎ᠢ ᠪᠠᠢ᠌ᠭᠤᠯᠬᠤ ᠬᠡᠷᠡᠭᠲᠡᠢ ᠭᠡᠵᠦ     ᠱᠠᠭ᠋ᠠᠷᠳᠠᠪᠠ᠃
      ᠲᠤᠯᠤᠭ᠎ᠠ᠎ᠳᠤ᠂ ᠳᠡᠭᠡᠳᠦ ᠰᠤᠷᠭ᠋ᠠᠭᠤᠯᠢ᠎ᠠᠴᠠ ᠳᠤᠮᠳᠠᠳᠤ ᠪᠠᠭ᠎ᠠ ᠰᠤᠷᠭ᠋ᠠᠭᠤᠯᠢ ᠵᠢ ᠠᠵᠢᠯ ᠲᠦᠷᠦᠯ ᠵᠶ᠋ᠠᠷ ᠳᠡᠮᠵᠢᠬᠦ ᠲᠣᠭᠲᠠᠴᠠ ᠵᠢ ᠲᠡᠭᠦᠯᠳᠡᠷᠵᠢᠭᠦᠯᠪᠡ᠃ ᠤᠶᠤᠲᠠᠳ᠎ᠤᠨ ᠰᠡᠳᠬᠢᠴᠡ ᠵᠢᠨ ᠡᠷᠡᠭᠦᠯ ᠮᠡᠨᠳᠦ ᠵᠢᠨ ᠬᠥᠮᠦᠵᠢᠯ᠎ᠤᠨ 15 ᠳᠠᠭᠤᠷᠢᠶᠠᠯ ᠦᠵᠡᠭᠦᠯᠬᠦ ᠲᠥᠪ᠎ᠲᠤ ᠲᠦᠰᠢᠭᠯᠡᠨ 12 ᠠᠶ᠋ᠢᠮᠠᠭ ᠬᠣᠲᠠ ᠪᠠ 2   ᠳᠤᠰᠠᠭ᠋ᠠᠷ ᠲᠥᠯᠦᠪᠯᠡᠭᠡᠲᠦ ᠬᠣᠲᠠ ᠵᠢᠨ ᠳᠤᠮᠳᠠᠳᠤ ᠪᠠᠭ᠎ᠠ ᠰᠤᠷᠭ᠋ᠠᠭᠤᠯᠢ ᠵᠢ ᠠᠵᠢᠯ ᠲᠥᠷᠥᠯ ᠵᠶ᠋ᠠᠷ ᠲᠤᠰᠠᠯᠠᠵᠤ᠂ ᠪᠠᠭᠰᠢ ᠵᠢᠨ ᠡᠩᠨᠡᠭᠡᠨ᠎ᠤ ᠪᠣᠯᠪᠠᠰᠤᠷᠠᠭᠤᠯᠤᠯ᠂ ᠲᠥᠬᠥᠭᠡᠷᠦᠮᠵᠢ ᠵᠢᠨ ᠡᠬᠢ ᠪᠠᠶᠠᠯᠢᠭ᠎ᠤᠨ ᠪᠠᠶ᠋ᠢᠭᠤᠯᠤᠯᠲᠠ᠂ ᠰᠡᠳᠬᠢᠴᠡ ᠵᠢᠨ ᠡᠷᠡᠭᠦᠯ ᠮᠡᠨᠳᠦ ᠵᠢᠨ ᠠᠵᠢᠯᠯᠠᠭ᠎ᠠ ᠵᠡᠷᠭᠡ ᠲᠠᠯ᠎ᠠ᠎ᠪᠠᠷ᠎ᠬᠢ ᠡᠬᠢ ᠪᠠᠶᠠᠯᠢᠭ᠎ᠢ ᠬᠠᠷᠢᠯᠴᠠᠨ   ᠨᠡᠪᠲᠡᠷᠡᠭᠦᠯᠬᠦ᠂ ᠬᠠᠮᠲᠤᠷᠠᠨ ᠬᠤᠪᠢᠶᠠᠯᠴᠠᠨ ᠡᠳ᠋ᠯᠡᠬᠦ ᠵᠢ ᠪᠡᠶᠡᠯᠡᠭᠦᠯᠪᠡ᠃
      ᠨᠠᠢ᠍ᠮᠠ᠎ᠳᠤ᠂ ᠰᠡᠳᠬᠢᠴᠡ ᠵᠢᠨ ᠡᠷᠡᠭᠦᠯ ᠮᠡᠨᠳᠦ ᠵᠢᠨ ᠬᠥᠮᠦᠵᠢᠯ᠎ᠤᠨ ᠣᠨᠴᠠᠯᠢᠭᠲᠤ ᠰᠤᠷᠭ᠋ᠠᠭᠤᠯᠢ ᠪᠠ ᠨᠠᠷᠠᠲᠤ ᠪᠠᠭᠰᠢ ᠵᠢᠨ ᠠᠵᠢᠯᠯᠠᠬᠤ ᠲᠠᠰᠤᠭ᠎ᠢ ᠪᠠᠢ᠌ᠭᠤᠯᠬᠤ ᠠᠵᠢᠯᠯᠠᠭ᠎ᠠ ᠥᠷᠨᠢᠭᠦᠯᠪᠡ᠃ ᠰᠡᠳᠬᠢᠴᠡ ᠵᠢᠨ ᠡᠷᠡᠭᠦᠯ ᠮᠡᠨᠳᠦ ᠵᠢᠨ ᠬᠥᠮᠦᠵᠢᠯ᠎ᠤᠨ ᠣᠨᠴᠠᠯᠢᠭᠲᠤ ᠰᠤᠷᠭ᠋ᠠᠭᠤᠯᠢ ᠵᠢ ᠡᠭᠦᠳᠦᠨ ᠪᠠᠶ᠋ᠢᠭᠤᠯᠬᠤ ᠠᠵᠢᠯᠯᠠᠭ᠎ᠠ ᠥᠷᠨᠢᠭᠦᠯᠪᠡ᠃ ᠳᠤᠮᠳᠠᠳᠤ ᠪᠠᠭ᠎ᠠ ᠰᠤᠷᠭ᠋ᠠᠭᠤᠯᠢ᠎ᠳᠤ ᠬᠠᠨᠳᠤᠭᠤᠯᠤᠨ ᠰᠡᠳᠬᠢᠴᠡ ᠵᠢᠨ ᠡᠷᠡᠭᠦᠯ ᠮᠡᠨᠳᠦ ᠵᠢᠨ ᠬᠥᠮᠦᠵᠢᠯ᠎ᠤᠨ 《ᠨᠠᠷᠠᠲᠤ ᠪᠠᠭᠰᠢ ᠵᠢᠨ ᠠᠵᠢᠯᠯᠠᠬᠤ ᠲᠠᠰᠤᠭ》᠎ᠢ ᠪᠠᠢ᠌ᠭᠤᠯᠬᠤ ᠠᠵᠢᠯᠯᠠᠭ᠎ᠠ ᠥᠷᠨᠢᠭᠦᠯᠪᠡ᠃
      ᠶᠢᠰᠦ᠎ᠳᠤ᠂ ᠭᠡᠷ ᠪᠦᠯᠢ ᠰᠤᠷᠭ᠋ᠠᠭᠤᠯᠢ ᠨᠡᠶ᠋ᠢᠭᠡᠮ᠎ᠤᠨ ᠬᠠᠮᠵᠢᠯᠴᠠᠭ᠋ᠠᠨ᠎ᠤ ᠠᠵᠢᠯ᠎ᠤᠨ ᠲᠣᠭᠲᠠᠴᠠ ᠵᠢ ᠢᠳᠡᠪᠬᠢᠲᠡᠢ ᠪᠠᠢ᠌ᠭᠤᠯᠪᠠ᠃ ᠰᠤᠷᠭ᠋ᠠᠭᠤᠯᠢ᠎ᠠᠴᠠ ᠬᠡᠷ᠎ᠤᠨ ᠰᠤᠷᠪᠤᠯᠵᠢᠯᠠᠭ᠎ᠠ ᠵᠢᠨ ᠲᠦᠷᠢᠮ᠎ᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠬᠡᠷ᠎ᠤᠨ ᠠᠬᠠᠮᠠᠳ᠎ᠤᠨ ᠰᠤᠷᠭ᠋ᠠᠭᠤᠯᠢ ᠵᠢ ᠡᠷᠭᠢᠯᠡᠨ᠂ ᠰᠤᠷᠤᠯᠭ᠎ᠠ ᠵᠢᠨ ᠬᠤᠭᠤᠴᠠᠭ᠎ᠠ ᠪᠦᠷᠢ ᠬᠡᠷ᠎ᠤᠨ ᠠᠬᠠᠮᠠᠳ᠎ᠲᠤ ᠠᠳᠠᠭ᠎ᠳᠤ᠎ᠪᠠᠨ 1 ᠤᠳᠠᠭ᠎ᠠ ᠲᠤᠰᠬᠠᠶ ᠰᠡᠳᠦᠪᠲᠦ ᠰᠡᠳᠬᠢᠴᠡ ᠵᠢᠨ ᠡᠷᠡᠭᠦᠯ ᠮᠡᠨᠳᠦ ᠵᠢᠨ ᠬᠥᠮᠦᠵᠢᠯ᠎ᠤᠨ ᠮᠡᠳᠡᠯᠭᠡ ᠵᠢ ᠲᠦᠭᠡᠮᠡᠯᠵᠢᠭᠦᠯᠬᠦ ᠬᠢᠴᠢᠶᠡᠯ᠎ᠢ ᠥᠷᠨᠢᠭᠦᠯᠬᠦ ᠬᠡᠷᠡᠭᠲᠡᠶ᠃ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ᠂ ᠣᠶᠤᠨ᠎ᠤ ᠪᠣᠯᠪᠠᠰᠤᠨ᠎ᠤ ᠠᠯᠪᠠᠨ ᠬᠡᠷ᠂ ᠡᠮᠡᠭᠲᠡᠶ᠋ᠢᠴᠦᠳ᠎ᠤᠨ ᠬᠣᠯᠪᠣᠭ᠋ᠠᠲᠤ ᠬᠤᠷᠠᠯ᠂ ᠡᠪᠯᠡᠯ᠎ᠤᠨ ᠬᠣᠷᠢᠶ᠎ᠠ᠂ ᠬᠣᠶ᠋ᠢᠴᠢ ᠦᠶ᠎ᠡ ᠵᠢᠨ᠎ᠬᠢᠨ᠎ᠢ ᠬᠠᠯᠠᠮᠵᠢᠯᠠᠬᠤ ᠵᠥᠪᠯᠡᠯ ᠵᠡᠷᠭᠡ ᠰᠠᠯᠠᠭ᠎ᠠ ᠮᠥᠴᠢᠷ᠎ᠲᠠᠢ ᠬᠠᠮᠲᠤᠷᠠᠨ ᠵᠠᠯᠠᠭᠤᠴᠤᠳ ᠪᠠᠭ᠋ᠠᠴᠤᠳ᠎ᠤᠨ ᠰᠡᠳᠬᠢᠴᠡ ᠵᠢᠨ ᠡᠷᠡᠭᠦᠯ ᠮᠡᠨᠳᠦ ᠵᠢᠨ ᠬᠥᠮᠦᠵᠢᠯ᠎ᠤᠨ ᠲᠤᠰᠬᠠᠶ ᠮᠡᠷᠭᠡᠵᠢᠯᠲᠡᠨ᠎ᠤ ᠵᠢᠯᠣᠭᠣᠳᠬᠤ ᠪᠦᠯᠬᠦᠮ᠂ ᠰᠡᠳᠬᠢᠴᠡ ᠵᠢᠨ ᠬᠢᠮᠤᠷᠠᠯ᠎ᠢ ᠬᠠᠮᠢᠶᠠᠷᠤᠨ ᠰᠡᠷᠭᠡᠶ᠋ᠢᠯᠡᠬᠦ ᠲᠤᠰᠬᠠᠶ ᠮᠡᠷᠭᠡᠵᠢᠯᠲᠡᠨ᠎ᠤ ᠳᠤᠭᠤᠶ᠋ᠢᠯᠠᠩ ᠵᠢᠴᠢ ᠨᠡᠶ᠋ᠢᠭᠡᠮ᠎ᠤᠨ ᠠᠵᠢᠯ᠎ᠤᠨ ᠰᠠᠶ᠋ᠢᠨ ᠳᠤᠷ᠎ᠠ ᠵᠢᠨ ᠦᠢ᠍ᠯᠡᠴᠢᠯᠡᠭᠡᠨ᠎ᠤ ᠪᠦᠯᠬᠦᠮ ᠨᠡᠶ᠋ᠢᠲᠡ ᠵᠢ ᠵᠣᠬᠢᠶᠠᠨ ᠪᠠᠶ᠋ᠢᠭᠤᠯᠬᠤ ᠵᠢᠨ ᠬᠠᠮᠲᠤ ᠲᠣᠭᠲᠠᠮᠠᠯ ᠬᠤᠭᠤᠴᠠᠭ᠎ᠠ᠎ᠲᠠᠢ ᠠᠵᠢᠯ ᠵᠶ᠋ᠠᠨ ᠥᠷᠨᠢᠭᠦᠯᠬᠦ ᠬᠡᠷᠡᠭᠲᠡᠢ ᠭᠡᠵᠦ ᠱᠠᠭ᠋ᠠᠷᠳᠠᠪᠠ᠃
      ᠠᠷᠪᠠ᠎ᠳᠤ᠂ ᠵᠣᠬᠢᠶᠠᠨ ᠪᠠᠶ᠋ᠢᠭᠤᠯᠤᠯᠲᠠ ᠵᠢᠨ ᠤᠳᠤᠷᠢᠳᠤᠯᠭ᠎ᠠ ᠪᠣᠯᠤᠨ ᠳᠡᠮᠵᠢᠯᠭᠡ ᠪᠠᠲᠤᠯᠠᠭ᠎ᠠ ᠵᠢ ᠦᠷᠭᠦᠯᠵᠢᠯᠡᠨ ᠴᠢᠩᠭ᠋ᠠᠳᠬᠠᠪᠠ᠃ ᠰᠤᠷᠤᠭᠴᠢᠳ᠎ᠤᠨ ᠰᠡᠳᠬᠢᠴᠡ ᠵᠢᠨ ᠡᠷᠡᠭᠦᠯ ᠮᠡᠨᠳᠦ ᠵᠢᠨ ᠬᠥᠮᠦᠵᠢᠯ᠎ᠢ ᠬᠢᠨᠠᠨ ᠵᠢᠯᠣᠭᠣᠳᠴᠤ ᠦᠨᠡᠯᠡᠨ ᠵᠢᠱ᠌ᠢᠬᠦ ᠳᠣᠭᠲᠠᠯᠴᠠᠭ᠋ᠠᠨ᠎ᠳᠤ ᠣᠷᠣᠭᠤᠯᠵᠤ᠂ ᠲᠣᠭᠲᠠᠮᠠᠯ ᠬᠤᠭᠤᠴᠠᠭ᠎ᠠ᠎ᠲᠠᠢ ᠬᠢᠨᠠᠨ ᠵᠢᠯᠣᠭᠣᠳᠴᠤ ᠰᠢᠯᠭ᠋ᠠᠨ ᠬᠢᠨᠠᠬᠤ ᠬᠡᠷᠡᠭᠲᠡᠢ᠃ ᠡᠯ᠎ᠡ ᠭᠠᠵᠠᠷ᠎ᠤᠨ᠎ᠬᠢᠨ ᠰᠡᠳᠬᠢᠴᠡ ᠵᠢᠨ ᠡᠷᠡᠭᠦᠯ ᠮᠡᠨᠳᠦ ᠵᠢᠨ ᠲᠠᠯ᠎ᠠ᠎ᠪᠠᠷ᠎ᠬᠢ ᠪᠡᠯᠡ ᠣᠷᠣᠭᠤᠯᠤᠯᠲᠠ ᠵᠢᠨ ᠡᠷᠴᠢᠮ ᠵᠶ᠋ᠠᠨ ᠴᠢᠩᠭ᠋ᠠᠷᠠᠭᠤᠯᠵᠤ᠂ ᠰᠡᠳᠬᠢᠴᠡ ᠵᠢᠨ ᠡᠷᠡᠭᠦᠯ ᠮᠡᠨᠳᠦ ᠵᠢᠨ ᠬᠥᠮᠦᠵᠢᠯ᠎ᠤᠨ ᠬᠠᠮᠢᠶ᠎ᠠ ᠪᠥᠬᠥᠶ ᠱᠠᠭ᠋ᠠᠷᠳᠠᠯᠭ᠎ᠠ ᠵᠢ 《ᠢᠨᠲ᠋ᠧᠷ ᠰᠦᠯᠵᠢᠶ᠎ᠡ + ᠰᠤᠷᠭ᠋ᠠᠨ ᠬᠥᠮᠦᠵᠢᠯ》᠎ᠤᠨ ᠰᠦᠯᠵᠢᠶᠡᠨ᠎ᠤ ᠳᠣᠭᠲᠠᠯᠴᠠᠭ᠋ᠠᠨ᠎ᠤ ᠪᠠᠶ᠋ᠢᠭᠤᠯᠤᠯᠲᠠ᠎ᠳᠤ ᠣᠷᠣᠭᠤᠯᠵᠤ᠂ ᠰᠤᠷᠤᠭᠴᠢᠳ᠎ᠤᠨ ᠡᠳᠦᠷ ᠲᠤᠲᠤᠮ᠎ᠤᠨ ᠦᠢ᠍ᠯᠡ ᠠᠵᠢᠯᠯᠠᠭ᠋ᠠᠨ᠎ᠤ ᠵᠠᠮ ᠮᠥᠷ ᠪᠠ ᠲᠣᠭ᠎ᠠ ᠪᠠᠷᠢᠮᠲᠠ ᠵᠢᠨ ᠵᠠᠳᠠᠯᠤᠯᠲᠠ᠎ᠳᠤ ᠰᠠᠭᠤᠷᠢᠯᠠᠭᠰᠠᠨ ᠤᠷᠢᠳᠴᠢᠯᠠᠨ ᠰᠡᠷᠭᠡᠶ᠋ᠢᠯᠡᠬᠦ᠂ ᠵᠢᠭ᠋ᠠᠨ ᠵᠢᠯᠣᠭᠣᠳᠬᠤ᠂ ᠮᠥᠷᠳᠡᠬᠦ ᠪᠠ ᠪᠡᠶ᠎ᠡ᠎ᠪᠠᠨ ᠳᠠᠭ᠋ᠠᠭ᠋ᠠᠭᠰᠠᠨ ᠡᠷᠡᠭᠦᠯ ᠮᠡᠨᠳᠦ ᠵᠢᠨ ᠬᠠᠮᠢᠶᠠᠷᠤᠯᠲᠠ ᠵᠢ ᠨᠢᠭᠡ ᠴᠣᠭᠴᠠᠵᠢᠭᠤᠯᠤᠭᠰᠠᠨ ᠵᠠᠯᠠᠭᠤᠴᠤᠳ ᠪᠠᠭ᠋ᠠᠴᠤᠳ᠎ᠤᠨ ᠰᠡᠳᠬᠢᠴᠡ ᠵᠢᠨ ᠡᠷᠡᠭᠦᠯ ᠮᠡᠨᠳᠦ ᠵᠢᠨ ᠮᠡᠳᠡᠭᠡ ᠵᠠᠩᠭᠢ ᠵᠢᠨ ᠦᠢ᠍ᠯᠡᠴᠢᠯᠡᠭᠡᠨ᠎ᠤ ᠰᠢᠰᠲ᠋ᠧᠮ᠎ᠢ ᠪᠠᠶ᠋ᠢᠭᠤᠯᠬᠤ ᠬᠡᠷᠡᠭᠲᠡᠶ ᠭᠡᠵᠦ ᠱᠠᠭ᠋ᠠᠷᠳᠠᠪᠠ᠃

 

ᠢᠷᠡᠯᠲᠡ᠄ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠥᠵᠢᠯ᠎ᠤᠨ ᠲᠢᠩᠬᠢᠮ
          
ᠬᠠᠮᠢᠶ᠎ᠡ ᠪᠦᠬᠦᠢ ᠰᠣᠨᠢᠨ
ᠰᠢᠨ᠎ᠡ ᠰᠤᠷᠤᠯᠭ᠎ᠠ ᠵᠢᠨ ᠬᠤᠭᠤᠴᠠᠭ᠋ᠠᠨ᠎ᠳᠤ ᠬᠠᠯᠳᠠᠪᠤᠷᠢᠲᠤ ᠲᠠᠭᠰᠢᠭᠤᠷ᠎ᠢ ᠶᠠᠭ᠋ᠠᠬᠢᠵᠤ ᠰᠡᠷᠭᠡᠶ᠋ᠢᠯᠡᠬᠦ ᠪᠣᠶ᠂ ᠡᠨᠡ ᠬᠦ᠌ ᠡᠷᠡᠭᠦᠯ ᠮᠡᠨᠳᠦ ᠵᠢᠨ ᠰᠠᠨᠠᠭᠤᠯᠤᠮᠵᠢ ᠵᠢ ᠪᠠᠭᠰᠢ ᠰᠣᠷᠣᠭᠴᠢ ᠬᠡᠷ᠎ᠤᠨ ᠠᠬᠠᠮᠠᠳ᠎ᠲᠤ ᠳᠠᠮᠵᠢᠭᠤᠯᠬᠤ᠎ᠨᠢ
3 ᠰᠠᠷ᠎ᠠ ᠵᠢᠨ 3᠎ᠤ ᠡᠳᠦᠷ ᠨᠡᠪᠲᠡᠷᠡᠭᠦᠯᠦᠨ᠎ᠡ! ᠪᠥᠬᠥ ᠤᠯᠤᠰ᠎ᠤᠨ ᠳᠤᠮᠳᠠᠳᠤ ᠪᠠᠭ᠎ᠠ ᠰᠤᠷᠭ᠋ᠠᠭᠤᠯᠢ ᠵᠢᠨ ᠭᠠᠯ ᠰᠡᠷᠭᠡᠢ᠌ᠯᠡᠬᠦ ᠠᠮᠤᠷ ᠲᠦᠪᠰᠢᠨ᠎ᠤ ᠢᠯᠡ ᠬᠢᠴᠢᠶᠡᠯ᠎ᠤᠨ ᠰᠦᠯᠵᠢᠶᠡᠨ᠎ᠳᠠᠬᠢ ᠰᠢᠭᠤᠳ ᠨᠡᠪᠲᠡᠷᠡᠭᠦᠯᠭᠡ
ᠪᠦᠬᠦ ᠣᠷᠣᠨ᠎ᠤ ᠰᠤᠷᠭ᠋ᠠᠭᠤᠯᠢ ᠵᠢᠨ ᠬᠦᠷᠢᠶᠡᠨ᠎ᠤ ᠠᠮᠤᠷ ᠲᠦᠪᠰᠢᠨ᠎ᠤ ᠬᠥᠮᠦᠵᠢᠯ᠎ᠤᠨ ᠪᠦᠲᠦᠭᠡᠯ ᠡᠯᠰᠡᠬᠦ ᠠᠵᠢᠯᠯᠠᠭ᠎ᠠ
2023 ᠣᠨ᠎ᠤ ᠳᠡᠭᠡᠷ᠎ᠡ ᠬᠠᠭ᠋ᠠᠰ ᠵᠢᠯ᠎ᠤᠨ ᠳᠤᠮᠳᠠᠳᠤ ᠪᠠᠭ᠎ᠠ ᠰᠤᠷᠭ᠋ᠠᠭᠤᠯᠢ ᠵᠢᠨ ᠪᠠᠭᠰᠢ ᠵᠢᠨ ᠬᠢᠷᠢ ᠬᠡᠮ᠎ᠤᠨ ᠰᠢᠯᠭ᠋ᠠᠯᠲᠠ (ᠨᠢᠭᠤᠷᠲᠠᠨ ᠰᠢᠯᠭ᠋ᠠᠯᠲᠠ)᠎ᠠᠴᠠ ᠡᠮᠦᠨᠡᠬᠢ ᠰᠠᠨᠠᠭᠤᠯᠤᠮᠵᠢ᠂ 5 ᠰᠠᠷ᠎ᠠ ᠵᠢᠨ 8᠎ᠤ ᠡᠳᠦᠷ᠎ᠠᠴᠠ ᠡᠬᠢᠯᠡᠨ ᠰᠢᠯᠭ᠋ᠠᠭᠤᠯᠬᠤ ᠲᠡᠮᠳᠡᠭ᠎ᠢ ᠳᠠᠷᠤᠮᠠᠯᠯᠠᠵᠤ ᠪᠣᠯᠤᠨ᠎ᠠ
2023 ᠣᠨ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠩ᠎ᠤᠨ ᠳᠡᠭᠡᠳᠦ ᠵᠡᠷᠭᠡ ᠵᠢᠨ ᠰᠤᠷᠭ᠋ᠠᠨ ᠬᠥᠮᠦᠵᠢᠯ᠎ᠤᠨ ᠲᠤᠰᠬᠠᠶ ᠮᠡᠷᠭᠡᠵᠢᠯ᠎ᠤᠨ ᠠᠩᠭᠢ᠎ᠠᠴᠠ ᠦᠨᠳᠦᠰᠦᠨ ᠠᠩᠭᠢ᠎ᠳᠤ ᠳᠡᠪᠰᠢᠬᠦ ᠰᠣᠷᠣᠭᠴᠢ ᠡᠯᠰᠡᠬᠦ ᠰᠢᠯᠭ᠋ᠠᠯᠲᠠ ᠵᠢᠨ ᠬᠠᠮᠤᠭ᠎ᠤᠨ ᠳᠤᠤᠷ᠎ᠠ ᠬᠢᠵᠠᠭ᠋ᠠᠷ ᠬᠤᠪᠢ ᠵᠢᠨ ᠠᠯᠪᠠᠨ ᠵᠠᠷᠯᠠᠯ
 
             蒙ICP备05000248号